ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-02-23 13:33:47

ᠵᠣᠬᠢᠶᠠᠭ᠍ᠴᠢ᠄ ᠬᠠᠢᠷ᠎ᠠ ᠬᠠᠢ ᠴᠢᠤᠸᠠᠨ ᠣᠩᠱᠢᠭ᠍ᠰᠠᠨ ᠣᠳᠠᠭ᠎ᠠ᠄ 3


2 ᠰᠠᠷ᠎ᠠ᠎ᠶᠢᠨ 22᠎ᠤᠨ ᠡᠳᠦᠷ ᠂ ᠦᠪᠡᠷᠳᠡᠭᠡᠨ ᠵᠠᠰᠬᠠᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠠᠬᠦ ᠠᠵᠢᠯ᠎ᠤᠨ ᠵᠢᠯᠤᠭᠤᠳᠬᠤ ᠭᠠᠵᠠᠷ ᠬᠤᠷᠢᠨ ᠲᠠᠪᠤᠳᠤᠭᠠᠷ ᠤᠳᠠᠭᠠᠨ᠎ᠤ ᠰᠤᠨᠢᠨ ᠮᠡᠳᠡᠭᠡ ᠨᠡᠢᠳᠠᠯᠠᠬᠦ ᠬᠤᠷᠠᠯ ᠬᠢᠵᠤ ᠂ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ ᠺᠤᠮᠫᠠᠨᠢ᠎ᠶᠢᠨ ᠨᠠᠮ᠎ᠤᠨ ᠬᠤᠷᠢᠶᠠᠨ᠎ᠤ ᠬᠡᠰᠢᠬᠦᠨ ᠂ ᠤᠬᠠᠭᠤᠯᠬᠤ ᠬᠡᠯᠳᠡᠰ᠎ᠤᠨ ᠲᠠᠷᠤᠭ᠎ᠠ ᠂ ᠰᠤᠨᠢᠨ ᠮᠡᠳᠡᠬᠡᠨ᠎ᠤ ᠦᠬᠦᠯᠡᠭᠴᠢ ᠶᠠᠨ ᠯᠢᠨ ᠱᠧᠩ ᠲᠤᠰ ᠪᠦᠯᠦᠭᠯᠡᠯ ᠺᠤᠮᠫᠠᠨᠢ᠎ᠶᠢᠨ ᠦᠪᠡᠷᠳᠡᠬᠡᠨ ᠵᠠᠰᠠᠬᠤ ᠤᠷᠤᠨ᠎ᠤ ︽ ᠲᠦᠷᠦᠯ ᠬᠤᠪᠢᠶᠠᠨ ᠵᠢᠯᠤᠭᠤᠳᠴᠤ ᠤᠨᠤᠴᠠᠳᠠᠢ᠎ᠪᠠᠷ ᠠᠷᠭ᠎ᠠ ᠪᠤᠳᠤᠯᠭ᠎ᠠ ᠬᠡᠷᠡᠭᠵᠢᠬᠦᠯᠵᠦ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠢᠬᠡᠳ ᠠᠵᠦ ᠠᠬᠤᠢ ᠨᠡᠢᠬᠡᠮ᠎ᠤᠨ ᠬᠦᠭᠵᠢᠯᠳᠡ᠎ᠶᠢᠨ ᠠᠵᠢᠯ᠎ᠢ ᠨᠢᠬᠡᠳᠦᠯᠳᠡᠢ ᠲᠦᠯᠦᠪᠵᠢᠬᠦᠯᠦᠨ ᠰᠠᠢᠳᠤᠷ ᠬᠢᠬᠦ ᠲᠤᠬᠠᠢ ᠰᠠᠨᠠᠯ ︾᠎ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠠᠮᠢᠶ᠎ᠠ ᠪᠦᠬᠦᠢ ᠪᠠᠢᠳᠠᠯ᠎ᠤᠨ ᠲᠤᠬᠠᠢ ᠰᠤᠷᠪᠤᠯᠵᠢᠯᠠᠬᠴᠢ᠎ᠶᠢᠨ ᠠᠰᠠᠭᠤᠯᠳᠠ᠎ᠶᠢ ᠬᠠᠷᠢᠭᠤᠯᠪᠠ ᠃

ᠰᠤᠷᠪᠤᠯᠵᠢᠯᠠᠬᠴᠢ ᠄ ᠤᠳᠤᠬᠠᠨ᠎ᠳ᠋ᠤ ᠂ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ ᠺᠤᠮᠫᠠᠨᠢ ᠠᠵᠦ ᠠᠬᠤᠢᠯᠠᠯ᠎ᠤᠨ ᠠᠵᠢᠯ᠎ᠢᠶᠡᠨ ᠡᠬᠢᠯᠡᠬᠦᠯᠦᠨ ᠦᠢᠯᠡᠳᠪᠦᠷᠢᠯᠡᠯ᠎ᠢᠶᠡᠨ ᠰᠡᠷᠬᠦᠬᠡᠬᠦ ᠂ ᠦᠪᠡᠷᠳᠡᠬᠡᠨ ᠵᠠᠰᠠᠬᠤ ᠤᠷᠤᠨ᠎ᠤ ᠴᠢᠬᠤᠯᠠ ᠶᠡᠬᠡ ᠲᠦᠷᠦᠯ ᠵᠦᠢᠯ ᠂ ᠭᠤᠤᠯᠳᠠᠯᠭ᠎ᠠ᠎ᠲᠠᠢ ᠠᠵᠢᠯ᠎ᠢ ᠲᠡᠮᠵᠢᠬᠦ ᠲᠠᠯ᠎ᠠ᠎ᠪᠠᠷ ᠶᠠᠮᠠᠷ ᠪᠤᠳᠠᠳᠠᠢ ᠠᠷᠭ᠎ᠠ ᠬᠡᠮᠵᠢᠶ᠎ᠠ ᠠᠪᠴᠤ ᠪᠠᠢᠬᠤ ᠪᠤᠢ ︖
ᠶᠠᠨ ᠯᠢᠨ ᠱᠧᠩ ᠄ ᠤᠳᠤᠬᠠᠨ᠎ᠳ᠋ᠤ ᠂ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ ᠺᠤᠮᠫᠠᠨᠢ ᠤᠳᠤ ᠶᠠᠬ ᠰᠠᠢᠬᠠᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠂ ᠵᠠᠰᠠᠬ᠎ᠤᠨ ᠤᠷᠳᠤᠨ᠎ᠤ ᠰᠢᠢᠳᠪᠦᠷᠢᠳᠤ ᠪᠤᠳᠤᠯᠭ᠎ᠠ᠎ᠶᠢᠨ ᠪᠠᠢᠷᠢᠯᠠᠭᠤᠯᠤᠯᠳᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠦ ᠂ ᠤᠯᠤᠰ᠎ᠤᠨ ᠦᠮᠴᠢᠯᠡᠯ᠎ᠤᠨ ᠠᠵᠦ ᠠᠬᠤᠢᠯᠠᠯ᠎ᠤᠨ ᠤᠯᠤᠰ ᠲᠦᠷᠦ᠎ᠶᠢᠨ ᠬᠠᠷᠢᠭᠤᠴᠠᠯᠭ᠎ᠠ ᠂ ᠠᠵᠦ ᠠᠬᠤᠢ᠎ᠶᠢᠨ ᠬᠠᠷᠢᠭᠤᠴᠠᠯᠭ᠎ᠠ ᠪᠠ ᠨᠡᠢᠬᠡᠮ᠎ᠤᠨ ᠬᠠᠷᠢᠭᠤᠴᠠᠯᠭ᠎ᠠ᠎ᠶᠢ ᠤᠬᠠᠮᠰᠠᠷ᠎ᠡᠴᠠ᠎ᠪᠠᠨ ᠦᠢᠯᠡᠳᠦᠯᠬᠡᠵᠢᠬᠦᠯᠵᠦ ᠂ ᠭᠤᠤᠯᠳᠠᠯᠭ᠎ᠠ᠎ᠲᠠᠢ ᠠᠷᠭ᠎ᠠ ᠬᠡᠮᠵᠢᠶ᠎ᠠ᠎ᠨᠦᠭᠦᠳ᠎ᠢ ᠦᠳᠳᠡᠷ ᠲᠦᠷᠭᠡᠨ ᠪᠠᠢᠷᠢᠯᠠᠭᠤᠯᠵᠤ ᠂ ᠦᠪᠡᠷᠳᠡᠬᠡᠨ ᠵᠠᠰᠠᠬᠤ ᠤᠷᠤᠨ᠎ᠤ ᠠᠵᠦ ᠠᠬᠤᠢ᠎ᠶᠢᠨ ᠲᠤᠭᠳᠠᠭᠤᠨ ᠡᠷᠬᠢᠯᠳᠡ᠎ᠶᠢ ᠪᠠᠳᠤᠯᠠᠵᠦ ᠪᠠᠢᠨ᠎ᠠ ᠃
