ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-22 13:06:46

ᠵᠣᠬᠢᠶᠠᠭ᠍ᠴᠢ᠄ ᠪᠤᠤ ᠥᠷᠭᠡᠨ ᠣᠩᠱᠢᠭ᠍ᠰᠠᠨ ᠣᠳᠠᠭ᠎ᠠ᠄ 3

ᠮᠠᠨ᠎ᠤ ᠣᠷᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠪᠠᠢᠳᠠᠯ᠎ᠢ ᠲᠠᠨᠢᠯᠴᠠᠭᠤᠯᠪᠠ


2 ᠰᠠᠷ᠎ᠠ᠎ᠶᠢᠨ 21᠎ᠤ ᠡᠳᠤᠷ ᠂ ᠦᠪᠡᠷᠳᠡᠭᠡᠨ ᠵᠠᠰᠬᠠᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠠᠬᠦ ᠠᠵᠢᠯ᠎ᠤᠨ ᠵᠢᠯᠤᠭᠤᠳᠬᠤ ᠭᠠᠵᠠᠷ ᠬᠤᠷᠢᠨ ᠲᠥᠷᠪᠡᠳᠥᠭᠡᠷ ᠤᠳᠠᠭ᠎ᠠ᠎ᠶᠢᠨ ᠰᠤᠨᠢᠨ ᠮᠡᠳᠡᠭᠡ ᠨᠡᠢᠳᠠᠯᠠᠬᠦ ᠬᠤᠷᠠᠯ ᠬᠢᠪᠠ ᠃
ᠬᠤᠷᠠᠯ ᠲᠡᠭᠡᠷ᠎ᠠ ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠤᠨ ᠳᠡᠳ᠋ ᠳᠠᠷᠤᠭ᠎ᠠ ᠬᠥᠬᠡ ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠤᠨ ᠳᠡᠳ᠋ ᠳᠠᠷᠤᠭ᠎ᠠ ᠸᠠᠩ ᠱᠥ ᠴᠢᠤᠸᠠᠨ ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠤᠨ ᠮᠡᠳᠡᠭᠡ ᠬᠤᠯᠪᠤᠭ᠎ᠠ᠎ᠶᠢᠨ ᠵᠢᠯᠣᠭᠣᠳᠬᠤ ᠲᠥᠪ᠎ᠤᠨ ᠡᠷᠬᠢᠯᠡᠭᠴᠢ ᠯᠢ ᠧᠨ ᠴᠢᠶᠠᠩ ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠤᠨ ᠢᠳᠡᠭᠡᠨ᠎ᠤ ᠪᠠ ᠡᠮ᠎ᠤᠨ ᠵᠤᠢᠯᠡᠰ᠎ᠤᠨ ᠣᠷᠴᠢᠨ ᠲᠣᠭᠣᠷᠢᠨ᠎ᠢ ᠴᠠᠬᠳᠠᠨ ᠪᠠᠶᠢᠴᠠᠭᠠᠬᠤ ᠶᠡᠷᠦᠩᠬᠡᠶ ᠠᠩᠭᠢ᠎ᠶᠢᠨ ᠳᠠᠷᠤᠭ᠎ᠠ ᠵᠤᠤ ᠢᠦᠶ ᠾᠧ ᠮᠠᠨ᠎ᠤ ᠣᠷᠣᠨ᠎ᠤ ᠲᠣᠮᠣ ᠳ᠋ᠠᠶᠢᠲ᠋ᠠ᠎ᠪᠠᠷ ᠲᠦᠰᠢᠭ ᠪᠣᠯᠭᠠᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢ ᠤᠨᠤᠴᠠᠳᠠᠢ ᠬᠠᠪᠰᠤᠷᠤᠨ ᠰᠠᠢᠳᠤᠷ ᠬᠢᠬᠥ ᠠᠵᠢᠯ᠎ᠤᠨ ᠪᠠᠢᠳᠠᠯ᠎ᠤᠨ ᠲᠤᠬᠠᠢ ᠲᠠᠨᠢᠯᠴᠠᠭᠤᠯᠵᠥ ᠂ ᠰᠤᠷᠪᠤᠯᠵᠢᠯᠠᠭᠴᠢ᠎ᠶᠢᠨ ᠠᠰᠠᠭᠤᠯᠳᠠ᠎ᠶᠢ ᠬᠠᠷᠢᠭᠤᠯᠪᠠ ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠤᠨ ᠳᠡᠳ᠋ ᠳᠠᠷᠤᠭ᠎ᠠ ᠬᠥᠬᠡ᠎ᠶᠢᠨ ᠲᠠᠨᠢᠯᠴᠠᠭᠤᠯᠤᠬᠰᠠᠨ᠎ᠢᠶᠠᠷ ᠂ ᠣᠳᠣᠬᠠᠨ᠎ᠳ᠋ᠤ ᠂ ︽ ᠭᠠᠲᠠᠨ᠎ᠠ᠎ᠡᠴᠠ ᠬᠠᠯᠲᠠᠪᠤᠷᠢᠯᠠᠨ ᠤᠷᠤᠵᠥ ᠢᠷᠡᠬᠥ᠎ᠶᠢ ᠰᠡᠷᠭᠡᠢᠯᠡᠬᠥ ᠂ ᠳᠣᠲᠣᠭᠠᠳᠤ᠎ᠳᠠᠭᠠᠨ ᠲᠠᠷᠬᠠᠨ ᠲᠡᠯᠬᠡᠷᠡᠬᠥ᠎ᠶᠢ ᠰᠡᠷᠭᠡᠶᠢᠯᠡᠬᠦ ︾ ᠪᠣᠯ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠭᠣᠤᠯ ᠡᠭᠦᠷᠭᠡ ᠪᠣᠯᠤᠨ᠎ᠠ ᠃ ᠪᠠᠶᠠᠷ᠎ᠤᠨ ᠡᠳᠦᠷ᠎ᠤᠨ ᠳᠠᠷᠠᠭ᠎ᠠ ᠠᠵᠢᠯ᠎ᠢᠶᠡᠨ ᠰᠡᠷᠬᠥᠭᠡᠨ ᠠᠵᠢᠯ᠎ᠳᠠᠭᠠᠨ ᠪᠤᠴᠠᠬᠤ᠎ᠶᠢ ᠳᠠᠭᠠᠯᠳᠤᠨ ᠂ ᠡᠳᠦᠷ ᠪᠦᠷᠢ᠎ᠶᠢᠨ ᠣᠷᠣᠨ᠎ᠤ ᠭᠠᠳᠠᠨ᠎ᠠ᠎ᠡᠴᠠ ᠮᠠᠨ᠎ᠤ ᠣᠷᠣᠨ᠎ᠳ᠋ᠤ ᠣᠷᠣᠵᠤ ᠢᠷᠡᠵᠥ ᠪᠠᠢᠭ᠎ᠠ ᠬᠥᠮᠦᠰ 1.7 ᠲᠦᠮᠡ ᠣᠷᠴᠢᠮ ᠪᠠᠶᠢᠵᠤ ᠂ ᠮᠠᠨ᠎ᠤ ᠣᠷᠣᠨ᠎ᠡᠴᠠ ᠭᠠᠳᠠᠭᠰᠢ ᠭᠠᠷᠴᠤ ᠪᠠᠢᠭ᠎ᠠ ᠬᠥᠮᠦᠰ ᠪᠠᠷᠤᠭ 1.1 ᠲᠦᠮᠡᠨ ᠬᠥᠮᠦᠨ ᠪᠠᠶᠢᠵᠥ ᠂ ᠰᠡᠷᠭᠡᠶᠢᠯᠡᠨ ᠡᠵᠡᠮᠳᠡᠬᠦ ᠳᠠᠷᠤᠯᠲᠠ ᠢᠯᠡᠳᠲᠡ ᠨᠡᠮᠡᠭᠳᠡᠪᠡ ᠃ ᠡᠨᠡ ᠬᠦ ᠪᠠᠶᠢᠳᠠᠯ᠎ᠤᠨ ᠳᠣᠤᠷ᠎ᠠ ᠂ ᠪᠥᠬᠥ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶᠢᠯᠠᠯ᠎ᠤᠨ ᠦᠶᠯᠡᠳᠪᠦᠷᠢᠯᠡᠯ᠎ᠢᠶᠡᠨ ᠰᠡᠷᠭᠦᠭᠡᠬᠦ ᠲᠤᠬᠠᠶ ᠡᠯ᠎ᠡ ᠵᠦᠢᠯ᠎ᠤᠨ ᠰᠢᠢᠳᠪᠦᠷᠢᠲᠦ ᠪᠣᠳᠣᠯᠭ᠎ᠠ᠎ᠶᠢᠨ ᠪᠠᠶᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢ ᠨᠢᠭᠡᠳᠦᠯᠲᠡᠶ ᠲᠥᠯᠥᠪᠵᠢᠬᠥᠯᠥᠨ ᠰᠠᠶᠢᠲᠤᠷ ᠬᠢᠵᠦ ᠂ ᠬᠠᠷᠢᠶᠠᠲᠤ ᠣᠷᠣᠨ᠎ᠤ ᠭᠣᠤᠯᠳᠠᠯᠭ᠎ᠠ᠎ᠲᠠᠢ ᠲᠣᠮᠣ ᠬᠡᠯᠪᠡᠷᠢ᠎ᠶᠢᠨ ᠠᠵᠤ ᠠᠬᠤᠶᠢᠯᠠᠯ᠎ᠲᠠᠢ ᠰᠠᠨᠠᠭᠠᠴᠢᠯᠠᠭ᠎ᠠ᠎ᠡᠴᠠ᠎ᠪᠠᠨ ᠬᠠᠷᠢᠴᠠᠵᠥ ᠂ ︽ ᠬᠡᠨ ᠭᠣᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ ᠂ ᠬᠡᠨ ᠠᠵᠢᠯᠴᠢᠨ ᠬᠡᠷᠡᠭᠯᠡᠪᠡᠯ ᠲᠡᠷᠡ ᠬᠠᠷᠢᠭᠤᠴᠠᠬᠤ ︾ ᠵᠠᠷᠴᠢᠮ ᠶᠣᠰᠣᠭᠠᠷ ᠂ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ᠎ᠤᠨ ᠭᠣᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ᠎ᠤᠨ ᠠᠵᠢᠯ᠎ᠢᠶᠡᠨ ᠰᠡᠷᠭᠦᠭᠡᠬᠦ ᠪᠠ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠪᠠᠲᠤᠯᠠᠬᠤ᠎ᠳ᠋ᠤ ᠢᠳᠡᠪᠬᠢᠲᠡᠶ ᠦᠢᠯᠡᠴᠢᠯᠡᠵᠦ ᠂ ᠲᠣᠮᠣ ᠳ᠋ᠠᠶᠢᠲ᠋ᠠ᠎ᠶᠢᠨ ᠠᠷᠭ᠎ᠠ ᠪᠠᠷᠢᠯ᠎ᠢ ᠭᠦᠢᠴᠡᠳ ᠠᠰᠢᠬᠯᠠᠨ ᠂ ᠠᠵᠢᠯ ᠰᠡᠷᠭᠦᠭᠡᠭᠰᠡᠳ᠎ᠲᠤ ᠳᠡᠰ ᠲᠥᠷᠥᠯ ᠬᠤᠪᠢᠶᠠᠨ ᠰᠡᠷᠭᠡᠶᠢᠯᠡᠨ ᠡᠵᠡᠮᠳᠡᠬᠦ᠎ᠶᠢ ᠨᠠᠶᠢᠳᠠᠪᠤᠷᠢᠵᠢᠭᠤᠯᠵᠤ ᠪᠤᠢ ᠃
