ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-05-03 21:13:09

ᠵᠣᠬᠢᠶᠠᠭ᠍ᠴᠢ᠄ ᠸᠠᠩ ᠺᠦᠨ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 29 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ 〔2022〕1 ᠳ᠋ᠤᠭᠡᠷ ᠲᠣᠭᠠᠲᠤ ᠠᠯᠪᠠᠨ ᠵᠠᠷᠯᠠᠯ ᠎ᠢ ᠨᠡᠢᠲᠡᠯᠡᠪᠡ᠃ ᠠᠯᠪᠠᠨ ᠵᠠᠷᠯᠠᠯ᠎ᠳᠤ᠂ ᠣᠢᠷ᠎ᠠ᠎ᠶ᠋ᠢᠨ ᠬᠤᠭᠤᠴᠠᠭᠠᠨ᠎ᠳᠤ᠂ ᠤᠯᠤᠰ᠎ᠤᠨ ᠳᠣᠲᠣᠭᠠᠳᠤ ᠎ᠳᠤ ᠤᠮᠢᠺᠷᠤᠨ ᠸᠢᠷᠦ᠋ᠰ᠎ᠡᠴᠡ ᠪᠣᠯᠤᠭ᠍ᠰᠠᠨ ᠣᠯᠠᠨ ᠭᠠᠵᠠᠷ᠎ᠲᠤ ᠭᠡᠨᠡᠳᠲᠡ ᠡᠭᠦᠰᠦᠭ᠌ᠰᠡᠨ ᠪᠠ ᠬᠡᠰᠡᠭ ᠭᠠᠵᠠᠷ᠎ᠲᠤ ᠭᠡᠨᠡᠳᠲᠡ ᠡᠭᠦᠰᠦᠭ᠌ᠰᠡᠨ ᠴᠤᠭ᠍ᠯᠠᠷᠠᠯ᠎ᠤᠨ ᠴᠢᠨᠠᠷᠲᠠᠶ ᠬᠢᠵᠢᠭ᠎ᠦᠨ ᠪᠠᠢᠳᠠᠯ ᠵᠡᠷᠭᠡ ᠪᠡᠷ ᠭᠠᠷᠴᠤ᠂ ᠱᠢᠨ᠎ᠡ᠎ᠪᠡᠷ ᠨᠡᠮᠡᠭ᠌ᠳᠡᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠳᠦ ᠬᠠᠯᠳᠠᠪᠤᠷᠢᠯᠠᠭ᠍ᠳᠠᠭ᠍ᠰᠠᠳ ᠮᠥᠨ ᠬᠦ᠌ ᠥᠨᠳᠥᠷ ᠲᠦᠪᠱᠢᠨ᠎ᠳᠤ ᠪᠠᠢᠨ᠎ᠠ᠂ 2 ᠰᠠᠷ᠎ᠠ᠎ᠡᠴᠡ ᠨᠠᠭᠠᠰᠢ ᠤᠷᠢᠳ ᠬᠣᠵᠢᠳ ᠮᠠᠨ᠎ᠤ ᠣᠷᠣᠨ ᠎ᠤ 10 ᠠᠢᠮᠠᠭ ᠬᠣᠲᠠ᠎ᠳᠤ ᠬᠢᠵᠢᠭ᠎ᠦᠨ ᠪᠠᠢᠳᠠᠯ ᠭᠠᠷᠤᠭ᠍ᠰᠠᠨ ᠪᠥᠭᠡᠳ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠤ ᠬᠥᠮᠦᠰ᠎ᠦᠨ ᠶᠠᠪᠤᠵᠦ ᠰᠠᠭᠤᠬᠤ ᠨᠢ ᠤᠯᠠᠰᠢᠷᠠᠬᠰᠠᠨ᠎ᠡᠴᠡ ᠪᠣᠯᠵᠣ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠨ᠎ᠠ ᠭᠡᠵᠤ ᠵᠢᠭᠠᠵᠤ ᠭᠠᠷᠭᠠᠪᠠ᠃

ᠮᠠᠨ᠎ᠤ ᠣᠷᠣᠨ᠎ᠤ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠡᠬᠢ ᠬᠥᠮᠦᠰ᠎ᠦᠨ ᠠᠮᠤᠷ ᠲᠦᠪᠱᠢᠨ ᠡᠮᠬᠢ ᠵᠢᠷᠤᠮ᠎ᠲᠠᠶ᠎ᠪᠠᠷ ᠶᠠᠪᠤᠵᠤ ᠰᠠᠭᠤᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠠᠯᠪᠠᠨ ᠵᠠᠷᠯᠠᠯ᠎ᠳᠤ᠂ ᠳᠤᠮᠳᠠ᠂ ᠥᠨᠳᠥᠷ ᠲᠦᠭ᠌ᠰᠢᠭᠦᠷᠢᠲᠡᠶ ᠭᠠᠵᠠᠷ ᠣᠷᠣᠨ ᠵᠢᠴᠢ ᠪᠠᠢᠭ᠎ᠠ ᠬᠣᠱᠢᠭᠤ ᠱᠢᠶᠠᠨ (ᠬᠣᠲᠠ᠂ ᠲᠣᠭᠣᠷᠢᠭ) ᠤ᠋ ᠬᠥᠮᠦᠰ᠎ᠤᠨ ᠭᠠᠳᠠᠭ᠍ᠰᠢ ᠭᠠᠷᠬᠤ᠎ᠶ᠋ᠢ ᠴᠢᠩᠭ᠎ᠠ ᠬᠢᠵᠠᠭᠠᠷᠯᠠᠨ᠎ᠠ᠃ ᠳᠤᠮᠳᠠ᠂ ᠦᠨᠳᠤᠷ ᠲᠦᠭ᠌ᠰᠢᠭᠦᠷᠢᠳᠠᠢ ᠭᠠᠵᠠᠷ ᠣᠷᠣᠨ᠎ᠤ ᠪᠠᠢᠭ᠎ᠠ ᠠᠢᠮᠠᠭ ᠬᠣᠲᠠ᠎ᠶ᠋ᠢᠨ ᠪᠤᠰᠤᠳ ᠬᠣᠱᠢᠭᠤ ᠱᠢᠶᠠᠨ (ᠬᠣᠲᠠ᠂ ᠲᠣᠭᠣᠷᠢᠭ) ᠤ᠋ ᠬᠥᠮᠦᠰ ᠴᠢᠬᠤᠯᠠ ᠦᠭᠡᠢ ᠪᠤᠯ ᠭᠠᠳᠠᠭ᠍ᠰᠢ ᠭᠠᠷᠬᠤ ᠥᠬᠡᠶ ᠪᠠᠢᠵᠤ᠂ ᠭᠠᠳᠠᠭ᠍ᠰᠢ ᠭᠠᠷᠬᠤ ᠴᠢᠬᠤᠯᠠᠲᠠᠶ ᠪᠣᠯ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠳᠠ ᠨᠢ ᠪᠢᠯᠢᠭ ᠴᠢᠨᠠᠷ ᠲᠠᠢ ᠭᠡᠷᠡᠴᠢ ᠪᠠᠢᠬᠤ ᠬᠡᠷᠡᠭ᠌ᠲᠡᠶ᠃

ᠤᠯᠤᠰ᠎ᠤᠨ ᠳᠣᠲᠣᠭᠠᠳᠤ᠎ᠶ᠋ᠢᠨ ᠳᠤᠮᠳᠠ᠂ ᠦᠨᠳᠤᠷ ᠲᠦᠭ᠌ᠰᠢᠭᠦᠷᠢᠳᠠᠢ ᠭᠠᠵᠠᠷ ᠣᠷᠣᠨ ᠵᠢᠴᠢ ᠪᠠᠢᠭ᠎ᠠ ᠬᠣᠱᠢᠭᠤ ᠱᠢᠶᠠᠨ(ᠬᠣᠲᠠ᠂ ᠲᠣᠭᠣᠷᠢᠭ)ᠳ᠋ᠤ ᠣᠴᠢᠬᠤ᠎ᠶ᠋ᠢ ᠴᠢᠩᠭ᠎ᠠ ᠬᠢᠵᠠᠭᠠᠷᠯᠠᠵᠤ᠂ ᠤᠯᠤᠰ᠎ᠤᠨ ᠳᠣᠲᠣᠭᠠᠳᠤ᠎ᠶ᠋ᠢᠨ ᠳᠤᠮᠳᠠ᠂ ᠦᠨᠳᠤᠷ ᠲᠦᠭᠰᠢᠬᠦᠷᠢᠳᠠᠢ ᠭᠠᠵᠠᠷ ᠣᠷᠣᠨ᠎ᠤ ᠪᠠᠢᠭ᠎ᠠ ᠬᠣᠲᠠ᠎ᠶ᠋ᠢᠨ ᠪᠤᠰᠤᠳ ᠬᠣᠱᠢᠭᠤ ᠱᠢᠶᠠᠨ (ᠬᠣᠲᠠ᠂ ᠲᠣᠭᠣᠷᠢᠭ) ᠳ᠋ᠤ ᠴᠢᠬᠤᠯᠠ ᠦᠭᠡᠢ ᠪᠤᠯ ᠤᠴᠢᠬᠤ ᠦᠭᠡᠢ ᠪᠠᠢᠬᠤ ᠬᠡᠷᠡᠭᠳᠡᠢ᠃ ᠭᠠᠳᠠᠭ᠍ᠰᠢ ᠭᠠᠷᠬᠤ ᠴᠢᠬᠤᠯᠠᠲᠠᠢ ᠪᠤᠯ ᠪᠥᠬᠥ᠌ ᠶᠠᠪᠤᠴᠠ᠎ᠳᠤ ᠬᠤᠪᠢ ᠬᠥᠮᠦᠨ᠎ᠦ ᠬᠠᠮᠠᠭᠠᠯᠠᠯᠲᠠ᠎ᠶ᠋ᠢ ᠰᠠᠢᠲᠤᠷ ᠬᠢᠵᠦ᠍᠂ ᠬᠥᠮᠦᠨ ᠬᠠᠷ᠎ᠠ ᠴᠤᠬᠯᠠᠷᠠᠬᠰᠡᠨ ᠲᠠᠯᠠᠪᠤᠷ᠎ᠲᠤ ᠣᠴᠢᠬᠤ᠎ᠡᠴᠡ ᠠᠯᠢ ᠴᠢᠳᠠᠬᠤ᠎ᠪᠠᠷ ᠵᠠᠢᠯᠠᠰᠭᠢᠬᠤ ᠬᠡᠷᠡᠭ᠌ᠲᠡᠶ᠃ ᠪᠤᠴᠠᠵᠤ ᠢᠷᠡᠬᠦ᠌᠎ᠡᠴᠡ ᠡᠮᠦᠨ᠎ᠡ᠂ ᠡᠷᠬᠡᠪᠰᠢ ᠰᠠᠭᠤᠭ᠎ᠠ ᠭᠠᠵᠠᠷ᠎ᠤᠨ ᠨᠡᠢᠭᠡᠮ ᠲᠣᠭᠣᠷᠢᠭ(ᠭᠠᠴᠠᠭ᠎ᠠ ᠲᠣᠰᠭᠣᠨ)᠂ ᠨᠢᠭᠡᠴᠢ᠎ᠳᠦ ᠰᠠᠨᠠᠭᠠᠴᠢᠯᠠᠭ᠎ᠠ᠎ᠡᠴᠡ᠎ᠪᠠᠨ ᠮᠡᠳᠡᠭᠦᠯᠬᠦ᠌ ᠬᠡᠷᠡᠭ᠌ᠲᠡᠶ; ᠪᠤᠴᠠᠵᠤ ᠢᠷᠡᠭ᠌ᠰᠡᠨ᠎ᠦ ᠳᠠᠷᠠᠭ᠎ᠠ᠂ ᠬᠠᠷᠢᠶ᠎ᠠ ᠭᠠᠵᠠᠷ᠎ᠤᠨ ᠬᠤᠯᠪᠤᠬᠳᠠᠯ ᠪᠥᠬᠥᠶ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠳᠤ ᠢᠳᠡᠪᠬᠢᠲᠡᠶ ᠬᠠᠮᠵᠢᠯᠴᠠᠬᠤ ᠬᠡᠷᠡᠭ᠌ᠲᠡᠶ᠃

ᠬᠠᠭᠤᠷᠠᠶ ᠵᠠᠮ᠂ ᠠᠭᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ᠎ᠪᠠᠷ ᠬᠢᠯᠢ᠎ᠳᠦ ᠣᠷᠣᠵᠤ ᠢᠷᠡᠭ᠌ᠰᠡᠨ ᠬᠥᠮᠦᠰ᠂ ᠡᠳ᠋ ᠪᠣᠳᠠᠰ᠂ ᠣᠷᠴᠢᠨ ᠲᠣᠭᠣᠷᠢᠨ᠎ᠲᠠᠢ ᠬᠦᠷᠦᠯᠴᠡᠬᠦ ᠠᠶᠤᠯ ᠲᠦᠭ᠌ᠰᠢᠭᠦᠷᠢ ᠶᠡᠬᠡᠲᠡᠶ ᠠᠵᠢᠯ᠎ᠤᠨ ᠪᠠᠢᠷᠢ᠎ᠶ᠋ᠢᠨ ᠬᠥᠮᠦᠰ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠂ ᠬᠠᠯᠠᠭᠤᠷᠠᠯ᠎ᠤᠨ ᠡᠭᠦᠳᠡᠨ ᠡᠮᠨᠡᠯᠭᠡ ᠵᠡᠷᠭᠡ ᠲᠦᠭ᠌ᠰᠢᠭᠦᠷᠢ ᠶᠡᠬᠡᠲᠡᠶ ᠠᠵᠢᠯ᠎ᠤᠨ ᠪᠠᠢᠷᠢ᠎ᠶ᠋ᠢᠨ ᠬᠥᠮᠦᠰ ᠠᠯᠢ ᠴᠢᠳᠠᠬᠤ᠎ᠪᠠᠷ ᠭᠠᠳᠠᠭ᠍ᠰᠢ ᠭᠠᠷᠬᠤ᠎ᠡᠴᠡ ᠵᠠᠢᠯᠠᠰᠭᠢᠵᠦ᠍᠂ ᠦᠨᠡᠨ ᠬᠦ᠌ ᠭᠠᠳᠠᠭ᠍ᠰᠢ ᠭᠠᠷᠬᠤ ᠴᠢᠬᠤᠯᠠᠲᠠᠶ ᠪᠣᠯ ᠡᠷᠬᠡᠪᠰᠢ ᠠᠵᠢᠯ᠎ᠤᠨ ᠪᠠᠢᠷᠢ᠎ᠡᠴᠡ᠎ᠪᠠᠨ 14 ᠡᠳᠦᠷ᠎ᠡᠴᠡ ᠳᠡᠭᠡᠭ᠌ᠰᠢ ᠰᠠᠯᠤᠭ᠍ᠰᠠᠨ ᠪᠥᠭᠡᠳ 48 ᠴᠠᠭ᠎ᠤᠨ ᠳᠣᠲᠣᠷ᠎ᠠ ᠪᠥᠭᠡᠮ ᠬᠦᠴᠢᠯ᠎ᠦᠨ ᠪᠠᠢᠴᠠᠭᠠᠯᠳᠠ᠎ᠨᠢ ᠪᠢᠯᠢᠭ ᠴᠢᠨᠠᠷ ᠲᠠᠢ ᠭᠡᠷᠡᠴᠢ ᠠᠪᠴᠤ᠌ ᠶᠠᠪᠤᠬᠤ᠎ᠶ᠋ᠢᠨ ᠬᠠᠮᠲᠤ ᠪᠠᠢᠭ᠎ᠠ ᠨᠢᠭᠡᠴᠢ᠎ᠳᠡᠭᠡᠨ ᠮᠡᠳᠡᠭᠦᠯᠦᠨ ᠳᠠᠩᠰᠠᠯᠠᠭᠤᠯᠬᠤ ᠬᠡᠷᠡᠭᠳᠡᠢ ᠃

ᠬᠢᠯᠢ᠎ᠳᠦ ᠣᠷᠣᠵᠤ ᠢᠷᠡᠭ᠌ᠰᠡᠨ ᠬᠥᠮᠦᠰ᠎ᠦᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠴᠢᠩᠳᠠᠯᠠᠵᠤ᠂ ᠬᠢᠯᠢ᠎ᠳᠦ ᠣᠷᠣᠵᠤ ᠢᠷᠡᠭ᠌ᠰᠡᠨ ᠬᠥᠮᠦᠰ᠎ᠢ 《14 ᠡᠳᠦᠷ ᠲᠥᠪᠯᠡᠷᠡᠭᠦᠯᠦᠨ ᠲᠤᠰᠠᠭᠠᠷᠯᠠᠬᠤ ᠪᠠ 7 ᠡᠳᠦᠷ ᠬᠡᠷ᠎ᠲᠡᠬᠡᠨ ᠲᠤᠰᠠᠭᠠᠷᠯᠠᠬᠤ》ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ ᠬᠡᠷ᠎ᠲᠡᠬᠡᠨ ᠲᠤᠰᠠᠭᠠᠷᠯᠠᠬᠤ ᠨᠥᠬᠥᠴᠡᠯ᠎ᠳᠦ ᠨᠡᠢᠴᠡᠬᠦ᠌ ᠥᠬᠡᠶ᠎ᠶ᠋ᠢ᠎ᠨᠢ ᠴᠥᠮ ᠲᠥᠪᠯᠡᠷᠡᠭᠦᠯᠦᠨ ᠲᠤᠰᠠᠭᠠᠷᠯᠠᠵᠤ᠂ ᠲᠥᠪᠯᠡᠷᠡᠭᠦᠯᠦᠨ ᠲᠤᠰᠠᠭᠠᠷᠯᠠᠵᠤ ᠠᠵᠢᠭ᠍ᠯᠠᠬᠤ 1᠂ 4᠂ 7᠂ 10᠂ 14 ᠳ᠋ᠤᠭᠡᠷ ᠡᠳᠦᠷ ᠵᠢᠴᠢ ᠬᠡᠷ᠎ᠲᠡᠬᠡᠨ ᠲᠤᠰᠠᠭᠠᠷᠯᠠᠬᠤ 2᠂ 7 ᠳ᠋ᠤᠭᠠᠷ ᠡᠳᠦᠷ᠎ᠲᠦ ᠲᠣᠰ ᠪᠦᠷᠢ 1 ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠠ ᠬᠢᠨ᠎ᠠ᠃ ᠬᠢᠯᠢ᠎ᠶ᠋ᠢᠨ ᠭᠠᠳᠠᠨ᠎ᠠ᠎ᠡᠴᠡ ᠪᠤᠴᠠᠵᠤ ᠢᠷᠡᠭ᠌ᠰᠡᠨ ᠪᠥᠭᠡᠳ ᠨᠢᠭᠡᠳᠦᠭᠡᠷ ᠬᠢᠯᠢ᠎ᠳᠦ ᠣᠷᠣᠬᠤ ᠴᠡᠭ᠎ᠲᠦ 14 ᠡᠳᠦᠷ ᠲᠥᠪᠯᠡᠷᠡᠭᠦᠯᠦᠨ ᠲᠤᠰᠠᠭᠠᠷᠯᠠᠬᠤ᠎ᠶ᠋ᠢ ᠬᠦᠴᠦᠨ ᠥᠬᠡᠶ ᠪᠣᠯᠭᠠᠭ᠍ᠰᠠᠨ᠎ᠤ ᠳᠠᠷᠠᠭ᠎ᠠ ᠮᠠᠨ᠎ᠤ ᠣᠷᠣᠨ᠎ᠳᠤ ᠪᠤᠴᠠᠵᠤ ᠢᠷᠡᠭ᠌ᠰᠡᠨ ᠬᠥᠮᠦᠰ᠎ᠢ ᠡᠷᠬᠡᠪᠰᠢ ᠪᠠᠢᠭ᠎ᠠ ᠭᠠᠵᠠᠷ᠎ᠤᠨ ᠨᠡᠢᠭᠡᠮ ᠲᠣᠭᠣᠷᠢᠭ(ᠭᠠᠴᠠᠭ᠎ᠠ ᠲᠣᠰᠭᠣᠨ)ᠲᠤ᠌ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠴᠥᠮ《7 ᠡᠳᠦᠷ ᠬᠡᠷ᠎ᠲᠡᠬᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠬᠦ᠌》 ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠤᠨ᠎ᠠ᠃ ᠭᠡᠷ᠎ᠲᠡᠬᠡᠨ ᠰᠠᠭᠤᠵᠤ ᠲᠤᠰᠠᠭᠠᠷᠯᠠᠬᠤ ᠨᠥᠬᠥᠴᠡᠯ᠎ᠳᠦ ᠦᠯᠦ᠍ ᠨᠡᠢᠴᠡᠭ᠌ᠰᠡᠳ᠎ᠢ ᠲᠥᠪᠯᠡᠷᠡᠭᠦᠯᠦᠨ ᠲᠤᠰᠠᠭᠠᠷᠯᠠᠨ᠎ᠠ᠃

ᠤᠯᠤᠰ᠎ᠤᠨ ᠳᠣᠲᠣᠭᠠᠳᠤ᠎ᠶ᠋ᠢᠨ ᠲᠤᠮᠳᠠ᠂ ᠦᠨᠳᠤᠷ ᠲᠦᠭ᠌ᠰᠢᠭᠦᠷᠢᠳᠠᠢ ᠭᠠᠵᠠᠷ ᠣᠷᠣᠨ᠎ᠡᠴᠡ ᠮᠠᠨ᠎ᠤ ᠣᠷᠣᠨ᠎ᠳᠤ ᠢᠷᠡᠭ᠌ᠰᠡᠨ(ᠪᠤᠴᠠᠬᠰᠡᠨ) ᠬᠥᠮᠦᠰ᠎ᠢ ᠵᠢᠭ᠍ᠰᠠᠭᠠᠨ ᠪᠠᠢᠴᠠᠭᠠᠵᠤ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃ ᠦᠨᠳᠤᠷ ᠲᠦᠭ᠌ᠰᠢᠭᠦᠷᠢᠳᠠᠢ ᠭᠠᠵᠠᠷ ᠣᠷᠣᠨ᠎ᠤ ᠬᠣᠱᠢᠭᠤ ᠱᠢᠶᠠᠨ(ᠬᠣᠲᠠ᠂ ᠲᠣᠭᠣᠷᠢᠭ)᠂ (ᠡᠰᠡᠬᠦᠯ᠎ᠡ ᠡᠷᠡᠭᠦᠯ ᠮᠡᠨᠳᠦ᠍᠎ᠶ᠋ᠢᠨ ᠺᠣᠳ᠋᠎ᠨᠢ ᠤᠯᠠᠭᠠᠨ ᠺᠣᠳ᠋) ᠡᠴᠡ ᠮᠠᠨ᠎ᠤ ᠣᠷᠣᠨ᠎ᠳᠤ ᠢᠷᠡᠭ᠌ᠰᠡᠨ ᠬᠥᠮᠦᠰ ᠲᠤ᠌ (ᠪᠤᠴᠠᠵᠤ ᠢᠷᠡᠭ᠌ᠰᠡᠨ) ᠴᠥᠮ 《14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠬᠦ᠌》 ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ; ᠤᠯᠤᠰ᠎ᠤᠨ ᠳᠣᠲᠣᠭᠠᠳᠤ᠎ᠶ᠋ᠢᠨ ᠲᠤᠮᠳᠠ ᠲᠦᠭ᠌ᠰᠢᠭᠦᠷᠢᠲᠡᠶ ᠭᠠᠵᠠᠷ ᠣᠷᠣᠨ᠎ᠤ ᠬᠣᠱᠢᠭᠤ ᠱᠢᠶᠠᠨ(ᠬᠣᠲᠠ᠂ ᠲᠣᠭᠣᠷᠢᠭ ) (ᠡᠰᠡᠬᠦᠯ᠎ᠡ ᠡᠷᠡᠭᠦᠯ ᠮᠡᠨᠳᠦ᠍᠎ᠶ᠋ᠢᠨ ᠺᠣᠳ᠋᠎ᠨᠢ ᠱᠢᠷ᠎ᠠ ᠺᠣᠳ᠋) ᠎ᠡᠴᠡ ᠮᠠᠨ᠎ᠤ ᠣᠷᠣᠨ᠎ᠳᠤ ᠢᠷᠡᠭ᠌ᠰᠡᠨ (ᠪᠤᠴᠠᠵᠤ ᠢᠷᠡᠭᠰᠡᠨ) ᠬᠥᠮᠦᠰ᠎ᠲᠦ ᠴᠥᠮ《14 ᠡᠳᠦᠷ ᠬᠡᠷ᠎ᠲᠡᠬᠡᠨ ᠰᠠᠭᠤᠵᠤ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠬᠦ᠌》ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ᠃ ᠭᠡᠷ᠎ᠲᠡᠬᠡᠨ ᠰᠠᠭᠤᠵᠤ ᠲᠤᠰᠠᠭᠠᠷᠯᠠᠬᠤ ᠨᠥᠬᠥᠴᠡᠯ᠎ᠳᠦ ᠦᠯᠦ᠍ ᠨᠡᠢᠴᠡᠭ᠌ᠰᠡᠳ᠎ᠢ ᠲᠥᠪᠯᠡᠷᠡᠭᠦᠯᠦᠨ ᠲᠤᠰᠠᠭᠠᠷᠯᠠᠨ᠎ᠠ᠃

ᠤᠯᠤᠰ᠎ᠤᠨ ᠳᠣᠲᠣᠭᠠᠳᠤ᠎ᠶ᠋ᠢᠨ ᠳᠤᠮᠳᠠ᠂ ᠦᠨᠳᠤᠷ ᠲᠦᠭ᠌ᠰᠢᠭᠦᠷᠢᠳᠠᠢ ᠭᠠᠵᠠᠷ ᠣᠷᠣᠨ᠎ᠤ ᠬᠣᠲᠠ᠎ᠶ᠋ᠢᠨ ᠪᠤᠰᠤᠳ ᠳᠤᠤᠷ᠎ᠠ ᠲᠦᠭ᠌ᠰᠢᠭᠦᠷᠢᠲᠡᠶ ᠬᠣᠱᠢᠭᠤ ᠱᠢᠶᠠᠨ(ᠬᠣᠲᠠ᠂ ᠲᠣᠭᠣᠷᠢᠭ)ᠡᠴᠡ ᠮᠠᠨ᠎ᠤ ᠣᠷᠣᠨ᠎ᠳᠤ ᠢᠷᠡᠬᠰᠡᠨ(ᠪᠤᠴᠠᠬᠰᠡᠨ) ᠬᠥᠮᠦᠰ (ᠠᠶᠠᠯᠠᠯ᠎ᠤᠨ ᠺᠣᠳ᠋᠎ᠨᠢ ᠨᠣᠭᠣᠭᠠᠨ ᠺᠣᠳ᠋ ᠪᠥᠭᠡᠳ * ᠲᠡᠮᠳᠡᠭ ᠲᠠᠢ) ᠪᠤᠯ᠂ 48 ᠴᠠᠭ᠎ᠤᠨ ᠲᠤᠳᠤᠷᠠᠬᠢ ᠪᠥᠭᠡᠮ ᠬᠦᠴᠢᠯ᠎ᠦᠨ ᠪᠠᠢᠴᠠᠭᠠᠯᠳᠠ᠎ᠨᠢ ᠪᠢᠯᠢᠭ ᠴᠢᠨᠠᠷ᠎ᠲᠠᠢ ᠭᠡᠷᠡᠴᠢ ᠪᠡᠨ ᠠᠪᠴᠤ᠌᠂ ᠬᠦᠷᠴᠦ᠍ ᠢᠷᠡᠭ᠌ᠰᠡᠨ᠎ᠦ ᠳᠠᠷᠠᠭᠠᠬᠢ 3 ᠡᠳᠦᠷ᠎ᠦᠨ ᠳᠣᠲᠣᠷ᠎ᠠ 2 ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠬᠦ᠌ ᠬᠡᠷᠡᠭ᠌ᠲᠡᠶ(2 ᠤᠳᠠᠭ᠎ᠠ ᠥᠯᠢᠭᠡᠷ ᠠᠪᠬᠤ ᠠᠯᠤᠰᠯᠠᠬᠤ ᠬᠤᠭᠤᠴᠠᠭ᠎ᠠ᠎ᠨᠢ ᠠᠳᠠᠭ᠎ᠲᠠᠭᠠᠨ 24 ᠴᠠᠭ᠂ 2 ᠤᠳᠠᠭ᠎ᠠ ᠵᠢᠨ ᠪᠠᠢᠴᠠᠭᠠᠯᠳᠠ ᠵᠢᠨ ᠦᠷ᠎ᠡ ᠳ᠋ᠦᠩ ᠭᠠᠷᠴᠤ᠌ ᠢᠷᠡᠬᠦ᠌᠎ᠡᠴᠡ ᠡᠮᠦᠨ᠎ᠡ ᠵᠠᠷᠴᠢᠮ ᠳᠡᠭᠡᠷ᠎ᠡ᠎ᠪᠡᠨ ᠬᠡᠷ᠎ᠲᠡᠬᠡᠨ ᠰᠠᠭᠤᠵᠤ ᠠᠵᠢᠭ᠍ᠯᠠᠬᠤ ᠬᠡᠷᠡᠭ᠌ᠲᠡᠶ) ᠪᠥᠭᠡᠳ 7 ᠡᠳᠦᠷ ᠥᠪᠡᠷ᠎ᠦᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠵᠦ᠍᠂ ᠴᠢᠬᠤᠯᠠ ᠦᠭᠡᠢ ᠪᠣᠯ ᠭᠠᠳᠠᠭ᠍ᠰᠢ ᠭᠠᠷᠬᠤ ᠥᠬᠡᠶ᠂ ᠴᠤᠭ᠍ᠯᠠᠷᠠᠬᠤ ᠥᠬᠡᠶ ᠪᠠᠢᠬᠤ ᠬᠡᠷᠡᠭ᠌ᠲᠡᠶ᠃

ᠣᠷᠣᠨ᠎ᠤ ᠭᠠᠳᠠᠨᠠᠬᠢ ᠲᠦᠭ᠌ᠰᠢᠭᠦᠷᠢ ᠶᠡᠬᠡᠲᠡᠶ ᠠᠵᠢᠯ᠎ᠤᠨ ᠪᠠᠢᠷᠢ᠎ᠡᠴᠡ ᠢᠷᠡᠭ᠌ᠰᠡᠨ(ᠪᠤᠴᠠᠬᠰᠡᠨ) ᠮᠠᠨ᠎ᠤ ᠣᠷᠣᠨ᠎ᠤ ᠬᠥᠮᠦᠰ ᠵᠢᠴᠢ ᠣᠷᠣᠨ᠎ᠤ ᠳᠣᠲᠣᠷᠠᠬᠢ ᠲᠦᠭ᠌ᠰᠢᠭᠦᠷᠢ ᠶᠡᠬᠡᠲᠡᠶ ᠠᠵᠢᠯ᠎ᠤᠨ ᠪᠠᠢᠷᠢ᠎ᠶ᠋ᠢᠨ ᠬᠥᠮᠦᠰ ᠠᠢᠮᠠᠭ ᠬᠣᠲᠠ ᠠᠯᠤᠰᠯᠠᠨ ᠶᠠᠪᠤᠵᠤ ᠰᠠᠭᠤᠬᠤ ᠬᠥᠮᠦᠰ ᠠᠵᠢᠯ᠎ᠤᠨ ᠪᠠᠢᠷᠢ᠎ᠡᠴᠡ᠎ᠪᠠᠨ ᠰᠠᠯᠤᠭ᠍ᠰᠠᠨ 14 ᠡᠳᠦᠷ᠎ᠡᠴᠡ ᠳᠡᠭᠡᠭ᠌ᠰᠢᠬᠢ ᠭᠡᠷᠡᠴᠢ᠎ᠪᠡᠨ ᠬᠠᠩᠭᠠᠬᠤ ᠬᠡᠷᠡᠭ᠌ᠲᠡᠶ ᠪᠥᠭᠡᠳ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠳᠠ᠎ᠨᠢ ᠪᠢᠯᠢᠭ ᠴᠢᠨᠠᠷ᠎ᠲᠠᠢ ᠭᠡᠷᠡᠴᠢ᠎ᠪᠡᠨ ᠠᠪᠴᠤ᠌᠂ ᠬᠦᠷᠴᠦ᠍ ᠢᠷᠡᠭ᠌ᠰᠡᠨ᠎ᠦ ᠳᠠᠷᠠᠭᠠᠬᠢ 24 ᠴᠠᠭ᠎ᠤᠨ ᠳᠣᠲᠣᠷ᠎ᠠ 1 ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠵᠦ᠍᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠵᠦ᠍᠂ ᠴᠢᠬᠤᠯᠠ ᠦᠭᠡᠢ ᠪᠤᠯ ᠭᠠᠳᠠᠭ᠍ᠰᠢ ᠭᠠᠷᠬᠤ ᠥᠬᠡᠶ᠂ ᠴᠤᠭ᠍ᠯᠠᠷᠠᠬᠤ ᠥᠬᠡᠶ ᠪᠠᠢᠬᠤ ᠬᠡᠷᠡᠭ᠌ᠲᠡᠶ᠃ ᠬᠠᠮᠢᠶ᠎ᠠ ᠪᠥᠬᠥᠶ ᠭᠡᠷᠡᠴᠢ᠎ᠶ᠋ᠢ ᠬᠠᠩᠭᠠᠵᠤ ᠳᠡᠢᠯᠬᠦ᠌ ᠥᠬᠡᠶ ᠪᠠᠢᠪᠠᠯ᠂ 《7 ᠡᠳᠦᠷ ᠲᠥᠪᠯᠡᠷᠡᠭᠦᠯᠦᠨ ᠲᠤᠰᠠᠭᠠᠷᠯᠠᠬᠤ + 7 ᠡᠳᠦᠷ ᠬᠡᠷ ᠪᠦᠯᠢ᠎ᠶ᠋ᠢᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠬᠦ᠌》 ᠶ᠋ᠢ ᠬᠡᠷᠡᠭ᠌ᠵᠢᠭᠦᠯᠦᠨ᠎ᠡ᠃

