2020-02-18 13:45:09
ᠦᠪᠡᠷᠳᠡᠭᠡᠨ ᠵᠠᠰᠬᠠᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠠᠬᠦ ᠠᠵᠢᠯ᠎ᠤᠨ ᠵᠢᠯᠤᠭᠤᠳᠬᠤ ᠭᠠᠵᠠᠷ ᠰᠤᠨᠢᠨ ᠮᠡᠳᠡᠭᠡ ᠨᠡᠢᠳᠠᠯᠠᠬᠦ ᠬᠤᠷᠠᠯ ᠬᠢᠵᠤ ᠬᠢᠵᠢᠭ᠎ᠤᠨ ᠪᠠᠢᠳᠠᠯ᠎ᠢ ᠰᠡᠷᠬᠡᠢᠯᠡᠨ
2 ᠰᠠᠷ᠎ᠠ᠎ᠶᠢᠨ 17᠎ᠤ ᠡᠳᠦᠷ ᠂ ᠦᠪᠡᠷᠳᠡᠭᠡᠨ ᠵᠠᠰᠬᠠᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠠᠬᠦ ᠠᠵᠢᠯ᠎ᠤᠨ ᠵᠢᠯᠤᠭᠤᠳᠬᠤ ᠭᠠᠵᠠᠷ ᠰᠤᠨᠢᠨ ᠮᠡᠳᠡᠭᠡ ᠨᠡᠢᠳᠠᠯᠠᠬᠦ ᠬᠤᠷᠠᠯ ᠬᠢᠵᠤ ᠂ ᠦᠪᠡᠷᠳᠡᠬᠡᠨ ᠵᠠᠰᠠᠬᠤ ᠤᠷᠤᠨ᠎ᠤ ᠶᠠᠳᠠᠭᠤ᠎ᠶᠢ ᠲᠡᠳᠬᠦᠬᠦ ᠨᠡᠭᠡᠭᠡᠯᠳᠠ᠎ᠶᠢᠨ ᠠᠯᠪᠠᠨ ᠬᠡᠷ᠎ᠤᠨ ᠡᠷᠬᠢᠯᠡᠭᠴᠢ ᠶᠤᠤ ᠶᠦᠩ ᠪᠦᠧᠧ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ᠎ᠢ ᠨᠢᠬᠡᠳᠦᠯᠳᠡᠢ ᠲᠦᠯᠦᠪᠵᠢᠬᠦᠯᠦᠨ ᠠᠬᠢᠭᠤᠯᠬᠤ ᠂ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠬ᠎ᠤᠨ ᠦᠢᠯᠡᠳᠪᠦᠷᠢᠯᠡᠯ᠎ᠢᠶᠡᠨ ᠰᠡᠷᠬᠦᠬᠡᠬᠦ᠎ᠶᠢ ᠠᠬᠢᠭᠤᠯᠬᠤ ᠂ ᠤᠷᠳᠤ ᠬᠤᠭᠤᠴᠠᠭᠠᠨ᠎ᠤ ᠪᠦᠲᠦᠮᠵᠢᠳᠠᠢ ᠲᠤᠬᠳᠠᠴᠠ᠎ᠶᠢ ᠪᠠᠢᠭᠤᠯᠬᠤ ᠂ ᠶᠠᠳᠠᠭᠤ᠎ᠶᠢ ᠲᠡᠳᠬᠦᠬᠦ ᠺᠠᠳ᠋ᠷᠴᠤᠳ᠎ᠤᠨ ᠦᠢᠯᠡᠳᠦᠯ᠎ᠢ ᠪᠠᠳᠠᠷᠠᠭᠤᠯᠬᠤ ᠵᠡᠷᠭᠡ ᠬᠠᠮᠢᠶ᠎ᠠ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠬᠴᠢ᠎ᠶᠢᠨ ᠠᠰᠠᠭᠤᠯᠳᠠ᠎ᠶᠢ ᠬᠠᠷᠢᠭᠤᠯᠪᠠ ᠃
ᠰᠤᠷᠪᠤᠯᠵᠢᠯᠠᠬᠴᠢ ᠄ ᠶᠠᠳᠠᠭᠤ᠎ᠶᠢ ᠲᠡᠳᠬᠦᠬᠦ ᠪᠤᠭᠤᠮᠳᠠ ᠰᠢᠪᠲᠤᠯᠬᠤ ᠲᠠᠢᠯᠠᠯᠳᠤᠭᠠᠨ᠎ᠤ ᠲᠠᠯᠠᠪᠤᠷ ᠬᠦᠳᠡᠬᠡ ᠲᠤᠰᠬᠤᠨ ᠮᠠᠯᠵᠢᠬᠤ ᠤᠷᠤᠨ᠎ᠳ᠋ᠤ ᠪᠠᠢᠵᠦ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠᠭᠤᠷᠠᠢ ᠭᠤᠬᠴᠤᠭ᠎ᠠ ᠴᠤ ᠬᠦᠳᠡᠬᠡ ᠲᠤᠰᠬᠤᠨ ᠮᠠᠯᠵᠢᠬᠤ ᠤᠷᠤᠨ᠎ᠳ᠋ᠤ ᠪᠠᠢᠨ᠎ᠠ ᠃ ᠮᠠᠨ᠎ᠤ ᠤᠷᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ᠎ᠶᠢ ᠨᠢᠬᠡᠳᠦᠯᠳᠡᠢ ᠲᠦᠯᠦᠪᠵᠢᠬᠦᠯᠦᠨ ᠠᠬᠢᠭᠤᠯᠬᠤ᠎ᠶᠢ ᠰᠠᠢᠳᠤᠷ ᠬᠢᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠠ ᠠᠪᠤᠬᠰᠠᠨ ᠪᠤᠢ ︖
ᠶᠤᠤ ᠶᠦᠩ ᠪᠦᠧᠧ ᠄ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ ᠠ ᠂ ᠵᠠᠰᠠᠬ᠎ᠤᠨ ᠤᠷᠳᠤᠨ ᠶᠡᠷᠦᠩᠬᠡᠢ ᠱᠦᠵᠢ ᠰᠢ᠎ᠶᠢᠨ ᠫᠢᠩ᠎ᠤᠨ 2 ᠰᠠᠷ᠎ᠠ᠎ᠶᠢᠨ 3᠎ᠤ ᠡᠳᠤᠷ ᠪᠠ 2 ᠰᠠᠷ᠎ᠠ᠎ᠶᠢᠨ 12᠎ᠤᠨ ᠡᠳᠦᠷ᠎ᠤᠨ ᠴᠢᠬᠤᠯᠠ ᠶᠠᠷᠢᠶ ᠠᠶᠢᠨ ᠵᠤᠷᠢᠬ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠦ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠤᠭᠤᠴᠠᠭᠠᠨ᠎ᠳ᠋ᠠᠬᠢ ᠶᠠᠳᠠᠭᠤ᠎ᠶᠢ ᠲᠡᠳᠬᠦᠬᠦ ᠪᠤᠭᠤᠮᠳᠠ ᠰᠢᠪᠲᠤᠯᠬᠤ ᠠᠵᠢᠯ᠎ᠢ ᠰᠠᠢᠳᠤᠷ ᠬᠢᠬᠦ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠴᠠᠢ ᠃ 2 ᠰᠠᠷ᠎ᠠ᠎ᠶᠢᠨ 10᠎ᠤ ᠡᠳᠦᠷ ᠂ ᠱᠢ᠎ᠲᠠᠢ ᠹᠧᠩ ᠱᠦᠵᠢ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ᠎ᠤᠨ ᠲᠤᠰᠬᠠᠢ ᠰᠡᠳᠦᠪᠳᠤ ᠬᠠᠷᠢᠭᠤ ᠮᠡᠳᠡᠬᠦᠯᠬᠦ ᠬᠤᠷᠠᠯ ᠬᠤᠷᠠᠯᠳᠤᠭᠤᠯᠵᠦ ᠂ ᠪᠦᠬᠦ ᠤᠷᠤᠨ᠎ᠤ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ᠎ᠤᠨ ᠪᠠᠢᠳᠠᠯ᠎ᠤᠨ ᠬᠠᠷᠢᠭᠤ ᠮᠡᠳᠡᠬᠦᠯᠦᠯᠳᠡ᠎ᠶᠢ ᠰᠤᠨᠤᠰᠴᠤ ᠂ ᠶᠠᠳᠠᠭᠤ᠎ᠡᠴᠠ ᠠᠩᠬᠢᠵᠢᠷᠠᠭᠤᠯᠬᠤ ᠡᠯ᠎ᠠ ᠲᠦᠷᠦᠯ᠎ᠤᠨ ᠡᠬᠦᠷᠬᠡ᠎ᠶᠢᠨ ᠨᠠᠢᠳᠠᠪᠤᠷᠢᠵᠢᠭᠤᠯᠤᠯᠳᠠ᠎ᠶᠢ ᠠᠬᠢᠭᠤᠯᠬᠤ ᠲᠤᠬᠠᠢ ᠰᠤᠳᠤᠯᠵᠦ ᠂ ᠡᠯ᠎ᠠ ᠱᠠᠳᠤ ᠡᠯ᠎ᠠ ᠰᠠᠯᠠᠭ᠎ᠠ ᠮᠦᠴᠢᠷ᠎ᠤᠨ᠎ᠬᠢᠨ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠪᠦᠬᠦ ᠬᠦᠴᠦᠨ᠎ᠢᠶᠠᠷ᠎ᠢᠶᠡᠨ ᠰᠠᠢᠳᠤᠷ ᠬᠢᠬᠦ᠎ᠶᠢᠨ ᠬᠠᠮᠳᠤ ᠂ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠰᠢᠢᠳᠪᠦᠷᠢᠳᠤ ᠲᠠᠢᠯᠠᠯᠳᠤᠭᠠᠨ᠎ᠤ ᠢᠯᠠᠯᠳᠠ ᠤᠯᠬᠤ ᠬᠠᠷᠢᠭᠤᠴᠠᠯᠭᠠᠳᠤ ᠰᠡᠳᠬᠢᠯᠬᠡ ᠪᠠ ᠲᠤᠯᠭᠠᠮ ᠰᠡᠳᠬᠢᠯᠬᠡ᠎ᠪᠠᠨ ᠦᠨᠡᠨ ᠬᠦ ᠴᠢᠩᠭᠠᠳᠬᠠᠨ ᠂ ᠬᠠᠮᠤᠬ᠎ᠤᠨ ᠡᠴᠤᠰ᠎ᠤᠨ ᠪᠤᠭᠤᠮᠲᠠ᠎ᠶᠢ ᠦᠷᠬᠦᠯᠵᠢᠯᠡᠨ ᠰᠢᠪᠲᠤᠯᠬᠤ ᠭᠡᠷᠡᠭᠳᠡᠢ ᠭᠡᠵᠤ ᠱᠠᠭᠠᠷᠳᠠᠵᠠᠢ ᠃ ᠦᠪᠡᠷᠳᠡᠬᠡᠨ ᠵᠠᠰᠠᠬᠤ ᠤᠷᠤᠨ᠎ᠤ ᠶᠠᠳᠠᠭᠤ᠎ᠶᠢ ᠲᠡᠳᠬᠦᠬᠦ ᠨᠡᠭᠡᠭᠡᠯᠳᠠ᠎ᠶᠢᠨ ᠠᠯᠪᠠᠨ ᠬᠡᠷ 1 ᠰᠠᠷ᠎ᠠ᠎ᠶᠢᠨ 30᠎ᠤ ᠡᠳᠦᠷ ᠂ 2 ᠰᠠᠷ᠎ᠠ᠎ᠶᠢᠨ 10᠎ᠤ ᠡᠳᠦᠷ ᠲᠤᠰ ᠲᠤᠰ ︽ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠ ᠤᠳᠤᠬᠠᠨ᠎ᠤ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠭᠤᠤᠯᠳᠠᠯᠭ᠎ᠠ᠎ᠲᠠᠢ ᠠᠵᠢᠯ᠎ᠢ ᠰᠠᠢᠳᠤᠷ ᠬᠢᠬᠦ ᠲᠤᠬᠠᠢ ᠮᠡᠳᠡᠭᠳᠡᠯ ︾ ︽ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ᠎ᠶᠢ ᠨᠦᠯᠦᠭᠡᠯᠡᠭᠰᠡᠨ ᠪᠠᠢᠳᠠᠯ᠎ᠳ᠋ᠤ ᠪᠠᠢᠴᠠᠭᠠᠯᠳᠠ ᠦᠷᠨᠢᠬᠦᠯᠬᠦ ᠲᠤᠬᠠᠢ ᠮᠡᠳᠡᠭᠳᠡᠯ ︾᠎ᠢ ᠪᠠᠭᠤᠯᠭᠠᠵᠦ ᠂ ᠶᠠᠳᠠᠭᠤ᠎ᠶᠢ ᠲᠡᠳᠬᠦᠬᠦ ᠰᠢᠰᠲ᠋ᠧᠮ᠎ᠤᠨ ᠬᠢᠵᠢᠭ᠎ᠢ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠬᠦ ᠲᠤᠬᠠᠢ ᠪᠤᠳᠠᠳᠠᠢ ᠱᠠᠭᠠᠷᠳᠠᠯᠭ᠎ᠠ ᠲᠤᠷᠠᠳᠴᠠᠢ ᠃ 2 ᠰᠠᠷ᠎ᠠ᠎ᠶᠢᠨ 11᠎ᠤ ᠡᠳᠦᠷ ᠂ ᠦᠪᠡᠷᠳᠡᠬᠡᠨ ᠵᠠᠰᠠᠬᠤ ᠤᠷᠤᠨ᠎ᠤ ᠶᠠᠳᠠᠭᠤ᠎ᠶᠢ ᠲᠡᠳᠬᠦᠬᠦ ᠨᠡᠭᠡᠭᠡᠯᠳᠠ᠎ᠶᠢᠨ ᠠᠯᠪᠠᠨ ᠬᠡᠷ ᠪᠦᠬᠦ ᠤᠷᠤᠨ᠎ᠤ ᠶᠠᠳᠠᠭᠤ᠎ᠶᠢ ᠲᠡᠳᠬᠦᠬᠦ ᠰᠢᠰᠲ᠋ᠧᠮ᠎ᠤᠨ ᠸᠢᠳᠢᠣ᠋ ᠬᠤᠷᠠᠯ ᠬᠤᠷᠠᠯᠳᠤᠭᠤᠯᠵᠦ ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ᠎ᠤᠨ ᠲᠤᠰᠬᠠᠢ ᠰᠡᠳᠦᠪᠳᠤ ᠬᠠᠷᠢᠭᠤ ᠮᠡᠳᠡᠬᠦᠯᠬᠦ ᠬᠤᠷᠠᠯ᠎ᠤᠨ ᠵᠤᠷᠢᠬ ᠰᠠᠨᠠᠭ᠎ᠠ᠎ᠶᠢ ᠤᠯᠠᠮᠵᠢᠯᠠᠵᠦ ᠂ ᠶᠠᠳᠠᠭᠤ᠎ᠶᠢ ᠲᠡᠳᠬᠦᠬᠦ ᠰᠢᠰᠲ᠋ᠧᠮ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠ ᠶᠠᠳᠠᠭᠤ᠎ᠶᠢ ᠲᠡᠳᠬᠦᠬᠦ ᠪᠤᠭᠤᠮᠳᠠ ᠰᠢᠪᠲᠤᠯᠬᠤ ᠭᠤᠤᠯᠳᠠᠯᠭ᠎ᠠ᠎ᠲᠠᠢ ᠠᠵᠢᠯ᠎ᠢ ᠪᠠᠢᠷᠢᠯᠠᠭᠤᠯᠵᠠᠢ ᠃ ᠡᠬᠦᠨ᠎ᠤ ᠬᠠᠮᠳᠤ ︽ ᠬᠢᠵᠢᠭ᠎ᠤᠨ ᠪᠠᠢᠳᠠᠯ᠎ᠤᠨ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠬ ᠪᠠ ᠶᠠᠳᠠᠭᠤ ᠬᠦᠴᠢᠷᠳᠡᠯᠳᠡᠢ ᠡᠷᠦᠬᠡ᠎ᠶᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠪᠤᠷᠤᠯᠠᠭᠤᠯᠤᠯᠳᠠ᠎ᠶᠢ ᠨᠦᠯᠦᠭᠡᠯᠡᠭᠰᠡᠨ ᠪᠠᠢᠳᠠᠯ᠎ᠳ᠋ᠤ ᠪᠠᠢᠴᠠᠭᠠᠯᠳᠠ ᠬᠢᠬᠦ ᠲᠤᠬᠠᠢ ᠮᠡᠳᠡᠭᠳᠡᠯ ︾᠎ᠢ ᠪᠠᠭᠤᠯᠭᠠᠵᠦ ᠂ ᠡᠯ᠎ᠠ ᠲᠦᠷᠦᠯ᠎ᠤᠨ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠬ᠎ᠤᠨ ᠡᠷᠳᠡᠬᠡᠨ ᠦᠢᠯᠡᠳᠪᠦᠷᠢᠯᠡᠯ᠎ᠢᠶᠡᠨ ᠰᠡᠷᠬᠦᠬᠡᠬᠦ᠎ᠶᠢ ᠠᠬᠢᠭᠤᠯᠤᠬᠰᠠᠨ ᠪᠠᠢᠨ᠎ᠠ ᠃ ᠬᠢᠵᠢᠭ᠎ᠤᠨ ᠪᠠᠢᠳᠠᠯ᠎ᠤᠨ ᠡᠮᠦᠨ᠎ᠠ ᠂ ᠦᠪᠡᠷᠳᠡᠬᠡᠨ ᠵᠠᠰᠠᠬᠤ ᠤᠷᠤᠨ᠎ᠤ ᠶᠠᠳᠠᠭᠤ᠎ᠶᠢ ᠲᠡᠳᠬᠦᠬᠦ ᠨᠡᠭᠡᠭᠡᠯᠳᠠ᠎ᠶᠢᠨ ᠠᠯᠪᠠᠨ ᠬᠡᠷ᠎ᠤᠨ᠎ᠬᠢᠨ ᠨᠢᠬᠡᠳᠦᠯᠳᠡᠢ ᠲᠦᠯᠦᠪᠵᠢᠬᠦᠯᠦᠨ ᠨᠡᠢᠳᠡ᠎ᠳ᠋ᠤ᠎ᠨᠢ ᠬᠠᠷᠠᠭᠠᠯᠵᠠᠬᠤ᠎ᠶᠢ ᠪᠠᠷᠢᠮᠳᠠᠯᠠᠵᠦ ᠂ ᠨᠢᠬᠡ ᠲᠠᠯ᠎ᠠ᠎ᠪᠠᠷ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠠᠳᠬᠤᠨ ᠂ ᠨᠦᠬᠦᠬᠡ ᠲᠠᠯ᠎ᠠ᠎ᠪᠠᠷ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ᠎ᠢ ᠠᠳᠬᠤᠵᠤ ᠂ ᠡᠯ᠎ᠠ ᠲᠦᠷᠤᠯ᠎ᠤᠨ ᠠᠵᠢᠯ᠎ᠢ ᠵᠦᠢ ᠵᠤᠬᠢᠰᠳᠠᠢ ᠪᠠᠢᠷᠢᠯᠠᠭᠤᠯᠵᠦ ᠂ ᠬᠤᠶᠠᠷ ᠲᠠᠯ᠎ᠠ᠎ᠪᠠᠷ ᠠᠳᠬᠤᠬᠤ ᠂ ᠬᠤᠶᠠᠷ᠎ᠢ ᠦᠯᠦ ᠰᠠᠭᠠᠳᠠᠭᠠᠬᠤ᠎ᠶᠢ ᠪᠡᠶᠡᠯᠡᠬᠦᠯᠵᠦ ᠂ ᠭᠤᠤᠯᠳᠠᠭᠤ ᠲᠤᠤᠷᠠᠬᠢ ᠬᠡᠳᠦᠨ ᠲᠠᠯ᠎ᠠ᠎ᠶᠢᠨ ᠠᠵᠢᠯ᠎ᠢ ᠬᠢᠪᠡ ᠃
ᠨᠢᠬᠡ᠎ᠳ᠋ᠤ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠳ᠋ᠤ ᠢᠳᠡᠪᠬᠢᠳᠡᠢ ᠤᠷᠤᠯᠴᠠᠪᠠ ᠃ ᠡᠯ᠎ᠠ ᠱᠠᠳᠤᠨ᠎ᠤ ᠶᠠᠳᠠᠭᠤ᠎ᠶᠢ ᠲᠡᠳᠬᠦᠬᠦ ᠰᠠᠯᠠᠭ᠎ᠠ ᠮᠦᠴᠢᠷ ᠪᠠ ᠭᠠᠴᠠᠭ᠎ᠠ ᠲᠤᠰᠬᠤᠨ᠎ᠳ᠋ᠤ ᠰᠠᠭᠤᠭ᠎ᠠ ᠠᠵᠢᠯᠯᠠᠬᠤ ᠠᠩᠬᠢ ᠰᠡᠷᠬᠡᠢᠯᠡᠨ ᠡᠵᠡᠮᠳᠡᠬᠦ ᠬᠦᠳᠡᠯᠦᠩᠬᠦᠢ ᠪᠠᠢᠳᠠᠯ᠎ᠢ ᠡᠵᠡᠮᠰᠢᠵᠦ ᠂ ᠭᠠᠴᠠᠭ᠎ᠠ ᠲᠤᠰᠬᠤᠨ᠎ᠤ ᠨᠠᠮ᠎ᠤᠨ ᠵᠤᠬᠢᠶᠠᠨ ᠪᠠᠢᠭᠤᠯᠤᠯᠳᠠᠯᠤᠭᠠᠶᠢᠨ ᠬᠠᠷᠢᠯᠴᠠᠭ᠎ᠠ᠎ᠪᠠᠨ ᠴᠢᠩᠭᠠᠳᠬᠠᠵᠦ ᠂ ᠬᠢᠵᠢᠭ᠎ᠤᠨ ᠪᠠᠢᠳᠠᠯ᠎ᠢ ᠤᠢᠯᠠᠭᠠᠬᠤ ᠂ ᠪᠠᠢᠴᠠᠭᠠᠬᠤ ᠪᠠ ᠰᠡᠷᠬᠡᠢᠯᠡᠨ ᠡᠵᠡᠮᠳᠡᠬᠦ ᠠᠵᠢᠯ᠎ᠢ ᠵᠢᠯᠤᠭᠤᠳᠪᠠ ᠃ ᠱᠠᠭᠠᠷᠳᠠᠯᠭ᠎ᠠ ᠶᠤᠰᠤᠭᠠᠷ ᠪᠦᠬᠦ ᠶᠠᠳᠠᠭᠤ ᠬᠦᠴᠢᠷᠳᠡᠯᠳᠡᠢ ᠡᠷᠦᠬᠡ ᠂ ᠭᠠᠴᠠᠭ᠎ᠠ ᠲᠤᠰᠬᠤᠨ᠎ᠳ᠋ᠤ ᠰᠠᠭᠤᠭ᠎ᠠ ᠺᠠᠳ᠋ᠷ ᠪᠠ ᠶᠠᠳᠠᠭᠤ᠎ᠶᠢ ᠲᠡᠳᠬᠦᠬᠦ ᠰᠢᠰᠲ᠋ᠧᠮ᠎ᠤᠨ ᠺᠠᠳ᠋ᠷ᠎ᠲᠤ ᠬᠢᠵᠢᠭ᠎ᠤᠨ ᠪᠠᠢᠳᠠᠯ᠎ᠤᠨ ᠬᠢᠨᠠᠨ ᠬᠡᠮᠵᠢᠯᠳᠡ ᠬᠢᠵᠦ ᠂ ᠡᠳᠦᠷ ᠪᠦᠷᠢ ᠦᠪᠡᠷᠳᠡᠬᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ ᠪᠠ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠶᠠᠳᠠᠭᠤ᠎ᠶᠢ ᠲᠡᠳᠬᠦᠬᠦ ᠨᠡᠭᠡᠭᠡᠯᠳᠠ᠎ᠶᠢᠨ ᠠᠯᠪᠠᠨ ᠬᠡᠷ᠎ᠲᠤ ᠮᠡᠳᠡᠬᠦᠯᠪᠡ ᠃ ᠤᠳᠤᠬᠠᠨ ᠪᠤᠯᠳᠠᠯ᠎ᠠ ᠂ ᠪᠦᠬᠦ ᠤᠷᠤᠨ᠎ᠤ ᠶᠠᠳᠠᠭᠤ᠎ᠶᠢ ᠲᠡᠳᠬᠦᠬᠦ ᠺᠠᠳ᠋ᠷ ᠂ ᠶᠠᠳᠠᠭᠤ ᠬᠦᠴᠢᠷᠳᠡᠯᠳᠡᠢ ᠡᠷᠦᠬᠡ ᠬᠢᠵᠢᠭ᠎ᠲᠤ ᠬᠠᠯᠳᠠᠪᠤᠷᠢᠯᠠᠬᠳᠠᠬᠰᠠᠨ ᠮᠡᠳᠡᠬᠦᠯᠦᠯᠳᠡ ᠦᠬᠡᠢ ᠪᠠᠢᠨ᠎ᠠ ᠃
