2022-06-13 16:57:25
ᠢᠳᠡᠭᠡᠨ ᠤᠮᠳᠠᠭᠠᠨ᠎ᠤ ᠲᠠᠯᠠᠪᠤᠷ ᠪᠠ ᠬᠤᠭᠤᠯᠠᠨ ᠭᠡᠷ᠎ᠢ ᠪᠦᠬᠦ᠌ ᠲᠠᠯ᠎ᠠ᠎ᠪᠠᠷ ᠡᠮᠬᠢ ᠵᠢᠷᠤᠮ᠎ᠲᠠᠢ᠎ᠪᠠᠷ ᠨᠡᠭᠡᠭᠡᠬᠦ᠌ ᠲᠤᠬᠠᠶ ᠠᠯᠪᠠᠨ ᠵᠠᠷᠯᠠᠯ
ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠠᠷᠠᠳ ᠣᠯᠠᠨ᠎ᠤ ᠬᠡᠪ᠎ᠤᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ ᠰᠡᠷᠭᠦᠭᠡᠬᠦ᠌᠎ᠶ᠋ᠢᠨ ᠲᠥᠯᠥᠭᠡ᠂ ᠬᠦᠬᠡᠬᠤᠳᠠ᠎ᠶ᠋ᠢᠨ᠎ᠬᠢᠨ ᠢᠳᠡᠭᠡᠨ ᠤᠮᠳᠠᠭᠠᠨ᠎ᠤ ᠲᠠᠯᠠᠪᠤᠷ ᠬᠤᠭᠤᠯᠠᠨ ᠬᠡᠷ᠎ᠤᠨ ᠦᠢᠯᠡᠴᠢᠯᠡᠭᠡ᠎ᠵᠢ ᠴᠢᠯᠥᠭᠡᠲᠡᠶ ᠪᠣᠯᠭᠠᠵᠦ ᠪᠠᠢᠨ᠎ᠠ᠂ ᠣᠲᠣ ᠬᠠᠮᠢᠶ᠎ᠠ ᠪᠥᠬᠦᠶ ᠶᠠᠪᠤᠳᠠᠯ᠎ᠢ ᠳᠤᠤᠷᠠᠬᠢ ᠮᠡᠲᠦ ᠵᠠᠷᠯᠠᠶ᠎ᠠ᠄
ᠨᠢᠭᠡ᠂ ᠢᠳᠡᠭᠡᠨ ᠤᠮᠳᠠᠭᠠᠨ᠎ᠤ ᠲᠠᠯᠠᠪᠤᠷ ᠪᠠ ᠬᠣᠭᠣᠯᠠᠨ ᠬᠡᠷ᠎ᠦᠨ ᠬᠣᠭᠣᠯᠠᠯᠠᠬᠤ ᠬᠥᠮᠦᠨ᠎ᠦ ᠲᠣᠭ᠎ᠠ᠎ᠶ᠋ᠢ ᠭᠥᠯᠢᠶᠡᠨ ᠠᠪᠬᠤ ᠴᠢᠳᠠᠪᠤᠷᠢ᠎ᠶ᠋ᠢᠨ 50% ᠡᠴᠠ ᠬᠡᠲᠦᠷᠡᠭᠦᠯᠬᠦ᠌ ᠥᠬᠡᠶ ᠪᠠᠢᠬᠤ ᠬᠢᠵᠠᠭᠠᠷᠯᠠᠯ᠎ᠢ ᠬᠦᠴᠦᠨ ᠥᠬᠡᠶ ᠪᠣᠯᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠢᠳᠡᠭᠡᠨ᠎ᠦ ᠠᠮᠤᠷ ᠲᠦᠪᠱᠢᠨ᠎ᠢ ᠪᠠᠲᠤᠯᠠᠭ᠍ᠰᠠᠨ ᠤᠷᠢᠲᠠᠯ ᠳᠤᠤᠷ᠎ᠠ᠂ ᠢᠳᠡᠭᠡᠨ ᠤᠮᠳᠠᠭᠠᠨ᠎ᠤ ᠲᠠᠯᠠᠪᠤᠷ ᠪᠠ ᠬᠣᠭᠣᠯᠠᠨ ᠬᠡᠷ᠎ᠦᠨ ᠦᠶ᠋ᠯᠡᠴᠢᠯᠡᠭᠡ᠎ᠶ᠋ᠢ ᠪᠥᠬᠥ᠌ ᠲᠠᠯ᠎ᠠ᠎ᠪᠠᠷ ᠡᠮᠬᠢ ᠵᠢᠷᠤᠮ᠎ᠲᠠᠶ᠎ᠪᠠᠷ ᠨᠡᠭᠡᠭᠡᠨ᠎ᠡ᠃