ᠨᠢᠬᠡ ᠳ᠋ᠤ ᠂ ᠦᠪᠡᠷᠳᠡᠬᠡᠨ ᠵᠠᠰᠠᠬᠤ ᠤᠷᠤᠨ᠎ᠤ ᠭᠤᠷᠪᠠᠨ ᠶᠡᠬᠡ ᠪᠤᠭᠤᠮᠳᠠ ᠰᠢᠪᠲᠤᠯᠬᠤ ᠲᠠᠢᠯᠠᠯᠳᠤᠭᠠᠨ᠎ᠢ ᠰᠠᠢᠳᠤᠷ ᠬᠢᠬᠦ᠎ᠳ᠋ᠤ ᠦᠢᠯᠡᠴᠢᠯᠡᠵᠦ ᠂ ᠪᠦᠬᠦ ᠵᠢᠯ᠎ᠤᠨ ᠴᠠᠬᠢᠯᠭᠠᠨ ᠲᠤᠤᠷ᠎ᠤᠨ ᠪᠦᠲᠦᠬᠡᠨ ᠪᠠᠢᠭᠤᠯᠤᠯᠳᠠ᠎ᠳ᠋ᠤ ᠪᠡᠯᠡ ᠤᠷᠤᠭᠤᠯᠬᠤ ᠬᠦᠴᠦᠯᠡᠴᠡ᠎ᠪᠠᠨ ᠨᠡᠮᠡᠭᠳᠡᠬᠦᠯᠦᠨ᠎ᠠ ᠃ ᠲᠤᠬᠳᠠᠬᠤ ᠂ ᠦᠬᠠᠢ᠎ᠶᠢᠨ ᠤᠳᠠ᠎ᠶᠢᠨ ᠬᠤᠢᠳᠤ ᠭᠡᠰᠡᠭ ᠂ ᠤᠯᠠᠭᠠᠨᠴᠠᠪ᠎ᠤᠨ ᠵᠢᠤᠢ ᠪᠤᠤ ᠵᠤᠧᠠᠩ᠎ᠤᠨ 500 ᠺᠢᠯᠤᠸᠤᠯᠲ᠎ᠤᠨ ᠬᠦᠴᠦᠳᠡᠯ ᠬᠤᠪᠢᠰᠬᠠᠬᠤ ᠪᠠᠷᠢᠯᠭ᠎ᠠ᠎ᠶᠢ ᠠᠬᠢᠭᠤᠯᠤᠨ ᠂ ᠬᠦᠬᠡᠬᠤᠳᠠ᠎ᠶᠢᠨ ᠢᠤᠢᠴᠢᠤᠧᠠᠨ ᠂ ᠱᠧᠩᠯᠢ ᠂ ᠤᠯᠠᠭᠠᠨᠴᠠᠪ᠎ᠤᠨ ᠬᠤᠩ ᠬᠠᠢ᠎ᠶᠢᠨ 220 ᠺᠢᠯᠤᠸᠤᠯᠲ᠎ᠤᠨ ᠬᠦᠴᠦᠳᠡᠯ ᠬᠤᠪᠢᠰᠬᠠᠬᠤ ᠪᠠᠷᠢᠯᠭ᠎ᠠ ᠵᠡᠷᠬᠡ ᠲᠦᠷᠦᠯ ᠵᠦᠢᠯ᠎ᠤᠨ ᠪᠠᠷᠢᠯᠭ᠎ᠠ᠎ᠶᠢ ᠡᠷᠳᠡᠬᠡᠨ ᠰᠡᠷᠬᠦᠬᠡᠨ ᠂ 22.16 ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠤᠯᠳᠠ᠎ᠶᠢ ᠨᠠᠢᠳᠠᠪᠤᠷᠢᠵᠢᠭᠤᠯᠤᠨ᠎ᠠ ᠃ ᠤᠷᠳᠤᠰ᠎ᠤᠨ ᠦᠦᠰᠢᠨ ᠂ ᠤᠯᠠᠭᠠᠨᠴᠠᠪ᠎ᠤᠨ ᠪᠦ᠋ ᠴᠢᠩ ᠶᠦᠨ ᠵᠡᠷᠬᠡ 500 ᠺᠢᠯᠤᠸᠤᠯᠲ᠎ᠤᠨ ᠬᠦᠴᠦᠳᠡᠯ ᠬᠤᠪᠢᠰᠬᠠᠬᠤ ᠪᠠᠷᠢᠯᠭ᠎ᠠ ᠂ ᠤᠳᠤᠬ ᠂ ᠵᠢᠨᠢᠩ᠎ᠤᠨ ᠵᠡᠬᠦᠨ ᠵᠡᠷᠬᠡ 220 ᠺᠢᠯᠤᠸᠤᠯᠲ᠎ᠤᠨ ᠬᠦᠴᠦᠳᠡᠯ ᠬᠤᠪᠢᠰᠬᠠᠬᠤ ᠪᠠᠷᠢᠯᠭ᠎ᠠ ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ᠎ᠤ ᠬᠦᠳᠡᠬᠡ ᠲᠤᠰᠬᠤᠨ᠎ᠤ ᠴᠠᠬᠢᠯᠭᠠᠨ ᠲᠤᠤᠷ᠎ᠢ ᠦᠬᠡᠷᠡᠴᠢᠯᠡᠨ ᠲᠡᠰ ᠲᠡᠪᠰᠢᠬᠦᠯᠬᠦ ᠂ ᠬᠢᠯᠢ᠎ᠶᠢᠨ ᠬᠠᠮᠠᠭᠠᠯᠠᠯᠳᠠ᠎ᠶᠢᠨ ᠴᠡᠷᠢᠭ ᠠᠩᠬᠢ᠎ᠳ᠋ᠤ ᠴᠠᠬᠢᠯᠭᠠᠨ ᠨᠡᠪᠲᠡᠷᠡᠬᠦᠯᠬᠦ ᠪᠠᠷᠢᠯᠭ᠎ᠠ ᠂ ᠬᠢᠯᠢ ᠬᠠᠪᠢ᠎ᠶᠢᠨ ᠭᠠᠴᠠᠭ᠎ᠠ ᠲᠤᠰᠬᠤᠨ᠎ᠤ ᠴᠠᠬᠢᠯᠭᠠᠨ ᠲᠤᠤᠷ᠎ᠢ ᠦᠬᠡᠷᠡᠴᠢᠯᠡᠨ ᠲᠡᠰ ᠲᠡᠪᠰᠢᠬᠦᠯᠬᠦ ᠵᠡᠷᠬᠡ ᠡᠨᠡ ᠵᠢᠯ ᠰᠢᠨ᠎ᠠ᠎ᠪᠠᠷ ᠪᠠᠷᠢᠯᠭ᠎ᠠ ᠡᠬᠢᠯᠡᠬᠦᠯᠬᠦ ᠲᠦᠷᠦᠯ ᠵᠦᠢᠯ᠎ᠤᠳ᠎ᠤᠨ ᠪᠠᠷᠢᠯᠭ᠎ᠠ ᠡᠬᠢᠯᠡᠬᠦᠯᠬᠦ ᠪᠡᠯᠡᠳᠬᠡᠯ᠎ᠢ ᠦᠳᠳᠡᠷ ᠲᠦᠷᠭᠡᠨ ᠰᠠᠢᠳᠤᠷ ᠬᠢᠵᠦ ᠂ 33.51 ᠳ᠋ᠦᠩᠰᠢᠭᠤᠷ ᠲᠦᠬᠦᠷᠢᠭ᠎ᠤᠨ ᠪᠡᠯᠡ ᠤᠷᠤᠭᠤᠯᠤᠯᠳᠠ᠎ᠶᠢ ᠲᠤᠬᠢᠷᠠᠭᠤᠯᠤᠨ᠎ᠠ ᠃ ᠦᠪᠡᠷᠳᠡᠬᠡᠨ ᠵᠠᠰᠠᠬᠤ ᠤᠷᠤᠨ᠎ᠤ ᠴᠢᠬᠤᠯᠠ ᠶᠡᠬᠡ ᠲᠦᠷᠦᠯ ᠵᠦᠢᠯ ᠂ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳ᠋ᠤ ᠬᠤᠯᠪᠤᠬᠳᠠᠬᠰᠠᠨ ᠢᠵᠢ ᠪᠦᠷᠢᠳᠦᠬᠦᠯᠬᠦ ᠴᠠᠬᠢᠯᠭᠠᠨ ᠬᠠᠩᠭᠠᠬᠤ ᠪᠠᠷᠢᠯᠭ᠎ᠠ᠎ᠶᠢ ᠲᠤᠭᠳᠠᠬᠰᠠᠨ ᠬᠤᠭᠤᠴᠠᠭᠠᠨ᠎ᠳ᠋ᠤ ᠠᠰᠢᠬᠯᠠᠯᠳᠠ᠎ᠳ᠋ᠤ ᠤᠷᠤᠭᠤᠯᠬᠤ᠎ᠶᠢ ᠪᠦᠬᠦ ᠬᠦᠴᠦᠨ᠎ᠢᠶᠠᠷ᠎ᠢᠶᠡᠨ ᠪᠠᠳᠤᠯᠠᠨ ᠂ ᠪᠦᠬᠦ ᠵᠢᠯ᠎ᠳ᠋ᠤ ᠴᠠᠬᠢᠯᠭᠠᠨ ᠲᠤᠤᠷ᠎ᠤᠨ ᠪᠦᠲᠦᠬᠡᠨ ᠪᠠᠢᠭᠤᠯᠤᠯᠳᠠ᠎ᠳ᠋ᠤ ᠪᠡᠯᠡ ᠤᠷᠤᠭᠤᠯᠬᠤ ᠬᠡᠪᠴᠢᠶᠡᠵᠢᠯ᠎ᠢ 150 ᠳ᠋ᠦᠩᠰᠢᠭᠤᠷ ᠲᠦᠬᠦᠷᠢᠭ᠎ᠲᠤ ᠬᠦᠷᠬᠡᠬᠦ᠎ᠶᠢ ᠪᠠᠳᠤᠯᠠᠨ ᠂ ᠴᠠᠬᠢᠯᠭᠠᠨ ᠲᠤᠤᠷ᠎ᠤᠨ ᠪᠡᠯᠡ ᠤᠷᠤᠭᠤᠯᠤᠯᠳᠠ᠎ᠶᠢᠨ ᠬᠦᠲᠦᠯᠦᠨ ᠲᠠᠭᠠᠭᠤᠯᠬᠤ ᠦᠢᠯᠡᠳᠦᠯ᠎ᠢ ᠬᠦᠢᠴᠡᠳ ᠪᠠᠳᠠᠷᠠᠭᠤᠯᠤᠨ ᠂ ᠲᠡᠭᠡᠳᠤ ᠲᠤᠤᠷᠠᠳᠤ ᠠᠵᠦ ᠦᠢᠯᠡᠰ᠎ᠤᠨ ᠠᠵᠢᠯ᠎ᠢ ᠡᠬᠢᠯᠡᠬᠦᠯᠦᠨ ᠦᠢᠯᠡᠳᠪᠦᠷᠢᠯᠡᠯ᠎ᠢ ᠰᠡᠷᠬᠦᠬᠡᠬᠦ᠎ᠶᠢ ᠲᠠᠢᠴᠢᠯᠠᠨ᠎ᠠ ᠃
ᠬᠤᠶᠠᠷ᠎ᠲᠤ ᠂ ᠤᠯᠤᠰ ᠪᠠ ᠦᠪᠡᠷᠳᠡᠬᠡᠨ ᠵᠠᠰᠠᠬᠤ ᠤᠷᠤᠨ᠎ᠤ ᠴᠠᠬᠢᠯᠭᠠᠨ᠎ᠤ ᠦᠨ᠎ᠠ ᠬᠠᠩᠰᠢ᠎ᠶᠢᠨ ᠬᠠᠮᠢᠶ᠎ᠠ ᠪᠦᠬᠦᠢ ᠲᠦᠷᠦ᠎ᠶᠢᠨ ᠪᠤᠳᠤᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠤᠨ ᠂ ᠴᠠᠬᠢᠯᠭᠠᠨ ᠬᠦᠴᠦᠨ᠎ᠤ ᠤᠯᠠᠨ ᠲᠠᠯᠠᠳᠤ ᠠᠷᠠᠯᠵᠢᠶᠠᠨ᠎ᠤ ᠲᠤᠬᠳᠠᠴᠠ᠎ᠶᠢ ᠲᠡᠬᠦᠯᠳᠡᠷᠵᠢᠬᠦᠯᠦᠨ ᠂ ᠲᠤᠮᠳᠠ ᠤᠷᠳᠤ ᠬᠤᠭᠤᠴᠠᠭᠠᠨ᠎ᠤ ᠠᠷᠠᠯᠵᠢᠶᠠᠨ᠎ᠤ ᠵᠠᠬ᠎ᠠ ᠲᠡᠯᠬᠡᠬᠦᠷ᠎ᠢ ᠰᠢᠯᠢᠳᠡᠭᠵᠢᠬᠦᠯᠦᠨ ᠂ ᠴᠠᠬᠢᠯᠭᠠᠨ᠎ᠤ ᠦᠨ᠎ᠠ ᠬᠠᠩᠰᠢ ᠲᠤᠤᠷ᠎ᠠ ᠲᠠᠪᠠᠭᠤᠯᠢᠬ᠎ᠢᠶᠡᠨ ᠪᠡᠭᠢᠵᠢᠬᠦᠯᠬᠦ ᠪᠠ ᠦᠷᠬᠦᠯᠵᠢᠯᠡᠨ ᠪᠠᠳᠠᠷᠠᠭᠤᠯᠵᠦ ᠂ ᠴᠠᠬᠢᠯᠭᠠᠨ᠎ᠤ ᠦᠨ᠎ᠠ ᠬᠠᠩᠰᠢ ᠲᠤᠤᠷ᠎ᠠ ᠦᠪᠡᠷ᠎ᠤᠨ ᠦᠷᠳᠡᠭ᠎ᠤᠨ ᠲᠠᠪᠠᠭᠤᠯᠢᠬ᠎ᠢᠶᠡᠨ ᠬᠦᠢᠴᠡᠳ ᠠᠰᠢᠬᠯᠠᠵᠦ ᠂ ᠰᠢᠨ᠎ᠠ᠎ᠪᠠᠷ ᠮᠠᠨᠳᠤᠬᠰᠠᠨ ᠠᠵᠦ ᠦᠢᠯᠡᠰ ᠂ ᠲᠡᠬᠡᠳᠤ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠂ ᠦᠷ᠎ᠠ ᠠᠰᠢᠬ ᠦᠨᠳᠦᠷ ᠂ ᠡᠨᠧᠷᠬᠢ᠎ᠶᠢᠨ ᠬᠤᠷᠤᠬᠳᠠᠯ᠎ᠢᠶᠠᠷ ᠪᠠᠭ᠎ᠠ ᠠᠵᠦ ᠦᠢᠯᠡᠰ᠎ᠤᠨ ᠲᠦᠷᠦᠯ ᠵᠦᠢᠯ᠎ᠤᠨ ᠮᠠᠨ᠎ᠤ ᠤᠷᠤᠨ᠎ᠳ᠋ᠤ ᠨᠤᠳᠤᠬᠰᠢᠬᠤ᠎ᠶᠢ ᠲᠡᠮᠵᠢᠨ᠎ᠠ ᠃ ᠴᠠᠬᠢᠯᠭᠠᠨ ᠬᠦᠴᠦᠨ᠎ᠤ ᠪᠡᠯᠡᠨ ᠪᠠᠷᠠᠭᠠᠨ᠎ᠤ ᠠᠷᠠᠯᠵᠢᠶᠠᠨ᠎ᠤ ᠲᠤᠷᠰᠢᠯᠳᠠ᠎ᠶᠢᠨ ᠴᠡᠭ᠎ᠤᠨ ᠡᠬᠦᠷᠬᠡ᠎ᠶᠢ ᠢᠳᠡᠪᠬᠢᠳᠡᠢ ᠨᠠᠢᠳᠠᠪᠤᠷᠢᠵᠢᠭᠤᠯᠤᠨ ᠂ ᠬᠠᠮᠢᠶ᠎ᠠ ᠪᠦᠬᠦᠢ ᠲᠡᠮᠵᠢᠯᠬᠡ᠎ᠶᠢᠨ ᠰᠢᠰᠲ᠋ᠧᠮ᠎ᠤᠨ ᠪᠦᠲᠦᠬᠡᠨ ᠪᠠᠢᠭᠤᠯᠤᠯᠳᠠ᠎ᠶᠢ ᠲᠡᠬᠦᠯᠳᠡᠷᠵᠢᠬᠦᠯᠦᠨ ᠂ ᠴᠠᠬᠢᠯᠭᠠᠨ ᠬᠦᠴᠦᠨ᠎ᠤ ᠪᠡᠯᠡᠨ ᠪᠠᠷᠠᠭᠠᠨ᠎ᠤ ᠠᠷᠠᠯᠵᠢᠶᠠᠨ᠎ᠤ ᠲᠠᠰᠤᠯᠤᠨ ᠪᠤᠳᠤᠵᠦ ᠲᠤᠷᠰᠢᠨ ᠠᠵᠢᠯᠯᠠᠬᠤ᠎ᠶᠢ ᠲᠤᠬᠳᠠᠭᠰᠠᠨ ᠬᠤᠭᠤᠴᠠᠭᠠᠨ᠎ᠳ᠋ᠤ ᠪᠡᠶᠡᠯᠡᠬᠦᠯᠦᠨ᠎ᠠ ᠃ ᠠᠵᠦ ᠦᠢᠯᠡᠳᠪᠦᠷᠢ᠎ᠶᠢᠨ ᠬᠦᠷᠢᠶᠡᠯᠡᠩ ᠲᠤᠭᠤᠷᠢᠬ᠎ᠲᠤ ᠴᠠᠬᠢᠯᠭᠠᠨ ᠨᠡᠮᠡᠨ ᠲᠤᠬᠢᠷᠠᠭᠤᠯᠬᠤ ᠲᠤᠷᠰᠢᠯᠳᠠ᠎ᠶᠢᠨ ᠴᠡᠭ᠎ᠤᠨ ᠦᠬᠡᠷᠡᠴᠢᠯᠡᠯᠳᠡ᠎ᠳ᠋ᠤ ᠦᠷᠬᠦᠯᠵᠢᠯᠡᠨ ᠢᠳᠡᠪᠬᠢᠳᠡᠢ ᠤᠷᠤᠯᠴᠠᠬᠤ ᠪᠠ ᠶᠡᠬᠡ ᠬᠦᠴᠦᠨ᠎ᠢᠶᠠᠷ ᠲᠡᠮᠵᠢᠵᠦ ᠂ ᠬᠦᠷᠢᠶᠡᠯᠡᠩ ᠲᠤᠭᠤᠷᠢᠬ᠎ᠤᠨ ᠠᠵᠦ ᠦᠢᠯᠡᠳᠪᠦᠷᠢ᠎ᠶᠢᠨ ᠠᠵᠦ ᠠᠬᠤᠢᠯᠠᠯ᠎ᠤᠨ ᠠᠮᠢᠵᠢᠷᠠᠯ᠎ᠤᠨ ᠬᠦᠴᠦᠨ᠎ᠢ ᠬᠦᠭᠵᠢᠬᠡᠨ ᠪᠠᠳᠠᠷᠠᠭᠠᠵᠦ ᠂ ᠭᠤᠤᠯᠳᠠᠯᠭ᠎ᠠ᠎ᠲᠠᠢ ᠬᠦᠷᠢᠶᠡᠯᠡᠩ ᠲᠤᠭᠤᠷᠢᠬ᠎ᠤᠨ ᠠᠯᠢ ᠲᠦᠷᠬᠡᠨ᠎ᠢᠶᠠᠷ ᠠᠵᠢᠯ᠎ᠢᠶᠡᠨ ᠡᠬᠢᠯᠡᠬᠦᠯᠦᠨ ᠦᠢᠯᠡᠳᠪᠦᠷᠢᠯᠡᠯ᠎ᠢᠶᠡᠨ ᠰᠡᠷᠬᠦᠬᠡᠬᠦ᠎ᠶᠢ ᠲᠡᠮᠵᠢᠵᠦ ᠂ ᠰᠢᠨ᠎ᠠ᠎ᠪᠠᠷ ᠨᠡᠮᠡᠭᠳᠡᠬᠦ ᠦᠢᠯᠡᠳᠪᠦᠷᠢᠯᠡᠯ᠎ᠤᠨ ᠴᠢᠳᠠᠪᠤᠷᠢ᠎ᠶᠢ ᠠᠯᠢ ᠲᠦᠷᠬᠡᠨ᠎ᠢᠶᠠᠷ ᠠᠰᠢᠬᠯᠠᠯᠳᠠ᠎ᠳ᠋ᠤ ᠤᠷᠤᠭᠤᠯᠬᠤ᠎ᠪᠠᠷ ᠴᠢᠷᠮᠠᠢᠨ᠎ᠠ ᠃

ᠰᠤᠷᠪᠤᠯᠵᠢᠯᠠᠬᠴᠢ ᠄ ᠡᠨᠡ ᠤᠳᠠᠭ᠎ᠠ᠎ᠶᠢᠨ ᠬᠢᠵᠢᠭ᠎ᠤᠨ ᠪᠠᠢᠳᠠᠯ᠎ᠨᠢ ᠲᠤᠮᠳᠠ ᠪᠠᠭ᠎ᠠ ᠠᠵᠦ ᠠᠬᠤᠢᠯᠠᠯ᠎ᠳ᠋ᠤ ᠨᠡᠯᠢᠶᠡᠳ ᠶᠡᠬᠡ ᠲᠠᠭᠠᠷᠢᠯᠳᠠ ᠪᠤᠯᠵᠠᠢ ᠂ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ ᠺᠤᠮᠫᠠᠨᠢ ᠲᠤᠮᠳᠠ ᠪᠠᠭ᠎ᠠ ᠠᠵᠦ ᠠᠬᠤᠢᠯᠠᠯ᠎ᠤᠨ ᠬᠦᠭᠵᠢᠯᠳᠡ᠎ᠶᠢ ᠲᠡᠮᠵᠢᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠠ ᠠᠪᠤᠬᠰᠠᠨ ᠪᠤᠢ ︖
