ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-15 14:11:41

ᠵᠣᠬᠢᠶᠠᠭ᠍ᠴᠢ᠄ ᠪᠤᠤ ᠥᠷᠭᠡᠨ ᠣᠩᠱᠢᠭ᠍ᠰᠠᠨ ᠣᠳᠠᠭ᠎ᠠ᠄ 3

ᠥᠪᠡᠷᠳᠡᠭᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠥᠷᠪᠢᠰᠥᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠥ ᠠᠵᠢᠯ᠎ᠤᠨ ᠵᠢᠯᠥᠭᠤᠳᠬᠤ ᠭᠠᠵᠠᠷ ᠰᠤᠨᠢᠨ ᠮᠡᠳᠡᠭᠡ ᠨᠡᠢᠳᠠᠯᠠᠬᠥ ᠬᠤᠷᠠᠯ ᠬᠢᠵᠥ 1 ᠳ᠋ᠤᠭᠡᠷ ᠲᠤᠭᠠᠳᠤ ︽ ᠵᠠᠷᠯᠠᠯ ︾ ᠵᠡᠷᠭ

2 ᠰᠠᠷ᠎ᠠ᠎ᠶᠢᠨ 14᠎ᠤ ᠥᠳᠡ᠎ᠶᠢᠨ ᠡᠮᠥᠨ᠎ᠠ ᠂ ᠥᠪᠡᠷᠳᠡᠭᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠥᠷᠪᠢᠰᠥᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠥ ᠠᠵᠢᠯ᠎ᠤᠨ ᠵᠢᠯᠥᠭᠤᠳᠬᠤ ᠭᠠᠵᠠᠷ ᠰᠤᠨᠢᠨ ᠮᠡᠳᠡᠭᠡ ᠨᠡᠢᠳᠠᠯᠠᠬᠥ ᠬᠤᠷᠠᠯ ᠬᠢᠵᠤ ᠂ ᠦᠪᠤᠷ ᠮᠤᠡᠭᠭᠤᠯ᠎ᠤᠨ ᠰᠢᠨ᠎ᠠ ᠲᠢᠳᠢᠮᠯᠢᠭ ᠠᠭᠤᠰᠬᠢᠨ ᠥᠷᠪᠢᠰᠥᠯ᠎ᠤᠨ ᠬᠢᠵᠢᠭ᠎ᠤᠨ ᠬᠠᠮᠤᠭ ᠰᠢᠨ᠎ᠠ ᠪᠠᠢᠳᠠᠯ᠎ᠢ ᠮᠡᠳᠡᠭᠳᠡᠵᠤ ᠂ ︽ ᠨᠡᠶᠢᠭᠡᠮ ᠲᠣᠭᠣᠷᠢᠭ᠎ᠤᠨ ᠬᠠᠮᠢᠶᠠᠷᠤᠯᠲᠠ᠎ᠶᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯᠯᠠᠭᠠᠨ᠎ᠤ ᠠᠯᠬᠤᠮ ᠲᠠᠷᠠᠭᠠᠯᠠᠯ᠎ᠢ ᠨᠠᠡᠭ ᠵᠢᠷᠤᠮᠵᠢᠭᠤᠯᠬᠤ ᠲᠤᠬᠠᠶ ᠮᠡᠳᠡᠭᠳᠡᠯ ︾ ᠪᠠ 1 ᠳ᠋ᠤᠭᠡᠷ ᠲᠤᠭᠠᠳᠤ ︽ ᠵᠠᠷᠯᠠᠯ ︾᠎ᠳ᠋ᠤ ᠲᠠᠢᠯᠤᠮᠵᠢ ᠬᠢᠪᠠ ᠃ ᠦᠪᠡᠷᠳᠡᠭᠡᠨ ᠵᠠᠰᠠᠬᠤ ᠤᠷᠤᠨ᠎ᠤ ᠲᠤᠳᠤᠭᠠᠳᠤ᠎ᠶᠢ ᠬᠠᠮᠠᠭᠠᠯᠠᠬᠤ ᠲᠢᠡᠭᠬᠢᠮ᠎ᠤᠨ ᠲᠡᠳ᠋ ᠲᠠᠷᠤᠭ᠎ᠠ ᠬᠦᠬᠡ ᠰᠤᠨᠢᠨ ᠮᠡᠳᠡᠭᠡ ᠨᠡᠢᠳᠡᠯᠡᠬᠦ ᠬᠤᠷᠠᠯ᠎ᠢ ᠡᠷᠬᠢᠯᠡᠵᠤ ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠤᠨ ᠠᠮᠤᠷ᠎ᠢ ᠬᠠᠮᠠᠭᠠᠯᠠᠬᠤ ᠶᠡᠷᠦᠩᠬᠡᠶ ᠠᠩᠭᠢ᠎ᠶᠢᠨ ᠺᠣᠮᠢᠰᠰᠠᠷ ᠯᠢ ᠵᠢᠶ ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠥ ᠲᠣᠪᠴᠢᠶ᠎ᠠ᠎ᠶᠢᠨ ᠬᠠᠷᠢᠭᠤᠴᠠᠯᠭᠠᠲᠠᠨ ᠭᠦᠸᠧ ᠸᠧᠶ ᠳ᠋ᠦᠩ ᠰᠤᠷᠪᠤᠯᠵᠢᠯᠠᠬᠴᠢ᠎ᠶᠢᠨ ᠠᠰᠠᠭᠤᠯᠳᠠ᠎ᠶᠢ ᠬᠠᠷᠢᠭᠤᠯᠪᠠ ᠃
ᠬᠦᠬᠡ ᠄ ᠥᠪᠡᠷᠲᠡᠭᠡᠨ ᠵᠠᠰᠠᠬᠤ ᠣᠷᠣᠨ᠎ᠤ ᠰᠢᠨ᠎ᠠ ᠲᠢᠳᠢᠮᠯᠢᠭ ᠠᠭᠤᠰᠬᠢᠨ ᠥᠷᠪᠢᠰᠥᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠣᠶᠢᠷ᠎ᠠ᠎ᠳ᠋ᠤ ︽ ᠨᠡᠶᠢᠭᠡᠮ ᠲᠣᠭᠣᠷᠢᠭ᠎ᠤᠨ ᠬᠠᠮᠢᠶᠠᠷᠤᠯᠲᠠ᠎ᠶᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯᠯᠠᠭᠠᠨ᠎ᠤ ᠠᠯᠬᠤᠮ ᠳᠠᠷᠠᠭᠠᠯᠠᠯ᠎ᠢ ᠨᠠᠡᠭ ᠵᠢᠷᠤᠮᠵᠢᠭᠤᠯᠬᠤ ᠲᠤᠬᠠᠶ ᠮᠡᠳᠡᠭᠳᠡᠯ ︾ ᠪᠠ 2020 ᠣᠨ᠎ᠤ 1 ᠳ᠋ᠤᠭᠡᠷ ᠲᠣᠭᠠᠲᠤ ︽ ᠵᠠᠷᠯᠠᠯ ︾᠎ᠢ ᠨᠡᠶᠢᠲᠡᠯᠡᠵᠤ ᠂ ᠨᠡᠶᠢᠭᠡᠮ ᠲᠣᠭᠣᠷᠢᠭ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠲᠣᠳᠣᠷᠬᠠᠶ ᠵᠢᠷᠤᠮᠵᠢᠭᠤᠯᠵᠤ ᠂ ᠪᠣᠳᠠᠲᠠᠶ ᠱᠠᠭᠠᠷᠳᠠᠯᠭ᠎ᠠ ᠳᠤᠷᠠᠳᠪᠠ ᠂ ᠭᠣᠤᠯᠳᠠᠭᠤ ᠳᠣᠤᠷᠠᠬᠢ ᠳᠥᠷᠪᠡᠨ ᠲᠠᠯ᠎ᠠ᠎ᠶᠢ ᠪᠠᠭᠲᠠᠭᠠᠵᠠᠢ ᠄
ᠨᠢᠭᠡ ᠂ ᠨᠡᠶᠢᠭᠡᠮ ᠳᠠᠶᠠᠭᠠᠷ᠎ᠢᠶᠡᠨ ᠣᠷᠣᠯᠴᠠᠭᠰᠠᠨ ᠨᠡᠶᠢᠭᠡᠮ ᠲᠣᠭᠣᠷᠢᠭ᠎ᠤᠨ ᠣᠯᠠᠨ᠎ᠢᠶᠠᠷ᠎ᠢᠶᠡᠨ ᠰᠡᠷᠭᠡᠶᠢᠯᠡᠵᠦ ᠣᠯᠠᠨ᠎ᠢᠶᠠᠷ᠎ᠢᠶᠡᠨ ᠡᠵᠡᠮᠳᠠᠬᠦ ᠠᠵᠢᠯ᠎ᠤᠨ ᠪᠠᠶᠢᠷᠢᠰᠢᠯ᠎ᠢ ᠲᠡᠭᠦᠯᠳᠡᠷᠵᠢᠭᠦᠯᠬᠥ ᠭᠡᠷᠡᠭᠳᠠᠢ ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶᠢᠭᠤᠯᠤᠯᠲᠠ᠎ᠶᠢᠨ ᠤᠳᠤᠷᠢᠳᠤᠯᠭ᠎ᠠ ᠳᠣᠤᠷ᠎ᠠ ᠭᠤᠷᠪᠠᠨ ᠰᠠᠯᠠᠭ᠎ᠠ ᠬᠦᠴᠦᠨ᠎ᠢ ᠰᠠᠶᠢᠲᠤᠷ ᠵᠣᠬᠢᠶᠠᠨ ᠪᠠᠶᠢᠭᠤᠯᠬᠤ ᠭᠡᠷᠡᠭᠳᠠᠢ ᠃ ᠰᠠᠭᠤᠭᠠᠯᠢ ᠠᠷᠠᠳ᠎ᠤᠨ ᠲᠤᠭᠤᠷᠢᠬ ︵ ᠭᠠᠴᠠᠭ᠎ᠠ ︶ ᠂ ᠨᠡᠶᠢᠭᠡᠮ ᠲᠣᠭᠣᠷᠢᠭ᠎ᠤᠨ ᠠᠵᠢᠯᠲᠠᠨ ᠂ ᠰᠠᠶᠢᠨ ᠳᠤᠷᠠᠴᠤᠤᠯ ᠵᠡᠷᠭᠡ᠎ᠶᠢᠨ ᠬᠦᠴᠦᠨ᠎ᠢ ᠳᠠᠶᠢᠴᠢᠯᠠᠵᠤ ᠂ ᠥᠷᠭᠡᠨ ᠣᠯᠠᠨ ᠰᠠᠭᠤᠭᠠᠯᠢ ᠠᠷᠠᠳ᠎ᠢ ᠲᠠᠢᠴᠢᠯᠠᠨ ᠂ ᠬᠥᠮᠦᠨ ᠪᠦᠬᠦᠨ ᠣᠷᠣᠯᠴᠠᠵᠤ ᠂ ᠬᠥᠮᠦᠨ ᠪᠦᠬᠦᠨ ᠬᠠᠷᠢᠭᠤᠴᠠᠨ ᠂ ᠨᠡᠶᠢᠭᠡᠮ ᠲᠣᠭᠣᠷᠢᠭ᠎ᠤᠨ ᠬᠢᠵᠢᠭ᠎ᠤᠨ ᠪᠠᠢᠳᠠᠯ᠎ᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠬᠡ ᠨᠡᠶᠢᠯᠡᠮᠡᠯ ᠬᠦᠴᠦᠨ᠎ᠢ ᠪᠦᠷᠢᠯᠳᠤᠬᠦᠯᠬᠦ ᠭᠡᠷᠡᠭᠳᠠᠢ ᠃
ᠬᠣᠶᠠᠷ ᠂ ᠨᠡᠶᠢᠭᠡᠮ ᠲᠣᠭᠣᠷᠢᠭ᠎ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ᠎ᠤᠨ ᠲᠣᠭᠲᠠᠴᠠ᠎ᠶᠢ ᠪᠦᠷᠢᠨᠰᠢᠭᠦᠯᠬᠥ ᠭᠡᠷᠡᠭᠳᠠᠢ ᠃ ᠬᠠᠷᠢᠶ᠎ᠠ ᠭᠠᠵᠠᠷ᠎ᠤᠨ ᠬᠠᠮᠢᠶᠠᠷᠤᠯᠲᠠ᠎ᠪᠠᠷ ᠭᠣᠤᠯ ᠪᠣᠯᠭᠠᠨ ᠂ ᠬᠠᠷᠢᠶ᠎ᠠ ᠲᠤᠭᠤᠷᠢᠬ᠎ᠲᠠᠬᠢ ᠨᠢᠭᠡᠴᠢ ᠪᠣᠯᠤᠨ ᠨᠡᠶᠢᠭᠡᠮ ᠲᠣᠭᠣᠷᠢᠭ᠎ᠤᠨ ᠨᠡᠶᠢᠭᠡᠮ᠎ᠤᠨ ᠵᠣᠬᠢᠶᠠᠨ ᠪᠠᠶᠢᠭᠤᠯᠤᠯᠲᠠ ᠵᠡᠷᠭᠡ ᠡᠯ᠎ᠡ ᠲᠠᠯ᠎ᠠ᠎ᠶᠢᠨ ᠬᠦᠴᠦᠨ᠎ᠢ ᠵᠣᠬᠢᠶᠠᠨ ᠪᠠᠶᠢᠭᠤᠯᠵᠤ ᠂ ᠬᠤᠯᠪᠤᠭᠠᠯᠠᠨ ᠬᠥᠳᠡᠯᠦᠯᠴᠡᠬᠥ ᠭᠡᠷᠡᠭᠳᠠᠢ ᠃ ᠵᠢᠵᠢᠭᠦᠷᠯᠡᠨ ᠰᠠᠬᠢᠬᠤ ᠳᠤᠭᠤᠶᠢᠯᠠᠩ ᠂ ᠡᠷᠡᠭᠦᠯ ᠬᠠᠮᠠᠭᠠᠯᠠᠯ᠎ᠤᠨ ᠠᠷᠢᠭᠤᠳᠬᠠᠬᠤ ᠳᠤᠭᠤᠶᠢᠯᠠᠩ ᠂ ᠪᠠᠯᠭᠠᠰᠤ ᠵᠡᠭᠡᠯᠢ ᠭᠤᠳᠤᠮᠵᠢ ᠂ ᠲᠣᠰᠬᠣᠨ ︵ ᠰᠠᠭᠤᠭᠠᠯᠢ ᠠᠷᠠᠳ᠎ᠤᠨ ᠵᠦᠪᠯᠡᠯ ᠂ ᠭᠠᠴᠠᠭ᠎ᠠ ︶᠎ᠤ ᠲᠣᠭᠣᠷᠢᠨ ᠴᠠᠭᠳᠠᠵᠤ ᠵᠢᠵᠢᠭᠦᠷᠯᠡᠨ ᠰᠠᠬᠢᠬᠤ ᠳᠤᠭᠤᠶᠢᠯᠠᠩ᠎ᠤᠨ ᠺᠠᠳ᠋ᠷᠴᠤᠳ ᠤᠷᠤᠨ ᠭᠡᠰᠡᠭ᠎ᠢ ᠳᠠᠭᠠᠭᠠᠴᠢᠯᠠᠨ ᠡᠷᠦᠬᠡ᠎ᠶᠢ ᠳᠠᠭᠠᠭᠠᠴᠢᠯᠠᠬᠤ ᠲᠣᠭᠲᠠᠴᠠ᠎ᠶᠢ ᠪᠠᠶᠢᠭᠤᠯᠵᠤ ᠂ ᠤᠷᠤᠨ ᠭᠡᠰᠡᠭ ᠬᠤᠪᠢᠶᠠᠨ ᠬᠠᠷᠢᠭᠤᠴᠠᠵᠤ ᠂ ᠬᠠᠷᠢᠭᠤᠴᠠᠯᠭ᠎ᠠ᠎ᠶᠢ ᠬᠥᠮᠦᠨ ᠪᠤᠯᠭᠠᠨ᠎ᠳ᠋ᠤ ᠨᠠᠢᠳᠠᠪᠤᠷᠢᠵᠢᠭᠤᠯᠵᠥ ᠂ ᠡᠯ᠎ᠡ ᠵᠦᠶᠯ᠎ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠣᠨᠣᠪᠴᠢᠲᠠᠶ ᠨᠠᠶᠢᠳᠠᠪᠤᠷᠢᠵᠢᠭᠤᠯᠬᠤ ᠭᠡᠷᠡᠭᠳᠠᠢ ᠃
