ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-03-03 10:55:51

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

3 ᠰᠠᠷ᠎ᠠ᠎ᠶᠢᠨ 2᠎ᠤᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠤᠨ ᠳᠡᠳ᠋ ᠳᠠᠷᠤᠭ᠎ᠠ ᠳ᠋ᠧᠦ ᠬᠦᠶ ᠵᠢᠶᠦ᠋ᠨ ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶᠢᠭᠡᠮ᠎ᠤᠨ ᠪᠠᠲᠤᠯᠠᠭ᠎ᠠ᠎ᠶᠢᠨ ᠲᠢᠩᠬᠢᠮ᠎ᠤᠨ ᠳᠡᠳ᠋ ᠲᠣᠭᠣᠷᠢᠨ ᠪᠠᠶᠢᠴᠠᠭᠠᠭᠴᠢ ᠯᠢᠦ ᠬᠤᠤ ᠱᠧᠩ ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠤᠨ ᠰᠤᠷᠭᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭᠠᠯᠲᠠ᠎ᠶᠢᠨ ᠲᠥᠪ᠎ᠤᠨ ᠳᠡᠳ᠋ ᠡᠷᠬᠢᠯᠡᠭᠴᠢ ᠵᠠᠩ ᠫᠧᠶ ᠸᠧᠠ ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠎ᠤᠨ ᠠᠵᠢᠯ ᠣᠯᠭᠣᠯᠲᠠ᠎ᠶᠢ ᠵᠢᠯᠣᠭᠣᠳᠬᠤ ᠲᠥᠪ᠎ᠤᠨ ᠡᠷᠬᠢᠯᠡᠭᠴᠢ ᠸᠠᠩ ᠵᠢᠶᠦ᠋ᠨ ᠸᠧᠶ ᠰᠤᠷᠭᠠᠨ ᠬᠥᠮᠦᠵᠢᠯ ᠪᠠ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠲᠠᠯ᠎ᠠ᠎ᠪᠠᠷ᠎ᠬᠢ ᠵᠡᠷᠭᠡ ᠠᠰᠠᠭᠤᠳᠠᠯ᠎ᠤᠨ ᠲᠣᠭᠣᠷᠢᠨ᠎ᠳ᠋ᠤ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ ᠃
ᠰᠤᠷᠪᠤᠯᠵᠢᠯᠠᠭᠴᠢ ᠄ 2 ᠰᠠᠷ᠎ᠠ᠎ᠶᠢᠨ 27᠎ᠤ ᠡᠳᠦᠷ ᠲᠥᠪ᠎ᠤᠨ ᠬᠢᠵᠢᠭ᠎ᠤᠨ ᠪᠠᠶᠢᠳᠠᠯ᠎ᠢ ᠠᠷᠭᠠᠴᠠᠭᠠᠬᠤ ᠤᠳᠤᠷᠢᠳᠬᠤ ᠳᠤᠭᠤᠶᠢᠯᠠᠩ᠎ᠤᠨ ᠬᠤᠷᠠᠯ᠎ᠡᠴᠠ ᠵᠢᠭᠠᠵᠤ ᠭᠠᠷᠭᠠᠭᠰᠠᠨ᠎ᠨᠢ ᠂ ᠡᠯ᠎ᠡ ᠭᠠᠵᠠᠷ ᠪᠣᠯᠤᠨ ᠬᠠᠮᠢᠶ᠎ᠠ ᠪᠥᠬᠥᠶ ᠰᠠᠯᠠᠭ᠎ᠠ ᠮᠥᠴᠢᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ᠎ᠢᠶᠡᠨ ᠦᠨᠳᠦᠰᠦᠯᠡᠨ ᠂ ᠶᠡᠬᠡ ᠳᠡᠬᠡᠳᠤ ᠂ ᠳᠤᠮᠳᠠᠳᠤ ᠪᠠᠭ᠎ᠠ ᠰᠤᠷᠭᠠᠭᠤᠯᠢ ᠂ ᠬᠡᠤᠬᠡᠳ᠎ᠤᠨ ᠴᠡᠴᠡᠷᠯᠢᠭ ᠵᠡᠷᠭᠡ᠎ᠶᠢᠨ ᠰᠤᠷᠭᠠᠭᠤᠯᠢ ᠡᠬᠢᠯᠡᠬᠦ ᠴᠠᠭ᠎ᠢ ᠵᠠᠷᠴᠢᠮ ᠳᠡᠭᠡᠷ᠎ᠡ᠎ᠪᠠᠨ ᠦᠷᠭᠦᠯᠵᠢᠯᠡᠨ ᠬᠣᠶᠢᠰᠢᠯᠠᠭᠤᠯᠬᠤ ᠬᠡᠷᠡᠭᠲᠡᠶ ᠬᠡᠵᠦ ᠵᠢᠭᠠᠵᠤ ᠭᠠᠷᠭᠠᠪᠠ ᠃ ᠣᠳᠣᠬᠠᠨ᠎ᠳ᠋ᠤ ᠥᠷᠭᠡᠨ ᠣᠯᠠᠨ ᠰᠣᠷᠣᠭᠴᠢ ᠪᠠ ᠬᠡᠷ᠎ᠤᠨ ᠠᠬᠠᠮᠠᠳ ᠴᠥᠮ ᠰᠤᠷᠭᠠᠭᠤᠯᠢ ᠡᠬᠢᠯᠡᠬᠦ ᠴᠠᠭ ᠪᠠ ᠰᠦᠯᠵᠢᠶᠡᠨ᠎ᠳ᠋ᠠᠬᠢ ᠵᠢᠭᠠᠨ ᠰᠤᠷᠭᠠᠯᠳᠠ᠎ᠶᠢᠨ ᠠᠰᠠᠭᠤᠳᠠᠯ᠎ᠢ ᠮᠠᠰᠢ ᠠᠩᠬᠠᠷᠴᠤ ᠪᠠᠶᠢᠨ᠎ᠠ ᠂ ᠮᠠᠨ᠎ᠤ ᠣᠷᠣᠨ᠎ᠳ᠋ᠤ ᠶᠠᠮᠠᠷ ᠲᠣᠬᠢᠷᠠᠭᠤᠯᠤᠯᠲᠠ ᠬᠢᠭᠰᠡᠨ ᠪᠣᠶ ︖
ᠳ᠋ᠧᠦ ᠬᠦᠶ ᠵᠢᠶᠦ᠋ᠨ ᠄ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠢᠶᠳᠪᠦᠷᠢᠲᠦ ᠪᠣᠳᠣᠯᠭ᠎ᠠ᠎ᠶᠢᠨ ᠪᠠᠶᠢᠷᠢᠯᠠᠭᠤᠯᠤᠯᠲᠠ ᠶᠣᠰᠣᠭᠠᠷ ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠵᠥᠪᠰᠢᠶᠡᠷᠡᠯ᠎ᠢᠶᠠᠷ ᠂ ᠮᠠᠨ᠎ᠤ ᠣᠷᠣᠨ᠎ᠤ ᠶᠡᠬᠡ ᠳᠡᠬᠡᠳᠤ ᠪᠠ ᠳᠤᠮᠳᠠᠳᠤ ᠪᠠᠭ᠎ᠠ ᠰᠤᠷᠭᠠᠭᠤᠯᠢ ᠂ ᠬᠡᠤᠬᠡᠳ᠎ᠤᠨ ᠴᠡᠴᠡᠷᠯᠢᠭ᠎ᠤᠨ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ᠎ᠶᠢ ᠬᠤᠢᠰᠢᠯᠠᠭᠤᠯᠵᠤ ᠂ ᠰᠤᠷᠭᠠᠭᠤᠯᠢ ᠡᠬᠢᠯᠡᠬᠦ ᠴᠠᠭ᠎ᠢ 3 ᠰᠠᠷ᠎ᠠ᠎ᠶᠢᠨ 15᠎ᠤ ᠡᠳᠦᠷ᠎ᠡᠴᠠ ᠡᠷᠳᠡ ᠪᠠᠢᠯᠭᠠᠬᠤ ᠦᠬᠡᠢ ᠃ ᠡᠨᠡ ᠡᠳᠦᠷ᠎ᠡᠴᠠ ᠡᠬᠢᠯᠡᠨ ᠂ ᠪᠥᠬᠥ ᠣᠷᠣᠨ᠎ᠤ ᠳᠤᠮᠳᠠᠳᠤ ᠪᠠᠭ᠎ᠠ ᠰᠤᠷᠭᠠᠭᠤᠯᠢ ᠰᠦᠯᠵᠢᠶ᠎ᠡ ᠂ ᠲᠧᠯᠸᠢᠰ ᠵᠡᠷᠭᠡ᠎ᠪᠠᠷ ᠰᠦᠯᠵᠢᠶᠡᠨ᠎ᠳ᠋ᠠᠬᠢ ᠵᠢᠭᠠᠨ ᠰᠤᠷᠭᠠᠯᠲᠠ᠎ᠶᠢ ᠥᠷᠨᠢᠭᠦᠯᠦᠨ᠎ᠡ ᠃ ᠰᠤᠷᠭᠠᠭᠤᠯᠢ ᠡᠬᠢᠯᠡᠬᠦ ᠴᠠᠭ᠎ᠢ ᠬᠣᠶᠢᠰᠢᠯᠠᠭᠤᠯᠤᠭᠰᠠᠨ ᠬᠤᠭᠤᠴᠠᠭᠠᠨ᠎ᠳ᠋ᠤ ᠰᠤᠷᠤᠭᠴᠢᠳ ᠰᠤᠷᠭᠠᠭᠤᠯᠢ᠎ᠳᠠᠭᠠᠨ ᠪᠤᠴᠠᠬᠤ ᠥᠬᠡᠶ ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠶᠢᠭᠤᠯᠤᠮᠵᠢ ᠰᠦᠯᠵᠢᠶᠡᠨ᠎ᠡᠴᠠ ᠭᠠᠳᠠᠨᠠᠬᠢ ᠵᠢᠭᠠᠨ ᠰᠤᠷᠭᠠᠯᠲᠠ᠎ᠶᠢᠨ ᠪᠣᠯᠪᠠᠰᠤᠷᠠᠯ᠎ᠢ ᠥᠷᠨᠢᠭᠦᠯᠵᠦ ᠪᠣᠯᠬᠤ ᠥᠬᠡᠶ ᠃
ᠬᠢᠵᠢᠭ᠎ᠤᠨ ᠪᠠᠶᠢᠳᠠᠯ᠎ᠢ ᠠᠷᠭᠠᠴᠠᠭᠠᠬᠤ᠎ᠶᠢᠨ ᠲᠥᠯᠥᠭᠡ ᠂ ᠰᠤᠷᠭᠠᠨ ᠬᠥᠮᠦᠵᠢᠯ᠎ᠤᠨ ᠲᠢᠩᠬᠢᠮ 1 ᠰᠠᠷ᠎ᠠ᠎ᠶᠢᠨ 31᠎ᠤ ᠡᠳᠦᠷ ︽ ᠪᠥᠬᠥ ᠣᠷᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠡᠬᠢᠯᠡᠬᠦ᠎ᠶᠢ ᠬᠤᠢᠰᠢᠯᠠᠭᠤᠯᠤᠭᠰᠠᠨ ᠬᠤᠭᠤᠴᠠᠭᠠᠨ᠎ᠳ᠋ᠠᠬᠢ ᠳᠤᠮᠳᠠᠳᠤ ᠪᠠᠭ᠎ᠠ ᠰᠤᠷᠭᠠᠭᠤᠯᠢ᠎ᠶᠢᠨ ᠰᠦᠯᠵᠢᠶᠡᠨ᠎ᠳ᠋ᠠᠬᠢ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶᠢᠨ ᠠᠵᠢᠯ᠎ᠢ ᠰᠠᠶᠢᠲᠤᠷ ᠬᠢᠬᠦ ᠲᠤᠬᠠᠶ ᠵᠢᠯᠣᠭᠣᠳᠬᠤ ᠰᠠᠨᠠᠯ ︾᠎ᠢ ᠳᠠᠷᠤᠮᠠᠯᠯᠠᠨ ᠲᠠᠷᠬᠠᠭᠠᠵᠤ ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ᠎ᠬᠢᠨ ︽ ᠰᠤᠷᠭᠠᠨ ᠬᠥᠮᠦᠵᠢᠯ + ᠢᠨᠲ᠋ᠧᠷ ᠰᠦᠯᠵᠢᠶ᠎ᠡ ︾᠎ᠶᠢᠨ ᠬᠡᠯᠪᠡᠷᠢ᠎ᠪᠠᠷ ᠤᠯᠤᠰ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠣᠲᠠ ᠪᠣᠯᠤᠨ ᠰᠤᠷᠭᠠᠭᠤᠯᠢ᠎ᠶᠢᠨ ᠰᠦᠯᠵᠢᠶᠡᠨ᠎ᠤ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠢ ᠨᠡᠢᠳᠬᠡᠵᠦ ᠂ ᠰᠦᠯᠵᠢᠶᠡᠨ᠎ᠳ᠋ᠠᠬᠢ ᠵᠢᠭᠠᠨ ᠰᠤᠷᠭᠠᠯᠲᠠ᠎ᠶᠢᠨ ᠪᠡᠯᠡᠳᠬᠡᠯ ᠪᠠ ᠵᠣᠬᠢᠶᠠᠨ ᠪᠠᠶᠢᠭᠤᠯᠬᠤ ᠠᠵᠢᠯ᠎ᠢ ᠤᠷᠢᠳᠴᠢᠯᠠᠨ ᠰᠠᠶᠢᠲᠤᠷ ᠬᠢᠪᠠ ᠃ 2 ᠰᠠᠷ᠎ᠠ᠎ᠶᠢᠨ 27᠎ᠤ ᠡᠳᠦᠷ ᠰᠤᠷᠭᠠᠭᠤᠯᠢ ᠡᠬᠢᠯᠡᠬᠦ᠎ᠶᠢ ᠬᠣᠶᠢᠰᠢᠯᠠᠭᠤᠯᠬᠤ ᠮᠡᠳᠡᠭᠳᠡᠯ᠎ᠢ ᠨᠡᠶᠢᠲᠡᠯᠡᠭᠰᠡᠨ᠎ᠤ ᠳᠠᠷᠠᠭ᠎ᠠ ᠂ ᠰᠤᠷᠭᠠᠨ ᠬᠥᠮᠦᠵᠢᠯ᠎ᠤᠨ ᠲᠢᠩᠬᠢᠮ ᠳᠠᠷᠤᠶᠢᠬᠠᠨ ︽ ᠰᠤᠷᠭᠠᠭᠤᠯᠢ ᠡᠬᠢᠯᠡᠬᠦ᠎ᠶᠢ ᠬᠤᠢᠰᠢᠯᠠᠭᠤᠯᠤᠭᠰᠠᠨ ᠬᠤᠭᠤᠴᠠᠭᠠᠨ᠎ᠳ᠋ᠠᠬᠢ ᠳᠤᠮᠳᠠᠳᠤ ᠪᠠᠭ᠎ᠠ ᠰᠤᠷᠭᠠᠭᠤᠯᠢ᠎ᠶᠢᠨ ᠵᠢᠭᠠᠨ ᠰᠤᠷᠭᠠᠯᠳᠠ᠎ᠶᠢᠨ ᠠᠵᠢᠯ᠎ᠢ ᠰᠠᠶᠢᠲᠤᠷ ᠬᠢᠬᠦ ᠲᠤᠬᠠᠶ ᠮᠡᠳᠡᠭᠳᠡᠯ ︾᠎ᠢ ᠳᠠᠷᠤᠮᠠᠯᠯᠠᠨ ᠲᠠᠷᠬᠠᠭᠠᠵᠤ ᠂ ᠳᠤᠮᠳᠠᠳᠤ ᠪᠠᠭ᠎ᠠ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠵᠣᠬᠢᠶᠠᠨ ᠪᠠᠶᠢᠭᠤᠯᠤᠯᠲᠠ᠎ᠶᠢᠨ ᠠᠵᠢᠯ᠎ᠳ᠋ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ ᠃
ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠵᠢᠯᠣᠭᠣᠳᠬᠤ ᠂ ᠱᠠᠲᠤ ᠬᠤᠪᠢᠶᠠᠨ ᠬᠠᠮᠢᠶᠠᠷᠬᠤ ᠂ ᠬᠠᠷᠢᠶ᠎ᠠ ᠭᠠᠵᠠᠷ᠎ᠨᠢ ᠬᠠᠷᠢᠭᠤᠴᠠᠬᠤ ᠵᠠᠷᠴᠢᠮ᠎ᠢᠶᠠᠷ ᠶᠠᠪᠤᠭᠳᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠨᠢᠭᠡᠨᠲᠡ ᠡᠯ᠎ᠡ ᠲᠥᠷᠥᠯ᠎ᠤᠨ ᠰᠦᠯᠵᠢᠶᠡᠨ᠎ᠳ᠋ᠠᠬᠢ ᠡᠬᠢ ᠪᠠᠶᠠᠯᠢᠭ᠎ᠢ ᠨᠡᠢᠳᠬᠡᠵᠦ ᠂ ᠭᠣᠤᠯᠳᠠᠭᠤ ᠤᠯᠤᠰ᠎ᠤᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠣᠯᠠᠨ ᠨᠡᠶᠢᠲᠡ᠎ᠶᠢᠨ ᠦᠶᠯᠡᠴᠢᠯᠡᠭᠡᠨ᠎ᠤ ᠲᠠᠪᠴᠠᠩ ᠂ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠤᠨ ᠲᠧᠯᠸᠢᠰ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠡᠭᠦᠯᠡᠨ ᠲᠠᠪᠴᠠᠩ ᠵᠡᠷᠭᠡ᠎ᠶᠢ ᠠᠰᠢᠬᠯᠠᠨ ᠴᠢᠨᠠᠷ ᠰᠠᠶᠢᠲᠠᠶ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠢ ᠬᠦᠷᠭᠡᠵᠦ ᠂ ᠡᠯ᠎ᠡ ᠭᠠᠵᠠᠷ᠎ᠤᠨ ᠰᠤᠷᠭᠠᠭᠤᠯᠢ ᠪᠡᠶ᠎ᠡ᠎ᠪᠠᠨ ᠳᠠᠭᠠᠭᠠᠵᠤ ᠰᠣᠩᠭᠣᠬᠤ᠎ᠳ᠋ᠤ ᠡᠬᠢ ᠪᠠᠶᠠᠯᠢᠭ ᠬᠠᠩᠭᠠᠨ᠎ᠠ ᠃ ᠬᠡᠤᠬᠡᠳ᠎ᠤᠨ ᠴᠡᠴᠡᠷᠯᠢᠭ ᠂ ᠣᠨᠴᠠᠭᠠᠶ ᠰᠤᠷᠭᠠᠨ ᠬᠥᠮᠦᠵᠢᠯ᠎ᠤᠨ ᠰᠤᠷᠭᠠᠭᠤᠯᠢ᠎ᠨᠤᠭᠤᠳ ᠰᠦᠯᠵᠢᠶᠡᠨ᠎ᠳ᠋ᠤ ᠵᠢᠭᠠᠨ ᠰᠤᠷᠭᠠᠯᠲᠠ ᠥ ᠷᠨᠢᠭᠦᠯᠬᠦ ᠦᠭᠡᠢ ᠂ ᠮᠡᠳᠡᠭᠡ ᠵᠠᠩᠭᠢ ᠵᠠᠪᠤᠭᠤᠯᠬᠤ ᠠᠷᠭ᠎ᠠ ᠮᠠᠢᠭ᠎ᠢᠶᠠᠷ ᠳᠠᠮᠵᠢᠭᠤᠯᠤᠨ ᠠᠰᠠᠷᠠᠨ ᠬᠥᠮᠦᠵᠢᠭᠦᠯᠬᠦ ᠵᠢᠯᠣᠭᠣᠳᠣᠯᠭ᠎ᠠ ᠂ ᠡᠷᠡᠭᠦᠯᠵᠢᠯ᠎ᠤᠨ ᠪᠣᠯᠪᠠᠰᠤᠷᠠᠯ᠎ᠤᠨ ᠵᠢᠯᠣᠭᠣᠳᠣᠯᠭ᠎ᠠ᠎ᠶᠢ ᠥᠷᠨᠢᠭᠦᠯᠵᠦ ᠪᠣᠯᠤᠨ᠎ᠠ ᠃
ᠥᠨᠳᠥᠷ ᠵᠡᠷᠬᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠣᠨ ᠪᠠ ᠠᠩᠬ᠎ᠠ ᠵᠡᠷᠬᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠣᠨ᠎ᠳ᠋ᠤ ᠴᠢᠭᠯᠡᠭᠦᠯᠦᠨ ᠂ ᠥᠪᠡᠷᠲᠡᠭᠡᠨ ᠵᠠᠰᠠᠬᠤ ᠣᠷᠣᠨ ᠤᠲᠠᠰᠤᠲᠤ ᠲᠧᠯᠸᠢᠰ᠎ᠤᠨ ᠰᠦᠯᠵᠢᠶ᠎ᠡ᠎ᠪᠠᠷ ᠳᠠᠮᠵᠢᠭᠤᠯᠤᠨ ᠰᠤᠷᠤᠭᠴᠢᠳ᠎ᠲᠤ ᠰᠢᠭᠤᠳ ᠨᠡᠪᠲᠡᠷᠡᠭᠦᠯᠬᠦ ᠬᠢᠴᠢᠶᠡᠯ ᠪᠠ ᠴᠢᠨᠠᠷ ᠰᠠᠶᠢᠲᠠᠶ ᠡᠬᠢ ᠪᠠᠶᠠᠯᠢᠭ᠎ᠢ ᠬᠠᠩᠭᠠᠵᠤ ᠂ ᠲᠤᠰᠬᠠᠶ ᠰᠡᠳᠦᠪ᠎ᠢᠶᠠᠷ ᠬᠠᠪᠰᠤᠷᠤᠨ ᠵᠢᠯᠣᠭᠣᠳᠬᠤ᠎ᠪᠠᠷ ᠭᠣᠤᠯ ᠪᠣᠯᠭᠠᠪᠠ ᠃ ᠰᠤᠷᠤᠭᠴᠢᠳ᠎ᠤᠨ ᠰᠦᠯᠵᠢᠶᠡᠨ ᠳᠡᠭᠡᠷ᠎ᠡ ᠳᠠᠪᠲᠠᠵᠤ ᠰᠢᠯᠭᠠᠯᠳᠠ᠎ᠳ᠋ᠤ ᠪᠡᠯᠡᠳᠬᠡᠬᠦ ᠠᠵᠢᠯ᠎ᠢ ᠭᠣᠤᠯᠳᠠᠯᠭ᠎ᠠ᠎ᠲᠠᠢ ᠰᠠᠶᠢᠲᠤᠷ ᠬᠢᠵᠦ ᠪᠠᠢᠨ᠎ᠠ ᠃
ᠪᠢᠳᠡ ᠰᠦᠯᠵᠢᠶᠡᠨ᠎ᠳ᠋ᠠᠬᠢ ᠵᠢᠭᠠᠨ ᠰᠤᠷᠭᠠᠯᠳᠠ᠎ᠶᠢᠨ ᠴᠠᠭ᠎ᠢ ᠡᠵᠡᠮᠳᠡᠬᠦ᠎ᠶᠢ ᠴᠢᠩᠭ᠎ᠠ ᠱᠠᠭᠠᠷᠳᠠᠵᠤ ᠂ ᠪᠠᠭ᠎ᠠ ᠰᠤᠷᠭᠠᠭᠤᠯᠢ ᠡᠳᠦᠷ ᠪᠦᠷᠢ ᠵᠠᠷᠴᠢᠮ ᠳᠡᠭᠡᠷ᠎ᠡ᠎ᠪᠠᠨ 2 ᠴᠠᠭ᠎ᠡᠴᠠ ᠬᠡᠲᠦᠷᠡᠵᠦ ᠪᠣᠯᠬᠤ ᠦᠭᠡᠢ ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ 3 ᠴᠠᠭ᠎ᠡᠴᠠ ᠬᠡᠲᠦᠷᠡᠭᠦᠯᠵᠦ ᠪᠣᠯᠬᠤ ᠦᠭᠡᠢ ᠂ ᠠᠵᠢᠯᠯᠠᠵᠤ ᠠᠮᠠᠷᠠᠬᠤ᠎ᠶᠢ ᠤᠶᠠᠯᠳᠤᠭᠤᠯᠵᠤ ᠂ ᠨᠢᠳᠦ᠎ᠪᠠᠨ ᠡᠷᠡᠬᠦᠯ᠎ᠢᠶᠠᠷ ᠬᠡᠷᠡᠭᠯᠡᠬᠦ᠎ᠶᠢ ᠴᠢᠬᠤᠯᠠᠴᠢᠯᠠᠵᠤ ᠂ ᠳᠠᠰᠬᠠᠯ᠎ᠤᠨ ᠬᠡᠮᠵᠢᠶ᠎ᠠ᠎ᠶᠢ ᠴᠢᠩᠭ᠎ᠠ ᠬᠢᠵᠠᠭᠠᠷᠯᠠᠪᠠ ᠃ ᠪᠠᠭᠰᠢ ᠨᠠᠷ ᠰᠤᠷᠤᠭᠴᠢ ᠪᠤᠶᠤ ᠭᠡᠷ᠎ᠤᠨ ᠠᠬᠠᠮᠠᠳ᠎ᠢ ᠡᠳᠦᠷ ᠪᠦᠷᠢ ᠳᠠᠰᠬᠠᠯ ᠵᠠᠰᠠᠭᠤᠯᠬᠤ ᠵᠡᠷᠭᠡ᠎ᠪᠠᠷ ᠠᠯᠪᠠᠲᠠᠨ ᠱᠠᠭᠠᠷᠳᠠᠵᠤ ᠪᠣᠯᠬᠤ ᠦᠭᠡᠢ ᠂ ᠭᠡᠷ᠎ᠤᠨ ᠠᠬᠠᠮᠠᠳ᠎ᠲᠤ ᠳᠠᠰᠬᠠᠯ ᠲᠣᠬᠢᠷᠠᠭᠤᠯᠵᠤ ᠪᠣᠯᠬᠤ ᠦᠭᠡᠢ ᠃
ᠬᠢᠵᠢᠭ᠎ᠢ ᠰᠡᠷᠭᠡᠶᠢᠯᠡᠨ ᠠᠷᠢᠯᠭᠠᠬᠤ ᠳᠠᠢᠯᠠᠯᠳᠤᠭᠠᠨ᠎ᠤ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠬᠥᠮᠦᠰ᠎ᠤᠨ ᠦᠷ᠎ᠡ ᠬᠡᠤᠬᠡᠳ ᠪᠣᠯᠤᠨ ᠬᠥᠳᠡᠭᠡ ᠲᠣᠰᠬᠣᠨ᠎ᠤ ᠭᠡᠷ᠎ᠲᠡᠭᠡᠨ ᠬᠣᠴᠣᠷᠤᠭᠰᠠᠨ ᠬᠡᠤᠬᠡᠳ᠎ᠤᠨ ᠰᠤᠷᠤᠯᠭ᠎ᠠ᠎ᠶᠢ ᠵᠢᠯᠣᠭᠣᠳᠬᠤ ᠪᠠ ᠬᠠᠯᠠᠮᠵᠢᠯᠠᠨ ᠬᠠᠶᠢᠷᠠᠯᠠᠬᠤ ᠠᠵᠢᠯ᠎ᠢ ᠴᠢᠩᠭᠠᠳᠬᠠᠵᠤ ᠂ ᠳᠤᠭᠳᠠᠭᠰᠠᠨ ᠪᠠᠭᠰᠢ ᠨᠠᠷ ︽ ᠨᠢᠬᠡ᠎ᠨᠢ ᠨᠢᠬᠡ᠎ᠲᠠᠢ ︾ ᠬᠠᠷᠢᠯᠴᠠᠭ᠎ᠠ ᠪᠠᠶᠢᠭᠤᠯᠵᠤ ᠂ ᠰᠤᠷᠤᠯᠭ᠎ᠠ ᠠᠮᠢᠳᠤᠷᠠᠯ ᠂ ᠪᠡᠶ᠎ᠡ ᠰᠡᠳᠬᠢᠴᠡ᠎ᠶᠢᠨ ᠡᠷᠡᠭᠦᠯ ᠮᠡᠨᠳᠦ ᠪᠣᠯᠤᠨ ᠬᠦᠮᠦᠯᠢᠭ ᠬᠠᠯᠠᠮᠵᠢᠯᠠᠯ᠎ᠤᠨ ᠲᠠᠯ᠎ᠠ᠎ᠪᠠᠷ ᠣᠨᠴᠠᠭᠠᠶ ᠬᠠᠷᠠᠭᠠᠯᠵᠠᠯ ᠦᠵᠡᠭᠦᠯᠬᠦ ᠬᠡᠷᠡᠭᠲᠡᠶ ᠬᠡᠵᠦ ᠱᠠᠭᠠᠷᠳᠠᠪᠠ ᠃
ᠡᠯ᠎ᠡ ᠶᠡᠬᠡ ᠳᠡᠭᠡᠳᠦ ᠰᠤᠷᠭᠠᠭᠤᠯᠢ᠎ᠨᠤᠭᠤᠳ ᠰᠤᠷᠭᠠᠨ ᠬᠥᠮᠦᠵᠢᠯ᠎ᠤᠨ ᠶᠠᠮᠤᠨ᠎ᠤ ᠬᠠᠩᠭᠠᠭᠰᠠᠨ ᠰᠦᠯᠵᠢᠶᠡᠨ᠎ᠳ᠋ᠠᠬᠢ ᠰᠤᠷᠤᠯᠴᠠᠯᠭ᠎ᠠ᠎ᠶᠢᠨ 37 ᠲᠠᠪᠴᠠᠩ᠎ᠢ ᠠᠰᠢᠬᠯᠠᠨ ᠂ ᠰᠦᠯᠵᠢᠶᠡᠨ᠎ᠳ᠋ᠠᠬᠢ ᠴᠢᠨᠠᠷ ᠰᠠᠶᠢᠲᠠᠶ ᠬᠢᠴᠢᠶᠡᠯ᠎ᠤᠨ ᠡᠬᠢ ᠪᠠᠶᠠᠯᠢᠭ᠎ᠢ ᠠᠭᠤᠳᠠᠯᠵᠤ ᠂ ᠰᠦᠯᠵᠢᠶᠡᠨ᠎ᠳ᠋ᠠᠬᠢ ᠬᠢᠴᠢᠶᠡᠯ᠎ᠢ 3 ᠲᠦᠮᠡ ᠰᠢᠬᠠᠮ ᠪᠡᠯᠡᠳᠬᠡᠨ ᠰᠣᠩᠭᠣᠵᠤ ᠂ ᠰᠦᠯᠵᠢᠶᠡᠨ᠎ᠳ᠋ᠠᠬᠢ ᠵᠢᠭᠠᠨ ᠰᠤᠷᠭᠠᠯᠲᠠ᠎ᠶᠢ ᠲᠥᠯᠥᠪᠯᠡᠭᠡ᠎ᠲᠠᠢ ᠂ ᠠᠯᠬᠤᠮ ᠳᠠᠷᠠᠭ᠎ᠠ᠎ᠲᠠᠢ ᠶᠠᠪᠤᠭᠳᠠᠭᠤᠯᠵᠤ ᠪᠠᠢᠨ᠎ᠠ ᠃
