2020-02-16 16:22:56
ᠦᠪᠡᠷᠳᠡᠭᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ ᠢ ᠰᠡᠷᠭᠡᠢᠯᠡᠨ ᠡᠵᠡᠮᠳᠠᠬᠦ ᠠᠵᠢᠯ᠎ᠤᠨ ᠵᠢᠯᠤᠭᠤᠳᠬᠤ ᠭᠠᠵᠠᠷ ᠰᠤᠨᠢᠨ ᠮᠡᠳᠡᠭᠡ ᠨᠡᠢᠳᠠᠯᠡᠬᠦ ᠬᠤᠷᠠᠯ ᠬᠢᠵᠤ ᠬᠢᠵᠢᠭ ᠤᠨ ᠪᠠᠢᠳᠠᠯ᠎ᠢ ᠰᠡᠷᠭᠡᠢᠯᠡᠨ
2 ᠰᠠᠷ᠎ᠠ᠎ᠶᠢᠨ 15᠎ᠤ ᠡᠳᠦᠷ ᠂ ᠦᠪᠡᠷᠳᠡᠭᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠠᠬᠦ ᠠᠵᠢᠯ᠎ᠤᠨ ᠵᠢᠯᠤᠭᠤᠳᠬᠤ ᠭᠠᠵᠠᠷ ᠰᠤᠨᠢᠨ ᠮᠡᠳᠡᠭᠡ ᠨᠡᠢᠳᠠᠯᠡᠬᠦ ᠬᠤᠷᠠᠯ ᠬᠢᠵᠤ ᠂ ᠦᠪᠤᠷ ᠮᠤᠡᠭᠭᠤᠯ᠎ᠤᠨ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠬᠠᠮᠤᠭ ᠰᠢᠨ᠎ᠠ ᠪᠠᠢᠳᠠᠯ᠎ᠢ ᠮᠡᠳᠡᠭᠳᠡᠪᠠ ᠃ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠭᠢᠮ᠎ᠤᠨ ᠬᠤᠶᠠᠳᠤᠭᠠᠷ ᠲᠡᠰ᠎ᠤᠨ ᠲᠤᠭᠤᠷᠢᠨ ᠪᠠᠢᠴᠠᠭᠠᠭᠴᠢ ᠸᠠᠩ ᠢᠤᠢ ᠹᠧᠩ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠠᠬᠢ ᠪᠦᠬᠦ ᠤᠷᠤᠨ᠎ᠤ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠳᠦᠭᠡᠭᠳᠡᠭᠦᠨ᠎ᠤ ᠵᠠᠬ᠎ᠠ ᠲᠡᠯᠭᠡᠭᠦᠷ᠎ᠤᠨ ᠬᠠᠩᠭᠠᠯᠭ᠎ᠠ᠎ᠶᠢ ᠪᠠᠳᠤᠯᠠᠬᠤ ᠂ ᠠᠮᠢᠳᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠭᠡᠯ ᠂ ᠮᠠᠯᠵᠢᠬᠤ ᠲᠠᠷᠢᠶᠠᠯᠠᠬᠤ ᠤᠷᠤᠨ᠎ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ᠎ᠢ ᠴᠡᠭᠴᠡᠯᠡᠨ ᠵᠠᠰᠠᠬᠤ ᠵᠡᠷᠭᠡ ᠬᠠᠮᠢᠶ᠎ᠠ ᠪᠦᠬᠦᠢ ᠠᠰᠠᠭᠤᠳᠠᠯ᠎ᠤᠨ ᠲᠤᠭᠤᠷᠢᠨ᠎ᠳ᠋ᠤ ᠰᠤᠷᠪᠤᠯᠵᠢᠯᠠᠭᠴᠢ᠎ᠶᠢᠨ ᠠᠰᠠᠭᠤᠯᠳᠠ᠎ᠶᠢ ᠬᠠᠷᠢᠭᠤᠯᠪᠠ ᠃
ᠰᠤᠷᠪᠤᠯᠵᠢᠯᠠᠭᠴᠢ ᠄ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠤ ︽ ᠬᠤᠯᠢᠰᠢᠨ ᠢᠳᠡᠭᠡᠨ ︾᠎ᠤ ᠠᠮᠤᠷ ᠲᠦᠪᠰᠢᠨ ᠲᠦᠢᠯ᠎ᠤᠨ ᠴᠢᠬᠤᠯᠠ ᠪᠠᠢᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠠᠬᠢ ᠵᠠᠬ᠎ᠠ ᠲᠡᠯᠭᠡᠭᠦᠷ᠎ᠤᠨ ᠬᠠᠩᠭᠠᠯᠭ᠎ᠠ᠎ᠶᠢᠨ ᠪᠠᠳᠤᠯᠠᠭ᠎ᠠ᠎ᠲᠠᠢ ᠬᠤᠯᠪᠤᠭᠳᠠᠬᠤ ᠪᠦᠭᠡᠳ ᠲᠠᠷᠢᠶᠠᠴᠢᠳ᠎ᠤᠨ ᠤᠷᠤᠯᠭ᠎ᠠ᠎ᠶᠢᠨ ᠨᠡᠮᠡᠭᠳᠡᠯ᠎ᠲᠠᠢ ᠴᠤ ᠬᠤᠯᠪᠤᠭᠳᠠᠬᠤ ᠪᠤᠯᠤᠨ᠎ᠠ ᠃ ᠲᠡᠭᠡᠪᠡᠯ ᠡᠳᠡᠭᠡᠷ ᠲᠠᠯ᠎ᠠ᠎ᠪᠠᠷ ᠪᠢᠳᠡ ᠶᠠᠮᠠᠷ ᠰᠢᠤ ᠠᠷᠭ᠎ᠠ ᠬᠡᠮᠵᠢᠶ᠎ᠠ ᠠᠪᠤᠪᠠ ︖
ᠸᠠᠩ ᠢᠤᠢ ᠹᠧᠩ ᠄ ᠬᠢᠵᠢᠭ᠎ᠤᠨ ᠪᠠᠢᠳᠠᠯ ᠡᠭᠦᠰᠦᠭᠰᠡᠨ᠎ᠡᠴᠠ ᠨᠠᠭᠠᠰᠢ ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠂ ᠵᠠᠰᠠᠭ᠎ᠤᠨ ᠤᠷᠳᠤᠨ ︽ ᠬᠤᠯᠢᠰᠢᠨ ᠢᠳᠡᠭᠡᠨ ︾᠎ᠤ ᠲᠤᠭᠳᠠᠭᠤᠨ ᠭᠠᠷᠤᠯᠳᠠ᠎ᠶᠢ ᠪᠠᠳᠤᠯᠠᠵᠤ ᠂ ᠬᠠᠩᠭᠠᠯᠭ᠎ᠠ᠎ᠶᠢᠨ ᠪᠠᠳᠤᠯᠠᠭ᠎ᠠ᠎ᠶᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠴᠢᠬᠤᠯᠠ ᠠᠭᠤᠯᠭ᠎ᠠ ᠪᠤᠯᠭᠠᠨ ᠠᠳᠬᠤᠵᠤ ᠂ ︽ ᠬᠤᠯᠢᠰᠢᠨ ᠢᠳᠡᠭᠡᠨ ︾᠎ᠤ ᠬᠤᠳᠠ᠎ᠶᠢᠨ ᠲᠠᠷᠤᠭ᠎ᠠ᠎ᠶᠢᠨ ᠬᠠᠷᠢᠭᠤᠴᠠᠯᠭ᠎ᠠ᠎ᠶᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ ᠂ ᠠᠷᠭ᠎ᠠ ᠪᠦᠬᠦᠨ᠎ᠢ ᠰᠦᠪᠡᠭᠴᠢᠯᠡᠨ ︽ ᠬᠤᠯᠢᠰᠢᠨ ᠢᠳᠡᠭᠡᠨ ︾᠎ᠤ ᠬᠠᠩᠭᠠᠯᠭ᠎ᠠ᠎ᠶᠢ ᠪᠠᠳᠤᠯᠠᠪᠠ ᠃ ᠤᠳᠤᠬᠠᠨ᠎ᠳ᠋ᠤ ᠂ ᠮᠠᠨ᠎ᠤ ᠤᠷᠤᠨ᠎ᠤ ︽ ᠬᠤᠯᠢᠰᠢᠨ ᠢᠳᠡᠭᠡᠨ ︾᠎ᠤ ᠵᠠᠬ᠎ᠠ ᠲᠡᠯᠭᠡᠭᠦᠷ᠎ᠤᠨ ᠬᠠᠩᠭᠠᠯᠭ᠎ᠠ ᠭᠦᠢᠴᠡᠳ ᠂ ᠦᠨ᠎ᠠ ᠬᠠᠩᠰᠢ᠎ᠨᠢ ᠦᠨᠳᠦᠰᠦᠨ᠎ᠳ᠋ᠡᠭᠡᠨ ᠲᠤᠭᠳᠠᠭᠤᠨ ᠪᠠᠢᠵᠤ ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠷᠢᠬᠯᠠᠯᠳᠠ᠎ᠶᠢᠨ ᠲᠠᠢᠯᠠᠯᠳᠤᠭᠠᠨ᠎ᠳ᠋ᠤ ᠬᠦᠴᠦᠳᠡᠢ ᠲᠡᠮᠵᠢᠯᠭᠡ ᠬᠠᠩᠭᠠᠪᠠ ᠃
ᠨᠢᠭᠡ᠎ᠳ᠋ᠤ ᠂ ᠵᠠᠬ᠎ᠠ ᠲᠡᠯᠭᠡᠬᠦᠷ᠎ᠤᠨ ᠬᠠᠩᠭᠠᠯᠭ᠎ᠠ ᠬᠡᠷᠡᠭᠴᠡᠭᠡ᠎ᠶᠢ ᠬᠢᠨᠠᠨ ᠬᠡᠮᠵᠢᠵᠦ ᠲᠤᠬᠢᠷᠠᠭᠤᠯᠬᠤ᠎ᠶᠢ ᠴᠢᠩᠭᠠᠳᠬᠠᠪᠠ ᠃ ︽ ᠬᠤᠯᠢᠰᠢᠨ ᠢᠳᠡᠭᠡᠨ ︾᠎ᠤ ᠪᠦᠳᠦᠭᠡᠭᠳᠡᠭᠦᠨ᠎ᠤ ᠦᠢᠯᠡᠳᠪᠦᠷᠢᠯᠡᠯ᠎ᠤᠨ ᠬᠠᠩᠭᠠᠯᠭ᠎ᠠ᠎ᠶᠢ ᠪᠠᠳᠤᠯᠠᠬᠤ ᠡᠳᠦᠷ᠎ᠤᠨ ᠲᠤᠬᠢᠷᠠᠭᠤᠯᠤᠯᠳᠠ᠎ᠶᠢ ᠦᠷᠨᠢᠭᠦᠯᠵᠡᠢ ᠂ ᠤᠳᠤᠬᠠᠨ᠎ᠳ᠋ᠤ ᠂ ᠪᠦᠬᠦ ᠤᠷᠤᠨ᠎ᠤ ᠢᠳᠡᠰᠢᠨ ᠨᠤᠭᠤᠭ᠎ᠠ᠎ᠶᠢᠨ ᠡᠳᠦᠷ ᠲᠤᠳᠤᠮ᠎ᠤᠨ ᠬᠡᠷᠡᠭᠴᠡᠭᠡᠨ᠎ᠤ ᠬᠡᠮᠵᠢᠶ᠎ᠠ 1 ᠲᠦᠮᠡᠨ ᠲᠤᠨ ᠤᠷᠴᠢᠮ ᠪᠠᠢᠵᠤ ᠂ ᠤᠳᠤ 30 ᠲᠦᠮᠡᠨ ᠲᠤᠨ ᠬᠦᠯᠡᠮᠵᠢ᠎ᠶᠢᠨ ᠢᠳᠡᠰᠢᠨ ᠨᠤᠭᠤᠭ᠎ᠠ᠎ᠲᠠᠢ ᠪᠠᠢᠵᠤ ᠂ ᠤᠢᠷ᠎ᠠ᠎ᠶᠢᠨ ᠬᠤᠶᠠᠷ ᠰᠠᠷ᠎ᠠ᠎ᠶᠢᠨ ᠭᠠᠷᠤᠯᠳᠠ᠎ᠨᠢ ᠵᠢᠱᠢᠯᠳᠡ᠎ᠪᠠᠷ 46 ᠲᠦᠮᠡᠨ ᠲᠤᠨ᠎ᠳ᠋ᠤ ᠬᠦᠷᠴᠦ ᠂ ᠪᠠᠰᠠ 20 ᠲᠦᠮᠡᠨ ᠲᠤᠨ ᠲᠦᠮᠦᠰᠦ᠎ᠶᠢ ᠢᠳᠡᠰᠢᠨ ᠨᠤᠭᠤᠭ᠎ᠠ᠎ᠶᠢᠨ ᠵᠠᠬ᠎ᠠ ᠲᠡᠯᠭᠡᠭᠦᠷ᠎ᠲᠤ ᠭᠠᠷᠭᠠᠵᠤ ᠪᠤᠯᠤᠨ᠎ᠠ ᠃
ᠬᠤᠶᠠᠷ᠎ᠲᠤ ᠂ ᠢᠳᠡᠰᠢᠨ ᠨᠤᠭᠤᠭ᠎ᠠ᠎ᠶᠢᠨ ᠦᠢᠯᠡᠳᠪᠦᠷᠢᠯᠡᠯ᠎ᠢ ᠵᠢᠯᠤᠭᠤᠳᠬᠤ ᠦᠢᠯᠡᠴᠢᠯᠡᠭᠡ᠎ᠶᠢ ᠴᠢᠩᠭᠠᠳᠬᠠᠪᠠ ᠃ ᠡᠯ᠎ᠠ ᠭᠠᠵᠠᠷ᠎ᠤᠨ᠎ᠬᠢᠨ ᠡᠪᠤᠯ᠎ᠤᠨ ᠤᠯᠠᠷᠢᠯ᠎ᠤᠨ 30 ᠲᠦᠮᠡᠨ ᠲᠤᠨ ᠲᠦᠭᠦᠭᠡᠷᠦᠮᠵᠢᠳᠤ ᠢᠳᠡᠰᠢᠨ ᠨᠤᠭᠤᠭ᠎ᠠ᠎ᠶᠢᠨ ᠦᠢᠯᠡᠳᠪᠦᠷᠢᠯᠡᠯ᠎ᠢ ᠪᠦᠬᠦ ᠬᠦᠴᠦᠨ᠎ᠢᠶᠠᠷ ᠰᠠᠢᠳᠤᠷ ᠠᠳᠬᠤᠵᠤ ᠂ ᠨᠠᠪᠴᠢᠨ ᠨᠤᠭᠤᠭ᠎ᠠ ᠪᠤᠯᠤᠨ ᠲᠦᠷᠭᠡᠨ ᠤᠷᠭᠤᠬᠤ ᠢᠳᠡᠰᠢᠨ ᠨᠤᠭᠤᠭ᠎ᠠ᠎ᠶᠢᠨ ᠦᠢᠯᠡᠳᠪᠦᠷᠢᠯᠡᠯ᠎ᠢ ᠵᠤᠬᠢᠰᠳᠠᠢ ᠨᠡᠮᠡᠭᠳᠡᠭᠦᠯᠵᠦ ᠂ ᠢᠳᠡᠰᠢᠨ ᠨᠤᠭᠤᠭ᠎ᠠ᠎ᠶᠢᠨ ᠲᠤᠭᠳᠠᠭᠤᠨ ᠬᠠᠩᠭᠠᠯᠭ᠎ᠠ᠎ᠶᠢ ᠪᠠᠳᠤᠯᠠᠵᠠᠢ ᠃ ᠡᠯ᠎ᠠ ᠭᠠᠵᠠᠷ᠎ᠤᠨ ᠵᠠᠰᠠᠭ᠎ᠤᠨ ᠤᠷᠳᠤᠨᠢ ᠵᠤᠷᠢᠠᠠᠵᠢᠭᠤᠯᠵᠤ ᠂ ᠡᠪᠤᠯ ᠬᠠᠪᠤᠷ᠎ᠤᠨ ᠤᠯᠠᠷᠢᠯ᠎ᠳ᠋ᠤ ᠢᠳᠡᠰᠢᠨ ᠨᠤᠭᠤᠭ᠎ᠠ ᠦᠢᠯᠡᠳᠪᠦᠷᠢᠯᠡᠵᠦ ᠪᠠᠢᠭ᠎ᠠ ᠲᠠᠷᠢᠶᠠᠴᠢᠨ ᠡᠷᠦᠭᠡ᠎ᠳ᠋ᠤ ᠱᠠᠩᠨᠠᠯ ᠨᠦᠬᠦᠪᠦᠷᠢ ᠤᠯᠭᠤᠬᠤ᠎ᠶᠢ ᠵᠤᠷᠢᠠᠠᠵᠢᠭᠤᠯᠪᠠ ︔ ᠡᠯ᠎ᠠ ᠱᠠᠳᠤᠨ᠎ᠤ ᠲᠠᠷᠢᠶᠠᠯᠠᠩ᠎ᠤᠨ ᠮᠡᠷᠭᠡᠵᠢᠯ᠎ᠤᠨ ᠠᠵᠢᠯᠳᠠᠨ᠎ᠤ ᠴᠠᠭ ᠲᠤᠬᠠᠢ᠎ᠳ᠋ᠤᠨᠢ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠳᠪᠦᠷᠢᠯᠡᠯ᠎ᠤᠨ ᠮᠡᠷᠭᠡᠵᠢᠯ᠎ᠤᠨ ᠦᠢᠯᠡᠴᠢᠯᠡᠭᠡ ᠬᠠᠩᠭᠠᠬᠤ᠎ᠶᠢ ᠲᠤᠬᠢᠷᠠᠭᠤᠯᠪᠠ ︔ ᠲᠠᠷᠢᠮᠠᠯ᠎ᠤᠨ ᠲᠤᠮᠤ ᠡᠷᠦᠭᠡ ᠂ ᠬᠤᠷᠰᠢᠶ᠎ᠠ ᠵᠡᠷᠭᠡ ᠬᠡᠪᠴᠢᠶᠡᠵᠢᠭᠰᠡᠨ ᠡᠵᠡᠩᠨᠡᠯᠳᠡ᠎ᠶᠢᠨ ᠭᠤᠤᠯ ᠴᠤᠭᠴᠠ᠎ᠶᠢ ᠢᠳᠡᠪᠬᠢᠳᠡᠢ ᠵᠢᠯᠤᠭᠤᠳᠴᠤ ᠂ ᠬᠠᠷᠢᠯᠴᠠᠨ ᠬᠤᠷᠰᠢᠯᠴᠠᠨ ᠲᠡᠭᠦᠵᠦ ᠬᠤᠷᠢᠶᠠᠬᠤ ᠠᠵᠢᠯ ᠦᠷᠨᠢᠭᠦᠯᠪᠠ ︔ ᠬᠤᠳᠠ᠎ᠳ᠋ᠤ ᠪᠤᠴᠠᠵᠤ ᠲᠦᠷ ᠴᠠᠭ ᠠᠵᠢᠯ᠎ᠢᠶᠡᠨ ᠰᠡᠷᠭᠦᠭᠡᠵᠦ ᠲᠡᠢᠯᠬᠦ ᠦᠭᠡᠢ ᠬᠦᠯᠤᠰᠤᠨ ᠲᠠᠷᠢᠶᠠᠴᠢᠳ᠎ᠤᠨ ᠲᠤᠬᠠᠢ᠎ᠶᠢᠨ ᠭᠠᠵᠠᠷ᠎ᠲᠠᠭᠠᠨ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠳ᠋ᠤ ᠤᠷᠤᠯᠴᠠᠬᠤ᠎ᠶᠢ ᠵᠤᠷᠢᠠᠠᠵᠢᠭᠤᠯᠵᠤ ᠂ ᠢᠳᠡᠰᠢᠨ ᠨᠤᠭᠤᠭ᠎ᠠ᠎ᠶᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠠᠵᠢᠯᠴᠢᠨ ᠬᠡᠷᠡᠭᠯᠡᠬᠦ᠎ᠳ᠋ᠤ ᠬᠦᠴᠢᠷᠳᠡᠢ ᠂ ᠦᠨᠡᠳᠡᠢ ᠪᠠᠢᠬᠤ ᠠᠰᠠᠭᠤᠳᠠᠯ᠎ᠢ ᠰᠢᠢᠳᠪᠦᠷᠢᠯᠡᠪᠠ ᠃
ᠭᠤᠷᠪᠠ᠎ᠳ᠋ᠤ ᠂ ᠮᠢᠬ᠎ᠠ ᠂ ᠦᠨᠳᠡᠭᠡ ᠵᠡᠷᠭᠡ᠎ᠶᠢᠨ ᠦᠢᠯᠡᠳᠪᠦᠷᠢᠯᠡᠯ ᠬᠠᠩᠭᠠᠯᠭ᠎ᠠ᠎ᠶᠢ ᠨᠢᠭᠡᠳᠦᠯᠳᠡᠢ ᠲᠦᠯᠦᠪᠵᠢᠬᠦᠯᠤᠨ ᠰᠠᠢᠳᠤᠷ ᠠᠳᠬᠤᠪᠠ ᠃ ᠬᠠᠪᠤᠷ᠎ᠤᠨ ᠤᠯᠠᠷᠢᠯ᠎ᠤᠨ ᠮᠠᠯ ᠠᠵᠤ ᠠᠬᠤᠢ᠎ᠶᠢᠨ ᠦᠢᠯᠡᠳᠪᠦᠷᠢᠯᠡᠯ᠎ᠢ ᠪᠦᠬᠦ ᠬᠦᠴᠦᠨ᠎ᠢᠶᠠᠷ ᠰᠡᠢᠳᠤᠷ ᠠᠳᠬᠤᠵᠤ ᠂ ᠲᠦᠯ ᠲᠤᠰᠴᠤ ᠪᠤᠢᠵᠢᠭᠤᠯᠬᠤ ᠠᠵᠢᠯ᠎ᠢ ᠰᠠᠢᠳᠤᠷ ᠠᠳᠬᠤᠪᠠ ᠃ ᠲᠦᠷᠦᠬᠦᠤ ᠤᠯᠠᠷᠢᠯ᠎ᠳ᠋ᠤ ᠂ ᠪᠦᠬᠦ ᠤᠷᠤᠨ᠎ᠤ ᠮᠢᠬ᠎ᠠ ᠂ ᠦᠨᠳᠡᠭᠡ ᠂ ᠰᠦ᠎ᠶᠢᠨ ᠭᠠᠷᠤᠯᠳᠠ ᠵᠢᠱᠢᠯᠳᠡ᠎ᠪᠠᠷ ᠲᠤᠰᠪᠤᠷᠢ 60 ᠲᠦᠮᠡᠨ ᠲᠤᠨ ᠂ 12 ᠲᠦᠮᠡᠨ ᠲᠤᠨ ᠂ 100 ᠲᠦᠮᠡᠨ ᠲᠤᠨᠢ ᠲᠠᠪᠠᠵᠤ ᠂ ᠬᠠᠩᠭᠠᠯᠭ᠎ᠠ ᠭᠦᠢᠴᠡᠳ ᠃ 2 ᠰᠠᠷ᠎ᠠ᠎ᠶᠢᠨ 12᠎ᠤᠨ ᠡᠳᠦᠷ ᠪᠤᠯᠳᠠᠯ᠎ᠠ ᠂ ᠪᠦᠬᠦ ᠤᠷᠤᠨ᠎ᠳ᠋ᠤ ᠨᠢᠭᠡᠨᠳᠡ 27 ᠠᠯᠠᠵᠤ ᠨᠢᠳᠤᠯᠬᠤ ᠠᠵᠤ ᠠᠬᠤᠢᠯᠠᠯ ᠠᠵᠢᠯ᠎ᠢᠶᠡᠨ ᠰᠡᠷᠭᠦᠭᠡᠪᠡ ᠃ ᠵᠢᠭᠦᠷᠳᠡᠨ᠎ᠤ ᠬᠠᠯᠳᠠᠪᠤᠷᠢᠳᠤ ᠲᠠᠭᠰᠢᠭᠤᠷ ᠂ ᠠᠹᠷᠢᠺᠠ ᠲᠢᠪ᠎ᠤᠨ ᠭᠠᠬᠠᠢ᠎ᠶᠢᠨ ᠬᠢᠵᠢᠭ ᠵᠡᠷᠭᠡ ᠠᠮᠢᠳᠠᠨ᠎ᠤ ᠬᠦᠨᠳᠦ ᠶᠡᠬᠡ ᠡᠪᠡᠳᠴᠢᠨ ᠬᠢᠵᠢᠭ᠎ᠢ ᠰᠡᠷᠭᠡᠢᠯᠡᠨ ᠡᠵᠡᠮᠳᠡᠬᠦ᠎ᠶᠢ ᠦᠷᠭᠦᠯᠵᠢᠯᠡᠨ ᠴᠢᠩᠭᠠᠳᠬᠠᠵᠤ ᠂ ᠡᠷᠳᠡ ᠢᠯᠡᠷᠡᠭᠦᠯᠵᠦ ᠂ ᠡᠷᠳᠡ ᠮᠡᠳᠡᠭᠦᠯᠵᠦ ᠂ ᠡᠷᠳᠡ ᠰᠢᠢᠳᠪᠦᠷᠢᠯᠡᠬᠦ᠎ᠶᠢ ᠪᠡᠶᠡᠯᠡᠭᠦᠯᠦᠨ᠎ᠠ ᠃
ᠲᠦᠷᠪᠡ᠎ᠳ᠋ᠤ ᠂ ᠲᠡᠭᠡᠭᠡᠪᠤᠷᠢ᠎ᠶᠢᠨ ᠵᠠᠮ᠎ᠢ ᠰᠠᠭᠠᠳ ᠦᠭᠡᠢ ᠨᠡᠪᠳᠡᠷᠡᠭᠦᠯᠦᠨ᠎ᠠ ᠃ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ᠎ᠤᠨ ᠵᠠᠮ ᠬᠠᠷᠢᠯᠴᠠᠭᠠᠨ᠎ᠤ ᠪᠠᠳᠤᠯᠠᠭ᠎ᠠ᠎ᠶᠢᠨ ᠲᠤᠭᠤᠢᠯᠠᠩ ︽ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠠᠬᠢ ᠪᠠᠷᠠᠭ᠎ᠠ ᠲᠡᠭᠡᠭᠡᠪᠤᠷᠢ᠎ᠶᠢ ᠤᠷᠢᠳ᠎ᠢᠶᠠᠷ ᠪᠠᠳᠤᠯᠠᠬᠤ ᠪᠠᠴᠢᠮ ᠮᠡᠳᠡᠭᠳᠡᠯ ︾᠎ᠢ ᠲᠠᠷᠤᠮᠠᠯᠯᠠᠨ ᠲᠠᠷᠬᠠᠭᠠᠵᠤ ᠂ ᠠᠮᠤ ᠪᠤᠳᠠᠭ᠎ᠠ ᠂ ᠢᠳᠡᠰᠢᠨ ᠲᠤᠰᠤ ᠂ ᠮᠢᠬᠠᠨ᠎ᠤ ᠲᠦᠷᠦᠯ ᠂ ᠵᠢᠭᠦᠷᠳᠡᠨ᠎ᠤ ᠲᠦᠷᠦᠯ ᠂ ᠦᠨᠳᠡᠭᠡᠨ᠎ᠤ ᠲᠦᠷᠦᠯ ᠂ ᠢᠳᠡᠰᠢᠨ ᠨᠤᠭᠤᠭ᠎ᠠ ᠂ ᠤᠰᠤᠨ ᠭᠠᠷᠤᠯᠳᠠ ᠂ ᠵᠢᠮᠢᠰ ᠂ ᠰᠢᠬᠢᠷ ᠵᠡᠷᠭᠡ 13 ᠲᠦᠷᠦᠯ᠎ᠤᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢᠯ᠎ᠢ ᠪᠠᠴᠢᠮ ᠪᠠᠢᠳᠠᠯ᠎ᠢ ᠠᠷᠭᠠᠴᠠᠭᠠᠬᠤ ᠲᠡᠭᠡᠭᠡᠪᠤᠷᠢ᠎ᠶᠢᠨ ᠪᠠᠳᠤᠯᠠᠭ᠎ᠠ᠎ᠶᠢᠨ ᠬᠡᠪᠴᠢᠶᠡᠨ᠎ᠳ᠋ᠤ ᠤᠷᠤᠭᠤᠯᠵᠤ ᠂ ᠠᠷᠠᠳ ᠤᠯᠠᠨ᠎ᠤ ᠦᠨᠳᠦᠰᠦᠨ ᠠᠮᠢᠳᠤᠷᠠᠯ᠎ᠤᠨ ᠬᠡᠷᠡᠭᠴᠡᠭᠡ᠎ᠶᠢ ᠪᠠᠳᠤᠯᠠᠪᠠ ᠃
