ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-11 12:54:14

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ᠎ᠤᠨ ᠬᠥᠭᠵᠢᠯᠲᠡ᠎ᠶᠢᠨ ︽ ᠬᠣᠶᠠᠷ ᠶᠠᠪᠤᠳᠠᠯ᠎ᠢ ᠵᠡᠷᠭᠡ᠎ᠪᠠᠷ ᠠᠳᠬᠤᠬᠤ ︾ ᠬᠡᠷᠡᠭᠳᠡᠢ

ᠶᠡᠷᠦᠩᠭᠡᠢ ᠱᠦᠵᠢ ᠰᠢ᠎ᠶᠢᠨ ᠫᠢᠩ ᠣᠶᠢᠷ᠎ᠠ᠎ᠳ᠋ᠤ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠶᠢᠩᠭᠤ᠎ᠶᠢᠨ ᠬᠣᠷᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ ᠂ ᠨᠢᠭᠡ ᠲᠠᠯ᠎ᠠ᠎ᠪᠠᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠶᠢ ᠠᠳᠬᠤᠵᠥ ᠂ ᠨᠥᠭᠥᠭᠡ ᠲᠠᠯ᠎ᠠ᠎ᠪᠠᠷ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢ ᠠᠳᠬᠤᠬᠤ ᠲᠤᠬᠠᠶ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠵᠥ ᠬᠣᠷᠢᠬᠯᠠᠨ ᠠᠷᠢᠯᠭᠠᠬᠤ ᠳᠠᠢᠯᠠᠯᠳᠤᠭᠠᠨ᠎ᠤ ᠢᠯᠠᠯᠲᠠ᠎ᠶᠢ ᠤᠯᠬᠤ ᠂ ᠡᠨᠡ ᠵᠢᠯ᠎ᠤᠨ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠶᠢ ᠦᠨᠡᠨ ᠬᠦ ᠪᠠᠲᠤᠯᠠᠬᠤ᠎ᠳ᠋ᠤ ᠦᠵᠡᠯ ᠰᠠᠨᠠᠭ᠎ᠠ ᠪᠠ ᠠᠵᠢᠯᠯᠠᠭᠠᠨ᠎ᠤ ᠵᠦᠭᠯᠡᠭᠦᠷ ᠬᠠᠩᠭᠠᠪᠠ ᠃
ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ ᠪᠣᠯ ᠮᠦᠨ ᠬᠦ ᠣᠳᠣᠬᠠᠨ᠎ᠤ ᠬᠠᠮᠤᠭ᠎ᠤᠨ ᠴᠢᠬᠤᠯᠠ ᠡᠭᠦᠷᠭᠡ ᠪᠣᠯᠤᠨ᠎ᠠ ᠃ ᠶᠡᠷᠦᠩᠬᠡᠢ ᠱᠦᠵᠢ ᠰᠢ᠎ᠶᠢᠨ ᠫᠢᠩ᠎ᠤᠨ ᠠᠯᠢ ᠤᠯᠠᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠲᠥᠪ᠎ᠤᠨ ᠠᠯᠢ ᠤᠯᠠᠨ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠦᠬᠦ ᠤᠯᠤᠰ᠎ᠤᠨ ᠬᠢᠵᠢᠭ᠎ᠤᠨ ᠪᠠᠶᠢᠳᠠᠯ ᠳᠡᠯᠭᠡᠷᠡᠬᠦ ᠬᠠᠨᠳᠤᠰᠢ᠎ᠶᠢ ᠦᠨᠳᠦᠰᠦᠨ᠎ᠡᠴᠠ᠎ᠨᠢ ᠲᠦᠷᠭᠡᠪᠴᠢᠯᠠᠨ ᠬᠤᠪᠢᠷᠠᠭᠤᠯᠬᠤ ᠬᠡᠷᠡᠭᠲᠡᠢ ᠃ ᠢᠯᠠᠩᠭᠤᠶ᠎ᠠ ᠬᠢᠵᠢᠭ᠎ᠤᠨ ᠪᠠᠢᠳᠠᠯ ᠬᠦᠨᠳᠦ ᠨᠣᠴᠢᠲᠠᠶ ᠪᠠᠢᠬᠤ ᠭᠠᠵᠠᠷ ᠣᠷᠣᠨ᠎ᠳ᠋ᠤ ᠰᠡᠷᠭᠡᠶᠢᠯᠡᠨ ᠡᠵᠡᠮᠳᠡᠬᠦ ᠠᠵᠢᠯ᠎ᠢ ᠤᠯᠠᠮ ᠴᠢᠨᠠᠬᠰᠢᠳᠠ ᠲᠡᠭᠦᠯᠳᠡᠷᠵᠢᠭᠦᠯᠦᠨ ᠴᠢᠩᠭᠠᠳᠬᠠᠵᠤ ᠂ ᠬᠦᠴᠦ᠎ᠪᠠᠨ ᠲᠥᠪᠯᠡᠷᠡᠭᠦᠯᠦᠨ ᠡᠯ᠎ᠡ ᠵᠦᠶᠯ᠎ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ ᠂ ᠨᠡᠩ ᠰᠢᠨᠵᠢᠯᠡᠬᠦ ᠤᠬᠠᠭᠠᠨᠴᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠣᠪᠣᠶᠢᠮ᠎ᠠ ᠠᠰᠠᠭᠤᠳᠠᠯ᠎ᠢ ᠰᠢᠶᠳᠪᠦᠷᠢᠯᠡᠵᠦ ᠂ ᠬᠢᠵᠢᠭ᠎ᠤᠨ ᠪᠠᠢᠳᠠᠯ ᠳᠡᠯᠭᠡᠷᠡᠬᠦ᠎ᠶᠢ ᠡᠷᠡᠰ ᠬᠣᠷᠢᠬᠯᠠᠬᠤ ᠬᠡᠷᠡᠭᠲᠡᠶ ᠃ ᠡᠪᠡᠳᠴᠢᠲᠡᠨ᠎ᠢ ᠪᠦᠬᠦ ᠬᠦᠴᠦ᠎ᠪᠠᠷ᠎ᠢᠶᠡᠨ ᠡᠮᠨᠡᠨ ᠵᠠᠰᠠᠵᠥ ᠂ ᠡᠮᠴᠢᠯᠡᠭᠡᠨ᠎ᠤ ᠰᠡᠷᠭᠡᠶᠢᠯᠡᠨ ᠬᠠᠮᠠᠭᠠᠯᠠᠬᠤ ᠡᠳ᠋ ᠪᠣᠳᠠᠰ᠎ᠤᠨ ᠬᠠᠩᠭᠠᠯᠭ᠎ᠠ᠎ᠶᠢ ᠪᠠᠲᠤᠯᠠᠵᠤ ᠂ ᠬᠦᠯᠢᠶᠡᠨ ᠠᠪᠴᠤ ᠵᠠᠰᠠᠬᠤ ᠨᠣᠷᠮ᠎ᠠ ᠪᠣᠯᠤᠨ ᠢᠯᠡᠷᠢᠰᠢᠭᠦᠯᠬᠦ ᠨᠣᠷᠮ᠎ᠠ᠎ᠶᠢ ᠴᠢᠷᠮᠠᠶᠢᠨ ᠳᠡᠭᠡᠭᠰᠢᠯᠡᠭᠦᠯᠵᠦ ᠂ ᠬᠠᠯᠳᠠᠪᠤᠷᠢᠯᠠᠬᠤ ᠨᠣᠷᠮ᠎ᠠ ᠪᠣᠯᠤᠨ ᠦᠬᠦᠬᠦ ᠨᠣᠷᠮ᠎ᠠ᠎ᠶᠢ ᠪᠠᠭᠤᠷᠠᠭᠤᠯᠬᠤ ᠬᠡᠷᠡᠭᠲᠡᠶ ᠃ ᠡᠳ᠋ ᠪᠠᠷᠠᠭᠠᠨ᠎ᠤ ᠲᠣᠬᠢᠷᠠᠭᠤᠯᠤᠯᠲᠠ ᠪᠠ ᠵᠠᠬ᠎ᠠ ᠳᠡᠯᠭᠡᠭᠦᠷ᠎ᠤᠨ ᠬᠠᠩᠭᠠᠯᠭ᠎ᠠ᠎ᠶᠢ ᠴᠢᠩᠭᠠᠳᠬᠠᠵᠤ ᠂ ᠢᠳᠡᠰᠢᠨ ᠨᠣᠭᠣᠭ᠎ᠠ ᠂ ᠮᠢᠬ᠎ᠠ ᠥᠨᠳᠡᠭᠡ ᠰᠦ ᠂ ᠠᠮᠤ ᠪᠤᠳᠠᠭ᠎ᠠ ᠵᠡᠷᠭᠡ ᠰᠠᠭᠤᠭᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠵᠦᠶᠯ᠎ᠤᠨ ᠬᠠᠩᠭᠠᠯᠭ᠎ᠠ᠎ᠶᠢ ᠦᠨᠡᠨ ᠬᠦ ᠪᠠᠲᠤᠯᠠᠵᠤ ᠂ ᠪᠠᠷᠠᠭᠠᠨ᠎ᠤ ᠦᠨ᠎ᠡ᠎ᠶᠢ ᠥᠰᠬᠡᠬᠦ ᠂ ᠬᠠᠭᠤᠷᠮᠠᠭ ᠮᠠᠭᠤ ᠡᠮ᠎ᠤᠨ ᠵᠦᠶᠯᠡᠰ᠎ᠢ ᠦᠶᠯᠡᠳᠪᠦᠷᠢᠯᠡᠵᠦ ᠪᠣᠷᠣᠯᠠᠭᠤᠯᠬᠤ ᠂ ᠬᠤᠷᠠᠮᠳᠤᠭᠤᠯᠤᠨ ᠳᠠᠷᠤᠵᠤ ᠬᠣᠨᠵᠢᠶ᠎ᠠ ᠤᠯᠬᠤ ᠵᠡᠷᠭᠡ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠴᠢᠩᠭ᠎ᠠ ᠴᠣᠬᠢᠯᠲᠠ ᠥᠭᠴᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠳ᠋ᠤ ᠬᠦᠴᠦᠳᠦ ᠪᠠᠲᠤᠯᠠᠭ᠎ᠠ ᠬᠠᠩᠭᠠᠬᠤ ᠬᠡᠷᠡᠭᠲᠡᠶ ᠃
ᠬᠥᠭᠵᠢᠭᠦᠯᠬᠦ ᠪᠣᠯ ᠳᠤᠮᠳᠠᠳᠤ ᠤᠯᠤᠰ᠎ᠤᠨ ᠠᠯᠢᠪᠠ ᠠᠰᠠᠭᠤᠳᠠᠯ᠎ᠢ ᠰᠢᠢᠳᠪᠦᠷᠢᠯᠡᠬᠦ ᠶᠡᠷᠦᠩᠬᠡᠢ ᠲᠦᠯᠬᠢᠭᠦᠷ ᠮᠥᠨ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠶᠢ ᠴᠢᠩᠭᠠᠳᠬᠠᠬᠤ᠎ᠶᠢᠨ ᠬᠠᠮᠲᠤ ᠠᠵᠤ ᠠᠬᠤᠶ ᠨᠡᠶᠢᠭᠡᠮ᠎ᠤᠨ ᠬᠡᠪ᠎ᠤᠨ ᠡᠮᠬᠢ ᠳᠢᠭᠯᠢᠮ᠎ᠢ ᠦᠨᠡᠨ ᠬᠦ ᠬᠠᠮᠠᠭᠠᠯᠠᠵᠤ ᠂ ᠦᠶᠯᠡᠳᠪᠦᠷᠢᠯᠡᠯ ᠠᠮᠢᠳᠤᠷᠠᠯ᠎ᠤᠨ ᠲᠣᠭᠲᠠᠭᠤᠨ ᠪᠥᠭᠡᠳ ᠡᠮᠬᠢ ᠲᠢᠭᠯᠢᠮ᠎ᠲᠠᠢ ᠪᠠᠶᠢᠬᠤ᠎ᠶᠢ ᠴᠢᠷᠮᠠᠶᠢᠨ ᠪᠠᠲᠤᠯᠠᠬᠤ ᠬᠡᠷᠡᠭᠲᠡᠶ ᠃ ᠬᠢᠵᠢᠭ᠎ᠤᠨ ᠪᠠᠶᠢᠳᠠᠯ ᠬᠦᠨᠳᠦ ᠨᠣᠴᠢᠲᠠᠶ ᠪᠠᠢᠬᠤ ᠭᠠᠵᠠᠷ ᠣᠷᠣᠨ᠎ᠢ ᠭᠠᠷᠭᠠᠪᠠᠯ ᠂ ᠪᠤᠰᠤᠳ ᠭᠠᠵᠠᠷ ᠣᠷᠣᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠰᠠᠶᠢᠲᠤᠷ ᠬᠢᠬᠦ᠎ᠶᠢᠨ ᠬᠠᠮᠲᠤ ᠂ ᠥᠭᠡᠷᠡᠴᠢᠯᠡᠯᠲᠡ ᠬᠦᠭᠵᠢᠯᠳᠡ ᠲᠣᠭᠲᠠᠭᠤᠨ ᠡᠯ᠎ᠡ ᠵᠦᠶᠯ᠎ᠤᠨ ᠠᠵᠢᠯ᠎ᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠠᠳᠬᠤᠵᠤ ᠂ ᠢᠯᠠᠩᠭᠤᠶ᠎ᠡ ᠴᠢᠨᠡᠭᠡᠯᠢᠭ ᠨᠡᠶᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠶᠳᠪᠦᠷᠢᠲᠦ ᠢᠯᠠᠯᠲᠠ᠎ᠶᠢ ᠤᠯᠬᠤ ᠂ ᠶᠠᠳᠠᠭᠤ᠎ᠡᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠶᠳᠪᠦᠷᠢᠲᠦ ᠢᠯᠠᠯᠲᠠ᠎ᠶᠢ ᠤᠯᠬᠤ᠎ᠳ᠋ᠤ ᠬᠣᠯᠪᠣᠭᠳᠠᠬᠤ ᠭᠣᠤᠯᠳᠠᠯᠭ᠎ᠠ᠎ᠲᠠᠢ ᠡᠭᠦᠷᠭᠡ᠎ᠶᠢ ᠰᠠᠶᠢᠲᠤᠷ ᠠᠳᠬᠤᠵᠤ ᠂ ᠡᠨᠡ ᠵᠢᠯ᠎ᠤᠨ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠬᠦ᠎ᠶᠢᠨ ᠲᠥᠯᠥᠭᠡ ᠲᠡᠮᠡᠴᠡᠬᠦ ᠬᠡᠷᠡᠭᠲᠡᠶ ᠃
ᠤᠯᠤᠰ᠎ᠤᠨ ᠳᠣᠲᠣᠭᠠᠳᠤ ᠭᠠᠳᠠᠭᠠᠳᠤ᠎ᠶᠢᠨ ᠨᠠᠷᠢᠨ ᠪᠤᠳᠤᠯᠢᠶᠠᠨᠲᠠᠢ ᠪᠠᠶᠢᠳᠠᠯ᠎ᠳ᠋ᠤ ᠴᠢᠭᠯᠡᠭᠦᠯᠵᠦ ᠂ ᠪᠢᠳᠡ ᠢᠲᠡᠭᠡᠯ ᠵᠣᠷᠢᠭ᠎ᠢᠶᠡᠨ ᠪᠠᠲᠤᠳᠬᠠᠨ ᠂ ᠲᠣᠭᠲᠠᠯ ᠬᠦᠴᠦᠨ᠎ᠢᠶᠡᠨ ᠪᠠᠲᠤᠯᠠᠵᠤ ᠂ ᠰᠢᠨᠵᠢᠯᠡᠬᠦ ᠤᠬᠠᠭᠠᠨᠴᠢ᠎ᠪᠠᠷ ᠠᠷᠭᠠᠴᠠᠭᠠᠵᠤ ᠂ ᠳᠤᠮᠳᠠᠳᠤ ᠤᠯᠤᠰ᠎ᠤᠨ ᠠᠵᠤ ᠠᠬᠤᠢ᠎ᠶᠢᠨ ᠤᠷᠳᠤ ᠬᠤᠭᠤᠴᠠᠭ᠎ᠠ᠎ᠪᠠᠷ ᠰᠠᠢᠵᠢᠷᠠᠬᠤ ᠬᠠᠨᠳᠤᠰᠢ ᠬᠤᠪᠢᠷᠠᠬᠤ ᠦᠭᠡᠢ ᠪᠠᠢᠬᠤ᠎ᠶᠢ ᠤᠯᠵᠥ ᠦᠵᠡᠵᠦ ᠂ ᠥᠪᠡᠷ᠎ᠤᠨ ᠤᠴᠢᠷ ᠶᠠᠪᠤᠳᠠᠯ᠎ᠢᠶᠡᠨ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ ᠃ ᠠᠵᠤ ᠠᠬᠤᠶ᠎ᠶᠢᠨ ᠠᠵᠢᠯᠯᠠᠭᠠᠨ᠎ᠤ ᠪᠠᠶᠢᠳᠠᠯ᠎ᠢ ᠨᠢᠭᠲᠠ ᠬᠢᠨᠠᠨ ᠬᠡᠮᠵᠢᠵᠦ ᠂ ᠠᠵᠤ ᠠᠬᠤᠶ᠎ᠶᠢᠨ ᠠᠵᠢᠯᠯᠠᠭᠠᠨ᠎ᠳ᠋ᠤ ᠦᠵᠡᠭᠦᠯᠵᠦ ᠪᠦᠬᠦᠢ ᠬᠢᠵᠢᠭ᠎ᠤᠨ ᠪᠠᠢᠳᠠᠯ᠎ᠤᠨ ᠳᠠᠭᠠᠷᠢᠯᠲᠠ ᠪᠠ ᠨᠥᠯᠥᠭᠡ᠎ᠳ᠋ᠤ ᠠᠩᠬᠠᠷᠤᠯ᠎ᠢᠶᠡᠨ ᠲᠥᠪᠯᠡᠷᠡᠭᠦᠯᠵᠦ ᠂ ︽ ᠵᠢᠷᠭᠤᠭ᠎ᠠ᠎ᠶᠢ ᠲᠣᠭᠲᠠᠪᠤᠷᠢᠵᠢᠭᠤᠯᠬᠤ ︾ ᠠᠵᠢᠯ᠎ᠢ ᠰᠠᠶᠢᠲᠤᠷ ᠬᠢᠬᠦ᠎ᠪᠠᠷ ᠭᠤᠤᠯᠳᠠᠭᠤᠯᠵᠤ ᠡᠯ᠎ᠡ ᠵᠦᠶᠯ᠎ᠤᠨ ᠪᠤᠳᠤᠯᠢᠶᠠᠨᠲᠠᠶ ᠬᠦᠴᠢᠷᠳᠡᠯᠲᠡᠶ ᠪᠠᠶᠢᠳᠠᠯ᠎ᠢ ᠠᠷᠭᠠᠴᠠᠭᠠᠬᠤ ᠪᠡᠯᠡᠳᠬᠡᠯ᠎ᠢ ᠰᠠᠶᠢᠲᠤᠷ ᠬᠢᠵᠦ ᠂ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠳᠡᠬᠦ ᠬᠡᠷᠡᠭᠲᠡᠶ ᠃
ᠠᠵᠤ ᠠᠬᠤᠶᠢᠯᠠᠯ ᠪᠣᠯ ᠠᠵᠤ ᠠᠬᠤᠶ᠎ᠶᠢᠨ ᠬᠥᠭᠵᠢᠯᠲᠡ᠎ᠶᠢᠨ ᠭᠣᠤᠯ ᠴᠣᠭᠴᠠ ᠮᠥᠨ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠰᠠᠶᠢᠲᠤᠷ ᠬᠢᠭᠰᠡᠨ ᠤᠷᠢᠲᠠᠯ ᠳᠣᠤᠷ᠎ᠠ ᠂ ᠦᠶᠯᠡᠴᠢᠯᠡᠭᠡᠨ᠎ᠤ ᠤᠬᠠᠮᠰᠠᠷ᠎ᠢᠶᠡᠨ ᠤᠯᠠᠮ ᠴᠢᠩᠭᠠᠳᠬᠠᠵᠤ ᠂ ᠠᠵᠢᠯ᠎ᠢᠶᠡᠨ ᠰᠠᠨᠠᠭᠠᠴᠢᠯᠠᠭ᠎ᠠ᠎ᠡᠴᠠ᠎ᠪᠠᠨ ᠰᠠᠶᠢᠲᠤᠷ ᠬᠢᠵᠦ ᠂ ᠠᠷᠭ᠎ᠠ ᠪᠦᠬᠦᠨ᠎ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ᠎ᠳ᠋ᠤ ᠲᠤᠯᠭᠠᠷᠠᠵᠤ ᠪᠠᠶᠢᠭ᠎ᠠ ᠠᠵᠢᠯᠴᠢᠨ ᠲᠤᠳᠠᠬᠳᠠᠬᠤ ᠂ ᠪᠡᠯᠡ ᠮᠥᠩᠭᠥ ᠬᠦᠷᠦᠯᠴᠡᠬᠦ ᠦᠭᠡᠢ ᠂ ᠲᠦᠭᠦᠬᠡᠶ ᠮᠠᠲ᠋ᠧᠷᠢᠶᠠᠯ ᠳᠤᠲᠠᠭᠳᠠᠵᠤ ᠪᠠᠶᠢᠬᠤ ᠵᠡᠷᠭᠡ ᠬᠦᠴᠢᠷ ᠠᠰᠠᠭᠤᠳᠠᠯ᠎ᠢ ᠰᠢᠶᠳᠪᠦᠷᠢᠯᠡᠵᠦ ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠰᠢᠯᠢᠳᠡᠭᠵᠢᠭᠦᠯᠵᠦ ᠂ ᠡᠯ᠎ᠡ ᠲᠦᠷᠦᠯ᠎ᠤᠨ ᠦᠶᠯᠡᠳᠪᠦᠷᠢᠯᠡᠯ᠎ᠤᠨ ᠠᠵᠤ ᠠᠬᠤᠶᠢᠯᠠᠯ᠎ᠤᠨ ᠠᠵᠢᠯ᠎ᠢᠶᠡᠨ ᠰᠡᠷᠬᠦᠬᠡᠵᠥ ᠦᠶᠯᠡᠳᠪᠦᠷᠢᠯᠡᠯ᠎ᠢᠶᠡᠨ ᠰᠡᠷᠭᠦᠭᠡᠬᠦ᠎ᠶᠢ ᠪᠦᠬᠦ ᠬᠦᠴᠦ᠎ᠪᠠᠷ᠎ᠢᠶᠡᠨ ᠳᠡᠮᠵᠢᠬᠦ ᠪᠠ ᠵᠣᠬᠢᠶᠠᠨ ᠪᠠᠶᠢᠭᠤᠯᠵᠤ ᠠᠬᠢᠭᠤᠯᠬᠤ ᠬᠡᠷᠡᠭᠲᠡᠶ ᠃ ᠮᠥᠩᠭᠥᠨ ᠭᠦᠢᠯᠭᠡᠭᠡ᠎ᠪᠠᠷ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ ᠂ ᠠᠵᠤ ᠠᠬᠤᠶᠢᠯᠠᠯ᠎ᠤᠨ ᠦᠢᠯᠡᠳᠪᠦᠷᠢᠯᠡᠯ᠎ᠢᠶᠡᠨ ᠰᠡᠷᠭᠦᠭᠡᠵᠦ ᠠᠵᠢᠯᠴᠢᠨ ᠬᠡᠷᠡᠭᠯᠡᠬᠦ᠎ᠶᠢ ᠪᠠᠲᠤᠯᠠᠬᠤ ᠡᠷᠴᠢᠮ᠎ᠢᠶᠡᠨ ᠴᠢᠩᠭᠠᠷᠠᠭᠤᠯᠵᠤ ᠂ ᠠᠵᠤ ᠠᠬᠤᠶᠢᠯᠠᠯ᠎ᠢ ᠳᠡᠮᠵᠢᠵᠥ ᠠᠵᠢᠯ᠎ᠤᠨ ᠪᠠᠶᠢᠷᠢ᠎ᠶᠢ ᠲᠣᠭᠲᠠᠭᠤᠨ ᠪᠠᠶᠢᠯᠭᠠᠬᠤ ᠲᠦᠷᠦ᠎ᠶᠢᠨ ᠪᠤᠳᠤᠯᠭ᠎ᠠ᠎ᠶᠢ ᠰᠠᠶᠢᠲᠤᠷ ᠠᠰᠢᠬᠯᠠᠵᠤ ᠂ ᠰᠢᠨ᠎ᠡ ᠪᠡᠯᠡ ᠣᠷᠣᠭᠤᠯᠤᠯᠲᠠ᠎ᠶᠢᠨ ᠲᠦᠷᠦᠯ ᠵᠦᠢᠯ᠎ᠤᠨ ᠠᠵᠢᠯ ᠡᠬᠢᠯᠡᠬᠦ ᠡᠷᠴᠢᠮ᠎ᠢ ᠴᠢᠩᠭᠠᠷᠠᠭᠤᠯᠵᠤ ᠂ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ᠎ᠢ ᠢᠳᠡᠪᠬᠢᠲᠡᠢ ᠠᠬᠢᠭᠤᠯᠵᠤ ᠂ ᠠᠷᠭ᠎ᠠ ᠪᠦᠬᠦᠨ᠎ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ᠎ᠢ ᠬᠠᠪᠰᠤᠷᠴᠤ ᠬᠦᠴᠢᠷ᠎ᠢ ᠲᠤᠭᠤᠯᠬᠤ ᠬᠡᠷᠡᠭᠲᠡᠢ ᠃
︵ ᠰᠢᠨᠬᠤᠸᠠ ᠬᠣᠷᠢᠶᠠᠨ᠎ᠤ ᠪᠡᠭᠡᠵᠢᠩ᠎ᠤᠨ 2 ᠰᠠᠷ᠎ᠠ᠎ᠶᠢᠨ 9᠎ᠤ ᠴᠠᠬᠢᠯᠭᠠᠨ ᠮᠡᠳᠡᠭᠡ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面