ᠲᠣᠳᠣᠷᠬᠠᠶᠢᠯᠠᠬᠤ ᠵᠦᠢᠯ ᠭᠡᠪᠡᠯ ᠂ ︽ ᠬᠢᠴᠢᠶᠡᠯ ᠵᠤᠭᠰᠤᠬᠰᠠᠨ ᠴᠤ ᠰᠤᠷᠤᠯᠭ᠎ᠠ ᠵᠤᠭᠰᠤᠬᠤ ᠦᠬᠡᠢ ︾ ᠪᠠᠢᠬᠤ ᠪᠣᠯ ᠨᠢᠬᠡᠨ ᠳᠡᠯᠭᠡᠷᠡᠩᠭᠦᠶ ᠤᠳᠬ᠎ᠠ᠎ᠶᠢᠨ ᠰᠤᠷᠤᠯᠴᠠᠯᠭ᠎ᠠ ᠮᠥᠨ ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠣᠯ ᠪᠠᠴᠢᠮ ᠪᠠᠶᠢᠳᠠᠯ᠎ᠢ ᠠᠷᠭᠠᠴᠠᠭᠠᠬᠤ ᠪᠠᠶᠢᠳᠠᠯ ᠳᠣᠣᠷ᠎ᠠ ᠥᠷᠨᠢᠭᠦᠯᠦᠭᠰᠡᠨ ᠵᠢᠭᠠᠨ ᠰᠤᠷᠭᠠᠯᠳᠠ᠎ᠶᠢᠨ ᠠᠷᠭ᠎ᠠ ᠬᠡᠯᠪᠡᠷᠢ ᠮᠥᠨ ᠂ ᠬᠡᠷᠡᠭᠵᠢᠭᠦᠯᠬᠦ ᠶᠠᠪᠤᠴᠠ᠎ᠳ᠋ᠤ ᠲᠦᠪᠡᠭ᠎ᠲᠠᠢ ᠠᠰᠠᠭᠤᠳᠠᠯ ᠳᠤᠯᠭᠠᠷᠠᠬᠤ᠎ᠨᠢ ᠵᠠᠶᠢᠯᠠᠰᠢ ᠦᠭᠡᠢ ᠶᠤᠮ ᠃ ᠰᠤᠷᠤᠭᠴᠢ ᠂ ᠭᠡᠷ᠎ᠤᠨ ᠠᠬᠠᠮᠠᠳ ᠪᠠ ᠨᠡᠶᠢᠭᠡᠮ᠎ᠤᠨ ᠡᠯ᠎ᠡ ᠡᠲᠡᠭᠡᠳ᠎ᠤᠨ᠎ᠬᠢᠨ ᠠᠭᠤᠴᠢᠯᠠᠨ ᠪᠠᠭᠲᠠᠭᠠᠬᠤ ᠪᠠ ᠣᠶᠢᠯᠠᠭᠠᠬᠤ᠎ᠶᠢ ᠪᠢᠳᠡ ᠬᠦᠰᠡᠵᠦ ᠪᠠᠶᠢᠨ᠎ᠠ ᠃ ᠰᠦᠯᠵᠢᠶᠡᠨ ᠳᠡᠭᠡᠷ᠎ᠡ ᠪᠡᠶᠡᠯᠡᠭᠦᠯᠵᠦ ᠳᠡᠶᠢᠯᠬᠦ ᠥᠬᠡᠶ ᠵᠢᠭᠠᠨ ᠰᠤᠷᠭᠠᠯᠲᠠ᠎ᠶᠢᠨ ᠠᠭᠤᠯᠭ᠎ᠠ᠎ᠶᠢ ᠬᠡᠪ᠎ᠤᠨ ᠶᠣᠰᠣᠭᠠᠷ ᠰᠤᠷᠭᠠᠭᠤᠯᠢ ᠡᠬᠢᠯᠡᠭᠰᠡᠨ᠎ᠤ ᠳᠠᠷᠠᠭ᠎ᠠ ᠰᠤᠷᠭᠠᠭᠤᠯᠢ᠎ᠡᠴᠠ ᠴᠥᠮ ᠵᠣᠬᠢᠬᠤ ᠲᠣᠬᠢᠷᠠᠭᠤᠯᠤᠯᠲᠠ ᠬᠢᠨ᠎ᠡ ᠂ ᠤᠯᠠᠨ᠎ᠢᠶᠠᠷ᠎ᠢᠶᠡᠨ ᠰᠠᠨᠠᠭ᠎ᠠ ᠠᠮᠤᠷ ᠪᠠᠶᠢᠭᠠᠷᠠᠶ ︕
ᠰᠤᠷᠪᠤᠯᠵᠢᠯᠠᠭᠴᠢ ᠄ ᠬᠢᠵᠢᠭ᠎ᠤᠨ ᠪᠠᠶᠢᠳᠠᠯ᠎ᠡᠴᠠ ᠪᠣᠯᠵᠣ ᠡᠨᠡ ᠵᠢᠯ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠤᠯᠭᠤᠯᠳᠠ ᠡᠳᠦᠶ ᠲᠡᠳᠦᠶ ᠨᠥᠯᠥᠭᠡᠯᠡᠭᠳᠡᠵᠦ ᠪᠤᠢ ᠂ ᠲᠠᠨ᠎ᠤ ᠦᠵᠡᠬᠦ᠎ᠪᠠᠷ ᠡᠨᠡ ᠵᠢᠯ᠎ᠤᠨ ᠠᠵᠢᠯ ᠣᠯᠭᠣᠯᠳᠠ᠎ᠳ᠋ᠤ ᠶᠠᠮᠠᠷ ᠶᠠᠮᠠᠷ ᠬᠦᠴᠢᠷᠳᠡᠯ ᠪᠠᠶᠢᠬᠤ ᠪᠣᠶ ︖ ᠡᠨᠡ ᠲᠤᠬᠠᠶ ᠲᠠ ᠶᠠᠮᠠᠷ ᠰᠠᠨᠠᠭᠤᠯᠭ᠎ᠠ ᠦᠭᠬᠦ ᠪᠤᠢ ︖
ᠯᠢᠦ ᠬᠤᠤ ᠱᠧᠩ ᠄ ᠡᠨᠡ ᠵᠢᠯ ᠮᠠᠨ᠎ᠤ ᠣᠷᠣᠨ᠎ᠤ ᠠᠵᠢᠯ ᠤᠯᠬᠤ ᠴᠢᠬᠤᠯᠠᠲᠠᠶ ᠨᠢᠬᠡᠨᠳᠡ ᠳᠡᠬᠦᠰᠦᠭᠰᠡᠨ ᠪᠠ ᠰᠢᠨ᠎ᠡ᠎ᠪᠠᠷ ᠳᠡᠬᠦᠰᠬᠦ ᠤᠶᠤᠳᠠᠨ 17.1 ᠲᠦᠮᠡ ᠪᠠᠢᠵᠤ ᠂ ᠨᠢᠳᠤᠨᠤᠨ᠎ᠤ᠎ᠬᠢ᠎ᠡᠴᠠ 9000 ᠰᠢᠬᠠᠮ ᠬᠥᠮᠦᠨ ᠨᠡᠮᠡᠭᠳᠡᠵᠦ ᠂ ᠲᠡᠤᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ ᠃ ᠬᠢᠵᠢᠭ᠎ᠤᠨ ᠪᠠᠶᠢᠳᠠᠯ᠎ᠤᠨ ᠨᠥᠯᠥᠭᠡ᠎ᠪᠠᠷ ᠡᠨᠡ ᠵᠢᠯ᠎ᠤᠨ ᠠᠵᠢᠯ ᠣᠯᠭᠣᠯᠲᠠ ᠵᠡᠬᠡ ᠥᠷᠢᠰᠥᠯᠳᠦᠭᠡᠨ᠎ᠳ᠋ᠤ ᠳᠤᠯᠭᠠᠷᠠᠵᠤ ᠂ ᠣᠶᠢᠷ᠎ᠠ᠎ᠶᠢᠨ ᠵᠢᠯ᠎ᠤᠨ ᠲᠤᠷᠰᠢᠬᠢ ᠬᠠᠮᠤᠭ᠎ᠤᠨ ᠪᠤᠳᠤᠯᠢᠶᠠᠨᠲᠠᠶ ᠂ ᠬᠠᠮᠤᠭ᠎ᠤᠨ ᠬᠦᠨᠳᠦ ᠬᠡᠴᠡᠭᠦᠤ ᠨᠢᠭᠡ ᠵᠢᠯ ᠪᠣᠯᠵᠠᠶ ᠃ ᠠᠵᠢᠯ ᠣᠯᠭᠣᠯᠲᠠ᠎ᠶᠢᠨ ᠬᠦᠴᠢᠷᠳᠡᠯ ᠭᠣᠤᠯᠳᠠᠭᠤ ᠳᠣᠤᠷᠠᠬᠢ ᠮᠡᠲᠦ ᠬᠤᠶᠠᠷ ᠳᠠᠯ᠎ᠡ᠎ᠪᠠᠷ ᠢᠯᠡᠷᠡᠵᠦ ᠪᠤᠢ ᠄ ᠨᠢᠭᠡ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠲᠤᠬᠠᠶ᠎ᠶᠢᠨ ᠲᠠᠯᠠᠪᠠᠢ᠎ᠳ᠋ᠤ ᠤᠷᠢᠵᠤ ᠡᠯᠰᠡᠬᠦ᠎ᠶᠢ ᠲᠦᠷ ᠵᠤᠭᠰᠤᠭᠠᠪᠠ ᠃ ᠬᠣᠶᠠᠷ ᠂ ᠠᠵᠢᠯ ᠣᠯᠭᠣᠯᠲᠠ᠎ᠶᠢᠨ ᠠᠵᠢᠯ᠎ᠤᠨ ᠪᠠᠶᠢᠷᠢ ᠬᠠᠷᠢᠴᠠᠩᠭᠤᠶ᠎ᠪᠠᠷ ᠪᠠᠭᠠᠰᠪᠠ ᠃
ᠡᠨᠡ ᠬᠡᠳᠦᠨ ᠡᠳᠦᠷ ᠪᠢᠳᠡ ᠶᠠᠭ ᠥᠪᠥᠷ ᠮᠣᠩᠭᠣᠯ᠎ᠤᠨ ᠴᠢᠳᠠᠪᠤᠷᠢᠲᠠᠨ᠎ᠤ ᠰᠦᠯᠵᠢᠶ᠎ᠡ᠎ᠳ᠋ᠤ ︽ 2020 ᠣᠨ᠎ᠤ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠠᠵᠤ ᠠᠬᠤᠶᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢᠨ ᠰᠦᠯᠵᠢᠶᠡᠨ᠎ᠤ ᠲᠤᠰᠬᠠᠶ ᠲᠠᠯᠠᠪᠤᠷ ᠠᠵᠢᠯᠲᠠᠨ ᠡᠯᠰᠡᠬᠦ ᠴᠤᠭᠯᠠᠭᠠᠨ ︾᠎ᠢ ᠡᠷᠭᠢᠯᠡᠵᠦ ᠂ ᠬᠥᠮᠦᠨ ᠬᠡᠷᠡᠭᠯᠡᠬᠦ ᠨᠢᠭᠡᠴᠢ ᠬᠢᠭᠡᠳ ᠠᠵᠢᠯ ᠡᠷᠢᠭᠰᠡᠳ᠎ᠲᠠᠢ ︽ ᠨᠢᠭᠡ᠎ᠨᠢ ᠨᠢᠭᠡ᠎ᠲᠠᠢ ᠨᠢᠭᠤᠷᠳᠠᠬᠤ ︾ ᠬᠣᠤᠰ ᠰᠣᠩᠭᠣᠯᠲᠠ᠎ᠶᠢᠨ ᠳᠠᠪᠴᠠᠩ᠎ᠢ ᠨᠡᠭᠡᠭᠡᠵᠦ ᠪᠠᠶᠢᠨ᠎ᠠ ᠂ ᠠᠵᠤ ᠠᠬᠤᠶᠢᠯᠠᠯ ᠨᠢᠭᠲᠠ ᠠᠩᠬᠠᠷᠴᠤ ᠂ ᠠᠵᠢᠯᠲᠠᠨ ᠡᠯᠰᠡᠬᠦ ᠠᠵᠢᠯ᠎ᠢ ᠰᠠᠶᠢᠲᠤᠷ ᠬᠢᠬᠦ ᠪᠣᠯᠪᠠᠤ ᠃
ᠸᠠᠩ ᠵᠢᠶᠦ᠋ᠨ ᠸᠧᠢ ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠡᠭᠦᠰᠦᠭᠰᠡᠨ᠎ᠤ ᠳᠠᠷᠠᠭ᠎ᠠ ᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠭᠦᠢᠴᠡᠳ ᠠᠵᠢᠯ ᠣᠯᠭᠣᠯᠲᠠ᠎ᠶᠢ ᠪᠡᠶᠡᠯᠡᠭᠦᠯᠬᠦ᠎ᠨᠢ ᠦᠨᠡᠬᠡᠷ ᠵᠣᠬᠢᠬᠤ ᠬᠡᠮᠵᠢᠶᠡᠨ᠎ᠤ ᠨᠦᠯᠦᠭᠡᠯᠡᠯ᠎ᠳ᠋ᠤ ᠤᠴᠠᠷᠠᠵᠠᠢ ᠃ ᠪᠢᠳᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠂ ᠳᠣᠤᠷᠠᠬᠢ ᠬᠡᠳᠦᠨ ᠲᠠᠯ᠎ᠠ᠎ᠪᠠᠷ ᠨᠡᠩ ᠢᠳᠡᠪᠬᠢᠲᠡᠶ ᠴᠢᠷᠮᠠᠶᠢᠯᠭ᠎ᠠ ᠭᠠᠷᠭᠠᠬᠤ᠎ᠶᠢ ᠰᠠᠨᠠᠭᠤᠯᠤᠶ᠎ᠠ ᠄
ᠨᠢᠭᠡ ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠪᠠᠶᠢᠯᠳᠤᠬᠤ ᠪᠣᠳᠣᠯᠭ᠎ᠠ᠎ᠲᠠᠢ ᠨᠢᠭᠲᠠ ᠤᠶᠠᠯᠳᠤᠭᠤᠯᠤᠨ ᠠᠵᠢᠯ ᠣᠯᠭᠣᠯᠲᠠ᠎ᠶᠢ ᠠᠬᠢᠭᠤᠯᠤᠨ᠎ᠠ ᠃ ᠪᠢᠳᠡ ᠥᠪᠡᠷᠲᠡᠭᠡᠨ ᠵᠠᠰᠠᠬᠤ ᠣᠷᠣᠨ᠎ᠤ ᠪᠠᠶᠢᠯᠳᠤᠬᠤ ᠪᠤᠳᠤᠯᠭ᠎ᠠ᠎ᠶᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢᠯᠡᠰ ᠂ ᠲᠡᠷᠢᠭᠦᠨ᠎ᠤ ᠦᠢᠯᠡᠳᠬᠦ ᠦᠢᠯᠡᠰ ᠂ ᠤᠳᠤ ᠦᠶ᠎ᠡ᠎ᠶᠢᠨ ᠦᠢᠯᠡᠴᠢᠯᠡᠭᠡᠨ᠎ᠤ ᠦᠢᠯᠡᠰ ᠵᠡᠷᠭᠡ ᠭᠣᠤᠯᠳᠠᠯᠭ᠎ᠠ᠎ᠲᠠᠢ ᠬᠦᠷᠢᠶ᠎ᠡ ᠂ ᠴᠢᠬᠤᠯᠠ ᠠᠵᠢᠯ ᠲᠦᠷᠦᠯ ᠂ ᠴᠢᠬᠤᠯᠠ ᠶᠡᠬᠡ ᠢᠨᠵᠧᠨᠧᠷᠢᠩ᠎ᠤᠨ ᠡᠭᠦᠳᠦᠨ ᠪᠦᠲᠦᠭᠡᠭᠰᠡᠨ ᠠᠵᠢᠯ ᠣᠯᠭᠣᠬᠤ ᠠᠵᠢᠯ᠎ᠤᠨ ᠪᠠᠶᠢᠷᠢ᠎ᠶᠢ ᠰᠠᠨᠠᠭᠠᠴᠢᠯᠠᠭ᠎ᠠ᠎ᠲᠠᠢ᠎ᠪᠠᠷ ᠵᠣᠯᠭᠠᠭᠤᠯᠵᠤ ᠂ ᠲᠡᠭᠦᠰᠬᠦ ᠰᠤᠷᠤᠭᠴᠢᠳ᠎ᠤᠨ ᠢᠳᠡᠪᠬᠢᠲᠡᠶ ᠠᠵᠢᠯ ᠤᠯᠬᠤ᠎ᠶᠢ ᠤᠯᠠᠮ ᠨᠢᠭᠡ ᠠᠯᠬᠤᠮ ᠵᠣᠷᠢᠭᠵᠢᠭᠤᠯᠤᠨ ᠬᠥᠲᠥᠯᠥᠨ ᠵᠢᠯᠣᠭᠣᠳᠤᠨ᠎ᠠ ᠃
ᠬᠣᠶᠠᠷ ᠂ ᠦᠨᠳᠦᠰᠦᠨ ᠱᠠᠲᠤᠨ᠎ᠤ ᠠᠵᠢᠯ ᠣᠯᠭᠣᠯᠲᠠ᠎ᠶᠢᠨ ᠰᠠᠭᠤᠷᠢ ᠴᠢᠯᠠᠭᠤ᠎ᠶᠢᠨ ᠦᠢᠯᠡᠳᠦᠯ᠎ᠢ ᠪᠠᠲᠤ ᠴᠣᠭᠴᠠᠯᠠᠬᠤ ᠬᠡᠷᠡᠭᠲᠡᠶ ᠃ ᠪᠢᠳᠡ ᠬᠥᠳᠡᠭᠡ ᠲᠣᠰᠬᠣᠨ᠎ᠤ ᠪᠠᠭᠰᠢ᠎ᠶᠢᠨ ᠣᠨᠴᠠᠭᠠᠶ ᠠᠵᠢᠯ᠎ᠤᠨ ᠪᠠᠶᠢᠷᠢ᠎ᠶᠢᠨ ᠲᠥᠯᠥᠪᠯᠡᠭᠡ᠎ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ ᠂ ᠪᠠᠰᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠵᠢᠯᠴᠠᠨ ᠣᠶᠤᠲᠠᠨ ᠲᠣᠰᠬᠣᠨ᠎ᠤ ᠳᠠᠷᠤᠭ᠎ᠠ ᠂ ᠭᠤᠷᠪᠠ᠎ᠶᠢ ᠳᠡᠮᠵᠢᠵᠦ ᠨᠢᠭᠡ᠎ᠶᠢ ᠲᠡᠳᠬᠦᠬᠦ ᠂ ᠪᠠᠷᠠᠭᠤᠨ ᠣᠷᠣᠨ᠎ᠤ ᠲᠥᠯᠥᠪᠯᠡᠭᠡ ᠂ ᠨᠡᠶᠢᠭᠡᠮ ᠲᠣᠭᠣᠷᠢᠭ᠎ᠤᠨ ᠠᠷᠠᠳ᠎ᠤᠨ ᠠᠮᠢᠳᠤᠷᠠᠯ ᠂ ᠴᠢᠳᠠᠪᠤᠷᠢᠲᠠᠨ᠎ᠢ ᠨᠥᠭᠡᠴᠡᠯᠡᠬᠦ ᠵᠡᠷᠭᠡ ᠦᠨᠳᠦᠰᠦᠨ ᠱᠠᠲᠤᠨ᠎ᠤ ᠠᠵᠢᠯ ᠣᠯᠭᠣᠯᠲᠠ᠎ᠶᠢ ᠬᠥᠲᠥᠯᠥᠨ ᠳᠠᠭᠠᠭᠤᠯᠬᠤ ᠲᠥᠷᠥᠯ ᠵᠦᠶᠯ᠎ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠮᠠᠨ᠎ᠤ ᠣᠷᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ᠎ᠳ᠋ᠤ ᠬᠠᠨᠳᠤᠭᠤᠯᠤᠭᠰᠠᠨ ᠮᠠᠰᠢ ᠣᠯᠠᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠡᠶᠢᠲᠡᠯᠡᠨ ᠬᠡᠷᠡᠭᠵᠢᠭᠦᠯᠵᠡᠶ ᠂ ᠪᠢᠳᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠳᠡᠭᠡᠷ ᠲᠥᠷᠥ᠎ᠶᠢᠨ ᠪᠣᠳᠣᠯᠭ᠎ᠠ᠎ᠶᠢ ᠰᠠᠶᠢᠲᠤᠷ ᠨᠠᠶᠢᠳᠠᠪᠤᠷᠢᠵᠢᠭᠤᠯᠵᠤ ᠂ ᠲᠡᠭᠦᠰᠬᠦ ᠰᠤᠷᠤᠭᠴᠢᠳ᠎ᠤᠨ ᠭᠦᠢᠴᠡᠳ ᠠᠵᠢᠯ ᠣᠯᠬᠤ᠎ᠳ᠋ᠤ ᠪᠠᠲᠤᠯᠠᠭ᠎ᠠ ᠬᠠᠩᠭᠠᠨ᠎ᠠ ᠃
ᠭᠤᠷᠪᠠ ᠂ ᠲᠡᠭᠦᠰᠬᠦ ᠰᠤᠷᠤᠭᠴᠢᠳ᠎ᠤᠨ ᠴᠡᠷᠢᠭ᠎ᠲᠤ ᠣᠷᠣᠬᠤ ᠶᠡᠷᠦᠩᠬᠡᠶ ᠬᠡᠮᠵᠢᠶ᠎ᠡ᠎ᠶᠢ ᠴᠢᠷᠮᠠᠶᠢᠨ ᠥᠷᠭᠡᠳᠬᠡᠨ᠎ᠡ ᠃ ᠡᠨᠡ ᠵᠢᠯ ᠪᠣᠯ ᠶᠡᠬᠡ ᠬᠡᠪᠴᠢᠶᠡᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠴᠡᠷᠢᠭ᠎ᠲᠤ ᠡᠯᠰᠡᠬᠦ ᠠᠯᠪᠠᠨ ᠵᠢᠷᠤᠮ᠎ᠤᠨ ᠴᠡᠷᠢᠭ᠎ᠤᠨ ᠠᠯᠪᠠ ᠬᠠᠭᠠᠬᠤ ᠠᠷᠪᠠᠨ ᠨᠢᠭᠡᠳᠦᠭᠡᠷ ᠣᠨ ᠮᠥᠨ ᠂ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠎ᠤ ᠴᠡᠷᠢᠭ᠎ᠤᠨ ᠠᠯᠪᠠᠨ᠎ᠤ ᠰᠠᠯᠠᠭ᠎ᠠ ᠮᠥᠴᠢᠷ᠎ᠲᠠᠢ ᠢᠳᠡᠪᠬᠢᠲᠡᠶ ᠬᠠᠮᠵᠢᠯᠴᠠᠵᠤ ᠂ ᠲᠤᠶᠢᠯ᠎ᠤᠨ ᠣᠨᠣᠪᠴᠢᠲᠠᠶ᠎ᠪᠠᠷ ᠳᠠᠶᠢᠴᠢᠯᠠᠬᠤ ᠂ ᠡᠯᠰᠡᠨ ᠬᠡᠷᠡᠭᠯᠡᠬᠦ ᠂ ᠠᠵᠢᠯ ᠣᠯᠭᠣᠬᠤ ᠵᠡᠷᠭᠡ ᠲᠠᠯ᠎ᠠ᠎ᠪᠠᠷ ᠬᠦᠴᠦ ᠲᠠᠯᠪᠢᠵᠤ ᠂ ᠲᠡᠭᠦᠰᠬᠦ ᠰᠤᠷᠤᠭᠴᠢᠳ᠎ᠤᠨ ᠴᠡᠷᠢᠭ᠎ᠲᠤ ᠣᠷᠣᠬᠤ᠎ᠶᠢ ᠨᠠᠩ ᠶᠡᠬᠡ ᠵᠣᠷᠢᠭᠵᠢᠭᠤᠯᠤᠨ᠎ᠠ ᠃
ᠲᠦᠷᠪᠡ ᠂ ᠲᠡᠭᠦᠰᠬᠦ ᠰᠤᠷᠤᠭᠴᠢᠳ᠎ᠤᠨ ᠠᠵᠢᠯ ᠤᠯᠬᠤ ᠠᠷᠭ᠎ᠠ ᠵᠠᠮ᠎ᠢ ᠢᠳᠡᠪᠬᠢᠲᠡᠶ ᠥᠷᠭᠡᠳᠬᠡᠨ᠎ᠡ ᠃ ᠲᠥᠰᠦᠭᠡᠯᠡᠭᠰᠡᠨ᠎ᠢᠶᠠᠷ ᠂ ᠢᠷᠡᠬᠦ ᠲᠠᠪᠤᠨ ᠵᠢᠯ᠎ᠳ᠋ᠤ ᠮᠠᠨ᠎ᠤ ᠤᠯᠤᠰ᠎ᠤᠨ ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠂ ᠠᠵᠢᠯ ᠣᠯᠭᠣᠯᠲᠠ᠎ᠶᠢᠨ ᠬᠡᠪᠴᠢᠶ᠎ᠡ ᠵᠢᠯ᠎ᠳ᠋ᠤ 20%᠎ᠡᠴᠠ ᠳᠡᠭᠡᠭᠰᠢ ᠨᠡᠮᠡᠭᠳᠡᠵᠦ ᠂ ᠪᠢᠳᠡ ᠲᠡᠭᠦᠰᠬᠦ ᠰᠤᠷᠤᠭᠴᠢᠳ᠎ᠤᠨ ᠡᠶᠢᠮᠦᠷᠬᠦ ᠦᠢᠯᠡᠳᠪᠦᠷᠢᠯᠡᠯ᠎ᠤᠨ ᠴᠢᠨᠠᠷᠲᠠᠶ ᠂ ᠠᠮᠢᠳᠤᠷᠠᠯ᠎ᠤᠨ ᠴᠢᠨᠠᠷᠲᠠᠶ ᠂ ᠦᠢᠯᠡᠴᠢᠯᠡᠭᠡᠨ᠎ᠤ ᠦᠢᠯᠡᠰ ᠵᠢᠴᠢ ᠠᠷᠠᠳ᠎ᠤᠨ ᠠᠮᠢᠳᠤᠷᠠᠯ᠎ᠳ᠋ᠤ ᠪᠠᠴᠢᠮ ᠱᠠᠭᠠᠷᠳᠠᠭᠳᠠᠵᠤ ᠪᠠᠶᠢᠭ᠎ᠠ ᠬᠦᠷᠢᠶᠡᠨ᠎ᠳ᠋ᠤ ᠬᠦᠷᠴᠦ ᠠᠵᠢᠯ ᠤᠯᠬᠤ᠎ᠶᠢ ᠶᠡᠬᠡ᠎ᠪᠠᠷ ᠬᠥᠲᠥᠯᠦᠨ ᠵᠢᠯᠣᠭᠣᠳᠬᠤ ᠪᠠ ᠵᠣᠷᠢᠭᠵᠢᠭᠤᠯᠤᠨ᠎ᠠ ᠃
ᠲᠠᠪᠤ᠋ ᠂ ᠶᠡᠬᠡ ᠳᠡᠭᠡᠳᠦ ᠰᠤᠷᠭᠠᠭᠤᠯᠢ ᠪᠣᠯᠤᠨ ᠥᠷᠭᠡᠨ ᠣᠯᠠᠨ ᠲᠡᠭᠦᠰᠬᠦ ᠰᠤᠷᠤᠭᠴᠢᠳ ᠬᠠᠮᠲᠤ᠎ᠪᠠᠷ ᠴᠢᠷᠮᠠᠶᠢᠵᠤ ᠂ ᠰᠡᠳᠬᠢᠯ ᠨᠢᠬᠡᠳᠦᠨ ᠬᠢᠵᠢᠭ᠎ᠲᠠᠢ ᠳᠡᠮᠡᠴᠡᠶ᠎ᠠ ᠃ ᠶᠡᠬᠡ ᠳᠡᠭᠡᠳᠦ ᠰᠤᠷᠭᠠᠭᠤᠯᠢ᠎ᠨᠤᠭᠤᠳ ᠨᠢᠭᠡ ᠲᠠᠯ᠎ᠠ᠎ᠪᠠᠷ ᠨᠡᠶᠢᠭᠡᠮ᠎ᠤᠨ ᠡᠯ᠎ᠡ ᠡᠲᠡᠭᠡᠳ᠎ᠤᠨ ᠬᠦᠴᠦᠨ᠎ᠢ ᠲᠥᠪᠯᠡᠷᠡᠭᠦᠯᠵᠦ ᠂ ᠣᠯᠠᠨ ᠠᠷᠭ᠎ᠠ ᠵᠠᠮ ᠂ ᠣᠯᠠᠨ ᠬᠡᠯᠪᠡᠷᠢ᠎ᠪᠠᠷ ᠰᠤᠷᠤᠭᠴᠢᠳ᠎ᠲᠤ ᠠᠵᠢᠯ ᠣᠯᠬᠤ ᠲᠣᠬᠢᠶᠠᠯ᠎ᠢ ᠨᠠᠩ ᠣᠯᠠᠨ ᠡᠭᠦᠳᠦᠨ ᠥᠭᠴᠦ ᠂ ᠨᠥᠭᠥᠭᠡ ᠲᠠᠯ᠎ᠠ᠎ᠪᠠᠷ ᠲᠡᠭᠦᠰᠬᠦ ᠰᠤᠷᠤᠭᠴᠢᠳ᠎ᠢ ᠬᠠᠪᠰᠤᠷᠤᠨ ᠦᠵᠡᠯ ᠰᠠᠨᠠᠭᠠᠨ᠎ᠤ ᠠᠰᠠᠭᠤᠳᠠᠯ ᠪᠣᠯᠤᠨ ᠪᠣᠳᠠᠲᠠᠶ ᠬᠦᠴᠢᠷᠳᠡᠯ᠎ᠢ᠎ᠨᠢ ᠰᠢᠢᠳᠪᠦᠷᠢᠯᠡᠵᠦ ᠂ ᠠᠵᠢᠯ ᠡᠷᠢᠬᠦ ᠢᠳᠡᠪᠬᠢᠲᠡᠢ ᠰᠡᠳᠬᠢᠴᠡ᠎ᠶᠢ ᠪᠤᠢ ᠪᠣᠯᠭᠠᠬᠤ ᠬᠡᠷᠡᠭᠲᠡᠶ ᠃ ᠲᠡᠭᠦᠰᠬᠦ ᠰᠤᠷᠤᠭᠴᠢᠳ ᠴᠤ ︽ ᠬᠠᠲᠠᠭᠤ ᠳᠠᠶᠢᠯᠠᠯᠳᠤᠭᠠᠨ ︾ ᠬᠢᠬᠦ ᠪᠡᠯᠡᠳᠬᠡᠯ᠎ᠢᠶᠡᠨ ᠰᠠᠶᠢᠲᠤᠷ ᠬᠢᠵᠦ ᠂ ᠲᠣᠭᠲᠠᠭᠤᠨ ᠪᠤᠰᠤ ᠣᠷᠴᠢᠨ ᠨᠥᠬᠥᠴᠡᠯ᠎ᠳ᠋ᠤ ᠰᠤᠷᠤᠯᠴᠠᠯᠭ᠎ᠠ᠎ᠪᠠᠨ ᠦᠷᠭᠦᠯᠵᠢᠯᠡᠨ ᠴᠢᠩᠭᠠᠳᠬᠠᠵᠤ ᠂ ᠲᠤᠰ ᠪᠡᠶ᠎ᠡ᠎ᠶᠢᠨ ᠭᠣᠤᠯᠯᠠᠬᠤ ᠥᠷᠢᠰᠥᠯᠳᠦᠬᠦ ᠬᠦᠴᠦᠨ᠎ᠢᠶᠡᠨ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠢᠳᠡᠪᠬᠢᠳᠡᠢ ᠰᠡᠳᠬᠢᠴᠡ᠎ᠪᠠᠷ ᠡᠯ᠎ᠡ ᠵᠦᠢᠯ᠎ᠤᠨ ᠠᠵᠢᠯ ᠣᠯᠭᠣᠯᠲᠠ᠎ᠶᠢᠨ ᠠᠵᠢᠯᠯᠠᠭ᠎ᠠ᠎ᠳ᠋ᠤ ᠡᠷᠲᠡᠬᠡᠨ ᠣᠷᠣᠯᠴᠠᠬᠤ ᠬᠡᠷᠡᠭᠲᠡᠶ ᠃
