2022-05-31 09:45:07
ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠮᠡᠳᠡᠭᠡ᠎ᠶ᠋ᠢ ᠦᠨᠳᠦᠰᠦᠯᠡᠪᠡᠯ᠂ 2022 ᠣᠨ᠎ᠤ 5 ᠰᠠᠷ᠎ᠠ᠎ᠶ᠋ᠢᠨ 29᠎ᠦ ᠡᠳᠦᠷ᠂ ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠲᠦ ᠱᠠᠩᠬᠠᠶ ᠬᠣᠲᠠ᠎ᠠᠴᠠ ᠤᠯᠠᠭᠠᠨᠬᠠᠳᠠ᠎ᠳᠤ ᠪᠤᠴᠠᠭ᠍ᠰᠠᠨ ᠠᠷᠭ᠎ᠠ ᠴᠢᠨᠠᠷ ᠳᠠᠬᠢᠭᠰᠠᠨ 1ᠡᠪᠡᠳᠴᠢᠨ᠎ᠦ ᠵᠢᠱ᠌ᠢᠶ᠎ᠡ᠎ᠶ᠋ᠢ ᠢᠯᠡᠷᠡᠭᠦᠯᠵᠦ᠍᠂ ᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ ᠡᠴᠡ ᠳᠠᠬᠢᠨ ᠬᠢᠨᠠᠬᠤ ᠪᠠᠷ ᠳᠡᠮᠵᠢᠨ᠂ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠡᠴᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠳᠤᠳᠤᠯᠠᠭᠰᠠᠨ ᠡᠪᠡᠳᠴᠢᠨ᠎ᠦ ᠵᠢᠱ᠌ᠢᠶ᠎ᠡ (ᠬᠥᠩᠭᠡᠨ ᠬᠡᠯᠪᠡᠷᠢ) ᠭᠡᠵᠦ᠍ ᠬᠠᠮᠲᠤᠷᠠᠨ ᠤᠨᠤᠰᠢᠯᠠᠪᠠ᠃
ᠳᠤᠳᠤᠯᠠᠭᠳᠠᠭᠰᠠᠨ ᠡᠪᠡᠳᠴᠢᠨ᠎ᠤ ᠵᠢᠱ᠌ᠢᠶ᠎ᠡ ᠲᠢᠶᠠᠨ ᠣᠪᠣᠭ᠍ᠲᠤ ᠪᠣᠯ ᠱᠠᠩᠬᠠᠶ ᠬᠣᠲᠠ ᠳ᠋ᠤ ᠪᠠᠢᠭᠰᠠᠨ ᠬᠦᠯᠦᠰᠦᠨ ᠠᠵᠢᠯᠳᠠᠨ᠂ ᠠᠶᠠᠨᠴᠢᠳ᠎ᠤᠨ ᠮᠠᠱᠢᠨ ᠲᠡᠷᠭᠡ (ᠲᠦᠷᠢᠶᠡᠰᠦᠯᠡᠭᠰᠡᠨ) ᠪᠡᠷ ᠤᠯᠠᠭᠠᠨᠬᠠᠳᠠ ᠬᠣᠲᠠ᠎ᠵᠢᠨ ᠲᠥᠪᠯᠡᠷᠡᠭᠦᠯᠦᠨ ᠲᠤᠰᠠᠭᠠᠷᠯᠠᠬᠤ ᠴᠡᠭ᠎ᠲᠦ ᠪᠢᠳᠡᠬᠦᠮᠵᠢᠯᠡᠨ ᠰᠢᠯᠵᠢᠬᠦᠯᠤᠨ ᠳᠡᠭᠡᠭᠡᠪᠦᠷᠢᠯᠡᠭᠰᠡᠨ ᠬᠥᠮᠦᠨ ᠪᠣᠯᠤᠨ᠎ᠠ᠃
4 ᠰᠠᠷ᠎ᠠ᠎ᠶ᠋ᠢᠨ 22᠎ᠤᠨ ᠡᠳᠦᠷ᠎ᠡᠴᠡ 30᠎ᠤ ᠡᠳᠦᠷ ᠪᠣᠯᠲᠠᠯ᠎ᠠ ᠪᠥᠭᠡᠮ ᠬᠦᠴᠢᠯ᠎ᠦᠨ ᠪᠠᠢᠴᠠᠭᠠᠯᠲᠠ᠎ᠨᠢ ᠠᠷᠭ᠎ᠠ ᠴᠢᠨᠠᠷᠲᠠᠶ ᠡᠴᠡ ᠪᠣᠯᠵᠣ᠂ ᠱᠠᠩᠬᠠᠶ᠎ᠶ᠋ᠢᠨ ᠯᠢᠨ ᠭᠠᠩ ᠴᠢᠩᠭᠡᠯᠢᠭ ᠡᠮᠨᠡᠯᠭᠡ᠎ᠶ᠋ᠢᠨ ᠬᠣᠷᠢᠶ᠎ᠠ᠎ᠳᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍ (4 