2022-07-16 20:24:19
ᠡᠨᠡ ᠵᠢᠯ᠎ᠤᠨ ᠡᠬᠢᠨ ᠡᠴᠡ᠂ ᠤᠯᠠᠭᠠᠨᠬᠠᠳᠠ ᠬᠤᠲᠠ ᠳ᠋ᠤ ᠤᠷᠢᠳ ᠬᠤᠵᠢᠳ 3 ᠤᠳᠠᠭ᠎ᠠ ᠬᠢᠵᠢᠭ᠎ᠦᠨ ᠪᠠᠢᠳᠠᠯ ᠢᠯᠡᠷᠡᠵᠡᠢ᠃ ᠬᠤᠲᠠ ᠳᠠᠶᠠᠭᠠᠷ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠠᠪᠤᠴᠠ᠎ᠳᠤ᠂ ᠠᠳᠠᠯ ᠠᠬᠤᠢ ᠶ᠋ᠢᠨ ᠬᠠᠮᠢᠶᠠᠷᠤᠯᠳᠠ ᠵᠢᠨ ᠠᠵᠢᠯᠳᠠᠳ ᠵᠤᠷᠢᠭ ᠲᠠᠢ ᠪᠡᠷ ᠰᠦᠷᠦᠨ ᠤᠷᠤᠭᠰᠢᠯᠠᠵᠤ᠂ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠬᠰᠠᠨ ᠦᠢᠯᠡ ᠠᠵᠢᠯᠯᠠᠭ᠎ᠠ ᠪᠡᠷ ᠵᠢᠡᠨ ᠶᠡᠬᠡ ᠬᠠᠢᠷ᠎ᠠ ᠵᠢ ᠭᠦᠢᠴᠡᠳ ᠢᠯᠡᠷᠡᠭᠦᠯᠪᠡ᠃
ᠭᠡᠨᠡᠳᠲᠡ ᠡᠭᠦᠰᠦᠭ᠌ᠰᠡᠨ ᠬᠢᠵᠢᠭ᠎ᠦᠨ ᠪᠠᠢᠳᠠᠯ᠎ᠤᠨ ᠡᠮᠦᠨ᠎ᠡ᠂ ᠤᠯᠠᠭᠠᠨᠬᠠᠳᠠ ᠬᠤᠳᠠ ᠶ᠋ᠢᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠂ ᠤᠯᠠᠭᠠᠨᠬᠠᠳᠠ ᠬᠤᠳᠠ᠎ᠶ᠋ᠢᠨ ᠠᠳᠠᠯ ᠠᠬᠤᠢ᠎ᠶ᠋ᠢᠨ ᠬᠠᠮᠢᠶᠠᠷᠤᠯᠳᠠ ᠵᠢᠨ ᠠᠵᠢᠯ ᠲᠦᠷᠦᠯ᠎ᠦᠨ ᠨᠠᠮ᠎ᠤᠨ ᠬᠣᠷᠢᠶ᠎ᠠ ᠦᠳᠳᠡᠷ ᠲᠦᠷᠬᠡᠨ ᠬᠦᠳᠡᠯᠦᠯᠴᠡᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 《ᠰᠠᠨᠠᠭᠠᠴᠢᠯᠠᠭ᠎ᠠ ᠶ᠋ᠢᠨ ᠪᠢᠴᠢᠭ》᠂ 《ᠢᠯᠡ ᠵᠠᠬᠢᠳᠠᠯ》᠎ᠢ᠋ ᠲᠠᠷᠬᠠᠭᠠᠵᠤ᠂ ᠥᠷᠭᠡᠨ ᠤᠯᠠᠨ ᠠᠳᠠᠯ ᠠᠬᠤᠢ᠎ᠶ᠋ᠢᠨ ᠬᠠᠮᠢᠶᠠᠷᠤᠯᠳᠠ ᠵᠢᠨ ᠠᠵᠤ ᠠᠬᠤᠢᠯᠠᠯ᠎ᠢ ᠳᠠᠢ᠌ᠴᠢᠯᠠᠨ ᠰᠠᠭᠤᠭᠠᠯᠢ ᠲᠣᠭᠣᠷᠢᠭ᠎ᠤᠨ ᠬᠢᠵᠢᠭ᠎ᠢ ᠰᠡᠷᠭᠡᠢᠯᠡᠬᠦ᠌ ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠰᠠᠬᠢᠵᠤ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ ᠪᠠ ᠠᠮᠢ ᠨᠠᠰᠤᠨ᠎ᠤ ᠠᠮᠤᠷ ᠲᠦᠪᠱᠢᠨ᠎ᠢ ᠪᠠᠲᠤᠯᠠᠪᠠ; ᠠᠳᠠᠯ ᠠᠬᠤᠶ᠎ᠶ᠋ᠢᠨ ᠬᠠᠮᠢᠶᠠᠷᠤᠯᠳᠠ ᠵᠢᠨ ᠠᠵᠢᠯᠲᠠᠳ ᠬᠦᠴᠢᠷ ᠪᠡᠷᠬᠡᠱᠢᠶᠡᠯ᠎ᠢ ᠬᠠᠮᠲᠤ᠎ᠪᠠᠷ ᠳᠤᠭᠤᠯᠵᠤ᠂ ᠡᠮᠦᠨ᠎ᠡ ᠹᠷᠣᠨᠲ᠎ᠲᠤ ᠭᠠᠪᠰᠢᠭᠠᠢᠯᠠᠵᠤ᠂ ᠣᠯᠠᠨ ᠲᠦᠮᠡᠨ᠎ᠦ ᠠᠮᠢᠳᠤᠷᠠᠯ᠎ᠤᠨ ᠡᠮᠬᠢ ᠳᠢᠭ᠌ᠯᠢᠮ᠎ᠢ ᠪᠥᠬᠥ᠌ ᠬᠦᠴᠦᠨ ᠢᠶᠡᠷ᠎ᠢᠶᠡᠨ ᠰᠠᠬᠢᠨ ᠬᠠᠮᠠᠭᠠᠯᠠᠵᠠᠢ᠃ ᠠᠳᠠᠯ ᠠᠬᠤᠶ᠎ᠶ᠋ᠢᠨ ᠬᠠᠮᠢᠶᠠᠷᠤᠯᠳᠠ ᠵᠢᠨ ᠠᠵᠢᠯᠲᠠᠳ᠎ᠦᠨ ᠤᠷᠢᠶᠠᠯᠠᠯ ᠳᠣᠣᠷ᠎ᠠ᠂ ᠰᠠᠭᠤᠭᠠᠯᠢ ᠠᠷᠠᠳ ᠰᠠᠨᠠᠭᠠᠴᠢᠯᠠᠭ᠎ᠠ᠎ᠠᠴᠠ᠎ᠪᠠᠨ ᠰᠠᠢᠨ ᠳᠤᠷ᠎ᠠ ᠵᠢᠨ ᠦᠢᠯᠡᠴᠢᠯᠡᠭᠴᠢ ᠵᠢᠨ ᠡᠩᠨᠡᠭᠡ ᠳ᠋ᠤ ᠨᠡᠷ᠎ᠡ ᠮᠡᠳᠡᠭᠦᠯᠵᠦ᠂ ᠳᠡᠯᠭᠡᠭᠦᠷ᠎ᠤᠨ ᠡᠵᠡᠨ ᠦᠨᠢᠶᠡᠨ ᠰᠦ᠂ ᠠᠮᠠᠪᠴᠢ ᠵᠡᠷᠭᠡ ᠢᠳᠡᠭᠡᠨ ᠤᠮᠲᠠᠭᠠᠨ ᠬᠡᠷᠡᠭᠯᠡᠭᠡᠨ᠎ᠤ ᠵᠦᠢᠯ ᠬᠠᠨᠳᠢᠪᠯᠠᠨ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠳ᠋ᠤ ᠬᠤᠪᠢ ᠨᠡᠮᠡᠷᠢ ᠦᠵᠡᠬᠦᠯᠵᠡᠢ᠃
ᠯᠢᠨᠰᠢ ᠱᠢᠶᠠᠨ᠎ᠤ ᠲᠦᠩ ᠳ᠋ᠦ᠋ ᠨᠡᠢᠭᠡᠮ ᠲᠣᠭᠣᠷᠢᠭ᠎ᠤᠨ ᠠᠳᠠᠯ ᠠᠬᠤᠢ᠎ᠶ᠋ᠢᠨ ᠦᠢᠯᠡᠴᠢᠯᠡᠭᠡᠨ᠎ᠦ ᠲᠥᠪ ᠲᠦ᠂ ᠠᠯᠪᠠᠨ ᠭᠡᠷ᠎ᠦᠨ ᠡᠳ᠋ᠯᠡᠯ ᠬᠡᠷᠡᠭ᠌ᠰᠡᠯ ᠨᠡᠭᠦᠯᠭᠡᠭ᠌ᠳᠡᠭ᠌ᠰᠡᠨ ᠣᠷᠣ ᠮᠥᠷ ᠢᠯᠡᠬᠡᠨ ᠬᠠᠷᠠᠭ᠍ᠳᠠᠨ᠎ᠠ᠃ 《11 ᠠᠵᠢᠯᠲᠠᠨ ᠡᠨᠳᠡ ᠤᠷᠤ ᠳᠡᠪᠢᠰᠴᠦ᠍ 10 ᠭᠠᠷᠤᠢ ᠡᠳᠦᠷ ᠬᠤᠨᠤᠬᠰᠠᠨ ᠶᠤᠮ》 ᠬᠡᠵᠥ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠶ᠋ᠢᠨ ᠱᠦᠵᠢ ᠭᠦᠸᠧ ᠵᠢᠩ ᠬᠣᠩ ᠶᠠᠷᠢᠨ᠎ᠠ᠃
ᠯᠢᠨᠰᠢ ᠱᠢᠶᠠᠨ᠎ᠢ ᠪᠢᠲᠡᠭᠦᠮᠵᠢᠯᠡᠨ ᠡᠵᠡᠮᠳᠡᠬᠦ᠌ ᠬᠤᠭᠤᠴᠠᠭᠠᠨ᠎ᠳᠤ᠂ ᠯᠢᠩ ᠴᠤᠸᠠᠨ ᠠᠳᠠᠯ ᠠᠬᠤᠢ᠎ᠶ᠋ᠢᠨ ᠬᠠᠮᠢᠶᠠᠷᠤᠯᠳᠠ ᠵᠢᠨ ᠺᠣᠮᠫᠠᠨᠢ ᠰᠠᠨᠠᠭᠠᠴᠢᠯᠠᠭ᠎ᠠ ᠡᠴᠠ᠎ᠪᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠡᠴᠡ ᠠᠵᠢᠯ ᠭᠤᠶᠤᠴᠢᠯᠠᠵᠤ᠂ ᠬᠠᠮᠤᠭ᠎ᠤᠨ ᠲᠦᠷᠦᠭᠦᠨ᠎ᠳᠦ ᠠᠵᠢᠯ᠎ᠤᠨ ᠲᠤᠰᠭᠠᠢ ᠠᠩᠬᠢ ᠵᠢ ᠪᠠᠢᠭᠤᠯᠵᠤ᠂ ᠠᠵᠢᠯᠳᠠᠨ᠎ᠢ ᠵᠣᠬᠢᠶᠠᠨ ᠪᠠᠢᠭᠤᠯᠤᠨ ᠠᠵᠢᠯ᠎ᠤᠨ ᠪᠠᠢᠷᠢ᠎ᠳᠤᠨᠢ ᠪᠤᠴᠠᠭᠠᠵᠤ᠂ 24 ᠴᠠᠭ ᠵᠢᠡᠷ ᠵᠠᠷᠯᠢᠭ ᠬᠦᠯᠢᠶᠡᠵᠦ᠍᠂ ᠪᠦᠬᠦ᠌ ᠠᠵᠢᠯᠳᠠᠨ᠎ᠢ ᠲᠠᠢ᠌ᠴᠢᠯᠠᠨ ᠪᠢᠲᠡᠭᠦᠮᠵᠢᠯᠡᠨ ᠬᠠᠮᠢᠶᠠᠷᠬᠤ ᠪᠠ ᠪᠥᠭᠡᠮ ᠬᠦᠴᠢᠯ᠎ᠢ ᠪᠠᠢᠴᠠᠭᠠᠨ ᠱᠢᠯᠭᠠᠬᠤ ᠠᠵᠢᠯ᠎ᠢ ᠳᠡᠮᠵᠢᠨ᠂ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠦᠴᠦᠨ᠎ᠢ ᠨᠡᠮᠡᠭ᠌ᠳᠡᠭᠦᠯᠵᠦ᠍ ᠶᠡᠬᠡᠭᠡᠨ ᠲᠤᠰᠠ ᠪᠣᠯᠤᠭ᠍ᠰᠠᠨ ᠶᠤᠮ᠃
