2022-05-14 20:48:05
ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠡᠴᠡ ᠤᠢᠯᠠᠭᠠᠭᠰᠠᠨ᠎ᠵᠢᠡᠷ᠂ ᠲᠦᠷᠦᠬᠦᠭᠡᠨ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠡᠴᠡ ᠱᠠᠩᠬᠠᠶ ᠬᠤᠳᠠ ᠮᠠᠨᠵᠤᠤᠷ ᠬᠣᠲᠠ ᠵᠡᠷᠭᠡ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠦᠴᠦᠨ ᠨᠡᠮᠡᠷᠢᠯᠡᠬᠦ᠌ ᠵᠢᠨ ᠲᠥᠯᠥᠭᠡ ᠂ ᠬᠢᠵᠢᠭ᠎ᠲᠡᠶ ᠲᠡᠮᠡᠴᠡᠬᠦ ᠲᠤᠰᠬᠠᠢ ᠪᠠᠯᠠ ᠮᠥᠩᠭᠥ ᠪᠠᠭᠤᠯᠭᠠᠵᠤ ᠂ ᠬᠢᠵᠢᠭ᠎ᠲᠡᠶ ᠲᠡᠮᠡᠴᠡᠬᠦ᠌ ᠡᠳ᠋ ᠪᠣᠳᠠᠰ᠎ᠢ ᠱᠢᠯᠵᠢᠭᠦᠯᠦᠨ ᠲᠤᠬᠢᠷᠠᠭᠤᠯᠪᠠ ᠃
ᠤᠢᠯᠠᠭᠠᠭᠰᠠᠨ᠎ᠵᠢᠡᠷ ᠂ ᠱᠠᠩᠬᠠᠶ ᠵᠢᠨ ᠲᠣᠰ ᠡᠭᠡᠯᠵᠢ ᠵᠢᠨ ᠬᠢᠵᠢᠭ᠎ᠤᠨ ᠪᠠᠢᠳᠠᠯ ᠡᠭᠦᠰᠦᠭ᠌ᠰᠡᠨ᠎ᠡᠴᠡ ᠨᠠᠭᠠᠰᠢ ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠤ᠋ᠨ ᠬᠢᠨ ᠱᠠᠩᠬᠠᠢ ᠬᠤᠳᠠ᠎ᠵᠢᠨ ᠤᠯᠠᠭᠠᠨ ᠵᠠᠭᠠᠯᠮᠠᠢᠳᠠᠨ᠎ᠤ ᠨᠡᠢᠭᠡᠮᠯᠢᠭ ᠲᠦ᠍ 20 ᠲᠦᠮᠡᠨ ᠲᠦᠭᠦᠷᠢᠭ᠎ᠤᠨ ᠬᠢᠵᠢᠭ ᠲᠠᠢ ᠲᠡᠮᠡᠴᠡᠬᠦ ᠪᠡᠯᠡ ᠮᠦᠩᠬᠦ ᠬᠠᠨᠳᠢᠪᠯᠠᠵᠤ ᠂ ᠲᠠᠷᠠᠴᠢᠯᠠᠨ ᠱᠠᠩᠬᠠᠶ ᠵᠢ ᠲᠤᠰᠠᠯᠠᠬᠤ ᠡᠮᠴᠢᠯᠡᠭᠡᠨ᠎ᠦ ᠠᠩᠭᠢ ᠲᠣᠮᠢᠯᠠᠭ᠍ᠰᠠᠨ ᠪᠥᠭᠡᠳ ᠣᠯᠠᠨ ᠤᠳᠠᠭ᠎ᠠ ᠴᠠᠭᠠᠨ ᠢᠳᠡᠭᠡᠨ᠂ ᠦᠬᠡᠷ ᠬᠣᠨᠢᠨ ᠮᠢᠬ᠎ᠠ ᠵᠡᠷᠭᠡ ᠡᠳ᠋ ᠪᠣᠳᠠᠰᠵᠢᠡᠷ ᠲᠤᠰᠠᠯᠠᠪᠠ᠃ ᠡᠭᠦᠨ ᠡᠴᠡ ᠭᠠᠳᠠᠨ᠎ᠠ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠡᠴᠡ ᠬᠢᠩᠭᠠᠨ ᠠᠢᠮᠠᠭ᠂ ᠤᠯᠠᠭᠠᠨᠬᠠᠳᠠ ᠬᠣᠲᠠ᠂ ᠱᠢᠯᠢ ᠵᠢᠨ ᠭᠤᠤᠯ ᠠᠢᠮᠠᠭ᠂ ᠮᠠᠨᠵᠤᠤᠷ ᠬᠣᠲᠠ ᠵᠡᠷᠭᠡ ᠭᠠᠵᠠᠷ᠎ᠲᠤ ᠡᠮᠴᠢᠯᠡᠭᠡᠨ᠎ᠳᠦ ᠬᠡᠷᠡᠭ᠌ᠯᠡᠬᠦ᠌ ᠭᠠᠳᠠᠷ ᠰᠠᠯᠠᠭᠠᠨ᠎ᠤ ᠠᠮᠠᠪᠴᠢ᠂ ᠬᠠᠮᠠᠭᠠᠯᠠᠯᠲᠠ ᠵᠢᠨ ᠬᠤᠪᠴᠠᠰᠤ᠂ ᠨᠢᠳᠦ ᠬᠠᠮᠠᠭᠠᠯᠠᠬᠤ ᠱᠢᠯ ᠵᠡᠷᠭᠡ 49.57 ᠲᠦᠮᠡᠨ ᠲᠥᠭᠥᠷᠢᠭ᠎ᠦᠨ ᠥᠷᠲᠡᠭ ᠪᠥᠬᠥᠶ ᠬᠢᠵᠢᠭ᠎ᠲᠡᠶ ᠲᠡᠮᠡᠴᠡᠬᠦ᠌ ᠡᠳ᠋ ᠪᠣᠳᠠᠰ ᠪᠠ 20 