2020-02-16 16:22:17
2 ᠰᠠᠷ᠎ᠠ᠎ᠶᠢᠨ 15᠎ᠤ ᠡᠳᠦᠷ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠶᠢᠨ ᠳᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭᠰᠡᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠤᠨ ᠳᠤᠰᠬᠠᠢ ᠮᠡᠷᠭᠡᠵᠢᠯᠳᠡᠨ ᠯᠢᠦ ᠪᠥᠸᠧ ᠰᠢ ᠰᠤᠷᠪᠤᠯᠵᠢᠯᠠᠭᠴᠢ᠎ᠶᠢᠨ ᠳᠤᠰᠬᠠᠢ ᠰᠤᠷᠪᠤᠯᠵᠢᠯᠠᠭ᠎ᠠ᠎ᠶᠢ ᠬᠦᠯᠢᠶᠡᠨ ᠂ ᠡᠪᠡᠳᠴᠢᠨ᠎ᠤ ᠬᠡᠷᠡᠭ᠎ᠤᠨ ᠵᠢᠱᠢᠶ᠎ᠠ᠎ᠶᠢᠨ ᠳᠤᠬᠠᠢ ᠵᠠᠳᠠᠯᠤᠯᠳᠠ ᠬᠢᠵᠤ ᠂ ᠬᠦᠮᠦᠨ ᠤᠯᠠᠨ ᠴᠤᠭᠯᠠᠷᠠᠬᠤ᠎ᠡᠴᠠ ᠵᠠᠢᠯᠠᠰᠬᠢᠭᠦᠶᠢ ᠳᠠᠬᠢᠨᠳᠠ ᠰᠠᠨᠠᠭᠤᠯᠤᠭᠰᠠᠨ ᠪᠠᠢᠨ᠎ᠠ ᠃
ᠰᠤᠷᠪᠤᠯᠵᠢᠯᠠᠭᠴᠢ ᠄ ᠣᠢᠷ᠎ᠠ᠎ᠳ᠋ᠤ ᠰᠧᠴᠤᠸᠠᠨ ᠂ ᠱᠠᠨᠳᠦ᠋ᠩ ᠂ ᠾᠧᠨᠠᠨ ᠵᠡᠷᠭᠡ ᠭᠠᠵᠠᠷ᠎ᠤᠨ᠎ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠶᠢᠨ ᠳᠤᠬᠠᠢ ᠮᠡᠳᠡᠭᠦᠯᠦᠭᠰᠡᠨ ᠪᠠᠢᠨ᠎ᠠ ᠂ ᠳᠡᠭᠡᠪᠡᠯ ᠶᠠᠭᠤ᠎ᠶᠢ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ ᠭᠡᠬᠦ ᠪᠣᠶ ︖ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠴᠢ᠎ᠳ᠋ᠤ ᠬᠠᠯᠳᠠᠪᠤᠷᠢᠯᠠᠬᠤ ᠴᠢᠨᠠᠷ ᠪᠠᠢᠨ᠎ᠠ ᠤᠤ ︖
