ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-20 14:51:50

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


2 ᠰᠠᠷ᠎ᠠ᠎ᠶᠢᠨ 19᠎ᠤ ᠦᠳᠡ᠎ᠶᠢᠨ ᠬᠤᠢᠨ᠎ᠠ ᠂ ᠦᠪᠡᠷᠳᠡᠭᠡᠨ ᠵᠠᠰᠬᠠᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠠᠬᠦ ᠠᠵᠢᠯ᠎ᠤᠨ ᠵᠢᠯᠤᠭᠤᠳᠬᠤ ᠭᠠᠵᠠᠷ ᠬᠤᠷᠢᠨ ᠬᠤᠶᠠᠳᠤᠭᠠᠷ ᠤᠳᠠᠭᠠᠨ᠎ᠤ ᠰᠤᠨᠢᠨ ᠮᠡᠳᠡᠭᠡ ᠨᠡᠢᠳᠠᠯᠠᠬᠦ ᠬᠤᠷᠠᠯ ᠬᠢᠵᠤ ᠂ ᠦᠪᠡᠷᠳᠡᠬᠡᠨ ᠵᠠᠰᠠᠬᠤ ᠤᠷᠤᠨ᠎ᠤ ︽ ᠲᠥᠷᠥᠯ ᠬᠤᠪᠢᠶᠠᠨ ᠵᠢᠯᠣᠭᠣᠳᠴᠤ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠢᠬᠡᠳ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠠᠵᠢᠯ᠎ᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠬᠦ ᠲᠤᠬᠠᠶ ᠰᠠᠨᠠᠯ ︾ ︵ ᠲᠤᠷᠤᠬᠰᠢ ︽ ᠰᠠᠨᠠᠯ ︾ ᠬᠡᠵᠦ ᠲᠦᠬᠦᠮᠴᠢᠯᠡᠪᠠ ︶᠎ᠤᠨ ᠲᠤᠬᠠᠢ ᠬᠠᠮᠢᠶ᠎ᠠ ᠪᠦᠬᠦᠢ ᠪᠠᠢᠳᠠᠯ᠎ᠢ ᠲᠠᠨᠢᠯᠴᠠᠭᠤᠯᠬᠤ᠎ᠶᠢᠨ ᠬᠠᠮᠳᠤ ᠰᠤᠷᠪᠤᠯᠵᠢᠯᠠᠬᠴᠢ᠎ᠶᠢᠨ ᠠᠰᠠᠭᠤᠯᠳᠠ᠎ᠶᠢ ᠬᠠᠷᠢᠭᠤᠯᠤᠬᠰᠠᠨ ᠪᠠᠢᠨ᠎ᠠ ᠃
ᠦᠪᠡᠷᠳᠡᠬᠡᠨ ᠵᠠᠰᠠᠬᠤ ᠤᠷᠤᠨ᠎ᠤ ᠵᠠᠰᠠᠬ᠎ᠤᠨ ᠤᠷᠳᠤᠨ᠎ᠤ ᠲᠡᠳ᠋ ᠨᠠᠷᠢᠨ ᠪᠢᠴᠢᠭ᠎ᠤᠨ ᠲᠠᠷᠤᠭ᠎ᠠ ᠱᠢ ᠮᠦᠧᠧ ︽ ᠰᠠᠨᠠᠯ ︾᠎ᠤᠨ ᠲᠤᠬᠠᠢ ᠲᠠᠨᠢᠯᠴᠠᠭᠤᠯᠵᠦ ᠂ ᠦᠪᠡᠷᠳᠡᠬᠡᠨ ᠵᠠᠰᠠᠬᠤ ᠤᠷᠤᠨ᠎ᠤ ᠠᠵᠦ ᠦᠢᠯᠡᠳᠪᠦᠷᠢ ᠪᠠ ᠮᠡᠳᠡᠬᠡ ᠵᠠᠩᠬᠢᠵᠢᠯᠳᠠ᠎ᠶᠢᠨ ᠲᠢᠩᠬᠢᠮ᠎ᠤᠨ ᠲᠡᠳ᠋ ᠲᠠᠷᠤᠭ᠎ᠠ ᠵᠠᠩ ᠳ᠋ᠧ ᠂ ᠦᠪᠡᠷᠳᠡᠬᠡᠨ ᠵᠠᠰᠠᠬᠤ ᠤᠷᠤᠨ᠎ᠤ ᠲᠤᠳᠤᠭᠠᠳᠤ᠎ᠶᠢ ᠬᠠᠮᠠᠭᠠᠯᠠᠬᠤ ᠲᠢᠩᠬᠢᠮ᠎ᠤᠨ ᠲᠡᠳ᠋ ᠲᠠᠷᠤᠭ᠎ᠠ ᠬᠦᠬᠡ ᠂ ᠦᠪᠡᠷᠳᠡᠬᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠬᠡᠬᠡᠪᠦᠷᠢ᠎ᠶᠢᠨ ᠲᠢᠩᠬᠢᠮ᠎ᠤᠨ ᠲᠡᠳ᠋ ᠲᠠᠷᠤᠭ᠎ᠠ ᠶᠦᠨ ᠸᠧᠨ ᠵᠢᠩ ᠂ ᠦᠪᠡᠷᠳᠡᠬᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠲᠡᠳ᠋ ᠲᠠᠷᠤᠭ᠎ᠠ ᠸᠠᠩ ᠸᠧᠨ ᠵᠢᠶᠧ ᠂ ᠦᠪᠡᠷᠳᠡᠬᠡᠨ ᠵᠠᠰᠠᠬᠤ ᠤᠷᠤᠨ᠎ᠤ ᠡᠷᠡᠬᠦᠯ ᠬᠠᠮᠠᠭᠠᠯᠠᠯ ᠡᠷᠡᠬᠦᠯ ᠮᠡᠨᠳᠤ᠎ᠶᠢᠨ ᠵᠦᠪᠯᠡᠯ᠎ᠤᠨ ᠲᠡᠳ᠋ ᠡᠷᠬᠢᠯᠡᠭᠴᠢ ᠹᠦ᠋ ᠷᠦᠢ ᠹᠧᠩ ᠂ ᠦᠪᠡᠷᠳᠡᠬᠡᠨ ᠵᠠᠰᠠᠬᠤ ᠤᠷᠤᠨ᠎ᠤ ᠡᠨᠧᠷᠬᠢ᠎ᠶᠢᠨ ᠲᠤᠪᠴᠢᠶ᠎ᠠ᠎ᠶᠢᠨ ᠲᠡᠳ᠋ ᠲᠠᠷᠤᠭ᠎ᠠ ᠵᠠᠩ ᠵᠠᠨ ᠵᠢᠶᠦᠢᠨ ᠂ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠦ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ᠎ᠤ ᠲᠢᠩᠬᠢᠮ᠎ᠤᠨ ᠬᠤᠶᠠᠳᠤᠭᠠᠷ ᠲᠡᠰ᠎ᠤᠨ ᠲᠤᠭᠤᠷᠢᠨ ᠪᠠᠢᠴᠠᠭᠠᠭᠴᠢ ᠸᠠᠩ ᠢᠤᠢ ᠹᠧᠩ ᠬᠠᠮᠢᠶ᠎ᠠ ᠪᠦᠬᠦᠢ ᠠᠰᠠᠭᠤᠯᠳᠠ᠎ᠶᠢᠨ ᠲᠤᠭᠤᠷᠢᠨ᠎ᠳ᠋ᠤ ᠰᠤᠷᠪᠤᠯᠵᠢᠯᠠᠬᠴᠢ᠎ᠶᠢᠨ ᠠᠰᠠᠭᠤᠯᠳᠠ᠎ᠶᠢ ᠬᠠᠷᠢᠭᠤᠯᠪᠠ ᠃
︽ ᠰᠠᠨᠠᠯ ︾᠎ᠨᠢ ᠮᠠᠨ᠎ᠤ ᠤᠷᠤᠨ᠎ᠤ ᠤᠳᠤᠬᠠᠨ᠎ᠤ ᠡᠯ᠎ᠠ ᠭᠠᠵᠠᠷ ᠤᠷᠤᠨ᠎ᠤ ᠬᠢᠵᠢᠭ᠎ᠤᠨ ᠪᠠᠢᠳᠠᠯ᠎ᠢ ᠦᠨᠳᠦᠰᠦᠯᠡᠵᠦ ᠂ ᠬᠤᠰᠢᠭᠤ ᠰᠢᠶᠠᠨ ᠲᠤᠭᠤᠷᠢᠬ᠎ᠢᠶᠠᠷ ᠨᠢᠬᠡᠴᠢ ᠪᠤᠯᠭᠠᠵᠦ ᠂ ᠪᠦᠬᠦ ᠤᠷᠤᠨ᠎ᠤ 103 ᠬᠤᠰᠢᠭᠤ ᠰᠢᠶᠠᠨ ︵ ᠬᠤᠳᠠ ᠂ ᠲᠤᠭᠤᠷᠢᠬ ︶᠎ᠢ 4 ᠲᠦᠷᠦᠯ᠎ᠤᠨ ᠠᠳᠠᠯᠢ ᠪᠤᠰᠤ ᠲᠦᠭᠰᠢᠬᠦᠷᠢ᠎ᠶᠢᠨ ᠲᠡᠰ᠎ᠤᠨ ᠭᠠᠵᠠᠷ ᠤᠷᠤᠨ ᠪᠤᠯᠭᠠᠨ ᠬᠤᠪᠢᠶᠠᠵᠠᠢ ᠄ ᠬᠤᠶᠠᠳᠤᠭᠠᠷ ᠲᠦᠷᠦᠯ᠎ᠤᠨ ᠭᠠᠵᠠᠷ ᠤᠷᠤᠨ 16 ᠂ ᠭᠤᠷᠪᠠᠳᠤᠭᠠᠷ ᠲᠦᠷᠦᠯ᠎ᠤᠨ ᠭᠠᠵᠠᠷ ᠤᠷᠤᠨ 17 ᠂ ᠲᠦᠷᠪᠡᠳᠦᠬᠡᠷ ᠲᠦᠷᠦᠯ᠎ᠤᠨ ᠭᠠᠵᠠᠷ ᠤᠷᠤᠨ 70 ᠪᠠᠢᠵᠦ ᠂ ᠤᠳᠤᠬᠠᠨ᠎ᠳ᠋ᠤ ᠨᠢᠬᠡᠳᠦᠬᠡᠷ ᠲᠦᠷᠦᠯ᠎ᠤᠨ ᠭᠠᠵᠠᠷ ᠤᠷᠤᠨ ᠦᠬᠡᠢ ᠪᠠᠢᠨ᠎ᠠ ᠃ ᠡᠯ᠎ᠠ ᠭᠠᠵᠠᠷ ᠤᠷᠤᠨ᠎ᠨᠢ ᠲᠤᠰ ᠤᠷᠤᠨ ᠪᠦᠰᠡ ᠪᠠ ᠤᠢᠷᠠᠯᠴᠠᠭ᠎ᠠ ᠭᠠᠵᠠᠷ ᠤᠷᠤᠨ᠎ᠤ ᠬᠢᠵᠢᠭ᠎ᠤᠨ ᠪᠠᠢᠳᠠᠯ᠎ᠤᠨ ᠬᠤᠪᠢᠷᠠᠯᠳᠠ᠎ᠶᠢ ᠦᠨᠳᠦᠰᠦᠯᠡᠨ ᠂ ᠬᠠᠮᠢᠶ᠎ᠠ ᠪᠦᠬᠦᠢ ᠲᠦᠭᠰᠢᠬᠦᠷᠢ᠎ᠶᠢᠨ ᠡᠯᠧᠮᠧᠨ᠋ᠲ᠎ᠢ ᠶᠡᠷᠦᠩᠬᠡᠢᠯᠡᠨ ᠪᠤᠳᠤᠯᠬᠢᠯᠠᠵᠦ ᠂ ᠶᠡᠷᠦᠩᠬᠡᠢᠯᠡᠨ ᠡᠵᠡᠮᠳᠡᠬᠦ ᠭᠠᠵᠠᠷ ᠤᠷᠤᠨ᠎ᠤ ᠲᠦᠷᠦᠯ ᠢᠯᠭᠠᠯ᠎ᠢ ᠬᠦᠳᠡᠯᠦᠩᠬᠦᠢ ᠲᠤᠬᠢᠷᠠᠭᠤᠯᠵᠦ ᠪᠤᠯᠤᠨ᠎ᠠ ᠂ ᠲᠤᠬᠢᠷᠠᠭᠤᠯᠬᠤ ᠡᠷᠬᠡ᠎ᠨᠢ ᠠᠢᠮᠠᠬ ᠬᠤᠳᠠ᠎ᠳ᠋ᠤ ᠪᠠᠢᠨ᠎ᠠ ᠃ ︽ ᠰᠠᠨᠠᠯ ︾᠎ᠳ᠋ᠤ ᠡᠯ᠎ᠠ ᠲᠦᠷᠦᠯ᠎ᠤᠨ ᠭᠠᠵᠠᠷ ᠤᠷᠤᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠ ᠠᠵᠦ ᠠᠬᠤᠢ ᠨᠡᠢᠬᠡᠮ᠎ᠤᠨ ᠬᠦᠭᠵᠢᠯᠳᠡ᠎ᠶᠢᠨ ᠲᠤᠬᠠᠢ 15 ᠲᠠᠯ᠎ᠠ᠎ᠶᠢᠨ 33 ᠵᠤᠷᠪᠤᠰ ᠴᠢᠭᠯᠡᠬᠦᠯᠦᠯᠳᠤ ᠴᠢᠨᠠᠷᠳᠠᠢ ᠠᠷᠭ᠎ᠠ ᠬᠡᠮᠵᠢᠶ᠎ᠠ᠎ᠶᠢ ᠲᠤᠷᠠᠳᠤᠬᠰᠠᠨ ᠪᠠᠢᠨ᠎ᠠ ᠃ ᠤᠳᠤᠬᠠᠨ᠎ᠳ᠋ᠤ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ᠎ᠢ ᠰᠡᠷᠬᠦᠬᠡᠬᠦ ᠡᠯ᠎ᠠ ᠲᠦᠷᠦᠯ᠎ᠤᠨ ᠠᠵᠢᠯ ᠪᠦᠷ ᠤᠷᠤᠬᠰᠢᠳᠠᠢ ᠠᠬᠢᠵᠦ ᠂ ︽ ᠰᠠᠨᠠᠯ ︾᠎ᠤᠨ ᠱᠠᠭᠠᠷᠳᠠᠯᠭ᠎ᠠ ᠶᠤᠰᠤᠭᠠᠷ ᠂ ᠲᠠᠷᠠᠭᠠᠴᠢ᠎ᠪᠠᠷ ᠂ ᠦᠪᠡᠷᠳᠡᠬᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠬᠤ ᠲᠤᠭᠤᠢᠯᠠᠩ᠎ᠤᠨ ᠨᠢᠬᠡᠳᠦᠯᠳᠡᠢ ᠤᠳᠤᠷᠢᠳᠤᠯᠭ᠎ᠠ ᠲᠤᠤᠷ᠎ᠠ ᠂ ᠡᠯ᠎ᠠ ᠭᠠᠵᠠᠷ ᠤᠷᠤᠨ᠎ᠤ ᠨᠠᠮ᠎ᠤᠨ ᠬᠤᠷᠢᠶ᠎ᠠ ᠵᠠᠰᠠᠬ᠎ᠤᠨ ᠤᠷᠳᠤᠨ ᠪᠠ ᠡᠯ᠎ᠠ ᠰᠠᠯᠠᠭ᠎ᠠ ᠮᠦᠴᠢᠷ ᠂ ᠡᠯ᠎ᠠ ᠨᠢᠬᠡᠴᠢ ᠠᠰᠠᠭᠤᠳᠠᠯ᠎ᠢᠶᠠᠷ ᠤᠳᠤᠷᠢᠳᠤᠮᠵᠢ ᠪᠤᠯᠭᠠᠬᠤ ᠪᠠ ᠬᠠᠷᠠᠯᠳᠠ᠎ᠪᠠᠷ ᠤᠳᠤᠷᠢᠳᠤᠮᠵᠢ ᠪᠤᠯᠭᠠᠬᠤ᠎ᠶᠢ ᠪᠠᠷᠢᠮᠳᠠᠯᠨ ᠂ ᠬᠢᠵᠢᠭ᠎ᠢ ᠰᠡᠷᠬᠡᠢᠯᠡᠬᠦ ᠠᠰᠢᠬᠳᠠᠢ ᠪᠠᠢᠳᠠᠯ᠎ᠢ ᠪᠡᠬᠢᠵᠢᠬᠦᠯᠦᠭᠰᠡᠨ ᠤᠷᠢᠳᠠᠯ ᠲᠤᠤᠷ᠎ᠠ ᠂ ᠬᠢᠵᠢᠭ᠎ᠤᠨ ᠪᠤᠳᠠᠳᠤ ᠪᠠᠢᠳᠠᠯ᠎ᠢ ᠦᠨᠳᠦᠰᠦᠯᠡᠨ ᠲᠦᠷᠦᠯ ᠬᠤᠪᠢᠶᠠᠵᠦ ᠠᠷᠭ᠎ᠠ ᠪᠤᠳᠤᠯᠭ᠎ᠠ ᠬᠡᠷᠡᠭᠵᠢᠬᠦᠯᠵᠦ ᠂ ᠲᠦᠭᠰᠢᠬᠦᠷᠢ᠎ᠶᠢᠨ ᠤᠬᠠᠮᠰᠠᠷ᠎ᠢᠶᠡᠨ ᠴᠢᠩᠭᠠᠳᠬᠠᠨ ᠂ ᠬᠢᠵᠢᠭ᠎ᠤᠨ ᠪᠠᠢᠳᠠᠯ᠎ᠤᠨ ᠰᠡᠷᠬᠡᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ᠎ᠢ ᠰᠡᠷᠬᠦᠬᠡᠬᠦ᠎ᠶᠢᠨ ᠬᠤᠭᠤᠷᠤᠨᠳᠤᠬᠢ ᠬᠠᠷᠢᠴᠠᠭ᠎ᠠ᠎ᠶᠢ ᠰᠠᠢᠳᠤᠷ ᠰᠢᠢᠳᠪᠦᠷᠢᠯᠡᠨ ᠂ ᠡᠯ᠎ᠠ ᠲᠦᠷᠦᠯ᠎ᠤᠨ ᠠᠵᠢᠯ᠎ᠢᠶᠡᠨ ᠪᠤᠳᠠᠳᠠᠢ ᠠᠳᠬᠤᠵᠤ ᠂ ᠨᠠᠷᠢᠯᠢᠬ ᠠᠳᠬᠤᠵᠤ ᠂ ᠨᠠᠢᠳᠠᠪᠤᠷᠢᠵᠢᠭᠤᠯᠤᠯᠳᠠ᠎ᠶᠢ ᠠᠳᠬᠤᠵᠤ ᠂ ᠬᠢᠵᠢᠭ᠎ᠢ ᠰᠡᠷᠬᠡᠢᠯᠡᠨ ᠡᠵᠡᠮᠳᠡᠬᠦ ᠬᠢᠬᠡᠳ ᠠᠵᠦ ᠠᠬᠤᠢ ᠨᠡᠢᠬᠡᠮ᠎ᠢ ᠨᠢᠬᠡᠳᠦᠯᠳᠡᠢ ᠲᠦᠯᠦᠪᠵᠢᠬᠦᠯᠤᠨ ᠬᠦᠭᠵᠢᠬᠦᠯᠬᠦ ᠠᠵᠢᠯ᠎ᠢ ᠰᠠᠢᠳᠤᠷ ᠬᠢᠵᠦ ᠂ ᠠᠵᠦ ᠠᠬᠤᠢ ᠨᠡᠢᠬᠡᠮ᠎ᠤᠨ ᠶᠡᠬᠡ ᠲᠠᠯ᠎ᠠ᠎ᠶᠢ ᠲᠤᠬᠳᠠᠭᠤᠨ ᠪᠠᠢᠯᠭᠠᠬᠤ᠎ᠳ᠋ᠤ ᠬᠦᠴᠦᠳᠡᠢ ᠪᠠᠳᠤᠯᠠᠭ᠎ᠠ ᠬᠠᠩᠭᠠᠨ᠎ᠠ ᠃