2 ᠰᠠᠷ᠎ᠠ᠎ᠶᠢᠨ 18᠎ᠤ ᠡᠳᠦᠷ᠎ᠤᠨ 17 ᠴᠠᠭ ᠪᠣᠯᠲᠠᠯ᠎ᠠ ᠂ ᠪᠥᠬᠥ ᠣᠷᠣᠨ᠎ᠳ᠋ᠤ ᠦᠬᠠᠨ ᠬᠣᠲᠠ᠎ᠡᠴᠠ ᠥᠪᠥᠷ ᠮᠣᠩᠭᠣᠯ᠎ᠳ᠋ᠤ ᠢᠷᠡᠭᠰᠡᠨ 2129 ᠬᠥᠮᠦᠨ ᠪᠠᠢᠵᠥ ᠂ ᠬᠤᠪᠸᠢ ᠮᠤᠵᠢ ︵ ᠦᠬᠠᠨ ᠬᠣᠲᠠ ᠪᠠᠭᠲᠠᠬᠤ ᠥᠬᠡᠶ ︶᠎ᠡᠴᠠ ᠢᠷᠡᠭᠰᠡᠨ 2315 ᠬᠥᠮᠦᠨ ᠪᠠᠢᠵᠥ ᠂ ᠮᠠᠨ᠎ᠤ ᠤᠷᠤᠨ᠎ᠤ ᠦᠬᠠᠨ ᠬᠣᠲᠠ᠎ᠡᠴᠠ ᠪᠤᠴᠠᠵᠤ ᠢᠷᠡᠭᠰᠡᠳ 8539 ᠬᠥᠮᠦᠨ ᠂ ᠮᠠᠨ᠎ᠤ ᠤᠷᠤᠨ᠎ᠤ ᠬᠤᠪᠸᠢ ᠮᠤᠵᠢ ︵ ᠦᠬᠠᠨ ᠬᠣᠲᠠ ᠪᠠᠭᠲᠠᠬᠤ ᠥᠬᠡ ︶᠎ᠳ᠋ᠤ ᠪᠤᠴᠠᠬᠰᠡᠳ 4886 ᠬᠥᠮᠦᠨ ᠪᠣᠶ ᠃
ᠣᠷᠣᠨ᠎ᠤ ᠳᠣᠲᠣᠷ᠎ᠠ ᠪᠠᠰᠠ ︽ ᠨᠡᠶᠢᠭᠡᠮ ᠲᠣᠭᠣᠷᠢᠭ᠎ᠤᠨ ᠪᠠᠴᠢᠮ ᠪᠠᠶᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠢᠰᠲ᠋ᠧᠮ ︾᠎ᠢ ᠬᠡᠷᠡᠭᠯᠡᠨ ᠂ ᠭᠠᠳᠠᠨ᠎ᠠ᠎ᠡᠴᠠ ᠢᠷᠡᠭᠰᠡᠨ ᠬᠥᠮᠦᠰ᠎ᠢ ᠨᠠᠷᠢᠯᠢᠭ ᠣᠨᠣᠴᠠᠳᠠᠢ᠎ᠪᠠᠷ ᠰᠤᠳᠤᠯᠤᠨ ᠮᠠᠭᠠᠳᠯᠠᠵᠥ ᠪᠤᠢ ᠃ 2 ᠰᠠᠷ᠎ᠠ᠎ᠶᠢᠨ 9᠎ᠤ ᠡᠳᠦᠷ ᠺᠠᠷᠲ ᠂ ᠨᠡᠶᠢᠭᠡᠮ ᠲᠣᠭᠣᠷᠢᠭ ᠂ ᠶᠠᠪᠤᠭᠤᠯ ᠬᠥᠮᠦᠨ ᠠᠮᠠ᠎ᠶᠢᠨ ᠥᠪᠡᠰᠦᠪᠡᠨ ᠳᠠᠩᠰᠠᠯᠠᠬᠤ ᠰᠢᠰᠲ᠋ᠧᠮ ᠭᠠᠷᠭᠠᠵᠤ ᠂ ᠣᠯᠠᠨ ᠲᠦᠮᠡᠨ᠎ᠳ᠋ᠤ ᠭᠠᠷ ᠤᠲᠠᠰᠤᠨ᠎ᠤ ᠬᠣᠶᠠᠷ ᠬᠡᠮᠵᠢᠯᠳᠦ ᠺᠣᠳ᠋ ᠰᠢᠷᠪᠢᠪᠡᠯ ᠳᠠᠷᠤᠶ ᠬᠤᠪᠢ ᠬᠥᠮᠥᠨ᠎ᠤ ᠮᠡᠳᠡᠭᠡ ᠵᠠᠩᠭᠢ ᠲᠡᠮᠳᠡᠭᠯᠡᠵᠦ ᠪᠣᠯᠬᠤ᠎ᠶᠢ ᠭᠡᠷᠡᠭᠵᠢᠬᠥᠯᠪᠠ ᠃ ᠭᠤᠷᠪᠠᠨ ᠰᠢᠰᠲ᠋ᠧᠮ᠎ᠨᠢ ᠪᠥᠬᠥ ᠣᠷᠣᠨ᠎ᠤ ᠨᠡᠶᠢᠭᠡᠮ ᠲᠣᠭᠣᠷᠢᠭ ᠂ ᠶᠠᠪᠤᠭᠤᠯ ᠬᠥᠮᠦᠨ ᠠᠮᠠ᠎ᠶᠢ ᠳᠡᠩᠰᠡᠯᠡᠬᠤ ᠮᠡᠳᠡᠭᠡ ᠵᠠᠩᠭᠢ᠎ᠶᠢᠨ ᠠᠵᠢᠯ᠎ᠤᠨ ᠦᠷ᠎ᠡ ᠪᠦᠲᠦᠮᠵᠢ ᠪᠠ ᠮᠡᠳᠡᠭᠡ ᠵᠠᠩᠭᠢ᠎ᠶᠢᠨ ᠣᠨᠣᠪᠴᠢᠲᠤ ᠴᠢᠨᠠᠷ᠎ᠢ ᠶᠡᠬᠡ᠎ᠪᠠᠷ ᠳᠡᠭᠡᠭᠰᠢᠯᠡᠭᠦᠯᠵᠠᠢ ᠃ ᠶᠠᠪᠤᠭᠤᠯ ᠬᠥᠮᠦᠨ ᠠᠮᠠ᠎ᠶᠢᠨ ᠥᠪᠡᠰᠦᠪᠡᠨ ᠦᠢᠯᠡᠴᠢᠯᠡᠬᠦ ᠳᠡᠩᠰᠡᠯᠡᠯᠲᠡ᠎ᠶᠢᠨ ᠰᠢᠰᠲ᠋ᠧᠮ᠎ᠢ ᠰᠦᠯᠵᠢᠶᠡᠨ᠎ᠳ᠋ᠤ ᠣᠷᠣᠭᠤᠯᠤᠭᠰᠠᠨ᠎ᠡᠴᠠ ᠨᠠᠭᠠᠰᠢ ᠂ ᠳᠠᠩᠰᠠᠯᠠᠭᠤᠯᠬᠤ᠎ᠪᠠᠷ ᠭᠤᠶᠤᠴᠢᠯᠠᠭᠰᠠᠨ ᠬᠥᠮᠦᠨ ᠨᠢᠭᠡᠨᠲᠡ 75 ᠲᠦᠮᠡ ᠭᠠᠷᠤᠢ᠎ᠳ᠋ᠤ ᠬᠦᠷᠴᠡᠶ ᠃ ᠪᠢᠳᠡ ᠮᠡᠳᠡᠭᠡ ᠵᠠᠩᠭᠢ᠎ᠶᠢ ᠡᠮᠬᠢᠯᠡᠨ ᠨᠡᠶᠢᠯᠡᠭᠦᠯᠵᠦ ᠠᠭᠤᠰᠤᠯᠴᠠᠭᠤᠯᠤᠨ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠰᠠᠭᠤᠷᠢ ᠬᠥᠮᠥᠷᠭᠡ᠎ᠶᠢ ᠬᠤᠷᠠᠮᠳᠤᠭᠤᠯᠤᠨ ᠪᠦᠷᠢᠯᠳᠦᠭᠦᠯᠵᠦ ᠂ ᠬᠠᠷᠢᠶ᠎ᠠ ᠭᠠᠵᠠᠷ᠎ᠤᠨ ᠶᠣᠰᠣᠭᠠᠷ ᠡᠯ᠎ᠡ ᠠᠶᠢᠮᠠᠭ ᠬᠣᠲᠠ ᠂ ᠬᠣᠰᠢᠭᠤ ᠰᠢᠶᠠᠨ ︵ ᠲᠣᠭᠣᠷᠢᠭ ︶᠎ᠳ᠋ᠤ ᠬᠦᠷᠭᠡᠵᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠪᠦᠲᠦᠮᠵᠢᠲᠡᠶ ᠨᠠᠶᠢᠳᠠᠪᠤᠷᠢᠵᠢᠭᠤᠯᠬᠤ᠎ᠳ᠋ᠤ ᠬᠦᠴᠦᠲᠡᠶ ᠲᠤᠯᠭᠠᠭᠤᠷᠢᠯᠠᠯ ᠬᠠᠩᠭᠠᠪᠠ ᠃ ᠣᠶᠢᠷ᠎ᠠ᠎ᠳ᠋ᠤ ᠂ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠲᠣᠮᠣ ᠳ᠋ᠠᠶᠢᠲ᠋ᠠ᠎ᠪᠠᠷ ᠲᠦᠰᠢᠭ ᠪᠣᠯᠭᠠᠵᠤ ᠂ ᠯᠢ ᠣᠪᠣᠭᠲᠤ ᠂ ᠭᠦᠸᠧ ᠣᠪᠣᠭᠲᠤ ᠂ ᠵᠣᠣ ᠣᠪᠣᠭᠲᠤ ᠭᠤᠷᠪᠠᠨ ᠰᠠᠭᠤᠭᠠᠯᠢ ᠠᠷᠠᠳ ᠬᠤᠪᠸᠢ ᠵᠢᠴᠢ ᠦᠬᠠᠨ᠎ᠤ ᠠᠶᠠᠯᠠᠯ᠎ᠤᠨ ᠥᠡᠭᠭᠡᠷᠡᠯᠳᠠ᠎ᠪᠠᠨ ᠰᠠᠨᠠᠭᠠᠴᠢᠯᠠᠭ᠎ᠠ᠎ᠡᠴᠠ᠎ᠪᠠᠨ ᠮᠡᠳᠡᠭᠦᠯᠦᠭᠰᠡᠨ ᠥᠬᠡᠶ ᠂ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ᠎ᠡᠴᠠ ᠳᠡᠭᠡᠷᠡᠬᠢ ᠭᠤᠷᠪᠠᠨ ᠬᠥᠮᠦᠨ᠎ᠤ ᠬᠠᠤᠯᠢ᠎ᠡᠴᠠ ᠵᠥᠷᠢᠴᠡᠭᠰᠡᠨ ᠦᠶᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠪᠡ ᠃
︽ ᠰᠦᠯᠵᠢᠶᠡᠨ ᠳᠡᠭᠡᠷ᠎ᠡ ᠡᠵᠡᠮᠰᠢᠭᠰᠡᠨ ᠮᠡᠳᠡᠭᠡ ᠵᠠᠩᠭᠢ᠎ᠶᠢ ᠨᠢᠭᠡ ᠴᠦ ᠣᠷᠬᠢᠭᠳᠠᠭᠤᠯᠬᠤ ᠥᠬᠡᠶ᠎ᠪᠠᠷ ᠬᠠᠷᠭᠤᠭᠤᠯᠤᠨ ᠪᠠᠶᠢᠴᠠᠭᠠᠵᠤ ᠪᠣᠳᠠᠲᠠᠶᠢᠵᠢᠭᠤᠯᠬᠤ ︾ ᠱᠠᠭᠠᠷᠳᠠᠯᠭ᠎ᠠ ᠶᠣᠰᠣᠭᠠᠷ ᠂ ᠮᠠᠨ᠎ᠤ ᠤᠷᠤᠨ᠎ᠤ ᠡᠯ᠎ᠡ ᠱᠠᠲᠤᠨ᠎ᠤ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠲᠠ ᠬᠠᠮᠵᠢᠯᠴᠠᠵᠤ ᠂ ᠨᠡᠶᠢᠭᠡᠮ ᠲᠣᠭᠣᠷᠢᠭ᠎ᠤᠨ ᠬᠢᠵᠢᠭ᠎ᠤᠨ ᠪᠠᠶᠢᠳᠠᠯ᠎ᠢ ᠬᠠᠮᠲᠤᠷᠠᠨ ᠰᠡᠷᠭᠡᠶᠢᠯᠡᠵᠦ ᠬᠣᠯᠪᠣᠭᠠᠯᠠᠨ ᠡᠵᠡᠮᠳᠡᠬᠦ ᠡᠮᠦᠨ᠎ᠠ ᠹᠷᠣᠨᠲ᠎ᠢ ᠪᠠᠲᠤ ᠰᠠᠬᠢᠪᠠ ᠃

ᠰᠤᠷᠪᠤᠯᠵᠢᠯᠠᠭᠴᠢ ᠄ ᠪᠢᠳᠡ ᠦᠶᠯᠡᠳᠪᠦᠷᠢᠯᠡᠯ᠎ᠢᠶᠡᠨ ᠰᠡᠷᠭᠦᠭᠡᠵᠦ ᠠᠵᠢᠯ᠎ᠢᠶᠡᠨ ᠰᠡᠷᠭᠦᠭᠡᠭᠰᠡᠨ᠎ᠤ ᠳᠠᠷᠠᠭ᠎ᠠ ᠶᠠᠭᠠᠬᠢᠵᠤ ᠲᠣᠮᠣ ᠳ᠋ᠠᠶᠢᠲ᠋ᠠ᠎ᠶᠢ ᠰᠠᠶᠢᠲᠤᠷ ᠠᠰᠢᠬᠯᠠᠵᠤ ᠂ ᠨᠢᠭᠡᠳᠦᠯᠲᠡᠶ ᠲᠥᠯᠥᠪᠯᠡᠨ ᠨᠡᠶᠢᠲᠡ᠎ᠳ᠋ᠤᠨᠢ ᠬᠠᠷᠠᠭᠠᠯᠵᠠᠵᠤ ᠂ ᠨᠠᠷᠢᠯᠢᠭ ᠣᠨᠣᠴᠠᠳᠠᠢ᠎ᠪᠠᠷ ᠰᠡᠷᠭᠡᠶᠢᠯᠡᠨ ᠡᠵᠡᠮᠳᠡᠬᠦ ᠪᠣᠶ ︖
ᠬᠥᠬᠡ ᠄ 2 ᠰᠠᠷ᠎ᠠ᠎ᠶᠢᠨ 17᠎ᠤ ᠡᠳᠦᠷ ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ︽ ᠰᠢᠨᠵᠢᠯᠡᠬᠦ ᠤᠬᠠᠭᠠᠨᠴᠢ᠎ᠪᠠᠷ ᠰᠡᠷᠭᠡᠶᠢᠯᠡᠨ ᠵᠠᠰᠠᠵᠤ ᠤᠨᠤᠴᠠᠳᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠭᠠᠵᠠᠷ ᠣᠷᠣᠨ ᠬᠤᠪᠢᠶᠠᠨ ᠳᠡᠰ ᠲᠦᠷᠦᠯ ᠬᠤᠪᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠶᠢᠯᠡᠨ ᠡᠵᠡᠮᠳᠡᠬᠥ ᠠᠵᠢᠯ᠎ᠢ ᠰᠠᠶᠢᠲᠤᠷ ᠬᠢᠬᠦ ᠲᠤᠬᠠᠶ ᠵᠢᠯᠣᠭᠣᠳᠬᠤ ᠰᠠᠨᠠᠯ ︾᠎ᠢ ᠳᠠᠷᠤᠮᠠᠯᠯᠠᠨ ᠲᠠᠷᠬᠠᠭᠠᠪᠠ ᠃
ᠪᠢᠳᠡ ᠰᠢᠨᠵᠢᠯᠡᠬᠦ ᠤᠬᠠᠭᠠᠨᠴᠢ᠎ᠪᠠᠷ ᠰᠡᠷᠭᠡᠶᠢᠯᠡᠨ ᠵᠠᠰᠠᠬᠤ᠎ᠶᠢ ᠪᠠᠷᠢᠮᠲᠠᠯᠠᠵᠤ ᠂ ᠣᠨᠤᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠂ ᠱᠠᠲᠤ ᠬᠤᠪᠢᠶᠠᠨ ᠣᠨᠣᠴᠠᠲᠠᠶ ᠰᠡᠷᠭᠡᠶᠢᠯᠡᠨ ᠡᠵᠡᠮᠳᠡᠬᠦ᠎ᠶᠢ ᠬᠡᠷᠡᠭᠵᠢᠭᠦᠯᠬᠦ᠎ᠪᠠᠷ ᠭᠠᠷᠳᠠᠴᠠ ᠪᠣᠯᠭᠠᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠡᠯ᠎ᠡ ᠵᠦᠶᠯ᠎ᠤᠨ ᠠᠵᠢᠯ᠎ᠢ ᠨᠢᠭᠡᠳᠦᠯᠲᠡᠶ ᠲᠥᠯᠥᠪᠵᠢᠬᠥᠯᠪᠠ ᠃ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠤᠷ ᠰᠦᠯᠵᠢᠶ᠎ᠡ᠎ᠶᠢᠨ ᠰᠠᠭᠠᠳ ᠦᠭᠡᠢ ᠨᠡᠪᠲᠡᠷᠡᠬᠦ᠎ᠶᠢ ᠦᠨᠡᠨ ᠬᠦ ᠪᠠᠲᠤᠯᠠᠵᠤ ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠤ ᠠᠬᠤᠶᠢᠯᠠᠯ ᠪᠣᠯᠤᠨ ᠠᠵᠢᠯᠯᠠᠭᠰᠠᠳ᠎ᠤᠨ ᠰᠡᠷᠭᠡᠶᠢᠯᠡᠨ ᠬᠠᠮᠠᠭᠠᠯᠠᠬᠤ ᠡᠳ᠋ ᠪᠠᠷᠠᠭ᠎ᠠ᠎ᠶᠢᠨ ᠬᠠᠩᠭᠠᠯᠭ᠎ᠠ᠎ᠶᠢ ᠪᠠᠲᠤᠯᠠᠨ᠎ᠠ ᠃ ᠠᠵᠤ ᠠᠬᠤᠶᠢᠯᠠᠯ᠎ᠤᠨ ᠡᠮᠬᠢ ᠵᠢᠷᠤᠮ᠎ᠲᠠᠢ᠎ᠪᠠᠷ ᠠᠵᠢᠯ᠎ᠢᠶᠡᠨ ᠰᠡᠷᠭᠦᠭᠡᠬᠦ᠎ᠳ᠋ᠤ ᠰᠠᠶᠢᠲᠤᠷ ᠦᠢᠯᠡᠴᠢᠯᠡᠬᠦ᠎ᠪᠠᠷ ᠪᠦᠬᠡᠳ ᠭᠠᠳᠠᠨ᠎ᠠ᠎ᠡᠴᠠ ᠢᠷᠡᠭᠰᠡᠨ ᠬᠥᠮᠦᠨ ᠠᠮᠠ᠎ᠶᠢ ᠮᠠᠨ᠎ᠤ ᠣᠷᠣᠨ᠎ᠤ ᠨᠢᠭᠡᠳᠦᠭᠡᠷ ᠪᠣᠭᠣᠮᠲᠠ᠎ᠶᠢ ᠰᠠᠶᠢᠲᠤᠷ ᠡᠵᠡᠮᠳᠡᠨ᠎ᠠ ᠃ ᠨᠢᠭᠡ᠎ᠳ᠋ᠤ ᠂ ᠵᠠᠮ ᠬᠠᠷᠢᠯᠴᠠᠭᠠᠨ᠎ᠤ ᠪᠣᠭᠣᠮᠲᠠ᠎ᠶᠢ ᠰᠠᠬᠢᠵᠤ ᠂ ᠲᠣᠮᠣ ᠳ᠋ᠠᠶᠢᠲ᠋ᠠ᠎ᠶᠢ ᠠᠰᠢᠬᠯᠠᠨ ᠴᠤᠭᠯᠠᠭᠤᠯᠤᠭᠰᠠᠨ ᠮᠡᠳᠡᠭᠡ ᠵᠠᠩᠭᠢ᠎ᠶᠢ ᠰᠤᠳᠤᠯᠤᠨ ᠮᠠᠭᠠᠳᠯᠠᠵᠤ ᠂ ᠲᠣᠭ᠎ᠠ ᠪᠠᠷᠢᠮᠲᠠ᠎ᠶᠢᠨ ᠨᠠᠷᠢᠯᠢᠭ ᠂ ᠣᠨᠣᠪᠴᠢᠲᠠᠶ ᠂ ᠵᠢᠷᠤᠮᠵᠢᠯ᠎ᠲᠠᠢ ᠪᠠᠶᠢᠬᠤ᠎ᠶᠢ ᠦᠨᠡᠨᠬᠦ ᠪᠠᠲᠤᠯᠠᠨ᠎ᠠ ᠃ ᠬᠣᠶᠠᠷ᠎ᠲᠤ ᠂ ᠨᠡᠶᠢᠭᠡᠮ ᠲᠣᠭᠣᠷᠢᠭ ︵ ᠭᠠᠴᠠᠭ᠎ᠠ ᠲᠣᠰᠬᠣᠨ ︶᠎ᠤᠨ ᠰᠡᠷᠭᠡᠶᠢᠯᠡᠯᠲᠡ᠎ᠶᠢᠨ ᠱᠤᠭᠤᠮ᠎ᠢ ᠰᠠᠶᠢᠲᠤᠷ ᠰᠠᠬᠢᠵᠤ ᠂ ︽ ᠲᠣᠮᠣ ᠳ᠋ᠠᠶᠢᠲ᠋ᠠ + ᠲᠣᠤᠷᠵᠢᠭᠤᠯᠤᠯᠳᠠ ︾᠎ᠶᠢᠨ ᠨᠡᠶᠢᠭᠡᠮ ᠲᠣᠭᠣᠷᠢᠭ᠎ᠤᠨ ᠴᠠᠭᠳᠠᠭᠠᠨ᠎ᠤ ᠶᠠᠪᠤᠳᠠᠯ᠎ᠤᠨ ᠪᠠᠶᠢᠭᠤᠯᠤᠯᠲᠠ᠎ᠶᠢ ᠲᠦᠷᠭᠡᠳᠬᠡᠵᠦ ᠂ ᠣᠯᠠᠨ᠎ᠢᠶᠠᠷ᠎ᠢᠶᠡᠨ ᠰᠡᠷᠭᠡᠶᠢᠯᠡᠵᠦ ᠣᠯᠠᠨ᠎ᠢᠶᠠᠷ᠎ᠢᠶᠡᠨ ᠵᠠᠰᠠᠬᠤ᠎ᠶᠢ ᠴᠢᠩᠭᠠᠳᠬᠠᠵᠤ ᠂ ᠬᠣᠯᠪᠣᠭᠠᠯᠠᠨ ᠰᠡᠷᠭᠡᠶᠢᠯᠡᠵᠦ ᠬᠣᠯᠪᠣᠭᠠᠯᠠᠨ ᠡᠵᠡᠮᠳᠡᠵᠦ ᠂ ᠣᠯᠠᠨ ᠲᠦᠮᠡᠨ᠎ᠳ᠋ᠤ ᠦᠢᠯᠡᠴᠢᠯᠡᠬᠦ ᠴᠢᠳᠠᠪᠤᠷᠢ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠥᠨ᠎ᠠ ᠃ ᠭᠤᠷᠪᠠ᠎ᠳ᠋ᠤ ᠂ ︽ ᠢᠨᠲ᠋ᠧᠷ ᠰᠦᠯᠵᠢᠶ᠎ᠡ + ᠴᠠᠭᠳᠠᠭᠠᠨ᠎ᠤ ᠶᠠᠪᠤᠳᠠᠯ᠎ᠤᠨ ᠦᠢᠯᠡᠴᠢᠯᠡᠭᠡ ︾᠎ᠶᠢᠨ ᠵᠠᠭᠪᠤᠷ᠎ᠢᠶᠠᠷ ᠳᠠᠮᠵᠢᠭᠤᠯᠤᠨ ᠨᠡᠶᠢᠭᠡᠮ ᠲᠣᠭᠣᠷᠢᠭ᠎ᠤᠨ ᠴᠠᠭᠳᠠᠭᠠᠨ᠎ᠤ ᠶᠠᠪᠤᠳᠠᠯ᠎ᠤᠨ ᠠᠵᠢᠯ᠎ᠳ᠋ᠠᠬᠢ ᠤᠬᠠᠭᠤᠯᠬᠤ ᠂ ᠳᠠᠶᠢᠴᠢᠯᠠᠬᠤ ᠂ ᠰᠡᠷᠭᠡᠶᠢᠯᠡᠬᠦ ᠂ ᠬᠠᠮᠢᠶᠠᠷᠬᠤ ᠂ ᠦᠢᠯᠡᠴᠢᠯᠡᠬᠦ ᠦᠢᠯᠡᠳᠦᠯ᠎ᠢ ᠪᠠᠳᠠᠷᠠᠭᠤᠯᠵᠤ ᠂ ᠰᠡᠷᠭᠡᠶᠢᠯᠡᠨ ᠡᠵᠡᠮᠳᠡᠬᠦ ᠪᠣᠯᠤᠮᠵᠢ᠎ᠶᠢ ᠤᠷᠲᠤᠳᠬᠠᠵᠤ ᠂ ᠰᠡᠷᠭᠡᠶᠢᠯᠡᠨ ᠡᠵᠡᠮᠳᠡᠬᠦ ᠬᠡᠪᠴᠢᠶ᠎ᠡ᠎ᠶᠢ ᠥᠷᠭᠡᠳᠬᠡᠨ ᠂ ᠴᠠᠭᠳᠠᠭ᠎ᠠ ᠠᠷᠠᠳ ᠬᠠᠷᠢᠯᠴᠠᠨ ᠦᠶᠯᠡᠳᠦᠯᠴᠡᠬᠦ᠎ᠶᠢ ᠴᠢᠩᠭᠠᠳᠬᠠᠵᠤ ᠂ ᠲᠣᠮᠣ ᠳ᠋ᠠᠶᠢᠲ᠋ᠠ᠎ᠶᠢ ᠠᠰᠢᠬᠯᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠰᠠᠶᠢᠲᠤᠷ ᠬᠢᠨ᠎ᠠ ᠃


ᠰᠤᠷᠪᠤᠯᠵᠢᠯᠠᠬᠴᠢ ᠄ ᠬᠢᠵᠢᠭ᠎ᠤᠨ ᠪᠠᠢᠳᠠᠯ ᠡᠭᠦᠰᠦᠭᠰᠡᠨ᠎ᠡᠴᠠ ᠨᠠᠭᠠᠰᠢ ᠂ ᠪᠦᠬᠦ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠬᠢᠵᠢᠭ᠎ᠤᠨ ᠪᠠᠢᠳᠠᠯ᠎ᠳ᠋ᠤ ᠬᠣᠯᠪᠣᠭᠳᠠᠭᠰᠠᠨ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠂ ᠨᠢᠭᠡ ᠪᠦᠯᠦᠭ ᠨᠥᠯᠥᠭᠡ ᠶᠡᠬᠡ᠎ᠲᠠᠢ ᠬᠡᠷᠡᠭ᠎ᠲᠤ ᠴᠣᠬᠢᠯᠲᠠ ᠥᠭᠬᠥᠨ ᠰᠢᠶᠳᠪᠦᠷᠢᠯᠡᠵᠦ ᠂ ᠨᠡᠶᠢᠭᠡᠮ᠎ᠤᠨ ᠰᠡᠷᠭᠡᠶᠢᠯᠡᠨ ᠡᠵᠡᠮᠳᠡᠬᠦ ᠠᠵᠢᠯ᠎ᠤᠨ ᠡᠮᠬᠢ ᠳᠢᠭᠯᠢᠮ᠎ᠢ ᠬᠦᠴᠦᠲᠡᠶ ᠬᠠᠮᠠᠭᠠᠯᠠᠪᠠ ᠂ ᠪᠣᠳᠠᠲᠠᠶ ᠪᠠᠶᠢᠳᠠᠯ᠎ᠢ ᠲᠠᠨᠢᠯᠴᠠᠭᠤᠯᠤᠭᠠᠳ ᠥᠭᠭᠥᠨ᠎ᠠ ‍ᠤᠤ ︖
ᠸᠠᠩ ᠱᠥ ᠴᠢᠤᠸᠠᠨ ᠄ ᠬᠢᠵᠢᠭ᠎ᠤᠨ ᠪᠠᠶᠢᠳᠠᠯ ᠪᠣᠯ ᠵᠠᠷᠯᠢᠭ ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠠᠵᠢᠯ᠎ᠢ ᠥᠷᠨᠢᠭᠦᠯᠦᠭᠰᠡᠨ᠎ᠡᠴᠠ ᠨᠠᠭᠠᠰᠢ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠂ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠬᠢᠵᠢᠭ᠎ᠤᠨ ᠪᠠᠶᠢᠳᠠᠯ᠎ᠳ᠋ᠤ ᠬᠣᠯᠪᠣᠭᠳᠠᠭᠰᠠᠨ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠴᠢᠩᠭ᠎ᠠ ᠴᠣᠬᠢᠯᠲᠠ ᠥᠭᠬᠦ ᠲᠤᠬᠠᠶ ᠪᠠᠶᠢᠷᠢᠯᠠᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ ᠂ ᠠᠷᠠᠳ ᠣᠯᠠᠨ᠎ᠤ ᠠᠮᠢ ᠨᠠᠰᠤ ᠡᠷᠡᠭᠦᠯ ᠴᠢᠭᠢᠷᠠᠭ ᠠᠮᠤᠷ ᠲᠦᠪᠰᠢᠨ᠎ᠢ ᠦᠨᠡᠨ ᠬᠦ ᠪᠠᠲᠤᠯᠠᠬᠤ ᠶᠠᠪᠤᠳᠠᠯ᠎ᠢ ᠣᠳᠣᠬᠠᠨ᠎ᠤ ᠬᠠᠮᠤᠭ᠎ᠤᠨ ᠴᠢᠬᠤᠯᠠ ᠠᠵᠢᠯ ᠂ ᠬᠠᠮᠤᠭ᠎ᠤᠨ ᠲᠤᠯᠭᠠᠮ ᠡᠭᠦᠷᠭᠡ ᠪᠣᠯᠭᠠᠵᠥ ᠪᠤᠢ ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠦᠨᠳᠦᠰᠦᠯᠡᠨ ᠂ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ᠎ᠶᠢᠨ ᠡᠭᠦᠷᠭᠡ ᠴᠢᠳᠠᠪᠤᠷᠢ᠎ᠶᠢᠨ ᠦᠢᠯᠡᠳᠦᠯ᠎ᠢᠶᠡᠨ ᠭᠦᠶᠴᠡᠳ ᠪᠠᠳᠠᠷᠠᠭᠤᠯᠵᠤ ᠂ ᠨᠡᠶᠢᠭᠡᠮ᠎ᠤᠨ ᠡᠮᠬᠢ ᠳᠢᠭᠯᠢᠮ᠎ᠢ ᠰᠠᠮᠠᠭᠤᠷᠠᠭᠤᠯᠬᠤ ᠂ ᠠᠯᠪᠠᠨ ᠶᠠᠪᠤᠳᠠᠯ᠎ᠢ ᠬᠠᠷᠰᠢᠯᠠᠬᠤ ᠂ ᠬᠠᠨᠳᠢᠪ ᠴᠤᠭᠯᠠᠭᠤᠯᠵᠤ ᠮᠡᠬᠡᠯᠡᠬᠦ ᠂ ᠬᠢᠵᠢᠭ ᠰᠡᠷᠭᠡᠶᠢᠯᠡᠬᠦ ᠴᠢᠨᠠᠷ ᠮᠠᠭᠤ ᠡᠳ᠋ ᠪᠠᠷᠠᠭ᠎ᠠ ᠪᠣᠷᠣᠯᠠᠭᠤᠯᠬᠤ ᠵᠡᠷᠭᠡ ᠬᠢᠵᠢᠭ᠎ᠤᠨ ᠪᠠᠶᠢᠳᠠᠯ᠎ᠳ᠋ᠤ ᠬᠣᠯᠪᠣᠭᠳᠠᠭᠰᠠᠨ ᠡᠯ᠎ᠡ ᠲᠥᠷᠥᠯ᠎ᠤᠨ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠠᠢ ᠃ 2020 ᠣᠨ᠎ᠤ 2 ᠰᠠᠷ᠎ᠠ᠎ᠶᠢᠨ 19᠎ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠡᠷᠡᠭ᠎ᠢ 2078 ᠤᠳᠠᠭ᠎ᠠ ᠢᠯᠡᠷᠡᠭᠦᠯᠪᠡ ᠃ ᠡᠭᠦᠨ᠎ᠳ᠋ᠤ ᠂ ᠨᠡᠶᠢᠲᠡ 114 ᠡᠷᠡᠭᠦᠤ᠎ᠶᠢᠨ ᠬᠡᠷᠡᠭ᠎ᠢ ᠰᠢᠢᠳᠪᠦᠷᠢᠯᠡᠵᠦ ᠂ 74 ᠡᠷᠡᠭᠦᠤ᠎ᠶᠢᠨ ᠬᠡᠷᠡᠭᠳᠠᠨ᠎ᠢ ᠲᠦᠷ ᠬᠣᠷᠢᠵᠤ ᠂ 1964 ᠵᠠᠰᠠᠭ ᠵᠠᠬᠢᠷᠭᠠᠨ᠎ᠤ ᠬᠡᠷᠡᠭ᠎ᠢ ᠰᠢᠢᠳᠪᠦᠷᠢᠯᠡᠵᠦ ᠂ 1910 ᠬᠦᠮᠦᠨ᠎ᠢ ᠵᠠᠰᠠᠭ ᠵᠠᠬᠢᠷᠭᠠᠨ᠎ᠤ ᠬᠡᠷᠡᠭ᠎ᠢᠶᠠᠷ ᠲᠦᠷ ᠬᠣᠷᠢᠵᠤ ᠂ 1699 ᠬᠥᠮᠥᠨ᠎ᠢ ᠵᠣᠭᠣᠰ᠎ᠢᠶᠠᠷ ᠲᠣᠷᠭᠠᠵᠠᠶ ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠂ ᠭᠠᠴᠠᠭ᠎ᠠ ᠲᠤᠰᠬᠤᠨ ᠂ ᠬᠣᠲᠠ ᠪᠠᠯᠭᠠᠰᠤ᠎ᠶᠢᠨ ᠨᠡᠶᠢᠭᠡᠮ ᠲᠣᠭᠣᠷᠢᠭ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠠᠵᠢᠯ᠎ᠢ ᠪᠦᠬᠦ ᠬᠦᠴᠦᠨ᠎ᠢᠶᠠᠷ᠎ᠢᠶᠡᠨ ᠳᠡᠮᠵᠢᠨ ᠪᠠᠲᠤᠯᠠᠪᠠ ᠃ 24 ᠴᠠᠭ᠎ᠢᠶᠠᠷ ᠵᠢᠵᠢᠬᠥᠷᠯᠡᠬᠥ ᠨᠡᠶᠢᠭᠡᠮ ᠲᠣᠭᠣᠷᠢᠭ᠎ᠤᠨ ᠴᠠᠭᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭᠪᠤᠷ᠎ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠬᠤ ᠂ ︽ ᠲᠣᠮᠣ ᠳ᠋ᠠᠶᠢᠲ᠋ᠠ + ᠨᠡᠶᠢᠭᠡᠮ ᠲᠣᠭᠣᠷᠢᠭ᠎ᠤᠨ ᠠᠷᠠᠳ᠎ᠤᠨ ᠴᠠᠭᠳᠠᠭ᠎ᠠ + ᠰᠦᠯᠵᠢᠶᠡᠴᠢᠨ ︾᠎ᠤ ᠦᠢᠯᠡᠳᠦᠯ᠎ᠢ ᠭᠦᠢᠴᠡᠳ ᠪᠠᠳᠠᠷᠠᠭᠤᠯᠤᠨ ᠂ ᠨᠡᠶᠢᠭᠡᠮ ᠲᠣᠭᠣᠷᠢᠭ᠎ᠤᠨ ᠰᠡᠷᠭᠡᠶᠢᠯᠡᠨ ᠡᠵᠡᠮᠳᠡᠬᠦ ᠬᠦᠴᠦᠨ ᠂ ᠡᠷᠡᠭᠦᠯ ᠬᠠᠮᠠᠭᠠᠯᠠᠯ᠎ᠤᠨ ᠬᠢᠵᠢᠭ᠎ᠢ ᠰᠡᠷᠭᠡᠶᠢᠯᠡᠬᠦ ᠰᠠᠯᠠᠭ᠎ᠠ ᠮᠥᠴᠢᠷ᠎ᠲᠠᠢ ᠢᠳᠡᠪᠬᠢᠲᠡᠢ ᠬᠠᠮᠵᠢᠯᠴᠠᠨ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠠᠵᠢᠯ᠎ᠢ ᠥᠷᠨᠢᠭᠦᠯᠵᠦ ᠂ ᠵᠥᠷᠢᠴᠡᠯ ᠵᠠᠭᠤᠷᠠᠯᠳᠤᠭᠠᠨ᠎ᠢ ᠵᠢᠭᠰᠠᠭᠠᠨ ᠪᠠᠶᠢᠴᠠᠭᠠᠵᠤ ᠂ ᠠᠮᠤᠷ ᠲᠦᠪᠰᠢᠨ᠎ᠤ ᠳᠠᠯᠳᠠ ᠭᠡᠮ᠎ᠢ ᠢᠯᠡᠷᠡᠭᠦᠯᠪᠠ ᠃

ᠰᠤᠷᠪᠤᠯᠵᠢᠯᠠᠬᠴᠢ ᠄ ᠣᠶᠢᠷ᠎ᠠ᠎ᠳ᠋ᠤ ᠂ ᠵᠠᠷᠢᠮ ᠭᠠᠵᠠᠷ᠎ᠲᠤ ᠦᠨᠳᠦᠰᠦᠨ ᠱᠠᠲᠤᠨ᠎ᠤ ᠬᠠᠮᠢᠶᠠᠷᠤᠨ ᠡᠵᠡᠮᠳᠡᠬᠦ ᠠᠵᠢᠯᠲᠠᠨ ᠣᠯᠠᠨ ᠲᠦᠮᠡᠨ᠎ᠲᠠᠢ ᠵᠠᠭᠤᠷᠠᠯᠳᠤᠭᠠᠨ ᠮᠥᠷᠭᠥᠯᠳᠦᠭᠡᠨ ᠭᠠᠷᠤᠭᠰᠠᠨ ᠪᠠᠶᠢᠳᠠᠯ ᠢᠯᠡᠷᠡᠪᠡ ᠃ ᠵᠠᠷᠢᠮ᠎ᠨᠢ ᠰᠡᠷᠭᠡᠶᠢᠯᠡᠨ ᠡᠵᠡᠮᠳᠡᠬᠦ᠎ᠶᠢ ᠬᠠᠷᠰᠢᠯᠠᠵᠤ ᠂ ᠵᠠᠷᠢᠮ᠎ᠨᠢ ᠤᠯᠠᠨ ᠲᠦᠮᠡᠨ᠎ᠤ ᠬᠢᠵᠢᠭ᠎ᠤᠨ ᠪᠠᠶᠢᠳᠠᠯ᠎ᠤᠨ ᠬᠤᠭᠤᠴᠠᠭᠠᠨ᠎ᠳ᠋ᠤ ᠨᠡᠶᠢᠭᠡᠮ᠎ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠳ᠋ᠤ ᠵᠣᠬᠢᠴᠠᠬᠤ ᠦᠭᠡᠢ ᠪᠠᠶᠢᠨ᠎ᠠ ᠃ ᠡᠨᠡ ᠬᠦ ᠪᠠᠶᠢᠳᠠᠯ᠎ᠳ᠋ᠤ ᠴᠢᠭᠯᠡᠭᠦᠯᠦᠨ ᠂ ᠦᠨᠳᠦᠰᠦᠨ ᠱᠠᠲᠤᠨ᠎ᠤ᠎ᠬᠢᠨ ᠨᠡᠶᠢᠭᠡᠮ᠎ᠤᠨ ᠬᠠᠮᠢᠶᠠᠷᠤᠯᠲᠠ ᠡᠵᠡᠮᠳᠡᠯ᠎ᠢ ᠬᠡᠷᠬᠢᠨ ᠬᠢᠵᠦ ᠂ ᠶᠠᠮᠠᠷ ᠪᠠᠷᠢᠮᠵᠢᠶ᠎ᠠ᠎ᠶᠢ ᠡᠵᠡᠮᠰᠢᠪᠡᠯ ᠵᠣᠬᠢᠬᠤ ᠪᠣᠶ ︖
ᠸᠠᠩ ᠱᠥ ᠴᠢᠤᠸᠠᠨ ᠄ ᠣᠳᠣᠬᠠᠨ᠎ᠳ᠋ᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠠᠵᠢᠯ ᠬᠠᠮᠤᠭ᠎ᠤᠨ ᠬᠦᠴᠢᠷᠲᠡᠶ ᠵᠠᠩᠭᠢᠯᠠᠭ᠎ᠠ᠎ᠶᠢᠨ ᠱᠠᠲᠤᠨ᠎ᠳ᠋ᠤ ᠪᠠᠶᠢᠨ᠎ᠠ ᠂ ᠨᠠᠮ᠎ᠤᠨ ᠭᠡᠰᠢᠭᠦᠨ ᠺᠠᠳ᠋ᠷ ᠡᠮᠦᠨ᠎ᠠ ᠹᠷᠣᠨᠲ᠎ᠲᠤ ᠡᠷᠡᠯᠬᠡᠭᠯᠡᠨ ᠪᠠᠶᠢᠯᠳᠤᠵᠤ ᠂ ᠣᠯᠠᠨ ᠲᠦᠮᠡᠨ ᠢᠳᠡᠪᠬᠢᠲᠡᠢ ᠬᠠᠮᠵᠢᠯᠴᠠᠵᠤ ᠪᠠᠶᠢᠨ᠎ᠠ ᠂ ᠣᠷᠣᠨ ᠳᠠᠶᠠᠭᠠᠷ ᠶᠠᠭ ᠬᠢᠵᠢᠭ᠎ᠤᠨ ᠪᠠᠶᠢᠳᠠᠯ᠎ᠢ ᠰᠢᠶᠳᠪᠦᠷᠢᠯᠡᠬᠦ ᠳᠠᠶᠢᠯᠠᠯᠳᠤᠭᠠᠨ᠎ᠤ ᠢᠯᠠᠯᠳᠠ᠎ᠶᠢ ᠤᠯᠬᠤ᠎ᠶᠢᠨ ᠲᠥᠯᠥᠭᠡ ᠴᠥᠬᠥᠷᠡᠰᠢ ᠥᠬᠡᠶ ᠴᠢᠷᠮᠠᠶᠢᠵᠤ ᠪᠠᠶᠢᠨ᠎ᠠ ᠃ ᠡᠯ᠎ᠡ ᠭᠠᠵᠠᠷ᠎ᠲᠤ ᠰᠡᠷᠭᠡᠶᠢᠯᠡᠨ ᠡᠵᠡᠮᠳᠡᠬᠦ᠎ᠶᠢ ᠬᠠᠷᠰᠢᠯᠠᠭᠰᠠᠨ ᠂ ᠬᠠᠤᠯᠢ ᠬᠡᠷᠡᠭᠵᠢᠭᠦᠯᠬᠦ᠎ᠶᠢ ᠬᠠᠷᠰᠢᠯᠠᠭᠰᠠᠨ ᠵᠠᠷᠢᠮ ᠬᠡᠷᠡᠭ᠎ᠤᠨ ᠵᠢᠱᠢᠶ᠎ᠡ ᠦᠨᠡᠬᠡᠷ ᠭᠠᠷᠴᠤ ᠂ ᠰᠡᠷᠭᠡᠶᠢᠯᠡᠨ ᠡᠵᠡᠮᠳᠡᠬᠦ ᠡᠮᠬᠢ ᠵᠢᠷᠤᠮ᠎ᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠪᠥᠭᠡᠳ ᠨᠡᠶᠢᠭᠡᠮ᠎ᠤᠨ ᠲᠤᠰᠬᠠᠯ ᠮᠠᠰᠢ ᠶᠡᠬᠡ ᠪᠠᠶᠢᠨ᠎ᠠ ᠃ ᠵᠠᠷᠢᠮ ᠭᠠᠵᠠᠷ ᠣᠷᠣᠨ᠎ᠳ᠋ᠤ ᠴᠤᠬᠢᠵᠤ ᠵᠣᠳᠣᠬᠰᠠᠨ ᠂ ᠳᠣᠷᠣᠮᠵᠢᠯᠠᠨ ᠬᠠᠷᠢᠶᠠᠵᠤ ᠂ ᠴᠢᠨᠠᠭᠰᠢᠯᠠᠪᠠᠯ ᠳᠣᠲᠣᠭᠠᠳᠤ᠎ᠶᠢ ᠬᠠᠮᠠᠭᠠᠯᠠᠬᠤ ᠠᠷᠠᠳ᠎ᠤᠨ ᠴᠠᠭᠳᠠᠭ᠎ᠠ᠎ᠶᠢ ᠬᠠᠵᠠᠵᠤ ᠰᠢᠷᠬᠠᠲᠤᠭᠤᠯᠤᠭᠰᠠᠨ ᠬᠡᠷᠡᠭ ᠭᠠᠷᠴᠤ ᠪᠤᠢ ᠃
