2020-02-16 16:21:11
ᠬᠦᠭᠡᠬᠤᠳᠠ᠎ᠶᠢᠨ ᠬᠠᠤᠯᠢᠴᠢᠳ᠎ᠤᠨ ᠨᠡᠢᠭᠡᠮᠯᠢᠭ᠎ᠤᠨ ᠲᠡᠳ᠋ ᠲᠠᠷᠤᠭ᠎ᠠ ᠂ ᠦᠪᠤᠷ ᠮᠤᠡᠭᠭᠤᠯ᠎ᠤᠨ ᠳ᠋ᠦᠩ ᠿᠢ ᠬᠠᠤᠯᠢᠴᠢ᠎ᠶᠢᠨ ᠬᠡᠷᠡᠭ ᠡᠷᠬᠢᠯᠡᠭᠦ ᠭᠠᠵᠠᠷ᠎ᠦᠨ ᠬᠠᠤᠯᠢᠴᠢ ᠳ᠋ᠣᠸᠠᠨ ᠯᠢᠶᠠᠡᠭᠢ ᠰᠤᠷᠪᠤᠯᠵᠢᠯᠠᠬᠰᠠᠨ᠎ᠨᠢ
1 ᠰᠠᠷ᠎ᠠ᠎ᠶᠢᠨ 20᠎ᠤ ᠡᠳᠦᠷ ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠤ᠎ᠶᠢᠨ ᠵᠦᠪᠯᠡᠯ ᠠᠯᠪᠠᠨ ᠵᠠᠷᠯᠠᠯ ᠨᠡᠢᠳᠡᠯᠡᠵᠦ ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠵᠦᠪᠰᠢᠶᠡᠷᠡᠯ᠎ᠢᠶᠠᠷ ᠰᠢᠨ᠎ᠠ ᠲᠢᠳᠢᠮᠯᠢᠭ ᠠᠭᠤᠰᠭᠢᠨ ᠦᠷᠪᠢᠰᠤᠯᠢ ᠬᠦᠭᠡᠭᠴᠢᠨ ᠲᠦᠷᠦᠯ᠎ᠤᠨ ᠬᠠᠯᠳᠠᠪᠤᠷᠢᠳᠤ ᠡᠪᠡᠳᠴᠢᠨ᠎ᠳ᠋ᠤ ᠤᠷᠤᠭᠤᠯᠬᠤ᠎ᠶᠢᠨ ᠬᠠᠮᠳᠤ ᠂ ᠬᠦᠭᠡ ᠲᠦᠷᠦᠯ᠎ᠤᠨ ᠬᠠᠯᠳᠠᠪᠤᠷᠢᠳᠤ ᠡᠪᠡᠳᠴᠢᠨ᠎ᠢ ᠰᠡᠷᠭᠡᠢᠯᠡᠭᠦ ᠂ ᠰᠡᠷᠭᠡᠢᠯᠡᠨ ᠡᠵᠡᠮᠳᠡᠭᠦ ᠠᠷᠭ᠎ᠠ ᠬᠡᠮᠵᠢᠶ᠎ᠡ ᠠᠪᠴᠠᠢ ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠪᠤᠯ ᠬᠦᠭᠡᠭᠴᠢᠨ ᠲᠦᠷᠦᠯ᠎ᠤᠨ ᠠᠭᠤᠰᠭᠢᠨ ᠦᠷᠪᠢᠰᠤᠯ ᠂ ᠶᠠᠭᠠᠭᠢᠭᠠᠳ ᠬᠦᠭᠡ ᠲᠦᠷᠦᠯ᠎ᠤᠨ ᠬᠠᠯᠳᠠᠪᠤᠷᠢᠳᠤ ᠡᠪᠡᠳᠴᠢᠨ᠎ᠤ ᠶᠤᠰᠤᠭᠠᠷ ᠬᠠᠮᠢᠶᠠᠷᠤᠨ ᠡᠵᠡᠮᠳᠡᠵᠦ ᠪᠠᠢᠭ᠎ᠠ ᠪᠤᠢ ︖ ᠡᠨᠡ ᠠᠰᠠᠭᠣᠳᠠᠯ᠎ᠤᠨ ᠳᠣᠭᠣᠷᠢᠨ᠎ᠳ᠋ᠤ ᠰᠤᠷᠪᠤᠯᠵᠢᠯᠠᠬᠴᠢ ᠬᠦᠭᠡᠬᠤᠳᠠ᠎ᠶᠢᠨ ᠬᠠᠤᠯᠢᠴᠢᠳ᠎ᠤᠨ ᠨᠡᠢᠭᠡᠮᠯᠢᠭ᠎ᠤᠨ ᠲᠡᠳ᠋ ᠲᠠᠷᠤᠭ᠎ᠠ ᠂ ᠦᠪᠤᠷ ᠮᠤᠡᠭᠭᠤᠯ᠎ᠤᠨ ᠳ᠋ᠦ᠋ᠢᠡᠭ ᠿᠢ ᠬᠠᠤᠯᠢᠴᠢ᠎ᠶᠢᠨ ᠬᠡᠷᠡᠭ ᠡᠷᠬᠢᠯᠡᠭᠦ ᠭᠠᠵᠠᠷ᠎ᠤᠨ ᠬᠠᠤᠯᠢᠴᠢ ᠳ᠋ᠤᠸᠠᠨ ᠯᠢᠶᠠᠡᠭᠢ ᠰᠤᠷᠪᠤᠯᠵᠢᠯᠠᠪᠠ ᠃
︽ ︿ ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠬᠠᠯᠳᠠᠪᠤᠷᠢᠳᠤ ᠡᠪᠡᠳᠴᠢᠨ᠎ᠢ ᠰᠡᠷᠭᠡᠢᠯᠡᠨ ᠵᠠᠰᠬᠠᠤ ᠬᠠᠤᠯᠢ ﹀᠎ᠶᠢᠨ ᠲᠦᠷᠪᠡᠳᠦᠭᠡᠷ ᠵᠤᠢᠯ᠎ᠳ᠋ᠤ ᠪᠠᠰᠠ ᠂ ᠪᠤᠰᠤᠳ ᠬᠦᠭᠡᠭᠴᠢᠨ ᠲᠦᠷᠦᠯ᠎ᠤᠨ ᠬᠠᠯᠳᠠᠪᠤᠷᠢᠳᠤ ᠡᠪᠡᠳᠴᠢᠨ ᠪᠠ ᠬᠡᠨᠡᠳᠳᠡ ᠡᠭᠦᠰᠦᠭᠰᠡᠨ ᠰᠢᠯᠳᠠᠭᠠᠨ᠎ᠨᠢ ᠲᠤᠳᠤᠷᠬᠠᠢ ᠦᠭᠡᠢ ᠬᠠᠯᠳᠠᠪᠤᠷᠢᠳᠤ ᠡᠪᠡᠳᠴᠢᠨ᠎ᠳ᠋ᠤ ᠲᠤᠰ ᠬᠠᠤᠯᠢ᠎ᠳ᠋ᠤ ᠬᠡᠯᠡᠵᠦ ᠪᠠᠢᠭ᠎ᠠ ᠬᠦᠭᠡ ᠲᠦᠷᠦᠯ᠎ᠤᠨ ᠬᠠᠯᠳᠠᠪᠤᠷᠢᠳᠤ ᠡᠪᠡᠳᠴᠢᠨ᠎ᠢ ᠰᠡᠷᠭᠡᠢᠯᠡᠭᠦ ᠂ ᠡᠵᠡᠮᠳᠡᠭᠦ ᠠᠷᠭ᠎ᠠ ᠬᠡᠮᠵᠢᠶ᠎ᠡ᠎ᠶᠢ ᠬᠡᠷᠡᠭᠯᠡᠵᠦ ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠬ ᠵᠠᠬᠢᠷᠭᠠᠨ᠎ᠤ ᠰᠠᠯᠠᠭ᠎ᠠ ᠮᠦᠴᠢᠷ ᠲᠦᠷᠦ᠎ᠶᠢᠨ ᠶᠠᠪᠤᠳᠠᠯ᠎ᠤᠨ ᠬᠤᠷᠢᠶ᠎ᠠ᠎ᠳ᠋ᠤ ᠴᠠᠬ ᠲᠤᠬᠠᠢ᠎ᠳ᠋ᠤᠨᠢ ᠮᠡᠳᠡᠭᠦᠯᠵᠦ ᠵᠦᠪᠰᠢᠶᠡᠷᠡᠭᠦᠯᠦᠭᠰᠡᠨ᠎ᠤ ᠲᠠᠷᠠᠭ᠎ᠠ ᠨᠡᠢᠳᠡᠯᠡᠵᠦ ᠂ ᠬᠡᠷᠡᠭᠵᠢᠭᠦᠯᠦᠨ᠎ᠠ ᠭᠡᠵᠦ ᠲᠤᠬᠳᠠᠭᠠᠵᠠᠢ ︾ ᠭᠡᠵᠦ ᠳ᠋ᠤᠸᠠᠨ ᠯᠢᠶᠠᠡᠭ ᠬᠡᠯᠡᠨ᠎ᠠ ᠃ ᠲᠡᠭᠦᠨ᠎ᠤ ᠬᠡᠯᠡᠬᠦ᠎ᠪᠠᠷ ᠂ ᠤᠯᠤᠰ᠎ᠤᠨ ᠬᠠᠮᠢᠶ᠎ᠠ ᠪᠦᠭᠦᠢ ᠰᠠᠯᠠᠭ᠎ᠠ ᠮᠦᠴᠢᠷ ᠰᠢᠨ᠎ᠠ ᠲᠢᠳᠢᠮᠯᠢᠭ ᠠᠭᠤᠰᠬᠢᠨ ᠦᠷᠪᠢᠰᠤᠯᠢ ᠬᠦᠭᠡᠭᠴᠢᠨ ᠲᠦᠷᠦᠯ᠎ᠤᠨ ᠬᠠᠯᠳᠠᠪᠤᠷᠢᠳᠤ ᠡᠪᠡᠳᠴᠢᠨ᠎ᠳ᠋ᠤ ᠤᠷᠤᠭᠤᠯᠵᠦ ᠂ ᠬᠦᠭᠡ ᠲᠦᠷᠦᠯ᠎ᠤᠨ ᠬᠠᠯᠳᠠᠪᠤᠷᠢᠳᠤ ᠡᠪᠡᠳᠴᠢᠨ᠎ᠤ ᠶᠤᠰᠤᠭᠠᠷ ᠬᠠᠮᠢᠶᠠᠷᠴᠤ ᠡᠵᠡᠮᠳᠡᠵᠦ ᠪᠠᠢᠭ᠎ᠠ᠎ᠨᠢ ᠪᠦᠷᠢᠮᠦᠰᠤᠨ ᠬᠠᠤᠯᠢ ᠴᠠᠭᠠᠵᠠ ᠬᠠᠤᠯᠢ ᠳᠣᠭᠳᠠᠭᠠᠯ ᠶᠤᠰᠤᠭᠠᠷ ᠭᠠᠷᠭᠠᠬᠰᠠᠨ ᠲᠤᠬᠳᠠᠭᠠᠯ ᠪᠤᠯᠤᠨ᠎ᠠ ᠃
︽ ︿ ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠬᠠᠯᠳᠠᠪᠤᠷᠢᠳᠤ ᠡᠪᠡᠳᠴᠢᠨ᠎ᠢ ᠰᠡᠷᠭᠡᠢᠯᠡᠨ ᠵᠠᠰᠠᠬᠤ ᠬᠠᠤᠯᠢ ﹀᠎ᠶᠢᠨ ᠭᠤᠴᠢ ᠶᠢᠰᠦᠳᠦᠭᠡᠷ ᠵᠦᠢᠯ᠎ᠳ᠋ᠤ ᠂ ᠡᠮᠴᠢᠯᠡᠭᠡᠨ᠎ᠤ ᠪᠠᠢᠭᠤᠯᠤᠮᠵᠢ ᠬᠦᠭᠡ ᠲᠦᠷᠦᠯ᠎ᠤᠨ ᠬᠠᠯᠳᠠᠪᠤᠷᠢᠳᠤ ᠡᠪᠡᠳᠴᠢᠨ᠎ᠢ ᠢᠯᠡᠷᠡᠭᠦᠯᠭᠦ ᠦᠶᠡᠰ ᠂ ᠴᠠᠬ ᠲᠤᠬᠠᠢ᠎ᠳ᠋ᠤᠨᠢ ᠲᠤᠤᠷᠠᠬᠢ ᠠᠷᠭ᠎ᠠ ᠬᠡᠮᠵᠢᠶ᠎ᠡ᠎ᠶᠢ ᠬᠡᠷᠡᠭᠵᠢᠭᠦᠯᠭᠦ ᠶᠤᠰᠤᠳᠠᠢ ᠄ ᠡᠪᠡᠳᠴᠢᠳᠡᠨ ᠂ ᠡᠪᠡᠳᠴᠢᠨ᠎ᠤ ᠸᠢᠷᠤᠰᠢ ᠠᠪᠴᠦ ᠶᠠᠪᠤᠭᠴᠢ᠎ᠶᠢ ᠲᠤᠰᠠᠭᠠᠷᠯᠠᠨ ᠡᠮᠨᠡᠵᠤ ᠂ ᠲᠤᠰᠠᠭᠠᠷᠯᠠᠬᠤ ᠬᠤᠭᠤᠴᠠᠭ᠎ᠠ᠎ᠶᠢ ᠠᠨᠠᠭᠠᠬᠤ ᠤᠬᠠᠭᠠᠨ᠎ᠤ ᠪᠠᠢᠴᠠᠭᠠᠯᠳᠠ᠎ᠶᠢᠨ ᠦᠷ᠎ᠠ ᠳ᠋ᠦ᠋ᠢᠡᠭᠢ ᠦᠨᠳᠦᠰᠦᠯᠡᠨ ᠲᠤᠬᠳᠠᠭᠠᠨ᠎ᠠ ︔ ᠰᠡᠵᠢᠭᠯᠡᠯᠳᠡᠢ ᠡᠪᠡᠳᠴᠢᠳᠡᠨ᠎ᠢ ᠤᠨᠤᠰᠢᠯᠠᠬᠤ᠎ᠡᠴᠠ ᠡᠮᠦᠨ᠎ᠠ ᠲᠤᠬᠳᠠᠬᠰᠠᠨ ᠲᠠᠯᠠᠪᠤᠷ᠎ᠲᠤ ᠭᠠᠬᠴᠠᠭᠠᠷᠢᠨᠢ ᠲᠤᠰᠠᠭᠠᠷᠯᠠᠨ ᠡᠮᠴᠢᠯᠡᠨ᠎ᠠ ︔ ᠡᠮᠴᠢᠯᠡᠭᠡᠨ᠎ᠤ ᠪᠠᠢᠭᠤᠯᠤᠮᠵᠢ᠎ᠶᠢᠨ ᠲᠤᠳᠤᠷᠠᠬᠢ ᠡᠪᠡᠳᠴᠢᠳᠠᠨ ᠂ ᠡᠪᠡᠳᠴᠢᠨ᠎ᠤ ᠸᠢᠷᠤᠰᠢ ᠠᠪᠴᠦ ᠶᠠᠪᠤᠭᠴᠢ ᠂ ᠰᠡᠵᠢᠭᠯᠡᠯᠳᠡᠢ ᠡᠪᠡᠳᠴᠢᠳᠡᠨ᠎ᠲᠠᠢ ᠨᠢᠬᠳᠠ ᠣᠢᠷᠠᠳᠣᠭᠰᠠᠳᠢ ᠲᠤᠬᠳᠠᠬᠰᠠᠨ ᠲᠠᠯᠠᠪᠠᠢ᠎ᠳ᠋ᠤ ᠠᠨᠠᠭᠠᠬᠤ ᠤᠬᠠᠭᠠᠨ᠎ᠤ ᠠᠵᠢᠬᠯᠠᠯᠳᠠ ᠬᠢᠭᠦ ᠪᠠ ᠪᠤᠰᠤᠳ ᠴᠢᠬᠤᠯᠠ ᠪᠦᠭᠦᠢ ᠤᠷᠢᠳᠴᠢᠯᠠᠨ ᠰᠡᠷᠭᠡᠢᠯᠡᠭᠦ ᠠᠷᠭ᠎ᠠ ᠬᠡᠮᠵᠢᠶ᠎ᠡ ᠠᠪᠤᠨ᠎ᠠ ᠃ ᠲᠤᠰᠠᠭᠠᠷᠯᠠᠨ ᠡᠮᠴᠢᠯᠡᠭᠦ᠎ᠶᠢ ᠡᠰᠡᠷᠭᠦᠴᠡᠭᠦ ᠪᠤᠶᠤ ᠲᠤᠰᠠᠭᠠᠷᠯᠠᠬᠤ ᠬᠤᠭᠤᠴᠠᠭ᠎ᠠ᠎ᠨᠢ ᠭᠦᠢᠴᠡᠬᠦ᠎ᠡᠴᠠ ᠡᠮᠦᠨ᠎ᠠ ᠲᠤᠷ᠎ᠠ᠎ᠪᠠᠷ᠎ᠢᠶᠡᠨ ᠲᠤᠰᠠᠭᠠᠷᠯᠠᠬᠤ ᠡᠮᠴᠢᠯᠡᠭᠡ᠎ᠡᠴᠠ ᠰᠠᠯᠤᠡᠭᠭᠢᠷᠠᠬᠰᠠᠳᠢ ᠲᠤᠳᠤᠭᠠᠳᠤ᠎ᠶᠢ ᠬᠠᠮᠠᠭᠠᠯᠠᠬᠤ ᠪᠠᠢᠭᠤᠯᠭ᠎ᠠ ᠡᠮᠴᠢᠯᠡᠭᠡᠨ᠎ᠤ ᠪᠠᠢᠭᠤᠯᠤᠮᠵᠢ᠎ᠲᠠᠢ ᠬᠠᠮᠵᠢᠵᠦ ᠠᠯᠪᠠᠳᠠᠯᠭ᠎ᠠ᠎ᠪᠠᠷ ᠲᠤᠰᠠᠭᠠᠷᠯᠠᠨ ᠡᠮᠴᠢᠯᠡᠭᠦ ᠠᠷᠭ᠎ᠠ ᠬᠡᠮᠵᠢᠶ᠎ᠡ ᠠᠪᠴᠤ ᠪᠤᠯᠤᠨ᠎ᠠ ᠭᠡᠵᠦ ᠳᠣᠭᠳᠠᠭᠠᠵᠠᠢ ︾ ᠭᠡᠵᠦ ᠳ᠋ᠤᠸᠠᠨ ᠯᠢᠶᠡᠡᠭ ᠬᠡᠯᠡᠨ᠎ᠠ ᠃
︽ ᠤᠳᠤᠬᠠᠨ᠎ᠳ᠋ᠤ ᠪᠦᠭᠦ ᠤᠯᠤᠰ᠎ᠤᠨ ᠡᠯ᠎ᠠ ᠭᠠᠵᠡᠷ ᠤᠷᠤᠨ ᠬᠠᠯᠳᠠᠪᠤᠷᠢᠯᠠᠬᠰᠠᠨ ᠡᠪᠡᠳᠴᠢᠳᠡᠨ᠎ᠢ ᠲᠤᠰᠠᠭᠠᠷᠯᠠᠨ ᠡᠮᠴᠢᠯᠡᠭᠦ ᠂ ᠨᠢᠬᠳᠠ ᠣᠢᠷᠠᠳᠣᠭᠰᠠᠳᠢ ᠲᠤᠰᠠᠭᠠᠷᠯᠠᠨ ᠠᠨᠠᠭᠠᠬᠤ ᠤᠬᠠᠭᠠᠨ᠎ᠤ ᠠᠵᠢᠬᠯᠠᠯᠳᠠ ᠬᠢᠭᠦ ᠵᠡᠷᠭᠡ ᠠᠷᠭ᠎ᠠ ᠬᠡᠮᠵᠢᠶ᠎ᠡ ᠠᠪᠴᠤ ᠪᠠᠢᠭ᠎ᠠ᠎ᠨᠢ ᠪᠦᠷᠢᠮᠦᠰᠦᠨ ᠤᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠠ ᠮᠠᠬᠠᠪᠤᠳ᠎ᠤᠨ ᠬᠢᠨᠢ ᠡᠷᠡᠭᠦᠯ ᠮᠡᠨᠳᠤ᠎ᠳ᠋ᠤ ᠲᠡᠭᠡᠳᠤ ᠬᠡᠮᠵᠢᠶ᠎ᠠ᠎ᠪᠠᠷ ᠬᠠᠷᠢᠭᠤᠴᠠᠵᠣ ᠪᠠᠢᠭ᠎ᠠ ᠶᠠᠪᠣᠳᠠᠯ ᠪᠣᠯᠣᠨ᠎ᠠ ᠂ ᠬᠢᠵᠢᠭ᠎ᠤᠨ ᠪᠠᠢᠳᠠᠯ᠎ᠢ ᠲᠠᠷᠤᠢ ᠲᠦᠷᠭᠡᠨ ᠪᠦᠳᠦᠮᠵᠢᠳᠠᠢ ᠡᠵᠡᠮᠳᠡᠨ ᠬᠣᠷᠢᠭᠯᠠᠬᠣ᠎ᠳ᠋ᠤ ᠠᠰᠢᠬᠳᠠᠢ ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠤ ᠬᠤᠷᠢᠬᠯᠠᠬᠤ᠎ᠳ᠋ᠤ ᠬᠦᠮᠦᠨ ᠪᠦᠭᠦᠨ᠎ᠲᠠᠢ ᠬᠠᠷᠢᠭᠤᠴᠠᠯᠭ᠎ᠠ᠎ᠲᠠᠢ ᠂ ᠤᠯᠠᠨ ᠲᠦᠮᠡᠨ ᠵᠠᠰᠠᠬ᠎ᠤᠨ ᠤᠷᠳᠤᠨ᠎ᠤ ᠰᠠᠯᠠᠭ᠎ᠠ ᠮᠦᠴᠢᠷ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ ᠠᠵᠢᠯ᠎ᠢ ᠰᠠᠨᠠᠭᠠᠴᠢᠯᠠᠭ᠎ᠠ᠎ᠡᠴᠠ᠎ᠪᠠᠨ ᠬᠠᠮᠵᠢᠵᠦ ᠂ ᠬᠠᠮᠢᠶ᠎ᠠ ᠪᠦᠭᠦᠢ ᠬᠠᠤᠯᠢ ᠴᠠᠭᠠᠵᠠ ᠬᠠᠤᠯᠢ ᠲᠤᠬᠳᠠᠭᠠᠯ᠎ᠢ ᠵᠢᠷᠤᠮᠯᠠᠵᠦ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ ᠬᠣᠷᠢᠭᠯᠠᠯᠳᠠᠶᠢᠨ ᠲᠠᠢᠯᠠᠯᠳᠤᠭᠠᠨ᠎ᠤ ᠢᠯᠠᠯᠳᠠ᠎ᠶᠢ ᠤᠯᠬᠤ᠎ᠳ᠋ᠤ ᠰᠠᠢᠨ ᠰᠠᠢᠬᠠᠨ ᠨᠦᠭᠦᠴᠡᠯ ᠡᠭᠦᠳᠦᠨ ᠦᠭᠭᠦ ᠬᠡᠷᠡᠭᠳᠡᠢ ︾ ᠭᠡᠵᠦ ᠳ᠋ᠤᠸᠠᠨ ᠯᠢᠶᠠᠡᠭ ᠴᠢᠬᠤᠯᠠᠴᠢᠯᠠᠨ ᠶᠠᠷᠢᠯ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