ᠬᠤᠶᠠᠷ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠨᠢᠭᠡᠴᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠵᠢᠯᠯᠠᠵᠤ ᠪᠠᠢᠭ᠎ᠠ ᠬᠥᠮᠦᠰ᠎ᠤᠨ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠵᠦ᠍᠂ ᠠᠵᠢᠯᠯᠠᠵᠤ ᠪᠠᠢᠭ᠎ᠠ ᠬᠥᠮᠦᠰ᠎ᠤᠨ 《ᠠᠮᠠᠪᠴᠢ ᠵᠡᠭᠦᠬᠦ᠂ ᠪᠡᠶ᠎ᠡ᠎ᠶ᠋ᠢᠨ ᠳᠤᠯᠠᠭᠠᠨ᠎ᠢ ᠬᠡᠮᠵᠢᠬᠦ᠂ ᠺᠣᠳ᠋ ᠱᠢᠷᠪᠢᠬᠦ᠌》 ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠵᠣᠴᠢᠳ᠎ᠲᠠᠢ ᠱᠢᠭᠤᠳ ᠣᠢᠷᠠᠲᠤᠬᠤ ᠠᠵᠢᠯᠯᠠᠵᠤ ᠪᠠᠢᠭ᠎ᠠ ᠬᠥᠮᠦᠰ᠎ᠤᠨ ᠭᠠᠷ᠎ᠢ ᠠᠷᠢᠭᠤᠨ ᠴᠡᠪᠡᠷ ᠪᠠᠢᠯᠭᠠᠵᠤ᠂ ᠴᠠᠭ ᠲᠤᠬᠠᠶ᠎ᠳᠤᠨᠢ ᠠᠷᠢᠭᠤᠳᠭᠠᠬᠤ ᠬᠡᠷᠡᠭ᠌ᠲᠡᠶ᠃
ᠭᠤᠷᠪᠠ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠨᠢᠭᠡᠴᠢ᠎ᠨᠢ ᠣᠷᠣᠬᠤ ᠡᠭᠦᠳᠡᠨ᠎ᠤ ᠢᠯᠡ ᠭᠠᠵᠠᠷ᠎ᠲᠤ ᠲᠣᠰ ᠳᠠᠯᠠᠪᠤᠷ ᠤᠨ《ᠬᠥᠬᠡᠬᠤᠲᠠ᠎ᠶ᠋ᠢᠨ ᠺᠣᠳ᠋》 ᠵᠢᠠᠨ ᠨᠠᠭᠠᠵᠤ᠂ ᠬᠡᠷᠡᠭ᠌ᠯᠡᠭ᠌ᠴᠢᠳ᠎ᠤᠨ ᠪᠡᠶ᠎ᠡ᠎ᠶ᠋ᠢᠨ ᠳᠤᠯᠠᠭᠠᠨ᠎ᠢ ᠬᠡᠮᠵᠢᠬᠦ᠂ ᠠᠮᠠᠪᠴᠢ ᠵᠡᠭᠦᠬᠦ᠌ ᠪᠠ《ᠬᠥᠬᠡᠬᠤᠲᠠ᠎ᠶ᠋ᠢᠨ ᠺᠣᠳ᠋》᠎ᠢ ᠪᠠᠢᠴᠠᠭᠠᠬᠤ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠬᠡᠷᠡᠭ᠌ᠯᠡᠭ᠌ᠴᠢᠳ ᠡᠷᠬᠡᠪᠰᠢ ᠠᠮᠠᠪᠴᠢ ᠵᠡᠭᠦᠵᠦ᠍᠂ ᠲᠣᠰ ᠳᠡᠯᠠᠪᠤᠷᠤᠨ《ᠬᠥᠬᠡᠬᠤᠲᠠ᠎ᠶ᠋ᠢᠨ ᠺᠣᠳ᠋》ᠵᠢᠠᠨ ᠭᠠᠷᠭᠠᠵᠤ᠂ ᠪᠡᠶ᠎ᠡ᠎ᠶ᠋ᠢᠨ ᠳᠤᠯᠠᠭᠠᠨ᠎ᠨᠢ ᠬᠡᠪ᠎ᠤᠨ ᠬᠢ ᠪᠣᠯᠤᠭ᠍ᠰᠠᠨ᠎ᠤ ᠳᠠᠷᠠᠭ᠎ᠠ ᠰᠠᠶᠢ ᠳᠡᠯᠭᠡᠭᠦᠷ᠎ᠲᠤ ᠣᠷᠣᠵᠤ ᠬᠡᠷᠡᠭ᠌ᠯᠡᠵᠦ᠍ ᠪᠣᠯᠤᠨ᠎ᠠ᠂ 《ᠬᠥᠬᠡᠬᠤᠲᠠ᠎ᠶ᠋ᠢᠨ ᠺᠣᠳ᠋》 ᠨᠢ ᠱᠢᠷ᠎ᠠ ᠺᠣᠳ᠋᠂ ᠤᠯᠠᠭᠠᠨ ᠺᠣᠳ᠋ ᠪᠤᠯᠤᠭᠰᠠᠨ ᠬᠥᠮᠦᠰ᠎ᠤᠨ ᠣᠷᠣᠬᠤ᠎ᠶ᠋ᠢ ᠬᠤᠷᠢᠬᠯᠠᠬᠤ᠎ᠶ᠋ᠢᠨ ᠬᠠᠮᠲᠤ ᠬᠠᠷᠢᠶ᠎ᠠ ᠭᠠᠵᠠᠷ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠤᠳᠭᠤ ᠭᠠᠵᠠᠷ᠎ᠲᠤ ᠮᠡᠳᠡᠭᠦᠯᠬᠦ᠌ ᠬᠡᠷᠡᠭ᠌ᠲᠡᠶ᠃
ᠳᠥᠷᠪᠡ᠂ ᠬᠥᠮᠦᠨ ᠬᠠᠷ᠎ᠠ ᠬᠤᠷᠠᠨ ᠴᠤᠭ᠍ᠯᠠᠷᠠᠬᠤ᠎ᠶ᠋ᠢ ᠪᠠᠭᠠᠰᠭᠠᠨ᠎ᠠ᠃ ᠬᠤᠭᠤᠯᠠᠨ ᠭᠡᠷ᠎ᠤᠨ ᠳᠣᠲᠣᠨ᠎ᠠ ᠭᠠᠳᠠᠨᠠᠬᠢ ᠬᠦᠯᠢᠶᠡᠬᠦ᠌ ᠲᠣᠭᠤᠷᠢᠭ᠂ ᠬᠤᠭᠤᠯᠠ ᠠᠪᠬᠤ ᠲᠣᠭᠤᠷᠢᠭ᠂ ᠳᠠᠩᠰᠠ ᠪᠤᠳᠤᠬᠤ ᠲᠣᠭᠤᠷᠢᠭ ᠵᠡᠷᠭᠡ ᠬᠥᠮᠦᠰ᠎ᠤᠨ ᠠᠮᠠᠷᠬᠠᠨ ᠴᠤᠭ᠍ᠯᠠᠷᠠᠬᠤ ᠣᠷᠣᠨ᠎ᠳᠤ《ᠨᠢᠭᠡ ᠮᠧᠲᠷ᠎ᠤᠨ ᠱᠤᠭᠤᠮ》᠎ᠢ ᠬᠤᠪᠢᠶᠠᠷᠢᠯᠠᠨ ᠲᠣᠬᠢᠷᠠᠭᠤᠯᠬᠤ ᠬᠡᠷᠡᠭ᠌ᠲᠡᠶ; ᠬᠥᠮᠦᠨ᠎ᠤ ᠤᠷᠤᠰᠭᠠᠯ᠎ᠤᠨ ᠨᠢᠭ᠍ᠲᠠᠴᠠ᠎ᠶ᠋ᠢ ᠴᠢᠩᠭ᠎ᠠ ᠬᠢᠵᠠᠭᠠᠷᠯᠠᠵᠤ᠂ ᠬᠤᠭᠤᠯᠠ ᠢᠳᠡᠬᠦ᠌ ᠵᠠᠶ᠎ᠶ᠋ᠢ ᠵᠣᠬᠢᠰᠲᠠᠶ ᠪᠠᠢᠯᠭᠠᠵᠤ᠂ ᠣᠷᠣ ᠠᠯᠤᠰᠯᠠᠨ ᠰᠠᠭᠤᠬᠤ᠂ ᠤᠷᠢᠳᠴᠢᠯᠠᠨ ᠪᠣᠯᠵᠣᠵᠤ ᠬᠤᠭᠤᠯᠠ ᠢᠳᠡᠬᠦ᠂ ᠨᠣᠮᠧᠷ ᠳᠠᠭᠤᠳᠠᠵᠤ ᠬᠦᠯᠢᠶᠡᠬᠦ᠂ ᠦᠯᠦ᠍ ᠬᠦᠷᠦᠯᠴᠡᠬᠦ᠌ ᠮᠠᠶᠢᠭ᠎ᠤᠨ ᠬᠤᠭᠤᠯᠠ ᠵᠠᠬᠢᠶᠠᠯᠠᠬᠤ᠂ ᠪᠣᠭᠤᠳᠠᠯᠯᠠᠵᠤ ᠬᠦᠷᠭᠡᠳᠡᠭ ᠬᠤᠭᠤᠯᠠ ᠵᠠᠬᠢᠶᠠᠯᠠᠬᠤ᠎ᠶ᠋ᠢ ᠰᠠᠨᠠᠭᠠᠴᠢᠯᠠᠨ᠎ᠠ; ᠰᠠᠯᠭᠠᠵᠤ ᠬᠤᠭᠤᠯᠠᠯᠠᠬᠤ ᠳᠦᠷᠢᠮ᠎ᠢ ᠳᠡᠯᠭᠡᠷᠡᠭᠦᠯᠬᠦ᠌᠎ᠶ᠋ᠢᠨ ᠬᠠᠮᠲᠤ ᠨᠡᠢᠲᠡ᠎ᠶ᠋ᠢᠨ ᠰᠠᠪᠬᠠᠨᠡᠢᠲᠡᠶ᠋ᠢᠨ ᠱᠢᠨᠠᠭ᠎ᠠ ᠬᠠᠩᠭᠠᠵᠤ᠂ ᠰᠠᠯᠭᠠᠵᠤ ᠬᠤᠭᠤᠯᠠᠯᠠᠬᠤ ᠳᠦᠷᠢᠮ᠎ᠢ ᠪᠦᠷᠢᠯᠳᠦᠭᠦᠯᠦᠭᠡᠳᠦᠶ ᠪᠣᠯ ᠡᠷᠬᠡᠪᠰᠢ ᠱᠢᠷᠡᠭᠡ ᠪᠦᠷᠢ᠎ᠶ᠋ᠢᠨ ᠵᠣᠴᠢᠳ᠎ᠲᠤ ᠨᠡᠢᠲᠡ᠎ᠶ᠋ᠢᠨ ᠰᠠᠪᠬᠠᠨᠡᠢᠲᠡᠶ᠋ᠢᠨ ᠱᠢᠨᠠᠭ᠎ᠠ ᠵᠡᠷᠭᠡ ᠬᠤᠭᠤᠯᠠᠨ᠎ᠤ ᠬᠡᠷᠡᠭ᠌ᠰᠡᠯ ᠬᠠᠩᠭᠠᠵᠤ᠂ ᠰᠣᠯᠪᠢᠴᠠᠨ ᠬᠠᠯᠳᠠᠪᠤᠷᠢᠯᠠᠬᠤ᠎ᠠᠴᠠ ᠰᠡᠷᠭᠡᠢᠯᠡᠬᠦ᠌ ᠬᠡᠷᠡᠭ᠌ᠲᠡᠶ᠃
ᠲᠠᠪᠤ᠂ ᠬᠤᠭᠤᠯᠠ ᠢᠳᠡᠬᠦ᠌ ᠭᠠᠵᠠᠷ᠎ᠲᠤ ᠰᠠᠯᠬᠢ ᠨᠡᠪᠲᠡᠷᠡᠭᠦᠯᠬᠦ᠌᠎ᠶ᠋ᠢ ᠪᠠᠲᠤᠯᠠᠵᠤ᠂ ᠭᠡᠷ ᠳᠣᠲᠣᠷᠠᠬᠢ ᠠᠭᠠᠷ᠎ᠤᠨ ᠱᠢᠯᠵᠢᠯᠲᠡ᠎ᠶ᠋ᠢ ᠴᠢᠩᠭᠠᠳᠭᠠᠨ᠎ᠠ; ᠢᠳᠡᠭᠡᠨ ᠤᠮᠳᠠᠭᠠᠨ᠎ᠤ ᠪᠠᠭᠠᠵᠢ ᠬᠡᠷᠡᠭ᠌ᠰᠡᠯ᠎ᠤᠨ ᠲᠥᠬᠦᠭᠡᠷᠦᠮᠵᠢ᠎ᠶ᠋ᠢᠨ ᠠᠷᠢᠭᠤᠨ ᠴᠡᠪᠡᠷ᠎ᠢ ᠪᠠᠲᠤᠯᠠᠵᠤ᠂ ᠵᠤᠴᠢᠳ ᠰᠤᠯᠢᠬᠳᠠᠬᠤ ᠪᠦᠷᠢ ᠬᠤᠭᠤᠯᠠᠨ ᠱᠢᠷᠡᠭᠡ᠎ᠶ᠋ᠢ ᠠᠷᠢᠭᠤᠳᠭᠠᠨᠠ᠃
ᠵᠢᠷᠭᠤᠭ᠎ᠠ᠂ ᠤᠷᠤᠰᠢᠭᠤᠯᠭ᠎ᠠ ᠵᠢᠨ ᠶᠠᠪᠤᠳᠠᠯ᠎ᠢ ᠳᠥᠭᠦᠮᠴᠢᠯᠡᠬᠦ᠂ ᠬᠤᠷᠢᠮ ᠨᠠᠢᠷ᠎ᠤᠨ ᠶᠠᠪᠤᠳᠠᠯ᠎ᠢ ᠬᠤᠢᠱᠢᠯᠠᠭᠤᠯᠤᠨ ᠬᠢᠬᠦ᠂ ᠳᠠᠢᠯᠠᠯᠭ᠎ᠠ᠎ᠶ᠋ᠢ ᠦᠯᠦ᠍ ᠡᠷᠬᠢᠯᠡᠬᠦ᠌ ᠵᠠᠷᠴᠢᠮ᠎ᠢ ᠪᠠᠷᠢᠮᠲᠠᠯᠠᠵᠤ᠂ ᠳᠠᠢᠯᠠᠯᠭ᠎ᠠ᠂ ᠪᠠᠶᠠᠷ᠎ᠤᠨ ᠶᠣᠰᠣᠯᠠᠯ᠂ ᠬᠤᠷᠠᠯ ᠵᠡᠷᠭᠡ ᠵᠢᠨ ᠴᠤᠭ᠍ᠯᠠᠷᠠᠯ᠎ᠤᠨ ᠴᠢᠨᠠᠷᠲᠠᠶ ᠬᠤᠭᠤᠯᠠᠨ ᠰᠢᠷᠡᠭᠡ᠎ᠶ᠋ᠢ ᠲᠦᠷ ᠵᠠᠰᠠᠵᠤ ᠪᠣᠯᠬᠤ ᠦᠭᠡᠶ᠃
