ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-03-06 09:53:13

ᠵᠣᠬᠢᠶᠠᠭ᠍ᠴᠢ᠄ ᠬᠠᠨ ᠯᠢᠡᠭ ᠯᠢᠡᠭ ᠰᠠᠴᠤᠷᠠᠯ ᠪᠤᠤ ᠢᠤᠢ ᠶᠢᠡᠭ ᠦᠨᠢᠷ ᠣᠩᠱᠢᠭ᠍ᠰᠠᠨ ᠣᠳᠠᠭ᠎ᠠ᠄ 3

ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ᠎ᠤᠨ ᠬᠠᠮᠢᠶ᠎ᠡ ᠪᠦᠬᠦᠢ ᠬᠠᠷᠢᠭᠤᠴᠠᠯᠭᠠᠲᠠᠨ ᠨᠦᠬᠦᠳ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠨᠠᠮ᠎ᠤᠨ ᠬᠡᠰᠢᠭᠦᠨ ᠺᠠᠳ᠋ᠷ᠎ᠢ ᠤᠷᠮᠠᠰᠢᠭᠤᠯ

ᠤᠢᠷ᠎ᠠ᠎ᠳ᠋ᠤ ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠦᠬᠦᠳ ᠨᠠᠮ᠎ᠤᠨ ᠪᠠᠢᠭᠤᠯᠤᠯᠲᠠ᠎ᠶᠢᠨ ᠬᠦᠲᠦᠯᠦᠨ ᠲᠠᠭᠠᠭᠤᠯᠭ᠎ᠠ᠎ᠶᠢ ᠴᠢᠩᠭᠠᠳᠬᠠᠵᠦ ᠂ ᠵᠤᠬᠢᠶᠠᠨ ᠪᠠᠢᠭᠤᠯᠤᠯᠲᠠ᠎ᠶᠢᠨ ᠲᠠᠪᠠᠭᠤᠯᠢᠬ᠎ᠢ ᠪᠠᠲᠠᠷᠠᠭᠤᠯᠵᠦ ᠂ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠨᠠᠮ᠎ᠤᠨ ᠬᠡᠰᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠦᠯᠢᠭᠡᠷ ᠲᠠᠭᠤᠷᠢᠶᠠᠯ ᠪᠤᠯᠬᠤ ᠂ ᠪᠡᠶ᠎ᠡ᠎ᠶᠢᠨ ᠭᠠᠷᠤᠯ᠎ᠢᠶᠡᠨ ᠢᠯᠡ ᠮᠡᠲᠡᠭᠲᠡᠵᠦ ᠬᠤᠰᠢᠭᠤᠴᠢ ᠪᠤᠯᠬᠤ᠎ᠪᠠᠷ ᠤᠷᠮᠠᠰᠢᠭᠤᠯᠤᠨ ᠵᠢᠯᠤᠭᠤᠳᠴᠤ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠤᠷᠢᠬᠯᠠᠯᠲᠠ᠎ᠶᠢᠨ ᠲᠠᠢᠯᠠᠯᠳᠤᠭᠠᠨ᠎ᠤ ᠢᠯᠠᠯᠲᠠ᠎ᠶᠢ ᠤᠯᠬᠤ᠎ᠳ᠋ᠤ ᠲᠠᠢᠴᠢᠨ ᠪᠡᠬᠢᠯᠡᠯᠲᠡ ᠪᠡ ᠬᠤᠰᠢᠭᠤᠴᠢ ᠵᠢᠱᠢᠶᠡᠴᠢ ᠦᠢᠯᠡᠲᠦᠯ᠎ᠢᠶᠡᠨ ᠬᠦᠢᠴᠡᠳ ᠪᠠᠲᠠᠷᠠᠭᠤᠯᠤᠭᠰᠠᠨ ᠵᠡᠷᠭᠡ ᠪᠠᠢᠲᠠᠯ᠎ᠤᠨ ᠲᠤᠬᠠᠢ ᠰᠤᠷᠪᠤᠯᠵᠢᠯᠠᠬᠴᠢ᠎ᠶᠢᠨ ᠠᠰᠠᠭᠤᠯᠲᠠ᠎ᠶᠢ ᠬᠠᠷᠢᠭᠤᠯᠪᠠ ᠃
ᠠᠰᠠᠭᠤᠯᠲᠠ ᠄ ᠵᠤᠬᠢᠶᠠᠨ ᠪᠠᠢᠭᠤᠯᠬᠤ ᠰᠠᠯᠠᠭ᠎ᠠ ᠮᠦᠴᠢᠷ᠎ᠤᠨ᠎ᠬᠢᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠤᠷᠢᠬᠯᠠᠯᠲᠠ᠎ᠶᠢᠨ ᠲᠠᠢᠯᠠᠯᠳᠤᠭᠠᠨ᠎ᠤ ᠢᠯᠠᠯᠲᠠ᠎ᠶᠢ ᠤᠯᠬᠤ᠎ᠳ᠋ᠤ ᠪᠠᠲᠤ ᠴᠢᠩᠭ᠎ᠠ ᠵᠤᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠬᠤ᠎ᠳ᠋ᠤ ᠭᠤᠤᠯᠲᠠᠭᠤ ᠶᠠᠮᠠᠷ ᠠᠷᠭ᠎ᠠ ᠬᠡᠮᠵᠢᠶ᠎ᠡ ᠠᠪᠤᠬᠰᠠᠨ ᠲᠤᠬᠠᠢ ᠲᠦᠭᠦᠮ ᠲᠠᠨᠢᠯᠴᠠᠭᠤᠯᠵᠤ ᠦᠭᠬᠦ ‍ᠤᠤ ︖
ᠬᠠᠷᠢᠭᠤᠯᠲᠠ ᠄
ᠰᠢᠨ᠎ᠡ ᠲᠢᠲᠢᠮᠯᠢᠭ ᠠᠭᠤᠰᠬᠢᠨ ᠦᠷᠪᠢᠰᠦᠯ ᠡᠭᠦᠰᠦᠭᠰᠡᠨ᠎ᠤ ᠲᠠᠷᠠᠭ᠎ᠠ ᠂ ᠪᠦᠬᠦ ᠤᠷᠤᠨ᠎ᠤ ᠡᠯ᠎ᠡ ᠱᠠᠲᠤᠨ᠎ᠤ ᠵᠤᠬᠢᠶᠠᠨ ᠪᠠᠢᠭᠤᠯᠬᠤ ᠰᠠᠯᠠᠭ᠎ᠠ ᠮᠦᠴᠢᠷ᠎ᠤᠨ᠎ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ᠎ᠶᠢ ᠡᠷᠡᠰ ᠲᠤᠭᠤᠰᠢᠯᠠᠭᠤᠯᠵᠦ ᠂ ᠲᠦᠪ᠎ᠤᠨ ᠪᠠ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠲᠠᠪᠤᠷᠢᠵᠢᠭᠤᠯᠵᠦ ᠂ ᠲᠦᠪ᠎ᠤᠨ ᠵᠤᠬᠢᠶᠠᠨ ᠪᠠᠢᠭᠤᠯᠬᠤ ᠬᠡᠯᠲᠡᠰ᠎ᠤᠨ ᠲᠸᠯᠸᠢᠰ ᠤᠳᠠᠰᠤ ᠬᠤᠷᠠᠯ᠎ᠤᠨ ᠱᠠᠭᠠᠷᠲᠠᠯᠭ᠎ᠠ ᠶᠤᠰᠤᠭᠠᠷ ᠂ ᠢᠲᠡᠪᠬᠢᠲᠡᠢ ᠰᠠᠨᠠᠭᠠᠴᠢᠯᠠᠭ᠎ᠠ᠎ᠲᠠᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠬᠦᠢᠴᠡᠳᠬᠡᠨ ᠂ ᠦᠢᠯᠡᠲᠦᠯ᠎ᠢᠶᠡᠨ ᠪᠦᠲᠦᠮᠵᠢᠲᠡᠢ ᠪᠠᠲᠠᠷᠠᠭᠤᠯᠵᠦ ᠂ ᠵᠤᠬᠢᠶᠠᠨ ᠪᠠᠢᠭᠤᠯᠤᠯᠲᠠ᠎ᠶᠢᠨ ᠬᠦᠴᠦᠨ᠎ᠢᠶᠡᠨ ᠨᠢᠬᠲᠠᠷᠠᠭᠤᠯᠤᠨ ᠂ ᠵᠤᠬᠢᠶᠠᠨ ᠪᠠᠢᠭᠤᠯᠤᠯᠲᠠ᠎ᠶᠢᠨ ᠬᠢᠨᠠᠯᠲᠠ᠎ᠶᠢ ᠴᠢᠩᠭᠠᠳᠬᠠᠵᠦ ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠵᠦ ᠦᠯᠢᠭᠡᠷ ᠲᠠᠭᠤᠷᠢᠶᠠᠯ ᠪᠤᠯᠵᠦ ᠂ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠠ ᠨᠠᠮ᠎ᠤᠨ ᠬᠡᠰᠢᠭᠦᠨ ᠪᠡᠶ᠎ᠡ᠎ᠶᠢᠨ ᠭᠠᠷᠤᠯ᠎ᠢᠶᠡᠨ ᠢᠯᠡ ᠮᠡᠲᠡᠭᠲᠡᠵᠦ ᠬᠤᠰᠢᠭᠤᠴᠢ ᠪᠤᠯᠵᠦ ᠂ ᠪᠦᠬᠦ ᠤᠷᠤᠨ᠎ᠤ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠤᠷᠢᠬᠯᠠᠯᠲᠠ᠎ᠶᠢᠨ ᠲᠠᠢᠯᠠᠯᠳᠤᠭᠠᠨ᠎ᠤ ᠢᠯᠠᠯᠲᠠ᠎ᠶᠢ ᠤᠯᠬᠤ᠎ᠳ᠋ᠤ ᠪᠠᠲᠦ ᠴᠢᠩᠭ᠎ᠠ ᠵᠤᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠬᠤ᠎ᠶᠢ ᠠᠬᠢᠭᠤᠯᠪᠠ ᠃ ᠨᠢᠭᠡ᠎ᠳ᠋ᠤ ᠤᠯᠤᠰ ᠲᠦᠷᠦ᠎ᠶᠢᠨ ᠵᠤᠬᠰᠤᠯᠲᠠ᠎ᠪᠠᠨ ᠲᠡᠭᠡᠭᠰᠢᠯᠡᠭᠦᠯᠵᠦ ᠂ ᠮᠠᠰᠢ ᠲᠦᠷᠬᠡᠨ ᠲᠤᠬᠢᠷᠠᠭᠤᠯᠤᠨ ᠪᠠᠢᠷᠢᠯᠠᠭᠤᠯᠪᠠ ᠃ ᠦᠪᠡᠷᠲᠡᠭᠡᠨ ᠵᠠᠰᠬᠠᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ ᠲᠠᠷᠤᠢ᠎ᠳ᠋ᠤᠨᠢ ᠬᠢᠵᠢᠭ᠎ᠤᠨ ᠪᠠᠢᠲᠠᠯ᠎ᠢ ᠠᠷᠭᠠᠴᠠᠭᠠᠬᠤ ᠠᠵᠢᠯ᠎ᠢᠶᠡᠨ ᠡᠬᠢᠯᠡᠭᠦᠯᠵᠦ ᠂ ᠬᠡᠯᠲᠡᠰ᠎ᠤᠨ ᠭᠤᠤᠯ ᠤᠳᠤᠷᠢᠳᠤᠯᠭ᠎ᠠ ᠬᠡᠯᠲᠡᠰ᠎ᠤᠨ ᠠᠵᠢᠯ᠎ᠤᠨ ᠬᠤᠷᠠᠯ ᠂ ᠪᠦᠬᠦ ᠤᠷᠤᠨ᠎ᠤ ᠵᠤᠬᠢᠶᠠᠨ ᠪᠠᠢᠭᠤᠯᠬᠤ ᠰᠢᠰᠲ᠋ᠸᠮ᠎ᠤᠨ ᠲᠸᠯᠸᠢᠰ ᠤᠳᠠᠰᠤ ᠬᠤᠷᠠᠯ᠎ᠢ 6 ᠤᠳᠠᠭ᠎ᠠ ᠡᠷᠬᠢᠯᠡᠨ ᠬᠤᠷᠠᠯᠳᠤᠭᠤᠯᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠢ ᠲᠤᠰᠬᠠᠢ ᠰᠡᠲᠦᠪ᠎ᠢᠶᠠᠷ ᠲᠤᠬᠢᠷᠠᠭᠤᠯᠤᠨ ᠠᠬᠢᠭᠤᠯᠪᠠ ︔ ᠬᠦᠬᠡᠬᠤᠲᠠ ᠂ ᠤᠯᠠᠭᠠᠨᠬᠠᠲᠠ ᠬᠤᠲᠠ ᠵᠡᠷᠭᠡ ᠭᠠᠵᠠᠷ᠎ᠢᠶᠠᠷ ᠤᠯᠠᠨ ᠤᠳᠠᠭ᠎ᠠ ᠬᠦᠨᠵᠡᠭᠡᠢᠷᠡᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠢ ᠰᠢᠨᠵᠢᠯᠡᠨ ᠪᠠᠢᠴᠠᠭᠠᠵᠦ ᠱᠠᠯᠠᠪᠲᠠᠭᠤᠯᠤᠨ ᠵᠢᠯᠤᠭᠤᠳᠪᠠ ᠃ ᠬᠤᠶᠠᠷ᠎ᠲᠤ ᠨᠠᠮ᠎ᠤᠨ ᠪᠠᠢᠭᠤᠯᠤᠯᠲᠠ᠎ᠪᠠᠷ ᠬᠦᠲᠦᠯᠦᠨ ᠲᠠᠭᠠᠭᠤᠯᠬᠤ᠎ᠶᠢ ᠲᠤᠪᠤᠢᠯᠭᠠᠵᠦ ᠂ ᠭᠠᠪᠰᠢᠭᠠᠢᠯᠠᠨ ᠲᠠᠭᠠᠭᠤᠯᠬᠤ᠎ᠶᠢ ᠤᠷᠮᠠᠰᠢᠭᠤᠯᠤᠨ ᠵᠤᠷᠢᠬᠵᠢᠭᠤᠯᠪᠠ ᠃ ᠦᠪᠡᠷᠲᠡᠭᠡᠨ ᠵᠠᠰᠬᠠᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ ᠵᠠᠯᠭᠠᠭ᠎ᠠ᠎ᠪᠠᠷ ᠮᠡᠲᠡᠭᠲᠡᠯ ᠲᠠᠷᠤᠮᠠᠯᠯᠠᠨ ᠲᠠᠷᠬᠠᠭᠠᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠪᠠᠢᠲᠠᠯ᠎ᠳ᠋ᠤ ᠬᠠᠨᠳᠤᠭᠤᠯᠤᠨ ᠂ ᠴᠠᠬ ᠲᠤᠬᠠᠢ᠎ᠳ᠋ᠤᠨᠢ ᠨᠠᠮ᠎ᠤᠨ ᠵᠤᠬᠢᠶᠠᠨ ᠪᠠᠢᠭᠤᠯᠤᠯᠲᠠ ᠪᠠ ᠨᠠᠮ᠎ᠤᠨ ᠬᠡᠰᠢᠭᠦᠨ᠎ᠳ᠋ᠤ ᠪᠤᠲᠠᠲᠠᠢ ᠱᠠᠭᠠᠷᠲᠠᠯᠭ᠎ᠠ ᠲᠤᠷᠠᠳᠴᠤ ᠂ ᠤᠯᠠᠨ ᠠᠷᠭ᠎ᠠ ᠬᠡᠮᠵᠢᠶ᠎ᠡ᠎ᠪᠠᠷ ᠦᠷᠭᠡᠨ ᠤᠯᠠᠨ ᠨᠠᠮ᠎ᠤᠨ ᠬᠡᠰᠢᠭᠦᠨ ᠺᠠᠳ᠋ᠷ᠎ᠢ ᠤᠷᠮᠠᠰᠢᠭᠤᠯᠤᠨ ᠵᠢᠯᠤᠭᠤᠳᠴᠤ ᠂ ᠠᠷᠠᠳ ᠤᠯᠠᠨ᠎ᠢ ᠬᠦᠲᠦᠯᠦᠨ ᠲᠠᠭᠠᠭᠤᠯᠵᠦ ᠬᠦᠴᠦᠲᠡᠢ ᠪᠦᠲᠦᠮᠵᠢᠲᠡᠢ᠎ᠪᠠᠷ ᠬᠢᠵᠢᠭ᠎ᠲᠠᠢ ᠲᠡᠮᠡᠴᠡᠭᠦᠯᠪᠡ ᠃ ᠭᠤᠷᠪᠠ᠎ᠳ᠋ᠤ ᠲᠤᠰᠬᠠᠢ ᠨᠠᠮ᠎ᠤᠨ ᠰᠦᠢᠳᠬᠡᠯ ᠦᠭᠴᠦ ᠂ ᠦᠨᠳᠦᠰᠦᠨ ᠱᠠᠲᠤᠨ᠎ᠤ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠢ ᠲᠡᠮᠵᠢᠪᠡ ᠃ ᠦᠪᠡᠷᠲᠡᠭᠡᠨ ᠵᠠᠰᠬᠠᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ ᠲᠠᠷᠠ ᠲᠠᠷᠤᠢ᠎ᠳ᠋ᠤᠨᠢ 600 ᠲᠦᠮᠡᠨ ᠲᠦᠭᠦᠷᠢᠭ᠎ᠤᠨ ᠨᠠᠮ᠎ᠤᠨ ᠰᠦᠢᠳᠬᠡᠯ᠎ᠢ ᠲᠤᠷᠤᠬᠰᠢ ᠪᠠᠭᠤᠯᠭᠠᠨ ᠦᠭᠴᠦ ᠂ ᠲᠤᠰᠬᠠᠢ ᠲᠦᠷᠦᠯ᠎ᠢᠶᠠᠷ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ᠎ᠶᠢᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ ᠦᠷᠨᠢᠭᠦᠯᠬᠦ᠎ᠳ᠋ᠤ ᠲᠡᠮᠵᠢᠵᠦ ᠂ ᠡᠭᠦᠨ᠎ᠤ ᠬᠠᠮᠲᠦ ᠨᠠᠮ᠎ᠤᠨ ᠬᠡᠰᠢᠭᠦᠨ᠎ᠤ ᠰᠠᠢᠨ ᠲᠤᠷ᠎ᠠ᠎ᠡᠴᠠ᠎ᠪᠠᠨ ᠵᠤᠭᠤᠰ ᠬᠠᠨᠳᠢᠪᠯᠠᠵᠦ ᠵᠢᠯᠤᠭᠤᠳᠴᠤ ᠦᠢᠯᠡᠴᠢᠯᠡᠬᠦ ᠠᠵᠢᠯ᠎ᠢ ᠢᠲᠡᠪᠬᠢᠲᠡᠢ ᠰᠠᠢᠲᠦᠷ ᠬᠢᠵᠡᠢ ᠃ ᠲᠦᠷᠪᠡ᠎ᠳ᠋ᠤ ᠬᠢᠵᠢᠭ᠎ᠲᠠᠢ ᠲᠠᠮᠠᠴᠡᠬᠦ ᠬᠤᠭᠤᠴᠠᠭᠠᠨ᠎ᠤ ᠰᠠᠬᠢᠯᠭ᠎ᠠ ᠪᠠᠲᠦ᠎ᠶᠢ ᠴᠢᠩᠭ᠎ᠠ ᠲᠤᠲᠤᠷᠬᠠᠢ ᠪᠤᠯᠭᠠᠵᠦ ᠂ ᠡᠮᠦᠨ᠎ᠡ ᠹᠷᠤᠨᠲ᠎ᠲᠠᠬᠢ ᠱᠠᠯᠠᠪᠲᠠᠭᠤᠯᠤᠨ ᠵᠢᠯᠤᠭᠤᠳᠬᠤ᠎ᠶᠢ ᠴᠢᠩᠭᠠᠳᠬᠠᠪᠠ ᠃ ᠦᠪᠡᠷᠲᠡᠭᠡᠨ ᠵᠠᠰᠬᠠᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ᠎ᠤᠨ ᠭᠤᠤᠯ ᠤᠳᠤᠷᠢᠳᠤᠯᠭ᠎ᠠ ᠲᠠᠭᠠᠭᠤᠯᠤᠨ ᠂ ᠬᠡᠯᠲᠡᠰ᠎ᠤᠨ ᠤᠳᠤᠷᠢᠳᠬᠤ ᠪᠠᠭ᠎ᠤᠨ ᠪᠦᠷᠢᠯᠲᠦᠭᠦᠨ ᠲᠤᠭᠤᠢᠯᠠᠩ ᠲᠠᠭᠠᠭᠤᠯᠵᠦ ᠂ ᠭᠠᠵᠠᠷ᠎ᠤᠨ ᠲᠡᠰ᠎ᠤᠨ ᠺᠠᠳ᠋ᠷ᠎ᠢ ᠰᠢᠯᠢᠨ ᠲᠤᠬᠢᠷᠠᠭᠤᠯᠵᠦ 7 ᠰᠢᠨᠵᠢᠯᠡᠨ ᠪᠠᠢᠴᠠᠭᠠᠵᠦ ᠱᠠᠯᠠᠪᠲᠠᠭᠤᠯᠤᠨ ᠵᠢᠯᠤᠭᠤᠳᠬᠤ ᠲᠤᠭᠤᠢᠯᠠᠩ ᠪᠠᠢᠭᠤᠯᠵᠦ ᠂ 12 ᠠᠢᠮᠠᠬ ᠬᠤᠲᠠ ᠪᠠ ᠦᠪᠡᠷᠲᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠲᠦ᠎ᠶᠢᠨ ᠵᠦᠪᠯᠡᠯ ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠵᠡᠷᠭᠡ ᠤᠷᠤᠨ᠎ᠤ ᠰᠢᠭᠤᠳ ᠬᠠᠷᠶ᠋ ᠢ᠎ᠠ ᠰᠠᠯᠠᠭ᠎ᠠ ᠮᠦᠴᠢᠷ ᠨᠢᠭᠡᠴᠢ᠎ᠳ᠋ᠤ ᠬᠦᠷᠴᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠷᠭ᠎ᠠ ᠠᠪᠴᠠᠯ᠎ᠢ ᠨᠠᠢᠲᠠᠪᠤᠷᠢᠵᠢᠭᠤᠯᠤᠬᠰᠠᠨ ᠪᠠᠢᠲᠠᠯ ᠤᠨᠴᠠᠭᠠᠢᠯᠠᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠂ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠠ ᠨᠠᠮ᠎ᠤᠨ ᠬᠡᠰᠢᠭᠦᠨ᠎ᠤ ᠦᠢᠯᠡᠲᠦᠯ᠎ᠢᠶᠡᠨ ᠪᠠᠲᠠᠷᠠᠭᠤᠯᠤᠬᠰᠠᠨ ᠪᠠᠢᠲᠠᠯ᠎ᠢ ᠪᠤᠲᠠᠲᠤ ᠭᠠᠵᠠᠷ᠎ᠲᠤᠨᠢ ᠪᠠᠢᠴᠠᠭᠠᠨ ᠱᠠᠯᠠᠪᠲᠠᠭᠤᠯᠤᠨ ᠵᠢᠯᠤᠭᠤᠳᠪᠠ ᠃
ᠠᠰᠠᠭᠤᠯᠲᠠ ᠄ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠎ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ᠎ᠢ ᠤᠷᠮᠠᠰᠢᠭᠤᠯᠤᠨ ᠵᠢᠯᠣᠭᠤᠳᠴᠤ ᠴᠡᠭᠡᠵᠢ ᠳᠦᠷᠢᠨ ᠡᠷᠡᠯᠭᠡᠭᠯᠡᠨ ᠲᠠᠮᠡᠴᠡᠭᠰᠡᠨ ᠂ ᠢᠯᠠᠩᠭᠤᠶ᠎ᠠ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ᠎ᠲᠤ ᠺᠠᠳ᠋ᠷ᠎ᠢ ᠰᠢᠨᠵᠢᠯᠡᠨ ᠪᠠᠶᠢᠴᠠᠭᠠᠵᠤ ᠢᠯᠭᠠᠨ ᠲᠠᠨᠢᠬᠤ ᠲᠠᠯ᠎ᠠ᠎ᠪᠠᠷ ᠭᠤᠤᠯᠲᠠᠭᠤ ᠶᠠᠮᠠᠷ ᠰᠢᠤ ᠠᠷᠭ᠎ᠠ ᠬᠡᠮᠵᠢᠶ᠎ᠡ ᠠᠪᠤᠬᠰᠠᠨ ᠲᠤᠬᠠᠢ ᠲᠦᠬᠦᠮ ᠲᠠᠨᠢᠯᠴᠠᠭᠤᠯᠵᠤ ᠦᠭᠬᠦ ‍ᠤᠤ ︖
ᠬᠠᠷᠢᠭᠤᠯᠲᠠ ᠄
ᠪᠦᠬᠦ ᠣᠷᠣᠨ ᠳᠠᠶᠠᠭᠠᠷ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶᠢᠩᠭᠤ᠎ᠶᠢᠨ ᠬᠣᠷᠢ‍ ᠢ᠎ᠠ ᠂ ᠬᠢᠵᠢᠭ᠎ᠤᠨ ᠪᠠᠶᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠬᠤ ᠳᠤᠭᠤᠶᠢᠯᠠᠩ ᠪᠣᠯᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠤᠯᠠᠨ ᠤᠳᠠᠭ᠎ᠠ ᠰᠡᠷᠭᠡᠶᠢᠯᠡᠨ ᠡᠵᠡᠮᠳᠡᠬᠦ ᠠᠵᠢᠯ᠎ᠢ ᠰᠤᠳᠤᠯᠤᠨ ᠪᠠᠶᠢᠷᠢᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶᠢᠩᠭᠤ᠎ᠶᠢᠨ ᠬᠣᠷᠢᠶᠠᠨ᠎ᠤ ᠡᠷᠬᠢᠯᠡᠭᠴᠢ ᠱᠢ᠎ᠲᠠᠢ ᠹᠸᠩ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ ᠵᠡᠷᠭᠡ ᠤᠳᠤᠷᠢᠳᠬᠤ ᠨᠥᠬᠥᠳ ᠡᠮᠦᠨ᠎ᠡ ᠹᠷᠣᠨᠲ᠎ᠲᠤ ᠬᠦᠷᠴᠦ ᠵᠢᠯᠣᠭᠣᠳᠴᠤ ᠂ ᠮᠤᠵᠢ᠎ᠶᠢᠨ ᠳᠡᠰ᠎ᠤᠨ ᠤᠳᠤᠷᠢᠳᠤᠯᠭ᠎ᠠ 12 ᠠᠶᠢᠮᠠᠭ ᠬᠤᠳᠠ᠎ᠶᠢ ᠳᠠᠭᠠᠭᠠᠴᠢᠯᠠᠨ ᠬᠠᠷᠢᠯᠴᠠᠵᠦ ᠂ ᠡᠮᠦᠨ᠎ᠡ ᠹᠷᠣᠨᠲ᠎ᠲᠤ ᠭᠦᠨᠵᠡᠭᠡᠶᠢᠷᠡᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠪᠠᠶᠢᠴᠠᠭᠠᠵᠤ ᠱᠠᠯᠠᠪᠳᠠᠭᠤᠯᠤᠨ ᠵᠢᠯᠣᠭᠣᠳᠴᠤ ᠂ ᠠᠵᠤ ᠠᠬᠤᠶᠢᠯᠠᠯ᠎ᠤᠨ ᠦᠢᠯᠡᠳᠪᠦᠷᠢᠯᠡᠯ᠎ᠢᠶᠡᠨ ᠰᠡᠷᠬᠦᠭᠡᠵᠦ ᠠᠵᠢᠯ᠎ᠢᠶᠡᠨ ᠰᠡᠷᠭᠦᠭᠡᠬᠦ᠎ᠶᠢ ᠵᠢᠯᠣᠭᠣᠳᠤᠨ ᠠᠬᠢᠭᠤᠯᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠢᠱᠢᠶ᠎ᠡ ᠦᠵᠡᠭᠦᠯᠦᠨ ᠳᠠᠶᠢᠴᠢᠯᠠᠭᠰᠠᠨ᠎ᠢᠶᠠᠷ ᠂ ᠪᠥᠬᠥ ᠣᠷᠣᠨ᠎ᠤ ᠡᠯ᠎ᠡ ᠱᠠᠲᠤᠨ᠎ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠴᠡᠭᠡᠵᠢ ᠳᠦᠷᠢᠨ ᠡᠷᠡᠯᠬᠡᠭᠯᠡᠨ ᠲᠡᠮᠡᠴᠡᠵᠦ ᠂ ᠯᠠᠪᠳᠠᠭᠤᠨ ᠪᠠᠲᠤᠲᠠᠶ ᠠᠵᠢᠯᠯᠠᠵᠤ ᠂ ᠪᠣᠳᠠᠲᠤ ᠠᠵᠢᠯᠯᠠᠭ᠎ᠠ᠎ᠪᠠᠷ᠎ᠢᠶᠡᠨ ︽ ᠬᠣᠶᠠᠷ᠎ᠢ ᠬᠠᠮᠠᠭᠠᠯᠠᠬᠤ ︾᠎ᠶᠢ ᠦᠶᠯᠡᠳᠦᠯᠭᠡᠵᠢᠭᠦᠯᠵᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠨ᠎ᠠ ᠃ ᠡᠯ᠎ᠡ ᠱᠠᠲᠤᠨ᠎ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠎ᠤᠨ᠎ᠬᠢᠨ ᠰᠡᠷᠭᠡᠶᠢᠯᠡᠨ ᠡᠵᠡᠮᠳᠡᠬᠦ ᠶᠡᠬᠡ ᠲᠠᠯ᠎ᠠ᠎ᠳ᠋ᠤ ᠠᠩᠬᠠᠷᠤᠯ᠎ᠢᠶᠡᠨ ᠲᠥᠪᠯᠡᠷᠡᠭᠦᠯᠵᠦ ᠂ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ ᠂ ᠬᠦᠴᠦᠲᠡᠢ ᠠᠷᠭ᠎ᠠ ᠬᠡᠮᠵᠢᠶ᠎ᠡ ᠠᠪᠴᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠤᠨ ᠲᠤᠰᠢᠶᠠᠯ ᠬᠠᠷᠢᠭᠤᠴᠠᠯᠭ᠎ᠠ᠎ᠪᠠᠨ ᠨᠡᠩ ᠰᠠᠶᠢᠲᠤᠷ ᠭᠦᠢᠴᠡᠳᠬᠡᠵᠦ ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ᠎ᠶᠢ ᠵᠤᠷᠢᠬᠵᠢᠭᠤᠯᠵᠦ ᠬᠥᠲᠥᠯᠥᠨ ᠵᠢᠯᠣᠭᠣᠳᠴᠠᠢ ᠃ ᠨᠢᠭᠡ᠎ᠳ᠋ᠤ ᠬᠠᠷᠢᠭᠤᠴᠠᠯᠭ᠎ᠠ ᠡᠭᠦᠷᠭᠡᠯᠡᠵᠦ ᠦᠯᠢᠭᠡᠷ ᠳᠠᠭᠤᠷᠢᠶᠠᠯ ᠪᠣᠯᠬᠤ ᠱᠠᠭᠠᠷᠳᠠᠯᠭ᠎ᠠ᠎ᠶᠢ ᠴᠢᠩᠭ᠎ᠠ ᠲᠤᠳᠤᠷᠬᠠᠢᠯᠠᠵᠠᠢ ᠃ ᠡᠯ᠎ᠡ ᠱᠠᠲᠤᠨ᠎ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠎ᠤᠨ᠎ᠬᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠪᠠᠷ ᠭᠣᠤᠯ ᠳᠠᠢᠨ᠎ᠤ ᠲᠠᠯᠠᠪᠤᠷ ᠪᠠ ︽ ᠰᠢᠯᠭᠠᠭᠤᠷ ︾ ᠪᠣᠯᠭᠠᠬᠤ᠎ᠶᠢ ᠪᠠᠷᠢᠮᠲᠠᠯᠠᠵᠤ ᠂ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠪᠣᠳᠠᠲᠠᠶᠢᠵᠢᠭᠤᠯᠤᠨ ᠂ ᠰᠠᠬᠢᠯᠭ᠎ᠠ ᠪᠠᠲᠤ᠎ᠶᠢᠨ ᠱᠠᠭᠠᠷᠳᠠᠯᠭ᠎ᠠ᠎ᠶᠢ ᠴᠢᠩᠳᠠᠯᠠᠵᠤ ᠂ ᠮᠡᠳᠡᠭᠳᠡᠯ ᠪᠠᠭᠤᠯᠭᠠᠬᠤ ᠂ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠣᠳᠬᠤ ᠂ ᠰᠡᠳᠬᠢᠯ᠎ᠤᠨ ᠦᠭᠡ᠎ᠪᠠᠨ ᠶᠠᠷᠢᠯᠴᠠᠬᠤ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ ᠂ ᠡᠯ᠎ᠡ ᠱᠠᠲᠤᠨ᠎ᠤ ᠤᠳᠤᠷᠢᠳᠬᠤ ᠪᠠᠭ ᠪᠠ ᠤᠳᠤᠷᠢᠳᠬᠤ ᠺᠠᠳ᠋ᠷᠴᠤᠳ᠎ᠢ ᠬᠠᠷᠢᠭᠤᠴᠠᠯᠭ᠎ᠠ ᠡᠭᠦᠷᠭᠡᠯᠡᠨ ᠥᠯᠢᠭᠡᠷ ᠳᠠᠭᠤᠷᠢᠶᠠᠯ ᠪᠣᠯᠵᠣ ᠂ ᠪᠣᠳᠠᠲᠠᠶ᠎ᠶᠢ ᠡᠷᠬᠢᠮᠯᠡᠬᠦ ᠰᠤᠷᠲᠠᠯ᠎ᠢᠶᠠᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠯ᠎ᠡ ᠵᠦᠶᠯ᠎ᠤᠨ ᠪᠠᠶᠢᠷᠢᠯᠠᠭᠤᠯᠤᠯᠲᠠ᠎ᠶᠢ ᠨᠠᠷᠢᠨ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ ︔ ᠬᠠᠷᠢᠭᠤᠴᠠᠯᠭ᠎ᠠ ᠡᠭᠦᠷᠭᠡᠯᠡᠬᠦ ᠵᠣᠷᠢᠭ ᠦᠭᠡᠢ ᠂ ᠨᠠᠶᠢᠳᠠᠪᠤᠷᠢᠵᠢᠭᠤᠯᠤᠯᠲᠠ ᠰᠤᠯᠠ ᠂ ᠬᠠᠷᠢᠯᠴᠠᠨ ᠲᠦᠯᠬᠢᠯᠴᠡᠵᠦ ᠂ ᠬᠠᠷᠢᠭᠤᠴᠠᠯᠭ᠎ᠠ᠎ᠪᠠᠨ ᠠᠯᠳᠠᠵᠤ ᠲᠤᠰᠢᠶᠠᠯ᠎ᠢᠶᠡᠨ ᠭᠤᠲᠤᠭᠠᠭᠰᠠᠳ᠎ᠡᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ ᠃ ᠬᠣᠶᠠᠷ᠎ᠲᠤ ᠡᠮᠦᠨ᠎ᠡ ᠹᠷᠣᠨᠲ᠎ᠲᠤ ᠺᠠᠳ᠋ᠷ᠎ᠢ ᠰᠢᠯᠭᠠᠨ ᠪᠠᠶᠢᠴᠠᠭᠠᠵᠤ ᠢᠯᠭᠠᠨ ᠲᠠᠨᠢᠬᠤ᠎ᠶᠢ ᠴᠢᠬᠤᠯᠠᠴᠢᠯᠠᠵᠠᠢ ᠃ ᠶᠡᠷᠦᠩᠬᠡᠶ ᠱᠦᠵᠢ ᠰᠢ᠎ᠶᠢᠨ ᠫᠢᠩ᠎ᠤᠨ ᠴᠢᠬᠤᠯᠠ ᠱᠠᠭᠠᠷᠳᠠᠯᠭ᠎ᠠ᠎ᠶᠢ ᠬᠢᠨᠠᠮᠠᠭᠠᠶ ᠲᠤᠭᠤᠰᠢᠯᠠᠭᠤᠯᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ᠎ᠲᠤ ᠺᠠᠳ᠋ᠷ᠎ᠢ ᠰᠢᠯᠭᠠᠨ ᠪᠠᠶᠢᠴᠠᠭᠠᠵᠤ ᠢᠯᠭᠠᠨ ᠲᠠᠨᠢᠬᠤ᠎ᠶᠢ ᠴᠢᠬᠤᠯᠠᠴᠢᠯᠠᠨ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠳᠤᠮᠳᠠᠬᠢ ᠪᠣᠳᠠᠲᠠᠶ ᠢᠯᠡᠷᠡᠯ ᠂ ᠪᠣᠳᠠᠲᠠᠶ ᠬᠡᠷᠡᠭ᠎ᠤᠨ ᠵᠢᠱᠢᠶ᠎ᠡ᠎ᠶᠢ ᠲᠡᠮᠳᠡᠭᠯᠡᠵᠦ ᠂ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠵᠤ ᠂ ᠺᠠᠳ᠋ᠷ᠎ᠢ ᠢᠯᠭᠠᠨ ᠲᠠᠨᠢᠵᠤ ᠦᠨᠡᠯᠡᠬᠦ ᠴᠢᠬᠤᠯᠠ ᠦᠨᠳᠦᠰᠦᠯᠡᠯ ᠪᠣᠯᠭᠠᠵᠠᠢ ᠃ ᠥᠪᠡᠷᠲᠡᠭᠡᠨ ᠵᠠᠰᠠᠬᠤ ᠣᠷᠣᠨ ᠂ ᠠᠶᠢᠮᠠᠭ ᠬᠣᠲᠠ ᠂ ᠬᠣᠰᠢᠭᠤ ᠰᠢᠶᠠᠨ ︵ ᠬᠣᠲᠠ ᠂ ᠲᠣᠭᠣᠷᠢᠭ ︶ ᠭᠤᠷᠪᠠᠨ ᠱᠠᠲᠤᠨ᠎ᠤ ᠵᠣᠬᠢᠶᠠᠨ ᠪᠠᠶᠢᠭᠤᠯᠬᠤ ᠬᠡᠯᠲᠡᠰ᠎ᠤᠨ ᠳᠠᠷᠤᠭ᠎ᠠ ᠦᠨᠳᠦᠰᠦᠨ ᠱᠠᠲᠤᠨ᠎ᠤ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ᠎ᠲᠤ ᠴᠠᠭ ᠲᠤᠬᠠᠶ᠎ᠳ᠋ᠤᠨᠢ ᠡᠮᠬᠢ ᠵᠢᠷᠤᠮ᠎ᠲᠠᠢ᠎ᠪᠠᠷ ᠭᠦᠨᠵᠡᠭᠡᠶᠢᠷᠡᠨ ᠂ ᠤᠳᠤᠷᠢᠳᠬᠤ ᠪᠠᠭ ᠪᠠ ᠤᠳᠤᠷᠢᠳᠬᠤ ᠺᠠᠳ᠋ᠷ᠎ᠤᠨ ᠪᠣᠳᠠᠲᠠᠶ ᠢᠯᠡᠷᠡᠯ᠎ᠢ ᠣᠶᠢᠯᠠᠭᠠᠨ ᠡᠵᠡᠮᠰᠢᠵᠦ ᠂ ᠨᠠᠮ᠎ᠤᠨ ᠭᠡᠰᠢᠭᠦᠨ ᠺᠠᠳ᠋ᠷᠴᠤᠳ᠎ᠤᠨ ᠬᠦᠨᠳᠦ ᠡᠭᠦᠷᠭᠡ᠎ᠶᠢ ᠵᠣᠷᠢᠭᠲᠠᠶ᠎ᠪᠠᠷ ᠡᠭᠦᠷᠭᠡᠯᠡᠬᠦ ᠂ ᠠᠵᠢᠯ᠎ᠤᠨ ᠬᠠᠷᠢᠭᠤᠴᠠᠯᠭ᠎ᠠ᠎ᠪᠠᠨ ᠭᠦᠶᠴᠡᠳᠬᠡᠬᠦ ᠂ ᠬᠢᠵᠢᠭ᠎ᠤᠨ ᠪᠠᠶᠢᠳᠠᠯ᠎ᠢ ᠬᠣᠷᠢᠬᠯᠠᠬᠤ᠎ᠶᠢ ᠤᠷᠮᠠᠰᠢᠭᠤᠯᠤᠨ ᠵᠤᠷᠢᠬᠵᠢᠭᠤᠯᠵᠠᠢ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠂ ᠢᠯᠡᠷᠡᠯ᠎ᠢᠶᠠᠷ ᠲᠣᠪᠣᠶᠢᠮ᠎ᠠ ᠨᠠᠮ᠎ᠤᠨ ᠭᠡᠰᠢᠭᠦᠨ ᠺᠠᠳ᠋ᠷ᠎ᠢ ᠴᠠᠭ ᠲᠤᠬᠠᠶ᠎ᠳ᠋ᠤᠨᠢ ᠬᠥᠬᠢᠭᠦᠯᠦᠨ ᠰᠠᠶᠢᠰᠢᠶᠠᠵᠦ ᠵᠣᠷᠢᠭᠲᠠᠶ᠎ᠪᠠᠷ ᠳᠡᠪᠰᠢᠭᠦᠯᠦᠨ ᠬᠡᠷᠡᠭᠯᠡᠵᠠᠢ ᠃ ᠭᠤᠷᠪᠠ᠎ᠳ᠋ᠤ ᠵᠣᠬᠢᠶᠠᠨ ᠪᠠᠶᠢᠭᠤᠯᠵᠤ ᠬᠢᠨᠠᠯᠲᠠ ᠲᠠᠯᠪᠢᠬᠤ᠎ᠶᠢ ᠴᠢᠩᠭᠠᠳᠬᠠᠵᠤ ᠴᠢᠩᠭ᠎ᠠ ᠬᠠᠮᠢᠶᠠᠷᠴᠤ ᠬᠦᠨ ᠬᠠᠢᠷᠠᠯᠠᠬᠤ᠎ᠶᠢ ᠴᠢᠬᠤᠯᠠᠴᠢᠯᠠᠵᠠᠢ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶᠢᠭᠤᠯᠬᠤ ᠬᠡᠯᠲᠡᠰ ᠴᠠᠭ ᠲᠤᠬᠠᠶ᠎ᠳ᠋ᠤᠨᠢ ᠠᠯᠪᠠᠨ ᠵᠠᠷ ᠨᠡᠶᠢᠲᠡᠯᠡᠵᠦ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠣᠲᠠ ᠬᠣᠰᠢᠭᠤ ᠰᠢᠶᠠᠨ ︵ ᠬᠣᠲᠠ ᠂ ᠲᠣᠭᠣᠷᠢᠭ ︶ ᠭᠤᠷᠪᠠᠨ ᠱᠠᠲᠤᠨ᠎ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠎ᠤᠨ ︽ 12380 ︾ ᠢᠯᠡᠴᠢᠯᠡᠨ ᠮᠡᠳᠡᠭᠦᠯᠬᠦ ᠲᠠᠪᠴᠠᠩ ᠡᠳᠦᠷ ᠲᠤᠵᠢ ᠵᠢᠵᠢᠭᠦᠷᠯᠡᠵᠦ ᠂ ᠨᠠᠮ᠎ᠤᠨ ᠭᠡᠰᠢᠭᠦᠨ ᠺᠠᠳ᠋ᠷᠴᠤᠳ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠳᠤᠮᠳᠠ ᠬᠠᠷᠢᠭᠤᠴᠠᠯᠭ᠎ᠠ ᠡᠭᠦᠷᠭᠡᠯᠡᠬᠦ ᠥᠬᠡᠶ ᠠᠵᠢᠯ ᠥᠯᠥ ᠬᠢᠬᠦ ᠠᠰᠠᠭᠤᠳᠠᠯ᠎ᠤᠨ ᠢᠯᠡᠴᠢᠯᠡᠨ ᠮᠡᠳᠡᠭᠦᠯᠦᠯᠲᠡ᠎ᠶᠢ ᠴᠠᠭ ᠲᠤᠬᠠᠶ᠎ᠳ᠋ᠤᠨᠢ ᠭᠥᠯᠢᠶᠡᠨ ᠠᠪᠴᠤ ᠰᠢᠶᠳᠪᠦᠷᠢᠯᠡᠵᠠᠢ ᠃ ᠬᠢᠨᠠᠨ ᠰᠢᠯᠭᠠᠬᠤ ᠱᠠᠩᠨᠠᠬᠤ ᠵᠠᠯᠬᠠᠭᠠᠬᠤ᠎ᠶᠢ ᠴᠢᠩᠳᠠᠯᠠᠬᠤ᠎ᠶᠢ ᠪᠠᠷᠢᠮᠲᠠᠯᠠᠪᠠ ᠃ ᠴᠢᠩᠭ᠎ᠠ ᠬᠠᠮᠢᠶᠠᠷᠴᠤ ᠭᠦᠨ ᠬᠠᠢᠷᠠᠯᠠᠬᠤ᠎ᠶᠢ ᠴᠢᠩᠭᠠᠳᠬᠠᠬᠤ᠎ᠶᠢ ᠪᠠᠷᠢᠮᠲᠠᠯᠠᠵᠤ ᠂ ᠡᠯ᠎ᠡ ᠱᠠᠲᠤᠨ᠎ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠎ᠤᠨ᠎ᠬᠢᠨ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠣᠳᠬᠤ᠎ᠲᠠᠢ ᠤᠶᠠᠯᠳᠤᠭᠤᠯᠤᠨ ᠰᠡᠳᠬᠢᠯ᠎ᠤᠨ ᠦᠭᠡ᠎ᠪᠠᠨ ᠶᠠᠷᠢᠯᠴᠠᠵᠦ ᠂ ᠡᠮᠦᠨ᠎ᠡ ᠹᠷᠣᠨᠲ᠎ᠤᠨ ᠺᠠᠳ᠋ᠷᠴᠤᠳ᠎ᠤᠨ ᠰᠡᠷᠭᠡᠶᠢᠯᠡᠨ ᠡᠵᠡᠮᠳᠡᠬᠦ ᠦᠵᠡᠯ ᠰᠠᠨᠠᠭᠠᠨ᠎ᠤ ᠵᠢᠯᠤᠭᠤᠳᠤᠯᠭ᠎ᠠ᠎ᠶᠢ ᠴᠢᠬᠤᠯᠠᠴᠢᠯᠠᠵᠤ ᠂ ᠲᠡᠳᠡᠨ᠎ᠢ ᠬᠠᠪᠰᠤᠷᠤᠨ ᠡᠭᠦᠷᠭᠡ ᠬᠠᠷᠢᠭᠤᠴᠠᠯᠭ᠎ᠠ᠎ᠶᠢ᠎ᠨᠢ ᠲᠣᠳᠣᠷᠬᠠᠢ ᠲᠠᠨᠢᠭᠤᠯᠵᠤ ᠂ ᠵᠠᠪᠠᠯ ᠢᠯᠠᠬᠤ ᠢᠲᠡᠭᠡᠯ ᠵᠣᠷᠢᠭ᠎ᠢ᠎ᠨᠢ ᠬᠦᠪᠴᠢᠯᠠᠵᠠᠢ ᠃
ᠠᠰᠠᠭᠤᠯᠲᠠ ᠄ ᠦᠨᠲᠤᠰᠤᠨ ᠱᠠᠲᠤ ᠪᠤᠯ ᠬᠢᠵᠢᠭ᠎ᠤᠨ ᠪᠠᠢᠲᠠᠯ᠎ᠢ ᠰᠡᠷᠬᠡᠢᠯᠠᠨ ᠡᠵᠡᠮᠲᠠᠬᠦ ᠨᠢᠬᠡᠲᠤᠬᠡᠷ ᠰᠡᠷᠬᠡᠢᠯᠠᠯᠲᠠ᠎ᠶᠢᠨ ᠱᠤᠭᠤᠮ ᠮᠦᠨ ᠂ ᠬᠢᠵᠢᠭ᠎ᠤᠨ ᠪᠠᠢᠲᠠᠯ᠎ᠢ ᠰᠡᠷᠬᠡᠢᠯᠠᠨ ᠡᠵᠡᠮᠲᠠᠬᠦ ᠬᠤᠷᠢᠡᠡᠯᠠᠯᠲᠠ᠎ᠶᠢᠨ ᠲᠠᠢᠯᠠᠯᠲᠤᠭᠠᠨ᠎ᠳ᠋ᠤ ᠦᠨᠲᠤᠰᠤᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ᠎ᠶᠢᠨ ᠲᠠᠢᠴᠢᠨ ᠪᠠᠬᠢᠯᠠᠯᠲᠠ᠎ᠶᠢᠨ ᠦᠢᠯᠡᠲᠤᠯ᠎ᠢ ᠬᠦᠢᠴᠡᠳ ᠪᠠᠲᠠᠷᠠᠭᠤᠯᠤᠭᠰᠠᠨ ᠪᠠᠢᠲᠠᠯ᠎ᠤᠨ ᠲᠤᠬᠠᠢ ᠲᠦᠬᠦᠮ ᠲᠠᠨᠢᠯᠴᠠᠭᠤᠯᠵᠤ ᠦᠭᠬᠦ ‍ᠤᠤ ︖
ᠬᠠᠷᠢᠭᠤᠯᠲᠠ ᠄
ᠬᠢᠵᠢᠭ᠎ᠤᠨ ᠪᠠᠢᠲᠠᠯ ᠪᠤᠯ ᠲᠠᠢᠨ᠎ᠤ ᠲᠠᠯᠠᠪᠤᠷ ᠂ ᠦᠨᠲᠤᠰᠤᠨ ᠱᠠᠲᠤ ᠪᠤᠯ ᠲᠠᠷᠤᠢ ᠡᠮᠤᠨ᠎ᠠ ᠹᠷᠤᠨᠲ ᠶᠤᠮ ᠃ ᠦᠪᠠᠷᠲᠠᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠠᠰ ᠰᠡᠷᠬᠡᠢᠯᠠᠨ ᠡᠵᠡᠮᠲᠠᠬᠦ ᠨᠢᠬᠡᠲᠤᠬᠡᠷ ᠹᠷᠤᠨᠲ᠎ᠲᠤ ᠨᠠᠮ᠎ᠤᠨ ᠲᠤᠭ᠎ᠢ ᠨᠠᠮᠢᠷᠠᠭᠤᠯᠤᠨ ᠂ ᠨᠠᠮ᠎ᠤᠨ ᠬᠡᠰᠢᠬᠦᠨ᠎ᠤ ᠬᠤᠰᠢᠭᠤᠴᠢ ᠠᠵᠢᠯ᠎ᠤᠨ ᠪᠠᠢᠷᠢ᠎ᠶᠢ ᠪᠤᠢ ᠪᠤᠯᠭᠠᠬᠤ ᠵᠡᠷᠬᠡ ︽ ᠲᠤᠯᠤᠭ᠎ᠠ᠎ᠶᠢ ᠪᠤᠰᠬᠠᠬᠤ ︾ ᠪᠤᠲᠠᠲᠠᠢ ᠱᠠᠭᠠᠷᠲᠠᠯᠭ᠎ᠠ ᠪᠠ ᠤᠨᠤᠴᠡᠲᠠᠢ᠎ᠪᠠᠷ ᠵᠢᠬᠰᠠᠭᠠᠨ ᠪᠠᠢᠴᠠᠭᠠᠨ ᠴᠢᠡᠭᠭ᠎ᠠ ᠰᠠᠬᠢᠵᠤ ᠂ ᠨᠠᠮ᠎ᠤᠨ ᠬᠡᠰᠢᠬᠦᠨ ᠰᠠᠢᠨ ᠲᠤᠷᠠᠴᠤᠤᠯ᠎ᠤᠨ ᠪᠤᠭᠤᠮᠲᠠ ᠰᠢᠪᠲᠤᠯᠬᠤ᠎ᠳ᠋ᠤ ᠨᠠᠷ᠎ᠠ ᠮᠠᠲᠠᠬᠦᠯᠬᠦ ᠵᠡᠷᠭᠡ ︽ ᠨᠠᠢᠮᠠ᠎ᠶᠢ ᠨᠠᠷᠢᠯᠢᠭ ᠪᠤᠲᠠᠲᠠᠢ ᠨᠠᠢᠲᠠᠪᠤᠷᠢᠵᠢᠭᠤᠯᠬᠤ ︾ ᠱᠠᠭᠠᠷᠲᠠᠯᠭ᠎ᠠ ᠶᠤᠰᠤᠭᠠᠷ ᠂ ᠪᠦᠬᠦ ᠤᠷᠤᠨ᠎ᠤ 8.43 ᠲᠦᠮᠠᠨ ᠦᠨᠲᠤᠰᠤᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠵᠠᠷᠯᠢᠭ᠎ᠢ᠎ᠲᠠᠭᠠᠨ ᠬᠦᠲᠠᠯᠤᠯᠴᠠᠵᠤ ᠂ ᠬᠦᠴᠤᠷᠬᠡᠭ ᠶᠠᠬᠡ ᠤᠯᠤᠰ ᠲᠦᠷᠦ᠎ᠶᠢᠨ ᠴᠢᠲᠠᠪᠬᠢ ᠪᠠ ᠵᠤᠬᠢᠶᠠᠨ ᠪᠠᠢᠭᠤᠯᠬᠤ ᠴᠢᠲᠠᠪᠤᠷᠢ᠎ᠪᠠᠨ ᠪᠠᠲᠠᠷᠠᠭᠤᠯᠵᠤ ᠂ ᠡᠯ᠎ᠠ ᠵᠤᠢᠯ᠎ᠤᠨ ᠬᠦᠴᠤᠨ ᠪᠠ ᠡᠬᠢ ᠪᠠᠶᠠᠯᠢᠭ᠎ᠢ ᠬᠦᠢᠴᠡᠳ ᠲᠠᠢᠴᠢᠯᠠᠨ ᠂ ᠨᠠᠮ᠎ᠤᠨ ᠲᠤᠭ᠎ᠢ ᠬᠢᠵᠢᠭ᠎ᠤᠨ ᠪᠠᠢᠲᠠᠯ᠎ᠢ ᠰᠡᠷᠬᠡᠢᠯᠠᠨ ᠡᠵᠡᠮᠲᠠᠬᠦ ᠲᠠᠮᠠᠴᠡᠯ᠎ᠤᠨ ᠡᠮᠦᠨ᠎ᠡ ᠹᠷᠤᠨᠲ᠎ᠲᠤ ᠦᠨᠲᠤᠷ ᠨᠠᠮᠢᠷᠠᠭᠤᠯᠪᠠ ᠃ ᠨᠢᠭᠡ᠎ᠳ᠋ᠤ ᠰᠤᠮᠤ ᠰᠢᠶᠠᠡᠭ ᠪᠠᠯᠭᠠᠰᠤ ᠪᠠ ᠭᠠᠴᠠᠭ᠎ᠠ ᠲᠤᠰᠬᠤᠨ᠎ᠤ ᠨᠠᠮ᠎ᠤᠨ ᠵᠤᠬᠢᠶᠠᠨ ᠪᠠᠢᠭᠤᠯᠤᠯᠲᠠ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠨᠠᠢᠲᠠᠪᠤᠷᠢᠵᠢᠭᠤᠯᠤᠨ ᠦᠨᠲᠤᠰᠤᠨ ᠱᠠᠲᠤᠨ᠎ᠤ ᠰᠡᠷᠬᠡᠢᠯᠠᠯᠲᠠ᠎ᠶᠢᠨ ᠱᠤᠭᠤᠮ᠎ᠢ ᠪᠠᠲᠤ ᠪᠠᠬᠢᠵᠢᠬᠦᠯᠵᠠᠢ ᠃ ᠮᠠᠯᠵᠢᠬᠤ ᠲᠠᠷᠢᠶᠠᠯᠠᠬᠤ ᠤᠷᠤᠨ᠎ᠤ ᠬᠢᠵᠢᠭ᠎ᠤᠨ ᠪᠠᠢᠲᠠᠯ᠎ᠢ ᠰᠡᠷᠬᠡᠢᠯᠠᠨ ᠡᠵᠡᠮᠲᠠᠬᠦ ᠤᠨᠴᠠᠯᠢᠭ᠎ᠲᠤ ᠴᠢᠭᠯᠡᠬᠦᠯᠤᠨ ᠂ ᠰᠤᠮᠤ ᠰᠢᠶᠠᠡᠭ ᠪᠠᠯᠭᠠᠰᠤ ᠪᠠ ᠭᠠᠴᠠᠭ᠎ᠠ ᠲᠤᠰᠬᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠦᠬᠦ ᠲᠠᠯ᠎ᠠ᠎ᠪᠠᠷ ︽ ᠨᠠᠮ᠎ᠤᠨ ᠪᠠᠢᠭᠤᠯᠤᠯᠲᠠ᠎ᠶᠢᠨ ᠲᠤᠤᠷᠵᠢᠭᠤᠯᠤᠭᠰᠠᠨ ︾ ᠬᠢᠵᠢᠭ᠎ᠤᠨ ᠪᠠᠢᠲᠠᠯ᠎ᠤᠨ ᠰᠡᠷᠬᠡᠢᠯᠠᠨ ᠡᠵᠡᠮᠲᠠᠬᠦ ᠬᠡᠪ ᠵᠠᠭᠪᠤᠷ᠎ᠢ ᠬᠡᠷᠡᠭᠵᠢᠬᠦᠯᠵᠤ ᠂ ᠭᠠᠴᠠᠭ᠎ᠠ ᠲᠤᠰᠬᠤᠨ᠎ᠤ ᠺᠠᠳ᠋ᠷ ᠂ ᠲᠤᠰᠬᠤᠨ᠎ᠳ᠋ᠤ ᠰᠠᠭᠤᠭ᠎ᠠ ᠨᠢᠬᠡᠲᠤᠬᠡᠷ ᠱᠦᠵᠢ ᠂ ᠲᠤᠤᠷᠵᠢᠭᠤᠯᠬᠤ ᠠᠵᠢᠯᠲᠠᠨ᠎ᠢ ᠵᠤᠬᠢᠶᠠᠨ ᠪᠠᠢᠭᠤᠯᠤᠨ ᠲᠠᠢᠴᠢᠯᠠᠵᠤ ︽ ᠬᠢᠵᠢᠭ ︾᠎ᠤᠨ ᠲᠠᠢᠨ᠎ᠳ᠋ᠤ ᠤᠷᠤᠯᠴᠠᠭᠤᠯᠵᠤ ᠂ ᠬᠢᠵᠢᠭ᠎ᠤᠨ ᠪᠠᠢᠲᠠᠯ᠎ᠢ ᠰᠡᠷᠬᠡᠢᠯᠠᠨ ᠡᠵᠡᠮᠲᠠᠬᠦ ︽ ᠲᠠᠢᠯᠠᠯᠲᠤᠭᠠᠨ᠎ᠤ ᠠᠡᠭᠬᠢ ︾ ᠂ ᠨᠠᠮ᠎ᠤᠨ ᠬᠡᠰᠢᠬᠦᠨ᠎ᠤ ᠭᠤᠤᠯᠯᠠᠬᠤ ᠡᠷᠤᠬᠡ᠎ᠶᠢᠨ ᠬᠤᠰᠢᠭᠤᠴᠢ ᠠᠵᠢᠯ᠎ᠤᠨ ᠪᠠᠢᠷᠢ ᠂ ᠨᠠᠮ᠎ᠤᠨ ᠬᠡᠰᠢᠬᠦᠨ ᠰᠠᠢᠨ ᠲᠤᠷᠠᠴᠤᠤᠯ᠎ᠤᠨ ᠦᠢᠯᠠᠴᠢᠯᠡᠬᠡᠨ᠎ᠤ ᠠᠡᠭᠬᠢ ᠵᠡᠷᠬᠡ᠎ᠶᠢ 3 ᠲᠦᠮᠠ ᠭᠠᠷᠤᠢ ᠵᠤᠬᠢᠶᠠᠨ ᠪᠠᠢᠭᠤᠯᠵᠤ ᠂ ᠴᠢᠬᠤᠯᠠ ᠵᠠᠮ᠎ᠤᠨ ᠪᠤᠭᠤᠮᠲᠠ ᠂ ᠭᠤᠤᠯᠲᠠᠯᠭ᠎ᠠ᠎ᠲᠠᠢ ᠬᠦᠮᠤᠰ᠎ᠢ ᠡᠵᠡᠮᠲᠡᠬᠦ ᠂ ᠰᠠᠢᠨ ᠲᠤᠷᠠᠴᠤᠤᠯ᠎ᠤᠨ ᠦᠢᠯᠠᠴᠢᠯᠡᠬᠡ᠎ᠶᠢᠨ ᠬᠤᠯᠪᠤᠭᠠᠯᠠᠨ ᠡᠵᠡᠮᠲᠠᠬᠦ ᠵᠡᠷᠬᠡ ᠰᠡᠷᠬᠡᠢᠯᠠᠨ ᠡᠵᠡᠮᠲᠠᠬᠦ ᠠᠷᠭ᠎ᠠ ᠬᠡᠮᠵᠢᠶ᠎ᠠ᠎ᠶᠢ ᠴᠢᠡᠭᠭ᠎ᠠ ᠨᠠᠢᠲᠠᠪᠤᠷᠢᠵᠢᠭᠤᠯᠵᠠᠢ ᠃ ᠬᠤᠶᠠᠷ᠎ᠲᠤ ᠵᠡᠭᠡᠯᠢ ᠭᠤᠲᠤᠮᠵᠢ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠲᠠ ᠲᠤᠤᠷᠵᠢᠭᠤᠯᠤᠯᠲᠠ᠎ᠶᠢᠨ ᠬᠠᠮᠢᠶᠠᠷᠤᠯᠲᠠ᠎ᠶᠢ ᠪᠤᠲᠠᠲᠠᠢ ᠠᠳᠬᠤᠵᠦ ᠬᠢᠵᠢᠭ᠎ᠤᠨ ᠪᠠᠢᠲᠠᠯ᠎ᠢ ᠬᠦᠴᠦᠲᠡᠢ ᠬᠢᠵᠠᠭᠠᠷᠯᠠᠪᠠ ᠃ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠲᠡᠰ ᠨᠡᠢᠭᠡᠮ ᠲᠤᠭᠤᠷᠢᠭ᠎ᠤᠨ ᠲᠤᠤᠷᠵᠢᠭᠤᠯᠤᠬᠰᠠᠨ ᠲᠤᠰᠬᠠᠢ ᠵᠠᠰᠠᠯᠲᠠ᠎ᠶᠢ ᠴᠠᠬ ᠲᠤᠬᠠᠢ᠎ᠳ᠋ᠤᠨᠢ ᠪᠠᠢᠷᠢᠯᠠᠭᠤᠯᠤᠨ ᠦᠷᠨᠢᠭᠦᠯᠵᠦ ᠂ ︽ ᠨᠠᠢᠮᠠ᠎ᠶᠢ ᠨᠠᠷᠢᠯᠢᠭ ᠪᠤᠲᠠᠲᠠᠢ ᠨᠠᠢᠲᠠᠪᠤᠷᠢᠵᠢᠭᠤᠯᠬᠤ ︾᠎ᠪᠠᠷ ᠲᠮᠠᠵᠢᠨ ᠂ ᠤᠯᠠᠨ ᠵᠦᠢᠯ᠎ᠤᠨ ᠠᠷᠭ᠎ᠠ ᠬᠡᠮᠵᠢᠶ᠎ᠡ᠎ᠪᠠᠷ ᠬᠢᠵᠢᠭ᠎ᠤᠨ ᠬᠠᠯᠲᠠᠪᠤᠷᠢᠯᠠᠯ᠎ᠤᠨ ᠵᠠᠮ᠎ᠢ ᠲᠠᠰᠤᠯᠪᠠ ᠃ ᠭᠤᠷᠪᠠ᠎ᠳ᠋ᠤ ᠪᠠᠢᠭᠤᠯᠭ᠎ᠠ ᠠᠵᠦ ᠠᠬᠤᠢᠯᠠᠯ ᠠᠵᠢᠯ ᠦᠢᠯᠡᠰ᠎ᠤᠨ ᠨᠢᠭᠡᠴᠢ ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠠᠢᠨ᠎ᠤ ᠱᠤᠭᠤᠮ ᠵᠡᠷᠭᠡ ᠨᠠᠮ᠎ᠤᠨ ᠵᠤᠬᠢᠶᠠᠨ ᠪᠠᠢᠭᠤᠯᠤᠯᠲᠠ ᠠᠵᠢᠯ᠎ᠤᠨ ᠪᠠᠢᠷᠢ᠎ᠪᠠᠨ ᠰᠠᠬᠢᠵᠦ ᠬᠠᠷᠢᠭᠤᠴᠠᠯᠭ᠎ᠠ᠎ᠪᠠᠨ ᠬᠦᠢᠴᠡᠳᠭᠡᠨ ᠬᠤᠰᠢᠭᠤᠷᠠᠨ ᠠᠵᠢᠯᠯᠠᠪᠠ ᠃ ᠡᠯ᠎ᠡ ᠬᠦᠷᠢᠶᠡᠨ᠎ᠤ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠠᠶᠤᠯ ᠲᠦᠭᠰᠢᠭᠦᠷᠢ᠎ᠶᠢᠨ ᠡᠮᠦᠨ᠎ᠡ ᠬᠤᠰᠢᠭᠤᠴᠢ ᠦᠢᠯᠡᠲᠦᠯ᠎ᠢᠶᠡᠨ ᠪᠠᠲᠠᠷᠠᠭᠤᠯᠪᠠ ︔ ᠮᠠᠨ᠎ᠤ ᠤᠷᠤᠨ᠎ᠤ 9 ᠪᠦᠯᠦᠭ 844 ᠡᠮᠨᠡᠯᠭᠡ᠎ᠶᠢᠨ ᠠᠵᠢᠯᠲᠠᠨ ᠬᠤᠪᠸᠢ᠎ᠶᠢ ᠲᠤᠰᠠᠯᠠᠬᠰᠠᠨ ᠪᠠᠢᠨ᠎ᠠ ᠃
ᠠᠰᠠᠭᠤᠯᠲᠠ ᠄ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠷᠢᠬᠯᠠᠯᠳᠠ᠎ᠶᠢᠨ ᠳᠠᠶᠢᠯᠠᠯᠳᠤᠭᠠᠨ᠎ᠳ᠋ᠤ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤᠨ ᠬᠣᠰᠢᠭᠤᠴᠢ ᠦᠶᠯᠡᠳᠦᠯ᠎ᠢᠶᠡᠨ ᠪᠠᠳᠠᠷᠠᠭᠤᠯᠤᠭᠰᠠᠨ ᠪᠠᠶᠢᠳᠠᠯ ᠪᠠ ᠲᠡᠷᠢᠭᠦᠨ᠎ᠤ ᠨᠡᠶᠢᠲᠡᠯᠢᠭ ᠵᠢᠱᠢᠶ᠎ᠡ᠎ᠶᠢᠨ ᠲᠤᠬᠠᠢ ᠲᠣᠪᠴᠢ ᠲᠠᠨᠢᠯᠴᠠᠭᠤᠯᠵᠤ ᠦᠭᠬᠦ ‍ᠤᠤ ︖
ᠬᠠᠷᠢᠭᠤᠯᠲᠠ ᠄
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠡᠭᠦᠰᠦᠭᠰᠡᠨ᠎ᠡᠴᠠ ᠨᠠᠭᠠᠰᠢ ᠂ ᠪᠥᠬᠥ ᠣᠷᠣᠨ᠎ᠤ 159 ᠲᠦᠮᠡ ᠭᠠᠷᠤᠶ ᠨᠠᠮ᠎ᠤᠨ ᠭᠡᠰᠢᠭᠦᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠮᠦᠨ᠎ᠡ ᠡᠩᠨᠡᠭᠡᠨ᠎ᠳ᠋ᠤ ᠡᠷᠡᠯᠬᠡᠭᠯᠡᠨ ᠪᠠᠶᠢᠯᠳᠤᠪᠠ ᠃ ᠨᠢᠭᠡ᠎ᠳ᠋ᠤ ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠤᠲᠤᠭ᠎ᠠ ᠦᠭᠡᠢ ᠳᠠᠢᠨ᠎ᠤ ᠲᠠᠯᠠᠪᠤᠷ ᠪᠤᠯᠭᠠᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠰᠢᠯᠭᠠᠨ ᠪᠠᠶᠢᠴᠠᠭᠠᠬᠤ ᠰᠢᠯᠭᠠᠯᠲᠠ᠎ᠶᠢᠨ ᠲᠠᠯᠠᠪᠤᠷ ᠪᠣᠯᠭᠠᠵᠤ ᠂ ᠬᠡᠳᠦᠶ ᠪᠡᠷᠬᠡ ᠬᠠᠲᠠᠭᠤᠵᠢᠯᠲᠠᠢ ᠪᠠᠢᠭᠰᠠᠨ ᠴᠤ ᠴᠢᠷᠮᠠᠢᠨ ᠤᠷᠤᠭᠰᠢᠯᠠᠵᠤ ᠂ ᠨᠠᠷᠢᠯᠢᠭ ᠪᠦᠭᠡᠳ ᠪᠣᠳᠠᠲᠠᠶ ᠬᠡᠪ ᠰᠤᠷᠲᠠᠯ᠎ᠢᠶᠠᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠨᠡ ᠬᠦ ᠳᠠᠶᠢᠯᠠᠯᠳᠤᠭᠠᠨ᠎ᠤ ᠢᠯᠠᠯᠲᠠ᠎ᠶᠢ ᠣᠯᠬᠤ᠎ᠪᠠᠷ ᠬᠦᠴᠦᠯᠡᠨ ᠴᠢᠷᠮᠠᠢᠪᠠ ᠃ ᠵᠢᠱᠢᠶᠡᠯᠡᠪᠡᠯ ᠲᠦᠴᠢᠦᠸᠠᠨ ᠰᠢᠶᠠᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠢᠦᠶ ᠸᠧᠨ ᠲᠣᠮᠢᠯᠠᠭᠰᠠᠨ ᠰᠠᠯᠪᠤᠷᠢ᠎ᠶᠢᠨ ᠭᠤᠷᠪᠠᠳᠤᠭᠠᠷ ᠳᠡᠰ᠎ᠤᠨ ᠴᠠᠭᠳᠠᠭᠠᠨ ᠳᠠᠷᠤᠭ᠎ᠠ ᠾᠧ ᠵᠢᠶᠠᠨ ᠬᠤᠸᠠ ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠪᠦᠦ ᠯᠦᠩ ᠱᠠᠨ ᠪᠠᠯᠭᠠᠰᠤᠨ᠎ᠤ ᠪᠠᠷᠠᠭᠤᠨ ᠪᠦᠦ ᠯᠦᠩ ᠱᠠᠨ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠴᠢᠨ ᠬᠣᠩ ᠬᠢᠵᠢᠭ᠎ᠤᠨ ᠪᠠᠶᠢᠳᠠᠯ᠎ᠢ ᠰᠡᠷᠭᠡᠢᠯᠡᠨ ᠡᠵᠡᠮᠳᠡᠬᠦ ᠡᠮᠤᠨ᠎ᠠ ᠹᠷᠣᠨᠲ᠎ᠲᠤ ᠪᠡᠶ᠎ᠠ ᠦᠷᠡᠭᠳᠡᠵᠤ ᠂ ᠠᠮᠢ ᠨᠠᠰᠤ᠎ᠪᠠᠷ᠎ᠢᠶᠡᠨ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠯ ᠵᠠᠭᠤ ᠭᠡᠳᠡᠭ᠎ᠢ ᠲᠠᠶᠢᠯᠪᠤᠷᠢᠯᠠᠪᠠ ᠃ ᠬᠣᠶᠠᠷ᠎ᠲᠤ ᠂ ᠨᠠᠮ᠎ᠤᠨ ᠭᠡᠰᠢᠭᠦᠨ᠎ᠤ ᠪᠡᠶ᠎ᠡ᠎ᠶᠢᠨ ᠭᠠᠷᠤᠯ᠎ᠢᠶᠡᠨ ᠢᠯᠡ ᠮᠡᠲᠡᠭᠲᠡᠵᠦ ᠂ ᠵᠤᠷᠢᠭᠲᠠᠢ᠎ᠪᠠᠷ ᠬᠢᠵᠢᠭ᠎ᠤᠨ ᠪᠠᠶᠢᠳᠠᠯ᠎ᠢ ᠰᠡᠷᠭᠡᠢᠯᠡᠨ ᠡᠵᠡᠮᠳᠡᠬᠦ ᠳᠠᠭᠠᠭᠤᠯᠤᠭᠴᠢ ᠪᠤᠯᠪᠠ ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠰᠠᠨᠠᠭᠠᠴᠢᠯᠠᠭ᠎ᠠ᠎ᠡᠴᠠ᠎ᠪᠠᠨ ᠪᠠᠴᠢᠮ ᠠᠶᠤᠯ᠎ᠲᠠᠢ ᠬᠦᠨᠳᠦ ᠡᠭᠦᠷᠭᠡ᠎ᠶᠢ ᠡᠭᠦᠷᠭᠡᠯᠡᠵᠦ ᠂ ᠠᠶᠤᠯ ᠲᠦᠭᠰᠢᠭᠦᠷᠢ᠎ᠶᠢ ᠪᠡᠶ᠎ᠡ᠎ᠳ᠋ᠡᠭᠡᠨ ᠦᠯᠡᠳᠡᠭᠡᠵᠦ ᠂ ᠠᠮᠤᠷ ᠲᠦᠪᠰᠢᠨ᠎ᠢ ᠪᠤᠰᠤᠳ᠎ᠲᠤ ᠦᠭᠴᠤ ᠂ ᠣᠯᠵᠤ ᠠᠯᠳᠠᠬᠤ᠎ᠪᠠᠨ ᠪᠤᠳᠤᠬᠤ ᠦᠭᠡᠢ ᠂ ᠦᠬᠦᠵᠦ ᠰᠡᠭᠡᠬᠦ᠎ᠡᠴᠠ ᠠᠶᠤᠬᠤ ᠦᠭᠡᠢ ᠰᠡᠳᠬᠢᠯ ᠬᠥᠳᠡᠯᠭᠡᠮ᠎ᠡ ᠬᠠᠭᠤᠳᠠᠰᠤ᠎ᠶᠢ ᠪᠢᠴᠢᠭᠯᠡᠪᠡ ᠃ ᠵᠢᠱᠢᠶᠡᠯᠡᠪᠡᠯ ᠂ ︽ ᠬᠢᠵᠢᠭ ︾᠎ᠤᠨ ᠡᠮᠦᠨ᠎ᠡ ᠡᠩᠨᠡᠭᠡᠨ᠎ᠳ᠋ᠤ ᠭᠠᠪᠰᠢᠭᠠᠶᠢᠯᠠᠵᠤ ᠪᠠᠶᠢᠭ᠎ᠠ ᠬᠦᠨᠳᠦ ᠡᠪᠡᠳᠴᠢᠨ᠎ᠤ ᠡᠮᠨᠡᠯᠭᠡ᠎ᠶᠢᠨ ᠰᠠᠯᠠᠭᠠᠨ᠎ᠤ ᠡᠷᠬᠢᠯᠡᠭᠴᠢ ᠡᠮᠴᠢ ᠳ᠋ᠤᠸᠠᠨ ᠫᠸᠢ ᠯᠢᠨ ᠂ 30 ᠭᠠᠷᠤᠢ ᠵᠢᠯ᠎ᠤᠨ ᠰᠤᠪᠢᠯᠠᠯᠲᠠ᠎ᠶᠢᠨ ᠲᠤᠷᠰᠢᠯᠭ᠎ᠠ᠎ᠲᠠᠢ ᠴᠢᠩᠭᠡᠯᠢᠭ ᠡᠮᠨᠡᠯᠭᠡ᠎ᠶᠢᠨ ᠬᠣᠷᠢᠶᠠᠨ᠎ᠤ ᠰᠤᠪᠢᠯᠠᠭᠴᠢ᠎ᠶᠢᠨ ᠳᠠᠷᠤᠭ᠎ᠠ ᠯᠢᠦ ᠱᠦ ᠵᠢᠶᠦ᠋ᠨ ᠂ ᠥᠪᠥᠷ ᠮᠣᠩᠭᠣᠯ᠎ᠤᠨ ᠡᠮᠡᠭᠲᠡᠢ ᠰᠤᠪᠢᠯᠠᠭᠴᠢ᠎ᠶᠢᠨ ᠳᠠᠷᠤᠭ᠎ᠠ ᠵᠠᠩ ᠢᠦᠢ ᠽᠢ ᠃ ᠮᠠᠨ᠎ᠤ ᠣᠷᠣᠨ᠎ᠤ ᠬᠤᠪᠸᠢ᠎ᠶᠢ ᠲᠤᠰᠠᠯᠠᠬᠤ ᠡᠮᠴᠢᠯᠡᠭᠡᠨ᠎ᠤ ᠠᠵᠢᠯᠲᠠᠳ᠎ᠤᠨ ᠳᠣᠲᠣᠷ᠎ᠠ ᠴᠤ ᠡᠪ ᠬᠠᠮᠲᠤ ᠨᠠᠮ᠎ᠤᠨ ᠭᠡᠰᠢᠭᠦᠨ ᠬᠠᠭᠠᠰ᠎ᠡᠴᠠ ᠳᠡᠭᠡᠭᠰᠢ᠎ᠶᠢ ᠡᠵᠡᠯᠡᠵᠦ ᠂ ᠮᠠᠰᠢ ᠤᠯᠠᠨ ᠡᠮᠴᠢ ᠰᠤᠪᠢᠯᠠᠭᠴᠢ ᠠᠪᠤᠷᠠᠨ ᠲᠤᠰᠠᠯᠠᠬᠤ ᠠᠵᠢᠯ᠎ᠤᠨ ᠡᠮᠦᠨ᠎ᠡ ᠹᠷᠣᠨᠲ᠎ᠲᠤ ᠨᠠᠮ᠎ᠳ᠋ᠤ ᠣᠷᠣᠬᠤ ᠡᠷᠡᠮᠡᠯᠵᠡᠯ᠎ᠤᠨ ᠪᠢᠴᠢᠭ ᠲᠡᠪᠰᠢᠭᠦᠯᠪᠡ ᠃ ᠭᠤᠷᠪᠠ᠎ᠳ᠋ᠤ ᠂ ᠤᠯᠠᠨ ᠲᠦᠮᠡᠨ᠎ᠲᠠᠢ ᠬᠠᠷᠢᠯᠴᠠᠵᠤ ᠤᠯᠠᠨ ᠲᠦᠮᠡᠨ᠎ᠳ᠋ᠤ ᠦᠢᠯᠡᠴᠢᠯᠡᠬᠦ ᠭᠤᠤᠯᠯᠠᠭᠴᠢ ᠬᠦᠴᠦᠨ ᠪᠤᠯᠪᠠ ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠠᠷᠠᠳ ᠲᠦᠮᠡᠨ᠎ᠤ ᠠᠰᠢᠭ ᠲᠤᠰᠠ᠎ᠶᠢ ᠠᠯᠢᠪᠠ᠎ᠡᠴᠠ ᠡᠷᠬᠢᠮ᠎ᠳ᠋ᠤ ᠦᠵᠡᠵᠤ ᠂ ᠤᠯᠠᠨ ᠲᠦᠮᠡᠨ᠎ᠢ ᠲᠠᠢᠴᠢᠯᠠᠵᠤ ᠂ ᠤᠯᠠᠨ ᠲᠦᠮᠡᠨ᠎ᠢ ᠵᠣᠬᠢᠶᠠᠨ ᠪᠠᠶᠢᠭᠤᠯᠵᠤ ᠂ ᠤᠯᠠᠨ ᠲᠦᠮᠡᠨ᠎ᠢ ᠨᠢᠭᠲᠠᠷᠠᠭᠤᠯᠵᠤ ᠂ ᠬᠣᠯᠪᠣᠭᠠᠯᠠᠨ ᠰᠡᠷᠭᠡᠶᠢᠯᠡᠵᠦ ᠬᠣᠯᠪᠣᠭᠠᠯᠠᠨ ᠡᠵᠡᠮᠳᠡᠬᠦ ᠂ ᠤᠯᠠᠨ᠎ᠢᠶᠠᠷ᠎ᠢᠶᠡᠨ ᠰᠡᠷᠭᠡᠶᠢᠯᠡᠵᠦ ᠤᠯᠠᠨ᠎ᠢᠶᠠᠷ᠎ᠢᠶᠡᠨ ᠵᠠᠰᠠᠬᠤ ᠠᠷᠭ᠎ᠠ ᠬᠡᠮᠵᠢᠶ᠎ᠡ᠎ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠪᠠ ᠃ ᠵᠠᠷᠢᠮ ᠨᠠᠮ᠎ᠤᠨ ᠭᠡᠰᠢᠭᠦᠨ ᠺᠠᠳ᠋ᠷ ᠨᠠᠮ᠎ᠤᠨ ᠭᠡᠰᠢᠭᠦᠨ᠎ᠤ ᠭᠠᠪᠰᠢᠭᠠᠶ ᠠᠩᠭᠢ ᠂ ᠨᠠᠮ᠎ᠤᠨ ᠭᠡᠰᠢᠭᠦᠨ᠎ᠤ ᠰᠠᠶᠢᠨ ᠳᠤᠷ᠎ᠠ᠎ᠶᠢᠨ ᠦᠶᠯᠡᠴᠢᠯᠡᠭᠡᠨ᠎ᠤ ᠠᠩᠭᠢ᠎ᠳ᠋ᠤ ᠣᠷᠣᠯᠴᠠᠵᠤ ᠂ ᠵᠠᠷᠢᠮ ᠨᠠᠮ᠎ᠤᠨ ᠭᠡᠰᠢᠭᠦᠨ ᠺᠠᠳ᠋ᠷ ᠦᠨᠳᠦᠰᠦᠨ ᠱᠠᠲᠤᠨ᠎ᠤ ᠬᠢᠵᠢᠭ᠎ᠢ ᠡᠰᠡᠷᠭᠦᠴᠡᠬᠦ ᠡᠮᠤᠨ᠎ᠠ ᠹᠷᠣᠨᠲ᠎ᠲᠤ ᠬᠦᠷᠴᠦ ᠂ ᠵᠠᠷᠢᠮ ᠨᠠᠮ᠎ᠤᠨ ᠭᠡᠰᠢᠭᠦᠨ ᠺᠠᠳ᠋ᠷ ᠲᠣᠭᠣᠷᠢᠨ ᠪᠠᠶᠢᠴᠠᠭᠠᠭᠴᠢ ᠂ ᠤᠬᠠᠭᠤᠯᠤᠭᠴᠢ ᠂ ᠠᠮᠤᠷ ᠲᠦᠪᠰᠢᠨ᠎ᠤ ᠠᠵᠢᠯᠳᠠᠨ᠎ᠤ ᠲᠤᠰᠢᠶᠠᠯ ᠬᠠᠷᠢᠭᠤᠴᠠᠯᠭ᠎ᠠ᠎ᠶᠢ ᠤᠬᠠᠮᠰᠠᠷ᠎ᠡᠴᠠ᠎ᠪᠠᠨ ᠡᠭᠦᠷᠭᠡᠯᠡᠵᠦ ᠂ ᠵᠠᠷᠢᠮ ᠨᠠᠮ᠎ᠤᠨ ᠭᠡᠰᠢᠭᠦᠨ ᠺᠠᠳ᠋ᠷ ᠤᠬᠠᠮᠰᠠᠷ᠎ᠡᠴᠠ᠎ᠪᠠᠨ ᠵᠣᠭᠣᠰ ᠮᠥᠩᠭᠥ ᠡᠳ᠋ ᠪᠣᠳᠠᠰ ᠬᠠᠨᠳᠢᠪᠯᠠᠵᠤ ᠂ ᠡᠪ ᠬᠠᠮᠲᠤ ᠨᠠᠮ᠎ᠤᠨ ᠭᠡᠰᠢᠭᠦᠨ᠎ᠤ ᠬᠣᠰᠢᠭᠤᠴᠢ ᠦᠢᠯᠡᠳᠤᠯ᠎ᠢᠶᠡᠨ ᠭᠦᠢᠴᠡᠳ ᠪᠠᠳᠠᠷᠠᠭᠤᠯᠪᠠ ᠃