ᠲᠠᠪᠤ᠋᠎ᠳ᠋ᠤ ᠂ ᠦᠢᠯᠡᠳᠭᠦᠨ᠎ᠤ ᠦᠨ᠎ᠠ ᠬᠠᠩᠰᠢ᠎ᠶᠢ ᠲᠤᠭᠳᠠᠪᠤᠷᠢᠵᠢᠭᠤᠯᠪᠠ ᠃ ᠦᠪᠡᠷᠳᠡᠭᠡᠨ ᠵᠠᠰᠠᠬᠤ ᠤᠷᠤᠨ᠎ᠤ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢᠭᠳᠠ ᠬᠠᠮᠵᠢᠯᠴᠠᠨ ᠂ ᠡᠯ᠎ᠠ ᠭᠠᠵᠠᠷ᠎ᠤᠨ ︽ ᠬᠤᠯᠢᠰᠢᠨ ᠢᠳᠡᠭᠡᠨ ︾᠎ᠤ ᠦᠢᠯᠡᠳᠭᠦᠨ᠎ᠤ ᠦᠨ᠎ᠠ ᠬᠠᠩᠰᠢ᠎ᠳ᠋ᠤ ᠡᠳᠦᠷ᠎ᠤᠨ ᠬᠢᠨᠠᠨ ᠬᠡᠮᠵᠢᠯᠳᠠ ᠬᠢᠵᠦ ᠂ ᠵᠠᠬ᠎ᠠ ᠲᠡᠯᠭᠡᠭᠦᠷ᠎ᠤᠨ ᠤᠷᠤᠭᠤᠯᠤᠯᠳᠠ ᠲᠠᠯᠪᠢᠯᠳᠠ᠎ᠶᠢ ᠡᠮᠬᠢ ᠵᠢᠷᠤᠮ᠎ᠲᠠᠢ ᠵᠤᠬᠢᠶᠠᠨ ᠪᠠᠢᠭᠤᠯᠵᠤ ᠂ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠬᠠᠩᠭᠠᠵᠠᠢ ᠃ 25%᠎ᠶᠢᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠳᠡ᠎ᠶᠢᠨ ᠲᠠᠭᠠᠭᠤᠯᠤᠭᠴᠢ ᠠᠵᠤ ᠠᠬᠤᠢᠯᠠᠯ ᠦᠢᠯᠡᠳᠪᠦᠷᠢᠯᠡᠯ᠎ᠢᠶᠡᠨ ᠰᠡᠷᠭᠦᠭᠡᠵᠦ ᠂ ᠵᠠᠬ᠎ᠠ ᠲᠡᠯᠭᠡᠭᠦᠷ᠎ᠤᠨ ᠬᠠᠩᠭᠠᠯᠭ᠎ᠠ ᠠᠯᠬᠤᠮ ᠠᠯᠬᠤᠮ᠎ᠢᠶᠠᠷ ᠨᠡᠮᠡᠭᠳᠡᠵᠦ ᠂ ᠵᠠᠬ᠎ᠠ ᠲᠡᠯᠭᠡᠭᠦᠷ᠎ᠤᠨ ᠦᠨ᠎ᠠ ᠬᠠᠩᠰᠢ᠎ᠶᠢ ᠲᠤᠭᠳᠠᠪᠤᠷᠢᠵᠢᠭᠤᠯᠬᠤ᠎ᠳ᠋ᠤ ᠠᠬᠢᠭᠤᠯᠬᠤ ᠦᠢᠯᠡᠳᠤᠯ ᠦᠵᠡᠬᠦᠯᠵᠠᠢ ᠃
ᠵᠢᠷᠭᠤᠭ᠎ᠠ᠎ᠳ᠋ᠤ ᠂ ᠶᠠᠰᠤ ᠴᠢᠨᠠᠷ᠎ᠤᠨ ᠠᠮᠤᠷ ᠲᠦᠪᠰᠢᠨ᠎ᠢ ᠪᠠᠳᠤᠯᠠᠪᠠ ᠃ ᠠᠢᠮᠠᠭ ᠬᠤᠳᠠ ᠬᠤᠰᠢᠭᠤ ᠰᠢᠶᠠᠨ᠎ᠤ ᠬᠠᠷᠢᠶ᠎ᠠ ᠭᠠᠵᠠᠷ᠎ᠤᠨ ᠬᠠᠮᠢᠶᠠᠷᠤᠯᠳᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠤᠳᠠᠳᠠᠢᠵᠢᠭᠤᠯᠵᠤ ᠂ ︽ ᠲᠦᠷᠪᠡᠨ ᠬᠠᠮᠤᠭ᠎ᠤᠨ ᠴᠢᠩᠭ᠎ᠠ ︾ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ ᠂ ︽ ᠬᠤᠯᠢᠰᠢᠨ ᠢᠳᠡᠭᠡᠨ ︾᠎ᠤ ᠪᠦᠳᠦᠭᠡᠭᠳᠡᠭᠦᠨ᠎ᠤ ᠲᠠᠷᠢᠶᠠᠨ ᠡᠮ᠎ᠤᠨ ᠦᠯᠡᠳᠡᠭᠳᠡᠯ ᠪᠠᠷᠢᠮᠵᠢᠶ᠎ᠠ᠎ᠡᠴᠠ ᠬᠡᠳᠦᠷᠡᠭᠰᠡᠨ ᠵᠡᠷᠭᠡ ᠲᠤᠪᠤᠢᠮ᠎ᠠ ᠠᠰᠠᠭᠤᠳᠠᠯ᠎ᠢ ᠭᠤᠤᠯᠳᠠᠯᠭ᠎ᠠ᠎ᠲᠠᠢ ᠰᠢᠢᠳᠪᠦᠷᠢᠯᠡᠪᠠ ᠃ ᠡᠯ᠎ᠠ ᠠᠢᠮᠠᠭ ᠬᠤᠳᠠ ᠮᠠᠯ᠎ᠤᠨ ᠠᠰᠢᠭ ᠰᠢᠮ ᠠ ᠲᠠᠷᠢᠶᠠᠯᠠᠩ᠎ᠤᠨ ᠪᠦᠳᠦᠭᠡᠭᠳᠡᠭᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠳᠤ ᠰᠠᠬᠢᠵᠤ ᠂ ︽ ᠬᠤᠯᠢᠰᠢᠨ ᠢᠳᠡᠭᠡᠨ ︾᠎ᠤ ᠪᠦᠳᠦᠭᠡᠭᠳᠡᠭᠦᠨ᠎ᠤ ᠲᠤᠭ᠎ᠠ ᠬᠡᠮᠵᠢᠶ᠎ᠠ ᠭᠦᠢᠴᠡᠳ ᠂ ᠶᠠᠰᠤ ᠴᠢᠨᠠᠷ᠎ᠤᠨ ᠠᠮᠤᠷ ᠲᠦᠪᠰᠢᠨ᠎ᠢ ᠪᠠᠳᠤᠯᠠᠪᠠ ᠃
ᠰᠤᠷᠪᠤᠯᠵᠢᠯᠠᠬᠴᠢ ᠄ ᠬᠠᠪᠤᠷ᠎ᠤᠨ ᠤᠯᠠᠷᠢᠯ ᠪᠤᠯ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠨ ᠡᠵᠡᠮᠳᠡᠬᠦ ᠴᠢᠬᠤᠯᠠ ᠬᠤᠭᠤᠴᠠᠭ᠎ᠠ ᠪᠤᠯᠤᠨ᠎ᠠ ᠂ ᠡᠨᠡ ᠵᠢᠯ ᠪᠠᠰᠠ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠢ ᠰᠡᠷᠬᠡᠢᠯᠡᠨ ᠡᠵᠡᠮᠳᠡᠬᠦ ᠪᠠᠢᠳᠠᠯ ᠲᠤᠯᠭᠠᠷᠠᠵᠦ ᠪᠠᠢᠨ᠎ᠠ ᠂ ᠡᠨᠡ ᠪᠠᠢᠳᠠᠯ ᠲᠤᠤᠷ᠎ᠠ ᠂ ᠮᠠᠯᠵᠢᠬᠤ ᠲᠠᠷᠢᠶᠠᠯᠠᠬᠤ ᠤᠷᠤᠨ᠎ᠤ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠨ ᠡᠵᠡᠮᠳᠡᠬᠦ ᠠᠵᠢᠯ᠎ᠢ ᠬᠡᠷᠬᠢᠨ ᠰᠠᠢᠳᠤᠷ ᠬᠢᠬᠦ ᠪᠤᠢ ︖
ᠸᠠᠩ ᠢᠤᠢ ᠹᠧᠩ ᠄ ᠦᠪᠡᠷᠳᠡᠬᠡᠨ ᠵᠠᠰᠠᠬᠤ ᠤᠷᠤᠨ᠎ᠤ ᠡᠯ᠎ᠠ ᠱᠠᠳᠤᠨ᠎ᠤ ᠨᠠᠮ᠎ᠤᠨ ᠬᠤᠷᠢᠶ᠎ᠠ ᠂ ᠵᠠᠰᠠᠬ᠎ᠤᠨ ᠤᠷᠳᠤᠨ᠎ᠡᠴᠠ ᠶᠡᠷᠦ᠎ᠨᠢ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠨ ᠡᠵᠡᠮᠳᠡᠬᠦ ᠠᠵᠢᠯ᠎ᠢ ᠴᠢᠬᠤᠯᠠᠴᠢᠯᠠᠭᠰᠠᠭᠠᠷ ᠢᠷᠡᠵᠡᠢ ᠂ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠦ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ᠎ᠤ ᠲᠢᠩᠬᠢᠮ 2019 ᠤᠨ᠎ᠤ ᠰᠡᠬᠦᠯᠴᠢ᠎ᠪᠠᠷ ᠪᠦᠬᠦ ᠤᠷᠤᠨ᠎ᠤ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠨ ᠡᠵᠡᠮᠳᠡᠬᠦ ᠮᠡᠷᠬᠡᠵᠢᠯ᠎ᠤᠨ ᠪᠤᠯᠪᠠᠰᠤᠷᠠᠯ ᠦᠷᠨᠢᠬᠦᠯᠵᠦ ᠂ ᠴᠠᠭᠠᠨ ᠰᠠᠷ᠎ᠠ᠎ᠡᠴᠠ ᠡᠮᠦᠨ᠎ᠠ ᠪᠦᠬᠦ ᠤᠷᠤᠨ᠎ᠤ ᠠᠮᠢᠳᠠᠨ᠎ᠤ ᠬᠢᠵᠢᠭ᠎ᠤᠨ ᠪᠠᠢᠳᠠᠯ᠎ᠢ ᠵᠠᠳᠠᠯᠤᠨ ᠶᠠᠷᠢᠯᠴᠠᠬᠤ ᠬᠤᠷᠠᠯ᠎ᠢ ᠵᠤᠬᠢᠶᠠᠨ ᠪᠠᠢᠭᠤᠯᠵᠦ ᠬᠤᠷᠠᠯᠳᠤᠭᠤᠯᠤᠨ ᠂ ᠡᠪᠦᠯ ᠬᠠᠪᠤᠷ᠎ᠤᠨ ᠠᠮᠢᠳᠠᠨ᠎ᠤ ᠬᠢᠵᠢᠭ᠎ᠢ ᠰᠡᠷᠬᠡᠢᠯᠡᠭᠦ ᠡᠯ᠎ᠠ ᠲᠦᠷᠦᠯ᠎ᠤᠨ ᠠᠵᠢᠯ᠎ᠢ ᠤᠷᠢᠳᠴᠢᠯᠠᠨ ᠰᠤᠳᠤᠯᠵᠦ ᠮᠠᠭᠠᠳᠯᠠᠬᠰᠠᠨ ᠮᠦᠷᠳᠡᠬᠡᠨ ᠪᠠᠢᠷᠢᠯᠠᠭᠤᠯᠤᠬᠰᠠᠨ ᠪᠠᠢᠨ᠎ᠠ ᠃ ᠰᠢᠨ᠎ᠠ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ ᠡᠬᠦᠰᠦᠭᠰᠡᠨ᠎ᠡᠴᠠ ᠨᠠᠭᠠᠰᠢ ᠂ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠦ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ᠎ᠤ ᠲᠢᠩᠬᠢᠮ ᠰᠡᠷᠬᠡᠢᠯᠡᠨ ᠡᠵᠡᠮᠳᠡᠬᠦ ᠠᠵᠢᠯ᠎ᠤᠨ ᠤᠳᠤᠷᠢᠳᠬᠤ ᠲᠤᠭᠤᠢᠯᠠᠩ ᠪᠠᠢᠭᠤᠯᠵᠦ ᠂ ᠲᠠᠷᠤᠢ᠎ᠳ᠋ᠤᠨᠢ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠨ ᠡᠵᠡᠮᠳᠡᠬᠦ ᠲᠤᠭᠤᠢᠯᠠᠩ ᠲᠤᠬᠢᠷᠠᠭᠤᠯᠵᠦ ᠂ ᠬᠤᠯᠪᠤᠭᠠᠯᠠᠨ ᠰᠡᠷᠬᠡᠢᠯᠡᠵᠦ ᠬᠤᠯᠪᠤᠭᠠᠯᠠᠨ ᠡᠵᠡᠮᠳᠡᠬᠦ ᠡᠷᠴᠢᠮ᠎ᠢᠶᠡᠨ ᠴᠢᠡᠭᠭᠠᠷᠠᠭᠤᠯᠤᠨ ᠂ ᠮᠡᠳᠡᠬᠡ ᠵᠠᠩᠬᠢ᠎ᠶᠢ ᠲᠤᠬᠢᠷᠠᠭᠤᠯᠬᠤ ᠠᠵᠢᠯ᠎ᠢ ᠰᠠᠢᠳᠤᠷ ᠬᠢᠵᠦ ᠂ ᠠᠮᠢᠳᠠᠨ᠎ᠤ ᠬᠢᠵᠢᠭ ᠡᠪᠡᠳᠴᠢᠨ᠎ᠢ ᠬᠢᠨᠠᠨ ᠬᠡᠮᠵᠢᠵᠤ ᠰᠡᠷᠬᠡᠢᠯᠡᠨ ᠡᠵᠡᠮᠳᠡᠬᠦ ᠠᠵᠢᠯ᠎ᠢ ᠪᠦᠬᠦ ᠲᠠᠯ᠎ᠠ᠎ᠪᠠᠷ ᠴᠢᠩᠭᠠᠳᠬᠠᠵᠦ ᠂ 4 ᠲᠠᠯ᠎ᠠ᠎ᠶᠢᠨ ᠠᠵᠢᠯ᠎ᠢ ᠭᠤᠤᠯᠳᠠᠯᠭ᠎ᠠ᠎ᠲᠠᠢ ᠬᠢᠵᠠᠢ ᠃
ᠨᠢᠬᠡ᠎ᠳ᠋ᠤ ᠂ ᠡᠷᠡᠬᠦᠯ ᠬᠠᠮᠠᠭᠠᠯᠡᠯ ᠡᠷᠡᠬᠦᠯ ᠮᠡᠨᠳᠤ ᠂ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ ᠂ ᠤᠢ ᠰᠢᠭᠤᠢ ᠪᠠ ᠨᠤᠳᠤᠬ ᠪᠡᠯᠴᠢᠬᠡᠷ ᠵᠡᠷᠬᠡ ᠰᠠᠯᠠᠭ᠎ᠠ ᠮᠦᠴᠢᠷ᠎ᠲᠠᠢ ᠢᠳᠡᠪᠬᠢᠳᠡᠢ ᠬᠠᠮᠵᠢᠯᠴᠠᠵᠦ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠪᠡ ᠃ ᠲᠠᠷᠢᠶᠠᠯᠠᠩ᠎ᠤᠨ ᠪᠦᠲᠦᠭᠡᠭᠳᠡᠬᠦᠨ᠎ᠤ ᠠᠷᠠᠯᠵᠢᠶᠠᠨ᠎ᠤ ᠵᠠᠬ᠎ᠠ ᠲᠡᠯᠬᠡᠬᠦᠷ᠎ᠢ ᠲᠤᠰᠬᠠᠢ ᠴᠡᠪᠡᠷᠯᠡᠨ ᠴᠡᠭᠴᠡᠯᠡᠬᠦ ᠠᠵᠢᠯᠯᠠᠭ᠎ᠠ ᠦᠷᠨᠢᠬᠦᠯᠵᠦ ᠂ ᠠᠮᠢᠳᠤ ᠵᠢᠬᠦᠷᠳᠡᠨ᠎ᠢ ᠨᠢᠳᠤᠯᠬᠤ ᠴᠡᠭ᠎ᠢ ᠬᠠᠭᠠᠪᠠ ᠃ ᠪᠦᠬᠦ ᠤᠷᠤᠨ᠎ᠤ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠬᠦ ᠨᠦᠬᠦᠴᠡᠯ᠎ᠳ᠋ᠤ ᠨᠡᠢᠴᠡᠬᠦ ᠦᠨᠡᠮᠯᠡᠯ ᠤᠯᠭᠤᠬᠰᠠᠨ ᠬᠡᠬᠡᠷ᠎ᠠ᠎ᠶᠢᠨ ᠠᠮᠢᠳᠠᠨ᠎ᠢ ᠬᠡᠷᠰᠢᠬᠦᠯᠦᠨ ᠲᠡᠵᠢᠬᠡᠬᠦ 47 ᠲᠡᠵᠢᠬᠡᠨ ᠦᠷᠡᠵᠢᠬᠦᠯᠬᠦ ᠲᠠᠯᠠᠪᠠᠢ᠎ᠶᠢ ᠪᠠᠢᠴᠠᠭᠠᠵᠦ ᠬᠢᠨᠠᠨ ᠬᠡᠮᠵᠢᠭᠰᠡᠨ ᠪᠠ ᠪᠢᠳᠡᠬᠦᠮᠵᠢᠯᠡᠨ ᠡᠵᠡᠮᠳᠡᠵᠦ ᠲᠤᠰᠠᠭᠠᠷᠯᠠᠵᠦ ᠂ ᠬᠡᠬᠡᠷ᠎ᠠ᠎ᠶᠢᠨ ᠠᠮᠢᠳᠠᠨ᠎ᠢ ᠠᠷᠠᠯᠵᠢᠶᠠᠯᠠᠬᠤ ᠠᠵᠢᠯᠯᠠᠭ᠎ᠠ᠎ᠶᠢ ᠴᠠᠭᠠᠵᠠᠯᠠᠬᠰᠠᠨ ᠪᠠᠢᠨ᠎ᠠ ᠃
ᠬᠤᠶᠠᠷ᠎ᠲᠤ ᠂ ᠤᠳᠤᠬᠠᠨ᠎ᠤ ᠠᠮᠢᠳᠠᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠡᠳ᠋ ᠪᠤᠳᠠᠰ᠎ᠢ ᠡᠮᠬᠢᠯᠨᠨ ᠪᠦᠷᠢᠳᠬᠡᠵᠦ ᠂ ᠠᠮᠢᠳᠠᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠶᠢ ᠪᠠᠳᠤᠯᠠᠬᠰᠠᠨ ᠰᠠᠭᠤᠷᠢᠨ ᠲᠡᠬᠡᠷ᠎ᠠ ᠂ ᠡᠯ᠎ᠠ ᠠᠢᠮᠠᠭ ᠬᠤᠳᠠ᠎ᠳ᠋ᠤ 144 ᠲᠤᠨ ᠠᠷᠢᠭᠤᠳᠬᠠᠬᠤ ᠰᠢᠩᠬᠡᠨ ᠂ 4100 ᠬᠠᠮᠠᠭᠠᠯᠠᠯᠳᠠ᠎ᠶᠢᠨ ᠬᠤᠪᠴᠠᠰᠤ ᠂ 3500 N95 ᠠᠮᠠᠪᠴᠢ ᠂ 33500 ᠬᠠᠮᠠᠭᠠᠯᠠᠯᠳᠠ᠎ᠶᠢᠨ ᠪᠡᠭᠡᠯᠡᠢ ᠂ 2100 ᠨᠢᠳᠤ ᠬᠠᠮᠠᠭᠠᠯᠠᠬᠤ ᠰᠢᠯᠢ ᠰᠢᠯᠵᠢᠬᠦᠯᠦᠨ ᠪᠠᠭᠤᠯᠭᠠᠵᠦ ᠂ ᠡᠮᠦᠨ᠎ᠠ ᠹᠷᠤᠨᠲ᠎ᠤᠨ ᠰᠡᠷᠬᠡᠢᠯᠡᠨ ᠡᠵᠡᠮᠳᠡᠬᠦ ᠠᠵᠢᠯ᠎ᠢ ᠲᠡᠮᠵᠢᠪᠡ ᠃
ᠭᠤᠷᠪᠠ᠎ᠳ᠋ᠤ ᠂ ᠠᠮᠢᠳᠠᠨ᠎ᠤ ᠬᠢᠵᠢᠭ ᠡᠪᠡᠳᠴᠢᠨ᠎ᠢ ᠬᠢᠨᠠᠨ ᠬᠡᠮᠵᠢᠵᠦ ᠰᠡᠷᠬᠡᠢᠯᠡᠨ ᠡᠵᠡᠮᠳᠡᠬᠦ ᠠᠵᠢᠯ᠎ᠢ ᠨᠠᠡᠭ ᠴᠢᠩᠭᠠᠳᠬᠠᠪᠠ ᠃ 1 ᠰᠠᠷ᠎ᠠ᠎ᠶᠢᠨ 1᠎ᠡᠴᠠ 2 ᠰᠠᠷ᠎ᠠ᠎ᠶᠢᠨ 9᠎ᠤ ᠡᠳᠦᠷ ᠪᠤᠯᠳᠠᠯ᠎ᠠ ᠂ ᠪᠦᠬᠦ ᠤᠷᠤᠨ ᠠᠹᠷᠢᠺᠠ ᠲᠢᠪ᠎ᠤᠨ ᠭᠠᠬᠠᠢ᠎ᠶᠢᠨ ᠬᠢᠵᠢᠭ ᠂ ᠰᠢᠯᠦᠬᠡᠢ᠎ᠶᠢᠨ ᠬᠢᠵᠢᠭ ᠵᠡᠷᠬᠡ ᠠᠮᠢᠳᠠᠨ᠎ᠤ ᠬᠢᠵᠢᠭ ᠡᠪᠡᠳᠴᠢᠨ᠎ᠢ ᠬᠢᠨᠠᠨ ᠬᠡᠮᠵᠢᠭᠰᠨᠨ ᠦᠯᠢᠬᠡᠷ ᠬᠡᠪ 17.4 ᠲᠦᠮᠡᠨ ᠬᠤᠪᠢ ᠂ 35.5 ᠲᠦᠮᠡᠨ ᠲᠡᠵᠢᠬᠡᠨ ᠦᠷᠡᠵᠢᠬᠦᠯᠬᠦ ᠲᠠᠯᠠᠪᠠᠢ᠎ᠶᠢᠨ 1522.4 ᠲᠦᠮᠡᠨ ᠠᠮᠢᠳᠠᠨ ᠤᠳᠠᠭ᠎ᠠ᠎ᠳ᠋ᠤ ᠬᠠᠯᠳᠠᠪᠤᠷᠢᠳᠤ ᠡᠪᠡᠳᠴᠢᠨ᠎ᠤ ᠤᠬᠠᠭᠠᠨ᠎ᠤ ᠪᠠᠢᠴᠠᠭᠠᠯᠳᠠ ᠬᠢᠵᠦ ᠂ ᠤᠨᠴᠠᠭᠠᠢ ᠪᠠᠢᠳᠠᠯ᠎ᠢ ᠢᠯᠡᠷᠡᠬᠦᠯᠦᠭᠰᠡᠨ ᠦᠬᠡᠢ ᠃ 1 ᠰᠠᠷ᠎ᠠ᠎ᠶᠢᠨ 24᠎ᠡᠴᠠ 2 ᠰᠠᠷ᠎ᠠ᠎ᠶᠢᠨ 9᠎ᠤ ᠡᠳᠦᠷ ᠪᠤᠯᠳᠠᠯ᠎ᠠ ᠂ ᠪᠦᠬᠦ ᠤᠷᠤᠨ ᠵᠢᠬᠦᠷᠳᠡᠨ᠎ᠤ ᠬᠠᠯᠳᠠᠪᠤᠷᠢᠳᠤ ᠬᠢᠵᠢᠭ᠎ᠤᠨ ᠦᠯᠢᠬᠡᠷ ᠬᠡᠪ᠎ᠢ 2047 ᠬᠤᠪᠢ ᠬᠢᠨᠠᠨ ᠬᠡᠮᠵᠢᠵᠦ ᠂ ᠪᠦᠷ ᠪᠢᠯᠢᠭ ᠴᠢᠨᠠᠷ ᠢᠯᠠᠷᠡᠭᠰᠡᠨ ᠪᠠᠢᠨ᠎ᠠ ᠃ ᠨᠡᠢᠳᠡ 10.8 ᠲᠦᠮᠡᠨ ᠬᠡᠷ᠎ᠤᠨ ᠲᠡᠵᠢᠬᠡᠪᠦᠷᠢ ᠂ 68.3 ᠲᠦᠮᠡᠨ ᠬᠡᠷ᠎ᠤᠨ ᠵᠢᠬᠦᠷᠳᠡᠨ ᠂ 58.7 ᠲᠦᠮᠡᠨ ᠺᠢᠯᠦᠭᠷᠠᠮ ᠠᠮᠢᠳᠠᠨ᠎ᠤ ᠦᠢᠯᠡᠳᠬᠦᠨ᠎ᠢ ᠪᠠᠢᠴᠠᠭᠠᠵᠦ ᠂ ᠵᠠᠬ᠎ᠠ ᠲᠡᠯᠬᠡᠬᠡᠷ᠎ᠲᠤ ᠭᠠᠷᠭᠠᠬᠤ ᠠᠮᠢᠳᠠᠨ ᠂ ᠠᠮᠢᠳᠠᠨ᠎ᠤ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ ᠪᠠ ᠵᠠᠬ᠎ᠠ ᠲᠡᠯᠬᠡᠬᠦᠷ᠎ᠤᠨ ᠬᠠᠩᠭᠠᠯᠭ᠎ᠠ᠎ᠶᠢ ᠪᠠᠳᠤᠯᠠᠵᠠᠢ ᠃