ᠰᠤᠷᠪᠤᠯᠵᠢᠯᠠᠬᠴᠢ ᠄ ︽ ᠰᠠᠨᠠᠯ ︾᠎ᠳ᠋ᠤ ᠂ ᠬᠤᠰᠢᠭᠤ ᠰᠢᠶᠠᠨ᠎ᠤ ᠤᠷᠤᠨ ᠪᠦᠰᠡ᠎ᠪᠠᠷ ᠨᠢᠬᠡᠴᠢ ᠪᠤᠯᠭᠠᠨ ᠂ ᠲᠦᠷᠪᠡᠨ ᠲᠦᠷᠦᠯ᠎ᠤᠨ ᠬᠢᠵᠢᠭ᠎ᠤᠨ ᠪᠡᠢᠳᠡᠯ᠎ᠤᠨ ᠭᠠᠵᠠᠷ ᠤᠷᠤᠨ ᠬᠤᠪᠢᠶᠠᠨ᠎ᠠ ᠬᠡᠵᠦ ᠲᠤᠷᠠᠳᠴᠠᠢ ᠃ ᠲᠡᠭᠡᠪᠡᠯ ᠂ ᠦᠪᠡᠷᠳᠡᠬᠡᠨ ᠵᠠᠰᠠᠬᠤ ᠤᠷᠤᠨ᠎ᠤ 103 ᠬᠤᠰᠢᠭᠤ ᠰᠢᠶᠠᠨ ᠲᠤᠭᠤᠷᠢᠬ᠎ᠢ ᠪᠤᠳᠠᠳᠠᠢ ᠲᠦᠷᠦᠯ ᠬᠤᠪᠢᠶᠠᠬᠰᠠᠨ ᠪᠠᠷᠢᠮᠵᠢᠶ᠎ᠠ᠎ᠨᠢ ᠶᠠᠭᠤ ᠪᠤᠢ ︖ ᠲᠦᠷᠪᠡᠨ ᠲᠦᠷᠦᠯ᠎ᠤᠨ ᠭᠠᠵᠠᠷ ᠤᠷᠤᠨ᠎ᠨᠢ ᠪᠤᠳᠠᠳᠠᠢ ᠶᠠᠮᠠᠷ ᠶᠠᠮᠠᠷ ᠭᠠᠵᠠᠷ ᠤᠷᠤᠨ ᠪᠤᠢ ︖ ᠰᠡᠷᠬᠡᠢᠯᠡᠨ ᠡᠵᠡᠮᠳᠡᠬᠦ ᠭᠠᠵᠠᠷ ᠤᠷᠤᠨ᠎ᠤ ᠲᠦᠷᠦᠯ ᠢᠯᠭᠠᠯ᠎ᠢ ᠬᠡᠷᠬᠢᠨ ᠬᠦᠳᠡᠯᠦᠩᠬᠦᠢ᠎ᠪᠠᠷ ᠲᠤᠬᠢᠷᠠᠭᠤᠯᠬᠤ ᠪᠤᠢ ︖
ᠹᠦ᠋ ᠷᠦᠢ ᠹᠧᠩ ᠄ ᠦᠪᠡᠷᠳᠡᠬᠡᠨ ᠵᠠᠰᠠᠬᠤ ᠤᠷᠤᠨ᠎ᠡᠴᠠ ᠲᠠᠷᠤᠮᠠᠯᠯᠠᠨ ᠲᠠᠷᠬᠠᠭᠠᠬᠰᠠᠨ ︽ ᠰᠠᠨᠠᠯ ︾ ᠪᠠ ᠤᠯᠤᠰ᠎ᠤᠨ ︽ ᠵᠢᠯᠤᠭᠤᠳᠬᠤ ᠰᠠᠨᠠᠯ ︾᠎ᠤᠨ ᠭᠠᠵᠠᠷ ᠤᠷᠤᠨ᠎ᠢ ᠲᠦᠷᠦᠯ ᠲᠡᠰ ᠬᠤᠪᠢᠶᠠᠬᠰᠠᠨ᠎ᠨᠢ ᠭᠤᠤᠯᠳᠠᠭᠤ ᠬᠢᠵᠢᠭ᠎ᠤᠨ ᠪᠠᠢᠳᠠᠯ᠎ᠤᠨ ᠲᠦᠭᠰᠢᠬᠦᠷᠢ᠎ᠶᠢᠨ ᠬᠡᠮᠵᠢᠶ᠎ᠠ᠎ᠪᠠᠷ ᠪᠠᠷᠢᠮᠵᠢᠶ᠎ᠠ ᠪᠤᠯᠭᠠᠬᠰᠠᠨ ᠪᠠᠢᠨ᠎ᠠ ᠃ ᠦᠪᠡᠷᠳᠡᠬᠡᠨ ᠵᠠᠰᠠᠬᠤ ᠤᠷᠤᠨ᠎ᠤ ︽ ᠰᠠᠨᠠᠯ ︾᠎ᠨᠢ ᠪᠦᠬᠦ ᠤᠷᠤᠨ᠎ᠤ 103 ᠬᠤᠰᠢᠭᠤ ᠰᠢᠶᠠᠨ ᠲᠤᠭᠤᠷᠢᠬ ᠬᠤᠳᠠ᠎ᠶᠢ ᠶᠡᠬᠡ᠎ᠡᠴᠠ ᠪᠠᠭ᠎ᠠ ᠲᠡᠢᠰᠢ ᠲᠦᠷᠪᠡᠨ ᠲᠦᠷᠦᠯ ᠬᠤᠪᠢᠶᠠᠬᠰᠠᠨ ᠪᠠᠢᠨ᠎ᠠ ᠃ ᠨᠢᠬᠡᠳᠦᠬᠡᠷ ᠲᠦᠷᠦᠯ᠎ᠤᠨ ᠭᠠᠵᠠᠷ ᠤᠷᠤᠨ᠎ᠤ ᠬᠢᠵᠢᠭ᠎ᠤᠨ ᠪᠠᠢᠳᠠᠯ᠎ᠤᠨ ᠲᠦᠭᠰᠢᠬᠦᠷᠢ᠎ᠶᠢᠨ ᠬᠡᠮᠵᠢᠶ᠎ᠠ᠎ᠨᠢ ᠬᠠᠮᠤᠬ ᠶᠡᠬᠡ ᠪᠠᠢᠵᠦ ᠂ ᠤᠬᠤᠷ ᠬᠤᠭᠤᠴᠠᠭᠠᠨ᠎ᠤ ᠲᠤᠳᠤᠷ᠎ᠠ ᠬᠢᠵᠢᠭ᠎ᠤᠨ ᠪᠠᠢᠳᠠᠯ ᠦᠳᠳᠡᠷ ᠲᠦᠷᠬᠡᠨ ᠲᠠᠷᠬᠠᠬᠤ ᠂ ᠨᠡᠢᠬᠡᠮ ᠲᠤᠭᠤᠷᠢᠬ᠎ᠲᠤ ᠲᠠᠬᠤᠯ ᠲᠡᠯᠬᠡᠷᠡᠬᠦ ᠬᠤᠰᠢᠭᠤ ᠰᠢᠶᠠᠨ ᠂ ᠬᠤᠳᠠ ᠲᠤᠭᠤᠷᠢᠬ ᠪᠤᠯᠤᠨ᠎ᠠ ᠃ ᠬᠤᠶᠠᠳᠤᠭᠠᠷ ᠲᠦᠷᠦᠯ᠎ᠤᠨ ᠭᠠᠵᠠᠷ ᠤᠷᠤᠨ᠎ᠨᠢ ᠲᠦᠪᠯᠡᠷᠡᠭᠰᠡᠨ ᠬᠡᠯᠪᠡᠷᠢ᠎ᠶᠢᠨ ᠪᠠ ᠨᠢᠬᠡ ᠯᠡ ᠲᠡᠭᠡᠷ᠎ᠠ ᠬᠢᠵᠢᠭ᠎ᠤᠨ ᠪᠠᠢᠳᠠᠯ ᠡᠬᠦᠰᠬᠦ ᠬᠤᠰᠢᠭᠤ ᠰᠢᠶᠠᠨ ᠂ ᠬᠤᠳᠠ ᠲᠤᠭᠤᠷᠢᠬ᠎ᠢ ᠵᠢᠭᠠᠵᠦ ᠂ ᠤᠯᠤᠰ᠎ᠤᠨ ︽ ᠵᠢᠯᠤᠭᠤᠳᠬᠤ ᠰᠠᠨᠠᠯ ︾᠎ᠳ᠋ᠠᠬᠢ ᠶᠡᠬᠡ ᠲᠦᠭᠰᠢᠬᠦᠷᠢᠳᠤ ᠭᠠᠵᠠᠷ ᠤᠷᠤᠨ᠎ᠲᠠᠢ ᠬᠠᠷᠠᠭᠠᠯᠵᠠᠵᠦ ᠪᠠᠢᠨ᠎ᠠ ᠃ ᠭᠤᠷᠪᠠᠳᠤᠭᠠᠷ ᠲᠦᠷᠦᠯ᠎ᠤᠨ ᠭᠠᠵᠠᠷ ᠤᠷᠤᠨ᠎ᠨᠢ ᠭᠠᠳᠠᠨ᠎ᠠ᠎ᠡᠴᠠ ᠬᠠᠯᠳᠠᠪᠤᠷᠢᠯᠠᠨ ᠤᠷᠤᠵᠦ ᠢᠷᠡᠬᠦ ᠲᠠᠷᠠᠬᠠᠢ ᠡᠪᠡᠳᠴᠢᠨ᠎ᠤ ᠵᠢᠱᠢᠶ᠎ᠠ ᠪᠤᠶᠤ ᠬᠢᠵᠢᠭ᠎ᠤᠨ ᠪᠠᠢᠳᠠᠯ ᠨᠡᠯᠢᠶᠡᠳ ᠬᠦᠨᠳᠤ ᠬᠡᠴᠡᠬᠦᠤ ᠮᠤᠵᠢ᠎ᠲᠠᠢ ᠬᠦᠷᠰᠢᠯᠡᠵᠦ ᠪᠠᠢᠭ᠎ᠠ ᠬᠤᠰᠢᠭᠤ ᠰᠢᠶᠠᠨ ᠂ ᠬᠤᠳᠠ ᠲᠤᠭᠤᠷᠢᠬ᠎ᠢ ᠵᠢᠭᠠᠵᠦ ᠂ ᠤᠯᠤᠰ᠎ᠤᠨ ︽ ᠵᠢᠯᠤᠭᠤᠳᠬᠤ ᠰᠠᠨᠠᠯ ︾᠎ᠳ᠋ᠠᠬᠢ ᠲᠤᠮᠳᠠ ᠲᠦᠭᠰᠢᠬᠦᠷᠢᠳᠤ ᠭᠠᠵᠠᠷ ᠤᠷᠤᠨ᠎ᠢ ᠵᠢᠭᠠᠨ᠎ᠠ ᠃ ᠲᠦᠷᠪᠡᠳᠦᠬᠡᠷ ᠲᠦᠷᠦᠯ᠎ᠤᠨ ᠭᠠᠵᠠᠷ ᠤᠷᠤᠨ᠎ᠤ ᠬᠢᠵᠢᠭ᠎ᠤᠨ ᠪᠠᠢᠳᠠᠯ᠎ᠤᠨ ᠲᠦᠭᠰᠢᠬᠦᠷᠢ᠎ᠶᠢᠨ ᠬᠡᠮᠵᠢᠶ᠎ᠠ᠎ᠨᠢ ᠬᠠᠮᠤᠬ᠎ᠤᠨ ᠪᠠᠭ᠎ᠠ ᠪᠠᠢᠵᠦ ᠂ ᠡᠪᠡᠳᠴᠢᠨ᠎ᠤ ᠵᠢᠱᠢᠶ᠎ᠠ ᠦᠬᠡᠢ ᠪᠤᠶᠤ ᠬᠠᠮᠤᠬ᠎ᠤᠨ ᠰᠡᠬᠦᠯᠴᠢ᠎ᠶᠢᠨ ᠨᠢᠬᠡ ᠡᠪᠡᠳᠴᠢᠨ᠎ᠤ ᠵᠢᠱᠢᠶ᠎ᠠ᠎ᠨᠢ ᠡᠷᠡᠬᠦᠯᠵᠢᠵᠦ ᠡᠮᠨᠡᠯᠬᠡ᠎ᠡᠴᠠ ᠭᠠᠷᠤᠬᠰᠠᠨ ᠮᠦᠷᠳᠡᠬᠡᠨ 14 ᠡᠳᠦᠷ᠎ᠤᠨ ᠲᠠᠷᠠᠭ᠎ᠠ ᠰᠢᠨ᠎ᠠ ᠡᠪᠡᠳᠴᠢᠨ᠎ᠤ ᠵᠢᠱᠢᠶ᠎ᠠ ᠢᠯᠡᠷᠡᠭᠰᠡᠨ ᠦᠬᠡᠢ ᠬᠤᠰᠢᠭᠤ ᠰᠢᠶᠠᠨ ᠂ ᠬᠤᠳᠠ ᠲᠤᠭᠤᠷᠢᠬ᠎ᠢ ᠵᠢᠭᠠᠵᠦ ᠂ ᠤᠯᠤᠰ᠎ᠤᠨ ︽ ᠵᠢᠯᠤᠭᠤᠳᠬᠤ ᠰᠠᠨᠠᠯ ︾᠎ᠳ᠋ᠠᠬᠢ ᠪᠠᠭ᠎ᠠ ᠲᠦᠭᠰᠢᠬᠦᠷᠢᠳᠤ ᠭᠠᠵᠠᠷ ᠤᠷᠤᠨ᠎ᠲᠠᠢ ᠬᠠᠷᠠᠭᠠᠯᠵᠠᠵᠦ ᠪᠠᠢᠨ᠎ᠠ ᠃
2 ᠰᠠᠷ᠎ᠠ᠎ᠶᠢᠨ 16᠎ᠤ ᠡᠳᠦᠷ ᠦᠨᠡᠯᠡᠵᠦ ᠵᠢᠱᠢᠭᠰᠡᠨ ᠪᠠᠢᠳᠠᠯ᠎ᠢ ᠦᠨᠳᠦᠰᠦᠯᠡᠪᠡᠯ ᠂ ᠪᠦᠬᠦ ᠤᠷᠤᠨ᠎ᠤ ᠬᠡᠪᠴᠢᠶᠡᠨ᠎ᠳ᠋ᠤ ᠤᠳᠤᠬᠠᠨ᠎ᠳ᠋ᠤ ᠨᠢᠬᠡᠳᠦᠬᠡᠷ ᠲᠦᠷᠦᠯ᠎ᠤᠨ ᠭᠠᠵᠠᠷ ᠤᠷᠤᠨ ᠬᠠᠷᠠᠬᠠᠨ ᠦᠬᠡᠢ ᠪᠠᠢᠨ᠎ᠠ ᠃ ᠬᠤᠶᠠᠳᠤᠭᠠᠷ ᠲᠦᠷᠦᠯ᠎ᠤᠨ ᠭᠠᠵᠠᠷ ᠤᠷᠤᠨ᠎ᠨᠢ ᠪᠦᠬᠦ ᠤᠷᠤᠨ᠎ᠤ 9 ᠠᠢᠮᠠᠬ ᠬᠤᠳᠠ ᠂ 16 ᠬᠤᠰᠢᠭᠤ ᠰᠢᠶᠠᠨ ᠂ ᠬᠤᠳᠠ ᠲᠤᠭᠤᠷᠢᠬ᠎ᠲᠤ ᠬᠤᠯᠪᠤᠬᠳᠠᠵᠦ ᠂ ᠡᠨᠡ 9 ᠠᠢᠮᠠᠬ ᠬᠤᠳᠠ᠎ᠨᠢ ᠲᠤᠬᠠᠢᠯᠠᠪᠠᠯ ᠬᠦᠬᠡᠬᠤᠳᠠ ᠂ ᠪᠤᠭᠤᠳᠤ ᠬᠤᠳᠠ ᠂ ᠬᠦᠯᠦᠨ ᠪᠤᠢᠷ ᠬᠤᠳᠠ ᠂ ᠲᠦᠩᠯᠢᠶᠤᠤ ᠬᠤᠳᠠ ᠂ ᠤᠯᠠᠭᠠᠨᠬᠠᠳᠠ ᠬᠤᠳᠠ ᠂ ᠰᠢᠯᠢ᠎ᠶᠢᠨ ᠭᠤᠤᠯ ᠠᠢᠮᠠᠬ ᠂ ᠤᠷᠳᠤᠰ ᠬᠤᠳᠠ ᠂ ᠪᠠᠶᠠᠨᠨᠠᠭᠤᠷ ᠬᠤᠳᠠ ᠂ ᠦᠬᠠᠢ ᠬᠤᠳᠠ ᠪᠤᠯᠤᠨ᠎ᠠ ᠃ ᠭᠤᠷᠪᠠᠳᠤᠭᠠᠷ ᠲᠦᠷᠦᠯ᠎ᠤᠨ ᠭᠠᠵᠠᠷ ᠤᠷᠤᠨ᠎ᠨᠢ 9 ᠠᠢᠮᠠᠬ ᠬᠤᠳᠠ᠎ᠶᠢᠨ 17 ᠬᠤᠰᠢᠭᠤ ᠰᠢᠶᠠᠨ ᠂ ᠬᠤᠳᠠ ᠲᠤᠭᠤᠷᠢᠬ᠎ᠲᠤ ᠬᠤᠯᠪᠤᠬᠳᠠᠵᠦ ᠂ ᠡᠨᠡ 9 ᠠᠢᠮᠠᠬ ᠬᠤᠳᠠ᠎ᠨᠢ ᠲᠤᠬᠠᠢᠯᠠᠪᠠᠯ ᠬᠦᠬᠡᠬᠤᠳᠠ ᠂ ᠬᠦᠯᠦᠨ ᠪᠤᠢᠷ ᠬᠤᠳᠠ ᠂ ᠬᠢᠩᠭᠠᠨ ᠠᠢᠮᠠᠬ ᠂ ᠲᠦᠩᠯᠢᠶᠤᠤ ᠬᠤᠳᠠ ᠂ ᠤᠯᠠᠭᠠᠨᠬᠠᠳᠠ ᠬᠤᠳᠠ ᠂ ᠰᠢᠯᠢ᠎ᠶᠢᠨ ᠭᠤᠤᠯ ᠠᠢᠮᠠᠬ ᠂ ᠤᠯᠠᠭᠠᠨᠴᠠᠪ ᠬᠤᠳᠠ ᠂ ᠤᠷᠳᠤᠰ ᠬᠤᠳᠠ ᠂ ᠪᠠᠶᠠᠨᠨᠠᠭᠤᠷ ᠬᠤᠳᠠ ᠪᠤᠯᠤᠨ᠎ᠠ ᠃ ᠲᠦᠷᠪᠡᠳᠦᠬᠡᠷ ᠲᠦᠷᠦᠯ᠎ᠤᠨ ᠭᠠᠵᠠᠷ ᠤᠷᠤᠨ᠎ᠨᠢ ᠨᠢᠬᠡᠳᠦᠬᠡᠷ ᠲᠦᠷᠦᠯ ᠂ ᠬᠤᠶᠠᠳᠤᠭᠠᠷ ᠲᠦᠷᠦᠯ ᠂ ᠭᠤᠷᠪᠠᠳᠤᠭᠠᠷ ᠲᠦᠷᠦᠯ᠎ᠡᠴᠠ ᠭᠠᠳᠠᠨᠠᠬᠢ ᠪᠤᠰᠤᠳ ᠬᠤᠰᠢᠭᠤ ᠰᠢᠶᠠᠨ ᠂ ᠬᠤᠳᠠ ᠲᠤᠭᠤᠷᠢᠬ ᠪᠠᠢᠵᠦ ᠂ ᠤᠳᠤᠬᠠᠨ ᠪᠤᠯᠳᠠᠯ᠎ᠠ ᠲᠦᠷᠪᠡᠳᠦᠬᠡᠷ ᠲᠦᠷᠦᠯ᠎ᠤᠨ ᠭᠠᠵᠠᠷ ᠤᠷᠤᠨ᠎ᠨᠢ 12 ᠠᠢᠮᠠᠬ ᠬᠤᠳᠠ᠎ᠶᠢᠨ 70 ᠬᠤᠰᠢᠭᠤ ᠰᠢᠶᠠᠨ ᠂ ᠬᠤᠳᠠ ᠲᠤᠭᠤᠷᠢᠬ᠎ᠲᠤ ᠬᠤᠯᠪᠤᠬᠳᠠᠵᠦ ᠪᠠᠢᠨ᠎ᠠ ᠃
︽ ᠰᠠᠨᠠᠯ ︾᠎ᠢ ᠲᠠᠷᠤᠮᠠᠯᠯᠠᠨ ᠲᠠᠷᠬᠠᠭᠠᠬᠰᠠᠨ᠎ᠤ ᠲᠠᠷᠠᠭ᠎ᠠ ᠂ ᠡᠯ᠎ᠠ ᠭᠠᠵᠠᠷ ᠤᠷᠤᠨ ᠲᠤᠰ ᠤᠷᠤᠨ ᠪᠦᠰᠡ ᠪᠠ ᠤᠢᠷᠠᠯᠴᠠᠭ᠎ᠠ ᠭᠠᠵᠠᠷ ᠤᠷᠤᠨ᠎ᠤ ᠬᠢᠵᠢᠭ᠎ᠤᠨ ᠪᠠᠢᠳᠠᠯ᠎ᠤᠨ ᠬᠤᠪᠢᠷᠠᠯᠳᠠ᠎ᠶᠢᠨ ᠪᠠᠢᠳᠠᠯ᠎ᠢᠶᠡᠨ ᠦᠨᠳᠦᠰᠦᠯᠡᠨ ᠂ ᠬᠠᠮᠢᠶ᠎ᠠ ᠪᠦᠬᠦᠢ ᠲᠦᠭᠰᠢᠬᠦᠷᠢ᠎ᠶᠢᠨ ᠡᠯᠧᠮᠧᠨ᠋ᠲ᠎ᠢ ᠶᠡᠷᠦᠩᠬᠡᠢᠯᠡᠨ ᠪᠤᠳᠤᠯᠬᠢᠯᠠᠵᠦ ᠂ ᠴᠠᠬ ᠲᠤᠬᠠᠢ᠎ᠳ᠋ᠤᠨᠢ ᠦᠨᠡᠯᠡᠨ ᠵᠢᠱᠢᠵᠦ ᠂ ᠰᠡᠷᠬᠡᠢᠯᠡᠨ ᠡᠵᠡᠮᠳᠡᠬᠦ ᠭᠠᠵᠠᠷ ᠤᠷᠤᠨ᠎ᠤ ᠲᠦᠷᠦᠯ ᠢᠯᠭᠠᠯ᠎ᠢ ᠬᠦᠳᠡᠯᠦᠩᠬᠦᠢ ᠲᠤᠬᠢᠷᠠᠭᠤᠯᠵᠤ ᠪᠤᠯᠤᠨ᠎ᠠ ᠃

ᠰᠤᠷᠪᠤᠯᠵᠢᠯᠠᠬᠴᠢ ᠄ ᠣᠳᠣᠬᠠᠨ᠎ᠳ᠋ᠤ ᠥᠪᠡᠷᠲᠡᠭᠡᠨ ᠵᠠᠰᠠᠬᠤ ᠣᠷᠣᠨ᠎ᠤ ᠡᠯ᠎ᠡ ᠠᠵᠢᠯ ᠲᠥᠷᠥᠯ ᠂ ᠡᠯ᠎ᠡ ᠰᠠᠯᠠᠭ᠎ᠠ ᠮᠥᠴᠢᠷ᠎ᠤᠳ ᠶᠠᠭ ᠰᠠᠢᠬᠠᠨ ᠠᠵᠢᠯ ᠦᠢᠯᠡᠳᠪᠦᠷᠢᠯᠡᠯ᠎ᠢ ᠠᠯᠬᠤᠮ ᠠᠯᠬᠤᠮ᠎ᠢᠶᠠᠷ ᠰᠡᠷᠭᠦᠭᠡᠵᠦ ᠪᠠᠢᠨ᠎ᠠ ᠂ ᠡᠨᠡ᠎ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ ᠳᠤᠤᠷᠠᠬᠢ ᠨᠡᠢᠭᠡᠮ᠎ᠤᠨ ᠬᠠᠮᠢᠶᠠᠷᠤᠨ ᠡᠵᠡᠮᠳᠡᠬᠦ ᠲᠠᠯ᠎ᠠ᠎ᠪᠠᠷ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠢᠨ᠎ᠠ ᠃ ᠲᠡᠭᠡᠪᠡᠯ ᠂ ᠪᠢᠳᠡ ᠬᠡᠷᠬᠢᠨ ᠨᠡᠢᠭᠡᠮ᠎ᠤᠨ ᠬᠠᠮᠢᠶᠠᠷᠤᠨ ᠡᠵᠡᠮᠳᠡᠬᠦ ᠠᠵᠢᠯ᠎ᠢ ᠤᠨᠤᠴᠠᠳᠠᠢ᠎ᠪᠠᠷ ᠰᠠᠢᠲᠤᠷ ᠬᠢᠵᠦ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠠᠵᠤ ᠠᠬᠤᠶ ᠨᠡᠢᠭᠡᠮ᠎ᠤᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ ᠬᠣᠶᠠᠷ ᠲᠠᠯ᠎ᠠ᠎ᠶᠢᠨ ᠠᠵᠢᠯ᠎ᠢ ᠰᠠᠢᠲᠤᠷ ᠬᠢᠬᠦ ᠪᠣᠶ ︖
