2020-02-20 12:49:18
ᠠᠰᠠᠭᠤᠯᠲᠠ ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠳᠤᠮᠳᠠ ᠠᠷᠢᠭᠤᠳᠬᠠᠬᠤ ᠡᠳ᠋᠎ᠢ ᠬᠡᠷᠬᠢᠨ ᠵᠦᠢ ᠵᠤᠬᠢᠰᠲᠠᠢ ᠬᠡᠷᠡᠭᠯᠡᠬᠦ ᠪᠣᠶ ︖
ᠬᠠᠷᠢᠭᠤᠯᠲᠠ ᠄ 1. ᠪᠠᠶᠢᠭᠤᠯᠭ᠎ᠠ ᠨᠢᠭᠡᠴᠢ ᠂ ᠰᠠᠭᠤᠭᠠᠯᠢ ᠠᠷᠠᠳ᠎ᠤᠨ ᠨᠡᠶᠢᠭᠡᠮ ᠲᠣᠭᠣᠷᠢᠭ ᠂ ᠣᠯᠠᠨ ᠨᠡᠢᠲᠡ᠎ᠶᠢᠨ ᠲᠠᠯᠠᠪᠤᠷ ᠵᠡᠷᠭᠡ᠎ᠶᠢᠨ ᠠᠷᠢᠭᠤᠳᠬᠠᠬᠤ ᠠᠵᠢᠯ᠎ᠢ ᠬᠠᠷᠢᠭᠤᠴᠠᠵᠤ ᠪᠠᠶᠢᠭ᠎ᠠ ᠬᠥᠮᠦᠰ ᠠᠷᠢᠭᠤᠳᠬᠠᠬᠤ ᠦᠶᠯᠡᠳᠬᠦᠨ᠎ᠤ ᠲᠣᠳᠣᠷᠬᠠᠶᠢᠯᠠᠯᠲᠠ᠎ᠶᠢ ᠴᠢᠩᠭ᠎ᠠ ᠵᠢᠷᠤᠮᠯᠠᠨ ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠠᠷᠢᠭᠤᠳᠬᠠᠬᠤ ᠡᠳ᠋᠎ᠢ ᠰᠢᠨᠵᠢᠯᠡᠬᠦ ᠤᠬᠠᠭᠠᠨᠴᠢ᠎ᠪᠠᠷ ᠵᠦᠶ ᠵᠣᠬᠢᠰᠲᠠᠶ ᠬᠡᠷᠡᠭᠯᠡᠵᠦ ᠂ ᠠᠷᠢᠭᠤᠳᠬᠠᠬᠤ ᠡᠳ᠋᠎ᠢ ᠳᠤᠷ᠎ᠠ᠎ᠪᠠᠷ ᠬᠡᠷᠡᠭᠯᠡᠬᠦ᠎ᠡᠴᠠ ᠵᠠᠶᠢᠯᠠᠰᠬᠢᠬᠦ ᠬᠡᠷᠡᠭᠲᠡᠶ ᠃
2. ᠠᠷᠢᠭᠤᠳᠬᠠᠬᠤ ᠦᠢᠯᠡᠳᠬᠦᠨ᠎ᠢ ᠵᠦᠪᠬᠡᠨ ᠳᠤᠲᠤᠷᠬᠠᠢᠯᠠᠯᠲᠠᠳ᠋ᠤ ᠢᠯᠡᠷᠭᠡᠢᠯᠡᠭᠰᠡᠨ ᠵᠦᠢᠯ᠎ᠳ᠋ᠤ ᠬᠡᠷᠡᠭᠯᠡᠵᠦ ᠂ ᠡᠨᠡ ᠬᠦ ᠬᠦᠷᠢᠶ᠎ᠡ ᠬᠡᠪᠴᠢᠶᠡᠨ᠎ᠡᠴᠠ ᠳᠠᠪᠠᠨ ᠬᠡᠷᠡᠭᠯᠡᠵᠦ ᠪᠤᠯᠬᠤ ᠦᠬᠡᠢ ᠃