ᠲᠦᠷᠪᠡ᠎ᠳ᠋ᠤ ᠂ ᠪᠠᠴᠢᠮ ᠪᠠᠢᠳᠠᠯ᠎ᠢ ᠠᠷᠭᠠᠴᠠᠭᠠᠵᠦ ᠵᠢᠵᠢᠬᠦᠷᠯᠡᠨ ᠰᠠᠬᠢᠬᠤ ᠪᠠ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠳᠠ᠎ᠶᠢ ᠨᠠᠡᠭ ᠴᠢᠩᠭᠠᠳᠬᠠᠵᠦ ᠂ 24 ᠴᠠᠬ᠎ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠲᠦᠷᠦᠬᠦᠯᠡᠨ ᠵᠢᠵᠢᠬᠦᠷᠯᠡᠬᠦ᠎ᠶᠢ ᠬᠡᠷᠡᠭᠵᠢᠬᠦᠯᠵᠦ ᠂ ᠠᠮᠢᠳᠠᠨ᠎ᠤ ᠬᠢᠵᠢᠭ᠎ᠤᠨ ᠪᠠᠢᠳᠠᠯ᠎ᠢ ᠮᠡᠳᠡᠬᠦᠯᠬᠦ ᠪᠠ ᠢᠯᠡᠴᠢᠯᠡᠵᠦ ᠬᠠᠷᠭᠤᠭᠤᠯᠤᠨ ᠪᠠᠢᠴᠠᠭᠠᠬᠤ ᠲᠦᠷᠢᠮ᠎ᠢ ᠴᠢᠩᠳᠠᠯᠠᠵᠦ ᠂ ᠪᠦᠬᠦ ᠤᠷᠤᠨ᠎ᠤ ᠠᠮᠢᠳᠠᠨ᠎ᠤ ᠬᠢᠵᠢᠭ᠎ᠢ ᠬᠢᠨᠠᠨ ᠬᠡᠮᠵᠢᠵᠦ ᠪᠠᠢᠴᠠᠭᠠᠬᠰᠠᠨ ᠪᠠᠢᠳᠠᠯ ᠂ ᠮᠠᠯ ᠵᠢᠬᠦᠷᠳᠡᠨ᠎ᠤ ᠬᠢᠵᠢᠭ᠎ᠢ ᠪᠠᠢᠴᠠᠭᠠᠬᠰᠠᠨ ᠪᠠᠢᠳᠠᠯ ᠵᠡᠷᠬᠡ᠎ᠶᠢ ᠡᠳᠦᠷ ᠪᠦᠷᠢ ᠮᠡᠳᠡᠬᠦᠯᠬᠦ ᠲᠦᠷᠢᠮ᠎ᠢ ᠬᠡᠷᠡᠭᠵᠢᠬᠦᠯᠵᠦ ᠂ ᠡᠷᠳᠡ ᠢᠯᠡᠷᠡᠬᠦᠯᠬᠦ ᠂ ᠡᠷᠳᠡ ᠮᠡᠳᠡᠬᠦᠯᠬᠦ ᠂ ᠡᠷᠳᠡ ᠰᠢᠢᠳᠪᠦᠷᠢᠯᠡᠬᠦ᠎ᠶᠢ ᠪᠡᠶᠡᠯᠡᠬᠦᠯᠪᠡ ᠃
ᠤᠳᠤ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ ᠵᠠᠩᠬᠢᠯᠠᠭ᠎ᠠ᠎ᠶᠢᠨ ᠬᠤᠭᠤᠴᠠᠭᠠᠨ᠎ᠳ᠋ᠤ ᠤᠷᠤᠭᠰᠠᠨ ᠪᠦᠭᠡᠳ ᠬᠠᠪᠤᠷ᠎ᠤᠨ ᠠᠮᠢᠳᠠᠨ᠎ᠤ ᠬᠢᠵᠢᠭ ᠤᠯᠠᠨ ᠡᠬᠦᠰᠬᠦ ᠬᠤᠭᠤᠴᠠᠭ᠎ᠠ ᠪᠤᠯᠤᠭᠰᠠᠨ ᠪᠠᠢᠨ᠎ᠠ ᠃ ᠲᠠᠷᠠᠭᠠᠴᠢ᠎ᠪᠠᠷ ᠂ ᠲᠦᠪ᠎ᠤᠨ ᠪᠠ ᠦᠪᠡᠷᠳᠡᠬᠡᠨ ᠵᠠᠰᠠᠬᠤ ᠤᠷᠤᠨ᠎ᠤ ᠪᠠᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ ᠂ ᠰᠡᠷᠬᠡᠢᠯᠡᠨ ᠡᠵᠡᠮᠳᠡᠬᠦ ᠡᠯ᠎ᠠ ᠵᠦᠢᠯ᠎ᠤᠨ ᠠᠷᠭ᠎ᠠ ᠬᠡᠮᠵᠢᠶ᠎ᠠ᠎ᠶᠢ ᠦᠷᠬᠦᠯᠵᠢᠯᠡᠨ ᠴᠢᠩᠭ᠎ᠠ ᠨᠠᠢᠳᠠᠪᠤᠷᠢᠵᠢᠭᠤᠯᠤᠨ ᠂ ᠠᠹᠷᠢᠺᠠ ᠲᠢᠪ᠎ᠤᠨ ᠭᠠᠬᠠᠢ᠎ᠶᠢᠨ ᠬᠢᠵᠢᠭ ᠂ ᠰᠢᠯᠦᠬᠡᠢ᠎ᠶᠢᠨ ᠬᠢᠵᠢᠭ ᠵᠡᠷᠬᠡ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠨ ᠡᠵᠡᠮᠳᠡᠬᠦ ᠠᠵᠢᠯ᠎ᠢ ᠵᠢᠭᠠᠬᠠᠨ ᠴᠤ ᠰᠤᠯᠠᠷᠠᠭᠤᠯᠤᠯ ᠦᠬᠡᠢ ᠰᠠᠢᠳᠤᠷ ᠠᠳᠬᠤᠨ ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠤᠭᠤᠴᠠᠭᠠᠨ᠎ᠳ᠋ᠤ ᠠᠮᠢᠳᠠᠨ᠎ᠤ ᠬᠦᠨᠳᠤ ᠶᠡᠬᠡ ᠬᠢᠵᠢᠭ᠎ᠤᠨ ᠪᠠᠢᠳᠠᠯ ᠡᠬᠦᠰᠬᠦ᠎ᠶᠢ ᠡᠷᠡᠰ ᠰᠡᠷᠬᠡᠢᠯᠡᠨ ᠬᠤᠷᠢᠬᠯᠠᠵᠦ ᠂ ᠲᠤᠤᠷᠠᠬᠢ ᠲᠠᠪᠤᠨ ᠲᠠᠯ᠎ᠠ᠎ᠶᠢᠨ ᠠᠵᠢᠯ᠎ᠢ ᠭᠤᠤᠯᠳᠠᠯᠭ᠎ᠠ᠎ᠲᠠᠢ ᠰᠠᠢᠳᠤᠷ ᠬᠢᠨ᠎ᠠ ᠄
ᠨᠢᠬᠡ᠎ᠳ᠋ᠤ ᠂ ᠤᠷᠤᠨ ᠨᠤᠳᠤᠬ᠎ᠤᠨ ᠬᠠᠷᠢᠶ᠎ᠠ ᠭᠠᠵᠠᠷ᠎ᠡᠴᠠ ᠬᠠᠮᠢᠶᠠᠷᠬᠤ ᠂ ᠰᠠᠯᠠᠭ᠎ᠠ ᠮᠦᠴᠢᠷ ᠬᠢᠨᠠᠨ ᠬᠠᠮᠢᠶᠠᠷᠬᠤ ᠪᠠ ᠦᠷᠬᠡᠨ ᠤᠯᠠᠨ ᠲᠤᠬᠠᠢᠯᠠᠬᠰᠠᠨ ᠠᠵᠢᠯᠳᠠᠳ᠎ᠤᠨ ᠠᠮᠢᠳᠠᠨ᠎ᠤ ᠬᠢᠵᠢᠭ᠎ᠢ ᠰᠡᠷᠬᠡᠢᠯᠡᠬᠦ ᠭᠤᠤᠯ ᠴᠤᠬᠴᠠ᠎ᠶᠢᠨ ᠬᠠᠷᠢᠭᠤᠴᠠᠯᠭ᠎ᠠ᠎ᠶᠢ ᠪᠤᠳᠠᠳᠠᠢᠵᠢᠭᠤᠯᠤᠨᠠ ᠃ ᠮᠠᠯᠵᠢᠬᠤ ᠲᠠᠷᠢᠶᠠᠯᠠᠬᠤ ᠤᠷᠤᠨ᠎ᠳ᠋ᠤ ᠠᠮᠢᠳᠠᠨ᠎ᠤ ᠬᠢᠵᠢᠭ᠎ᠢ ᠰᠡᠷᠬᠡᠢᠯᠡᠬᠦ ᠮᠡᠷᠬᠡᠵᠢᠯ᠎ᠤᠨ ᠵᠢᠯᠤᠭᠤᠳᠤᠯᠭ᠎ᠠ ᠬᠢᠬᠦ᠎ᠶᠢ ᠴᠢᠩᠭᠠᠳᠬᠠᠨ ᠂ ᠡᠯ᠎ᠠ ᠭᠠᠵᠠᠷ ᠤᠷᠤᠨ᠎ᠤ ᠠᠮᠢᠳᠠᠨ᠎ᠤ ᠬᠢᠵᠢᠭ᠎ᠢ ᠰᠡᠷᠬᠡᠢᠯᠡᠬᠦ ᠠᠵᠢᠯ᠎ᠤᠨ ᠮᠡᠳᠡᠬᠡ ᠵᠠᠩᠬᠢ᠎ᠶᠢ ᠲᠤᠬᠳᠠᠮᠠᠯ ᠬᠤᠭᠤᠴᠠᠭ᠎ᠠ᠎ᠲᠠᠢ᠎ᠪᠠᠷ ᠲᠤᠬᠢᠷᠠᠭᠤᠯᠤᠨ ᠂ ᠠᠹᠷᠢᠺᠠ ᠲᠢᠪ᠎ᠤᠨ ᠭᠠᠬᠠᠢ᠎ᠶᠢᠨ ᠬᠢᠵᠢᠭ ᠂ ᠰᠢᠯᠦᠬᠡᠢ᠎ᠶᠢᠨ ᠬᠢᠵᠢᠭ ᠵᠡᠷᠬᠡ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠨ ᠡᠵᠡᠮᠳᠡᠬᠦ ᠠᠵᠢᠯ᠎ᠢ ᠪᠦᠬᠦ ᠬᠦᠴᠦᠨ᠎ᠢᠶᠠᠷ᠎ᠢᠶᠡᠨ ᠰᠠᠢᠳᠤᠷ ᠬᠢᠨ᠎ᠠ ᠃
ᠬᠤᠶᠠᠷ᠎ᠲᠤ ᠂ ᠡᠷᠡᠬᠦᠯ ᠬᠠᠮᠠᠭᠠᠯᠡᠯ ᠡᠷᠡᠬᠦᠯ ᠮᠡᠨᠳᠤ ᠂ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ ᠂ ᠤᠢ ᠰᠢᠭᠤᠢ ᠪᠠ ᠨᠤᠳᠤᠬ ᠪᠡᠯᠴᠢᠬᠡᠷ ᠵᠡᠷᠬᠡ ᠰᠠᠯᠠᠭ᠎ᠠ ᠮᠦᠴᠢᠷ᠎ᠲᠠᠢ ᠦᠷᠬᠦᠯᠵᠢᠯᠡᠨ ᠬᠠᠮᠵᠢᠯᠴᠠᠵᠦ ᠂ ᠲᠠᠷᠢᠶᠠᠯᠠᠩ᠎ᠤᠨ ᠪᠦᠲᠦᠭᠡᠭᠳᠡᠬᠦᠨ᠎ᠤ ᠠᠷᠠᠯᠵᠢᠶᠠᠨ᠎ᠤ ᠵᠠᠬ᠎ᠠ ᠲᠡᠯᠬᠡᠬᠦᠷ᠎ᠤᠨ ᠠᠮᠢᠳᠤ ᠵᠢᠬᠦᠷᠳᠡᠨ᠎ᠢ ᠨᠢᠳᠤᠯᠬᠤ ᠴᠡᠭ᠎ᠤᠨ ᠬᠢᠵᠢᠭ᠎ᠤᠨ ᠪᠠᠢᠳᠠᠯ᠎ᠢ ᠬᠢᠨᠠᠨ ᠬᠡᠮᠵᠢᠵᠦ ᠪᠠᠢᠴᠠᠭᠠᠬᠤ᠎ᠶᠢ ᠴᠢᠩᠭᠠᠳᠬᠠᠨ ᠂ ᠬᠡᠬᠡᠷ᠎ᠠ᠎ᠶᠢᠨ ᠠᠮᠢᠳᠠᠨ᠎ᠤ ᠬᠢᠵᠢᠭ ᠡᠪᠡᠳᠴᠢᠨ᠎ᠢ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠵᠦ ᠂ ᠬᠡᠬᠡᠷ᠎ᠠ᠎ᠶᠢᠨ ᠠᠮᠢᠳᠠᠨ᠎ᠢ ᠠᠷᠠᠯᠵᠢᠶᠠᠯᠠᠬᠤ ᠠᠵᠢᠯᠯᠠᠭ᠎ᠠ᠎ᠶᠢ ᠴᠠᠭᠠᠵᠠᠯᠠᠨ ᠂ ᠬᠡᠬᠡᠷ᠎ᠠ᠎ᠶᠢᠨ ᠠᠮᠢᠳᠠᠨ᠎ᠢ ᠬᠠᠤᠯᠢ ᠪᠤᠰᠤ᠎ᠪᠠᠷ ᠡᠵᠡᠩᠨᠡᠬᠦ ᠵᠡᠷᠬᠡ ᠬᠠᠤᠯᠢ᠎ᠡᠴᠠ ᠵᠦᠷᠢᠴᠡᠭᠰᠡᠨ ᠠᠵᠢᠯᠯᠠᠭ᠎ᠠ᠎ᠳ᠋ᠤ ᠴᠢᠩᠭ᠎ᠠ ᠴᠤᠬᠢᠯᠳᠠ ᠦᠭᠬᠦᠨ᠎ᠠ ᠃
ᠭᠤᠷᠪᠠ᠎ᠳ᠋ᠤ ᠂ 3 ᠰᠠᠷ᠎ᠠ᠎ᠶᠢᠨ ᠡᠬᠢ᠎ᠡᠴᠠ ᠪᠦᠬᠦ ᠤᠷᠤᠨ᠎ᠳ᠋ᠤ ᠠᠮᠢᠳᠠᠨ᠎ᠤ ᠬᠢᠵᠢᠭ ᠡᠪᠡᠳᠴᠢᠨ᠎ᠤ ᠬᠠᠪᠤᠷ᠎ᠤᠨ ᠤᠯᠠᠷᠢᠯ᠎ᠤᠨ ᠲᠦᠪᠯᠡᠷᠡᠬᠦᠯᠵᠦ ᠦᠯᠦ ᠬᠠᠯᠳᠠᠭᠠᠬᠤ ᠠᠵᠢᠯ᠎ᠢ ᠡᠬᠢᠯᠡᠬᠦᠯᠦᠨ ᠂ ᠪᠠᠷᠠᠭᠤᠨ᠎ᠡᠴᠠ ᠵᠡᠬᠦᠨᠰᠢ᠎ᠪᠠᠨ ᠠᠬᠢᠭᠤᠯᠤᠨ ᠂ 5 ᠰᠠᠷ᠎ᠠ᠎ᠶᠢᠨ ᠰᠡᠬᠦᠯᠴᠢ ᠪᠤᠯᠳᠠᠯ᠎ᠠ ᠪᠦᠬᠦ ᠲᠠᠯ᠎ᠠ᠎ᠪᠠᠷ ᠲᠠᠭᠤᠰᠬᠠᠨ᠎ᠠ ᠃ ᠪᠠᠢᠳᠠᠯ᠎ᠢ ᠦᠨᠳᠦᠰᠦᠯᠡᠨ ᠬᠢᠵᠢᠭ᠎ᠤᠨ ᠪᠠᠢᠳᠠᠯ᠎ᠢ ᠬᠢᠨᠠᠨ ᠬᠡᠮᠵᠢᠬᠦ ᠪᠠ ᠬᠠᠯᠳᠠᠪᠤᠷᠢᠳᠤ ᠡᠪᠡᠳᠴᠢᠨ᠎ᠤ ᠤᠬᠠᠭᠠᠨ᠎ᠤ ᠪᠠᠢᠴᠠᠭᠠᠯᠳᠠ ᠦᠷᠨᠢᠬᠦᠯᠦᠨ᠎ᠠ ᠃