ᠭᠤᠷᠪᠠ ᠂ ᠭᠣᠤᠯᠳᠠᠯᠭ᠎ᠠ᠎ᠲᠠᠢ ᠬᠥᠮᠦᠰ᠎ᠤᠨ ᠬᠠᠮᠢᠶᠠᠷᠤᠨ ᠡᠵᠡᠮᠳᠡᠬᠦ ᠠᠵᠢᠯ᠎ᠢ ᠰᠠᠶᠢᠲᠤᠷ ᠬᠢᠨ᠎ᠡ ᠃ ᠨᠡᠶᠢᠭᠡᠮ ᠲᠣᠭᠣᠷᠢᠭ᠎ᠢᠶᠠᠷ ᠨᠢᠭᠡᠴᠢ ᠪᠣᠯᠭᠠᠨ ᠬᠢᠵᠢᠭ᠎ᠤᠨ ᠪᠠᠶᠢᠳᠠᠯ᠎ᠢ ᠬᠢᠨᠠᠨ ᠬᠡᠮᠵᠢᠬᠦ ᠴᠡᠭ᠎ᠢ ᠪᠠᠶᠢᠭᠤᠯᠵᠤ ᠂ ᠰᠠᠭᠤᠭᠠᠯᠢ ᠡᠷᠦᠬᠡ᠎ᠶᠢᠨ ᠪᠠᠶᠢᠳᠠᠯ᠎ᠢ ᠬᠥᠳᠡᠯᠦᠩᠭᠦᠶ᠎ᠪᠠᠷ ᠡᠵᠡᠮᠰᠢᠬᠦ ᠬᠡᠷᠡᠭᠲᠡᠶ ᠃ ᠠᠵᠢᠯᠲᠠᠨ᠎ᠤ ᠮᠥᠷᠳᠡᠯᠲᠡ᠎ᠶᠢ ᠴᠢᠩᠭᠠᠳᠬᠠᠵᠤ ᠂ ᠡᠮᠦᠨᠡᠬᠢ ᠬᠤᠭᠤᠴᠠᠭᠠᠨ᠎ᠤ ᠪᠠᠶᠢᠳᠠᠯ᠎ᠢ ᠣᠶᠢᠯᠠᠭᠠᠵᠤ ᠰᠢᠭᠰᠢᠨ ᠪᠠᠶᠢᠴᠠᠭᠠᠵᠤ ᠭᠠᠷᠭᠠᠭᠰᠠᠨ ᠬᠢᠵᠢᠭ᠎ᠤᠨ ᠣᠷᠣᠨ᠎ᠡᠴᠠ ᠢᠷᠡᠭᠰᠡᠨ ᠬᠥᠮᠦᠰ᠎ᠢ ᠪᠦᠬᠦᠨ᠎ᠢ ᠳᠠᠩᠰᠠᠯᠠᠨ ᠲᠡᠮᠳᠡᠭᠯᠡᠵᠦ ᠂ ᠭᠣᠤᠯᠳᠠᠯᠭ᠎ᠠ᠎ᠲᠠᠢ ᠮᠥᠷᠳᠡᠬᠦ ᠬᠡᠷᠡᠭᠲᠡᠶ ᠃ ᠣᠷᠣᠨ ᠰᠠᠭᠤᠴᠠ᠎ᠶᠢᠨ ᠲᠣᠭᠣᠷᠢᠭ᠎ᠤᠨ ᠣᠷᠣᠵᠤ ᠭᠠᠷᠬᠤ ᠳᠠᠩᠰᠠᠯᠠᠯᠲᠠ᠎ᠶᠢ ᠵᠢᠷᠤᠮᠵᠢᠭᠤᠯᠵᠤ ᠂ ᠣᠷᠣᠵᠤ ᠭᠠᠷᠬᠤ ᠭᠠᠵᠠᠷ᠎ᠲᠤ ᠪᠠᠶᠢᠴᠠᠭᠠᠨ ᠬᠡᠮᠵᠢᠬᠦ ᠴᠡᠭ ᠪᠠᠶᠢᠷᠢᠯᠠᠭᠤᠯᠵᠤ ᠂ ᠣᠷᠣᠵᠤ ᠭᠠᠷᠬᠤ ᠬᠥᠮᠦᠰ ᠡᠷᠬᠡᠪᠰᠢ ᠠᠮᠠᠪᠴᠢ ᠵᠡᠭᠦᠬᠦ᠎ᠶᠢᠨ ᠬᠠᠮᠲᠤ ᠪᠡᠶ᠎ᠡ᠎ᠶᠢᠨ ᠬᠠᠯᠠᠭᠤᠨ᠎ᠢᠶᠡᠨ ᠬᠡᠮᠵᠢᠭᠦᠯᠬᠦ ᠬᠡᠷᠡᠭᠲᠡᠶ ᠃ ᠨᠡᠶᠢᠭᠡᠮ ᠲᠣᠭᠣᠷᠢᠭ᠎ᠤᠨ ︽ ᠣᠷᠣᠵᠤ ᠭᠠᠷᠬᠤ ᠬᠥᠮᠦᠰ᠎ᠤᠨ ᠦᠪᠡᠰᠤᠪᠡᠨ ᠳᠠᠩᠰᠠᠯᠠᠨ ᠲᠡᠮᠳᠡᠭᠯᠡᠬᠦ ᠰᠢᠰᠲ᠋ᠧᠮ ︾᠎ᠢ ᠨᠢᠭᠡᠨᠲᠡ ᠨᠡᠪᠲᠡᠷᠡᠭᠦᠯᠦᠨ ᠬᠡᠷᠡᠭᠯᠡᠭᠰᠡᠨ ᠪᠣᠯ ᠂ ᠲᠤᠬᠳᠠᠬᠰᠨᠨ ᠬᠣᠶᠠᠷ ᠬᠡᠮᠵᠢᠯᠳᠤ ᠺᠤᠳ᠋᠎ᠢ ᠰᠢᠷᠪᠢᠬᠦ᠎ᠪᠠᠷ ᠳᠠᠮᠵᠢᠭᠤᠯᠤᠨ ᠣᠷᠣᠭᠤᠯᠵᠤ ᠭᠠᠷᠭᠠᠬᠤ ᠳᠠᠩᠰᠠᠯᠠᠯᠲᠠ᠎ᠶᠢ ᠪᠡᠶᠡᠯᠡᠭᠦᠯᠵᠦ ᠂ ᠨᠡᠪᠲᠡᠷᠡᠭᠦᠯᠦᠭᠡᠳᠦᠶ ᠪᠤᠯ ᠳᠠᠷᠤᠶ ᠲᠦᠷᠭᠡᠨ ᠨᠡᠪᠲᠡᠷᠡᠭᠦᠯᠦᠨ ᠬᠡᠷᠡᠭᠯᠡᠬᠦ ᠬᠡᠷᠡᠭᠲᠡᠶ ᠃ ᠰᠢᠯᠵᠢᠯᠲᠡ᠎ᠶᠢᠨ ᠬᠤᠭᠤᠴᠠᠭᠠᠨ᠎ᠳ᠋ᠤ ᠨᠡᠶᠢᠭᠡᠮ ᠲᠣᠭᠣᠷᠢᠭ᠎ᠡᠴᠠ ᠡᠷᠦᠬᠡ ᠪᠦᠷᠢ᠎ᠳ᠋ᠤ ᠨᠢᠭᠡ ᠨᠡᠪᠲᠡᠷᠡᠬᠦ ᠦᠨᠡᠮᠯᠡᠯ ᠣᠯᠭᠣᠵᠤ ᠂ ᠠᠳᠠᠯ ᠠᠬᠤᠶ᠎ᠶᠢᠨ ᠬᠠᠮᠢᠶᠠᠷᠤᠯᠳᠠ ᠦᠭᠡᠢ ᠂ ᠠᠮᠤᠷ ᠲᠦᠪᠰᠢᠨ᠎ᠤ ᠬᠠᠮᠠᠭᠠᠯᠠᠯᠲᠠ ᠦᠭᠡᠢ ᠂ ᠨᠡᠭᠡᠭᠡᠯᠲᠡᠲᠦ ᠭᠡᠯᠪᠡᠷᠢ᠎ᠶᠢᠨ ᠲᠤᠭᠤᠷᠢᠭ ᠪᠤᠯ ᠂ ᠬᠠᠷᠢᠶ᠎ᠠ ᠭᠠᠵᠠᠷ᠎ᠤᠨ ᠰᠢᠶᠠᠩ ᠪᠠᠯᠭᠠᠰᠤ ︵ ᠵᠡᠭᠡᠯᠢ ᠭᠤᠳᠤᠮᠵᠢ ︶᠎ᠶᠢᠨ᠎ᠬᠢᠨ ᠪᠢᠲᠡᠭᠦᠮᠵᠢᠯᠡᠬᠦ ᠠᠷᠭ᠎ᠠ ᠬᠡᠮᠵᠢᠶ᠎ᠡ᠎ᠶᠢ ᠬᠠᠷᠢᠭᠤᠴᠠᠨ ᠨᠠᠶᠢᠳᠠᠪᠤᠷᠢᠵᠢᠭᠤᠯᠬᠤ ᠬᠡᠷᠡᠭᠲᠡᠢ ᠃
ᠳᠥᠷᠪᠡ ᠂ ᠨᠡᠶᠢᠭᠡᠮ ᠲᠣᠭᠣᠷᠢᠭ᠎ᠤᠨ ︽ ᠣᠷᠣᠵᠤ ᠭᠠᠷᠬᠤ ᠬᠥᠮᠦᠰ᠎ᠤᠨ ᠦᠪᠡᠰᠦᠪᠡᠨ ᠳᠠᠩᠰᠠᠯᠠᠬᠤ ᠰᠢᠰᠲ᠋ᠧᠮ ︾ ᠪᠠ ︽ ᠶᠠᠪᠤᠭᠤᠯ ᠬᠥᠮᠦᠨ ᠠᠮᠠ᠎ᠶᠢᠨ ᠦᠪᠡᠰᠦᠪᠡᠨ ᠳᠠᠩᠰᠠᠯᠠᠬᠤ ᠰᠢᠰᠲ᠋ᠧᠮ ︾᠎ᠤᠨ ᠤᠬᠠᠭᠤᠯᠭ᠎ᠠ᠎ᠶᠢ ᠴᠢᠩᠭᠠᠳᠬᠠᠨ᠎ᠠ ᠃ ᠨᠡᠶᠢᠭᠡᠮ ᠲᠣᠭᠣᠷᠢᠭ᠎ᠤᠨ ᠡᠯᠧᠺᠲ᠋ᠷᠣᠨ ᠳᠡᠯᠭᠡᠴᠡ ᠂ ᠤᠬᠠᠭᠤᠯᠭ᠎ᠠ᠎ᠶᠢᠨ ᠰᠠᠮᠪᠠᠷ᠎ᠠ ᠂ ᠬᠥᠳᠡᠭᠡ ᠲᠣᠰᠬᠣᠨ᠎ᠤ ᠷᠠᠳᠢᠣ᠋ ᠨᠡᠪᠲᠡᠷᠡᠭᠦᠯᠭᠡ ᠂ ᠤᠬᠠᠭᠤᠯᠭ᠎ᠠ᠎ᠶᠢᠨ ᠮᠠᠲ᠋ᠧᠷᠢᠶᠠᠯ ᠂ ᠢᠯᠡ ᠵᠠᠬᠢᠳᠠᠯ ᠂ ᠨᠡᠶᠢᠭᠡᠮ᠎ᠤᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ ᠵᠡᠷᠭᠡ ᠣᠯᠠᠨ ᠵᠦᠶᠯ᠎ᠤᠨ ᠠᠷᠭ᠎ᠠ ᠪᠠᠷᠢᠯ᠎ᠢ ᠭᠦᠶᠴᠡᠳ ᠠᠰᠢᠭᠯᠠᠨ ᠤᠬᠠᠭᠤᠯᠭ᠎ᠠ᠎ᠪᠠᠨ ᠴᠢᠡᠭᠭᠠᠳᠬᠠᠵᠥ ᠂ ᠦᠪᠡᠰᠦᠪᠡᠨ ᠳᠠᠩᠰᠠᠯᠠᠨ ᠲᠡᠮᠳᠡᠭᠯᠡᠬᠦ ᠰᠢᠰᠲ᠋ᠧᠮ᠎ᠤᠨ ᠦᠶᠯᠡᠳᠦᠯ᠎ᠢ ᠦᠨᠡᠨ ᠬᠦ ᠪᠠᠳᠠᠷᠠᠭᠤᠯᠬᠤ ᠬᠡᠷᠡᠭᠲᠡᠶ ᠃
ᠰᠤᠷᠪᠤᠯᠵᠢᠯᠠᠬᠴᠢ ᠄ 1 ᠳ᠋ᠤᠭᠡᠷ ᠲᠣᠭᠠᠲᠤ ︽ ᠵᠠᠷᠯᠠᠯ ︾᠎ᠳ᠋ᠤ ᠪᠥᠬᠥ ᠣᠷᠣᠨ᠎ᠤ ᠡᠯ᠎ᠠ ᠪᠠᠢᠭᠤᠯᠭ᠎ᠠ ᠨᠢᠭᠡᠴᠢ ᠂ ᠰᠠᠭᠤᠭᠠᠯᠢ ᠠᠷᠠᠳ᠎ᠤᠨ ᠲᠣᠭᠣᠷᠢᠭ ᠂ ᠭᠠᠴᠠᠭ᠎ᠠ ᠲᠣᠰᠬᠣᠨ᠎ᠳ᠋ᠤ ᠴᠥᠮ ᠪᠢᠲᠡᠭᠦᠮᠵᠢᠯᠡᠭᠰᠡᠨ ᠬᠠᠮᠢᠶᠠᠷᠤᠯᠲᠠ᠎ᠶᠢ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠭᠰᠠᠨ᠎ᠨᠢ ᠶᠠᠭᠤᠨ᠎ᠡᠴᠠ ᠪᠣᠶ ︖
ᠯᠢ ᠵᠢᠶ ᠄ ᠣᠳᠣᠬᠠᠨ᠎ᠳ᠋ᠤ ᠠᠵᠢᠯ᠎ᠢᠶᠡᠨ ᠰᠡᠷᠭᠦᠭᠡᠬᠦ ᠦᠢᠯᠡᠳᠪᠦᠷᠢᠯᠡᠯ᠎ᠢᠶᠡᠨ ᠰᠡᠷᠭᠦᠭᠡᠬᠦ ᠨᠢᠭᠡᠨᠲᠡ ᠡᠬᠢᠯᠡᠵᠦ ᠂ ᠬᠥᠮᠦᠰ᠎ᠤᠨ ᠰᠢᠯᠵᠢᠯᠲᠡ ᠨᠡᠮᠡᠭᠳᠡᠵᠦ ᠂ ᠰᠡᠷᠭᠡᠶᠢᠯᠡᠨ ᠡᠵᠡᠮᠳᠡᠬᠦ ᠪᠠᠶᠢᠳᠠᠯ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠪᠠᠶᠢᠨ᠎ᠠ ᠂ ᠶᠠᠪᠤᠭᠤᠯ ᠬᠥᠮᠦᠨ ᠠᠮᠠ᠎ᠶᠢᠨ ᠬᠢᠵᠢᠭ᠎ᠢ ᠰᠡᠷᠭᠡᠶᠢᠯᠡᠬᠦ ᠬᠠᠮᠢᠶᠠᠷᠤᠨ ᠡᠵᠡᠮᠳᠡᠬᠦ ᠠᠵᠢᠯ᠎ᠢ ᠬᠡᠷᠬᠢᠨ ᠰᠠᠶᠢᠲᠤᠷ ᠬᠢᠬᠦ᠎ᠨᠢ ᠨᠢᠭᠡᠨᠲᠡ ᠬᠢᠵᠢᠭ ᠳᠡᠯᠭᠡᠷᠡᠬᠦ᠎ᠶᠢ ᠰᠡᠷᠭᠡᠶᠢᠯᠡᠨ ᠡᠵᠡᠮᠳᠡᠬᠥ ᠠᠵᠢᠯ᠎ᠤᠨ ᠭᠣᠤᠯᠳᠠᠯᠭ᠎ᠠ ᠪᠣᠯᠵᠠᠶ ᠂ ᠮᠦᠨ ᠴᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠳᠠᠶᠢᠨ ᠂ ᠪᠣᠭᠣᠮᠲᠠ ᠰᠢᠪᠲᠤᠯᠬᠤ ᠳᠠᠶᠢᠯᠠᠯᠳᠤᠭᠠᠨ᠎ᠢ ᠰᠠᠶᠢᠲᠤᠷ ᠬᠢᠬᠦ ᠬᠦᠴᠢᠷ ᠠᠰᠠᠭᠤᠳᠠᠯ ᠪᠣᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠱᠠᠭᠠᠷᠳᠠᠯᠭ᠎ᠠ ᠪᠤᠯ ᠂ ᠪᠦᠬᠦ ᠪᠠᠢᠭᠤᠯᠭ᠎ᠠ ᠨᠢᠭᠡᠴᠢ ᠂ ᠰᠠᠭᠤᠭᠠᠯᠢ ᠠᠷᠠᠳ᠎ᠤᠨ ᠲᠣᠭᠣᠷᠢᠭ ᠂ ᠭᠠᠴᠠᠭ᠎ᠠ ᠲᠣᠰᠬᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠳᠤᠮᠳᠠᠬᠢ ᠬᠣᠷᠢᠭᠯᠠᠨ ᠳᠠᠭᠠᠷᠢᠬᠤ ᠦᠶᠯᠡᠳᠦᠯ᠎ᠢ ᠭᠦᠶᠴᠡᠳ ᠪᠠᠳᠠᠷᠠᠭᠤᠯᠵᠤ ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠨᠠᠩ ᠪᠣᠳᠠᠲᠠᠶᠢᠵᠢᠭᠤᠯᠵᠤ ᠂ ᠪᠦᠬᠦ ᠪᠠᠢᠭᠤᠯᠭ᠎ᠠ ᠨᠢᠭᠡᠴᠢ ᠂ ᠰᠠᠭᠤᠭᠠᠯᠢ ᠠᠷᠠᠳ᠎ᠤᠨ ᠲᠣᠭᠣᠷᠢᠭ ᠂ ᠭᠠᠴᠠᠭ᠎ᠠ ᠲᠣᠰᠬᠣᠨ᠎ᠢ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠᠲᠤ ᠴᠢᠩᠭ᠎ᠠ ᠪᠡᠬᠢᠯᠡᠯᠲᠡ ᠪᠣᠯᠭᠠᠬᠤ ᠬᠡᠷᠡᠭᠲᠡᠶ ᠃ ᠡᠭᠦᠨ᠎ᠤ ᠲᠤᠯᠠᠳᠠ ᠂ 1 ᠳ᠋ᠤᠭᠡᠷ ᠲᠣᠭᠠᠲᠤ ︽ ᠵᠠᠷᠯᠠᠯ ︾᠎ᠳ᠋ᠤ ᠪᠥᠬᠥ ᠣᠷᠣᠨ᠎ᠤ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠮᠠᠨ᠎ᠤ ᠣᠷᠣᠨ᠎ᠳ᠋ᠤ ᠢᠷᠡᠭᠰᠡᠨ ᠬᠥᠮᠦᠰ᠎ᠤᠨ ᠬᠠᠮᠢᠶᠠᠷᠤᠯᠲᠠ᠎ᠶᠢ ᠴᠢᠩᠭᠠᠳᠬᠠᠬᠤ ᠂ ᠬᠡᠷ᠎ᠢᠶᠡᠨ ᠲᠦᠷᠢᠶᠡᠰᠦᠯᠡᠬᠦ ᠬᠠᠮᠢᠶᠠᠷᠤᠯᠲᠠ᠎ᠶᠢ ᠴᠢᠩᠭᠠᠳᠬᠠᠬᠤ᠎ᠶᠢᠨ ᠬᠠᠮᠲᠤ ᠂ ᠢᠯᠠᠩᠭᠤᠶ᠎ᠠ ᠪᠣᠶ ᠪᠥᠬᠥᠶ ᠨᠢᠭᠡᠴᠢ ᠂ ᠰᠠᠭᠤᠭᠠᠯᠢ ᠠᠷᠠᠳ᠎ᠤᠨ ᠲᠣᠭᠣᠷᠢᠭ ᠂ ᠭᠠᠴᠠᠭ᠎ᠠ ᠲᠣᠰᠬᠣᠨ᠎ᠤ ᠣᠷᠣᠵᠤ ᠭᠠᠷᠬᠤ ᠬᠥᠮᠦᠰ᠎ᠤᠨ ᠬᠠᠮᠢᠶᠠᠷᠤᠯᠲᠠ᠎ᠶᠢ ᠴᠢᠩᠭᠠᠳᠬᠠᠵᠤ ᠂ ᠪᠥᠬᠥ ᠠᠷᠠᠳ᠎ᠢᠶᠠᠷ᠎ᠢᠶᠡᠨ ᠣᠷᠣᠯᠴᠠᠬᠤ ᠂ ᠬᠣᠯᠪᠣᠭᠠᠯᠠᠨ ᠰᠡᠷᠭᠡᠶᠢᠯᠡᠵᠦ ᠬᠣᠯᠪᠣᠭᠠᠯᠠᠨ ᠡᠵᠡᠮᠳᠠᠬᠥ᠎ᠪᠠᠷ ᠳᠠᠮᠵᠢᠭᠤᠯᠤᠨ ᠂ ︽ ᠥᠪᠡᠷ᠎ᠤᠨ ᠡᠭᠦᠳᠡ᠎ᠪᠠᠨ ᠰᠠᠶᠢᠲᠤᠷ ᠰᠠᠬᠢᠵᠤ ᠂ ᠥᠪᠡᠷ᠎ᠤᠨ ᠬᠥᠮᠦᠰ᠎ᠢᠶᠡᠨ ᠰᠠᠶᠢᠨ ᠬᠠᠷᠠᠵᠤ ︾ ᠂ ᠬᠢᠵᠢᠭ᠎ᠤᠨ ᠪᠠᠶᠢᠳᠠᠯ ᠲᠠᠷᠬᠠᠨ ᠳᠡᠯᠭᠡᠷᠡᠬᠦ᠎ᠶᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ ᠃
ᠰᠤᠷᠪᠤᠯᠵᠢᠯᠠᠬᠴᠢ ᠄ ᠬᠠᠯᠠᠭᠤᠷᠠᠬᠤ ᠂ ᠬᠠᠨᠢᠶᠠᠬᠤ ᠢᠯᠡᠷᠡᠯ ᠭᠠᠷᠤᠭᠰᠠᠨ ᠬᠥᠮᠦᠰ᠎ᠲᠤ ᠮᠡᠳᠡᠭᠦᠯᠬᠦ ᠂ ᠬᠦᠯᠢᠶᠡᠨ ᠠᠪᠴᠤ ᠡᠮᠨᠡᠭᠦᠯᠬᠦ᠎ᠡᠴᠠ ᠲᠤᠰᠠᠭᠠᠷᠯᠠᠬᠤ ᠬᠦᠷᠲᠡᠯ᠎ᠡ ᠳᠠᠷᠠᠭ᠎ᠠ ᠨᠢᠭᠡᠨ ᠠᠯᠬᠤᠮ᠎ᠳ᠋ᠤ᠎ᠨᠢ ᠰᠢᠯᠵᠢᠭᠦᠯᠦᠨ ᠵᠠᠯᠭᠠᠬᠤ ᠳᠤᠬᠠᠢ ᠵᠢᠷᠤᠮᠵᠢᠭᠰᠠᠨ ᠠᠵᠢᠯᠯᠠᠬᠤ ᠶᠠᠪᠤᠴᠠ ᠪᠠᠶᠢᠨ᠎ᠠ ‍ᠤᠤ ︖ ᠡᠭᠦᠨ᠎ᠡᠴᠠ ᠭᠠᠳᠠᠨ᠎ᠠ ᠂ ᠲᠤᠰᠠᠭᠠᠷᠯᠠᠨ ᠠᠵᠢᠭᠯᠠᠬᠤ᠎ᠶᠢ ᠬᠦᠴᠦᠨ ᠥᠬᠡᠶ ᠪᠣᠯᠭᠠᠬᠤ᠎ᠳ᠋ᠤ ᠵᠢᠷᠤᠮᠵᠢᠭᠰᠠᠨ ᠠᠵᠢᠯᠯᠠᠬᠤ ᠶᠠᠪᠤᠴᠠ ᠪᠠᠶᠢᠨ᠎ᠠ ‍ᠤᠤ ︖ ᠲᠤᠰᠠᠭᠠᠷᠯᠠᠬᠤ ᠠᠵᠢᠭᠯᠠᠯᠲᠠ᠎ᠡᠴᠠ ᠲᠠᠶᠢᠯᠤᠭᠳᠠᠭᠰᠠᠨ ᠬᠥᠮᠦᠰ᠎ᠢ ᠬᠡᠷᠬᠢᠨ ᠲᠣᠬᠢᠷᠠᠭᠤᠯᠵᠥ ᠪᠠᠢᠭ᠎ᠠ ᠪᠣᠶ ︖
ᠭᠦᠸᠧ ᠸᠧᠶ ᠳ᠋ᠦᠩ ᠄ ᠨᠡᠶᠢᠭᠡᠮ ᠲᠣᠭᠣᠷᠢᠭ᠎ᠤᠨ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ᠎ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠶᠢᠯᠡᠨ ᠡᠵᠡᠮᠳᠡᠬᠥ ᠠᠵᠢᠯ᠎ᠤᠨ ᠵᠢᠯᠣᠭᠣᠳᠬᠤ ᠭᠠᠵᠠᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠢᠷᠤᠮᠵᠢᠭᠰᠠᠨ ᠠᠵᠢᠯᠯᠠᠭᠠᠨ᠎ᠤ ᠠᠯᠬᠤᠮ ᠳᠠᠷᠠᠭᠠᠯᠠᠯ᠎ᠢ ᠲᠣᠭᠲᠠᠭᠠᠵᠤ ᠂ ᠬᠠᠯᠠᠭᠤᠷᠠᠬᠤ ᠂ ᠬᠠᠨᠢᠶᠠᠬᠤ ᠢᠯᠡᠷᠡᠯ ᠭᠠᠷᠤᠭᠰᠠᠨ ᠬᠥᠮᠦᠰ᠎ᠢ ᠳᠠᠷᠤᠶᠢᠬᠠᠨ ᠬᠥᠲᠥᠯᠥᠨ ᠵᠢᠯᠣᠭᠣᠳᠴᠤ ᠪᠠᠶᠢᠭᠠᠳ ᠬᠣᠭᠣᠰᠣᠨ ᠲᠠᠯᠠᠪᠤᠷ ᠪᠤᠶᠤ ᠠᠰ᠎ᠲᠤᠨᠢ ᠲᠣᠬᠢᠷᠠᠭᠤᠯᠤᠭᠰᠠᠨ ᠲᠤᠰᠬᠠᠶ ᠥᠷᠥᠭᠡᠨ᠎ᠳ᠋ᠤ ᠲᠦᠷ ᠦᠯᠡᠳᠡᠭᠡᠨ ᠪᠠᠢᠴᠠᠭᠠᠬᠤ᠎ᠶᠢᠨ ᠬᠠᠮᠲᠤ ᠲᠤᠬᠠᠶ᠎ᠶᠢᠨ ᠭᠠᠵᠠᠷ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠲᠤ ᠳᠠᠷᠤᠶᠢᠬᠠᠨ ᠮᠡᠳᠡᠭᠦᠯᠵᠦ ᠂ ᠡᠮᠨᠡᠯᠭᠡ᠎ᠶᠢᠨ ᠠᠵᠢᠯᠲᠠᠳ᠎ᠲᠠᠢ ᠬᠠᠮᠵᠢᠯᠴᠠᠨ ᠡᠪᠡᠳᠴᠢᠨ᠎ᠤ ᠵᠢᠱᠢᠶ᠎ᠡ᠎ᠶᠢ ᠰᠢᠯᠵᠢᠭᠦᠯᠦᠨ ᠵᠠᠯᠭᠠᠬᠤ ᠠᠵᠢᠯ᠎ᠢ ᠰᠠᠶᠢᠲᠤᠷ ᠬᠢᠵᠥ ᠪᠤᠢ ᠃ ᠦᠯᠡᠳᠡᠭᠡᠨ ᠪᠠᠢᠴᠠᠭᠠᠬᠤ ᠥᠷᠥᠭᠡ᠎ᠶᠢᠨ ᠠᠷᠢᠭᠤᠳᠬᠠᠬᠤ ᠠᠵᠢᠯ᠎ᠢ ᠰᠠᠶᠢᠲᠤᠷ ᠬᠢᠵᠥ ᠪᠤᠢ ᠃ ᠡᠮᠴᠢᠯᠡᠭᠡᠨ᠎ᠤ ᠪᠠᠶᠢᠭᠤᠯᠤᠮᠵᠢ᠎ᠶᠢᠨ ᠬᠠᠯᠠᠭᠤᠷᠠᠬᠤ ᠡᠭᠦᠳᠡᠨ ᠡᠮᠨᠡᠯᠭᠡ᠎ᠨᠢ ᠭᠥᠯᠢᠶᠡᠨ ᠠᠪᠤᠭᠰᠠᠨ ᠬᠠᠯᠠᠭᠤᠷᠠᠭᠰᠠᠨ ᠡᠪᠡᠳᠴᠢᠲᠡᠨ᠎ᠳ᠋ᠤ ᠪᠠᠶᠢᠴᠠᠭᠠᠯᠲᠠ ᠬᠢᠵᠦ ᠂ ᠡᠮᠴᠢ ᠡᠪᠡᠳᠴᠢᠨ᠎ᠤ ᠶᠡᠷᠥᠡᠭᠭᠡᠢ ᠥᠡᠭᠭᠡᠷᠡᠯᠳᠠ ᠪᠠ ᠡᠮᠴᠢᠯᠡᠭᠡᠨ᠎ᠤ ᠢᠯᠡᠷᠡᠯ᠎ᠢ ᠦᠨᠳᠦᠰᠦᠯᠡᠨ ᠂ ᠰᠢᠰᠲ᠋ᠧᠮ᠎ᠲᠠᠢ ᠪᠥᠬᠥ ᠲᠠᠯ᠎ᠠ᠎ᠶᠢᠨ ᠠᠨᠠᠭᠠᠬᠤ ᠤᠬᠠᠭᠠᠨ᠎ᠤ ᠣᠨᠣᠰᠢᠯᠠᠯᠲᠠ ᠪᠠ ᠢᠯᠭᠠᠨ ᠣᠨᠣᠰᠢᠯᠠᠯᠲᠠ ᠬᠢᠨ᠎ᠠ ᠃
ᠲᠤᠰᠠᠭᠠᠷᠯᠠᠨ ᠠᠵᠢᠭᠯᠠᠯᠲᠠ᠎ᠶᠢ ᠲᠠᠶᠢᠯᠬᠤ ᠠᠰᠠᠭᠤᠳᠠᠯ᠎ᠤᠨ ᠲᠤᠬᠠᠶ ᠬᠡᠪᠡᠯ ᠂ ᠬᠥᠨᠳᠤ ᠡᠪᠡᠳᠴᠢᠨ᠎ᠲᠠᠢ ᠬᠥᠮᠦᠰ᠎ᠢ ᠲᠤᠰᠠᠭᠠᠷᠯᠠᠨ ᠠᠵᠢᠭᠯᠠᠭᠰᠠᠨ᠎ᠤ ᠳᠠᠷᠠᠭᠠᠬᠢ ᠬᠠᠮᠢᠶᠠᠷᠤᠯᠲᠠ᠎ᠶᠢᠨ ᠠᠵᠢᠯ᠎ᠢ ᠰᠠᠶᠢᠲᠤᠷ ᠬᠢᠬᠦ᠎ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠣᠶᠢᠷ᠎ᠠ᠎ᠳ᠋ᠤ ︽ ᠬᠥᠨᠳᠤ ᠡᠪᠡᠳᠴᠢᠨ᠎ᠲᠠᠢ ᠬᠥᠮᠦᠰ᠎ᠢ ᠲᠤᠰᠠᠭᠠᠷᠯᠠᠨ ᠠᠵᠢᠭᠯᠠᠭᠰᠠᠨ᠎ᠤ ᠳᠠᠷᠠᠭᠠᠬᠢ ᠬᠠᠮᠢᠶᠠᠷᠤᠯᠲᠠ᠎ᠶᠢᠨ ᠠᠵᠢᠯ᠎ᠢ ᠴᠢᠩᠭᠠᠳᠬᠠᠬᠤ ᠲᠤᠬᠠᠶ ᠮᠡᠳᠡᠭᠳᠡᠯ ︾᠎ᠢ ᠳᠠᠷᠤᠮᠠᠯᠯᠠᠨ ᠲᠠᠷᠬᠠᠭᠠᠪᠠ ᠃ ︽ ᠮᠡᠳᠡᠭᠳᠡᠯ ︾᠎ᠳ᠋ᠤ ᠲᠣᠳᠣᠷᠬᠠᠶ ᠵᠢᠭᠠᠵᠤ ᠭᠠᠷᠭᠠᠭᠰᠠᠨ᠎ᠢᠶᠠᠷ ᠂ ᠬᠥᠨᠳᠤ ᠡᠪᠡᠳᠴᠢᠨ᠎ᠲᠠᠢ ᠬᠥᠮᠥᠰ᠎ᠲᠤ ᠲᠤᠰᠠᠭᠠᠷᠯᠠᠨ ᠠᠵᠢᠭᠯᠠᠬᠤ 14 ᠡᠳᠦᠷ᠎ᠤᠨ ᠲᠦᠷᠢᠮ᠎ᠢ ᠴᠢᠩᠭ᠎ᠠ ᠬᠡᠷᠡᠭᠵᠢᠭᠦᠯᠵᠦ ᠂ ᠲᠥᠷᠥᠯ ᠠᠩᠭᠢᠯᠠᠯ ᠶᠣᠰᠣᠭᠠᠷ ᠲᠤᠰᠠᠭᠠᠷᠯᠠᠨ ᠠᠵᠢᠭᠯᠠᠬᠤ ᠠᠷᠭ᠎ᠠ ᠮᠠᠢᠭ᠎ᠢ ᠴᠢᠩᠭ᠎ᠠ ᠵᠦᠶ ᠵᠣᠬᠢᠰᠲᠠᠶ ᠰᠣᠩᠭᠣᠬᠤ᠎ᠶᠢᠨ ᠬᠠᠮᠲᠤ ᠨᠡᠶᠢᠭᠡᠮ ᠲᠣᠭᠣᠷᠢᠭ ᠂ ᠭᠠᠴᠠᠭ᠎ᠠ ᠲᠣᠰᠬᠣᠨ᠎ᠤ ᠬᠠᠮᠢᠶᠠᠷᠤᠯᠲᠠ᠎ᠳ᠋ᠤ ᠣᠷᠣᠭᠤᠯᠤᠨ᠎ᠠ ᠃ ᠭᠡᠷ᠎ᠲᠡᠭᠡᠨ ᠰᠠᠭᠤᠵᠤ ᠲᠤᠰᠠᠭᠠᠷᠯᠠᠭᠰᠠᠨ ᠠᠨᠠᠭᠠᠬᠤ ᠤᠬᠠᠭᠠᠨ᠎ᠤ ᠠᠵᠢᠭᠯᠠᠯᠲᠠ ᠬᠢᠬᠦ ᠬᠤᠭᠤᠴᠠᠭ᠎ᠠ᠎ᠨᠢ ᠳᠦᠭᠦᠷᠪᠡᠯ ᠂ ᠲᠤᠰᠠᠭᠠᠷᠯᠠᠨ ᠠᠵᠢᠭᠯᠠᠬᠤ᠎ᠶᠢ ᠬᠠᠷᠢᠭᠤᠴᠠᠵᠤ ᠪᠠᠶᠢᠭ᠎ᠠ ᠡᠮᠨᠡᠯᠭᠡ᠎ᠶᠢᠨ ᠠᠵᠢᠯᠲᠠᠨ᠎ᠢᠶᠠᠷ ᠨᠤᠲᠠᠯᠠᠭᠤᠯᠤᠭᠰᠠᠨ᠎ᠤ ᠳᠠᠷᠠᠭ᠎ᠠ ᠬᠠᠷᠢᠶ᠎ᠠ ᠣᠷᠣᠨ᠎ᠤ ᠨᠡᠶᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶᠯᠡᠴᠢᠯᠡᠭᠡᠨ᠎ᠤ ᠲᠥᠪ ᠪᠤᠶᠤ ᠰᠤᠮᠤ ᠰᠢᠶᠠᠩ ᠪᠠᠯᠭᠠᠰᠤ᠎ᠶᠢᠨ ᠡᠷᠡᠭᠦᠯ ᠬᠠᠮᠠᠭᠠᠯᠠᠯ᠎ᠤᠨ ᠬᠣᠷᠢᠶ᠎ᠠ ᠲᠤᠰᠠᠭᠠᠷᠯᠠᠬᠤ ᠬᠤᠭᠤᠴᠠᠭ᠎ᠠ᠎ᠨᠢ ᠳᠦᠭᠦᠷᠴᠦ ᠲᠤᠰᠠᠭᠠᠷᠯᠠᠯ᠎ᠢ᠎ᠨᠢ ᠬᠦᠴᠦᠨ ᠥᠬᠡᠶ ᠪᠣᠯᠭᠠᠭᠰᠠᠨ ᠭᠡᠷᠡᠴᠢ ᠭᠠᠷᠭᠠᠪᠠᠯ ᠰᠠᠶᠢ ᠲᠤᠰᠠᠭᠠᠷᠯᠠᠯ᠎ᠢ᠎ᠨᠢ ᠬᠦᠴᠦᠨ ᠥᠬᠡᠶ ᠪᠣᠯᠭᠠᠵᠤ ᠪᠣᠯᠤᠨ᠎ᠠ ᠃