3. ᠠᠷᠢᠭᠤᠳᠬᠠᠬᠤ ᠡᠳ᠋ ᠪᠤᠯᠭᠠᠨ᠎ᠢ ᠵᠠᠪᠠᠯ ᠲᠤᠰᠠᠭᠠᠷ ᠬᠡᠷᠡᠭᠯᠡᠬᠦ ᠴᠢᠬᠤᠯᠠᠲᠠᠢ ᠪᠠᠢᠵᠦ ᠂ ᠠᠳᠠᠯᠢ ᠪᠤᠰᠤ ᠲᠦᠷᠦᠯ ᠵᠦᠢᠯ᠎ᠤᠨ ᠠᠷᠢᠭᠤᠳᠬᠠᠬᠤ ᠡᠳ᠋᠎ᠢ ᠬᠤᠯᠢᠵᠦ ᠬᠡᠷᠡᠭᠯᠡᠵᠦ ᠪᠤᠯᠬᠤ ᠦᠬᠡᠢ ᠃
4. ᠲᠤᠳᠤᠷᠬᠠᠢᠯᠠᠯᠲᠠᠳ᠋ᠠᠬᠢ ᠦᠳᠭᠡᠴᠡ᠎ᠶᠢᠨ ᠬᠡᠮᠵᠢᠶ᠎ᠡ ᠶᠤᠰᠤᠭᠠᠷ ᠠᠷᠢᠭᠤᠳᠬᠠᠬᠤ ᠡᠳ᠋᠎ᠢ ᠨᠠᠢᠷᠠᠭᠤᠯᠵᠦ ᠂ ᠲᠤᠳᠤᠷᠬᠠᠢᠯᠠᠯᠲᠠ᠎ᠶᠢᠨ ᠬᠠᠮᠤᠭ ᠤᠬᠤᠷ ᠬᠢᠵᠠᠭᠠᠷ᠎ᠤᠨ ᠠᠷᠢᠭᠤᠳᠬᠠᠬᠤ ᠴᠠᠭ ᠬᠤᠭᠤᠴᠠᠭ᠎ᠠ᠎ᠶᠢ ᠪᠠᠲᠤᠯᠠᠬᠤ ᠬᠡᠷᠡᠭᠲᠡᠢ ᠃
5. ᠬᠥᠮᠦᠨ᠎ᠤ ᠪᠡᠶ᠎ᠡ᠎ᠶᠢᠨ ᠠᠷᠠᠰᠤᠨ᠎ᠤ ᠠᠷᠢᠭᠤᠳᠬᠠᠯ ᠭᠡᠳᠡᠭ᠎ᠨᠢ ᠭᠣᠣᠯᠳᠠᠭᠤ ᠭᠠᠷᠤᠨ ᠬᠡᠰᠡᠭ ᠵᠡᠷᠭᠡ ᠢᠯᠡ ᠭᠠᠵᠠᠷ᠎ᠢ ᠵᠢᠭᠠᠵᠦ ᠪᠠᠢᠳᠠᠭ᠎ᠡᠴᠠ ᠪᠦᠬᠦ ᠪᠡᠶ᠎ᠡ᠎ᠶᠢᠨ ᠠᠷᠢᠭᠤᠳᠬᠠᠯ ᠬᠢᠬᠦ ᠴᠢᠬᠤᠯᠠ ᠦᠭᠡᠶ ᠃ ᠠᠷᠢᠭᠤᠳᠬᠠᠬᠤ ᠡᠳ᠋᠎ᠢ ᠬᠡᠷᠡᠭᠯᠡᠬᠦᠳ᠋ᠡᠭᠡᠨ ᠬᠠᠮᠤᠭ ᠰᠠᠶᠢᠨ᠎ᠨᠢ ᠵᠠᠬ᠎ᠠ ᠳᠡᠯᠭᠡᠭᠦᠷ᠎ᠲᠤ ᠪᠣᠷᠣᠯᠠᠭᠤᠯᠵᠦ ᠪᠠᠢᠭ᠎ᠠ ᠦᠢᠯᠡᠳᠬᠦᠨ᠎ᠢ ᠰᠣᠩᠭᠣᠵᠤ ᠬᠡᠷᠡᠭᠯᠡᠨ᠎ᠡ ᠂ ᠵᠢᠱᠢᠶᠡᠯᠡᠪᠡᠯ 75% ᠰᠫᠢᠷᠲ ᠂ ᠬᠡᠲᠦ ᠢᠰᠦᠯᠳᠦ ᠤᠰᠤᠲᠥ᠋ᠷᠥᠭᠴᠢᠲᠦ ᠠᠷᠢᠭᠤᠳᠬᠠᠬᠤ ᠰᠢᠩᠭᠡᠨ ᠵᠡᠷᠭᠡ᠎ᠶᠢ ᠬᠡᠷᠡᠭᠯᠡᠨ᠎ᠡ ᠂ ᠥᠪᠡᠷ᠎ᠢᠶᠡᠨ ᠠᠷᠢᠭᠤᠳᠬᠠᠬᠤ ᠰᠢᠩᠭᠡᠨ ᠨᠠᠢᠷᠠᠭᠤᠯᠵᠦ ᠠᠷᠠᠰᠤᠨ᠎ᠤ ᠠᠷᠢᠭᠤᠳᠬᠠᠯ ᠬᠢᠵᠦ ᠪᠤᠯᠬᠤ ᠦᠬᠡᠢ ᠃
6. ᠭᠡᠷ ᠪᠦᠯᠢ᠎ᠶᠢᠨ᠎ᠬᠢᠨ ᠠᠷᠢᠭᠤᠳᠬᠠᠬᠤ ᠡᠳ᠋᠎ᠢ ᠠᠮᠤᠷ ᠲᠦᠪᠰᠢᠨ᠎ᠢᠶᠠᠷ ᠬᠠᠳᠠᠭᠠᠯᠠᠬᠤ ᠬᠡᠷᠡᠭᠲᠡᠢ ᠂ ᠤᠮᠳᠠᠭᠠᠨ᠎ᠤ ᠯᠣᠩᠬᠣᠨ᠎ᠳ᠋ᠤ ᠠᠷᠢᠭᠤᠳᠬᠠᠬᠤ ᠰᠢᠩᠭᠡᠨ᠎ᠢ ᠰᠠᠪᠠᠯᠠᠵᠤ ᠪᠣᠯᠬᠤ ᠦᠭᠡᠢ ᠂ ᠠᠷᠢᠭᠤᠳᠬᠠᠬᠤ ᠡᠳ᠋᠎ᠢ ᠬᠡᠦᠬᠡᠳ ᠬᠦᠷᠦᠯᠴᠡᠵᠦ ᠲᠡᠢᠯᠬᠦ ᠦᠬᠡᠢ ᠰᠡᠷᠢᠭᠦᠨ ᠭᠠᠵᠠᠷ᠎ᠲᠤ ᠲᠠᠯᠪᠢᠬᠤ ᠬᠡᠷᠡᠭᠲᠡᠢ ᠃
7. ᠣᠨᠴᠠᠭᠠᠢ ᠣᠷᠴᠢᠨ᠎ᠳ᠋ᠤ ᠥᠨᠳᠥᠷ ᠥᠳᠬᠡᠴᠡ᠎ᠲᠠᠢ ᠠᠷᠢᠭᠤᠳᠬᠠᠬᠤ ᠡᠮ᠎ᠢ ᠨᠠᠢᠷᠠᠭᠤᠯᠬᠤ ᠪᠠ ᠬᠡᠷᠡᠭᠯᠡᠬᠦ ᠡᠰᠡᠬᠦᠯ᠎ᠡ ᠤᠷᠲᠤ ᠬᠤᠭᠤᠴᠠᠭ᠎ᠠ᠎ᠪᠠᠷ ᠠᠷᠢᠭᠤᠳᠬᠠᠬᠤ ᠡᠳ᠋᠎ᠢ ᠬᠡᠷᠡᠭᠯᠡᠬᠦᠳ᠋ᠡᠭᠡᠨ ᠡᠷᠬᠡᠪᠰᠢ ᠬᠠᠮᠠᠭᠠᠯᠠᠯᠲᠠ᠎ᠶᠢᠨ ᠬᠡᠷᠡᠭᠰᠡᠯ᠎ᠢ ᠡᠮᠦᠰᠴᠦ ᠵᠡᠬᠦᠬᠦ ᠬᠡᠷᠡᠭᠲᠡᠢ ᠂ ᠵᠢᠱᠢᠶᠡᠯᠡᠪᠡᠯ ᠬᠣᠣᠷ᠎ᠡᠴᠠ ᠬᠠᠮᠠᠭᠠᠯᠠᠬᠤ ᠪᠠᠭ ︵ ᠠᠮᠠᠪᠴᠢ ᠪᠢᠰᠢ ︶ ᠂ ᠬᠠᠮᠠᠭᠠᠯᠠᠯᠳᠠ᠎ᠶᠢᠨ ᠪᠡᠭᠡᠯᠡᠢ ︵ ᠰᠦᠨ ᠴᠠᠪᠠᠤ ᠪᠤᠶᠤ ᠭᠣᠮ ᠪᠡᠭᠡᠯᠡᠢ ᠬᠡᠷᠡᠭᠯᠡᠨ᠎ᠡ ᠂ ᠬᠥᠪᠥᠩ ᠪᠦᠰ ᠪᠤᠶᠤ ᠬᠥᠪᠥᠩ ᠤᠲᠠᠰᠤᠨ ᠪᠡᠭᠡᠯᠡᠢ ᠬᠡᠷᠡᠭᠯᠡᠵᠦ ᠪᠣᠯᠬᠤ ᠦᠭᠡᠢ ︶ ᠃ ᠲᠣᠬᠢᠷᠠᠮᠵᠢᠲᠠᠶ ᠬᠠᠮᠠᠭᠠᠯᠠᠯᠲᠠ᠎ᠶᠢᠨ ᠬᠡᠷᠡᠭᠰᠡᠯ᠎ᠢ ᠡᠮᠦᠰᠴᠦ ᠵᠡᠭᠦᠭᠰᠡᠨ ᠦᠭᠡᠢ ᠪᠠᠶᠢᠪᠠᠯ ᠂ ᠪᠢᠲᠡᠭᠦᠮᠵᠢᠯᠡᠭᠰᠡᠨ ᠣᠷᠣᠨ ᠵᠠᠶ ᠳᠣᠲᠣᠷ᠎ᠠ ᠠᠷᠢᠭᠤᠳᠬᠠᠬᠤ ᠡᠳ᠋᠎ᠢ ᠨᠠᠶᠢᠷᠠᠭᠤᠯᠬᠤ ᠪᠠ ᠬᠡᠷᠡᠭᠯᠡᠵᠦ ᠪᠣᠯᠬᠤ ᠦᠭᠡᠢ ᠃
ᠠᠰᠠᠭᠤᠯᠲᠠ ᠄ ᠪᠠᠶᠢᠩᠭᠤ ᠲᠣᠬᠢᠶᠠᠯᠳᠤᠳᠠᠭ ᠠᠷᠢᠭᠤᠳᠬᠠᠬᠤ ᠡᠳ᠋ᠡᠴᠠ ᠪᠣᠯᠵᠤ ᠬᠣᠣᠷᠳᠠᠭᠳᠠᠭᠰᠠᠨᠤ ᠳᠠᠷᠠᠭ᠎ᠠ ᠬᠡᠷᠬᠢᠨ ᠰᠢᠢᠳᠪᠦᠷᠢᠯᠡᠬᠦ ᠪᠣᠢ ︖
ᠬᠠᠷᠢᠭᠤᠯᠲᠠ ᠄ 1. ᠠᠮᠢᠰᠬᠤᠯ᠎ᠤᠨ ᠵᠠᠮ ᠬᠦᠷᠦᠯᠴᠡᠭᠰᠡᠳ ᠬᠣᠣᠷᠳᠠᠭᠳᠠᠭᠰᠠᠨ ᠣᠷᠴᠢᠨ ᠲᠣᠭᠣᠷᠢᠨ᠎ᠡᠴᠠ ᠳᠠᠷᠤᠶᠢᠬᠠᠨ ᠵᠠᠢᠯᠠᠵᠦ ᠂ ᠰᠢᠨ᠎ᠡ ᠰᠣᠷᠭᠣᠭ ᠠᠭᠠᠷ᠎ᠤᠨ ᠤᠷᠴᠢᠨ᠎ᠳ᠋ᠤ ᠤᠴᠢᠬᠤ ᠬᠡᠷᠡᠭᠲᠡᠢ ᠃
