ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-07-23 21:34:01

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

7 ᠰᠠᠷ᠎ᠠ᠎ᠶ᠋ᠢᠨ 21᠎ᠦ ᠦᠳᠡ᠎ᠶ᠋ᠢᠨ ᠬᠣᠢᠨ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ ᠳᠤᠭᠳᠠᠴᠠ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠱᠢᠨᠵᠢᠯᠡᠬᠦ᠌ ᠤᠬᠠᠭᠠᠨᠴᠢ᠂ ᠨᠠᠷᠢᠯᠢᠭ ᠣᠨᠣᠴᠠᠲᠠᠶ᠎ᠪᠠᠷ ᠰᠠᠢᠲᠤᠷ ᠬᠢᠬᠦ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃

ᠪᠦᠬᠦ᠌ ᠤᠯᠤᠰ᠎ᠤᠨ ᠰᠡᠷᠭᠡᠢᠯᠡᠨ ᠡᠵᠡᠮᠳᠡᠬᠦ᠌ ᠪᠠᠢᠳᠠᠯ ᠬᠦᠨᠳᠦ ᠪᠤᠳᠤᠯᠢᠶᠠᠨᠲᠠᠶ ᠪᠠᠢᠨ᠎ᠠ

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠰᠣᠨᠢᠨ ᠮᠡᠳᠡᠭᠡᠨ᠎ᠦ ᠥᠭᠦᠯᠡᠭ᠌ᠴᠢ ᠮᠢ ᠹᠸᠩ ᠢᠯᠡᠷᠬᠡᠢᠯᠡᠬᠦ᠌᠎ᠳᠡᠭᠡᠨ᠂ ᠣᠢᠷ᠎ᠠ᠎ᠶ᠋ᠢᠨ ᠬᠤᠭᠤᠴᠠᠭᠠᠨ᠎ᠳᠤ ᠪᠥᠬᠥ᠌ ᠤᠯᠤᠰ᠎ᠤᠨ ᠣᠯᠠᠨ ᠭᠠᠵᠠᠷ᠎ᠤᠨ ᠬᠢᠨ ᠲᠤᠬᠠᠢ᠎ᠵᠢᠨ ᠭᠠᠵᠠᠷ᠎ᠤᠨ ᠲᠥᠪᠯᠡᠷᠡᠯ᠎ᠤᠨ ᠴᠢᠨᠠᠷᠲᠠᠶ ᠬᠢᠵᠢᠭ᠎ᠦᠨ ᠪᠠᠢᠳᠠᠯ᠎ᠢ ᠮᠡᠳᠡᠭᠦᠯᠵᠦ᠍᠂ ᠣᠯᠠᠨ ᠵᠦᠶ᠋ᠯ᠎ᠦᠨ ᠬᠠᠯᠳᠠᠪᠤᠷᠢᠯᠠᠯ᠎ᠤᠨ ᠬᠡᠯᠬᠢᠶ᠎ᠡ ᠣᠷᠣᠱᠢᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠢᠨ᠎ᠠ ᠭᠡᠵᠡᠶ᠃

ᠬᠢᠵᠢᠭ ᠡᠭᠦᠰᠦᠭᠰᠡᠨ ᠭᠠᠵᠠᠷ ᠣᠷᠣᠨ᠎ᠳᠤ ᠡᠳᠡᠭᠡᠷ ᠨᠥᠬᠥᠴᠡᠯ᠎ᠢ ᠬᠠᠩᠭᠠᠪᠠᠯ ᠪᠦᠬᠦ᠌ ᠠᠷᠠᠳ᠎ᠤᠨ ᠪᠥᠭᠡᠮ ᠬᠦᠴᠢᠯ᠎ᠤᠨ ᠪᠠᠢᠴᠠᠭᠠᠯᠲᠠ ᠬᠢᠬᠦ ᠬᠡᠷᠡᠭ ᠦᠭᠡᠢ

