2020-02-10 10:32:18
ᠠᠵᠢᠯ᠎ᠤᠨ ᠨᠠᠢᠳᠠᠪᠦᠷᠢᠵᠢᠭᠤᠯᠤᠯᠲᠠᠶᠢ ᠪᠤᠳᠠᠲᠠᠢ ᠨᠠᠷᠢᠯᠢᠭ ᠠᠳᠬᠤᠰᠤᠭᠠᠢ
ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠰᠠᠢᠳᠤᠷ ᠬᠢᠬᠦ᠎ᠨᠢ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠠ ᠮᠠᠬᠠᠪᠤᠳ᠎ᠤᠨ ᠡᠷᠡᠬᠦᠯ ᠴᠢᠬᠢᠷᠠᠭ᠎ᠲᠠᠢ ᠰᠢᠭᠤᠳ ᠬᠤᠯᠪᠤᠭᠳᠠᠵᠦ ᠂ ᠠᠵᠤ ᠠᠬᠤᠢ ᠨᠡᠢᠭᠡᠮ᠎ᠤᠨ ᠶᠡᠭᠡ ᠲᠠᠯ᠎ᠠ᠎ᠶᠢᠨ ᠲᠤᠭᠳᠠᠭᠤᠨ᠎ᠲᠠᠢ ᠰᠢᠭᠤᠳ ᠬᠤᠯᠪᠤᠭᠳᠠᠨ᠎ᠠ ᠃ ᠤᠳᠤᠬᠠᠨ᠎ᠳ᠋ᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠨᠢ ᠬᠠᠮᠤᠭ᠎ᠤᠨ ᠵᠠᠩᠬᠢᠯᠠᠭ᠎ᠠ᠎ᠶᠢᠨ ᠂ ᠬᠠᠮᠤᠭ᠎ᠤᠨ ᠲᠤᠯᠭᠠᠮ ᠴᠠᠭ ᠦᠶ᠎ᠠ᠎ᠳ᠋ᠤ ᠤᠷᠤᠪᠠ ᠂ ᠬᠢᠵᠢᠭ᠎ᠤᠨ ᠪᠠᠢᠳᠠᠯ᠎ᠤᠨ ᠳᠡᠷᠬᠠᠨ ᠳᠡᠯᠭᠡᠷᠡᠬᠦ ᠬᠠᠨᠳᠤᠰᠢ᠎ᠶᠢ ᠡᠷᠡᠰ ᠬᠤᠷᠢᠬᠯᠠᠵᠦ ᠴᠢᠳᠠᠬᠤ ᠡᠰᠡᠬᠦ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠢᠯᠠᠯᠳᠤᠭᠠᠨ᠎ᠤ ᠢᠯᠠᠯᠳᠠ᠎ᠶᠢ ᠤᠯᠵᠦ ᠴᠢᠳᠠᠬᠤ ᠡᠰᠡᠬᠦ᠎ᠶᠢᠨ ᠬᠠᠮᠤᠭ᠎ᠤᠨ ᠵᠠᠩᠬᠢᠯᠠᠭ᠎ᠠ᠎ᠶᠢᠨ ᠵᠦᠢᠯ᠎ᠨᠢ ᠠᠵᠢᠯ᠎ᠤᠨ ᠨᠠᠢᠳᠠᠪᠤᠷᠢᠵᠢᠭᠤᠯᠤᠯᠳᠠ᠎ᠶᠢ ᠪᠤᠳᠠᠳᠠᠢ ᠨᠠᠷᠢᠯᠢᠭ ᠠᠳᠬᠤᠬᠤ ᠶᠠᠪᠤᠳᠠᠯ ᠪᠤᠯᠤᠨ᠎ᠠ ᠃