ᠯᠢᠦ ᠪᠥᠸᠧ ᠰᠢ ᠄ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠴᠢ ᠶᠡᠷᠦᠳ᠋ᠡᠭᠡᠨ ᠬᠠᠯᠠᠭᠤᠷᠠᠬᠤ ᠂ ᠬᠠᠨᠢᠶᠠᠬᠤ ᠵᠡᠷᠭᠡ ᠡᠪᠡᠳᠴᠢᠨ᠎ᠤ ᠢᠯᠡᠷᠡᠯ ᠦᠭᠡᠢ ᠪᠣᠯᠪᠠᠴᠤ ᠠᠮᠢᠰᠬᠤᠯ᠎ᠤᠨ ᠵᠠᠮ ᠵᠡᠷᠭᠡ ᠡᠪᠡᠳᠴᠢᠨ᠎ᠤ ᠡᠭᠦᠰᠦᠯ᠎ᠤᠨ ᠤᠬᠠᠭᠠᠨ᠎ᠤ ᠰᠢᠯᠭᠠᠨ ᠪᠠᠢᠴᠠᠭᠠᠯᠳᠠ᠎ᠳ᠋ᠤ ᠠᠷᠭ᠎ᠠ ᠴᠢᠨᠠᠷᠲᠠᠢ ᠪᠤᠯᠬᠤ᠎ᠶᠢ ᠵᠢᠭᠠᠵᠤ ᠪᠤᠢ ᠃ ︽ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠢᠯᠡᠨ ᠡᠵᠡᠮᠳᠡᠬᠦ ᠲᠥᠰᠦᠯ ︵ ᠳᠥᠷᠪᠡᠳᠦᠭᠡᠷ ᠬᠡᠪᠯᠡᠯ ︶ ︾᠎ᠤᠨ ᠲᠣᠭᠲᠠᠭᠠᠯ᠎ᠢ ᠦᠨᠳᠦᠰᠦᠯᠡᠪᠡᠯ ᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠨᠢ ᠬᠠᠯᠳᠠᠪᠤᠷᠢᠯᠠᠯ᠎ᠤᠨ ᠡᠬᠢ ᠰᠤᠷᠪᠤᠯᠵᠢ ᠪᠤᠯᠬᠤ ᠪᠤᠯᠤᠮᠵᠢ᠎ᠲᠠᠢ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠ ᠪᠥᠬᠥ ᠤᠯᠤᠰ᠎ᠤᠨ ᠡᠯ᠎ᠡ ᠭᠠᠵᠠᠷ᠎ᠤᠨ ᠡᠪᠡᠳᠴᠢᠨ᠎ᠤ ᠬᠡᠷᠡᠭ᠎ᠤᠨ ᠵᠢᠱᠢᠶ᠎ᠡ᠎ᠲᠠᠢ ᠤᠶᠠᠯᠳᠤᠭᠤᠯᠤᠨ ᠦᠵᠡᠪᠡᠯ ᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ ᠪᠣᠯ ᠬᠠᠯᠳᠠᠪᠤᠷᠢᠯᠠᠬᠤ ᠴᠢᠨᠠᠷᠲᠠᠢ ᠭᠡᠳᠡᠭ᠎ᠢ ᠭᠡᠷᠡᠴᠢᠯᠡᠭᠰᠡᠨ ᠪᠠᠢᠨ᠎ᠠ ᠃
ᠰᠤᠷᠪᠤᠯᠵᠢᠯᠠᠭᠴᠢ ᠄ ᠥᠪᠥᠷ ᠮᠣᠩᠭᠣᠯ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠶᠢᠨ ᠬᠡᠷᠡᠭ᠎ᠤᠨ ᠵᠢᠱᠢᠶ᠎ᠡ᠎ᠶᠢ ᠲᠠᠨᠢᠯᠴᠠᠭᠤᠯᠤᠭᠠᠳ ᠥᠭᠭᠦᠨ᠎ᠡ ᠤᠤ ︖
ᠯᠢᠦ ᠪᠥᠸᠧ ᠰᠢ ᠄ ᠮᠠᠨ᠎ᠤ ᠤᠷᠤᠨ᠎ᠤ ᠰᠢᠯᠢ᠎ᠶᠢᠨ ᠭᠣᠤᠯ ᠠᠢᠮᠠᠭ᠎ᠤᠨ ᠲᠤᠯᠤᠨ ᠨᠤᠤᠷ ᠰᠢᠶᠠᠨ᠎ᠳ᠋ᠤ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠶᠢᠨ ᠬᠡᠷᠡᠭ᠎ᠤᠨ ᠵᠢᠱᠢᠶ᠎ᠡ ᠢᠯᠡᠷᠡᠪᠡ ᠃
ᠲᠤᠯᠤᠨ ᠨᠤᠤᠷ ᠰᠢᠶᠠᠨ᠎ᠤ ᠵᠠᠩ ᠤᠪᠤᠭᠳᠤ 1 ᠰᠠᠷ᠎ᠠ᠎ᠶᠢᠨ 28᠎ᠤ ᠡᠳᠦᠷ ᠪᠦᠬᠦ ᠪᠡᠶ᠎ᠠ᠎ᠨᠢ ᠱᠠᠷᠬᠢᠷᠠᠨ ᠡᠪᠡᠳᠭᠦ ᠂ ᠳᠠᠮᠢᠷᠳᠠᠬᠤ ᠂ ᠢᠳᠡᠭᠡᠨ᠎ᠤ ᠳᠤᠷᠠᠰᠢᠯ ᠮᠠᠭᠤᠳᠠᠬᠤ ᠵᠡᠷᠭᠡ ᠢᠯᠡᠷᠡᠯ ᠡᠭᠦᠰᠦᠭᠰᠡᠨ ᠴᠦ ᠡᠪᠡᠳᠴᠢᠨ᠎ᠤ ᠢᠯᠡᠷᠡᠯ ᠬᠦᠩᠭᠡᠨ ᠤᠴᠢᠷ᠎ᠡᠴᠠ ᠡᠮᠨᠡᠯᠭᠡ᠎ᠳ᠋ᠤ ᠬᠦᠷᠴᠤ ᠡᠮᠨᠡᠬᠦᠯᠦᠭᠰᠡᠨ ᠦᠭᠡᠢ ᠪᠠᠢᠵᠠᠢ ᠃ 2 ᠰᠠᠷ᠎ᠠ᠎ᠶᠢᠨ 7᠎ᠤ ᠡᠳᠦᠷ ᠂ ᠵᠠᠩ ᠣᠪᠣᠭᠲᠤ ᠲᠤᠯᠤᠨ ᠨᠤᠤᠷ ᠰᠢᠶᠠᠨ᠎ᠤ ᠠᠷᠠᠳ᠎ᠤᠨ ᠡᠮᠨᠡᠯᠭᠡ᠎ᠶᠢᠨ ᠬᠣᠷᠢᠶᠠᠨ᠎ᠤ ᠲᠦᠷᠭᠡᠨ ᠡᠮᠨᠡᠬᠦ ᠰᠠᠯᠠᠭ᠎ᠠ᠎ᠳ᠋ᠤ ᠬᠦᠷᠴᠦ ᠡᠮᠨᠡᠭᠦᠯᠵᠤ ᠂ 2 ᠰᠠᠷ᠎ᠠ᠎ᠶᠢᠨ 12᠎ᠤᠨ ᠡᠳᠦᠷ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢᠶᠠᠷ ᠣᠨᠣᠰᠢᠯᠠᠪᠠ ᠃ 2 ᠰᠠᠷ᠎ᠠ᠎ᠶᠢᠨ 13᠎ᠤ ᠡᠳᠦᠷ ᠂ ᠵᠠᠩ ᠣᠪᠣᠭᠲᠤ᠎ᠶᠢᠨ ᠡᠭᠡᠨᠠᠷ ᠪᠠ ᠡᠵᠢ᠎ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢᠶᠠᠷ ᠣᠨᠣᠰᠢᠯᠠᠭᠰᠠᠨ ᠡᠪᠡᠳᠴᠢᠨ᠎ᠤ ᠵᠢᠱᠢᠶ᠎ᠡ ᠪᠣᠯᠵᠤ ᠂ ᠭᠡᠷ ᠪᠦᠯᠢ᠎ᠶᠢᠨ ᠴᠤᠭᠯᠠᠷᠠᠯ᠎ᠡᠴᠠ ᠪᠤᠯᠵᠤ ᠡᠭᠦᠰᠦᠭᠰᠡᠨ ᠬᠢᠵᠢᠭ᠎ᠤᠨ ᠪᠠᠢᠳᠠᠯ᠎ᠳ᠋ᠤ ᠬᠠᠷᠢᠶᠠᠯᠠᠭᠳᠠᠭᠰᠠᠨ ᠪᠠᠢᠨ᠎ᠠ ᠃ ᠳᠠᠬᠤᠯ ᠡᠪᠡᠳᠴᠢᠨ᠎ᠤ ᠰᠤᠳᠤᠯᠤᠯ᠎ᠤᠨ ᠪᠠᠢᠴᠠᠭᠠᠯᠲᠠ᠎ᠪᠠᠷ ᠳᠡᠮᠵᠢᠨ ᠮᠡᠳᠡᠭᠰᠡᠨ᠎ᠨᠢ ᠂ ᠣᠨᠣᠰᠢᠯᠠᠭᠰᠠᠨ 3 ᠡᠪᠡᠳᠴᠢᠨ᠎ᠤ ᠵᠢᠱᠢᠶ᠎ᠡ᠎ᠨᠢ ᠡᠪᠡᠳᠴᠢᠨ᠎ᠤ ᠢᠯᠡᠷᠡᠯ ᠡᠭᠦᠰᠬᠦ᠎ᠡᠴᠠ ᠡᠮᠦᠨᠡᠬᠢ 14 ᠡᠳᠦᠷ᠎ᠲᠤ ᠴᠦᠮ ᠭᠠᠳᠠᠭᠰᠢ ᠭᠠᠷᠤᠭᠰᠠᠨ ᠦᠩᠬᠡᠷᠡᠯᠳᠡ ᠥᠬᠡᠶ ᠮᠦᠷᠳᠡᠭᠡᠨ ᠬᠠᠯᠠᠭᠤᠷᠠᠭᠰᠠᠨ ᠂ ᠬᠠᠨᠢᠶᠠᠯᠭᠠᠭᠰᠠᠨ ᠵᠡᠷᠭᠡ ᠰᠡᠵᠢᠭᠯᠡᠯᠲᠡᠶ ᠡᠪᠡᠳᠴᠢᠨ᠎ᠤ ᠵᠢᠱᠢᠶ᠎ᠠ᠎ᠲᠠᠢ ᠣᠢᠷᠠᠲᠤᠭᠰᠠᠨ ᠥᠬᠡᠶ ᠂ ᠲᠣᠰ ᠭᠠᠵᠠᠷ᠎ᠲᠤ ᠴᠤ ᠪᠤᠰᠤᠳ ᠡᠪᠡᠳᠴᠢᠨ᠎ᠤ ᠵᠢᠱᠢᠶ᠎ᠡ᠎ᠶᠢᠨ ᠮᠡᠳᠡᠭᠦᠯᠦᠯᠲᠡ ᠪᠠᠢᠬᠤ ᠥᠬᠡᠶ ᠪᠣᠯᠬᠣᠷ ᠬᠠᠯᠳᠠᠪᠤᠷᠢᠯᠠᠯ᠎ᠤᠨ ᠡᠬᠢ ᠰᠤᠷᠪᠤᠯᠵᠢ᠎ᠶᠢ ᠲᠣᠳᠣᠷᠬᠠᠢᠯᠠᠬᠤ᠎ᠶᠢᠨ ᠠᠷᠭ᠎ᠠ ᠥᠬᠡᠶ ᠪᠣᠯᠵᠠᠶ ᠃
ᠣᠨᠣᠰᠢᠯᠠᠭᠰᠠᠨ 3 ᠡᠪᠡᠳᠴᠢᠨ᠎ᠤ ᠵᠢᠱᠢᠶ᠎ᠡ᠎ᠶᠢᠨ ᠨᠢᠭᠳᠠ ᠤᠢᠷᠠᠳᠤᠭᠰᠠᠳᠢ ᠪᠠᠢᠴᠠᠭᠠᠬᠤ ᠳᠤᠮᠳᠠ ᠂ ᠵᠠᠩ ᠣᠪᠣᠭᠲᠤ᠎ᠶᠢᠨ ᠦᠬᠢᠨ᠎ᠨᠢ 1 ᠰᠠᠷ᠎ᠠ᠎ᠶᠢᠨ 14᠎ᠤ ᠡᠳᠦᠷ ᠱᠠᠨ ᠰᠢ ᠮᠤᠵᠢ᠎ᠶᠢᠨ ᠳᠠᠢᠶᠤᠸᠠᠨ ᠬᠤᠳᠠ᠎ᠳ᠋ᠤ ᠺᠤᠮᠫᠠᠨᠢ᠎ᠶᠢᠨ ᠬᠤᠷᠠᠯ ᠴᠤᠭᠯᠠᠭᠠᠨ᠎ᠳ᠋ᠤ ᠤᠷᠤᠯᠴᠠᠬᠤ ᠶᠠᠪᠤᠴᠠ᠎ᠳ᠋ᠤ ᠬᠤᠪᠧᠢ᠎ᠡᠴᠠ ᠢᠷᠡᠭᠰᠡᠳ᠎ᠤᠨ ᠳᠤᠳᠤᠷ᠎ᠠ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ 3 ᠡᠪᠡᠳᠴᠢᠳᠡᠨ᠎ᠲᠠᠢ ᠤᠢᠷᠠᠳᠤᠭᠰᠠᠨ ᠪᠠᠢᠪᠠ ᠂ ᠵᠠᠩ ᠤᠪᠤᠭᠳᠤ᠎ᠶᠢᠨ ᠦᠬᠢᠨ ᠪᠤᠯ ᠲᠤᠯᠤᠨ ᠨᠤᠤᠷ ᠰᠢᠶᠠᠨ᠎ᠤ ᠳᠤᠰ ᠤᠳᠠᠭᠠᠨ᠎ᠤ ᠬᠢᠵᠢᠭ᠎ᠤᠨ ᠪᠠᠢᠳᠠᠯ᠎ᠤᠨ ᠡᠬᠢ ᠰᠤᠷᠪᠤᠯᠵᠢ ᠪᠤᠯᠤᠭᠰᠠᠨ ᠪᠤᠯᠤᠮᠵᠢ᠎ᠲᠠᠢ ᠃ 2 ᠰᠠᠷ᠎ᠠ᠎ᠶᠢᠨ 14᠎ᠤ ᠡᠳᠦᠷ ᠂ ᠵᠠᠩ ᠤᠪᠤᠭᠳᠤ᠎ᠶᠢᠨ ᠦᠭᠢᠨ᠎ᠨᠢ ᠪᠠᠢᠴᠠᠭᠠᠯᠳᠠ᠎ᠪᠠᠷ ᠳᠠᠮᠵᠢᠨ ᠠᠷᠭ᠎ᠠ ᠴᠢᠨᠠᠷᠲᠠᠢ ᠪᠤᠯᠵᠤ ᠂ ᠠᠭᠤᠰᠬᠢᠨ᠎ᠤ ᠬᠡᠰᠡᠭ᠎ᠲᠤ ᠦᠷᠪᠢᠰᠦᠯ᠎ᠤᠨ ᠴᠢᠨᠠᠷᠲᠠᠢ ᠡᠪᠡᠳᠴᠢᠨ᠎ᠤ ᠬᠤᠪᠢᠷᠠᠯᠲᠠ ᠢᠯᠡᠷᠡᠭᠰᠡᠨ ᠪᠠᠢᠪᠠ ᠃ ᠵᠠᠩ ᠣᠪᠣᠭᠲᠤ᠎ᠶᠢᠨ ᠦᠭᠢᠨ᠎ᠨᠢ 1 ᠰᠠᠷ᠎ᠠ᠎ᠶᠢᠨ 14᠎ᠤ ᠡᠳᠦᠷ᠎ᠡᠴᠠ ᠡᠬᠢᠯᠡᠨ ᠬᠢᠵᠢᠭ᠎ᠤᠨ ᠪᠠᠢᠳᠠᠯ ᠡᠭᠦᠰᠦᠭᠰᠡᠨ ᠬᠤᠭᠤᠴᠠᠭᠠᠨ᠎ᠳ᠋ᠤ ᠂ ᠬᠠᠯᠠᠭᠤᠷᠠᠬᠤ ᠂ ᠬᠠᠨᠢᠶᠠᠬᠤ ᠵᠡᠷᠭᠡ ᠡᠪᠡᠳᠴᠢᠨ᠎ᠤ ᠢᠯᠡᠷᠡᠯ ᠭᠠᠷᠤᠭᠰᠠᠨ ᠦᠭᠡᠶ ᠪᠤᠯᠪᠠᠴᠦ ᠪᠠᠢᠴᠠᠭᠠᠯᠳᠠ᠎ᠶᠢᠨ ᠳ᠋ᠦᠩ᠎ᠨᠢ ᠠᠷᠭ᠎ᠠ ᠴᠢᠨᠠᠷᠲᠠᠢ ᠪᠤᠯᠵᠤ ᠂ ᠡᠪᠡᠳᠴᠢᠨ᠎ᠤ ᠢᠯᠡᠷᠡᠯ ᠦᠭᠡᠶ ᠬᠠᠯᠳᠠᠪᠤᠷᠢᠯᠠᠭᠴᠢ᠎ᠶᠢᠨ ᠤᠬᠠᠭᠳᠠᠬᠤᠨ᠎ᠤ ᠪᠠᠷᠢᠮᠵᠢᠶ᠎ᠠ᠎ᠳ᠋ᠤ ᠨᠡᠢᠴᠡᠭᠰᠡᠨ ᠪᠠᠢᠨ᠎ᠠ ᠃
ᠰᠤᠷᠪᠤᠯᠵᠢᠯᠠᠭᠴᠢ ᠄ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠳ᠋ᠤ ᠶᠠᠮᠠᠷ ᠶᠠᠮᠠᠷ ᠵᠦᠢᠯ᠎ᠤᠨ ᠠᠶᠤᠯ ᠣᠷᠣᠰᠢᠵᠤ ᠪᠠᠢᠬᠤ ᠪᠣᠶ ︖
ᠯᠢᠦ ᠪᠥᠸᠧ ᠰᠢ ᠄ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ ᠬᠠᠯᠠᠭᠤᠷᠠᠬᠤ ᠂ ᠬᠠᠨᠢᠶᠠᠬᠤ ᠵᠡᠷᠭᠡ ᠡᠪᠡᠳᠴᠢᠨ᠎ᠤ ᠢᠯᠡᠷᠡᠯ ᠦᠭᠡᠢ ᠪᠤᠯᠬᠤᠷ ᠡᠳᠦᠷ ᠲᠤᠲᠤᠮ᠎ᠤᠨ ᠠᠵᠢᠯ ᠠᠮᠢᠳᠤᠷᠠᠯ᠎ᠤᠨ ᠳᠤᠮᠳᠠ ᠲᠤᠰ ᠬᠥᠮᠦᠨ ᠵᠢᠴᠢ ᠪᠤᠰᠤᠳ ᠬᠥᠮᠦᠨ᠎ᠤ ᠰᠡᠷᠡᠮᠵᠢ᠎ᠶᠢ ᠠᠮᠠᠷᠬᠠᠨ ᠰᠤᠯᠠᠷᠠᠭᠤᠯᠳᠠᠭ ᠃ ᠬᠡᠷᠪᠡ ᠤᠢᠷᠠᠳᠤᠬᠤ ᠬᠦᠷᠦᠯᠴᠡᠬᠦ ᠶᠠᠪᠤᠴᠠ᠎ᠳ᠋ᠤ ᠪᠦᠲᠦᠮᠵᠢᠲᠡᠢ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠣᠯ ᠲᠥᠷᠥᠯ ᠰᠠᠳᠤᠨ ᠂ ᠨᠠᠢᠵᠠ ᠨᠥᠬᠥᠳ ᠪᠤᠶᠤ ᠬᠠᠮᠲᠤ ᠠᠵᠢᠯᠲᠠᠨ᠎ᠢᠶᠡᠨ ᠬᠠᠯᠳᠠᠪᠤᠷᠢᠯᠠᠭᠤᠯᠬᠤ ᠠᠶᠤᠯ ᠲᠦᠭᠰᠢᠭᠦᠷᠢ᠎ᠲᠠᠢ ᠶᠤᠮ ᠃ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠶᠢᠨ ᠨᠢᠭᠤᠭᠳᠠᠮᠠᠯ ᠴᠢᠨᠠᠷ ᠨᠡᠯᠢᠶᠡᠳ ᠴᠢᠩᠭ᠎ᠠ ᠪᠣᠯᠬᠣᠷ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ ᠠᠵᠢᠯ᠎ᠤᠨ ᠳᠤᠮᠳᠠ ᠠᠮᠠᠷᠬᠠᠨ ᠣᠮᠲᠣᠭᠠᠢᠯᠠᠭᠳᠠᠵᠤ ᠂ ᠰᠡᠷᠭᠡᠢᠯᠡᠨ ᠡᠵᠡᠮᠳᠡᠬᠦ ᠠᠵᠢᠯ᠎ᠤᠨ ᠬᠦᠴᠢᠷᠳᠡᠯ ᠪᠠ ᠪᠤᠳᠤᠯᠢᠶᠠᠨᠲᠤ ᠴᠢᠨᠠᠷ᠎ᠢ ᠨᠡᠮᠡᠭᠳᠡᠭᠦᠯᠳᠡᠭ ᠃
