2022-06-11 21:14:49
6 ᠰᠠᠷ᠎ᠠ ᠶ᠋ᠢᠨ 11 ᠦ ᠡᠳᠦᠷ ᠦᠨ ᠦᠳᠡ ᠶ᠋ᠢᠨ ᠡᠮᠦᠨ᠎ᠡ ᠡᠷᠢᠶᠡᠨ ᠬᠣᠲᠠ ᠶ᠋ᠢᠨ ᠰᠢᠨ᠎ᠡ ᠲᠢᠳᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠠᠴᠠ ᠣᠢᠯᠠᠭᠠᠵᠤ ᠮᠡᠳᠡᠭ᠌ᠰᠡᠨ᠎ᠢᠶᠡᠷ᠂ ᠡᠷᠢᠶᠡᠨ ᠬᠣᠲᠠ᠎ᠶ᠋ᠢᠨ ᠬᠢᠨ ᠪᠦᠭᠡᠮ ᠬᠦᠴᠢᠯ᠎ᠤᠨ ᠪᠠᠢᠴᠠᠭᠠᠯᠲᠠ᠎ᠵᠢ ᠬᠢᠵᠢᠭ᠎ᠦᠨ ᠬᠠᠯᠳᠠᠪᠤᠷᠢᠯᠠᠯ᠎ᠢ ᠬᠣᠷᠢᠭ᠍ᠯᠠᠬᠤ ᠪᠦᠲᠦᠮᠵᠢᠲᠡᠶ ᠠᠷᠭ᠎ᠠ ᠵᠠᠮ ᠪᠣᠯᠭᠠᠬᠤ᠎ᠶ᠋ᠢ ᠪᠠᠷᠢᠮᠲᠠᠯᠠᠵᠤ᠂ 9 ᠡᠭᠡᠯᠵᠢ ᠶ᠋ᠢᠨ ᠭᠣᠣᠯᠳᠠᠯᠭ᠎ᠠ ᠲᠠᠶ ᠣᠷᠣᠨ ᠪᠦᠰᠡ ᠶ᠋ᠢᠨ ᠪᠦᠭᠡᠮ ᠬᠦᠴᠢᠯ᠎ᠤᠨ ᠪᠠᠢᠴᠠᠭᠠᠯᠲᠠ᠎ᠵᠢᠨ ᠠᠵᠢᠯ ᠢ ᠨᠢᠭᠡᠨᠲᠡ ᠪᠡᠶᠡᠯᠡᠭᠦᠯᠵᠦ᠍᠂ ᠣᠳᠣ ᠶᠠᠭ 10 ᠳ᠋ᠤᠭᠠᠷ ᠡᠭᠡᠯᠵᠢ᠎ᠶ᠋ᠢᠨ ᠭᠣᠣᠯᠳᠠᠯᠭ᠎ᠠ᠎ᠲᠠᠶ ᠣᠷᠣᠨ ᠪᠦᠰᠡ ᠶ᠋ᠢᠨ ᠪᠦᠭᠡᠮ ᠬᠦᠴᠢᠯ᠎ᠤᠨ ᠪᠠᠢᠴᠠᠭᠠᠯᠲᠠ᠎ᠵᠢᠨ ᠠᠵᠢᠯ ᠢ ᠬᠢᠵᠦ᠍ ᠪᠠᠢᠨ᠎ᠠ᠃
ᠡᠷᠢᠶᠡᠨ ᠬᠣᠲᠠ᠎ᠶ᠋ᠢᠨ ᠬᠢᠨ ᠲᠤᠰᠠᠭᠠᠷᠯᠠᠨ ᠥᠭᠡᠷᠡᠴᠢᠯᠡᠬᠦ᠌ ᠨᠥᠬᠥᠴᠡᠯ᠎ᠲᠡᠶ ᠪᠥᠬᠥ᠌ ᠬᠣᠲᠠ᠎ᠶ᠋ᠢᠨ ᠵᠣᠴᠢᠳ᠎ᠤᠨ ᠪᠠᠭᠤᠳᠠᠯ᠎ᠤᠨ ᠪᠠᠢᠳᠠᠯ᠎ᠢ ᠪᠥᠬᠥ᠌ ᠲᠠᠯ᠎ᠠ᠎ᠪᠠᠷ ᠣᠢᠯᠠᠭᠠᠵᠤ᠂ ᠣᠳᠣᠬᠠᠨ᠎ᠳᠤ ᠨᠢᠭᠡᠨᠲᠡ 20 ᠪᠠᠭᠤᠳᠠᠯ᠎ᠤᠨ 2111 ᠲᠠᠰᠤᠯᠭ᠎ᠠ᠎ᠶ᠋ᠢ ᠥᠭᠡᠷᠡᠴᠢᠯᠡᠨ᠂ ᠨᠢᠭᠡᠨᠲᠡ 1882 ᠲᠠᠰᠤᠯᠭ᠎ᠠ᠎ᠶ᠋ᠢ ᠬᠡᠷᠡᠭ᠌ᠯᠡᠵᠦ᠍᠂ 229 ᠲᠠᠰᠤᠯᠭ᠎ᠠ᠎ᠶ᠋ᠢ ᠬᠡᠷᠡᠭ᠌ᠯᠡᠭ᠌ᠡ ᠥᠬᠡᠶ︔ᠤᠳᠤ ᠶᠠᠭ 7 ᠪᠠᠭᠤᠳᠠᠯ᠎ᠤᠨ 272 ᠲᠠᠰᠤᠯᠭ᠎ᠠ᠎ᠶ᠋ᠢ ᠥᠭᠡᠷᠡᠴᠢᠯᠡᠵᠦ᠍ ᠪᠠᠢᠨ᠎ᠠ᠃ ᠲᠥᠪᠯᠡᠷᠡᠭᠦᠯᠦᠨ ᠲᠤᠰᠠᠭᠠᠷᠯᠠᠬᠤ ᠴᠡᠭ᠎ᠦᠨ ᠨᠥᠭᠡᠴᠡᠯᠡᠯᠲᠡ᠎ᠶ᠋ᠢᠨ ᠲᠠᠯ᠎ᠠ᠎ᠪᠠᠷ᠂ ᠡᠷᠢᠶᠡᠨ ᠬᠣᠲᠠ 6 ᠰᠠᠷ᠎ᠠ᠎ᠶ᠋ᠢᠨ 6᠎ᠤ ᠡᠳᠦᠷ᠎ᠦᠨ 23 ᠴᠠᠭ᠎ᠲᠤ 1000 ᠲᠠᠰᠤᠯᠭ᠎ᠠ ᠬᠠᠪᠲᠠᠰᠤᠨ ᠪᠠᠢᠱᠢᠩ ᠮᠠᠶᠢᠭ᠎ᠤᠨ ᠲᠥᠪᠯᠡᠷᠡᠭᠦᠯᠦᠨ ᠲᠤᠰᠠᠭᠠᠷᠯᠠᠬᠤ ᠴᠡᠭ᠎ᠦᠨ ᠪᠥᠲᠥᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠬᠡᠷᠡᠭ᠌ᠵᠢᠭᠦᠯᠵᠦ᠍᠂ ᠵᠢᠱ᠌ᠢᠯᠲᠡ᠎ᠪᠡᠷ 6 ᠰᠠᠷ᠎ᠠ᠎ᠶ᠋ᠢᠨ 12᠎ᠤᠨ ᠡᠳᠦᠷ ᠲᠤᠱᠢᠶᠠᠨ ᠥᠭ᠌ᠴᠦ ᠬᠡᠷᠡᠭ᠌ᠯᠡᠭᠦᠯᠦᠨ᠎ᠡ᠃
ᠢᠷᠡᠯᠲᠡ᠄ ᠲᠦᠪ ᠲᠧᠯᠸᠢᠰ᠎ᠤᠨ ᠰᠤᠨᠢᠨ ᠮᠡᠳᠡᠭᠡᠨ᠎ᠤ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