ᠳᠡᠭᠡᠷ᠎ᠡ ᠳᠤᠷᠠᠳᠤᠭ᠍ᠰᠠᠨ᠎ᠡᠴᠡ ᠭᠠᠳᠠᠨᠠᠬᠢ ᠳᠤᠤᠷ᠎ᠠ ᠲᠦᠭ᠌ᠰᠢᠭᠦᠷᠢᠲᠡᠶ ᠭᠠᠵᠠᠷ ᠣᠷᠣᠨ᠎ᠡᠴᠡ ᠮᠠᠨ᠎ᠤ ᠣᠷᠣᠨ᠎ᠳᠤ ᠢᠷᠡᠭ᠌ᠰᠡᠨ(ᠪᠤᠴᠠᠬᠰᠠᠨ) ᠬᠥᠮᠦᠰ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠳᠠ᠎ᠨᠢ ᠪᠢᠯᠢᠭ ᠴᠢᠨᠠᠷ᠎ᠲᠠᠢ ᠭᠡᠷᠡᠴᠢ᠎ᠪᠡᠨ ᠠᠪᠴᠤ᠌᠂ ᠬᠦᠷᠴᠦ᠍ ᠢᠷᠡᠭ᠌ᠰᠡᠨ᠎ᠦ ᠳᠠᠷᠠᠭᠠᠬᠢ 24 ᠴᠠᠭ᠎ᠤᠨ ᠳᠣᠲᠣᠷ᠎ᠠ 1 ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠬᠦ᠌ ᠬᠡᠷᠡᠭ᠌ᠲᠡᠶ᠃ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠳᠠ᠎ᠨᠢ ᠪᠢᠯᠢᠭ ᠴᠢᠨᠠᠷ᠎ᠲᠠᠢ ᠭᠡᠷᠡᠴᠢ ᠪᠡᠨ ᠬᠠᠩᠭᠠᠵᠤ ᠳᠡᠢᠯᠬᠦ᠌ ᠥᠬᠡᠶ ᠪᠠᠢᠪᠠᠯ᠂ ᠡᠷᠬᠡᠪᠰᠢ ᠢᠷᠡᠭᠰᠡᠨ᠎ᠦ ᠳᠠᠷᠠᠭᠠᠬᠢ 3 ᠡᠳᠦᠷ᠎ᠦᠨ ᠳᠣᠲᠣᠷ᠎ᠠ 2 ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠬᠦ᠌ ᠬᠡᠷᠡᠭ᠌ᠲᠡᠶ (2 ᠤᠳᠠᠭ᠎ᠠ ᠵᠢᠨ ᠥᠯᠢᠭᠡᠷ ᠠᠪᠬᠤ ᠠᠯᠤᠰᠯᠠᠬᠤ ᠴᠠᠭ᠎ᠨᠢ ᠠᠳᠠᠭ᠎ᠲᠠᠭᠠᠨ 24 ᠴᠠᠭ ᠪᠠᠢᠬᠤ ᠬᠡᠷᠡᠭᠳᠡᠢ)᠃

ᠣᠷᠣᠨ᠎ᠤ ᠭᠠᠳᠠᠨᠠᠬᠢ ᠬᠢᠯᠢ ᠵᠢᠨ ᠪᠣᠭᠣᠮᠲᠠ᠎ᠶ᠋ᠢᠨ ᠭᠠᠵᠠᠷ ᠣᠷᠣᠨ᠎ᠡᠴᠡ ᠮᠠᠨ᠎ᠤ ᠣᠷᠣᠨ᠎ᠳᠤ ᠢᠷᠡᠭᠰᠡᠨ (ᠪᠤᠴᠠᠬᠰᠠᠨ) ᠵᠢᠴᠢ ᠣᠷᠣᠨ᠎ᠤ ᠳᠣᠲᠣᠷᠠᠬᠢ ᠬᠢᠯᠢ ᠵᠢᠨ ᠪᠣᠭᠣᠮᠲᠠ᠎ᠶ᠋ᠢᠨ ᠭᠠᠵᠠᠷ ᠣᠷᠣᠨ᠎ᠡᠴᠡ ᠠᠢᠮᠠᠭ ᠬᠣᠲᠠ ᠠᠯᠤᠰᠯᠠᠨ ᠶᠠᠪᠤᠵᠤ ᠰᠠᠭᠤᠬᠤ ᠲᠦᠭ᠌ᠰᠢᠭᠦᠷᠢ ᠶᠡᠬᠡᠲᠡᠶ ᠠᠵᠢᠯ᠎ᠤᠨ ᠪᠠᠢᠷᠢ᠎ᠶ᠋ᠢᠨ ᠪᠤᠰᠤ ᠬᠥᠮᠦᠰ᠂ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠳᠠ᠎ᠨᠢ ᠪᠢᠯᠢᠭ ᠴᠢᠨᠠᠷ ᠲᠠᠢ ᠭᠡᠷᠡᠴᠢ᠎ᠪᠡᠨ ᠠᠪᠴᠤ᠌᠂ ᠭᠦᠷᠦᠭ᠌ᠰᠡᠨ᠎ᠦ ᠳᠠᠷᠠᠭᠠᠬᠢ 3 ᠡᠳᠦᠷ᠎ᠦᠨ ᠳᠣᠲᠣᠷ᠎ᠠ 2 ᠤᠳᠠᠭ᠎ᠠ ᠪᠥᠭᠡᠮ ᠬᠦᠴᠢᠯ᠎ᠦᠨ ᠪᠠᠢᠴᠠᠭᠠᠯᠳᠠ ᠬᠢᠬᠦ᠌ ᠬᠡᠷᠡᠭ᠌ᠲᠡᠶ(2 ᠤᠳᠠᠭ᠎ᠠ ᠵᠢᠨ ᠥᠯᠢᠭᠡᠷ ᠠᠪᠬᠤ ᠠᠯᠤᠰᠯᠠᠬᠤ ᠬᠤᠭᠤᠴᠠᠭ᠎ᠠ᠎ᠨᠢ ᠠᠳᠠᠭ᠎ᠲᠠᠭᠠᠨ 24 ᠴᠠᠭ ᠪᠠᠢᠵᠦ᠂ 2 ᠤᠳᠠᠭ᠎ᠠ ᠵᠢᠨ ᠪᠠᠢᠴᠠᠭᠠᠯᠳᠠ ᠵᠢᠨ ᠦᠷ᠎ᠡ ᠳ᠋ᠦᠩ᠎ᠨᠢ ᠭᠠᠷᠴᠤ᠎ᠢᠷᠡᠬᠦ ᠡᠴᠡ ᠡᠮᠦᠨ᠎ᠡ ᠵᠠᠷᠴᠢᠮ ᠳᠡᠭᠡᠷ᠎ᠡ᠎ᠪᠡᠨ ᠬᠡᠷ᠎ᠲᠡᠬᠡᠨ ᠰᠠᠭᠤᠵᠤ ᠠᠵᠢᠭ᠍ᠯᠠᠬᠤ ᠬᠡᠷᠡᠭ᠌ᠲᠡᠶ) ᠪᠥᠭᠡᠳ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠵᠦ᠍᠂ ᠴᠢᠬᠤᠯᠠ ᠥᠬᠡᠶ ᠪᠣᠯ ᠭᠠᠳᠠᠭ᠍ᠰᠢ ᠭᠠᠷᠬᠤ ᠥᠬᠡᠶ᠂ ᠴᠤᠭ᠍ᠯᠠᠷᠠᠬᠤ ᠥᠬᠡᠶ ᠪᠠᠢᠬᠤ ᠬᠡᠷᠡᠭ᠌ᠲᠡᠶ ᠬᠡᠵᠦ ᠲᠤᠳᠤᠷᠬᠠᠢᠯᠠᠪᠠ᠃

ᠠᠯᠪᠠᠨ ᠵᠠᠷᠯᠠᠯ᠎ᠳᠤ᠂ ᠤᠷᠤᠨ ᠤ᠋ ᠭᠠᠳᠠᠨᠠᠬᠢ ᠡᠴᠡ ᠮᠠᠨ᠎ᠤ ᠣᠷᠣᠨ᠎ᠳ᠋ᠤ ᠢᠷᠡᠭ᠌ᠰᠡᠨ(ᠪᠤᠴᠠᠬᠰᠡᠨ) ᠪᠣᠶ ᠪᠥᠬᠥᠶ ᠬᠥᠮᠦᠰ ᠡᠷᠬᠡᠪᠰᠢ ᠬᠥᠷᠬᠥ᠎ᠡᠴᠡ ᠡᠮᠦᠨ᠎ᠡ ᠪᠤᠶᠤ ᠭᠦᠷᠦᠭ᠌ᠰᠡᠨ᠎ᠦ ᠳᠠᠷᠠᠭᠠᠬᠢ 12 ᠴᠠᠭ᠎ᠤᠨ ᠳᠣᠲᠣᠷ᠎ᠠ ᠪᠠᠢᠭ᠎ᠠ ᠭᠠᠵᠠᠷ᠎ᠤᠨ᠎ᠢᠶᠠᠨ ᠨᠡᠢᠭᠡᠮ ᠲᠣᠭᠣᠷᠢᠭ(ᠭᠠᠴᠠᠭ᠎ᠠ ᠲᠣᠰᠭᠣᠨ)᠂ ᠨᠢᠭᠡᠴᠢ ᠪᠤᠶᠤ ᠪᠠᠭᠤᠳᠠᠯ᠎ᠳᠤ ᠣᠷᠣᠵᠤ ᠰᠠᠭᠤᠬᠤ᠎ᠪᠠᠨ ᠮᠡᠳᠡᠭᠦᠯᠦᠨ ᠳᠠᠩᠰᠠᠯᠠᠭᠤᠯᠵᠤ᠂ ᠲᠣᠭ᠍ᠲᠠᠭᠠᠯ ᠶᠣᠰᠣᠭᠠᠷ ᠲᠤᠬᠠᠶ᠎ᠶ᠋ᠢᠨ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠬᠡᠷᠡᠭ᠌ᠵᠢᠭᠦᠯᠵᠦ᠍᠂ 7 ᠡᠳᠦᠷ᠎ᠦᠨ ᠳᠣᠲᠣᠷ᠎ᠠ ᠬᠠᠮᠲᠤ ᠬᠣᠭᠣᠯᠠᠯᠠᠬᠤ ᠥᠬᠡᠶ᠂ ᠴᠤᠭ᠍ᠯᠠᠷᠠᠬᠤ ᠥᠬᠡᠶ᠂ ᠬᠥᠮᠦᠨ ᠣᠯᠠᠨ ᠴᠤᠭ᠍ᠯᠠᠷᠠᠬᠤ ᠭᠠᠵᠠᠷ᠎ᠲᠤ ᠣᠴᠢᠬᠤ ᠥᠬᠡᠶ ᠪᠠᠢᠬᠤ ᠬᠡᠷᠡᠭ᠌ᠲᠡᠶ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面