ᠬᠤᠶᠠᠷ᠎ᠲᠤ ᠂ ᠬᠢᠵᠢᠭ᠎ᠤᠨ ᠪᠠᠢᠳᠠᠯ᠎ᠤᠨ ᠶᠠᠳᠠᠭᠤ᠎ᠶᠢ ᠲᠡᠳᠬᠦᠬᠦ ᠠᠵᠢᠯ᠎ᠳ᠋ᠠᠬᠢ ᠨᠦᠯᠦᠬᠡ᠎ᠶᠢ ᠴᠠᠬ ᠲᠤᠬᠠᠢ᠎ᠳ᠋ᠤᠨᠢ ᠵᠠᠳᠠᠯᠪᠠ ᠃ ᠡᠩ ᠲᠡᠷᠢᠬᠦᠨ᠎ᠳ᠋ᠤ ᠂ ᠶᠠᠳᠠᠭᠤ᠎ᠶᠢ ᠲᠡᠳᠬᠦᠬᠦ ᠠᠵᠦ ᠦᠢᠯᠡᠰ᠎ᠢ ᠬᠢᠨᠠᠨ ᠬᠡᠮᠵᠢᠵᠦ ᠲᠤᠬᠢᠷᠠᠭᠤᠯᠬᠤ᠎ᠶᠢ ᠴᠢᠩᠭᠠᠳᠬᠠᠪᠠ ᠃ ᠲᠦᠬᠦᠬᠡᠷᠦᠮᠵᠢᠳᠤ ᠲᠠᠷᠢᠶᠠᠯᠠᠩ ᠪᠠ ᠦᠢᠯᠡᠳᠪᠦᠷᠢᠯᠡᠵᠦ ᠡᠳ᠋ᠰᠢᠬᠦᠯᠬᠦ ᠠᠵᠦ ᠠᠬᠤᠢᠯᠠᠯ᠎ᠤᠨ ᠤᠳᠤᠬᠠᠨ᠎ᠤ ᠪᠠᠢᠳᠠᠯ᠎ᠢ ᠤᠢᠯᠠᠭᠠᠬᠤ ᠪᠠᠢᠴᠠᠭᠠᠯᠳᠠ ᠬᠢᠵᠦ ᠂ ᠮᠠᠯ᠎ᠤᠨ ᠠᠰᠢᠬ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ ᠡᠳ᠋ᠰᠢᠬᠦᠯᠦᠨ ᠪᠤᠯᠪᠠᠰᠤᠷᠠᠭᠤᠯᠬᠤ ᠠᠵᠦ ᠠᠬᠤᠢᠯᠠᠯ᠎ᠢ ᠲᠡᠮᠵᠢᠵᠦ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠯᠬᠡᠭᠰᠡᠨ ᠰᠠᠭᠤᠷᠢᠨ ᠲᠡᠬᠡᠷ᠎ᠠ ᠂ ᠠᠯᠢ ᠲᠦᠷᠬᠡᠨ᠎ᠢᠶᠠᠷ ᠦᠢᠯᠡᠳᠪᠦᠷᠢᠯᠡᠯ᠎ᠢ᠎ᠨᠢ ᠰᠡᠷᠬᠦᠬᠡᠪᠡ ᠃ ᠲᠠᠬᠢᠪᠠᠯ ᠂ ᠶᠠᠳᠠᠭᠤ᠎ᠶᠢ ᠲᠡᠳᠬᠦᠬᠦ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶᠢᠨ ᠪᠡᠯᠡᠳᠬᠡᠯ ᠠᠵᠢᠯ᠎ᠢ ᠨᠢᠬᠡᠳᠦᠯᠳᠡᠢ ᠲᠦᠯᠦᠪᠵᠢᠬᠦᠯᠦᠨ ᠰᠠᠢᠳᠤᠷ ᠬᠢᠵᠦ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠤᠭᠤᠴᠠᠭᠠᠨ᠎ᠳ᠋ᠤ ᠂ ᠤᠳᠤ ᠦᠶ᠎ᠠ᠎ᠶᠢᠨ ᠮᠡᠳᠡᠬᠡ ᠵᠠᠩᠬᠢ᠎ᠶᠢᠨ ᠲᠠᠮᠵᠢᠭᠤᠯᠭ᠎ᠠ᠎ᠶᠢᠨ ᠠᠷᠭ᠎ᠠ ᠠᠪᠴᠠᠯ᠎ᠢ ᠠᠰᠢᠬᠯᠠᠨ ᠂ ᠰᠦᠯᠵᠢᠶᠡᠨ ᠲᠡᠬᠡᠷ᠎ᠠ ᠬᠢᠨᠠᠨ ᠵᠦᠪᠰᠢᠶᠡᠷᠡᠬᠦ ᠂ ᠸᠢᠳᠢᠣ᠋ ᠬᠤᠷᠠᠯ ᠬᠤᠷᠠᠯᠳᠤᠭᠤᠯᠬᠤ ᠵᠡᠷᠬᠡ ᠠᠷᠭ᠎ᠠ ᠠᠪᠴᠠᠯ᠎ᠢ ᠠᠪᠴᠤ ᠂ ᠲᠦᠷᠦᠯ ᠵᠦᠢᠯ᠎ᠢ ᠬᠢᠨᠠᠨ ᠵᠦᠪᠰᠢᠶᠡᠷᠡᠬᠦ ᠵᠡᠷᠬᠡ ᠠᠬᠢᠴᠠ᠎ᠶᠢ ᠲᠦᠷᠬᠡᠳᠬᠡᠵᠡᠢ ᠃ ᠪᠠᠰᠠ ᠵᠠᠬ᠎ᠠ ᠲᠡᠯᠬᠡᠬᠦᠷ᠎ᠤᠨ ᠬᠦᠳᠡᠯᠦᠩᠬᠦᠢ ᠬᠢᠨᠠᠨ ᠬᠡᠮᠵᠢᠯᠳᠡ᠎ᠶᠢ ᠴᠢᠩᠭᠠᠳᠬᠠᠨ ᠂ ᠬᠢᠵᠢᠭ᠎ᠤᠨ ᠪᠠᠢᠳᠠᠯ᠎ᠤᠨ ᠬᠤᠪᠢᠷᠠᠯᠳᠠ᠎ᠶᠢ ᠦᠨᠳᠦᠰᠦᠯᠡᠨ ᠦᠢᠯᠡᠳᠪᠦᠷᠢᠯᠡᠯ᠎ᠤᠨ ᠲᠦᠯᠦᠪᠯᠡᠬᠡ ᠪᠠ ᠬᠤᠳᠠᠯᠳᠤᠨ ᠠᠪᠬᠤ ᠲᠦᠯᠦᠪᠯᠡᠬᠡ᠎ᠶᠢ ᠡᠷᠳᠡ᠎ᠡᠴᠠ ᠲᠤᠭᠳᠠᠭᠠᠵᠦ ᠂ ᠮᠠᠯ᠎ᠤᠨ ᠠᠰᠢᠬ ᠰᠢᠮ᠎ᠠ ᠲᠠᠷᠢᠶᠠᠯᠠᠩ᠎ᠤᠨ ᠪᠦᠲᠦᠭᠡᠭᠳᠡᠬᠦᠨ᠎ᠢ ᠪᠤᠷᠤᠯᠠᠭᠤᠯᠬᠤ ᠵᠠᠮ ᠰᠤᠪᠠᠬᠢ ᠰᠢᠯᠤᠭᠤᠳᠬᠠᠪᠠ ᠃
ᠭᠤᠷᠪᠠ᠎ᠳ᠋ᠤ ᠂ ᠠᠷᠭᠠᠴᠠᠭᠠᠬᠤ ᠠᠷᠭ᠎ᠠ ᠬᠡᠮᠵᠢᠶ᠎ᠡ ᠠᠪᠴᠤ ᠬᠢᠵᠢᠭ᠎ᠤᠨ ᠪᠠᠢᠳᠠᠯ᠎ᠤᠨ ᠨᠥᠯᠥᠭᠡ᠎ᠶᠢ ᠪᠠᠭᠠᠰᠬᠠᠭᠰᠠᠨ ᠪᠠᠢᠨ᠎ᠠ ᠃ ᠪᠡᠯᠡ ᠮᠥᠩᠭᠥ᠎ᠶᠢᠨ ᠪᠠᠲᠤᠯᠠᠭ᠎ᠠ᠎ᠶᠢᠨ ᠲᠠᠯ᠎ᠠ᠎ᠪᠠᠷ ᠂ ᠪᠡᠯᠡ ᠮᠥᠩᠭᠥ ᠬᠡᠷᠡᠭᠯᠡᠬᠦ ᠴᠢᠭᠯᠡᠯ᠎ᠢ ᠲᠣᠬᠢᠷᠠᠭᠤᠯᠵᠤ ᠂ ᠬᠢᠵᠢᠭ᠎ᠤᠨ ᠪᠠᠢᠳᠠᠯ᠎ᠳ᠋ᠤ ᠶᠡᠬᠡ᠎ᠪᠠᠷ ᠨᠥᠯᠥᠭᠡᠯᠡᠭᠳᠡᠭᠰᠡᠨ ᠠᠵᠤ ᠦᠢᠯᠡᠰ᠎ᠤᠨ ᠲᠥᠷᠥᠯ ᠵᠦᠢᠯ᠎ᠢ ᠦᠢᠯᠡᠳᠪᠦᠷᠢᠯᠡᠬᠦ ᠂ ᠪᠣᠷᠣᠯᠠᠭᠤᠯᠬᠤ ᠵᠡᠷᠭᠡ ᠲᠠᠯ᠎ᠠ᠎ᠶᠢᠨ ᠳᠡᠮᠵᠢᠯᠭᠡ᠎ᠪᠠᠨ ᠨᠡᠮᠡᠭᠳᠡᠭᠦᠯᠪᠡ ᠃ ᠡᠳ᠋᠎ᠤᠨ ᠵᠠᠰᠠᠭ᠎ᠤᠨ ᠬᠥᠰᠢᠭᠦᠷᠭᠡ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠶᠠᠳᠠᠭᠤ᠎ᠶᠢ ᠲᠡᠳᠬᠦᠬᠦ ᠠᠵᠤ ᠦᠢᠯᠡᠰ᠎ᠤᠨ ᠬᠠᠮᠢᠶ᠎ᠠ ᠪᠦᠬᠦᠢ ᠨᠥᠬᠥᠪᠥᠷᠢ ᠮᠥᠩᠭᠥ᠎ᠶᠢ ᠡᠷᠲᠡᠬᠡᠨ ᠨᠠᠢᠳᠠᠪᠤᠷᠢᠵᠢᠭᠤᠯᠵᠤ ᠂ ᠬᠥᠳᠡᠭᠡ ᠲᠣᠰᠬᠣᠨ᠎ᠤ ᠨᠠᠭᠠᠳᠤ ᠵᠠᠬ᠎ᠠ᠎ᠶᠢᠨ ᠠᠮᠢᠳᠤᠷᠠᠯ᠎ᠤᠨ ᠪᠠᠲᠤᠯᠠᠪᠤᠷᠢ᠎ᠶᠢᠨ ᠮᠦᠩᠭᠦ ᠂ ᠵᠡᠮᠳᠡᠭᠴᠦᠳ᠎ᠲᠤ ᠤᠯᠭᠤᠬᠤ ᠨᠦᠭᠦᠪᠦᠷᠢ᠎ᠶᠢ ᠴᠠᠭ ᠲᠤᠬᠠᠶ᠎ᠳ᠋ᠤᠨᠢ ᠭᠦᠢᠴᠡᠳ ᠲᠣᠭ᠎ᠠ᠎ᠪᠠᠷ ᠣᠯᠭᠣᠬᠤ᠎ᠶᠢ ᠪᠠᠲᠤᠯᠠᠵᠠᠢ ᠃ ᠬᠢᠵᠢᠭ᠎ᠤᠨ ᠪᠠᠢᠳᠠᠯ᠎ᠳ᠋ᠤ ᠶᠡᠭᠡ᠎ᠪᠠᠷ ᠨᠦᠯᠦᠭᠡᠯᠡᠭᠳᠡᠭᠰᠡᠨ ᠶᠠᠳᠠᠭᠤ᠎ᠶᠢ ᠲᠡᠳᠬᠦᠬᠦ ᠠᠵᠤ ᠦᠢᠯᠡᠰ ᠵᠢᠴᠢ ᠬᠥᠭᠵᠢᠯᠲᠡ᠎ᠶᠢᠨ ᠬᠠᠨᠳᠤᠰᠢ᠎ᠳ᠋ᠤ ᠬᠦᠴᠢᠷᠳᠡᠯ ᠲᠤᠯᠭᠠᠷᠠᠭᠰᠠᠨ ᠶᠠᠳᠠᠭᠤ᠎ᠶᠢ ᠲᠡᠳᠬᠦᠬᠦ ᠠᠵᠤ ᠠᠬᠤᠢᠯᠠᠯ᠎ᠢ ᠬᠠᠨᠳᠤᠯᠭ᠎ᠠ᠎ᠲᠠᠢ᠎ᠪᠠᠷ ᠳᠡᠳᠭᠦᠪᠡ ᠃ ᠬᠣᠯᠪᠣᠭᠳᠠᠯ ᠪᠥᠬᠥᠶ ᠱᠠᠭᠠᠷᠳᠠᠯᠭ᠎ᠠ ᠶᠣᠰᠣᠭᠠᠷ ᠂ ᠬᠢᠵᠢᠭ᠎ᠤᠨ ᠪᠠᠢᠳᠠᠯ᠎ᠳ᠋ᠤ ᠨᠥᠯᠥᠭᠡᠯᠡᠭᠳᠡᠭᠰᠡᠨ ᠂ ᠬᠤᠭᠤᠴᠠᠭ᠎ᠠ᠎ᠨᠢ ᠲᠤᠯᠵᠤ ᠵᠣᠭᠣᠰ᠎ᠢᠶᠡᠨ ᠪᠤᠴᠠᠭᠠᠬᠤ᠎ᠳ᠋ᠤ ᠬᠦᠴᠢᠷᠳᠡᠯ᠎ᠲᠠᠢ ᠶᠠᠳᠠᠭᠤ ᠬᠦᠴᠢᠷᠳᠡᠯᠲᠡᠶ ᠡᠷᠦᠬᠡ᠎ᠳ᠋ᠤ ᠵᠢᠭᠡᠯᠡᠯᠭᠡ᠎ᠶᠢᠨ ᠬᠤᠭᠤᠴᠠᠭ᠎ᠠ᠎ᠶᠢ᠎ᠨᠢ ᠤᠷᠲᠤᠳᠬᠠᠬᠰᠠᠨ ᠪᠤᠶᠤ ᠦᠷᠭᠦᠯᠵᠢᠯᠡᠨ ᠵᠢᠭᠡᠯᠡᠯᠭᠡ ᠣᠯᠭᠣᠵᠠᠢ ᠃ ᠡᠳ᠋᠎ᠤᠨ ᠵᠠᠰᠠᠭ᠎ᠤᠨ ᠶᠠᠳᠠᠭᠤ᠎ᠶᠢ ᠲᠡᠳᠬᠦᠬᠦ ᠲᠤᠰᠬᠠᠶ ᠪᠡᠯᠡ ᠮᠥᠩᠭᠥ᠎ᠶᠢ ᠵᠣᠬᠢᠰᠲᠠᠶ ᠲᠣᠬᠢᠷᠠᠭᠤᠯᠵᠤ ᠂ ᠶᠠᠳᠠᠭᠤ ᠬᠦᠴᠢᠷᠳᠡᠯᠲᠡᠶ ᠬᠥᠮᠦᠨ ᠠᠮᠠ᠎ᠶᠢᠨ ᠠᠵᠢᠯ ᠣᠯᠭᠣᠬᠤ᠎ᠳ᠋ᠤ ᠬᠡᠷᠡᠭᠯᠡᠪᠡ ᠃ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠠᠯ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠶᠢ ᠲᠡᠳᠬᠦᠬᠦ ᠨᠡᠭᠡᠭᠡᠯᠳᠡ᠎ᠶᠢᠨ ᠠᠯᠪᠠᠨ ᠭᠡᠷ᠎ᠲᠠᠢ ᠬᠠᠮᠲᠤᠷᠠᠨ ᠂ ᠠᠪᠤᠷᠠᠨ ᠲᠤᠰᠠᠯᠠᠬᠤ ᠡᠳ᠋ ᠪᠤᠳᠠᠰ᠎ᠤᠨ ᠨᠥᠭᠡᠴᠡ᠎ᠪᠠᠨ ᠴᠢᠩᠭᠠᠳᠬᠠᠵᠤ ᠂ ᠴᠠᠭ ᠲᠤᠬᠠᠶ᠎ᠳ᠋ᠤᠨᠢ ᠠᠪᠤᠷᠠᠨ ᠲᠤᠰᠠᠯᠠᠵᠤ ᠬᠠᠪᠰᠤᠷᠤᠨ ᠲᠡᠳᠬᠦᠵᠦ ᠂ ᠶᠠᠳᠠᠭᠤ ᠬᠦᠴᠢᠷᠳᠡᠯᠲᠡᠶ ᠬᠥᠮᠦᠨ ᠠᠮᠠ᠎ᠶᠢᠨ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳ᠋ᠤ ᠢᠳᠡᠵᠦ ᠡᠮᠦᠰᠬᠦᠳ᠋ᠡᠭᠡᠨ ᠵᠣᠪᠠᠬᠤ ᠥᠬᠡᠶ ᠪᠠᠢᠬᠤ᠎ᠶᠢ ᠦᠨᠡᠨ ᠬᠦ ᠪᠠᠲᠤᠯᠠᠪᠠ ᠃ ᠨᠡᠢᠲᠡ᠎ᠶᠢᠨ ᠠᠰᠠᠷᠠᠮᠵᠢ᠎ᠶᠢᠨ ᠴᠢᠨᠠᠷᠲᠠᠶ ᠠᠵᠢᠯ᠎ᠤᠨ ᠪᠠᠢᠷᠢ᠎ᠶᠢ ᠨᠢᠭᠡᠳᠦᠯᠲᠡᠶ ᠲᠥᠯᠥᠪᠵᠢᠭᠦᠯᠬᠦ ᠳᠠᠯ᠎ᠠ᠎ᠪᠠᠷ ᠂ ᠬᠣᠯᠪᠣᠭᠳᠠᠯ ᠪᠥᠬᠥᠶ ᠱᠠᠭᠠᠷᠳᠠᠯᠭ᠎ᠠ ᠶᠣᠰᠣᠭᠠᠷ ᠂ ᠲᠦᠷ ᠴᠠᠭ᠎ᠤᠨ ᠨᠡᠢᠲᠡ᠎ᠶᠢᠨ ᠠᠰᠠᠷᠠᠮᠵᠢ᠎ᠶᠢᠨ ᠴᠢᠨᠠᠷᠲᠠᠶ ᠠᠵᠢᠯ᠎ᠤᠨ ᠪᠠᠢᠷᠢ ᠨᠡᠮᠡᠨ ᠳᠤᠬᠢᠷᠠᠭᠤᠯᠬᠤ᠎ᠶᠢ ᠵᠣᠷᠢᠭᠵᠢᠭᠤᠯᠪᠠ ᠃ ᠰᠦᠯᠵᠢᠶᠡᠨ ᠳᠡᠭᠡᠷᠡᠬᠢ ᠲᠤᠰᠬᠠᠶ ᠠᠵᠢᠯ ᠣᠯᠭᠣᠬᠤ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ ᠂ ᠶᠠᠳᠠᠭᠤ ᠬᠦᠴᠢᠷᠳᠡᠯᠲᠡᠶ ᠬᠥᠮᠦᠨ ᠠᠮᠠ᠎ᠳ᠋ᠤ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ ᠬᠦᠮᠦᠵᠢᠯ ᠬᠢᠭᠦ᠎ᠶᠢ ᠴᠢᠩᠭᠠᠳᠬᠠᠪᠠ ᠃
ᠰᠤᠷᠪᠤᠯᠵᠢᠯᠠᠭᠴᠢ ᠄ ᠲᠣᠰ ᠤᠳᠠᠭᠠᠨ᠎ᠤ ᠬᠢᠵᠢᠭ᠎ᠤᠨ ᠪᠠᠢᠳᠠᠯ᠎ᠨᠢ ᠶᠠᠳᠠᠭᠤ᠎ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢᠯᠠᠩᠭᠤᠶ᠎ᠠ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ᠎ᠤ ᠦᠢᠯᠡᠳᠪᠦᠷᠢᠯᠡᠯ ᠠᠮᠢᠳᠤᠷᠠᠯ᠎ᠳ᠋ᠤ ᠶᠠᠮᠠᠷᠬᠠᠨ ᠨᠥᠯᠥᠭᠡ ᠠᠪᠴᠢᠷᠠᠬᠰᠠᠨ ᠪᠣᠶ ︖ ᠪᠢᠳᠡ ᠶᠠᠮᠠᠷ ᠠᠷᠭ᠎ᠠ ᠬᠡᠮᠵᠢᠶ᠎ᠡ ᠠᠪᠴᠤ ᠪᠠᠢᠭᠠᠳ ᠡᠲᠡᠭᠡᠷ ᠨᠥᠯᠥᠭᠡ᠎ᠶᠢ ᠪᠠᠭᠠᠰᠬᠠᠨ ᠂ ᠶᠠᠳᠠᠭᠤ᠎ᠶᠢ ᠲᠡᠳᠬᠦᠬᠦ ᠡᠯ᠎ᠡ ᠲᠥᠷᠥᠯ᠎ᠤᠨ ᠦᠢᠯᠡᠳᠪᠦᠷᠢ᠎ᠶᠢᠨ ᠲᠠᠰᠤᠭ᠎ᠢ ᠲᠦᠷᠭᠡᠬᠡᠨ ᠠᠵᠢᠯ᠎ᠢᠶᠡᠨ ᠰᠡᠷᠭᠦᠭᠡᠵᠤ ᠦᠢᠯᠡᠳᠪᠤᠷᠢᠯᠡᠯ᠎ᠢᠶᠡᠨ ᠰᠡᠷᠬᠦᠭᠡᠬᠦ ᠲᠠᠯ᠎ᠠ᠎ᠪᠠᠷ ᠶᠠᠮᠠᠷ ᠰᠢᠤ ᠪᠣᠳᠠᠲᠠᠶ ᠲᠣᠬᠢᠷᠠᠭᠤᠯᠤᠯᠲᠠ ᠬᠢᠬᠦ ᠪᠣᠶ ︖
ᠶᠤᠣ ᠶᠦᠩ ᠪᠥᠸᠧ ᠄ ᠬᠢᠵᠢᠭ᠎ᠤᠨ ᠪᠠᠢᠳᠠᠯ᠎ᠨᠢ ᠶᠠᠳᠠᠭᠤ᠎ᠡᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠪᠠ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ᠎ᠤ ᠦᠢᠯᠡᠳᠪᠦᠷᠢᠯᠡᠯ ᠠᠮᠢᠳᠤᠷᠠᠯ᠎ᠳ᠋ᠤ ᠦᠵᠡᠭᠦᠯᠦᠭᠰᠡᠨ ᠨᠥᠯᠥᠭᠡ᠎ᠨᠢ ᠭᠣᠤᠯᠳᠠᠭᠤ ᠳᠣᠤᠷᠠᠬᠢ ᠳᠥᠷᠪᠡᠨ ᠲᠠᠯ᠎ᠠ ᠪᠣᠶ ᠄ ᠨᠢᠭᠡ᠎ᠳ᠋ᠤ ᠶᠠᠳᠠᠭᠤ ᠬᠦᠴᠢᠷᠳᠡᠯᠲᠡᠶ ᠤᠯᠠᠨ ᠲᠦᠮᠡᠨ᠎ᠤ ᠭᠠᠳᠠᠭᠰᠢ ᠭᠠᠷᠴᠤ ᠬᠦᠯᠤᠰᠤᠨ ᠠᠵᠢᠯ ᠬᠢᠭᠦ᠎ᠨᠢ ᠬᠠᠷᠰᠢᠯᠠᠭᠳᠠᠵᠤ ᠂ ᠶᠠᠳᠠᠭᠤ ᠬᠦᠴᠢᠷᠳᠡᠯᠲᠡᠶ ᠬᠥᠮᠦᠨ ᠠᠮᠠ᠎ᠶᠢᠨ ᠭᠠᠳᠠᠭᠰᠢ ᠭᠠᠷᠴᠤ ᠬᠦᠯᠦᠰᠤᠨ ᠠᠵᠢᠯ ᠬᠢᠭᠦ ᠣᠷᠣᠯᠭ᠎ᠠ᠎ᠶᠢ ᠰᠢᠭᠤᠳ ᠨᠥᠯᠥᠭᠡᠯᠡᠭᠰᠡᠨ ᠪᠠᠢᠨ᠎ᠠ ᠃ ᠬᠣᠶᠠᠷ᠎ᠲᠤ ᠦᠢᠯᠡᠳᠪᠦᠷᠢᠯᠡᠯ᠎ᠤᠨ ᠬᠥᠭᠵᠢᠯᠲᠡ ᠪᠠ ᠦᠢᠯᠡᠳᠬᠦᠨ᠎ᠤ ᠪᠣᠷᠣᠯᠠᠭᠤᠯᠤᠯᠲᠠ ᠬᠦᠴᠢᠷᠳᠡᠯ᠎ᠳ᠋ᠤ ᠲᠤᠯᠭᠠᠷᠠᠪᠠ ᠃ ᠬᠢᠵᠢᠭ᠎ᠤᠨ ᠪᠠᠢᠳᠠᠯ᠎ᠡᠴᠠ ᠪᠣᠯᠵᠤ ᠬᠡᠰᠡᠭ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠤᠨ ᠦᠢᠯᠡᠳᠪᠦᠷᠢ᠎ᠶᠢᠨ ᠠᠵᠢᠯ᠎ᠢ ᠬᠣᠢᠰᠢᠯᠠᠭᠤᠯᠤᠭᠰᠠᠨ᠎ᠡᠴᠠ ᠶᠠᠳᠠᠭᠤ ᠬᠦᠴᠢᠷᠳᠡᠯᠲᠡᠶ ᠡᠷᠦᠬᠡ᠎ᠶᠢᠨ ᠬᠠᠪᠤᠷ᠎ᠤᠨ ᠲᠠᠷᠢᠶᠠᠯᠠᠭ᠎ᠠ᠎ᠶᠢ ᠨᠥᠯᠥᠭᠡᠯᠡᠪᠡ ᠃ ᠵᠢᠭᠤᠯᠴᠢᠯᠠᠯ᠎ᠢᠶᠠᠷ ᠶᠠᠳᠠᠭᠤ᠎ᠶᠢ ᠲᠡᠳᠬᠦᠬᠦ ᠠᠵᠢᠯ ᠶᠡᠬᠡ᠎ᠪᠠᠷ ᠨᠥᠯᠥᠭᠡᠯᠡᠭᠳᠡᠵᠡᠢ ᠃ ᠭᠤᠷᠪᠠ᠎ᠳ᠋ᠤ ᠶᠠᠳᠠᠭᠤ᠎ᠶᠢ ᠲᠡᠳᠬᠦᠬᠦ ᠲᠥᠷᠥᠯ ᠵᠦᠢᠯ᠎ᠤᠨ ᠠᠵᠢᠯ᠎ᠢᠶᠡᠨ ᠰᠡᠷᠭᠦᠭᠡᠬᠦ᠎ᠶᠢ ᠬᠣᠢᠰᠢᠯᠠᠭᠤᠯᠬᠤ ᠪᠤᠯᠤᠮᠵᠢ᠎ᠲᠠᠢ ᠃ 2020 ᠣᠨ᠎ᠳ᠋ᠤ ᠬᠡᠷᠡᠭᠵᠢᠭᠦᠯᠬᠦ᠎ᠪᠠᠷ ᠲᠥᠯᠥᠪᠯᠡᠵᠦ ᠪᠠᠢᠭ᠎ᠠ ᠶᠠᠳᠠᠭᠤ᠎ᠶᠢ ᠲᠡᠳᠬᠦᠬᠦ ᠲᠥᠷᠥᠯ ᠵᠦᠢᠯ᠎ᠢ ᠨᠢᠭᠡᠨᠲᠡ ᠲᠣᠭᠲᠠᠭᠰᠠᠨ ᠪᠤᠯᠪᠠᠴᠦ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ᠎ᠤᠨ ᠬᠠᠨᠳᠤᠰᠢ ᠮᠥᠨ ᠯᠠ ᠲᠣᠳᠣᠷᠬᠠᠶ ᠥᠬᠡᠶ ᠪᠠᠶᠢᠪᠠᠯ ᠂ ᠬᠡᠰᠡᠭ ᠲᠥᠷᠥᠯ ᠵᠦᠢᠯ᠎ᠤᠨ ᠠᠵᠢᠯ ᠡᠬᠢᠯᠡᠭᠦᠯᠦᠨ ᠪᠥᠲᠥᠭᠡᠨ ᠪᠠᠢᠭᠤᠯᠬᠤ᠎ᠶᠢ ᠨᠥᠯᠥᠭᠡᠯᠡᠬᠦ ᠪᠤᠯᠤᠨ᠎ᠠ ᠃ ᠮᠠᠨ᠎ᠤ ᠣᠷᠣᠨ᠎ᠤ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ᠎ᠤᠨ ᠣᠯᠠᠩᠬᠢ᠎ᠨᠢ ᠬᠥᠳᠡᠯᠮᠦᠷᠢ ᠬᠦᠴᠦ ᠲᠥᠪᠯᠡᠷᠡᠭᠰᠡᠨ ᠬᠡᠯᠪᠡᠷᠢ᠎ᠶᠢᠨ ᠠᠵᠤ ᠦᠢᠯᠡᠰ᠎ᠲᠤ ᠬᠠᠷᠢᠶᠠᠯᠠᠭᠳᠠᠵᠤ ᠂ ᠣᠳᠣᠬᠠᠨ᠎ᠳ᠋ᠤ ᠬᠥᠮᠦᠰ ᠬᠤᠷᠠᠨ ᠴᠤᠭᠯᠠᠷᠠᠬᠤ᠎ᠶᠢ ᠴᠠᠭᠠᠵᠠᠯᠠᠬᠤ ᠵᠡᠷᠭᠡ ᠰᠢᠯᠲᠠᠭᠠᠨ᠎ᠡᠴᠠ ᠪᠣᠯᠵᠤ ᠂ ᠪᠦᠬᠦ ᠣᠷᠣᠨ᠎ᠤ 203 ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ᠎ᠤᠨ ᠦᠢᠯᠡᠳᠪᠦᠷᠢᠯᠡᠯ ᠡᠵᠡᠩᠨᠡᠯᠲᠡ ᠪᠠ 7417 ᠶᠠᠳᠠᠭᠤ ᠬᠦᠴᠢᠷᠳᠡᠯᠲᠡᠶ ᠬᠥᠮᠦᠨ ᠠᠮᠠ᠎ᠶᠢᠨ ᠣᠷᠣᠯᠭ᠎ᠠ ᠨᠥᠯᠥᠭᠡᠯᠡᠭᠳᠡᠨ᠎ᠡ ᠃ ᠳᠥᠷᠪᠡ᠎ᠳ᠋ᠤ ᠲᠣᠰᠬᠣᠨ᠎ᠳ᠋ᠤ ᠰᠠᠭᠤᠵᠤ ᠡᠷᠦᠬᠡ᠎ᠳ᠋ᠤ ᠬᠦᠷᠴᠦ ᠬᠠᠪᠰᠤᠷᠤᠨ ᠲᠡᠳᠬᠦᠬᠦ ᠠᠵᠢᠯᠯᠠᠭ᠎ᠠ ᠨᠥᠯᠥᠭᠡᠯᠡᠭᠳᠡᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ ᠬᠤᠭᠤᠴᠠᠭᠠᠨ᠎ᠳ᠋ᠤ ᠂ ᠤᠨᠢᠨ ᠳᠡᠭᠡᠷ᠎ᠡ᠎ᠨᠢ ᠬᠠᠪᠰᠤᠷᠤᠨ ᠲᠡᠳᠬᠦᠬᠦ ᠠᠵᠢᠯᠯᠠᠭ᠎ᠠ᠎ᠶᠢ ᠭᠦᠨᠵᠡᠭᠡᠶ ᠥᠷᠨᠢᠭᠦᠯᠬᠦ᠎ᠳ᠋ᠤ ᠵᠣᠬᠢᠬᠤ ᠨᠥᠯᠥᠭᠡ ᠦᠵᠡᠭᠦᠯᠬᠦ ᠪᠤᠯᠤᠨ᠎ᠠ ᠃
ᠬᠢᠵᠢᠭ᠎ᠤᠨ ᠪᠠᠢᠳᠠᠯ᠎ᠤᠨ ᠶᠠᠳᠠᠭᠤ᠎ᠡᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠳ᠋ᠤ ᠦᠵᠡᠭᠦᠯᠬᠦ ᠨᠥᠯᠥᠭᠡ᠎ᠶᠢ ᠪᠠᠭᠠᠰᠬᠠᠬᠤ᠎ᠶᠢᠨ ᠲᠥᠯᠥᠭᠡ ᠂ ᠪᠢᠳᠡ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠤᠨ ᠠᠵᠢᠯ᠎ᠢᠶᠡᠨ ᠥᠷᠨᠢᠭᠦᠯᠬᠦ᠎ᠶᠢ ᠵᠢᠯᠣᠭᠣᠳᠪᠠ ᠃ ᠬᠢᠵᠢᠭ᠎ᠤᠨ ᠪᠠᠢᠳᠠᠯ ᠬᠦᠨᠳᠦ ᠨᠣᠴᠢᠲᠠᠶ ᠭᠠᠵᠠᠷ ᠣᠷᠣᠨ᠎ᠳ᠋ᠤ ᠠᠩᠬᠠᠷᠤᠯ᠎ᠢᠶᠡᠨ ᠲᠥᠪᠯᠡᠷᠡᠭᠦᠯᠦᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠡᠩ ᠲᠡᠷᠢᠭᠦᠨ᠎ᠳ᠋ᠤ ᠰᠠᠢᠲᠤᠷ ᠠᠳᠬᠤᠬᠤ᠎ᠶᠢᠨ ᠬᠠᠮᠲᠤ ᠠᠷᠭ᠎ᠠ ᠬᠡᠯᠪᠡᠷᠢ᠎ᠪᠠᠨ ᠬᠤᠪᠢᠷᠠᠭᠤᠯᠤᠨ ᠶᠠᠳᠠᠭᠤ᠎ᠡᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠠᠬᠢᠭᠤᠯᠤᠭᠰᠠᠨ ᠪᠠᠢᠨ᠎ᠠ ᠃ ᠬᠢᠵᠢᠭ᠎ᠤᠨ ᠪᠠᠢᠳᠠᠯ ᠨᠡᠯᠢᠶᠡᠳ ᠬᠥᠩᠭᠡᠨ ᠪᠤᠶᠤ ᠬᠢᠵᠢᠭ᠎ᠤᠨ ᠪᠠᠢᠳᠠᠯ ᠡᠭᠦᠰᠦᠭᠰᠡᠨ ᠦᠭᠡᠢ ᠭᠠᠵᠠᠷ ᠣᠷᠣᠨ᠎ᠳ᠋ᠤ ᠬᠢᠵᠢᠭ᠎ᠤᠨ ᠪᠠᠶᠢᠳᠠᠯ᠎ᠢ ᠰᠡᠷᠭᠡᠢᠯᠡᠨ ᠡᠵᠡᠮᠳᠡᠭᠦ ᠠᠵᠢᠯ᠎ᠢ ᠰᠠᠢᠲᠤᠷ ᠬᠢᠭᠰᠡᠨ ᠤᠷᠢᠲᠠᠯ ᠳᠣᠤᠷ᠎ᠠ ᠶᠠᠳᠠᠭᠤ᠎ᠡᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠠᠬᠢᠭᠤᠯᠵᠤ ᠪᠠᠢᠨ᠎ᠠ ᠃ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ᠎ᠢ ᠲᠦᠷᠭᠡᠬᠡᠨ ᠠᠵᠢᠯ᠎ᠢᠶᠡᠨ ᠰᠡᠷᠭᠦᠭᠡᠵᠤ ᠦᠢᠯᠡᠳᠪᠤᠷᠢᠯᠡᠯ᠎ᠢᠶᠡᠨ ᠰᠡᠷᠬᠦᠭᠡᠬᠦ᠎ᠶᠢ ᠠᠬᠢᠭᠤᠯᠬᠤ᠎ᠶᠢᠨ ᠲᠦᠯᠦᠭᠡ ᠂ ᠥᠪᠡᠷᠲᠡᠭᠡᠨ ᠵᠠᠰᠠᠬᠤ ᠣᠷᠣᠨ ᠳᠣᠤᠷᠠᠬᠢ ᠬᠡᠳᠦᠨ ᠲᠠᠯ᠎ᠠ᠎ᠡᠴᠠ ᠬᠠᠮᠢᠶ᠎ᠠ ᠪᠦᠬᠦᠢ ᠠᠵᠢᠯ᠎ᠢ ᠭᠠᠷᠳᠠᠨ ᠥᠷᠨᠢᠭᠦᠯᠵᠤ ᠪᠤᠢ ᠃ ᠨᠢᠭᠡ᠎ᠳ᠋ᠤ ᠪᠥᠬᠥ ᠲᠠᠯ᠎ᠠ᠎ᠪᠠᠷ ᠰᠢᠰᠲ᠋ᠧᠮ᠎ᠲᠠᠢ ᠦᠯᠡᠳᠡᠭᠡᠯ ᠦᠭᠡᠢ ᠪᠠᠢᠴᠠᠭᠠᠯᠳᠠ ᠬᠢᠵᠤ ᠪᠤᠢ ᠃ ᠣᠢᠷ᠎ᠠ᠎ᠳ᠋ᠤ ᠂ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠶᠢ ᠲᠡᠳᠬᠦᠬᠦ ᠨᠡᠭᠡᠭᠡᠯᠳᠡ᠎ᠶᠢᠨ ᠠᠯᠪᠠᠨ ᠬᠡᠷ ︽ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ ᠪᠠ ᠶᠠᠳᠠᠭᠤ ᠬᠦᠴᠢᠷᠳᠡᠯᠲᠡᠶ ᠡᠷᠦᠬᠡ᠎ᠶᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠣᠯᠠᠭᠤᠯᠭ᠎ᠠ ᠬᠢᠵᠢᠭ᠎ᠤᠨ ᠪᠠᠢᠳᠠᠯ᠎ᠳ᠋ᠤ ᠨᠦᠯᠦᠭᠡᠯᠡᠭᠳᠡᠭᠰᠡᠨ ᠪᠠᠢᠳᠠᠯ᠎ᠢ ᠪᠠᠢᠴᠠᠭᠠᠬᠤ ᠲᠤᠬᠠᠶ ᠮᠡᠳᠡᠭᠳᠡᠯ ︾ ᠪᠠᠭᠤᠯᠭᠠᠵᠤ ᠂ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ᠎ᠢ ᠠᠯᠢ ᠲᠦᠷᠭᠡᠨ᠎ᠢᠶᠠᠷ ᠠᠵᠢᠯ᠎ᠢᠶᠡᠨ ᠰᠡᠷᠭᠦᠭᠡᠵᠤ ᠦᠢᠯᠡᠳᠪᠤᠷᠢᠯᠡᠯ᠎ᠢᠶᠡᠨ ᠰᠡᠷᠬᠦᠭᠡᠬᠦ᠎ᠶᠢ ᠠᠬᠢᠭᠤᠯᠪᠠ ᠃ ᠬᠣᠶᠠᠷ᠎ᠲᠤ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ᠎ᠤᠨ ᠦᠢᠯᠡᠳᠪᠦᠷᠢᠯᠡᠯ᠎ᠢᠶᠡᠨ ᠰᠡᠷᠭᠦᠭᠡᠬᠦ ᠬᠠᠮᠢᠶ᠎ᠠ ᠪᠦᠬᠦᠢ ᠪᠡᠯᠡᠳᠬᠡᠯ ᠠᠵᠢᠯ᠎ᠢ ᠢᠳᠡᠪᠬᠢᠲᠡᠢ ᠰᠠᠢᠲᠤᠷ ᠬᠢᠵᠤ ᠪᠤᠢ ᠃ ᠡᠯ᠎ᠡ ᠭᠠᠵᠠᠷ᠎ᠤᠨ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ ᠰᠦᠯᠵᠢᠶᠡᠨ ᠳᠡᠭᠡᠷ᠎ᠡ ᠵᠠᠬᠢᠶᠠᠯᠠᠭ᠎ᠠ ᠭᠤᠶᠤᠴᠢᠯᠠᠬᠤ ᠂ ᠲᠦᠭᠦᠬᠡᠶ ᠮᠠᠲ᠋ᠧᠷᠢᠶᠠᠯ ᠵᠠᠬᠢᠶᠠᠯᠠᠨ ᠬᠤᠳᠠᠯᠳᠤᠨ ᠠᠪᠬᠤ ᠠᠵᠢᠯ᠎ᠢ ᠥᠷᠨᠢᠭᠦᠯᠬᠦ᠎ᠶᠢ ᠵᠢᠯᠣᠭᠣᠳᠴᠤ ᠂ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ᠎ᠢ ᠬᠥᠲᠥᠯᠦᠨ ᠵᠢᠯᠣᠭᠣᠳᠴᠤ ᠪᠠᠢᠭᠠᠳ ᠰᠦᠯᠵᠢᠶᠡᠨ ᠳᠡᠭᠡᠷ᠎ᠡ ᠤᠷᠢᠳᠴᠢᠯᠠᠨ ᠠᠵᠢᠯᠴᠢᠨ ᠡᠯᠰᠡᠬᠦ᠎ᠶᠢ ᠵᠤᠷᠢᠭᠵᠢᠭᠤᠯᠵᠤ ᠂ ᠬᠢᠵᠢᠭ᠎ᠤᠨ ᠪᠠᠢᠳᠠᠯ ᠥᠩᠭᠡᠷᠡᠭᠰᠡᠨ᠎ᠤ ᠳᠠᠷᠠᠭ᠎ᠠ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠴᠠᠭ ᠲᠤᠬᠠᠶᠳ᠋ᠤᠪᠠᠨ ᠠᠵᠢᠯ ᠤᠯᠬᠤ᠎ᠶᠢ ᠪᠠᠲᠤᠯᠠᠵᠤ ᠪᠤᠢ ᠃ ᠭᠤᠷᠪᠠ᠎ᠳ᠋ᠤ ᠪᠡᠯᠡ ᠮᠥᠩᠭᠥ ᠪᠠᠭᠤᠯᠭᠠᠨ ᠥᠭᠬᠦ᠎ᠶᠢ ᠲᠦᠷᠭᠡᠳᠭᠡᠭᠦ ᠪᠠ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ ᠬᠠᠩᠭᠠᠵᠤ ᠪᠤᠢ ᠃ ᠬᠠᠮᠢᠶ᠎ᠠ ᠪᠦᠬᠦᠢ ᠨᠥᠬᠥᠪᠥᠷᠢ ᠪᠡᠯᠡ ᠮᠥᠩᠭᠥ᠎ᠶᠢ ᠡᠷᠲᠡᠬᠡᠨ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶᠢ ᠠᠬᠢᠭᠤᠯᠵᠤ ᠂ ᠶᠠᠳᠠᠭᠤ᠎ᠶᠢ ᠲᠡᠳᠬᠦᠬᠦ ᠦᠢᠯᠡᠳᠪᠦᠷᠢ᠎ᠶᠢᠨ ᠲᠠᠰᠤᠭ᠎ᠢ ᠬᠠᠪᠰᠤᠷᠤᠨ ᠬᠦᠴᠢᠷᠳᠡᠯ᠎ᠢ ᠲᠤᠭᠤᠯᠵᠤ ᠪᠤᠢ ᠃ ᠳᠥᠷᠪᠡ᠎ᠳ᠋ᠤ ᠶᠠᠳᠠᠭᠤ᠎ᠶᠢ ᠲᠡᠳᠬᠦᠬᠦ ᠰᠢᠰᠲ᠋ᠧᠮ ᠪᠣᠯᠤᠨ ᠲᠣᠰᠬᠣᠨ᠎ᠳ᠋ᠤ ᠰᠠᠭᠤᠭ᠎ᠠ ᠺᠠᠳ᠋ᠷ᠎ᠤᠨ ᠠᠵᠢᠯᠯᠠᠬᠤ ᠠᠷᠭ᠎ᠠ ᠬᠡᠯᠪᠡᠷᠢ᠎ᠪᠠᠨ ᠬᠤᠪᠢᠷᠠᠭᠤᠯᠵᠤ ᠂ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳ᠋ᠤ ︽ ᠠᠭᠤᠯᠵᠠᠨ ᠵᠤᠯᠭᠠᠬᠤ ᠦᠭᠡᠶ ︾᠎ᠪᠠᠷ ᠬᠠᠪᠰᠤᠷᠤᠨ ᠲᠡᠳᠬᠦᠬᠦ ᠪᠠᠢᠳᠠᠯ᠎ᠢ ᠪᠣᠶ ᠪᠣᠯᠭᠠᠬᠰᠠᠨ ᠪᠠᠢᠨ᠎ᠠ ᠃
ᠰᠤᠷᠪᠤᠯᠵᠢᠯᠠᠭᠴᠢ ᠄ ᠤᠳᠤᠬᠠᠨ᠎ᠳ᠋ᠤ ᠦᠪᠡᠷᠳᠡᠭᠡᠨ ᠵᠠᠰᠠᠬᠤ ᠤᠷᠤᠨ ᠨᠢᠭᠡᠨᠳᠡ ᠠᠷᠭ᠎ᠠ ᠬᠡᠮᠵᠢᠶ᠎ᠠ ᠠᠪᠴᠤ ᠬᠢᠵᠢᠭ᠎ᠤᠨ ᠪᠠᠢᠳᠠᠯ᠎ᠤᠨ ᠦᠷᠭᠦᠯᠵᠢᠯᠡᠨ ᠶᠠᠳᠠᠭᠤ ᠭᠦᠴᠢᠷᠳᠡᠯᠳᠡᠢ᠎ᠶᠢ ᠪᠠᠭᠠᠰᠬᠠᠬᠤ᠎ᠳ᠋ᠤ ᠦᠵᠡᠭᠦᠯᠬᠦ ᠨᠦᠯᠦᠭᠡ᠎ᠶᠢ ᠰᠡᠷᠭᠡᠢᠯᠡᠨ ᠬᠤᠷᠢᠠᠠᠯᠠᠵᠤ ᠪᠤᠢ ᠂ ᠲᠠᠷᠠᠭᠠᠴᠢ᠎ᠶᠢᠨ ᠠᠯᠬᠤᠮ᠎ᠳ᠋ᠤ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ᠎ᠶᠢᠨ ᠦᠷ᠎ᠠ ᠪᠦᠳᠦᠮᠵᠢ᠎ᠶᠢ ᠬᠡᠷᠬᠢᠨ ᠪᠡᠬᠢᠵᠢᠭᠦᠯᠵᠦ ᠂ ᠲᠤᠭᠳᠠᠭᠤᠨ᠎ᠢᠶᠠᠷ ᠶᠠᠳᠠᠭᠤ᠎ᠡᠴᠠ ᠠᠩᠬᠢᠵᠢᠷᠠᠭᠤᠯᠬᠤ ᠂ ᠲᠠᠬᠢᠨ ᠶᠠᠳᠠᠭᠤᠷᠠᠬᠤ᠎ᠶᠢ ᠰᠡᠷᠭᠡᠢᠯᠡᠬᠦ ᠤᠷᠳᠤ ᠬᠤᠭᠤᠴᠠᠭᠠᠨ᠎ᠤ ᠪᠦᠳᠦᠮᠵᠢᠳᠠᠢ ᠲᠤᠭᠳᠠᠴᠠ᠎ᠶᠢ ᠬᠡᠷᠬᠢᠨ ᠪᠠᠢᠭᠤᠯᠬᠤ ᠪᠤᠢ ︖
ᠶᠤᠣ ᠶᠦᠩ ᠪᠥᠸᠧ ᠄ ᠦᠪᠡᠷᠳᠡᠭᠡᠨ ᠵᠠᠰᠠᠬᠤ ᠤᠷᠤᠨ ︽ ᠶᠠᠳᠠᠭᠤ᠎ᠡᠴᠠ ᠠᠩᠬᠢᠵᠢᠷᠠᠭᠤᠯᠤᠭᠰᠠᠨ ᠦᠷ᠎ᠠ ᠪᠦᠳᠤᠮᠵᠢ᠎ᠶᠢ ᠪᠡᠬᠢᠵᠢᠭᠦᠯᠵᠦ ᠲᠠᠬᠢᠨ ᠶᠠᠳᠠᠭᠤᠷᠠᠬᠤ᠎ᠶᠢ ᠰᠡᠷᠭᠡᠢᠯᠡᠬᠦ ᠵᠢᠯᠤᠭᠤᠳᠬᠤ ᠰᠠᠨᠠᠯ ︾᠎ᠢ ᠨᠡᠢᠳᠡᠯᠡᠵᠦ ᠂ ᠭᠤᠤᠯᠳᠠᠭᠤ ᠭᠤᠷᠪᠠᠨ ᠲᠠᠯ᠎ᠠ᠎ᠡᠴᠠ ᠭᠠᠷᠳᠠᠵᠤ ᠬᠤᠯᠪᠤᠭᠳᠠᠯ ᠪᠦᠬᠦᠢ ᠠᠵᠢᠯ᠎ᠢ ᠰᠠᠢᠳᠤᠷ ᠬᠢᠨ᠎ᠡ ᠃ ᠨᠢᠭᠡ᠎ᠳ᠋ᠤ ᠂ ᠤᠷᠤᠯᠭ᠎ᠠ᠎ᠶᠢ ᠲᠤᠭᠳᠠᠭᠤᠨ᠎ᠢᠶᠠᠷ ᠨᠡᠮᠡᠭᠳᠡᠭᠦᠯᠬᠦ᠎ᠶᠢ ᠠᠬᠢᠭᠤᠯᠵᠤ ᠂ ᠶᠠᠳᠠᠭᠤ᠎ᠡᠴᠠ ᠠᠩᠬᠢᠵᠢᠷᠠᠭᠤᠯᠬᠤ ᠶᠠᠰᠤ ᠴᠢᠨᠠᠷ᠎ᠢ ᠲᠡᠭᠡᠭᠰᠢᠯᠡᠭᠦᠯᠦᠨ᠎ᠠ ᠃ ᠶᠠᠳᠠᠭᠤ ᠬᠦᠴᠢᠷᠳᠡᠯᠳᠡᠢ ᠭᠠᠵᠠᠷ ᠤᠷᠤᠨ᠎ᠤ ᠲᠠᠪᠠᠭᠤᠯᠢᠭ ᠤᠨᠴᠠᠯᠢᠭᠳᠤ ᠠᠵᠤ ᠦᠢᠯᠡᠰ᠎ᠤᠨ ᠬᠦᠭᠵᠢᠯᠳᠡ᠎ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ ᠂ ᠬᠦᠳᠡᠯᠮᠦᠷᠢ ᠦᠢᠯᠡᠴᠢᠯᠡᠭᠡ᠎ᠶᠢᠨ ᠬᠠᠮᠵᠢᠯᠴᠠᠭ᠎ᠠ ᠂ ᠮᠡᠷᠭᠡᠵᠢᠯ᠎ᠤᠨ ᠪᠤᠯᠪᠠᠰᠤᠷᠠᠯ ᠂ ᠠᠵᠢᠯ ᠤᠯᠭᠤᠯᠳᠠ᠎ᠶᠢᠨ ᠦᠢᠯᠡᠴᠢᠯᠡᠭᠡ ᠵᠡᠷᠭᠡ ᠠᠷᠭ᠎ᠠ ᠬᠡᠮᠵᠢᠶ᠎ᠠ᠎ᠶᠢ ᠴᠢᠩᠭᠠᠳᠬᠠᠵᠤ ᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠦᠢᠯᠡᠳᠪᠦᠷᠢᠯᠡᠯ᠎ᠢᠶᠡᠨ ᠬᠦᠭᠵᠢᠭᠦᠯᠬᠦ ᠪᠠ ᠭᠦᠯᠦᠰᠤᠨ ᠠᠵᠢᠯ ᠭᠢᠵᠤ ᠬᠤᠳᠠᠯᠳᠤᠭ᠎ᠠ ᠡᠷᠬᠢᠯᠡᠬᠦ ᠴᠢᠳᠠᠪᠤᠷᠢ᠎ᠶᠢ ᠲᠡᠭᠡᠭᠰᠢᠯᠡᠭᠦᠯᠦᠨ᠎ᠠ ᠃ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ᠎ᠤ ᠬᠠᠮᠳᠤ᠎ᠶᠢᠨ ᠠᠵᠤ ᠠᠬᠤᠢ᠎ᠶᠢ ᠪᠤᠵᠠᠭᠠᠢᠷᠠᠭᠤᠯᠤᠨ ᠂ ᠰᠢᠨ᠎ᠠ ᠮᠠᠢᠭ᠎ᠤᠨ ᠡᠵᠡᠩᠨᠡᠯᠳᠡ᠎ᠶᠢᠨ ᠭᠤᠤᠯ ᠴᠤᠭᠴᠠ᠎ᠶᠢᠨ ᠬᠦᠭᠵᠢᠯᠳᠡ᠎ᠶᠢ ᠲᠡᠮᠵᠢᠵᠦ ᠂ ᠶᠠᠳᠠᠭᠤ᠎ᠶᠢ ᠲᠡᠳᠬᠦᠬᠦ ᠡᠳ᠋ ᠬᠦᠷᠦᠩᠭᠡ᠎ᠶᠢ ᠪᠦᠷᠢᠳᠭᠡᠨ ᠬᠠᠷᠭᠤᠭᠤᠯᠵᠤ ᠂ ᠶᠠᠳᠠᠭᠤ᠎ᠶᠢ ᠲᠡᠳᠬᠦᠬᠦ ᠡᠳ᠋ ᠬᠦᠷᠦᠩᠭᠡ᠎ᠶᠢᠨ ᠦᠷᠳᠡᠭ᠎ᠢ ᠪᠠᠳᠤᠯᠠᠵᠤ ᠂ ᠦᠷᠳᠡᠭ᠎ᠢ ᠨᠡᠮᠡᠭᠳᠡᠭᠦᠯᠬᠦ ᠂ ᠦᠷ᠎ᠠ ᠠᠰᠢᠭ᠎ᠢ ᠦᠷᠭᠦᠯᠵᠢᠯᠡᠨ ᠪᠠᠳᠠᠷᠠᠭᠤᠯᠬᠤ᠎ᠶᠢ ᠦᠨᠡᠨ ᠭᠦ ᠪᠠᠳᠤᠯᠠᠨ᠎ᠠ ᠃ ᠬᠦᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠳᠡᠢ ᠡᠷᠦᠭᠡ᠎ᠶᠢ ᠲᠡᠳᠭᠦᠪᠡᠰᠦ ᠵᠤᠬᠢᠬᠤᠶᠢᠨᠢ ᠪᠦᠬᠦᠨ᠎ᠢ ᠲᠡᠳᠭᠦᠵᠦ ᠂ ᠪᠠᠳᠤᠯᠠᠪᠠᠰᠤ ᠵᠤᠬᠢᠬᠤᠶᠢᠨᠢ ᠪᠦᠬᠦᠨ᠎ᠢ ᠪᠠᠳᠤᠯᠠᠨ᠎ᠠ ᠃ ᠡᠳ᠋ ᠬᠦᠷᠦᠩᠭᠡ᠎ᠶᠢᠨ ᠠᠰᠢᠭ ᠤᠯᠵᠠᠪᠤᠷᠢ᠎ᠶᠢ ᠠᠪᠤᠷᠠᠨ ᠲᠤᠰᠠᠯᠠᠬᠤ ᠰᠠᠭᠤᠷᠢ ᠮᠦᠩᠭᠦ᠎ᠳ᠋ᠤ ᠬᠡᠷᠡᠭᠯᠡᠬᠦ᠎ᠶᠢ ᠵᠦᠪᠰᠢᠶᠡᠷᠡᠵᠦ ᠂ ᠲᠠᠬᠢᠨ ᠶᠠᠳᠠᠭᠤᠷᠠᠬᠤ᠎ᠶᠢ ᠰᠡᠷᠭᠡᠢᠯᠡᠨ ᠬᠤᠷᠢᠠᠠᠯᠠᠬᠤ ᠰᠠᠢᠨ ᠲᠤᠷ᠎ᠠ᠎ᠶᠢᠨ ᠦᠢᠯᠡᠴᠢᠯᠡᠭᠡᠨᠢ ᠵᠤᠬᠢᠶᠠᠨ ᠪᠠᠢᠭᠤᠯᠤᠨ ᠦᠷᠨᠢᠭᠦᠯᠦᠨ᠎ᠠ ᠃ ᠬᠤᠶᠠᠷ᠎ᠲᠤ ᠂ ᠲᠠᠬᠢᠨ ᠶᠠᠳᠠᠭᠤᠷᠠᠬᠤ᠎ᠶᠢ ᠬᠢᠨᠠᠨ ᠬᠡᠮᠵᠢᠬᠦ᠎ᠶᠢ ᠴᠢᠩᠭᠠᠳᠬᠠᠵᠤ ᠂ ᠴᠠᠭ ᠲᠤᠬᠠᠢ᠎ᠳ᠋ᠤᠨᠢ ᠠᠪᠤᠷᠠᠨ ᠲᠤᠰᠠᠯᠠᠨ᠎ᠠ ᠃ ᠪᠦᠬᠦ ᠤᠷᠤᠨ᠎ᠢᠶᠠᠷ᠎ᠢᠶᠡᠨ ᠨᠢᠭᠡᠳᠦᠯᠳᠡᠢ ᠂ ᠠᠢᠮᠠᠭ ᠬᠤᠳᠠ ᠬᠤᠰᠢᠭᠤ ᠰᠢᠶᠠᠨ ᠬᠠᠮᠳᠤ᠎ᠪᠠᠷ ᠡᠳ᠋ᠯᠡᠵᠦ ᠬᠠᠮᠳᠤ᠎ᠪᠠᠷ ᠬᠡᠷᠡᠭᠯᠡᠬᠦ ᠲᠠᠬᠢᠨ ᠶᠠᠳᠠᠭᠤᠷᠠᠬᠤ᠎ᠶᠢ ᠰᠡᠷᠭᠡᠢᠯᠡᠬᠦ ᠳ᠋ᠠᠢᠲ᠋ᠠ ᠲᠠᠪᠴᠠᠩ᠎ᠢ ᠪᠠᠢᠭᠤᠯᠤᠨ ᠲᠡᠭᠦᠯᠳᠡᠷᠵᠢᠭᠦᠯᠦᠨ᠎ᠠ ᠃ ᠲᠠᠬᠢᠨ ᠶᠠᠳᠠᠭᠤᠷᠠᠬᠤ ᠪᠠᠢᠳᠠᠯ᠎ᠢ ᠴᠠᠭ ᠲᠤᠬᠠᠢ᠎ᠳ᠋ᠤᠨᠢ ᠡᠵᠡᠮᠰᠢᠬᠦ᠎ᠶᠢᠨ ᠬᠠᠮᠳᠤ ᠬᠦᠳᠡᠯᠦᠩᠭᠦᠢ ᠬᠠᠮᠢᠶᠠᠷᠤᠯᠳᠠ᠎ᠶᠢ ᠴᠢᠩᠭᠠᠳᠬᠠᠨ᠎ᠠ ᠃ ᠴᠠᠭ ᠲᠤᠬᠠᠢ᠎ᠳ᠋ᠤᠨᠢ ᠠᠪᠤᠷᠠᠨ ᠲᠤᠰᠠᠯᠠᠬᠤ ᠠᠵᠢᠯ᠎ᠢ ᠡᠬᠢᠯᠡᠭᠦᠯᠵᠦ ᠂ ᠠᠪᠤᠷᠠᠨ ᠲᠤᠰᠠᠯᠠᠬᠤ ᠡᠳᠡᠭᠡᠳ᠎ᠤᠨ ᠠᠵᠢᠯ᠎ᠤᠨ ᠲᠠᠩᠰᠠ᠎ᠶᠢ ᠪᠠᠢᠭᠤᠯᠤᠨ ᠂ ᠬᠠᠨᠳᠤᠯᠭᠠᠳᠤ ᠴᠢᠨᠠᠷᠳᠠᠢ ᠠᠪᠤᠷᠠᠨ ᠲᠤᠰᠠᠯᠠᠬᠤ ᠠᠷᠭ᠎ᠠ ᠬᠡᠮᠵᠢᠶ᠎ᠠ ᠠᠪᠴᠤ ᠲᠠᠬᠢᠨ ᠶᠠᠳᠠᠭᠤᠷᠠᠬᠤ᠎ᠶᠢ ᠰᠡᠷᠭᠡᠢᠯᠡᠨ᠎ᠠ ᠃ ᠴᠠᠭ ᠲᠤᠬᠠᠢ᠎ᠳ᠋ᠤᠨᠢ ᠦᠨᠡᠯᠡᠨ ᠵᠢᠱᠢᠵᠦ ᠂ ᠠᠪᠤᠷᠠᠨ ᠲᠤᠰᠠᠯᠠᠬᠤ ᠡᠳᠡᠭᠡᠳ᠎ᠤᠨ ᠪᠠᠢᠳᠠᠯ᠎ᠢ ᠲᠤᠭᠳᠠᠮᠠᠯ ᠬᠤᠭᠤᠴᠠᠭ᠎ᠠ᠎ᠲᠠᠢ᠎ᠪᠠᠷ ᠤᠢᠯᠠᠭᠠᠵᠤ ᠂ ᠠᠪᠤᠷᠠᠨ ᠲᠤᠰᠠᠯᠠᠬᠤ ᠠᠬᠢᠴᠠ᠎ᠶᠢ ᠬᠢᠨᠠᠨ ᠬᠡᠮᠵᠢᠨ᠎ᠠ ᠃ ᠲᠠᠬᠢᠨ ᠶᠠᠳᠠᠭᠤᠷᠠᠬᠤ ᠡᠯᠸᠮᠸᠨ᠋ᠲ ᠠᠷᠢᠯᠤᠭᠰᠠᠨ ᠮᠦᠷᠳᠡᠭᠡᠨ ᠤᠷᠤᠯᠭ᠎ᠠ᠎ᠨᠢ ᠦᠷᠭᠦᠯᠵᠢᠯᠡᠨ ᠲᠤᠭᠳᠠᠭᠤᠨ ᠪᠤᠯᠤᠭᠰᠠᠨ᠎ᠤ ᠲᠠᠷᠠᠭ᠎ᠠ ᠂ ᠬᠠᠮᠢᠶ᠎ᠠ ᠪᠦᠬᠦᠢ ᠲᠡᠰ ᠲᠡᠷᠠᠭᠠᠯᠠᠯ ᠶᠤᠰᠤᠭᠠᠷ ᠦᠨᠡᠯᠡᠨ ᠵᠢᠱᠢᠵᠦ ᠠᠪᠤᠷᠠᠨ ᠲᠤᠰᠠᠯᠠᠬᠤ ᠬᠡᠪᠴᠢᠶᠡᠨ᠎ᠡᠴᠠ ᠭᠠᠷᠭᠠᠨ᠎ᠠ ᠃ ᠭᠤᠷᠪᠠ᠎ᠳ᠋ᠤ ᠂ ᠨᠢᠭᠡᠳᠦᠯᠳᠡᠢ ᠲᠦᠯᠦᠪᠵᠢᠭᠦᠯᠦᠨ ᠵᠤᠯᠭᠠᠭᠤᠯᠬᠤ᠎ᠶᠢ ᠴᠢᠩᠭᠠᠳᠬᠠᠵᠤ ᠂ ᠶᠠᠳᠠᠭᠤ᠎ᠡᠴᠠ ᠠᠩᠬᠢᠵᠢᠷᠠᠭᠤᠯᠤᠭᠰᠠᠨ ᠦᠷ ᠠ ᠪᠦᠳᠦᠮᠵᠢ᠎ᠶᠢ ᠪᠡᠬᠢᠵᠢᠭᠦᠯᠦᠨ᠎ᠠ ᠃ ︽ ᠲᠦᠷᠪᠡ᠎ᠶᠢ ᠲᠠᠶᠠᠭᠳᠠᠬᠤ ᠦᠭᠡᠢ ︾ ᠱᠠᠭᠠᠷᠳᠠᠯᠭ᠎ᠠ ᠶᠤᠰᠤᠭᠠᠷ ᠂ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠤᠭᠤᠴᠠᠭᠠᠨ᠎ᠳ᠋ᠤ ᠨᠢᠭᠡᠨᠳᠡ ᠶᠠᠳᠠᠭᠤ᠎ᠡᠴᠠ ᠠᠩᠬᠢᠵᠢᠷᠠᠭᠰᠠᠨ ᠶᠠᠳᠠᠭᠤ ᠬᠦᠴᠢᠷᠳᠡᠯᠳᠡᠢ ᠭᠠᠵᠠᠷ ᠤᠷᠤᠨ ᠪᠠ ᠶᠠᠳᠠᠭᠤ ᠬᠦᠴᠢᠷᠳᠡᠯᠳᠡᠢ ᠬᠦᠮᠦᠨ ᠠᠮᠠ᠎ᠶᠢᠨ ᠬᠠᠮᠢᠶ᠎ᠠ ᠪᠦᠬᠦᠢ ᠲᠦᠷᠦ᠎ᠶᠢᠨ ᠪᠤᠳᠤᠯᠭ᠎ᠠ᠎ᠶᠢ ᠨᠢᠭᠡ ᠬᠡᠰᠡᠭ ᠬᠤᠭᠤᠴᠠᠭ᠎ᠠ ᠪᠠᠷᠢᠮᠳᠠᠯᠠᠨ᠎ᠠ ᠃ ᠤᠨᠳᠤᠤ ᠭᠠᠵᠠᠷ᠎ᠲᠤ ᠨᠡᠭᠦᠯᠭᠡᠨ ᠰᠢᠯᠵᠢᠭᠦᠯᠵᠦ ᠶᠠᠳᠠᠭᠤ᠎ᠶᠢ ᠲᠡᠳᠬᠦᠬᠦ ᠠᠵᠢᠯ᠎ᠤᠨ ᠭᠤᠤᠯᠳᠠᠯᠭ᠎ᠠ ᠪᠠ ᠲᠦᠷᠦ᠎ᠶᠢᠨ ᠪᠤᠳᠤᠯᠭ᠎ᠠ᠎ᠶᠢᠨ ᠲᠡᠮᠵᠢᠯᠭᠡ᠎ᠶᠢ ᠬᠤᠵᠢᠮ᠎ᠤᠨ ᠬᠠᠪᠰᠤᠷᠤᠨ ᠲᠡᠳᠬᠦᠬᠦ ᠲᠡᠭᠡᠷ᠎ᠠ ᠰᠢᠯᠵᠢᠭᠦᠯᠬᠦ᠎ᠶᠢ ᠲᠦᠷᠭᠡᠳᠭᠡᠵᠦ ᠂ ᠨᠡᠭᠦᠯᠭᠡᠵᠦ ᠰᠢᠯᠵᠢᠭᠦᠯᠦᠭᠰᠡᠨ ᠶᠠᠳᠠᠭᠤ ᠬᠦᠴᠢᠷᠳᠡᠯᠳᠡᠢ ᠬᠦᠮᠦᠨ ᠠᠮᠠ᠎ᠶᠢ ᠲᠤᠭᠳᠠᠭᠤᠨ ᠪᠠᠢᠯᠭᠠᠬᠤ ᠂ ᠶᠠᠳᠠᠭᠤ᠎ᠡᠴᠠ ᠠᠩᠬᠢᠵᠢᠷᠠᠭᠤᠯᠵᠤ ᠲᠡᠢᠯᠬᠦ ᠂ ᠪᠠᠶᠠᠵᠢᠭᠤᠯᠵᠤ ᠲᠡᠢᠯᠬᠦ᠎ᠶᠢ ᠦᠨᠡᠨ ᠭᠦ ᠪᠠᠳᠤᠯᠠᠨ᠎ᠠ ᠃ ᠶᠠᠳᠠᠭᠤ᠎ᠶᠢ ᠲᠡᠳᠬᠦᠬᠦ᠎ᠳ᠋ᠤ ᠢᠳᠡᠭᠡᠯ ᠵᠤᠷᠢᠭ᠎ᠢ ᠲᠡᠳᠬᠦᠬᠦ ᠠᠵᠢᠯᠯᠠᠭ᠎ᠠ ᠦᠷᠨᠢᠭᠦᠯᠵᠦ ᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠦᠪᠡᠷ᠎ᠢ᠎ᠪᠠᠨ ᠬᠦᠭᠵᠢᠭᠦᠯᠬᠦ ᠴᠢᠳᠠᠪᠤᠷᠢ᠎ᠶᠢ ᠦᠷᠭᠦᠯᠵᠢᠯᠡᠨ ᠲᠡᠭᠡᠭᠰᠢᠯᠡᠭᠦᠯᠦᠨ᠎ᠠ ᠃ ᠬᠢᠵᠢᠭ᠎ᠤᠨ ᠪᠠᠢᠳᠠᠯ᠎ᠡᠴᠠ ᠪᠤᠯᠤᠭᠰᠠᠨ ᠨᠦᠯᠦᠭᠡ᠎ᠶᠢ ᠠᠷᠭᠠᠴᠠᠭᠠᠵᠤ ᠂ ᠶᠠᠳᠠᠭᠤ᠎ᠶᠢ ᠲᠡᠳᠬᠦᠬᠦ ᠪᠠᠭ᠎ᠠ ᠲᠤᠭᠠᠨ᠎ᠤ ᠢᠳᠡᠭᠡᠮᠵᠢᠳᠤ ᠵᠢᠭᠡᠯᠡᠯᠭᠡ᠎ᠶᠢ ᠰᠠᠢᠳᠤᠷ ᠬᠡᠷᠡᠭᠯᠡᠵᠦ ᠂ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠦᠢᠯᠡᠳᠪᠦᠷᠢᠯᠡᠯ᠎ᠢᠶᠡᠨ ᠬᠦᠭᠵᠢᠭᠦᠯᠬᠦ᠎ᠶᠢ ᠠᠬᠢᠭᠤᠯᠵᠤ ᠂ ᠦᠢᠯᠡᠳᠪᠦᠷᠢᠯᠡᠯ᠎ᠤᠨ ᠤᠷᠤᠯᠭ᠎ᠠ᠎ᠶᠢ ᠲᠤᠭᠳᠠᠭᠤᠨ ᠪᠠᠢᠯᠭᠠᠵᠤ ᠂ ᠬᠢᠵᠢᠭ᠎ᠤᠨ ᠪᠠᠢᠳᠠᠯ᠎ᠤᠨ ᠶᠠᠳᠠᠭᠤ᠎ᠡᠴᠠ ᠠᠩᠬᠢᠵᠢᠷᠠᠭᠤᠯᠬᠤ᠎ᠳ᠋ᠤ ᠦᠵᠡᠭᠦᠯᠬᠦ ᠨᠦᠯᠦᠭᠡ᠎ᠶᠢ ᠬᠠᠮᠤᠭ᠎ᠤᠨ ᠶᠡᠬᠡ ᠬᠡᠮᠵᠢᠶ᠎ᠠ᠎ᠪᠠᠷ ᠪᠠᠭᠠᠰᠬᠠᠨ᠎ᠠ ᠃
ᠰᠤᠷᠪᠤᠯᠵᠢᠯᠠᠭᠴᠢ ᠄ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠤᠨᠴᠠᠭᠠᠢ ᠴᠠᠭ ᠦᠶ᠎ᠠ᠎ᠳ᠋ᠤ ᠶᠠᠳᠠᠭᠤ᠎ᠶᠢ ᠲᠡᠳᠬᠦᠬᠦ ᠺᠠᠳ᠋ᠷ᠎ᠤᠨ ᠦᠢᠯᠡᠳᠦᠯ᠎ᠢ ᠬᠡᠷᠬᠢᠨ ᠭᠦᠢᠴᠡᠳ ᠪᠠᠳᠠᠷᠠᠭᠤᠯᠵᠤ ᠂ ᠭᠠᠴᠠᠭ᠎ᠠ ᠲᠤᠰᠬᠤᠨ᠎ᠤ ︽ ᠬᠤᠶᠠᠷ ᠵᠦᠪᠯᠡᠯ ︾᠎ᠲᠠᠢ ᠬᠠᠮᠳᠤ᠎ᠪᠠᠷ ᠤᠯᠠᠨ ᠲᠦᠮᠡᠨ᠎ᠢ ᠲᠠᠭᠠᠭᠤᠯᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠨᠢᠭᠡᠳᠦᠯᠳᠡᠢ ᠲᠦᠯᠦᠪᠵᠢᠬᠦᠯᠤᠨ ᠰᠠᠢᠳᠤᠷ ᠬᠢᠬᠦ ᠪᠤᠢ ︖