ᠠᠰᠠᠭᠤᠯᠲᠠ ᠄ ᠣᠳᠣᠬᠠᠨ᠎ᠳ᠋ᠤ ᠂ ᠪᠥᠬᠥ ᠣᠷᠣᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠂ ᠠᠵᠢᠯ᠎ᠢᠶᠡᠨ ᠰᠡᠷᠭᠦᠭᠡᠵᠦ ᠦᠶᠯᠡᠳᠪᠦᠷᠢᠯᠡᠯ᠎ᠢᠶᠡᠨ ᠰᠡᠷᠭᠦᠭᠡᠬᠦ᠎ᠶᠢ ᠢᠳᠡᠪᠬᠢᠲᠡᠶ᠎ᠪᠠᠷ ᠠᠬᠢᠭᠤᠯᠵᠤ ᠪᠠᠶᠢᠨ᠎ᠠ ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠎ᠤᠨ᠎ᠬᠢᠨ ᠡᠨᠡ ᠬᠦ ᠲᠠᠯ᠎ᠠ᠎ᠪᠠᠷ᠎ᠬᠢ ᠠᠵᠢᠯ᠎ᠤᠨ ᠠᠷᠭ᠎ᠠ ᠬᠡᠮᠵᠢᠶ᠎ᠡ᠎ᠪᠠᠨ ᠲᠥᠬᠥᠮ ᠲᠠᠨᠢᠯᠴᠠᠭᠤᠯᠵᠤ ᠦᠭᠬᠦ ‍ᠤᠤ ︖
ᠬᠠᠷᠢᠭᠤᠯᠲᠠ ᠄
ᠨᠢᠭᠡ᠎ᠳ᠋ᠤ ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷᠴᠤᠳ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠳᠤᠮᠳᠠ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠎ᠶᠢ ᠬᠦᠴᠦᠯᠡᠨ ᠠᠬᠢᠭᠤᠯᠤᠨ᠎ᠠ ᠃ ᠤᠳᠤᠷᠢᠳᠬᠤ ᠬᠠᠷᠢᠭᠤᠴᠠᠯᠭ᠎ᠠ ᠪᠣᠯᠤᠨ ᠨᠠᠶᠢᠳᠠᠪᠤᠷᠢᠵᠢᠭᠤᠯᠬᠤ ᠡᠭᠦᠷᠭᠡ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠴᠢᠩᠭᠠᠳᠬᠠᠵᠤ ᠂ ᠥᠴᠦᠬᠡᠨ ᠴᠦ ᠰᠤᠯᠠᠷᠠᠭᠤᠯᠤᠯ ᠦᠭᠡᠢ᠎ᠪᠠᠷ ᠡᠯ᠎ᠡ ᠵᠦᠶᠯ᠎ᠤᠨ ᠰᠡᠷᠭᠡᠶᠢᠯᠡᠨ ᠡᠵᠡᠮᠳᠡᠬᠦ ᠠᠵᠢᠯ᠎ᠢ ᠦᠷᠭᠦᠯᠵᠢᠯᠡᠨ ᠴᠢᠩᠭ᠎ᠠ ᠂ ᠪᠣᠳᠠᠲᠠᠶ ᠂ ᠨᠠᠷᠢᠯᠢᠭ ᠠᠳᠬᠤᠨ᠎ᠠ ᠃ ᠬᠣᠶᠠᠷ᠎ᠲᠤ ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ᠎ᠢᠶᠡᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠳᠤᠮᠳᠠ ᠵᠢᠱᠢᠶ᠎ᠡ ᠦᠵᠡᠭᠦᠯᠬᠦ᠎ᠶᠢ ᠬᠦᠴᠦᠯᠡᠨ ᠠᠬᠢᠭᠤᠯᠤᠨ᠎ᠠ ᠃ ᠬᠣᠶᠠᠷ ᠲᠠᠯ᠎ᠠ᠎ᠶᠢ ᠴᠢᠩᠭ᠎ᠠ ᠠᠳᠬᠤᠬᠤ᠎ᠶᠢ ᠪᠠᠷᠢᠮᠲᠠᠯᠠᠨ ᠂ ᠵᠣᠬᠢᠶᠠᠨ ᠪᠠᠶᠢᠭᠤᠯᠤᠯᠲᠠ᠎ᠶᠢᠨ ᠳᠠᠪᠠᠭᠤᠯᠢᠭ᠎ᠢ ᠪᠠᠳᠠᠷᠠᠭᠤᠯᠤᠨ ᠂ ᠣᠷᠣᠨ ᠱᠠᠲᠤ ᠬᠤᠪᠢᠶᠠᠨ ᠨᠠᠷᠢᠯᠢᠭ ᠣᠨᠣᠴᠠᠲᠠᠶ᠎ᠪᠠᠷ ᠦᠶᠯᠡᠳᠪᠦᠷᠢᠯᠡᠯ᠎ᠢᠶᠡᠨ ᠰᠡᠷᠭᠦᠭᠡᠬᠦ ᠠᠵᠢᠯ᠎ᠢ ᠰᠠᠶᠢᠲᠤᠷ ᠨᠠᠶᠢᠳᠠᠪᠤᠷᠢᠵᠢᠭᠤᠯᠤᠨ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠂ ᠠᠵᠤ ᠠᠬᠤᠶᠢᠯᠠᠯ᠎ᠤᠨ ᠦᠢᠯᠡᠳᠪᠦᠷᠢᠯᠡᠯ᠎ᠢᠶᠡᠨ ᠰᠡᠷᠭᠦᠭᠡᠬᠦ ᠪᠠ ᠭᠣᠤᠯᠳᠠᠯᠭ᠎ᠠ᠎ᠲᠠᠢ ᠲᠥᠷᠥᠯ ᠵᠦᠶᠯ᠎ᠤᠨ ᠪᠦᠲᠦᠭᠡᠨ ᠪᠠᠶᠢᠭᠤᠯᠤᠯᠲᠠ᠎ᠶᠢ ᠯᠠᠪᠳᠠᠭᠤᠨ ᠪᠠᠲᠤᠲᠠᠶ ᠡᠮᠬᠢ ᠵᠢᠷᠤᠮ᠎ᠲᠠᠢ᠎ᠪᠠᠷ ᠠᠬᠢᠭᠤᠯᠵᠤ ᠂ ᠬᠢᠵᠢᠭ᠎ᠤᠨ ᠪᠠᠶᠢᠳᠠᠯ᠎ᠤᠨ ᠨᠥᠯᠥᠭᠡ᠎ᠶᠢ ᠬᠠᠮᠤᠭ᠎ᠤᠨ ᠳᠣᠤᠷ᠎ᠠ ᠬᠡᠮᠵᠢᠶᠡᠨ᠎ᠳ᠋ᠤ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠶᠢᠵᠤ ᠂ ᠪᠦᠬᠦ ᠵᠢᠯ᠎ᠤᠨ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ᠎ᠶᠢ ᠦᠨᠡᠨ ᠬᠦ ᠪᠠᠲᠤᠯᠠᠨ᠎ᠠ ᠃ ᠭᠤᠷᠪᠠ᠎ᠳ᠋ᠤ ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷᠴᠤᠳ᠎ᠤᠨ ᠴᠢᠨᠠᠷ ᠰᠠᠶᠢᠲᠠᠢ ᠬᠥᠭᠵᠢᠯᠲᠡ᠎ᠶᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠎ᠶᠢ ᠬᠦᠴᠦᠯᠡᠨ ᠠᠬᠢᠭᠤᠯᠤᠨ᠎ᠠ ᠃ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠠ᠎ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ᠎ᠶᠢᠨ ᠵᠠᠮ᠎ᠢᠶᠠᠷ ᠰᠠᠶᠢᠲᠤᠷ ᠵᠠᠮᠨᠠᠵᠤ ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶᠢᠯᠠᠯᠳᠤᠭᠠᠨ᠎ᠢ ᠪᠥᠬᠥ ᠬᠦᠴᠦᠨ᠎ᠢᠶᠠᠷ ᠰᠠᠶᠢᠲᠤᠷ ᠬᠢᠵᠦ ᠂ ︽ ᠵᠢᠷᠭᠤᠭ᠎ᠠ᠎ᠶᠢ ᠲᠣᠭᠲᠠᠪᠤᠷᠢᠵᠢᠭᠤᠯᠬᠤ ︾ ᠠᠷᠭ᠎ᠠ ᠬᠡᠮᠵᠢᠶ᠎ᠡ᠎ᠶᠢ ᠴᠢᠡᠭᠭᠠᠳᠬᠠᠨ ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠨᠡᠶᠢᠭᠡᠮ᠎ᠤᠨ ᠲᠣᠭᠲᠠᠭᠤᠨ ᠪᠠᠶᠢᠳᠠᠯ ᠵᠡᠷᠭᠡ ᠡᠯ᠎ᠡ ᠲᠦᠷᠦᠯ᠎ᠤᠨ ᠠᠵᠢᠯ᠎ᠢ ᠦᠨᠡᠨ ᠬᠦ ᠰᠠᠶᠢᠲᠤᠷ ᠬᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面