ᠳᠤᠮᠳᠠᠳᠤ ᠤᠯᠤᠰ᠎ᠤᠨ ᠡᠪᠡᠳᠴᠢᠨ ᠬᠢᠵᠢᠭ᠎ᠢ ᠰᠡᠷᠭᠡᠢᠯᠡᠨ ᠬᠢᠵᠠᠭᠠᠷᠯᠠᠬᠤ ᠲᠥᠪ᠎ᠦᠨ ᠰᠤᠳᠤᠯᠤᠭᠠᠴᠢ ᠸᠠᠩ ᠯᠢ ᠫᠢᠩ᠎ᠦᠨ ᠲᠠᠨᠢᠯᠴᠠᠭᠤᠯᠤᠭ᠍ᠰᠠᠨ ᠎ᠢᠶᠠᠷ᠂ ᠬᠢᠵᠢᠭ᠎ᠦᠨ ᠪᠠᠢᠳᠠᠯ ᠡᠭᠦᠰᠦᠭ᠌ᠰᠡᠨ᠎ᠦ ᠳᠠᠷᠠᠭ᠎ᠠ᠂ ᠬᠡᠷᠪᠡ ᠬᠢᠵᠢᠭ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ᠂ ᠶᠡᠷᠦᠩᠬᠡᠢᠯᠡᠭ᠌ᠰᠡᠨ ᠲᠦᠭ᠌ᠰᠢᠭᠦᠷᠢ᠎ᠶ᠋ᠢ ᠰᠤᠳᠤᠯᠤᠨ ᠮᠠᠭᠠᠳᠯᠠᠬᠤ᠎ᠪᠠᠷ ᠳᠡᠮᠵᠢᠨ᠂ ᠬᠠᠯᠳᠠᠪᠤᠷᠢᠯᠠᠯ᠎ᠤᠨ ᠢᠷᠡᠯᠲᠡ ᠨᠢ ᠲᠣᠳᠣᠷᠬᠠᠶ᠂ ᠬᠠᠯᠳᠠᠪᠤᠷᠢᠯᠠᠯ᠎ᠤᠨ ᠬᠡᠯᠬᠢᠶ᠎ᠡ ᠨᠢ ᠲᠣᠳᠣᠷᠬᠠᠶ᠂ ᠨᠡᠢᠭᠡᠮ ᠲᠣᠭᠣᠷᠢᠭ᠎ᠲᠤ ᠬᠠᠯᠳᠠᠪᠤᠷᠢᠯᠠᠭ᠍ᠰᠠᠨ ᠥᠬᠡᠶ ᠪᠠᠢᠪᠠᠯ᠂ ᠬᠢᠵᠢᠭ᠎ᠦᠨ ᠪᠠᠢᠳᠠᠯ ᠡᠭᠦᠰᠦᠭ᠌ᠰᠡᠨ ᠣᠷᠣᠨ᠎ᠳᠦ ᠪᠥᠬᠥ᠌ ᠠᠷᠠᠳ᠎ᠤᠨ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠴᠢᠬᠤᠯᠠ ᠥᠬᠡᠶ᠃ ᠲᠦᠭ᠌ᠰᠢᠭᠦᠷᠢᠲᠡᠶ ᠣᠷᠣᠨ ᠪᠦᠰᠡ ᠪᠣᠯᠤᠨ ᠴᠠᠭ ᠬᠤᠭᠤᠴᠠᠭ᠎ᠠ ᠪᠠ ᠣᠷᠣᠨ ᠵᠠᠶ᠎ᠶ᠋ᠢᠨ ᠳᠠᠪᠬᠤᠴᠠᠯ᠎ᠲᠠᠶ ᠬᠥᠮᠦᠰ᠎ᠲᠦ ᠪᠦᠭᠡᠮ ᠬᠦᠴᠢᠯ᠎ᠦᠨ ᠪᠠᠢᠴᠠᠭᠠᠯᠲᠠ ᠦᠷᠨᠢᠭᠦᠯᠬᠦ᠎ᠵᠢ ᠴᠢᠬᠤᠯᠠᠴᠢᠯᠠᠪᠠᠯ ᠪᠤᠯᠴᠢᠬᠠᠨ᠎ᠠ᠃