2020 ᠣᠨ᠎ᠤ 2 ᠰᠠᠷ᠎ᠠ᠎ᠶᠢᠨ 6᠎ᠤ ᠡᠳᠦᠷ ᠂ ᠥᠬᠠᠢ ᠬᠤᠳᠠ᠎ᠶᠢᠨ ᠶᠠᠩ ᠣᠪᠣᠭᠲᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯᠲᠠᠨ᠎ᠤ ᠪᠠᠶᠢᠴᠠᠭᠠᠨ ᠰᠢᠯᠭᠠᠬᠤ ᠂ ᠳᠠᠩᠰᠠᠯᠠᠬᠤ᠎ᠳ᠋ᠤ ᠬᠠᠮᠵᠢᠯᠴᠠᠬᠤ ᠦᠭᠡᠢ ᠂ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠵᠤ ᠭᠠᠷᠬᠤ᠎ᠳ᠋ᠤ ᠠᠮᠠᠪᠴᠢ ᠵᠡᠭᠦᠬᠦ ᠦᠭᠡᠢ ᠮᠥᠷᠲᠡᠭᠡᠨ ᠲᠤᠬᠠᠶ᠎ᠶᠢᠨ ᠲᠠᠯᠠᠪᠤᠷ᠎ᠤᠨ ᠠᠵᠢᠯᠲᠠᠨ᠎ᠢ ᠳᠣᠷᠣᠮᠵᠢᠯᠠᠨ ᠬᠠᠷᠢᠶᠠᠪᠠ ᠃ ᠦᠬᠠᠢ ᠬᠤᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠬᠠᠶᠢᠨᠠᠨ ᠬᠤᠪᠢᠶᠠᠷᠢ ᠲᠣᠪᠴᠢᠶᠠᠨ᠎ᠤ ᠠᠷᠠᠳ᠎ᠤᠨ ᠴᠠᠭᠳᠠᠭ᠎ᠠ᠎ᠶᠢᠨ ᠪᠠᠷᠠᠭᠤᠨ ᠭᠠᠷ᠎ᠤᠨ ᠡᠷᠡᠬᠡᠢ ᠬᠤᠷᠤᠭᠤ᠎ᠶᠢ ᠬᠠᠵᠠᠵᠤ ᠰᠢᠷᠬᠠᠲᠤᠭᠤᠯᠤᠭᠰᠠᠨ ᠪᠥᠭᠡᠳ ᠠᠯᠪᠠᠨ ᠶᠠᠪᠤᠳᠠᠯ ᠭᠦᠢᠴᠡᠳᠬᠡᠬᠦ ᠠᠷᠠᠳ᠎ᠤᠨ ᠴᠠᠭᠳᠠᠭ᠎ᠠ᠎ᠶᠢ ᠭᠤᠲᠤᠭᠠᠨ ᠬᠠᠷᠢᠶᠠᠪᠠ ᠃ ᠶᠠᠩ ᠣᠪᠣᠭᠲᠤ ᠲᠦᠷᠦ᠎ᠶᠢᠨ ᠪᠠᠶᠢᠭᠤᠯᠭ᠎ᠠ᠎ᠶᠢᠨ ᠠᠵᠢᠯᠳᠠᠨ᠎ᠤ ᠬᠠᠤᠯᠢ ᠶᠣᠰᠣᠭᠠᠷ ᠡᠭᠦᠷᠭᠡ ᠲᠤᠰᠢᠶᠠᠯ᠎ᠢᠶᠡᠨ ᠭᠦᠢᠴᠡᠳᠬᠡᠬᠦ᠎ᠶᠢ ᠬᠦᠴᠦᠷᠬᠡᠭᠯᠡᠯ᠎ᠤᠨ ᠬᠡᠯᠪᠡᠷᠢ᠎ᠪᠠᠷ ᠬᠠᠷᠰᠢᠯᠠᠵᠤ ᠂ ᠨᠢᠭᠡᠨᠲᠡ ᠠᠯᠪᠠᠨ ᠠᠵᠢᠯ᠎ᠢ ᠬᠠᠷᠰᠢᠯᠠᠭᠰᠠᠨ ᠶᠠᠯ᠎ᠠ ᠬᠢᠪᠡ ᠃ ᠣᠳᠣᠬᠠᠨ᠎ᠳ᠋ᠤ ᠂ ᠬᠠᠶᠢᠨᠠᠨ ᠲᠣᠭᠣᠷᠢᠭ᠎ᠤᠨ ᠠᠷᠠᠳ᠎ᠤᠨ ᠰᠢᠭᠦᠬᠦ ᠬᠣᠷᠢᠶ᠎ᠠ ᠶᠠᠩ ᠣᠪᠣᠭᠲᠤ᠎ᠶᠢᠨ ᠠᠯᠪᠠᠨ ᠠᠵᠢᠯ᠎ᠢ ᠬᠠᠷᠰᠢᠯᠠᠭᠰᠠᠨ ᠶᠠᠯᠠᠲᠤ ᠬᠡᠷᠡᠭ᠎ᠲᠤ ᠰᠢᠬᠥᠯᠳᠠ ᠬᠢᠵᠥ ᠂ 10 ᠰᠠᠷ᠎ᠠ᠎ᠶᠢᠨ ᠬᠤᠭᠤᠴᠠᠭ᠎ᠠ᠎ᠲᠠᠢ᠎ᠪᠠᠷ ᠬᠣᠷᠢᠬᠤ᠎ᠪᠠᠷ ᠲᠠᠰᠤᠯᠪᠠ ᠃

ᠰᠤᠷᠪᠤᠯᠵᠢᠯᠠᠬᠴᠢ ᠄ ᠲᠠᠷᠠᠭᠠᠴᠢ᠎ᠶᠢᠨ ᠠᠯᠬᠤᠮ᠎ᠳ᠋ᠤ ᠪᠥᠬᠥ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠬᠡᠷᠬᠢᠨ ᠲᠥᠷᠥᠯ ᠬᠤᠪᠢᠶᠠᠨ ᠵᠢᠯᠣᠭᠣᠳᠬᠤ ᠂ ᠤᠨᠤᠴᠠᠳᠠᠢ ᠠᠷᠭ᠎ᠠ ᠪᠣᠳᠣᠯᠭ᠎ᠠ ᠬᠡᠷᠡᠭᠵᠢᠭᠦᠯᠬᠦ ᠂ ᠪᠥᠬᠥ ᠬᠦᠴᠦᠨ᠎ᠢᠶᠠᠷ᠎ᠢᠶᠡᠨ ᠦᠢᠯᠡᠳᠪᠦᠷᠢᠯᠡᠯ᠎ᠢ ᠠᠬᠢᠭᠤᠯᠵᠤ ᠰᠠᠭᠠᠳ ᠥᠬᠡᠶ ᠨᠡᠪᠲᠡᠷᠡᠬᠦ᠎ᠶᠢ ᠪᠠᠲᠤᠯᠠᠬᠤ ᠪᠣᠶ ︖
ᠯᠢ ᠧᠨ ᠴᠢᠶᠠᠩ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠲᠣᠭᠲᠠᠭᠠᠭᠰᠠᠨ ︽ ᠲᠥᠷᠥᠯ ᠬᠤᠪᠢᠶᠠᠨ ᠵᠢᠯᠣᠭᠣᠳᠴᠤ ᠣᠨᠣᠴᠠᠳᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠢᠬᠡᠳ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠠᠵᠢᠯ᠎ᠢ ᠨᠢᠭᠡᠳᠦᠯᠲᠡᠶ ᠲᠥᠯᠥᠪᠵᠢᠬᠥᠯᠥᠨ ᠰᠠᠶᠢᠲᠤᠷ ᠬᠢᠬᠦ ᠲᠤᠬᠠᠶ ᠰᠠᠨᠠᠯ ︾᠎ᠤᠨ ᠱᠠᠭᠠᠷᠳᠠᠯᠭ᠎ᠠ᠎ᠶᠢ ᠦᠨᠳᠦᠰᠦᠯᠡᠨ ᠂ ᠡᠯ᠎ᠡ ᠭᠠᠵᠠᠷ᠎ᠤᠨ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠲᠣᠰ ᠪᠡᠶ᠎ᠡ᠎ᠶᠢᠨ ᠪᠣᠳᠠᠲᠤ ᠪᠠᠶᠢᠳᠠᠯ᠎ᠳᠠᠭᠠᠨ ᠴᠢᠭᠯᠡᠭᠦᠯᠦᠨ ᠂ ᠠᠳᠠᠯᠢ ᠪᠤᠰᠤ ᠠᠷᠭ᠎ᠠ ᠬᠡᠮᠵᠢᠶ᠎ᠡ ᠠᠪᠴᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠡᠮᠬᠢ ᠵᠢᠷᠤᠮ᠎ᠢ ᠰᠡᠷᠭᠦᠭᠡᠬᠦ᠎ᠶᠢ ᠨᠢᠭᠡᠳᠦᠯᠲᠡᠶ ᠲᠥᠯᠥᠪᠵᠢᠬᠥᠯᠥᠨ ᠰᠠᠶᠢᠲᠤᠷ ᠬᠢᠬᠦ᠎ᠪᠠᠷ ᠦᠷᠭᠦᠯᠵᠢᠯᠡᠨ ᠴᠢᠷᠮᠠᠢᠨ᠎ᠠ ᠃
ᠪᠦᠬᠦ ᠣᠷᠣᠨ᠎ᠤ ᠡᠯ᠎ᠡ ᠭᠠᠵᠠᠷ᠎ᠤᠨ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠨᠤᠲᠤᠭ᠎ᠲᠠᠭᠠᠨ ᠪᠤᠴᠠᠭᠰᠠᠨ ᠂ ᠰᠤᠷᠭᠠᠭᠤᠯᠢ᠎ᠳᠠᠭᠠᠨ ᠪᠤᠴᠠᠭᠰᠠᠨ ᠂ ᠠᠵᠢᠯ᠎ᠳᠠᠭᠠᠨ ᠪᠤᠴᠠᠬᠤ ᠬᠥᠮᠦᠰ᠎ᠤᠨ ᠪᠤᠴᠠᠬᠤ ᠣᠷᠭᠢᠯ᠎ᠤᠨ ᠦᠶ᠎ᠡ᠎ᠳ᠋ᠤ ᠢᠳᠡᠪᠬᠢᠲᠡᠶ ᠠᠷᠭ᠎ᠠ ᠪᠤᠳᠤᠯᠭ᠎ᠠ ᠠᠪᠴᠤ ᠠᠷᠭᠠᠴᠠᠵᠥ ᠪᠤᠢ ᠃ ᠲᠥᠷᠥᠯ ᠬᠤᠪᠢᠶᠠᠬᠤ ᠶᠣᠰᠣᠭᠠᠷ ᠂ ᠵᠠᠰᠠᠮᠠᠯ ᠵᠠᠮ᠎ᠤᠨ ᠡᠭᠡᠯᠵᠢ᠎ᠶᠢᠨ ᠱᠤᠭᠤᠮ᠎ᠤᠨ ᠠᠶᠠᠨᠴᠢᠳ᠎ᠤᠨ ᠲᠡᠭᠡᠭᠡᠪᠦᠷᠢ ᠂ ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭ᠎ᠠ ᠵᠡᠷᠭᠡ ᠦᠢᠯᠡᠴᠢᠯᠡᠭᠡ᠎ᠶᠢ ᠪᠦᠬᠦ ᠲᠠᠯ᠎ᠠ᠎ᠪᠠᠷ ᠰᠡᠷᠭᠦᠭᠡᠨ᠎ᠠ ᠃ ᠡᠭᠦᠨ᠎ᠤ ᠬᠠᠮᠲᠤ ᠵᠠᠰᠠᠮᠠᠯ ᠵᠠᠮ᠎ᠤᠨ ᠡᠭᠡᠯᠵᠢ᠎ᠶᠢᠨ ᠱᠤᠭᠤᠮ᠎ᠤᠨ ᠠᠶᠠᠨᠴᠢᠳ᠎ᠤᠨ ᠲᠡᠭᠡᠭᠡᠪᠦᠷᠢ ᠂ ᠬᠣᠲᠠ᠎ᠶᠢᠨ ᠣᠯᠠᠨ ᠨᠡᠶᠢᠲᠡ᠎ᠶᠢᠨ ᠵᠠᠮ ᠬᠠᠷᠢᠯᠴᠠᠭ᠎ᠠ ᠵᠡᠷᠭᠡ ᠦᠢᠯᠡᠴᠢᠯᠡᠭᠡ᠎ᠶᠢ ᠡᠮᠬᠢ ᠵᠢᠷᠤᠮ᠎ᠲᠠᠢ᠎ᠪᠠᠷ ᠰᠡᠷᠭᠦᠭᠡᠵᠦ ᠂ ᠵᠠᠮ ᠬᠠᠷᠢᠯᠴᠠᠭᠠᠨ᠎ᠤ ᠪᠠᠭᠠᠵᠢ ᠂ ᠲᠠᠯᠠᠪᠤᠷ ᠥᠷᠲᠡᠭᠡ᠎ᠶᠢ ᠠᠷᠢᠭᠤᠳᠬᠠᠨ ᠰᠠᠯᠬᠢ ᠨᠡᠪᠲᠡᠷᠡᠭᠦᠯᠬᠦ ᠪᠠ ᠪᠡᠶ᠎ᠡ᠎ᠶᠢᠨ ᠳᠤᠯᠠᠭᠠᠨ᠎ᠤ ᠪᠠᠶᠢᠴᠠᠭᠠᠯᠳᠠ᠎ᠶᠢ ᠰᠠᠶᠢᠲᠤᠷ ᠬᠢᠵᠦ ᠂ ᠬᠢᠵᠢᠭ᠎ᠤᠨ ᠪᠠᠶᠢᠳᠠᠯ᠎ᠢ ᠵᠠᠮ ᠬᠠᠷᠢᠯᠴᠠᠭᠠᠨ᠎ᠤ ᠪᠠᠭᠠᠵᠢ ᠬᠡᠷᠡᠭᠰᠡᠯ᠎ᠢᠶᠠᠷ ᠳᠠᠮᠵᠢᠬᠤ᠎ᠶᠢ ᠴᠢᠩᠭ᠎ᠠ ᠰᠡᠷᠭᠡᠶᠢᠯᠡᠨ᠎ᠠ ᠃ ᠠᠵᠢᠯᠲᠠᠨ ᠠᠵᠢᠯᠴᠢᠨ᠎ᠤ ᠠᠵᠢᠯ᠎ᠤᠨ ᠪᠠᠶᠢᠷᠢ᠎ᠳᠠᠭᠠᠨ ᠪᠤᠴᠠᠬᠤ ᠰᠠᠭᠠᠳ ᠥᠬᠡᠶ ᠨᠡᠪᠲᠡᠷᠡᠬᠦ ᠵᠠᠮ᠎ᠢ ᠨᠡᠭᠡᠭᠡᠵᠦ ᠂ ᠠᠵᠢᠯ᠎ᠢᠶᠡᠨ ᠰᠡᠷᠭᠦᠭᠡᠭᠰᠡᠨ ᠠᠵᠤ ᠠᠬᠤᠶᠢᠯᠠᠯ᠎ᠤᠨ ᠭᠣᠤᠯᠯᠠᠭᠴᠢ ᠠᠵᠢᠯᠲᠠᠨ ᠂ ᠮᠡᠷᠭᠡᠵᠢᠯ᠎ᠤᠨ ᠭᠣᠤᠯᠯᠠᠭᠴᠢ ᠬᠦᠴᠦᠨ᠎ᠤ ᠴᠠᠭ ᠲᠤᠬᠠᠶ᠎ᠳ᠋ᠤᠨᠢ ᠠᠵᠢᠯ᠎ᠤᠨ ᠪᠠᠶᠢᠷᠢ᠎ᠳᠠᠭᠠᠨ ᠭᠠᠷᠬᠤ᠎ᠶᠢ ᠤᠷᠢᠳ᠎ᠢᠶᠠᠷ ᠪᠠᠲᠤᠯᠠᠨ᠎ᠠ ᠃ ᠪᠤᠴᠠᠵᠤ ᠢᠷᠡᠬᠦ ᠪᠠᠶᠢᠳᠠᠯ᠎ᠢ ᠵᠠᠳᠠᠯᠬᠤ ᠂ ᠰᠡᠷᠭᠡᠶᠢᠯᠡᠨ ᠡᠵᠡᠮᠳᠡᠬᠦ ᠴᠢᠳᠠᠪᠤᠷᠢ᠎ᠶᠢ ᠦᠨᠡᠯᠡᠨ ᠵᠢᠱᠢᠬᠦ ᠂ ᠠᠵᠤ ᠠᠬᠤᠶᠢᠯᠠᠯ᠎ᠤᠨ ᠬᠠᠷᠢᠭᠤᠴᠠᠯᠭ᠎ᠠ᠎ᠶᠢ ᠨᠠᠶᠢᠳᠠᠪᠤᠷᠢᠵᠢᠭᠤᠯᠬᠤ ᠪᠠ ᠨᠡᠶᠢᠭᠡᠮ ᠲᠣᠭᠣᠷᠢᠭ᠎ᠤᠨ ᠣᠯᠠᠨ᠎ᠢᠶᠠᠷ᠎ᠢᠶᠡᠨ ᠰᠡᠷᠭᠡᠶᠢᠯᠡᠵᠦ ᠣᠯᠠᠨ᠎ᠢᠶᠠᠷ᠎ᠢᠶᠡᠨ ᠡᠵᠡᠮᠳᠡᠬᠦ ᠵᠡᠷᠭᠡ ᠠᠵᠢᠯ᠎ᠢ ᠰᠠᠶᠢᠲᠤᠷ ᠬᠢᠨ᠎ᠠ ᠃

ᠰᠤᠷᠪᠤᠯᠵᠢᠯᠠᠬᠴᠢ ᠄ ᠣᠶᠢᠷ᠎ᠠ᠎ᠳ᠋ᠤ ᠂ ᠬᠣᠲᠠ᠎ᠶᠢᠨ ᠠᠷᠠᠳ ᠪᠣᠯᠤᠨ ᠰᠦᠯᠵᠢᠶᠡᠨ ᠠᠨᠳᠠ ᠨᠠᠷ᠎ᠤᠨ ᠬᠠᠮᠤᠭ᠎ᠡᠴᠠ ᠠᠩᠬᠠᠷᠴᠤ ᠪᠠᠶᠢᠭ᠎ᠠ ᠬᠠᠯᠠᠮᠰᠢᠯ ᠰᠡᠳᠦᠪ ᠪᠣᠯ ᠬᠢᠵᠢᠭ᠎ᠤᠨ ᠪᠠᠶᠢᠳᠠᠯ᠎ᠤᠨ ᠬᠤᠭᠤᠴᠠᠭᠠᠨ᠎ᠳ᠋ᠤ ᠬᠤᠪᠢ ᠬᠦᠮᠦᠨ᠎ᠤ ᠨᠢᠭᠤᠴᠠ᠎ᠳ᠋ᠤ ᠬᠠᠯᠳᠠᠭᠰᠠᠨ ᠬᠡᠷᠡᠭ ᠪᠣᠯᠤᠨ᠎ᠠ ᠂ ᠬᠤᠪᠢ ᠬᠥᠮᠦᠨ᠎ᠤ ᠨᠢᠭᠤᠴᠠ᠎ᠳ᠋ᠤ ᠬᠠᠯᠳᠠᠭᠰᠠᠨ ᠬᠡᠷᠡᠭ᠎ᠲᠤ ᠪᠢᠳᠡ ᠬᠡᠷᠬᠢᠨ ᠴᠣᠬᠢᠯᠲᠠ ᠥᠭᠴᠦ ᠰᠢᠢᠳᠪᠦᠷᠢᠯᠡᠬᠦ ᠪᠣᠶ ︖
ᠵᠣᠤ ᠢᠦᠶ ᠾᠧ ᠄ ᠮᠠᠨ᠎ᠤ ᠤᠯᠤᠰ᠎ᠤᠨ ᠢᠷᠭᠡᠨ᠎ᠤ ᠬᠠᠤᠯᠢ᠎ᠶᠢᠨ ᠶᠡᠷᠦᠩᠬᠡᠢ ᠳᠦᠷᠢᠮ᠎ᠤᠨ 111 ᠳ᠋ᠤᠭᠡᠷ ᠵᠦᠢᠯ᠎ᠳ᠋ᠤ ᠬᠤᠪᠢ ᠬᠥᠮᠦᠨ᠎ᠤ ᠮᠡᠳᠡᠭᠡ ᠵᠠᠩᠭᠢ᠎ᠶᠢ ᠬᠠᠤᠯᠢ᠎ᠪᠠᠷ ᠬᠠᠮᠠᠭᠠᠯᠠᠨ᠎ᠠ ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠪᠤᠰᠤᠳ᠎ᠤᠨ ᠬᠤᠪᠢ ᠬᠥᠮᠦᠨ᠎ᠤ ᠮᠡᠳᠡᠭᠡ ᠵᠠᠩᠭᠢ᠎ᠶᠢ ᠤᠯᠬᠤ ᠴᠢᠬᠤᠯᠠ᠎ᠲᠠᠢ ᠪᠠᠶᠢᠪᠠᠯ ᠂ ᠮᠡᠳᠡᠭᠡ ᠵᠠᠩᠭᠢ᠎ᠶᠢᠨ ᠠᠮᠤᠷ ᠲᠦᠪᠰᠢᠨ᠎ᠢ ᠬᠠᠤᠯᠢ ᠶᠣᠰᠣᠭᠠᠷ ᠤᠯᠬᠤ᠎ᠶᠢᠨ ᠬᠠᠮᠲᠤ ᠦᠨᠡᠨ ᠬᠦ ᠪᠠᠲᠤᠯᠠᠬᠤ ᠬᠡᠷᠡᠭᠲᠡᠶ ᠂ ᠪᠤᠰᠤᠳ ᠬᠥᠮᠦᠨ ᠬᠤᠪᠢ ᠬᠥᠮᠦᠨ᠎ᠤ ᠮᠡᠳᠡᠭᠡ ᠵᠠᠩᠭᠢ᠎ᠶᠢ ᠬᠠᠤᠯᠢ ᠪᠤᠰᠤ᠎ᠪᠠᠷ ᠴᠤᠭᠯᠠᠭᠤᠯᠤᠨ ᠬᠡᠷᠡᠭᠯᠡᠵᠦ ᠂ ᠳᠠᠮᠵᠢᠭᠤᠯᠵᠤ ᠪᠣᠯᠬᠤ ᠦᠭᠡᠢ ᠂ ᠪᠤᠰᠤᠳ ᠬᠥᠮᠦᠨ ᠬᠤᠪᠢ ᠬᠥᠮᠦᠨ᠎ᠤ ᠮᠡᠳᠡᠭᠡ ᠵᠠᠩᠭᠢ᠎ᠶᠢ ᠬᠠᠤᠯᠢ ᠪᠤᠰᠤ᠎ᠪᠠᠷ ᠬᠤᠳᠠᠯᠳᠤᠭᠠᠯᠠᠵᠤ ᠂ ᠬᠠᠩᠭᠠᠬᠤ ᠪᠤᠶᠤ ᠢᠯᠡ ᠪᠣᠯᠭᠠᠵᠤ ᠪᠣᠯᠬᠤ ᠦᠭᠡᠢ ᠬᠡᠵᠥ ᠲᠤᠬᠳᠠᠭᠠᠵᠠᠢ ᠃
ᠬᠡᠷᠪᠡ ᠬᠢᠵᠢᠭ᠎ᠢ ᠰᠡᠷᠭᠡᠶᠢᠯᠡᠨ ᠡᠵᠡᠮᠳᠡᠬᠥ ᠪᠠᠶᠢᠭᠤᠯᠤᠮᠵᠢ ᠪᠤᠶᠤ ᠡᠮᠴᠢᠯᠡᠭᠡᠨ᠎ᠤ ᠪᠠᠶᠢᠭᠤᠯᠤᠮᠵᠢ ᠬᠠᠯᠳᠠᠪᠤᠷᠢᠲᠤ ᠡᠪᠡᠳᠴᠢᠲᠡᠨ ᠂ ᠡᠪᠡᠳᠴᠢᠨ ᠡᠭᠦᠰᠭᠡᠭᠴᠢ᠎ᠶᠢ ᠠᠪᠴᠤ ᠶᠠᠪᠤᠭᠰᠠᠳ ᠂ ᠬᠠᠯᠳᠠᠪᠤᠷᠢᠲᠤ ᠡᠪᠡᠳᠴᠢᠨ᠎ᠤ ᠰᠡᠵᠢᠭᠯᠡᠯᠲᠡᠶ ᠡᠪᠡᠳᠴᠢᠲᠡᠨ ᠂ ᠨᠢᠭᠲᠠ ᠣᠶᠢᠷᠠᠲᠤᠭᠰᠠᠳ᠎ᠤᠨ ᠬᠤᠪᠢ ᠬᠥᠮᠦᠨ᠎ᠤ ᠨᠢᠭᠤᠴᠠ᠎ᠳ᠋ᠤ ᠬᠣᠯᠪᠣᠭᠳᠠᠬᠤ ᠬᠣᠯᠪᠣᠭᠳᠠᠯ ᠪᠦᠬᠦᠢ ᠮᠡᠳᠡᠭᠡ ᠵᠠᠩᠭᠢ ᠂ ᠮᠠᠲ᠋ᠧᠷᠢᠶᠠᠯ᠎ᠢ ᠵᠣᠷᠢᠭᠤᠳᠠ ᠵᠠᠳᠠᠷᠠᠭᠤᠯᠤᠭᠰᠠᠨ ᠪᠠᠶᠢᠪᠠᠯ ᠂ ᠬᠠᠯᠳᠠᠪᠤᠷᠢᠲᠤ ᠡᠪᠡᠳᠴᠢᠨ᠎ᠢ ᠰᠡᠷᠭᠡᠶᠢᠯᠡᠨ ᠵᠠᠰᠠᠬᠤ ᠬᠠᠤᠯᠢ᠎ᠶᠢᠨ 68 ᠂ 69 ᠳ᠋ᠤᠭᠡᠷ ᠵᠦᠢᠯ᠎ᠤᠨ ᠲᠣᠭᠲᠠᠭᠠᠯ᠎ᠢ ᠦᠨᠳᠦᠰᠦᠯᠡᠨ ᠂ ᠰᠢᠶᠠᠨ᠎ᠤ ᠱᠠᠲᠤᠨ᠎ᠡᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ ᠂ ᠵᠠᠷᠯᠠᠨ ᠰᠢᠭᠦᠮᠵᠢᠯᠡᠵᠦ ᠂ ᠰᠡᠷᠡᠮᠵᠢ ᠥᠭᠭᠦᠨ᠎ᠡ ︔ ᠬᠠᠷᠢᠭᠤᠴᠠᠯᠭ᠎ᠠ᠎ᠲᠠᠢ ᠭᠤᠤᠯ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳ᠋ᠤ ᠬᠠᠤᠯᠢ ᠶᠣᠰᠣᠭᠠᠷ ᠲᠡᠰ ᠪᠠᠭᠤᠷᠠᠭᠤᠯᠬᠤ ᠂ ᠲᠤᠰᠢᠶᠠᠯ᠎ᠡᠴᠠ᠎ᠨᠢ ᠤᠭᠴᠠᠷᠠᠭᠤᠯᠬᠤ ᠂ ᠠᠵᠢᠯ᠎ᠡᠴᠠ᠎ᠨᠢ ᠬᠥᠭᠡᠭᠡᠬᠦ ᠰᠢᠳᠬᠡᠯ ᠥᠭᠬᠦ ᠪᠥᠭᠡᠳ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ᠎ᠤ ᠠᠵᠢᠯ ᠡᠷᠬᠢᠯᠡᠬᠦ ᠦᠨᠡᠮᠯᠡᠯ᠎ᠢ᠎ᠨᠢ ᠬᠠᠤᠯᠢ ᠶᠣᠰᠣᠭᠠᠷ ᠬᠤᠷᠢᠶᠡᠠ ᠠᠪᠴᠤ ᠬᠦᠴᠦᠨ ᠤᠢᠭᠡᠢ ᠪᠣᠯᠭᠠᠵᠤ ᠪᠣᠯᠤᠨ᠎ᠠ ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ᠎ᠶᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ ᠃

