ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-21 12:46:53

ᠵᠣᠬᠢᠶᠠᠭ᠍ᠴᠢ᠄ ᠨᠠᠷᠠᠨᠳᠤᠡᠭᠭᠠᠯᠠᠬ ᠣᠩᠱᠢᠭ᠍ᠰᠠᠨ ᠣᠳᠠᠭ᠎ᠠ᠄ 3

2 ᠰᠠᠷ᠎ᠠ᠎ᠶᠢᠨ 20᠎ᠤ ᠡᠳᠤᠷ ᠂ ᠦᠪᠡᠷᠳᠡᠭᠡᠨ ᠵᠠᠰᠬᠠᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠠᠬᠦ ᠠᠵᠢᠯ᠎ᠤᠨ ᠵᠢᠯᠤᠭᠤᠳᠬᠤ ᠭᠠᠵᠠᠷ ᠬᠤᠷᠢᠨ ᠭᠤᠷᠪᠠᠳᠤᠭᠠᠷ ᠤᠳᠠᠭ᠎ᠠ᠎ᠶᠢᠨ ᠰᠤᠨᠢᠨ ᠮᠡᠳᠡᠭᠡ ᠨᠡᠢᠳᠠᠯᠠᠬᠦ ᠬᠤᠷᠠᠯ ᠬᠢᠪᠠ ᠃ ᠬᠤᠷᠠᠯ ᠲᠡᠭᠡᠷ᠎ᠠ ᠂ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠡᠷᠡᠭᠦᠯ ᠬᠠᠮᠠᠭᠠᠯᠠᠯ᠎ᠤᠨ ᠲᠥᠪ᠎ᠤᠨ ᠳᠡᠳ᠋ ᠳᠠᠷᠤᠭ᠎ᠠ ᠂ ᠡᠷᠬᠢᠯᠡᠭᠴᠢ ᠡᠮᠴᠢ ᠴᠧᠨ ᠯᠢ ᠰᠢᠶᠠ ᠂ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠡᠷᠡᠭᠦᠯ ᠬᠠᠮᠠᠭᠠᠯᠠᠯ᠎ᠤᠨ ᠲᠥᠪ᠎ᠤᠨ ᠡᠮᠴᠢᠯᠡᠭᠡᠨ᠎ᠤ ᠬᠡᠯᠲᠡᠰ᠎ᠤᠨ ᠳᠠᠷᠤᠭ᠎ᠠ ᠂ ᠡᠷᠬᠢᠯᠡᠭᠴᠢ ᠡᠮᠴᠢ ᠬᠤᠸᠠᠩ ᠶᠦᠩ ᠴᠢᠩ ᠮᠠᠨ᠎ᠤ ᠣᠷᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠭᠤᠴᠠᠭᠠᠨ᠎ᠳ᠋ᠤ ᠰᠡᠳᠬᠢᠴᠡ᠎ᠶᠢᠨ ᠲᠤᠰᠠᠯᠠᠮᠵᠢ ᠦᠵᠡᠭᠦᠯᠬᠦ ᠪᠠ ᠬᠠᠮᠢᠶᠠᠷᠬᠤ ᠲᠤᠬᠠᠢ ᠰᠤᠷᠪᠤᠯᠵᠢᠯᠠᠭᠴᠢ᠎ᠶᠢᠨ ᠠᠰᠠᠭᠤᠯᠳᠠ᠎ᠶᠢ ᠬᠠᠷᠢᠭᠤᠯᠪᠠ ᠃

ᠰᠤᠷᠪᠤᠯᠵᠢᠯᠠᠭᠴᠢ ᠄ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ ᠭᠠᠷᠤᠭᠰᠠᠨ᠎ᠡᠴᠠ ᠨᠠᠭᠠᠰᠢ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠭᠡᠨᠡᠳᠲᠡ ᠡᠭᠦᠰᠦᠭᠰᠡᠨ ᠣᠯᠠᠨ ᠨᠡᠶᠢᠲᠡ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠤᠨ ᠨᠢᠭᠡᠳᠦᠭᠡᠷ ᠳᠡᠰ᠎ᠤᠨ ᠰᠡᠷᠡᠮᠵᠢ᠎ᠶᠢᠨ ᠲᠤᠬᠢᠶ᠎ᠠ᠎ᠶᠢ ᠡᠬᠢᠯᠡᠭᠦᠯᠵᠦ ᠂ ᠥᠪᠡᠷᠲᠡᠭᠡᠨ ᠵᠠᠰᠠᠬᠤ ᠣᠷᠣᠨ᠎ᠤ ᠰᠡᠳᠬᠢᠴᠡ᠎ᠶᠢᠨ ᠬᠢᠮᠤᠷᠠᠯ᠎ᠢ ᠬᠠᠮᠢᠶᠠᠷᠬᠤ ᠠᠵᠢᠯ᠎ᠢ ᠴᠤ ᠡᠬᠢᠯᠡᠭᠦᠯᠦᠭᠰᠡᠨ ᠪᠠᠶᠢᠨ᠎ᠠ ᠂ ᠲᠠ ᠲᠤᠰ ᠠᠵᠢᠯ᠎ᠢ ᠥᠷᠨᠢᠭᠦᠯᠦᠭᠰᠡᠨ ᠪᠠᠶᠢᠳᠠᠯ᠎ᠤᠨ ᠲᠤᠬᠠᠶ ᠳᠥᠭᠥᠮᠬᠡᠨ ᠲᠠᠨᠢᠯᠴᠠᠭᠤᠯᠵᠤ ᠥᠭᠭᠦᠨ᠎ᠡ ‍ᠤᠤ ︖
ᠬᠤᠸᠠᠩ ᠶᠦᠩ ᠴᠢᠩ ᠄ ᠨᠢᠭᠡ᠎ᠳ᠋ᠤ ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠤᠨ ᠰᠡᠳᠬᠢᠴᠡ᠎ᠶᠢᠨ ᠬᠢᠮᠤᠷᠠᠯ᠎ᠢ ᠬᠠᠮᠢᠶᠠᠷᠬᠤ ᠲᠤᠰᠬᠠᠶ ᠮᠡᠷᠭᠡᠵᠢᠯᠲᠡᠨ᠎ᠤ ᠳᠤᠭᠤᠶᠢᠯᠠᠩ᠎ᠢ ᠦᠳᠲᠡᠷ ᠲᠦᠷᠭᠡᠨ ᠵᠤᠬᠢᠶᠠᠨ ᠪᠠᠶᠢᠭᠤᠯᠵᠤ ᠂ ᠡᠯ᠎ᠡ ᠠᠶᠢᠮᠠᠭ ᠬᠣᠲᠠ ᠴᠦ ᠱᠠᠭᠠᠷᠳᠠᠯᠭ᠎ᠠ ᠶᠣᠰᠣᠭᠠᠷ ᠲᠤᠰ ᠲᠤᠰ᠎ᠤᠨ᠎ᠢᠶᠡᠨ ᠲᠤᠰᠬᠠᠶ ᠮᠡᠷᠭᠡᠵᠢᠯᠲᠡᠨ᠎ᠤ ᠳᠤᠭᠤᠶᠢᠯᠠᠩ᠎ᠢ ᠵᠤᠬᠢᠶᠠᠨ ᠪᠠᠶᠢᠭᠤᠯᠵᠤ ᠂ ᠪᠥᠬᠥ ᠣᠷᠣᠨ᠎ᠤ 12 ᠠᠶᠢᠮᠠᠭ ᠬᠣᠲᠠ ᠴᠥᠮ 1 ᠰᠠᠷ᠎ᠠ᠎ᠶᠢᠨ ᠰᠡᠭᠦᠯᠴᠢ᠎ᠶᠢᠨ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠠ ᠨᠡᠢᠲᠡᠯᠡᠭᠰᠡᠨ ︽ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠲᠤᠬᠠᠢ ᠰᠡᠳᠬᠢᠴᠡ᠎ᠶᠢᠨ ᠬᠢᠮᠤᠷᠠᠯ᠎ᠢ ᠪᠠᠴᠢᠮ ᠬᠠᠮᠢᠶᠠᠷᠴᠦ ᠵᠢᠯᠣᠭᠣᠳᠬᠤ ᠵᠠᠷᠴᠢᠮ ︾᠎ᠢ ᠦᠨᠳᠦᠰᠦᠯᠡᠨ ᠪᠠᠴᠢᠮ ᠪᠠᠶᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ ᠂ ᠪᠥᠬᠥ ᠣᠷᠣᠨ᠎ᠳ᠋ᠤ 311 ᠬᠥᠮᠦᠨ᠎ᠢᠶᠠᠷ ᠪᠦᠷᠢᠯᠳᠦᠭᠰᠡᠨ ᠰᠡᠳᠬᠢᠴᠡ᠎ᠶᠢᠨ ᠠᠪᠤᠷᠠᠨ ᠲᠤᠰᠠᠯᠠᠬᠤ ᠡᠮᠴᠢᠯᠡᠭᠡᠨ᠎ᠤ ᠠᠩᠭᠢ ᠪᠠ 140 ᠬᠥᠮᠦᠨ᠎ᠢᠶᠠᠷ ᠪᠦᠷᠢᠯᠳᠦᠭᠰᠡᠨ ᠰᠡᠳᠬᠢᠴᠡ᠎ᠶᠢᠨ ᠲᠤᠰᠠᠯᠠᠮᠵᠢ᠎ᠶᠢᠨ ᠬᠠᠯᠠᠮᠰᠢᠯ ᠤᠲᠠᠰᠤ᠎ᠶᠢᠨ ᠡᠩᠨᠡᠭᠡ᠎ᠶᠢ ᠪᠠᠶᠢᠭᠤᠯᠵᠠᠢ ᠃