ᠬᠢᠵᠢᠭ᠎ᠦᠨ ᠪᠠᠢᠳᠠᠯ ᠥᠬᠡᠶ ᠭᠠᠵᠠᠷ ᠣᠷᠣᠨ᠎ᠳᠤ ᠲᠦᠭ᠌ᠰᠢᠭᠦᠷᠢ᠎ᠶ᠋ᠢᠨ ᠣᠷᠣᠨ ᠬᠤᠪᠢᠶᠠᠬᠤ ᠴᠢᠬᠤᠯᠠ ᠥᠬᠡᠶ

ᠸᠠᠩ ᠯᠢ ᠫᠢᠩ᠎ᠦᠨ ᠲᠠᠨᠢᠯᠴᠠᠭᠤᠯᠤᠭ᠍ᠰᠠᠨ᠎ᠢᠶᠠᠷ᠂ ᠥᠨᠳᠥᠷ ᠳᠤᠮᠳᠠ ᠳᠣᠸ᠋ᠷ᠎ᠠ ᠲᠦᠭ᠌ᠰᠢᠭᠦᠷᠢᠲᠡᠶ ᠣᠷᠣᠨ᠎ᠤ ᠬᠤᠪᠢᠶᠠᠷᠢᠯᠠᠯ᠎ᠢ ᠬᠢᠵᠢᠭ᠎ᠦᠨ ᠪᠠᠢᠳᠠᠯ ᠭᠠᠷᠤᠭ᠍ᠰᠠᠨ ᠱᠢᠶᠠᠨ (ᠬᠣᠲᠠ᠂ ᠲᠣᠭᠣᠷᠢᠭ᠂ ᠬᠣᠱᠢᠭᠤ)᠎ᠤ ᠳᠣᠲᠣᠷ᠎ᠠ ᠬᠤᠪᠢᠶᠠᠷᠢᠯᠠᠨ᠎ᠠ᠃ ᠬᠢᠵᠢᠭ᠎ᠦᠨ ᠪᠠᠢᠳᠠᠯ ᠭᠠᠷᠤᠭ᠍ᠰᠠᠨ ᠥᠬᠡᠶ ᠱᠢᠶᠠᠨ(ᠬᠣᠲᠠ᠂ ᠲᠣᠭᠣᠷᠢᠭ᠂ ᠬᠣᠱᠢᠭᠤ)᠎ᠤ ᠪᠥᠬᠥ᠌ ᠣᠷᠣᠨ ᠪᠦᠰᠡ᠎ᠳᠦ ᠪᠠᠢᠩᠭᠤ᠎ᠶ᠋ᠢᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ᠃ ᠣᠷᠣᠨ ᠪᠦᠰᠡ ᠠᠯᠤᠰᠯᠠᠨ ᠭᠠᠳᠠᠭ᠍ᠰᠢ ᠭᠠᠷᠤᠭ᠍ᠰᠠᠨ ᠲᠦᠭ᠌ᠰᠢᠭᠦᠷᠢᠲᠡᠶ ᠣᠷᠣᠨ᠎ᠤ ᠬᠥᠮᠦᠰ᠎ᠲᠦ᠂ ᠱᠢᠯᠵᠢᠨ ᠣᠴᠢᠭ᠍ᠰᠠᠨ ᠭᠠᠵᠠᠷ᠎ᠲᠤᠨᠢ 7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠨ᠎ᠠ︔ᠣᠷᠣᠨ ᠪᠦᠰᠡ ᠠᠯᠤᠰᠯᠠᠨ ᠰᠢᠯᠵᠢᠭᠰᠡᠨ ᠳᠤᠮᠳᠠ ᠲᠦᠭ᠌ᠰᠢᠭᠦᠷᠢᠲᠦ ᠣᠷᠣᠨ᠎ᠤ ᠬᠥᠮᠦᠰ᠎ᠲᠦ 7 ᠡᠳᠦᠷ᠎ᠦᠨ ᠬᠡᠷ ᠪᠦᠯᠢ᠎ᠶ᠋ᠢᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠨ᠎ᠠ᠃ ᠣᠷᠣᠨ ᠪᠦᠰᠡ ᠠᠯᠤᠰᠯᠠᠨ ᠭᠠᠳᠠᠭ᠍ᠰᠢ ᠭᠠᠷᠤᠭ᠍ᠰᠠᠨ ᠲᠦᠭ᠌ᠰᠢᠭᠦᠷᠢ ᠪᠠᠭᠠᠲᠠᠶ ᠣᠷᠣᠨ ᠪᠦᠰᠡ᠎ᠶ᠋ᠢᠨ ᠬᠥᠮᠦᠰ᠎ᠲᠦ ᠲᠤᠰᠠᠭᠠᠷᠯᠠᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠠᠪᠬᠤ ᠴᠢᠬᠤᠯᠠ ᠥᠬᠡᠶ᠂ ᠭᠡᠪᠡᠴᠦ᠍ 3 ᠡᠳᠦᠷ᠎ᠦᠨ ᠳᠣᠲᠣᠷ᠎ᠠ ᠬᠣᠶᠠᠷ ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠡ ᠬᠢᠬᠦ᠎ᠶ᠋ᠢ ᠪᠡᠶᠡᠯᠡᠭᠦᠯᠬᠦ᠌᠎ᠶ᠋ᠢᠨ ᠬᠠᠮᠲᠤ ᠬᠤᠪᠢ ᠬᠥᠮᠦᠨ᠎ᠦ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠬᠦ᠌ ᠬᠡᠷᠡᠭ᠌ᠲᠡᠶ᠃