ᠰᠤᠷᠪᠤᠯᠵᠢᠯᠠᠭᠴᠢ ᠄ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳ᠋ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ᠎ᠳ᠋ᠤ ᠴᠢᠭᠯᠡᠭᠦᠯᠦᠨ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ ︖ ᠲᠠᠷᠠᠭᠠᠴᠢ᠎ᠶᠢᠨ ᠠᠯᠬᠤᠮ᠎ᠳ᠋ᠤ ᠪᠠᠰᠠ ᠶᠠᠮᠠᠷ ᠠᠷᠭ᠎ᠠ ᠬᠡᠮᠵᠢᠶ᠎ᠡ ᠠᠪᠬᠤ᠎ᠪᠠᠷ ᠪᠠᠢᠨ᠎ᠠ ︖
ᠯᠢᠦ ᠬᠤᠤ ᠱᠧᠩ ᠄ ᠬᠢᠵᠢᠭ᠎ᠤᠨ ᠨᠥᠯᠥᠭᠡᠨ᠎ᠳ᠋ᠤ ᠴᠢᠭᠯᠡᠭᠦᠯᠦᠨ ᠂ ᠪᠢᠳᠡ ᠭᠣᠤᠯᠳᠠᠭᠤ ᠭᠤᠷᠪᠠᠨ ᠲᠠᠯ᠎ᠠ᠎ᠶᠢᠨ ᠠᠷᠭ᠎ᠠ ᠬᠡᠮᠵᠢᠶ᠎ᠡ ᠠᠪᠤᠨ᠎ᠠ ᠄
ᠨᠢᠭᠡ ᠂ ᠠᠵᠢᠯ ᠣᠯᠭᠣᠯᠲᠠ᠎ᠶᠢ ᠠᠬᠢᠭᠤᠯᠬᠤ ᠲᠦᠷᠦ᠎ᠶᠢᠨ ᠪᠤᠳᠤᠯᠭ᠎ᠠ᠎ᠶᠢᠨ ᠳᠡᠮᠵᠢᠯᠭᠡ᠎ᠶᠢ ᠴᠢᠩᠭᠠᠳᠬᠠᠨ᠎ᠠ ᠃ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ᠎ᠶᠢ ᠠᠬᠢᠭᠤᠯᠬᠤ ᠣᠳᠣᠬᠢ ᠲᠥᠷᠥ᠎ᠶᠢᠨ ᠪᠣᠳᠣᠯᠭ᠎ᠠ᠎ᠶᠢᠨ ᠰᠠᠭᠤᠷᠢᠨ ᠳᠡᠭᠡᠷ᠎ᠡ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠭᠤᠴᠠᠭᠠᠨ᠎ᠳ᠋ᠠᠬᠢ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ ᠠᠵᠢᠯ᠎ᠳ᠋ᠤ ᠴᠢᠭᠯᠡᠭᠦᠯᠦᠨ ᠂ ᠪᠢᠳᠡ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠣᠯᠬᠤ᠎ᠶᠢ ᠠᠬᠢᠭᠤᠯᠬᠤ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠠᠶ ᠂ ᠡᠭᠦᠨ᠎ᠳ᠋ᠤ ᠭᠣᠤᠯᠳᠠᠭᠤ ᠄ ᠠᠵᠤ ᠠᠬᠤᠶᠢᠯᠠᠯ᠎ᠤᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠡᠯᠰᠡᠬᠦ᠎ᠶᠢ ᠵᠣᠷᠢᠭᠵᠢᠭᠤᠯᠵᠤ ᠂ ᠴᠠᠭᠠᠨ ᠰᠠᠷ᠎ᠠ᠎ᠶᠢᠨ ᠬᠤᠭᠤᠴᠠᠭᠠᠨ᠎ᠳ᠋ᠤ ᠦᠢᠯᠡᠳᠪᠦᠷᠢᠯᠡᠯ᠎ᠢᠶᠡᠨ ᠰᠡᠷᠬᠦᠬᠡᠵᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠳ᠋ᠤ ᠪᠠᠴᠢᠮ ᠬᠡᠷᠡᠭᠰᠡᠬᠦ ᠡᠳ᠋ ᠪᠣᠳᠠᠰ ᠦᠢᠯᠡᠳᠪᠦᠷᠢᠯᠡᠨ ᠬᠦᠷᠬᠡᠭᠰᠡᠨ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠲᠡᠭᠦᠰᠦᠭᠰᠡᠡ ᠤᠶᠤᠳᠠᠠ᠎ᠢ 1 ᠡᠯᠰᠡᠭᠦ ᠪᠦᠷᠢ ᠂ ᠲᠡᠷᠡ ᠮᠦᠷᠳᠡᠭᠡᠡ 1 ᠵᠢᠯ᠎ᠡᠴᠠ ᠳᠡᠭᠡᠭᠰᠢᠬᠢ ᠬᠥᠳᠡᠯᠮᠦᠷᠢ᠎ᠶᠢᠨ ᠭᠡᠷ᠎ᠡ ᠲᠣᠭᠲᠠᠭᠠᠬᠤ᠎ᠶᠢᠨ ᠬᠠᠮᠲᠤ ᠲᠣᠭᠲᠠᠭᠠᠯ ᠶᠣᠰᠣᠭᠠᠷ ᠨᠡᠶᠢᠭᠡᠮ᠎ᠤᠨ ᠳᠠᠭᠠᠳᠬᠠᠯ᠎ᠤᠨ ᠰᠦᠶᠳᠬᠡᠯ᠎ᠢ᠎ᠨᠢ ᠲᠤᠰᠢᠶᠠᠭᠰᠠᠨ ᠪᠠᠶᠢᠪᠠᠯ ᠂ ᠬᠥᠮᠦᠨ ᠪᠦᠷᠢ᠎ᠶᠢᠨ 1000 ᠲᠥᠭᠥᠷᠢᠭ᠎ᠤᠨ ᠪᠠᠷᠢᠮᠵᠢᠶ᠎ᠠ᠎ᠪᠠᠷ ᠠᠵᠤ ᠠᠬᠤᠶᠢᠯᠠᠯ᠎ᠳ᠋ᠤ ᠠᠵᠢᠯ ᠣᠯᠭᠣᠬᠤ ᠨᠥᠬᠥᠪᠥᠷᠢ ᠣᠯᠭᠣᠨ᠎ᠠ ᠃
ᠬᠣᠶᠠᠷ ᠂ ᠰᠦᠯᠵᠢᠶᠡᠨ᠎ᠳ᠋ᠤ ᠠᠵᠢᠯᠲᠠᠨ ᠡᠯᠰᠡᠬᠦ ᠠᠵᠢᠯᠯᠠᠭ᠎ᠠ᠎ᠶᠢ ᠲᠦᠪᠯᠡᠷᠡᠩᠭᠦᠢ ᠥᠷᠨᠢᠭᠦᠯᠦᠨ᠎ᠡ ᠃ ᠪᠦᠬᠦ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠦᠶᠯᠡᠴᠢᠯᠡᠭᠡᠨ᠎ᠤ ᠪᠠᠶᠢᠭᠤᠯᠤᠮᠵᠢ᠎ᠨᠤᠭᠤᠳ᠎ᠤᠨ ᠲᠤᠬᠠᠶ᠎ᠶᠢᠨ ᠲᠠᠯᠠᠪᠠᠶ᠎ᠶᠢᠨ ᠠᠵᠢᠯᠲᠠᠨ ᠤᠷᠢᠵᠤ ᠡᠯᠰᠡᠬᠦ ᠠᠵᠢᠯᠯᠠᠭ᠎ᠠ᠎ᠶᠢ ᠪᠦᠬᠦᠨ᠎ᠢ ᠰᠦᠯᠵᠢᠶᠡᠨ ᠳᠡᠭᠡᠷ᠎ᠡ ᠤᠷᠢᠨ ᠬᠡᠷᠡᠭᠯᠡᠬᠦ ᠪᠣᠯᠭᠠᠨ ᠥᠭᠡᠷᠡᠴᠢᠯᠡᠵᠦ ᠂ ᠰᠦᠯᠵᠢᠶᠡᠨ ᠳᠡᠭᠡᠷ᠎ᠡ ᠥᠷᠭᠡᠨ ᠣᠯᠠᠨ ᠬᠥᠮᠦᠨ ᠬᠡᠷᠡᠭᠯᠡᠬᠦ ᠨᠢᠭᠡᠴᠢ ᠪᠣᠯᠤᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠬᠠᠩᠭᠠᠯᠭ᠎ᠠ ᠬᠡᠷᠡᠭᠴᠡᠭᠡ᠎ᠶᠢᠨ ᠦᠶᠯᠡᠴᠢᠯᠡᠭᠡᠨ᠎ᠤ ᠲᠠᠪᠴᠠᠩ ᠪᠠᠶᠢᠭᠤᠯᠵᠤ ᠦᠭᠬᠦᠨ᠎ᠡ ᠃ 2 ᠰᠠᠷ᠎ᠠ᠎ᠶᠢᠨ 21᠎ᠤ ᠡᠳᠦᠷ᠎ᠡᠴᠠ ᠡᠬᠢᠯᠡᠨ ᠂ ᠪᠢᠳᠡ ᠰᠦᠯᠵᠢᠶᠡᠨ ᠳᠡᠭᠡᠷ᠎ᠡ ︽ 2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠰᠦᠯᠵᠢᠶ᠎ᠡ᠎ᠪᠠᠷ ᠠᠵᠢᠯᠲᠠᠨ ᠡᠯᠰᠡᠬᠦ ᠰᠠᠷ᠎ᠠ᠎ᠶᠢᠨ ᠠᠵᠢᠯᠯᠠᠭ᠎ᠠ ᠵᠢᠴᠢ ᠬᠠᠪᠤᠷ᠎ᠤᠨ ᠤᠯᠠᠷᠢᠯ᠎ᠤᠨ ᠰᠦᠯᠵᠢᠶ᠎ᠡ᠎ᠪᠠᠷ ᠠᠵᠢᠯᠲᠠᠨ ᠡᠯᠰᠡᠬᠦ ᠲᠤᠮᠤ ᠴᠤᠭᠯᠠᠭᠠᠨ ︾᠎ᠢ ᠡᠷᠭᠢᠯᠡᠵᠦ ᠂ ᠪᠦᠬᠦᠶᠢᠯᠡ ᠠᠵᠢᠯᠯᠠᠭ᠎ᠠ᠎ᠨᠢ 3 ᠰᠠᠷ᠎ᠠ᠎ᠶᠢᠨ 7᠎ᠤ ᠡᠳᠦᠷ ᠪᠣᠯᠲᠠᠯ᠎ᠠ 16 ᠡᠳᠦᠷ ᠦᠷᠭᠦᠯᠵᠢᠯᠡᠨ᠎ᠡ ᠃ ᠰᠦᠯᠵᠢᠶᠡᠨ ᠳᠡᠭᠡᠷ᠎ᠡ ᠲᠤᠰᠬᠠᠶ ᠪᠤᠯᠤᠩ ᠭᠠᠷᠭᠠᠬᠤ ᠂ ᠲᠤᠰᠬᠠᠶ ᠲᠠᠯᠠᠪᠤᠷ ᠤᠷᠢᠵᠤ ᠡᠯᠰᠡᠬᠦ ᠂ ᠸᠢᠳᠢᠣ᠋᠎ᠪᠠᠷ ᠨᠢᠭᠤᠷᠲᠠᠨ ᠰᠢᠯᠭᠠᠬᠤ ᠂ ᠡᠭᠦᠯᠡᠨ ᠳᠠᠪᠴᠠᠩ᠎ᠢᠶᠠᠷ ᠵᠤᠯᠭᠠᠯᠴᠠᠭᠤᠯᠬᠤ ᠂ ᠰᠦᠯᠵᠢᠶᠡᠨ ᠳᠡᠭᠡᠷ᠎ᠡ ᠤᠷᠢᠵᠤ ᠰᠤᠷᠭᠠᠭᠤᠯᠢ᠎ᠶᠢᠨ ᠬᠦᠷᠢᠶᠡᠨ᠎ᠳ᠋ᠤ ᠣᠷᠣᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠤᠷᠢᠵᠤ ᠡᠯᠰᠡᠬᠦ ᠠᠵᠢᠯ ᠥᠷᠨᠢᠭᠦᠯᠵᠦ ᠂ ᠬᠥᠮᠦᠨ ᠬᠡᠷᠡᠭᠯᠡᠬᠦ ᠨᠢᠭᠡᠴᠢ ᠵᠢᠴᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ᠎ᠶᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠩᠭᠠᠵᠤ ᠪᠠᠢᠨ᠎ᠠ ᠃ 2 ᠰᠠᠷ᠎ᠠ᠎ᠶᠢᠨ 28᠎ᠤ ᠡᠳᠦᠷ ᠪᠣᠯᠲᠠᠯ᠎ᠠ ᠂ ᠪᠥᠬᠥ ᠣᠷᠣᠨ᠎ᠳ᠋ᠤ ᠨᠡᠶᠢᠲᠡ 82 ᠲᠠᠯᠠᠪᠤᠷ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠎ᠳ᠋ᠤ 6742 ᠬᠥᠮᠦᠨ ᠬᠡᠷᠡᠭᠯᠡᠬᠦ ᠨᠢᠭᠡᠴᠢ ᠤᠷᠤᠯᠴᠠᠵᠤ ᠂ 141543 ᠠᠵᠢᠯ᠎ᠤᠨ ᠪᠠᠶᠢᠷᠢ ᠬᠠᠩᠭᠠᠪᠠ ᠃