ᠬᠣᠶᠠᠷ᠎ᠲᠤ ᠂ ᠬᠡᠰᠡᠭ ᠭᠠᠵᠠᠷ ᠤᠷᠤᠨ᠎ᠢ ᠳᠠᠭᠠᠭᠠᠴᠢᠯᠠᠨ ᠬᠠᠷᠢᠭᠤᠴᠠᠵᠤ ᠂ ᠱᠠᠲᠤ ᠳᠠᠷᠠᠭᠠᠯᠠᠨ ᠪᠣᠯᠪᠠᠰᠤᠷᠠᠯ ᠬᠦᠷᠳᠡᠬᠡᠵᠤ ᠬᠢᠨᠠᠨ ᠵᠢᠯᠤᠭᠤᠳᠪᠠ ᠃ ᠡᠯ᠎ᠡ ᠠᠶᠢᠮᠠᠭ ᠬᠣᠲᠠ ᠲᠣᠰ ᠱᠠᠲᠤᠨ᠎ᠤ ᠰᠡᠳᠬᠢᠴᠡ᠎ᠶᠢᠨ ᠬᠢᠮᠤᠷᠠᠯ᠎ᠢ ᠬᠠᠮᠢᠶᠠᠷᠬᠤ ᠠᠵᠢᠯ ᠵᠢᠴᠢ ᠪᠤᠯᠪᠠᠰᠤᠷᠠᠯ᠎ᠢ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ᠎ᠤ ᠲᠤᠰᠬᠠᠶ ᠮᠡᠷᠭᠡᠵᠢᠯᠲᠡᠨ ᠡᠯ᠎ᠡ ᠠᠶᠢᠮᠠᠭ ᠬᠣᠲᠠ᠎ᠶᠢᠨ ᠲᠤᠰᠬᠠᠶ ᠮᠡᠷᠭᠡᠵᠢᠯᠲᠡᠨ᠎ᠤ ᠪᠤᠯᠪᠠᠰᠤᠷᠠᠯ ᠂ ᠱᠠᠯᠠᠪᠳᠠᠭᠤᠯᠤᠨ ᠵᠢᠯᠣᠭᠣᠳᠬᠤ ᠠᠵᠢᠯ᠎ᠢ ᠬᠠᠷᠢᠭᠤᠴᠠᠵᠤ ᠂ 12 ᠠᠶᠢᠮᠠᠭ ᠬᠣᠲᠠ᠎ᠶᠢᠨ ᠰᠡᠳᠬᠢᠴᠡ᠎ᠶᠢᠨ ᠲᠤᠰᠬᠠᠶ ᠰᠠᠯᠠᠭᠠᠨ᠎ᠤ ᠪᠠᠶᠢᠭᠤᠯᠤᠮᠵᠢ ᠠᠯᠤᠰ ᠡᠵᠡᠮᠰᠢᠯᠲᠦ ᠬᠠᠮᠲᠤᠷᠠᠨ ᠣᠨᠣᠰᠢᠯᠠᠬᠤ ᠲᠠᠪᠴᠠᠩ᠎ᠢ ᠠᠰᠢᠬᠯᠠᠨ ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠠᠮᠢᠶ᠎ᠠ ᠪᠦᠬᠦᠢ ᠮᠡᠳᠡᠯᠭᠡ᠎ᠶᠢᠨ ᠪᠤᠯᠪᠠᠰᠤᠷᠠᠯ᠎ᠳ᠋ᠤ 8 ᠤᠳᠠᠭ᠎ᠠ ᠣᠷᠣᠯᠴᠠᠵᠤ ᠂ ᠥᠪᠡᠷᠲᠡᠭᠡᠨ ᠵᠠᠰᠠᠬᠤ ᠣᠷᠣᠨ᠎ᠤ ᠲᠤᠰᠬᠠᠶ ᠮᠡᠷᠭᠡᠵᠢᠯᠲᠡᠨ ᠠᠶᠢᠮᠠᠭ ᠬᠣᠲᠠ᠎ᠶᠢᠨ ᠲᠤᠰᠬᠠᠶ ᠮᠡᠷᠭᠡᠵᠢᠯᠲᠡᠨ᠎ᠤ ᠪᠤᠯᠪᠠᠰᠤᠷᠠᠯ᠎ᠢ 1 ᠤᠳᠠᠭ᠎ᠠ ᠱᠠᠯᠠᠪᠳᠠᠭᠤᠯᠤᠨ ᠵᠢᠯᠤᠭᠤᠳᠴᠠᠢ ᠃
ᠭᠤᠷᠪᠠ᠎ᠳ᠋ᠤ ᠂ ᠴᠠᠭ ᠲᠤᠬᠠᠶ᠎ᠳ᠋ᠤᠨᠢ ᠳᠡᠭᠡᠭᠰᠢ ᠮᠡᠳᠡᠭᠦᠯᠵᠦ ᠰᠤᠳᠤᠯᠤᠨ ᠮᠠᠭᠠᠳᠯᠠᠪᠠ ᠃ ᠡᠯ᠎ᠡ ᠠᠶᠢᠮᠠᠭ ᠬᠣᠲᠠ ᠡᠳᠦᠷ ᠪᠦᠷᠢ᠎ᠶᠢᠨ 10 ᠴᠠᠭ᠎ᠡᠴᠠ ᠡᠮᠦᠨ᠎ᠡ ᠰᠡᠳᠬᠢᠴᠡ᠎ᠶᠢᠨ ᠬᠢᠮᠤᠷᠠᠯ᠎ᠢ ᠬᠠᠮᠢᠶᠠᠷᠬᠤ ᠠᠵᠢᠯ᠎ᠢ ᠮᠡᠳᠡᠭᠦᠯᠵᠦ ᠂ ᠥᠪᠡᠷᠲᠡᠭᠡᠨ ᠵᠠᠰᠠᠬᠤ ᠣᠷᠣᠨ᠎ᠤ ᠰᠡᠳᠬᠢᠴᠡ᠎ᠶᠢᠨ ᠬᠢᠮᠤᠷᠠᠯ᠎ᠢ ᠬᠠᠮᠢᠶᠠᠷᠬᠤ ᠠᠵᠢᠯ᠎ᠤᠨ ᠳᠤᠭᠤᠶᠢᠯᠠᠩ᠎ᠨᠢ ᠠᠵᠢᠯ᠎ᠢᠶᠡᠨ ᠬᠤᠷᠢᠶᠠᠩᠭᠤᠢᠯᠠᠨ ᠳ᠋ᠦ᠋ᠢᠩᠨᠡᠵᠦ ᠂ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ ᠂ ᠪᠦᠲᠦᠭᠡᠯᠴᠢ ᠴᠢᠨᠠᠷᠲᠠᠶ᠎ᠪᠠᠷ ᠰᠠᠨᠠᠯ ᠳᠤᠷᠠᠳᠤᠨ ᠡᠳᠦᠷ ᠪᠦᠷᠢ᠎ᠶᠢᠨ 12 ᠴᠠᠭ᠎ᠡᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠰᠡᠷᠭᠡᠶᠢᠯᠡᠨ ᠡᠵᠡᠮᠳᠡᠬᠦ ᠳᠤᠭᠤᠶᠢᠯᠠᠩ᠎ᠳ᠋ᠤ ᠬᠠᠷᠢᠭᠤ ᠮᠡᠳᠡᠭᠦᠯᠵᠤ ᠪᠠᠢᠨ᠎ᠠ ᠃

ᠰᠤᠷᠪᠤᠯᠵᠢᠯᠠᠭᠴᠢ ᠄ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ ︖
ᠬᠤᠸᠠᠩ ᠶᠦᠩ ᠴᠢᠩ ᠄ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠣᠯᠠᠨ᠎ᠳ᠋ᠤ ᠰᠡᠳᠬᠢᠴᠡ᠎ᠶᠢᠨ ᠲᠤᠰᠠᠯᠠᠮᠵᠢ ᠦᠵᠡᠭᠦᠯᠪᠡ ᠃ ᠪᠣᠳᠠᠲᠠᠢ᠎ᠪᠠᠷ ᠶᠠᠷᠢᠪᠡᠯ ᠳᠣᠣᠷᠠᠬᠢ ᠮᠡᠲᠦ ᠄
ᠨᠢᠭᠡ᠎ᠳ᠋ᠤ ᠂ ᠰᠡᠳᠬᠢᠴᠡ᠎ᠶᠢᠨ ᠡᠷᠡᠭᠦᠯ ᠮᠡᠨᠳᠦ᠎ᠶᠢᠨ ᠶᠡᠷᠦ᠎ᠶᠢᠨ ᠮᠡᠳᠡᠯᠭᠡ᠎ᠶᠢ ᠢᠳᠡᠪᠬᠢᠲᠡᠢ ᠲᠦᠭᠡᠮᠡᠯᠵᠢᠭᠦᠯᠪᠠ ᠃ ᠠᠳᠠᠯᠢ ᠪᠤᠰᠤ ᠬᠥᠮᠦᠰ᠎ᠲᠤ ᠴᠢᠭᠯᠡᠭᠦᠯᠦᠨ ᠂ ᠬᠢᠵᠢᠭ᠎ᠤᠨ ᠪᠠᠶᠢᠳᠠᠯ᠎ᠤᠨ ᠬᠤᠭᠤᠴᠠᠭᠠᠨ᠎ᠳ᠋ᠤ ᠦᠷᠭᠦᠯᠵᠢ ᠲᠣᠬᠢᠶᠠᠯᠳᠤᠳᠠᠭ ᠰᠡᠳᠬᠢᠴᠡ᠎ᠶᠢᠨ ᠲᠤᠰᠬᠠᠯ ᠵᠢᠴᠢ ᠦᠢᠯᠡ ᠠᠵᠢᠯᠯᠠᠭ᠎ᠠ᠎ᠶᠢ ᠲᠠᠨᠢᠯᠴᠠᠭᠤᠯᠵᠤ ᠂ ᠳᠥᠭᠥᠮ ᠳᠥᠲᠡ ᠬᠦᠢᠴᠡᠳᠬᠡᠬᠦ᠎ᠳ᠋ᠤ ᠠᠮᠠᠷ ᠵᠣᠬᠢᠴᠠᠭᠤᠯᠬᠤ ᠠᠷᠭ᠎ᠠ᠎ᠨᠤᠭᠤᠳ᠎ᠢ ᠬᠠᠩᠭᠠᠵᠤ ᠪᠠᠢᠨ᠎ᠠ ᠃ ᠮᠣᠩᠭᠣᠯ ᠬᠢᠲᠠᠳ ᠬᠣᠤᠰ ᠬᠡᠯᠡᠨ᠎ᠤ ᠬᠢᠵᠢᠭ᠎ᠲᠠᠢ ᠲᠡᠮᠡᠴᠡᠬᠦ ᠰᠡᠳᠬᠢᠴᠡ᠎ᠶᠢᠨ ᠡᠷᠡᠭᠦᠯ ᠮᠡᠨᠳᠦ᠎ᠶᠢᠨ ᠶᠠᠷᠢᠶᠠᠨ᠎ᠤ ᠲᠠᠪᠴᠠᠩ᠌᠎ᠤᠨ ᠤᠬᠤᠷ ᠸᠢᠳᠢᠣ᠋᠎ᠶᠢ ᠰᠢᠩᠭᠡᠭᠡᠨ ᠦᠢᠯᠡᠳᠴᠦ ᠂ ᠣᠯᠠᠨ ᠲᠠᠪᠴᠠᠩ᠎ᠢ ᠠᠰᠢᠬᠯᠠᠨ ᠥᠷᠭᠡᠨ ᠲᠡᠯᠬᠡᠷ᠎ᠢᠶᠠᠷ ᠲᠦᠬᠡᠮᠡᠯᠵᠢᠬᠦᠯᠦᠨ ᠳᠡᠯᠭᠡᠷᠡᠭᠦᠯᠪᠠ ᠃
ᠬᠣᠶᠠᠷ᠎ᠲᠤ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠶᠢᠮᠠᠭ ᠬᠣᠲᠠ᠎ᠶᠢᠨ ᠰᠡᠳᠬᠢᠴᠡ᠎ᠶᠢᠨ ᠲᠤᠰᠠᠯᠠᠮᠵᠢ᠎ᠶᠢᠨ ᠤᠲᠠᠰᠤ᠎ᠶᠢ ᠨᠡᠶᠢᠲᠡᠯᠡᠪᠠ ᠃ ᠪᠥᠬᠥ ᠣᠷᠣᠨ᠎ᠳ᠋ᠤ 24 ᠰᠡᠳᠬᠢᠴᠡ᠎ᠶᠢᠨ ᠲᠤᠰᠠᠯᠠᠮᠵᠢ᠎ᠶᠢᠨ ᠤᠲᠠᠰᠤ᠎ᠶᠢ ᠨᠡᠪᠲᠡᠷᠡᠭᠦᠯᠵᠦ ᠂ ᠣᠯᠠᠨ ᠨᠡᠶᠢᠲᠡ᠎ᠳ᠋ᠤ 24 ᠴᠠᠭ᠎ᠤᠨ ᠰᠡᠳᠬᠢᠴᠡ᠎ᠶᠢᠨ ᠯᠠᠪᠯᠠᠭ᠎ᠠ᠎ᠶᠢᠨ ᠦᠢᠯᠡᠴᠢᠯᠡᠭᠡ ᠬᠠᠩᠭᠠᠨ ᠂ ᠪᠠᠰᠠ ᠣᠯᠠᠨ ᠲᠦᠮᠡᠨ᠎ᠳ᠋ᠤ ᠬᠢᠵᠢᠭ᠎ᠤᠨ ᠲᠤᠬᠠᠢ ᠬᠠᠮᠢᠶ᠎ᠠ ᠪᠦᠬᠦᠢ ᠮᠡᠳᠡᠯᠭᠡ ᠂ ᠰᠡᠳᠬᠢᠴᠡ᠎ᠶᠢᠨ ᠬᠠᠮᠠᠭᠠᠯᠠᠯᠲᠠ᠎ᠶᠢᠨ ᠮᠡᠳᠡᠯᠭᠡ ᠵᠡᠷᠭᠡ᠎ᠶᠢ ᠬᠠᠩᠭᠠᠵᠤ ᠪᠠᠢᠨ᠎ᠠ ᠃