ᠶᠠᠨ ᠯᠢᠨ ᠱᠧᠩ ᠄ ᠬᠢᠵᠢᠭ᠎ᠤᠨ ᠪᠠᠢᠳᠠᠯ ᠭᠠᠷᠤᠭᠰᠠᠨ᠎ᠡᠴᠠ ᠨᠠᠭᠠᠰᠢ ᠂ ᠺᠤᠮᠫᠠᠨᠢ᠎ᠡᠴᠠ ᠴᠠᠬᠢᠯᠭᠠᠨ᠎ᠢ ᠪᠠᠳᠤᠯᠠᠬᠤ ᠲᠦᠰᠦᠯ ᠪᠠ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢᠶᠡᠨ ᠴᠢᠨᠠᠬᠰᠢᠳᠠ ᠲᠡᠬᠦᠯᠳᠡᠷᠵᠢᠬᠦᠯᠵᠦ ᠂ ᠴᠠᠬᠢᠯᠭᠠᠨ ᠲᠤᠤᠷ᠎ᠤᠨ ᠠᠵᠢᠯᠯᠠᠭᠠᠨ᠎ᠤ ᠠᠷᠭ᠎ᠠ ᠬᠡᠯᠪᠡᠷᠢ᠎ᠶᠢ ᠰᠢᠯᠢᠳᠡᠭᠵᠢᠬᠦᠯᠵᠦ ᠂ ᠴᠠᠬᠢᠯᠭᠠᠨ ᠲᠤᠤᠷ᠎ᠤᠨ ᠠᠵᠢᠯᠯᠠᠭᠠᠨ ᠠᠮᠤᠷ ᠲᠦᠪᠰᠢᠨ ᠲᠤᠭᠳᠠᠭᠤᠨ ᠪᠠᠢᠵᠦ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠤᠷᠢᠬᠯᠠᠯᠳᠠ᠎ᠶᠢᠨ ᠳᠠᠢᠯᠠᠯᠳᠤᠭᠠᠨ᠎ᠳ᠋ᠤ ᠴᠠᠬᠢᠯᠭᠠᠨ ᠬᠦᠴᠦᠨ᠎ᠤ ᠪᠠᠳᠤᠯᠠᠭ᠎ᠠ ᠬᠠᠩᠭᠠᠵᠠᠢ ᠃ ᠬᠠᠷᠢᠶ᠎ᠠ ᠴᠠᠬᠢᠯᠭᠠᠨ ᠬᠠᠩᠭᠠᠬᠤ ᠡᠯ᠎ᠠ ᠨᠢᠬᠡᠴᠢ 24 ᠴᠠᠭ᠎ᠢᠶᠠᠷ ᠬᠠᠷᠢᠯᠴᠠᠵᠦ ᠨᠡᠪᠲᠡᠷᠡᠯᠴᠡᠬᠦ ᠲᠤᠬᠳᠠᠴᠠ᠎ᠶᠢ ᠪᠠᠢᠭᠤᠯᠵᠦ ᠂ ᠴᠠᠬᠢᠯᠭᠠᠨ ᠬᠡᠷᠡᠭᠯᠡᠭᠦ ᠭᠤᠤᠯᠳᠡᠯᠭ᠎ᠠ᠎ᠲᠠᠢ ᠡᠷᠦᠬᠡ᠎ᠶᠢᠨ ᠴᠠᠬᠢᠯᠭᠠᠨ ᠲᠠᠰᠤᠷᠠᠬᠤ ᠵᠡᠷᠬᠡ ᠰᠠᠭᠠᠳ ᠭᠠᠷᠬᠤ᠎ᠳ᠋ᠤ ᠬᠦᠷᠪᠡᠯ ᠂ ᠬᠠᠮᠤᠬ᠎ᠤᠨ ᠲᠦᠷᠬᠡᠨ᠎ᠢᠶᠠᠷ ᠴᠠᠬ᠎ᠢ ᠵᠠᠪᠳᠤᠵᠦ ᠰᠡᠯᠪᠢᠵᠦ ᠵᠠᠰᠠᠬᠤ ᠪᠠ ᠲᠤᠰᠠᠯᠠᠮᠵᠢ ᠦᠵᠡᠬᠦᠯᠦᠨ᠎ᠠ ᠃ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠴᠠᠬᠢᠯᠭᠠᠨ ᠬᠡᠷᠡᠭᠯᠡᠭᠦ ᠭᠤᠤᠯᠳᠡᠯᠭ᠎ᠠ᠎ᠲᠠᠢ ᠡᠷᠦᠬᠡ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠᠴᠢᠮ ᠪᠠᠢᠳᠠᠯ᠎ᠢ ᠠᠷᠭᠠᠴᠠᠭᠠᠬᠤ ᠪᠠᠳᠤᠯᠠᠭ᠎ᠠ᠎ᠶᠢᠨ ᠡᠳ᠋ ᠪᠤᠳᠠᠰ ᠦᠢᠯᠡᠳᠪᠦᠷᠢᠯᠡᠬᠦ ᠰᠢᠨ᠎ᠠ᠎ᠪᠠᠷ ᠡᠷᠬᠢᠯᠡᠭᠰᠡᠨ ᠠᠵᠦ ᠠᠬᠤᠢᠯᠠᠯ ᠪᠠ ᠦᠢᠯᠡᠳᠪᠦᠷᠢᠯᠡᠯ᠎ᠤᠨ ᠴᠢᠳᠠᠪᠤᠷᠢ᠎ᠪᠠᠨ ᠦᠷᠬᠡᠳᠭᠡᠭᠰᠡᠨ ᠠᠵᠦ ᠠᠬᠤᠢᠯᠠᠯ᠎ᠳ᠋ᠤ ᠂ ᠺᠤᠮᠫᠠᠨᠢ᠎ᠡᠴᠠ ᠴᠠᠬᠢᠯᠭᠠᠨ᠎ᠤ ᠭᠠᠷᠳᠠᠮ ᠬᠦᠢᠴᠡᠳᠬᠡᠬᠦ ᠰᠠᠭᠠᠳ ᠦᠬᠡᠢ ᠨᠡᠪᠲᠡᠷᠡᠬᠦ ᠵᠠᠮ ᠨᠡᠬᠡᠬᠡᠵᠦ ᠂ ᠪᠠᠭᠳᠠᠭᠠᠮᠵᠢ᠎ᠶᠢᠨ ᠬᠢᠵᠠᠭᠠᠷᠯᠠᠯ ᠬᠢᠬᠦ ᠦᠬᠡᠢ ᠂ ᠬᠦᠷᠴᠤ ᠤᠴᠢᠬᠤ ᠦᠬᠡᠢ ᠂ ᠬᠢᠨᠠᠨ ᠵᠦᠪᠰᠢᠶᠡᠷᠡᠬᠦ ᠦᠬᠡᠢ ᠂ ᠪᠡᠯᠡ ᠤᠷᠤᠭᠤᠯᠬᠤ ᠦᠬᠡᠢ ᠦᠢᠯᠡᠴᠢᠯᠡᠬᠡ᠎ᠶᠢ ᠬᠡᠷᠡᠭᠵᠢᠬᠦᠯᠪᠡ ᠃ ᠬᠦᠢᠯᠬᠡᠬᠡᠨ᠎ᠤ ᠪᠡᠯᠡ ᠮᠦᠩᠬᠦ ᠪᠠᠴᠢᠮ ᠂ ᠰᠦᠢᠳᠬᠡᠯ ᠬᠤᠷᠢᠶᠠᠬᠤ᠎ᠳ᠋ᠤ ᠬᠦᠴᠢᠷᠳᠡᠯ᠎ᠲᠠᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠯᠠᠯ ᠵᠢᠴᠢ ᠬᠢᠵᠢᠭ᠎ᠤᠨ ᠪᠠᠢᠳᠠᠯ᠎ᠤᠨ ᠨᠦᠯᠦᠬᠡ᠎ᠡᠴᠠ ᠪᠤᠯᠵᠦ ᠡᠵᠡᠩᠨᠡᠯᠳᠡ᠎ᠨᠢ ᠬᠦᠴᠢᠷᠳᠡᠯ᠎ᠳ᠋ᠤ ᠲᠤᠯᠭᠠᠷᠠᠬᠰᠠᠨ ᠲᠤᠮᠳᠠ ᠪᠠᠭ᠎ᠠ ᠠᠵᠦ ᠠᠬᠤᠢᠯᠠᠯ᠎ᠳ᠋ᠤ ᠴᠠᠬᠢᠯᠭᠠᠨ᠎ᠤ ᠰᠦᠢᠳᠬᠡᠯ᠎ᠢ ᠦᠷᠢᠳᠦᠭᠰᠡᠨ ᠴᠤ ᠴᠠᠬᠢᠯᠭᠠᠨ᠎ᠢ ᠲᠠᠰᠤᠯᠬᠤ ᠦᠬᠡᠢ ᠠᠷᠭ᠎ᠠ ᠬᠡᠮᠵᠢᠶ᠎ᠠ ᠠᠪᠴᠤ ᠂ ᠬᠢᠵᠢᠭ᠎ᠤᠨ ᠪᠠᠢᠳᠠᠯ ᠦᠩᠬᠡᠷᠡᠭᠰᠡᠨ᠎ᠤ ᠲᠠᠷᠠᠭ᠎ᠠ 3 ᠰᠠᠷ᠎ᠠ᠎ᠶᠢᠨ ᠲᠤᠳᠤᠷ᠎ᠠ ᠴᠠᠬᠢᠯᠭᠠᠨ᠎ᠤ ᠰᠦᠢᠳᠬᠡᠯ᠎ᠢᠶᠡᠨ ᠨᠦᠬᠦᠵᠦ ᠲᠤᠰᠢᠶᠠᠨ ᠂ ᠬᠡᠷ᠎ᠠ᠎ᠡᠴᠠ ᠵᠦᠷᠢᠴᠡᠭᠰᠡᠨ ᠮᠦᠩᠬᠦ ᠪᠤᠳᠤᠬᠤ ᠦᠬᠡᠢ ᠬᠡᠵᠦ ᠲᠤᠬᠳᠠᠪᠠ ᠃
ᠬᠠᠮᠳᠤ᠎ᠳ᠋ᠤᠨᠢ ᠂ ᠠᠵᠦ ᠠᠬᠤᠢᠯᠠᠯ᠎ᠤᠨ ᠴᠠᠬᠢᠯᠭᠠᠨ ᠬᠡᠷᠡᠭᠯᠡᠬᠦ ᠦᠪᠡᠷ᠎ᠤᠨ ᠦᠷᠳᠡᠭ᠎ᠢ ᠴᠢᠷᠮᠠᠢᠨ ᠪᠠᠭᠤᠷᠠᠭᠤᠯᠵᠦ ᠂ ᠲᠤᠮᠳᠠ ᠪᠠᠭ᠎ᠠ ᠠᠵᠦ ᠠᠬᠤᠢᠯᠠᠯ᠎ᠤᠨ ᠬᠦᠭᠵᠢᠯᠳᠡ᠎ᠶᠢ ᠪᠦᠬᠦ ᠬᠦᠴᠦᠨ᠎ᠢᠶᠠᠷ᠎ᠢᠶᠡᠨ ᠲᠡᠮᠵᠢᠵᠦ ᠪᠠᠢᠨ᠎ᠠ ᠃ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠤᠭᠤᠴᠠᠭᠠᠨ᠎ᠳ᠋ᠤ ᠬᠡᠪ᠎ᠤᠨ ᠶᠤᠰᠤᠭᠠᠷ ᠠᠵᠢᠯ᠎ᠢᠶᠡᠨ ᠡᠬᠢᠯᠡᠬᠦᠯᠦᠨ ᠦᠢᠯᠡᠳᠪᠦᠷᠢᠯᠡᠯ᠎ᠢᠶᠡᠨ ᠰᠡᠷᠬᠦᠬᠡᠵᠦ ᠲᠦᠷ ᠲᠡᠢᠯᠬᠦ ᠦᠬᠡᠢ ᠠᠵᠦ ᠠᠬᠤᠢᠯᠠᠯ᠎ᠳ᠋ᠤ ᠂ ᠦᠨᠳᠦᠰᠦᠨ ᠴᠠᠬᠢᠯᠭᠠᠨ᠎ᠤ ᠦᠨ᠎ᠠ ᠬᠠᠩᠰᠢ᠎ᠶᠢᠨ ᠰᠦᠢᠳᠬᠡᠯ᠎ᠢ ᠪᠤᠳᠤᠬᠤ ᠠᠷᠭ᠎ᠠ ᠬᠡᠯᠪᠡᠷᠢ᠎ᠶᠢ ᠬᠤᠪᠢᠷᠠᠭᠤᠯᠬᠤ ᠤᠷᠴᠢᠯ ᠬᠤᠭᠤᠴᠠᠭ᠎ᠠ ᠪᠠ ᠪᠠᠬᠳᠠᠭᠠᠮᠵᠢ᠎ᠪᠠᠨ ᠪᠠᠭᠠᠰᠬᠠᠬᠰᠠᠨ ︵ ᠲᠦᠷ ᠵᠤᠬᠰᠤᠬᠰᠠᠨ ︶ ᠴᠠᠬ᠎ᠤᠨ ᠬᠢᠵᠠᠭᠠᠷᠯᠠᠯ᠎ᠢ ᠠᠭᠤᠵᠢᠭᠤ ᠲᠠᠯᠪᠢᠨ᠎ᠠ ᠬᠡᠵᠦ ᠲᠤᠬᠳᠠᠪᠠ ᠃ ᠦᠨᠳᠦᠰᠦᠨ ᠴᠠᠬᠢᠯᠭᠠᠨ᠎ᠤ ᠰᠦᠢᠳᠬᠡᠯ᠎ᠢ ᠬᠤᠪᠢᠷᠠᠭᠤᠯᠬᠤ ᠲᠤᠬᠠᠢᠯᠠᠬᠰᠠᠨ ᠠᠵᠢᠯ᠎ᠳ᠋ᠤ ︽ ᠲᠤᠬᠠᠢ᠎ᠶᠢᠨ ᠡᠳᠦᠷ᠎ᠲᠤᠨᠢ ᠬᠦᠯᠢᠶᠠᠨ ᠠᠪᠴᠤ ᠂ ᠲᠠᠷᠠᠭ᠎ᠠ ᠡᠳᠦᠷ᠎ᠲᠤᠨᠢ ᠬᠦᠢᠴᠡᠳᠬᠡᠬᠦ ︾ ︽ ᠤᠷᠢᠳ᠎ᠢᠶᠠᠷ ᠬᠦᠢᠴᠡᠳᠬᠡᠵᠦ ᠂ ᠮᠠᠲ᠋ᠧᠷᠢᠶᠠᠯ᠎ᠢ ᠲᠠᠷᠠᠭ᠎ᠠ᠎ᠳ᠋ᠤᠨᠢ ᠨᠦᠬᠦᠪᠦᠷᠢᠯᠡᠬᠦ ︾᠎ᠶᠢ ᠬᠡᠷᠡᠭᠵᠢᠬᠦᠯᠦᠨ ᠂ ᠠᠵᠦ ᠠᠬᠤᠢᠯᠠᠯ᠎ᠤᠨ ᠠᠯᠢ ᠲᠦᠷᠬᠡᠨ᠎ᠢᠶᠠᠷ ᠠᠵᠢᠯ᠎ᠢᠶᠡᠨ ᠡᠬᠢᠯᠡᠬᠦᠯᠦᠨ ᠦᠢᠯᠡᠳᠪᠦᠷᠢᠯᠡᠯ᠎ᠢᠶᠡᠨ ᠰᠡᠷᠬᠦᠬᠡᠬᠦ᠎ᠶᠢ ᠪᠦᠬᠦ ᠬᠦᠴᠦᠨ᠎ᠢᠶᠠᠷ᠎ᠢᠶᠡᠨ ᠲᠡᠮᠵᠢᠵᠡᠢ ᠃ ᠴᠠᠬᠢᠯᠭᠠᠨ ᠬᠦᠴᠦᠨ᠎ᠤ ᠪᠦᠬᠦ ᠬᠡᠷᠡᠭᠯᠡᠭᠴᠢ᠎ᠶᠢᠨ ᠴᠠᠬᠢᠯᠭᠠᠨ᠎ᠤ ᠰᠦᠢᠳᠬᠡᠯ᠎ᠤᠨ ᠬᠡᠷ᠎ᠠ᠎ᠡᠴᠠ ᠵᠦᠷᠢᠴᠡᠭᠰᠡᠨ ᠮᠦᠩᠬᠦ᠎ᠶᠢᠨ ᠬᠤᠭᠤᠴᠠᠭ᠎ᠠ᠎ᠶᠢ ᠲᠦᠷ 2 ᠰᠠᠷ᠎ᠠ᠎ᠶᠢᠨ ᠰᠡᠬᠦᠯᠴᠢ ᠪᠤᠯᠳᠠᠯ᠎ᠠ ᠬᠤᠢᠰᠢᠯᠠᠭᠤᠯᠬᠤ᠎ᠶᠢ ᠬᠡᠷᠡᠭᠵᠢᠬᠦᠯᠦᠨ ᠂ ᠦᠷᠬᠦᠯᠵᠢᠯᠡᠨ ᠬᠤᠢᠰᠢᠯᠠᠭᠤᠯᠬᠤ ᠡᠰᠡᠬᠦ᠎ᠶᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠠᠢᠳᠠᠯ᠎ᠢ ᠦᠨᠳᠦᠰᠦᠯᠡᠨ ᠲᠠᠬᠢᠵᠦ ᠲᠤᠬᠳᠠᠨ᠎ᠠ ᠃

ᠰᠤᠷᠪᠤᠯᠵᠢᠯᠠᠭᠴᠢ ᠄ ᠬᠢᠵᠢᠭ᠎ᠤᠨ ᠬᠤᠭᠤᠴᠠᠭᠠᠨ᠎ᠳ᠋ᠤ ᠂ ᠴᠠᠬᠢᠯᠭᠠᠨ ᠬᠦᠴᠦᠨ᠎ᠤ ᠪᠦᠯᠦᠭᠯᠡᠯ ᠺᠤᠮᠫᠠᠨᠢ ᠦᠷᠭᠡᠨ ᠤᠯᠠᠨ ᠰᠠᠭᠤᠭᠠᠯᠢ ᠠᠷᠠᠳ᠎ᠤᠨ ᠴᠠᠬᠢᠯᠭᠠᠨ ᠬᠡᠷᠡᠭᠯᠡᠬᠦ᠎ᠳ᠋ᠤ ᠦᠢᠯᠡᠴᠢᠯᠡᠭᠡ ᠪᠠᠳᠤᠯᠠᠭ᠎ᠠ ᠬᠠᠩᠭᠠᠬᠤ ᠳᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ ︖
ᠶᠠᠨ ᠯᠢᠨ ᠱᠸᠡᠭ ᠄ ᠺᠤᠮᠫᠠᠨᠢ᠎ᠡᠴᠠ ᠬᠢᠵᠢᠭ᠎ᠢ ᠰᠡᠷᠬᠡᠢᠯᠡᠨ ᠡᠵᠡᠮᠳᠡᠬᠦ ᠠᠵᠢᠯ᠎ᠤᠨ ᠱᠠᠭᠠᠷᠳᠠᠯᠭ᠎ᠠ᠎ᠲᠠᠢ ᠤᠶᠠᠯᠳᠤᠭᠤᠯᠵᠤ ᠂ ᠰᠦᠯᠵᠢᠶᠡᠨ ᠳᠡᠭᠡᠷ᠎ᠡ ᠰᠦᠢᠳᠬᠡᠯ ᠳᠤᠰᠢᠶᠠᠬᠤ ᠪᠠ ᠳᠤᠬᠠᠢᠯᠠᠭᠰᠠᠨ ᠠᠵᠢᠯ᠎ᠢᠶᠡᠨ ᠬᠦᠢᠴᠡᠳᠬᠡᠬᠦ᠎ᠶᠢ ᠢᠳᠡᠪᠬᠢᠳᠠᠢ ᠬᠦᠢᠴᠡᠳᠬᠡᠪᠡ ᠃ ᠤᠯᠠᠨ ᠠᠷᠭ᠎ᠠ ᠵᠠᠮ᠎ᠢᠶᠠᠷ ᠰᠦᠯᠵᠢᠶᠡᠨ ᠳᠡᠭᠡᠷᠡᠬᠢ ᠦᠢᠯᠡᠴᠢᠯᠡᠭᠡ᠎ᠶᠢ ᠤᠬᠠᠭᠤᠯᠵᠤ ᠂ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ E ᠵᠢᠶᠠ APP ᠂ 95598 ᠰᠦᠯᠵᠢᠶ᠎ᠡ ᠂ ᠵᠢᠷᠬᠢᠶ᠎ᠡ᠎ᠶᠢᠨ ᠳᠠᠪᠴᠠᠡᠭ ᠵᠡᠷᠭᠡ᠎ᠪᠠᠷ ᠳᠠᠮᠵᠢᠭᠤᠯᠤᠨ ᠂ ᠡᠳᠦᠷ ᠪᠦᠷᠢ 24 ᠴᠠᠭ᠎ᠢᠶᠠᠷ ᠰᠦᠢᠳᠬᠡᠯ ᠳᠤᠰᠢᠶᠠᠬᠤ ᠪᠠ ᠴᠠᠬᠢᠯᠭᠠᠨ᠎ᠤ ᠦᠢᠯᠡᠴᠢᠯᠡᠭᠡ ᠬᠠᠩᠭᠠᠵᠤ ᠂ ᠰᠠᠭᠤᠭᠠᠯᠢ ᠠᠷᠠᠳ᠎ᠤᠨ ᠬᠡᠷᠡᠭᠯᠡᠭᠴᠢᠳ᠎ᠤᠨ ᠭᠡᠷ᠎ᠡᠴᠠ᠎ᠪᠠᠨ ᠭᠠᠷᠬᠤ ᠦᠬᠡᠢ᠎ᠪᠠᠷ ᠰᠦᠢᠳᠬᠡᠯ ᠳᠤᠰᠢᠶᠠᠬᠤ ᠪᠠ ᠴᠠᠬᠢᠯᠭᠠᠨ ᠬᠡᠷᠡᠭᠯᠡᠭᠡᠨ᠎ᠤ ᠳᠤᠬᠠᠢᠯᠠᠭᠰᠠᠨ ᠠᠵᠢᠯ᠎ᠢ ᠬᠦᠢᠴᠡᠳᠬᠡᠬᠦ᠎ᠶᠢ ᠪᠠᠳᠤᠯᠠᠪᠠ ᠃ ︽ ᠰᠠᠭᠤᠭᠠᠯᠢ ᠠᠷᠠᠳ᠎ᠤᠨ ᠴᠠᠬᠢᠯᠭᠠᠨ᠎ᠤ ᠰᠦᠢᠳᠬᠡᠯ᠎ᠢ ᠦᠷᠢᠳᠦᠭᠰᠡᠨ ᠴᠦ ᠴᠠᠬᠢᠯᠭᠠᠨ᠎ᠢ᠎ᠨᠢ ᠲᠠᠰᠤᠯᠬᠤ ᠦᠭᠡᠢ ︾ ᠲᠦᠷᠢᠮ᠎ᠢ ᠬᠡᠷᠡᠭᠵᠢᠬᠦᠯᠵᠤ ᠂ ᠠᠯᠤᠰ᠎ᠡᠴᠠ ᠤᠷᠢᠳᠴᠢᠯᠠᠨ ᠰᠦᠢᠳᠬᠡᠯ ᠳᠤᠰᠢᠶᠠᠬᠰᠠᠨ ᠬᠡᠷᠡᠭᠯᠡᠭᠴᠢ᠎ᠶᠢ ᠡᠵᠡᠩᠨᠡᠯᠳᠡ ᠪᠤᠷᠤᠯᠠᠭᠤᠯᠤᠯᠳᠠ᠎ᠶᠢᠨ ᠮᠡᠳᠡᠭᠡ ᠵᠠᠩᠬᠢ᠎ᠶᠢᠨ ᠰᠢᠰᠲ᠋ᠸᠮ᠎ᠢᠶᠠᠷ ᠳᠠᠮᠵᠢᠭᠤᠯᠤᠨ 24 ᠴᠠᠭ᠎ᠢᠶᠠᠷ ᠬᠢᠨᠠᠨ ᠡᠵᠡᠮᠰᠢᠵᠤ ᠂ ᠦᠯᠡᠳᠡᠪᠦᠷᠢ ᠰᠦᠢᠳᠬᠡᠯ᠎ᠨᠢ 5 ᠲᠦᠬᠦᠷᠢᠭ ᠬᠦᠷᠬᠦ ᠦᠭᠡᠢ ᠬᠡᠷᠡᠭᠯᠡᠭᠴᠢ᠎ᠳ᠋ᠤ ᠠᠯᠤᠰ᠎ᠡᠴᠠ ᠴᠠᠬᠢᠯᠭᠠᠨ᠎ᠢ᠎ᠨᠢ ᠪᠠᠳᠤᠯᠠᠬᠤ ᠪᠠ ᠳᠤᠬᠠᠢ᠎ᠶᠢᠨ ᠳᠠᠯᠠᠪᠤᠷ ᠲᠤ ᠴᠠᠬᠢᠯᠭᠠᠨ᠎ᠢ ᠪᠠᠳᠤᠯᠠᠬᠤ ᠬᠤᠤᠰ ᠪᠠᠳᠤᠯᠠᠭ᠎ᠠ᠎ᠶᠢ ᠬᠡᠷᠡᠭᠵᠢᠬᠦᠯᠪᠡ ᠃ ᠬᠡᠷᠡᠭᠯᠡᠭᠴᠢ᠎ᠶᠢᠨ ᠬᠦᠰᠡᠯ ᠱᠠᠭᠠᠷᠳᠠᠯᠭ᠎ᠠ᠎ᠶᠢ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠵᠤ ᠂ 95598 ᠭᠤᠷᠪᠠᠳᠤᠭᠠᠷ ᠳᠡᠰ᠎ᠤᠨ ᠦᠢᠯᠡᠴᠢᠯᠡᠭᠡ᠎ᠶᠢ ᠲᠦᠷᠭᠡᠨ ᠴᠤᠤᠷᠢᠶᠠᠳᠤᠭᠤᠯᠬᠤ ᠦᠢᠯᠡᠳᠤᠯ᠎ᠢ ᠬᠦᠢᠴᠡᠳ ᠪᠠᠳᠠᠷᠠᠭᠤᠯᠵᠤ ᠂ ᠲᠡᠷᠡ ᠳᠠᠷᠤᠢ᠎ᠳ᠋ᠤᠨᠢ ᠵᠠᠰᠠᠨ ᠰᠡᠯᠪᠢᠬᠦ ᠠᠬᠢᠴᠠ ᠪᠠ ᠰᠡᠷᠬᠦᠭᠡᠭᠰᠡᠨ ᠦᠷ᠎ᠡ ᠳ᠋ᠦᠡᠭ᠎ᠢ ᠨᠡᠢᠳᠡᠯᠡᠵᠤ ᠂ ᠲᠡᠷᠡ ᠳᠠᠷᠤᠢ᠎ᠳ᠋ᠤᠨᠢ ᠬᠡᠷᠡᠭᠯᠡᠭᠴᠢ᠎ᠶᠢᠨ ᠴᠠᠬᠢᠯᠭᠠᠨ ᠬᠡᠷᠡᠭᠯᠡᠬᠦ ᠠᠰᠠᠭᠤᠳᠠᠯ᠎ᠢ ᠰᠢᠢᠳᠪᠦᠷᠢᠯᠡᠵᠦ ᠪᠠᠢᠨ᠎ᠠ ᠃ ᠡᠬᠦᠨ᠎ᠤ ᠬᠠᠮᠳᠤ ᠂ ᠤᠯᠠᠨ ᠠᠷᠭ᠎ᠠ ᠬᠡᠮᠵᠢᠶ᠎ᠡ ᠠᠪᠴᠤ ᠂ ᠰᠦᠯᠵᠢᠶᠡᠨ᠎ᠡᠴᠠ ᠭᠠᠳᠠᠨᠠᠬᠢ ᠬᠡᠷᠡᠭᠯᠡᠭᠴᠢ᠎ᠶᠢᠨ ᠬᠢᠵᠢᠭ᠎ᠢ ᠰᠡᠷᠭᠡᠢᠯᠡᠨ ᠡᠵᠡᠮᠳᠡᠬᠦ ᠦᠢᠯᠡᠴᠢᠯᠡᠭᠡ᠎ᠶᠢ ᠪᠠᠳᠤᠯᠡᠵᠦ ᠪᠠᠢᠨ᠎ᠠ ᠃ ᠬᠡᠷᠡᠭᠯᠡᠭᠴᠢ᠎ᠳ᠋ᠤ ᠦᠢᠯᠡᠴᠢᠯᠡᠬᠦ ᠠᠵᠢᠯᠳᠠᠨ᠎ᠤ ᠪᠡᠶ᠎ᠡ᠎ᠶᠢᠨ ᠬᠠᠯᠠᠭᠤᠨ᠎ᠢ ᠡᠳᠦᠷ ᠪᠦᠷᠢ ᠤᠨᠤᠪᠴᠢᠳᠠᠢ ᠬᠡᠮᠵᠢᠵᠤ ᠂ ᠪᠡᠶ᠎ᠡ᠎ᠶᠢᠨ ᠬᠠᠯᠠᠭᠤᠨ ᠬᠡᠪ᠎ᠤᠨ ᠪᠠᠢᠳᠠᠯ ᠲᠤᠤᠷ᠎ᠠ ᠰᠠᠶᠢ ᠠᠵᠢᠯ᠎ᠳ᠋ᠤ ᠭᠠᠷᠬᠤ᠎ᠶᠢ ᠵᠦᠪᠰᠢᠶᠡᠷᠡᠨ᠎ᠡ ᠃ ᠺᠤᠮᠫᠠᠨᠢ᠎ᠶᠢᠨ ᠰᠢᠰᠲ᠋ᠸᠮ᠎ᠤᠨ 557 ᠡᠵᠡᠩᠨᠡᠯᠳᠡ᠎ᠶᠢᠨ ᠳᠤᠤᠷ ᠴᠡᠭ ᠡᠳᠦᠷ ᠪᠦᠷᠢ ᠰᠠᠯᠬᠢ ᠨᠡᠪᠳᠡᠷᠡᠬᠦ ᠪᠠ ᠳᠤᠭᠳᠠᠭᠰᠠᠨ ᠴᠠᠭ᠎ᠲᠤ ᠠᠷᠢᠭᠤᠳᠬᠠᠯ ᠬᠢᠵᠦ ᠪᠠᠢᠨ᠎ᠠ ᠃ ᠬᠡᠷᠡᠭᠯᠡᠭᠴᠢ ᠡᠵᠡᠩᠨᠡᠯᠳᠡ᠎ᠶᠢᠨ ᠳᠤᠤᠷ ᠴᠡᠭ ᠲᠤ ᠤᠷᠤᠬᠤ᠎ᠳ᠋ᠤ ᠪᠡᠶ᠎ᠡ᠎ᠶᠢᠨ ᠬᠠᠯᠠᠭᠤᠨ᠎ᠢᠶᠡᠨ ᠬᠡᠮᠵᠢᠵᠤ ᠂ ᠠᠮᠠᠪᠴᠢ ᠵᠡᠬᠦᠬᠦ ᠬᠡᠷᠡᠭᠳᠠᠢ ᠃ ᠬᠢᠵᠢᠭ᠎ᠢ ᠰᠡᠷᠬᠡᠢᠯᠡᠨ ᠡᠵᠡᠮᠳᠡᠬᠦ ᠠᠵᠢᠯ ᠡᠭᠢᠯᠡᠭᠰᠡᠨ᠎ᠡᠴᠠ ᠨᠠᠭᠠᠰᠢ ᠂ ᠪᠦᠯᠦᠭᠯᠡᠯ ᠺᠤᠮᠫᠠᠨᠢ 253 ᠬᠢᠵᠢᠭ᠎ᠢ ᠰᠡᠷᠬᠡᠢᠯᠡᠨ ᠵᠠᠰᠠᠬᠤ ᠳᠠᠯᠠᠪᠤᠷ ᠵᠢᠴᠢ ᠭᠤᠤᠯᠳᠠᠯᠭ᠎ᠠ᠎ᠲᠠᠢ ᠬᠡᠷᠡᠭᠯᠡᠭᠴᠢ᠎ᠳ᠋ᠤ ᠴᠠᠬᠢᠯᠭᠠᠨ ᠬᠡᠷᠡᠭᠯᠡᠬᠦ ᠠᠮᠤᠷ ᠲᠦᠪᠰᠢᠨ᠎ᠢ ᠦᠪᠡᠷᠳᠡᠭᠡᠨ ᠪᠠᠢᠴᠠᠭᠠᠬᠤ᠎ᠶᠢ ᠭᠡᠷᠡᠭᠵᠢᠭᠦᠯᠵᠤ ᠂ 140 ᠡᠮᠨᠡᠯᠭᠡ᠎ᠶᠢᠨ ᠬᠤᠷᠢᠶ᠎ᠠ ᠂ 69 ᠵᠠᠰᠠᠭ᠎ᠤᠨ ᠤᠷᠳᠤᠨ᠎ᠤ ᠰᠠᠯᠠᠭ᠎ᠠ ᠮᠦᠴᠢᠷ ᠂ 38 ᠢᠯᠴᠢ ᠬᠠᠩᠭᠠᠬᠤ ᠪᠠ ᠴᠢᠮᠡᠭᠡ ᠬᠤᠯᠪᠤᠭᠠᠨ᠎ᠤ ᠬᠡᠷᠡᠭᠯᠡᠭᠴᠢ ᠂ ᠬᠢᠵᠢᠭ᠎ᠢ ᠬᠢᠨᠠᠨ ᠡᠵᠡᠮᠳᠡᠬᠦ 6 ᠭᠤᠤᠯᠳᠠᠯᠭ᠎ᠠ᠎ᠲᠠᠢ ᠳᠠᠯᠠᠪᠤᠷ᠎ᠲᠤ ᠬᠤᠯᠪᠤᠭᠳᠠᠪᠠ ︔ ᠨᠡᠢᠳᠡ 5.3 ᠲᠦᠮᠡᠨ ᠬᠠᠭᠤᠳᠠᠰᠤ ᠴᠠᠬᠢᠯᠭᠠᠨ ᠬᠦᠴᠦᠨ᠎ᠤ ᠬᠡᠷᠡᠭᠯᠡᠭᠴᠢᠳ᠎ᠤᠨ 95598 ᠤᠳᠠᠰᠤᠨ ᠳᠡᠭᠡᠷᠡᠬᠢ ᠠᠰᠠᠭᠤᠨ ᠯᠠᠪᠯᠠᠭ᠎ᠠ᠎ᠶᠢ ᠬᠦᠯᠢᠶᠡᠨ ᠠᠪᠴᠤ ᠂ ᠵᠠᠰᠠᠨ ᠰᠡᠯᠪᠢᠬᠦ ᠠᠵᠢᠯ᠎ᠤᠨ ᠮᠡᠳᠡᠬᠦᠯᠦᠯᠳᠡ᠎ᠶᠢᠨ ᠬᠠᠭᠤᠳᠠᠰᠤ᠎ᠶᠢ 7000 ᠭᠠᠷᠤᠢ ᠂ ᠦᠢᠯᠡᠴᠢᠯᠡᠭᠡ᠎ᠶᠢᠨ ᠮᠡᠳᠡᠬᠦᠯᠤᠯᠳᠡ᠎ᠶᠢᠨ ᠬᠠᠭᠤᠳᠠᠰᠤ᠎ᠶᠢ 1.2 ᠲᠦᠮᠡ ᠭᠠᠷᠤᠢ ᠰᠢᠢᠳᠪᠦᠷᠢᠯᠡᠵᠤ ᠂ ᠬᠡᠷᠡᠭᠯᠡᠭᠴᠢᠳ᠎ᠤᠨ ᠬᠠᠨᠤᠮᠵᠢ᠎ᠶᠢᠨ ᠬᠡᠮᠵᠢᠶ᠎ᠡ 99%᠎ᠡᠴᠠ ᠳᠡᠭᠡᠭᠰᠢ᠎ᠳ᠋ᠤ ᠬᠦᠷᠪᠡ ᠃