ᠱᠢᠨ᠎ᠡ ᠲᠢᠲᠢᠮᠯᠢᠭ ᠸᠢᠷᠦ᠋ᠰ᠎ᠦᠨ ᠣᠨᠳᠣᠣᠱᠢᠯ ᠤᠷᠲᠤ ᠬᠤᠭᠤᠴᠠᠭ᠎ᠠ᠎ᠪᠠᠷ ᠣᠷᠣᠱᠢᠨ᠎ᠠ

ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠲᠥᠪ᠎ᠦᠨ ᠸᠢᠷᠦ᠋ᠰ ᠰᠤᠳᠤᠯᠤᠯ᠎ᠤᠨ ᠲᠡᠷᠢᠭᠦᠯᠡᠬᠦ ᠲᠤᠰᠭᠠᠶ ᠮᠡᠷᠭᠡᠵᠢᠯᠲᠡᠨ ᠳ᠋ᠦᠩ ᠱᠢᠶᠤᠤ ᠫᠢᠩ᠎ᠦᠨ ᠲᠠᠨᠢᠯᠴᠠᠭᠤᠯᠤᠭ᠍ᠰᠠᠨ᠎ᠢᠶᠠᠷ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠣᠯᠠᠩᠬᠢ ᠡᠷᠳᠡᠮᠲᠡᠳ᠎ᠦᠨ ᠦᠵᠡᠬᠦ᠌᠎ᠪᠡᠷ᠂ ᠱᠢᠨ᠎ᠡ ᠲᠢᠲᠢᠮᠯᠢᠭ ᠸᠢᠷᠦ᠋ᠰ᠎ᠦᠨ ᠤᠨᠳᠤᠤᠰᠢᠯ ᠣᠷᠳᠣ ᠬᠤᠭᠤᠴᠠᠭ᠎ᠠ᠎ᠪᠠᠷ ᠣᠷᠣᠱᠢᠨ᠎ᠠ᠂ ᠤᠮᠢᠺᠷᠤᠨ ᠣᠨᠳᠣᠣᠱᠢᠭ᠍ᠰᠠᠨ ᠸᠢᠷᠦ᠋ᠰ ᠨᠢ ᠡᠴᠦᠰ᠎ᠦᠨ ᠨᠢᠭᠡ ᠣᠨᠳᠣᠣᠱᠢᠯ ᠸᠢᠷᠦ᠋ᠰ ᠪᠣᠯᠬᠤ ᠪᠣᠯᠤᠯᠴᠠᠭ᠎ᠠ ᠥᠬᠡᠶ᠃ ᠣᠨᠳᠣᠣᠱᠢᠭ᠍ᠰᠠᠨ ᠸᠢᠷᠦ᠋ᠰ᠎ᠤᠨ ᠡᠭᠦᠰᠭᠡᠬᠦ ᠬᠠᠯᠳᠠᠪᠤᠷᠢᠯᠠᠬᠤ ᠴᠢᠳᠠᠯ᠂ ᠡᠪᠡᠳᠴᠢᠯᠡᠭᠦᠯᠬᠦ᠌ ᠴᠢᠳᠠᠯ ᠪᠠ ᠡᠭᠡᠯᠢᠯᠡᠭᠡ ᠡᠴᠡ ᠲᠤᠲᠠᠭᠠᠬᠤ ᠴᠢᠳᠠᠪᠤᠷᠢ᠎ᠳᠤ ᠦᠵᠡᠭᠦᠯᠬᠦ᠌ ᠨᠥᠯᠥᠭᠡ ᠨᠢ ᠮᠠᠨ᠎ᠤ ᠤᠷᠲᠤ ᠬᠤᠭᠤᠴᠠᠭ᠎ᠠ᠎ᠪᠠᠷ ᠠᠩᠬᠠᠷᠬᠤ ᠴᠢᠬᠤᠯᠠ ᠵᠦᠢᠯ ᠪᠣᠯᠤᠨ᠎ᠠ᠃

ᠢᠷᠡᠯᠲᠡ ᠄ ᠲᠦᠪ ᠲᠧᠯᠸᠢᠰ᠎ᠤᠨ ᠰᠤᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面