ᠬᠢᠵᠢᠭ᠎ᠤᠨ ᠪᠠᠢᠳᠠᠯ ᠭᠠᠷᠤᠭᠰᠠᠨ᠎ᠡᠴᠠ ᠨᠠᠭᠠᠰᠢ ᠂ ᠨᠠᠮ᠎ᠤᠨ ᠲᠦᠪ ᠬᠤᠷᠢᠶᠠᠨ᠎ᠤ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠳᠤᠤᠷ᠎ᠠ ᠂ ᠪᠦᠬᠦ ᠤᠷᠤᠨ ᠳᠠᠶᠠᠭᠠᠷ᠎ᠤᠨ ᠬᠠᠮᠳᠦ᠎ᠶᠢᠨ ᠴᠢᠷᠮᠠᠢᠯᠭ᠎ᠠ᠎ᠪᠠᠷ ᠂ ᠮᠠᠨ᠎ᠤ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠯ᠎ᠠ ᠵᠦᠢᠯ᠎ᠤᠨ ᠠᠵᠢᠯ ᠶᠠᠭ ᠶᠠᠭᠠᠷᠠᠯᠳᠠᠢ ᠡᠮᠬᠢ ᠲᠢᠭᠯᠢᠮ᠎ᠲᠠᠢ ᠠᠬᠢᠭᠤᠯᠤᠭᠳᠠᠨ ᠨᠠᠢᠳᠠᠪᠤᠷᠢᠵᠢᠬᠳᠠᠵᠦ ᠪᠤᠢ ᠃ ᠠᠮᠢ ᠨᠠᠰᠤ ᠲᠠᠢᠱᠠᠨ ᠠᠭᠤᠯᠠᠨ᠎ᠡᠴᠠ ᠬᠦᠨᠳᠦ ᠂ ᠬᠠᠷᠢᠭᠤᠴᠠᠯᠭ᠎ᠠ᠎ᠪᠠᠨ ᠮᠦᠷᠦᠨᠳ᠋ᠡᠭᠡᠨ ᠡᠬᠦᠷᠭᠡᠯᠡᠰᠦᠭᠡᠢ ᠃ ᠬᠢᠵᠢᠭ᠎ᠤᠨ ᠪᠠᠢᠳᠠᠯ ᠪᠡᠷᠭᠡ ᠬᠠᠳᠠᠭᠤᠵᠢᠯᠳᠠᠢ ᠨᠠᠷᠢᠨ ᠪᠤᠳᠤᠯᠢᠶᠠᠨᠳᠠᠢ ᠂ ᠬᠤᠪᠢᠷᠠᠯᠳᠠ ᠶᠡᠭᠡᠳᠠᠢ ᠪᠠᠢᠳᠠᠯ᠎ᠤᠨ ᠡᠮᠦᠨ᠎ᠠ ᠂ ᠦᠴᠦᠭᠡᠨ ᠳᠡᠳᠦᠢ ᠴᠠᠯᠠᠭᠠᠢᠷᠠᠯ ᠂ ᠠᠯᠮᠠᠢᠷᠠᠯᠨᠢ ᠠᠷᠠᠳ ᠤᠯᠠᠨ᠎ᠤ ᠠᠮᠢ ᠨᠠᠰᠤᠨ᠎ᠤ ᠡᠷᠡᠬᠦᠯ ᠴᠢᠬᠢᠷᠠᠭ᠎ᠲᠤ ᠡᠭᠡᠬᠦᠯᠦᠨ ᠪᠤᠴᠠᠭᠠᠵᠦ ᠪᠤᠯᠤᠰᠢ ᠦᠭᠡᠢ ᠬᠦᠨᠳᠦ ᠨᠤᠴᠢᠳᠠᠢ ᠬᠤᠬᠢᠷᠠᠯ ᠤᠴᠠᠷᠠᠭᠤᠯᠬᠤ ᠪᠤᠯᠤᠨ᠎ᠠ ᠃ ᠪᠢᠳᠠ ᠠᠰᠠᠭᠤᠳᠠᠯ᠎ᠢ ᠪᠤᠳᠤᠯᠬᠢᠯᠠᠬᠤ᠎ᠳᠠᠭᠠᠨ ᠨᠡᠩ ᠪᠤᠯᠭᠤᠮᠵᠢᠳᠠᠢ ᠬᠢᠨᠠᠭᠤᠷ ᠪᠠᠢᠵᠦ ᠂ ᠡᠯ᠎ᠠ ᠲᠦᠷᠦᠯ᠎ᠤᠨ ᠪᠤᠯᠤᠮᠵᠢ᠎ᠶᠢ ᠨᠡᠩ ᠬᠦᠢᠴᠡᠳ ᠪᠤᠳᠤᠯᠬᠢᠯᠠᠵᠦ ᠂ ᠴᠢᠩᠭ᠎ᠠ᠎ᠡᠴᠠ ᠴᠢᠩᠭ᠎ᠠ ᠂ ᠨᠠᠷᠢᠯᠢᠭ᠎ᠡᠴᠠ ᠨᠠᠷᠢᠯᠢᠭ ᠂ ᠪᠤᠳᠠᠳᠠᠢ᠎ᠡᠴᠠ ᠪᠤᠳᠠᠳᠠᠢ᠎ᠪᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠯ᠎ᠠ ᠵᠦᠢᠯ᠎ᠤᠨ ᠠᠵᠢᠯ᠎ᠢ ᠰᠠᠢᠳᠤᠷ ᠬᠢᠬᠦ ᠭᠡᠷᠡᠭᠲᠡᠢ ᠃