ᠭᠤᠷᠪᠠ᠎ᠳ᠋ᠤ ᠂ ᠰᠦᠯᠵᠢᠶᠡᠨ ᠳᠡᠭᠡᠷᠡᠬᠢ ᠰᠡᠳᠬᠢᠴᠡ᠎ᠶᠢᠨ ᠵᠥᠪᠯᠡᠯᠭᠡ ᠥᠭᠬᠦ ᠲᠠᠪᠴᠠᠩ᠎ᠢ ᠨᠡᠪᠲᠡᠷᠡᠭᠦᠯᠪᠠ ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠡᠮᠨᠡᠯᠭᠡ᠎ᠶᠢᠨ ᠬᠤᠷᠢᠶᠠᠨ᠎ᠤ ᠠᠯᠪᠠᠨ᠎ᠤ ᠵᠢᠷᠬᠢᠶ᠎ᠡ᠎ᠶᠢᠨ ᠲᠠᠪᠴᠠᠩ᠎ᠨᠢ ᠠᠷᠠᠳ ᠣᠯᠠᠨ᠎ᠳ᠋ᠤ ᠰᠦᠶᠳᠬᠡᠯ ᠬᠤᠷᠢᠶᠠᠬᠤ ᠥᠬᠡᠶ᠎ᠪᠠᠷ ᠰᠡᠳᠬᠢᠴᠡ᠎ᠶᠢᠨ ᠯᠠᠪᠯᠠᠭ᠎ᠠ᠎ᠶᠢᠨ ᠦᠢᠯᠡᠴᠢᠯᠡᠭᠡ ᠬᠠᠩᠭᠠᠵᠤ ᠪᠠᠢᠨ᠎ᠠ ᠃
ᠳᠥᠷᠪᠡ᠎ᠳ᠋ᠤ ᠂ ᠰᠡᠳᠬᠢᠴᠡ᠎ᠶᠢᠨ ᠬᠢᠮᠤᠷᠠᠯ᠎ᠢ ᠬᠠᠮᠢᠶᠠᠷᠬᠤ ᠲᠤᠰᠬᠠᠶ ᠮᠡᠷᠭᠡᠵᠢᠯᠲᠡᠨ᠎ᠤ ᠳᠤᠭᠤᠶᠢᠯᠠᠩ᠎ᠨᠢ ᠲᠤᠭᠲᠠᠭᠰᠠᠨ ᠡᠮᠴᠢᠯᠡᠭᠡᠨ᠎ᠤ ᠪᠠᠶᠢᠭᠤᠯᠤᠮᠵᠢ᠎ᠳ᠋ᠤ ᠬᠦᠷᠴᠦ ᠠᠵᠢᠯ ᠥᠷᠨᠢᠭᠦᠯᠦᠨ ᠂ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠡᠷᠡᠭᠦᠯ ᠬᠠᠮᠠᠭᠠᠯᠠᠯ᠎ᠤᠨ ᠲᠥᠪ ᠂ ᠤᠯᠠᠭᠠᠨᠬᠠᠳᠠ᠎ᠶᠢᠨ ᠠᠨ ᠳ᠋ᠢᠩ ᠡᠮᠨᠡᠯᠭᠡ᠎ᠶᠢᠨ ᠬᠣᠷᠢᠶ᠎ᠠ ᠂ ᠪᠠᠶᠠᠨᠨᠠᠭᠤᠷ ᠬᠣᠲᠠ᠎ᠶᠢᠨ ᠮᠣᠩᠭᠣᠯ ᠡᠮᠨᠡᠯᠭᠡ᠎ᠶᠢᠨ ᠬᠣᠷᠢᠶ᠎ᠠ ᠂ ᠪᠠᠶᠠᠨᠨᠠᠭᠤᠷ ᠬᠣᠲᠠ᠎ᠶᠢᠨ ᠬᠢᠲᠠᠳ ᠡᠮᠨᠡᠯᠭᠡ᠎ᠶᠢᠨ ᠬᠣᠷᠢᠶ᠎ᠠ ᠂ ᠣᠷᠳᠣᠰ ᠬᠣᠲᠠ᠎ᠶᠢᠨ ᠣᠶᠤᠨ᠎ᠤ ᠡᠷᠡᠭᠦᠯ ᠬᠠᠮᠠᠭᠠᠯᠠᠯ᠎ᠤᠨ ᠲᠥᠪ ᠂ ᠬᠥᠯᠥᠨ ᠪᠦᠢᠷ ᠬᠣᠲᠠ᠎ᠶᠢᠨ ᠣᠶᠤᠨ᠎ᠤ ᠡᠷᠡᠭᠦᠯ ᠬᠠᠮᠠᠭᠠᠯᠠᠯ᠎ᠤᠨ ᠲᠥᠪ᠎ᠨᠢ ᠲᠤᠰᠬᠠᠶ ᠮᠡᠷᠭᠡᠵᠢᠯᠲᠡᠨ ᠲᠣᠮᠢᠯᠠᠨ ᠲᠣᠭᠲᠠᠭᠰᠠᠨ ᠡᠮᠨᠡᠯᠭᠡ᠎ᠶᠢᠨ ᠬᠣᠷᠢᠶ᠎ᠠ᠎ᠳ᠋ᠤ ᠬᠦᠷᠴᠦ ᠠᠵᠢᠯ ᠥᠷᠨᠢᠭᠦᠯᠵᠤ ᠂ ᠪᠤᠰᠤᠳ ᠠᠶᠢᠮᠠᠭ ᠬᠣᠲᠠ ᠴᠤ ᠠᠯᠤᠰ ᠡᠵᠡᠮᠰᠢᠯᠲᠦ ᠠᠷᠭ᠎ᠠ ᠬᠡᠯᠪᠡᠷᠢ᠎ᠪᠠᠷ ᠠᠵᠢᠯ᠎ᠢᠶᠡᠨ ᠥᠷᠨᠢᠭᠦᠯᠵᠤ ᠪᠠᠢᠨ᠎ᠠ ᠃
ᠲᠠᠪᠤ᠋᠎ᠳ᠋ᠤ ᠂ ᠳᠠᠬᠢᠨ ᠡᠮᠨᠡᠭᠦᠯᠬᠦ ᠡᠪᠡᠳᠴᠢᠲᠡᠨ᠎ᠳ᠋ᠤ ᠡᠮ᠎ᠤᠨ ᠵᠦᠢᠯ᠎ᠢ ᠰᠢᠤᠳᠠᠨ᠎ᠢᠶᠠᠷ ᠢᠯᠡᠭᠡᠬᠦ ᠦᠢᠯᠡᠴᠢᠯᠡᠭᠡ ᠬᠠᠩᠭᠠᠵᠤ ᠂ 12 ᠠᠶᠢᠮᠠᠭ ᠬᠣᠲᠠ᠎ᠶᠢᠨ ᠣᠶᠤᠨ᠎ᠤ ᠡᠷᠡᠭᠦᠯ ᠬᠠᠮᠠᠭᠠᠯᠠᠯ᠎ᠤᠨ ᠰᠠᠯᠠᠭ᠎ᠠ ᠮᠦᠴᠢᠷ᠎ᠤᠨ ᠠᠯᠪᠠᠨ ᠬᠡᠷ᠎ᠨᠢ ᠲᠤᠬᠠᠶ᠎ᠶᠢᠨ ᠭᠠᠵᠠᠷ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠂ ᠡᠯ᠎ᠡ ᠵᠦᠢᠯ᠎ᠤᠨ ᠠᠷᠭ᠎ᠠ ᠬᠡᠯᠪᠡᠷᠢ᠎ᠪᠠᠷ ᠦᠢᠯᠡᠴᠢᠯᠡᠭᠡ ᠦᠷᠨᠢᠬᠦᠯᠵᠦ ᠂ ᠣᠲᠣᠬᠠᠨ ᠪᠣᠯᠲᠠᠯ᠎ᠠ 1801 ᠡᠪᠡᠳᠴᠢᠲᠡᠨ᠎ᠳ᠋ᠤ ᠡᠮ᠎ᠤᠨ ᠵᠦᠶᠯ᠎ᠢ ᠰᠢᠤᠳᠠᠨ᠎ᠢᠶᠠᠷ ᠢᠯᠡᠭᠡᠬᠦ ᠦᠢᠯᠡᠴᠢᠯᠡᠭᠡ ᠬᠠᠩᠭᠠᠭᠰᠠᠨ ᠪᠠᠶᠢᠨ᠎ᠠ ᠃
ᠵᠢᠷᠭᠤᠭ᠎ᠠ᠎ᠳ᠋ᠤ ᠂ ᠲᠦᠷᠦᠯ ᠬᠤᠪᠢᠶᠠᠨ ᠦᠢᠯᠡᠴᠢᠯᠡᠵᠦ ᠂ ᠳᠥᠷᠪᠡᠨ ᠲᠦᠷᠦᠯ᠎ᠤᠨ ᠬᠥᠮᠦᠰ᠎ᠲᠤ ᠴᠢᠭᠯᠡᠭᠦᠯᠦᠭᠰᠡᠨ ᠦᠢᠯᠡᠴᠢᠯᠡᠭᠡᠨ᠎ᠤ ᠪᠦᠯᠬᠦᠮ ᠨᠡᠶᠢᠲᠡ ᠵᠢᠴᠢ ᠠᠷᠭ᠎ᠠ ᠠᠪᠴᠠᠯ᠎ᠢ ᠭᠡᠷᠡᠭᠵᠢᠭᠦᠯᠪᠠ ᠃

ᠰᠤᠷᠪᠤᠯᠵᠢᠯᠠᠭᠴᠢ ᠄ ᠨᠢᠭᠡᠳᠦᠭᠡᠷ ᠲᠦᠷᠦᠯ᠎ᠤᠨ ᠬᠥᠮᠦᠰ᠎ᠤᠨ ᠳᠣᠲᠣᠷ᠎ᠠ ᠣᠨᠣᠰᠢᠯᠠᠭᠰᠠᠨ ᠡᠪᠡᠳᠴᠢᠲᠡᠨ ᠪᠣᠯ ᠬᠠᠮᠤᠭ᠎ᠤᠨ ᠶᠡᠬᠡ ᠠᠩᠬᠠᠷᠤᠯ᠎ᠢ ᠲᠠᠲᠠᠵᠦ ᠪᠠᠶᠢᠳᠠᠭ ᠂ ᠲᠡᠭᠦᠨ᠎ᠤ ᠪᠠᠶᠢᠩᠭᠤ ᠲᠣᠬᠢᠶᠠᠯᠳᠤᠳᠠᠭ ᠰᠡᠳᠬᠢᠴᠡ᠎ᠶᠢᠨ ᠠᠰᠠᠭᠤᠳᠠᠯ᠎ᠢ ᠬᠡᠷᠬᠢᠨ ᠬᠠᠮᠢᠶᠠᠷᠬᠤ ᠪᠣᠶ ︖
ᠬᠤᠸᠠᠩ ᠶᠦᠩ ᠴᠢᠩ ᠄ ᠤᠨᠤᠰᠢᠯᠠᠬᠰᠠᠨ ᠡᠪᠡᠳᠴᠢᠲᠡᠨ᠎ᠤ ᠡᠮᠨᠡᠨ ᠵᠠᠰᠠᠬᠤ ᠲᠥᠰᠦᠯ ᠵᠢᠴᠢ ᠡᠮᠨᠡᠯᠭᠡ᠎ᠡᠴᠠ ᠭᠠᠷᠤᠭᠰᠠᠨ᠎ᠤ ᠳᠠᠷᠠᠭᠠᠬᠢ ᠰᠠᠨᠠᠭᠠᠰᠢᠷᠠᠯ ᠂ ᠣᠷᠴᠢᠨ ᠲᠣᠭᠣᠷᠢᠨ᠎ᠳ᠋ᠤ ᠵᠣᠬᠢᠴᠠᠬᠤ ᠦᠭᠡᠢ ᠂ ᠭᠡᠷ᠎ᠤᠨ ᠬᠥᠮᠦᠰ᠎ᠤᠨ᠎ᠢᠶᠡᠨ ᠲᠤᠬᠠᠢ ᠰᠠᠨᠠᠭᠠᠰᠢᠷᠠᠯ ᠂ ᠬᠡᠦᠬᠡᠳ ᠪᠠ ᠨᠠᠰᠤᠲᠠᠨ᠎ᠢᠶᠡᠨ ᠠᠰᠠᠷᠠᠬᠤ ᠵᠤᠪᠠᠨᠢᠯ ᠵᠢᠴᠢ ᠭᠡᠷ᠎ᠤᠨ ᠬᠥᠮᠦᠰ᠎ᠨᠢ ᠪᠠᠰᠠ ᠬᠠᠯᠳᠠᠪᠤᠷᠢᠯᠠᠭᠳᠠᠭᠰᠠᠨ ᠡᠰᠡᠬᠦ ᠵᠡᠷᠭᠡ ᠰᠡᠳᠬᠢᠴᠡ᠎ᠳ᠋ᠤᠨᠢ ᠴᠢᠭᠯᠡᠬᠦᠯᠦᠨ ᠡᠪᠡᠳᠴᠢᠨ᠎ᠤ ᠪᠠᠢᠳᠠᠯ᠎ᠢ ᠲᠣᠭᠲᠠᠭᠤᠨ ᠪᠠᠢᠯᠭᠠᠬᠤ᠎ᠪᠠᠷ ᠭᠣᠤᠯ ᠪᠤᠯᠭᠠᠵᠦ ᠰᠡᠳᠬᠢᠴᠡ᠎ᠶᠢᠨ ᠳᠡᠮᠵᠢᠯᠭᠡ ᠦᠵᠡᠭᠦᠯᠦᠨ᠎ᠡ ᠃

