ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-18 13:53:03

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

 ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠤᠷᠢᠬᠯᠠᠯᠳᠠ᠎ᠶᠢᠨ ᠲᠠᠢᠯᠠᠯᠳᠤᠭᠠᠨ᠎ᠤ ᠢᠯᠠᠯᠳᠠ᠎ᠶᠢ ᠤᠯᠬᠤ ᠲᠤᠬᠠᠢ ᠲᠠᠪᠤᠨᠳᠠ ᠦᠬᠦᠯᠡᠬᠦ᠎ᠨᠢ
ᠦᠪᠦᠷ ᠮᠤᠩᠭᠤᠯ᠎ᠤᠨ ᠡᠳᠤᠷ᠎ᠤᠨ ᠰᠤᠨᠢᠨ᠎ᠤ ᠰᠢᠬᠦᠮᠵᠢᠯᠡᠭᠴᠢ

ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠨᠦᠮᠦᠷᠢᠨ ᠢᠷᠡᠵᠤ ᠂ ᠠᠷᠠᠳ ᠣᠯᠠᠨ᠎ᠤ ᠠᠮᠤᠷ ᠲᠦᠪᠰᠢᠨ ᠪᠠ ᠡᠷᠡᠭᠦᠯ ᠮᠡᠨᠳᠦ᠎ᠶᠢ ᠬᠦᠨᠳᠦ ᠨᠣᠴᠢᠲᠠᠶ ᠰᠦᠷᠳᠡᠭᠦᠯᠦᠭᠰᠡᠨ ᠪᠥᠭᠡᠳ ᠠᠵᠤ ᠠᠬᠤᠶ ᠨᠡᠶᠢᠭᠡᠮ᠎ᠤᠨ ᠬᠦᠭᠵᠢᠯᠲᠡ᠎ᠳ᠋ᠤ ᠴᠦ ᠴᠤᠬᠢᠯᠳᠠ ᠦᠭᠴᠤ ᠨᠥᠯᠥᠭᠡ ᠦᠵᠡᠬᠦᠯᠦᠭᠰᠡᠨ ᠪᠠᠶᠢᠨ᠎ᠠ ᠃ ᠣᠳᠣᠬᠠᠨ᠎ᠳ᠋ᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠷᠢᠭᠯᠠᠯᠳᠠ᠎ᠶᠢᠨ ᠲᠠᠢᠯᠠᠯᠳᠤᠭᠠᠨ᠎ᠤ ᠢᠯᠠᠯᠲᠠ᠎ᠶᠢ ᠵᠠᠪᠠᠯ ᠤᠯᠬᠤ ᠬᠡᠷᠡᠭᠲᠡᠶ ᠮᠥᠷᠲᠡᠭᠡᠨ ᠬᠢᠵᠢᠭ᠎ᠤᠨ ᠪᠠᠶᠢᠳᠠᠯ᠎ᠤᠨ ᠠᠵᠤ ᠠᠬᠤᠶ ᠨᠡᠶᠢᠭᠡᠮ᠎ᠤᠨ ᠬᠥᠭᠵᠢᠯᠲᠡ᠎ᠳ᠋ᠤ ᠦᠵᠡᠭᠦᠯᠬᠦ ᠨᠥᠯᠥᠭᠡ᠎ᠶᠢ ᠬᠠᠮᠤᠭ᠎ᠤᠨ ᠳᠣᠤᠷ᠎ᠠ ᠬᠡᠮᠵᠢᠶᠡᠨ᠎ᠳ᠋ᠤ ᠬᠦᠷᠲᠡᠯ᠎ᠡ ᠪᠠᠭᠤᠷᠠᠭᠤᠯᠵᠤ ᠂ ᠡᠨᠡ ᠵᠢᠯ᠎ᠤᠨ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠬᠠᠷᠠᠯᠲᠠ᠎ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠂ ᠡᠨᠡ ᠪᠣᠯ ᠮᠠᠨ᠎ᠤ ᠨᠢᠳᠤᠨ ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠨᠢᠭᠡᠨ ᠡᠭᠦᠷᠭᠡ ᠪᠤᠯᠬᠤ ᠶᠤᠮ ᠃
ᠬᠢᠵᠢᠭ᠎ᠤᠨ ᠪᠠᠢᠳᠠᠯ ᠪᠣᠯ ᠠᠳᠠ ᠴᠢᠳᠬᠦᠷ ᠂ ᠪᠢᠳᠡ ᠠᠳᠠ ᠴᠢᠳᠬᠦᠷ᠎ᠢ ᠨᠢᠭᠤᠨ ᠲᠠᠯᠳᠠᠯᠠᠭᠤᠯᠵᠤ ᠪᠤᠯᠬᠤ ᠦᠭᠡᠢ ᠃ ᠴᠠᠭᠠᠨ ᠰᠠᠷ᠎ᠠ᠎ᠶᠢᠨ ᠠᠮᠠᠷᠠᠯᠳᠠ ᠲᠡᠭᠤᠰᠴᠤ ᠨᠠᠭᠠᠰᠢ ᠴᠠᠭᠠᠰᠢ ᠶᠠᠪᠤᠬᠤ ᠬᠥᠮᠦᠨ ᠠᠭᠠᠵᠢᠮ᠎ᠢᠶᠠᠷ ᠨᠡᠮᠡᠭᠳᠡᠬᠦ᠎ᠶᠢ ᠳᠠᠭᠠᠯᠳᠤᠨ ᠂ ᠬᠢᠵᠢᠭ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠴᠤ ᠲᠦᠷᠭᠡᠨ ᠨᠡᠮᠡᠭᠳᠡᠵᠦ ᠂ ᠰᠡᠷᠭᠡᠶᠢᠯᠡᠨ ᠡᠵᠡᠮᠳᠡᠬᠦ ᠪᠠᠢᠳᠠᠯ ᠨᠡᠩ ᠪᠤᠳᠤᠯᠢᠶᠠᠨᠲᠠᠶ ᠪᠣᠯᠵᠤ ᠂ ᠰᠡᠷᠭᠡᠶᠢᠯᠡᠨ ᠡᠵᠡᠮᠳᠡᠬᠦ ᠬᠦᠴᠢᠷᠳᠡᠯ ᠢᠯᠡᠳᠲᠡ ᠨᠡᠮᠡᠭᠳᠡᠵᠦ ᠪᠠᠶᠢᠨ᠎ᠠ ᠃ ᠡᠨᠡ ᠬᠦ ᠪᠠᠢᠳᠠᠯ ᠳᠣᠤᠷ᠎ᠠ ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ ᠡᠷᠬᠡᠪᠰᠢ ᠣᠳᠣᠬᠠᠨ᠎ᠤ ᠬᠢᠵᠢᠭ᠎ᠤᠨ ᠪᠠᠢᠳᠠᠯ᠎ᠤᠨ ᠬᠦᠨᠳᠦ ᠨᠣᠴᠢᠲᠠᠶ ᠴᠢᠨᠠᠷ᠎ᠢ ᠭᠦᠨᠵᠡᠭᠡᠶ ᠲᠠᠨᠢᠵᠤ ᠂ ᠮᠠᠨ᠎ᠤ ᠣᠷᠣᠨ᠎ᠤ ᠬᠢᠵᠢᠭ᠎ᠤᠨ ᠪᠠᠢᠳᠠᠯ᠎ᠤᠨ ᠣᠨᠴᠠᠯᠢᠭ᠎ᠢ ᠣᠨᠣᠴᠠᠳᠠᠢ ᠡᠵᠡᠮᠳᠡᠵᠦ ᠂ ᠵᠣᠬᠢᠶᠠᠨ ᠪᠠᠶᠢᠭᠤᠯᠤᠯᠲᠠ᠎ᠶᠢᠨ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠨ ᠂ ᠰᠡᠷᠭᠡᠶᠢᠯᠡᠨ ᠡᠵᠡᠮᠳᠡᠬᠦ ᠠᠵᠢᠯ᠎ᠢ ᠨᠠᠩ ᠴᠢᠩᠭ᠎ᠠ ᠨᠢᠮᠪᠠᠶ ᠰᠠᠶᠢᠲᠤᠷ ᠬᠢᠵᠦ ᠂ ᠭᠠᠳᠠᠨ᠎ᠠ᠎ᠡᠴᠠ ᠬᠠᠯᠳᠠᠪᠤᠷᠢᠯᠡᠨ ᠤᠷᠤᠵᠤ ᠢᠷᠡᠬᠦ᠎ᠶᠢ ᠰᠡᠷᠭᠡᠶᠢᠯᠡᠵᠤ ᠂ ᠳᠣᠲᠣᠭᠠᠳᠤ᠎ᠳᠠᠭᠠᠨ ᠲᠡᠷᠬᠠᠨ ᠲᠡᠯᠭᠡᠷᠡᠬᠦ᠎ᠶᠢ ᠰᠡᠷᠭᠡᠶᠢᠯᠡᠬᠦ ᠡᠨᠡ ᠬᠤᠶᠠᠷ ᠶᠡᠭᠡ ᠭᠤᠭᠴᠤᠭ᠎ᠠ᠎ᠶᠢ ᠡᠷᠡᠰ ᠰᠠᠶᠢᠲᠤᠷ ᠠᠳᠬᠤᠵᠤ ᠂ ᠬᠠᠯᠳᠠᠪᠤᠷᠢᠯᠠᠯ᠎ᠤᠨ ᠡᠬᠢ ᠰᠤᠷᠪᠤᠯᠵᠢ᠎ᠶᠢ ᠠᠯᠢ ᠴᠢᠳᠠᠬᠤ᠎ᠪᠠᠷ ᠲᠠᠰᠤᠯᠵᠤ ᠂ ᠬᠢᠵᠢᠭ᠎ᠤᠨ ᠪᠠᠢᠳᠠᠯ᠎ᠤᠨ ᠲᠠᠷᠬᠠᠯᠳᠠ᠎ᠶᠢᠨ ᠬᠦᠷᠢᠶ᠎ᠡ ᠬᠡᠪᠴᠢᠶ᠎ᠡ᠎ᠶᠢ ᠬᠢᠵᠠᠭᠠᠷᠯᠠᠨ ᠡᠵᠡᠮᠳᠡᠬᠦ ᠬᠡᠷᠡᠭᠲᠡᠶ ᠃ ᠡᠭᠦᠨ᠎ᠤ ᠬᠠᠮᠲᠤ ᠂ ᠨᠡᠶᠢᠭᠡᠮ ᠲᠣᠭᠤᠷᠢᠭ ᠡᠨᠡ ᠬᠦ ᠬᠠᠮᠤᠭ᠎ᠤᠨ ᠪᠦᠲᠦᠮᠵᠢᠲᠡᠶ ᠰᠡᠷᠭᠡᠶᠢᠯᠡᠯᠲᠡ᠎ᠶᠢᠨ ᠱᠤᠭᠤᠮ᠎ᠢ ᠡᠷᠬᠡᠪᠰᠢ ᠪᠠᠲᠤ ᠰᠠᠬᠢᠬᠤ ᠬᠡᠷᠡᠭᠲᠡᠶ ᠃ ᠰᠡᠷᠭᠡᠶᠢᠯᠡᠨ ᠡᠵᠡᠮᠳᠡᠬᠦ ᠬᠦᠴᠦᠨ᠎ᠢᠶᠡᠨ ᠨᠡᠶᠢᠭᠡᠮ ᠲᠣᠭᠤᠷᠢᠭ ᠲᠡᠢᠰᠢ ᠬᠠᠨᠳᠤᠭᠤᠯᠵᠤ ᠂ ᠨᠡᠶᠢᠭᠡᠮ ᠲᠣᠭᠤᠷᠢᠭ᠎ᠤᠨ ᠡᠯ᠎ᠡ ᠵᠦᠢᠯ᠎ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢᠨ ᠨᠠᠶᠢᠳᠠᠪᠤᠷᠢᠵᠢᠭᠤᠯᠤᠯᠲᠠ᠎ᠶᠢ ᠴᠢᠩᠭᠠᠳᠬᠠᠨ ᠂ ᠡᠷᠦᠬᠡ᠎ᠪᠠᠷ ᠬᠦᠨᠵᠡᠬᠡᠢᠷᠡᠨ ᠵᠢᠬᠰᠠᠭᠠᠨ ᠪᠠᠶᠢᠴᠠᠭᠠᠬᠤ ᠂ ᠬᠦᠮᠦᠨ᠎ᠢ ᠬᠠᠮᠢᠶᠠᠷᠤᠨ ᠡᠵᠡᠮᠳᠡᠬᠦ ᠢᠯᠠᠩᠭᠤᠶ᠎ᠠ ᠭᠤᠤᠯᠳᠠᠯᠭ᠎ᠠ᠎ᠲᠠᠢ ᠬᠦᠮᠦᠰ᠎ᠢ ᠬᠢᠨᠠᠨ ᠡᠵᠡᠮᠳᠡᠬᠦ ᠵᠡᠷᠭᠡ ᠠᠵᠢᠯ᠎ᠢ ᠪᠥᠬᠦ ᠲᠠᠯ᠎ᠠ᠎ᠪᠠᠷ ᠰᠠᠶᠢᠲᠤᠷ ᠬᠢᠵᠦ ᠂ ᠦᠨᠳᠦᠰᠦᠨ ᠱᠠᠲᠤᠨ᠎ᠤ ᠬᠠᠮᠢᠶᠠᠷᠤᠨ ᠡᠵᠡᠮᠳᠡᠬᠦ ᠲᠣᠤᠷ ᠰᠦᠯᠵᠢᠶ᠎ᠡ᠎ᠶᠢ ᠴᠢᠩᠭ᠎ᠠ ᠪᠦᠬᠡᠳ ᠨᠢᠭᠲᠠ ᠪᠦᠷᠬᠦᠬᠦᠯᠦᠨ ᠡᠵᠡᠮᠳᠡᠵᠤ ᠂ ᠪᠥᠬᠦ ᠬᠦᠴᠦᠨ᠎ᠢᠶᠠᠷ᠎ᠢᠶᠡᠨ ︽ ᠡᠬᠦᠳᠡ᠎ᠪᠠᠨ ᠰᠠᠶᠢᠲᠤᠷ ᠰᠠᠬᠢᠵᠤ ︾ ᠂ ︽ ᠬᠥᠮᠦᠨ᠎ᠢ ᠰᠠᠶᠢᠲᠤᠷ ᠬᠠᠷᠠᠵᠤ ︾ ᠂ ᠨᠢᠭᠡ ᠡᠷᠦᠬᠡ᠎ᠶᠢ ᠴᠦ ᠣᠷᠬᠢᠭᠳᠠᠭᠤᠯᠬᠤ ᠥᠬᠡᠶ ᠂ ᠨᠢᠭᠡ ᠬᠥᠮᠦᠨ᠎ᠢ ᠴᠦ ᠣᠷᠬᠢᠭᠳᠠᠭᠤᠯᠬᠤ ᠥᠬᠡᠶ ᠪᠠᠶᠢᠬᠤ᠎ᠶᠢ ᠪᠡᠶᠡᠯᠡᠭᠦᠯᠵᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠᠲᠤ ᠪᠠᠬᠢ ᠪᠠᠬᠢᠯᠡᠯᠲᠡ᠎ᠶᠢ ᠴᠤᠭᠴᠠᠯᠠᠬᠤ ᠬᠡᠷᠡᠭᠳᠡᠢ ᠃
ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠪᠦᠬᠦ ᠬᠦᠴᠦᠨ᠎ᠢᠶᠠᠷ᠎ᠢᠶᠡᠨ ᠰᠠᠶᠢᠲᠤᠷ ᠬᠢᠬᠦ᠎ᠨᠢ ᠠᠵᠤ ᠠᠬᠤᠢ᠎ᠶᠢ ᠤᠷᠬᠢᠵᠤ ᠂ ᠬᠦᠭᠵᠢᠯᠳᠠ᠎ᠶᠢ ᠬᠠᠮᠢᠶᠠᠷᠬᠤ ᠦᠭᠡᠶ ᠭᠡᠰᠡᠨ ᠶᠠᠪᠤᠳᠠᠯ ᠤᠬᠳᠤ ᠪᠢᠰᠢ ᠃ ᠡᠭᠦᠨ᠎ᠤ ᠡᠰᠡᠷᠭᠦ᠎ᠪᠠᠷ ᠂ ᠠᠵᠤ ᠠᠬᠤᠶ ᠨᠡᠶᠢᠭᠡᠮ᠎ᠤᠨ ᠬᠡᠪ᠎ᠤᠨ ᠡᠮᠬᠢ ᠵᠢᠷᠤᠮ᠎ᠢ ᠦᠨᠡᠨ ᠬᠦ ᠬᠠᠮᠠᠭᠠᠯᠠᠬᠤ ᠪᠣᠯ ᠪᠢᠳᠠᠠ᠎ᠤ ᠬᠤᠷᠢᠬᠯᠠᠯᠳᠠ᠎ᠶᠢᠨ ᠲᠠᠢᠯᠠᠯᠳᠤᠭᠠᠨ᠎ᠤ ᠢᠯᠠᠯᠲᠠ᠎ᠶᠢ ᠤᠯᠬᠤ᠎ᠶᠢᠨ ᠪᠣᠳᠠᠰ᠎ᠤᠨ ᠰᠠᠭᠤᠷᠢ ᠮᠥᠨ ᠃ ᠨᠢᠭᠡ ᠲᠠᠯ᠎ᠠ᠎ᠪᠠᠷ ᠂ ᠤᠯᠠᠨ ᠲᠦᠮᠡᠨ᠎ᠤ ᠬᠡᠪ᠎ᠤᠨ ᠠᠮᠢᠳᠤᠷᠠᠯ᠎ᠤᠨ ᠬᠡᠷᠡᠭᠴᠡᠭᠡ᠎ᠶᠢ ᠪᠠᠲᠤᠯᠠᠵᠤ ᠂ ᠢᠳᠡᠰᠢᠨ ᠨᠣᠭᠤᠭ᠎ᠠ ᠂ ᠮᠢᠬ᠎ᠠ ᠥᠨᠳᠡᠭᠡ ᠰᠦ ᠂ ᠠᠮᠤ ᠪᠤᠳᠠᠭ᠎ᠠ ᠵᠡᠷᠭᠡ ᠰᠠᠭᠤᠭᠠᠯᠢ ᠠᠷᠠᠳ᠎ᠤᠨ ᠠᠮᠢᠳᠤᠷᠠᠯ᠎ᠤᠨ ᠴᠢᠬᠤᠯᠠ ᠵᠦᠢᠯ᠎ᠤᠨ ᠬᠠᠩᠭᠠᠯᠭ᠎ᠠ᠎ᠶᠢ ᠦᠨᠡᠨ ᠬᠦ ᠪᠠᠲᠤᠯᠠᠵᠤ ᠂ ︽ ᠬᠤᠯᠢᠰᠢᠨ ᠢᠳᠡᠭᠡᠨ ︾᠎ᠤ ᠬᠤᠳᠠ᠎ᠶᠢᠨ ᠳᠠᠷᠤᠭ᠎ᠠ᠎ᠶᠢᠨ ᠬᠠᠷᠢᠭᠤᠴᠠᠯᠭ᠎ᠠ᠎ᠶᠢᠨ ᠲᠦᠷᠢᠮ᠎ᠢ ᠨᠠᠶᠢᠳᠠᠪᠤᠷᠢᠵᠢᠭᠤᠯᠵᠤ ᠂ ᠢᠳᠡᠰᠢᠨ ᠨᠣᠭᠤᠭ᠎ᠠ ᠵᠡᠷᠭᠡ ᠬᠤᠯᠢᠰᠢᠨ ᠢᠳᠡᠭᠡᠨ᠎ᠤ ᠦᠢᠯᠡᠳᠪᠦᠷᠢᠯᠡᠯ᠎ᠢ ᠢᠳᠡᠪᠬᠢᠲᠡᠶ ᠵᠣᠬᠢᠶᠠᠨ ᠪᠠᠶᠢᠭᠤᠯᠵᠤ ᠂ ᠡᠳ᠋ ᠪᠤᠳᠠᠰ᠎ᠤᠨ ᠲᠣᠬᠢᠷᠠᠭᠤᠯᠤᠯᠳᠠ ᠪᠠ ᠵᠠᠬ᠎ᠠ ᠳᠡᠯᠭᠡᠭᠦᠷ᠎ᠤᠨ ᠬᠠᠩᠭᠠᠯᠭ᠎ᠠ᠎ᠶᠢ ᠴᠢᠩᠭᠠᠳᠬᠠᠵᠤ ᠂ ᠨᠡᠭᠦᠷᠡᠰᠦ ᠴᠠᠬᠢᠯᠭᠠᠨ ᠲᠤᠰᠤ ᠰᠢᠳᠠᠮᠠᠬᠠᠢ ᠬᠡᠢ᠎ᠶᠢᠨ ᠬᠠᠩᠭᠠᠯᠭ᠎ᠠ᠎ᠶᠢ ᠪᠠᠲᠤᠯᠠᠬᠤ ᠬᠡᠷᠡᠭᠲᠡᠶ ᠃ ᠨᠥᠭᠦᠭᠡ ᠲᠠᠯ᠎ᠠ᠎ᠪᠠᠷ ᠂ ᠡᠮᠴᠢᠯᠡᠭᠡᠨ᠎ᠤ ᠡᠳ᠋ ᠪᠤᠳᠠᠰ ᠵᠡᠷᠭᠡ᠎ᠶᠢᠨ ᠬᠠᠩᠭᠠᠯᠭ᠎ᠠ᠎ᠶᠢᠨ ᠪᠠᠲᠤᠯᠠᠭ᠎ᠠ᠎ᠶᠢ ᠴᠢᠩᠭᠠᠳᠬᠠᠵᠤ ᠂ ᠬᠢᠵᠢᠭ᠎ᠤᠨ ᠪᠠᠶᠢᠳᠠᠯ᠎ᠢ ᠠᠰᠢᠬᠯᠠᠨ ᠪᠠᠷᠠᠭᠠᠨ᠎ᠤ ᠦᠨ᠎ᠡ᠎ᠶᠢ ᠥᠰᠬᠡᠬᠦ ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠂ ᠵᠠᠪᠰᠢᠶᠠᠨ᠎ᠢ ᠳᠠᠯᠢᠮᠳᠠᠭᠤᠯᠤᠨ ᠪᠤᠯᠢᠶᠠᠨ ᠳᠡᠭᠡᠷᠡᠮᠳᠡᠬᠦ ᠵᠡᠷᠭᠡ ᠨᠡᠶᠢᠭᠡᠮ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠂ ᠬᠠᠭᠤᠷᠮᠠᠭ ᠮᠠᠭᠤ ᠡᠮ᠎ᠤᠨ ᠵᠦᠢᠯ ᠂ ᠡᠮᠴᠢᠯᠡᠭᠡᠨ᠎ᠤ ᠪᠠᠭᠠᠵᠢ ᠬᠡᠷᠡᠭᠰᠡᠯ ᠂ ᠡᠮᠴᠢᠯᠡᠭᠡᠨ᠎ᠳ᠋ᠤ ᠬᠡᠷᠡᠭᠯᠡᠬᠦ ᠡᠷᠡᠭᠦᠯ ᠬᠠᠮᠠᠭᠠᠯᠠᠯ᠎ᠤᠨ ᠮᠠᠲ᠋ᠧᠷᠢᠶᠠᠯ ᠵᠡᠷᠭᠡ᠎ᠶᠢ ᠦᠢᠯᠡᠳᠪᠦᠷᠢᠯᠡᠨ ᠪᠤᠷᠤᠯᠠᠭᠤᠯᠬᠤ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠴᠣᠬᠢᠯᠲᠠ ᠥᠭᠬᠦ ᠬᠡᠷᠡᠭᠲᠡᠶ ᠃ ᠠᠵᠢᠯ ᠪᠦᠬᠦᠨ᠎ᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ᠎ᠶᠢ ᠡᠷᠡᠰ ᠪᠠᠷᠢᠮᠲᠠᠯᠠᠵᠤ ᠂ ᠰᠡᠷᠭᠡᠶᠢᠯᠡᠨ ᠡᠵᠡᠮᠳᠡᠬᠦ ᠠᠵᠢᠯ ᠨᠠᠩ ᠬᠦᠴᠦᠲᠡᠶ ᠂ ᠦᠢᠯᠡᠳᠪᠦᠷᠢᠯᠡᠯ ᠠᠮᠢᠳᠤᠷᠠᠯ ᠨᠠᠩ ᠡᠮᠬᠢ ᠵᠢᠷᠤᠮ᠎ᠲᠠᠢ ᠪᠠᠢᠬᠤ᠎ᠶᠢ ᠦᠨᠡᠨ ᠬᠦ ᠪᠠᠲᠤᠯᠠᠬᠤ ᠬᠡᠷᠡᠭᠲᠡᠶ ᠃
ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ ᠪᠣᠯ ᠡᠨᠡ᠎ᠶᠢ᠎ᠨᠢ ᠠᠪᠬᠤ ᠶᠤᠮ ‍ᠤᠤ ᠲᠡᠷᠡ᠎ᠶᠢ᠎ᠨᠢ ᠬᠦᠩᠬᠡᠪᠴᠢᠯᠡᠬᠦ ᠶᠤᠮ ‍ᠤᠤ ᠭᠡᠰᠡᠨ ᠰᠣᠩᠭᠤᠯᠲᠠ᠎ᠶᠢᠨ ᠰᠡᠳᠦᠪ ᠤᠭᠲᠤ ᠪᠢᠰᠢ ᠂ ᠵᠦᠪᠬᠡᠨ ︽ ᠬᠤᠶᠠᠷ ᠲᠠᠯ᠎ᠠ᠎ᠶᠢ ᠠᠳᠬᠤᠵᠤ ᠂ ᠬᠤᠶᠠᠷ ᠲᠠᠯ᠎ᠠ᠎ᠶᠢ ᠴᠥᠮ ᠴᠢᠩᠭ᠎ᠠ ᠠᠳᠬᠤᠬᠤ ︾᠎ᠶᠢ ᠪᠠᠷᠢᠮᠲᠠᠯᠠᠪᠠᠯ ᠰᠠᠶᠢ ︽ ᠬᠤᠤᠰ ᠢᠯᠠᠯᠲᠠ ︾᠎ᠶᠢ ᠪᠡᠶᠡᠯᠡᠬᠦᠯᠵᠤ ᠴᠢᠳᠠᠨ᠎ᠠ ᠃ ᠪᠦᠬᠦ ᠣᠷᠣᠨ ᠳᠠᠶᠠᠭᠠᠷ ᠬᠢᠵᠢᠭ᠎ᠤᠨ ᠪᠠᠶᠢᠳᠠᠯ᠎ᠢ ᠪᠦᠬᠦ ᠬᠦᠴᠦᠨ᠎ᠢᠶᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠠᠬᠦ ᠬᠤᠷᠢᠬᠯᠠᠯᠳᠠ᠎ᠶᠢᠨ ᠲᠠᠢᠯᠠᠯᠳᠤᠭᠠᠨ᠎ᠢ ᠰᠠᠢᠳᠤᠷ ᠬᠢᠬᠦ᠎ᠶᠢᠨ ᠬᠠᠮᠲᠤ ᠥᠭᠡᠷᠡᠴᠢᠯᠡᠯᠲᠡ ᠬᠦᠭᠵᠢᠯᠳᠠ ᠲᠣᠭᠲᠠᠭᠤᠨ᠎ᠤ ᠡᠯ᠎ᠡ ᠵᠦᠢᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠎ᠢ ᠰᠠᠶᠢᠲᠤᠷ ᠬᠢᠵᠦ ᠂ ᠴᠢᠨᠠᠷ ᠰᠠᠶᠢᠲᠠᠢ ᠬᠥᠭᠵᠢᠯᠲᠡ᠎ᠶᠢ ᠠᠬᠢᠭᠤᠯᠬᠤ ᠡᠯ᠎ᠡ ᠵᠦᠢᠯ᠎ᠤᠨ ᠡᠭᠦᠷᠭᠡ ᠱᠠᠭᠠᠷᠳᠠᠯᠭ᠎ᠠ᠎ᠶᠢ ᠰᠠᠶᠢᠲᠤᠷ ᠨᠠᠶᠢᠳᠠᠪᠤᠷᠢᠵᠢᠭᠤᠯᠵᠤ ᠂ ᠡᠨᠡ ᠵᠢᠯ᠎ᠤᠨ ᠠᠵᠤ ᠠᠬᠤᠢ ᠨᠡᠶᠢᠭᠡᠮ᠎ᠤᠨ ᠬᠥᠭᠵᠢᠯᠲᠡ᠎ᠶᠢᠨ ᠡᠯ᠎ᠡ ᠵᠦᠢᠯ᠎ᠤᠨ ᠬᠠᠷᠠᠯᠲᠠ ᠡᠭᠦᠷᠭᠡ᠎ᠶᠢ ᠰᠠᠶᠢᠲᠤᠷ ᠪᠡᠶᠡᠯᠡᠭᠦᠯᠬᠦ ᠬᠡᠷᠡᠭᠲᠡᠢ ᠃ ︽ ᠵᠢᠷᠭᠤᠭ᠎ᠠ᠎ᠶᠢ ᠲᠣᠭᠲᠠᠪᠤᠷᠢᠵᠢᠭᠤᠯᠬᠤ ︾ ᠠᠵᠢᠯ᠎ᠢ ᠰᠠᠶᠢᠲᠤᠷ ᠬᠢᠬᠦ᠎ᠶᠢᠨ ᠲᠤᠭᠤᠷᠢᠨ᠎ᠳ᠋ᠤ ᠂ ᠡᠯ᠎ᠡ ᠵᠦᠶᠯ᠎ᠤᠨ ᠪᠤᠳᠤᠯᠢᠶᠠᠨᠲᠠᠶ ᠬᠦᠴᠢᠷᠲᠡᠶ ᠪᠠᠶᠢᠳᠠᠯ᠎ᠢ ᠠᠷᠭᠠᠴᠠᠭᠠᠬᠤ ᠭᠦᠶᠴᠡᠳ ᠪᠡᠯᠡᠳᠬᠡᠯ᠎ᠢ ᠦᠨᠡᠨ ᠬᠦ ᠰᠠᠶᠢᠲᠤᠷ ᠬᠢᠬᠦ ᠬᠡᠷᠡᠭᠲᠡᠶ ︔ ᠴᠢᠬᠤᠯᠠ ᠶᠡᠭᠡ ᠲᠥᠷᠥᠯ ᠵᠦᠶᠯ᠎ᠤᠨ ᠪᠥᠲᠥᠭᠡᠨ ᠪᠠᠶᠢᠭᠤᠯᠤᠯᠲᠠ᠎ᠶᠢ ᠲᠥᠯᠥᠪᠵᠢᠭᠦᠯᠦᠨ ᠠᠬᠢᠭᠤᠯᠬᠤ᠎ᠶᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠡᠯ᠎ᠡ ᠲᠥᠷᠥᠯ᠎ᠤᠨ ᠦᠶᠯᠡᠳᠪᠦᠷᠢᠯᠡᠯ ᠠᠵᠤ ᠠᠬᠤᠶᠢᠯᠠᠯ᠎ᠤᠨ ᠠᠵᠢᠯ᠎ᠢᠶᠡᠨ ᠰᠡᠷᠬᠦᠭᠡᠵᠤ ᠦᠶᠯᠡᠳᠪᠦᠷᠢᠯᠡᠯ᠎ᠢᠶᠡᠨ ᠰᠡᠷᠭᠦᠭᠡᠬᠦ᠎ᠶᠢ ᠪᠥᠬᠦ ᠬᠦᠴᠦᠨ᠎ᠢᠶᠠᠷ᠎ᠢᠶᠡᠨ ᠳᠡᠳᠬᠦᠵᠤ ᠵᠣᠬᠢᠶᠠᠨ ᠪᠠᠶᠢᠭᠤᠯᠵᠤ ᠠᠬᠢᠭᠤᠯᠬᠤ ᠬᠡᠷᠡᠭᠲᠡᠶ ︔ ᠡᠯ᠎ᠡ ᠵᠦᠢᠯ᠎ᠤᠨ ᠲᠠᠮᠵᠢᠨ ᠲᠠᠳᠬᠦᠬᠦ ᠲᠦᠷᠦ᠎ᠶᠢᠨ ᠪᠤᠳᠤᠯᠭ᠎ᠠ᠎ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠳᠤᠮᠳᠠ ᠵᠢᠵᠢᠭ ᠠᠵᠤ ᠠᠬᠤᠶᠢᠯᠠᠯ᠎ᠢ ᠬᠠᠪᠰᠤᠷᠤᠨ ᠬᠦᠴᠢᠷ᠎ᠢ ᠲᠤᠭᠤᠯᠬᠤ ᠬᠡᠷᠡᠭᠲᠡᠢ ︔ ᠰᠢᠨ᠎ᠡ ᠬᠡᠷᠡᠭᠯᠡᠭᠡᠨ᠎ᠤ ᠠᠷᠭ᠎ᠠ ᠮᠠᠢᠭ ᠪᠠ ᠬᠡᠷᠡᠭᠯᠡᠭᠡᠨ᠎ᠤ ᠬᠠᠯᠠᠮᠰᠢᠯ ᠴᠡᠭ᠎ᠢ ᠢᠳᠡᠪᠬᠢᠲᠡᠶ ᠪᠤᠶᠢᠵᠢᠭᠤᠯᠵᠤ ᠂ ᠰᠢᠨ᠎ᠡ᠎ᠪᠠᠷ ᠬᠥᠭᠵᠢᠭᠰᠡᠨ ᠬᠡᠷᠡᠭᠯᠡᠭᠡᠨ᠎ᠤ ᠲᠠᠯᠳᠠ ᠬᠦᠴᠦᠨ᠎ᠢ ᠪᠠᠳᠠᠷᠠᠭᠤᠯᠵᠤ ᠂ ᠠᠵᠤ ᠠᠬᠤᠶ᠎ᠶᠢᠨ ᠲᠣᠭᠲᠠᠭᠤᠨ ᠡᠷᠬᠢᠯᠳᠡ ᠪᠠ ᠨᠡᠶᠢᠭᠡᠮ᠎ᠤᠨ ᠶᠡᠭᠡ ᠲᠠᠯ᠎ᠠ᠎ᠶᠢᠨ ᠲᠣᠭᠲᠠᠭᠤᠨ ᠪᠠᠶᠢᠬᠤ᠎ᠶᠢ ᠦᠨᠡᠨ ᠬᠦ ᠪᠠᠲᠤᠯᠠᠬᠤ ᠬᠡᠷᠡᠭᠲᠡᠶ ᠃