ᠲᠦᠷᠪᠡ᠎ᠳ᠋ᠤ ᠂ ᠠᠮᠢᠳᠠᠨ᠎ᠤ ᠬᠢᠵᠢᠭ᠎ᠢ ᠪᠠᠢᠴᠠᠭᠠᠬᠤ ᠪᠠ ᠠᠮᠢᠳᠠᠨ᠎ᠤ ᠠᠷᠢᠭᠤᠨ ᠴᠡᠪᠡᠷ᠎ᠤᠨ ᠬᠢᠨᠠᠯᠳᠠ ᠬᠠᠮᠢᠶᠠᠷᠤᠯᠳᠠ᠎ᠶᠢ ᠦᠷᠬᠦᠯᠵᠢᠯᠡᠨ ᠴᠢᠩᠭᠠᠳᠬᠠᠵᠦ ᠂ ᠲᠡᠵᠢᠬᠡᠨ ᠦᠷᠡᠵᠢᠬᠦᠯᠬᠦ ᠂ ᠨᠢᠳᠤᠯᠬᠤ ᠵᠡᠷᠬᠡ ᠭᠤᠤᠯᠳᠠᠯᠭ᠎ᠠ᠎ᠲᠠᠢ ᠲᠠᠯᠠᠪᠤᠷ᠎ᠢ ᠠᠷᠢᠭᠤᠳᠬᠠᠵᠦ ᠢᠷᠡᠯᠳᠡ᠎ᠶᠢ ᠲᠠᠰᠤᠯᠬᠤ᠎ᠶᠢ ᠴᠢᠩᠭᠠᠳᠬᠠᠵᠦ ᠂ ᠲᠡᠬᠡᠬᠡᠪᠦᠷᠢ ᠂ ᠠᠷᠠᠯᠵᠢᠶ᠎ᠠ ᠵᠡᠷᠬᠡ ᠵᠠᠩᠬᠢᠯᠠᠭ᠎ᠠ᠎ᠶᠢᠨ ᠭᠤᠬᠴᠤᠭ᠎ᠠ᠎ᠶᠢᠨ ᠬᠢᠵᠢᠭ᠎ᠢ ᠰᠡᠷᠬᠡᠢᠯᠡᠬᠦ ᠬᠢᠨᠠᠨ ᠪᠠᠢᠴᠠᠭᠠᠯᠳᠠ᠎ᠶᠢ ᠴᠢᠩᠭᠠᠳᠬᠠᠨ᠎ᠠ ᠃
ᠲᠠᠪᠤ᠋᠎ᠳ᠋ᠤ ᠂ ᠦᠷᠬᠡᠨ ᠤᠯᠠᠨ ᠮᠠᠯᠵᠢᠬᠤ ᠲᠠᠷᠢᠶᠠᠯᠠᠬᠤ ᠤᠷᠤᠨ᠎ᠤ ᠭᠠᠴᠠᠭ᠎ᠠ ᠲᠤᠰᠬᠤᠨ᠎ᠤ ᠱᠠᠳᠤᠨ᠎ᠤ ᠠᠮᠢᠳᠠᠨ᠎ᠤ ᠬᠢᠵᠢᠭ᠎ᠢ ᠰᠡᠷᠬᠡᠢᠯᠡᠭᠴᠢᠶᠢᠨ ᠬᠢᠵᠢᠭ᠎ᠤᠨ ᠪᠠᠢᠳᠠᠯ᠎ᠢ ᠴᠠᠬᠳᠠᠨ ᠪᠠᠢᠴᠠᠭᠠᠵᠦ ᠮᠡᠳᠡᠬᠦᠯᠬᠦ ᠂ ᠬᠢᠯᠢ᠎ᠶᠢᠨ ᠠᠮᠢᠳᠠᠨ᠎ᠤ ᠬᠢᠵᠢᠭ᠎ᠤᠨ ᠪᠠᠢᠳᠠᠯ᠎ᠢ ᠬᠢᠨᠠᠨ ᠬᠡᠮᠵᠢᠬᠦ ᠦᠷᠳᠡᠬᠡ ᠪᠠ ᠬᠡᠮᠵᠢᠨ ᠮᠡᠳᠡᠬᠦᠯᠬᠦ ᠦᠷᠳᠡᠬᠡ᠎ᠶᠢᠨ ᠡᠬᠦᠷᠬᠡ ᠴᠢᠳᠠᠪᠬᠢ᠎ᠶᠢᠨ ᠦᠢᠯᠡᠳᠦᠯ᠎ᠢ ᠬᠦᠢᠴᠡᠳ ᠪᠠᠳᠠᠷᠠᠭᠤᠯᠤᠨ ᠂ ᠭᠠᠳᠠᠨᠠᠬᠢ ᠬᠢᠵᠢᠭ ᠬᠠᠯᠳᠠᠪᠤᠷᠢᠯᠠᠵᠦ ᠤᠷᠤᠬᠤ᠎ᠶᠢ ᠴᠢᠩᠭ᠎ᠠ ᠰᠡᠷᠬᠡᠢᠯᠡᠨᠠ ᠃ ᠬᠢᠵᠢᠭ᠎ᠤᠨ ᠪᠠᠢᠳᠠᠯ ᠡᠬᠦᠰᠬᠦ᠎ᠳ᠋ᠤ ᠬᠦᠷᠪᠡᠯ ᠂ ︽ ᠡᠷᠳᠡ ᠂ ᠲᠦᠷᠬᠡᠨ ᠂ ᠴᠢᠩᠭ᠎ᠠ ᠂ ᠪᠠᠭ᠎ᠠ ︾ ᠵᠠᠷᠴᠢᠮ ᠶᠤᠰᠤᠭᠠᠷ ᠂ ᠡᠷᠡᠰ ᠲᠠᠰᠤᠷᠬᠠᠢ ᠵᠢᠷᠤᠮᠵᠢᠯ᠎ᠢᠶᠠᠷ ᠰᠢᠢᠳᠪᠦᠷᠢᠯᠡᠨ ᠂ ᠦᠷᠪᠢᠰᠦᠨ ᠲᠡᠯᠬᠡᠷᠡᠬᠦ᠎ᠶᠢ ᠰᠡᠷᠬᠡᠢᠯᠡᠨ ᠵᠤᠬᠰᠤᠭᠠᠨ᠎ᠠ ᠃
ᠰᠤᠷᠪᠤᠯᠵᠢᠯᠠᠭᠴᠢ ᠄ ᠬᠠᠪᠤᠷ᠎ᠤᠨ ᠲᠠᠷᠢᠶᠠᠯᠠᠭ᠎ᠠ᠎ᠶᠢᠨ ᠠᠵᠢᠯ᠎ᠢᠶᠡᠨ ᠪᠡᠯᠡᠳᠭᠡᠨ ᠡᠬᠢᠯᠡᠵᠦ ᠪᠠᠶᠢᠭ᠎ᠠ ᠡᠨᠡ ᠬᠦ ᠵᠠᠩᠭᠢᠯᠠᠭ᠎ᠠ᠎ᠶᠢᠨ ᠴᠠᠭ ᠮᠦᠴᠡ᠎ᠳ᠋ᠤ ᠮᠠᠯᠴᠢᠨ ᠲᠠᠷᠢᠶᠠᠴᠢᠳ ᠬᠢᠵᠢᠭ᠎ᠢ ᠰᠡᠷᠭᠡᠶᠢᠯᠡᠬᠦ ᠪᠤᠯᠤᠨ ᠦᠢᠯᠡᠳᠪᠦᠷᠢᠯᠡᠯ᠎ᠤᠨ ᠠᠵᠢᠯ᠎ᠢ ᠬᠡᠷᠭᠢᠨ ᠵᠡᠷᠭᠡ᠎ᠪᠠᠷ ᠰᠠᠶᠢᠳᠤᠷ ᠬᠢᠬᠦ ᠪᠢᠯᠡ ︖ ᠶᠠᠮᠠᠷ ᠶᠠᠮᠠᠷ ᠪᠤᠳᠠᠳᠠᠢ ᠠᠷᠭ᠎ᠠ ᠬᠡᠮᠵᠢᠶ᠎ᠡ ᠡᠠᠪᠤᠭᠰᠠᠨ ᠪᠤᠢ ︖
ᠸᠠᠩ ᠢᠦᠢ ᠹᠧᠩ ᠄ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ᠎ᠶᠢᠨ ᠬᠤᠭᠤᠴᠠᠭᠠᠨ᠎ᠳ᠋ᠤ ᠮᠠᠨ᠎ᠤ ᠤᠷᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠦᠨᠡᠨ ᠬᠦ ᠰᠠᠶᠢᠳᠤᠷ ᠠᠳᠬᠤᠭᠰᠠᠨ ᠤᠷᠢᠳᠠᠯ ᠲᠤᠤᠷ᠎ᠠ ᠂ ᠬᠢᠵᠢᠭ᠎ᠢ ᠰᠡᠷᠭᠡᠶᠢᠯᠡᠨ ᠡᠵᠡᠮᠳᠡᠬᠦ ᠠᠵᠢᠯ ᠪᠤᠯᠤᠨ ᠬᠠᠪᠤᠷ᠎ᠤᠨ ᠲᠠᠷᠢᠶᠠᠯᠠᠩ ᠦᠢᠯᠡᠳᠪᠦᠷᠢᠯᠡᠯ᠎ᠤᠨ ᠠᠵᠢᠯ᠎ᠢ ᠵᠡᠷᠭᠡ᠎ᠪᠠᠷ ᠠᠳᠬᠤᠨ ᠂ ᠪᠦᠬᠦ ᠵᠢᠯ᠎ᠤᠨ ᠲᠠᠷᠢᠶᠠᠯᠠᠩ᠎ᠤᠨ ᠡᠯᠪᠡᠭ ᠬᠤᠷᠢᠶᠠᠯᠳᠠ ᠂ ᠠᠮᠤ ᠪᠤᠳᠠᠭᠠᠨ᠎ᠤ ᠲᠤᠭᠳᠠᠮᠠᠯ ᠤᠨᠠᠯᠲᠠ᠎ᠶᠢᠨ ᠰᠠᠭᠤᠷᠢ᠎ᠶᠢ ᠴᠢᠷᠮᠠᠶᠢᠨ ᠪᠠᠬᠢᠵᠢᠭᠦᠯᠵᠦ ᠂ ᠶᠠᠳᠠᠭᠤ᠎ᠡᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠠᠶᠢᠯᠠᠯᠳᠤᠭᠠᠨ ᠂ ᠴᠢᠨᠡᠭᠡᠯᠢᠭ ᠨᠡᠶᠢᠭᠡᠮ᠎ᠢ ᠪᠦᠬᠦ ᠲᠠᠯ᠎ᠠ᠎ᠪᠠᠷ ᠪᠠᠶᠠᠯᠠᠬᠦᠯᠬᠦ᠎ᠳ᠋ᠤ ᠦᠵᠡᠭᠦᠯᠪᠡᠰᠦ ᠵᠤᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠃
ᠨᠢᠭᠡ᠎ᠳ᠋ᠤ ᠂ ᠤᠷᠢᠳᠴᠢᠯᠠᠨ ᠲᠦᠰᠦᠪᠯᠡᠵᠦ ᠡᠷᠳᠡᠭᠡᠨ ᠲᠤᠬᠢᠷᠠᠭᠤᠯᠤᠯᠳᠠ ᠬᠢᠪᠠ ᠃ 1 ᠰᠠᠷ᠎ᠠ᠎ᠶᠢᠨ 21᠎ᠤ ᠡᠳᠦᠷ ᠂ ᠮᠠᠨ᠎ᠤ ᠤᠷᠤᠨ ᠪᠦᠬᠦ ᠤᠷᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠲᠤᠪᠴᠢᠶ᠎ᠠ᠎ᠶᠢᠨ ᠲᠠᠷᠤᠭ᠎ᠠ ᠨᠠᠷ᠎ᠤᠨ ᠠᠵᠢᠯ᠎ᠤᠨ ᠬᠤᠷᠠᠯ ᠬᠤᠷᠠᠯᠳᠤᠭᠤᠯᠵᠤ ᠂ ᠲᠠᠷᠢᠶᠠᠯᠠᠩ ᠦᠢᠯᠡᠳᠪᠦᠷᠢᠯᠡᠯ᠎ᠤᠨ ᠪᠡᠯᠡᠳᠭᠡᠯ ᠠᠵᠢᠯ᠎ᠢ ᠪᠤᠳᠠᠳᠠᠢ ᠲᠤᠬᠢᠷᠠᠭᠤᠯᠤᠨ ᠪᠠᠶᠢᠷᠢᠯᠠᠭᠤᠯᠪᠠ ᠃ ᠦᠨᠳᠦᠷ ᠪᠦᠳᠦᠮᠵᠢᠲᠦ ᠤᠰᠤ ᠠᠷᠪᠢᠯᠠᠬᠤ ᠤᠰᠤᠯᠠᠯᠲᠠ᠎ᠪᠠᠷ ᠭᠤᠤᠯᠳᠠᠭᠤᠯᠤᠭᠰᠠᠨ ᠦᠨᠳᠦᠷ ᠪᠠᠷᠢᠮᠵᠢᠶ᠎ᠠ ᠪᠦᠬᠦᠢ 300 ᠲᠦᠮᠡᠨ ᠮᠦ ᠲᠠᠷᠢᠶᠠᠨ ᠭᠠᠵᠠᠷ᠎ᠤᠨ ᠪᠦᠳᠦᠭᠡᠨ ᠪᠠᠶᠢᠭᠤᠯᠤᠯᠲᠠ᠎ᠶᠢᠨ ᠡᠭᠦᠷᠭᠡ᠎ᠶᠢ ᠰᠢᠨ᠎ᠡ᠎ᠪᠠᠷ ᠨᠡᠮᠡᠭᠳᠡᠭᠦᠯᠵᠦ ᠂ 7 ᠠᠶᠢᠮᠠᠭ ᠬᠤᠲᠠ᠎ᠶᠢᠨ 18 ᠬᠤᠰᠢᠭᠤ ᠰᠢᠶᠠᠨ᠎ᠳ᠋ᠤ ᠲᠠᠷᠢᠶᠠᠨ ᠭᠠᠵᠠᠷ᠎ᠢ ᠡᠭᠡᠯᠵᠢᠯᠡᠨ ᠲᠠᠷᠢᠬᠤ ᠲᠤᠷᠰᠢᠯᠲᠠ᠎ᠶᠢᠨ ᠴᠡᠭ᠎ᠤᠨ 400 ᠲᠦᠮᠡᠨ ᠮᠦᠶᠢ ᠦᠷᠭᠦᠯᠵᠢᠯᠡᠨ ᠬᠡᠷᠡᠭᠵᠢᠭᠦᠯᠵᠦ ᠂ 5 ᠠᠶᠢᠮᠠᠭ ᠬᠤᠲᠠ᠎ᠶᠢᠨ 6 ᠬᠤᠰᠢᠭᠤ ᠰᠢᠶᠠᠨ᠎ᠳ᠋ᠤ ᠬᠤᠵᠢᠷᠯᠢᠭ ᠭᠠᠵᠠᠷ᠎ᠢ ᠰᠠᠶᠢᠵᠢᠷᠠᠭᠤᠯᠬᠤ ᠠᠵᠢᠯ᠎ᠢ ᠦᠷᠨᠢᠭᠦᠯᠵᠦ ᠂ 12.2 ᠲᠦᠮᠡᠨ ᠮᠦ ᠵᠢᠱᠢᠶ᠎ᠡ ᠦᠵᠡᠭᠦᠯᠬᠦ ᠭᠠᠵᠠᠷ ᠭᠠᠷᠭᠠᠪᠠ ᠃