ᠲᠦᠮᠡᠨ ᠲᠥᠭᠥᠷᠢᠭ᠎ᠦᠨ ᠬᠢᠵᠢᠭ᠎ᠲᠡᠶ ᠲᠡᠮᠡᠴᠡᠬᠦ᠌ ᠪᠠᠯᠠ ᠮᠥᠩᠭᠥ᠌ ᠲᠣᠬᠢᠷᠠᠭᠤᠯᠤᠨ ᠥᠭ᠌ᠴᠦ ᠂ ᠡᠯ᠎ᠡ ᠠᠢᠮᠠᠭ ᠬᠣᠲᠠ ᠵᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠬᠢᠵᠢᠭ ᠲᠡᠶ ᠲᠡᠮᠡᠴᠡᠬᠦ᠌ ᠠᠵᠢᠯ ᠥᠷᠨᠢᠭᠦᠯᠬᠦ᠌ ᠵᠢ ᠪᠥᠬᠥ᠌ ᠬᠦᠴᠦᠨ᠎ᠢᠶᠡᠷ᠎ᠢᠶᠡᠨ ᠳᠡᠮᠵᠢᠪᠡ᠃ ᠲᠠᠷᠠᠭᠠᠴᠢ ᠵᠢᠨ ᠠᠯᠬᠤᠮ᠎ᠳᠤ ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠤᠨ ᠬᠢᠨ ᠬᠢᠵᠢᠭ᠎ᠦᠨ ᠪᠠᠢᠳᠠᠯ᠎ᠤᠨ ᠬᠥᠭ᠌ᠵᠢᠯᠲᠡ ᠵᠢᠨ ᠪᠠᠢᠳᠠᠯ᠎ᠢ ᠦᠷᠭᠦᠯᠵᠢᠯᠡᠨ ᠨᠢᠭ᠍ᠲᠠ ᠠᠩᠬᠠᠷᠴᠤ᠌ ᠂ ᠭᠤᠤᠯᠳᠠᠯᠭ᠎ᠠ᠎ᠲᠠᠶ ᠭᠠᠵᠠᠷ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍ ᠂ ᠦᠨᠳᠦᠰᠦᠨ ᠱᠠᠲᠤᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠠᠨᠳᠢᠪᠯᠠᠭ᠍ᠰᠠᠨ ᠵᠣᠭᠣᠰ ᠮᠥᠩᠭᠥ᠌ ᠡᠳ᠋ ᠪᠣᠳᠠᠰ᠎ᠤᠨ ᠣᠷᠣᠯᠭ᠎ᠠ ᠵᠠᠷᠤᠯᠭ᠎ᠠ ᠵᠢᠨ ᠬᠠᠮᠢᠶᠠᠷᠤᠯᠲᠠ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠳ᠋ ᠪᠣᠳᠠᠰ᠎ᠢ ᠬᠤᠳᠠᠯᠳᠤᠨ ᠠᠪᠬᠤ ᠂ ᠨᠥᠭᠡᠴᠡᠯᠡᠬᠦ᠌ ᠪᠠ ᠱᠢᠯᠵᠢᠭᠦᠯᠦᠨ ᠲᠡᠭᠡᠭᠡᠪᠦᠷᠢᠯᠡᠬᠦ᠌ ᠵᠡᠷᠭᠡ ᠠᠵᠢᠯ᠎ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠵᠢᠷᠤᠮᠵᠢᠯ᠎ᠲᠠᠶ ᠰᠠᠢᠲᠤᠷ ᠬᠢᠬᠦ᠌ ᠵᠢ ᠵᠢᠯᠣᠭᠣᠳᠴᠤ᠌ ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠢᠯᠡ ᠲᠣᠳᠣ ᠥᠨᠳᠥᠷ ᠪᠦᠲᠦᠮᠵᠢᠲᠡᠶ ᠥᠷᠨᠢᠭᠦᠯᠬᠦ᠌ ᠵᠢ ᠦᠨᠡᠨ ᠬᠦ᠌ ᠪᠠᠲᠤᠯᠠᠨ ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠭᠯᠠᠯᠳᠠ᠎ᠵᠢᠨ ᠳᠠᠢᠯᠠᠯᠳᠤᠭᠠᠨ᠎ᠤ ᠢᠯᠠᠯᠲᠠ ᠵᠢ ᠤᠯᠬᠤ᠎ᠳᠤ ᠬᠦᠴᠦᠨ ᠴᠢᠳᠠᠯ᠎ᠢᠶᠠᠨ ᠦᠷᠬᠦᠯᠵᠢᠯᠡᠨ ᠨᠠᠮᠠᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