ᠶᠡᠬᠡ ᠳᠡᠭᠡᠳᠦ ᠰᠤᠷᠭᠠᠭᠤᠯᠢ ᠪᠠ ᠬᠥᠮᠦᠨ ᠬᠡᠷᠡᠭᠯᠡᠬᠦ ᠨᠢᠭᠡᠴᠢ᠎ᠶᠢᠨ ᠢᠨᠲ᠋ᠧᠷ ᠰᠦᠯᠵᠢᠶ᠎ᠡ᠎ᠶᠢ ᠠᠰᠢᠬᠯᠠᠨ ᠬᠠᠩᠭᠠᠯᠭ᠎ᠠ ᠬᠡᠷᠡᠭᠴᠡᠭᠡ᠎ᠪᠠᠨ ᠵᠣᠯᠭᠠᠭᠤᠯᠬᠤ᠎ᠶᠢ ᠵᠣᠷᠢᠭᠵᠢᠭᠤᠯᠵᠤ ᠂ ᠰᠦᠯᠵᠢᠶᠡᠨ ᠳᠡᠭᠡᠷ᠎ᠡ ᠨᠢᠭᠤᠷᠲᠠᠨ ᠰᠢᠯᠭᠠᠬᠤ ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠎ᠶᠢ ᠬᠡᠷᠡᠭᠵᠢᠭᠦᠯᠵᠦ ᠂ ᠬᠥᠮᠦᠨ ᠬᠡᠷᠡᠭᠯᠡᠬᠦ ᠨᠢᠭᠡᠴᠢ᠎ᠶᠢ ᠬᠥᠲᠥᠯᠦᠨ ᠵᠢᠯᠣᠭᠣᠳᠴᠤ ᠪᠠᠶᠢᠭᠠᠳ ᠤᠷᠢᠨ ᠬᠡᠷᠡᠭᠯᠡᠬᠦ ᠴᠠᠭ᠎ᠢ᠎ᠨᠢ ᠵᠣᠬᠢᠰᠲᠠᠶ ᠤᠷᠲᠤᠳᠬᠠᠵᠤ ᠂ ᠪᠡᠶ᠎ᠡ᠎ᠶᠢᠨ ᠪᠠᠶᠢᠴᠠᠭᠠᠯᠲᠠ ᠬᠢᠬᠦ ᠴᠠᠭ᠎ᠢ᠎ᠨᠢ ᠬᠣᠶᠢᠰᠢᠯᠠᠭᠤᠯᠵᠤ ᠂ ᠭᠡᠷ᠎ᠡ ᠲᠣᠭᠲᠠᠵᠤ ᠡᠯᠰᠡᠬᠦ᠎ᠶᠢ ᠬᠣᠶᠢᠰᠢᠯᠠᠭᠤᠯᠤᠨ᠎ᠠ ᠃ ᠣᠯᠠᠨ ᠨᠡᠶᠢᠲᠡ᠎ᠶᠢᠨ ᠠᠵᠢᠯ ᠣᠯᠭᠣᠬᠤ ᠴᠢᠳᠠᠪᠤᠷᠢᠲᠠᠨ᠎ᠤ ᠦᠶᠯᠡᠴᠢᠯᠡᠭᠡᠨ᠎ᠤ ᠪᠠᠶᠢᠭᠤᠯᠤᠮᠵᠢ᠎ᠶᠢᠨ ᠨᠡᠷ᠎ᠡ ᠮᠡᠳᠡᠭᠦᠯᠦᠯᠲᠡ᠎ᠶᠢ ᠬᠦᠯᠢᠶᠡᠨ ᠠᠪᠬᠤ ᠴᠠᠭ᠎ᠢ ᠤᠷᠲᠤᠳᠬᠠᠬᠤ᠎ᠶᠢ ᠵᠢᠯᠣᠭᠣᠳᠴᠤ ᠂ ᠵᠠᠬᠢᠳᠠᠯ ᠂ ᠹᠠᠺᠰ ᠂ ᠰᠦᠯᠵᠢᠶ᠎ᠡ ᠵᠡᠷᠭᠡ ᠠᠷᠭ᠎ᠠ ᠮᠠᠢᠭ᠎ᠢᠶᠠᠷ ᠳᠠᠮᠵᠢᠭᠤᠯᠤᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠬᠡᠯᠡᠯᠴᠡᠭᠡᠷ ᠲᠣᠭᠲᠠᠬᠤ ᠂ ᠠᠵᠢᠯ ᠣᠯᠬᠤ᠎ᠳ᠋ᠤ ᠨᠡᠷ᠎ᠡ ᠮᠡᠳᠡᠭᠦᠯᠬᠦ ᠭᠠᠷᠳᠠᠮ ᠭᠦᠶᠴᠡᠳᠬᠡᠵᠦ ᠥᠭᠭᠦᠨ᠎ᠡ ᠃
ᠭᠤᠷᠪᠠ ᠂ ᠰᠦᠯᠵᠢᠶᠡᠨ ᠳᠡᠭᠡᠷᠡᠬᠢ ᠠᠵᠢᠯ ᠮᠡᠷᠭᠡᠵᠢᠯ᠎ᠤᠨ ᠪᠣᠯᠪᠠᠰᠤᠷᠠᠯ᠎ᠢ ᠪᠦᠬᠦ ᠲᠠᠯ᠎ᠠ᠎ᠪᠠᠷ ᠵᠣᠬᠢᠶᠠᠨ ᠪᠠᠶᠢᠭᠤᠯᠤᠨ᠎ᠠ ᠃ ᠬᠢᠵᠢᠭ᠎ᠤᠨ ᠪᠠᠶᠢᠳᠠᠯ᠎ᠤᠨ ᠬᠤᠭᠤᠴᠠᠭᠠᠨ᠎ᠳ᠋ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠠᠵᠢᠯ ᠡᠷᠢᠬᠦ ᠡᠳᠡᠬᠡᠳ᠎ᠢ ᠰᠦᠯᠵᠢᠶᠡᠨ᠎ᠳ᠋ᠠᠬᠢ ᠠᠵᠢᠯ ᠮᠡᠷᠭᠡᠵᠢᠯ᠎ᠤᠨ ᠪᠣᠯᠪᠠᠰᠤᠷᠠᠯ᠎ᠳ᠋ᠤ ᠣᠷᠣᠯᠴᠠᠭᠤᠯᠤᠨ᠎ᠠ ᠂ ᠲᠦᠷᠦᠭᠦᠤ ᠪᠦᠯᠦᠭ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠰᠦᠯᠵᠢᠶᠡᠨ᠎ᠳ᠋ᠠᠬᠢ ᠪᠣᠯᠪᠠᠰᠤᠷᠠᠯ᠎ᠤᠨ ᠲᠠᠪᠴᠠᠩ᠎ᠤᠨ ᠭᠠᠷᠴᠠᠭ᠎ᠢ ᠨᠡᠶᠢᠲᠡᠯᠡᠪᠡ ᠂ ᠡᠭᠦᠨ᠎ᠳ᠋ᠤ ᠤᠯᠤᠰ᠎ᠤᠨ ᠳᠡᠰ᠎ᠤᠨ ᠤᠷ᠎ᠠ ᠴᠢᠳᠠᠪᠤᠷᠢ᠎ᠶᠢᠨ ᠬᠦᠴᠦᠷᠬᠡᠭ ᠤᠯᠤᠰ  ᠪᠥᠬᠥ ᠤᠯᠤᠰ᠎ᠤᠨ ᠠᠵᠤ ᠦᠶᠯᠡᠰ᠎ᠤᠨ ᠠᠵᠢᠯᠴᠢᠨ᠎ᠤ ᠤᠷ᠎ᠠ ᠴᠢᠳᠠᠪᠤᠷᠢ᠎ᠶᠢᠨ ᠰᠤᠷᠤᠯᠴᠠᠯᠭ᠎ᠠ᠎ᠶᠢᠨ ᠲᠠᠪᠴᠠᠩ ᠂ ᠳᠤᠮᠳᠠᠳᠤ ᠤᠯᠤᠰ᠎ᠤᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠦᠯᠵᠢᠶᠡᠨ ᠲᠠᠪᠴᠠᠩ ᠂ ᠳᠤᠮᠳᠠᠳᠤ ᠤᠯᠤᠰ᠎ᠤᠨ ᠤᠯᠤᠰ᠎ᠤᠨ ᠠᠵᠢᠯᠲᠠᠨ᠎ᠤ ᠶᠠᠪᠤᠳᠠᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠦᠯᠵᠢᠶ᠎ᠡ ᠵᠡᠷᠭᠡ 5 ᠲᠠᠪᠴᠠᠩ ᠵᠢᠴᠢ ᠥᠪᠥᠷ ᠮᠣᠩᠭᠣᠯ᠎ᠤᠨ ᠤᠨᠢᠨ ᠳᠡᠬᠡᠷ᠎ᠡ᠎ᠨᠢ ᠶᠠᠳᠠᠭᠤ᠎ᠡᠴᠠ ᠠᠩᠭᠢᠵᠢᠷᠠᠭᠤᠯᠵᠤ ᠠᠵᠢᠯ ᠣᠯᠭᠣᠬᠤ ᠦᠢᠯᠡᠰ ᠪᠤᠰᠬᠠᠬᠤ ᠰᠤᠷᠤᠯᠴᠠᠯᠭ᠎ᠠ᠎ᠶᠢᠨ ᠲᠠᠪᠴᠠᠩ ᠂ ᠬᠥᠬᠡᠬᠣᠲᠠ᠎ᠶᠢᠨ ᠰᠢᠨ ᠳ᠋ᠦᠩ ᠹᠠᠩ ᠬᠣᠭᠣᠯᠠ ᠬᠢᠬᠦ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭᠠᠭᠤᠯᠢ ᠂ ᠬᠥᠬᠡᠬᠣᠲᠠ᠎ᠶᠢᠨ ᠰᠧ ᠵᠦᠩ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠤᠯᠴᠠᠯᠭ᠎ᠠ᠎ᠶᠢᠨ ᠳᠠᠪᠴᠠᠩ ᠵᠡᠷᠬᠡ 13 ᠪᠣᠯᠪᠠᠰᠤᠷᠠᠯ᠎ᠤᠨ ᠲᠠᠪᠴᠠᠩ᠎ᠢ ᠪᠠᠭᠲᠠᠭᠠᠨ᠎ᠠ ᠃
ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠦᠢᠯᠡᠰ ᠪᠤᠰᠬᠠᠬᠤ ᠪᠤᠯᠪᠠᠰᠤᠷᠠᠯ᠎ᠤᠨ ᠲᠠᠯ᠎ᠠ᠎ᠪᠠᠷ ᠂ ︽ ᠠᠵᠢᠯ ᠤᠯᠵᠤ ᠦᠶᠯᠡᠰ ᠪᠤᠰᠬᠠᠬᠤ ᠦᠢᠯᠡᠴᠢᠯᠡᠭᠡᠨ᠎ᠤ ᠵᠠᠮᠴᠢ ︾ ᠵᠢᠷᠬᠢᠶ᠎ᠠ᠎ᠶᠢᠨ ᠣᠯᠠᠨ ᠨᠡᠶᠢᠲᠡ᠎ᠶᠢᠨ ᠲᠠᠪᠴᠠᠩ᠎ᠳ᠋ᠤ ᠲᠦᠰᠢᠭᠯᠡᠨ ᠂ ᠤᠶᠤᠲᠠᠳ᠎ᠤᠨ ᠠᠵᠢᠯ ᠤᠯᠵᠤ ᠦᠢᠯᠡᠰ ᠪᠤᠰᠬᠠᠬᠤ ᠪᠣᠯᠪᠠᠰᠤᠷᠠᠯ᠎ᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠦᠨ᠎ᠡ ᠃ ᠡᠨᠡ ᠬᠦ ᠰᠢᠰᠲ᠋ᠧᠮ᠎ᠨᠢ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠂ ᠠᠵᠢᠯᠲᠠᠨ᠎ᠢ ᠰᠢᠯᠢᠨ ᠰᠣᠩᠭᠣᠬᠤ ᠂ ᠠᠩᠭᠢ ᠡᠷᠬᠢᠯᠡᠬᠦ᠎ᠪᠠᠷ ᠭᠤᠶᠤᠴᠢᠯᠠᠬᠤ ᠂ ᠰᠦᠯᠵᠢᠶᠡᠨ ᠳᠡᠭᠡᠷ᠎ᠡ ᠵᠢᠭᠠᠨ ᠰᠤᠷᠭᠠᠬᠤ ᠂ ᠲᠠᠩᠰᠠ ᠡᠪᠬᠡᠮᠡᠯ᠎ᠢ ᠡᠮᠬᠢᠯᠡᠬᠦ ᠵᠡᠷᠭᠡ ᠵᠢᠷᠭᠤᠭᠠᠨ ᠶᠡᠬᠡ ᠴᠢᠳᠠᠮᠵᠢ᠎ᠲᠠᠢ ᠪᠠᠶᠢᠵᠤ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠰᠦᠯᠵᠢᠶᠡᠨ᠎ᠳ᠋ᠠᠬᠢ ᠪᠣᠯᠪᠠᠰᠤᠷᠠᠭᠤᠯᠤᠯ᠎ᠳ᠋ᠤ ᠲᠥᠬᠥᠮ ᠦᠵᠡᠭᠦᠯᠵᠡᠶ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠭᠤᠴᠠᠭᠠᠨ᠎ᠳ᠋ᠤ ᠪᠢᠳᠡ ᠨᠢᠭᠡᠨᠲᠡ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠵᠣᠬᠢᠶᠠᠨ ᠪᠠᠶᠢᠭᠤᠯᠵᠤ ᠂ ᠰᠦᠯᠵᠢᠶᠡᠨ ᠳᠡᠭᠡᠷ᠎ᠡ ᠦᠢᠯᠡᠰ ᠪᠤᠰᠬᠠᠬᠤ ᠪᠤᠯᠪᠠᠰᠤᠷᠠᠯ᠎ᠳ᠋ᠤ 2090 ᠬᠥᠮᠦᠨ᠎ᠢ ᠣᠷᠣᠯᠴᠠᠭᠤᠯᠪᠠ ᠃
