ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-07 10:19:24

ᠵᠣᠬᠢᠶᠠᠭ᠍ᠴᠢ᠄ ᠪᠠᠢ ᠵᠢᠶᠠᠩ ᠬᠤᠩ ᠣᠩᠱᠢᠭ᠍ᠰᠠᠨ ᠣᠳᠠᠭ᠎ᠠ᠄ 3

ᠵᠠᠷᠢᠮ ᠬᠦᠮᠦᠰ ᠠᠵᠢᠯ᠎ᠤᠨ ᠪᠠᠢᠷᠢ᠎ᠪᠠᠨ ᠪᠠᠳᠤ ᠰᠠᠬᠢᠵᠦ ᠂ ᠵᠠᠷᠢᠮ ᠬᠦᠮᠦᠰ ᠰᠠᠢᠨ ᠲᠤᠷ᠎ᠠ᠎ᠶᠢᠨ ᠦᠢᠯᠡᠴᠢᠯᠡᠭᠡ ᠬᠠᠩᠭᠠᠵᠦ ᠂ ᠵᠠᠷᠢᠮ ᠬᠦᠮᠦᠰ ᠭᠡᠷ᠎ᠲᠡᠭᠡᠨ ᠰᠠᠭᠤᠵᠦ ᠬᠢᠵᠢᠭ᠎ᠲᠠᠢ ᠲᠡᠮᠡᠴᠡᠨ ᠂ ᠵᠠᠷᠢᠮ ᠬᠦᠮᠦᠰ ᠰᠠᠨᠠᠭᠠᠴᠢᠯᠠᠭ᠎ᠠ᠎ᠡᠴᠠ᠎ᠪᠠᠨ ᠪᠡᠶ᠎ᠠ᠎ᠪᠠᠨ ᠲᠤᠰᠠᠭᠠᠷᠯᠠᠵᠦ ᠪᠤᠢ ᠁ ᠬᠢᠵᠢᠭ᠎ᠤᠨ ᠪᠠᠢᠳᠠᠯ ᠪᠡᠷᠭᠡ ᠬᠠᠳᠠᠭᠤᠵᠢᠯᠳᠠᠢ ᠪᠠᠢᠬᠰᠠᠨ ᠴᠦ ᠠᠷᠠᠳ᠎ᠤᠨ ᠰᠡᠳᠬᠢᠯ ᠬᠦᠴᠦᠷᠭᠡᠭ ᠂ ᠠᠷᠠᠳ᠎ᠤᠨ ᠰᠠᠨᠠᠭ᠎ᠠ ᠬᠦᠨᠳᠦᠳᠭᠡᠬᠦᠰᠢᠳᠠᠢ ᠪᠠᠢᠨ᠎ᠠ ᠃ ᠦᠩᠭᠡᠷᠡᠭᠰᠡᠨ᠎ᠤ ᠬᠦᠨᠳᠦ ᠶᠡᠭᠡ ᠭᠠᠮᠰᠢᠬ᠎ᠲᠠᠢ ᠲᠡᠮᠡᠴᠡᠭᠰᠡᠨ ᠲᠤᠷᠰᠢᠯᠭ᠎ᠠ᠎ᠪᠠᠷ ᠂ ᠤᠯᠠᠨ ᠲᠦᠮᠡᠨ᠎ᠤ ᠬᠦᠴᠦᠨ᠎ᠢ ᠬᠦᠢᠴᠡᠳ ᠲᠠᠢᠴᠢᠯᠠᠬᠤ ᠪᠤᠯ ᠪᠢᠳᠠᠨ᠎ᠤ ᠠᠯᠢᠪᠠ ᠬᠦᠴᠢᠷᠳᠡᠯ᠎ᠢ ᠢᠯᠠᠨ ᠳᠠᠪᠠᠬᠤ ᠡᠷᠳᠡᠨᠢ ᠪᠤᠯᠬᠤ ᠶᠤᠮ ᠃
ᠬᠢᠵᠢᠭ᠎ᠤᠨ ᠪᠠᠢᠳᠠᠯ᠎ᠢ ᠬᠤᠷᠢᠬᠯᠠᠨ ᠠᠷᠢᠯᠭᠠᠬᠤ᠎ᠨᠢ ᠠᠷᠠᠳ ᠤᠯᠠᠨ᠎ᠤ ᠲᠦᠯᠦᠭᠡ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠳ᠋ᠤ ᠨᠡᠩ ᠴᠦ ᠠᠷᠠᠳ ᠤᠯᠠᠨ᠎ᠡᠴᠠ ᠰᠠᠯᠵᠦ ᠴᠢᠳᠠᠬᠤ ᠦᠭᠡᠢ ᠃ ᠮᠠᠯᠵᠢᠬᠤ ᠲᠠᠷᠢᠶᠠᠯᠠᠬᠤ ᠤᠷᠤᠨ ᠂ ᠨᠡᠢᠭᠡᠮ ᠲᠤᠭᠤᠷᠢᠭ ᠭᠡᠷ ᠪᠦᠯᠢ ᠪᠤᠯ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠶᠢᠨ ᠬᠦᠴᠢᠷᠳᠡᠯ ᠪᠤᠯᠬᠤ ᠪᠦᠭᠡᠳ ᠪᠠᠰᠠ ᠭᠤᠤᠯᠳᠠᠯᠭ᠎ᠠ ᠪᠤᠯᠬᠤ ᠶᠤᠮ ᠃ ᠬᠢᠵᠢᠭ᠎ᠤᠨ ᠪᠠᠢᠳᠠᠯ ᠳᠠᠷᠬᠠᠨ ᠳᠡᠯᠭᠡᠷᠡᠬᠦ ᠬᠠᠨᠳᠤᠰᠢ᠎ᠶᠢ ᠬᠤᠷᠢᠬᠯᠠᠬᠤ᠎ᠳ᠋ᠤ ᠂ ᠤᠯᠠᠨ ᠲᠦᠮᠡᠨ᠎ᠳ᠋ᠤ ᠲᠦᠰᠢᠭᠯᠡᠨ ᠂ ᠤᠯᠠᠨ ᠲᠦᠮᠡᠨ᠎ᠢ ᠲᠠᠢᠴᠢᠯᠠᠬᠤ ᠪᠤᠯ ᠲᠡᠷᠢᠬᠦᠨ ᠴᠢᠬᠤᠯᠠ ᠭᠤᠭᠴᠤᠭ᠎ᠠ ᠂ ᠤᠯᠠᠨ᠎ᠢᠶᠠᠷ᠎ᠢᠶᠡᠨ ᠰᠡᠷᠭᠡᠢᠯᠡᠵᠦ ᠤᠯᠠᠨ᠎ᠢᠶᠠᠷ᠎ᠢᠶᠡᠨ ᠵᠠᠰᠠᠵᠦ ᠂ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠪᠤᠯ ᠡᠷᠭᠡᠪᠰᠢ ᠠᠪᠬᠤ ᠠᠷᠭ᠎ᠠ ᠭᠡᠮᠵᠢᠶ᠎ᠠ ᠮᠦᠨ ᠃ ᠭᠠᠭᠴᠠ ᠬᠦ ᠤᠯᠠᠨ ᠲᠦᠮᠡᠨ᠎ᠢ ᠨᠡᠩ ᠰᠠᠢᠳᠤᠷ ᠵᠤᠬᠢᠶᠠᠨ ᠪᠠᠢᠭᠤᠯᠵᠦ ᠲᠠᠢᠴᠢᠯᠠᠨ ᠂ ᠡᠯ᠎ᠠ ᠪᠤᠭᠤᠮᠳᠠ ᠬᠤᠷᠢᠭ᠎ᠠ᠎ᠶᠢ ᠰᠠᠢᠳᠤᠷ ᠰᠠᠬᠢᠵᠦ ᠂ ᠰᠡᠷᠭᠡᠢᠯᠡᠨ ᠡᠵᠡᠮᠳᠡᠬᠦ ᠠᠷᠭ᠎ᠠ ᠭᠡᠮᠵᠢᠶ᠎ᠠ᠎ᠶᠢ ᠡᠷᠦᠭᠡ ᠂ ᠬᠤᠪᠢ ᠬᠦᠮᠦᠨ ᠬᠦᠷᠳᠡᠯ᠎ᠠ ᠨᠠᠢᠳᠠᠪᠤᠷᠢᠵᠢᠭᠤᠯᠤᠨ ᠂ ᠨᠢᠭᠡ ᠡᠷᠦᠭᠡ ᠨᠢᠭᠡ ᠬᠦᠮᠦᠨ᠎ᠢ ᠴᠦ ᠭᠤᠭᠤᠵᠢᠬᠳᠠᠭᠤᠯᠬᠤ ᠦᠭᠡᠢ ᠪᠠᠢᠵᠦ ᠂ ᠡᠷᠳᠡ ᠢᠯᠡᠷᠡᠬᠦᠯᠦᠨ ᠂ ᠡᠷᠳᠡ ᠮᠡᠳᠡᠬᠦᠯᠵᠦ ᠂ ᠡᠷᠳᠡ ᠲᠤᠰᠠᠭᠠᠷᠯᠠᠨ ᠂ ᠡᠷᠳᠡ ᠤᠨᠤᠰᠢᠯᠠᠵᠦ ᠂ ᠡᠷᠳᠡ ᠡᠮᠨᠡᠬᠦ᠎ᠶᠢ ᠪᠡᠶᠡᠯᠡᠬᠦᠯᠪᠡᠯ ᠰᠠᠶᠢ ᠬᠢᠵᠢᠭ᠎ᠤᠨ ᠪᠠᠢᠳᠠᠯ᠎ᠢ ᠢᠯᠠᠨ ᠳᠠᠪᠠᠬᠤ ᠬᠠᠮᠤᠭ᠎ᠤᠨ ᠪᠠᠳᠤ ᠪᠡᠬᠢ ᠰᠡᠷᠭᠡᠢᠯᠡᠯᠲᠡ᠎ᠶᠢᠨ ᠱᠤᠭᠤᠮ᠎ᠢ ᠴᠤᠬᠴᠠᠯᠠᠵᠦ ᠴᠢᠳᠠᠨ᠎ᠠ ᠃
ᠤᠯᠠᠨ ᠲᠦᠮᠡᠨ᠎ᠤ ᠤᠶᠤᠨ ᠤᠬᠠᠭᠠᠨ ᠪᠠ ᠬᠦᠴᠦᠨ ᠴᠢᠳᠠᠯ ᠪᠤᠯ ᠬᠢᠵᠠᠭᠠᠯᠠᠰᠢ ᠦᠭᠡᠢ ᠶᠤᠮ ᠂ ᠠᠷᠭ᠎ᠠ ᠤᠬᠠᠭᠠᠨ ᠶᠡᠷᠦ᠎ᠨᠢ ᠬᠦᠴᠢᠷ ᠪᠡᠷᠭᠡᠰᠢᠶᠡᠯ᠎ᠡᠴᠠ ᠤᠯᠠᠨ ᠪᠠᠢᠳᠠᠭ ᠰᠠᠨ ᠃ ᠤᠯᠠᠨ ᠲᠦᠮᠡᠨ᠎ᠤ ᠤᠶᠤᠨ ᠤᠬᠠᠭᠠᠨ᠎ᠢ ᠴᠢᠳᠠᠮᠠᠭᠠᠢ ᠠᠰᠢᠬᠯᠠᠵᠦ ᠂ ᠤᠯᠠᠨ ᠲᠦᠮᠡᠨ᠎ᠤ ᠦᠢᠯᠡᠳᠦᠯᠭᠡ ᠳᠤᠮᠳᠠ᠎ᠡᠴᠠ ᠠᠷᠭ᠎ᠠ ᠤᠬᠠᠭᠠᠨ ᠡᠷᠢᠯᠬᠢᠯᠡᠨ ᠂ ᠤᠯᠠᠨ ᠲᠦᠮᠡᠨ᠎ᠤ ᠠᠷᠭ᠎ᠠ ᠬᠢᠳᠡᠯ᠎ᠢ ᠠᠮᠢᠳᠤᠯᠢᠭ ᠰᠠᠢᠳᠤᠷ ᠠᠰᠢᠬᠯᠠᠪᠠᠰᠤ ᠰᠡᠷᠭᠡᠢᠯᠡᠨ ᠡᠵᠡᠮᠳᠡᠬᠦ ᠪᠤᠳᠠᠳᠠᠢ ᠦᠷ᠎ᠠ ᠪᠦᠳᠦᠮᠵᠢ᠎ᠶᠢ ᠤᠯᠬᠤ᠎ᠨᠢ ᠳᠠᠮᠵᠢᠬ ᠦᠭᠡᠢ ᠶᠤᠮ ᠃
ᠬᠠᠮᠤᠭ᠎ᠤᠨ ᠠᠭᠤᠤ ᠶᠡᠭᠡ ᠬᠦᠴᠦᠨ ᠴᠢᠳᠠᠯ᠎ᠨᠢ ᠰᠡᠳᠬᠢᠯ ᠨᠢᠭᠡᠳᠴᠦ ᠬᠦᠴᠦ ᠬᠠᠮᠳᠤᠳᠬᠠᠬᠤ᠎ᠡᠴᠠ ᠢᠷᠡᠯᠳᠠᠢ ᠃ ᠤᠯᠠᠨ ᠲᠦᠮᠡᠨ᠎ᠳ᠋ᠤ ᠴᠢᠩᠭ᠎ᠠ ᠲᠦᠰᠢᠭᠯᠡᠨ ᠂ ᠤᠯᠠᠨ ᠲᠦᠮᠡᠨ᠎ᠢ ᠦᠷᠭᠡᠨ᠎ᠢᠶᠠᠷ ᠲᠠᠢᠴᠢᠯᠠᠵᠦ ᠂ ᠤᠯᠠᠨ ᠲᠦᠮᠡᠨ᠎ᠢ ᠵᠤᠬᠢᠶᠠᠨ ᠪᠠᠢᠭᠤᠯᠵᠦ ᠂ ᠤᠯᠠᠨ ᠲᠦᠮᠡᠨ᠎ᠢ ᠨᠢᠬᠳᠠᠷᠠᠭᠤᠯᠵᠦ ᠂ ᠪᠦᠬᠦ ᠠᠷᠠᠳ᠎ᠤᠨ ᠬᠢᠵᠢᠭ᠎ᠢ ᠢᠯᠠᠬᠤ ᠡᠷᠴᠢᠯᠢᠭ ᠬᠦᠴᠦᠨ᠎ᠢ ᠨᠢᠬᠳᠠᠷᠠᠭᠤᠯᠪᠠᠯ ᠂ ᠲᠠᠪᠠᠵᠦ ᠭᠠᠷᠤᠰᠢ ᠦᠭᠡᠢ ᠲᠠᠪᠠᠭ᠎ᠠ ᠭᠡᠵᠦ ᠪᠠᠢᠬᠤ ᠦᠭᠡᠢ ᠂ ᠢᠯᠠᠵᠦ ᠪᠤᠯᠤᠰᠢ ᠦᠭᠡᠢ ᠡᠪᠡᠳᠴᠢᠨ ᠡᠮᠭᠡᠭ ᠭᠡᠵᠦ ᠪᠠᠢᠬᠤ ᠦᠭᠡᠢ ᠶᠤᠮ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面