ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-04-18 20:52:06

ᠵᠣᠬᠢᠶᠠᠭ᠍ᠴᠢ᠄ ᠵᠸᠡᠭ ᠰᠢᠤᠸᠠᠢ ᠯᠢᠶᠠᠡᠭ ᠸᠠᠡᠭ ᠶᠠ ᠵᠢᠡᠭᠶᠠᠨ ᠴᠸᠨ ᠭᠤᠸᠠᠡᠭ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 37 ᠳ᠋ᠤᠭᠠᠷ ᠲᠠᠯᠠᠪᠠᠶ ) ᠳᠡᠭᠡᠷ᠎ᠠ ᠵᠠᠷᠯᠠᠭ᠍ᠰᠠᠨ ᠵᠢᠠᠷ᠂ 4 ᠰᠠᠷ᠎ᠠ᠎ᠶ᠋ᠢᠨ 16 ᠎ᠤ ᠡᠳᠦᠷ ᠬᠥᠬᠡᠬᠣᠲᠠ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ ᠱᠢᠨ᠎ᠡ᠎ᠪᠡᠷ 1 ᠨᠡᠮᠡᠭ᠌ᠳᠡᠭᠰᠡᠨ ᠨᠢ ᠱᠠᠨ ᠰᠢ ᠮᠤᠵᠢ᠎ᠶ᠋ᠢᠨ ᠬᠥᠬᠡᠬᠣᠲᠠ᠎ᠶ᠋ᠢᠨ ᠶᠦᠨ ᠳ᠋ᠠ ᠪᠠᠷᠠᠭᠠᠨ᠎ᠤ ᠭᠦᠶ᠋ᠯᠭᠡᠭᠡᠨ᠎ᠦ ᠵᠢᠯᠣᠭᠣᠴᠢ ᠪᠠᠢᠪᠠ᠃ 4 ᠰᠠᠷ᠎ᠠ᠎ᠶ᠋ᠢᠨ 12 ᠎ᠤᠨ ᠡᠳᠦᠷ᠎ᠦᠨ 15 ᠴᠠᠭ 30 ᠮᠢᠨᠦ᠋ᠲ᠎ᠲᠦ ᠱᠠᠨ ᠰᠢ ᠮᠤᠵᠢ᠎ᠶ᠋ᠢᠨ ᠲᠠᠢᠶᠤᠸᠠᠨ ᠬᠣᠲᠠ᠎ᠶ᠋ᠢᠨ ᠴᠢᠩ ᠱᠢᠤᠢ ᠱᠢᠶᠠᠨ᠎ᠠᠴᠠ ᠮᠣᠷᠳᠠᠵᠤ᠂ 4 ᠰᠠᠷ᠎ᠠ᠎ᠶ᠋ᠢᠨ 13᠎ᠤ ᠡᠳᠦᠷ᠎ᠦᠨ 0 ᠴᠠᠭ 40 ᠮᠢᠨᠦ᠋ᠲ᠎ᠲᠦ ᠬᠥᠬᠡᠬᠣᠲᠠ᠎ᠶ᠋ᠢᠨ ᠤᠪᠤᠭ᠎ᠠ ᠪᠠᠷᠠᠭᠠᠨ᠎ᠤ ᠭᠦᠶ᠋ᠯᠭᠡᠭᠡᠨ᠎ᠦ ᠬᠦᠷᠢᠶᠡᠯᠡᠩ ᠲᠣᠭᠣᠷᠢᠭ᠎ᠲᠤ ᠬᠦᠷᠴᠦ᠍᠂ ᠪᠠᠷᠠᠭᠠᠨ᠎ᠤ ᠭᠦᠶ᠋ᠯᠭᠡᠭᠡᠨ᠎ᠦ ᠬᠦᠷᠢᠶᠡᠯᠡᠩ ᠲᠣᠭᠣᠷᠢᠭ᠎ᠲᠤ ᠪᠢᠲᠡᠭᠦᠮᠵᠢᠯᠡᠭ᠌ᠰᠡᠨ ᠬᠠᠮᠢᠶᠠᠷᠤᠯᠲᠠ ᠬᠢᠪᠠ᠂ 14 ᠎ᠦ ᠡᠳᠦᠷ᠎ᠦᠨ 19 ᠴᠠᠭ᠎ᠲᠤ ᠱᠠᠨ ᠰᠢ᠎ᠶ᠋ᠢᠨ ᠲᠠᠯ᠎ᠠ᠎ᠶ᠋ᠢᠨ ᠬᠠᠮᠵᠢᠯᠴᠠᠨ ᠪᠠᠢᠴᠠᠭᠠᠬᠤ ᠵᠠᠬᠢᠳᠠᠯ᠎ᠢ ᠣᠯᠤᠭ᠍ᠰᠠᠨ᠎ᠤ ᠳᠠᠷᠠᠭ᠎ᠠ᠂ ᠲᠣᠰ ᠡᠳᠦᠷ᠎ᠦᠨ 20 ᠴᠠᠭ᠎ᠲᠤ ᠲᠤᠰᠠᠭᠠᠷᠯᠠᠭ᠍ᠰᠠᠨ ᠪᠠᠭᠤᠳᠠᠯ᠎ᠳᠤ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠪᠡ᠂ 14 ᠎ᠦ ᠡᠳᠦᠷ᠂ 15᠎ᠤ ᠡᠳᠦᠷ᠎ᠦᠨ ᠵᠤᠷᠱᠢᠯ᠎ᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠨᠢ ᠪᠢᠯᠢᠭ ᠴᠢᠨᠠᠷᠲᠠᠶ ᠪᠠᠢᠵᠤ᠂ 16 ᠎ᠤ ᠡᠳᠦᠷ ᠮᠡᠳᠡᠭᠦᠯᠦᠭ᠌ᠰᠡᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ ᠳ᠋ᠦ ᠠᠷᠭ᠎ᠠ ᠴᠢᠨᠠᠷ ᠢᠯᠡᠷᠡᠭᠰᠡᠨ ᠪᠠᠢᠪᠠ᠃ ᠲᠣᠰ ᠬᠢᠵᠢᠭ ᠬᠠᠯᠳᠠᠪᠤᠷᠢᠯᠠᠭ᠍ᠰᠠᠨ ᠬᠥᠮᠦᠨ᠎ᠦ ᠸᠢᠷᠦ᠋ᠰ᠎ᠦᠨ ᠭᠧᠨ᠎ᠦ ᠴᠤᠪᠤᠷᠠᠯ᠎ᠤᠨ ᠬᠡᠮᠵᠢᠯᠲᠡ᠎ᠪᠡᠷ ᠳᠡᠮᠵᠢᠨ᠂ ᠤᠮᠢᠺᠷᠤᠨ BA.2 ᠬᠡᠯᠪᠡᠷᠢ᠎ᠳᠦ ᠬᠠᠷᠢᠶᠠᠯᠠᠭ᠍ᠳᠠᠬᠤ ᠵᠢ ᠳᠤᠳᠤᠯᠠᠵᠤ᠂ ᠡᠨᠡ ᠨᠢ ᠲᠣᠰ ᠤᠨᠳᠤᠤᠱᠢᠭ᠍ᠰᠠᠨ ᠸᠢᠷᠦ᠋ᠰ ᠠᠩᠬ᠎ᠠ ᠤᠳᠠᠭ᠎ᠠ ᠬᠥᠬᠡᠬᠣᠲᠠ᠎ᠳᠤ ᠢᠯᠡᠷᠡᠵᠦ᠍ ᠪᠠᠢᠭ᠎ᠠ ᠶᠠᠪᠤᠳᠠᠯ ᠪᠣᠯᠤᠨ᠎ᠠ᠃ 4 