ᠣᠢᠯᠠᠭᠠᠭ᠍ᠰᠠᠨ᠎ᠢᠶᠠᠷ᠂ ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ ᠡᠭᠦᠰᠦᠭ᠌ᠰᠡᠨ᠎ᠡᠴᠡ ᠨᠠᠭᠠᠰᠢ᠂ ᠤᠯᠠᠭᠠᠨᠬᠠᠳᠠ ᠬᠤᠳᠠ᠎ᠶ᠋ᠢᠨ 200 ᠭᠠᠷᠤᠢ ᠠᠳᠠᠯ ᠠᠬᠤᠢ᠎ᠶ᠋ᠢᠨ ᠬᠠᠮᠢᠶᠠᠷᠤᠯᠳᠠ ᠵᠢᠨ ᠠᠵᠤ ᠠᠬᠤᠢᠯᠠᠯ ᠨᠠᠮ᠎ᠤᠨ ᠤᠷᠢᠶᠠᠯᠠᠭ᠎ᠠ ᠵᠢ ᠳᠠᠭᠠᠵᠤ᠂ ᠮᠠᠢᠬᠠᠨ ᠪᠤᠰᠭᠠᠬᠤ᠂ ᠡᠳ᠋ ᠪᠣᠳᠠᠰ ᠪᠡᠯᠡᠳᠭᠡᠬᠦ᠂ ᠡᠮᠬᠢ ᠳᠢᠭ᠌ᠯᠢᠮ᠎ᠢ ᠬᠠᠮᠠᠭᠠᠯᠠᠬᠤ᠂ ᠺᠤᠳ᠋ ᠰᠢᠷᠪᠢᠨ ᠳᠠᠩᠰᠠᠯᠠᠬᠤ᠂ ᠠᠷᠢᠭᠤᠳᠭᠠᠨ ᠴᠡᠪᠡᠷᠯᠡᠬᠦ᠂ ᠭᠡᠨᠡᠳᠲᠡ᠎ᠶ᠋ᠢᠨ ᠪᠠᠢᠳᠠᠯ᠎ᠢ ᠠᠷᠭᠠᠴᠠᠭᠠᠬᠤ ᠬᠡᠮᠡᠨ ᠡᠳᠦᠷ ᠰᠥᠨᠢ ᠦᠬᠡᠢ ᠲᠡᠮᠡᠴᠡᠵᠤ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠡᠷᠡᠭᠦᠯ ᠮᠡᠨᠳᠦ᠍ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠪᠠᠲᠤᠯᠠᠵᠤ᠂ ᠬᠢᠵᠢᠭ᠎ᠦᠨ ᠪᠠᠢᠳᠠᠯ ᠢᠯᠡᠷᠡᠭᠰᠡᠨ ᠬᠠᠳᠠᠭᠤ ᠱᠢᠯᠭᠠᠯᠲᠠ᠎ᠶ᠋ᠢᠨ ᠡᠮᠦᠨ᠎ᠡ ᠬᠢᠵᠢᠭ᠎ᠢ ᠰᠡᠷᠭᠡᠢᠯᠡᠬᠦ᠌ ᠶᠡᠬᠡ ᠬᠠᠱᠢᠯᠭ᠎ᠠ᠎ᠶ᠋ᠢ ᠪᠤᠰᠭᠠᠬᠰᠠᠨ ᠶᠤᠮ᠃
《ᠣᠳᠣᠬᠠᠨ᠎ᠳᠤ ᠬᠡᠳᠦᠢᠪᠡᠷ ᠪᠢᠲᠡᠭᠦᠮᠵᠢᠯᠡᠯ᠎ᠢ ᠲᠠᠢᠯᠤᠭ᠍ᠰᠠᠨ ᠪᠣᠯᠪᠠᠴᠤ᠌ ᠬᠥᠩᠭᠡᠨ ᠬᠠᠭᠤᠮᠠᠭᠠᠶ᠎ᠪᠠᠷ ᠬᠠᠨᠳᠤᠵᠤ ᠪᠣᠯᠬᠤ ᠦᠭᠡᠶ᠂ ᠪᠢᠳᠡ ᠡᠷᠬᠡᠪᠰᠢ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠩᠭᠤ᠎ᠶ᠋ᠢᠨ ᠠᠵᠢᠯ᠎ᠢ ᠰᠠᠢᠲᠤᠷ ᠬᠢᠵᠦ᠍᠂ ᠤᠳᠤ ᠵᠢᠨ ᠤᠯᠤᠭᠰᠠᠨ ᠬᠢᠵᠢᠭ᠎ᠢ ᠰᠡᠷᠭᠡᠢᠯᠡᠨ ᠡᠵᠡᠮᠳᠡᠬᠦ ᠦᠷ᠎ᠡ ᠪᠦᠲᠦᠮᠵᠢ ᠵᠢ ᠡᠷᠡᠰ ᠪᠠᠲᠤ ᠰᠠᠬᠢᠨ᠎ᠠ》 ᠭᠡᠵᠦ᠍ᠤᠯᠠᠭᠠᠨᠬᠠᠳᠠᠶ᠋ᠢᠨ ᠯᠢᠤᠢ ᠴᠸᠩ ᠠᠳᠠᠯ ᠠᠬᠤᠢ᠎ᠶ᠋ᠢᠨ ᠬᠠᠮᠢᠶᠠᠷᠤᠯᠳᠠ ᠵᠢᠨ ᠺᠣᠮᠫᠠᠨᠢ᠎ᠶ᠋ᠢᠨ ᠨᠠᠮ᠎ᠤᠨ ᠡᠭᠦᠷ᠎ᠦᠨ ᠱᠦᠵᠢ᠂ ᠶᠡᠷᠦᠩᠬᠡᠢ ᠳᠠᠭᠠᠭᠠᠮᠠᠯ ᠵᠢᠶᠠ ᠱᠢᠶᠤᠤ ᠹᠸᠩ ᠬᠡᠯᠡᠨ᠎ᠠ᠃
