ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠵᠢᠷᠤᠭᠲᠤ ᠮᠡᠳᠡᠭᠡᠯᠡᠯ

2020-03-14 13:01:32

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

3 ᠰᠠᠷ᠎ᠠ᠎ᠶᠢᠨ 5᠎ᠤ ᠡᠳᠦᠷ ᠂ ᠤᠷᠠᠳ᠎ᠤᠨ ᠲᠤᠮᠳᠠᠳᠤ ᠬᠤᠰᠢᠭᠤᠨ᠎ᠤ ᠬᠤᠤ ᠯᠢᠶᠠᠨ ᠹᠧᠩ ᠤᠷᠭᠠᠨᠢᠭ ᠲᠠᠷᠢᠶᠠᠯᠠᠩ ᠮᠠᠯ ᠠᠵᠤ ᠠᠬᠤᠢ᠎ᠶᠢᠨ ᠺᠤᠮᠫᠠᠨᠢ᠎ᠶᠢᠨ ᠭᠡᠷᠡᠭ ᠮᠡᠳᠡᠭᠴᠢᠳ᠎ᠤᠨ ᠲᠠᠷᠤᠭ᠎ᠠ ᠭᠤᠤ ᠪᠢᠶᠤᠤ ᠪᠠᠶᠠᠨᠨᠠᠭᠤᠷ ᠬᠤᠲᠠ᠎ᠶᠢᠨ ᠯᠢᠨ ᠾᠧ ᠲᠤᠭᠤᠷᠢᠭ᠎ᠤᠨ ᠠᠷᠠᠳ᠎ᠤᠨ ᠡᠮᠨᠡᠯᠭᠡ᠎ᠶᠢᠨ ᠬᠤᠷᠢᠶᠠᠨ᠎ᠤ ᠡᠮᠴᠢ ᠰᠤᠪᠢᠯᠠᠭᠴᠢ᠎ᠳ᠋ᠤ 2.5 ᠲᠦᠮᠡᠨ ᠲᠦᠭᠦᠷᠢᠭ᠎ᠤᠨ ᠦᠷᠳᠡᠭ ᠪᠦᠬᠦᠢ ᠤᠷᠭᠠᠨᠢᠭ ᠭᠤᠯᠢᠷ ᠬᠠᠨᠳᠢᠪᠯᠠᠪᠠ ᠃ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠠᠨ ᠡᠵᠡᠮᠳᠡᠬᠦ ᠲᠠᠢᠯᠠᠯᠳᠤᠭᠠᠨ ᠡᠬᠢᠯᠡᠭᠰᠡᠨ᠎ᠡᠴᠠ ᠨᠠᠭᠠᠰᠢ ᠂ ᠲᠤᠰ ᠠᠵᠤ ᠠᠬᠤᠢᠯᠠᠯ᠎ᠨᠢ ᠪᠠᠶᠠᠨᠨᠠᠭᠤᠷ ᠬᠤᠲᠠ᠎ᠶᠢᠨ ᠡᠮᠨᠡᠯᠭᠡ᠎ᠶᠢᠨ ᠬᠤᠷᠢᠶ᠎ᠠ ᠂ ᠪᠠᠶᠠᠨᠨᠠᠭᠤᠷ ᠬᠤᠲᠠ᠎ᠶᠢᠨ ᠬᠢᠲᠠᠳ ᠡᠮᠨᠡᠯᠭᠡ᠎ᠶᠢᠨ ᠬᠤᠷᠢᠶ᠎ᠠ ᠂ ᠯᠢᠨ ᠾᠧ ᠲᠤᠭᠤᠷᠢᠭ᠎ᠤᠨ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ᠎ᠶᠢᠨ ᠬᠤᠷᠢᠶ᠎ᠠ ᠪᠠ ᠯᠢᠨ ᠾᠧ ᠲᠤᠭᠤᠷᠢᠭ᠎ᠤᠨ ᠠᠷᠠᠳ᠎ᠤᠨ ᠡᠮᠨᠡᠯᠭᠡ᠎ᠶᠢᠨ ᠬᠤᠷᠢᠶᠠᠨ᠎ᠤ ᠡᠮᠴᠢ ᠰᠤᠪᠢᠯᠠᠭᠴᠢ ᠨᠠᠷ᠎ᠲᠤ ᠨᠡᠢᠲᠡ 7 ᠲᠦᠮᠡᠨ ᠲᠦᠭᠦᠷᠢᠭ᠎ᠤᠨ ᠤᠷᠭᠠᠨᠢᠭ ᠭᠤᠯᠢᠷ ᠬᠠᠨᠳᠢᠪᠯᠠᠭᠰᠠᠨ ᠪᠠᠢᠨ᠎ᠠ ᠃



ᠠᠵᠤ ᠠᠬᠤᠢᠯᠠᠯ᠎ᠤᠨ ᠬᠠᠷᠢᠭᠤᠴᠠᠯᠭᠠᠲᠠᠨ ᠯᠢᠨ ᠾᠧ ᠲᠤᠭᠤᠷᠢᠭ᠎ᠤᠨ ᠡᠮᠨᠡᠯᠭᠡ᠎ᠶᠢᠨ ᠬᠤᠷᠢᠶᠠᠨ᠎ᠳ᠋ᠦ ᠬᠠᠨᠳᠢᠪ ᠦᠭᠴᠦ ᠪᠠᠢᠭ᠎ᠠ ᠨᠢ ᠃
ᠰᠤᠷᠪᠤᠯᠵᠢᠯᠠᠭᠴᠢ ᠲᠡᠭᠦᠰᠪᠢᠯᠢᠭ ᠰᠡᠬᠦᠳᠡᠷᠯᠠᠪᠠ


ᠬᠤᠤ ᠯᠢᠶᠠᠨ ᠹᠧᠩ ᠺᠤᠮᠫᠠᠨᠢ᠎ᠶᠢᠨ ᠬᠡᠷᠡᠭ ᠮᠡᠳᠡᠭᠴᠢᠳ᠎ᠤᠨ ᠲᠠᠷᠤᠭ᠎ᠠ ᠭᠤᠤ ᠪᠢᠶᠤᠤ ᠄ ︽ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ ᠢᠯᠡᠷᠡᠭᠰᠡᠨ᠎ᠡᠴᠠ ᠬᠤᠢᠰᠢ ᠂ ᠮᠠᠨ᠎ᠤ ᠬᠤᠲᠠ᠎ᠶᠢᠨ ᠡᠮᠴᠢᠯᠡᠭᠡᠨ᠎ᠤ ᠠᠵᠢᠯᠲᠠᠳ ᠬᠢᠵᠢᠭ᠎ᠢ ᠡᠰᠡᠷᠭᠦᠴᠡᠬᠦ ᠬᠠᠮᠤᠭ᠎ᠤᠨ ᠡᠮᠦᠨ᠎ᠡ ᠹᠷᠤᠨᠲ᠎ᠲᠤ ᠭᠠᠪᠰᠢᠭᠠᠢᠯᠠᠵᠤ ᠂ ᠠᠮᠢ ᠨᠠᠰᠤ᠎ᠪᠠᠷ᠎ᠢᠶᠡᠨ ᠠᠷᠠᠳ ᠤᠯᠠᠨ᠎ᠤ ᠡᠷᠡᠭᠦᠯ ᠮᠡᠨᠳᠦ᠎ᠶᠢ ᠰᠠᠬᠢᠨ ᠬᠠᠮᠠᠭᠠᠯᠠᠪᠠ ᠃ ᠡᠨᠡ ᠬᠦ ᠤᠨᠴᠠᠭᠠᠢ ᠴᠠᠭ ᠦᠶ᠎ᠡ᠎ᠳ᠋ᠤ ᠂ ᠲᠠᠷᠢᠶᠠᠯᠠᠩ᠎ᠤᠨ ᠪᠦᠲᠦᠬᠡᠭᠳᠡᠭᠦᠨ᠎ᠤ ᠦᠢᠯᠡᠳᠪᠦᠷᠢᠯᠡᠨ ᠪᠤᠯᠪᠠᠰᠤᠷᠠᠭᠤᠯᠬᠤ ᠠᠵᠤ ᠠᠬᠤᠢᠯᠠᠯ ᠪᠤᠯᠤᠭᠰᠠᠨ᠎ᠤ ᠬᠤᠪᠢ᠎ᠳ᠋ᠤ ᠂ ᠪᠢᠲᠡ ᠪᠠᠰᠠ ᠦᠪᠡᠷ᠎ᠤᠨ ᠬᠦᠴᠦ᠎ᠪᠠᠨ ᠡᠷᠭᠦᠵᠦ ᠂ ᠡᠮᠴᠢᠯᠡᠭᠡᠨ᠎ᠤ ᠠᠵᠢᠯᠲᠠᠳ᠎ᠲᠤ᠎ᠪᠠᠨ ᠬᠦᠨᠳᠦᠳᠭᠡᠯ ᠪᠤᠯᠤᠨ ᠬᠠᠯᠠᠮᠵᠢᠯᠠᠯ᠎ᠢᠶᠡᠨ ᠲᠡᠪᠰᠢᠭᠦᠯᠦᠶ᠎ᠡ ᠬᠡᠰᠡᠨ ᠶᠤᠮ ︾ ᠬᠡᠵᠦ ᠶᠠᠷᠢᠵᠦ ᠪᠢᠯᠡ ᠃