ᠰᠤᠷᠪᠤᠯᠵᠢᠯᠠᠬᠴᠢ ᠄ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠭᠤᠴᠠᠭᠠᠨ᠎ᠳ᠋ᠤ ᠂ ᠮᠠᠨ᠎ᠤ ᠣᠷᠣᠨ ᠬᠡᠭᠡᠷ᠎ᠡ᠎ᠶᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠦᠭᠰᠡᠨ ‍ᠤᠤ ︖ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠡᠶᠢᠮᠦ ᠨᠡᠶᠢᠲᠡᠯᠢᠭ ᠬᠡᠷᠡᠭ᠎ᠤᠨ ᠵᠢᠱᠢᠶ᠎ᠡ᠎ᠶᠢ ᠢᠯᠡᠷᠡᠭᠦᠯᠦᠭᠰᠡᠨ ‍ᠤᠤ ︖
ᠵᠣᠤ ᠢᠦᠶ ᠾᠧ ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠰᠠᠶᠢᠲᠤᠷ ᠬᠢᠬᠦ᠎ᠶᠢᠨ ᠲᠤᠰᠠᠳᠠ ᠂ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠶᠡᠷᠦᠩᠬᠡᠶ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ 2 ᠰᠠᠷ᠎ᠠ᠎ᠶᠢᠨ 1᠎ᠤ ᠡᠳᠦᠷ᠎ᠡᠴᠠ ᠡᠬᠢᠯᠡᠨ ᠪᠥᠬᠥ ᠣᠷᠣᠨ᠎ᠤ ᠬᠡᠪᠴᠢᠶᠡᠨ᠎ᠳ᠋ᠤ ᠬᠡᠭᠡᠷ᠎ᠡ᠎ᠶᠢᠨ ᠠᠮᠢᠲᠠᠨ᠎ᠤ ᠡᠬᠢ ᠪᠠᠶᠠᠯᠢᠭ᠎ᠢ ᠡᠪᠳᠡᠭᠰᠡᠨ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ᠎ᠶᠢ ᠵᠣᠬᠢᠶᠠᠨ ᠪᠠᠶᠢᠭᠤᠯᠤᠨ ᠥᠷᠨᠢᠭᠦᠯᠵᠠᠢ ᠃ 2 ᠰᠠᠷ᠎ᠠ᠎ᠶᠢᠨ 19᠎ᠤ ᠡᠳᠦᠷ ᠪᠣᠯᠲᠠᠯ᠎ᠠ ᠂ ᠪᠥᠬᠥ ᠣᠷᠣᠨ᠎ᠤ ᠡᠯ᠎ᠡ ᠱᠠᠲᠤᠨ᠎ᠤ ᠣᠶ ᠰᠢᠭᠤᠶ᠎ᠶᠢᠨ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ ᠨᠡᠶᠢᠲᠡ 21181 ᠬᠥᠮᠦᠨ ᠤᠳᠠᠭ᠎ᠠ ᠴᠠᠭᠳᠠᠭ᠎ᠠ ᠬᠥᠳᠡᠯᠭᠡᠵᠦ ᠂ ᠲᠡᠵᠢᠭᠡᠵᠦ ᠦᠷᠡᠵᠢᠭᠦᠯᠬᠦ ᠲᠠᠯᠠᠪᠠᠶ᠎ᠶᠢ ᠨᠠᠢᠳᠠ 1024 ᠪᠠᠶᠢᠴᠠᠭᠠᠵᠥ ᠂ ᠢᠳᠡᠭᠡᠨ ᠤᠮᠳᠠᠭᠠᠨ᠎ᠤ ᠲᠠᠯᠠᠪᠤᠷ᠎ᠢ 3135᠎ᠶᠢ ᠪᠠᠶᠢᠴᠠᠭᠠᠪᠠ ᠃ 
ᠣᠶᠢᠷ᠎ᠠ᠎ᠳ᠋ᠤ ᠂ ᠦᠬᠠᠶ ᠬᠣᠲᠠ᠎ᠶᠢᠨ ᠣᠶ ᠰᠢᠭᠤᠶ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠵᠡᠷᠯᠢᠭ ᠠᠮᠢᠲᠠᠨ᠎ᠢ ᠠᠯᠠᠭᠰᠠᠨ ᠬᠠᠤᠯᠢ᠎ᠡᠴᠠ ᠵᠥᠷᠢᠴᠡᠭᠰᠡᠨ ᠶᠠᠯᠠᠲᠤ ᠬᠡᠷᠡᠭ᠎ᠢ ᠪᠠᠶᠢᠴᠠᠭᠠᠨ ᠰᠢᠢᠳᠪᠦᠷᠢᠯᠡᠵᠡᠶ ᠃ 2 ᠰᠠᠷ᠎ᠠ᠎ᠶᠢᠨ 12᠎ᠤᠨ ᠦᠳᠡ᠎ᠶᠢᠨ ᠡᠮᠦᠨ᠎ᠡ ᠂ ᠦᠬᠠᠶ ᠬᠣᠲᠠ᠎ᠶᠢᠨ ᠣᠶ ᠰᠢᠭᠤᠶ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠠᠷᠠᠳ᠎ᠤᠨ ᠴᠠᠭᠳᠠᠭ᠎ᠠ ᠯᠦᠩ ᠶᠢᠦ ᠸᠠᠨ᠎ᠤ ᠨᠤᠭᠤ ᠭᠠᠵᠠᠷ᠎ᠤᠨ ᠬᠤᠯᠤᠰᠤ ᠵᠡᠭᠡᠰᠦᠨ ᠳᠣᠲᠣᠷ᠎ᠠ ᠬᠡᠭᠡᠷ᠎ᠡ᠎ᠶᠢᠨ ᠠᠮᠢᠲᠠᠨ᠎ᠢ ᠠᠩᠨᠠᠵᠤ ᠪᠠᠢᠬᠤ ᠭᠡᠷᠡᠭ᠎ᠤᠨ ᠮᠡᠳᠡᠭᠦᠯᠦᠯᠳᠡ᠎ᠶᠢ ᠳᠤᠰᠴᠤ ᠂ ᠲᠤᠬᠠᠶ᠎ᠶᠢᠨ ᠲᠠᠯᠠᠪᠤᠷ᠎ᠲᠤ ᠬᠦᠷᠴᠦ ᠪᠠᠶᠢᠴᠠᠭᠠᠯᠲᠠ ᠬᠢᠭᠰᠡᠨ᠎ᠤ ᠳᠠᠷᠠᠭ᠎ᠠ ᠂ ᠬᠠᠤᠯᠢ᠎ᠡᠴᠠ ᠵᠥᠷᠢᠴᠡᠭᠰᠡᠨ ᠰᠡᠵᠢᠭᠳᠡᠨ ᠭᠦᠸᠧ ᠣᠪᠣᠭᠲᠤ᠎ᠶᠢ ᠪᠠᠢᠴᠠᠭᠠᠨ ᠢᠯᠡᠷᠡᠬᠥᠯᠵᠠᠢ ᠃ ᠪᠠᠶᠢᠴᠠᠭᠠᠯᠳᠠ᠎ᠪᠠᠷ ᠳᠠᠮᠵᠢᠨ ᠂ ᠭᠦᠸᠧ ᠣᠪᠣᠭᠲᠤ ᠯᠦᠩ ᠶᠢᠦ ᠸᠠᠨ᠎ᠤ ᠨᠤᠭᠤ ᠭᠠᠵᠠᠷ᠎ᠤᠨ ᠴᠡᠴᠡᠷᠯᠢᠭ᠎ᠤᠨ ᠬᠤᠯᠤᠰᠤᠨ ᠰᠥᠭᠡᠭ ᠳᠣᠲᠣᠷ᠎ᠠ ᠨᠢᠭᠡ ᠨᠣᠬᠠᠶ ᠮᠠᠩᠭᠢᠰᠤ ᠬᠠᠰᠢᠭᠳᠠᠭᠰᠠᠨ᠎ᠢ ᠣᠯᠵᠤ ᠮᠡᠳᠡᠭᠡᠳ ᠂ ᠨᠣᠬᠠᠶ ᠮᠠᠩᠭᠢᠰᠤ᠎ᠶᠢ ᠠᠩᠨᠠᠵᠠᠶ ᠃ ᠦᠬᠠᠶ ᠬᠣᠲᠠ᠎ᠶᠢᠨ ᠣᠶ ᠰᠢᠭᠤᠶ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠲᠡᠭᠦᠨ᠎ᠢ ᠬᠠᠤᠯᠢ ᠶᠣᠰᠣᠭᠠᠷ ᠴᠢᠩᠭ᠎ᠠ ᠬᠦᠨᠳᠦ᠎ᠪᠠᠷ ᠰᠢᠳᠬᠡᠵᠦ ᠂ ᠭᠦᠸᠧ ᠣᠪᠣᠭᠲᠤ᠎ᠶᠢᠨ ᠠᠪᠠ᠎ᠶᠢᠨ ᠡᠳ᠋ ᠪᠠ ᠠᠪᠠ᠎ᠶᠢᠨ ᠪᠠᠭᠠᠵᠢ ᠬᠡᠷᠡᠭᠰᠡᠯ᠎ᠢ᠎ᠨᠢ ᠬᠤᠷᠢᠶᠠᠨ ᠠᠪᠴᠤ ᠂ 4000 ᠲᠥᠭᠥᠷᠢᠭ ᠵᠣᠭᠣᠰ᠎ᠢᠶᠠᠷ ᠲᠣᠷᠭᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠴᠣᠷᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面