ᠰᠤᠷᠪᠤᠯᠵᠢᠯᠠᠬᠴᠢ ᠄ ︽ ᠵᠠᠷᠯᠠᠯ ︾᠎ᠢ ᠨᠡᠶᠢᠲᠡᠯᠡᠭᠰᠡᠨ᠎ᠤ ᠳᠠᠷᠠᠭ᠎ᠠ ᠵᠠᠷᠢᠮ ᠰᠦᠯᠵᠢᠶᠠᠨ ᠢᠷᠭᠡᠳ ᠡᠨᠡ ᠪᠣᠯ ︽ ᠲᠡᠦᠬᠡᠨ ᠳᠡᠭᠡᠷᠡᠬᠢ ᠬᠠᠮᠤᠭ᠎ᠤᠨ ᠴᠢᠩᠭ᠎ᠠ ᠲᠤᠭᠲᠠᠭᠠᠯ ︾ ᠭᠡᠰᠡᠨ ᠪᠠᠢᠨ᠎ᠠ ᠂ ᠮᠢᠨᠦ ᠠᠰᠠᠭᠤᠯᠳᠠ ᠪᠣᠯ ︽ ᠲᠡᠦᠬᠡᠨ ᠳᠡᠭᠡᠷᠡᠬᠢ ᠬᠠᠮᠤᠭ᠎ᠤᠨ ᠴᠢᠩᠭ᠎ᠠ ︾ ᠭᠡᠳᠡᠭ᠎ᠨᠢ ᠬᠠᠮᠢᠭ᠎ᠠ ᠢᠯᠡᠷᠡᠵᠦ ᠪᠠᠶᠢᠬᠤ ᠪᠤᠶ ︖
ᠯᠢ ᠵᠢᠶ ᠄ ᠶᠡᠷᠦᠩᠬᠡᠶ ᠱᠦᠵᠢ ᠰᠢ᠎ᠶᠢᠨ ᠫᠢᠩ ︽ ᠨᠡᠶᠢᠭᠡᠮ ᠲᠣᠭᠣᠷᠢᠭ᠎ᠤᠨ ᠰᠡᠷᠭᠡᠶᠢᠯᠡᠯᠲᠡ᠎ᠶᠢᠨ ᠱᠤᠭᠤᠮ᠎ᠢ ᠰᠠᠬᠢᠪᠠᠯ ᠂ ᠬᠢᠵᠢᠭ᠎ᠤᠨ ᠪᠠᠶᠢᠳᠠᠯ᠎ᠤᠨ ᠲᠠᠷᠬᠠᠨ ᠳᠡᠯᠭᠡᠷᠡᠬᠦ ᠠᠷᠭ᠎ᠠ ᠵᠠᠮ᠎ᠢ ᠪᠦᠲᠦᠮᠵᠢᠲᠡᠶ ᠲᠡᠰᠦᠯᠵᠦ ᠴᠢᠳᠠᠨ᠎ᠠ ︾ ᠭᠡᠵᠦ ᠵᠢᠭᠠᠵᠤ ᠭᠠᠷᠭᠠᠵᠠᠢ ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠣᠯ ᠨᠢᠭᠡᠨ ᠤᠳᠠᠭᠠᠨ᠎ᠤ ᠳᠠᠷᠢ᠎ᠶᠢᠨ ᠤᠲᠤᠭ᠎ᠠ ᠥᠬᠡᠶ ᠲᠡᠶᠢᠨ ᠮᠥᠨ ᠂ ᠪᠠᠢᠭᠤᠯᠭ᠎ᠠ ᠨᠢᠭᠡᠴᠢ ᠂ ᠰᠠᠭᠤᠭᠠᠯᠢ ᠠᠷᠠᠳ᠎ᠤᠨ ᠲᠣᠭᠣᠷᠢᠭ ᠂ ᠭᠠᠴᠠᠭ᠎ᠠ ᠲᠣᠰᠬᠣᠨ ᠪᠣᠯ ᠬᠢᠵᠢᠭ᠎ᠤᠨ ᠪᠠᠶᠢᠳᠠᠯ᠎ᠢ ᠬᠣᠯᠪᠣᠭᠠᠯᠠᠨ ᠰᠡᠷᠭᠡᠶᠢᠯᠡᠵᠦ ᠬᠣᠯᠪᠣᠭᠠᠯᠠᠨ ᠡᠵᠡᠮᠳᠡᠬᠦ ᠡᠮᠤᠨ᠎ᠠ ᠹᠷᠣᠨᠲ ᠮᠥᠨ ᠂ ᠮᠦᠨ ᠴᠤ ᠭᠠᠳᠠᠨ᠎ᠠ᠎ᠡᠴᠠ ᠬᠠᠯᠳᠠᠪᠤᠷᠢᠯᠠᠨ ᠤᠷᠤᠵᠤ ᠢᠷᠡᠬᠦ᠎ᠶᠢ ᠰᠡᠷᠭᠡᠶᠢᠯᠡᠵᠦ ᠂ ᠳᠣᠲᠣᠭᠠᠳᠤ᠎ᠳᠠᠭᠠᠨ ᠲᠡᠯᠭᠡᠷᠡᠨ ᠲᠠᠷᠬᠠᠬᠤ᠎ᠶᠢ ᠰᠡᠷᠭᠡᠶᠢᠯᠡᠬᠦ ᠬᠠᠮᠤᠭ᠎ᠤᠨ ᠪᠦᠲᠦᠮᠵᠢᠲᠡᠶ ᠰᠡᠷᠭᠡᠶᠢᠯᠡᠯᠲᠡ᠎ᠶᠢᠨ ᠱᠤᠭᠤᠮ ᠮᠥᠨ ᠃ ᠡᠶᠢᠮᠦ᠎ᠡᠴᠠ 1 ᠳ᠋ᠤᠭᠡᠷ ᠲᠣᠭᠠᠲᠤ ︽ ᠵᠠᠷᠯᠠᠯ ︾᠎ᠳ᠋ᠤ ᠳᠣᠤᠷᠠᠬᠢ ᠵᠦᠶᠯᠡᠰ᠎ᠢ ᠭᠣᠤᠯᠳᠠᠯᠭ᠎ᠠ᠎ᠲᠠᠢ ᠲᠣᠭᠲᠠᠭᠠᠪᠠ ᠄
ᠨᠢᠭᠡ ᠂ ᠪᠥᠬᠥ ᠣᠷᠣᠨ᠎ᠤ ᠪᠣᠶ ᠪᠥᠬᠥᠶ ᠪᠠᠢᠭᠤᠯᠭ᠎ᠠ ᠨᠢᠭᠡᠴᠢ ᠂ ᠰᠠᠭᠤᠭᠠᠯᠢ ᠠᠷᠠᠳ᠎ᠤᠨ ᠲᠣᠭᠣᠷᠢᠭ ᠂ ᠭᠠᠴᠠᠭ᠎ᠠ ᠲᠣᠰᠬᠣᠨ᠎ᠳ᠋ᠤ ᠪᠢᠲᠡᠭᠦᠮᠵᠢᠯᠡᠭᠰᠡᠨ ᠬᠠᠮᠢᠶᠠᠷᠤᠯᠲᠠ᠎ᠶᠢ ᠬᠡᠷᠡᠭᠵᠢᠭᠦᠯᠵᠦ ᠂ ᠣᠷᠣᠵᠤ ᠭᠠᠷᠬᠤ ᠬᠦᠮᠤᠰ᠎ᠤᠨ ᠪᠡᠶ᠎ᠡ᠎ᠶᠢᠨ ᠬᠠᠯᠠᠭᠤᠨ᠎ᠢ ᠭᠡᠮᠵᠢᠬᠦ᠎ᠶᠢᠨ ᠬᠠᠮᠲᠤ ᠬᠦᠴᠦᠨ ᠪᠥᠬᠥᠶ ᠦᠨᠡᠮᠯᠡᠯ ᠣᠯᠭᠣᠨ᠎ᠠ ᠃ ᠭᠠᠳᠠᠨ᠎ᠠ᠎ᠡᠴᠠ ᠢᠷᠡᠭᠰᠡᠨ ᠬᠥᠮᠦᠰ ᠪᠠ ᠲᠡᠷᠭᠡ ᠬᠥᠰᠬᠡ᠎ᠶᠢ ᠴᠥᠮ ᠴᠢᠩᠭ᠎ᠠ ᠬᠢᠵᠠᠭᠠᠷᠯᠠᠵᠤ ᠂ ᠣᠨᠴᠠᠭᠠᠶ ᠪᠠᠶᠢᠳᠠᠯ᠎ᠢ ᠬᠠᠮᠢᠶᠠᠷᠤᠯᠲᠠ᠎ᠶᠢᠨ ᠠᠵᠢᠯᠲᠠᠨ ᠰᠠᠶᠢᠲᠤᠷ ᠳᠠᠩᠰᠠᠯᠠᠨ ᠲᠡᠮᠳᠡᠭᠯᠡᠬᠦ ᠬᠡᠷᠡᠭᠲᠡᠶ ᠃
ᠬᠣᠶᠠᠷ ᠂ ᠬᠢᠯᠢ᠎ᠳ᠋ᠤ ᠣᠷᠣᠵᠤ ᠢᠷᠡᠭᠰᠡᠨ ᠮᠠᠨ᠎ᠤ ᠣᠷᠣᠨ᠎ᠤ ᠬᠥᠮᠦᠰ ᠰᠠᠭᠤᠭ᠎ᠠ ᠭᠠᠵᠠᠷ᠎ᠤᠨ᠎ᠢᠶᠡᠨ ᠭᠠᠴᠠᠭ᠎ᠠ ᠲᠣᠰᠬᠣᠨ ︵ ᠨᠡᠶᠢᠭᠡᠮ ᠲᠣᠭᠣᠷᠢᠭ ︶᠎ᠳ᠋ᠤ ᠡᠷᠡᠭᠦᠯ ᠮᠡᠨᠳᠦ᠎ᠶᠢᠨ ᠪᠠᠶᠢᠳᠠᠯ᠎ᠢᠶᠡᠨ ᠴᠠᠭ ᠲᠤᠬᠠᠶ᠎ᠳ᠋ᠤᠨᠢ ᠮᠡᠳᠡᠭᠦᠯᠬᠦ᠎ᠶᠢᠨ ᠬᠠᠮᠲᠤ ᠬᠤᠪᠢ ᠬᠥᠮᠦᠨ᠎ᠤ ᠮᠡᠳᠡᠭᠡ ᠵᠠᠩᠭᠢ᠎ᠶᠢ ᠳᠠᠩᠰᠠᠯᠠᠬᠤ ᠠᠵᠢᠯ᠎ᠢ ᠬᠠᠮᠵᠢᠨ ᠪᠡᠶᠡᠯᠡᠭᠦᠯᠬᠦ ᠬᠡᠷᠡᠭᠲᠡᠶ ︔ ᠮᠠᠨ᠎ᠤ ᠣᠷᠣᠨ᠎ᠳ᠋ᠤ ᠲᠣᠭᠲᠠᠮᠠᠯ ᠣᠷᠣᠨ ᠰᠠᠭᠤᠴᠠ ᠥᠬᠡᠶ ᠪᠣᠯ ᠪᠠᠭᠤᠳᠠᠯ᠎ᠳ᠋ᠤ ᠣᠷᠣᠵᠤ ᠰᠠᠭᠤᠬᠤ ᠂ ᠬᠢᠨᠠᠨ ᠬᠠᠮᠢᠶᠠᠷᠬᠤ ᠨᠢᠭᠡᠴᠢ᠎ᠳ᠋ᠤ ᠴᠠᠭ ᠲᠤᠬᠠᠶ᠎ᠳ᠋ᠤᠨᠢ ᠮᠡᠳᠡᠭᠦᠯᠬᠦ ᠬᠡᠷᠡᠭᠲᠡᠶ ᠃ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠨᠢᠭᠤᠨ ᠳᠠᠯᠳᠠᠯᠠᠬᠤ ᠂ ᠠᠯᠭᠤᠷᠯᠠᠨ ᠮᠡᠳᠡᠭᠦᠯᠬᠦ ᠂ ᠬᠤᠳᠠᠯ᠎ᠢᠶᠠᠷ ᠮᠡᠳᠡᠭᠦᠯᠬᠦ ᠪᠤᠶᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯᠲᠠᠨ᠎ᠤ ᠡᠭᠦᠷᠭᠡ ᠲᠤᠰᠢᠶᠠᠯ᠎ᠢᠶᠡᠨ ᠭᠦᠢᠴᠡᠳᠭᠡᠬᠦ᠎ᠶᠢ ᠬᠠᠷᠰᠢᠯᠠᠭᠰᠠᠨ ᠪᠠᠶᠢᠪᠠᠯ ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ᠎ᠶᠢ ᠨᠡᠬᠡᠮᠵᠢᠯᠡᠬᠦ ᠬᠡᠷᠡᠭᠲᠡᠶ ᠃
ᠭᠤᠷᠪᠠ ᠂ ᠮᠠᠨ᠎ᠤ ᠣᠷᠣᠨ᠎ᠳ᠋ᠤ ᠣᠷᠣᠵᠤ ᠢᠷᠡᠬᠦ᠎ᠡᠴᠠ ᠡᠮᠦᠨ᠎ᠡ 14 ᠡᠳᠦᠷ᠎ᠤᠨ ᠳᠣᠲᠣᠷ᠎ᠠ ᠡᠮᠴᠢᠯᠡᠭᠡ᠎ᠪᠠᠷ ᠣᠨᠣᠰᠢᠯᠠᠭᠰᠠᠨ ᠡᠪᠡᠳᠴᠢᠨ᠎ᠤ ᠵᠢᠱᠢᠶ᠎ᠡ ᠪᠤᠶᠤ ᠰᠡᠵᠢᠭᠯᠡᠯᠲᠡᠶ ᠡᠪᠡᠳᠴᠢᠨ᠎ᠤ ᠵᠢᠱᠢᠶ᠎ᠡ᠎ᠲᠠᠢ ᠨᠢᠭᠲᠠ ᠣᠶᠢᠷᠠᠲᠤᠭᠰᠠᠨ ᠥᠡᠭᠭᠡᠷᠡᠯᠳᠠ ᠂ ᠬᠤᠪᠸᠢ ᠮᠤᠵᠢ᠎ᠳ᠋ᠤ ᠬᠦᠷᠦᠭᠰᠡᠨ ᠥᠡᠭᠭᠡᠷᠡᠯᠳᠠ᠎ᠲᠠᠢ ᠬᠥᠮᠦᠰ ᠬᠠᠮᠢᠶ᠎ᠠ ᠪᠥᠬᠥᠶ ᠲᠣᠭᠲᠠᠭᠠᠯ᠎ᠢ ᠴᠢᠩᠭ᠎ᠠ ᠵᠢᠷᠤᠮᠯᠠᠨ ᠠᠨᠠᠭᠠᠬᠤ ᠤᠬᠠᠭᠠᠨ᠎ᠤ ᠠᠵᠢᠭᠯᠠᠯᠲᠠ ᠬᠢᠬᠦ᠎ᠶᠢ ᠭᠥᠯᠢᠶᠡᠬᠦ ᠬᠡᠷᠡᠭᠲᠡᠶ ︔ ᠬᠢᠵᠢᠭ᠎ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ᠎ᠳ᠋ᠤ ᠬᠦᠷᠦᠭᠰᠡᠨ ᠥᠡᠭᠭᠡᠷᠡᠯᠳᠠ᠎ᠲᠠᠢ ᠬᠥᠮᠦᠰ ᠬᠣᠯᠪᠣᠭᠳᠠᠯ ᠪᠦᠬᠦᠢ ᠲᠣᠭᠲᠠᠭᠠᠯ᠎ᠢ ᠴᠢᠩᠭ᠎ᠠ ᠵᠢᠷᠤᠮᠯᠠᠨ ᠂ ᠠᠨᠠᠭᠠᠬᠤ ᠤᠬᠠᠭᠠᠨ᠎ᠤ ᠠᠵᠢᠭᠯᠠᠯᠲᠠ ᠬᠦᠯᠢᠶᠡᠬᠦ ᠪᠤᠶᠤ ᠭᠡᠷ᠎ᠲᠡᠭᠡᠨ ᠠᠨᠠᠭᠠᠬᠤ ᠤᠬᠠᠭᠠᠨ᠎ᠤ ᠲᠤᠰᠠᠭᠠᠷᠯᠠᠯᠳᠠ ᠬᠢᠬᠥ ᠬᠡᠷᠡᠭᠲᠡᠶ ᠃
ᠳᠥᠷᠪᠡ ᠂ ᠪᠠᠶᠢᠭᠤᠯᠭ᠎ᠠ ᠨᠢᠬᠡᠴᠢ ᠂ ᠠᠵᠤ ᠠᠬᠤᠶᠢᠯᠠᠯ ᠂ ᠠᠵᠢᠯ ᠦᠶᠯᠡᠰ᠎ᠤᠨ ᠨᠢᠭᠡᠴᠢ᠎ᠨᠢ ᠲᠣᠰ ᠨᠢᠭᠡᠴᠢ᠎ᠶᠢᠨ᠎ᠢᠶᠡᠨ ᠠᠵᠢᠯᠲᠠᠨ᠎ᠤ ᠥᠷᠯᠥᠭᠡ᠎ᠶᠢᠨ ᠪᠠᠶᠢᠴᠠᠭᠠᠯᠲᠠ ᠪᠠ ᠡᠳᠦᠷ᠎ᠤᠨ ᠮᠡᠳᠡᠭᠦᠯᠦᠯᠲᠡ᠎ᠶᠢᠨ ᠲᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠶ ︔ ᠣᠷᠣᠵᠤ ᠭᠠᠷᠬᠤ ᠬᠥᠮᠦᠰ᠎ᠤᠨ ᠪᠡᠶ᠎ᠡ᠎ᠶᠢᠨ ᠬᠠᠯᠠᠭᠤᠨ᠎ᠢ ᠪᠠᠶᠢᠴᠠᠭᠠᠨ ᠬᠡᠮᠵᠢᠬᠦ᠎ᠶᠢ ᠴᠢᠩᠭᠠᠳᠬᠠᠵᠤ ᠂ ᠬᠡᠷᠪᠡ ᠬᠡᠪ᠎ᠤᠨ ᠪᠤᠰᠤ ᠪᠠᠢᠳᠠᠯ ᠪᠠᠶᠢᠪᠠᠯ ᠴᠠᠭ ᠲᠤᠬᠠᠶ᠎ᠳ᠋ᠤᠨᠢ ᠬᠠᠷᠢᠶ᠎ᠠ ᠭᠠᠵᠠᠷ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ ᠃
ᠲᠠᠪᠤ᠋ ᠂ ᠬᠠᠯᠠᠭᠤᠷᠠᠬᠤ ᠂ ᠬᠠᠨᠢᠶᠠᠬᠤ ᠵᠡᠷᠭᠡ ᠡᠪᠡᠳᠴᠢᠨ᠎ᠤ ᠪᠠᠢᠳᠠᠯ ᠢᠯᠡᠷᠡᠭᠰᠡᠨ ᠬᠥᠮᠦᠰ ᠡᠷᠬᠡᠪᠰᠢ ᠴᠠᠭ ᠲᠤᠬᠠᠶ᠎ᠳ᠋ᠤᠨᠢ ᠡᠮᠨᠡᠭᠦᠯᠬᠦ ᠬᠡᠷᠡᠭᠲᠡᠶ ᠪᠥᠭᠡᠳ ᠲᠡᠷᠡ ᠳᠠᠷᠤᠶ᠎ᠳ᠋ᠤᠨᠢ ᠭᠠᠴᠠᠭ᠎ᠠ ᠲᠣᠰᠬᠣᠨ ︵ ᠨᠡᠶᠢᠭᠡᠮ ᠲᠣᠭᠣᠷᠢᠭ ︶ ᠪᠤᠶᠤ ᠬᠠᠮᠢᠶ᠎ᠠ ᠪᠦᠬᠦᠢ ᠨᠢᠭᠡᠴᠢ᠎ᠳ᠋ᠤ ᠮᠡᠳᠡᠭᠦᠯᠬᠦ ᠬᠡᠷᠡᠭᠲᠡᠶ ᠃ ᠣᠨᠣᠰᠢᠯᠠᠭᠰᠠᠨ ᠪᠠ ᠰᠡᠵᠢᠭᠯᠡᠯᠲᠡᠶ ᠡᠪᠡᠳᠴᠢᠲᠡᠨ᠎ᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶᠢᠭᠤᠯᠤᠮᠵᠢ᠎ᠳ᠋ᠤ ᠡᠮᠨᠡᠨ ᠵᠠᠰᠠᠬᠤ ᠬᠡᠷᠡᠭᠲᠡᠶ ᠂ ᠣᠷᠣᠨ ᠪᠦᠰᠡ ᠠᠯᠤᠰᠯᠠᠨ ᠡᠪᠡᠳᠴᠢᠲᠡᠨ᠎ᠢ ᠰᠢᠯᠵᠢᠭᠦᠯᠵᠦ ᠪᠣᠯᠬᠤ ᠥᠬᠡᠶ ︔ ᠪᠠᠶᠢᠳᠠᠯ᠎ᠢ᠎ᠨᠢ ᠦᠵᠡᠵᠦ ᠪᠠᠶᠢᠭᠠᠳ ᠰᠠᠭᠤᠭᠠᠯᠢ ᠠᠷᠠᠳ᠎ᠤᠨ ᠲᠣᠭᠣᠷᠢᠭ ᠂ ᠭᠠᠴᠠᠭ᠎ᠠ ᠲᠣᠰᠬᠣᠨ ᠂ ᠣᠷᠣᠨ ᠰᠠᠭᠤᠴᠠ᠎ᠶᠢᠨ ᠠᠰᠠᠷ᠎ᠤᠨ ᠨᠢᠭᠡᠴᠢ᠎ᠳ᠋ᠤ ᠪᠢᠳᠡᠬᠦᠮᠵᠢᠯᠡᠭᠰᠡᠨ ᠬᠠᠲᠠᠭᠤ ᠲᠤᠰᠠᠭᠠᠷᠯᠠᠯᠳᠠ᠎ᠶᠢ ᠬᠡᠷᠡᠭᠵᠢᠭᠦᠯᠦᠨ᠎ᠡ ᠃
ᠵᠢᠷᠭᠤᠭ᠎ᠠ ᠂ ᠰᠠᠭᠤᠭᠠᠯᠢ ᠠᠷᠠᠳ ᠠᠶᠢᠯ ᠲᠣᠭᠣᠷᠢᠬᠤ ᠦᠭᠡᠢ ᠂ ᠴᠤᠭᠯᠠᠷᠠᠵᠤ ᠨᠠᠢᠷᠯᠠᠬᠤ ᠦᠭᠡᠢ ᠂ ᠠᠯᠢ ᠴᠢᠳᠠᠬᠤ᠎ᠪᠠᠷ ᠭᠠᠳᠠᠭᠰᠢ ᠭᠠᠷᠬᠤ ᠦᠭᠡᠢ ᠂ ᠭᠠᠳᠠᠭᠰᠢ ᠭᠠᠷᠬᠤ᠎ᠳ᠋ᠤ ᠡᠷᠬᠡᠪᠰᠢ ᠠᠮᠠᠪᠴᠢ ᠵᠡᠭᠦᠬᠦ ᠬᠡᠷᠡᠭᠲᠡᠶ ᠃ ᠣᠨᠴᠠᠭᠠᠶ ᠪᠠᠢᠳᠠᠯ᠎ᠡᠴᠠ ᠭᠠᠳᠠᠨ᠎ᠠ ᠂ ᠡᠷᠦᠬᠡ ᠪᠦᠷᠢ 1 ᠬᠦᠮᠤᠨ ᠲᠣᠮᠢᠯᠠᠵᠤ ᠲᠣᠭᠲᠠᠮᠠᠯ ᠬᠤᠭᠤᠴᠠᠭ᠎ᠠ᠎ᠲᠠᠢ ᠭᠠᠳᠠᠭᠰᠢ ᠭᠠᠷᠴᠤ ᠠᠮᠢᠳᠤᠷᠠᠯ᠎ᠤᠨ ᠡᠳ᠋ ᠪᠣᠳᠠᠰ ᠬᠤᠳᠠᠯᠳᠤᠨ ᠠᠪᠬᠤ᠎ᠶᠢ ᠰᠠᠨᠠᠭᠠᠴᠢᠯᠠᠨ᠎ᠠ ᠃
ᠳᠣᠯᠣᠭ᠎ᠠ ᠂ ᠲᠦᠷᠢᠶᠡᠰᠦᠯᠡᠭᠰᠡᠨ ᠬᠡᠷ᠎ᠤᠨ ᠬᠠᠮᠢᠶᠠᠷᠤᠯᠲᠠ᠎ᠶᠢᠨ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠶᠢᠳᠠᠪᠤᠷᠢᠵᠢᠭᠤᠯᠤᠨ ᠂ ᠲᠦᠷᠢᠶᠡᠰᠦᠯᠡᠭᠦᠯᠦᠭᠴᠢ᠎ᠶᠢ ᠬᠠᠮᠢᠶᠠᠷᠤᠨ ᠡᠵᠡᠮᠳᠡᠬᠦ ᠪᠠ ᠴᠠᠭ ᠲᠤᠬᠠᠶ᠎ᠳ᠋ᠤᠨᠢ ᠮᠡᠳᠡᠭᠦᠯᠬᠦ᠎ᠶᠢ ᠴᠢᠩᠭᠠᠳᠬᠠᠨ᠎ᠠ ᠂ ᠬᠡᠷᠪᠡ ᠲᠦᠷᠢᠶᠡᠰᠦᠯᠡᠬᠦ ᠬᠡᠷ᠎ᠲᠤ ᠬᠢᠵᠢᠭ᠎ᠤᠨ ᠪᠠᠶᠢᠳᠠᠯ ᠭᠠᠷᠤᠭᠰᠠᠨ ᠪᠠᠢᠳᠠᠯ᠎ᠠ ᠴᠠᠭ ᠲᠤᠬᠠᠶ᠎ᠳ᠋ᠤᠨᠢ ᠮᠡᠳᠡᠭᠦᠯᠦᠭᠰᠡᠨ ᠥᠬᠡᠶ ᠪᠣᠯ ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠥᠶ ᠬᠥᠮᠦᠰ᠎ᠤᠨ ᠬᠠᠷᠢᠭᠤᠴᠠᠯᠭ᠎ᠠ᠎ᠶᠢ ᠨᠡᠬᠡᠮᠵᠢᠯᠡᠨ᠎ᠡ ᠃
ᠨᠠᠢᠮᠠ ᠂ ᠨᠠᠮ᠎ᠤᠨ ᠭᠡᠰᠢᠭᠦᠨ ᠺᠠᠳ᠋ᠷ ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢ ᠂ ᠤᠯᠤᠰ ᠲᠥᠷᠥ᠎ᠶᠢᠨ ᠵᠥᠪᠯᠡᠯᠭᠡᠨ᠎ᠤ ᠭᠡᠰᠢᠭᠦᠨ ᠵᠢᠱᠢᠶᠡᠴᠢ ᠳᠠᠭᠠᠭᠤᠯᠤᠭᠴᠢ᠎ᠶᠢᠨ ᠦᠶᠯᠡᠳᠦᠯ᠎ᠢᠶᠡᠨ ᠪᠠᠳᠠᠷᠠᠭᠤᠯᠵᠤ ᠂ ᠭᠡᠷ᠎ᠤᠨ ᠬᠥᠮᠦᠰ ᠂ ᠲᠥᠷᠥᠯ ᠰᠠᠳᠤᠨ᠎ᠢᠶᠡᠨ ᠰᠠᠶᠢᠲᠤᠷ ᠬᠠᠮᠢᠶᠠᠷᠤᠨ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠠᠵᠢᠯ᠎ᠳ᠋ᠤ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠡᠴᠠ᠎ᠪᠠᠨ ᠣᠷᠣᠯᠴᠠᠵᠤ ᠂ ᠬᠥᠷᠰᠢ ᠰᠠᠭᠠᠬᠠᠯᠳᠠ᠎ᠶᠢᠨ᠎ᠬᠢᠨ᠎ᠢᠶᠡᠨ ᠳᠠᠶᠢᠴᠢᠯᠠᠨ ᠬᠠᠮᠢᠶ᠎ᠠ ᠪᠦᠬᠦᠢ ᠲᠣᠭᠲᠠᠭᠠᠯ᠎ᠢ ᠤᠬᠠᠮᠰᠠᠷ᠎ᠡᠴᠠ᠎ᠪᠠᠨ ᠵᠢᠷᠤᠮᠯᠠᠬᠤ ᠬᠡᠷᠡᠭᠲᠡᠶ ᠃
ᠳᠡᠭᠡᠷ᠎ᠡ ᠳᠤᠷᠠᠳᠤᠭᠰᠠᠨ ︽ ᠵᠠᠷᠯᠠᠯ ︾᠎ᠳ᠋ᠤ ᠳᠤᠷᠠᠳᠤᠭᠳᠠᠭᠰᠠᠨ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠂ ᠨᠡᠶᠢᠭᠡᠮ᠎ᠤᠨ ᠲᠣᠭᠲᠠᠭᠤᠨ ᠪᠠᠶᠢᠳᠠᠯ ᠪᠠ ᠠᠷᠠᠳ ᠤᠯᠠᠨ᠎ᠤ ᠠᠰᠢᠭ ᠲᠤᠰᠠ᠎ᠶᠢ ᠪᠦᠬᠦ ᠬᠦᠴᠦ᠎ᠪᠠᠷ᠎ᠢᠶᠡᠨ ᠬᠠᠮᠠᠭᠠᠯᠠᠨ᠎ᠠ ᠃
ᠰᠤᠷᠪᠤᠯᠵᠢᠯᠠᠬᠴᠢ ᠄ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠬᠤᠭᠤᠴᠠᠭᠠᠨ᠎ᠳ᠋ᠤ ᠪᠢᠳᠡ ᠭᠠᠳᠠᠭᠰᠢ ᠭᠠᠷᠬᠤ ᠥᠬᠡᠶ ᠪᠠᠶᠢᠬᠤ᠎ᠶᠢ ᠰᠠᠨᠠᠭᠠᠴᠢᠯᠠᠵᠤ ᠪᠠᠶᠢᠨ᠎ᠠ ᠃ ᠮᠠᠰᠢ ᠣᠯᠠᠨ ᠬᠥᠮᠦᠨ ᠡᠯᠧᠺᠲ᠋ᠷᠣᠨ ᠬᠤᠳᠠᠯᠳᠤᠭ᠎ᠠ᠎ᠪᠠᠷ ᠳᠠᠮᠵᠢᠭᠤᠯᠤᠨ ᠠᠮᠢᠳᠤᠷᠠᠯ᠎ᠤᠨ ᠬᠡᠷᠡᠭᠰᠡᠯ ᠬᠤᠳᠠᠯᠳᠤᠨ ᠠᠪᠴᠤ ᠪᠠᠢᠨ᠎ᠠ ᠂ 1 ᠳ᠋ᠦ᠋ᠭᠡᠷ ᠲᠤᠭᠠᠳᠤ ︽ ᠵᠠᠷᠯᠠᠯ ︾᠎ᠳ᠋ᠤ ᠥᠯᠥ ᠬᠥᠷᠥᠯᠴᠡᠬᠥ ᠪᠠᠢᠳᠠᠯ᠎ᠢᠶᠠᠷ ᠬᠥᠷᠭᠡᠬᠥ ᠬᠡᠷᠡᠭᠲᠡᠶ ᠭᠡᠵᠦ ᠳᠤᠷᠠᠳᠴᠠᠶ ᠃ ᠲᠡᠭᠡᠪᠡᠯ ᠶᠠᠭᠤ᠎ᠶᠢ ᠥᠯᠥ ᠬᠥᠷᠥᠯᠴᠡᠬᠥ ᠪᠠᠢᠳᠠᠯ᠎ᠢᠶᠠᠷ ᠬᠥᠷᠭᠡᠬᠥ ᠭᠡᠬᠦ ᠪᠤᠢ ︖ ᠲᠦᠷᠭᠡᠨ ᠬᠦᠷᠭᠡᠯᠲᠡ ᠵᠡᠷᠭᠡ ᠠᠵᠢᠯᠯᠠᠭ᠎ᠠ᠎ᠳ᠋ᠤ ᠪᠢᠳᠡ ᠪᠠᠰᠠ ᠶᠠᠮᠠᠷ ᠶᠠᠮᠠᠷ ᠰᠡᠷᠭᠡᠶᠢᠯᠡᠨ ᠡᠵᠡᠮᠳᠡᠬᠥ ᠠᠷᠭ᠎ᠠ ᠬᠡᠮᠵᠢᠶ᠎ᠡ ᠠᠪᠤᠭᠰᠠᠨ ᠪᠤᠢ ︖
ᠯᠢ ᠵᠢᠶ ᠄ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ︽ ᠲᠦᠷᠭᠡᠨ ᠬᠦᠷᠭᠡᠯᠲᠡ᠎ᠶᠢ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠭᠤᠯᠬᠤ ᠬᠣᠯᠪᠣᠭᠳᠠᠯ ᠪᠥᠬᠥᠶ ᠠᠵᠢᠯᠯᠠᠭ᠎ᠠ᠎ᠶᠢ ᠵᠢᠷᠤᠮᠵᠢᠭᠤᠯᠬᠤ ᠲᠤᠬᠠᠶ ᠮᠡᠳᠡᠭᠳᠡᠯ ︾᠎ᠤᠨ ᠱᠠᠭᠠᠷᠳᠠᠯᠭ᠎ᠠ ᠶᠣᠰᠣᠭᠠᠷ ᠂ ᠨᠡᠶᠢᠭᠡᠮ᠎ᠤᠨ ᠬᠠᠮᠢᠶᠠᠷᠤᠨ ᠡᠵᠡᠮᠳᠡᠬᠦ ᠳᠤᠭᠤᠶᠢᠯᠠᠩ ᠲᠤᠰᠬᠠᠶᠢᠯᠠᠨ ᠮᠡᠳᠡᠭᠳᠡᠯ ᠪᠠᠭᠤᠯᠭᠠᠵᠤ ᠂ ᠡᠯ᠎ᠡ ᠭᠠᠵᠠᠷ᠎ᠤᠨ ᠰᠢᠤᠳᠠᠨ᠎ᠤ ᠬᠠᠮᠢᠶᠠᠷᠤᠯᠲᠠ᠎ᠶᠢᠨ ᠲᠣᠪᠴᠢᠶ᠎ᠠ ︽ ᠲᠠᠮᠵᠢᠭᠤᠯᠤᠨ ᠬᠥᠷᠭᠡᠬᠥ ᠦᠨᠡᠮᠯᠡᠯ ︾᠎ᠢ ᠬᠢᠨᠠᠨ ᠬᠠᠷᠭᠤᠭᠤᠯᠵᠤ ᠣᠯᠭᠣᠬᠤ ᠬᠡᠷᠡᠭᠲᠡᠶ ᠭᠡᠵᠦ ᠱᠠᠭᠠᠷᠳᠠᠪᠠ ᠂ ᠰᠢᠤᠳᠠᠨ᠎ᠤ ᠲᠦᠷᠭᠡᠨ ᠬᠦᠷᠭᠡᠯᠲᠡ᠎ᠶᠢᠨ ᠠᠵᠤ ᠠᠬᠤᠶᠢᠯᠠᠯ ︽ ᠬᠢᠵᠢᠭ᠎ᠤᠨ ᠬᠤᠭᠤᠴᠠᠭᠠᠨ᠎ᠳ᠋ᠠᠬᠢ ᠡᠵᠡᠩᠨᠡᠯᠲᠡ᠎ᠶᠢᠨ ᠲᠣᠤᠷ ᠴᠡᠭ᠎ᠤᠨ ᠠᠵᠢᠯᠯᠠᠭᠠᠨ᠎ᠤ ᠵᠢᠷᠤᠮᠵᠢᠯ ︾᠎ᠤᠨ ᠱᠠᠭᠠᠷᠳᠠᠯᠭ᠎ᠠ ᠶᠣᠰᠣᠭᠠᠷ ᠂ ᠡᠳᠦᠷ ᠪᠦᠷᠢ ᠠᠵᠢᠯ᠎ᠤᠨ ᠪᠠᠶᠢᠷᠢ᠎ᠳ᠋ᠤ ᠭᠠᠷᠬᠤ᠎ᠡᠴᠠ ᠡᠮᠦᠨ᠎ᠡ ᠡᠷᠬᠡᠪᠰᠢ ᠪᠡᠶ᠎ᠡ᠎ᠶᠢᠨ ᠬᠠᠯᠠᠭᠤᠨ᠎ᠢᠶᠡᠨ ᠬᠡᠮᠵᠢᠵᠦ ᠂ ᠠᠮᠠᠪᠴᠢ ᠵᠡᠭᠦᠵᠦ ᠂ ᠰᠢᠤᠳᠠᠨ᠎ᠤ ᠵᠦᠶᠯ᠎ᠤᠨ ᠲᠦᠷᠭᠡᠨ ᠬᠦᠷᠭᠡᠯᠲᠡ᠎ᠶᠢᠨ ᠠᠵᠢᠯᠯᠠᠭᠠᠨ᠎ᠤ ᠲᠠᠯᠠᠪᠤᠷ ᠂ ᠡᠯ᠎ᠡ ᠲᠥᠷᠥᠯ᠎ᠤᠨ ᠠᠵᠢᠯ᠎ᠤᠨ ᠬᠡᠷᠡᠭᠰᠡᠯ ᠵᠢᠴᠢ ᠲᠡᠷᠭᠡ ᠬᠥᠰᠬᠡ᠎ᠶᠢ ᠠᠷᠢᠭᠤᠳᠬᠠᠨ ᠳᠡᠩᠰᠡᠯᠡᠵᠦ ᠂ ᠲᠦᠷᠭᠡᠨ ᠬᠦᠷᠭᠡᠭᠴᠢ ᠠᠮᠠᠪᠴᠢ ᠵᠡᠭᠦᠭᠡᠳ ᠰᠠᠭᠤᠭᠠᠯᠢ ᠠᠷᠠᠳ᠎ᠤᠨ ᠲᠣᠭᠣᠷᠢᠭ᠎ᠲᠤ ᠬᠦᠷᠦᠭᠰᠡᠨ᠎ᠤ ᠳᠠᠷᠠᠭ᠎ᠠ ᠪᠡᠶ᠎ᠡ᠎ᠶᠢᠨ ᠬᠠᠯᠠᠭᠤᠨ᠎ᠢ ᠬᠡᠮᠵᠢᠬᠦ ᠂ ᠳᠠᠩᠰᠠᠨ᠎ᠳ᠋ᠤ ᠲᠡᠮᠳᠡᠭᠯᠡᠬᠦ ᠵᠡᠷᠭᠡ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠣᠯᠪᠣᠭᠳᠠᠯ ᠪᠦᠬᠦᠢ ᠲᠣᠭᠲᠠᠭᠠᠯ᠎ᠢ ᠭᠦᠶᠴᠡᠳᠬᠡᠭᠰᠡᠨ᠎ᠤ ᠳᠠᠷᠠᠭ᠎ᠠ ᠂ ᠬᠦᠷᠭᠡᠬᠦ ᠬᠥᠮᠦᠨ ᠵᠢᠴᠢ ᠲᠡᠷᠭᠡ ᠬᠥᠰᠬᠡ᠎ᠶᠢᠨ ︽ ᠲᠠᠮᠵᠢᠭᠤᠯᠤᠨ ᠬᠥᠷᠭᠡᠬᠥ ᠦᠨᠡᠮᠯᠡᠯ ︾᠎ᠢᠶᠠᠷ᠎ᠢᠶᠡᠨ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠵᠤ ᠂ ᠡᠳ᠋ ᠪᠣᠳᠠᠰ᠎ᠢᠶᠡᠨ ᠣᠷᠣᠨ ᠰᠠᠭᠤᠴᠠ᠎ᠶᠢᠨ ᠲᠣᠭᠣᠷᠢᠭ᠎ᠲᠤ ᠬᠦᠷᠭᠡᠬᠥ ᠭᠡᠷᠡᠭᠳᠠᠢ ᠃
ᠰᠤᠷᠪᠤᠯᠵᠢᠯᠠᠬᠴᠢ ᠄ ︽ ᠵᠠᠷᠯᠠᠯ ︾᠎ᠳ᠋ᠤ ᠬᠢᠵᠢᠭ᠎ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ᠎ᠳ᠋ᠠᠬᠢ ᠥᠡᠭᠭᠡᠷᠡᠯᠳᠠ᠎ᠲᠠᠢ ᠪᠤᠰᠤᠳ ᠬᠥᠮᠦᠰ᠎ᠢ ᠲᠥᠪᠯᠡᠷᠡᠭᠦᠯᠦᠨ ᠲᠤᠰᠠᠭᠠᠷᠯᠠᠬᠤ ᠪᠤᠶᠤ ᠬᠡᠷ᠎ᠲᠡᠭᠡᠨ ᠲᠤᠰᠠᠭᠠᠷᠯᠠᠬᠤ ᠬᠡᠷᠡᠭᠲᠡᠶ ᠭᠡᠵᠦ ᠳᠤᠷᠠᠳᠴᠠᠶ ᠃ ᠡᠲᠡᠭᠡᠷ ᠬᠥᠮᠦᠰ᠎ᠢ ᠲᠥᠪᠯᠡᠷᠡᠭᠦᠯᠦᠨ ᠲᠤᠰᠠᠭᠠᠷᠯᠠᠬᠤ ᠂ ᠬᠡᠷ᠎ᠲᠤᠨᠢ ᠲᠤᠰᠠᠭᠠᠷᠯᠠᠭᠤᠯᠬᠤ ᠪᠠᠷᠢᠮᠵᠢᠶ᠎ᠠ᠎ᠨᠢ ᠶᠠᠭᠤ ᠪᠣᠶ ︖
ᠭᠦᠸᠧ ᠸᠧᠶ ᠳ᠋ᠦᠩ ᠄ 2 ᠰᠠᠷ᠎ᠠ᠎ᠶᠢᠨ 12᠎ᠤᠨ ᠡᠳᠦᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ 2020 ᠣᠨ᠎ᠤ 1 ᠳ᠋ᠤᠭᠡᠷ ᠲᠣᠭᠠᠲᠤ ︽ ᠵᠠᠷᠯᠠᠯ ︾᠎ᠢ ᠨᠡᠶᠢᠲᠡᠯᠡᠪᠡ ᠂ ︽ ᠵᠠᠷᠯᠠᠯ ︾᠎ᠳ᠋ᠤ ᠮᠠᠨ᠎ᠤ ᠣᠷᠣᠨ᠎ᠳ᠋ᠤ ᠣᠷᠣᠵᠤ ᠢᠷᠡᠬᠦ᠎ᠡᠴᠠ ᠡᠮᠤᠨ᠎ᠠ 14 ᠡᠳᠦᠷ᠎ᠤᠨ ᠳᠣᠲᠣᠷ᠎ᠠ ᠪᠤᠰᠤᠳ ᠡᠪᠡᠳᠴᠢᠨ᠎ᠤ ᠪᠠᠢᠳᠠᠯ ᠨᠡᠯᠢᠶᠡᠳ ᠬᠦᠨᠳᠦ ᠭᠠᠵᠠᠷ ᠣᠷᠣᠨ᠎ᠤ ᠬᠥᠮᠥᠰ᠎ᠲᠠᠢ ᠶᠠᠪᠤᠯᠴᠠᠭᠰᠠᠨ ᠥᠡᠭᠭᠡᠷᠡᠯᠳᠠ᠎ᠲᠠᠢ ᠬᠥᠮᠦᠰ᠎ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭᠯᠠᠯᠲᠠ ᠬᠢᠬᠦ ᠪᠤᠶᠤ ᠬᠡᠷ᠎ᠲᠤᠨᠢ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭᠯᠠᠯᠲᠠ ᠬᠢᠬᠦ ᠬᠡᠷᠡᠭᠲᠡᠶ ᠭᠡᠵᠦ ᠱᠠᠭᠠᠷᠳᠠᠪᠠ ᠃ ᠡᠳᠡᠭᠡᠷ ᠭᠠᠵᠠᠷ ᠣᠷᠣᠨ᠎ᠨᠢ ᠭᠤᠸᠠᠩᠳᠦ᠋ᠩ ᠂ ᠾᠧᠨᠠᠨ ᠂ ᠵᠧᠵᠢᠶᠠᠩ ᠂ ᠬᠤᠨᠠᠨ ᠂ ᠠᠨᠾᠦ᠋ᠢ ᠂ ᠵᠢᠶᠠᠩᠰᠢ ᠂ ᠵᠢᠶᠠᠩᠰᠦ ᠂ ᠴᠦᠩᠴᠢᠩ ᠂ ᠱᠠᠨᠳᠦ᠋ᠩ ᠂ ᠰᠧᠴᠤᠸᠠᠨ ᠂ ᠬᠠᠷᠠᠮᠥ᠋ᠷᠡᠨ ᠵᠡᠷᠭᠡ ᠬᠢᠵᠢᠭ᠎ᠤᠨ ᠪᠠᠶᠢᠳᠠᠯ ᠨᠡᠯᠢᠶᠡᠳ ᠬᠦᠨᠳᠦ ᠨᠣᠴᠢᠲᠠᠶ ᠭᠠᠵᠠᠷ ᠣᠷᠣᠨ᠎ᠢ ᠵᠢᠭᠠᠵᠤ ᠪᠠᠶᠢᠨ᠎ᠠ ᠃ ᠡᠳᠡᠭᠡᠷ ᠭᠠᠵᠠᠷ ᠣᠷᠣᠨ᠎ᠲᠠᠢ ᠶᠠᠪᠤᠯᠴᠠᠭ᠎ᠠ᠎ᠲᠠᠢ ᠬᠥᠮᠦᠰ᠎ᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ ᠂ ᠬᠢᠵᠢᠭ᠎ᠤᠨ ᠪᠠᠶᠢᠳᠠᠯ᠎ᠤᠨ ᠮᠠᠨ᠎ᠤ ᠣᠷᠣᠨ᠎ᠳ᠋ᠤ ᠣᠷᠣᠵᠤ ᠢᠷᠡᠬᠦ ᠲᠦᠭᠰᠢᠭᠦᠷᠢ᠎ᠶᠢ ᠬᠣᠷᠢᠭᠯᠠᠨ ᠵᠣᠭᠰᠣᠭᠠᠬᠤ ᠬᠡᠷᠡᠭᠲᠡᠶ ᠃ ᠶᠡᠷᠦ᠎ᠳ᠋ᠡᠭᠡᠨ ᠪᠢᠳᠡ ᠡᠨᠡ ᠬᠡᠰᠡᠭ ᠬᠥᠮᠦᠰ᠎ᠲᠤ ᠠᠨᠠᠭᠠᠬᠤ ᠤᠬᠠᠭᠠᠨ᠎ᠤ ᠠᠵᠢᠭᠯᠠᠯᠲᠠ ᠬᠢᠬᠦ᠎ᠳ᠋ᠡᠭᠡᠨ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠠᠪᠲᠠᠭ ᠃ ᠨᠥᠬᠥᠴᠡᠯ ᠪᠦᠷᠢᠯᠳᠦᠭᠦᠯᠦᠭᠰᠡᠨ ᠦᠭᠡᠢ ᠭᠠᠵᠠᠷ ᠣᠷᠣᠨ᠎ᠳ᠋ᠤ ᠪᠠᠰᠠ ᠭᠡᠷ᠎ᠲᠡᠭᠡᠨ ᠰᠠᠭᠤᠵᠤ ᠲᠤᠰᠠᠭᠠᠷᠯᠠᠬᠤ ᠠᠨᠠᠭᠠᠬᠤ ᠤᠬᠠᠭᠠᠨ᠎ᠤ ᠠᠵᠢᠭᠯᠠᠯᠲᠠ ᠬᠢᠵᠦ ᠪᠣᠯᠤᠨ᠎ᠠ ᠂ ᠲᠤᠰᠠᠭᠠᠷᠯᠠᠭᠰᠠᠳ᠎ᠢ ᠲᠤᠰᠠᠭᠠᠷ ᠰᠠᠭᠤᠯᠭᠠᠬᠤ ᠬᠡᠷᠡᠭᠲᠡᠢ ᠃ ᠬᠡᠷᠪᠡ ᠵᠥᠪᠬᠡᠨ ᠨᠢᠭᠡ ᠯᠡ ᠭᠡᠷ ᠪᠠᠶᠢᠪᠠᠯ ᠂ ᠭᠡᠷ᠎ᠤᠨ ᠬᠥᠮᠦᠰ᠎ᠡᠴᠠ᠎ᠪᠠᠨ ᠰᠠᠯᠵᠤ ᠂ ᠲᠤᠰᠠᠭᠠᠷ ᠥᠷᠥᠭᠡᠨ᠎ᠳ᠋ᠤ ᠰᠠᠭᠤᠵᠤ ᠂ ᠠᠮᠠᠪᠴᠢ ᠵᠡᠭᠦᠵᠦ ᠂ ᠭᠡᠷ᠎ᠤᠨ ᠡᠭᠦᠳᠡ᠎ᠶᠢ᠎ᠨᠢ ᠴᠠᠭ ᠲᠤᠬᠠᠶ᠎ᠳ᠋ᠤᠨᠢ ᠬᠠᠭᠠᠵᠤ ᠂ ᠭᠡᠷ᠎ᠤᠨ ᠬᠥᠮᠦᠰ᠎ᠨᠢ ᠲᠤᠰᠠᠭᠠᠷᠯᠠᠬᠤ ᠬᠥᠮᠦᠰ᠎ᠡᠴᠠ 1 ᠮᠧᠲ᠋ᠷ᠎ᠡᠴᠠ ᠳᠡᠭᠡᠭᠰᠢ ᠵᠠᠢ᠎ᠲᠠᠢ ᠪᠠᠶᠢᠬᠤ ᠬᠡᠷᠡᠭᠲᠡᠶ ᠃ ᠲᠤᠰᠠᠭᠠᠷᠯᠠᠭᠴᠢ᠎ᠶᠢᠨ ᠠᠵᠢᠯᠯᠠᠭᠠᠨ᠎ᠤ ᠣᠷᠣᠨ ᠪᠠ ᠭᠡᠷ ᠪᠦᠯᠢ᠎ᠶᠢᠨ ᠪᠤᠰᠤᠳ ᠪᠦᠷᠢᠯᠳᠦᠬᠦᠨ᠎ᠨᠢ ᠠᠯᠢ ᠴᠢᠳᠠᠬᠤ᠎ᠪᠠᠷ ᠳᠠᠪᠬᠤᠴᠠᠬᠤ ᠦᠭᠡᠢ ᠃ ᠭᠡᠷ᠎ᠤᠨ ᠬᠥᠮᠦᠰ᠎ᠲᠠᠢ᠎ᠪᠠᠨ ᠨᠡᠶᠢᠲᠡ᠎ᠶᠢᠨ ᠡᠳ᠋ ᠪᠣᠳᠠᠰ᠎ᠢ ᠬᠡᠷᠡᠭᠯᠡᠬᠦ ᠦᠭᠡᠢ ᠂ ᠬᠤᠪᠢ ᠬᠥᠮᠦᠨ᠎ᠤ ᠠᠷᠢᠭᠤᠨ ᠴᠡᠪᠡᠷ᠎ᠢ ᠡᠷᠬᠢᠮᠯᠡᠨ᠎ᠡ ᠃ ᠭᠡᠷ ᠳᠣᠲᠣᠷᠠᠬᠢ ᠠᠭᠠᠷ᠎ᠤᠨ ᠤᠷᠤᠰᠬᠠᠯ᠎ᠢ ᠪᠠᠲᠤᠯᠠᠵᠤ ᠂ ᠭᠡᠷ ᠳᠣᠲᠣᠷ᠎ᠠ ᠰᠠᠯᠬᠢ ᠨᠡᠪᠲᠡᠷᠡᠭᠦᠯᠬᠦ ᠂ ᠠᠷᠢᠭᠤᠳᠬᠠᠬᠤ᠎ᠶᠢ ᠴᠢᠩᠭᠠᠳᠬᠠᠬᠤ ᠬᠡᠷᠡᠭᠲᠡᠢ ᠃
ᠰᠤᠷᠪᠤᠯᠵᠢᠯᠠᠬᠴᠢ ᠄ 1 ᠳ᠋ᠤᠭᠡᠷ ᠲᠣᠭᠠᠲᠤ ︽ ᠵᠠᠷᠯᠠᠯ ︾᠎ᠳ᠋ᠤ ᠵᠢᠭᠠᠵᠤ ᠭᠠᠷᠭᠠᠭᠰᠠᠨ᠎ᠢᠶᠠᠷ ᠂ ᠬᠡᠷᠪᠡ ᠲᠦᠷᠢᠶᠡᠰᠦᠨ ᠣᠷᠣᠨ ᠰᠠᠭᠤᠴᠠ᠎ᠳ᠋ᠤ ᠬᠢᠵᠢᠭ᠎ᠤᠨ ᠪᠠᠶᠢᠳᠠᠯ ᠭᠠᠷᠤᠭᠠᠳ ᠴᠠᠭ ᠲᠤᠬᠠᠶ᠎ᠳ᠋ᠤᠨᠢ ᠮᠡᠳᠡᠭᠦᠯᠦᠭᠰᠡᠨ ᠥᠬᠡᠶ ᠪᠣᠯ ᠂ ᠬᠠᠮᠢᠶ᠎ᠠ ᠪᠥᠬᠥᠶ ᠬᠥᠮᠦᠰ᠎ᠤᠨ ᠬᠠᠷᠢᠭᠤᠴᠠᠯᠭ᠎ᠠ᠎ᠶᠢ ᠬᠠᠤᠯᠢ ᠶᠣᠰᠣᠭᠠᠷ ᠨᠡᠬᠡᠮᠵᠢᠯᠡᠨ᠎ᠡ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠬᠤᠭᠤᠴᠠᠭᠠᠨ᠎ᠳ᠋ᠤ ᠲᠦᠷᠢᠶᠡᠰᠦᠯᠡᠭᠦᠯᠦᠭᠴᠢ ᠶᠠᠮᠠᠷ ᠶᠠᠮᠠᠷ ᠡᠭᠦᠷᠭᠡ᠎ᠶᠢ ᠭᠦᠢᠴᠡᠳᠬᠡᠵᠦ ᠂ ᠬᠡᠷᠪᠡ ᠬᠢᠵᠢᠭ᠎ᠤᠨ ᠪᠠᠶᠢᠳᠠᠯ ᠭᠠᠷᠤᠭᠠᠳ ᠴᠠᠭ ᠲᠤᠬᠠᠢ᠎ᠳ᠋ᠤᠨᠢ ᠮᠡᠳᠡᠭᠦᠯᠦᠭᠰᠡᠨ ᠦᠭᠡᠢ ᠪᠣᠯ ᠶᠠᠮᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠪᠤᠢ ︖