ᠶᠡᠷᠦᠩᠬᠡᠶ᠎ᠳ᠋ᠤᠨᠢ ᠦᠵᠡᠪᠡᠯ ᠂ ᠬᠢᠵᠢᠭ᠎ᠤᠨ ᠨᠥᠯᠥᠭᠡ᠎ᠡᠴᠠ ᠪᠣᠯᠵᠣ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠤᠯᠬᠤ ᠬᠦᠴᠢᠷᠳᠡᠯ ᠨᠡᠮᠡᠭᠳᠡᠵᠦ ᠂ ᠤᠯᠤᠰ᠎ᠡᠴᠠ ᠠᠵᠢᠯ ᠣᠯᠭᠣᠯᠲᠠ᠎ᠶᠢ ᠳᠡᠮᠵᠢᠬᠦ ᠠᠷᠭ᠎ᠠ ᠬᠡᠮᠵᠢᠶ᠎ᠡ᠎ᠶᠢ ᠱᠠᠯᠠᠪᠳᠠᠨ ᠲᠡᠭᠦᠯᠳᠡᠷᠵᠢᠭᠦᠯᠵᠦ ᠪᠠᠶᠢᠨ᠎ᠠ ᠃ ᠲᠠᠷᠠᠭᠠᠴᠢ᠎ᠶᠢᠨ ᠠᠯᠬᠤᠮ᠎ᠳ᠋ᠤ ᠪᠢᠳᠡ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ︽ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ ︾ ᠠᠵᠢᠯ᠎ᠤᠨ ᠰᠢᠶᠳᠪᠦᠷᠢᠲᠦ ᠪᠣᠳᠣᠯᠭ᠎ᠠ᠎ᠶᠢᠨ ᠪᠠᠶᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠵᠤ ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ᠎ᠶᠢ ᠠᠵᠢᠯ ᠣᠯᠭᠣᠯᠲᠠ᠎ᠶᠢᠨ ᠠᠵᠢᠯ᠎ᠤᠨ ᠭᠣᠤᠯᠳᠠᠯᠭ᠎ᠠ᠎ᠶᠢᠨ ᠳᠣᠲᠣᠷᠠᠬᠢ ᠭᠣᠤᠯᠳᠠᠯᠭ᠎ᠠ ᠪᠣᠯᠭᠠᠨ᠎ᠠ ᠃ ᠡᠬᠦᠨ᠎ᠳ᠋ᠤ ᠨᠢᠭᠡ᠎ᠳ᠋ᠤ ᠂ ᠠᠵᠢᠯ᠎ᠤᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠎ᠠ ᠃ ᠬᠣᠶᠠᠷ᠎ᠲᠤ ᠂ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠣᠨᠣᠪᠴᠢᠲᠠᠶ ᠳᠤᠭᠳᠠᠭᠠᠨ᠎ᠠ ᠃ ᠭᠤᠷᠪᠠ᠎ᠳ᠋ᠤ ᠂ ᠠᠵᠢᠯ ᠣᠯᠭᠣᠯᠲᠠ᠎ᠶᠢᠨ ᠦᠶᠯᠡᠴᠢᠯᠡᠭᠡ᠎ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ᠎ᠠ ᠃ ᠲᠦᠷᠪᠡ᠎ᠳ᠋ᠤ ᠂ ᠠᠵᠢᠯ ᠤᠯᠭᠤᠯᠳᠠ᠎ᠶᠢᠨ ᠠᠷᠭ᠎ᠠ ᠵᠠᠮ᠎ᠢ ᠠᠮᠢᠳᠤᠯᠢᠭ᠎ᠢᠶᠠᠷ ᠥᠷᠭᠡᠳᠬᠡᠨ᠎ᠡ ᠃
ᠰᠤᠷᠪᠤᠯᠵᠢᠯᠠᠭᠴᠢ ᠄ ᠵᠢᠯ ᠪᠦᠷᠢ᠎ᠶᠢᠨ 3 ᠂ 4 ᠰᠠᠷ᠎ᠠ ᠪᠣᠯ ᠤᠶᠤᠲᠠᠳ᠎ᠤᠨ ᠠᠵᠢᠯ ᠡᠷᠢᠬᠦ ᠬᠥᠭᠵᠢᠶᠡᠨᠲᠡᠶ ᠤᠯᠠᠷᠢᠯ ᠪᠣᠯᠤᠨ᠎ᠠ ᠃ ᠡᠨᠡ ᠵᠢᠯ ᠬᠢᠵᠢᠭ᠎ᠤᠨ ᠨᠥᠯᠥᠭᠡ᠎ᠡᠴᠠ ᠪᠣᠯᠵᠣ ᠂ ᠶᠡᠬᠡ ᠳᠡᠭᠡᠳᠦ ᠰᠤᠷᠭᠠᠭᠤᠯᠢ ᠣᠲᠣ ᠪᠣᠯᠲᠠᠯ᠎ᠠ ᠰᠤᠷᠭᠠᠭᠤᠯᠢ ᠡᠬᠢᠯᠡᠭᠡᠳᠦᠢ ᠂ ᠡᠨᠡ ᠵᠢᠯ ᠲᠡᠭᠦᠰᠬᠦ ᠤᠶᠤᠲᠠᠳ᠎ᠤᠨ ᠠᠵᠢᠯ ᠤᠯᠭᠤᠬᠤ ᠵᠢᠯᠣᠭᠣᠳᠣᠯᠭ᠎ᠠ ᠪᠠ ᠦᠢᠯᠡᠴᠢᠯᠡᠭᠡᠨ᠎ᠤ ᠠᠵᠢᠯ᠎ᠳ᠋ᠤ ᠶᠠᠮᠠᠷ ᠠᠷᠭᠠᠴᠠᠭᠠᠬᠤ ᠠᠷᠭ᠎ᠠ ᠬᠡᠮᠵᠢᠶ᠎ᠡ ᠠᠪᠤᠭᠰᠠᠨ ᠪᠣᠶ ︖
ᠸᠠᠩ ᠵᠢᠶᠦ᠋ᠨ ᠸᠧᠶ ᠄ ᠡᠨᠡ ᠵᠢᠯ ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠬᠦ ᠰᠤᠷᠤᠭᠴᠢ ᠪᠠᠷᠤᠭ 13.4 ᠲᠦᠮᠡᠨ ᠬᠥᠮᠦᠨ ᠪᠠᠶᠢᠵᠤ ᠂ ᠨᠢᠳᠤᠨᠤᠨ᠎ᠤ᠎ᠬᠢ᠎ᠡᠴᠠ 5%᠎ᠪᠠᠷ ᠨᠡᠮᠡᠭᠳᠡᠪᠡ ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠲᠤᠬᠠᠶ ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠡᠯ᠎ᠡ ᠵᠦᠢᠯ᠎ᠤᠨ ᠠᠵᠢᠯ᠎ᠤᠨ ᠪᠠᠶᠢᠷᠢᠯᠠᠭᠤᠯᠤᠯᠲᠠ᠎ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠡᠭᠦᠰᠬᠦ ᠰᠤᠷᠤᠭᠴᠢᠳ᠎ᠲᠤ ᠠᠵᠢᠯ ᠣᠯᠭᠣᠬᠤ ᠠᠵᠢᠯ᠎ᠢ ᠴᠢᠬᠤᠯᠠ ᠪᠠᠶᠢᠷᠢᠨ᠎ᠳ᠋ᠤ ᠲᠠᠯᠪᠢᠵᠤ ᠂ ᠠᠵᠢᠯ ᠣᠯᠭᠣᠬᠤ ᠠᠷᠭ᠎ᠠ ᠵᠠᠮ᠎ᠢ ᠢᠳᠡᠪᠬᠢᠲᠡᠶ᠎ᠪᠠᠷ ᠥᠷᠭᠡᠳᠬᠡᠨ ᠂ ᠰᠤᠷᠭᠠᠭᠤᠯᠢ ᠳᠡᠪᠰᠢᠬᠤ ᠲᠣᠬᠢᠶᠠᠯ᠎ᠢ ᠨᠡᠮᠡᠭᠳᠡᠭᠦᠯᠵᠦ ᠂ ᠣᠨᠣᠪᠴᠢᠲᠠᠶ ᠵᠢᠯᠣᠭᠣᠳᠬᠤ ᠦᠢᠯᠡᠴᠢᠯᠡᠭᠡ᠎ᠶᠢ ᠥᠷᠨᠢᠭᠦᠯᠵᠦ ᠂ ᠪᠦᠬᠦ ᠬᠦᠴᠦᠨ᠎ᠢᠶᠠᠷ᠎ᠢᠶᠡᠨ ︽ ᠬᠢᠵᠢᠭ᠎ᠲᠠᠢ ᠳᠡᠮᠡᠴᠡᠵᠦ ᠂ ᠠᠵᠢᠯ ᠣᠯᠭᠣᠯᠲᠠ᠎ᠶᠢ ᠳᠤᠭᠳᠠᠭᠤᠨ ᠪᠠᠢᠯᠭᠠᠵᠤ ︾ ᠂ ︽ ᠲᠡᠭᠦᠰᠬᠦ ᠰᠤᠷᠤᠭᠴᠢᠳ᠎ᠤᠨ ᠰᠦᠯᠵᠢᠶᠡᠨ᠎ᠡᠴᠠ ᠠᠵᠢᠯ ᠡᠷᠢᠬᠦ᠎ᠳ᠋ᠤ ᠦᠢᠯᠡᠴᠢᠯᠡᠬᠦ᠎ᠶᠢ ᠦᠯᠦ ᠳᠠᠰᠤᠯᠳᠠᠭᠤᠯᠬᠤ ︾᠎ᠶᠢ ᠪᠡᠶᠡᠯᠡᠭᠦᠯᠵᠦ ᠂ ︽ ᠠᠵᠢᠯ ᠣᠯᠭᠣᠯᠳᠠ᠎ᠶᠢᠨ ᠬᠡᠷᠡᠭᠴᠡᠬᠡ ᠱᠠᠭᠠᠷᠳᠠᠯᠭ᠎ᠠ᠎ᠶᠢ ᠰᠦᠯᠵᠢᠶᠡᠨ ᠳᠡᠬᠡᠷ᠎ᠡ ᠮᠡᠳᠡᠭᠦᠯᠬᠦ ᠂ ᠠᠵᠢᠯ ᠣᠯᠭᠤᠯᠳᠠ᠎ᠶᠢᠨ ᠵᠢᠯᠤᠭᠤᠳᠤᠯᠭ᠎ᠠ᠎ᠶᠢ ᠰᠦᠯᠵᠢᠶᠡᠨ ᠳᠡᠭᠡᠷ᠎ᠡ ᠰᠣᠨᠣᠰᠬᠤ ᠂ ᠠᠵᠢᠯ ᠣᠯᠭᠣᠯᠳᠠ᠎ᠶᠢᠨ ᠠᠵᠢᠯ᠎ᠤᠨ ᠪᠠᠶᠢᠷᠢ᠎ᠶᠢ ᠰᠦᠯᠵᠢᠶᠡᠨ ᠳᠡᠭᠡᠷ᠎ᠡ ᠡᠷᠢᠬᠦ ᠂ ᠠᠵᠢᠯ ᠣᠯᠭᠣᠬᠤ ᠦᠢᠯᠡᠴᠢᠯᠡᠭᠡ᠎ᠶᠢ ᠰᠦᠯᠵᠢᠶᠡᠨ ᠳᠡᠭᠡᠷ᠎ᠡ ᠭᠦᠢᠴᠡᠳᠬᠡᠬᠦ ︾᠎ᠪᠠᠷ ᠳᠠᠮᠵᠢᠭᠤᠯᠤᠨ ᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠤᠯᠬᠤ᠎ᠳ᠋ᠤ ᠦᠵᠡᠭᠦᠯᠬᠦ ᠬᠢᠵᠢᠭ᠎ᠤᠨ ᠨᠠᠵᠠᠭᠠᠢ ᠨᠥᠯᠥᠭᠡ᠎ᠶᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭᠤᠷᠠᠭᠤᠯᠪᠠ ᠃ ᠦᠢᠷ᠎ᠡ᠎ᠶᠢᠨ ᠬᠤᠭᠤᠴᠠᠭᠠᠨ᠎ᠤ ᠭᠣᠤᠯ ᠠᠷᠭ᠎ᠠ ᠬᠡᠮᠵᠢᠶ᠎ᠡ ᠭᠡᠪᠡᠯ ᠄
ᠨᠢᠭᠡ ᠂ ᠪᠠᠴᠢᠮ ᠪᠠᠶᠢᠳᠠᠯ᠎ᠢ ᠠᠷᠭᠠᠴᠠᠭᠠᠬᠤ ᠲᠣᠭᠲᠠᠴᠠ᠎ᠶᠢ ᠡᠬᠢᠯᠡᠭᠦᠯᠵᠦ ᠂ ᠰᠤᠷᠭᠠᠭᠤᠯᠢ᠎ᠶᠢᠨ ᠬᠦᠷᠢᠶᠡᠨ᠎ᠤ ᠬᠠᠮᠢᠶᠠᠷᠤᠯᠲᠠ᠎ᠶᠢ ᠴᠢᠩᠭᠠᠳᠬᠠᠠ ᠂ ᠬᠢᠵᠢᠭ᠎ᠢ ᠡᠰᠡᠷᠭᠦᠴᠡᠬᠦ ᠠᠵᠢᠯ ᠣᠯᠭᠣᠯᠲᠠ ︽ ᠬᠣᠶᠠᠷ᠎ᠢ ᠰᠠᠭᠠᠲᠠᠭᠠᠬᠤ ᠥᠬᠡᠶ ︾ ᠪᠠᠶᠢᠬᠤ᠎ᠶᠢ ᠦᠨᠡᠨ ᠬᠦ ᠪᠠᠲᠤᠯᠠᠨ᠎ᠠ ᠃ ᠬᠢᠵᠢᠭ᠎ᠤᠨ ᠪᠠᠶᠢᠳᠠᠯ᠎ᠢ ᠠᠷᠢᠯᠭᠠᠬᠤ᠎ᠡᠴᠠ ᠡᠮᠦᠨ᠎ᠡ ᠠᠯᠢᠪᠠ ᠰᠦᠯᠵᠢᠶᠡᠨ᠎ᠡᠴᠠ ᠭᠠᠳᠠᠭᠤᠷᠬᠢ ᠰᠤᠷᠭᠠᠭᠤᠯᠢ᠎ᠶᠢᠨ ᠬᠦᠷᠢᠶᠡᠨ᠎ᠤ ᠤᠬᠠᠭᠤᠯᠤᠨ ᠲᠠᠶᠢᠯᠪᠤᠷᠢᠯᠠᠬᠤ ᠪᠠ ᠤᠷᠢᠨ ᠬᠡᠷᠡᠭᠯᠡᠬᠦ ᠠᠵᠢᠯᠯᠠᠭ᠎ᠠ᠎ᠶᠢ ᠵᠣᠭᠰᠣᠭᠠᠨ᠎ᠠ ᠃ ᠡᠯ᠎ᠡ ᠶᠡᠬᠡ ᠳᠡᠭᠡᠳᠦ ᠰᠤᠷᠭᠠᠭᠤᠯᠢ᠎ᠨᠤᠭᠤᠳ ᠰᠦᠯᠵᠢᠶᠡᠨ ᠳᠡᠭᠡᠷᠡᠬᠢ ᠰᠡᠳᠬᠢᠴᠡ᠎ᠶᠢᠨ ᠵᠢᠯᠣᠭᠣᠳᠤᠯᠭ᠎ᠠ᠎ᠪᠠᠨ ᠴᠢᠩᠭᠠᠳᠬᠠᠵᠤ ᠂ ᠰᠤᠷᠭᠠᠭᠤᠯᠢ ᠲᠡᠭᠦᠰᠦᠭᠰᠡᠳ᠎ᠢ ᠬᠠᠪᠰᠤᠷᠤᠨ ᠰᠡᠷᠭᠡᠶᠢᠯᠡᠨ ᠡᠵᠡᠮᠳᠡᠬᠦ ᠤᠬᠠᠮᠰᠠᠷ᠎ᠢ᠎ᠨᠢ ᠨᠡᠮᠡᠭᠳᠡᠭᠦᠯᠦᠨ ᠂ ᠠᠵᠢᠯ ᠣᠯᠭᠣᠬᠤ ᠢᠳᠡᠪᠬᠢᠲᠡᠢ ᠰᠡᠳᠬᠢᠴᠡ᠎ᠶᠢ ᠪᠤᠢ ᠪᠣᠯᠭᠠᠵᠤ ᠂ ᠰᠤᠷᠭᠠᠭᠤᠯᠢ ᠲᠡᠭᠦᠰᠦᠭᠰᠡᠳ᠎ᠢ ᠬᠥᠲᠥᠯᠥᠨ ᠵᠢᠯᠣᠭᠣᠳᠴᠤ ᠪᠠᠶᠢᠭᠠᠳ ᠠᠵᠢᠯ ᠡᠷᠢᠬᠦ ᠬᠦᠰᠡᠯ ᠪᠤᠳᠤᠯ ᠪᠣᠯᠤᠨ ᠠᠵᠢᠯ ᠣᠯᠬᠤ ᠴᠢᠭᠯᠡᠯ᠎ᠢ᠎ᠨᠢ ᠰᠢᠯᠤᠭᠤᠳᠬᠠᠵᠤ ᠂ ᠠᠵᠢᠯ ᠣᠯᠭᠣᠬᠤ ᠡᠯ᠎ᠡ ᠵᠦᠶᠯ᠎ᠤᠨ ᠠᠵᠢᠯᠯᠠᠭ᠎ᠠ᠎ᠳ᠋ᠤ ᠡᠷᠲᠡᠬᠡᠨ ᠣᠷᠣᠯᠴᠠᠭᠤᠯᠬᠤ ᠬᠡᠷᠡᠭᠲᠡᠶ ᠃