ᠰᠠᠷ᠎ᠠ ᠶ᠋ᠢᠨ 23᠎ᠤ ᠡᠳᠦᠷ ᠲᠦ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠴᠢᠢᠶᠡᠷ ᠳᠤᠳᠤᠯᠠᠪᠠ)᠂ 4 ᠰᠠᠷ᠎ᠠ᠎ᠶ᠋ᠢᠨ 30᠎ᠤ ᠡᠳᠦᠷ ᠱᠠᠩᠬᠠᠶ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠲᠤᠰᠭᠠᠶ ᠮᠡᠷᠭᠡᠵᠢᠯᠲᠡᠨ᠎ᠦ ᠳᠤᠭᠤᠢᠯᠠᠩ ᠬᠠᠮᠲᠤᠷᠠᠨ ᠣᠨᠣᠱᠢᠯᠠᠭ᠍ᠰᠠᠨᠤ ᠳᠠᠷᠠᠭ᠎ᠠ ᠡᠮᠨᠡᠯᠭᠡ᠎ᠡᠴᠡ ᠭᠠᠷᠪᠠ᠃ 5 ᠰᠠᠷ᠎ᠠ ᠶ᠋ᠢᠨ 1᠎ᠦ ᠡᠳᠦᠷ᠎ᠡᠴᠡ 26 ᠤ ᠡᠳᠦᠷ ᠪᠣᠯᠲᠠᠯ᠎ᠠ᠂ ᠱᠠᠩᠬᠠᠶ ᠬᠣᠲᠠ᠎ᠶ᠋ᠢᠨ ᠫᠦᠳᠦ᠋ᠩ ᠱᠢᠨ᠎ᠡ ᠲᠣᠭᠣᠷᠢᠭ᠎ᠤᠨ ᠯᠢᠨ ᠭᠠᠩ ᠱᠢᠨ᠎ᠡ ᠲᠣᠭᠣᠷᠢᠭ᠎ᠤᠨ ᠨᠠᠨ ᠬᠣᠶ ᠱᠢᠨ᠎ᠡ ᠬᠣᠲᠠ ᠪᠠᠯᠭᠠᠰᠤᠨ᠎ᠤ ᠨᠢᠬᠡᠨ ᠪᠠᠷᠢᠯᠭ᠎ᠠ᠎ᠶ᠋ᠢᠨ ᠭᠠᠵᠠᠷ᠎ᠲᠤ᠌ ᠪᠠᠢᠪᠠ᠃ 5 ᠰᠠᠷ᠎ᠠ᠎ᠶ᠋ᠢᠨ 27᠎ᠤ ᠡᠳᠦᠷ᠎ᠦᠨ 23 ᠴᠠᠭ ᠤᠨ ᠦᠶ᠎ᠡ᠎ᠪᠡᠷ 48 ᠴᠠᠭ᠎ᠤᠨ ᠪᠥᠭᠡᠮ ᠬᠦᠴᠢᠯ᠎ᠦᠨ ᠪᠠᠢᠴᠠᠭᠠᠯᠳᠠ ᠵᠢᠨ ᠪᠢᠯᠢᠭ ᠴᠢᠨᠠᠷᠲᠠᠶ ᠭᠡᠷᠡᠴᠢ᠎ᠪᠡᠷ ᠱᠠᠩᠬᠠᠶ ᠬᠣᠲᠠ᠎ᠠᠴᠠ ᠠᠶᠠᠨᠴᠢᠳ᠎ᠤᠨ ᠮᠠᠱᠢᠨ ᠲᠡᠷᠭᠡᠨ᠎ᠳᠦ ᠰᠠᠭᠤᠵᠤ ᠤᠯᠠᠭᠠᠨᠬᠠᠳᠠ ᠬᠣᠲᠠ᠎ᠳᠤ ᠪᠤᠴᠠᠵᠤ᠂ 5 ᠰᠠᠷ᠎ᠠ᠎ᠶ᠋ᠢᠨ 28᠎ᠤ ᠡᠳᠦᠷ᠎ᠦᠨ 23 ᠴᠠᠭ 32 ᠮᠢᠨᠦ᠋ᠲ᠎ᠲᠦ ᠤᠯᠠᠭᠠᠨᠬᠠᠳᠠ᠎ᠳᠤ ᠭᠦᠷᠦᠭ᠌ᠰᠡᠨ᠎ᠦ ᠳᠠᠷᠠᠭ᠎ᠠ ᠪᠢᠲᠡᠭᠦᠮᠵᠢᠯᠡᠭ᠌ᠰᠡᠨ ᠴᠠᠭᠠᠷᠢᠭ᠎ᠢᠶᠠᠷ ᠰᠥᠩᠱᠠᠨ ᠲᠣᠭᠣᠷᠢᠭ᠎ᠤᠨ ᠲᠤᠰᠠᠭᠠᠷᠯᠠᠬᠤ ᠭᠠᠵᠠᠷ᠎ᠲᠤ ᠲᠥᠪᠯᠡᠷᠡᠭᠦᠯᠦᠨ ᠲᠤᠰᠠᠭᠠᠷᠯᠠᠪᠠ᠃ ᠣᠳᠣᠬᠠᠨ᠎ᠳᠤ ᠨᠢᠭᠡᠨᠲᠡ ᠤᠯᠠᠭᠠᠨᠬᠠᠳᠠ ᠬᠣᠲᠠ᠎ᠶ᠋ᠢᠨ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨ ᠬᠦᠷᠭᠡᠵᠦ᠍ ᠲᠤᠰᠠᠭᠠᠷᠯᠠᠨ ᠡᠮᠨᠡᠭᠦᠯᠵᠦ᠍ ᠪᠠᠢᠨ᠎ᠠ᠃
ᠢᠷᠡᠯᠳᠡ᠄ ᠰᠢᠨᠬᠤᠸᠠ ᠰᠦᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