ᠰᠤᠷᠪᠤᠯᠵᠢᠯᠠᠭᠴᠢ ᠄ ᠭᠡᠨᠡᠳᠲᠡ᠎ᠶᠢᠨ ᠬᠢᠵᠢᠭ᠎ᠤᠨ ᠪᠠᠶᠢᠳᠠᠯ ᠲᠤᠯᠭᠠᠷᠠᠪᠠᠯ ᠠᠷᠠᠳ ᠣᠯᠠᠨ᠎ᠳ᠋ᠤ ᠶᠠᠮᠠᠷ ᠰᠢᠤᠬᠠᠨ ᠰᠡᠳᠬᠢᠴᠡ᠎ᠶᠢᠨ ᠲᠤᠰᠬᠠᠯ ᠭᠠᠷᠴᠤ ᠮᠡᠳᠡᠬᠦ ᠪᠣᠶ ︖
ᠴᠸᠨ ᠯᠢ ᠰᠢᠶᠠ ᠄ ᠭᠡᠨᠡᠳᠲᠡ ᠡᠭᠦᠰᠦᠭᠰᠡᠨ ᠬᠢᠵᠢᠭ᠎ᠤᠨ ᠪᠠᠶᠢᠳᠠᠯ᠎ᠤᠨ ᠡᠮᠦᠨ᠎ᠡ ᠂ ᠣᠯᠠᠨ ᠲᠦᠮᠡᠨ᠎ᠤ ᠵᠣᠪᠠᠨᠢᠬᠤ ︵ ᠪᠤᠬᠢᠨᠢᠳᠤᠬᠤ ᠪᠠ ᠬᠡᠲᠦ ᠰᠠᠨᠠᠭ᠎ᠠ ᠵᠤᠪᠠᠬᠤ ᠂ ᠵᠢᠱᠢᠶᠠᠯᠠᠪᠠᠯ ᠦᠪᠡᠷ᠎ᠢ᠎ᠪᠠᠨ ᠡᠪᠡᠳᠴᠢᠳᠡᠨ᠎ᠯᠦᠭᠡ ᠨᠢᠭᠲᠠ ᠣᠢᠷᠠᠲᠤᠭᠰᠠᠨ ᠬᠥᠮᠦᠨ ᠮᠥᠨ ᠡᠰᠡᠬᠦ ︔ ᠭᠠᠩᠰᠠᠷᠠᠬᠤ ᠂ ᠵᠢᠱᠢᠶᠡᠯᠡᠪᠡᠯ ᠰᠡᠭᠦᠷᠡᠰᠦ ᠠᠯᠳᠠᠬᠤ ᠂ ᠭᠤᠨᠢᠬᠯᠠᠬᠤ ᠂ ᠭᠡᠷ᠎ᠤᠨ ᠬᠥᠮᠦᠰ᠎ᠲᠠᠢ᠎ᠪᠠᠨ ᠰᠠᠨᠠᠭ᠎ᠠ ᠪᠤᠳᠤᠯ᠎ᠢᠶᠡᠨ ᠰᠣᠯᠢᠯᠴᠠᠬᠤ ᠳᠤᠷ᠎ᠠ ᠦᠭᠡᠢ ᠪᠤᠯᠬᠤ ︶ ᠂ ᠠᠶᠤᠵᠤ ᠡᠮᠢᠶᠡᠬᠦ ︵ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠢ ᠰᠡᠷᠭᠡᠶᠢᠯᠡᠨ ᠡᠵᠡᠮᠳᠡᠬᠦ ᠮᠡᠳᠡᠯᠭᠡ᠎ᠶᠢ ᠣᠶᠢᠯᠠᠭᠠᠬᠤ ᠦᠭᠡᠢ ︶ ᠂ ᠪᠠᠴᠢᠮᠳᠠᠵᠤ ᠠᠶᠤᠬᠤ ᠂ ᠬᠡᠷᠪᠡ ᠬᠠᠶᠠ ᠨᠢᠭᠡ ᠬᠠᠨᠢᠶᠠᠪᠠᠯ ᠥᠪᠡᠷ᠎ᠢ᠎ᠪᠠᠨ ᠬᠠᠯᠳᠠᠪᠤᠷᠢᠯᠠᠭᠰᠠᠨ ᠭᠡᠵᠦ ᠰᠡᠵᠢᠭᠯᠡᠵᠦ ᠂ ᠲᠥᠷᠥᠯ ᠰᠠᠳᠤᠨ᠎ᠳᠠᠭᠠᠨ ᠪᠠᠢᠨ ᠲᠠᠬᠢᠨ ᠤᠲᠠᠰᠤᠳᠠᠵᠤ ᠂ ᠪᠠᠴᠢᠮᠳᠠᠬᠤ᠎ᠳᠠᠭᠠᠨ ᠤᠨᠲᠠᠵᠤ ᠣᠷᠣᠬᠤ ᠦᠭᠡᠢ ᠪᠤᠯᠵᠤ ᠂ ᠴᠢᠨᠠᠭᠰᠢᠯᠠᠪᠠᠯ ᠡᠮᠨᠡᠯᠭᠡ᠎ᠳ᠋ᠤ ᠣᠴᠢᠵᠤ ᠡᠮᠨᠡᠭᠦᠯᠬᠦ ᠪᠤᠶᠤ 120᠎ᠳ᠋ᠤ ᠤᠲᠠᠰᠤᠳᠠᠬᠤ ᠵᠡᠷᠭᠡ ᠪᠠᠢᠳᠠᠯ ᠢᠯᠡᠷᠡᠳᠡᠭ ᠃

ᠰᠤᠷᠪᠤᠯᠵᠢᠯᠠᠭᠴᠢ ᠄ ᠬᠢᠵᠢᠭ᠎ᠤᠨ ᠪᠠᠶᠢᠳᠠᠯ ᠭᠠᠷᠤᠭᠰᠠᠨ᠎ᠡᠴᠠ ᠨᠠᠭᠠᠰᠢ ᠣᠯᠠᠩᠬᠢ ᠬᠥᠮᠦᠨ ᠬᠡᠷ᠎ᠡᠴᠠ᠎ᠪᠠᠨ ᠭᠠᠷᠬᠤ ᠦᠬᠡᠢ ᠪᠤᠯᠵᠠᠢ ᠂ ᠲᠡᠭᠡᠪᠡᠯ ᠭᠡᠷ᠎ᠲᠡᠭᠡᠨ ᠰᠠᠭᠤᠵᠤ ᠪᠠᠢᠶᠭ᠎ᠠ ᠬᠥᠮᠦᠰ ᠥᠪᠡᠷ᠎ᠤᠨ ᠤᠷᠮ᠎ᠠ ᠰᠡᠳᠬᠢᠯᠭᠡ᠎ᠪᠠᠨ ᠬᠡᠷᠬᠢᠨ ᠲᠣᠬᠢᠷᠠᠭᠤᠯᠪᠡᠯ ᠵᠤᠬᠢᠬᠤ ᠪᠤᠢ ︖
ᠴᠧᠨ ᠯᠢ ᠰᠢᠶᠠ ᠄ ᠡᠩ ᠲᠡᠷᠢᠭᠦᠨ᠎ᠳ᠋ᠤ ᠣᠯᠠᠨ᠎ᠢᠶᠠᠷ᠎ᠢᠶᠡᠨ ᠲᠣᠳᠣᠷᠬᠠᠶ ᠮᠡᠳᠡᠵᠦ ᠠᠪᠬᠤ ᠬᠡᠷᠡᠭᠲᠡᠶ ᠵᠦᠢᠯ ᠬᠡᠪᠡᠯ ᠂ ᠬᠡᠷ᠎ᠲᠡᠭᠡᠨ ᠲᠤᠰᠠᠭᠠᠷᠯᠠᠬᠤ ᠪᠣᠯ ᠣᠳᠣᠬᠠᠨ᠎ᠤ ᠬᠢᠵᠢᠭ᠎ᠤᠨ ᠪᠠᠢᠳᠠᠯ᠎ᠢ ᠰᠡᠷᠭᠡᠶᠢᠯᠡᠡ ᠡᠵᠡᠮᠳᠡᠬᠦ ᠮᠠᠰᠢ ᠴᠢᠬᠤᠯᠠ ᠲᠤᠢᠯ᠎ᠤᠨ ᠪᠦᠲᠦᠮᠵᠢᠲᠡᠶ ᠨᠢᠭᠡ ᠵᠦᠢᠯ᠎ᠤᠨ ᠠᠷᠭ᠎ᠠ ᠬᠡᠮᠵᠢᠶ᠎ᠡ ᠮᠥᠨ ᠃
ᠥᠪᠡᠷ᠎ᠤᠨ ᠰᠡᠳᠬᠢᠴᠡ᠎ᠶᠢᠨ ᠪᠠᠶᠢᠳᠠᠯ᠎ᠢᠶᠡᠨ ᠵᠥᠪ ᠲᠠᠨᠢᠬᠤ ᠬᠡᠷᠡᠭᠲᠡᠶ ᠃ ᠵᠣᠬᠢᠬᠤ ᠬᠡᠮᠵᠢᠶᠡᠨ᠎ᠤ ᠪᠠᠴᠢᠮᠳᠠᠬᠤ ᠲᠤᠰᠬᠠᠯ᠎ᠨᠢ ᠪᠡᠶ᠎ᠡ ᠮᠠᠬᠠᠪᠣᠳ᠎ᠤᠨ ᠳᠠᠯᠳᠠ ᠴᠢᠳᠠᠪᠤᠷᠢ᠎ᠶᠢ ᠢᠳᠡᠪᠬᠢᠵᠢᠬᠦᠯᠬᠦ ᠂ ᠣᠷᠴᠢᠨ ᠲᠣᠭᠣᠷᠢᠨ᠎ᠤ ᠬᠤᠪᠢᠷᠠᠯᠲᠠ᠎ᠳ᠋ᠤ ᠵᠣᠬᠢᠴᠠᠬᠤ᠎ᠳ᠋ᠤ ᠠᠰᠢᠭᠲᠠᠢ ᠶᠤᠮ ᠂ ᠭᠡᠪᠡᠴᠦ ᠤᠷᠲᠤ ᠬᠤᠭᠤᠴᠠᠭ᠎ᠠ᠎ᠪᠠᠷ ᠪᠠᠴᠢᠮᠳᠠᠨ ᠰᠠᠨᠳᠤᠷᠪᠠᠯ ᠬᠡᠲᠦᠷᠬᠡᠢ ᠰᠡᠳᠡᠯᠲᠡ ᠪᠤᠯᠵᠤ ᠂ ᠬᠥᠮᠦᠨ᠎ᠤ ᠪᠡᠶ᠎ᠡ ᠰᠡᠳᠬᠢᠯ᠎ᠤᠨ ᠡᠷᠡᠭᠦᠯ ᠮᠡᠨᠳᠦ᠎ᠶᠢ ᠨᠥᠯᠥᠭᠡᠯᠡᠳᠡᠭ ᠃
ᠬᠢᠬᠦ ᠴᠢᠬᠤᠯᠠᠳᠠᠢ ᠵᠦᠢᠯ ᠄ ᠲᠥᠯᠥᠪᠯᠡᠭᠡ ᠲᠣᠭᠲᠠᠭᠠᠬᠤ ᠬᠡᠷᠡᠭᠲᠡᠶ ᠃ ᠡᠳᠦᠷ ᠪᠦᠷᠢ᠎ᠶᠢᠨ ᠬᠢᠬᠦ ᠬᠡᠵᠤ ᠪᠠᠶᠢᠭ᠎ᠠ ᠶᠠᠪᠤᠳᠠᠯ᠎ᠳᠠᠭᠠᠨ ᠵᠢᠮ᠎ᠡ ᠶᠣᠰᠣ᠎ᠪᠠᠷ ᠠᠵᠢᠯᠯᠠᠵᠦ ᠠᠮᠢᠳᠤᠷᠠᠬᠤ ᠂ ᠵᠦᠢ ᠵᠣᠬᠢᠰᠲᠠᠢ᠎ᠪᠠᠷ ᠢᠳᠡᠵᠤ ᠤᠤᠭᠤᠬᠤ᠎ᠶᠢ ᠪᠠᠭᠲᠠᠭᠠᠨ᠎ᠠ ︔ ᠨᠣᠮ ᠤᠡᠭᠰᠢᠬᠤ ᠂ ᠤᠷᠠᠨ ᠪᠢᠴᠢᠯᠭᠡ ᠪᠣᠯᠪᠠᠰᠤᠷᠠᠬᠤ ᠂ ᠬᠣᠭᠣᠯᠠ ᠪᠠᠵᠠᠭᠠᠬᠤ ᠵᠡᠷᠭᠡ᠎ᠶᠢ ᠠᠩᠬᠠᠷᠬᠤ ᠬᠡᠷᠡᠭᠲᠠᠢ ︔ ᠬᠡᠷ᠎ᠤᠨ ᠬᠥᠮᠦᠰ ᠨᠠᠶᠢᠵᠠ ᠨᠥᠬᠥᠳ᠎ᠲᠠᠢ᠎ᠪᠠᠨ ᠵᠣᠭᠣᠭᠳᠠᠵᠤ ᠂ ᠰᠠᠨᠠᠯ᠎ᠢᠶᠡᠨ ᠰᠣᠯᠢᠯᠴᠠᠬᠤ᠎ᠳᠠᠭᠠᠨ ᠬᠢᠵᠢᠭ᠎ᠤᠨ ᠪᠠᠶᠢᠳᠠᠯ᠎ᠤᠨ ᠲᠤᠬᠠᠶ ᠶᠠᠷᠢᠯᠴᠠᠬᠤ᠎ᠪᠠᠷ ᠪᠠᠷᠠᠬᠤ ᠥᠬᠡᠶ ᠰᠡᠳᠬᠢᠴᠡ᠎ᠶᠢᠨ ᠲᠠᠯ᠎ᠠ᠎ᠪᠠᠷ ᠬᠠᠷᠢᠯᠴᠠᠨ ᠳᠡᠮᠵᠢᠵᠦ ᠵᠣᠷᠢᠭᠵᠢᠭᠤᠯᠵᠤ ᠪᠠᠢᠪᠠᠯ ᠵᠦᠬᠡᠷ ︔ ᠭᠡᠷ ᠦᠷᠦᠬᠡᠨ᠎ᠳ᠋ᠡᠭᠡᠨ ᠬᠥᠳᠡᠯᠭᠡᠭᠡᠨ ᠬᠢᠵᠦ ᠪᠣᠯᠤᠨ᠎ᠠ ᠃
