ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-09 10:48:24

ᠵᠣᠬᠢᠶᠠᠭ᠍ᠴᠢ᠄ ᠦᠪᠦᠷ ᠮᠤᠩᠭᠤᠯ᠎ᠤᠨ ᠡᠳᠦᠷ᠎ᠦᠨ ᠰᠤᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠤᠯ ᠤᠳᠤᠬᠠᠨ᠎ᠤ ᠬᠠᠮᠤᠭ᠎ᠤᠨ ᠴᠢᠬᠤᠯᠠ ᠠᠵᠢᠯ ᠮᠦᠨ

ᠬᠢᠵᠢᠭ᠎ᠤᠨ ᠪᠠᠢᠳᠠᠯ ᠪᠤᠯ ᠳᠠᠷᠤᠢ ᠵᠠᠷᠯᠢᠭ ᠂ ᠬᠠᠷᠢᠭᠤᠴᠠᠯᠭ᠎ᠠ ᠲᠠᠢᠱᠠᠨ ᠠᠭᠤᠯᠠᠨ᠎ᠡᠴᠠ ᠬᠦᠨᠳᠦ ᠃ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ ᠭᠠᠷᠤᠭᠰᠠᠨ᠎ᠡᠴᠠ ᠨᠠᠭᠠᠰᠢ ᠂ ᠪᠦᠬᠦ ᠤᠯᠤᠰ᠎ᠢᠶᠠᠷ᠎ᠢᠶᠡᠨ ᠶᠡᠷᠦᠩᠭᠡᠢ ᠲᠠᠢᠴᠢᠯᠠᠯᠳᠠ ᠬᠢᠭᠰᠡᠨ ᠬᠢᠵᠢᠭ᠎ᠤᠨ ᠪᠠᠢᠳᠠᠯ᠎ᠢ ᠬᠤᠷᠢᠬᠯᠠᠨ ᠠᠷᠢᠯᠭᠠᠬᠤ ᠲᠠᠢᠯᠠᠯᠳᠤᠭᠠᠨ ᠨᠢᠭᠡᠨᠳᠠ ᠪᠦᠬᠦ ᠲᠠᠯ᠎ᠠ᠎ᠪᠠᠷ ᠡᠬᠢᠯᠡᠪᠡ ᠃ ᠪᠦᠬᠦ ᠤᠷᠤᠨ ᠳᠠᠶᠠᠭᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠤᠳᠤᠬᠠᠨ᠎ᠤ ᠬᠠᠮᠤᠭ᠎ᠤᠨ ᠴᠢᠬᠤᠯᠠ ᠠᠵᠢᠯ ᠪᠤᠯᠭᠠᠨ ᠠᠳᠬᠤᠵᠦ ᠂ ᠬᠢᠵᠢᠭ᠎ᠤᠨ ᠪᠠᠢᠳᠠᠯ ᠳᠠᠷᠬᠠᠨ ᠳᠡᠯᠭᠡᠷᠡᠬᠦ ᠬᠠᠨᠳᠤᠰᠢ᠎ᠶᠢ ᠡᠷᠡᠰ ᠬᠤᠷᠢᠬᠯᠠᠬᠤ ᠭᠡᠷᠡᠭᠲᠡᠢ ᠃
ᠶᠡᠭᠡ ᠬᠢᠵᠢᠭ᠎ᠤᠨ ᠡᠮᠦᠨ᠎ᠠ ᠂ ᠠᠮᠢ ᠨᠠᠰᠤ᠎ᠶᠢ ᠳᠡᠭᠡᠳᠦᠯᠡᠵᠦ ᠂ ᠠᠷᠠᠳ ᠲᠦᠮᠡᠨ᠎ᠢ ᠳᠡᠭᠡᠳᠦᠯᠡᠬᠦ ᠭᠡᠷᠡᠭᠲᠡᠢ ᠃ ᠬᠢᠵᠢᠭ᠎ᠤᠨ ᠪᠠᠢᠳᠠᠯ ᠭᠠᠷᠤᠭᠰᠠᠨ᠎ᠡᠴᠠ ᠨᠠᠭᠠᠰᠢ ᠂ ᠰᠢ᠎ᠶᠢᠨ ᠫᠢᠩ ᠨᠦᠬᠦᠷ᠎ᠢᠶᠠᠷ ᠭᠤᠤᠯ ᠪᠤᠯᠭᠠᠭᠰᠠᠨ ᠨᠠᠮ᠎ᠤᠨ ᠲᠦᠪ ᠬᠤᠷᠢᠶ᠎ᠠ ᠳᠡᠭᠡᠳᠦ ᠭᠡᠮᠵᠢᠶ᠎ᠠ᠎ᠪᠠᠷ ᠴᠢᠬᠤᠯᠠᠴᠢᠯᠠᠵᠦ ᠂ ᠶᠡᠷᠦᠩᠭᠡᠢ ᠱᠦᠵᠢ ᠰᠢ᠎ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠦᠭᠴᠦ ᠂ ᠤᠯᠠᠨ ᠤᠳᠠᠭ᠎ᠠ ᠬᠤᠷᠠᠯ ᠡᠷᠬᠢᠯᠡᠨ ᠬᠤᠷᠠᠯᠳᠤᠭᠤᠯᠵᠦ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠰᠤᠳᠤᠯᠤᠨ ᠪᠠᠢᠷᠢᠯᠠᠭᠤᠯᠵᠦ ᠂ ᠳᠤᠳᠤᠷᠬᠠᠢ ᠱᠠᠭᠠᠷᠳᠠᠯᠭ᠎ᠠ ᠳᠤᠷᠠᠳᠤᠨ ᠂ ᠪᠢᠳᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠢᠯᠠᠯᠳᠤᠭᠠᠨ᠎ᠤ ᠢᠯᠠᠯᠳᠠ᠎ᠶᠢ ᠤᠯᠬᠤ᠎ᠳ᠋ᠤ ᠴᠢᠭᠯᠡᠯ᠎ᠢ ᠳᠤᠳᠤᠷᠬᠠᠢᠯᠠᠵᠦ ᠂ ᠵᠢᠷᠤᠮᠯᠠᠯ ᠬᠠᠩᠭᠠᠨ ᠂ ᠢᠳᠡᠭᠡᠯ᠎ᠢ ᠪᠠᠳᠤᠳᠬᠠᠵᠠᠢ ᠃ ᠤᠢᠷ᠎ᠠ᠎ᠶᠢᠨ ᠡᠳᠦᠷ᠎ᠤᠳ᠎ᠲᠤ ᠂ ᠮᠠᠨ᠎ᠤ ᠤᠷᠤᠨ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠠ ᠮᠠᠬᠠᠪᠤᠳ᠎ᠤᠨ ᠡᠷᠡᠬᠦᠯ ᠴᠢᠬᠢᠷᠠᠭ᠎ᠢ ᠢᠮᠠᠬᠳᠠ ᠲᠡᠷᠢᠬᠦᠨ ᠪᠠᠢᠷᠢᠨ᠎ᠳ᠋ᠤ ᠲᠠᠯᠪᠢᠵᠦ ᠂ ᠠᠯᠢ ᠤᠯᠠᠨ ᠠᠷᠭ᠎ᠠ ᠭᠡᠮᠵᠢᠶ᠎ᠠ ᠲᠦᠷᠭᠡᠨ ᠲᠤᠭᠳᠠᠭᠠᠬᠤ᠎ᠶᠢᠨ ᠬᠠᠮᠳᠦ ᠭᠡᠷᠡᠭᠵᠢᠬᠦᠯᠦᠨ ᠂ ᠶᠡᠷᠦ ᠪᠤᠰᠤ᠎ᠶᠢᠨ ᠠᠵᠢᠯᠯᠠᠭ᠎ᠠ᠎ᠪᠠᠷ ᠶᠡᠷᠦ ᠪᠤᠰᠤ᠎ᠶᠢᠨ ᠬᠢᠵᠢᠭ᠎ᠢ ᠠᠷᠭᠠᠴᠠᠭᠠᠵᠦ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠴᠢᠩᠭᠠᠳᠬᠠᠬᠤ᠎ᠳ᠋ᠤ ᠪᠦᠬᠦ ᠲᠠᠯ᠎ᠠ᠎ᠶᠢᠨ ᠪᠠᠢᠷᠢᠯᠠᠭᠤᠯᠤᠯᠳᠠ ᠬᠢᠵᠠᠢ ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ᠎ᠤᠨ᠎ᠬᠢᠨ ᠲᠤᠰ ᠲᠤᠰ᠎ᠤᠨ ᠡᠬᠦᠷᠭᠡ ᠬᠠᠷᠢᠭᠤᠴᠠᠯᠭ᠎ᠠ᠎ᠪᠠᠨ ᠬᠦᠢᠴᠡᠳᠭᠡᠵᠦ ᠂ ᠬᠠᠮᠳᠤ᠎ᠪᠠᠷ ᠴᠢᠷᠮᠠᠢᠨ ᠂ ᠯᠠᠪᠳᠠᠭᠤᠨ ᠪᠠᠳᠤᠳᠠᠢ ᠠᠵᠢᠯᠯᠠᠵᠦ ᠂ ᠪᠦᠬᠦ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠠᠯ᠎ᠠ᠎ᠪᠠᠷ ᠪᠦᠬᠦ ᠲᠠᠯ᠎ᠠ᠎ᠪᠠᠷ ᠲᠠᠢᠴᠢᠯᠠᠬᠰᠠᠨ ᠂ ᠦᠷᠬᠦᠯᠵᠢᠯᠡᠨ ᠴᠢᠩᠭᠠᠳᠬᠠᠬᠰᠠᠨ ᠂ ᠬᠦᠴᠦᠳᠠᠢ ᠡᠮᠬᠢ ᠲᠢᠭᠯᠢᠮ᠎ᠲᠠᠢ ᠠᠵᠢᠯ᠎ᠤᠨ ᠪᠠᠢᠳᠠᠯ ᠪᠦᠷᠢᠯᠳᠦᠵᠠᠢ ᠃ ᠤᠳᠤᠬᠠᠨ᠎ᠳ᠋ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠶᠠᠪᠤᠳᠠᠯ ᠮᠦᠨ ᠬᠦ ᠪᠡᠷᠭᠡ ᠬᠠᠳᠠᠭᠤᠵᠢᠯᠳᠠᠢ ᠨᠠᠷᠢᠨ ᠪᠤᠳᠤᠯᠢᠶᠠᠨᠳᠠᠢ ᠪᠠᠢᠵᠦ ᠂ ᠪᠠᠰᠠ ᠮᠠᠰᠢ ᠤᠯᠠᠨ ᠬᠠᠳᠠᠭᠤ ᠲᠠᠢᠯᠠᠯᠳᠤᠭᠠᠨ᠎ᠢ ᠬᠢᠬᠦ ᠴᠢᠬᠤᠯᠠᠳᠠᠢ ᠃ ᠬᠡᠳᠤᠢ ᠵᠠᠩᠬᠢᠯᠠᠭ᠎ᠠ᠎ᠶᠢᠨ ᠦᠶ᠎ᠡ ᠪᠤᠯᠬᠤ ᠲᠤᠳᠤᠮ ᠂ ︽ ᠬᠠᠮᠤᠭ᠎ᠤᠨ ᠴᠢᠬᠤᠯᠠ ᠠᠵᠢᠯ ︾ ᠬᠡᠳᠡᠭ᠎ᠤᠨ ᠬᠦᠨ ᠤᠳᠬ᠎ᠠ᠎ᠶᠢ ᠲᠡᠳᠤᠢ ᠬᠦᠨ ᠤᠢᠯᠠᠭᠠᠵᠥ ᠂ ᠦᠵᠡᠯ ᠰᠠᠨᠠᠭᠠᠨ᠎ᠤ ᠲᠡᠯ᠎ᠡ᠎ᠪᠠᠷ ᠰᠡᠷᠬᠡᠭ ᠪᠠᠢᠵᠥ ᠂ ᠠᠶᠤᠯ ᠲᠦᠭᠰᠢᠬᠦᠷᠢ ᠬᠡᠮ ᠰᠤᠭᠤᠭ᠎ᠢ ᠡᠵᠡᠮᠳᠡᠵᠥ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠤᠷᠢᠬᠯᠠᠨ ᠠᠷᠢᠯᠭᠠᠬᠤ ᠲᠠᠢᠯᠠᠯᠳᠤᠭᠠᠨ᠎ᠤ ᠪᠦᠬᠦ ᠲᠡᠯ᠎ᠡ᠎ᠶᠢᠨ ᠢᠯᠠᠯᠳᠠ᠎ᠶᠢ ᠤᠯᠬᠤ᠎ᠶᠢ ᠦᠨᠡᠨ ᠬᠦ ᠪᠠᠳᠤᠯᠠᠬᠤ ᠬᠡᠷᠡᠭᠳᠡᠢ ᠃ ᠡᠷᠡᠰ ᠪᠠᠳᠤ ᠠᠵᠢᠯᠯᠠᠭ᠎ᠠ᠎ᠨᠢ ᠨᠢᠬᠡᠳᠤᠯᠳᠡᠢ ᠲᠠᠨᠢᠯᠳᠡ᠎ᠪᠠᠷ ᠰᠢᠢᠳᠪᠤᠷᠢᠯᠡᠭᠳᠡᠳᠡᠭ ᠃ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠬᠦ ᠪᠤᠯ ᠲᠡᠷᠢᠬᠦᠨ ᠴᠢᠬᠤᠯᠠ ᠶᠠᠪᠤᠳᠠᠯ ᠪᠤᠯᠤᠨ᠎ᠠ ᠂ ᠡᠩ ᠲᠡᠷᠢᠬᠦᠨ᠎ᠳ᠋ᠤ ᠦᠵᠡᠯ ᠰᠠᠨᠠᠭ᠎ᠠ ᠪᠤᠯᠤᠨ ᠠᠵᠢᠯᠯᠠᠭ᠎ᠠ᠎ᠪᠠᠨ ᠶᠡᠷᠤᠩᠬᠡᠢ ᠱᠦᠵᠢ ᠰᠢ᠎ᠶᠢᠨ ᠫᠢᠩ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ᠎ᠲᠠᠢ ᠨᠢᠬᠡᠳᠬᠡᠵᠥ ᠂ ᠨᠠᠮ᠎ᠤᠨ ᠲᠦᠪ ᠬᠤᠷᠢᠶᠡᠨ᠎ᠤ ᠰᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠲᠠᠢ ᠨᠢᠬᠡᠳᠬᠡᠬᠦ ᠬᠡᠷᠡᠭᠳᠡᠢ ᠃ ᠪᠦᠬᠦ ᠤᠷᠤᠨ᠎ᠤ ᠡᠯ᠎ᠡ ᠱᠠᠳᠤ ᠡᠯ ‍᠎ᠡ ᠰᠠᠯᠠᠭ᠎ᠠ ᠮᠦᠴᠢᠷ ᠪᠤᠯᠤᠨ ᠡᠯ᠎ᠡ ᠱᠠᠳᠤᠨ᠎ᠤ ᠤᠳᠤᠷᠢᠳᠬᠤ ᠺᠠᠳ᠋ᠷ ︽ ᠲᠦᠷᠪᠡᠨ ᠤᠬᠠᠮᠰᠠᠷ ︾᠎ᠢᠶᠡᠨ ᠴᠢᠩᠭᠠᠷᠠᠭᠤᠯᠵᠥ ᠂ ︽ ᠲᠦᠷᠪᠡᠨ ᠢᠳᠡᠬᠡᠯ ︾᠎ᠢᠶᠡᠨ ᠪᠠᠳᠤᠳᠬᠠᠵᠥ ᠂ ︽ ᠬᠤᠶᠠᠷ᠎ᠢ ᠬᠠᠮᠠᠭᠠᠯᠠᠬᠤ ︾᠎ᠶᠢ ᠪᠡᠶᠡᠯᠡᠬᠦᠯᠵᠥ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠬᠦ᠎ᠶᠢᠨ ᠴᠢᠬᠤᠯᠠ ᠶᠡᠬᠡ ᠠᠴᠢ ᠬᠤᠯᠪᠤᠭᠳᠠᠯ᠎ᠤᠨ ᠲᠤᠬᠠᠢ ᠲᠠᠨᠢᠯᠳᠠ᠎ᠪᠠᠨ ᠤᠯᠠᠮ ᠴᠢᠨᠠᠭᠰᠢᠳᠠ ᠲᠡᠭᠡᠭᠰᠢᠯᠡᠬᠦᠯᠵᠥ ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠳᠠᠯᠠᠵᠥ ᠂ ᠠᠵᠢᠯ᠎ᠤᠨ ᠬᠠᠷᠢᠭᠤᠴᠠᠯᠭ᠎ᠠ᠎ᠪᠠᠨ ᠡᠬᠦᠷᠬᠡᠯᠡᠵᠥ ᠂ ᠠᠵᠢᠯ᠎ᠤᠨ ᠬᠠᠷᠢᠭᠤᠴᠠᠯᠭ᠎ᠠ᠎ᠪᠠᠨ ᠬᠦᠢᠴᠡᠳᠬᠡᠵᠥ ᠂ ᠨᠡᠩ ᠡᠷᠡᠰ ᠪᠠᠳᠤ ᠤᠪᠤᠷ ᠂ ᠨᠡᠩ ᠬᠦᠴᠦᠳᠠᠢ ᠠᠷᠭ᠎ᠡ ᠬᠡᠮᠵᠢᠶ᠎ᠡ᠎ᠪᠠᠷ ᠂ ᠡᠯ᠎ᠡ ᠵᠦᠢᠯ᠎ᠤᠨ ᠰᠡᠷᠬᠡᠢᠯᠡᠨ ᠡᠵᠡᠮᠳᠡᠬᠦ ᠠᠵᠢᠯ᠎ᠢ ᠦᠨᠡᠨ ᠬᠦ ᠰᠠᠢᠳᠤᠷ ᠬᠢᠬᠦ᠎ᠶᠢᠨ ᠵᠡᠷᠬᠡ᠎ᠪᠠᠷ ᠴᠠᠭ᠎ᠢ ᠵᠠᠪᠳᠤᠨ ᠂ ᠡᠪᠡᠳᠴᠢᠨ ᠡᠮᠬᠡᠭ᠎ᠲᠠᠢ ᠲᠡᠮᠡᠴᠡᠵᠥ ᠂ ᠲᠠᠷᠤᠢᠬᠠᠨ ᠵᠦᠷᠢᠶ᠎ᠡ᠎ᠪᠠᠨ ᠡᠷᠢᠵᠥ ᠲᠤᠳᠠᠭᠤᠳᠠᠯ᠎ᠢᠶᠡᠨ ᠨᠦᠬᠦᠪᠦᠷᠢᠯᠡᠵᠥ ᠂ ᠪᠠᠢᠳᠠᠯ᠎ᠢ ᠲᠦᠷᠬᠡᠨ ᠬᠤᠪᠢᠷᠠᠭᠤᠯᠬᠤ ᠬᠡᠷᠡᠭᠳᠡᠢ ᠃
ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯ ᠨᠢᠬᠡ ᠤᠳᠠᠭ᠎ᠠ᠎ᠶᠢᠨ ᠬᠤᠷᠢᠬᠯᠠᠨ ᠠᠷᠢᠯᠭᠠᠬᠤ ᠲᠠᠢᠯᠠᠯᠳᠤᠭᠠᠨ ᠪᠤᠯᠬᠤ ᠪᠦᠬᠡᠳ ᠨᠢᠬᠡ ᠤᠳᠠᠭ᠎ᠠ᠎ᠶᠢᠨ ᠶᠡᠷᠤᠩᠬᠡᠢᠯᠡᠭᠰᠡᠡ ᠲᠠᠢᠯᠠᠯᠳᠤᠭᠠᠨ ᠪᠤᠯᠤᠨ᠎ᠠ ᠃ ᠶᠡᠬᠡ ᠲᠡᠯ᠎ᠡ᠎ᠶᠢᠨ ᠤᠬᠠᠮᠰᠠᠷ ᠪᠤᠯᠤᠨ ᠪᠦᠬᠦ ᠲᠡᠯ᠎ᠡ᠎ᠶᠢᠨ ᠦᠵᠡᠯᠳᠡ᠎ᠪᠠᠨ ᠴᠢᠩᠭᠠᠷᠠᠭᠤᠯᠵᠥ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠳ᠋ᠤ ᠪᠦᠬᠦ ᠤᠯᠤᠰ᠎ᠢᠶᠠᠷ᠎ᠢᠶᠡᠨ ᠬᠦᠯᠬᠡ ᠰᠢᠳᠡᠷ᠎ᠡ ᠪᠠᠢᠬᠤ ᠦᠵᠡᠯ ᠰᠠᠨᠠᠭ᠎ᠠ᠎ᠶᠢ ᠪᠠᠳᠤ ᠪᠤᠢ ᠪᠤᠯᠭᠠᠮᠠᠨᠵᠢᠨ ᠰᠠᠶᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠲᠤᠮᠳᠠ ᠬᠠᠮᠲᠤᠷᠠᠯ ᠬᠦᠴᠦᠨ᠎ᠢ ᠪᠦᠷᠢᠯᠳᠦᠬᠦᠯᠵᠥ ᠂ ᠠᠵᠠ ᠲᠤᠬᠢᠶᠠᠯ᠎ᠢ ᠤᠷᠢᠳ᠎ᠢᠶᠠᠷ ᠠᠮᠵᠢᠵᠥ ᠴᠢᠳᠠᠨ᠎ᠠ ᠃ ᠤᠬᠠᠮᠰᠠᠷ᠎ᠡᠴᠠ᠎ᠪᠠᠨ ᠶᠡᠭᠡ ᠲᠠᠯ ‍᠎ᠠ᠎ᠶᠢ ᠴᠢᠬᠤᠯᠠᠴᠢᠯᠠᠨ ᠂ ᠶᠡᠭᠡ ᠲᠠᠯ᠎ᠠ᠎ᠶᠢ ᠤᠷᠢᠳ᠎ᠢᠶᠠᠷ ᠪᠤᠳᠤᠯᠬᠢᠯᠠᠵᠦ ᠂ ᠠᠵᠢᠯ᠎ᠢᠶᠡᠨ ᠶᠡᠬᠡ ᠲᠠᠯ᠎ᠠ᠎ᠳ᠋ᠤ ᠲᠠᠯᠪᠢᠨ ᠪᠤᠳᠤᠯᠬᠢᠯᠠᠵᠤ ᠂ ᠲᠤᠭᠳᠠᠭᠠᠵᠤ ᠂ ᠪᠠᠢᠷᠢᠰᠢᠯᠠᠭᠤᠯᠵᠤ ᠂ ᠶᠡᠬᠡ ᠲᠠᠯ᠎ᠠ᠎ᠶᠢ ᠵᠦᠪ ᠲᠠᠨᠢᠬᠤ ᠂ ᠶᠡᠬᠡ ᠲᠠᠯ᠎ᠠ᠎ᠶᠢ ᠤᠬᠠᠮᠰᠠᠷ᠎ᠡᠴᠠ᠎ᠪᠠᠨ ᠲᠠᠭᠠᠬᠤ ᠂ ᠶᠡᠬᠡ ᠲᠠᠯ᠎ᠠ᠎ᠶᠢ ᠡᠷᠡᠰ ᠬᠠᠮᠠᠭᠠᠯᠠᠬᠤ᠎ᠶᠢ ᠬᠦᠢᠴᠡᠳᠬᠡᠬᠦ ᠭᠡᠷᠡᠭᠳᠠᠢ ︔ ᠪᠦᠬᠦ ᠤᠯᠤᠰ᠎ᠡᠴᠠ ᠡᠬᠦᠰᠴᠤ ᠂ ᠲᠤᠬᠠᠢ᠎ᠶᠢᠨ ᠭᠠᠵᠠᠷ᠎ᠲᠤ ᠰᠠᠭᠤᠷᠢᠯᠠᠵᠤ ᠂ ᠲᠤᠰ ᠭᠠᠵᠠᠷ ᠤᠷᠤᠨ ᠲᠤᠰ ᠬᠦᠷᠢᠶ᠎ᠠ ᠴᠠᠷᠠᠭ᠎ᠠ᠎ᠶᠢᠨ᠎ᠢᠶᠡᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠭᠡᠷᠡᠭᠴᠡᠬᠡ᠎ᠶᠢ ᠪᠤᠳᠤᠯᠬᠢᠯᠠᠬᠤ᠎ᠪᠠᠷ ᠪᠠᠷᠠᠬᠤ ᠦᠬᠡᠢ ᠂ ᠭᠤᠤᠯᠳᠠᠯᠭ᠎ᠠ᠎ᠲᠠᠢ ᠭᠠᠵᠠᠷ ᠤᠷᠤᠨ ᠂ ᠪᠦᠬᠦ ᠤᠯᠤᠰ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠨᠦᠯᠤᠬᠡ᠎ᠶᠢ ᠪᠤᠳᠤᠯᠬᠢᠯᠠᠵᠤ ᠂ ᠪᠠᠶ᠎ᠠ᠎ᠪᠠᠨ ᠲᠠᠭᠠᠭᠠᠵᠤ ᠲᠠᠢᠯᠠᠯᠳᠤᠭᠠᠨ ᠬᠢᠬᠦ᠎ᠪᠠᠷ ᠪᠠᠷᠠᠬᠤ ᠦᠬᠡᠢ ᠂ ᠪᠠᠰᠠ ᠲᠤᠰ ᠲᠤᠰ᠎ᠲᠠᠭᠠᠨ ᠲᠠᠢᠯᠠᠯᠳᠤᠭᠠᠨ ᠬᠢᠬᠦ ᠦᠬᠡᠢ ᠪᠠᠢᠵᠦ ᠂ ᠡᠮᠤᠨᠡᠰᠢ ᠨᠢᠬᠡ ᠠᠯᠬᠤᠮ ᠲᠠᠪᠰᠢᠵᠤ ᠰᠤᠯᠪᠢᠴᠠᠨ ᠲᠠᠪᠬᠤᠷᠳᠠᠬᠤ᠎ᠡᠴᠠ ᠪᠢᠰᠢ ᠂ ᠬᠤᠢᠰᠢ ᠤᠬᠤᠷᠢᠵᠤ ᠵᠠᠪᠰᠠᠷ ᠵᠠᠢ ᠭᠠᠷᠭᠠᠵᠤ ᠪᠤᠯᠬᠤ ᠦᠬᠡᠢ ᠃ ᠨᠠᠷᠢᠨ ᠤᠨᠤᠪᠴᠢᠳᠠᠢ ᠴᠢᠩ ᠦᠨᠡᠨᠴᠢ᠎ᠪᠠᠷ ᠬᠠᠮᠳᠤᠷᠠᠨ ᠠᠵᠢᠯᠯᠠᠵᠤ ᠂ ᠨᠢᠬᠳᠠ ᠬᠠᠮᠵᠢᠯᠴᠠᠵᠤ ᠂ ᠬᠠᠷᠢᠯᠴᠠᠨ ᠲᠡᠮᠵᠢᠵᠤ ᠂ ᠬᠠᠷᠢᠯᠴᠠᠨ ᠨᠦᠬᠦᠪᠤᠷᠢᠯᠠᠪᠠᠯ ᠰᠠᠶᠢ ᠠᠭᠤᠯᠠ ᠳᠠᠭᠠᠷᠠᠪᠠᠯ ᠵᠠᠮ ᠨᠡᠭᠡᠭᠡᠵᠦ ᠂ ᠤᠰᠤ ᠳᠠᠭᠠᠷᠠᠪᠠᠯ ᠬᠦᠬᠦᠷᠭᠡ ᠲᠠᠯᠪᠢᠵᠦ ᠂ ᠬᠠᠮᠤᠬ᠎ᠤᠨ ᠶᠡᠬᠡ ᠬᠡᠮᠵᠢᠶ᠎ᠠ᠎ᠪᠠᠷ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠮᠵᠢᠯᠳᠠ ᠪᠦᠳᠤᠮᠵᠢ᠎ᠶᠢ ᠤᠯᠵᠤ ᠴᠢᠳᠠᠨ᠎ᠠ ᠃
ᠲᠡᠭᠡᠷ᠎ᠠ ᠲᠤᠤᠷ᠎ᠠ ᠱᠠᠳᠤ ᠰᠡᠳᠬᠢᠯ ᠨᠢᠬᠡᠳᠤᠪᠠᠯ ᠰᠠᠶᠢ ᠢᠯᠠᠯᠳᠠ ᠤᠯᠵᠤ ᠲᠠᠢᠯᠤᠨ᠎ᠠ ᠂ ᠵᠢᠷᠭᠠᠯ ᠵᠤᠪᠠᠯᠠᠩ᠎ᠢᠶᠡᠨ ᠬᠠᠮᠳᠤᠳᠬᠠᠪᠠᠯ ᠬᠦᠴᠢᠷ᠎ᠢ ᠲᠤᠭᠤᠯᠵᠤ ᠴᠢᠳᠠᠨ᠎ᠠ ᠃ ᠪᠢᠳᠡ ᠢᠳᠡᠬᠡᠯ ᠵᠤᠷᠢᠬ᠎ᠢᠶᠡᠨ ᠪᠠᠳᠤᠳᠬᠠᠵᠤ ᠂ ᠨᠠᠮ᠎ᠤᠨ ᠲᠦᠪ ᠬᠤᠷᠢᠶᠠᠨ᠎ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ ᠂ ᠡᠯ᠎ᠠ ᠭᠠᠵᠠᠷ ᠤᠷᠤᠨ ᠡᠯ᠎ᠠ ᠱᠠᠳᠤᠨ᠎ᠤ᠎ᠬᠢᠨ ᠨᠢᠬᠳᠠ ᠬᠠᠮᠵᠢᠯᠴᠠᠵᠤ ᠂ ᠦᠨᠳᠤᠰᠤᠳᠠᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠰᠡᠳᠬᠢᠯ ᠨᠢᠬᠡᠳᠤᠳᠡᠭ ᠯᠠ ᠶᠤᠮ ᠪᠤᠯ ᠂ ᠢᠯᠠᠵᠤ ᠲᠡᠢᠯᠬᠦ ᠦᠬᠡᠢ ᠪᠡᠷᠬᠡᠰᠢᠶᠠᠯ ᠬᠡᠵᠤ ᠦᠬᠡᠢ ᠂ ᠲᠠᠪᠠᠵᠤ ᠲᠡᠢᠯᠬᠦ ᠦᠬᠡᠢ ᠪᠤᠭᠤᠮᠳᠠ ᠬᠡᠵᠤ ᠦᠬᠡᠢ ᠶᠤᠮ ᠃ ᠢᠳᠡᠬᠡᠯ ᠵᠤᠷᠢᠬ᠎ᠢᠶᠡᠨ ᠪᠠᠳᠤᠳᠬᠠᠵᠤ ᠂ ᠵᠢᠷᠭᠠᠯ ᠵᠤᠪᠠᠯᠠᠩ᠎ᠢᠶᠡᠨ ᠬᠠᠮᠳᠤᠳᠬᠠᠵᠤ ᠂ ᠰᠢᠨᠵᠢᠯᠡᠬᠦ ᠤᠬᠠᠭᠠᠨᠴᠢ᠎ᠪᠠᠷ ᠰᠡᠷᠬᠡᠢᠯᠡᠨ ᠵᠠᠰᠠᠵᠤ ᠂ ᠨᠠᠷᠢᠨ ᠤᠨᠤᠪᠴᠢᠳᠠᠢ ᠠᠷᠭ᠎ᠠ ᠬᠡᠮᠵᠢᠶ᠎ᠠ ᠠᠪᠴᠤ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠪᠦᠬᠦ ᠬᠦᠴᠤ᠎ᠪᠠᠷ᠎ᠢᠶᠡᠨ ᠰᠠᠢᠳᠤᠷ ᠬᠢᠵᠤ ᠂ ᠬᠤᠪᠢ ᠵᠠᠶᠠᠭ᠎ᠠ᠎ᠪᠠᠨ ᠬᠠᠮᠳᠤᠳᠬᠠᠬᠤ ᠰᠠᠨᠠᠭ᠎ᠠ ᠰᠡᠳᠬᠢᠯ ᠤᠢᠷ᠎ᠠ ᠲᠤᠳᠤᠨᠤ ᠪᠤᠯᠵᠤ ᠂ ᠲᠦᠮᠡᠨ ᠠᠷᠠᠳ ᠲᠡᠮᠤᠷ ᠬᠡᠷᠡᠮ ᠮᠡᠳᠤ ᠨᠢᠬᠳᠠᠷᠠᠨ ᠪᠦᠯᠬᠦᠮᠳᠡᠵᠦ ᠨᠢᠬᠳᠠ ᠬᠠᠮᠳᠤᠷᠠᠯᠴᠠᠪᠠᠯ ᠂ ᠯᠠᠪᠳᠠᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠵᠤ ᠬᠤᠷᠢᠬᠯᠠᠨ ᠠᠷᠢᠯᠭᠠᠬᠤ ᠲᠠᠢᠯᠠᠯᠳᠤᠭᠠᠨ᠎ᠤ ᠢᠯᠠᠯᠳᠠ᠎ᠶᠢ ᠤᠯᠵᠤ ᠂ ᠪᠡᠷᠬᠡᠰᠢᠶᠠᠯᠳᠤ ᠴᠠᠬ ᠦᠶ᠎ᠠ᠎ᠳ᠋ᠤ ᠰᠠᠢᠨ ᠰᠠᠢᠬᠠᠨ ᠮᠠᠷᠭᠠᠰᠢ᠎ᠪᠠᠨ ᠬᠠᠮᠳᠤ᠎ᠪᠠᠷ ᠤᠬᠳᠤᠨ ᠠᠪᠴᠦ ᠴᠢᠳᠠᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面