ᠬᠤᠶᠡᠷ ᠲᠣ ᠂ ᠪᠠᠴᠢᠮ ᠪᠠᠶᠢᠷᠢᠯᠠᠭᠤᠯᠤᠯᠳᠠ ᠬᠢᠵᠤ ᠵᠡᠷᠭᠡ᠎ᠪᠠᠷ ᠠᠭᠢᠭᠤᠯᠪᠡ ᠃ 2 ᠰᠠᠷ᠎ᠠ᠎ᠶᠢᠨ 7᠎ᠤ ᠡᠳᠦᠷ ᠂ ᠪᠦᠬᠦ ᠤᠷᠤᠨ᠎ᠤ ᠸᠢᠳᠢᠣ᠋᠎ᠶᠢᠨ ᠲᠤᠬᠢᠷᠠᠭᠤᠯᠤᠯᠭ᠎ᠠ᠎ᠶᠢᠨ ᠬᠤᠷᠠᠯ ᠬᠤᠷᠠᠯᠳᠤᠭᠤᠯᠵᠤ ᠂ ᠮᠠᠯ ᠠᠵᠤ ᠠᠬᠤᠢ ᠲᠠᠷᠢᠶᠡᠯᠠᠩ᠎ᠤᠨ ᠰᠢᠰᠲ᠋ᠧᠮ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠭᠡᠯ ᠠᠵᠢᠯ᠎ᠤᠨ ᠪᠠᠶᠢᠳᠠᠯ᠎ᠢ ᠮᠡᠳᠡᠭᠳᠡᠵᠦ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠭᠡᠯ ᠠᠵᠢᠯ᠎ᠢ ᠲᠤᠬᠢᠷᠠᠭᠤᠯᠤᠨ ᠪᠠᠶᠢᠷᠢᠯᠠᠭᠤᠯᠪᠠ ᠃
ᠭᠤᠷᠪᠠ᠎ᠳ᠋ᠤ ᠂ ᠲᠤᠬᠢᠷᠠᠭᠤᠯᠤᠯᠳᠠ᠎ᠪᠠᠨ ᠴᠢᠩᠭᠠᠳᠬᠠᠵᠤ ᠂ ᠲᠠᠷᠢᠶᠠᠯᠠᠩ᠎ᠤᠨ ᠤᠢᠯᠡᠳᠪᠤᠷᠢᠯᠡᠯ᠎ᠤᠨ ᠬᠡᠷᠡᠭᠰᠡᠯ᠎ᠢᠶᠡᠨ ᠨᠦᠭᠡᠴᠡᠯᠡᠪᠡ ᠃ ᠡᠳᠤᠷ᠎ᠤᠨ ᠮᠡᠳᠡᠬᠦᠯᠦᠯᠳᠡ᠎ᠶᠢᠨ ᠲᠦᠷᠢᠮ᠎ᠢᠶᠠᠷ ᠡᠯ᠎ᠠ ᠠᠢᠮᠠᠭ ᠬᠤᠳᠠ᠎ᠶᠢ ᠱᠠᠯᠠᠪᠳᠠᠭᠤᠯᠤᠨ ᠲᠠᠷᠢᠶᠠᠯᠠᠩ᠎ᠤᠨ ᠤᠢᠯᠡᠳᠪᠤᠷᠢᠯᠡᠯ᠎ᠤᠨ ᠬᠡᠷᠡᠭᠰᠡᠯ᠎ᠢ ᠨᠦᠭᠡᠴᠡᠯᠡᠬᠦ ᠬᠠᠩᠭᠠᠯᠭ᠎ᠠ ᠬᠡᠷᠡᠭᠴᠡᠭᠡ᠎ᠶᠢᠨ ᠪᠠᠢᠳᠠᠯ᠎ᠢ ᠬᠢᠨᠡᠨ ᠬᠡᠮᠵᠢᠵᠤ ᠲᠤᠬᠢᠷᠠᠭᠤᠯᠬᠤ ᠪᠤᠯᠤᠨ ᠲᠤᠬᠢᠷᠠᠭᠤᠯᠵᠤ ᠰᠢᠯᠵᠢᠬᠦᠯᠦᠨ ᠲᠡᠭᠡᠭᠡᠪᠤᠷᠢᠯᠡᠬᠦ᠎ᠶᠢ ᠴᠢᠩᠭᠠᠳᠬᠠᠵᠤ ᠂ ᠲᠤᠷ᠎ᠠ᠎ᠪᠠᠷ ᠵᠠᠮ ᠬᠠᠰᠢᠵᠤ ᠪᠦᠭᠯᠡᠬᠦ ᠵᠠᠮ ᠬᠠᠷᠢᠯᠴᠠᠭ᠎ᠠ᠎ᠶᠢ ᠬᠠᠷᠰᠢᠯᠠᠬᠤ ᠠᠵᠢᠯᠯᠠᠭ᠎ᠠ᠎ᠶᠢ ᠴᠢᠩᠭ᠎ᠠ ᠴᠠᠭᠠᠵᠠᠯᠠᠵᠤ ᠂ ᠬᠤᠳᠠᠯ ᠬᠠᠭᠤᠷᠮᠠᠭ ᠴᠢᠨᠠᠷ ᠮᠠᠭᠤ ᠪᠦᠳᠦᠭᠡᠭᠳᠡᠬᠦᠨ᠎ᠢ ᠤᠢᠯᠡᠳᠪᠤᠷᠢᠯᠡᠵᠤ ᠪᠤᠷᠤᠯᠠᠭᠤᠯᠬᠤ᠎ᠳ᠋ᠤ ᠴᠢᠩᠭ᠎ᠠ ᠴᠤᠬᠢᠯᠳᠠ ᠦᠭᠴᠤ ᠂ ᠮᠠᠯᠴᠢᠨ ᠲᠠᠷᠢᠶᠠᠴᠢᠨ᠎ᠳ᠋ᠤ ᠰᠡᠳᠬᠢᠯ ᠠᠮᠤᠷ ᠲᠠᠷᠢᠶᠠᠯᠠᠩ᠎ᠤᠨ ᠤᠢᠯᠡᠳᠪᠤᠷᠢᠯᠡᠯ᠎ᠤᠨ ᠬᠡᠷᠡᠭᠰᠡᠯ ᠬᠡᠷᠡᠭᠯᠡᠬᠦᠯᠦᠨ᠎ᠠ ᠃
ᠲᠦᠷᠪᠡ᠎ᠳ᠋ᠤ ᠂ ᠠᠷᠭ᠎ᠠ ᠠᠪᠴᠠᠯ᠎ᠢᠶᠡᠨ ᠰᠢᠨᠡᠴᠢᠯᠡᠵᠤ ᠂ ᠤᠢᠯᠡᠴᠢᠯᠡᠭᠡ᠎ᠪᠠᠨ ᠴᠢᠩᠭᠠᠷᠠᠭᠤᠯᠪᠡ ᠃ ᠤᠳᠤᠬᠠᠨ᠎ᠳ᠋ᠤ ᠂ ᠪᠦᠬᠦ ᠤᠷᠤᠨ᠎ᠤ ᠡᠯ᠎ᠠ ᠱᠠᠳᠤᠨ᠎ᠤ ᠮᠠᠯ ᠠᠵᠤ ᠠᠬᠤᠢ ᠲᠠᠷᠢᠶᠠᠯᠠᠩ᠎ᠤᠨ ᠰᠢᠰᠲ᠋ᠧᠮ ᠶᠠᠭ ᠲᠤᠰᠬᠠᠢ ᠮᠡᠷᠭᠡᠵᠢᠯᠳᠡᠨ᠎ᠢ ᠵᠤᠬᠢᠶᠠᠨ ᠪᠠᠢᠭᠤᠯᠵᠤ ᠂ ᠵᠢᠷᠬᠢᠶ᠎ᠠ ᠬᠢᠴᠢᠶᠡᠯ ᠂ ᠰᠦᠯᠵᠢᠶᠠᠨ᠎ᠤ ᠰᠢᠭᠤᠳ ᠨᠡᠪᠳᠡᠷᠡᠬᠦᠯᠭᠡ ᠂ ᠮᠡᠷᠭᠡᠵᠢᠯ᠎ᠤᠨ ᠬᠢᠴᠢᠶᠡᠯ ᠵᠡᠷᠭᠡ ᠬᠡᠯᠪᠡᠷᠢ᠎ᠪᠠᠷ ᠲᠠᠮᠵᠢᠭᠤᠯᠤᠨ ᠰᠦᠯᠵᠢᠶᠡᠨ ᠲᠡᠭᠡᠷ᠎ᠠ ᠪᠤᠯᠪᠠᠰᠤᠷᠠᠯ ᠡᠷᠬᠢᠯᠡᠵᠤ ᠮᠡᠷᠭᠡᠵᠢᠯ᠎ᠤᠨ ᠤᠢᠯᠡᠴᠢᠯᠡᠭᠡ ᠬᠠᠩᠭᠠᠵᠠᠢ ︔ ᠡᠯ᠎ᠠ ᠵᠦᠢᠯ᠎ᠤᠨ ᠬᠠᠪᠤᠷ᠎ᠤᠨ ᠲᠠᠷᠢᠶᠠᠯᠠᠭ᠎ᠠ᠎ᠶᠢ ᠪᠠᠳᠤᠯᠠᠬᠤ ᠠᠷᠭ᠎ᠠ ᠬᠡᠮᠵᠢᠶ᠎ᠠ᠎ᠶᠢ ᠢᠳᠡᠪᠬᠢᠳᠡᠢ ᠠᠪᠴᠤ ᠂ ᠠᠰᠢᠬᠳᠠᠢ ᠴᠠᠭ᠎ᠢ ᠵᠠᠪᠳᠤᠨ ᠬᠡᠨᠡᠳᠳᠡ᠎ᠶᠢᠨ ᠴᠢᠨᠠᠷᠳᠠᠢ ᠭᠠᠮᠰᠢᠭᠳᠤ ᠴᠠᠭ ᠠᠭᠤᠷ᠎ᠢ ᠠᠷᠭᠠᠴᠠᠭᠠᠵᠤ ᠂ ᠬᠠᠪᠤᠷ᠎ᠤᠨ ᠲᠠᠷᠢᠶᠠᠯᠠᠭ᠎ᠠ᠎ᠶᠢᠨ ᠶᠠᠰᠤ ᠴᠢᠨᠠᠷ᠎ᠢ ᠪᠠᠳᠤᠯᠠᠨ᠎ᠠ ︔ ᠲᠠᠷᠢᠶᠠᠨ ᠭᠠᠵᠠᠷ᠎ᠤᠨ ᠪᠡᠯᠡᠳᠭᠡᠮᠵᠢᠳᠤ ᠢᠳᠡᠰᠢᠨ ᠨᠤᠭᠤᠭ᠎ᠠ᠎ᠶᠢᠨ ᠤᠢᠯᠡᠳᠪᠤᠷᠢᠯᠡᠯ ᠬᠠᠮᠢᠶᠠᠷᠤᠯᠳᠠ᠎ᠶᠢ ᠴᠢᠩᠭᠠᠳᠬᠠᠵᠤ ᠂ ᠪᠦᠳᠦᠭᠡᠭᠳᠡᠬᠦᠨ᠎ᠤ ᠶᠠᠰᠤ ᠴᠢᠨᠠᠷ ᠠᠮᠤᠷ ᠲᠦᠪᠰᠢᠨ᠎ᠢ ᠦᠨᠡᠨ ᠬᠦ ᠪᠠᠳᠤᠯᠠᠨ᠎ᠠ ᠃
ᠰᠤᠷᠪᠤᠯᠵᠢᠯᠠᠭᠴᠢ ᠄ ᠤᠳᠤᠬᠠᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ ᠲᠤᠤᠷ᠎ᠠ ᠂ ᠮᠠᠯᠵᠢᠬᠤ ᠲᠠᠷᠢᠶᠠᠯᠠᠬᠤ ᠤᠷᠤᠨ᠎ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ᠎ᠢ ᠴᠡᠭᠴᠡᠯᠡᠨ ᠵᠠᠰᠠᠬᠤ ᠠᠵᠢᠯ ᠮᠠᠰᠢ ᠴᠢᠬᠤᠯᠠ ᠪᠤᠯᠵᠠᠢ ᠃ ᠲᠡᠭᠡᠪᠡᠯ ᠂ ᠲᠤᠰ ᠤᠳᠠᠭᠠᠨ᠎ᠤ ᠬᠢᠵᠢᠭ᠎ᠤᠨ ᠪᠠᠢᠳᠠᠯ ᠮᠠᠯᠵᠢᠬᠤ ᠲᠠᠷᠢᠶᠠᠯᠠᠬᠤ ᠤᠷᠤᠨ᠎ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ᠎ᠢ ᠴᠡᠭᠴᠡᠯᠡᠨ ᠵᠠᠰᠠᠬᠤ ᠡᠵᠢᠯ᠎ᠳ᠋ᠤ ᠶᠠᠮᠠᠷ ᠰᠡᠩᠬᠡᠷᠡᠬᠦᠯᠦᠯ ᠡᠤᠯᠭᠤᠭᠰᠠᠨ ᠪᠤᠢ ︖ ᠲᠠᠷᠠᠭᠠᠴᠢ᠎ᠪᠠᠷ ᠡᠨᠡ ᠬᠦ ᠲᠠᠯ᠎ᠠ᠎ᠪᠠᠷ ᠶᠠᠮᠠᠷ ᠰᠢᠤ ᠪᠤᠳᠠᠳᠠᠢ ᠠᠷᠭ᠎ᠠ ᠬᠡᠮᠵᠢᠶ᠎ᠠ ᠠᠪᠤᠭᠰᠠᠨ ᠪᠤᠢ ︖