ᠨᠠᠢᠳᠠᠪᠤᠷᠢᠵᠢᠭᠤᠯᠬᠤ ᠠᠵᠢᠯ᠎ᠢ ᠪᠤᠳᠠᠳᠠᠢ ᠠᠳᠬᠤᠵᠥ ᠨᠠᠷᠢᠯᠢᠭ ᠠᠳᠬᠤᠬᠤ᠎ᠳ᠋ᠤ ᠂ ᠠᠰᠠᠭᠤᠳᠠᠯ᠎ᠢᠶᠠᠷ ᠤᠳᠤᠷᠢᠳᠤᠮᠵᠢ ᠪᠤᠯᠭᠠᠬᠤ᠎ᠶᠢ ᠪᠠᠷᠢᠮᠳᠠᠯᠠᠬᠤ ᠬᠡᠷᠡᠭᠳᠡᠢ ᠃ ᠤᠳᠤᠬᠠᠨ᠎ᠳ᠋ᠤ ᠂ ᠮᠠᠨ᠎ᠤ ᠤᠷᠤᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ ᠦᠨᠳᠦᠰᠦᠨ ᠱᠠᠳᠤᠨ᠎ᠤ ᠰᠠᠭᠤᠷᠢ᠎ᠶᠢ ᠪᠡᠬᠢᠵᠢᠬᠦᠯᠬᠦ ᠂ ᠲᠤᠤᠷᠵᠢᠭᠤᠯᠤᠨ ᠰᠢᠭᠰᠢᠨ ᠪᠠᠢᠴᠠᠭᠠᠵᠦ ᠬᠠᠮᠢᠶᠠᠷᠤᠨ ᠡᠵᠡᠮᠳᠡᠬᠦ ᠂ ᠲᠤᠮᠤ ᠳ᠋ᠠᠢᠲ᠋ᠠ᠎ᠶᠢ ᠬᠡᠷᠡᠭᠯᠡᠬᠦ ᠂ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠤᠯᠤᠨ ᠨᠠᠮ᠎ᠤᠨ ᠬᠡᠰᠢᠬᠦᠨ᠎ᠤ ᠦᠢᠯᠡᠳᠤᠯ᠎ᠢ ᠪᠠᠳᠠᠷᠠᠭᠤᠯᠬᠤ ᠂ ᠤᠯᠠᠨ ᠲᠦᠮᠡᠨ᠎ᠢ ᠲᠠᠢᠴᠢᠯᠠᠨ ᠤᠷᠤᠯᠴᠠᠭᠤᠯᠬᠤ ᠵᠡᠷᠬᠡ ᠲᠡᠯ᠎ᠡ᠎ᠪᠠᠷ ᠪᠠᠰᠠ ᠵᠠᠷᠢᠮ ᠪᠤᠳᠠᠳᠠᠢ ᠪᠤᠰᠤ ᠠᠰᠠᠭᠤᠳᠠᠯ ᠤᠷᠤᠰᠢᠵᠥ ᠂ ᠵᠠᠷᠢᠮ ᠭᠠᠵᠠᠷ᠎ᠤᠨ᠎ᠬᠢᠨ ᠬᠠᠯᠳᠠᠪᠤᠷᠢᠯᠠᠬᠤ ᠡᠬᠢ ᠰᠤᠷᠪᠤᠯᠵᠢ᠎ᠶᠢ ᠰᠢᠭᠰᠢᠨ ᠪᠠᠢᠴᠠᠭᠠᠬᠤ ᠂ ᠬᠠᠯᠳᠠᠪᠤᠷᠢᠯᠠᠬᠤ ᠵᠠᠮ᠎ᠢ ᠲᠠᠰᠤᠯᠬᠤ ᠠᠵᠢᠯ᠎ᠢ ᠨᠠᠷᠢᠯᠢᠭ ᠬᠦᠨᠵᠡᠬᠡᠢ ᠬᠢᠭᠰᠡᠡ ᠦᠬᠡᠢ ᠪᠠᠢᠨ᠎ᠠ ᠃ ᠨᠠᠷᠢᠨ ᠵᠦᠢᠯ ᠢᠯᠠᠵᠥ ᠢᠯᠠᠬᠳᠠᠬᠤ᠎ᠶᠢ ᠲᠤᠭᠳᠠᠭᠠᠨ᠎ᠠ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯ ᠨᠢᠬᠡ ᠤᠳᠠᠭ᠎ᠠ᠎ᠶᠢᠨ ᠪᠦᠬᠦᠯᠢ ᠴᠤᠭᠴᠠᠳᠤ ᠲᠠᠢᠯᠠᠯᠳᠤᠭᠠᠨ ᠪᠤᠯᠤᠨ᠎ᠠ ᠂ ᠠᠯᠢ ᠨᠢᠬᠡ ᠭᠤᠬᠴᠤᠭ᠎ᠠ᠎ᠳ᠋ᠤ ᠠᠰᠠᠭᠤᠳᠠᠯ ᠭᠠᠷᠪᠠᠯ ᠪᠦᠷ ᠪᠦᠬᠦᠢᠢᠯᠡ ᠰᠡᠷᠬᠡᠢᠯᠡᠯᠳᠡ᠎ᠶᠢᠨ ᠱᠤᠭᠤᠮ ᠡᠵᠡᠮᠰᠢᠯ᠎ᠢᠶᠡᠨ ᠠᠯᠳᠠᠬᠤ ᠪᠤᠯᠤᠨ᠎ᠠ ᠃ ᠡᠯ᠎ᠡ ᠱᠠᠳᠤᠨ᠎ᠤ ᠡᠯ᠎ᠡ ᠰᠠᠯᠠᠭ᠎ᠠ ᠮᠦᠴᠢᠷ᠎ᠤᠨ᠎ᠬᠢᠨ ᠵᠦᠷᠢᠶ᠎ᠡ᠎ᠪᠠᠨ ᠡᠷᠢᠵᠥ ᠂ ᠲᠤᠳᠠᠭᠤᠳᠠᠯ᠎ᠢᠶᠡᠨ ᠨᠦᠬᠦᠪᠦᠷᠢᠯᠡᠬᠦ ᠲᠡᠯ᠎ᠡ᠎ᠪᠠᠷ ᠬᠦᠴᠦ ᠤᠷᠤᠭᠤᠯᠵᠥ ᠂ ᠲᠦᠪ᠎ᠤᠨ ᠱᠠᠭᠠᠷᠳᠠᠯᠭ᠎ᠠ᠎ᠲᠠᠢ ᠬᠠᠷᠭᠤᠭᠤᠯᠵᠥ ᠂ ᠠᠵᠢᠯ᠎ᠤᠨ ᠲᠤᠮᠳᠠ ᠤᠷᠤᠰᠢᠵᠥ ᠪᠠᠢᠭ᠎ᠠ ᠠᠰᠠᠭᠤᠳᠠᠯ᠎ᠢ ᠪᠦᠬᠦ ᠲᠡᠯ᠎ᠡ᠎ᠪᠠᠷ ᠪᠠᠢᠴᠠᠭᠠᠵᠥ ᠂ ᠭᠤᠤᠯᠳᠠᠯᠭ᠎ᠠ᠎ᠲᠠᠢ ᠠᠰᠠᠭᠤᠳᠠᠯ ᠬᠦᠴᠢᠷ ᠠᠰᠠᠭᠤᠳᠠᠯ᠎ᠳ᠋ᠤ ᠠᠩᠬᠠᠷᠤᠯ᠎ᠢᠶᠡᠨ ᠲᠦᠪᠯᠡᠷᠡᠬᠦᠯᠥᠨ ᠤᠨᠤᠪᠴᠢᠳᠠᠢ ᠬᠦᠴᠦᠯᠠᠵᠥ ᠂ ᠤᠨᠴᠠᠭᠠᠢᠯᠠᠨ ᠵᠠᠳᠠᠯᠤᠯᠳᠠ ᠬᠢᠬᠦ ᠰᠤᠳᠤᠯᠤᠨ ᠮᠠᠭᠠᠳᠯᠠᠬᠤ ᠠᠵᠢᠯ᠎ᠢ ᠰᠠᠢᠳᠤᠷ ᠬᠢᠬᠦ᠎ᠶᠢ ᠲᠡᠬᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠵᠥ ᠂ ︽ ᠲᠤᠮᠤ ᠳ᠋ᠠᠢᠲ᠋ᠠ + ᠲᠤᠤᠷᠵᠢᠭᠤᠯᠬᠤ ︾ ᠠᠷᠭ᠎ᠠ ᠪᠠᠷᠢᠯ᠎ᠢ ᠬᠦᠢᠴᠡᠳ ᠬᠡᠷᠡᠭᠯᠡᠵᠥ ᠂ ᠨᠢᠭᠤᠬᠳᠠᠵᠥ ᠪᠠᠢᠭ᠎ᠠ ᠬᠠᠯᠳᠠᠪᠤᠷᠢᠯᠠᠬᠤ ᠡᠬᠢ ᠰᠤᠷᠪᠤᠯᠵᠢ᠎ᠶᠢᠨ ᠰᠠᠭᠤᠷᠢ ᠲᠤᠭ᠎ᠠ᠎ᠶᠢ ᠪᠦᠬᠦ ᠲᠡᠯ᠎ᠡ᠎ᠪᠠᠷ ᠪᠠᠢᠴᠠᠭᠠᠨ ᠲᠤᠳᠤᠯᠵᠥ ᠂ ᠰᠢᠨᠵᠢᠯᠡᠬᠦ ᠤᠬᠠᠭᠠᠨᠴᠢ᠎ᠪᠠᠷ ᠰᠡᠷᠬᠡᠢᠯᠡᠨ ᠵᠠᠰᠠᠬᠤ ᠂ ᠲᠦᠷᠦ᠎ᠶᠢᠨ ᠪᠤᠳᠤᠯᠭ᠎ᠠ᠎ᠶᠢ ᠤᠨᠤᠪᠴᠢᠳᠠᠢ᠎ᠪᠠᠷ ᠬᠡᠷᠡᠭᠵᠢᠬᠦᠯᠬᠦ᠎ᠳ᠋ᠤ ᠬᠦᠴᠦᠳᠠᠢ ᠲᠤᠯᠭᠠᠭᠤᠷᠢᠯᠡᠯ ᠬᠠᠩᠭᠠᠬᠤ ᠬᠡᠷᠡᠭᠳᠡᠢ ᠃