2. ᠠᠷᠠᠰᠤᠨ᠎ᠤ ᠰᠠᠯᠢᠰᠤᠲᠤ ᠪᠦᠷᠬᠦᠪᠴᠢ ︵ ᠨᠢᠳᠦ ᠪᠠᠭᠲᠠᠨ᠎ᠠ ︶ ᠬᠦᠷᠦᠯᠴᠡᠭᠰᠡᠳ ᠂ ᠳᠠᠷᠤᠶᠢᠬᠠᠨ ᠶᠡᠬᠡ ᠬᠡᠮᠵᠢᠶᠡᠨ᠎ᠤ ᠤᠷᠤᠰᠤᠮᠠᠯ ᠴᠡᠪᠡᠷ ᠤᠰᠤ᠎ᠪᠠᠷ 10 ᠮᠢᠨᠦ᠋ᠲ᠎ᠡᠴᠠ ᠳᠡᠭᠡᠭᠰᠢ ᠳᠠᠬᠢᠨ ᠳᠠᠪᠲᠠᠨ ᠤᠬᠢᠶᠠᠬᠤ ᠬᠡᠷᠡᠭᠲᠡᠢ ᠃
3. ᠤᠤᠭᠤᠵᠦ ᠬᠦᠷᠦᠯᠴᠡᠭᠰᠡᠳ᠎ᠡᠴᠠ ᠦᠨᠢᠶᠡᠨ ᠰᠦ ᠂ ᠰᠢᠩᠭᠡᠨ ᠪᠤᠳᠠᠭ᠎ᠠ ᠵᠡᠷᠭᠡ᠎ᠶᠢ ᠤᠤᠭᠤᠵᠤ ᠬᠣᠳᠣᠭᠣᠳᠣ ᠭᠡᠳᠡᠰᠦᠨ᠎ᠤ ᠰᠠᠯᠢᠰᠤᠲᠤ ᠪᠦᠷᠬᠦᠪᠴᠢ᠎ᠶᠢ ᠬᠠᠮᠠᠭᠠᠯᠠᠬᠤ ᠬᠡᠷᠡᠭᠲᠡᠢ ᠃
4. ᠬᠡᠷᠪᠡ ᠡᠪᠡᠳᠴᠢᠲᠡᠨ᠎ᠤ ᠬᠦᠷᠦᠯᠴᠡᠬᠦ ᠬᠡᠮᠵᠢᠶ᠎ᠡ᠎ᠨᠢ ᠨᠡᠯᠢᠶᠡᠳ ᠶᠡᠬᠡ ᠪᠤᠶᠤ ᠡᠪᠡᠳᠴᠢᠨ᠎ᠤ ᠰᠢᠨᠵᠢ ᠲᠡᠮᠳᠡᠭ᠎ᠨᠢ ᠦᠷᠭᠦᠯᠵᠢᠯᠡᠨ ᠰᠠᠶᠢᠵᠢᠷᠠᠭᠰᠠᠨ ᠦᠭᠡᠢ ᠪᠣᠯ ᠳᠠᠷᠤᠶᠢᠬᠠᠨ ᠡᠮᠨᠡᠯᠭᠡ᠎ᠳ᠋ᠤ ᠬᠦᠷᠭᠡᠵᠦ ᠡᠮᠨᠡᠨ ᠵᠠᠰᠠᠭᠤᠯᠬᠤ ᠬᠡᠷᠡᠭᠲᠡᠢ ᠃
︵ ᠢᠷᠡᠯᠲᠡ ᠄ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠠᠬᠦ ᠲᠥᠪ ︶
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠴᠣᠷᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