2020-02-13 13:07:46
ᠰᠢᠨ᠎ᠠ ᠲᠢᠳᠢᠮᠯᠢᠭ ᠠᠭᠤᠰᠭᠢᠨ ᠦᠷᠪᠢᠰᠤᠯ ᠤᠨ ᠬᠢᠵᠢᠭ ᠤᠨ ᠪᠠᠢᠳᠠᠯ ᠡᠭᠦᠰᠦᠭᠰᠡᠨᠡᠴᠠ ᠨᠠᠭᠠᠰᠢ ᠂ ᠮᠠᠨ ᠤ ᠤᠷᠤᠨ ᠬᠦᠨᠳᠤ ᠴᠢᠬᠤᠯᠠ ᠬᠡᠨᠡᠳᠳᠡᠶᠢᠨ ᠤᠯᠠᠨ ᠨᠡᠢᠳᠡᠶᠢᠨ ᠡᠷᠡᠭᠦᠯ ᠬᠠᠮᠠᠭᠠᠯᠠᠯ ᠤᠨ ᠬᠡᠷᠡᠭ ᠶᠠᠪᠤᠳᠠᠯ ᠤᠨ ᠨᠢᠭᠡᠳᠦᠭᠡᠷ ᠲᠡᠰ ᠤᠨ ᠠᠵᠢᠯᠯᠠᠭ᠎ᠠᠶᠢ ᠡᠭᠢᠯᠡᠭᠦᠯᠪᠡ ᠂ ᠤᠳᠤᠬᠠᠨᠲᠤ ᠰᠡᠷᠭᠡᠢᠯᠡᠨ ᠡᠵᠡᠮᠳᠡᠭᠦ ᠪᠠᠢᠳᠠᠯ ᠮᠦᠨ ᠬᠦ ᠬᠦᠨᠳᠤ ᠨᠣᠴᠢᠳᠠᠢ ᠪᠠᠢᠬᠰᠠᠭᠠᠷ ᠃
ᠤᠨᠴᠠᠭᠠᠢ ᠴᠠᠬ ᠦᠶ᠎ᠠ ᠳ᠋ᠤ ᠤᠨᠴᠠᠭᠠᠢ ᠬᠠᠤᠯᠢ ᠴᠠᠭᠠᠵᠠ ᠲᠤᠬᠢᠷᠠᠨ᠎ᠠ ᠂ ︽ ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠢᠯᠡᠨ ᠵᠠᠰᠠᠬᠤ ᠬᠠᠤᠯᠢ ︾ ︵ ᠲᠤᠷᠤᠬᠰᠢ ︽ ᠬᠠᠯᠳᠠᠪᠤᠷᠢᠳᠤ ᠡᠪᠡᠳᠴᠢᠨ ᠢ ᠰᠡᠷᠭᠡᠢᠯᠠᠨ ᠵᠠᠰᠠᠬᠤ ᠬᠠᠤᠯᠢ ︾ ᠬᠡᠵᠤ ᠲᠦᠬᠦᠮᠴᠢᠯᠡᠪᠡ ︶ ᠂ ︽ ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ ᠤᠨ ᠬᠡᠨᠡᠳᠳᠡᠶᠢᠨ ᠬᠡᠷᠡᠭ ᠶᠠᠪᠤᠳᠠᠯ ᠢ ᠠᠷᠭᠠᠴᠠᠭᠠᠬᠤ ᠬᠠᠤᠯᠢ ︾ ︵ ᠲᠤᠷᠤᠬᠰᠢ ︽ ᠬᠡᠨᠡᠳᠳᠡᠶᠢᠨ ᠬᠡᠷᠡᠭ ᠶᠠᠪᠤᠳᠠᠯ ᠢ ᠠᠷᠭᠠᠴᠠᠭᠠᠬᠤ ᠬᠠᠤᠯᠢ ︾ ᠬᠡᠵᠤ ᠲᠦᠬᠦᠮᠴᠢᠯᠡᠪᠡ ︶ ᠪᠤᠯᠤᠨ ︽ ᠬᠡᠨᠡᠳᠳᠡᠶᠢᠨ ᠤᠯᠠᠨ ᠨᠡᠢᠳᠡᠶᠢᠨ ᠡᠷᠡᠭᠦᠯ ᠬᠠᠮᠠᠭᠠᠯᠠᠯ ᠤᠨ ᠬᠡᠷᠡᠭ ᠶᠠᠪᠤᠳᠠᠯ ᠢ ᠪᠠᠴᠢᠮ ᠠᠷᠭᠠᠴᠠᠭᠠᠬᠤ ᠲᠦᠷᠢᠮ ︾ᠳ᠋ᠠᠬᠢ ᠳᠣᠭᠳᠠᠭᠠᠯ ᠶᠣᠰᠣᠭᠠᠷ ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠡᠮᠴᠢᠯᠡᠭᠡᠨ ᠤ ᠨᠢᠭᠡᠴᠢᠡᠴᠠ ᠪᠤᠰᠤᠳ ᠨᠢᠭᠡᠴᠢ ᠪᠠ ᠬᠤᠪᠢ ᠬᠦᠮᠦᠨ ᠶᠠᠭᠠᠬᠢᠵᠦ ᠬᠢᠪᠠᠯ ᠰᠠᠶᠢ ᠤᠷᠰᠢᠭ ᠲᠠᠳᠠᠬᠤ ᠦᠭᠡᠢ ᠪᠦᠭᠡᠳ ᠬᠢᠵᠢᠭ ᠤᠨ ᠪᠠᠢᠳᠠᠯ ᠢ ᠰᠡᠷᠭᠡᠢᠯᠡᠨ ᠡᠵᠡᠮᠳᠡᠭᠦ ᠳ᠋ᠤ ᠢᠯᠡᠭᠦᠬᠡᠨ ᠬᠦᠴᠦ ᠨᠡᠮᠡᠷᠢᠯᠡᠵᠦ ᠲᠡᠢᠯᠭᠦ ᠪᠤᠢ ︖ ᠡᠨᠡ ᠬᠦ ᠠᠰᠠᠭᠣᠳᠠᠯ ᠤᠨ ᠳᠣᠭᠣᠷᠢᠨᠳ᠋ᠤ ᠰᠤᠷᠪᠤᠯᠵᠢᠯᠠᠬᠴᠢ ᠦᠪᠡᠷᠳᠡᠭᠡᠨ ᠵᠠᠰᠠᠬᠤ ᠤᠷᠤᠨ ᠤ ᠬᠠᠤᠯᠢᠴᠢᠳ ᠤᠨ ᠨᠡᠢᠭᠡᠮᠯᠢᠭ ᠤᠨ ᠲᠠᠷᠤᠭ᠎ᠠ ᠂ ᠨᠢᠭᠡᠳᠦᠭᠡᠷ ᠲᠡᠰ ᠤᠨ ᠬᠠᠤᠯᠢᠴᠢ ᠪᠠᠪᠤᠤᠶᠢ ᠣᠳᠠᠰᠣᠪᠠᠷ ᠰᠤᠷᠪᠤᠯᠵᠢᠯᠠᠪᠠ ᠃ ︽ ᠡᠡᠭ ᠲᠡᠷᠢᠭᠦᠨᠲᠤ ᠂ ᠴᠠᠬ ᠲᠤᠬᠠᠢ ᠳ᠋ᠤᠨᠢ ᠮᠡᠳᠡᠭᠦᠯᠭᠦ ᠡᠭᠦᠷᠭᠡᠲᠠᠢ ︾ ᠃ ︽ ︿ ᠬᠠᠯᠳᠠᠪᠤᠷᠢᠳᠤ ᠡᠪᠡᠳᠴᠢᠨ ᠢ ᠰᠡᠷᠭᠡᠢᠯᠡᠨ ᠵᠠᠰᠠᠬᠤ ᠬᠠᠤᠯᠢ ﹀ ᠶᠢᠨ ᠭᠤᠴᠢᠨ ᠨᠢᠭᠡᠳᠦᠭᠡᠷ ᠵᠦᠢᠯᠳ᠋ᠤ ᠂ ᠶᠠᠮᠠᠷᠪᠠ ᠨᠢᠭᠡᠴᠢ ᠪᠠ ᠬᠤᠪᠢ ᠬᠦᠮᠦᠨ ᠬᠠᠯᠳᠠᠪᠤᠷᠢᠳᠤ ᠡᠪᠡᠳᠴᠢᠨᠲᠠᠢ ᠡᠪᠡᠳᠴᠢᠳᠡᠨ ᠪᠤᠶᠤ ᠰᠡᠵᠢᠭᠯᠡᠯᠳᠡᠢ ᠡᠪᠡᠳᠴᠢᠳᠡᠨ ᠢ ᠤᠯᠵᠦ ᠮᠡᠳᠡᠪᠡᠯ ᠂ ᠴᠠᠬ ᠲᠤᠬᠠᠢ ᠳ᠋ᠤᠨᠢ ᠤᠢᠷᠠᠯᠴᠠᠭᠠᠭᠢ ᠡᠪᠡᠳᠴᠢᠨ ᠬᠢᠵᠢᠭ ᠢ ᠰᠡᠷᠭᠡᠢᠯᠡᠵᠦ ᠡᠵᠡᠮᠳᠡᠭᠦ ᠪᠠᠢᠭᠤᠯᠤᠮᠵᠢ ᠪᠤᠶᠤ ᠡᠮᠴᠢᠯᠡᠭᠡᠨ ᠤ ᠪᠠᠢᠭᠤᠯᠤᠮᠵᠢ ᠳ᠋ᠤ ᠮᠡᠳᠡᠭᠦᠯᠭᠦ ᠬᠡᠷᠡᠭᠳᠡᠢ ᠭᠡᠵᠦ ᠳᠣᠭᠳᠠᠭᠠᠵᠠᠢ ᠃ ᠲᠤᠰ ᠬᠠᠤᠯᠢ ᠳ᠋ᠤ ᠂ ᠪᠠᠰᠠ ᠪᠠᠢᠭᠤᠯᠭ᠎ᠠ ᠨᠢᠭᠡᠴᠢ ᠪᠠ ᠬᠤᠪᠢ ᠬᠦᠮᠦᠨ ᠲᠤᠰ ᠬᠠᠤᠯᠢᠶᠢᠨ ᠲᠤᠬᠳᠠᠭᠠᠯᠡᠴᠠ ᠵᠦᠷᠢᠴᠡᠨ ᠂ ᠬᠠᠯᠳᠠᠪᠤᠷᠢᠳᠤ ᠡᠪᠡᠳᠴᠢᠨ ᠢ ᠲᠠᠮᠵᠢᠭᠤᠯᠵᠦ ᠂ ᠲᠡᠯᠭᠡᠷᠡᠭᠦᠯᠵᠦ ᠂ ᠪᠤᠰᠤᠳ ᠤᠨ ᠪᠡᠶ᠎ᠠ ᠮᠠᠬᠠᠪᠤᠳ ᠂ ᠡᠳ᠋ ᠬᠦᠷᠦᠡᠭᠭᠡ ᠳ᠋ᠤ ᠬᠤᠬᠢᠷᠠᠯ ᠤᠴᠡᠷᠠᠭᠤᠯᠤᠬᠰᠠᠨ ᠪᠤᠯ ᠬᠠᠤᠯᠢ ᠶᠤᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠭᠦ ᠬᠡᠷᠡᠭᠳᠡᠢ ᠭᠡᠵᠦ ᠳᠣᠭᠳᠠᠭᠠᠵᠠᠢ ︾ ᠭᠡᠵᠦ ᠪᠠᠪᠤᠤ ᠬᠡᠯᠡᠨ᠎ᠡ ᠃ ᠲᠡᠭᠦᠨ ᠤ ᠬᠡᠯᠡᠬᠦᠪᠠᠷ ᠂ ᠲᠤᠰ ᠤᠳᠠᠭ᠎ᠠᠶᠢᠨ ᠰᠢᠨ᠎ᠠ ᠲᠢᠳᠢᠮᠯᠢᠭ ᠠᠭᠤᠰᠭᠢᠨ ᠦᠷᠪᠢᠰᠤᠯ ᠤᠨ ᠬᠢᠵᠢᠭ ᠤᠨ ᠪᠠᠢᠳᠠᠯ ᠢ ᠰᠡᠷᠭᠡᠢᠯᠡᠨ ᠡᠵᠡᠮᠳᠡᠭᠦ ᠶᠠᠪᠤᠴᠠ ᠳ᠋ᠤ ᠂ ᠤᠯᠠᠨ ᠲᠦᠮᠡᠨ ᠳ᠋ᠤ ᠲᠦᠰᠢᠭᠯᠡᠵᠦ ᠢᠳᠡᠪᠭᠢᠳᠡᠢᠪᠠᠷ ᠰᠡᠷᠭᠡᠢᠯᠡᠨ ᠡᠵᠡᠮᠳᠡᠵᠦ ᠂ ᠬᠢᠵᠢᠭ ᠤᠨ ᠪᠠᠢᠳᠠᠯ ᠨᠡᠯᠢᠶᠡᠳ ᠬᠦᠨᠳᠤ ᠨᠣᠴᠢᠳᠠᠢ ᠬᠢᠵᠢᠭ ᠤᠨ ᠤᠷᠤᠨᠡᠴᠠ ᠲᠤᠬᠠᠢᠶᠢᠨ ᠭᠠᠵᠠᠷ᠎ᠲᠤ ᠢᠷᠡᠭᠰᠡᠨ ᠬᠦᠮᠦᠨ ᠢ ᠴᠠᠬ ᠲᠤᠬᠠᠢ ᠳ᠋ᠤᠨᠢ ᠰᠡᠷᠭᠡᠢᠯᠡᠨ ᠡᠵᠡᠮᠳᠡᠭᠦ ᠠᠵᠢᠯ ᠢ ᠭᠤᠤᠯᠯᠠᠨ ᠬᠠᠮᠢᠶᠠᠷᠬᠤ ᠨᠢᠭᠡᠴᠢᠲᠤ ᠮᠡᠳᠡᠭᠦᠯᠵᠦ ᠂ ᠮᠠᠰᠢ ᠰᠠᠢᠨ ᠰᠡᠷᠭᠡᠢᠯᠡᠨ ᠵᠠᠰᠠᠬᠤ ᠦᠢᠯᠡᠳᠤᠯ ᠭᠠᠷᠭᠠᠪᠠ ᠃
︽ ᠲᠠᠷᠠᠭᠠᠳ᠋ᠤᠨᠢ ᠂ ᠪᠠᠢᠴᠠᠭᠠᠯᠳᠠᠶᠢ ᠬᠦᠯᠢᠶᠡᠭᠦ ᠡᠭᠦᠷᠭᠡᠲᠠᠢ ︾ ᠃ ︽ ︿ ᠬᠠᠯᠳᠠᠪᠤᠷᠢᠳᠤ ᠡᠪᠡᠳᠴᠢᠨ ᠢ ᠰᠡᠷᠭᠡᠢᠯᠡᠨ ᠵᠠᠰᠠᠬᠤ ᠬᠠᠤᠯᠢ ﹀ᠶᠢᠨ ᠠᠷᠪᠠᠨ ᠬᠤᠶᠠᠳᠤᠭᠠᠷ ᠵᠦᠢᠯᠳ᠋ᠤ ᠂ ᠶᠠᠮᠠᠷᠪᠠ ᠨᠢᠭᠡᠴᠢ ᠪᠠ ᠬᠤᠪᠢ ᠬᠦᠮᠦᠨ ᠵᠠᠪᠠᠯ ᠡᠪᠡᠳᠴᠢᠨ ᠬᠢᠵᠢᠭ ᠢ ᠰᠡᠷᠭᠡᠢᠯᠡᠵᠦ ᠡᠵᠡᠮᠳᠡᠭᠦ ᠪᠠᠢᠭᠤᠯᠤᠮᠵᠢ ᠂ ᠡᠮᠴᠢᠯᠡᠭᠡᠨ ᠤ ᠪᠠᠢᠭᠤᠯᠤᠮᠵᠢᠶᠢᠨ ᠬᠠᠮᠢᠶ᠎ᠠ ᠪᠦᠭᠦᠢ ᠬᠠᠯᠳᠠᠪᠤᠷᠢᠳᠤ ᠡᠪᠡᠳᠴᠢᠨ ᠤ ᠪᠠᠢᠴᠠᠭᠠᠯᠳᠠ ᠂ ᠰᠢᠯᠭᠠᠨ ᠪᠠᠢᠴᠠᠭᠠᠯᠳᠠ ᠂ ᠶᠠᠩᠵᠣ ᠴᠤᠬᠯᠠᠭᠤᠯᠬᠤ ᠂ ᠲᠤᠰᠠᠭᠠᠷᠯᠠᠨ ᠵᠠᠰᠠᠬᠤ ᠵᠡᠷᠭᠡ ᠰᠡᠷᠭᠡᠢᠯᠡᠭᠦ ᠂ ᠡᠵᠡᠮᠳᠡᠭᠦ ᠠᠷᠭ᠎ᠠ ᠬᠡᠮᠵᠢᠶ᠎ᠡᠶᠢ ᠬᠦᠯᠢᠶᠠᠵᠦ ᠂ ᠬᠠᠮᠢᠶ᠎ᠠ ᠪᠦᠭᠦᠢ ᠪᠠᠢᠳᠠᠯᠢᠶᠡᠨ ᠦᠨᠡᠨ ᠮᠦᠨᠢᠶᠠᠷᠨᠢ ᠲᠤᠰᠢᠶᠠᠬᠤ ᠬᠡᠷᠡᠭᠳᠡᠢ ᠭᠡᠵᠦ ᠳᠣᠭᠳᠠᠭᠠᠵᠠᠢ ︾ ᠭᠡᠵᠦ ᠪᠠᠪᠤᠤ ᠬᠡᠯᠡᠨ᠎ᠡ ᠂ ᠡᠨᠡ ᠲᠠᠯᠠᠪᠠᠷ ᠂ ᠬᠦᠬᠡᠬᠤᠳᠠᠶᠢᠨ ᠰᠢᠨ᠎ᠠ ᠬᠤᠳᠠ ᠲᠤᠭᠤᠷᠢᠭ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠᠶᠢᠨ ᠲᠤᠪᠴᠢᠶᠠᠶᠢᠨ ᠠᠵᠢᠯᠳᠠᠨ ᠴᠢ ᠤᠪᠤᠬᠳᠤ ᠪᠤᠷᠤᠭᠤ ᠲᠠᠯ᠎ᠠᠶᠢᠨ ᠵᠢᠱᠢᠶ᠎ᠠ ᠪᠤᠯᠵᠦ ᠂ ᠬᠢᠵᠢᠭ ᠤᠨ ᠪᠠᠢᠳᠠᠯ ᠢ ᠬᠤᠷᠢᠬᠯᠨᠨ ᠡᠵᠡᠮᠳᠡᠭᠦ ᠠᠷᠭ᠎ᠠ ᠬᠡᠮᠵᠢᠶ᠎ᠡᠶᠢ ᠲᠠᠭᠠᠬᠤ ᠦᠭᠡᠢ ᠡᠰᠡᠷᠭᠦᠴᠡᠭᠰᠡᠨᠡᠴᠠᠵᠡᠷᠭᠡ ᠲᠡᠰ ᠢᠨᠢ ᠪᠠᠭᠤᠷᠠᠭᠤᠯᠬᠤ ᠰᠢᠢᠳᠭᠡᠯ ᠤᠯᠵᠠᠢ ᠃
︽ ᠭᠤᠷᠪᠠᠳᠤᠭᠠᠷᠲᠤ ᠂ ᠶᠠᠮᠠᠷᠪᠠ ᠨᠢᠭᠡᠴᠢ ᠪᠠ ᠠᠷᠠᠳ ᠢᠷᠭᠡᠨ ᠬᠤᠳᠠᠯ ᠬᠠᠭᠤᠷᠮᠠᠬ ᠬᠢᠵᠢᠭ ᠤᠨ ᠪᠠᠢᠳᠠᠯ ᠤᠨ ᠮᠡᠳᠡᠭᠡ ᠵᠠᠡᠭᠭᠢ ᠂ ᠴᠤᠤᠷᠬᠠᠯ ᠢ ᠲᠠᠮᠵᠢᠭᠤᠯᠬᠤ ᠦᠭᠡᠢ ᠪᠠᠢᠬᠤ ᠡᠭᠦᠷᠭᠡᠲᠠᠢ ︾ ᠃ ︽ ︿ ᠬᠡᠨᠡᠳᠳᠡᠶᠢᠨ ᠬᠡᠷᠡᠭ ᠶᠠᠪᠤᠳᠠᠯ ᠢ ᠠᠷᠭᠠᠴᠠᠭᠠᠬᠤ ᠬᠠᠤᠯᠢ ︾ᠶᠢᠨ ᠲᠠᠪᠢᠨ ᠲᠦᠷᠪᠡᠳᠦᠭᠡᠷ ᠵᠦᠢᠯᠳ᠋ᠤ ᠂ ᠶᠠᠮᠠᠷᠪᠠ ᠨᠢᠭᠡᠴᠢ ᠪᠠ ᠬᠤᠪᠢ ᠬᠦᠮᠦᠨ ᠬᠡᠨᠡᠳᠳᠡᠶᠢᠨ ᠬᠡᠷᠡᠭ ᠶᠠᠪᠤᠳᠠᠯ ᠤᠨ ᠪᠠᠢᠳᠠᠯ ᠤᠨ ᠬᠠᠨᠳᠤᠰᠢ ᠪᠤᠶᠤ ᠪᠠᠴᠢᠮ ᠪᠠᠢᠳᠠᠯ ᠢ ᠠᠷᠭᠠᠴᠠᠭᠠᠨ ᠰᠢᠢᠳᠪᠤᠷᠢᠯᠡᠭᠦᠠᠵᠢᠯᠲᠠᠢ ᠬᠣᠯᠪᠣᠭᠳᠠᠯ ᠪᠦᠬᠦᠢ ᠬᠤᠳᠠᠯ ᠬᠠᠭᠤᠷᠮᠠᠬ ᠮᠡᠳᠡᠭᠡ ᠵᠠᠡᠭᠭᠢ ᠵᠤᠬᠢᠶᠠᠵᠦ ᠂ ᠲᠠᠮᠵᠢᠭᠤᠯᠵᠦ ᠪᠤᠯᠬᠤ ᠦᠭᠡᠢ ᠃ ᠬᠠᠮᠳᠤ ᠳ᠋ᠤᠨᠢ ᠂ ᠭᠡᠨᠡᠳᠳᠡᠶᠢᠨ ᠬᠡᠷᠡᠭ ᠶᠠᠪᠤᠳᠠᠯ ᠤᠨ ᠪᠠᠢᠳᠠᠯ ᠤᠨ ᠬᠠᠨᠳᠤᠰᠢ ᠪᠤᠶᠤ ᠪᠠᠴᠢᠮ ᠪᠠᠢᠳᠠᠯ ᠢ ᠠᠷᠭᠠᠴᠠᠭᠠᠨ ᠰᠢᠢᠳᠪᠤᠷᠢᠯᠡᠭᠦ ᠠᠵᠢᠯᠲᠠᠢ ᠬᠣᠯᠪᠣᠭᠳᠠᠯᠲᠠᠢ ᠬᠤᠳᠠᠯ ᠬᠠᠭᠤᠷᠮᠠᠬ ᠮᠡᠳᠡᠭᠡ ᠵᠠᠡᠭᠭᠢᠶᠢ ᠵᠤᠬᠢᠶᠠᠨ ᠲᠠᠷᠬᠠᠭᠠᠬᠰᠠᠨ ᠂ ᠬᠡᠨᠡᠳᠳᠡᠶᠢᠨ ᠬᠡᠷᠡᠭ ᠶᠠᠪᠤᠳᠠᠯ ᠤᠨ ᠪᠠᠢᠳᠠᠯ ᠤᠨ ᠬᠠᠨᠳᠤᠰᠢ ᠪᠤᠶᠤ ᠪᠠᠴᠢᠮ ᠪᠠᠢᠳᠠᠯ ᠢ ᠠᠷᠭᠠᠴᠠᠭᠠᠨ ᠰᠢᠢᠳᠪᠤᠷᠢᠯᠡᠭᠦᠲᠠᠢ ᠬᠣᠯᠪᠣᠭᠳᠠᠯ ᠪᠦᠬᠦᠢ ᠬᠤᠳᠠᠯ ᠬᠠᠭᠤᠷᠮᠠᠬ ᠮᠡᠳᠡᠭᠡ ᠵᠠᠡᠭᠭᠢ ᠭᠡᠰᠡᠨ ᠢ ᠲᠤᠳᠤᠷᠬᠠᠢ ᠮᠡᠳᠡᠵᠦ ᠪᠠᠢᠭᠠᠳ ᠲᠠᠮᠵᠢᠭᠤᠯᠤᠬᠰᠠᠨ ᠪᠤᠯ ᠵᠠᠷᠯᠢᠬᠳᠠᠨ ᠵᠠᠯᠠᠷᠠᠭᠤᠯᠵᠦ ᠂ ᠰᠡᠷᠡᠮᠵᠢᠯᠡᠭᠦᠯᠭᠦ ᠬᠡᠷᠡᠭᠳᠡᠢ ︔ ᠬᠦᠨᠳᠤ ᠨᠤᠴᠢᠳᠠᠢ ᠦᠷ᠎ᠠ ᠳᠦᠢᠡᠭ ᠭᠠᠷᠭᠠᠬᠰᠠᠨ ᠪᠤᠯ ᠬᠠᠤᠯᠢ ᠶᠤᠰᠤᠭᠠᠷ ᠲᠤᠬᠠᠢᠯᠠᠬᠰᠠᠨ ᠠᠵᠢᠯ ᠤᠨ ᠠᠵᠢᠯᠯᠠᠭᠠᠶᠢᠨᠢ ᠲᠦᠷ ᠵᠤᠬᠰᠤᠭᠠᠬᠤ ᠪᠤᠶᠤ ᠲᠤᠬᠠᠢᠯᠠᠬᠰᠠᠨ ᠠᠵᠢᠯ ᠤᠨ ᠵᠦᠪᠰᠢᠶᠡᠷᠡᠯ ᠤᠨ ᠦᠨᠡᠮᠯᠡᠯ ᠢᠨᠢ ᠬᠦᠴᠦᠨ ᠦᠭᠡᠢ ᠪᠤᠯᠭᠠᠨ᠎ᠠ ︔ ᠰᠢᠭᠤᠳ ᠬᠠᠷᠢᠭᠤᠴᠠᠯᠭ᠎ᠠ ᠡᠭᠦᠷᠭᠡᠯᠡᠭᠴᠢᠨᠢ ᠤᠯᠤᠰ ᠤᠨ ᠠᠵᠢᠯᠳᠠᠨ ᠪᠤᠯ ᠬᠠᠤᠯᠢ ᠶᠤᠰᠤᠭᠠᠷ ᠰᠢᠢᠳᠭᠡᠯ ᠦᠭᠪᠠᠯ ᠵᠤᠬᠢᠨ᠎ᠠ ︔ ᠠᠮᠤᠷ ᠢ ᠬᠠᠮᠠᠭᠠᠯᠠᠬᠤ ᠬᠠᠮᠢᠶᠠᠷᠤᠯᠳᠠᠡᠴᠠ ᠵᠦᠷᠢᠴᠡᠭᠰᠡᠨ ᠦᠢᠯᠡ ᠠᠵᠢᠯᠯᠠᠭ᠎ᠠᠶᠢ ᠪᠦᠷᠢᠯᠳᠦᠭᠦᠯᠦᠭᠰᠡᠨ ᠪᠤᠯ ᠲᠤᠳᠤᠭᠠᠳᠤᠶᠢ ᠬᠠᠮᠠᠭᠠᠯᠠᠬᠤ ᠪᠠᠢᠭᠤᠯᠭᠠᠡᠴᠠ ᠬᠠᠤᠯᠢ ᠶᠤᠰᠤᠭᠠᠷ ᠰᠢᠢᠳᠭᠡᠯ ᠦᠭᠭᠦᠨ᠎ᠠ ᠭᠡᠵᠦ ᠲᠤᠬᠳᠠᠭᠠᠵᠠᠢ ︾ ᠭᠡᠵᠦ ᠪᠠᠪᠤᠤ ᠬᠡᠯᠡᠨ᠎ᠡ ᠃
︽ ᠲᠦᠷᠪᠡᠳᠦᠭᠡᠷᠲᠤ ᠂ ᠶᠠᠮᠠᠷᠪᠠ ᠨᠢᠭᠡᠴᠢ ᠪᠠ ᠬᠤᠪᠢ ᠬᠦᠮᠦᠨ ᠬᠢᠵᠢᠭ ᠤᠨ ᠪᠠᠢᠳᠠᠯ ᠢ ᠠᠰᠢᠬᠯᠠᠨ ᠪᠠᠷᠠᠭᠠᠨ ᠤ ᠦᠨ᠎ᠠ ᠬᠠᠩᠰᠢᠶᠢ ᠦᠰᠭᠡᠵᠦ ᠂ ᠨᠡᠢᠭᠡᠮ ᠤᠨ ᠡᠮᠭᠢ ᠵᠢᠷᠤᠮ ᠢ ᠰᠠᠮᠠᠭᠤᠷᠠᠭᠤᠯᠵᠦ ᠪᠤᠯᠬᠤ ᠦᠭᠡᠢ ︾ ᠃ ︽ ︿ ᠬᠡᠨᠡᠳᠳᠡᠶᠢᠨ ᠬᠡᠷᠡᠭ ᠶᠠᠪᠤᠳᠠᠯ ᠢ ᠠᠷᠭᠠᠴᠠᠭᠠᠬᠤ ᠬᠠᠤᠯᠢ ﹀ᠶᠢᠨ ᠲᠠᠪᠢᠨ ᠲᠤᠯᠤᠳᠤᠭᠠᠷ ᠵᠦᠢᠯᠳ᠋ᠤ ᠂ ᠬᠡᠨᠡᠳᠳᠡᠶᠢᠨ ᠬᠡᠷᠡᠭ ᠶᠠᠪᠤᠳᠠᠯ ᠡᠭᠦᠰᠦᠭᠰᠡᠨ ᠭᠠᠵᠠᠷ ᠤᠨ ᠠᠷᠠᠳ ᠢᠷᠭᠡᠳ ᠠᠷᠠᠳ ᠤᠨ ᠵᠠᠰᠠᠬ ᠤᠨ ᠤᠷᠳᠤᠨ ᠂ ᠰᠠᠭᠤᠭᠠᠯᠢ ᠠᠷᠠᠳ ᠤᠨ ᠵᠦᠪᠯᠡᠯ ᠂ ᠲᠤᠰᠬᠤᠨ ᠤ ᠠᠷᠠᠳ ᠤᠨ ᠵᠦᠪᠯᠡᠯ ᠪᠤᠶᠤ ᠪᠤᠰᠤᠳ ᠬᠠᠷᠢᠶᠠᠯᠠᠬᠤ ᠨᠢᠭᠡᠴᠢᠶᠢᠨᠢᠶᠡᠨ ᠵᠢᠯᠤᠭᠤᠳᠤᠯᠭ᠎ᠠ ᠪᠠ ᠲᠤᠬᠢᠷᠠᠭᠤᠯᠣᠯᠳᠠᠶᠢ ᠲᠠᠭᠠᠵᠦ ᠂ ᠠᠷᠠᠳ ᠤᠨ ᠵᠠᠰᠠᠬ ᠤᠨ ᠤᠷᠳᠤᠨ ᠳ᠋ᠤ ᠬᠠᠮᠵᠢᠵᠦ ᠪᠠᠴᠢᠮ ᠪᠠᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ ᠂ ᠪᠠᠴᠢᠮ ᠪᠠᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠵᠢᠯ ᠳ᠋ᠤ ᠢᠳᠡᠪᠭᠢᠳᠡᠢ ᠤᠷᠤᠯᠴᠠᠵᠦ ᠂ ᠨᠡᠢᠭᠡᠮ ᠤᠨ ᠡᠮᠭᠢ ᠵᠢᠷᠤᠮ ᠢ ᠬᠠᠮᠵᠢᠨ ᠬᠠᠮᠠᠭᠠᠯᠠᠬᠤ ᠬᠡᠷᠡᠭᠳᠡᠢ ᠭᠡᠵᠦ ᠲᠤᠬᠳᠠᠭᠠᠵᠠᠢ ᠃ ᠲᠤᠰ ᠬᠠᠤᠯᠢ ᠳ᠋ᠤ ᠂ ᠪᠠᠰᠠ ᠪᠠᠢᠭᠤᠯᠭ᠎ᠠ ᠨᠢᠭᠡᠴᠢ ᠪᠤᠶᠤ ᠬᠤᠪᠢ ᠬᠦᠮᠦᠨ ᠪᠠᠢᠭ᠎ᠠ ᠭᠠᠵᠠᠷ ᠤᠨᠢᠶᠡᠨ ᠠᠷᠠᠳ ᠤᠨ ᠵᠠᠰᠠᠬ ᠤᠨ ᠤᠷᠳᠤᠨ ᠵᠢᠴᠢ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠨᠡᠢᠳᠡᠯᠡᠭᠰᠡᠨ ᠲᠤᠬᠳᠠᠭᠠᠯ ᠂ ᠵᠠᠷᠯᠢᠭ ᠪᠤᠶᠤ ᠬᠠᠤᠯᠢ ᠶᠤᠰᠤᠭᠠᠷ ᠠᠪᠤᠬᠰᠠᠨ ᠠᠷᠭ᠎ᠠ ᠬᠡᠮᠵᠢᠶ᠎ᠡᠶᠢ ᠲᠠᠭᠠᠬᠤ ᠦᠭᠡᠢ ᠂ ᠠᠮᠤᠷ ᠢ ᠬᠠᠮᠠᠭᠠᠯᠠᠬᠤ ᠬᠠᠮᠢᠶᠠᠷᠤᠯᠳᠠᠡᠴᠠ ᠵᠦᠷᠢᠴᠡᠭᠰᠡᠨ ᠦᠢᠯᠠ ᠠᠵᠢᠯᠯᠠᠭ᠎ᠠᠶᠢ ᠪᠦᠷᠢᠯᠳᠦᠭᠦᠯᠦᠭᠰᠡᠨ ᠪᠤᠯ ᠲᠤᠳᠤᠭᠠᠳᠤᠶᠢ ᠬᠠᠮᠠᠭᠠᠯᠠᠬᠤ ᠪᠠᠢᠭᠤᠯᠭ᠎ᠠ ᠬᠠᠤᠯᠢ ᠶᠤᠰᠤᠭᠠᠷ ᠰᠢᠢᠳᠭᠡᠯ ᠦᠭᠭᠦ ᠬᠡᠷᠡᠭᠳᠡᠢ ᠭᠡᠵᠦ ᠲᠤᠬᠳᠠᠭᠠᠪᠠ ᠃ ︿ ᠬᠡᠨᠡᠳᠳᠡᠶᠢᠨ ᠤᠯᠠᠨ ᠨᠡᠢᠳᠡᠶᠢᠨ ᠡᠷᠡᠭᠦᠯ ᠬᠠᠮᠠᠭᠠᠯᠠᠯ ᠤᠨ ᠬᠡᠷᠡᠭ ᠶᠠᠪᠤᠳᠠᠯ ᠢ ᠪᠠᠴᠢᠮ ᠠᠷᠭᠠᠴᠠᠭᠠᠬᠤ ᠲᠦᠷᠢᠮ ﹀ᠳ᠋ᠤ ᠂ ᠬᠡᠨᠡᠳᠳᠡᠶᠢᠨ ᠬᠡᠷᠡᠭ ᠶᠠᠪᠤᠳᠠᠯ ᠡᠭᠦᠰᠦᠭᠰᠨᠨ ᠬᠤᠭᠤᠴᠠᠭᠠᠨᠳ᠋ᠤ ᠴᠤᠤᠷᠬᠠᠯ ᠲᠠᠷᠬᠠᠭᠠᠨ ᠂ ᠪᠠᠷᠠᠭᠠᠨ ᠤ ᠦᠨ᠎ᠠ ᠬᠠᠩᠰᠢᠶᠢ ᠦᠰᠭᠡᠵᠦ ᠂ ᠬᠡᠷᠡᠭᠯᠡᠭᠴᠢᠶᠢ ᠮᠡᠭᠡᠯᠡᠨ ᠂ ᠨᠡᠢᠭᠡᠮ ᠤᠨ ᠡᠮᠭᠢ ᠵᠢᠷᠤᠮ ᠪᠠ ᠵᠠᠬ᠎ᠠ ᠲᠡᠯᠭᠡᠭᠦᠷ ᠤᠨ ᠡᠮᠭᠢ ᠵᠢᠷᠤᠮ ᠢ ᠰᠠᠮᠠᠭᠤᠷᠠᠭᠤᠯᠤᠬᠰᠠᠨ ᠪᠤᠯ ᠲᠤᠳᠤᠭᠠᠳᠤᠶᠢ ᠬᠠᠮᠠᠭᠠᠯᠠᠬᠤ ᠪᠠᠢᠭᠤᠯᠭ᠎ᠠ ᠪᠠ ᠦᠢᠯᠡᠳᠪᠤᠷᠢ ᠬᠤᠳᠠᠯᠳᠤᠭᠠᠨ ᠤ ᠵᠠᠰᠠᠬ ᠵᠠᠬᠢᠷᠭᠠᠨ ᠤ ᠬᠠᠮᠢᠶᠠᠷᠤᠯᠳᠠᠶᠢᠨ ᠰᠠᠯᠠᠭ᠎ᠠ ᠮᠦᠴᠢᠷ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠢᠳᠭᠡᠯ ᠦᠭᠭᠦ ᠬᠡᠷᠡᠭᠳᠡᠢ ︔ ᠶᠠᠯ᠎ᠠ ᠪᠦᠷᠢᠯᠳᠦᠭᠦᠯᠦᠭᠰᠡᠨ ᠪᠤᠯ ᠬᠠᠤᠯᠢ ᠶᠤᠰᠤᠭᠠᠷ ᠡᠷᠡᠭᠦᠦᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ ᠭᠡᠵᠦ ᠳᠣᠭᠳᠠᠭᠠᠵᠠᠢ ︾ ᠭᠡᠵᠦ ᠪᠠᠪᠤᠤ ᠬᠡᠯᠡᠨ᠎ᠡ ᠃ ᠬᠢᠵᠢᠭ ᠤᠨ ᠪᠠᠢᠳᠠᠯ ᠢ ᠰᠡᠷᠭᠡᠢᠯᠡᠨ ᠡᠵᠡᠮᠳᠡᠭᠦ ᠬᠤᠭᠤᠴᠠᠭᠠᠨ ᠳ᠋ᠤ ᠠᠮᠠᠪᠴᠢᠶᠢᠨ ᠦᠨ᠎ᠠ ᠬᠠᠩᠰᠢᠶᠢ ᠲᠤᠷᠠᠪᠠᠷᠢᠶᠡᠨ ᠦᠰᠭᠡᠭᠰᠡᠨ ᠬᠡᠷᠡᠭ ᠪᠤᠯ ᠡᠨᠡ ᠬᠦ ᠬᠠᠤᠯᠢᠡᠴᠠ ᠵᠦᠷᠢᠴᠡᠭᠰᠡᠨ ᠠᠵᠢᠯᠯᠠᠭ᠎ᠠᠶᠢᠨ ᠨᠡᠢᠳᠡᠯᠢᠭ ᠢᠯᠡᠷᠡᠯ ᠪᠤᠯᠤᠨ᠎ᠠ ᠃ ᠵᠢᠱᠢᠶᠡᠯᠡᠪᠡᠯ ᠂ ᠠᠯᠠᠱᠠ ᠵᠡᠭᠦᠨ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠡᠶᠢᠨ ᠲᠤᠪᠴᠢᠶᠠᠶᠢᠨᠬᠢᠨ ᠪᠠᠢᠴᠠᠭᠠᠯᠳᠠ ᠲᠤᠮᠳᠠᠪᠠᠨ ᠨᠢᠭᠡᠨ ᠡᠮ ᠤᠨ ᠲᠡᠯᠭᠡᠭᠦᠷ ᠠᠮᠠᠪᠴᠢᠶᠢᠨ ᠦᠨ᠎ᠠ ᠬᠠᠩᠰᠢᠶᠢ ᠦᠰᠭᠡᠵᠦ ᠂ 3MK95 ᠠᠮᠠᠪᠴᠢᠶᠢ ᠦᠨᠳᠤᠷ ᠦᠨᠠᠪᠠᠷ ᠬᠤᠳᠠᠯᠳᠤᠵᠤ ᠪᠠᠢᠬᠤᠶᠢ ᠪᠠᠢᠴᠠᠭᠠᠵᠤ ᠮᠡᠳᠡᠭᠡᠳ ᠂ ᠬᠠᠤᠯᠢ ᠬᠡᠷᠡᠭᠵᠢᠭᠦᠯᠦᠭᠴᠢᠳ ᠠᠯᠬᠤᠮ ᠲᠠᠷᠠᠭᠠᠯᠠᠯ ᠶᠤᠰᠤᠭᠠᠷ ᠲᠤᠰ ᠬᠡᠷᠡᠭ ᠤᠨ ᠪᠤᠳᠠᠳᠤ ᠬᠡᠷᠡᠭ ᠢ ᠪᠦᠭᠦ ᠲᠠᠯᠠᠪᠠᠷ ᠪᠠᠢᠴᠠᠭᠠᠨ ᠰᠢᠢᠳᠪᠤᠷᠢᠯᠡᠵᠦ ᠂ ᠤᠢᠷᠠᠶᠢᠨ ᠬᠤᠭᠤᠴᠠᠭᠠᠨ ᠳ᠋ᠤ ᠵᠠᠰᠠᠬ ᠵᠠᠬᠢᠷᠭᠠᠨ ᠤ ᠰᠢᠢᠳᠭᠡᠯ ᠦᠭᠭᠦ ᠲᠤᠬᠳᠠᠭᠠᠯ ᠭᠠᠷᠭᠠᠭᠰᠠᠨ ᠠᠵᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