ᠬᠢᠪᠡᠯ ᠵᠤᠬᠢᠬᠤ ᠦᠭᠡᠢ ᠵᠦᠢᠯ ᠄ ᠭᠡᠷ᠎ᠲᠡᠭᠡᠨ ᠡᠳᠦᠷ ᠪᠤᠯᠭᠠᠨ ᠲᠠᠡᠭᠭᠠᠢᠵᠤ ᠬᠡᠪᠳᠡᠬᠡᠳ ᠪᠣᠯᠬᠤ ᠦᠭᠡᠢ ︔ ᠤᠷᠲᠤ ᠬᠤᠭᠤᠴᠠᠭ᠎ᠠ᠎ᠪᠠᠷ ᠭᠠᠷ ᠤᠳᠠᠰᠤ ᠨᠠᠭᠠᠳᠴᠦ ᠪᠤᠯᠬᠤ ᠦᠭᠡᠢ ᠃ ᠴᠤᠤᠷᠬᠠᠯ᠎ᠢ ᠢᠲᠡᠭᠡᠬᠦ ᠦᠭᠡᠶ ᠂ ᠨᠠᠮ ᠪᠣᠯᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠶᠢ ᠢᠲᠡᠭᠡᠵᠦ ᠂ ᠲᠤᠰᠬᠠᠶ ᠮᠡᠷᠭᠡᠵᠢᠯᠲᠡᠨ ᠪᠠ ᠡᠮᠴᠢ ᠰᠤᠪᠢᠯᠠᠭᠴᠢᠳ᠎ᠤᠨ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ᠎ᠶᠢ ᠢᠳᠡᠭᠡᠬᠦ ᠭᠡᠷᠡᠭᠲᠠᠢ ᠃
ᠡᠪᠡᠳᠴᠢᠨ ᠦᠵᠡᠭᠦᠯᠬᠦ᠎ᠡᠴᠠ ᠵᠠᠢᠯᠠᠵᠦ ᠪᠤᠯᠬᠤ ᠦᠭᠡᠢ ᠃ ᠪᠢᠳᠡ ᠪᠦᠬᠦᠨ ᠬᠡᠷ᠎ᠲᠡᠭᠡᠨ ᠰᠡᠳᠬᠢᠯ ᠰᠠᠨᠠᠭ᠎ᠠ᠎ᠪᠠᠨ ᠵᠤᠬᠢᠴᠠᠭᠤᠯᠵᠤ ᠂ ᠪᠤᠳᠤᠯ ᠰᠡᠳᠬᠢᠯ᠎ᠢᠶᠡᠨ ᠲᠠᠶᠢᠪᠤᠭᠤᠨ ᠪᠠᠶᠢᠯᠭᠠᠵᠤ ᠂ ᠰᠠᠳᠤᠨ ᠲᠥᠷᠥᠯ ᠰᠠᠶᠢᠨ ᠨᠠᠶᠢᠵᠠ᠎ᠪᠠᠨ ᠬᠠᠪᠰᠤᠷᠤᠨ ᠰᠠᠨᠠᠭ᠎ᠠ ᠰᠡᠳᠬᠢᠯ᠎ᠢᠶᠡᠨ ᠲᠠᠶᠢᠪᠤᠭᠤᠨ ᠪᠠᠶᠢᠯᠭᠠᠪᠠᠯ ᠳᠠᠷᠤᠶ ᠨᠡᠶᠢᠭᠡᠮ᠎ᠤᠨ ᠰᠡᠳᠬᠢᠴᠡ᠎ᠶᠢᠨ ᠳᠡᠮᠵᠢᠯᠭᠡ᠎ᠶᠢᠨ ᠠᠵᠢᠯ ᠬᠢᠵᠦ ᠂ ᠬᠥᠮᠦᠨ ᠪᠣᠯᠭᠠᠨ ᠴᠥᠮ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠰᠡᠳᠬᠢᠴᠡ᠎ᠶᠢᠨ ᠡᠮᠴᠢᠯᠡᠭᠴᠢ ᠪᠣᠯᠵᠣ ᠪᠣᠯᠤᠨ᠎ᠠ ᠃

ᠰᠤᠷᠪᠤᠯᠵᠢᠯᠠᠭᠴᠢ ᠄ ᠲᠠ 12320  5 ᠰᠡᠳᠬᠢᠴᠡ᠎ᠶᠢᠨ ᠲᠤᠰᠠᠯᠠᠮᠵᠢ᠎ᠶᠢᠨ ᠤᠲᠠᠰᠤ᠎ᠶᠢᠨ ᠪᠠᠶᠢᠳᠠᠯ᠎ᠢ ᠳᠥᠭᠥᠮ ᠲᠠᠨᠢᠯᠴᠠᠭᠤᠯᠵᠤ ᠥᠭᠭᠦᠨ᠎ᠡ ‍ᠤᠤ ︖
ᠴᠧᠨ ᠯᠢ ᠰᠢᠶᠠ ᠄ ᠰᠡᠳᠬᠢᠴᠡ᠎ᠶᠢᠨ ᠲᠤᠰᠠᠯᠠᠮᠵᠢ᠎ᠶᠢᠨ ᠤᠲᠠᠰᠤ᠎ᠶᠢ ᠶᠠᠷᠢᠬᠤ᠎ᠳ᠋ᠤ 2003 ᠣᠨ᠎ᠤ ᠰᠠᠷᠰ᠎ᠤᠨ ᠬᠢᠵᠢᠭ᠎ᠤᠨ ᠬᠤᠭᠤᠴᠠᠭ᠎ᠠ᠎ᠶᠢ ᠰᠠᠨᠠᠭᠳᠠᠭᠤᠯᠤᠨ᠎ᠠ ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠰᠡᠳᠬᠢᠴᠡ᠎ᠶᠢᠨ ᠲᠤᠰᠠᠯᠠᠮᠵᠢ᠎ᠶᠢᠨ ᠤᠲᠠᠰᠤ᠎ᠶᠢ ᠲᠡᠷᠡ ᠬᠦ ᠣᠨᠴᠠᠭᠠᠶ ᠴᠠᠭ ᠦᠶ᠎ᠡ᠎ᠳ᠋ᠤ ᠮᠠᠨ᠎ᠤ ᠡᠮᠨᠡᠯᠬᠡ᠎ᠶᠢᠨ ᠬᠣᠷᠢᠶᠠᠨ᠎ᠳ᠋ᠤ ᠨᠡᠪᠲᠡᠷᠡᠭᠦᠯᠦᠭᠰᠡᠨ ᠶᠤᠮ ᠃ ᠲᠤᠬᠠᠢ᠎ᠶᠢᠨ ᠦᠶ᠎ᠡ᠎ᠳ᠋ᠤ ᠮᠡᠳᠡᠭᠡ ᠵᠠᠩᠭᠢ ᠳᠠᠮᠵᠢᠭᠤᠯᠬᠤ ᠠᠷᠭ᠎ᠠ ᠪᠠᠷᠢᠯ᠎ᠨᠢ ᠤᠳᠤ᠎ᠶᠢᠨ ᠰᠢᠭ᠋ ᠬᠥᠭᠵᠢᠬᠡᠳᠤᠢ ᠪᠠᠢᠬᠰᠠᠨ ᠪᠤᠯᠬᠤᠷ ᠬᠠᠯᠳᠠᠪᠤᠷᠢᠲᠤ ᠬᠢᠵᠢᠭ᠎ᠤᠨ ᠪᠠᠶᠢᠳᠠᠯ᠎ᠤᠨ ᠡᠮᠦᠨ᠎ᠡ ᠤᠯᠠᠨ ᠲᠦᠮᠡᠨ ᠠᠶᠤᠨ ᠰᠦᠷᠳᠡᠵᠦ ᠪᠠᠶᠢᠨ᠎ᠠ ᠬᠡᠳᠡᠭ᠎ᠢ ᠮᠡᠳᠡᠵᠦ ᠪᠣᠯᠬᠤ ᠶᠤᠮ ᠂ ᠤᠳᠠᠰᠤ ᠨᠡᠪᠲᠡᠷᠡᠭᠦᠯᠦᠭᠰᠡᠨ ᠠᠩᠬᠠᠨ᠎ᠤ ᠡᠳᠤᠷ᠎ᠲᠤ 200 ᠰᠢᠬᠠᠮ ᠤᠲᠠᠰᠤ ᠲᠤᠰᠴᠤ ᠂ ᠤᠯᠠᠨ ᠲᠦᠮᠡᠨ᠎ᠤ ᠵᠣᠪᠠᠨᠢᠯ ᠂ ᠪᠠᠴᠢᠮᠳᠠᠯ ᠂ ᠡᠮᠢᠶᠡᠯ ᠵᠡᠷᠭᠡ ᠤᠷᠮ᠎ᠠ ᠰᠡᠳᠬᠢᠯᠭᠡ᠎ᠶᠢ ᠨᠠᠮᠳᠠᠭᠤᠯᠵᠤ ᠂ ᠨᠡᠶᠢᠭᠡᠮ᠎ᠤᠨ ᠠᠮᠤᠷ ᠲᠣᠭᠲᠠᠭᠤᠨ ᠪᠠᠶᠢᠳᠠᠯ᠎ᠢ ᠬᠠᠮᠠᠭᠠᠯᠠᠬᠤ᠎ᠳ᠋ᠤ ᠲᠤᠶᠢᠯ᠎ᠤᠨ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ ᠃ ᠮᠠᠨ᠎ᠤ ᠬᠣᠷᠢᠶ᠎ᠠ 2017 ᠣᠨ᠎ᠳ᠋ᠤ ᠡᠨᠡ ᠬᠦ ᠤᠲᠠᠰᠤ᠎ᠶᠢ ᠲᠠᠰ ᠳᠡᠪᠰᠢᠭᠦᠯᠦᠨ ᠥᠭᠡᠷᠡᠴᠢᠯᠡᠵᠤ ᠂ 2018 ᠣᠨ᠎ᠤ 5 ᠰᠠᠷ᠎ᠠ᠎ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶᠢᠲᠡ᠎ᠶᠢᠨ ᠡᠷᠡᠭᠦᠯ ᠬᠠᠮᠠᠭᠠᠯᠠᠯ᠎ᠤᠨ ᠤᠲᠠᠰᠤ ᠪᠤᠯᠬᠤ 12320᠎ᠯᠤᠭ᠎ᠠ ᠨᠢᠭᠡᠳᠬᠡᠵᠦ ᠂ ᠨᠣᠮᠧᠷ᠎ᠨᠢ 12320  5 ᠪᠤᠯᠪᠠ ᠃

ᠰᠤᠷᠪᠤᠯᠵᠢᠯᠠᠭᠴᠢ ᠄ ᠬᠢᠵᠢᠭ᠎ᠤᠨ ᠡᠮᠤᠨ᠎ᠠ ᠹᠷᠣᠨᠲ᠎ᠤᠨ ᠡᠮᠨᠡᠯᠭᠡ᠎ᠶᠢᠨ ᠠᠵᠢᠯᠲᠠᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ᠎ᠨᠢ ᠴᠦ ᠣᠯᠠᠨ᠎ᠤ ᠰᠡᠳᠬᠢᠯ᠎ᠢ ᠲᠠᠲᠠᠵᠤ ᠪᠠᠶᠢᠨ᠎ᠠ ᠂ ᠲᠡᠳᠡᠨ᠎ᠳ᠋ᠤ ᠶᠠᠮᠠᠷ ᠶᠠᠮᠠᠷ ᠰᠡᠳᠬᠢᠴᠡ᠎ᠶᠢᠨ ᠢᠯᠡᠷᠡᠯ ᠭᠠᠷᠬᠤ ᠪᠤᠢ ︖