ᠯᠢ ᠵᠢᠶ ᠄ ᠣᠶᠢᠷ᠎ᠠ᠎ᠶᠢᠨ ᠬᠡᠳᠦᠨ ᠵᠢᠯ᠎ᠳ᠋ᠤ ᠮᠠᠨ᠎ᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ︽ ᠲᠦᠷᠢᠶᠠᠰᠤᠨ ᠭᠡᠷ᠎ᠤᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠲᠣᠭᠲᠠᠭᠠᠯ ︾ ︵ ᠳᠣᠲᠣᠭᠠᠳᠤ᠎ᠶᠢ ᠬᠠᠮᠠᠭᠠᠯᠠᠬᠤ ᠶᠠᠮᠤᠨ᠎ᠤ 24 ᠳ᠋ᠤᠭᠡᠷ ᠲᠣᠭᠠᠲᠤ ᠵᠠᠷᠯᠢᠭ ︶ ᠶᠣᠰᠣᠭᠠᠷ ᠬᠡᠷ ᠲᠦᠷᠢᠶᠡᠰᠦᠯᠡᠬᠦ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠠᠵᠢᠯ᠎ᠢ ᠥᠷᠨᠢᠭᠦᠯᠵᠦ ᠂ ᠲᠦᠷᠢᠶᠠᠰᠤᠨ ᠭᠡᠷ᠎ᠤᠨ ᠬᠠᠮᠢᠶᠠᠷᠤᠯᠲᠠ᠎ᠶᠢᠨ ᠠᠵᠢᠯ᠎ᠢ ᠲᠠᠰᠤᠷᠠᠯᠲᠠ ᠥᠬᠡᠶ ᠵᠢᠷᠤᠮᠵᠢᠭᠤᠯᠤᠨ ᠲᠡᠭᠦᠯᠳᠡᠷᠵᠢᠭᠦᠯᠪᠡ ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠬᠤᠭᠤᠴᠠᠭᠠᠨ᠎ᠳ᠋ᠤ ᠪᠢᠳᠡ ᠡᠯ᠎ᠡ ᠵᠦᠶᠯ᠎ᠤᠨ ᠬᠠᠮᠢᠶᠠᠷᠤᠯᠲᠠ ᠪᠣᠯᠤᠨ ᠬᠠᠮᠢᠶᠠᠷᠤᠨ ᠡᠵᠡᠮᠳᠡᠬᠦ ᠠᠵᠢᠯ᠎ᠤᠨ ᠡᠷᠴᠢᠮ᠎ᠢᠶᠡᠨ ᠨᠠᠡᠭ ᠴᠢᠩᠭᠠᠷᠠᠭᠤᠯᠵᠤ ᠂ ᠲᠦᠷᠢᠶᠡᠰᠤᠨ ᠭᠡᠷ᠎ᠤᠨ ᠬᠠᠮᠢᠶᠠᠷᠤᠯᠲᠠ᠎ᠶᠢᠨ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠶᠢᠳᠠᠪᠤᠷᠢᠵᠢᠭᠤᠯᠤᠨ ᠂ ᠲᠦᠷᠢᠶᠡᠰᠦᠯᠡᠭᠦᠯᠦᠭᠴᠢ᠎ᠶᠢᠨ ᠬᠠᠷᠢᠭᠤᠴᠠᠯᠭ᠎ᠠ ᠂ ︽ ᠬᠡᠨ ᠲᠦᠷᠢᠶᠡᠰᠦᠯᠡᠪᠡᠯ ᠬᠡᠨ ᠬᠠᠷᠢᠭᠤᠴᠠᠬᠤ ︾ ᠵᠠᠷᠴᠢᠮ ᠶᠣᠰᠣᠭᠠᠷ ᠂ ᠶᠠᠪᠤᠭᠤᠯ ᠬᠥᠮᠦᠨ ᠠᠮᠠ ᠰᠠᠨᠠᠭᠠᠴᠢᠯᠠᠭ᠎ᠠ᠎ᠡᠴᠠ᠎ᠪᠠᠨ ᠲᠦᠷ ᠰᠠᠭᠤᠬᠤ᠎ᠪᠠᠷ ᠭᠤᠶᠤᠴᠢᠯᠠᠨ ᠮᠡᠳᠡᠭᠦᠯᠦᠭᠰᠡᠨ ᠥᠬᠡᠶ ᠪᠤᠯ ᠬᠡᠷ ᠲᠦᠷᠢᠶᠡᠰᠦᠯᠡᠭᠦᠯᠦᠭᠴᠢ ᠬᠠᠷᠢᠭᠤᠴᠠᠨ ᠱᠠᠯᠠᠪᠳᠠᠭᠤᠯᠵᠤ ᠪᠠᠶᠢᠭᠠᠳ ᠭᠤᠶᠤᠴᠢᠯᠠᠨ ᠮᠡᠳᠡᠭᠦᠯᠬᠥ ᠭᠡᠷᠡᠭᠳᠠᠢ ᠃ ᠪᠣᠳᠠᠲᠠᠶ ᠠᠵᠢᠯ᠎ᠤᠨ ᠳᠤᠮᠳᠠ ᠭᠡᠷ ᠲᠦᠷᠢᠶᠡᠰᠦᠯᠡᠭᠦᠯᠦᠭᠴᠢ ᠶᠠᠪᠤᠭᠤᠯ ᠬᠥᠮᠦᠨ ᠠᠮᠠ᠎ᠳ᠋ᠤ ᠬᠢᠨᠠᠯᠲᠠ ᠲᠠᠯᠪᠢᠵᠤ ︽ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠪᠤᠭᠤᠯ ᠬᠥᠮᠦᠨ ᠠᠮᠠ᠎ᠶᠢᠨ ᠥᠪᠡᠰᠦᠪᠡᠨ ᠮᠡᠳᠡᠭᠦᠯᠵᠦ ᠳᠠᠩᠰᠠᠯᠠᠭᠤᠯᠬᠤ ︾ ᠬᠣᠶᠠᠷ ᠬᠡᠮᠵᠢᠯᠳᠦ ᠺᠣᠳ᠋᠎ᠢ ᠰᠢᠷᠪᠢᠬᠦ᠎ᠪᠠᠷ ᠳᠠᠮᠵᠢᠭᠤᠯᠤᠨ ᠂ ᠲᠦᠷ ᠰᠠᠭᠤᠬᠤ ᠳᠠᠩᠰᠠᠯᠠᠯᠲᠠ᠎ᠪᠠᠨ ᠰᠠᠨᠠᠭᠠᠴᠢᠯᠠᠭ᠎ᠠ᠎ᠡᠴᠠ᠎ᠪᠠᠨ ᠭᠤᠶᠤᠴᠢᠯᠠᠨ ᠮᠡᠳᠡᠭᠦᠯᠬᠦ ᠬᠡᠷᠡᠭᠲᠡᠶ ᠃ ᠲᠦᠷᠢᠶᠡᠰᠦᠨ ᠭᠡᠷ᠎ᠤᠨ ᠡᠵᠡᠨ ᠱᠠᠯᠠᠪᠳᠠᠭᠤᠯᠤᠨ ᠮᠡᠳᠡᠭᠦᠯᠬᠦ ᠬᠠᠷᠢᠭᠤᠴᠠᠯᠭ᠎ᠠ᠎ᠶᠢ ᠨᠠᠶᠢᠳᠠᠪᠤᠷᠢᠵᠢᠭᠤᠯᠤᠭᠰᠠᠨ ᠦᠭᠡᠢ ᠂ ᠪᠠᠶᠢᠳᠠᠯ᠎ᠢ ᠮᠡᠳᠡᠵᠦ ᠪᠠᠶᠢᠭᠠᠳ ᠮᠡᠳᠡᠭᠦᠯᠬᠦ ᠦᠭᠡᠢ ᠪᠤᠶᠤ ᠳᠠᠷᠤᠭᠠᠳ ᠮᠡᠳᠡᠭᠦᠯᠬᠦ ᠦᠭᠡᠢ ᠪᠠᠢᠶᠪᠠᠯ ᠬᠠᠤᠯᠢ ᠶᠣᠰᠣᠭᠠᠷ ᠰᠢᠶᠳᠪᠦᠷᠢᠯᠡᠬᠦ ᠬᠡᠷᠡᠭᠲᠡᠶ ᠂ ᠬᠢᠵᠢᠭ ᠭᠠᠷᠤᠭᠰᠠᠨ ᠪᠣᠯ ᠬᠠᠮᠢᠶ᠎ᠠ ᠪᠦᠬᠦᠢ ᠬᠠᠤᠯᠢ ᠴᠠᠭᠠᠵᠠ᠎ᠶᠢᠨ ᠲᠣᠭᠲᠠᠭᠠᠯ ᠶᠣᠰᠣᠭᠠᠷ ᠴᠢᠩᠭ᠎ᠠ ᠪᠥᠭᠡᠳ ᠬᠦᠨᠳᠦ᠎ᠪᠠᠷ ᠰᠢᠢᠳᠬᠡᠨ᠎ᠡ ᠃
ᠰᠤᠷᠪᠤᠯᠵᠢᠯᠠᠬᠴᠢ ᠄ 1 ᠳ᠋ᠤᠭᠡᠷ ᠲᠣᠭᠠᠲᠤ ︽ ᠵᠠᠷᠯᠠᠯ ︾᠎ᠳ᠋ᠤ ︽ ᠤᠷᠤᠰᠢᠭᠤᠯᠭ᠎ᠠ ᠪᠡᠯᠪᠡᠰᠤᠷᠠᠯ ︾᠎ᠢ ᠳᠥᠭᠥᠮᠴᠢᠯᠡᠨ᠎ᠠ ᠬᠡᠪᠡ ᠃ ︽ ᠳᠥᠭᠥᠮᠴᠢᠯᠡᠬᠦ ︾᠎ᠶᠢ ᠬᠡᠷᠬᠢᠨ ᠣᠶᠢᠯᠠᠭᠠᠪᠠᠯ ᠵᠣᠬᠢᠬᠤ ᠪᠤᠶ ︖
ᠯᠢ ᠵᠢᠶ ᠄ ᠣᠶᠢᠷ᠎ᠠ᠎ᠳ᠋ᠤ ᠠᠷᠠᠳ᠎ᠤᠨ ᠶᠠᠪᠤᠳᠠᠯ᠎ᠤᠨ ᠶᠠᠮᠤᠨ ᠪᠠᠴᠢᠮ ᠮᠡᠳᠡᠭᠳᠡᠯ ᠪᠠᠭᠤᠯᠭᠠᠵᠤ ᠂ ᠡᠯ᠎ᠡ ᠭᠠᠵᠠᠷ᠎ᠤᠨ᠎ᠬᠢᠨ ᠣᠨᠴᠠᠭᠠᠶ ᠴᠠᠭ ᠦᠶ᠎ᠡ᠎ᠶᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠱᠠᠭᠠᠷᠳᠠᠯᠭ᠎ᠠ᠎ᠶᠢ ᠦᠨᠳᠦᠰᠦᠯᠡᠵᠦ ᠂ ᠣᠯᠠᠨ ᠲᠦᠮᠡᠨ᠎ᠢ ᠢᠳᠬᠠᠨ ᠲᠥᠬᠥᠮ ᠪᠥᠭᠡᠳ ᠲᠦᠷᠭᠡᠨ ᠣᠷᠣᠰᠢᠭᠤᠯᠭ᠎ᠠ᠎ᠶᠢᠨ ᠠᠵᠢᠯᠯᠠᠭ᠎ᠠ ᠬᠢᠯᠭᠡᠵᠦ ᠂ ᠬᠥᠮᠦᠰ ᠴᠤᠭᠯᠠᠷᠠᠵᠤ ᠨᠠᠢᠷᠯᠠᠬᠤ᠎ᠡᠴᠠ ᠵᠠᠶᠢᠯᠠᠰᠬᠢᠬᠦ᠎ᠶᠢᠨ ᠬᠠᠮᠲᠤ ᠵᠢᠶᠠᠩᠰᠦ ᠮᠤᠵᠢ᠎ᠶᠢᠨ ᠴᠠᠩᠵᠸᠤ ᠬᠣᠲᠠ᠎ᠶᠢᠨ ︽ ᠤᠷᠤᠰᠢᠭᠤᠯᠭ᠎ᠠ ᠪᠡᠯᠪᠡᠰᠤᠷᠠᠯ ︾᠎ᠤᠨ ᠲᠤᠬᠠᠶ ᠲᠣᠳᠣᠷᠬᠠᠶ ᠲᠣᠭᠲᠠᠭᠠᠯ᠎ᠢ ᠳᠠᠮᠵᠢᠭᠤᠯᠤᠨ ᠲᠠᠷᠬᠠᠭᠠᠵᠤ ᠂ ᠡᠯ᠎ᠡ ᠭᠠᠵᠠᠷ᠎ᠲᠤ ᠯᠠᠪᠯᠠᠯᠲᠠ ᠥᠭᠬᠦ᠎ᠶᠢ ᠱᠠᠭᠠᠷᠳᠠᠪᠠ ᠃ ᠡᠭᠦᠨ᠎ᠳ᠋ᠤ ᠠᠷᠪᠠᠨ ᠲᠠᠯ᠎ᠠ᠎ᠶᠢᠨ ᠱᠠᠭᠠᠷᠳᠠᠯᠭ᠎ᠠ ᠪᠤᠢ ᠄
ᠨᠢᠭᠡ ᠂ ᠭᠡᠷ᠎ᠲᠤᠨᠢ ︽ ᠤᠷᠤᠰᠢᠭᠤᠯᠭ᠎ᠠ ᠪᠡᠯᠪᠡᠰᠤᠷᠠᠯ ︾᠎ᠲᠠᠢ ᠪᠣᠯ ᠳᠠᠷᠤᠶᠢᠬᠠᠨ ᠨᠡᠶᠢᠭᠡᠮ ᠲᠣᠭᠣᠷᠢᠭ ︵ ᠲᠣᠰᠬᠣᠨ ︶᠎ᠲᠤ ᠬᠦᠷᠴᠦ ᠳᠠᠩᠰᠠᠯᠠᠭᠤᠯᠬᠤ᠎ᠶᠢᠨ ᠬᠠᠮᠲᠤ ︽ ᠣᠷᠣᠰᠢᠭᠤᠯᠭ᠎ᠠ ᠪᠡᠯᠪᠠᠰᠤᠷᠠᠯ᠎ᠤᠨ ᠨᠡᠷᠡᠰ ︾ ᠭᠠᠷᠭᠠᠬᠤ ᠬᠡᠷᠡᠭᠲᠡᠶ ᠃ ᠣᠷᠣᠰᠢᠭᠤᠯᠭ᠎ᠠ᠎ᠳ᠋ᠤ ᠤᠷᠤᠯᠴᠠᠬᠤ ᠬᠥᠮᠦᠰ᠎ᠤᠨ ᠬᠡᠪᠴᠢᠶ᠎ᠡ᠎ᠶᠢ ᠪᠠᠭᠠᠰᠬᠠᠵᠤ ᠂ ᠣᠷᠣᠰᠢᠭᠤᠯᠭ᠎ᠠ᠎ᠶᠢᠨ ᠲᠡᠷᠭᠡ᠎ᠶᠢ ᠳᠠᠭᠠᠬᠤ ᠨᠠᠰᠤ ᠨᠥᠭᠴᠢᠭᠰᠡᠳ᠎ᠤᠨ ᠲᠥᠷᠥᠯ ᠰᠠᠳᠤᠨ᠎ᠨᠢ 10 ᠬᠥᠮᠦᠨ ︵ ᠵᠢᠯᠣᠭᠣᠴᠢ ᠪᠠᠭᠲᠠᠨ᠎ᠠ ︶᠎ᠡᠴᠠ ᠬᠡᠲᠦᠷᠡᠵᠦ ᠪᠣᠯᠬᠤ ᠥᠬᠡᠶ ᠂ ᠨᠡᠶᠢᠭᠡᠮ ᠲᠣᠭᠣᠷᠢᠭ ︵ ᠲᠣᠰᠬᠣᠨ ︶᠎ᠤᠨ ᠭᠠᠷᠭᠠᠬᠰᠠᠨ ︽ ᠤᠷᠤᠰᠢᠭᠤᠯᠭ᠎ᠠ ᠪᠡᠯᠪᠡᠰᠤᠷᠠᠯ᠎ᠤᠨ ᠨᠡᠷᠡᠰ ︾ ᠪᠠ ᠣᠷᠣᠰᠢᠭᠤᠯᠭ᠎ᠠ᠎ᠶᠢᠨ ᠬᠥᠮᠦᠰ᠎ᠤᠨ ᠪᠡᠶ᠎ᠡ᠎ᠶᠢᠨ ᠦᠨᠡᠮᠯᠡᠯ᠎ᠢ ᠬᠠᠩᠭᠠᠬᠤ ᠬᠡᠷᠡᠭᠲᠡᠶ ᠃ ᠣᠷᠴᠢᠮ᠎ᠤᠨ 14 ᠡᠳᠦᠷ᠎ᠲᠤ ᠬᠢᠵᠢᠭ᠎ᠤᠨ ᠭᠣᠤᠯᠳᠠᠯᠭ᠎ᠠ᠎ᠲᠠᠢ ᠭᠠᠵᠠᠷ ᠣᠷᠣᠨ᠎ᠢᠶᠠᠷ ᠵᠢᠭᠤᠯᠴᠢᠯᠠᠭᠰᠠᠨ ᠥᠡᠭᠭᠡᠷᠡᠯᠳᠠ᠎ᠲᠠᠢ ᠬᠥᠮᠦᠰ ᠂ ᠣᠨᠣᠰᠢᠯᠠᠭᠰᠠᠨ ᠪᠤᠶᠤ ᠰᠡᠵᠢᠭᠯᠡᠯᠲᠡᠶ ᠡᠪᠡᠳᠴᠢᠨ᠎ᠤ ᠵᠢᠱᠢᠶ᠎ᠡ᠎ᠲᠠᠢ ᠨᠢᠭᠲᠠ ᠣᠶᠢᠷᠠᠲᠤᠭᠰᠠᠨ ᠬᠥᠮᠦᠰ ᠣᠷᠣᠯᠴᠠᠵᠤ ᠪᠣᠯᠬᠤ ᠥᠬᠡᠶ ᠃