ᠬᠦᠬᠡ ᠄ 2 ᠰᠠᠷ᠎ᠠ᠎ᠶᠢᠨ 12᠎ᠤᠨ ᠡᠳᠦᠷ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶᠠᠨ᠎ᠤ ᠬᠤᠷᠠᠯ᠎ᠳ᠋ᠤ ᠳᠤᠷᠠᠳᠤᠭᠰᠠᠨ ᠬᠠᠮᠢᠶ᠎ᠠ ᠪᠥᠬᠥᠶ ᠠᠭᠤᠯᠭ᠎ᠠ᠎ᠶᠢᠨ ᠳᠤᠬᠠᠢ ᠪᠢ ᠢᠩᠬᠢᠵᠦ ᠤᠢᠯᠠᠭᠠᠵᠦ ᠪᠠᠢᠨ᠎ᠠ ᠄ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠦᠢᠯᠡᠳᠪᠦᠷᠢᠯᠡᠯ ᠠᠵᠢᠯ᠎ᠢᠶᠡᠨ ᠰᠡᠷᠭᠦᠭᠡᠬᠦ᠎ᠶᠢᠨ ᠬᠠᠷᠢᠴᠠᠭ᠎ᠠ᠎ᠶᠢ ᠡᠵᠡᠮᠳᠡᠬᠦ᠎ᠶᠢᠨ ᠵᠠᠩᠭᠢᠯᠠᠭ᠎ᠠ᠎ᠨᠢ ︽ ᠨᠢᠭᠡᠳᠦᠯᠲᠡᠶ ᠲᠥᠯᠥᠪᠵᠢᠭᠦᠯᠦᠨ ᠨᠡᠢᠲᠡ᠎ᠳ᠋ᠤᠨᠢ ᠬᠠᠷᠠᠭᠠᠯᠵᠠᠬᠤ ︾ ᠶᠠᠪᠤᠳᠠᠯ ᠪᠣᠯᠤᠨ᠎ᠠ ᠂ ︽ ᠬᠢᠵᠢᠭ᠎ᠤᠨ ᠪᠠᠢᠳᠠᠯ ᠣᠨᠴᠠᠭᠠᠶ ᠬᠦᠨᠳᠦ ᠨᠣᠴᠢᠲᠠᠶ ᠪᠤᠶᠤ ᠲᠦᠭᠰᠢᠭᠦᠷᠢ ᠨᠡᠯᠢᠶᠡᠳ ᠶᠡᠬᠡ ᠭᠠᠵᠠᠷ ᠣᠷᠣᠨ ︾᠎ᠢ ᠰᠡᠷᠭᠡᠢᠯᠡᠨ ᠡᠵᠡᠮᠳᠡᠬᠦ᠎ᠪᠠᠨ ᠦᠷᠭᠦᠯᠵᠢᠯᠡᠨ ᠴᠢᠩᠭᠠᠳᠬᠠᠨ᠎ᠠ ᠂ ︽ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠭᠣᠤᠯᠳᠠᠯᠭ᠎ᠠ᠎ᠲᠠᠢ ᠪᠤᠰᠤ ᠭᠠᠵᠠᠷ ᠣᠷᠣᠨ ︾ ᠪᠤᠯ ᠬᠠᠷᠢᠨ ᠰᠡᠷᠭᠡᠢᠯᠡᠨ ᠡᠵᠡᠮᠳᠡᠬᠦ ᠪᠠ ᠰᠡᠷᠭᠦᠭᠡᠬᠦ᠎ᠶᠢ ᠨᠢᠭᠡᠳᠦᠯᠲᠡᠶ ᠲᠥᠯᠥᠪᠵᠢᠭᠦᠯᠦᠨ᠎ᠠ ᠃
ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠬᠤ ᠳᠤᠭᠤᠢᠯᠠᠩ᠎ᠤᠨ ᠳᠠᠷᠤᠮᠠᠯᠯᠠᠨ ᠲᠠᠷᠬᠠᠭᠠᠭᠰᠠᠨ ︽ ᠲᠥᠷᠥᠯ ᠬᠤᠪᠢᠶᠠᠨ ᠵᠢᠯᠣᠭᠣᠳᠴᠤ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠠᠵᠤ ᠠᠬᠤᠶ ᠨᠡᠢᠭᠡᠮ᠎ᠤᠨ ᠬᠥᠭᠵᠢᠯᠲᠡ᠎ᠶᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠬᠦ ᠲᠤᠬᠠᠶ ᠰᠠᠨᠠᠯ ︾᠎ᠳ᠋ᠤ ᠂ ᠬᠢᠵᠢᠭ᠎ᠤᠨ ᠪᠠᠢᠳᠠᠯ᠎ᠢ ᠪᠥᠬᠥ ᠬᠦᠴᠦᠨ᠎ᠢᠶᠠᠷ᠎ᠢᠶᠡᠨ ᠰᠡᠷᠬᠡᠢᠯᠡᠨ ᠡᠵᠡᠮᠳᠡᠬᠦ᠎ᠶᠢᠨ ᠬᠠᠮᠳᠤ ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠯ᠎ᠡ ᠵᠦᠢᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠬᠤᠨ᠎ᠠ ᠃ ᠭᠤᠷᠪᠠᠨ ᠶᠡᠬᠡ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠡᠯ᠎ᠡ ᠵᠦᠢᠯ᠎ᠤᠨ ᠡᠭᠦᠷᠭᠡ᠎ᠶᠢ ᠠᠬᠢᠭᠤᠯᠬᠤ ᠱᠠᠭᠠᠷᠳᠠᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠨᠥᠯᠥᠭᠡ᠎ᠶᠢ ᠬᠠᠮᠤᠭ᠎ᠤᠨ ᠳᠣᠣᠷ᠎ᠠ ᠬᠡᠮᠵᠢᠶᠡᠨ᠎ᠳ᠋ᠤ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠢᠵᠤ ᠂ ᠪᠦᠬᠦ ᠵᠢᠯ᠎ᠤᠨ ᠠᠵᠤ ᠠᠬᠤᠢ ᠨᠡᠢᠭᠡᠮ᠎ᠤᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠡᠶᠡᠯᠡᠭᠦᠯᠵᠦ ᠂ ᠮᠠᠨ᠎ᠤ ᠣᠷᠣᠨ᠎ᠤ ︽ ᠠᠷᠪᠠᠨ ᠭᠤᠷᠪᠠᠳᠤᠭᠠᠷ ᠲᠠᠪᠤᠨ ᠵᠢᠯ ︾᠎ᠤᠨ ᠲᠥᠯᠥᠪᠵᠢᠭᠦᠯᠭᠡ᠎ᠶᠢ ᠠᠮᠵᠢᠯᠲᠠ᠎ᠲᠠᠢ ᠪᠡᠶᠡᠯᠡᠭᠦᠯᠬᠦ᠎ᠶᠢ ᠪᠠᠲᠤᠯᠠᠵᠤ ᠂ ᠪᠦᠬᠦ ᠤᠯᠤᠰ᠎ᠲᠠᠢ ᠬᠠᠮᠲᠤ᠎ᠪᠠᠷ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠦᠳᠦᠭᠡᠨ ᠪᠠᠢᠭᠤᠯᠤᠨ᠎ᠠ ᠭᠡᠵᠤ ᠳᠤᠷᠠᠳᠤᠭᠰᠠᠨ ᠪᠠᠢᠨ᠎ᠠ ᠃
ᠡᠢᠨ ᠬᠦ ᠂ ᠨᠡᠢᠭᠡᠮ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠠᠯ᠎ᠠ᠎ᠪᠠᠷ ᠬᠣᠶᠠᠷ ᠵᠠᠩᠭᠢᠯᠠᠭ᠎ᠠ᠎ᠶᠢ ᠠᠳᠬᠤᠬᠤ ᠬᠡᠷᠡᠭᠳᠡᠢ ᠃ ᠨᠢᠭᠡ᠎ᠨᠢ ᠤᠨᠤᠴᠠᠳᠠᠢ ᠂ ᠨᠦᠭᠦᠭᠡ᠎ᠨᠢ ᠤᠷᠤᠨ ᠬᠤᠪᠢᠶᠠᠨ ᠲᠠᠰ ᠬᠤᠪᠢᠶᠠᠨ᠎ᠠ ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠮᠠᠨ᠎ᠤ ᠣᠷᠣᠨ᠎ᠤ ᠪᠣᠳᠠᠲᠤ ᠪᠠᠢᠳᠠᠯ᠎ᠢ ᠦᠨᠳᠦᠰᠦᠯᠡᠵᠦ ᠲᠤᠭᠳᠠᠭᠠᠨ ᠬᠡᠷᠡᠭᠵᠢᠬᠦᠯᠵᠦ ᠪᠠᠢᠭ᠎ᠠ ᠵᠦᠷᠢᠶᠡᠴᠢᠯᠡᠭᠰᠡᠨ ᠂ ᠣᠨᠣᠴᠠᠵᠢᠭᠤᠯᠤᠭᠰᠠᠨ ᠰᠡᠷᠭᠡᠢᠯᠡᠨ ᠡᠵᠡᠮᠳᠡᠬᠦ ᠠᠷᠭ᠎ᠠ ᠪᠣᠳᠣᠯᠭ᠎ᠠ ᠪᠣᠯᠤᠨ᠎ᠠ ᠃
ᠪᠣᠳᠠᠲᠠᠶ ᠠᠵᠢᠯ᠎ᠤᠨ ᠳᠤᠮᠳᠠ ᠂ ︽ ᠰᠠᠨᠠᠯ ︾᠎ᠤᠨ ᠱᠠᠭᠠᠷᠳᠠᠯᠭ᠎ᠠ ᠶᠣᠰᠣᠭᠠᠷ ᠂ ᠪᠢᠳᠡ ᠬᠢᠵᠢᠭ᠎ᠤᠨ ᠪᠠᠢᠳᠠᠯ᠎ᠢ ᠣᠷᠣᠨ ᠬᠤᠪᠢᠶᠠᠨ ᠤᠨᠤᠴᠠᠳᠠᠢ ᠲᠣᠭᠲᠠᠭᠠᠬᠰᠠᠨ ᠰᠠᠭᠤᠷᠢᠨ ᠳᠡᠭᠡᠷ᠎ᠡ ᠂ ᠣᠷᠣᠨ ᠬᠤᠪᠢᠶᠠᠨ ᠳᠡᠰ ᠬᠤᠪᠢᠶᠠᠨ ᠰᠡᠷᠭᠡᠢᠯᠡᠨ ᠡᠵᠡᠮᠳᠡᠬᠦ᠎ᠶᠢ ᠬᠡᠷᠡᠭᠵᠢᠭᠦᠯᠵᠦ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠭᠣᠤᠯᠳᠠᠯᠭ᠎ᠠ᠎ᠲᠠᠢ ᠭᠣᠭᠴᠣᠭ᠎ᠠ᠎ᠶᠢ ᠰᠠᠶᠢᠲᠤᠷ ᠠᠳᠬᠤᠬᠤ ᠬᠡᠷᠡᠭᠲᠡᠶ ᠃ ᠪᠣᠳᠠᠲᠠᠢ ᠠᠵᠢᠯ᠎ᠤᠨ ᠲᠠᠯ᠎ᠠ᠎ᠪᠠᠷ ᠂ ᠪᠢᠳᠡ ᠭᠤᠷᠪᠠᠨ ᠰᠡᠷᠭᠡᠢᠯᠡᠯᠲᠡ᠎ᠶᠢᠨ ᠱᠤᠭᠤᠮ᠎ᠢ ᠨᠢᠭᠲᠠ ᠴᠤᠬᠴᠠᠯᠠᠨ᠎ᠡ ᠃ ᠨᠢᠭᠡ᠎ᠳ᠋ᠤ ᠵᠠᠮ ᠬᠠᠷᠢᠯᠴᠠᠭᠠᠨ᠎ᠤ ᠪᠣᠭᠣᠮᠲᠠ᠎ᠶᠢᠨ ᠰᠡᠷᠭᠡᠢᠯᠡᠯᠲᠡ᠎ᠶᠢᠨ ᠱᠤᠭᠤᠮ᠎ᠢ ᠪᠠᠲᠤ ᠰᠠᠬᠢᠵᠤ ᠂ ᠭᠠᠳᠠᠨ᠎ᠠ᠎ᠡᠴᠠ ᠢᠷᠡᠭᠰᠡᠨ ᠬᠥᠮᠦᠰ᠎ᠤᠨ ᠮᠠᠨ᠎ᠤ ᠣᠷᠣᠨ᠎ᠳ᠋ᠤ ᠣᠷᠣᠬᠤ ᠨᠢᠭᠡᠳᠦᠭᠡᠷ ᠪᠣᠭᠣᠮᠲᠠ᠎ᠶᠢ ᠰᠠᠢᠲᠤᠷ ᠡᠵᠡᠮᠳᠡᠬᠦ ᠬᠡᠷᠡᠭᠲᠡᠶ ᠃ ᠬᠣᠶᠠᠷ᠎ᠲᠤ ᠨᠡᠢᠭᠡᠮ ᠲᠣᠭᠣᠷᠢᠭ ︵ ᠭᠠᠴᠠᠭ᠎ᠠ ᠲᠣᠰᠬᠣᠨ ︶᠎ᠤᠨ ᠰᠡᠷᠭᠡᠢᠯᠡᠯᠲᠡ᠎ᠶᠢᠨ ᠱᠤᠭᠤᠮ᠎ᠢ ᠰᠠᠢᠲᠤᠷ ᠰᠠᠬᠢᠨ ᠡᠵᠡᠮᠳᠡᠬᠦ ᠬᠡᠷᠡᠭᠲᠡᠶ ᠃ ᠭᠤᠷᠪᠠ᠎ᠳ᠋ᠤ ᠡᠮᠨᠡᠬᠦᠯᠬᠦ ᠰᠢᠭᠰᠢᠨ ᠪᠠᠢᠴᠠᠭᠠᠬᠤ ᠰᠡᠷᠭᠡᠢᠯᠡᠯᠲᠡ᠎ᠶᠢᠨ ᠱᠤᠭᠤᠮ᠎ᠢ ᠴᠢᠩᠭ᠎ᠠ ᠡᠵᠡᠮᠳᠡᠬᠦ ᠬᠡᠷᠡᠭᠲᠡᠶ ᠃
ᠠᠵᠤ ᠠᠬᠤᠢᠯᠠᠯ᠎ᠤᠨ ᠡᠮᠬᠢ ᠵᠢᠷᠤᠮ᠎ᠲᠠᠢ᠎ᠪᠠᠷ ᠠᠵᠢᠯ ᠦᠢᠯᠡᠳᠪᠦᠷᠢᠯᠡᠯ᠎ᠢᠶᠡᠨ ᠰᠡᠷᠭᠦᠭᠡᠨ ᠡᠬᠢᠯᠡᠭᠦᠯᠬᠦ᠎ᠶᠢ ᠳᠡᠮᠵᠢᠬᠦ ᠲᠠᠯ᠎ᠠ᠎ᠪᠠᠷ ᠪᠢᠳᠡ ᠬᠥᠮᠦᠨ ᠬᠠᠷ᠎ᠠ ᠵᠢᠴᠢ ᠪᠠᠷᠠᠭᠠᠨ᠎ᠤ ᠭᠦᠢᠯᠭᠡᠭᠡ᠎ᠶᠢᠨ ᠡᠮᠬᠢ ᠵᠢᠷᠤᠮ᠎ᠲᠠᠢ ᠪᠥᠭᠡᠳ ᠰᠠᠭᠠᠳ ᠦᠭᠡᠢ ᠨᠡᠪᠲᠡᠷᠡᠬᠦ᠎ᠶᠢ ᠪᠠᠲᠤᠯᠠᠨ᠎ᠠ ᠃ ᠳᠥᠷᠪᠡᠳᠦᠭᠡᠷ ᠲᠥᠷᠥᠯ᠎ᠤᠨ ᠭᠠᠵᠠᠷ ᠣᠷᠣᠨ ᠢᠯᠠᠩᠭᠤᠶ᠎ᠠ ᠪᠤᠰᠤᠳ ᠮᠣᠵᠢ ᠣᠷᠣᠨ᠎ᠯᠤᠭ᠎ᠠ ᠬᠥᠷᠰᠢᠯᠡᠵᠦ ᠪᠠᠢᠭ᠎ᠠ ᠬᠣᠰᠢᠭᠤ ᠰᠢᠶᠠᠨ ︵ ᠬᠣᠲᠠ ᠂ ᠲᠣᠭᠣᠷᠢᠭ ︶᠎ᠤᠳ ᠭᠠᠳᠠᠨ᠎ᠠ᠎ᠡᠴᠠ ᠬᠠᠯᠳᠠᠪᠤᠷᠢᠯᠠᠨ ᠤᠷᠤᠵᠤ ᠢᠷᠡᠭᠦ᠎ᠶᠢ ᠰᠡᠷᠭᠡᠢᠯᠡᠬᠦ ᠠᠵᠢᠯ᠎ᠢ ᠦᠷᠭᠦᠯᠵᠢᠯᠡᠨ ᠰᠠᠢᠲᠤᠷ ᠬᠢᠨ᠎ᠡ ᠃ ᠬᠣᠶᠠᠳᠤᠭᠠᠷ ᠲᠥᠷᠥᠯ ᠂ ᠭᠤᠷᠪᠠᠳᠤᠭᠠᠷ ᠲᠥᠷᠥᠯ᠎ᠤᠨ ᠭᠠᠵᠠᠷ ᠣᠷᠣᠨ᠎ᠤ ᠭᠠᠳᠠᠨ᠎ᠠ᠎ᠡᠴᠠ ᠬᠠᠯᠳᠠᠪᠤᠷᠢᠯᠠᠨ ᠤᠷᠤᠵᠤ ᠢᠷᠡᠭᠦ᠎ᠶᠢ ᠰᠡᠷᠭᠡᠶᠢᠯᠡᠬᠦ᠎ᠶᠢᠨ ᠬᠠᠮᠲᠤ ᠭᠠᠳᠠᠭᠰᠢ ᠭᠠᠷᠤᠭᠰᠠᠳ᠎ᠤᠨ ᠬᠠᠮᠢᠶᠠᠷᠤᠯᠲᠠ᠎ᠶᠢ ᠴᠢᠩᠭᠠᠳᠬᠠᠨ᠎ᠠ ᠃ ᠮᠠᠯᠴᠢᠨ ᠲᠠᠷᠢᠶᠠᠴᠢᠨ ᠬᠦᠯᠦᠰᠤᠨ ᠠᠵᠢᠯᠴᠢᠨ ᠵᠡᠷᠭᠡ ᠭᠣᠤᠯᠳᠠᠯᠭ᠎ᠠ᠎ᠲᠠᠢ ᠬᠥᠮᠦᠰ᠎ᠤᠨ ᠠᠵᠢᠯ᠎ᠤᠨ ᠪᠠᠢᠷᠢ᠎ᠳᠠᠭᠠᠨ ᠪᠤᠴᠠᠬᠤ ᠵᠣᠯᠭᠠᠯᠴᠠᠭ᠎ᠠ ᠪᠠ ᠦᠢᠯᠡᠴᠢᠯᠡᠭᠡ᠎ᠶᠢ ᠰᠠᠢᠲᠤᠷ ᠬᠢᠨ᠎ᠡ ᠃ ᠠᠵᠢᠯᠲᠠᠨ ᠠᠵᠢᠯᠴᠢᠨ᠎ᠤ ᠠᠵᠢᠯ᠎ᠤᠨ ᠪᠠᠢᠷᠢ᠎ᠳᠠᠭᠠᠨ ᠪᠤᠴᠠᠬᠤ᠎ᠶᠢ ᠰᠠᠭᠠᠳ ᠦᠭᠡᠢ ᠨᠡᠪᠲᠡᠷᠡᠬᠦᠯᠦᠨ᠎ᠡ ᠃ ᠪᠤᠴᠠᠵᠤ ᠢᠷᠡᠬᠦ ᠪᠠᠢᠳᠠᠯ᠎ᠢ ᠵᠠᠳᠠᠯᠬᠤ ᠂ ᠰᠡᠷᠭᠡᠢᠯᠡᠨ ᠡᠵᠡᠮᠳᠡᠬᠦ ᠴᠢᠳᠠᠪᠤᠷᠢ᠎ᠶᠢ ᠦᠨᠡᠯᠡᠨ ᠵᠢᠱᠢᠬᠦ ᠂ ᠵᠠᠮ ᠬᠠᠷᠢᠯᠴᠠᠭᠠᠨ᠎ᠤ ᠪᠤᠭᠤᠮᠳᠠ᠎ᠳ᠋ᠤ ᠵᠢᠭᠰᠠᠭᠠᠨ ᠪᠠᠢᠴᠠᠭᠠᠬᠤ ᠂ ᠠᠵᠤ ᠠᠬᠤᠢᠯᠠᠯ᠎ᠤᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠪᠠ ᠨᠡᠢᠭᠡᠮ ᠲᠣᠭᠣᠷᠢᠭ᠎ᠤᠨ ᠣᠯᠠᠨ᠎ᠢᠶᠠᠷ᠎ᠢᠶᠡᠨ ᠰᠡᠷᠭᠡᠢᠯᠡᠵᠦ ᠣᠯᠠᠨ᠎ᠢᠶᠠᠷ᠎ᠢᠶᠡᠨ ᠡᠵᠡᠮᠳᠡᠬᠦ ᠵᠡᠷᠭᠡ ᠠᠵᠢᠯ᠎ᠢ ᠰᠠᠢᠲᠤᠷ ᠬᠢᠵᠦ ᠂ ᠭᠠᠳᠠᠨ᠎ᠠ᠎ᠡᠴᠠ ᠢᠷᠡᠭᠰᠡᠨ ᠲᠡᠷᠭᠡ ᠬᠥᠰᠬᠡ ᠪᠠ ᠬᠥᠮᠦᠰ ᠪᠦᠬᠦᠨ᠎ᠢ ᠢᠳᠬᠠᠵᠦ ᠪᠤᠴᠠᠭᠠᠬᠤ ᠵᠡᠷᠭᠡ ᠲᠥᠬᠥᠮᠬᠡᠨ ᠠᠷᠭ᠎ᠠ ᠬᠢᠳᠡᠯ᠎ᠢ ᠵᠠᠯᠠᠷᠠᠭᠤᠯᠤᠨ᠎ᠠ ᠃