ᠰᠤᠷᠪᠤᠯᠵᠢᠯᠠᠭᠴᠢ ᠄ ᠦᠪᠡᠷᠳᠡᠭᠡᠨ ᠵᠠᠰᠠᠬᠤ ᠤᠷᠤᠨ᠎ᠤ ᠬᠢᠵᠢᠭ᠎ᠢ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠬᠦ᠎ᠳ᠋ᠤ ᠬᠦᠴᠦ ᠨᠡᠮᠡᠷᠢᠯᠡᠬᠦ᠎ᠶᠢᠨ ᠳᠤᠰᠠᠳᠠ ᠂ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ ᠺᠤᠮᠫᠠᠨᠢ᠎ᠶᠢᠨ ᠲᠤᠳᠤᠷ᠎ᠠ᠎ᠪᠠᠨ ᠬᠢᠵᠢᠭ᠎ᠢ ᠰᠡᠷᠬᠡᠢᠯᠡᠨ ᠡᠵᠡᠮᠳᠡᠬᠦ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ᠎ᠶᠢ ᠬᠡᠷᠬᠢᠨ ᠨᠠᠢᠳᠠᠪᠤᠷᠢᠵᠢᠭᠤᠯᠤᠭᠰᠠᠨ ᠪᠤᠢ ︖
ᠶᠠᠨ ᠯᠢᠨ ᠱᠸᠩ ᠄ ᠬᠢᠵᠢᠭ᠎ᠤᠨ ᠪᠠᠢᠳᠠᠯ ᠡᠬᠦᠰᠦᠭᠰᠡᠨ᠎ᠤ ᠲᠠᠷᠠᠭ᠎ᠠ ᠦᠪᠦᠷ ᠮᠤᠩᠭᠤᠯ᠎ᠤᠨ ᠴᠠᠬᠢᠯᠭᠠᠨ ᠬᠦᠴᠦᠨ᠎ᠤ ᠪᠦᠯᠦᠭᠯᠡᠯ ᠺᠤᠮᠫᠠᠨᠢ ᠲᠠᠷᠤᠢ ᠲᠦᠷᠭᠡᠨ ᠠᠷᠭ᠎ᠠ ᠬᠡᠮᠵᠢᠶ᠎ᠡ ᠠᠪᠴᠦ ᠂ 1 ᠰᠠᠷ᠎ᠠ᠎ᠶᠢᠨ 23᠎ᠤ ᠡᠳᠦᠷ ︽ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠢ ᠰᠡᠷᠬᠡᠢᠯᠡᠨ ᠡᠵᠡᠮᠳᠡᠬᠦ ᠠᠵᠢᠯ᠎ᠤᠨ ᠮᠡᠳᠡᠭᠳᠡᠯ ︾᠎ᠢ ᠲᠤᠭᠳᠠᠭᠠᠨ ᠨᠡᠢᠳᠡᠯᠡᠪᠡ ᠃ ᠺᠤᠮᠫᠠᠨᠢ᠎ᠶᠢᠨ ᠨᠠᠮ᠎ᠤᠨ ᠬᠤᠷᠢᠶ᠎ᠠ ᠲᠡᠷᠡ ᠲᠠᠷᠤᠢ᠎ᠳ᠋ᠤᠨᠢ ᠬᠢᠵᠢᠭ᠎ᠢ ᠰᠡᠷᠬᠡᠢᠯᠡᠨ ᠡᠵᠡᠮᠳᠡᠬᠦ ᠠᠵᠢᠯ᠎ᠤᠨ ᠪᠠᠴᠢᠮ ᠤᠳᠤᠷᠢᠳᠬᠤ ᠲᠤᠭᠤᠢᠯᠠᠩ ᠪᠠᠢᠭᠤᠯᠵᠤ ᠂ ︽ ᠴᠠᠬᠢᠯᠭᠠᠨ ᠲᠤᠤᠷ᠎ᠤᠨ ᠦᠢᠯᠡᠳᠦᠯ᠎ᠢᠶᠠᠷ ᠲᠠᠮᠵᠢᠭᠤᠯᠤᠨ ᠬᠢᠵᠢᠭ᠎ᠤᠨ ᠨᠦᠯᠦᠬᠡ᠎ᠶᠢ ᠠᠷᠭᠠᠴᠠᠭᠠᠵᠤ ᠠᠵᠤ ᠠᠬᠤᠢ᠎ᠶᠢᠨ ᠲᠤᠭᠳᠠᠭᠤᠨ ᠡᠷᠬᠢᠯᠳᠡ᠎ᠶᠢ ᠪᠠᠳᠤᠯᠠᠬᠤ ᠲᠤᠬᠠᠢ ᠰᠠᠨᠠᠯ ︾ ᠂ ︽ ᠬᠢᠵᠢᠭ᠎ᠢ ᠰᠡᠷᠬᠡᠢᠯᠡᠨ ᠡᠵᠡᠮᠳᠡᠬᠦ ᠬᠤᠭᠤᠴᠠᠭᠠᠨ᠎ᠳ᠋ᠤ ᠴᠠᠬᠢᠯᠭᠠᠨ᠎ᠤ ᠠᠶᠤᠯᠬᠦᠢ ᠦᠢᠯᠡᠳᠪᠦᠷᠢᠯᠡᠯ᠎ᠤᠨ ᠪᠠᠳᠤᠯᠠᠭ᠎ᠠ ᠪᠠ ᠴᠠᠬᠢᠯᠭᠠᠨ ᠬᠠᠩᠭᠠᠵᠤ ᠡᠵᠡᠩᠨᠡᠨ ᠪᠤᠷᠤᠯᠠᠭᠤᠯᠬᠤ ᠦᠢᠯᠡᠴᠢᠯᠡᠬᠡᠨ᠎ᠤ ᠠᠵᠢᠯ᠎ᠢ ᠰᠠᠢᠳᠦᠷ ᠬᠢᠬᠦ ᠲᠤᠬᠠᠢ ᠪᠠᠴᠢᠮ ᠮᠡᠳᠡᠭᠳᠡᠯ ︾ ᠂ ︽ ᠺᠤᠮᠫᠠᠨᠢ᠎ᠶᠢᠨ ᠰᠢᠰᠲᠸᠮ᠎ᠤᠨ ᠪᠦᠬᠦ ᠲᠠᠯ᠎ᠠ᠎ᠪᠠᠷ ᠠᠵᠢᠯ᠎ᠢᠶᠡᠨ ᠰᠡᠷᠬᠦᠬᠡᠬᠦ᠎ᠶᠢ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠢ ᠰᠡᠷᠬᠡᠢᠯᠡᠨ ᠡᠵᠡᠮᠳᠡᠬᠦ ᠪᠠ ᠡᠯ᠎ᠡ ᠲᠠᠯ᠎ᠠ᠎ᠶᠢᠨ ᠠᠵᠢᠯ᠎ᠤᠨ ᠦᠬᠡᠷᠡᠴᠢᠯᠡᠯᠳᠡ ᠬᠦᠭᠵᠢᠯᠳᠡ᠎ᠶᠢ ᠲᠤᠭᠳᠠᠪᠤᠷᠢᠵᠢᠭᠤᠯᠬᠤ᠎ᠲᠠᠢ ᠨᠢᠬᠡᠳᠦᠯᠳᠡᠢ ᠲᠦᠯᠦᠪᠵᠢᠬᠦᠯᠬᠦ᠎ᠶᠢ ᠠᠬᠢᠭᠤᠯᠬᠤ ᠲᠤᠬᠠᠢ ᠮᠡᠳᠡᠭᠳᠡᠯ ︾ ᠵᠡᠷᠭᠡ ᠬᠠᠮᠢᠶ᠎ᠠ ᠪᠦᠬᠦᠢ ᠠᠷᠭ᠎ᠠ ᠪᠤᠳᠤᠯᠭ᠎ᠠ᠎ᠶᠢ ᠰᠤᠳᠤᠯᠤᠨ ᠲᠤᠭᠳᠠᠭᠠᠭᠰᠠᠨ᠎ᠤ ᠬᠠᠮᠳᠤ ᠪᠠᠰᠠ ᠭᠤᠤᠯ ᠤᠳᠤᠷᠢᠳᠤᠯᠭ᠎ᠠ ᠲᠠᠭᠠᠭᠤᠯᠵᠤ ᠠᠵᠢᠯ᠎ᠤᠨ ᠪᠠᠢᠷᠢ᠎ᠳᠠᠭᠠᠨ ᠵᠢᠵᠢᠬᠦᠷᠯᠡᠬᠦ ᠪᠠ ︽ ᠲᠡᠭ ᠮᠡᠳᠡᠬᠦᠯᠦᠯᠳᠡ ︾᠎ᠶᠢᠨ ᠲᠦᠷᠢᠮ᠎ᠢ ᠴᠢᠩᠭ᠎ᠠ ᠬᠡᠷᠡᠭᠵᠢᠬᠦᠯᠵᠤ ᠂ ᠡᠯ᠎ᠡ ᠪᠠᠢᠭᠤᠯᠭ᠎ᠠ ᠨᠢᠭᠡᠴᠢ᠎ᠶᠢ ᠵᠤᠬᠢᠶᠠᠨ ᠪᠠᠢᠭᠤᠯᠬᠤ ᠪᠠ ᠬᠢᠨᠠᠨ ᠡᠵᠡᠮᠳᠡᠵᠤ ᠪᠠᠢᠭᠠᠳ ᠬᠢᠵᠢᠭ᠎ᠢ ᠰᠡᠷᠬᠡᠢᠯᠡᠨ ᠡᠵᠡᠮᠳᠡᠬᠦ ᠠᠵᠢᠯ᠎ᠢ ᠰᠠᠢᠳᠦᠷ ᠬᠢᠪᠡ ᠃ ᠰᠢᠰᠲᠸᠮ᠎ᠤᠨ ᠦᠷᠭᠡᠨ ᠤᠯᠠᠨ ᠨᠠᠮ᠎ᠤᠨ ᠬᠡᠰᠢᠬᠦᠨ ᠺᠠᠳ᠋ᠷ ᠠᠵᠢᠯᠳᠠᠨ ᠪᠦᠬᠦᠳᠡᠭᠡᠷ ᠬᠠᠮᠵᠢᠯᠴᠠᠵᠤ ᠂ ᠪᠦᠯᠬᠦᠮᠳᠡᠨ ᠨᠢᠭᠳᠠᠷᠠᠵᠤ ᠂ ᠬᠢᠵᠢᠭ᠎ᠢ ᠰᠡᠷᠬᠡᠢᠯᠡᠨ ᠡᠵᠡᠮᠳᠡᠬᠦ ᠬᠤᠭᠤᠴᠠᠭᠠᠨ᠎ᠳ᠋ᠠᠬᠢ ᠠᠶᠤᠯᠬᠦᠢ ᠦᠢᠯᠡᠳᠪᠦᠷᠢᠯᠡᠯ ᠂ ᠴᠠᠬᠢᠯᠭᠠᠨ ᠲᠤᠤᠷ᠎ᠤᠨ ᠠᠶᠤᠯᠬᠦᠢ ᠡᠷᠬᠢᠯᠳᠡ ᠪᠠ ᠴᠠᠬᠢᠯᠭᠠᠨ ᠬᠡᠷᠡᠭᠯᠡᠭᠴᠢ ᠭᠤᠤᠯᠳᠠᠯᠭ᠎ᠠ᠎ᠲᠠᠢ ᠡᠷᠦᠬᠡ᠎ᠳ᠋ᠤ ᠴᠠᠬᠢᠯᠭᠠᠨ ᠬᠠᠩᠭᠠᠬᠤ᠎ᠶᠢ ᠪᠠᠳᠤᠯᠠᠬᠤ ᠵᠡᠷᠭᠡ ᠠᠵᠢᠯ᠎ᠢ ᠪᠦᠬᠦ ᠬᠦᠴᠦᠨ᠎ᠢᠶᠠᠷ᠎ᠢᠶᠡᠨ ᠪᠡᠶᠡᠯᠡᠬᠦᠯᠵᠤ ᠂ ᠴᠠᠬᠢᠯᠭᠠᠨ ᠬᠦᠴᠦᠨ᠎ᠤ ᠠᠶᠤᠯᠬᠦᠢ ᠦᠢᠯᠡᠳᠪᠦᠷᠢᠯᠡᠬᠦ ᠪᠠ ᠵᠠᠰᠠᠵᠦ ᠰᠡᠯᠪᠢᠬᠦ ᠂ ᠪᠠᠴᠢᠮ ᠪᠠᠢᠳᠠᠯ᠎ᠢ ᠠᠷᠭᠠᠴᠠᠭᠠᠵᠤ ᠵᠠᠰᠡᠨ ᠰᠡᠯᠪᠢᠬᠦ ᠂ ᠡᠵᠡᠩᠨᠡᠨ ᠪᠤᠷᠤᠯᠠᠭᠤᠯᠬᠤ ᠦᠢᠯᠡᠴᠢᠯᠡᠬᠡᠨ᠎ᠤ 17 ᠪᠠᠢᠭᠤᠯᠭ᠎ᠠ ᠨᠢᠭᠡᠴᠢ᠎ᠶᠢᠨ ᠠᠵᠢᠯ᠎ᠤᠨ ᠪᠠᠢᠷᠢ᠎ᠪᠠᠨ ᠪᠠᠳᠦ ᠰᠠᠬᠢᠬᠤ᠎ᠶᠢ ᠪᠠᠷᠢᠮᠳᠠᠯᠠᠨ ᠂ ᠬᠢᠵᠢᠭ᠎ᠤᠨ ᠪᠡᠢᠳᠡᠯ᠎ᠢ ᠰᠡᠷᠬᠡᠢᠯᠡᠨ ᠡᠵᠡᠮᠳᠡᠬᠦ ᠪᠠ ᠡᠯ᠎ᠡ ᠲᠠᠯ᠎ᠠ᠎ᠶᠢᠨ ᠠᠵᠢᠯ᠎ᠤᠨ ᠦᠬᠡᠷᠡᠴᠢᠯᠡᠯᠳᠡ ᠬᠦᠭᠵᠢᠯᠳᠡ ᠲᠤᠭᠳᠠᠭᠤᠨ ᠡᠮᠬᠢ ᠵᠢᠷᠤᠮ᠎ᠲᠠᠢ ᠶᠠᠪᠤᠬᠳᠠᠬᠤ᠎ᠶᠢ ᠪᠠᠳᠤᠯᠠᠵᠠᠢ ᠃ ᠺᠤᠮᠫᠠᠨᠢ᠎ᠶᠢᠨ ᠰᠢᠰᠲᠸᠮ᠎ᠳ᠋ᠤ ᠤᠨᠤᠰᠢᠯᠠᠭᠰᠠᠨ ᠡᠪᠡᠳᠴᠢᠳᠡᠨ ᠪᠡ ᠰᠡᠵᠢᠭᠯᠡᠯᠳᠡᠢ ᠡᠪᠡᠳᠴᠢᠳᠡᠨ᠎ᠤ ᠵᠢᠱᠢᠶ᠎ᠠ ᠪᠠᠢᠬᠤ ᠦᠬᠡᠢ ᠃ ᠴᠠᠬᠢᠯᠭᠠᠨ ᠲᠤᠤᠷ᠎ᠤᠨ ᠰᠢᠰᠲᠸᠮ ᠠᠶᠤᠯᠬᠦᠢ ᠲᠤᠭᠳᠠᠭᠤᠨ ᠪᠠᠢᠵᠤ ᠂ ᠴᠠᠬᠢᠯᠭᠠᠨ ᠬᠦᠴᠦᠨ᠎ᠤ ᠬᠠᠩᠭᠠᠯᠭ᠎ᠠ ᠴᠠᠭ ᠲᠤᠬᠠᠢ᠎ᠳ᠋ᠤᠨᠢ ᠪᠦᠬᠡᠳ ᠨᠠᠢᠳᠠᠪᠤᠷᠢᠳᠠᠢ ᠪᠠᠢᠬᠤ᠎ᠶᠢ ᠪᠠᠳᠤᠯᠠᠪᠠ ᠃
ᠤᠳᠤᠬᠠᠨ ᠪᠤᠯᠳᠠᠯ᠎ᠠ ᠂ ᠪᠦᠯᠦᠭᠯᠡᠯ ᠺᠤᠮᠫᠠᠨᠢ᠎ᠶᠢᠨ ᠡᠯ᠎ᠡ ᠱᠠᠳᠤᠨ᠎ᠤ ᠦᠢᠯᠡᠳᠪᠦᠷᠢᠯᠡᠯ᠎ᠤᠨ ᠴᠠᠬᠢᠯᠭᠠᠨ ᠪᠠᠳᠤᠯᠠᠬᠤ ᠠᠵᠢᠯᠳᠠᠨ ᠨᠡᠢᠳᠡ 36020 ᠬᠦᠮᠦᠨ ᠤᠳᠠᠭ᠎ᠠ ᠂ ᠲᠡᠷᠭᠡ 7367 ᠰᠠᠭᠤᠷᠢ ᠤᠳᠠᠭ᠎ᠠ ᠂ ᠪᠠᠴᠢᠮ ᠪᠠᠢᠳᠠᠯ᠎ᠢ ᠠᠷᠭᠠᠴᠠᠭᠠᠬᠤ ᠴᠠᠬᠢᠯᠭᠠᠨ ᠭᠠᠷᠭᠠᠬᠤ ᠲᠡᠷᠭᠡ 555 ᠰᠠᠭᠤᠷᠢ ᠤᠳᠠᠭ᠎ᠠ ᠂ ᠴᠠᠬᠢᠯᠭᠠᠨ ᠭᠠᠷᠭᠠᠬᠤ ᠮᠠᠰᠢᠨ 749 ᠰᠠᠭᠤᠷᠢ ᠤᠳᠠᠭ᠎ᠠ ᠭᠠᠷᠭᠠᠵᠠᠢ ᠃ ᠰᠢᠰᠲᠸᠮ᠎ᠤᠨ ᠠᠵᠢᠯᠳᠠᠤᠨ᠎ᠢ ᠢᠳᠡᠪᠬᠢᠳᠡᠢ ᠲᠠᠢᠴᠢᠯᠠᠨ ᠨᠡᠢᠬᠡᠮ ᠲᠤᠭᠤᠷᠢᠭ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠰᠠᠢᠨ ᠲᠤᠷᠠᠴᠤᠤᠯ᠎ᠤᠨ ᠦᠢᠯᠡᠴᠢᠯᠡᠬᠡᠨ᠎ᠤ ᠠᠩᠬᠢ 112᠎ᠢ ᠪᠠᠢᠭᠤᠯᠤᠨ ᠂ 2175 ᠰᠠᠢᠨ ᠲᠤᠷᠠᠴᠤᠤᠯ ᠤᠷᠤᠯᠴᠠᠵᠤ ᠂ ᠡᠬᠦᠨ᠎ᠳ᠋ᠤ ᠨᠠᠮ᠎ᠤᠨ ᠬᠡᠰᠢᠬᠦᠨ 1684 ᠬᠦᠮᠦᠨ ᠂ ᠬᠠᠪᠰᠤᠷᠤᠨ ᠲᠡᠮᠵᠢᠭᠰᠡᠨ ᠨᠡᠢᠬᠡᠮ ᠲᠤᠭᠤᠷᠢᠭ 100 ᠪᠠᠢᠨ᠎ᠠ ᠃ ᠲᠦᠷᠦᠬᠦᠬᠡᠨ ᠂ ᠴᠠᠬᠢᠯᠭᠠᠨ ᠬᠦᠴᠦᠨ᠎ᠤ ᠪᠦᠯᠦᠭᠯᠡᠯ ᠺᠤᠮᠫᠠᠨᠢ ᠪᠦᠬᠦ ᠲᠠᠯ᠎ᠠ᠎ᠪᠠᠷ ᠠᠵᠢᠯ᠎ᠢᠶᠡᠨ ᠰᠡᠷᠬᠦᠬᠡᠵᠤ ᠂ ᠠᠵᠢᠯᠳᠠᠳ᠎ᠤᠨ ᠠᠵᠢᠯ᠎ᠢᠶᠡᠨ ᠰᠡᠷᠬᠦᠬᠡᠭᠰᠡᠨ ᠨᠤᠷᠮ᠎ᠠ 85.7%᠎ᠳ᠋ᠤ ᠬᠦᠷᠴᠦ ᠂ ᠦᠢᠯᠡᠳᠪᠦᠷᠢᠯᠡᠯ᠎ᠤᠨ ᠨᠢᠭᠡᠳᠦᠭᠡᠷ ᠹᠷᠤᠨᠲ ᠪᠠ ᠡᠵᠡᠩᠨᠡᠯᠳᠡ ᠪᠤᠷᠤᠯᠠᠭᠤᠯᠤᠯᠳᠠ᠎ᠶᠢᠨ ᠴᠤᠩᠬᠤᠪᠴᠢ᠎ᠶᠢᠨ ᠠᠵᠢᠯᠳᠠᠳ᠎ᠤᠨ ᠠᠵᠢᠯ᠎ᠢᠶᠡᠨ ᠰᠡᠷᠬᠦᠬᠡᠭᠰᠡᠨ ᠨᠤᠷᠮ᠎ᠠ 90%᠎ᠡᠴᠠ ᠲᠡᠭᠡᠭᠰᠢ᠎ᠳ᠋ᠤ ᠬᠦᠷᠴᠡᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠴᠣᠷᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面