ᠳᠣᠯᠤᠭ᠎ᠠ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠨᠢᠭᠡᠴᠢ᠎ᠨᠦᠭᠦᠳ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ᠎ᠢᠶᠠᠷ ᠬᠦᠴᠦᠨ ᠦᠭᠡᠶ᠂ ᠬᠢᠵᠢᠭ᠎ᠤᠨ ᠪᠠᠢᠳᠠᠯ ᠣᠷᠣᠵᠤ ᠢᠷᠡᠭ᠌ᠰᠡᠨ᠂ ᠳᠡᠯᠭᠡᠷᠡᠭ᠌ᠰᠡᠨ᠂ ᠲᠠᠷᠬᠠᠭ᠍ᠰᠠᠨ ᠵᠡᠷᠭᠡ ᠬᠦᠨᠳᠦ ᠨᠣᠴᠢᠲᠠᠶ ᠦᠷ᠎ᠠ ᠳ᠋ᠦᠡᠭ ᠭᠠᠷᠭᠠᠭᠰᠠᠨ ᠪᠠᠢᠪᠠᠯ᠂ ᠬᠠᠤᠯᠢ ᠲᠣᠭ᠍ᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ᠌ ᠬᠡᠷᠡᠭ᠌ᠲᠡᠶ᠃
ᠨᠢ᠋ᠮᠠ᠂ ᠲᠣᠰ ᠠᠯᠪᠠᠨ ᠵᠠᠷᠯᠠᠯ᠎ᠢ 6 ᠰᠠᠷ᠎ᠠ᠎ᠶ᠋ᠢᠨ 12 ᠤᠨ ᠡᠳᠦᠷ᠎ᠠᠴᠠ ᠡᠬᠢᠯᠡᠨ ᠬᠡᠷᠡᠭ᠌ᠵᠢᠭᠦᠯᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠢ ᠦᠨᠳᠦᠰᠦᠯᠡᠨ ᠦᠷᠭᠦᠯᠵᠢᠯᠡᠨ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃
ᠬᠥᠬᠡᠬᠤᠲᠠ᠎ᠶ᠋ᠢᠨ ᠵᠠᠬ᠎ᠠ ᠳᠡᠯᠭᠡᠭᠦᠷᠤᠨᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ
2022 ᠣᠨ᠎ᠤ 6 ᠰᠠᠷ᠎ᠠ᠎ᠶ᠋ᠢᠨ 12 ᠤᠨ ᠡᠳᠦᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