ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-05-03 22:23:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠤᠲᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠤᠳᠭᠤ ᠭᠠᠵᠠᠷ᠎ᠤᠨ ᠰᠤᠳᠤᠯᠤᠨ ᠮᠠᠭᠠᠳᠯᠠᠭ᠍ᠰᠠᠨ᠎ᠢᠶᠠᠷ᠂ ᠣᠲᠣ 5 ᠰᠠᠷ᠎ᠠ᠎ᠶ᠋ᠢᠨ 6 ᠎ᠤ ᠡᠳᠦᠷ᠎ᠠᠴᠠ ᠡᠬᠢᠯᠡᠨ᠂ ᠪᠥᠬᠦ᠌ ᠬᠤᠲᠠ᠎ᠶ᠋ᠢᠨ ᠬᠡᠦᠬᠡᠳ᠎ᠤᠨ ᠴᠡᠴᠡᠷᠯᠢᠭ ᠵᠠᠯᠭᠠᠭ᠎ᠠ᠎ᠪᠠᠷ ᠪᠦᠯᠦᠭ ᠬᠤᠪᠢᠶᠠᠨ ᠴᠡᠴᠡᠷᠯᠢᠭ᠎ᠲᠤ ᠪᠤᠴᠠᠵᠤ ᠰᠤᠷᠭᠠᠭᠤᠯᠢ ᠡᠬᠢᠯᠡᠬᠦ᠌᠎ᠪᠠᠷ ᠲᠣᠭ᠍ᠲᠠᠪᠠ᠃ ᠡᠯ᠎ᠡ ᠬᠡᠦᠬᠡᠳ᠎ᠤᠨ ᠴᠡᠴᠡᠷᠯᠢᠭ᠎ᠤᠨ ᠪᠣᠳᠠᠲᠠᠶ ᠴᠡᠴᠡᠷᠯᠢᠭ ᠨᠡᠭᠡᠭᠡᠬᠦ᠌ ᠴᠠᠭ᠎ᠢ ᠬᠠᠷᠢᠶ᠎ᠠ ᠭᠠᠵᠠᠷ᠎ᠤᠨ ᠰᠤᠷᠭᠠᠨ ᠬᠥᠮᠦᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠠᠴᠠ ᠮᠡᠳᠡᠭ᠌ᠳᠡᠨ᠎ᠡ᠃

ᠪᠥᠬᠦ᠌ ᠬᠤᠲᠠ᠎ᠶ᠋ᠢᠨ ᠬᠡᠦᠬᠡᠳ᠎ᠤᠨ ᠴᠡᠴᠡᠷᠯᠢᠭ᠎ᠤᠨ ᠪᠠᠭ᠍ᠰᠢ ᠰᠤᠷᠤᠭ᠍ᠴᠢᠳ ᠴᠡᠴᠡᠷᠯᠢᠭ᠎ᠲᠤ ᠪᠤᠴᠠᠬᠤ᠎ᠠᠴᠠ ᠡᠮᠦᠨ᠎ᠡ᠂ ᠡᠯ᠎ᠡ ᠬᠤᠱᠢᠭᠤ ᠱᠢᠶᠠᠨ ᠲᠣᠭᠤᠷᠢᠭ᠎ᠤᠨ᠎ᠬᠢᠨ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠤᠳᠭᠤ ᠭᠠᠵᠠᠷ᠎ᠤᠨ ᠡᠯ᠎ᠡ ᠵᠦᠢᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠬᠡᠦᠬᠡᠳ᠎ᠤᠨ ᠴᠡᠴᠡᠷᠯᠢᠭ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ᠍ ᠱᠢᠯᠭᠠᠨ ᠠᠪᠬᠤ ᠠᠵᠢᠯ᠎ᠢ ᠰᠠᠢᠲᠤᠷ ᠬᠢᠵᠦ᠍᠂ ᠱᠢᠯᠭᠠᠨ ᠠᠪᠬᠤ᠎ᠳᠤ ᠬᠢᠷᠢ ᠲᠡᠩᠴᠡᠭ᠌ᠰᠡᠨ᠎ᠤ ᠳᠠᠷᠠᠭ᠎ᠠ ᠰᠠᠶᠢ ᠴᠡᠴᠡᠷᠯᠢᠭ᠎ᠲᠤ ᠪᠤᠴᠠᠵᠤ ᠪᠣᠯᠬᠤ᠎ᠶ᠋ᠢ ᠡᠷᠡᠰ ᠪᠡᠶᠡᠯᠡᠭᠦᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ᠍ ᠱᠢᠯᠭᠠᠨ ᠠᠪᠬᠤ ᠱᠠᠭᠠᠷᠳᠠᠯᠭ᠎ᠠ᠎ᠳᠤ ᠭᠦᠷᠦᠭ᠌ᠰᠡᠨ ᠥᠬᠡᠶ ᠬᠡᠦᠬᠡᠳ᠎ᠤᠨ ᠴᠡᠴᠡᠷᠯᠢᠭ ᠪᠦᠬᠦᠨ ᠴᠥᠮ ᠴᠡᠴᠡᠷᠯᠢᠭ᠎ᠲᠤ ᠪᠤᠴᠠᠵᠤ ᠰᠤᠷᠭᠠᠭᠤᠯᠢ ᠡᠬᠢᠯᠡᠵᠦ᠍ ᠪᠣᠯᠬᠤ ᠥᠬᠡᠶ᠃ ᠪᠥᠬᠦ᠌ ᠬᠤᠲᠠ᠎ᠶ᠋ᠢᠨ ᠡᠯ᠎ᠡ ᠱᠠᠲᠤᠨ᠎ᠤ ᠡᠯ᠎ᠡ ᠲᠥᠷᠥᠯ᠎ᠤᠨ ᠬᠡᠦᠬᠡᠳ᠎ᠤᠨ ᠴᠡᠴᠡᠷᠯᠢᠭ᠎ᠤᠳ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠨᠠᠷᠢᠯᠢᠭ᠍ᠵᠢᠭᠤᠯᠵᠤ᠂ ᠴᠡᠴᠡᠷᠯᠢᠭ᠎ᠲᠤ ᠪᠤᠴᠠᠵᠤ ᠰᠤᠷᠭᠠᠭᠤᠯᠢ ᠡᠬᠢᠯᠡᠬᠦ᠌ ᠠᠵᠢᠯ᠎ᠤᠨ ᠪᠡᠯᠡᠳᠭᠡᠯ᠎ᠢ ᠪᠣᠳᠠᠲᠠᠢᠵᠢᠭᠤᠯᠵᠤ᠂ ᠠᠮᠤᠷ ᠲᠦᠪᠱᠢᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠢᠷᠡᠯᠳᠠ᠄ ᠭᠦᠭᠡᠬᠤᠳᠠ ᠵᠢᠨ ᠰᠤᠷᠭᠠᠨ ᠭᠦᠮᠦᠵᠢᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面