ᠬᠤᠤ ᠯᠢᠶᠠᠨ ᠹᠧᠩ ᠺᠤᠮᠫᠠᠨᠢ 2012 ᠤᠨ᠎ᠳ᠋ᠤ ᠪᠠᠢᠭᠤᠯᠤᠭᠳᠠᠵᠤ ᠂ 11000 ᠮᠦ ᠤᠷᠭᠠᠨᠢᠭ ᠲᠠᠷᠢᠮᠠᠯ᠎ᠤᠨ ᠲᠠᠯᠠᠪᠠᠢ᠎ᠲᠠᠢ ᠂ ᠲᠠᠷᠢᠶᠠᠨ᠎ᠳᠠᠭᠠᠨ ᠬᠢᠮᠢ᠎ᠶᠢᠨ ᠪᠤᠷᠳᠤᠭᠤᠷ ᠂ ᠲᠠᠷᠢᠶᠠᠨ ᠡᠮ ᠬᠡᠷᠡᠭᠯᠡᠬᠦ ᠦᠭᠡᠢ ᠂ ᠲᠤᠮᠳᠠᠳᠤ ᠤᠯᠤᠰ᠎ᠤᠨ ᠴᠢᠨᠠᠷ ᠬᠡᠷᠡᠴᠢᠯᠡᠬᠦ ᠲᠦᠪ᠎ᠤᠨ ᠤᠷᠭᠠᠨᠢᠭ ᠲᠠᠷᠢᠮᠠᠯ᠎ᠤᠨ ᠬᠡᠷᠡᠴᠢᠯᠡᠭᠡ᠎ᠲᠠᠢ ᠪᠠᠢᠵᠤ ᠂ ᠪᠦᠲᠦᠭᠡᠭᠳᠡᠭᠦᠨ᠎ᠨᠢ ᠪᠠᠶᠠᠨᠨᠠᠭᠤᠷ ᠬᠤᠲᠠ᠎ᠶᠢᠨ ᠵᠢᠭᠤᠯᠴᠢᠯᠠᠯ᠎ᠤᠨ ᠪᠦᠲᠦᠭᠡᠭᠳᠡᠭᠦᠨ᠎ᠢᠶᠠᠷ ᠰᠤᠩᠭᠤᠭᠳᠠᠵᠤ ᠂ 2018 ᠤᠨ᠎ᠳ᠋ᠤ ᠦᠪᠡᠷᠲᠡᠭᠡᠨ ᠵᠠᠰᠠᠬᠤ ᠤᠷᠤᠨ᠎ᠤ ᠶᠠᠰᠤ ᠴᠢᠨᠠᠷ᠎ᠤᠨ ᠢᠳᠡᠭᠡᠮᠵᠢᠲᠦ ᠨᠢᠭᠡᠴᠢ᠎ᠪᠠᠷ ᠰᠤᠩᠭᠤᠭᠳᠠᠭᠰᠠᠨ ᠪᠠᠢᠨ᠎ᠠ ᠃ 2018 ᠤᠨ᠎ᠤ ᠡᠪᠦᠯ ᠪᠠᠰᠠ ᠤᠷᠠᠳ᠎ᠤᠨ ᠲᠤᠮᠳᠠᠳᠤ ᠬᠤᠰᠢᠭᠤᠨ᠎ᠤ ᠦᠵᠦᠭᠦᠷ ᠭᠤᠤᠯ ᠪᠠᠯᠭᠠᠰᠤᠨ᠎ᠤ ᠭᠠᠮᠰᠢᠭᠳᠠᠭᠰᠠᠨ ᠮᠠᠯᠴᠢᠳ᠎ᠲᠤ 10 ᠲᠦᠮᠡᠨ ᠲᠦᠭᠦᠷᠢᠭ᠎ᠤᠨ ᠡᠪᠡᠰᠦ ᠪᠤᠷᠳᠤᠭ᠎ᠠ ᠬᠠᠨᠳᠢᠪᠯᠠᠵᠤ ᠂ ᠤᠷᠠᠳ᠎ᠤᠨ ᠲᠤᠮᠳᠠᠳᠤ ᠬᠤᠰᠢᠭᠤᠨ᠎ᠤ ᠬᠤᠯᠤᠰᠤᠲᠠᠢ ᠰᠤᠮᠤᠨ᠎ᠤ ᠭᠠᠮᠰᠢᠭᠳᠠᠭᠰᠠᠨ ᠮᠠᠯᠴᠢᠳ᠎ᠲᠤ 5 ᠲᠦᠮᠡᠨ ᠲᠦᠭᠦᠷᠢᠭ᠎ᠤᠨ ᠡᠪᠡᠰᠦ ᠪᠤᠷᠳᠤᠭ᠎ᠠ ᠬᠠᠨᠳᠢᠪᠯᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面