ᠰᠤᠷᠪᠤᠯᠵᠢᠯᠠᠭᠴᠢ ᠄ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠡᠴᠠ ᠡᠪᠡᠳᠴᠢᠨ ᠬᠠᠯᠳᠠᠪᠤᠷᠢᠯᠠᠬᠤ᠎ᠶᠢ ᠬᠡᠷᠬᠢᠨ ᠰᠡᠷᠭᠡᠢᠯᠡᠬᠦ ᠪᠣᠶ ︖
ᠯᠢᠦ ᠪᠥᠸᠧ ᠰᠢ ᠄ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭᠴᠢ᠎ᠳ᠋ᠤ ᠣᠨᠴᠠᠭᠠᠢ ᠬᠠᠯᠳᠠᠪᠤᠷᠢᠯᠠᠬᠤ ᠠᠷᠭ᠎ᠠ ᠬᠡᠯᠪᠡᠷᠢ ᠪᠠᠢᠬᠤ ᠦᠭᠡᠢ ᠂ ᠣᠳᠣᠬᠠᠨ᠎ᠤ ᠰᠡᠷᠭᠡᠢᠯᠡᠨ ᠡᠵᠡᠮᠳᠡᠭᠦ ᠠᠷᠭ᠎ᠠ ᠬᠡᠮᠵᠢᠶ᠎ᠡ ᠶᠣᠰᠣᠭᠠᠷ ᠬᠠᠯᠳᠠᠪᠤᠷᠢᠯᠠᠬᠤ᠎ᠶᠢ ᠰᠡᠷᠭᠡᠢᠯᠡᠵᠦ ᠪᠣᠯᠤᠨ᠎ᠠ ᠃
ᠬᠢᠵᠢᠭ᠎ᠤᠨ ᠪᠠᠢᠳᠠᠯ᠎ᠤᠨ ᠬᠤᠭᠤᠴᠠᠭᠠᠨ᠎ᠳ᠋ᠤ ᠪᠤᠰᠤᠳ ᠬᠥᠮᠦᠰ᠎ᠯᠦᠭᠡ ᠣᠢᠷᠠᠲᠤᠨ ᠬᠠᠷᠢᠯᠴᠠᠬᠤ᠎ᠶᠢ ᠠᠯᠢ ᠪᠣᠯᠬᠤ᠎ᠪᠠᠷ ᠪᠠᠭᠠᠰᠬᠠᠵᠤ ᠂ ᠬᠤᠷᠠᠯ ᠴᠤᠭᠯᠠᠭ᠎ᠠ ᠬᠢᠬᠦ᠎ᠶᠢ ᠵᠣᠬᠢᠶᠠᠨ ᠪᠠᠢᠭᠤᠯᠬᠤ ᠦᠭᠡᠶ ᠪᠤᠶᠤ ᠣᠷᠣᠯᠴᠠᠬᠤ ᠦᠭᠡᠢ ᠂ ᠠᠯᠢ ᠪᠣᠯᠬᠤ᠎ᠪᠠᠷ ᠬᠥᠮᠦᠨ ᠣᠯᠠᠨ ᠴᠤᠭᠯᠠᠷᠠᠬᠤ ᠦᠭᠡᠢ ᠪᠤᠶᠤ ᠠᠭᠠᠷ ᠰᠠᠯᠬᠢᠨ ᠨᠡᠪᠳᠡᠷᠡᠭᠦ ᠴᠢᠨᠠᠷ᠎ᠢᠶᠠᠷ ᠠᠨᠠᠶ ᠣᠯᠠᠨ ᠨᠡᠢᠲᠡ᠎ᠶᠢᠨ ᠲᠠᠯᠠᠪᠤᠷ᠎ᠲᠤ ᠣᠴᠢᠬᠤ ᠦᠭᠡᠶ ᠃ ᠡᠷᠦᠭᠡ ᠭᠡᠷ᠎ᠲᠡᠭᠡᠨ ᠪᠠᠢᠬᠤ᠎ᠳᠠᠭᠠᠨ ᠰᠠᠯᠬᠢ ᠨᠡᠪᠲᠡᠷᠡᠭᠦᠯᠬᠦ ᠂ ᠠᠷᠢᠭᠤᠳᠬᠠᠬᠤ ᠠᠵᠢᠯ᠎ᠢ ᠰᠠᠢᠲᠤᠷ ᠬᠢᠵᠦ ᠂ ᠭᠠᠳᠠᠭᠰᠢ ᠭᠠᠷᠬᠤ᠎ᠳᠠᠭᠠᠨ ᠡᠷᠬᠡᠪᠰᠢ ᠠᠮᠠᠪᠴᠢ ᠵᠡᠭᠦᠵᠦ ᠂ ᠬᠤᠪᠢ ᠬᠥᠮᠦᠨ᠎ᠤ ᠠᠷᠢᠭᠤᠨ ᠴᠡᠪᠡᠷ ᠡᠷᠡᠭᠦᠯ ᠬᠠᠮᠠᠭᠠᠯᠠᠯ᠎ᠢ ᠰᠠᠢᠲᠤᠷ ᠬᠢᠵᠦ ᠂ ᠭᠠᠷ᠎ᠢᠶᠡᠨ ᠦᠷᠭᠦᠯᠵᠢ ᠤᠬᠢᠶᠠᠵᠤ ᠂ ᠬᠤᠪᠢ ᠬᠥᠮᠦᠨ᠎ᠤ ᠬᠠᠯᠳᠠᠪᠤᠷᠢᠯᠠᠯ᠎ᠤᠨ ᠠᠶᠤᠯ ᠲᠦᠭᠰᠢᠭᠦᠷᠢ᠎ᠶᠢ ᠪᠠᠭᠠᠰᠬᠠᠨ᠎ᠠ ᠃
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠪᠡᠳᠴᠢᠨ᠎ᠤ ᠵᠢᠱᠢᠶ᠎ᠡ᠎ᠲᠠᠢ ᠣᠢᠷᠠᠲᠤᠭᠰᠠᠨ ᠦᠩᠭᠡᠷᠡᠯᠳᠡ᠎ᠲᠠᠢ ᠂ ᠦᠷᠭᠦᠯᠵᠢᠯᠡᠨ ᠲᠠᠷᠬᠠᠬᠰᠠᠨ ᠭᠠᠵᠠᠷ ᠣᠷᠣᠨ᠎ᠳ᠋ᠤ ᠵᠢᠭᠤᠯᠴᠢᠯᠠᠭᠰᠠᠨ ᠪᠠ ᠣᠷᠣᠰᠢᠨ ᠰᠠᠭᠤᠷᠢᠰᠢᠭᠰᠠᠨ ᠦᠩᠬᠡᠷᠡᠯᠳᠡ᠎ᠲᠠᠢ ᠂ ᠬᠠᠯᠠᠭᠤᠷᠠᠭᠰᠠᠨ ᠂ ᠬᠠᠨᠢᠶᠠᠯᠭᠠᠭᠰᠠᠨ ᠵᠡᠷᠭᠡ ᠰᠡᠵᠢᠭᠯᠡᠯᠲᠡᠶ ᠬᠦᠮᠤᠰᠯᠦᠭᠡ ᠣᠢᠷᠠᠲᠤᠭᠰᠠᠨ ᠦᠩᠬᠡᠷᠡᠯᠳᠡ᠎ᠲᠠᠢ ᠬᠥᠮᠦᠰ᠎ᠢ ᠬᠠᠷᠢᠶ᠎ᠠ ᠨᠡᠢᠭᠡᠮ ᠲᠣᠭᠣᠷᠢᠭ᠎ᠲᠠᠭᠠᠨ ᠬᠠᠮᠢᠶ᠎ᠠ ᠪᠦᠬᠦᠢ ᠮᠡᠳᠡᠭᠡ ᠵᠠᠩᠭᠢ᠎ᠶᠢ ᠰᠠᠨᠠᠭᠠᠴᠢᠯᠠᠭ᠎ᠠ᠎ᠡᠴᠠ᠎ᠪᠠᠨ ᠬᠠᠩᠭᠠᠬᠤ᠎ᠶᠢᠨ ᠬᠠᠮᠲᠤ ᠂ ᠲᠤᠰᠠᠭᠠᠷᠯᠠᠨ ᠠᠵᠢᠬᠯᠠᠵᠤ ᠂ ᠲᠤᠷᠰᠢᠯᠲᠠ᠎ᠶᠢᠨ ᠲᠠᠰᠤᠭ᠎ᠲᠤ ᠰᠢᠯᠭᠠᠨ ᠪᠠᠢᠴᠠᠭᠠᠨᠯᠲᠡ ᠬᠢᠵᠦ ᠂ ᠡᠪᠡᠳᠴᠢᠨ ᠡᠮᠭᠡᠭ ᠬᠠᠯᠳᠠᠪᠤᠷᠢᠯᠠᠬᠤ ᠠᠶᠤᠯ ᠲᠦᠭᠰᠢᠭᠦᠷᠢ ᠪᠠ ᠭᠡᠷ ᠪᠦᠯᠢ᠎ᠶᠢᠨ ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠢᠳᠠᠯ ᠡᠭᠦᠰᠬᠦ᠎ᠶᠢ ᠪᠠᠭᠠᠰᠬᠠᠬᠤ᠎ᠶᠢ ᠠᠩᠬᠠᠷᠤᠶ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