ᠲᠤᠭᠰᠢᠨ ᠳᠠᠪᠠᠯᠭᠠᠨ ᠰᠢᠷᠦᠭᠦᠨ ᠲᠤᠯᠬᠢᠶᠠᠨ᠎ᠢ ᠯᠠᠪᠳᠠᠭᠤᠨ᠎ᠢᠶᠠᠷ ᠲᠤᠭᠤᠯᠤᠨ᠎ᠠ ᠂ ᠬᠡᠳᠦᠢ ᠪᠡᠷᠬᠡ ᠪᠠᠷᠳᠠᠭ᠎ᠠ᠎ᠲᠠᠢ ᠪᠣᠯ ᠲᠡᠳᠦᠢ ᠤᠷᠤᠭᠰᠢ ᠲᠡᠮᠡᠦᠯᠦᠨ᠎ᠠ ᠃ ᠬᠢᠵᠢᠭ᠎ᠤᠨ ᠲᠠᠭᠠᠷᠢᠯᠳᠠ᠎ᠶᠢᠨ ᠡᠮᠦᠨ᠎ᠡ ᠂ ᠲᠦᠮᠡᠨ ᠤᠯᠠᠨ ᠬᠦᠴᠦᠨ ᠨᠢᠬᠳᠠᠷᠠᠵᠤ ᠂ ᠬᠦᠴᠢᠷ ᠪᠡᠷᠬᠡ᠎ᠶᠢ ᠬᠠᠮᠲᠤ᠎ᠪᠠᠷ ᠲᠤᠭᠤᠯᠬᠤ ᠴᠢᠬᠤᠯᠠ᠎ᠲᠠᠢ ᠮᠥᠷᠲᠡᠭᠡᠨ ᠪᠠᠰᠠ ᠬᠦᠴᠢᠷ᠎ᠢ ᠰᠦᠷᠦᠨ ᠤᠷᠤᠭᠰᠢᠯᠠᠵᠤ ᠂ ᠬᠥᠭᠵᠢᠯᠲᠡ᠎ᠶᠢ ᠬᠠᠮᠲᠤ᠎ᠪᠠᠷ ᠡᠷᠢᠯᠬᠢᠯᠡᠬᠦ ᠴᠢᠬᠤᠯᠠᠲᠠᠢ ᠶᠤᠮ ᠃ ᠪᠢᠳᠡ ᠢᠲᠡᠭᠡᠯ ᠵᠣᠷᠢᠭ᠎ᠢᠶᠡᠨ ᠪᠠᠲᠤᠳᠬᠠᠵᠤ ᠂ ᠡᠷᠡᠮᠡᠬᠡᠢᠯᠡᠨ ᠤᠷᠤᠭᠰᠢᠯᠠᠵᠤ ᠂ ᠬᠤᠶᠠᠷ ᠲᠠᠯ᠎ᠠ᠎ᠶᠢ ᠵᠡᠷᠭᠡ᠎ᠪᠠᠷ ᠠᠳᠬᠤᠵᠤ ᠂ ᠦᠨᠡᠨ ᠬᠦ ᠠᠳᠬᠤᠨ ᠪᠣᠳᠠᠲᠠᠶ ᠠᠵᠢᠯᠯᠠᠵᠤ ᠂ ᠡᠯ᠎ᠡ ᠵᠦᠶᠯ᠎ᠤᠨ ᠠᠵᠢᠯ᠎ᠤᠨ ᠡᠷᠴᠢᠮ᠎ᠲᠠᠢ ᠮᠦᠷᠳᠡᠭᠡᠨ ᠡᠮᠬᠢ ᠵᠢᠷᠤᠮ᠎ᠲᠠᠢ ᠪᠦᠲᠦᠮᠵᠢᠲᠡᠶ ᠠᠬᠢᠬᠤ᠎ᠶᠢ ᠪᠠᠲᠤᠯᠠᠳᠠᠭ ᠯᠠ ᠶᠤᠮ ᠪᠣᠯ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠷᠠᠳ᠎ᠤᠨ ᠳᠠᠶᠢᠨ ᠂ ᠶᠡᠷᠦᠩᠬᠡᠶ ᠳᠠᠶᠢᠯᠠᠯᠳᠤᠭᠠᠨ ᠂ ᠬᠤᠷᠢᠬᠯᠠᠯᠳᠠ᠎ᠶᠢᠨ ᠲᠠᠢᠯᠠᠯᠳᠤᠭᠠᠨ᠎ᠤ ᠢᠯᠡᠯᠳᠠ᠎ᠶᠢ ᠯᠠᠪᠲᠠᠶ ᠣᠯᠵᠤ ᠂ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠢᠯᠡᠷᠡᠭᠦᠯᠵᠦ ᠴᠢᠳᠠᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠴᠣᠷᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面