ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠵᠢᠷᠤᠭᠲᠤ ᠮᠡᠳᠡᠭᠡᠯᠡᠯ

2020-02-02 15:20:32

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢᠨ᠎ᠡ ᠬᠡᠯᠪᠡᠷᠢ᠎ᠶᠢᠨ ᠲᠢᠳᠢᠮᠯᠢᠭ ᠸᠢᠷᠦᠢᠰ᠎ᠡᠴᠠ ᠬᠠᠯᠳᠠᠪᠤᠷᠢᠯᠠᠬᠰᠠᠠ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠵᠥ ᠪᠠᠢᠭ᠎ᠠ ᠵᠠᠩᠬᠢᠯᠠᠭ᠎ᠠ᠎ᠶᠢᠨ ᠦᠶ᠎ᠡ᠎ᠳ᠋ᠤ ᠂ ᠪᠦᠬᠦ ᠤᠷᠤᠨ᠎ᠤ ᠡᠯ᠎ᠠ ᠭᠠᠵᠠᠷ᠎ᠤᠨ᠎ᠬᠢᠨ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶᠢᠨ ᠲᠠᠢᠴᠢᠨ ᠪᠡᠬᠢᠯᠡᠯᠳᠡ᠎ᠶᠢᠨ ᠦᠢᠯᠡᠳᠦᠯ ᠪᠤᠯᠤᠨ ᠡᠪ ᠬᠠᠮᠳᠤ ᠨᠠᠮ᠎ᠤᠨ ᠬᠡᠰᠢᠬᠦᠨ᠎ᠤ ᠬᠤᠰᠢᠭᠤᠴᠢ ᠵᠢᠱᠢᠶᠡᠴᠢ᠎ᠶᠢᠨ ᠦᠢᠯᠡᠳᠦᠯ᠎ᠢ ᠬᠦᠢᠴᠡᠳ ᠪᠠᠳᠠᠷᠠᠭᠤᠯᠵᠥ ᠂ ᠤᠯᠠᠨ ᠲᠦᠮᠡᠡ᠎ᠢ ᠵᠤᠬᠢᠶᠠᠨ ᠪᠠᠢᠭᠤᠯᠤᠨ ᠲᠠᠢᠴᠢᠯᠠᠵᠥ ᠪᠠᠢᠭᠠᠳ ᠬᠤᠯᠪᠤᠭᠠᠯᠠᠨ ᠰᠡᠷᠬᠡᠢᠯᠡᠵᠥ ᠬᠤᠯᠪᠤᠭᠠᠯᠠᠨ ᠡᠵᠡᠮᠳᠡᠵᠥ ᠂ ᠡᠯ᠎ᠡ ᠵᠦᠢᠯ᠎ᠤᠨ ᠰᠡᠷᠬᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠴᠢᠩᠭ᠎ᠠ ᠬᠦᠴᠦᠳᠠᠢ ᠮᠦᠷᠳᠡᠬᠡᠨ ᠦᠷ᠎ᠠ ᠪᠦᠳᠦᠮᠵᠢᠳᠡᠢ ᠨᠠᠢᠳᠠᠪᠤᠷᠢᠵᠢᠭᠤᠯᠵᠥ ᠂ ᠬᠢᠵᠢᠭ᠎ᠤᠨ ᠪᠠᠢᠳᠠᠯ᠎ᠢ ᠬᠤᠷᠢᠬᠯᠠᠨ ᠠᠷᠢᠯᠭᠠᠬᠤ ᠲᠠᠢᠯᠠᠯᠳᠤᠭᠠᠨ᠎ᠤ ᠪᠤᠯᠤᠳ ᠬᠡᠷᠡᠮ ᠲᠡᠮᠤᠷ ᠬᠠᠨ᠎ᠠ᠎ᠶᠢ ᠪᠠᠢᠭᠤᠯᠤᠨ ᠪᠡᠬᠢᠵᠢᠬᠦᠯᠵᠤ ᠪᠤᠢ ᠃ ᠡᠨᠡ ᠬᠦ ᠬᠠᠮᠳᠤ᠎ᠶᠢᠨ ᠲᠠᠢᠯᠠᠯᠳᠤᠭᠠᠨ᠎ᠳ᠋ᠤ ᠦᠪᠤᠷ ᠮᠤᠩᠭᠤᠯᠴᠤᠳ ᠲᠠᠢᠴᠢᠨ ᠵᠤᠷᠢᠬ᠎ᠢᠶᠡᠨ ᠬᠦᠪᠴᠢᠯᠠᠨ ᠂ ᠠᠵᠢᠯ᠎ᠤᠨ ᠡᠷᠴᠢᠮ᠎ᠢᠶᠡᠨ ᠴᠢᠩᠭᠠᠷᠠᠭᠤᠯᠵᠤ ᠂ ᠳᠤᠤᠷᠵᠢᠭᠤᠯᠤᠬᠰᠠᠨ ᠬᠠᠮᠢᠶᠠᠷᠤᠯᠳᠠ᠎ᠶᠢᠨ ᠴᠢᠬᠤᠯᠠ ᠤᠢᠯᠡᠳᠤᠯ᠎ᠢ ᠬᠦᠢᠴᠡᠳ ᠪᠠᠳᠠᠷᠠᠭᠤᠯᠤᠨ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠵᠤ ᠬᠤᠷᠢᠬᠯᠠᠨ ᠠᠷᠢᠯᠭᠠᠬᠤ ᠲᠠᠢᠯᠠᠯᠳᠤᠭᠠᠨ᠎ᠤ ᠢᠯᠠᠯᠳᠠ᠎ᠶᠢ ᠤᠯᠬᠤ᠎ᠪᠠᠷ ᠲᠡᠮᠡᠴᠡᠵᠡᠬᠡᠨ᠎ᠠ ᠃




ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠦᠷᠪᠡᠳᠤᠬᠡᠷ ᠡᠮᠨᠡᠯᠬᠡ᠎ᠶᠢᠨ ᠬᠤᠷᠢᠶᠠᠨ᠎ᠤ ᠠᠪᠤᠷᠠᠨ ᠡᠮᠨᠡᠬᠦ ᠲᠤᠭᠤᠢᠯᠠᠩ᠎ᠤᠨ᠎ᠬᠢᠨ ᠰᠢᠨ᠎ᠡ ᠬᠡᠯᠪᠡᠷᠢ᠎ᠶᠢᠨ ᠲᠢᠳᠢᠮᠯᠢᠭ ᠸᠢᠷᠦᠢᠰ᠎ᠡᠴᠠ ᠬᠠᠯᠳᠠᠪᠤᠷᠢᠯᠠᠬᠰᠠᠠ ᠠᠭᠤᠰᠬᠢᠨ᠎ᠤ ᠦᠷᠪᠢᠰᠦᠯ᠎ᠤᠨ ᠡᠪᠡᠳᠴᠢᠨ᠎ᠤ ᠵᠢᠱᠢᠶ᠎ᠠ᠎ᠶᠢ ᠬᠠᠮᠳᠤᠷᠠᠨ ᠣᠨᠣᠰᠢᠯᠠᠵᠣ ᠪᠠᠢᠭ᠎ᠠ ᠨᠢ ᠃
ᠭᠤᠸᠠᠨ ᠯᠢ ᠶᠢᠩ ᠰᠡᠬᠦᠳᠡᠷᠯᠡᠪᠡ



ᠬᠦᠬᠡᠬᠤᠳᠠ᠎ᠶᠢᠨ ᠰᠠᠢᠬᠠᠨ ᠲᠤᠭᠤᠷᠢᠭ᠎ᠤᠨ ᠤᠯᠠᠭᠠᠨᠴᠠᠪ ᠵᠡᠬᠦᠨ ᠵᠠᠮ᠎ᠤᠨ ᠵᠡᠬᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠵᠡᠪᠰᠡᠭᠳᠤ ᠴᠠᠭᠳᠠᠭᠠᠨ᠎ᠤ ᠨᠡᠢᠬᠡᠮ ᠲᠤᠭᠤᠷᠢᠭ᠎ᠤᠨ ᠰᠠᠭᠤᠭᠠᠯᠢ ᠠᠷᠠᠳ᠎ᠤᠨ ᠵᠦᠪᠯᠡᠯ᠎ᠤᠨ ᠠᠵᠢᠯᠳᠠᠳ ᠰᠠᠭᠤᠭᠠᠯᠢ ᠠᠷᠠᠳ᠎ᠤᠨ ᠪᠠᠢᠳᠠᠯ᠎ᠢ ᠲᠠᠩᠰᠠᠯᠠᠨ ᠲᠡᠮᠳᠡᠭᠯᠡᠵᠤ ᠪᠠᠢᠭ᠎ᠠ ‍ᠨᠢ ᠃
ᠪᠸᠢ ᠾᠸ ᠰᠡᠬᠦᠳᠡᠷᠯᠡᠪᠡ



ᠬᠦᠬᠡᠬᠤᠳᠠ ᠪᠤᠭᠤᠮᠳᠠ᠎ᠳ᠋ᠤ ᠬᠠᠷᠢᠶᠠᠯᠠᠭᠳᠠᠬᠤ ᠴᠠᠭᠠᠨ ᠰᠤᠪᠤᠷᠭ᠎ᠠ ᠨᠢᠰᠬᠡᠯ᠎ᠤᠨ ᠪᠠᠭᠤᠳᠠᠯ ᠪᠤᠭᠤᠮᠳᠠ᠎ᠶᠢᠨ᠎ᠬᠢᠨ ᠬᠢᠵᠢᠭ᠎ᠤᠨ ᠪᠠᠢᠳᠠᠯ᠎ᠢ ᠰᠡᠷᠬᠡᠢᠯᠡᠨ ᠬᠢᠵᠠᠭᠠᠷᠯᠠᠬᠤ ᠡᠳ᠋ ᠪᠤᠳᠠᠰ᠎ᠲᠤ ᠬᠤᠯᠪᠤᠭᠳᠠᠭᠰᠠᠨ ᠰᠢᠤᠳᠠᠨ᠎ᠤ ᠵᠤᠢᠯᠡᠰ᠎ᠲᠤ ︽ ᠨᠤᠭᠤᠭᠠᠨ ᠵᠠᠮ ︾ ᠨᠡᠪᠳᠡᠷᠡᠬᠦᠯᠵᠤ ᠂ ᠲᠠᠷᠤᠢ ᠲᠦᠷᠬᠡᠨ᠎ᠢᠶᠠᠷ ᠪᠠᠢᠴᠠᠭᠠᠵᠦ ᠲᠠᠷᠬᠠᠭᠠᠬᠤ᠎ᠶᠢ ᠪᠠᠳᠤᠯᠠᠵᠤ ᠪᠤᠢ ᠃ ᠵᠢᠷᠤᠭ ᠪᠤᠯ ᠴᠠᠭᠠᠨ ᠰᠤᠪᠤᠷᠭ᠎ᠠ ᠨᠢᠰᠬᠡᠯ᠎ᠤᠨ ᠪᠠᠭᠤᠳᠠᠯ ᠪᠤᠭᠤᠮᠳᠠ᠎ᠶᠢᠨ ᠠᠵᠢᠯᠴᠢᠳ ᠬᠢᠵᠢᠭ᠎ᠤᠨ ᠪᠠᠢᠳᠠᠯ᠎ᠢ ᠰᠡᠷᠬᠡᠢᠯᠡᠨ ᠬᠢᠵᠠᠭᠠᠷᠯᠠᠬᠤ ᠡᠳ᠋ ᠪᠣᠳᠠᠰ᠎ᠲᠤ ᠬᠣᠯᠪᠣᠭᠳᠠᠭᠰᠠᠨ ᠰᠢᠣᠳᠠᠨ᠎ᠤ ᠵᠦᠢᠯᠡᠰ᠎ᠢ ᠪᠠᠢᠴᠠᠭᠠᠵᠣ ᠪᠠᠢᠭ᠎ᠠ ᠨᠢ ᠃
ᠠᠨᠢᠷ ᠰᠡᠬᠦᠳᠡᠷᠯᠡᠪᠡ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面