ᠶᠤᠤ ᠶᠦᠩ ᠪᠦᠸᠧ ᠄ ᠶᠠᠳᠠᠭᠤ᠎ᠶᠢ ᠲᠡᠳᠬᠦᠬᠦ ᠠᠵᠢᠯ᠎ᠤᠨ ᠲᠤᠮᠳᠠ ᠪᠦᠷᠢᠯᠳᠦᠭᠰᠡᠨ ᠤᠯᠠᠨ ᠲᠦᠮᠡᠨ᠎ᠲᠠᠢ ᠨᠢᠭᠳᠠ ᠬᠠᠷᠢᠯᠴᠠᠬᠤ ᠵᠢᠴᠢ ᠡᠷᠦᠭᠡ᠎ᠳ᠋ᠤ ᠬᠦᠷᠴᠦ ᠤᠬᠠᠭᠤᠯᠤᠨ ᠵᠢᠯᠤᠭᠤᠳᠬᠤ ᠵᠡᠷᠭᠡ ᠲᠠᠯ᠎ᠠ᠎ᠶᠢᠨ ᠠᠵᠢᠯ᠎ᠤᠨ ᠲᠠᠪᠠᠭᠤᠯᠢᠭ᠎ᠨᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠤ ᠮᠠᠰᠢ ᠶᠡᠬᠡ ᠦᠢᠯᠡᠳᠦᠯ ᠦᠵᠡᠭᠦᠯᠪᠡ ᠃ ᠪᠦᠷᠢᠳᠭᠡᠯ᠎ᠢᠶᠠᠷ ᠂ ᠪᠦᠬᠦ ᠤᠷᠤᠨ᠎ᠤ ᠶᠠᠳᠠᠭᠤ᠎ᠶᠢ ᠲᠡᠳᠬᠦᠬᠦ ᠺᠠᠳ᠋ᠷ᠎ᠤᠨ ᠡᠩᠨᠡᠭᠡ ᠲᠤᠳᠤᠷᠠᠬᠢ 70%᠎ᠶᠢᠨ ᠬᠦᠮᠦᠰ ᠰᠠᠭᠤᠭ᠎ᠠ ᠭᠠᠵᠠᠷ ᠤᠷᠤᠨ᠎ᠤ᠎ᠪᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠤ ᠤᠷᠤᠯᠴᠠᠵᠤ ᠂ ᠴᠢᠬᠤᠯᠠ ᠦᠢᠯᠡᠳᠦᠯ ᠦᠵᠡᠭᠦᠯᠪᠡ ᠃
2020 ᠤᠨ᠎ᠤ 2 ᠰᠠᠷ᠎ᠠ᠎ᠶᠢᠨ 10᠎ᠤ ᠡᠳᠦᠷ ᠂ ᠦᠪᠡᠷᠳᠡᠭᠡᠨ ᠵᠠᠰᠠᠬᠤ ᠤᠷᠤᠨ ᠮᠡᠳᠡᠭᠳᠡᠯ ᠪᠠᠭᠤᠯᠭᠠᠵᠤ ᠂ ᠬᠢᠵᠢᠭ᠎ᠤᠨ ᠪᠠᠢᠳᠠᠯ ᠬᠦᠨᠳᠦ ᠨᠤᠴᠢᠳᠠᠢ ᠭᠠᠵᠠᠷ ᠤᠷᠤᠨ᠎ᠡᠴᠠ ᠪᠤᠰᠤᠳ ᠲᠤᠰᠬᠤᠨ᠎ᠳ᠋ᠤ ᠰᠠᠭᠤᠭ᠎ᠠ ᠠᠵᠢᠯᠯᠠᠬᠤ ᠠᠩᠭᠢ ᠲᠠᠷᠤᠢᠬᠠᠨ ᠭᠠᠴᠠᠭ᠎ᠠ ᠲᠤᠰᠬᠤᠨ᠎ᠳ᠋ᠤ ᠭᠦᠨᠵᠡᠭᠡᠢᠷᠡᠵᠦ ᠂ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠨᠢᠭᠡᠳᠦᠯᠳᠡᠢ ᠲᠦᠯᠦᠪᠵᠢᠬᠦᠯᠤᠨ ᠰᠠᠢᠳᠤᠷ ᠬᠢᠵᠦ ᠂ ᠠᠵᠢᠯ᠎ᠤᠨ ᠠᠷᠭ᠎ᠠ ᠭᠡᠯᠪᠡᠷᠢ᠎ᠪᠠᠨ ᠬᠤᠪᠢᠷᠠᠭᠤᠯᠤᠨ ᠂ ᠨᠢᠭᠡᠨᠳᠡ ᠲᠤᠭᠳᠠᠭᠰᠠᠨ ᠠᠵᠢᠯ᠎ᠤᠨ ᠬᠠᠷᠠᠯᠳᠠ᠎ᠪᠠᠨ ᠪᠡᠶᠡᠯᠡᠭᠦᠯᠬᠦ᠎ᠳ᠋ᠤ ᠬᠠᠮᠤᠭ᠎ᠤᠨ ᠶᠡᠬᠡ ᠴᠢᠷᠮᠠᠢᠯᠭ᠎ᠠ ᠭᠠᠷᠭᠠᠬᠤ ᠬᠡᠷᠡᠭᠳᠡᠢ ᠭᠡᠵᠦ ᠱᠠᠭᠠᠷᠳᠠᠪᠠ ᠃ 2 ᠰᠠᠷ᠎ᠠ᠎ᠶᠢᠨ 14᠎ᠤ ᠡᠳᠦᠷ ᠂ ᠪᠦᠬᠦ ᠤᠷᠤᠨ᠎ᠤ ᠲᠤᠰᠬᠤᠨ᠎ᠳ᠋ᠤ ᠰᠠᠭᠤᠭ᠎ᠠ ᠠᠵᠢᠯᠯᠠᠬᠤ ᠠᠩᠭᠢ᠎ᠶᠢᠨ ᠠᠵᠢᠯ᠎ᠤᠨ ᠪᠠᠢᠷᠢ᠎ᠳ᠋ᠤ ᠭᠠᠷᠤᠭᠰᠠᠨ ᠪᠠᠢᠳᠠᠯ᠎ᠢ ᠪᠦᠬᠦ ᠲᠠᠯ᠎ᠠ᠎ᠪᠠᠷ ᠪᠦᠷᠢᠳᠭᠡᠨ ᠬᠤᠷᠢᠶᠠᠩᠭᠤᠢᠯᠠᠵᠤ ᠂ ᠠᠵᠢᠯ᠎ᠤᠨ ᠨᠠᠢᠳᠠᠪᠤᠷᠢᠵᠢᠭᠤᠯᠤᠯᠳᠠ᠎ᠶᠢ ᠱᠠᠯᠠᠪᠳᠠᠭᠤᠯᠵᠠᠢ ᠃
ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠤᠨᠴᠠᠭᠠᠢ ᠴᠠᠭ ᠦᠶ᠎ᠠ᠎ᠳ᠋ᠤ ᠂ ᠬᠤᠰᠢᠭᠤ ᠰᠢᠶᠠᠨ᠎ᠳ᠋ᠤ ᠰᠠᠭᠤᠭ᠎ᠠ ᠠᠵᠢᠯᠯᠠᠬᠤ ᠶᠡᠷᠦᠩᠬᠡᠢ ᠠᠩᠭᠢ ᠪᠤᠯᠤᠨ ᠲᠤᠰᠬᠤᠨ᠎ᠳ᠋ᠤ ᠰᠠᠭᠤᠭ᠎ᠠ ᠠᠵᠢᠯᠯᠠᠬᠤ ᠠᠩᠭᠢ᠎ᠶᠢᠨ ᠺᠠᠳ᠋ᠷᠴᠤᠳ ᠬᠢᠵᠢᠭ᠎ᠤᠨ ᠪᠠᠢᠳᠠᠯ ᠪᠤᠯ ᠲᠠᠷᠤᠢ ᠵᠠᠷᠯᠢᠭ ᠮᠦᠨ ᠂ ᠰᠡᠷᠭᠡᠢᠯᠡᠨ ᠡᠵᠡᠮᠳᠡᠬᠦ ᠪᠤᠯ ᠬᠠᠷᠢᠭᠤᠴᠠᠯᠭ᠎ᠠ ᠮᠦᠨ ᠭᠡᠬᠦ ᠵᠠᠷᠴᠢᠮ᠎ᠢ ᠪᠠᠷᠢᠮᠳᠠᠯᠠᠵᠤ ᠂ ᠡᠮᠤᠨ᠎ᠠ ᠹᠷᠤᠨᠲ᠎ᠲᠤ ᠪᠠᠢᠭ᠎ᠠ ᠤᠯᠠᠨ ᠲᠦᠮᠡᠨ᠎ᠲᠠᠢ ᠤᠢᠷᠠᠳᠬᠤ ᠲᠠᠪᠠᠭᠤᠯᠢᠭ᠎ᠢᠶᠡᠨ ᠠᠰᠢᠠᠠᠯᠠᠨ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠱᠠᠭᠠᠷᠳᠠᠯᠭ᠎ᠠ ᠪᠤᠯᠤᠨ ᠤᠨᠢᠨ ᠲᠡᠭᠡᠷ᠎ᠠ᠎ᠨᠢ ᠶᠠᠳᠠᠭᠤ᠎ᠶᠢ ᠲᠡᠳᠬᠦᠬᠦ ᠲᠦᠷᠦ᠎ᠶᠢᠨ ᠪᠤᠳᠤᠯᠭ᠎ᠠ᠎ᠶᠢ ᠵᠡᠷᠭᠡ᠎ᠪᠠᠷ ᠤᠬᠠᠭᠤᠯᠵᠤ ᠂ ᠦᠷᠭᠡᠨ ᠤᠯᠠᠨ ᠲᠦᠮᠡᠨ᠎ᠤ ᠰᠡᠷᠡᠮᠵᠢᠯᠡᠬᠦ ᠦᠵᠡᠯ ᠤᠬᠠᠮᠰᠠᠷ᠎ᠢ ᠦᠨᠡᠨ ᠭᠦ ᠨᠡᠮᠡᠭᠳᠡᠭᠦᠯᠦᠨ᠎ᠡ ᠃
ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠨᠢᠭᠡᠳᠦᠯᠳᠡᠢ ᠲᠦᠯᠦᠪᠵᠢᠭᠦᠯᠦᠨ ᠰᠠᠢᠳᠤᠷ ᠬᠢᠵᠦ ᠂ ᠦᠨᠳᠦᠰᠤᠨ ᠱᠠᠳᠤᠨ᠎ᠤ ᠲᠠᠢᠴᠢᠨ ᠪᠡᠬᠢᠯᠡᠯᠳᠡ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠬᠠᠮᠤᠭ᠎ᠤᠨ ᠲᠦᠷᠭᠡᠨ᠎ᠢᠶᠠᠷ ᠦᠢᠯᠡᠳᠪᠦᠷᠢᠯᠡᠯ᠎ᠢᠶᠡᠨ ᠰᠡᠷᠭᠦᠭᠡᠵᠦ ᠂ ᠶᠠᠳᠠᠭᠤ᠎ᠡᠴᠠ ᠠᠩᠬᠢᠵᠢᠷᠠᠨ ᠴᠢᠨᠡᠭᠡᠯᠢᠭᠵᠢᠬᠦ ᠢᠳᠡᠭᠡᠯ ᠵᠤᠷᠢᠭ᠎ᠢ ᠬᠦᠪᠴᠢᠯᠡᠨ ᠂ ᠤᠯᠠᠨ ᠲᠦᠮᠡᠨ᠎ᠢ ᠲᠠᠭᠠᠭᠤᠯᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠷᠢᠬᠯᠠᠯᠳᠠ᠎ᠶᠢᠨ ᠲᠠᠢᠯᠠᠯᠳᠤᠭᠠᠨ ᠪᠠ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠲᠠᠢᠯᠠᠯᠳᠤᠭᠠᠨ᠎ᠤ ᠢᠯᠠᠯᠳᠠ᠎ᠶᠢ ᠤᠯᠬᠤ ᠪᠣᠯᠤᠨ᠎ᠠ ᠃
︵ ᠦᠪᠦᠷ ᠮᠤᠩᠭᠤᠯ᠎ᠤᠨ ᠡᠳᠤᠷ᠎ᠤᠨ ᠰᠣᠨᠢᠨ᠎ᠤ ᠰᠤᠷᠪᠤᠯᠵᠢᠯᠠᠬᠴᠢ ᠬᠠᠢ ᠴᠢᠤᠸᠠᠨ ᠪᠤᠤ ᠨᠠᠷᠠᠨᠲᠤᠶᠠᠭ᠎ᠠ ᠭᠤᠸ᠎ᠠ ︶
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠴᠣᠷᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