ᠸᠠᠩ ᠢᠦᠢ ᠹᠧᠩ ᠄ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ ᠡᠬᠦᠰᠦᠭᠰᠡᠨ᠎ᠡᠴᠠ ᠨᠠᠭᠠᠰᠢ ᠂ ᠦᠪᠡᠷᠳᠡᠭᠡᠨ ᠵᠠᠰᠠᠬᠤ ᠤᠷᠤᠨ ᠮᠠᠯᠵᠢᠬᠤ ᠲᠠᠷᠢᠶᠠᠯᠠᠬᠤ ᠤᠷᠤᠨ᠎ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ᠎ᠢ ᠴᠡᠭᠴᠡᠯᠡᠨ ᠵᠠᠰᠠᠬᠤ ᠠᠵᠢᠯ᠎ᠢ ᠬᠦᠨᠵᠡᠬᠡᠢ ᠦᠷᠨᠢᠬᠦᠯᠬᠦ᠎ᠶᠢ ᠮᠠᠯᠵᠢᠬᠤ ᠲᠠᠷᠢᠶᠠᠯᠠᠬᠤ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠲᠤᠮᠳᠠ ᠤᠷᠤᠯᠠᠭᠤᠯᠵᠤ ᠨᠢᠭᠡᠳᠤᠯᠳᠠᠢ ᠪᠠᠢᠷᠢᠯᠠᠭᠤᠯᠤᠨ ᠂ ᠢᠳᠡᠪᠬᠢᠳᠠᠢ ᠬᠦᠳᠡᠯᠤᠯᠴᠡᠪᠡ ᠃ ᠨᠢᠭᠡ᠎ᠳ᠋ᠤ ᠂ ᠬᠢᠵᠢᠭ᠎ᠤᠨ ᠪᠠᠢᠳᠠᠯ ᠡᠬᠦᠰᠦᠭᠰᠡᠨ᠎ᠤ ᠲᠠᠷᠠᠭ᠎ᠠ ᠂ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ᠎ᠤ ᠲᠢᠩᠬᠢᠮ ᠲᠠᠷᠤᠢ᠎ᠳ᠋ᠤᠨᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠤᠳᠤᠷᠢᠳᠬᠤ ᠲᠤᠭᠤᠢᠯᠠᠩ ᠪᠠᠢᠭᠤᠯᠵᠤ ᠂ ᠮᠠᠯᠵᠢᠬᠤ ᠲᠠᠷᠢᠶᠠᠯᠠᠬᠤ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠤᠰᠬᠠᠢ ᠠᠵᠢᠯ᠎ᠤᠨ ᠲᠤᠭᠤᠢᠯᠠᠩᠢ ᠲᠤᠬᠢᠷᠠᠭᠤᠯᠵᠠᠢ ᠃ ᠬᠤᠶᠠᠷ᠎ᠲᠤ ᠂ ︽ ᠮᠠᠯᠵᠢᠬᠤ ᠲᠠᠷᠢᠶᠠᠯᠠᠬᠤ ᠤᠷᠤᠨ᠎ᠤ ᠬᠢᠵᠢᠭ᠎ᠢ ᠰᠡᠷᠭᠡᠢᠯᠡᠨ ᠡᠵᠡᠮᠳᠡᠬᠦ 20 ᠵᠤᠷᠪᠤᠰ ᠵᠦᠭᠯᠡᠬᠦᠷ ︾᠎ᠢ ᠨᠡᠢᠳᠡᠯᠡᠵᠤ ᠂ ᠠᠵᠢᠯᠳᠠᠨ᠎ᠢ ᠬᠠᠮᠢᠶᠠᠷᠤᠨ ᠡᠵᠡᠮᠳᠡᠬᠦ᠎ᠶᠢ ᠴᠢᠩᠭᠠᠳᠬᠠᠬᠤ ᠂ ᠠᠵᠢᠯᠳᠠᠨ᠎ᠢ ᠲᠤᠰᠠᠭᠠᠷᠯᠠᠬᠤ᠎ᠶᠢ ᠴᠢᠩᠭᠠᠳᠬᠠᠬᠤ ᠂ ᠡᠷᠡᠬᠦᠯ ᠬᠠᠮᠠᠭᠠᠯᠠᠯ᠎ᠤᠨ ᠴᠡᠭᠴᠡᠯᠡᠨ ᠵᠠᠰᠠᠯᠳᠠ᠎ᠶᠢ ᠴᠢᠩᠭᠠᠳᠬᠠᠬᠤ ᠂ ᠪᠠᠳᠤᠯᠠᠭ᠎ᠠ᠎ᠶᠢᠨ ᠴᠢᠳᠠᠪᠤᠷᠢ᠎ᠶᠢ ᠨᠡᠮᠡᠭᠳᠡᠬᠦᠯᠬᠦ ᠲᠦᠷᠪᠡᠨ ᠲᠠᠯ᠎ᠠ᠎ᠪᠠᠷ ᠪᠦᠬᠦ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠵᠢᠯᠤᠭᠤᠳᠪᠠ ᠃
ᠡᠮᠦᠨᠡᠬᠢ ᠬᠤᠭᠤᠴᠠᠭᠠᠨ᠎ᠤ ᠰᠡᠷᠭᠡᠶᠢᠯᠡᠨ ᠡᠵᠡᠮᠳᠡᠬᠦ ᠠᠵᠢᠯ᠎ᠢᠶᠠᠷ ᠳᠠᠮᠵᠢᠭᠤᠯᠤᠨ ᠂ ᠣᠳᠣᠬᠠᠨ᠎ᠤ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ᠎ᠳᠠᠭᠠᠨ ᠲᠣᠰ ᠭᠠᠵᠠᠷ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠶᠡᠷᠦᠩᠬᠡᠶ ᠪᠠᠶᠢᠷᠢᠯᠠᠭᠤᠯᠤᠯᠲᠠ ᠱᠠᠭᠠᠷᠳᠠᠯᠭ᠎ᠠ᠎ᠶᠢ ᠦᠨᠳᠦᠰᠦᠯᠡᠨ ᠂ ᠤᠯᠠᠨ ᠨᠡᠶᠢᠲᠡ᠎ᠶᠢᠨ ᠬᠤᠷᠡᠨ ᠴᠤᠬᠯᠠᠷᠠᠬᠤ ᠠᠵᠢᠯᠯᠠᠭ᠎ᠠ ᠥᠷᠨᠢᠭᠦᠯᠬᠦ᠎ᠡᠴᠠ ᠵᠠᠶᠢᠯᠠᠰᠬᠢᠬᠦ᠎ᠶᠢᠨ ᠬᠠᠮᠲᠤ ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ᠎ᠤ ᠴᠡᠭᠴᠡᠯᠡᠨ ᠵᠠᠰᠠᠯᠳᠠ᠎ᠶᠢ ᠪᠦᠲᠦᠮᠵᠢᠲᠡᠶ ᠠᠷᠭ᠎ᠠ ᠪᠠᠷᠢᠯ ᠪᠣᠯᠭᠠᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠷᠢᠬᠯᠠᠯᠳᠠ᠎ᠶᠢᠨ ᠲᠠᠢᠯᠠᠯᠳᠤᠭᠠᠨ᠎ᠤ ᠢᠯᠠᠯᠲᠠ ᠣᠯᠬᠤ᠎ᠳ᠋ᠤ ᠬᠦᠴᠦᠲᠡᠶ ᠳᠡᠮᠵᠢᠯᠭᠡ ᠬᠠᠩᠭᠠᠬᠤ ᠬᠡᠷᠡᠭᠲᠡᠶ ᠃
ᠲᠠᠷᠠᠭᠠᠴᠢ᠎ᠶᠢᠨ ᠠᠯᠬᠤᠮ᠎ᠳ᠋ᠤ ᠂ ᠮᠠᠨ᠎ᠤ ᠣᠷᠣᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠣᠷᠴᠢᠨ ᠳᠤᠭᠤᠷᠢᠨ᠎ᠢ ᠴᠡᠭᠴᠡᠯᠡᠨ ᠵᠠᠰᠠᠬᠤ᠎ᠶᠢ ᠪᠠᠷᠢᠮᠳᠠᠯᠠᠵᠤ ᠂ ᠡᠯ᠎ᠡ ᠵᠦᠢᠯ᠎ᠤᠨ ᠠᠵᠢᠯ᠎ᠢ ᠪᠣᠳᠠᠲᠠᠢ᠎ᠳ᠋ᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶᠢ ᠠᠬᠢᠭᠤᠯᠤᠨ᠎ᠠ ᠃ ᠬᠠᠷᠢᠭᠤᠴᠠᠯᠭ᠎ᠠ᠎ᠶᠢ ᠨᠠᠶᠢᠳᠠᠪᠤᠷᠢᠵᠢᠭᠤᠯᠤᠨ ᠴᠡᠭᠴᠡᠯᠡᠨ ᠵᠠᠰᠠᠬᠤ᠎ᠶᠢ ᠠᠳᠬᠤᠨ᠎ᠠ ︔ ᠠᠵᠢᠯ᠎ᠤᠨ ᠬᠤᠪᠢᠶᠠᠷᠢᠯᠠᠯ᠎ᠢᠶᠡᠨ ᠲᠣᠳᠣᠷᠬᠠᠶᠢᠯᠠᠨ ᠴᠡᠭᠴᠡᠯᠡᠨ ᠵᠠᠰᠠᠬᠤ᠎ᠶᠢ ᠠᠳᠬᠤᠵᠤ ᠂ ᠡᠯ᠎ᠡ ᠰᠠᠯᠠᠭ᠎ᠠ ᠮᠦᠴᠢᠷ᠎ᠤᠨ ᠡᠭᠦᠷᠭᠡ ᠬᠠᠷᠢᠭᠤᠴᠠᠯᠭ᠎ᠠ᠎ᠶᠢ ᠳᠤᠳᠤᠷᠬᠠᠢ ᠪᠠᠶᠢᠯᠭᠠᠨ᠎ᠠ ︔ ᠣᠯᠠᠨ ᠡᠰᠢᠲᠦ ᠪᠠᠯᠠ ᠣᠷᠣᠭᠤᠯᠤᠯᠲᠠ᠎ᠪᠠᠷ ᠴᠡᠭᠴᠡᠯᠡᠨ ᠵᠠᠰᠠᠬᠤ᠎ᠶᠢ ᠠᠳᠬᠤᠵᠤ ᠂ ᠪᠠᠯᠠ ᠮᠥᠩᠭᠦ᠎ᠶᠢᠨ ᠪᠠᠲᠤᠯᠠᠭ᠎ᠠ᠎ᠶᠢᠨ ᠬᠡᠯᠬᠢᠶ᠎ᠡ᠎ᠶᠢ ᠪᠦᠷᠢᠯᠳᠤᠬᠦᠯᠤᠨ᠎ᠠ ︔ ᠲᠥᠯᠥᠪᠵᠢᠭᠦᠯᠭᠡ᠎ᠶᠢ ᠳᠣᠪᠤᠶᠢᠯᠭᠠᠨ ᠴᠡᠭᠴᠡᠯᠡᠨ ᠵᠠᠰᠠᠬᠤ᠎ᠶᠢ ᠠᠳᠬᠤᠨ᠎ᠠ ︔ ᠵᠠᠩᠭᠢᠯᠠᠭ᠎ᠠ᠎ᠶᠢᠨ ᠭᠤᠭᠴᠤᠭ᠎ᠠ᠎ᠶᠢ ᠴᠢᠩᠭ᠎ᠠ ᠠᠩᠬᠠᠷᠴᠤ ᠴᠡᠭᠴᠡᠯᠡᠨ ᠵᠠᠰᠠᠬᠤ᠎ᠶᠢ ᠠᠳᠬᠤᠨ᠎ᠠ ︔ ᠨᠡᠶᠢᠲᠡᠯᠢᠭ ᠵᠢᠱᠢᠶ᠎ᠡ ᠦᠯᠢᠭᠡᠷ ᠲᠠᠭᠤᠷᠢᠶᠠᠯ᠎ᠢᠶᠠᠷ ᠴᠡᠭᠴᠡᠯᠡᠨ ᠵᠠᠰᠠᠬᠤ᠎ᠶᠢ ᠠᠳᠬᠤᠨ᠎ᠠ ︔ ᠣᠯᠠᠨ ᠲᠦᠮᠡᠨ᠎ᠢ ᠳᠠᠶᠢᠴᠢᠯᠠᠨ ᠴᠡᠭᠴᠡᠯᠡᠨ ᠵᠠᠰᠠᠬᠤ᠎ᠶᠢ ᠠᠳᠬᠤᠨ᠎ᠠ ︔ ᠲᠦᠷᠢᠮ᠎ᠢ ᠳᠣᠪᠤᠶᠢᠯᠭᠠᠨ ᠴᠡᠭᠴᠡᠯᠡᠨ ᠵᠠᠰᠠᠬᠤ᠎ᠶᠢ ᠠᠳᠬᠤᠨ᠎ᠠ ︔ ᠬᠢᠨᠠᠨ ᠵᠢᠯᠣᠭᠤᠳᠴᠤ ᠤᠷᠮᠠᠰᠢᠭᠤᠯᠤᠨ ᠵᠣᠷᠢᠭᠵᠢᠭᠤᠯᠵᠤ ᠴᠡᠭᠴᠡᠯᠡᠨ ᠵᠠᠰᠠᠬᠤ᠎ᠶᠢ ᠠᠳᠬᠤᠨ᠎ᠠ ︔ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠯᠲᠠ᠎ᠪᠠᠷ ᠴᠡᠭᠴᠡᠯᠡᠨ ᠵᠠᠰᠠᠬᠤ᠎ᠶᠢ ᠠᠳᠬᠤᠵᠤ ᠂ ᠠᠶᠢᠯ ᠳᠤᠰᠬᠤᠨ᠎ᠤ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠯᠲᠠ᠎ᠶᠢᠨ ᠲᠦᠷᠢᠮ᠎ᠢ ᠲᠤᠭᠳᠠᠭᠠᠨ᠎ᠠ ᠃
︵ ᠲᠤᠰ ᠰᠤᠨᠢᠨ᠎ᠤ ᠰᠤᠷᠪᠤᠯᠵᠢᠯᠠᠬᠴᠢ ᠪᠤᠤ ᠨᠠᠷᠠᠨᠳᠤᠶᠡᠭᠠ ᠬᠠᠢ ᠴᠢᠤᠸᠠᠨ ᠠᠭᠤᠯᠠ ᠬᠠᠢᠷᠬᠠᠨ ᠰᠠᠷᠭᠠᠢ ︶
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