ᠡᠨᠡ ᠨᠢᠬᠡ ᠵᠢᠯ ᠭᠠᠷᠤᠢ ᠵᠢᠠ ᠬᠤᠭᠤᠴᠠᠭᠠᠠ ᠳ᠋ᠤ᠂ ᠤᠯᠠᠭᠠᠨᠬᠠᠳᠠ ᠬᠣᠲᠠ ᠠᠳᠠᠯ ᠠᠬᠤᠶ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠲᠤ ᠨᠢᠭᠡᠳᠦᠯᠲᠡᠶ ᠬᠢᠨᠠᠯᠲᠠ ᠲᠠᠯᠪᠢᠬᠤ ᠲᠠᠪᠴᠠᠩ ᠪᠠ ᠢᠲᠡᠭᠡᠮᠵᠢ᠎ᠶ᠋ᠢᠨ ᠦᠨᠡᠯᠡᠯᠲᠡ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠢ ᠠᠱᠢᠭ᠍ᠯᠠᠯᠲᠠ᠎ᠳᠤ ᠣᠷᠣᠭᠤᠯᠤᠨ ᠬᠡᠷᠡᠭ᠌ᠯᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠣᠷᠣᠯᠴᠠᠭᠰᠠᠨ᠎ᠢ ᠦᠨᠡᠯᠡᠬᠦ᠌ ᠴᠢᠬᠤᠯᠠ ᠭᠦᠶ᠋ᠴᠡᠳᠭᠡᠯ ᠲᠣᠭ᠎ᠠ᠎ᠶ᠋ᠢᠨ ᠨᠢᠭᠡ ᠪᠣᠯᠭᠠᠵᠤ᠂ ᠨᠢᠭᠡ ᠪᠦᠯᠦᠭ《ᠣᠳᠣᠨ ᠲᠠᠰ᠎ᠤᠨ ᠠᠳᠠᠯ ᠠᠬᠤᠶ》᠂《ᠬᠠᠮᠤᠭ᠎ᠤᠨ ᠭᠣᠶᠣ ᠠᠳᠠᠯ ᠠᠬᠤᠶ᠎ᠶ᠋ᠢᠨ ᠠᠵᠢᠯᠲᠠᠨ》᠎ᠢ᠋ ᠱᠢᠯᠭᠠᠷᠠᠭᠤᠯᠵᠤ᠂ ᠥᠷᠭᠡᠨ ᠣᠯᠠᠨ ᠠᠳᠠᠯ ᠠᠬᠤᠶ᠎ᠶ᠋ᠢᠨ ᠬᠠᠮᠢᠶᠠᠷᠤᠯᠳᠠ ᠵᠢᠨ ᠠᠵᠤ ᠠᠬᠤᠢᠯᠠᠯ ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠲᠤᠮᠳᠠ ᠱᠢᠨ᠎ᠡ ᠭᠠᠪᠢᠶ᠎ᠠ ᠪᠠᠢᠭᠤᠯᠬᠤ᠎ᠶ᠋ᠢ ᠵᠣᠷᠢᠭ᠍ᠵᠢᠭᠤᠯᠤᠭᠰᠠᠠ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