ᠰᠤᠷᠪᠤᠯᠵᠢᠯᠠᠬᠴᠢ ᠄ ᠣᠢᠷ᠎ᠠ᠎ᠶᠢᠨ ᠬᠤᠭᠤᠴᠠᠭᠠᠨ᠎ᠳ᠋ᠤ ᠤᠯᠤᠰ ᠪᠠ ᠥᠪᠡᠷᠲᠡᠭᠡᠨ ᠵᠠᠰᠠᠬᠤ ᠣᠷᠣᠨ᠎ᠡᠴᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠶᠢ ᠰᠠᠢᠲᠤᠷ ᠬᠢᠵᠦ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠠᠬᠢᠭᠤᠯᠬᠤ ᠲᠤᠬᠠᠶ ᠱᠠᠭᠠᠷᠳᠠᠯᠭ᠎ᠠ ᠳᠤᠷᠠᠳᠪᠠ ᠂ ᠮᠠᠨ᠎ᠤ ᠣᠷᠣᠨ᠎ᠤ ᠬᠡᠪᠴᠢᠶᠡᠵᠢᠯ᠎ᠡᠴᠠ ᠳᠡᠭᠡᠭᠰᠢᠬᠢ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠠᠬᠢᠭᠤᠯᠬᠤ ᠠᠵᠢᠯ᠎ᠤᠨ ᠠᠷᠭ᠎ᠠ ᠬᠡᠮᠵᠢᠶ᠎ᠡ᠎ᠶᠢᠨ ᠲᠤᠬᠠᠢ ᠶᠠᠷᠢᠭᠠᠳ ᠥᠭᠭᠦᠨ᠎ᠡ ‍ᠤᠤ ︖
ᠵᠠᠩ ᠳ᠋ᠧ ᠄ ᠲᠥᠷᠥ᠎ᠶᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠱᠠᠭᠠᠷᠳᠠᠯᠭ᠎ᠠ ᠶᠣᠰᠣᠭᠠᠷ ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ ᠢᠳᠡᠪᠬᠢᠲᠡᠶ ᠪᠠᠢᠷᠢᠯᠠᠭᠤᠯᠤᠯᠲᠠ ᠬᠢᠵᠦ ᠂ ᠠᠷᠭ᠎ᠠ ᠬᠡᠮᠵᠢᠶ᠎ᠡ᠎ᠶᠢᠨ ᠪᠠᠲᠤᠯᠠᠭ᠎ᠠ᠎ᠶᠢ ᠴᠢᠩᠭᠠᠳᠬᠠᠨ ᠂ ᠠᠵᠤ ᠠᠬᠤᠢᠯᠠᠯ᠎ᠤᠨ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠠᠬᠢᠭᠤᠯᠵᠠᠢ ᠃ ᠨᠢᠭᠡ᠎ᠳ᠋ᠤ ᠂ ᠪᠥᠬᠥ ᠣᠷᠣᠨ᠎ᠤ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ ᠸᠢᠳᠢᠣ᠋ ᠬᠤᠷᠠᠯ ᠬᠤᠷᠠᠯᠳᠤᠭᠤᠯᠵᠤ ᠂ ᠪᠥᠬᠥ ᠣᠷᠣᠨ᠎ᠤ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ ᠠᠵᠢᠯ᠎ᠢ ᠪᠥᠬᠥ ᠲᠠᠯ᠎ᠠ᠎ᠪᠠᠷ ᠳᠠᠢᠴᠢᠯᠠᠨ ᠪᠠᠢᠷᠢᠯᠠᠭᠤᠯᠪᠠ ︔ ᠬᠣᠶᠠᠷ᠎ᠲᠤ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠳ᠋ᠤ ᠨᠥᠬᠥᠴᠡᠯ ᠪᠦᠷᠢᠯᠳᠦᠭᠦᠯᠵᠦ ᠥᠭᠬᠦ᠎ᠪᠠᠷ ᠴᠢᠷᠮᠠᠢᠵᠤ ᠂ ᠥᠪᠡᠷᠲᠡᠭᠡᠨ ᠵᠠᠰᠠᠬᠤ ᠣᠷᠣᠨ᠎ᠤ 116 ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ ᠪᠦᠷᠢ᠎ᠳ᠋ᠤ 2 ᠲᠣᠨ᠎ᠤ ᠠᠷᠢᠭᠤᠳᠬᠠᠬᠤ ᠦᠢᠯᠡᠳᠬᠦᠨ᠎ᠢ ᠪᠠᠴᠢᠮ ᠪᠠᠭᠤᠯᠭᠠᠨ ᠦᠭᠴᠦ ᠂ ᠣᠳᠣᠬᠠᠨ᠎ᠳ᠋ᠤ ᠨᠢᠭᠡᠨᠲᠡ ᠪᠦᠬᠦᠨ᠎ᠢ ᠨᠠᠢᠳᠠᠪᠤᠷᠢᠵᠢᠭᠤᠯᠪᠠ ︔ ᠭᠤᠷᠪᠠ᠎ᠳ᠋ᠤ ᠨᠢᠭᠡ ᠪᠦᠯᠦᠭ ᠭᠣᠤᠯᠳᠠᠯᠭ᠎ᠠ᠎ᠲᠠᠢ ᠡᠮ ᠡᠮᠨᠡᠯᠭᠡ᠎ᠶᠢᠨ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ ᠪᠠ ᠠᠷᠢᠭᠤᠳᠬᠠᠨ ᠤᠰᠠᠳᠬᠠᠬᠤ ᠬᠡᠷᠡᠭᠯᠡᠭᠡᠨ᠎ᠤ ᠡᠳ᠋ ᠪᠣᠳᠠᠰ ᠦᠢᠯᠡᠳᠪᠦᠷᠢᠯᠡᠬᠦ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠠᠬᠢᠭᠤᠯᠪᠠ ᠃ ᠣᠳᠣᠬᠠᠨ᠎ᠳ᠋ᠤ ᠨᠢᠭᠡᠨᠲᠡ ᠰᠢᠨ ᠯᠦᠩ ᠺᠠᠩ ᠵᠡᠷᠭᠡ ᠠᠮᠠᠪᠴᠢ ᠂ ᠰᠡᠷᠬᠡᠢᠯᠡᠯᠳᠡ᠎ᠶᠢᠨ ᠬᠤᠪᠴᠠᠰᠤ ᠂ ᠠᠷᠢᠭᠤᠳᠬᠠᠨ ᠤᠰᠠᠳᠬᠠᠬᠤ ᠦᠢᠯᠡᠳᠬᠦᠨ ᠦᠢᠯᠡᠳᠪᠦᠷᠢᠯᠡᠬᠦ ᠠᠵᠤ ᠠᠬᠤᠢᠯᠠᠯ ᠠᠵᠢᠯ᠎ᠢᠶᠡᠨ ᠡᠬᠢᠯᠡᠭᠦᠯᠪᠡ ︔ ᠳᠥᠷᠪᠡ᠎ᠳ᠋ᠤ ᠂ ᠪᠥᠬᠥ ᠣᠷᠣᠨ᠎ᠤ ᠬᠡᠪᠴᠢᠶᠡᠵᠢᠯ᠎ᠡᠴᠠ ᠳᠡᠭᠡᠭᠰᠢᠬᠢ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠭᠰᠡᠨ ᠪᠠᠢᠳᠠᠯ᠎ᠢ ᠡᠳᠦᠷ ᠪᠦᠷᠢ ᠲᠣᠬᠢᠷᠠᠭᠤᠯᠬᠤ ᠂ ᠬᠦᠷᠢᠶᠡᠯᠡᠩ ᠲᠣᠭᠣᠷᠢᠭ᠎ᠤᠨ ᠠᠵᠤ ᠠᠬᠤᠢᠯᠠᠯ ᠪᠠ ᠭᠣᠤᠯᠳᠠᠯᠭ᠎ᠠ᠎ᠲᠠᠢ ᠲᠥᠷᠥᠯ ᠵᠦᠢᠯ᠎ᠤᠨ ᠠᠵᠢᠯ᠎ᠢᠶᠡᠨ ᠡᠬᠢᠯᠡᠭᠦᠯᠦᠭᠰᠡᠨ ᠰᠡᠷᠭᠦᠭᠡᠭᠰᠡᠨ ᠪᠠᠢᠳᠠᠯ᠎ᠢ ᠭᠠᠷᠠᠭ ᠪᠦᠷᠢ ᠲᠤᠬᠢᠷᠠᠭᠤᠯᠬᠤ ᠲᠦᠷᠢᠮ᠎ᠢ ᠬᠡᠷᠡᠭᠵᠢᠭᠦᠯᠵᠤ ᠪᠤᠢ ᠃
ᠲᠠᠷᠠᠭᠠᠴᠢ᠎ᠪᠠᠷ ᠂ ᠰᠢᠨᠵᠢᠯᠡᠬᠦ ᠤᠬᠠᠭᠠᠨᠴᠢ᠎ᠪᠠᠷ ᠰᠡᠷᠭᠡᠢᠯᠡᠨ ᠡᠵᠡᠮᠳᠡᠬᠦ᠎ᠶᠢ ᠦᠷᠭᠦᠯᠵᠢᠯᠡᠨ ᠰᠠᠢᠲᠤᠷ ᠬᠢᠬᠦ᠎ᠶᠢᠨ ᠬᠠᠮᠲᠤ ᠂ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠲᠦᠷᠭᠡᠳᠬᠡᠨ ᠠᠬᠢᠭᠤᠯᠬᠤ᠎ᠶᠢᠨ ᠲᠥᠯᠥᠭᠡ ᠂ ᠪᠢᠳᠡ ᠳᠣᠤᠷᠠᠬᠢ ᠬᠡᠳᠦᠨ ᠲᠠᠯ᠎ᠠ᠎ᠶᠢᠨ ᠠᠵᠢᠯ᠎ᠢ ᠭᠣᠤᠯᠳᠠᠯᠭ᠎ᠠ᠎ᠲᠠᠢ ᠰᠠᠢᠲᠤᠷ ᠠᠳᠬᠤᠨ᠎ᠠ ᠃ ᠨᠢᠭᠡ᠎ᠳ᠋ᠤ ᠠᠵᠢᠯ᠎ᠤᠨ ᠡᠷᠴᠢᠮ᠎ᠢᠶᠡᠨ ᠴᠢᠨᠠᠭᠰᠢᠳᠠ ᠴᠢᠩᠭᠠᠷᠠᠭᠤᠯᠵᠤ ᠂ ᠰᠠᠭᠤᠷᠢ ᠲᠣᠭ᠎ᠠ᠎ᠶᠢ ᠲᠣᠳᠣᠷᠬᠠᠶ ᠣᠢᠯᠠᠭᠠᠨ ᠂ ᠨᠠᠷᠢᠨ ᠲᠠᠩᠰᠠ ᠵᠤᠬᠢᠶᠠᠨ᠎ᠠ ᠃ ᠬᠣᠶᠠᠷ᠎ᠲᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠵᠤ ᠂ ᠤᠨᠤᠴᠠᠳᠠᠢ ᠠᠷᠭ᠎ᠠ ᠪᠣᠳᠣᠯᠭ᠎ᠠ ᠬᠡᠷᠡᠭᠵᠢᠭᠦᠯᠵᠤ ᠂ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ ᠶᠣᠰᠣᠭᠠᠷ ᠂ ᠰᠢᠨᠵᠢᠯᠡᠬᠦ ᠤᠬᠠᠭᠠᠨᠴᠢ᠎ᠪᠠᠷ ᠬᠢᠵᠢᠭ᠎ᠤᠨ ᠪᠠᠢᠳᠠᠯ᠎ᠢ ᠰᠠᠷᠭᠡᠢᠯᠡᠨ ᠡᠵᠡᠮᠳᠡᠬᠦ᠎ᠶᠢ ᠦᠷᠭᠦᠯᠵᠢᠯᠡᠨ ᠰᠠᠢᠲᠤᠷ ᠬᠢᠬᠦ᠎ᠶᠢᠨ ᠬᠠᠮᠲᠤ ᠂ ᠲᠥᠷᠥᠯ ᠬᠤᠪᠢᠶᠠᠨ ᠯᠠᠪᠳᠠᠭᠤᠨ ᠡᠮᠬᠢ ᠵᠢᠷᠤᠮ᠎ᠲᠠᠢ᠎ᠪᠠᠷ ᠠᠵᠤ ᠦᠢᠯᠡᠳᠪᠦᠷᠢ᠎ᠶᠢᠨ ᠬᠡᠪ᠎ᠤᠨ ᠦᠢᠯᠡᠳᠪᠦᠷᠢᠯᠡᠯ᠎ᠢ ᠰᠡᠷᠭᠦᠭᠡᠨ᠎ᠡ ᠃ ᠭᠤᠷᠪᠠ᠎ᠳ᠋ᠤ ᠭᠣᠤᠯᠳᠠᠯᠭ᠎ᠠ᠎ᠶᠢ ᠳᠣᠪᠣᠢᠯᠭᠠᠵᠤ ᠂ ᠠᠵᠢᠯ ᠡᠬᠢᠯᠡᠭᠦᠯᠬᠦ᠎ᠶᠢ ᠬᠦᠴᠦᠲᠡᠶ ᠠᠳᠬᠤᠨ᠎ᠠ ᠃ 2020 ᠣᠨ᠎ᠳ᠋ᠤ ᠲᠣᠭᠲᠠᠭᠠᠭᠰᠠᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠲᠥᠯᠥᠪᠯᠡᠭᠡ᠎ᠶᠢᠨ ᠲᠣᠭᠣᠷᠢᠨ᠎ᠳ᠋ᠤ ᠭᠣᠤᠯᠳᠠᠯᠭ᠎ᠠ᠎ᠲᠠᠢ ᠲᠥᠷᠥᠯ ᠵᠦᠢᠯ᠎ᠤᠨ ᠠᠵᠢᠯ᠎ᠢᠶᠡᠨ ᠡᠬᠢᠯᠡᠭᠦᠯᠬᠦ ᠰᠡᠷᠭᠦᠭᠡᠭᠦ᠎ᠶᠢ ᠲᠦᠷᠭᠡᠳᠬᠡᠨ ᠠᠬᠢᠭᠤᠯᠤᠨ᠎ᠠ ᠃ ᠳᠥᠷᠪᠡ᠎ᠳ᠋ᠤ ᠵᠣᠬᠢᠴᠠᠭᠤᠯᠭ᠎ᠠ᠎ᠪᠠᠨ ᠴᠢᠩᠭᠠᠳᠬᠠᠵᠤ ᠂ ᠦᠢᠯᠡᠴᠢᠯᠡᠭᠡ᠎ᠪᠠᠨ ᠴᠢᠩᠭᠠᠳᠬᠠᠨ᠎ᠠ ᠃ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ ᠂ ᠵᠣᠬᠢᠴᠠᠭᠤᠯᠬᠤ ᠠᠵᠢᠯ᠎ᠤᠨ ᠲᠣᠭᠲᠠᠴᠠ᠎ᠶᠢ ᠪᠠᠢᠭᠤᠯᠤᠨ ᠂ ᠠᠵᠤ ᠠᠬᠤᠢᠯᠠᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠂ ᠠᠵᠢᠯ᠎ᠢᠶᠡᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠂ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠪᠠ ᠡᠵᠡᠩᠨᠡᠯᠲᠡ᠎ᠶᠢᠨ ᠶᠠᠪᠤᠴᠠ᠎ᠳ᠋ᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠶ᠎ᠳ᠋ᠤᠨᠢ ᠵᠣᠬᠢᠴᠠᠭᠤᠯᠤᠨ ᠰᠢᠢᠳᠪᠦᠷᠢᠯᠡᠨ᠎ᠡ ᠃ ᠲᠠᠪᠤ᠋᠎ᠳ᠋ᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠂ ᠢᠲᠡᠭᠡᠯ ᠵᠣᠷᠢᠭ᠎ᠢ ᠬᠥᠪᠴᠢᠯᠡᠨ᠎ᠡ ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠤ ᠠᠬᠤᠢᠯᠠᠯ ᠪᠣᠯᠤᠨ ᠳᠤᠮᠳᠠ ᠪᠠᠭ᠎ᠠ ᠠᠵᠤ ᠠᠬᠤᠢᠯᠠᠯ᠎ᠤᠨ ᠬᠦᠭᠵᠢᠯᠳᠡ᠎ᠶᠢ ᠲᠡᠮᠵᠢᠬᠦ ᠲᠥᠷᠥ᠎ᠶᠢᠨ ᠪᠣᠳᠣᠯᠭ᠎ᠠ᠎ᠶᠢ ᠰᠠᠢᠳᠤᠷ ᠨᠠᠢᠳᠠᠪᠤᠷᠢᠵᠢᠭᠤᠯᠬᠤ᠎ᠶᠢᠨ ᠬᠠᠮᠲᠤ ᠂ ᠡᠯ᠎ᠡ ᠭᠠᠵᠠᠷ ᠣᠷᠣᠨ᠎ᠤ ᠲᠤᠬᠠᠶ᠎ᠶᠢᠨ ᠭᠠᠵᠠᠷ ᠣᠷᠣᠨ᠎ᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠰ ᠭᠠᠵᠠᠷ ᠣᠷᠣᠨ᠎ᠤ᠎ᠪᠠᠨ ᠳᠡᠮᠵᠢᠯᠭᠡ ᠦᠵᠡᠭᠦᠯᠬᠦ ᠲᠥᠷᠥ᠎ᠶᠢᠨ ᠪᠣᠳᠣᠯᠭ᠎ᠠ᠎ᠶᠢ ᠲᠣᠭᠲᠠᠭᠠᠨ ᠬᠡᠷᠡᠭᠵᠢᠭᠦᠯᠬᠦ᠎ᠶᠢ ᠳᠡᠮᠵᠢᠵᠦ ᠂ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ ᠢᠲᠡᠭᠡᠯ ᠵᠣᠷᠢᠭ᠎ᠢ᠎ᠨᠢ ᠴᠢᠩᠭᠠᠷᠠᠭᠤᠯᠤᠨ᠎ᠠ ᠃

ᠰᠤᠷᠪᠤᠯᠵᠢᠯᠠᠭᠴᠢ ᠄ ︽ ᠰᠠᠨᠠᠯ ︾᠎ᠳ᠋ᠤ ︽ ᠲᠡᠷᠭᠡ ᠵᠤᠭᠰᠤᠭᠠᠬᠤ ᠦᠭᠡᠢ ᠂ ᠪᠠᠢᠴᠠᠭᠠᠬᠤ ᠦᠭᠡᠢ ᠂ ᠰᠦᠢᠳᠭᠡᠯ ᠬᠤᠷᠢᠶᠠᠬᠤ ᠦᠭᠡᠢ ᠂ ᠤᠷᠢᠳ᠎ᠢᠶᠠᠷ ᠨᠡᠪᠳᠡᠷᠡᠬᠦᠯᠬᠦ ︾ ᠂ ︽ ᠬᠢᠵᠢᠭ᠎ᠤᠨ ᠬᠠᠯᠳᠠᠪᠤᠷᠢᠯᠠᠬᠤ ᠵᠠᠮ ᠰᠤᠪᠠᠭ᠎ᠢ ᠡᠷᠡᠰ ᠲᠠᠰᠤᠯᠬᠤ ᠂ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠲᠤᠤᠷ᠎ᠢ ᠲᠠᠰᠤᠯᠳᠠᠭᠤᠯᠬᠤ ᠦᠭᠡᠢ ᠂ ᠪᠠᠴᠢᠮ ᠪᠠᠢᠳᠠᠯ᠎ᠢ ᠠᠷᠭᠠᠴᠠᠭᠠᠬᠤ ᠲᠡᠭᠡᠭᠡᠪᠤᠷᠢ᠎ᠶᠢᠨ ᠰᠠᠭᠠᠳ ᠦᠭᠡᠢ ᠨᠡᠪᠳᠡᠷᠡᠬᠦ ᠵᠠᠮ᠎ᠢ ᠲᠠᠰᠤᠯᠳᠠᠭᠤᠯᠬᠤ ᠦᠭᠡᠢ ᠂ ᠤᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠤᠨ ᠴᠢᠬᠤᠯᠠ ᠡᠳ᠋ ᠪᠤᠳᠠᠰ ᠲᠡᠭᠡᠭᠡᠪᠤᠷᠢᠯᠡᠬᠦ ᠵᠠᠮ᠎ᠢ ᠲᠠᠰᠤᠯᠳᠠᠭᠤᠯᠬᠤ ᠦᠭᠡᠢ ︾ ᠱᠠᠭᠠᠷᠳᠠᠯᠭ᠎ᠠ ᠪᠤᠯᠤᠨ ︽ ᠰᠠᠭᠠᠳ ᠦᠭᠡᠢ ᠨᠡᠪᠳᠡᠷᠡᠭᠦ ᠵᠠᠮ ︾᠎ᠤᠨ ᠲᠦᠷᠦ᠎ᠶᠢᠨ ᠪᠤᠳᠤᠯᠭ᠎ᠠ᠎ᠶᠢ ᠲᠠᠬᠢᠨᠳᠠ ᠴᠢᠬᠤᠯᠠᠴᠢᠯᠠᠵᠤ ᠂ ᠵᠠᠮ ᠬᠠᠷᠢᠯᠴᠠᠭ᠎ᠠ ᠲᠡᠭᠡᠭᠡᠪᠤᠷᠢ᠎ᠳ᠋ᠤ ᠨᠡᠩ ᠦᠨᠳᠦᠷ ᠱᠠᠭᠠᠷᠳᠠᠯᠭ᠎ᠠ ᠲᠤᠷᠠᠳᠪᠠ ᠃ ᠲᠡᠬᠡᠪᠡᠯ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠡᠳ᠋ ᠪᠤᠳᠠᠰ᠎ᠤᠨ ᠲᠡᠭᠡᠭᠡᠪᠤᠷᠢ᠎ᠶᠢᠨ ᠰᠠᠭᠠᠳ ᠦᠭᠡᠢ ᠨᠡᠪᠳᠡᠷᠡᠬᠦ᠎ᠶᠢ ᠬᠡᠷᠬᠢᠨ ᠨᠢᠭᠡᠳᠦᠯᠳᠡᠢ ᠲᠦᠯᠦᠪᠵᠢᠬᠦᠯᠬᠦ ᠪᠤᠢ ︖ ︽ ᠰᠠᠨᠠᠯ ︾᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠲᠠᠭᠠᠯᠳᠤᠨ ᠂ ᠠᠵᠢᠯ᠎ᠢᠶᠡᠨ ᠰᠡᠷᠭᠦᠭᠡᠵᠦ ᠠᠵᠢᠯ᠎ᠤᠨ ᠪᠠᠢᠷᠢᠨ᠎ᠳᠠᠭᠠᠨ ᠪᠤᠴᠠᠬᠤ ᠠᠶᠠᠨᠴᠢᠳ᠎ᠤᠨ ᠲᠤᠭ᠎ᠠ ᠨᠡᠮᠡᠭᠳᠡᠨ᠎ᠠ ‍ᠦᠦ ︖ ᠮᠤᠵᠢ᠎ᠶᠢᠨ ᠬᠤᠭᠤᠷᠤᠨᠳᠤᠬᠢ ᠂ ᠤᠷᠤᠨ ᠪᠦᠰᠡ᠎ᠶᠢᠨ ᠬᠤᠭᠤᠷᠤᠨᠳᠤᠬᠢ ᠬᠢᠵᠢᠭ᠎ᠤᠨ ᠪᠠᠢᠳᠠᠯ᠎ᠤᠨ ᠭᠠᠳᠠᠨ᠎ᠠ᠎ᠡᠴᠠ ᠬᠠᠯᠳᠠᠪᠤᠷᠢᠯᠠᠨ ᠤᠷᠤᠵᠤ ᠢᠷᠡᠬᠦ᠎ᠶᠢ ᠰᠡᠷᠭᠡᠢᠯᠡᠵᠦ ᠲᠤᠳᠤᠨ᠎ᠠ᠎ᠪᠠᠨ ᠲᠠᠷᠬᠠᠨ ᠲᠡᠯᠭᠡᠷᠡᠬᠦ᠎ᠶᠢ ᠰᠡᠷᠭᠡᠢᠯᠡᠬᠦ ᠲᠠᠯ᠎ᠠ᠎ᠪᠠᠷ ᠂ ᠠᠶᠠᠨᠴᠢᠳ᠎ᠤᠨ ᠵᠦᠭᠡᠭᠡᠪᠤᠷᠢ᠎ᠶᠢᠨ ᠰᠠᠭᠠᠳ ᠦᠭᠡᠢ ᠨᠡᠪᠳᠡᠷᠡᠬᠦ᠎ᠶᠢ ᠪᠠᠳᠤᠯᠠᠬᠤ᠎ᠶᠢᠨ ᠬᠠᠮᠳᠤ ᠂ ᠬᠡᠷᠬᠢᠨ ᠤᠷᠤᠨ ᠬᠤᠪᠢᠶᠠᠬᠤ ᠲᠦᠷᠦᠯ ᠬᠤᠪᠢᠶᠠᠬᠤ ᠲᠦᠷᠦ᠎ᠶᠢᠨ ᠪᠤᠳᠤᠯᠭ᠎ᠠ᠎ᠶᠢ ᠤᠨᠤᠴᠠᠳᠠᠢ ᠬᠡᠷᠡᠭᠵᠢᠭᠦᠯᠬᠦ ᠪᠤᠢ ︖
ᠶᠦᠨ ᠸᠸᠨ ᠵᠢᠩ ᠄ ᠲᠠᠨ᠎ᠤ ᠠᠰᠠᠭᠤᠭᠰᠠᠨ ᠭᠤᠷᠪᠠᠨ ᠠᠰᠠᠭᠤᠯᠳᠠ᠎ᠶᠢ ᠪᠢ ᠨᠢᠭᠡᠳ ᠨᠢᠭᠡ᠎ᠪᠠᠷ ᠬᠠᠷᠢᠭᠤᠯᠤᠶ᠎ᠠ ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠡᠳ᠋ ᠪᠤᠳᠠᠰ᠎ᠤᠨ ᠲᠡᠭᠡᠭᠡᠪᠤᠷᠢ᠎ᠶᠢᠨ ᠰᠠᠭᠠᠳ ᠦᠭᠡᠢ ᠨᠡᠪᠳᠡᠷᠡᠬᠦ᠎ᠶᠢ ᠬᠡᠷᠬᠢᠨ ᠨᠢᠭᠡᠳᠦᠯᠳᠡᠢ ᠲᠦᠯᠦᠪᠯᠡᠬᠦ ᠲᠠᠯ᠎ᠠ᠎ᠪᠠᠷ ᠂ 2 ᠰᠠᠷ᠎ᠠ᠎ᠶᠢᠨ 16᠎ᠤ ᠡᠳᠦᠷ ᠦᠪᠡᠷᠳᠡᠭᠡᠨ ᠵᠠᠰᠠᠬᠤ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠤᠳᠤᠷᠢᠳᠬᠤ ᠲᠤᠭᠤᠢᠯᠠᠩ ︽ ᠰᠠᠨᠠᠯ ︾᠎ᠢ ᠲᠠᠷᠤᠮᠠᠯᠯᠠᠨ ᠲᠠᠷᠬᠠᠭᠠᠪᠠ ᠃ ᠵᠠᠮ ᠬᠠᠷᠢᠯᠴᠠᠭᠠᠨ᠎ᠤ ᠪᠠᠳᠤᠯᠠᠭ᠎ᠠ᠎ᠶᠢᠨ ᠲᠤᠭᠤᠢᠯᠠᠩ ᠦᠪᠡᠷᠳᠡᠭᠡᠨ ᠵᠠᠰᠠᠬᠤ ᠤᠷᠤᠨ᠎ᠤ ︽ ᠰᠠᠨᠠᠯ ︾ ᠶᠤᠰᠤᠭᠠᠷ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠡᠳ᠋ ᠪᠤᠳᠠᠰ ᠲᠡᠭᠡᠭᠡᠪᠤᠷᠢᠯᠡᠬᠦ ᠪᠠᠳᠤᠯᠠᠭ᠎ᠠ᠎ᠶᠢᠨ ᠠᠵᠢᠯ᠎ᠢ ᠨᠢᠭᠡᠳᠦᠯᠳᠡᠢ ᠲᠦᠯᠦᠪᠯᠡᠨ ᠰᠠᠢᠳᠤᠷ ᠬᠢᠵᠦ ᠪᠤᠢ ᠃ ᠨᠢᠭᠡ᠎ᠳ᠋ᠤ ᠂ ᠲᠦᠭᠵᠢᠷᠡᠯ᠎ᠢ ᠰᠢᠯᠤᠭᠤᠳᠬᠠᠬᠤ ᠠᠵᠢᠯ᠎ᠢ ᠦᠷᠭᠦᠯᠵᠢᠯᠡᠨ ᠰᠠᠢᠳᠤᠷ ᠠᠳᠬᠤᠵᠤ ᠂ ᠵᠠᠰᠠᠮᠠᠯ ᠵᠠᠮ᠎ᠤᠨ ᠲᠤᠤᠷ᠎ᠤᠨ ᠠᠵᠢᠯᠯᠠᠭᠠᠨ᠎ᠤ ᠰᠠᠭᠠᠳ ᠦᠭᠡᠢ ᠶᠠᠪᠤᠭᠳᠠᠬᠤ᠎ᠶᠢ ᠦᠨᠡᠨ ᠭᠦ ᠪᠠᠳᠤᠯᠠᠵᠤ ᠪᠤᠢ ︔ ᠬᠤᠶᠠᠷ᠎ᠲᠤ ᠂ ᠪᠠᠴᠢᠮ ᠪᠠᠢᠳᠠᠯ᠎ᠢ ᠠᠷᠭᠠᠴᠠᠭᠠᠬᠤ ᠲᠡᠭᠡᠭᠡᠪᠤᠷᠢ᠎ᠶᠢᠨ ᠰᠠᠭᠠᠳ ᠦᠭᠡᠢ ᠨᠡᠪᠳᠡᠷᠡᠬᠦ ᠵᠠᠮ᠎ᠤᠨ ᠲᠦᠷᠦ᠎ᠶᠢᠨ ᠪᠤᠳᠤᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ ᠪᠤᠢ ᠃ ᠲᠡᠷᠭᠡ ᠨᠡᠪᠳᠡᠷᠡᠬᠦ ᠰᠦᠢᠳᠭᠡᠯ ᠬᠤᠷᠢᠶᠠᠬᠤ ᠦᠭᠡᠢ ᠬᠤᠭᠤᠴᠠᠭᠠᠨ᠎ᠳ᠋ᠤ ᠂ ᠪᠠᠴᠢᠮ ᠪᠠᠢᠳᠠᠯ᠎ᠢ ᠠᠷᠭᠠᠴᠠᠭᠠᠬᠤ ᠲᠡᠭᠡᠭᠡᠪᠤᠷᠢ᠎ᠶᠢᠨ ᠰᠠᠭᠠᠳ ᠦᠭᠡᠢ ᠨᠡᠪᠳᠡᠷᠡᠬᠦ ᠵᠠᠮ᠎ᠤᠨ ᠲᠦᠷᠦ᠎ᠶᠢᠨ ᠪᠤᠳᠤᠯᠭ᠎ᠠ ᠪᠤᠯᠤᠨ ᠨᠡᠪᠳᠡᠷᠡᠬᠦ ᠦᠨᠡᠮᠯᠡᠯ᠎ᠤᠨ ᠲᠦᠷᠦ᠎ᠶᠢᠨ ᠪᠤᠳᠤᠯᠭ᠎ᠠ᠎ᠶᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠤᠲᠠᠰ ᠂ ᠠᠮᠢᠳᠤᠷᠠᠯ᠎ᠤᠨ ᠴᠢᠬᠤᠯᠠ ᠡᠳ᠋ ᠪᠠᠷᠠᠭ᠎ᠠ ᠂ ᠭᠤᠤᠯᠳᠠᠯᠭ᠎ᠠ᠎ᠲᠠᠢ ᠦᠢᠯᠡᠳᠪᠦᠷᠢᠯᠡᠯ᠎ᠤᠨ ᠡᠳ᠋ ᠪᠠᠷᠠᠭ᠎ᠠ ᠵᠢᠴᠢ ᠲᠠᠷᠢᠶᠠᠴᠢᠨ ᠬᠦᠴᠦ ᠶᠠᠪᠤᠭᠰᠠᠳ᠎ᠤᠨ ᠠᠵᠢᠯ᠎ᠤᠨ ᠪᠠᠢᠷᠢ᠎ᠳᠠᠭᠠᠨ ᠪᠤᠴᠠᠵᠤ ᠲᠡᠷᠭᠡ ᠲᠠᠭᠠᠭᠠᠴᠢᠯᠠᠬᠤ᠎ᠶᠢ ᠲᠦᠭᠦᠮ ᠲᠦᠳᠡ ᠪᠦᠭᠡᠳ ᠦᠨᠳᠦᠷ ᠪᠦᠳᠦᠮᠵᠢᠳᠡᠢ ᠨᠡᠪᠳᠡᠷᠡᠭᠦᠯᠬᠦ᠎ᠶᠢ ᠡᠩ ᠲᠡᠷᠢᠭᠦᠨ᠎ᠳ᠋ᠤ ᠪᠠᠳᠤᠯᠠᠨ᠎ᠠ ᠃ ᠲᠠᠭᠠᠭᠠᠨ ᠲᠡᠭᠡᠭᠡᠪᠤᠷᠢᠯᠡᠬᠦ ᠨᠢᠭᠡᠴᠢ ᠪᠤᠯᠤᠨ ᠵᠢᠯᠤᠭᠤᠴᠢ ᠦᠪᠡᠰᠦᠪᠡᠨ ᠨᠡᠪᠳᠡᠷᠡᠬᠦ ᠦᠨᠡᠮᠯᠡᠯ᠎ᠢ ᠰᠥᠯᠵᠢᠶᠡᠨ᠎ᠡᠴᠠ ᠲᠠᠷᠤᠮᠠᠯᠯᠠᠨ ᠪᠠᠭᠤᠯᠭᠠᠵᠤ ᠂ ᠨᠦᠭᠦᠴᠡᠯ᠎ᠲᠠᠢ ᠰᠦᠢᠳᠭᠡᠯ ᠬᠤᠷᠢᠶᠠᠬᠤ ᠦᠷᠳᠡᠭᠡ᠎ᠨᠢ ᠪᠠᠴᠢᠮ ᠪᠠᠢᠳᠠᠯ᠎ᠢ ᠠᠷᠭᠠᠴᠠᠭᠠᠬᠤ ᠲᠡᠭᠡᠭᠡᠪᠤᠷᠢ᠎ᠶᠢᠨ ᠲᠤᠰᠬᠠᠢ ᠨᠡᠪᠳᠡᠷᠡᠬᠦ ᠵᠠᠮ᠎ᠢ ᠨᠡᠭᠡᠭᠡᠵᠦ ᠂ ᠪᠠᠴᠢᠮ ᠪᠠᠢᠳᠠᠯ᠎ᠢ ᠠᠷᠭᠠᠴᠠᠭᠠᠬᠤ ᠲᠡᠭᠡᠭᠡᠪᠤᠷᠢ᠎ᠶᠢᠨ ᠲᠡᠷᠭᠡ ᠬᠦᠰᠭᠡ᠎ᠳ᠋ᠤ ︽ ᠲᠡᠷᠭᠡ ᠵᠤᠭᠰᠤᠭᠠᠬᠤ ᠦᠭᠡᠢ ᠂ ᠪᠠᠢᠴᠠᠭᠠᠬᠤ ᠦᠭᠡᠢ ᠂ ᠰᠦᠢᠳᠭᠡᠯ ᠬᠤᠷᠢᠶᠠᠬᠤ ᠦᠭᠡᠢ ︾ ᠂ ᠤᠷᠢᠳ᠎ᠢᠶᠠᠷ ᠨᠡᠪᠳᠡᠷᠡᠬᠦ᠎ᠶᠢ ᠪᠠᠳᠤᠯᠠᠨ᠎ᠠ ᠃