ᠨᠠᠢᠳᠠᠪᠤᠷᠢᠵᠢᠭᠤᠯᠬᠤ ᠠᠵᠢᠯ᠎ᠢ ᠪᠤᠳᠠᠳᠠᠢ ᠠᠳᠬᠤᠵᠥ ᠨᠠᠷᠢᠯᠢᠭ ᠠᠳᠬᠤᠬᠤ᠎ᠳ᠋ᠤ ᠂ ᠰᠡᠷᠬᠡᠢᠯᠡᠨ ᠡᠵᠡᠮᠳᠡᠬᠦ ᠪᠠᠢᠷᠢᠯᠠᠭᠤᠯᠤᠯᠳᠠ᠎ᠶᠢ ᠬᠡᠷᠡᠭᠵᠢᠬᠦᠯᠬᠦ ᠬᠦᠴᠦᠨ᠎ᠢ ᠦᠨᠡᠨ ᠬᠦ ᠴᠢᠩᠭᠠᠳᠬᠠᠬᠤ ᠬᠡᠷᠡᠭᠳᠡᠢ ᠃ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯ ᠴᠠᠭ ᠮᠦᠴᠠ᠎ᠲᠠᠢ ᠤᠷᠤᠯᠳᠤᠵᠥ ᠂ ᠡᠪᠡᠳᠴᠢᠨ ᠡᠮᠬᠡᠭ᠎ᠲᠠᠢ ᠦᠵᠡᠯᠴᠡᠵᠥ ᠪᠠᠢᠭ᠎ᠠ ᠶᠠᠪᠤᠳᠠᠯ ᠪᠤᠯᠤᠨ᠎ᠠ ᠂ ᠬᠦᠯᠢᠶᠡᠵᠥ ᠪᠤᠯᠬᠤ ᠦᠬᠡᠢ ᠂ ᠤᠳᠠᠭᠠᠰᠢᠷᠠᠭᠤᠯᠵᠥ ᠪᠤᠯᠬᠤ ᠦᠬᠡᠢ ᠂ ᠡᠷᠬᠡᠪᠰᠢ ᠴᠠᠭ ᠮᠦᠴᠡ᠎ᠶᠢ ᠠᠯᠳᠠᠯ ᠦᠬᠡᠢ ᠴᠢᠷᠮᠡᠢᠬᠤ ᠬᠡᠷᠡᠭᠳᠡᠢ ᠃ ᠤᠳᠤᠬᠠᠨ᠎ᠳ᠋ᠤ ᠂ ᠴᠠᠭᠠᠨ ᠰᠠᠷ᠎ᠠ᠎ᠶᠢᠨ ᠲᠠᠷᠠᠭ᠎ᠠ ᠠᠵᠢᠯ᠎ᠤᠨ ᠪᠠᠢᠷᠢ᠎ᠳᠠᠭᠠᠨ ᠪᠤᠴᠠᠬᠤ ᠬᠦᠮᠥᠰ ᠲᠠᠰᠤᠷᠠᠯᠳᠡ ᠦᠬᠡᠢ ᠤᠯᠠᠰᠢᠷᠠᠵᠥ ᠂ ᠬᠦᠮᠥᠰ᠎ᠤᠨ ᠨᠡᠬᠦᠳᠡᠯ ᠪᠤᠯᠤᠨ ᠴᠤᠭᠯᠠᠷᠠᠯ᠎ᠨᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠳ᠋ᠤ ᠰᠢᠨ᠎ᠡ ᠠᠶᠤᠯ ᠲᠦᠭᠰᠢᠬᠦᠷᠢ᠎ᠶᠢ ᠨᠡᠮᠡᠭᠳᠡᠬᠦᠯᠥᠭᠰᠡᠡ ᠪᠠᠢᠨ᠎ᠠ ᠃ ᠡᠯ᠎ᠠ ᠱᠠᠳᠤ ᠡᠯ᠎ᠠ ᠰᠠᠯᠠᠭ᠎ᠠ ᠮᠦᠴᠢᠷ᠎ᠤᠨ᠎ᠬᠢᠨ ᠬᠠᠷᠢᠶ᠎ᠠ ᠤᠷᠤᠨ᠎ᠤ ᠬᠠᠷᠢᠭᠤᠴᠠᠯᠭ᠎ᠠ᠎ᠪᠠᠨ ᠴᠢᠨᠠᠬᠰᠢᠳᠠ ᠪᠤᠳᠠᠳᠠᠢᠵᠢᠭᠤᠯᠵᠤ ᠂ ᠰᠤᠯᠠᠷᠡᠰᠢ ᠦᠬᠡᠢ᠎ᠪᠠᠷ ᠴᠢᠩᠭ᠎ᠠ ᠬᠠᠮᠢᠶᠠᠷᠤᠨ ᠡᠵᠡᠮᠳᠡᠵᠤ ᠂ ᠴᠢᠩᠭ᠎ᠠ ᠰᠡᠷᠬᠡᠢᠯᠡᠨ ᠦᠬᠦᠨ ᠰᠠᠬᠢᠵᠤ ᠂ ᠴᠠᠭᠠᠨ ᠰᠠᠷ᠎ᠠ᠎ᠶᠢᠨ ᠲᠠᠷᠠᠭ᠎ᠠ ᠠᠵᠢᠯᠯᠠᠬᠤ᠎ᠪᠠᠷ ᠪᠤᠴᠠᠬᠤ ᠂ ᠠᠵᠢᠯ᠎ᠤᠨ ᠪᠠᠢᠷᠢ᠎ᠳᠠᠭᠠᠨ ᠪᠤᠴᠠᠬᠤ ᠂ ᠰᠤᠷᠭᠠᠭᠤᠯᠢ᠎ᠳᠠᠭᠠᠨ ᠪᠤᠴᠠᠬᠤ ᠵᠡᠷᠬᠡ ᠠᠵᠢᠯ᠎ᠢ ᠨᠢᠬᠡᠳᠤᠯᠳᠠᠢ ᠲᠦᠯᠤᠪᠵᠢᠬᠦᠯᠤᠨ ᠰᠠᠢᠳᠤᠷ ᠬᠢᠵᠤ ᠂ ᠡᠬᠦᠷᠬᠡ᠎ᠶᠢ ᠲᠦᠷᠤᠯ ᠵᠤᠢᠯ ᠬᠦᠷᠳᠡᠯ᠎ᠠ ᠰᠠᠯᠭᠠᠨ ᠲᠠᠭᠠᠭᠠᠯᠭᠠᠵᠤ ᠂ ᠠᠵᠢᠯ᠎ᠤᠨ ᠪᠠᠢᠷᠢ ᠬᠦᠷᠳᠡᠯ᠎ᠠ ᠨᠠᠢᠳᠠᠪᠤᠷᠢᠵᠢᠭᠤᠯᠵᠤ ᠂ ᠬᠤᠪᠢ ᠬᠦᠮᠦᠨ᠎ᠳ᠋ᠤ ᠬᠦᠷᠳᠡᠯ᠎ᠠ ᠭᠡᠮᠵᠢᠶᠡᠷᠢᠯᠡᠵᠦ ᠂ ᠬᠠᠷᠢᠭᠤᠴᠠᠯᠭ᠎ᠠ᠎ᠶᠢᠨ ᠲᠦᠷᠢᠮ᠎ᠢᠶᠠᠷ ᠨᠠᠢᠳᠠᠪᠤᠷᠢᠵᠢᠭᠤᠯᠤᠯᠳᠠ᠎ᠶᠢ ᠠᠬᠢᠭᠤᠯᠤᠨ ᠂ ᠬᠠᠷᠢᠭᠤᠴᠠᠯᠭ᠎ᠠ᠎ᠶᠢᠨ ᠲᠦᠷᠢᠮ᠎ᠢᠶᠠᠷ ᠠᠮᠵᠢᠯᠳᠠ ᠪᠦᠳᠤᠮᠵᠢ᠎ᠶᠢ ᠪᠠᠳᠤᠯᠠᠵᠤ ᠂ ᠱᠠᠳᠤ ᠱᠠᠳᠤ᠎ᠪᠠᠷ ᠠᠳᠬᠤᠬᠤ ᠂ ᠲᠠᠪᠬᠤᠷᠭ᠎ᠠ ᠲᠠᠪᠬᠤᠷᠭ᠎ᠠ᠎ᠪᠠᠷ ᠨᠠᠢᠳᠠᠪᠤᠷᠢᠵᠢᠭᠤᠯᠤᠯᠳᠠ᠎ᠶᠢ ᠠᠳᠬᠤᠬᠤ ᠠᠵᠢᠯ᠎ᠤᠨ ᠪᠠᠢᠷᠢᠰᠢᠯ᠎ᠢ ᠪᠦᠷᠢᠯᠳᠤᠬᠦᠯᠵᠤ ᠂ ᠬᠦᠨᠳᠠᠯᠠᠨ᠎ᠢᠶᠠᠷ ᠵᠠᠬ᠎ᠠ ᠬᠦᠷᠳᠡᠯ᠎ᠠ ᠂ ᠭᠤᠯᠳᠤ᠎ᠪᠠᠷ ᠰᠠᠭᠤᠷᠢ ᠲᠤᠯᠳᠠᠯ᠎ᠠ ᠂ ᠪᠦᠬᠦ ᠲᠠᠯ᠎ᠠ᠎ᠶᠢ ᠪᠦᠷᠬᠦᠬᠦᠯᠵᠤ ᠂ ᠨᠢᠬᠡ᠎ᠶᠢ ᠴᠤ ᠭᠤᠭᠤᠵᠢᠭᠳᠠᠭᠤᠯᠬᠤ ᠦᠬᠡᠢ ᠪᠠᠢᠬᠤ᠎ᠶᠢ ᠬᠦᠢᠴᠡᠳᠬᠡᠵᠤ ᠂ ᠬᠢᠵᠢᠭ᠎ᠤᠨ ᠪᠠᠢᠳᠠᠯ᠎ᠤᠨ ᠡᠵᠡᠮᠰᠢᠯ ᠠᠯᠳᠠᠵᠤ ᠭᠤᠭᠤᠵᠢᠬᠳᠠᠬᠤ ᠂ ᠦᠩᠬᠡᠨ ᠲᠠᠯ᠎ᠠ᠎ᠶᠢᠨ ᠦᠷ᠎ᠠ ᠪᠦᠳᠤᠮᠵᠢ᠎ᠶᠢ ᠡᠷᠡᠰ ᠴᠠᠭᠠᠵᠠᠯᠠᠵᠤ ᠂ ᠲᠠᠮᠵᠢᠨ ᠬᠠᠯᠳᠠᠪᠤᠷᠢᠯᠠᠬᠤ ᠂ ᠲᠠᠮᠵᠢᠨ ᠲᠡᠯᠬᠡᠷᠡᠬᠦ᠎ᠶᠢ ᠡᠷᠡᠰ ᠰᠡᠷᠬᠡᠢᠯᠡᠬᠦ ᠭᠡᠷᠡᠭᠳᠠᠢ ᠃
ᠠᠵᠢᠯ᠎ᠤᠨ ᠨᠠᠢᠳᠠᠪᠤᠷᠢᠵᠢᠭᠤᠯᠤᠯᠳᠠ᠎ᠶᠢ ᠪᠤᠳᠠᠳᠠᠢ ᠨᠠᠷᠢᠯᠢᠬ ᠠᠳᠬᠤᠵᠦ ᠂ ᠨᠠᠷᠢᠯᠢᠬ ᠤᠨᠤᠪᠴᠢᠳᠠᠢ ᠠᠷᠭ᠎ᠠ ᠪᠤᠳᠤᠯᠭ᠎ᠠ ᠠᠪᠬᠤ ᠭᠡᠷᠡᠭᠳᠠᠢ ᠃ ᠬᠦᠨᠳᠤ ᠨᠤᠴᠢᠳᠠᠢ ᠬᠢᠵᠢᠭ᠎ᠤᠨ ᠪᠠᠢᠳᠠᠯ᠎ᠳ᠋ᠤ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠡᠯ᠎ᠠ ᠵᠤᠢᠯ᠎ᠤᠨ ᠠᠷᠭ᠎ᠠ ᠬᠡᠮᠵᠢᠶ᠎ᠠ᠎ᠨᠢ ᠬᠠᠨᠳᠤᠯᠭᠠᠳᠦ ᠴᠢᠨᠠᠷ᠎ᠢ ᠲᠤᠪᠤᠢᠯᠭᠠᠵᠤ ᠂ ᠲᠤᠪᠤᠢᠮ᠎ᠠ ᠠᠰᠠᠭᠤᠳᠠᠯ᠎ᠳ᠋ᠤ ᠠᠩᠬᠠᠷᠤᠯ᠎ᠢᠶᠡᠨ ᠲᠦᠪᠯᠡᠷᠡᠬᠦᠯᠵᠤ ᠂ ᠶᠠᠭᠤ ᠪᠦᠬᠦᠨ᠎ᠢ ᠠᠳᠬᠤᠬᠤ ᠭᠡᠳ ᠶᠠᠭᠤ ᠴᠤ ᠬᠢᠵᠤ ᠲᠡᠢᠯᠦᠭᠰᠡᠡ ᠦᠭᠡᠢ ᠬᠤᠭᠤᠰᠤᠨ ᠪᠤᠯᠭᠠᠵᠤ ᠪᠤᠯᠬᠤ ᠦᠬᠡᠢ ᠃ ᠭᠡᠷ ᠪᠦᠯᠢ᠎ᠶᠢᠨ ᠬᠤᠷᠠᠨ ᠴᠤᠬᠯᠠᠷᠠᠬᠤ ᠮᠠᠶᠢᠭ᠎ᠤᠨ ᠬᠠᠯᠳᠠᠪᠤᠷᠢᠯᠠᠬᠤ ᠠᠰᠠᠭᠤᠳᠠᠯ᠎ᠢ ᠲᠡᠭᠡᠳᠤ ᠬᠡᠮᠵᠢᠶ᠎ᠠ᠎ᠪᠠᠷ ᠴᠢᠬᠤᠯᠠᠴᠢᠯᠠᠨ ᠰᠡᠷᠬᠡᠢᠯᠡᠵᠤ ᠂ ᠲᠤᠰᠠᠭᠠᠷᠯᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ᠎ᠶᠢ ᠴᠢᠩᠭ᠎ᠠ ᠨᠠᠢᠳᠠᠪᠤᠷᠢᠵᠢᠭᠤᠯᠵᠤ ᠂ ᠨᠡᠢᠬᠡᠮ ᠲᠤᠭᠤᠷᠢᠬ ᠪᠤᠯᠤᠨ ᠮᠠᠯᠵᠢᠬᠤ ᠲᠠᠷᠢᠶᠠᠯᠠᠬᠤ ᠤᠷᠤᠨ᠎ᠤ ᠬᠠᠮᠢᠶᠠᠷᠤᠨ ᠡᠵᠡᠮᠳᠡᠬᠦ ᠠᠵᠢᠯ᠎ᠢ ᠴᠢᠩᠭᠠᠳᠬᠠᠵᠤ ᠂ ᠬᠢᠵᠢᠭ᠎ᠤᠨ ᠪᠠᠢᠳᠠᠯ ᠳᠠᠷᠬᠠᠨ ᠲᠡᠯᠬᠡᠷᠡᠬᠦ᠎ᠶᠢ ᠴᠢᠩᠭ᠎ᠠ ᠰᠡᠷᠬᠡᠢᠯᠡᠬᠦ ᠭᠡᠷᠡᠭᠳᠠᠢ ᠃ ᠭᠤᠤᠯᠳᠠᠯᠭ᠎ᠠ᠎ᠲᠠᠢ ᠭᠠᠵᠠᠷ ᠤᠷᠤᠨ᠎ᠤ ᠤᠷᠤᠵᠤ ᠭᠠᠷᠬᠤ ᠬᠦᠮᠤᠰ᠎ᠢ ᠨᠢᠬᠳᠠ ᠰᠢᠭᠰᠢᠨ ᠪᠠᠢᠴᠠᠭᠠᠬᠤ ᠪᠠ ᠬᠠᠮᠢᠶᠠᠷᠤᠨ ᠡᠵᠡᠮᠳᠡᠬᠦ᠎ᠶᠢ ᠦᠷᠬᠦᠯᠵᠢᠯᠡᠨ ᠰᠠᠢᠳᠤᠷ ᠬᠢᠵᠤ ᠂ ᠡᠷᠲᠡ ᠢᠯᠡᠷᠡᠬᠦᠯᠵᠤ ᠂ ᠡᠷᠲᠡ ᠡᠮᠨᠡᠨ ᠵᠠᠰᠠᠬᠤ᠎ᠶᠢ ᠬᠦᠢᠴᠡᠳᠬᠡᠬᠦ ᠭᠡᠷᠡᠭᠳᠠᠢ ᠃ ᠰᠢᠨᠵᠢᠯᠡᠬᠦ ᠤᠬᠠᠭᠠᠨᠴᠢ ᠂ ᠨᠠᠷᠢᠯᠢᠬ ᠤᠨᠤᠪᠴᠢᠳᠠᠢ ᠂ ᠬᠠᠤᠯᠢ ᠶᠤᠰᠤᠭᠠᠷ ᠡᠯ᠎ᠠ ᠵᠤᠢᠯ᠎ᠤᠨ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠵᠤ ᠂ ᠭᠠᠳᠠᠬᠰᠢ ᠬᠠᠯᠳᠠᠪᠤᠷᠢᠯᠠᠬᠤ᠎ᠶᠢ ᠴᠤ ᠡᠷᠡᠰ ᠰᠡᠷᠬᠡᠢᠯᠡᠵᠦ ᠂ ᠲᠡᠮᠤᠷ ᠬᠡᠷᠡᠮ ᠪᠤᠯᠤᠳ ᠬᠠᠨ᠎ᠠ᠎ᠶᠢ ᠪᠡᠬᠢᠵᠢᠬᠦᠯᠵᠤ ᠂ ᠬᠠᠯᠳᠠᠪᠤᠷᠢᠯᠠᠨ ᠤᠷᠤᠵᠤ ᠢᠷᠡᠬᠦ᠎ᠶᠢ ᠰᠡᠷᠬᠡᠢᠯᠡᠵᠤ ᠂ ᠲᠠᠷᠬᠠᠨ ᠲᠡᠯᠬᠡᠷᠡᠬᠦ᠎ᠶᠢ ᠰᠡᠷᠬᠡᠢᠯᠡᠵᠤ ᠂ ᠭᠠᠳᠠᠬᠰᠢ ᠬᠠᠯᠳᠠᠪᠤᠷᠢᠯᠠᠬᠤ᠎ᠶᠢ ᠰᠡᠷᠬᠡᠢᠯᠡᠵᠤ ᠂ ᠬᠢᠵᠢᠭ᠎ᠤᠨ ᠪᠠᠢᠳᠠᠯ᠎ᠤᠨ ᠲᠦᠷᠬᠡᠨ ᠲᠡᠯᠬᠡᠷᠡᠬᠦ᠎ᠶᠢ ᠬᠤᠷᠢᠬᠯᠠᠵᠤ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠰᠠᠨᠠᠭᠠᠴᠢᠯᠠᠭᠠᠳᠤ ᠡᠷᠬᠡ᠎ᠶᠢ ᠤᠯᠬᠤ ᠭᠡᠷᠡᠭᠳᠠᠢ ᠃
︽ ᠶᠢᠷᠳᠢᠨᠴᠤ᠎ᠶᠢᠨ ᠶᠠᠪᠤᠳᠠᠯ᠎ᠢ ᠪᠦᠳᠤᠬᠡᠬᠦ᠎ᠳ᠋ᠤ ᠡᠷᠬᠡᠪᠰᠢ ᠨᠠᠷᠢᠨ ᠵᠦᠢᠯ᠎ᠡᠴᠠ ᠭᠠᠷᠳᠠᠬᠤ ᠭᠡᠷᠡᠭᠲᠡᠢ ︾ ᠃ ᠢᠮᠠᠬᠳᠠ ᠲᠠᠢᠨ᠎ᠤ ᠪᠠᠢᠳᠠᠯ᠎ᠢᠶᠡᠨ ᠪᠠᠷᠢᠮᠳᠠᠯᠠᠵᠤ ᠂ ᠦᠨᠡᠨ ᠬᠦ ᠠᠳᠬᠤᠵᠤ ᠪᠤᠳᠠᠳᠠᠢ ᠬᠢᠬᠦ ᠰᠤᠷᠳᠠᠯ᠎ᠢ ᠪᠠᠳᠠᠷᠠᠭᠤᠯᠵᠤ ᠂ ᠠᠵᠢᠯ᠎ᠤᠨ ᠨᠠᠢᠳᠠᠪᠤᠷᠢᠵᠢᠭᠤᠯᠤᠯᠳᠠ᠎ᠶᠢ ᠨᠠᠷᠢᠯᠢᠬ ᠪᠤᠳᠠᠳᠠᠢ ᠠᠳᠬᠤᠵᠤ ᠂ ᠡᠴᠤᠰ᠎ᠲᠤᠨᠢ ᠲᠤᠯᠳᠠᠯ᠎ᠠ ᠠᠳᠬᠤᠪᠠᠯ ᠂ ᠪᠢᠳᠡ ᠯᠠᠪᠳᠠᠢ ᠬᠢᠵᠢᠭ᠎ᠤᠨ ᠪᠠᠢᠳᠠᠯ᠎ᠤᠨ ᠲᠠᠷᠬᠠᠨ ᠲᠡᠯᠬᠡᠷᠡᠬᠦ ᠬᠠᠨᠳᠤᠰᠢ᠎ᠶᠢ ᠪᠦᠳᠤᠮᠵᠢᠳᠠᠢ ᠬᠤᠷᠢᠬᠯᠠᠵᠤ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠵᠤ ᠬᠤᠷᠢᠬᠯᠠᠨ ᠠᠷᠢᠯᠭᠠᠬᠤ ᠡᠨᠡ ᠬᠦ ᠲᠠᠢᠯᠠᠯᠳᠤᠭᠠᠨ᠎ᠤ ᠢᠯᠠᠯᠳᠠ᠎ᠶᠢ ᠡᠷᠡᠰ ᠤᠯᠵᠤ ᠴᠢᠳᠠᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