ᠰᠠᠷ᠎ᠠ᠎ᠶ᠋ᠢᠨ 17 ᠎ᠤ ᠡᠳᠦᠷ᠎ᠦᠨ 24 ᠴᠠᠭ ᠪᠣᠯᠲᠠᠯ᠎ᠠ᠂ ᠲᠣᠰ ᠬᠠᠯᠳᠠᠪᠤᠷᠢᠯᠠᠭ᠍ᠳᠠᠬᠴᠢ᠎ᠲᠠᠶ ᠬᠣᠯᠪᠣᠭ᠍ᠳᠠᠬᠤ 19 ᠬᠥᠮᠦᠨ᠂ ᠳᠠᠮ ᠤᠢᠷᠠᠳᠤᠭᠴᠢ 104 ᠬᠥᠮᠦᠨ ᠪᠦᠭᠦᠨ᠎ᠢ ᠴᠥᠮ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠪᠡᠷ ᠨᠠᠢᠳᠠᠪᠤᠷᠢᠵᠢᠭᠤᠯᠪᠠ᠃ 4 ᠰᠠᠷ᠎ᠠ᠎ᠶ᠋ᠢᠨ 17 ᠎ᠤ ᠡᠳᠦᠷ᠂ ᠬᠥᠬᠡᠬᠣᠲᠠ᠎ᠶ᠋ᠢᠨ᠎ᠬᠢᠨ ᠵᠢᠭ᠍ᠰᠠᠭᠠᠨ ᠪᠠᠢᠴᠠᠭᠠᠵᠤ ᠭᠠᠷᠭᠠᠭ᠍ᠰᠠᠨ ᠨᠢᠭ᠍ᠲᠠ ᠤᠢᠷᠠᠳᠤᠭᠰᠠᠳ᠂ ᠳᠠᠮ ᠤᠢᠷᠠᠳᠤᠭᠰᠠᠳ᠂ ᠤᠪᠤᠭ᠎ᠠ ᠪᠠᠷᠠᠭᠠᠨ᠎ᠤ ᠭᠦᠶ᠋ᠯᠭᠡᠭᠡᠨ᠎ᠦ ᠬᠦᠷᠢᠶᠡᠯᠡᠩ ᠲᠣᠭᠣᠷᠢᠭ᠎ᠤᠨ ᠠᠵᠢᠯᠲᠠᠨ᠂ ᠤᠪᠤᠭ᠎ᠠ ᠪᠠᠷᠠᠭᠠᠨ᠎ᠤ ᠭᠦᠶ᠋ᠯᠭᠡᠭᠡᠨ᠎ᠦ ᠬᠦᠷᠢᠶᠡᠯᠡᠩ ᠲᠣᠭᠣᠷᠢᠭ᠎ᠤᠨ ᠡᠷᠬᠢᠨ ᠲᠣᠭᠣᠷᠢᠨ᠎ᠤ ᠲᠦᠷ ᠴᠠᠭ᠎ᠤᠨ ᠬᠠᠮᠢᠶᠠᠷᠤᠨ ᠡᠵᠡᠮᠳᠡᠬᠦ᠌ ᠲᠣᠭᠣᠷᠢᠭ᠎ᠤᠨ 23 ᠲᠣᠰᠭᠣᠨ ᠪᠠ 3 ᠨᠡᠢᠭᠡᠮ ᠲᠣᠭᠣᠷᠢᠭ᠎ᠲᠤ ᠪᠥᠭᠡᠮ ᠬᠦᠴᠢᠯ᠎ᠦᠨ ᠪᠠᠢᠴᠠᠭᠠᠯᠲᠠ ᠬᠢᠵᠦ᠍᠂ ᠨᠡᠢᠲᠡ 36765 ᠭᠤᠤᠯᠳᠠᠯᠭ᠎ᠠ᠎ᠲᠠᠶ ᠬᠥᠮᠦᠰ᠎ᠢ ᠱᠢᠯᠭᠠᠨ ᠪᠠᠢᠴᠠᠭᠠᠵᠤ᠂ ᠦᠷ᠎ᠡ ᠳ᠋ᠦᠩ᠎ᠨᠢ ᠴᠥᠮ ᠪᠢᠯᠢᠭ ᠴᠢᠨᠠᠷᠲᠠᠶ ᠪᠠᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面