ᠬᠤᠸᠠᠩ ᠶᠦᠩ ᠴᠢᠩ ᠄ ᠬᠢᠵᠢᠭ᠎ᠤᠨ ᠡᠮᠤᠨ᠎ᠠ ᠹᠷᠣᠨᠲ᠎ᠤᠨ ᠡᠮᠨᠡᠯᠭᠡ᠎ᠶᠢᠨ ᠠᠵᠢᠯᠲᠠᠳ ᠬᠡᠲᠦᠷᠬᠡᠶ ᠶᠠᠳᠠᠷᠠᠭᠰᠠᠨ ᠪᠠ ᠪᠠᠴᠢᠮᠳᠠᠭᠰᠠᠡ᠎ᠡᠴᠠ ᠪᠣᠯᠵᠤ ᠂ ᠪᠡᠶ᠎ᠡ ᠰᠡᠳᠬᠢᠯ᠎ᠨᠢ ᠪᠦᠷ ᠶᠠᠳᠠᠷᠠᠳᠠᠭ ᠂ ᠴᠢᠨᠠᠭᠰᠢᠯᠠᠪᠠᠯ ᠰᠠᠨᠠᠭ᠎ᠠ ᠠᠮᠤᠷ ᠦᠭᠡᠢ ᠪᠠᠢᠬᠤ ᠂ ᠨᠣᠶᠢᠷ ᠬᠤᠯᠵᠢᠬᠤ ᠂ ᠭᠠᠩᠰᠠᠷᠠᠬᠤ ᠂ ᠭᠤᠨᠢᠵᠤ ᠵᠣᠪᠠᠨᠢᠬᠤ ᠂ ᠭᠤᠲᠤᠷᠠᠬᠤ ᠵᠡᠷᠭᠡ ᠪᠠᠢᠳᠠᠯ ᠢᠯᠡᠷᠡᠵᠦ ᠮᠡᠳᠡᠨ᠎ᠡ ᠃

ᠰᠤᠷᠪᠤᠯᠵᠢᠯᠠᠭᠴᠢ ᠄ ᠲᠡᠭᠡᠪᠡᠯ ᠡᠮᠤᠨ᠎ᠠ ᠹᠷᠣᠨᠲ᠎ᠤᠨ ᠡᠮᠨᠡᠯᠭᠡ᠎ᠶᠢᠨ ᠠᠵᠢᠯᠲᠠᠳ ᠬᠡᠷᠬᠢᠨ ᠤᠷᠢᠳᠴᠢᠯᠠᠨ ᠰᠡᠷᠬᠡᠢᠯᠡᠵᠤ ᠰᠡᠳᠬᠢᠴᠡ᠎ᠪᠠᠨ ᠲᠤᠬᠢᠷᠠᠭᠤᠯᠬᠤ ᠪᠤᠶ ︖
ᠬᠤᠸᠠᠩ ᠶᠦᠩ ᠴᠢᠩ ᠄ ᠨᠢᠬᠡ᠎ᠳ᠋ᠤ ᠠᠪᠤᠷᠠᠨ ᠲᠤᠰᠠᠯᠠᠬᠤ᠎ᠡᠴᠠ ᠡᠮᠦᠨ᠎ᠡ ᠰᠡᠳᠬᠢᠴᠡ᠎ᠶᠢᠨ ᠬᠢᠮᠤᠷᠠᠯ᠎ᠢ ᠬᠠᠮᠢᠶᠠᠷᠬᠤ ᠪᠤᠯᠪᠠᠰᠤᠷᠠᠯ ᠬᠢᠵᠦ ᠂ ᠪᠠᠴᠢᠮ ᠲᠤᠰᠬᠠᠯ᠎ᠢ ᠣᠶᠢᠯᠠᠭᠠᠨ ᠪᠠᠴᠢᠮ ᠰᠡᠳᠬᠢᠯᠭᠡ᠎ᠶᠢ ᠠᠷᠭᠠᠴᠠᠭᠠᠬᠤ ᠂ ᠤᠷᠮ᠎ᠠ ᠰᠡᠳᠬᠢᠯᠭᠡ᠎ᠶᠢ ᠲᠣᠬᠢᠷᠠᠭᠤᠯᠤᠨ ᠡᠵᠡᠮᠳᠡᠬᠦ ᠠᠷᠭ᠎ᠠ᠎ᠶᠢ ᠰᠤᠷᠤᠯᠴᠠᠬᠤ ᠴᠢᠬᠤᠯᠠᠳᠠᠢ ᠃ ᠤᠷᠢᠳᠴᠢᠯᠠᠨ ᠰᠡᠷᠭᠡᠶᠢᠯᠡᠬᠦ ᠴᠢᠨᠠᠷᠲᠠᠶ᠎ᠪᠠᠷ ᠬᠠᠷᠢᠯᠴᠠᠨ ᠠᠭᠤᠯᠵᠠᠨ ᠶᠠᠷᠢᠯᠴᠠᠵᠤ ᠂ ᠳᠣᠲᠣᠭᠠᠳᠤ ᠰᠡᠳᠬᠢᠯ᠎ᠤᠨ ᠲᠥᠷᠥᠭᠳᠡᠯ᠎ᠢᠶᠡᠨ ᠢᠯᠡ᠎ᠪᠠᠷ ᠶᠠᠷᠢᠯᠴᠠᠵᠤ ᠪᠤᠯᠤᠨ᠎ᠠ ᠃ ᠬᠤᠶᠠᠷ᠎ᠲᠤ ᠡᠮᠤᠨ᠎ᠠ ᠹᠷᠣᠨᠲ᠎ᠤᠨ ᠡᠮᠨᠡᠯᠭᠡ᠎ᠶᠢᠨ ᠠᠵᠢᠯᠲᠠᠳ᠎ᠤᠨ ᠰᠠᠨᠠᠭᠠᠰᠢᠷᠠᠯ᠎ᠢ ᠠᠷᠢᠯᠭᠠᠵᠤ ᠂ ᠲᠤᠰᠬᠠᠶ ᠬᠥᠮᠦᠨ ᠲᠣᠬᠢᠷᠠᠭᠤᠯᠤᠨ ᠠᠷᠤ ᠲᠠᠯ᠎ᠠ᠎ᠶᠢᠨ ᠦᠢᠯᠡᠴᠢᠯᠡᠭᠡᠨ᠎ᠤ ᠪᠠᠲᠤᠯᠠᠭ᠎ᠠ ᠬᠢᠯᠭᠡᠵᠦ ᠂ ᠲᠤᠰᠠᠭᠠᠷᠯᠠᠬᠤ ᠲᠣᠭᠣᠷᠢᠭ᠎ᠤᠨ ᠠᠵᠢᠯᠲᠠᠳ᠎ᠢ ᠰᠠᠷ᠎ᠠ ᠪᠦᠷᠢ ᠨᠢᠭᠡ ᠤᠳᠠᠭ᠎ᠠ ᠡᠭᠡᠯᠵᠢᠯᠡᠭᠦᠯᠬᠦ ᠬᠡᠷᠡᠭᠲᠡᠶ ᠃ ᠭᠤᠷᠪᠠ᠎ᠳ᠋ᠤ ᠲᠣᠬᠢᠷᠠᠮᠵᠢᠲᠠᠶ᠎ᠪᠠᠷ ᠠᠮᠠᠷᠠᠵᠤ ᠴᠡᠭᠴᠡᠯᠡᠬᠦ᠎ᠶᠢ ᠲᠣᠬᠢᠷᠠᠭᠤᠯᠵᠤ ᠂ ᠭᠦᠢᠴᠡᠳ ᠤᠨᠲᠠᠬᠤ ᠪᠠ ᠢᠳᠡᠵᠤ ᠤᠤᠭᠤᠬᠤ᠎ᠶᠢ᠎ᠨᠢ ᠪᠠᠲᠤᠯᠠᠬᠤ ᠬᠡᠷᠡᠭᠲᠡᠶ ᠃ ᠲᠦᠷᠪᠡ᠎ᠳ᠋ᠤ ᠠᠯᠢ ᠴᠢᠳᠠᠬᠤ᠎ᠪᠠᠷ ᠭᠡᠷ᠎ᠤᠨ ᠬᠥᠮᠦᠰ ᠪᠠ ᠭᠠᠳᠠᠭᠠᠳᠤ ᠶᠢᠷᠲᠢᠨᠴᠦ᠎ᠲᠠᠢ ᠬᠠᠷᠢᠯᠴᠠᠵᠤ ᠰᠣᠯᠢᠯᠴᠠᠬᠤ᠎ᠶᠢ᠎ᠨᠢ ᠪᠠᠲᠤᠯᠠᠬᠤ ᠬᠡᠷᠡᠭᠲᠡᠢ ᠃ ᠲᠠᠪᠤ᠋᠎ᠳ᠋ᠤ ᠨᠣᠶᠢᠷ ᠬᠤᠯᠵᠢᠬᠤ ᠂ ᠤᠷᠮ᠎ᠠ ᠬᠤᠭᠤᠷᠠᠬᠤ ᠂ ᠭᠤᠨᠢᠵᠤ ᠵᠣᠪᠠᠨᠢᠬᠤ ᠪᠠᠶᠢᠳᠠᠯ ᠭᠠᠷᠪᠠᠯ ᠂ ᠲᠤᠰᠬᠠᠢ ᠮᠡᠷᠭᠡᠵᠢᠯ᠎ᠤᠨ ᠰᠡᠳᠬᠢᠴᠡ᠎ᠶᠢᠨ ᠬᠢᠮᠤᠷᠠᠯ᠎ᠢ ᠬᠠᠮᠢᠶᠠᠷᠬᠤ ᠠᠵᠢᠯ᠎ᠤᠨ ᠳᠤᠭᠤᠢᠯᠠᠩ᠌ ᠪᠤᠶᠤ ᠰᠡᠳᠬᠢᠴᠡ᠎ᠶᠢᠨ ᠡᠷᠡᠭᠦᠯ ᠮᠡᠨᠳᠦ᠎ᠶᠢᠨ ᠦᠢᠯᠡᠴᠢᠯᠡᠭᠡᠨ᠎ᠤ ᠪᠦᠯᠬᠦᠮ᠎ᠢ ᠡᠷᠢᠵᠦ ᠪᠣᠯᠤᠨ᠎ᠠ ᠂ ᠰᠡᠳᠬᠢᠴᠡ᠎ᠶᠢᠨ ᠲᠤᠰᠠᠯᠠᠮᠵᠢ᠎ᠶᠢᠨ ᠬᠠᠯᠠᠮᠰᠢᠯ ᠤᠲᠠᠰᠤ᠎ᠶᠢ ᠤᠲᠠᠰᠤᠳᠠᠬᠤ ᠪᠤᠶᠤ ᠰᠦᠯᠵᠢᠶᠡᠨ ᠳᠡᠭᠡᠷᠡᠬᠢ ᠰᠡᠳᠬᠢᠴᠡ᠎ᠶᠢᠨ ᠦᠢᠯᠡᠴᠢᠯᠡᠭᠡ᠎ᠶᠢ ᠴᠦ ᠡᠷᠢᠵᠤ ᠪᠣᠯᠤᠨ᠎ᠠ ᠃ ᠵᠢᠷᠭᠤᠭ᠎ᠠ᠎ᠳ᠋ᠤ ᠬᠡᠷᠪᠡ ᠪᠠᠴᠢᠮ ᠰᠡᠳᠬᠢᠯᠭᠡ᠎ᠶᠢᠨ ᠢᠯᠡᠷᠡᠯ ᠭᠠᠷᠤᠭᠰᠠᠨ ᠪᠠᠢᠪᠠᠯ ᠲᠠᠷᠤᠢᠬᠠᠨ ᠠᠵᠢᠯ᠎ᠤᠨ ᠪᠠᠶᠢᠷᠢ᠎ᠳ᠋ᠤᠨᠢ ᠲᠣᠬᠢᠷᠠᠭᠤᠯᠤᠯᠲᠠ ᠬᠢᠵᠦ ᠂ ᠲᠤᠰᠬᠠᠶ ᠮᠡᠷᠭᠡᠵᠢᠯ᠎ᠤᠨ ᠠᠵᠢᠯᠲᠠᠨ᠎ᠤ ᠬᠠᠪᠰᠤᠷᠤᠯᠭ᠎ᠠ᠎ᠶᠢ ᠬᠦᠯᠢᠶᠡᠬᠦ ᠬᠡᠷᠡᠭᠲᠡᠶ ᠃

ᠰᠤᠷᠪᠤᠯᠵᠢᠯᠠᠭᠴᠢ ᠄ ᠪᠢᠲᠡᠭᠦᠮᠵᠢᠯᠡᠨ ᠬᠠᠮᠢᠶᠠᠷᠤᠯᠳᠠ ᠬᠢᠭᠰᠡᠨ᠎ᠡᠴᠠ ᠨᠠᠭᠠᠰᠢ ᠂ ᠦᠨᠳᠦᠰᠦᠨ ᠱᠠᠲᠤᠨ᠎ᠤ ᠬᠠᠮᠢᠶᠠᠷᠤᠯᠲᠠ᠎ᠶᠢᠨ ᠠᠵᠢᠯᠲᠠᠨ ᠣᠯᠠᠨ ᠲᠦᠮᠡᠨ᠎ᠲᠠᠢ ᠪᠠᠰᠠ ᠡᠳᠦᠶ ᠲᠡᠳᠦᠶ ᠡᠶ᠎ᠡ ᠵᠣᠬᠢᠴᠠᠯ ᠥᠬᠡᠶ ᠪᠠᠶᠢᠳᠠᠯ ᠭᠠᠷᠴᠠᠶ ᠂ ᠲᠠ ᠬᠡᠷᠬᠢᠨ ᠦᠵᠡᠵᠦ ᠪᠠᠶᠢᠬᠤ ᠪᠣᠶ ︖
ᠬᠤᠸᠠᠩ ᠶᠦᠩ ᠴᠢᠩ ᠄ ᠶᠠᠭᠤᠨ᠎ᠤ ᠡᠮᠦᠨ᠎ᠡ ᠂ ᠪᠢᠳᠡ ᠨᠡᠶᠢᠭᠡᠮ ᠲᠣᠭᠣᠷᠢᠭ ᠪᠣᠯ ᠬᠣᠯᠪᠣᠭᠠᠯᠠᠨ ᠰᠡᠷᠭᠡᠶᠢᠯᠡᠵᠦ ᠬᠣᠯᠪᠣᠭᠠᠯᠠᠨ ᠡᠵᠡᠮᠳᠡᠬᠦ ᠂ ᠣᠯᠠᠨ᠎ᠢᠶᠠᠷ᠎ᠢᠶᠡᠨ ᠰᠡᠷᠭᠡᠶᠢᠯᠡᠵᠦ ᠣᠯᠠᠨ᠎ᠢᠶᠠᠷ᠎ᠢᠶᠡᠨ ᠡᠵᠡᠮᠳᠡᠬᠦ ᠭᠣᠤᠯ ᠲᠠᠢᠨ᠎ᠤ ᠲᠠᠯᠠᠪᠤᠷ ᠮᠥᠨ ᠂ ᠬᠢᠵᠢᠭ᠎ᠤᠨ ᠪᠠᠶᠢᠳᠠᠯ᠎ᠤᠨ ᠲᠠᠷᠬᠠᠨ ᠳᠡᠯᠭᠡᠷᠡᠬᠦ᠎ᠶᠢ ᠬᠣᠷᠢᠬᠯᠠᠬᠤ ᠬᠠᠮᠤᠭ᠎ᠤᠨ ᠪᠦᠲᠦᠮᠵᠢᠲᠡᠶ ᠰᠡᠷᠭᠡᠶᠢᠯᠡᠯᠲᠡ᠎ᠶᠢᠨ ᠱᠤᠭᠤᠮ ᠮᠥᠨ ᠂ ᠬᠠᠤᠯᠢ ᠲᠦᠷᠢᠮ ᠶᠤᠰᠤᠭᠠᠷ ᠬᠠᠷᠢᠭᠤᠴᠠᠯᠭ᠎ᠠ᠎ᠪᠠᠨ ᠭᠦᠢᠴᠡᠳᠭᠡᠵᠤ ᠪᠠᠢᠨ᠎ᠠ ᠬᠡᠳᠡᠭ᠎ᠢ ᠲᠠᠨᠢᠵᠤ ᠮᠡᠳᠡᠬᠦ ᠭᠡᠷᠡᠭᠲᠠᠢ ᠃
ᠳᠠᠷᠠᠭᠠᠯᠠᠪᠠᠯ ᠂ ᠡᠨᠡ ᠪᠣᠯ ᠣᠨᠴᠠ ᠵᠠᠷᠢᠮ ᠦᠵᠡᠭᠳᠡᠯ ᠮᠥᠨ ᠃ ᠡᠭᠦᠨ᠎ᠤ ᠰᠢᠯᠲᠠᠭᠠᠨ᠎ᠨᠢ ᠭᠣᠤᠯᠳᠠᠭᠤ ᠳᠣᠤᠷᠠᠬᠢ ᠬᠡᠳᠦᠨ ᠲᠠᠯ᠎ᠠ ᠪᠤᠢ ᠄ ᠨᠢᠭᠡ᠎ᠳ᠋ᠤ ᠬᠢᠵᠢᠭ᠎ᠤᠨ ᠪᠠᠶᠢᠳᠠᠯ᠎ᠤᠨ ᠬᠦᠨᠳᠦ ᠨᠣᠴᠢᠲᠠᠶ ᠴᠢᠨᠠᠷ᠎ᠤᠨ ᠲᠤᠬᠠᠶ ᠲᠠᠨᠢᠯᠲᠠ᠎ᠨᠢ ᠠᠳᠠᠯᠢ ᠪᠤᠰᠤ ᠪᠠᠶᠢᠵᠤ ᠂ ᠦᠨᠳᠦᠰᠦᠨ ᠱᠠᠲᠤᠨ᠎ᠤ ᠬᠠᠮᠢᠶᠠᠷᠤᠯᠲᠠ᠎ᠶᠢᠨ ᠠᠵᠢᠯᠳᠠᠨ ᠱᠠᠭᠠᠷᠳᠠᠯᠭ᠎ᠠ ᠶᠣᠰᠣᠭᠠᠷ ᠬᠢᠵᠢᠭ᠎ᠤᠨ ᠪᠠᠶᠢᠳᠠᠯ᠎ᠤᠨ ᠮᠡᠳᠡᠭᠡ ᠵᠠᠩᠭᠢ᠎ᠶᠢ ᠰᠤᠷᠤᠯᠴᠠᠨ ᠡᠵᠡᠮᠰᠢᠬᠦ᠎ᠨᠢ ᠬᠡᠰᠡᠭ ᠤᠯᠠᠨ ᠲᠦᠮᠡᠨ᠎ᠤ᠎ᠬᠢ᠎ᠡᠴᠠ ᠬᠠᠷᠢᠴᠠᠩᠭᠤᠶ᠎ᠪᠠᠷ ᠢᠯᠡᠭᠦᠤ ᠰᠢᠭ ᠪᠠᠶᠢᠳᠠᠭ ᠃ ᠬᠣᠶᠠᠷ᠎ᠲᠤ ᠬᠢᠵᠢᠭ᠎ᠤᠨ ᠪᠠᠶᠢᠳᠠᠯ᠎ᠤᠨ ᠡᠮᠦᠨ᠎ᠡ ᠂ ᠬᠡᠰᠡᠭ ᠠᠷᠠᠳ ᠣᠯᠠᠨ ᠪᠠᠴᠢᠮᠳᠠᠨ ᠰᠠᠨᠳᠤᠷᠴᠤ ᠂ ᠠᠮᠤᠷ ᠲᠦᠪᠰᠢᠨ ᠲᠥᠷᠥᠭᠳᠡᠯ ᠪᠠ ᠡᠷᠬᠡ ᠴᠢᠯᠥᠭᠡ ᠪᠠᠶᠢᠬᠤ ᠥᠬᠡᠶ ᠂ ᠬᠠᠮᠢᠭ᠎ᠠ ᠣᠴᠢᠭᠰᠠᠨ ᠴᠤ ᠪᠡᠶ᠎ᠡ᠎ᠶᠢᠨ ᠬᠠᠯᠠᠭᠤᠨ᠎ᠢ ᠬᠡᠮᠵᠢᠨ ᠂ ᠬᠤᠪᠢ ᠬᠥᠮᠦᠨ᠎ᠤ ᠮᠡᠳᠡᠭᠡ ᠵᠠᠩᠭᠢ᠎ᠶᠢ ᠲᠡᠮᠳᠡᠭᠯᠡᠵᠦ ᠂ ᠵᠠᠷᠢᠮ᠎ᠳᠠᠭᠠᠨ ᠨᠢᠭᠡ ᠡᠳᠦᠷ ᠣᠯᠠᠨ ᠤᠳᠠᠭ᠎ᠠ ᠳᠠᠩᠰᠠᠯᠠᠵᠤ ᠪᠠᠢᠳᠠᠬ᠎ᠢᠶᠠᠷ ᠪᠠᠴᠢᠮᠳᠠᠬᠤ᠎ᠨᠢ ᠠᠶᠠᠨᠳᠠᠭᠠᠨ᠎ᠤ ᠤᠴᠢᠷ ᠪᠤᠯᠪᠠ ᠃ ᠡᠭᠦᠨ᠎ᠢ ᠪᠠᠰᠠ ᠣᠶᠢᠯᠠᠭᠠᠵᠤ ᠪᠣᠯᠤᠨ᠎ᠠ ᠃ ᠭᠤᠷᠪᠠ᠎ᠳ᠋ᠤ ᠂ ᠡᠶ᠎ᠡ ᠡᠪᠲᠠᠢ ᠶᠠᠷᠢᠯᠴᠠᠬᠤ ᠭᠡᠷᠡᠭᠲᠠᠢ ᠃ ᠠᠵᠢᠯᠲᠠᠨ ᠪᠣᠯᠤᠨ ᠰᠠᠶᠢᠨ ᠲᠤᠷᠠᠴᠤᠤᠯ ᠲᠥᠷᠥ᠎ᠶᠢᠨ ᠪᠣᠳᠣᠯᠭ᠎ᠠ ᠂ ᠬᠢᠵᠢᠭ᠎ᠤᠨ ᠪᠠᠶᠢᠳᠠᠯ᠎ᠤᠨ ᠬᠦᠨᠳᠦ ᠨᠣᠴᠢᠲᠠᠶ ᠴᠢᠨᠠᠷ᠎ᠢ ᠶᠠᠷᠢᠵᠤ ᠂ ᠮᠡᠳᠡᠬᠡ ᠵᠠᠡᠭᠬᠢ᠎ᠪᠠᠨ ᠪᠦᠷᠢᠳᠬᠡᠭᠦᠯᠵᠦ ᠪᠡᠶ᠎ᠡ᠎ᠶᠢᠨ ᠬᠠᠯᠠᠭᠤᠨ᠎ᠢᠶᠡᠨ ᠬᠡᠮᠵᠢᠬᠦᠯᠬᠦ᠎ᠨᠢ ᠪᠦᠷ ᠲᠡᠬᠦᠨ᠎ᠤ ᠡᠷᠡᠭᠦᠯ ᠮᠡᠨᠳᠤ᠎ᠶᠢᠨ ᠲᠥᠯᠥᠭᠡ ᠶᠤᠮ ᠂ ᠮᠥᠨ ᠴᠦ ᠲᠡᠭᠦᠨ᠎ᠤ ᠬᠡᠷ᠎ᠤᠨ ᠬᠥᠮᠦᠰ᠎ᠤᠨ ᠡᠷᠡᠭᠦᠯ ᠮᠡᠨᠳᠦ᠎ᠶᠢᠨ ᠬᠢᠨᠢ ᠲᠥᠯᠥᠭᠡ ᠶᠤᠮ ᠭᠡᠳᠡᠭ᠎ᠢ ᠤᠯᠠᠨ ᠲᠦᠮᠡᠨ᠎ᠳ᠋ᠤ ᠲᠠᠨᠢᠭᠤᠯᠬᠤ ᠬᠡᠷᠡᠭᠳᠡᠢ ᠃

ᠰᠤᠷᠪᠤᠯᠵᠢᠯᠠᠭᠴᠢ ᠄ ᠡᠢᠮᠦᠷᠬᠦᠤ ᠪᠠᠶᠢᠳᠠᠯ᠎ᠡᠴᠠ ᠵᠠᠶᠢᠯᠠᠰᠬᠢᠬᠦ᠎ᠳ᠋ᠤ ᠲᠠ ᠶᠠᠮᠠᠷ ᠰᠠᠨᠠᠭᠤᠯᠭ᠎ᠠ ᠪᠠᠶᠢᠬᠤ ᠪᠤᠢ ︖
ᠬᠤᠸᠠᠩ ᠶᠦᠩ ᠴᠢᠩ ᠄ ᠨᠢᠭᠡ᠎ᠳ᠋ᠤ ᠂ ᠬᠢᠵᠢᠭ᠎ᠤᠨ ᠪᠠᠢᠳᠠᠯ᠎ᠤᠨ ᠬᠣᠯᠪᠣᠭᠳᠠᠯ ᠪᠦᠬᠦᠢ ᠮᠡᠳᠡᠯᠭᠡ᠎ᠶᠢᠨ ᠣᠯᠠᠨ ᠵᠦᠶᠯ᠎ᠤᠨ ᠬᠡᠯᠪᠡᠷᠢ᠎ᠶᠢᠨ ᠤᠬᠠᠭᠤᠯᠭ᠎ᠠ ︵ ᠰᠤᠨᠢᠨ ᠂ ᠲᠧᠯᠸᠢᠰ ᠂ ᠷᠠᠳᠢᠣ᠋ ᠂ ᠰᠦᠯᠵᠢᠶ᠎ᠡ ᠵᠡᠷᠭᠡ ︶᠎ᠶᠢ ᠬᠡᠷᠡᠭᠯᠡᠵᠦ ᠂ ᠠᠷᠠᠳ ᠣᠯᠠᠨ᠎ᠳ᠋ᠤ ᠬᠢᠵᠢᠭ᠎ᠤᠨ ᠪᠠᠶᠢᠳᠠᠯ᠎ᠢ ᠲᠠᠨᠢᠭᠤᠯᠤᠨ ᠮᠡᠳᠡᠬᠦᠯᠵᠤ ᠂ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠨ ᠰᠠᠬᠢᠬᠤ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢᠨ ᠴᠢᠬᠤᠯᠠ ᠴᠢᠨᠠᠷ᠎ᠢ ᠤᠬᠠᠭᠤᠯᠬᠤ ᠬᠡᠷᠡᠭᠳᠠᠢ ᠃ ᠬᠤᠶᠠᠷ᠎ᠲᠤ ᠂ ᠮᠡᠳᠡᠬᠡ ᠵᠠᠩᠭᠢ᠎ᠶᠢ ᠴᠠᠭ ᠲᠤᠬᠠᠢ᠎ᠳ᠋ᠤᠨᠢ ᠨᠡᠢᠲᠡᠯᠡᠬᠦ ᠭᠡᠷᠡᠭᠲᠠᠢ ᠃ ᠵᠢᠱᠢᠶᠡᠯᠡᠪᠡᠯ ᠂ ᠨᠡᠢᠬᠡᠮ ᠲᠤᠭᠤᠷᠢᠬ᠎ᠲᠤ ᠬᠡᠵᠢᠶ᠎ᠡ ᠤᠷᠤᠵᠦ ᠭᠠᠷᠴᠦ ᠪᠤᠯᠬᠤ ᠂ ᠶᠠᠮᠠᠷ ᠭᠡᠷᠡᠴᠢ ᠪᠠᠷᠢᠮᠲᠠ ᠭᠡᠷᠡᠭᠰᠡᠬᠦ ᠵᠡᠷᠭᠡ ᠮᠡᠳᠡᠬᠡ ᠵᠠᠩᠭᠢ᠎ᠶᠢ ᠴᠠᠭ ᠲᠤᠬᠠᠢ᠎ᠳ᠋ᠤᠨᠢ ᠤᠯᠠᠨ ᠲᠦᠮᠡᠨ᠎ᠳ᠋ᠤ ᠮᠡᠳᠡᠭᠦᠯᠵᠦ ᠲᠦᠭᠦᠮ ᠦᠵᠡᠭᠦᠯᠬᠦ ᠴᠢᠬᠤᠯᠠᠳᠠᠢ ᠃ ᠭᠤᠷᠪᠠ᠎ᠳ᠋ᠤ ᠂ ᠤᠯᠠᠨ ᠲᠦᠮᠡᠨ᠎ᠢ ᠬᠦᠳᠦᠯᠦᠨ ᠵᠢᠯᠤᠭᠤᠳᠴᠦ ᠵᠢᠮ᠎ᠡ ᠶᠤᠰᠤᠭᠠᠷ ᠠᠵᠢᠯᠯᠠᠵᠦ ᠠᠮᠠᠷᠠᠭᠤᠯᠵᠦ ᠂ ᠭᠡᠷ᠎ᠲᠡᠭᠡᠨ ᠪᠠᠢᠭ᠎ᠠ ᠤᠯᠠᠨ ᠲᠦᠮᠡᠨ ᠭᠡᠳᠦᠨ ᠴᠠᠭ᠎ᠲᠤ ᠪᠤᠰᠬᠤ ᠂ ᠦᠷᠯᠦᠭᠡ᠎ᠶᠢᠨ ᠬᠤᠭᠤᠯᠠ ᠢᠳᠡᠭᠦ ᠂ ᠨᠤᠮ ᠦᠵᠡᠭᠦ ᠂ ᠬᠡᠨ᠎ᠳ᠋ᠤ ᠤᠳᠠᠰᠤᠲᠠᠨ ᠮᠡᠨᠳᠦᠴᠢᠯᠡᠬᠦ ᠂ ᠵᠤᠬᠢᠰᠲᠠᠢ ᠬᠦᠳᠡᠯᠭᠡᠭᠡᠨ ᠬᠢᠬᠦ ᠂ ᠰᠡᠳᠬᠢᠯ ᠰᠠᠨᠠᠭ᠎ᠠ᠎ᠪᠠᠨ ᠲᠤᠬᠢᠷᠠᠭᠤᠯᠬᠤ ᠵᠡᠷᠭᠡ᠎ᠪᠠᠷ ᠲᠦᠯᠦᠪᠯᠡᠭᠡ ᠬᠢᠵᠦ ᠪᠤᠯᠤᠨ᠎ᠠ ᠃ ᠲᠦᠷᠪᠡ᠎ᠳ᠋ᠤ ᠂ ᠬᠦᠳᠦᠯᠦᠨ ᠵᠢᠯᠤᠭᠤᠳᠴᠦ ᠲᠤᠰᠬᠠᠢ ᠮᠡᠷᠭᠡᠵᠢᠯ᠎ᠤᠨ ᠬᠠᠪᠰᠤᠷᠤᠯᠭ᠎ᠠ ᠦᠵᠡᠭᠦᠯᠦᠨ᠎ᠡ ᠃ ᠵᠢᠱᠢᠶᠡᠯᠡᠪᠡᠯ ᠰᠡᠳᠬᠢᠴᠡ᠎ᠶᠢᠨ ᠲᠤᠰᠠᠯᠠᠮᠵᠢ᠎ᠶᠢᠨ ᠤᠳᠠᠰᠤ᠎ᠶᠢ ᠤᠳᠠᠰᠤᠳᠠᠵᠦ ᠪᠤᠯᠤᠨ᠎ᠠ ᠃

ᠰᠤᠷᠪᠤᠯᠵᠢᠯᠠᠭᠴᠢ ᠄ ᠳᠡᠭᠡᠷᠡᠬᠢ ᠪᠣᠯ ᠲᠠ ᠭᠣᠤᠯᠳᠠᠭᠤ ᠣᠯᠠᠨ ᠲᠦᠮᠡᠨ᠎ᠳ᠋ᠤ ᠦᠭᠭᠦᠭᠰᠡᠨ ᠰᠠᠨᠠᠭᠤᠯᠭ᠎ᠠ ᠪᠤᠯᠤᠨ᠎ᠠ ᠂ ᠦᠨᠳᠦᠰᠦᠨ ᠱᠠᠲᠤᠨ᠎ᠤ ᠰᠡᠷᠭᠡᠶᠢᠯᠡᠨ ᠡᠵᠡᠮᠳᠡᠬᠦ ᠠᠵᠢᠯᠲᠠᠳ᠎ᠲᠤ ᠶᠠᠮᠠᠷ ᠰᠠᠨᠠᠭᠤᠯᠭ᠎ᠠ ᠪᠠᠶᠢᠬᠤ ᠪᠣᠶ ︖
ᠬᠤᠸᠠᠩ ᠶᠦᠩ ᠴᠢᠩ ᠄ ᠦᠨᠳᠦᠰᠦᠨ ᠱᠠᠲᠤᠨ᠎ᠤ ᠰᠡᠷᠭᠡᠶᠢᠯᠡᠨ ᠡᠵᠡᠮᠳᠡᠬᠦ ᠠᠵᠢᠯᠲᠠᠳ ᠬᠡᠳᠦᠶᠢᠪᠡᠷ ᠣᠨᠣᠰᠢᠯᠠᠭᠰᠠᠨ ᠡᠪᠡᠳᠴᠢᠨ᠎ᠲᠠᠢ ᠰᠢᠭᠤᠳ ᠣᠶᠢᠷᠠᠳᠤᠬᠤ ᠥᠬᠡᠶ ᠪᠣᠯᠪᠠᠴᠤ ᠡᠳᠦᠷ ᠪᠦᠷᠢ᠎ᠶᠢᠨ ᠠᠵᠢᠯ᠎ᠤᠨ ᠬᠡᠮᠵᠢᠶ᠎ᠡ᠎ᠨᠢ ᠮᠠᠰᠢ ᠶᠡᠬᠡ ᠪᠠᠢᠳᠠᠭ ᠃ ᠲᠡᠳᠡ ᠨᠡᠶᠢᠭᠡᠮ ᠲᠣᠭᠣᠷᠢᠭ᠎ᠤᠨ ᠰᠠᠭᠤᠭᠠᠯᠢ ᠠᠷᠠᠳ᠎ᠲᠠᠭᠠᠨ ᠰᠠᠯᠬᠢ ᠵᠢᠪᠠᠷ ᠢᠯᠡᠭᠦᠬᠡᠨ ᠨᠡᠪᠲᠡᠷᠡᠭᠦᠯᠬᠦ ᠂ ᠠᠮᠠᠪᠴᠢ ᠵᠡᠭᠦᠬᠦ ᠂ ᠭᠠᠷ᠎ᠢᠶᠡᠨ ᠦᠷᠭᠦᠯᠵᠢ ᠤᠬᠢᠶᠠᠬᠤ ᠂ ᠴᠤᠭᠯᠠᠭᠠᠨ᠎ᠳ᠋ᠤ ᠤᠷᠤᠯᠴᠠᠬᠤ ᠥᠬᠡᠶ ᠪᠠᠶᠢᠬᠤ᠎ᠶᠢ ᠰᠠᠨᠠᠭᠤᠯᠤᠨ᠎ᠠ ︔ ︽ ᠳᠥᠷᠪᠡᠨ ᠲᠥᠷᠥᠯ᠎ᠤᠨ ᠠᠵᠢᠯᠲᠠᠨ ︾᠎ᠢ ᠲᠥᠷᠥᠯ ᠬᠤᠪᠢᠶᠠᠨ ᠬᠠᠮᠢᠶᠠᠷᠬᠤ᠎ᠶᠢ ᠬᠠᠪᠰᠤᠷᠤᠨ ᠨᠠᠢᠳᠠᠪᠤᠷᠢᠵᠢᠭᠤᠯᠬᠤ ᠂ ᠪᠡᠶ᠎ᠡ᠎ᠶᠢᠨ ᠬᠠᠯᠠᠭᠤᠨ᠎ᠢ ᠬᠡᠮᠵᠢᠬᠦ ᠂ ᠠᠷᠢᠭᠤᠳᠬᠠᠬᠤ ᠂ ᠬᠣᠭ ᠨᠣᠪᠰᠢ᠎ᠶᠢ ᠴᠡᠪᠡᠷᠯᠡᠬᠦ ᠂ ᠴᠡᠪᠡᠷᠯᠡᠬᠡ ᠬᠢᠬᠦ ᠵᠡᠷᠭᠡ ᠦᠵᠡᠯ ᠰᠠᠨᠠᠭᠠᠨ᠎ᠤ ᠠᠵᠢᠯ ᠪᠠ ᠰᠡᠳᠬᠢᠴᠡ᠎ᠶᠢᠨ ᠵᠢᠯᠣᠭᠣᠳᠣᠯᠭ᠎ᠠ᠎ᠶᠢ ᠰᠠᠶᠢᠲᠤᠷ ᠬᠢᠨ᠎ᠠ ︔ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠦᠢᠯᠡᠴᠢᠯᠡᠭᠡ᠎ᠶᠢ ᠰᠠᠶᠢᠲᠤᠷ ᠬᠢᠵᠦ ᠂ ᠰᠠᠭᠤᠭᠠᠯᠢ ᠠᠷᠠᠳ᠎ᠤᠨ ᠡᠯ᠎ᠡ ᠵᠦᠶᠯ᠎ᠤᠨ ᠪᠣᠳᠠᠲᠠᠶ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠨ᠎ᠠ ᠃ ᠡᠶᠢᠮᠦ᠎ᠡᠴᠠ ᠦᠨᠳᠦᠰᠦᠨ ᠱᠠᠲᠤᠨ᠎ᠤ ᠰᠡᠷᠭᠡᠶᠢᠯᠡᠨ ᠡᠵᠡᠮᠳᠡᠬᠦ ᠠᠵᠢᠯᠲᠠᠳ᠎ᠲᠤ ᠲᠤᠯᠭᠠᠷᠠᠵᠤ ᠪᠠᠶᠢᠭ᠎ᠠ ᠠᠵᠢᠯ᠎ᠤᠨ ᠳᠠᠷᠤᠯᠲᠠ ᠪᠠ ᠬᠦᠴᠦᠯᠡᠴᠡ᠎ᠨᠢ ᠪᠦᠷ ᠨᠡᠯᠢᠶᠡᠳ ᠶᠡᠬᠡ ᠂ ᠪᠡᠶ᠎ᠡ ᠮᠠᠬᠠᠪᠣᠳ ᠂ ᠰᠡᠳᠬᠢᠯ ᠰᠠᠨᠠᠭ᠎ᠠ᠎ᠨᠢ ᠴᠦ ᠮᠠᠰᠢ ᠶᠠᠳᠠᠷᠠᠵᠤ ᠪᠠᠶᠢᠬᠤ ᠪᠣᠯᠬᠣᠷ ᠲᠡᠳᠡ ᠪᠠᠰᠠ ᠵᠦᠢ ᠵᠣᠬᠢᠰᠲᠠᠢ᠎ᠪᠠᠷ ᠪᠡᠶ᠎ᠡ ᠰᠡᠳᠬᠢᠯ᠎ᠤᠨ ᠲᠤᠬᠢᠷᠠᠭᠤᠯᠤᠯᠳᠠ ᠬᠢᠬᠦ ᠴᠢᠬᠤᠯᠠᠳᠠᠢ ᠃ ᠪᠤᠳᠠᠳᠠᠢ ᠶᠠᠷᠢᠪᠠᠯ ᠬᠡᠳᠦᠨ ᠲᠠᠯ᠎ᠠ ᠪᠤᠢ ᠄ ᠨᠢᠭᠡ᠎ᠳ᠋ᠤ ᠵᠣᠬᠢᠰᠲᠠᠢ᠎ᠪᠠᠷ ᠡᠭᠡᠯᠵᠢ ᠬᠠᠯᠠᠭ᠎ᠠ ᠲᠤᠬᠢᠷᠠᠭᠤᠯᠵᠤ ᠂ ᠵᠦᠢ ᠵᠣᠬᠢᠰᠲᠠᠢ᠎ᠪᠠᠷ ᠡᠭᠡᠯᠵᠢᠯᠡᠵᠤ ᠠᠮᠠᠷᠠᠬᠤ ᠴᠢᠬᠤᠯᠠᠳᠠᠢ ᠃ ᠬᠣᠶᠠᠷ᠎ᠲᠤ ᠡᠮᠡᠭᠲᠡᠶ ᠠᠵᠢᠯᠲᠠᠳ ᠭᠡᠷ᠎ᠤᠨ ᠬᠥᠮᠦᠰ᠎ᠲᠠᠢ᠎ᠪᠠᠨ ᠵᠣᠭᠣᠭᠳᠠᠨ ᠶᠠᠷᠢᠯᠴᠠᠬᠤ ᠂ ᠳᠠᠭᠤᠤ ᠬᠥᠭᠵᠢᠮ ᠰᠣᠨᠣᠰᠬᠤ ᠂ ᠡᠷᠡᠭᠲᠡᠶ ᠠᠵᠢᠯᠲᠠᠳ ᠢᠯᠡᠬᠦᠦ ᠬᠥᠳᠡᠯᠭᠡᠭᠡᠨ ᠬᠢᠬᠦ ᠮᠡᠲᠦ᠎ᠶᠢᠨ ᠠᠷᠭ᠎ᠠ ᠠᠪᠴᠠᠯ ᠠᠪᠴᠦ ᠪᠤᠯᠤᠨ᠎ᠠ ᠃ ᠭᠤᠷᠪᠠ᠎ᠳ᠋ᠤ ᠭᠡᠷ᠎ᠤᠨ ᠬᠥᠮᠦᠰ᠎ᠲᠠᠢ᠎ᠪᠠᠨ ᠢᠯᠡᠭᠦᠦ ᠬᠠᠷᠢᠯᠴᠠᠵᠤ ᠂ ᠭᠡᠷ᠎ᠤᠨ ᠬᠥᠮᠦᠰ᠎ᠤᠨ᠎ᠢᠶᠡᠨ ᠣᠶᠢᠯᠠᠭᠠᠯᠲᠠ ᠳᠡᠮᠵᠢᠯᠭᠡ᠎ᠶᠢ ᠤᠯᠬᠤ᠎ᠶᠢᠨ ᠬᠠᠮᠲᠤ ᠭᠡᠷ᠎ᠤᠨ ᠬᠥᠮᠦᠰ᠎ᠢᠶᠡᠨ ᠴᠦ ᠵᠣᠷᠢᠭᠵᠢᠭᠤᠯᠬᠤ ᠴᠢᠬᠤᠯᠠᠳᠠᠢ ᠶᠤᠮ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠴᠣᠷᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面