ᠬᠣᠶᠠᠷ ᠂ ᠲᠣᠭᠲᠠᠭᠠᠯ᠎ᠡᠴᠠ ᠵᠥᠷᠢᠴᠡᠨ ᠭᠡᠷ᠎ᠤᠨ ᠭᠠᠳᠠᠨ᠎ᠠ ᠫᠧᠩ ᠪᠣᠰᠬᠠᠨ ᠪᠡᠯᠪᠡᠰᠦᠷᠡᠯ ᠬᠢᠬᠦ᠎ᠶᠢ ᠴᠠᠭᠠᠵᠠᠯᠠᠵᠤ ᠂ ︽ ᠤᠷᠤᠰᠢᠭᠤᠯᠭ᠎ᠠ ᠪᠡᠯᠪᠡᠰᠤᠷᠠᠯ ︾᠎ᠳ᠋ᠤ ᠬᠠᠮᠲᠤ᠎ᠶᠢᠨ ᠬᠣᠭᠣᠯᠠᠯᠠᠬᠤ ᠠᠵᠢᠯᠯᠠᠭ᠎ᠠ ᠥᠷᠨᠢᠭᠦᠯᠬᠦ᠎ᠶᠢ ᠴᠠᠭᠠᠵᠠᠯᠠᠨ᠎ᠠ ᠂ ︽ ᠤᠷᠤᠰᠢᠭᠤᠯᠭ᠎ᠠ ᠪᠡᠯᠪᠡᠰᠤᠷᠠᠯ ︾᠎ᠤᠨ ᠬᠥᠮᠦᠰ ᠬᠤᠷᠠᠨ ᠴᠤᠭᠯᠠᠷᠠᠬᠤ ᠠᠵᠢᠯᠯᠠᠭᠠᠨ᠎ᠤ ᠲᠠᠯᠠᠪᠤᠷ ᠬᠠᠩᠭᠠᠵᠤ ᠪᠣᠯᠬᠤ ᠦᠭᠡᠢ ᠃
ᠭᠤᠷᠪᠠ ᠂ ᠨᠠᠰᠤ ᠪᠠᠷᠠᠭᠰᠠᠳ᠎ᠤᠨ ᠬᠡᠷ ᠪᠦᠯᠢ ᠬᠥᠭᠵᠢᠮ᠎ᠤᠨ ᠠᠩᠭᠢ ᠵᠠᠯᠠᠬᠤ ᠂ ᠨᠣᠮ ᠤᠩᠰᠢᠭᠤᠯᠬᠤ ᠂ ᠪᠣᠮᠪᠣ᠎ᠶᠢᠨ ᠲᠠᠯᠠᠪᠤᠷ ᠭᠠᠷᠭᠠᠬᠤ ᠵᠡᠷᠭᠡ ᠮᠤᠬᠤᠷ ᠰᠦᠰᠦᠭ᠎ᠤᠨ ᠠᠵᠢᠯᠯᠠᠭ᠎ᠠ ᠬᠢᠵᠦ ᠪᠣᠯᠬᠤ ᠥᠬᠡᠶ ᠂ ᠴᠢᠨᠳᠠᠷ᠎ᠲᠠᠢ ᠰᠠᠯᠬᠤ ᠶᠣᠰᠣᠯᠠᠯ ᠬᠢᠬᠦ ᠥᠬᠡᠶ ᠂ ᠶᠣᠰᠣᠯᠠᠯ᠎ᠤᠨ ᠲᠡᠷᠭᠡ ᠬᠡᠷᠡᠭᠯᠡᠵᠦ ᠪᠣᠯᠬᠤ ᠥᠬᠡᠶ ᠂ ᠴᠠᠭᠠᠰᠤᠨ ᠵᠣᠭᠣᠰ ᠂ ᠡᠯᠳᠡᠪ ᠶᠠᠭᠤᠮ᠎ᠠ ᠬᠠᠶᠠᠵᠤ ᠰᠠᠴᠤᠵᠤ ᠪᠣᠯᠬᠤ ᠥᠬᠡᠶ ᠃
ᠳᠥᠷᠪᠡ ᠂ ᠣᠷᠣᠰᠢᠭᠤᠯᠭ᠎ᠠ᠎ᠶᠢᠨ ᠣᠷᠳᠣᠨ᠎ᠤ ᠲᠤᠬᠠᠶᠢᠯᠠᠭᠰᠠᠨ ᠠᠵᠢᠯ᠎ᠤᠨ ᠲᠢᠩᠬᠢᠮ ᠪᠣᠯᠤᠨ ᠴᠢᠨᠳᠠᠷ ᠠᠪᠬᠤ ᠭᠠᠵᠠᠷ᠎ᠨᠢ ᠭᠣᠤᠯᠳᠠᠯᠭ᠎ᠠ᠎ᠲᠠᠢ ᠰᠡᠷᠭᠡᠶᠢᠯᠡᠨ ᠡᠵᠡᠮᠳᠡᠬᠦ ᠣᠷᠣᠨ᠎ᠳ᠋ᠤ ᠬᠠᠷᠢᠶᠠᠯᠠᠭᠳᠠᠬᠤ᠎ᠶᠢᠨ ᠬᠠᠮᠲᠤ ᠲᠤᠬᠠᠶᠢᠯᠠᠭᠰᠠᠨ ᠠᠵᠢᠯ᠎ᠢ ᠭᠦᠶᠴᠡᠳᠬᠡᠬᠦ᠎ᠨᠢ 2 ᠡᠷᠦᠬᠡ᠎ᠡᠴᠠ ᠬᠡᠲᠦᠷᠡᠵᠦ ᠪᠣᠯᠬᠤ ᠦᠭᠡᠢ ᠂ ᠪᠤᠰᠤᠳ ᠡᠷᠦᠬᠡ᠎ᠨᠢ ᠭᠠᠳᠠᠨ᠎ᠠ ᠬᠦᠯᠢᠶᠡᠵᠦ ᠂ ᠲᠤᠬᠠᠶᠢᠯᠠᠭᠰᠠᠨ ᠠᠵᠢᠯ ᠭᠦᠶᠴᠡᠳᠬᠡᠬᠦ ᠦᠶ᠎ᠠ᠎ᠳ᠋ᠤ ᠡᠷᠦᠬᠡ ᠪᠦᠷᠢ᠎ᠡᠴᠠ 2 ᠪᠦᠷᠢᠯᠳᠦᠭᠦᠨ᠎ᠡᠴᠠ ᠬᠡᠲᠦᠷᠡᠬᠥᠯᠵᠦ ᠪᠣᠯᠬᠤ ᠦᠭᠡᠢ ᠃
ᠲᠠᠪᠤ᠋ ᠂ ᠣᠷᠣᠰᠢᠭᠤᠯᠭ᠎ᠠ᠎ᠶᠢᠨ ᠭᠠᠵᠠᠷ᠎ᠲᠤ ᠬᠡᠭᠦᠷ᠎ᠢ ᠲᠤᠰᠴᠤ ᠲᠡᠭᠡᠭᠡᠪᠦᠷᠢᠯᠡᠬᠦ ᠂ ᠰᠢᠲᠠᠭᠠᠬᠤ ᠂ ᠤᠬᠢᠶᠠᠬᠤ ᠂ ᠬᠦᠢᠲᠡᠨ᠎ᠢᠶᠠᠷ ᠬᠠᠳᠠᠭᠠᠯᠠᠬᠤ ᠂ ᠴᠢᠨᠳᠠᠷ᠎ᠢ ᠬᠠᠳᠠᠭᠠᠯᠠᠬᠤ ᠲᠤᠬᠠᠶᠢᠯᠠᠭᠰᠠᠨ ᠠᠵᠢᠯ᠎ᠡᠴᠠ ᠭᠠᠳᠠᠨ᠎ᠠ ᠂ ᠪᠤᠰᠤᠳ ᠦᠢᠯᠡᠴᠢᠯᠡᠭᠡ᠎ᠶᠢ ᠴᠥᠮ ᠲᠦᠷ ᠵᠣᠭᠰᠣᠭᠠᠨ᠎ᠠ ᠃ ᠬᠡᠭᠦᠷ᠎ᠢ ᠲᠤᠰᠴᠤ ᠲᠡᠭᠡᠭᠡᠪᠦᠷᠢᠯᠡᠬᠦ᠎ᠡᠴᠠ ᠡᠮᠦᠨ᠎ᠡ ᠂ ︽ ᠰᠠᠭᠤᠭᠠᠯᠢ ᠠᠷᠠᠳ᠎ᠤᠨ ᠦᠬᠦᠭᠰᠡᠨ ᠠᠨᠠᠭᠠᠬᠤ ᠤᠬᠠᠭᠠᠨ᠎ᠤ ᠭᠡᠷᠡᠴᠢ ᠪᠢᠴᠢᠭ ︾ ᠬᠢᠯᠭᠡᠵᠦ ᠂ ᠥᠭᠦᠭᠰᠡᠨ ᠰᠢᠯᠲᠠᠭᠠᠨ᠎ᠢ ᠲᠣᠳᠣᠷᠬᠠᠶ ᠪᠢᠴᠢᠵᠦ ᠂ ᠬᠡᠪ᠎ᠤᠨ ᠪᠤᠰᠤ᠎ᠪᠠᠷ ᠥᠭᠦᠭᠰᠡᠨ ᠬᠡᠭᠦᠷ᠎ᠢ ᠳᠣᠲᠣᠭᠠᠳᠤ᠎ᠶᠢ ᠬᠠᠮᠠᠭᠠᠯᠠᠬᠤ ᠰᠠᠯᠠᠭ᠎ᠠ ᠮᠥᠴᠢᠷ᠎ᠡᠴᠠ ᠣᠷᠣᠰᠢᠭᠤᠯᠭ᠎ᠠ᠎ᠶᠢᠨ ᠭᠠᠵᠠᠷ᠎ᠲᠤ ᠲᠤᠰᠴᠤ ᠲᠡᠭᠡᠭᠡᠪᠦᠷᠢᠯᠡᠭᠦᠯᠬᠦ ᠱᠠᠭᠠᠷᠳᠠᠯᠭ᠎ᠠ ᠳᠤᠷᠠᠳᠬᠤ ᠬᠡᠷᠡᠭᠲᠡᠶ ᠃
ᠵᠢᠷᠭᠤᠭ᠎ᠠ ᠂ ᠲᠤᠰᠠᠭᠠᠷᠯᠠᠨ ᠠᠵᠢᠭᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠬᠥᠮᠦᠰ᠎ᠤᠨ ᠴᠢᠨᠳᠠᠷ᠎ᠢ ᠬᠠᠮᠢᠶ᠎ᠠ ᠪᠥᠬᠥᠶ ᠲᠣᠭᠲᠠᠭᠠᠯ ᠶᠣᠰᠣᠭᠠᠷ ᠰᠢᠢᠳᠪᠦᠷᠢᠯᠡᠵᠦ ᠂ ᠬᠢᠵᠢᠭ᠎ᠤᠨ ᠪᠠᠶᠢᠳᠠᠯ ᠲᠠᠷᠬᠠᠨ ᠲᠡᠯᠭᠡᠷᠡᠬᠦ᠎ᠶᠢ ᠰᠡᠷᠭᠡᠶᠢᠯᠡᠨ᠎ᠡ ᠃
ᠳᠣᠯᠣᠭ᠎ᠠ ᠂ ᠣᠷᠣᠰᠢᠭᠤᠯᠭ᠎ᠠ᠎ᠶᠢᠨ ᠭᠠᠵᠠᠷ᠎ᠲᠤ ᠬᠦᠷᠴᠦ ᠤᠬᠢᠶᠠᠬᠤ ᠂ ᠬᠤᠪᠴᠠᠰᠤ ᠡᠮᠦᠰᠭᠡᠬᠦ ᠂ ᠬᠦᠢᠲᠡᠨ᠎ᠢᠶᠠᠷ ᠬᠠᠳᠠᠭᠠᠯᠠᠬᠤ ᠦᠢᠯᠡᠴᠢᠯᠡᠭᠡ᠎ᠶᠢ ᠭᠦᠶᠴᠡᠳᠬᠡᠪᠡᠯ ᠂ ᠳᠠᠭᠠᠵᠤ ᠶᠠᠪᠤᠭᠰᠠᠳ᠎ᠨᠢ 5 ᠬᠦᠮᠦᠨ ︵ ᠵᠢᠯᠣᠭᠣᠴᠢ ᠪᠠᠭᠲᠠᠨ᠎ᠠ ︶᠎ᠡᠴᠠ ᠬᠡᠲᠦᠷᠡᠵᠦ ᠪᠣᠯᠬᠤ ᠥᠬᠡᠶ ᠂ ᠬᠥᠮᠦᠰ ᠣᠷᠣᠬᠤ ᠦᠶ᠎ᠡ᠎ᠳ᠋ᠤ ᠤᠬᠠᠮᠰᠠᠷ᠎ᠡᠴᠠ᠎ᠪᠠᠨ ᠠᠮᠠᠪᠴᠢ ᠵᠡᠭᠦᠬᠦ᠎ᠶᠢᠨ ᠬᠠᠮᠲᠤ ᠪᠡᠶ᠎ᠡ᠎ᠶᠢᠨ ᠬᠠᠯᠠᠭᠤᠨ ᠬᠡᠮᠵᠢᠬᠦ ᠠᠵᠢᠯ᠎ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ ᠃
ᠨᠠᠢᠮᠠ ᠂ ᠪᠤᠢ ᠪᠦᠬᠦᠢ ᠨᠡᠶᠢᠲᠡ᠎ᠶᠢᠨ ᠤᠩᠭᠤᠨ ᠂ ᠴᠢᠨᠳᠠᠷ᠎ᠤᠨ ᠲᠠᠩᠬᠢᠮ ᠵᠡᠷᠭᠡ ᠴᠢᠨᠳᠠᠷ᠎ᠢ ᠲᠠᠯᠪᠢᠬᠤ ᠲᠥᠬᠥᠭᠡᠷᠦᠮᠵᠢ᠎ᠶᠢ ᠬᠠᠭᠠᠵᠤ ᠂ ᠴᠢᠨᠳᠠᠷ᠎ᠢ ᠲᠠᠯᠪᠢᠬᠤ ᠬᠡᠷᠡᠭᠴᠡᠭᠡ᠎ᠡᠴᠠ ᠭᠠᠳᠠᠨᠠᠬᠢ ᠪᠤᠰᠤᠳ ᠬᠥᠮᠦᠰ᠎ᠤᠨ ᠣᠷᠣᠵᠤ ᠭᠠᠷᠬᠤ᠎ᠶᠢ ᠴᠠᠭᠠᠵᠠᠯᠠᠵᠤ ᠂ ᠴᠢᠨᠳᠠᠷ᠎ᠢ 10 ᠬᠥᠮᠦᠨ᠎ᠡᠴᠠ ᠢᠯᠡᠭᠦᠦ ᠬᠠᠳᠠᠭᠠᠯᠠᠵᠤ ᠪᠣᠯᠬᠤ ᠦᠭᠡᠢ ᠂ ᠠᠯᠢᠪᠠ ᠲᠠᠬᠢᠯᠭ᠎ᠠ᠎ᠶᠢᠨ ᠠᠵᠢᠯᠯᠠᠭ᠎ᠠ᠎ᠶᠢ ᠲᠦᠷ ᠵᠣᠭᠰᠣᠭᠠᠨ᠎ᠠ ᠃
ᠶᠢᠰᠦ ᠂ ᠣᠷᠣᠰᠢᠭᠤᠯᠭ᠎ᠠ᠎ᠶᠢᠨ ᠭᠠᠵᠠᠷ᠎ᠲᠤ ᠣᠷᠣᠰᠢᠭᠤᠯᠭ᠎ᠠ᠎ᠶᠢᠨ ᠶᠠᠪᠤᠳᠠᠯ᠎ᠤᠨ ᠪᠣᠯᠵᠣᠬᠤ ᠦᠢᠯᠡᠴᠢᠯᠡᠭᠡ᠎ᠶᠢ ᠬᠡᠷᠡᠭᠵᠢᠭᠦᠯᠵᠦ ᠂ ᠣᠷᠣᠰᠢᠭᠤᠯᠭ᠎ᠠ᠎ᠶᠢᠨ ᠭᠠᠵᠠᠷ᠎ᠲᠤ ᠣᠷᠣᠰᠢᠭᠤᠯᠭ᠎ᠠ᠎ᠶᠢᠨ ᠡᠷᠦᠬᠡ ᠤᠲᠠᠰᠤ᠎ᠪᠠᠷ ᠤᠷᠢᠳᠴᠢᠯᠠᠨ ᠪᠣᠯᠵᠣᠵᠤ ᠳᠠᠩᠰᠠᠯᠠᠭᠤᠯᠤᠭᠰᠠᠨ ᠪᠠᠶᠢᠪᠠᠯ ᠂ ᠬᠡᠭᠦᠷ᠎ᠢ ᠲᠤᠰᠴᠤ ᠲᠡᠭᠡᠭᠡᠪᠦᠷᠢᠯᠡᠬᠦ ᠂ ᠰᠢᠲᠠᠭᠠᠬᠤ ᠵᠢᠴᠢ ᠴᠢᠨᠳᠠᠷ᠎ᠢ ᠲᠦᠷ ᠬᠠᠳᠠᠭᠠᠯᠠᠬᠤ ᠵᠡᠷᠭᠡ ᠲᠤᠬᠠᠶᠢᠯᠠᠭᠰᠠᠨ ᠠᠵᠢᠯ᠎ᠤᠨ ᠦᠶᠯᠡᠴᠢᠯᠡᠭᠡ᠎ᠶᠢ ᠣᠷᠣᠯᠠᠨ ᠭᠦᠶᠴᠡᠳᠬᠡᠵᠦ ᠂ ᠬᠢᠵᠢᠭ᠎ᠤᠨ ᠪᠠᠶᠢᠳᠠᠯ᠎ᠢ ᠲᠠᠶᠢᠯᠤᠭᠰᠠᠨ᠎ᠤ ᠳᠠᠷᠠᠭ᠎ᠠ ᠴᠢᠨᠳᠠᠷ ᠠᠪᠬᠤ ᠂ ᠣᠷᠣᠰᠢᠭᠤᠯᠬᠤ ᠵᠡᠷᠭᠡ ᠭᠠᠷᠳᠠᠮ᠎ᠢ ᠭᠦᠶᠴᠡᠳᠬᠡᠨ᠎ᠡ ᠃
ᠠᠷᠪᠠ ᠂ ᠨᠠᠮ᠎ᠤᠨ ᠭᠡᠰᠢᠭᠦᠨ ᠺᠠᠳ᠋ᠷ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠵᠤ ᠂ ᠭᠡᠷ ᠪᠦᠯᠢ ᠰᠠᠳᠤᠨ ᠲᠥᠷᠥᠯ᠎ᠢᠶᠡᠨ ᠰᠠᠶᠢᠲᠤᠷ ᠬᠠᠮᠢᠶᠠᠷᠴᠤ ᠂ ᠪᠣᠯᠪᠠᠰᠤᠨ ᠪᠠᠢᠵᠤ ᠠᠷᠪᠢᠯᠠᠨ ᠭᠠᠮᠨᠠᠬᠤ᠎ᠶᠢ ᠴᠢᠡᠭᠭ᠎ᠠ ᠬᠡᠷᠡᠭᠵᠢᠭᠦᠯᠵᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠠᠵᠢᠯ᠎ᠳ᠋ᠤ ᠢᠳᠡᠪᠬᠢᠲᠡᠢ ᠰᠠᠨᠠᠭᠠᠴᠢᠯᠠᠭ᠎ᠠ᠎ᠡᠴᠠ᠎ᠪᠠᠨ ᠣᠷᠣᠯᠴᠠᠬᠤ ᠬᠡᠷᠡᠭᠲᠡᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面