ᠠᠵᠢᠯ᠎ᠢᠶᠡᠨ ᠰᠡᠷᠭᠦᠭᠡᠵᠦ ᠠᠵᠢᠯ᠎ᠤᠨ ᠪᠠᠢᠷᠢ᠎ᠳᠠᠭᠠᠨ ᠪᠤᠴᠠᠬᠤ ᠠᠶᠠᠨᠴᠢᠳ᠎ᠤᠨ ᠤᠷᠤᠰᠬᠠᠯ᠎ᠤᠨ ᠲᠠᠯ᠎ᠠ᠎ᠪᠠᠷ ᠂ 2 ᠰᠠᠷ᠎ᠠ᠎ᠶᠢᠨ 17᠎ᠤ ᠡᠳᠦᠷ᠎ᠤᠨ ᠲᠡᠭ ᠴᠠᠭ᠎ᠲᠤ ᠂ ᠵᠠᠰᠠᠮᠠᠯ ᠵᠠᠮ᠎ᠢᠶᠠᠷ ᠦᠩᠭᠡᠷᠡᠬᠦ ᠲᠡᠷᠭᠡ ᠬᠦᠰᠭᠡ᠎ᠡᠴᠠ ᠰᠦᠢᠳᠭᠡᠯ ᠦᠯᠦ ᠬᠤᠷᠢᠶᠠᠬᠤ ᠲᠦᠷᠦ᠎ᠶᠢᠨ ᠪᠤᠳᠤᠯᠭ᠎ᠠ᠎ᠶᠢ ᠬᠡᠷᠡᠭᠵᠢᠭᠦᠯᠦᠭᠰᠡᠨ᠎ᠤ ᠲᠠᠷᠠᠭ᠎ᠠ ᠂ ᠪᠢᠳᠡᠨ᠎ᠤ ᠬᠢᠨᠠᠨ ᠬᠡᠮᠵᠢᠵᠦ ᠤᠯᠤᠭᠰᠠᠨ ᠲᠤᠭ᠎ᠠ ᠪᠠᠷᠢᠮᠳᠠ᠎ᠡᠴᠠ ᠦᠵᠡᠪᠡᠯ ᠂ ᠮᠠᠨ᠎ᠤ ᠤᠷᠤᠨ᠎ᠤ ᠲᠦᠷᠭᠡᠨ᠎ᠤ ᠵᠠᠰᠠᠮᠠᠯ ᠵᠠᠮ᠎ᠤᠨ ᠲᠡᠷᠭᠡᠨ᠎ᠤ ᠤᠷᠤᠰᠴᠠ ᠪᠤᠯᠤᠨ ᠠᠶᠠᠨᠴᠢᠳ᠎ᠤᠨ ᠤᠷᠤᠰᠴᠠ᠎ᠶᠢ ᠲᠦᠷᠦᠭᠦᠦ ᠬᠡᠳᠦᠨ ᠡᠳᠦᠷ᠎ᠤᠨ᠎ᠬᠢ᠎ᠲᠠᠢ ᠬᠠᠷᠢᠴᠠᠭᠤᠯᠪᠠᠯ ᠂ ᠶᠡᠬᠡ ᠬᠡᠮᠵᠢᠶ᠎ᠠ᠎ᠪᠠᠷ ᠨᠡᠮᠡᠭᠳᠡᠭᠰᠡᠨ ᠦᠭᠡᠢ ᠂ ᠪᠦᠬᠦᠯᠢ ᠴᠤᠭᠴᠠ᠎ᠶᠢᠨ ᠠᠵᠢᠯᠯᠠᠭᠠᠨ᠎ᠨᠢ ᠲᠤᠭᠳᠠᠭᠤᠨ ᠪᠦᠭᠡᠳ ᠡᠮᠬᠢ ᠵᠢᠷᠤᠮ᠎ᠲᠠᠢ ᠪᠠᠢᠨ᠎ᠠ ᠃ ᠲᠡᠮᠦᠷ ᠵᠠᠮ ᠂ ᠠᠷᠠᠳ᠎ᠤᠨ ᠠᠭᠠᠷ᠎ᠤᠨ ᠠᠶᠠᠯᠠᠯ᠎ᠤᠨ ᠠᠶᠠᠨᠴᠢᠳ᠎ᠤᠨ ᠤᠷᠤᠰᠬᠠᠯ᠎ᠤᠨ ᠲᠠᠯ᠎ᠠ᠎ᠪᠠᠷ ᠴᠦ ᠶᠡᠬᠡ ᠬᠡᠯᠪᠡᠯᠵᠡᠯ ᠭᠠᠷᠤᠭᠰᠠᠨ ᠦᠭᠡᠢ ᠃
ᠮᠤᠵᠢ᠎ᠶᠢᠨ ᠬᠤᠭᠤᠷᠤᠨᠳᠤᠬᠢ ᠂ ᠤᠷᠤᠨ ᠪᠦᠰᠡ᠎ᠶᠢᠨ ᠬᠤᠭᠤᠷᠤᠨᠳᠤᠬᠢ ᠬᠢᠵᠢᠭ᠎ᠤᠨ ᠪᠠᠢᠳᠠᠯ᠎ᠢ ᠰᠡᠷᠭᠡᠢᠯᠡᠨ ᠬᠤᠷᠢᠠᠠᠯᠠᠬᠤ ᠲᠠᠯ᠎ᠠ᠎ᠪᠠᠷ ᠂ ᠠᠶᠠᠨᠴᠢᠳ᠎ᠤᠨ ᠤᠷᠤᠰᠬᠠᠯ᠎ᠤᠨ ᠵᠦᠭᠡᠭᠡᠪᠤᠷᠢ᠎ᠶᠢᠨ ᠰᠠᠭᠠᠳ ᠦᠭᠡᠢ ᠨᠡᠪᠳᠡᠷᠡᠬᠦ᠎ᠶᠢ ᠪᠠᠳᠤᠯᠠᠬᠤ᠎ᠶᠢᠨ ᠬᠠᠮᠳᠤ ᠂ ᠤᠷᠤᠨ ᠬᠤᠪᠢᠶᠠᠨ ᠲᠦᠷᠦᠯ ᠬᠤᠪᠢᠶᠠᠬᠤ ᠲᠦᠷᠦ᠎ᠶᠢᠨ ᠪᠤᠳᠤᠯᠭ᠎ᠠ᠎ᠶᠢ ᠤᠨᠤᠴᠠᠳᠠᠢ ᠬᠡᠷᠡᠭᠵᠢᠭᠦᠯᠵᠦ ᠪᠤᠢ ᠄ ᠠᠭᠠᠷ᠎ᠤᠨ ᠠᠶᠠᠯᠠᠯ ᠂ ᠲᠡᠮᠦᠷ ᠵᠠᠮ ᠂ ᠵᠠᠰᠠᠮᠠᠯ ᠵᠠᠮ ᠵᠡᠷᠭᠡ ᠭᠤᠤᠯᠳᠠᠯᠭ᠎ᠠ᠎ᠲᠠᠢ ᠤᠷᠤᠵᠤ ᠭᠠᠷᠬᠤ ᠭᠠᠵᠠᠷ᠎ᠢ ᠬᠠᠮᠢᠶᠠᠷᠤᠨ ᠡᠵᠡᠮᠳᠡᠬᠦ᠎ᠪᠠᠨ ᠴᠢᠩᠭᠠᠳᠬᠠᠵᠤ ᠂ ᠪᠡᠶ᠎ᠠ᠎ᠶᠢᠨ ᠲᠤᠯᠠᠭᠠᠨ᠎ᠢ ᠪᠠᠢᠴᠠᠭᠠᠨ ᠬᠡᠮᠵᠢᠵᠦ ᠂ ᠵᠢᠭᠰᠠᠭᠠᠨ ᠪᠠᠢᠴᠠᠭᠠᠬᠤ ᠵᠡᠷᠭᠡ ᠡᠯ᠎ᠠ ᠵᠦᠢᠯ᠎ᠤᠨ ᠠᠷᠭ᠎ᠠ ᠬᠡᠮᠵᠢᠶ᠎ᠠ᠎ᠶᠢ ᠨᠠᠢᠳᠠᠪᠤᠷᠢᠵᠢᠭᠤᠯᠵᠤ ᠪᠤᠢ ︔ ᠬᠤᠶᠠᠷ᠎ᠲᠤ ᠂ ᠡᠯ᠎ᠠ ᠭᠠᠵᠠᠷ᠎ᠤᠨ᠎ᠬᠢᠨ ︽ ᠰᠠᠨᠠᠯ ︾᠎ᠢ ᠦᠨᠳᠦᠰᠦᠯᠡᠨ ᠬᠢᠵᠢᠭ᠎ᠤᠨ ᠪᠠᠢᠳᠠᠯ᠎ᠢ ᠤᠷᠤᠨ ᠬᠤᠪᠢᠶᠠᠨ ᠲᠤᠭᠳᠠᠭᠠᠵᠤ ᠂ ᠵᠦᠷᠢᠶᠡᠴᠢᠯᠡᠭᠰᠡᠨ ᠲᠦᠷᠦ᠎ᠶᠢᠨ ᠪᠤᠳᠤᠯᠭ᠎ᠠ᠎ᠶᠢ ᠬᠡᠷᠡᠭᠵᠢᠭᠦᠯᠵᠦ ᠪᠤᠢ ︔ ᠭᠤᠷᠪᠠ᠎ᠳ᠋ᠤ ᠂ ᠵᠠᠮ ᠬᠠᠷᠢᠯᠴᠠᠭᠠᠨ᠎ᠤ ᠪᠠᠭᠠᠵᠢ ᠂ ᠲᠠᠯᠠᠪᠤᠷ ᠦᠷᠳᠡᠭᠡ᠎ᠶᠢ ᠠᠷᠢᠭᠤᠳᠬᠠᠵᠤ ᠰᠠᠯᠬᠢ ᠨᠡᠪᠳᠡᠷᠡᠭᠦᠯᠬᠦ ᠪᠠ ᠬᠦᠮᠦᠰ᠎ᠤᠨ ᠪᠡᠶ᠎ᠠ᠎ᠶᠢᠨ ᠲᠤᠯᠠᠭᠠᠨ᠎ᠢ ᠪᠠᠢᠴᠠᠭᠠᠨ ᠬᠡᠮᠵᠢᠬᠦ ᠠᠵᠢᠯ᠎ᠢ ᠰᠠᠢᠳᠤᠷ ᠬᠢᠵᠦ ᠂ ᠬᠢᠵᠢᠭ᠎ᠤᠨ ᠪᠠᠢᠳᠠᠯ ᠵᠠᠮ ᠬᠠᠷᠢᠯᠴᠠᠭᠠᠨ᠎ᠤ ᠪᠠᠭᠠᠵᠢ᠎ᠪᠠᠷ ᠲᠠᠮᠵᠢᠨ ᠲᠠᠷᠬᠠᠬᠤ᠎ᠶᠢ ᠴᠢᠩᠭ᠎ᠠ ᠰᠡᠷᠭᠡᠢᠯᠡᠵᠦ ᠪᠤᠢ ᠃

ᠰᠤᠷᠪᠤᠯᠵᠢᠯᠠᠭᠴᠢ ᠄ ᠦᠪᠡᠷᠳᠡᠭᠡᠨ ᠵᠠᠰᠠᠬᠤ ᠤᠷᠤᠨ ᠶᠠᠮᠠᠷ ᠶᠠᠮᠠᠷ ᠠᠷᠭ᠎ᠠ ᠬᠡᠮᠵᠢᠶ᠎ᠠ ᠠᠪᠴᠤ ᠮᠠᠯ ᠠᠵᠤ ᠠᠬᠤᠢ ᠲᠠᠷᠢᠶᠠᠯᠠᠩ᠎ᠤᠨ ᠠᠵᠤ ᠠᠬᠤᠢᠯᠠᠯ᠎ᠤᠨ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠬᠦᠳᠦᠯᠦᠨ ᠵᠢᠯᠤᠭᠤᠳᠴᠤ ᠪᠠᠢᠭ᠎ᠠ ᠪᠤᠢ ︖
ᠸᠠᠩ ᠢᠤᠢ ᠹᠸᠩ ᠄ ᠤᠳᠤᠬᠠᠨ᠎ᠳ᠋ᠤ ᠂ ᠪᠢᠳᠡ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠢᠨᠵᠢᠯᠡᠬᠦ ᠤᠬᠠᠭᠠᠨᠴᠢ᠎ᠪᠠᠷ ᠰᠡᠷᠭᠡᠢᠯᠡᠨ ᠡᠵᠡᠮᠳᠡᠬᠦ᠎ᠶᠢᠨ ᠬᠠᠮᠳᠤ ᠂ ᠦᠨᠡᠨ ᠭᠦ ᠪᠦᠳᠦᠮᠵᠢᠳᠡᠢ ᠠᠷᠭ᠎ᠠ ᠬᠡᠮᠵᠢᠶ᠎ᠠ ᠠᠪᠴᠤ ᠂ ᠤᠷᠤᠨ ᠬᠤᠪᠢᠶᠠᠨ ᠲᠦᠷᠦᠯ ᠬᠤᠪᠢᠶᠠᠵᠤ ᠂ ᠬᠦᠴᠦᠳᠡᠢ ᠪᠦᠭᠡᠳ ᠡᠮᠬᠢ ᠵᠢᠷᠤᠮ᠎ᠲᠠᠢ᠎ᠪᠠᠷ ᠪᠦᠬᠦ ᠤᠷᠤᠨ᠎ᠤ ᠭᠤᠤᠯᠳᠠᠯᠭ᠎ᠠ᠎ᠲᠠᠢ ᠮᠠᠯ ᠠᠵᠤ ᠠᠬᠤᠢ ᠲᠠᠷᠢᠶᠠᠯᠠᠩ᠎ᠤᠨ ᠠᠵᠤ ᠠᠬᠤᠢᠯᠠᠯ᠎ᠤᠨ ᠠᠵᠢᠯ᠎ᠢᠶᠡᠨ ᠰᠡᠷᠭᠦᠭᠡᠬᠦ᠎ᠶᠢ ᠠᠬᠢᠭᠤᠯᠵᠤ ᠪᠤᠢ ᠃ 2 ᠰᠠᠷ᠎ᠠ᠎ᠶᠢᠨ 18᠎ᠤ ᠡᠳᠦᠷ ᠪᠤᠯᠳᠠᠯ᠎ᠠ ᠂ ᠪᠦᠬᠦ ᠤᠷᠤᠨ᠎ᠤ ᠠᠢᠮᠠᠭ ᠬᠤᠳᠠ ᠵᠢᠴᠢ ᠲᠡᠭᠡᠭᠰᠢᠬᠢ ᠲᠠᠭᠠᠭᠤᠯᠤᠭᠴᠢ ᠠᠵᠤ ᠠᠬᠤᠢᠯᠠᠯ᠎ᠤᠨ ᠠᠵᠢᠯ᠎ᠢᠶᠡᠨ ᠰᠡᠷᠭᠦᠭᠡᠭᠰᠡᠨ ᠨᠤᠷᠮ᠎ᠠ᠎ᠨᠢ ᠡᠩ᠎ᠤᠨ ᠵᠢᠯ᠎ᠤᠨ ᠠᠳᠠᠯᠢ ᠬᠤᠭᠤᠴᠠᠭᠠᠨ᠎ᠤ 70% ᠤᠷᠴᠢᠮ᠎ᠳ᠋ᠤ ᠬᠦᠷᠪᠡ ᠃
ᠨᠢᠭᠡ᠎ᠳ᠋ᠤ ᠂ ᠮᠠᠯ ᠠᠵᠤ ᠠᠬᠤᠢ ᠲᠠᠷᠢᠶᠠᠯᠠᠩ᠎ᠤᠨ ᠬᠠᠩᠭᠠᠯᠭ᠎ᠠ᠎ᠶᠢ ᠪᠠᠳᠤᠯᠠᠬᠤ ᠠᠵᠤ ᠠᠬᠤᠢᠯᠠᠯ᠎ᠤᠨ ︽ ᠰᠠᠭᠠᠳ ᠦᠭᠡᠢ ᠨᠡᠪᠳᠡᠷᠡᠬᠦ ᠵᠠᠮ ︾᠎ᠤᠨ ᠲᠦᠷᠢᠮ᠎ᠢ ᠨᠠᠢᠳᠠᠪᠤᠷᠢᠵᠢᠭᠤᠯᠵᠤ ᠂ ᠰᠢᠨ᠎ᠠ ᠰᠤᠷᠭᠤᠭ ᠮᠠᠯ᠎ᠤᠨ ᠠᠰᠢᠭ ᠰᠢᠮ ‍᠎ᠠ ᠲᠠᠷᠢᠶᠠᠯᠠᠩ᠎ᠤᠨ ᠪᠦᠳᠦᠭᠡᠭᠳᠡᠭᠦᠨ ᠂ ᠦᠢᠯᠡᠳᠪᠦᠷᠢᠯᠡᠯ᠎ᠤᠨ ᠮᠠᠲ᠋ᠸᠷᠢᠶᠠᠯ ᠬᠦᠷᠭᠡᠬᠦ ᠵᠡᠷᠭᠡ ᠲᠡᠷᠭᠡ ᠬᠦᠰᠭᠡ᠎ᠶᠢᠨ ᠰᠠᠭᠠᠳ ᠦᠭᠡᠢ ᠨᠡᠪᠳᠡᠷᠡᠬᠦ᠎ᠶᠢ ᠪᠠᠳᠤᠯᠠᠵᠤ ᠪᠠᠢᠨ᠎ᠠ ᠃
ᠬᠤᠶᠠᠷ᠎ᠲᠤ ᠂ ᠦᠢᠯᠡᠴᠢᠯᠡᠭᠡ᠎ᠪᠠᠨ ᠴᠢᠩᠭᠠᠳᠬᠠᠵᠤ ᠂ ᠭᠤᠤᠯᠳᠠᠯᠭ᠎ᠠ᠎ᠲᠠᠢ ᠠᠵᠤ ᠠᠬᠤᠢᠯᠠᠯ᠎ᠤᠨ ᠬᠠᠷᠢᠯᠴᠠᠬᠤ ᠲᠦᠷᠢᠮ᠎ᠢ ᠪᠠᠢᠭᠤᠯᠪᠠ ᠃ ᠦᠢᠯᠡᠳᠪᠦᠷᠢᠯᠡᠯ᠎ᠢ ᠲᠤᠭᠳᠠᠪᠤᠷᠢᠵᠢᠭᠤᠯᠵᠤ ᠬᠠᠩᠭᠠᠯᠭ᠎ᠠ᠎ᠶᠢ ᠪᠠᠳᠤᠯᠠᠬᠤ ᠬᠠᠯᠠᠮᠰᠢᠯ ᠤᠳᠠᠰᠤ ᠪᠤᠯᠤᠨ ︽ ᠭᠠᠵᠠᠷ᠎ᠤᠨ ᠲᠠᠷᠤᠭ᠎ᠠ᠎ᠶᠢᠨ ᠰᠢᠭᠤᠳ ᠨᠡᠪᠳᠡᠷᠡᠬᠦ ᠲᠡᠷᠭᠡ ︾᠎ᠶᠢ ᠨᠡᠪᠳᠡᠷᠡᠭᠦᠯᠵᠦ ᠂ ᠠᠵᠤ ᠠᠬᠤᠢᠯᠠᠯ᠎ᠢ ᠬᠠᠪᠰᠤᠷᠴᠤ ᠪᠠᠢᠭᠠᠳ ᠦᠢᠯᠡᠳᠪᠦᠷᠢᠯᠡᠯ᠎ᠢ᠎ᠨᠢ ᠰᠡᠷᠭᠦᠭᠡᠬᠦ᠎ᠶᠢ ᠲᠦᠷᠭᠡᠳᠭᠡᠪᠡ ᠃ ᠬᠢᠵᠢᠭ᠎ᠤᠨ ᠪᠠᠢᠳᠠᠯ ᠡᠬᠦᠰᠦᠭᠰᠡᠨ᠎ᠡᠴᠠ ᠨᠠᠭᠠᠰᠢ ︽ ᠭᠠᠵᠠᠷ᠎ᠤᠨ ᠲᠠᠷᠤᠭ᠎ᠠ᠎ᠶᠢᠨ ᠰᠢᠭᠤᠳ ᠨᠡᠪᠳᠡᠷᠡᠬᠦ ᠲᠡᠷᠭᠡ ︾᠎ᠪᠠᠷ ᠲᠠᠮᠵᠢᠭᠤᠯᠤᠨ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ ᠂ ᠭᠦᠢᠯᠭᠡᠭᠡᠨ᠎ᠤ ᠠᠰᠠᠭᠤᠳᠠᠯ ᠵᠡᠷᠭᠡ ᠨᠡᠢᠳᠡ 350 ᠭᠠᠷᠤᠢ ᠠᠰᠠᠭᠤᠳᠠᠯ᠎ᠢ ᠰᠢᠢᠳᠪᠦᠷᠢᠯᠡᠵᠡᠢ ᠃ ᠡᠭᠦᠨ᠎ᠤ ᠬᠠᠮᠳᠤ ᠲᠠᠭᠠᠭᠤᠯᠤᠭᠴᠢ ᠠᠵᠤ ᠠᠬᠤᠢᠯᠠᠯ᠎ᠢ ᠢᠳᠡᠪᠬᠢᠳᠡᠢ ᠵᠢᠯᠤᠭᠤᠳᠴᠤ ᠠᠵᠢᠯ ᠦᠢᠯᠡᠳᠪᠦᠷᠢᠯᠡᠯ᠎ᠢᠶᠡᠨ ᠡᠮᠬᠢ ᠵᠢᠷᠤᠮ᠎ᠲᠠᠢ ᠰᠡᠷᠭᠦᠭᠡᠵᠦ ᠂ ᠠᠵᠤ ᠠᠬᠤᠢᠯᠠᠯ᠎ᠢ ᠵᠢᠯᠤᠭᠤᠳᠤᠨ ᠤᠷᠴᠢᠨ ᠲᠤᠭᠤᠷᠢᠨ᠎ᠤ ᠠᠷᠢᠭᠤᠨ ᠴᠡᠪᠡᠷ᠎ᠢ ᠴᠡᠭᠴᠡᠯᠡᠨ ᠵᠠᠰᠠᠬᠤ ᠪᠠ ᠭᠤᠤᠯᠳᠠᠯᠭ᠎ᠠ᠎ᠲᠠᠢ ᠲᠠᠯᠠᠪᠤᠷ ᠭᠠᠵᠠᠷ᠎ᠢ ᠠᠷᠢᠭᠤᠳᠬᠠᠬᠤ ᠠᠵᠢᠯ ᠦᠷᠨᠢᠭᠦᠯᠵᠦ ᠂ ᠦᠢᠯᠡᠳᠪᠦᠷᠢᠯᠡᠯ᠎ᠤᠨ ᠱᠤᠭᠤᠮ᠎ᠤᠨ ᠠᠵᠢᠯ ᠡᠬᠢᠯᠡᠬᠦ ᠴᠠᠭ᠎ᠢ ᠵᠦᠢ ᠵᠤᠬᠢᠰᠳᠠᠢ ᠲᠤᠭᠳᠠᠭᠠᠵᠤ ᠂ ᠠᠵᠢᠯᠳᠠᠨ ᠬᠡᠷᠡᠭᠯᠡᠬᠦ ᠬᠡᠪᠴᠢᠶ᠎ᠠ ᠵᠢᠴᠢ ᠠᠵᠢᠯᠳᠠᠳ᠎ᠢ ᠪᠦᠯᠦᠭ ᠬᠤᠪᠢᠶᠠᠨ ᠠᠵᠢᠯ᠎ᠤᠨ ᠪᠠᠢᠷᠢ᠎ᠳᠠᠭᠠᠨ ᠭᠠᠷᠬᠤ᠎ᠶᠢ ᠲᠤᠬᠢᠷᠠᠭᠤᠯᠵᠤ ᠂ ᠰᠡᠷᠭᠡᠢᠯᠡᠨ ᠬᠠᠮᠠᠭᠠᠯᠠᠬᠤ ᠮᠡᠳᠡᠯᠭᠡ᠎ᠶᠢᠨ ᠪᠤᠯᠪᠠᠰᠤᠷᠠᠯ᠎ᠢ ᠴᠢᠩᠭᠠᠳᠬᠠᠵᠠᠢ ᠃
ᠭᠤᠷᠪᠠ᠎ᠳ᠋ᠤ ᠂ ᠮᠠᠯ ᠠᠵᠤ ᠠᠬᠤᠢ ᠲᠠᠷᠢᠶᠠᠯᠠᠩ᠎ᠤᠨ ᠠᠵᠤ ᠠᠬᠤᠢᠯᠠᠯ᠎ᠢ ᠬᠠᠪᠰᠤᠷᠴᠤ ᠪᠡᠯᠡ ᠮᠦᠩᠭᠦ᠎ᠶᠢᠨ ᠬᠦᠴᠢᠷᠳᠡᠯ᠎ᠢ᠎ᠨᠢ ᠢᠳᠡᠪᠬᠢᠳᠡᠢ ᠰᠢᠢᠳᠪᠦᠷᠢᠯᠡᠪᠡ ᠃ ᠬᠠᠮᠢᠶ᠎ᠠ ᠪᠦᠭᠦᠢ ᠱᠠᠭᠠᠷᠳᠠᠯᠭ᠎ᠠ ᠶᠤᠰᠤᠭᠠᠷ ᠬᠦᠴᠦᠯᠡᠵᠦ ᠪᠠᠢᠭᠠᠳ ᠂ ᠮᠠᠨ᠎ᠤ ᠤᠷᠤᠨ᠎ᠤ ᠮᠠᠯ ᠠᠵᠤ ᠠᠬᠤᠢ ᠲᠠᠷᠢᠶᠠᠯᠠᠩ᠎ᠤᠨ ᠲᠠᠭᠠᠭᠤᠯᠤᠭᠴᠢ ᠠᠵᠤ ᠠᠬᠤᠢᠯᠠᠯ᠎ᠢ ᠪᠦᠬᠦ ᠤᠯᠤᠰ᠎ᠤᠨ ᠴᠢᠨᠠᠷᠳᠠᠢ ᠬᠢᠵᠢᠭ᠎ᠤᠨ ᠪᠡᠢᠳᠡᠯ᠎ᠢ ᠰᠡᠷᠭᠡᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠳᠤᠯᠠᠭ᠎ᠠ᠎ᠶᠢᠨ ᠠᠵᠤ ᠠᠬᠤᠢᠯᠠᠯ᠎ᠤᠨ ᠨᠡᠷᠡᠰ᠎ᠲᠤ ᠤᠷᠤᠭᠤᠯᠪᠠ ᠃ ᠬᠦᠭᠵᠢᠭᠦᠯᠦᠯᠳᠡ ᠪᠠ ᠦᠭᠡᠷᠡᠴᠢᠯᠡᠯᠳᠡ᠎ᠶᠢᠨ ᠵᠦᠪᠯᠡᠯ ᠵᠡᠷᠭᠡ ᠰᠠᠯᠠᠭ᠎ᠠ ᠮᠦᠴᠢᠷ᠎ᠲᠠᠢ ᠬᠠᠮᠳᠤᠷᠠᠨ 184 ᠲᠠᠭᠠᠭᠤᠯᠤᠭᠴᠢ ᠠᠵᠤ ᠠᠬᠤᠢᠯᠠᠯ᠎ᠳ᠋ᠤ ᠂ ᠤᠯᠤᠰ᠎ᠤᠨ ᠬᠦᠦ ᠮᠦᠩᠭᠦ ᠪᠠᠭ᠎ᠠ ᠲᠤᠰᠬᠠᠢ ᠵᠢᠭᠡᠯᠡᠯᠭᠡ᠎ᠶᠢ ᠭᠤᠶᠦᠴᠢᠯᠠᠵᠠᠢ ᠃ ᠤᠳᠤᠬᠠᠨ ᠪᠤᠯᠳᠠᠯ᠎ᠠ 12 ᠲᠠᠭᠠᠭᠤᠯᠤᠭᠴᠢ ᠠᠵᠤ ᠠᠬᠤᠢᠯᠠᠯ ᠪᠦᠬᠦ ᠤᠯᠤᠰ᠎ᠤᠨ ᠴᠢᠨᠠᠷᠳᠠᠢ ᠬᠢᠵᠢᠭ᠎ᠤᠨ ᠪᠡᠢᠳᠡᠯ᠎ᠢ ᠰᠡᠷᠭᠡᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠳᠤᠯᠠᠭ᠎ᠠ᠎ᠶᠢᠨ ᠠᠵᠤ ᠠᠬᠤᠢᠯᠠᠯ᠎ᠢᠶᠠᠷ ᠲᠤᠭᠳᠠᠭᠠᠭᠳᠠᠵᠤ ᠂ 5 ᠠᠵᠤ ᠠᠬᠤᠢᠯᠠᠯ᠎ᠳ᠋ᠤ 15.8 ᠳ᠋ᠦᠩᠰᠢᠭᠤᠷ ᠲᠦᠭᠦᠷᠢᠭ᠎ᠤᠨ ᠪᠠᠩᠭᠢ᠎ᠶᠢᠨ ᠵᠢᠭᠡᠯᠡᠯᠭᠡ ᠤᠯᠭᠤᠬᠤ᠎ᠪᠠᠷ ᠪᠤᠢ ᠃
ᠲᠠᠷᠠᠭᠠᠴᠢ᠎ᠶᠢᠨ ᠠᠯᠬᠤᠮ᠎ᠳ᠋ᠤ ᠂ ᠮᠠᠨ᠎ᠤ ᠲᠢᠩᠭᠢᠮ ᠤᠨᠠᠯᠳᠠ᠎ᠶᠢ ᠲᠤᠭᠳᠠᠪᠤᠷᠢᠵᠢᠭᠤᠯᠵᠤ ᠬᠠᠩᠭᠠᠯᠭ᠎ᠠ᠎ᠶᠢ ᠪᠠᠳᠤᠯᠠᠬᠤ᠎ᠶᠢ ︽ ᠡᠳᠦᠷ ᠪᠦᠷᠢ ᠲᠤᠬᠢᠷᠠᠭᠤᠯᠬᠤ ︾ ᠲᠤᠭᠳᠠᠴᠠ᠎ᠶᠢ ᠴᠢᠩᠭ᠎ᠠ ᠬᠡᠷᠡᠭᠵᠢᠭᠦᠯᠵᠦ ᠂ ᠬᠠᠯᠠᠮᠰᠢᠯ ᠤᠳᠠᠰᠤ ᠭᠠᠷᠭᠠᠬᠤ ᠪᠠ ︽ ᠭᠠᠵᠠᠷ᠎ᠤᠨ ᠲᠠᠷᠤᠭ᠎ᠠ᠎ᠶᠢᠨ ᠰᠢᠭᠤᠳ ᠨᠡᠪᠳᠡᠷᠡᠬᠦ ᠲᠡᠷᠭᠡ ︾ ᠭᠠᠷᠭᠠᠬᠤ ᠂ ᠭᠤᠤᠯᠳᠠᠯᠭ᠎ᠠ᠎ᠲᠠᠢ ᠠᠵᠤ ᠠᠬᠤᠢᠯᠠᠯ᠎ᠤᠨ ᠬᠠᠷᠢᠯᠴᠠᠬᠤ ᠲᠦᠷᠢᠮ᠎ᠢ ᠲᠤᠬᠲᠠᠭᠠᠬᠤ ᠵᠡᠷᠭᠡ ᠨᠠᠢᠮᠠᠨ ᠵᠦᠢᠯ᠎ᠤᠨ ᠠᠷᠭ᠎ᠠ ᠬᠡᠮᠵᠢᠶ᠎ᠠ᠎ᠶᠢ ᠴᠢᠩᠭ᠎ᠠ ᠬᠡᠷᠡᠭᠵᠢᠭᠦᠯᠵᠦ ᠂ ᠮᠠᠯ ᠠᠵᠤ ᠠᠬᠤᠢ ᠲᠠᠷᠢᠶᠠᠯᠠᠩ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠠᠬᠢᠭᠤᠯᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠢ ᠵᠡᠷᠭᠡ᠎ᠪᠠᠷ ᠠᠳᠬᠤᠵᠤ ᠂ ᠬᠤᠶᠠᠷ᠎ᠢ ᠰᠠᠭᠠᠳᠠᠭᠠᠬᠤ ᠦᠭᠡᠢ ᠪᠠᠢᠬᠤ᠎ᠶᠢ ᠦᠨᠡᠨ ᠭᠦ ᠪᠠᠳᠤᠯᠠᠨ᠎ᠠ ᠃

ᠰᠤᠷᠪᠤᠯᠵᠢᠯᠠᠬᠴᠢ ᠄ ᠡᠨᠡ ᠵᠢᠯ ᠬᠢᠵᠢᠭ᠎ᠤᠨ ᠪᠠᠶᠢᠳᠠᠯ᠎ᠤᠨ ᠨᠥᠯᠥᠭᠡ᠎ᠡᠴᠠ ᠪᠣᠯᠵᠣ ᠂ ᠡᠯ᠎ᠡ ᠠᠵᠢᠯ ᠲᠥᠷᠥᠯ᠎ᠤᠨ ᠦᠢᠯᠡᠳᠪᠦᠷᠢᠯᠡᠯ᠎ᠢᠶᠡᠨ ᠰᠡᠷᠭᠦᠭᠡᠬᠦ ᠠᠵᠢᠯ ᠥᠩᠭᠡᠷᠡᠭᠰᠡᠨ ᠵᠢᠯ᠎ᠤᠳ᠎ᠲᠠᠢ ᠬᠠᠷᠢᠴᠠᠭᠤᠯᠪᠠᠯ ᠴᠥᠮ ᠬᠤᠶᠢᠰᠢᠯᠠᠬᠤ ᠪᠣᠯᠤᠨ᠎ᠠ ᠂ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳ᠋ᠠᠬᠢ ᠣᠳᠣᠬᠠᠨ᠎ᠤ ᠠᠵᠢᠯ᠎ᠢᠶᠡᠨ ᠰᠡᠷᠭᠦᠭᠡᠬᠦ ᠪᠠ ᠦᠢᠯᠡᠳᠪᠦᠷᠢᠯᠡᠯ᠎ᠢᠶᠡᠨ ᠰᠡᠷᠭᠦᠭᠡᠬᠦ ᠪᠠᠶᠢᠳᠠᠯ ᠶᠠᠮᠠᠷ ᠪᠤᠯᠵᠤ ᠪᠠᠢᠭ᠎ᠠ ᠪᠣᠶ ︖ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ ᠠᠵᠢᠯ ᠲᠥᠷᠥᠯ᠎ᠤᠨ ᠡᠷᠡᠭᠦᠯ᠎ᠢᠶᠠᠷ ᠬᠥᠭᠵᠢᠬᠦ᠎ᠶᠢ ᠠᠬᠢᠭᠤᠯᠬᠤ ᠲᠤᠬᠠᠢ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ ︖
ᠸᠠᠩ ᠸᠧᠨ ᠵᠢᠶᠧ ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ ᠡᠬᠦᠰᠦᠭᠰᠡᠨ᠎ᠡᠴᠠ ᠨᠠᠭᠠᠰᠢ ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠡᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠠᠵᠢᠯ᠎ᠤᠨ ᠪᠠᠶᠢᠷᠢᠯᠠᠭᠤᠯᠤᠯᠲᠠ᠎ᠶᠢ ᠦᠨᠳᠦᠰᠦᠯᠡᠨ ᠂ ᠬᠤᠳᠠᠯᠳᠤᠭᠠᠨ᠎ᠤ ᠶᠠᠪᠤᠳᠠᠯ᠎ᠤᠨ ᠵᠠᠮᠤᠨ᠎ᠤ ᠵᠢᠯᠤᠭᠤᠳᠤᠯᠭ᠎ᠠ ᠶᠣᠰᠣᠭᠠᠷ ᠂ ᠬᠠᠩᠭᠠᠯᠭ᠎ᠠ᠎ᠶᠢ ᠪᠠᠲᠤᠯᠠᠬᠤ ᠂ ᠪᠠᠷᠠᠭᠠᠨ᠎ᠤ ᠦᠨ᠎ᠡ᠎ᠶᠢ ᠲᠣᠭᠲᠠᠪᠤᠷᠢᠵᠢᠭᠤᠯᠬᠤ ᠂ ᠬᠢᠵᠢᠭ᠎ᠤᠨ ᠪᠠᠢᠳᠠᠯ᠎ᠢ ᠰᠡᠷᠭᠡᠢᠯᠡᠬᠦ ᠠᠵᠢᠯ᠎ᠢ ᠡᠮᠬᠢ ᠵᠢᠷᠤᠮ᠎ᠲᠠᠢ ᠥᠷᠨᠢᠭᠦᠯᠪᠡ ᠃
ᠣᠶᠢᠷ᠎ᠠ᠎ᠶᠢᠨ ᠬᠤᠭᠤᠴᠠᠭᠠᠨ᠎ᠤ ᠬᠢᠨᠠᠨ ᠬᠡᠮᠵᠢᠭᠰᠡᠨ ᠲᠤᠭ᠎ᠠ ᠪᠠᠷᠢᠮᠲᠠ᠎ᠡᠴᠠ ᠦᠵᠡᠪᠡᠯ ᠂ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳ᠋ᠠᠬᠢ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢᠯᠡᠰ᠎ᠤᠨ ᠬᠠᠩᠭᠠᠯᠭ᠎ᠠ᠎ᠶᠢ ᠪᠠᠲᠤᠯᠠᠬᠤ ᠨᠡᠷᠡᠳᠤ ᠲᠡᠮᠳᠡᠭᠲᠦ᠎ᠶᠢᠨ ᠬᠡᠯᠬᠢᠶ᠎ᠡ ᠳᠡᠯᠭᠡᠭᠦᠷ ᠂ ᠶᠡᠷᠦᠩᠬᠡᠶᠢᠯᠡᠭᠰᠡᠨ ᠬᠠᠮ ᠳᠡᠯᠭᠡᠭᠦᠷ ᠂ ᠠᠷᠠᠯᠵᠢᠶᠠᠨ᠎ᠤ ᠭᠦᠢᠯᠭᠡᠭᠡᠨ᠎ᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠥᠭᠡᠮ᠎ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠂ ᠨᠡᠶᠢᠭᠡᠮ ᠲᠣᠭᠤᠷᠢᠭ᠎ᠤᠨ ᠢᠳᠡᠰᠢᠨ ᠨᠣᠭᠤᠭᠠᠨ᠎ᠤ ᠳᠡᠯᠭᠡᠭᠦᠷ᠎ᠤᠨ ᠠᠵᠢᠯ᠎ᠢᠶᠡᠨ ᠰᠡᠷᠭᠦᠭᠡᠭᠰᠡᠨ ᠨᠣᠷᠮ᠎ᠠ 80%᠎ᠡᠴᠠ ᠳᠡᠭᠡᠭᠰᠢ᠎ᠳ᠋ᠤ ᠬᠦᠷᠴᠡᠢ ︔ ᠪᠥᠬᠦ ᠣᠷᠣᠨ᠎ᠤ ᠭᠠᠳᠠᠭᠠᠳᠤ ᠠᠷᠠᠯᠵᠢᠶᠠᠨ᠎ᠤ ᠠᠵᠤ ᠠᠬᠤᠶᠢᠯᠠᠯ ᠣᠳᠣᠬᠠᠨ᠎ᠳ᠋ᠤ ᠵᠠᠯᠭ᠎ᠠ᠎ᠪᠠᠷ ᠠᠵᠢᠯ᠎ᠢᠶᠡᠨ ᠡᠬᠢᠯᠡᠭᠦᠯᠵᠦ ᠂ ᠭᠤᠤᠯᠳᠠᠯᠭ᠎ᠠ᠎ᠲᠠᠢ ᠪᠠᠯᠠ ᠣᠷᠣᠭᠤᠯᠤᠯᠲᠠ᠎ᠶᠢᠨ ᠲᠥᠷᠥᠯ ᠵᠦᠢᠯ ᠴᠥᠮ ᠬᠡᠪ᠎ᠤᠨ ᠶᠣᠰᠣᠭᠠᠷ ᠠᠵᠢᠯᠯᠠᠵᠤ ᠪᠤᠢ ᠃
ᠳᠠᠷᠠᠭᠠᠴᠢ᠎ᠶᠢᠨ ᠠᠯᠬᠤᠮ᠎ᠳ᠋ᠤ ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠡᠴᠠ᠎᠂ ᠪᠦᠬᠦ ᠤᠷᠤᠨ᠎ᠳ᠋ᠤ ᠬᠡᠷᠡᠭᠵᠢᠭᠦᠯᠵᠦ ᠪᠠᠢᠭ᠎ᠠ ᠡᠯ᠎ᠡ ᠵᠦᠢᠯ᠎ᠤᠨ ᠲᠥᠷᠦ᠎ᠶᠢᠨ ᠪᠣᠳᠤᠯᠭ᠎ᠠ᠎ᠶᠢ ᠪᠤᠳᠠᠳᠠᠢ ᠨᠠᠢᠳᠠᠪᠤᠷᠢᠵᠢᠭᠤᠯᠵᠤ ᠂ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳ᠋ᠠᠬᠢ ᠠᠵᠤ ᠠᠬᠤᠶᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠳ᠋ᠤ ᠦᠵᠡᠭᠦᠯᠬᠦ ᠬᠢᠵᠢᠭ᠎ᠤᠨ ᠪᠡᠢᠳᠡᠯ᠎ᠤᠨ ᠨᠥᠯᠥᠭᠡ᠎ᠶᠢ ᠦᠨᠡᠨ ᠬᠦ ᠬᠥᠩᠭᠡᠷᠡᠭᠦᠯᠵᠦ ᠂ ᠠᠵᠢᠯ᠎ᠢᠶᠡᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠪᠠ ᠡᠷᠡᠭᠦᠯ ᠲᠣᠭᠲᠠᠭᠤᠨ᠎ᠢᠶᠠᠷ ᠬᠥᠭᠵᠢᠬᠦ᠎ᠶᠢ ᠲᠦᠷᠭᠡᠳᠬᠡᠨ᠎ᠡ ᠃
ᠳᠣᠲᠣᠭᠠᠳᠤ ᠠᠷᠠᠯᠵᠢᠶᠠᠨ᠎ᠤ ᠭᠦᠢᠯᠭᠡᠭᠡᠨ᠎ᠤ ᠲᠠᠯ᠎ᠠ᠎ᠪᠠᠷ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠭᠦ ᠂ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢᠯᠡᠰ᠎ᠤᠨ ᠬᠠᠩᠭᠠᠯᠭ᠎ᠠ᠎ᠶᠢ ᠪᠠᠲᠤᠯᠠᠬᠤ᠎ᠶᠢ ᠦᠷᠭᠦᠯᠵᠢᠯᠡᠨ ᠣᠳᠣᠬᠠᠨ᠎ᠤ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠨ᠎ᠠ ᠃ ᠭᠠᠳᠠᠭᠠᠳᠤ ᠠᠷᠠᠯᠵᠢᠶᠠᠨ᠎ᠤ ᠲᠠᠯ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠵᠢᠴᠢ ᠠᠶᠢᠮᠠᠭ ᠬᠤᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠭᠠᠭᠠᠴᠢᠯᠠᠨ ᠬᠠᠷᠢᠯᠴᠠᠵᠦ ᠪᠠᠢᠭ᠎ᠠ ᠦᠢᠯᠡᠴᠢᠯᠡᠭᠡᠨ᠎ᠤ ᠭᠤᠤᠯᠳᠠᠯᠭ᠎ᠠ᠎ᠲᠠᠢ ᠭᠠᠳᠠᠭᠠᠳᠤ ᠠᠷᠠᠯᠵᠢᠶᠠᠨ᠎ᠤ ᠠᠵᠤ ᠠᠬᠤᠶᠢᠯᠠᠯ᠎ᠤᠨ ᠦᠢᠯᠡᠳᠪᠦᠷᠢᠯᠡᠯ᠎ᠢᠶᠡᠨ ᠳᠠᠷᠦ᠋ᠢᠬᠠᠨ ᠰᠡᠷᠭᠦᠭᠡᠬᠦ᠎ᠶᠢ ᠠᠬᠢᠭᠤᠯᠤᠨ᠎ᠠ ᠃ ᠭᠠᠳᠠᠭᠠᠳᠤ ᠪᠡᠯᠡ᠎ᠶᠢᠨ ᠭᠠᠳᠠᠭᠠᠳᠤ ᠠᠵᠤ ᠠᠬᠤᠶ᠎ᠶᠢᠨ ᠲᠠᠯ᠎ᠠ᠎ᠪᠠᠷ ᠂ ᠰᠦᠯᠵᠢᠶᠡᠨ ᠳᠡᠭᠡᠷ᠎ᠡ ᠵᠤᠯᠭᠠᠯᠴᠠᠭᠤᠯᠤᠨ ᠵᠥᠪᠳᠡᠯᠴᠡᠬᠦ᠎ᠶᠢ ᠠᠬᠢᠭᠤᠯᠬᠤ ᠵᠡᠷᠭᠡ ᠠᠷᠭ᠎ᠠ ᠵᠠᠮ᠎ᠢᠶᠠᠷ ᠬᠢᠯᠢ᠎ᠶᠢᠨ ᠭᠠᠳᠠᠨᠠᠬᠢ ᠲᠥᠷᠥᠯ ᠵᠦᠢᠯ᠎ᠤᠨ ᠠᠯᠢ ᠲᠦᠷᠭᠡᠨ᠎ᠢᠶᠠᠷ ᠠᠵᠢᠯ ‍ᠦᠶ᠋ᠯᠡᠳᠪᠦᠷᠢᠯᠡᠯ᠎ᠢᠶᠡᠨ ᠰᠡᠷᠭᠦᠭᠡᠬᠦ᠎ᠶᠢ ᠪᠠᠲᠤᠯᠠᠨ᠎ᠠ ᠃

