ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠵᠢᠷᠤᠭᠲᠤ ᠮᠡᠳᠡᠭᠡᠯᠡᠯ

2020-02-14 12:56:38

ᠵᠣᠬᠢᠶᠠᠭ᠍ᠴᠢ᠄ ᠪᠢᠯᠢᠭᠪᠠᠭᠠᠲᠣᠷ ᠣᠩᠱᠢᠭ᠍ᠰᠠᠨ ᠣᠳᠠᠭ᠎ᠠ᠄ 3

2 ᠰᠠᠷ᠎ᠠ᠎ᠶᠢᠨ 13᠎ᠤ ᠡᠳᠦᠷ ᠂ ᠰᠢᠯᠢᠩᠬᠣᠲᠠ᠎ᠶᠢᠨ ᠰᠢᠨ᠎ᠡ ᠬᠣᠲᠠ ᠲᠤᠭᠤᠷᠢᠭ᠎ᠤᠨ ᠳ᠋ᠸ ᠺᠸ ᠯᠦᠡᠭ ᠬᠤᠳᠠᠯᠳᠤᠭᠠᠨ᠎ᠤ ᠲᠥᠪ᠎ᠲᠤ ᠪᠠᠷᠠᠭ᠎ᠠ ᠬᠤᠳᠠᠯᠳᠤᠨ ᠠᠪᠤᠭᠴᠢ ᠨᠡᠯᠢᠶᠡᠳ ᠤᠯᠠᠨ ᠪᠠᠢᠯ᠎ᠠ ᠃ ᠲᠤᠰ ᠬᠤᠳᠠᠯᠳᠤᠭᠠᠨ᠎ᠤ ᠲᠦᠪ᠎ᠤᠨ ᠠᠵᠢᠯᠴᠢᠳ ᠪᠠᠷᠠᠭ᠎ᠠ ᠬᠤᠳᠠᠯᠳᠤᠨ ᠠᠪᠬᠤ᠎ᠪᠠᠷ ᠢᠷᠡᠭᠰᠡᠨ ᠰᠠᠭᠤᠭᠠᠯᠢ ᠠᠷᠠᠳ᠎ᠤᠨ ᠠᠮᠠᠪᠴᠢ ᠵᠡᠭᠦᠭᠰᠡᠨ ᠡᠰᠡᠬᠦ᠎ᠶᠢ ᠨᠠᠷᠢᠯᠢᠭ ᠪᠠᠢᠴᠠᠭᠠᠬᠤ᠎ᠶᠢᠨ ᠬᠠᠮᠳᠤ ᠪᠡᠶ᠎ᠡ᠎ᠶᠢᠨ ᠬᠠᠯᠠᠭᠤᠨ᠎ᠢ᠎ᠨᠢ ᠨᠢᠭᠡᠳ ᠨᠢᠭᠡ᠎ᠪᠠᠷ ᠬᠡᠮᠵᠢᠵᠦ ᠂ ᠤᠯᠠᠨ ᠨᠡᠢᠳᠡ᠎ᠶᠢᠨ ᠲᠠᠯᠠᠪᠤᠷ᠎ᠤᠨ ᠠᠮᠤᠷ ᠲᠦᠪᠰᠢᠨ᠎ᠤ ᠠᠵᠢᠯ᠎ᠢ ᠰᠠᠢᠳᠤᠷ ᠬᠢᠨ᠎ᠠ ᠃



︽ ᠪᠢᠳᠡ ᠳᠡᠯᠭᠡᠭᠦᠷ᠎ᠲᠤ ᠣᠷᠣᠵᠤ ᠢᠷᠡᠭᠰᠡᠨ ᠵᠣᠴᠢᠳ᠎ᠤᠨ ᠠᠮᠠᠪᠴᠢ ᠵᠡᠬᠦᠬᠦ᠎ᠶᠢ ᠱᠠᠭᠠᠷᠳᠠᠵᠤ ᠂ ᠪᠡᠶ᠎ᠡ᠎ᠶᠢᠨ ᠬᠠᠯᠠᠭᠤᠨ᠎ᠢ᠎ᠨᠢ ᠬᠡᠮᠵᠢᠬᠦ᠎ᠶᠢᠨ ᠬᠠᠮᠳᠤ ᠬᠣᠶᠠᠷ ᠴᠠᠭ ᠠᠯᠤᠰᠯᠠᠬᠤ ᠪᠦᠷᠢ ᠬᠤᠳᠠᠯᠳᠤᠭᠠᠨ᠎ᠤ ᠲᠤᠭᠤᠷᠢᠭ ᠪᠠ ᠪᠠᠷᠠᠭ᠎ᠠ ᠰᠠᠭᠰᠤᠯᠠᠬᠤ ᠲᠡᠷᠭᠡ᠎ᠪᠠᠨ ᠨᠢᠬᠡ ᠤᠳᠠᠭ᠎ᠠ ᠠᠷᠢᠭᠤᠳᠬᠠᠬᠤ᠎ᠶᠢᠨ ᠬᠠᠮᠲᠦ ᠵᠣᠴᠢᠳ᠎ᠤᠨ ᠬᠠᠮ ᠳᠡᠯᠭᠡᠭᠦᠷ᠎ᠲᠤ ᠬᠤᠷᠭᠤᠳᠠᠬᠤ ᠴᠠᠭ᠎ᠢ ᠠᠯᠢ ᠴᠢᠳᠠᠬᠤ᠎ᠪᠠᠷ ᠪᠠᠭᠠᠰᠬᠠᠵᠤ ᠪᠤᠢ ︾ ᠬᠡᠵᠤ ᠳ᠋ᠸ ᠺᠸ ᠯᠦᠡᠭ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ᠎ᠶᠢᠨ ᠶᠡᠷᠦᠩᠬᠡᠶ ᠳᠠᠭᠠᠭᠠᠮᠠᠯ ᠸᠠᠩ ᠬᠣᠶ ᠭᠸ ᠲᠠᠨᠢᠯᠴᠠᠭᠤᠯᠤᠨ᠎ᠠ ᠃
ᠤᠢᠯᠠᠭᠠᠭᠰᠠᠨ᠎ᠢᠶᠠᠷ ᠂ ᠰᠢᠯᠢ᠎ᠶᠢᠨ ᠭᠣᠤᠯ ᠠᠶᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠤᠨ᠎ᠬᠢᠨ ᠠᠢᠮᠠᠭ᠎ᠤᠨ᠎ᠢᠶᠡᠨ ᠭᠤᠤᠯᠳᠠᠯᠭ᠎ᠠ᠎ᠲᠠᠢ ᠲᠣᠮᠣ ᠬᠠᠮ ᠳᠡᠯᠭᠡᠭᠦᠷ᠎ᠤᠨ ᠤᠷᠤᠴᠠ᠎ᠶᠢ ᠴᠥᠮ ᠴᠢᠡᠭᠭ᠎ᠠ ᠬᠢᠨᠠᠨ ᠬᠠᠮᠢᠶᠠᠷᠴᠤ ᠪᠤᠢ ᠃ ︽ ᠪᠢᠳᠡ ᠠᠵᠤ ᠠᠬᠤᠶᠢᠯᠠᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠵᠤ ᠬᠤᠷᠢᠭᠯᠠᠨ ᠠᠷᠢᠯᠭᠠᠬᠤ ᠠᠷᠭ᠎ᠠ ᠬᠡᠮᠵᠢᠶ᠎ᠡ᠎ᠶᠢ ᠨᠠᠶᠢᠳᠠᠪᠤᠷᠢᠵᠢᠭᠤᠯᠤᠭᠰᠠᠨ ᠪᠠᠶᠢᠳᠠᠯ᠎ᠳ᠋ᠤ ᠴᠢᠡᠭᠭ᠎ᠠ ᠬᠢᠨᠠᠯᠳᠠ ᠲᠠᠯᠪᠢᠬᠤ ᠪᠠ ᠵᠢᠯᠣᠭᠤᠳᠴᠤ ᠂ ᠬᠠᠮ ᠳᠡᠯᠭᠡᠭᠦᠷ᠎ᠤᠨ ᠪᠠᠷᠠᠭᠠᠨ᠎ᠤ ᠬᠠᠩᠭᠠᠯᠭ᠎ᠠ ᠪᠠ ᠦᠨ᠎ᠡ ᠬᠠᠩᠰᠢ᠎ᠶᠢᠨ ᠪᠠᠢᠳᠠᠯ᠎ᠳ᠋ᠤ ᠬᠢᠨᠠᠯᠲᠠ ᠲᠠᠯᠪᠢᠵᠤ ᠂ ᠦᠷᠭᠡᠨ ᠤᠯᠠᠨ ᠬᠡᠷᠡᠭᠯᠡᠭᠴᠢᠳ᠎ᠤᠨ ᠠᠰᠢᠭ ᠲᠤᠰᠠ ᠬᠣᠬᠢᠷᠠᠯ᠎ᠳ᠋ᠤ ᠤᠴᠠᠷᠠᠬᠤ ᠥᠬᠡᠶ ᠪᠠᠶᠢᠬᠤ᠎ᠶᠢ ᠬᠦᠴᠦᠯᠡᠨ ᠪᠠᠳᠤᠯᠠᠵᠤ ᠪᠠᠢᠨ᠎ᠠ ︾ ᠬᠡᠵᠤ ᠰᠢᠯᠢ᠎ᠶᠢᠨ ᠭᠣᠤᠯ ᠠᠶᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶᠠᠨ᠎ᠤ ᠢᠳᠡᠭᠡᠨ᠎ᠤ ᠭᠦᠶᠯᠭᠡᠭᠡ᠎ᠶᠢᠨ ᠰᠠᠯᠠᠭᠠᠨ ᠲᠠᠷᠤᠭ᠎ᠠ ᠯᠢ ᠴᠢᠤᠸᠠᠨ ᠰᠦᠸᠸ ᠶᠠᠷᠢᠨ᠎ᠠ ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面