ᠰᠤᠷᠪᠤᠯᠵᠢᠯᠠᠬᠴᠢ ᠄ ᠤᠢᠯᠠᠭᠠᠭᠰᠠᠨ᠎ᠢᠶᠠᠷ ᠂ ᠦᠪᠡᠷᠳᠡᠭᠡᠨ ᠵᠠᠰᠠᠬᠤ ᠤᠷᠤᠨ᠎ᠤ ᠡᠨᠧᠷᠬᠢ᠎ᠶᠢᠨ ᠬᠠᠩᠭᠠᠯᠭ᠎ᠠ᠎ᠶᠢᠨ ᠪᠠᠢᠳᠠᠯ ᠦᠨᠳᠦᠰᠦᠨ᠎ᠳ᠋ᠡᠭᠡᠨ ᠲᠤᠭᠳᠠᠭᠤᠨ ᠪᠠᠢᠵᠤ ᠂ ᠵᠦᠪᠬᠡᠨ ᠨᠡᠬᠦᠷᠡᠰᠤᠨ᠎ᠤ ᠬᠠᠩᠭᠠᠯᠭ᠎ᠠ ᠪᠡᠴᠢᠮ ᠪᠠᠢᠨ᠎ᠠ ᠃ ᠲᠡᠭᠡᠪᠡᠯ ᠂ ᠤᠳᠤ ᠨᠡᠬᠦᠷᠡᠰᠤᠨ᠎ᠤ ᠠᠵᠤ ᠤᠢᠯᠡᠳᠪᠤᠷᠢ᠎ᠶᠢᠨ ᠠᠵᠢᠯ ᠦᠢᠯᠡᠳᠪᠦᠷᠢᠯᠡᠯ᠎ᠢᠶᠡᠨ ᠰᠡᠷᠬᠦᠭᠡᠭᠰᠡᠨ ᠪᠠᠢᠳᠠᠯ ᠶᠠᠮᠠᠷ ᠪᠠᠢᠬᠤ ᠪᠤᠢ ︖
ᠵᠠᠩ ᠵᠠᠨ ᠵᠢᠶᠦᠢᠨ ᠄ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ ᠡᠬᠦᠰᠦᠭᠰᠡᠨ᠎ᠡᠴᠠ ᠨᠠᠭᠠᠰᠢ ᠂ ᠡᠨᠧᠷᠬᠢ᠎ᠶᠢᠨ ᠰᠢᠰᠲ᠋ᠧᠮ᠎ᠤᠨ᠎ᠬᠢᠨ ᠶᠡᠷᠤᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ᠎ᠶᠢ ᠬᠦᠨᠵᠡᠬᠡᠢ ᠲᠤᠭᠤᠰᠢᠯᠠᠭᠤᠯᠵᠤ ᠂ ᠴᠠᠭᠠᠨ ᠰᠠᠷ᠎ᠠ᠎ᠶᠢᠨ ᠠᠮᠠᠷᠠᠯᠳᠠ᠎ᠶᠢᠨ ᠬᠤᠭᠤᠴᠠᠭ᠎ᠠ᠎ᠡᠴᠠ ᠡᠬᠢᠯᠡᠨ ᠨᠢᠭᠳᠠ ᠲᠤᠬᠢᠷᠠᠭᠤᠯᠭ᠎ᠠ ᠬᠢᠵᠤ ᠂ ᠦᠪᠡᠷᠳᠡᠭᠡᠨ ᠵᠠᠰᠠᠬᠤ ᠤᠷᠤᠨ᠎ᠤ ᠵᠢᠯᠤᠭᠤᠳᠬᠤ ᠭᠠᠵᠠᠷ᠎ᠤᠨ ᠪᠠᠢᠷᠢᠯᠠᠭᠤᠯᠤᠯᠳᠠ ᠶᠤᠰᠤᠭᠠᠷ ᠂ ᠠᠵᠢᠯ ᠦᠢᠯᠡᠳᠪᠦᠷᠢᠯᠡᠯ᠎ᠢᠶᠡᠨ ᠰᠡᠷᠬᠦᠭᠡᠬᠦ᠎ᠶᠢ ᠪᠦᠬᠦ ᠬᠦᠴᠦᠨ᠎ᠢᠶᠠᠷ ᠠᠳᠬᠤᠵᠤ ᠂ ᠡᠨᠧᠷᠬᠢ᠎ᠶᠢᠨ ᠠᠮᠤᠷ ᠲᠦᠪᠰᠢᠨ ᠬᠠᠩᠭᠠᠯᠭ᠎ᠠ᠎ᠶᠢ ᠪᠠᠳᠤᠯᠠᠵᠤ ᠂ ᠬᠢᠵᠢᠭ᠎ᠤᠨ ᠪᠡᠢᠳᠡᠯ᠎ᠢ ᠢᠯᠠᠬᠤ᠎ᠳ᠋ᠤ ᠦᠵᠡᠬᠦᠯᠬᠦ ᠵᠤᠭᠢᠰᠳᠡᠢ ᠬᠤᠪᠢ ᠨᠡᠮᠡᠷᠢ᠎ᠪᠠᠨ ᠦᠵᠡᠬᠦᠯᠵᠡᠢ ᠃
ᠤᠳᠤᠬᠠᠨ᠎ᠤ ᠪᠠᠢᠳᠠᠯ᠎ᠡᠴᠠ ᠦᠵᠡᠪᠡᠯ ᠂ ᠪᠦᠬᠦ ᠤᠷᠤᠨ᠎ᠤ ᠴᠠᠬᠢᠯᠭᠠᠨ ᠭᠠᠷᠭᠠᠬᠤ ᠂ ᠴᠠᠬᠢᠯᠭᠠᠨ ᠬᠠᠩᠭᠠᠬᠤ ᠠᠵᠤ ᠠᠬᠤᠢᠯᠠᠯ ᠪᠦᠷ ᠬᠡᠪ᠎ᠤᠨ ᠶᠤᠰᠤᠭᠠᠷ ᠠᠵᠢᠯᠯᠠᠵᠤ ᠂ ᠴᠠᠬᠢᠯᠭᠠᠨ ᠬᠦᠴᠦᠨ᠎ᠤ ᠬᠠᠩᠭᠠᠯᠭ᠎ᠠ ᠬᠦᠢᠴᠡᠳ ᠪᠠᠢᠨ᠎ᠠ ᠃ ᠬᠡᠰᠡᠭ ᠠᠵᠤ ᠤᠢᠯᠡᠳᠪᠤᠷᠢ᠎ᠶᠢᠨ ᠠᠵᠤ ᠠᠬᠤᠢᠯᠡᠯ ᠤᠢᠯᠡᠳᠪᠤᠷᠢᠯᠡᠯ᠎ᠢᠶᠡᠨ ᠵᠤᠭᠰᠤᠭᠰᠠᠨ ᠪᠠ ᠬᠠᠭᠠᠰ ᠵᠤᠭᠰᠤᠭᠰᠠᠨ ᠨᠦᠯᠦᠭᠡ᠎ᠡᠴᠠ ᠪᠤᠯᠵᠤ ᠂ ᠦᠪᠤᠷ ᠮᠤᠩᠭᠤᠯ᠎ᠤᠨ ᠪᠠᠷᠠᠭᠤᠨ ᠪᠡᠶ᠎ᠠ᠎ᠶᠢᠨ ᠭᠠᠵᠠᠷ ᠤᠷᠤᠨ᠎ᠤ ᠴᠠᠬᠢᠯᠭᠠᠨ ᠬᠠᠩᠭᠠᠬᠤ ᠲᠠᠭᠠᠭᠠᠴᠠ ᠢᠯᠡᠷᠬᠡᠢ ᠪᠠᠭᠤᠷᠠᠵᠠᠢ ᠃ ᠰᠢᠳᠠᠮᠠᠬᠠᠢ ᠬᠡᠢ ᠤᠢᠯᠡᠳᠪᠤᠷᠢᠯᠡᠬᠦ ᠠᠵᠤ ᠠᠬᠤᠢᠯᠡᠯ ᠪᠦᠬᠦᠨ᠎ᠢᠶᠠᠷ᠎ᠢᠶᠡᠨ ᠬᠡᠪ᠎ᠤᠨ ᠶᠤᠰᠤᠭᠠᠷ ᠠᠵᠢᠯᠯᠠᠵᠤ ᠂ ᠪᠤᠯᠪᠠᠰᠤᠷᠠᠭᠤᠯᠤᠭᠰᠠᠨ ᠴᠢᠯᠠᠭᠤᠨ ᠲᠤᠰᠤᠨ᠎ᠤ ᠬᠠᠳᠠᠭᠠᠯᠠᠯᠳᠠ ᠬᠡᠪ᠎ᠤᠨ ᠲᠦᠪᠰᠢᠨ᠎ᠢᠶᠡᠨ ᠪᠠᠳᠤᠯᠠᠵᠤ ᠂ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠵᠤ ᠲᠡᠢᠯᠦᠨ᠎ᠠ ᠃
ᠨᠡᠬᠦᠷᠡᠰᠤᠨ ᠠᠭᠤᠷᠬᠠᠢ ᠡᠮᠬᠢ ᠵᠢᠷᠤᠮ᠎ᠲᠠᠢ᠎ᠪᠠᠷ ᠠᠵᠢᠯ᠎ᠢᠶᠡᠨ ᠰᠡᠷᠬᠦᠭᠡᠵᠤ ᠂ ᠨᠡᠬᠦᠷᠡᠰᠤᠨ᠎ᠤ ᠤᠢᠯᠡᠳᠪᠤᠷᠢᠯᠡᠯ ᠶᠠᠪᠤᠬᠤ ᠲᠤᠳᠤᠮ ᠬᠡᠪ᠎ᠤᠨ ᠪᠠᠢᠳᠠᠯ᠎ᠳᠠᠭᠠᠨ ᠤᠷᠤᠪᠠ ᠃ 2 ᠰᠠᠷ᠎ᠠ᠎ᠶᠢᠨ 1᠎ᠤ ᠡᠳᠤᠷ᠎ᠡᠴᠠ ᠨᠠᠭᠠᠰᠢ ᠂ ᠨᠢᠭᠡᠨᠳᠡ 111 ᠨᠡᠬᠦᠷᠡᠰᠤᠨ ᠠᠭᠤᠷᠬᠠᠢ ᠤᠢᠯᠡᠳᠪᠤᠷᠢᠯᠡᠯ᠎ᠢᠶᠡᠨ ᠰᠡᠷᠬᠦᠭᠡᠪᠡ ᠃ 2 ᠰᠠᠷ᠎ᠠ᠎ᠶᠢᠨ 17᠎ᠤ ᠡᠳᠤᠷ ᠪᠤᠯᠳᠠᠯ᠎ᠠ ᠂ ᠤᠢᠯᠡᠳᠪᠤᠷᠢᠯᠡᠵᠦ ᠪᠠᠢᠭ᠎ᠠ ᠨᠡᠬᠦᠷᠡᠰᠤᠨ ᠠᠭᠤᠷᠬᠠᠢ ᠨᠡᠢᠳᠡ 153 ᠪᠤᠯᠵᠤ ᠂ ᠤᠢᠯᠡᠳᠪᠤᠷᠢᠯᠡᠬᠦ ᠴᠢᠳᠠᠪᠤᠷᠢ᠎ᠨᠢ 7.36 ᠳ᠋ᠦᠩᠰᠢᠭᠤᠷ ᠲᠤᠨ᠎ᠳ᠋ᠤ ᠬᠦᠷᠴᠤ ᠂ 2019 ᠤᠨ᠎ᠤ ᠡᠴᠤᠰ᠎ᠤᠨ ᠨᠡᠬᠦᠷᠡᠰᠤᠨ ᠠᠭᠤᠷᠬᠠᠢ᠎ᠶᠢᠨ ᠤᠢᠯᠡᠳᠪᠤᠷᠢᠯᠡᠬᠦ ᠴᠢᠳᠠᠪᠤᠷᠢ᠎ᠶᠢᠨ 70.8%᠎ᠳ᠋ᠤ ᠬᠦᠷᠴᠡᠢ ᠃ ᠨᠡᠬᠦᠷᠡᠰᠤᠨ᠎ᠤ ᠬᠠᠩᠭᠠᠯᠭ᠎ᠠ ᠲᠤᠭᠳᠠᠭᠤᠨ ᠬᠠᠨᠳᠤᠰᠢ᠎ᠲᠠᠢ ᠪᠤᠯᠪᠠ ᠃ 2 ᠰᠠᠷ᠎ᠠ᠎ᠶᠢᠨ 17᠎ᠤ ᠡᠳᠤᠷ ᠂ ᠪᠦᠬᠦ ᠤᠷᠤᠨ 183 ᠲᠦᠮᠡᠨ ᠲᠤᠨ ᠨᠡᠬᠦᠷᠡᠰᠤ ᠤᠢᠯᠡᠳᠪᠤᠷᠢᠯᠡᠵᠤ ᠂ 2 ᠰᠠᠷ᠎ᠠ᠎ᠶᠢᠨ 1᠎ᠤ ᠡᠳᠤᠷ᠎ᠡᠴᠠ 29 ᠲᠦᠮᠡᠨ ᠲᠤᠨ ᠨᠡᠮᠡᠭᠳᠡᠵᠤ ᠂ ᠨᠢᠳᠤᠨᠤᠨ᠎ᠤ ᠠᠳᠠᠯᠢ ᠬᠤᠭᠤᠴᠠᠭᠠᠨ᠎ᠤ 80%᠎ᠳ᠋ᠤ ᠭᠦᠷᠴᠡᠢ ᠃
ᠤᠯᠤᠰ᠎ᠤᠨ ᠡᠨᠧᠷᠬᠢ ᠪᠠ ᠪᠠᠢᠯᠳᠤᠬᠤ ᠪᠤᠳᠤᠯᠭ᠎ᠠ᠎ᠶᠢᠨ ᠡᠬᠢ ᠪᠠᠶᠠᠯᠢᠭ᠎ᠤᠨ ᠴᠢᠬᠤᠯᠠ ᠰᠠᠭᠤᠷᠢᠨ ᠪᠤᠯᠤᠭᠰᠠᠨ᠎ᠤ ᠬᠤᠪᠢ᠎ᠳ᠋ᠤ ᠂ ᠪᠢᠳᠡ ᠪᠦᠬᠦ ᠤᠷᠤᠨ᠎ᠤ ᠨᠡᠬᠦᠷᠡᠰᠤᠨ᠎ᠤ ᠬᠠᠩᠭᠠᠯᠭ᠎ᠠ᠎ᠶᠢ ᠪᠠᠳᠤᠯᠠᠭᠰᠠᠨ ᠰᠠᠭᠤᠷᠢᠨ ᠲᠡᠭᠡᠷ᠎ᠠ ᠂ ᠪᠦᠬᠦ ᠤᠯᠤᠰ᠎ᠤᠨ ᠪᠤᠰᠤᠳ ᠭᠠᠵᠠᠷ ᠤᠷᠤᠨ᠎ᠤ ᠬᠠᠩᠭᠠᠯᠭ᠎ᠠ᠎ᠶᠢ ᠲᠤᠭᠳᠠᠭᠤᠨ ᠪᠠᠢᠯᠭᠠᠬᠤ᠎ᠶᠢ ᠪᠠᠳᠤᠯᠠᠪᠠ ᠃ 2 ᠰᠠᠷ᠎ᠠ᠎ᠶᠢᠨ 17᠎ᠤ ᠡᠳᠤᠷ᠎ᠢᠶᠠᠷ ᠵᠢᠱᠢᠶᠡᠯᠡᠬᠦ᠎ᠳ᠋ᠤ ᠂ ᠪᠦᠬᠦ ᠤᠷᠤᠨ᠎208.5 ᠲᠦᠮᠡᠨ ᠲᠤᠨ ᠨᠡᠬᠦᠷᠡᠰᠤ ᠪᠤᠷᠤᠯᠠᠭᠤᠯᠵᠤ ᠂ 2 ᠰᠠᠷ᠎ᠠ᠎ᠶᠢᠨ 1᠎ᠤ ᠡᠳᠤᠷ᠎ᠤᠨ᠎ᠬᠢ᠎ᠡᠴᠠ 74.7 ᠲᠦᠮᠡᠨ ᠲᠤᠨ ᠨᠡᠮᠡᠭᠳᠡᠵᠡᠢ ᠃ ᠨᠡᠬᠦᠷᠡᠰᠤᠨ᠎ᠤ ᠦᠨ᠎ᠠ ᠬᠠᠩᠰᠢ ᠶᠡᠷᠤᠩᠬᠡᠢ᠎ᠳ᠋ᠡᠭᠡᠨ ᠲᠤᠭᠳᠠᠭᠤᠨ ᠪᠠᠢᠵᠤ ᠂ ᠪᠠᠭ᠎ᠠ ᠦᠰᠪᠠ ᠃ 2 ᠰᠠᠷ᠎ᠠ᠎ᠶᠢᠨ 17᠎ᠤ ᠡᠳᠤᠷ ᠂ ᠤᠷᠳᠤᠰ ᠬᠤᠳᠠ᠎ᠶᠢᠨ ᠬᠦᠳᠡᠯᠭᠡᠬᠦ ᠬᠦᠴᠦᠨ᠎ᠤ ᠨᠡᠬᠦᠷᠡᠰᠤᠨ᠎ᠤ ᠲᠤᠮᠳᠠᠴᠢ ᠦᠨ᠎ᠠ ︵ ᠭᠠᠢᠯᠢ᠎ᠶᠢ ᠪᠠᠭᠳᠠᠭᠠᠨ᠎ᠠ ︶ ᠲᠤᠨ ᠪᠦᠷᠢ᠎ᠳ᠋ᠡᠭᠡᠨ 290 ᠲᠦᠬᠦᠷᠢᠭ᠎ᠲᠤ ᠬᠦᠷᠴᠤ ᠂ ᠰᠠᠷ᠎ᠠ᠎ᠶᠢᠨ ᠡᠬᠢᠨ᠎ᠤ᠎ᠬᠢ᠎ᠲᠠᠢ ᠬᠠᠷᠢᠴᠠᠭᠤᠯᠪᠠᠯ ᠲᠤᠨ ᠪᠦᠷᠢ᠎ᠳ᠋ᠡᠭᠡᠨ 7 ᠲᠦᠬᠦᠷᠢᠭ ᠦᠰᠴᠤ ᠂ ᠨᠢᠳᠤᠨᠤᠨ᠎ᠤ ᠡᠠᠳᠠᠯᠢ ᠬᠤᠭᠤᠴᠠᠭ᠎ᠠ᠎ᠶᠢᠨ᠎ᠬᠢ᠎ᠡᠴᠠ ᠲᠤᠨ ᠪᠦᠷᠢ᠎ᠳ᠋ᠡᠭᠡᠨ 15 ᠲᠦᠬᠦᠷᠢᠭ ᠤᠷᠴᠢᠮ ᠪᠠᠭᠤᠷᠠᠵᠠᠢ ᠃
ᠲᠠᠷᠠᠭᠠᠴᠢ᠎ᠶᠢᠨ ᠠᠯᠬᠤᠮ᠎ᠳ᠋ᠤ ᠂ ᠪᠢᠳᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠡᠯ᠎ᠠ ᠲᠦᠷᠦᠯ᠎ᠤᠨ ᠪᠠᠢᠷᠢᠯᠠᠭᠤᠯᠤᠯᠳᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠤᠨ ᠂ ᠨᠢᠭᠡ ᠲᠠᠯ᠎ᠠ᠎ᠪᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠤ ᠂ ᠨᠥᠬᠥᠬᠡ ᠲᠠᠯ᠎ᠠ᠎ᠪᠠᠷ ᠠᠵᠢᠯ ‍ᠦᠢᠯᠡᠳᠪᠤᠷᠢᠯᠡᠯ᠎ᠢᠶᠡᠨ ᠰᠡᠷᠬᠦᠭᠡᠬᠦ᠎ᠶᠢ ᠰᠠᠢᠳᠤᠷ ᠠᠳᠬᠤᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠤᠯᠤᠨ ᠠᠵᠤ ᠠᠬᠤᠢ ᠨᠡᠢᠭᠡᠮ᠎ᠤᠨ ᠬᠦᠭᠵᠢᠯᠳᠡ᠎ᠶᠢᠨ ᠬᠠᠷᠠᠯᠳᠠ᠎ᠶᠢ ᠪᠡᠶᠡᠯᠡᠬᠦᠯᠬᠦ ᠬᠤᠤᠰ ᠢᠯᠡᠯᠳᠡ᠎ᠶᠢ ᠲᠡᠮᠡᠴᠡᠨ ᠤᠯᠬᠤ᠎ᠳ᠋ᠤ ᠬᠤᠪᠢ ᠨᠡᠮᠡᠷᠢ᠎ᠪᠠᠨ ᠦᠵᠡᠬᠦᠯᠦᠨ᠎ᠠ ᠃

︵ ᠦᠪᠦᠷ ᠮᠤᠩᠭᠤᠯ᠎ᠤᠨ ᠡᠳᠤᠷ᠎ᠤᠨ ᠰᠤᠨᠢᠨ᠎ᠤ ᠰᠤᠷᠪᠤᠯᠵᠢᠯᠠᠬᠴᠢ ᠬᠠᠢ ᠴᠢᠤᠧᠠᠨ ᠭᠤᠸ᠎ᠠ ᠪᠤᠤ ᠨᠠᠷᠠᠨᠳᠤᠶᠠᠭ᠎ᠠ ᠬᠠᠢᠷᠬᠠᠨ ᠰᠠᠷᠭᠠᠢ ᠲᠤᠪᠴᠢᠯᠡᠨ ᠤᠷᠴᠢᠭᠤᠯᠪᠡ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠴᠣᠷᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面