ᠬᠣᠶᠠᠷ ᠂ ᠦᠶᠯᠡᠴᠢᠯᠡᠭᠡᠨ᠎ᠤ ᠳᠦᠪᠰᠢᠨ᠎ᠢ ᠳᠡᠭᠡᠭᠰᠢᠯᠡᠭᠦᠯᠵᠦ ᠂ ᠠᠵᠢᠯ ᠣᠯᠭᠣᠬᠤ ᠦᠶᠯᠡᠴᠢᠯᠡᠭᠡ᠎ᠶᠢ ᠰᠢᠯᠢᠳᠡᠭᠵᠢᠭᠦᠯᠦᠨ ᠂ ᠭᠠᠷ ᠬᠦᠢᠴᠡᠳᠬᠡᠯ ᠬᠢᠬᠦ᠎ᠶᠢ ︽ ᠳᠠᠰᠤᠯᠳᠠᠭᠤᠯᠬᠤ ᠦᠬᠡᠢ ︾ ᠪᠠᠢᠬᠤ᠎ᠶᠢ ᠦᠨᠡᠨ ᠬᠦ ᠪᠠᠲᠤᠯᠠᠨ᠎ᠠ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠭᠤᠴᠠᠭᠠᠨ᠎ᠳ᠋ᠤ ᠪᠢᠳᠡ ᠨᠢᠭᠡᠨᠲᠡ ᠣᠷᠣᠨ᠎ᠤ ᠳᠣᠲᠣᠷ᠎ᠠ ᠭᠠᠳᠠᠨᠠᠬᠢ ᠮᠢᠩᠭ᠎ᠠ ᠰᠢᠬᠠᠮ ᠳᠡᠬᠦᠰᠬᠦ ᠰᠤᠷᠤᠭᠴᠢ᠎ᠳ᠋ᠤ ᠲᠤᠬᠠᠶᠢᠯᠠᠭᠰᠠᠨ ᠠᠵᠢᠯ᠎ᠤᠨ ᠵᠥᠪᠯᠡᠯᠭᠡ ᠥᠭᠬᠦ ᠪᠠ ᠭᠠᠷ ᠬᠦᠢᠴᠡᠳᠭᠡᠯ ᠬᠢᠬᠦ ᠦᠢᠯᠡᠴᠢᠯᠡᠬᠡ ᠬᠠᠩᠭᠠᠵᠤ ᠂ ᠬᠢᠵᠦ ᠳᠠᠭᠤᠰᠬᠠᠭᠰᠠᠨ ᠳᠤᠬᠠᠢᠯᠠᠭᠰᠠᠨ ᠠᠵᠢᠯ᠎ᠤᠨ ᠭᠠᠷ ᠬᠦᠢᠴᠡᠳᠬᠡᠯ᠎ᠢᠶᠡᠨ ᠰᠢᠤᠳᠠᠨ᠎ᠢᠶᠠᠷ ᠢᠯᠡᠬᠡᠬᠦ ᠦᠶᠯᠡᠴᠢᠯᠡᠭᠡ ᠬᠠᠩᠭᠠᠭᠰᠠᠨ ᠪᠠᠶᠢᠨ᠎ᠠ ᠃ ᠡᠭᠦᠨ᠎ᠤ ᠬᠠᠮᠲᠤ ᠂ 2020 ᠣᠨ᠎ᠳ᠋ᠤ ᠠᠵᠢᠯ ᠣᠯᠤᠭᠰᠠᠨ ᠥᠬᠡᠶ ᠂ ᠬᠣᠶᠠᠷ ᠵᠢᠯ᠎ᠤᠨ ᠳᠣᠲᠣᠷ᠎ᠠ ᠠᠵᠢᠯ᠎ᠤᠨ ᠨᠢᠬᠡᠴᠢ᠎ᠪᠠᠨ ᠨᠠᠢᠳᠠᠪᠤᠷᠢᠵᠢᠭᠤᠯᠤᠭᠰᠠᠨ ᠲᠡᠭᠦᠰᠬᠦ ᠰᠤᠷᠤᠭᠴᠢᠳ᠎ᠲᠤ ᠪᠢᠳᠡ ᠰᠢᠨ᠎ᠡ ᠳᠡᠬᠦᠰᠬᠦ ᠰᠣᠷᠣᠭᠴᠢ᠎ᠶᠢᠨ ᠬᠢᠷᠢ ᠬᠡᠮ᠎ᠢᠶᠠᠷ ᠠᠵᠢᠯ ᠤᠯᠬᠤ ᠭᠠᠷ ᠬᠦᠢᠴᠡᠳᠬᠡᠯ᠎ᠢ ᠬᠠᠪᠰᠤᠷᠤᠨ ᠬᠦᠢᠴᠡᠳᠬᠡᠵᠦ ᠦᠭᠬᠦᠨ᠎ᠡ ᠃
ᠭᠤᠷᠪᠠ ᠂ ᠰᠦᠯᠵᠢᠶᠡᠨ᠎ᠳ᠋ᠠᠬᠢ ᠦᠶᠯᠡᠴᠢᠯᠡᠭᠡ᠎ᠶᠢ ᠠᠬᠢᠭᠤᠯᠵᠤ ᠂ ᠰᠦᠯᠵᠢᠶ᠎ᠡ᠎ᠪᠠᠷ ᠠᠵᠢᠯᠲᠠᠨ ᠡᠯᠰᠡᠬᠦ᠎ᠶᠢ ᠥᠷᠨᠢᠭᠦᠯᠵᠦ ᠂ ᠰᠤᠷᠭᠠᠭᠤᠯᠢ᠎ᠶᠢᠨ ᠬᠦᠷᠢᠶᠡᠨ᠎ᠤ ᠠᠵᠢᠯᠲᠠᠨ ᠡᠯᠰᠡᠬᠦ᠎ᠶᠢ ︽ ᠵᠣᠭᠰᠣᠭᠠᠬᠤ ᠥᠬᠡᠶ ︾ ᠪᠠᠶᠢᠬᠤ᠎ᠶᠢ ᠦᠨᠡᠨ ᠬᠦ ᠪᠠᠲᠤᠯᠠᠨ᠎ᠠ ᠃ 2 ᠰᠠᠷ᠎ᠠ᠎ᠶᠢᠨ 15᠎ᠤ ᠡᠳᠦᠷ ᠣᠷᠣᠨ᠎ᠤ ᠳᠤᠳᠤᠷᠠᠬᠢ ᠰᠤᠷᠭᠠᠭᠤᠯᠢ ᠬᠣᠯᠪᠣᠭᠠᠯᠠᠨ ᠬᠥᠳᠡᠯᠦᠯᠴᠡᠬᠦ ︽ 2020 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠵᠠᠭᠤᠨ ᠡᠳᠦᠷ᠎ᠤᠨ ᠰᠦᠯᠵᠢᠶ᠎ᠡ᠎ᠪᠠᠷ ᠤᠷᠢᠵᠤ ᠡᠯᠰᠡᠬᠦ ︾ ᠠᠵᠢᠯᠯᠠᠭ᠎ᠠ᠎ᠶᠢ ᠡᠬᠢᠯᠡᠭᠦᠯᠪᠡ ᠃ ᠠᠵᠢᠯᠲᠠᠨ ᠡᠯᠰᠡᠬᠦ ᠨᠢᠭᠡᠴᠢ ᠪᠠᠢᠭᠤᠯᠭ᠎ᠠ ᠨᠢᠬᠡᠴᠢ᠎ᠶᠢᠨ᠎ᠢᠶᠡᠨ ᠲᠣᠪᠴᠢ ᠲᠠᠨᠢᠯᠴᠠᠭᠤᠯᠭ᠎ᠠ ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠵᠢᠴᠢ ᠠᠵᠢᠯ᠎ᠤᠨ ᠪᠠᠶᠢᠷᠢ᠎ᠶᠢᠨ ᠮᠡᠳᠡᠭᠡ ᠵᠠᠩᠭᠢ᠎ᠪᠠᠨ ᠰᠦᠶᠳᠬᠡᠯ ᠥᠬᠡᠶ᠎ᠪᠠᠷ ᠨᠡᠶᠢᠲᠡᠯᠡᠵᠦ ᠪᠣᠯᠬᠤ᠎ᠪᠠᠷ ᠪᠠᠷᠠᠬᠤ ᠥᠬᠡᠶ ᠂ ᠪᠠᠰᠠ ᠰᠦᠯᠵᠢᠶᠡᠨ᠎ᠳ᠋ᠠᠬᠢ ᠠᠵᠢᠯ ᠡᠷᠢᠭᠰᠡᠳ᠎ᠤᠨ ᠲᠣᠪᠴᠢ ᠨᠠᠮᠲᠠᠷ᠎ᠢ ᠰᠢᠭᠰᠢᠨ ᠰᠣᠩᠭᠣᠬᠤ ᠂ ᠨᠢᠭᠤᠷᠲᠠᠨ ᠰᠢᠯᠭᠠᠬᠤ ᠂ ᠭᠡᠷ᠎ᠡ ᠲᠣᠭᠲᠠᠬᠤ ᠵᠡᠷᠭᠡ ᠠᠵᠢᠯ᠎ᠢ ᠬᠢᠵᠦ ᠪᠣᠯᠤᠨ᠎ᠠ ᠃ ᠰᠤᠷᠭᠠᠭᠤᠯᠢ ᠲᠡᠭᠦᠰᠦᠭᠰᠡᠳ ᠤᠷᠢᠨ ᠬᠡᠷᠡᠭᠯᠡᠬᠦ ᠮᠡᠳᠡᠭᠡ ᠵᠠᠩᠭᠢ᠎ᠶᠢ ᠰᠦᠯᠵᠢᠶᠡᠨ᠎ᠡᠴᠠ ᠪᠠᠶᠢᠴᠠᠭᠠᠨ ᠯᠠᠪᠯᠠᠬᠤ ᠂ ᠳᠥᠭᠥᠮ ᠨᠠᠮᠲᠠᠷ ᠵᠤᠬᠢᠶᠠᠬᠤ ᠂ ᠰᠦᠯᠵᠢᠶ᠎ᠡ᠎ᠪᠠᠷ ᠭᠡᠷ᠎ᠡ ᠲᠣᠭᠲᠠᠬᠤ ᠂ ᠠᠵᠢᠯ ᠣᠯᠭᠣᠯᠳᠠ᠎ᠶᠢᠨ ᠭᠠᠷ ᠬᠦᠢᠴᠡᠳᠬᠡᠯ ᠬᠢᠬᠦ ᠵᠡᠷᠭᠡ ᠬᠠᠮᠢᠶ᠎ᠠ ᠪᠦᠬᠦᠢ ᠲᠤᠬᠠᠶᠢᠯᠠᠭᠰᠠᠨ ᠠᠵᠢᠯ᠎ᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠵᠤ ᠪᠣᠯᠤᠨ᠎ᠠ ᠃ ᠠᠵᠢᠯᠯᠠᠭ᠎ᠠ᠎ᠶᠢ ᠦᠷᠨᠢᠬᠦᠯᠦᠭᠰᠡᠨ᠎ᠡᠴᠠ ᠨᠠᠭᠠᠰᠢ ᠂ ᠠᠩᠬᠠᠷᠤᠭᠰᠠᠨ ᠬᠦᠮᠦᠰ 50 ᠭᠠᠷᠤᠶ ᠲᠦᠮᠡ᠎ᠳ᠋ᠤ ᠬᠦᠷᠴᠦ ᠂ ᠣᠷᠣᠨ᠎ᠤ ᠳᠣᠲᠣᠷᠠᠬᠢ 30 ᠶᠡᠬᠡ ᠳᠡᠭᠡᠳᠦ ᠰᠤᠷᠭᠠᠭᠤᠯᠢ ᠤᠷᠢᠳ ᠬᠣᠵᠢᠳ ᠵᠠᠭᠤᠨ ᠡᠳᠦᠷ᠎ᠤᠨ ᠰᠦᠯᠵᠢᠶ᠎ᠡ᠎ᠪᠠᠷ ᠠᠵᠢᠯᠲᠠᠨ ᠡᠯᠰᠡᠬᠦ ᠠᠵᠢᠯᠯᠠᠭ᠎ᠠ᠎ᠳ᠋ᠤ ᠣᠷᠣᠯᠴᠠᠵᠤ ᠂ 541 ᠬᠥᠮᠦᠨ ᠬᠡᠷᠡᠭᠯᠡᠬᠦ ᠨᠢᠭᠡᠴᠢ 38042 ᠠᠵᠢᠯ᠎ᠤᠨ ᠪᠠᠶᠢᠷᠢ ᠬᠠᠩᠭᠠᠵᠤ ᠂ ᠪᠥᠬᠥ ᠣᠷᠣᠨ᠎ᠤ ᠲᠡᠭᠦᠰᠬᠦ ᠰᠤᠷᠤᠭᠴᠢᠳ ᠨᠢᠭᠡᠨᠲᠡ 18076 ᠬᠤᠪᠢ ᠲᠣᠪᠴᠢ ᠨᠠᠮᠲᠠᠷ ᠳᠡᠪᠰᠢᠬᠦᠯᠵᠡᠢ ᠃ ᠡᠭᠦᠨ᠎ᠤ ᠬᠠᠮᠲᠤ ᠂ ᠪᠢᠳᠡ ᠪᠠᠰᠠ ᠰᠤᠷᠭᠠᠨ ᠬᠥᠮᠦᠵᠢᠯ᠎ᠤᠨ ᠶᠠᠮᠤᠨ᠎ᠤ ᠰᠠᠨᠠᠭᠠᠴᠢᠯᠠᠭᠰᠠᠨ ︽ 24365 ᠪᠦᠬᠦᠯᠢ ᠡᠳᠦᠷ᠎ᠢᠶᠠᠷ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ︾ ᠦᠶᠯᠡᠴᠢᠯᠡᠭᠡ᠎ᠶᠢ ᠪᠥᠬᠥ ᠬᠦᠴᠦᠨ᠎ᠢᠶᠠᠷ᠎ᠢᠶᠡᠨ ᠠᠬᠢᠭᠤᠯᠬᠤ᠎ᠶᠢᠨ ᠬᠠᠮᠲᠤ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠂ ᠲᠠᠰ ᠳᠠᠪᠬᠤᠷᠭ᠎ᠠ ᠬᠤᠪᠢᠶᠠᠭᠰᠠᠨ ᠂ ᠲᠥᠷᠥᠯ ᠬᠤᠪᠢᠶᠠᠭᠰᠠᠨ ᠂ ᠠᠵᠢᠯ ᠲᠥᠷᠥᠯ ᠬᠤᠪᠢᠶᠠᠭᠰᠠᠨ ᠰᠤᠷᠭᠠᠭᠤᠯᠢ᠎ᠶᠢᠨ ᠬᠦᠷᠢᠶᠡᠨ᠎ᠳ᠋ᠠᠬᠢ ᠰᠦᠯᠵᠢᠶᠡᠨ᠎ᠳ᠋ᠤ ᠠᠵᠢᠯᠲᠠᠨ ᠤᠷᠢᠵᠤ ᠡᠯᠰᠡᠬᠦ ᠠᠵᠢᠯᠯᠠᠭ᠎ᠠ᠎ᠶᠢ ᠡᠷᠬᠢᠯᠡᠬᠦ᠎ᠪᠠᠷ ᠪᠠᠢᠨ᠎ᠠ ᠃
ᠳᠥᠷᠪᠡ ᠂ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠣᠳᠬᠤ᠎ᠶᠢ ᠴᠢᠩᠭᠠᠳᠬᠠᠵᠤ ᠂ ᠰᠣᠳᠣᠨ ᠬᠢᠴᠢᠶᠡᠯ ᠨᠡᠪᠲᠡᠷᠡᠭᠦᠯᠵᠦ ᠂ ᠰᠦᠯᠵᠢᠶᠡᠨ᠎ᠤ ᠰᠤᠷᠭᠠᠨ ᠬᠥᠮᠦᠵᠢᠯ᠎ᠤᠨ ︽ ᠲᠠᠰᠤᠷᠠᠯᠲᠠ ᠥᠬᠡᠶ ᠰᠤᠷᠤᠯᠴᠠᠭᠤᠯᠬᠤ ︾᠎ᠶᠢ ᠦᠨᠡᠨ ᠬᠦ ᠪᠠᠲᠤᠯᠠᠨ᠎ᠠ ᠃ ᠥᠪᠥᠷ ᠮᠣᠩᠭᠣᠯ᠎ᠤᠨ ᠤᠶᠤᠲᠠᠳ᠎ᠤᠨ ᠤᠶᠤᠨᠴᠢ ᠠᠵᠢᠯ ᠣᠯᠭᠣᠵᠤ ᠦᠢᠯᠡᠰ ᠪᠤᠰᠬᠠᠬᠤ ᠦᠢᠯᠡᠴᠢᠯᠡᠭᠡᠨ᠎ᠤ ᠡᠭᠦᠯᠡᠨ ᠲᠠᠪᠴᠠᠩ ᠪᠠ ᠭᠤᠷᠪᠠᠳᠠᠬᠢ ᠡᠲᠡᠭᠡᠳ᠎ᠤᠨ ᠰᠤᠷᠭᠠᠨ ᠬᠥᠮᠦᠵᠢᠯ᠎ᠤᠨ ᠲᠠᠪᠴᠠᠩ᠎ᠢᠶᠠᠷ ᠳᠠᠮᠵᠢᠭᠤᠯᠤᠨ ᠂ ᠪᠥᠬᠥ ᠣᠷᠣᠨ᠎ᠤ ᠤᠶᠤᠲᠠᠳ᠎ᠲᠤ ᠰᠦᠶᠳᠬᠡᠯ ᠬᠤᠷᠢᠶᠠᠬᠤ ᠥᠬᠡᠶ᠎ᠪᠠᠷ ᠠᠵᠢᠯ ᠮᠡᠷᠭᠡᠵᠢᠯ᠎ᠤᠨ ᠠᠮᠢᠳᠤᠷᠠᠯ᠎ᠤᠨ ᠲᠥᠯᠥᠪᠵᠢᠭᠦᠯᠭᠡ ᠂ ᠠᠵᠢᠯ ᠣᠯᠵᠤ ᠦᠶᠯᠡᠰ ᠪᠤᠰᠬᠠᠬᠤ ᠵᠢᠯᠣᠭᠣᠳᠣᠯᠭ᠎ᠠ ᠂ ᠠᠵᠢᠯ ᠮᠡᠷᠭᠡᠵᠢᠯ᠎ᠤᠨ ᠬᠥᠭᠵᠢᠯᠲᠡ᠎ᠶᠢᠨ ᠯᠠᠪᠯᠠᠭ᠎ᠠ ᠂ ᠠᠵᠢᠯ ᠮᠡᠷᠭᠡᠵᠢᠯ᠎ᠤᠨ ᠰᠢᠯᠭᠠᠨ ᠲᠣᠭᠲᠠᠭᠠᠯᠲᠠ ᠵᠡᠷᠭᠡ ᠦᠶᠯᠡᠴᠢᠯᠡᠭᠡ᠎ᠶᠢ ᠬᠠᠩᠭᠠᠨ᠎ᠠ ᠃ ᠨᠠᠩ ᠣᠯᠠᠨ ᠳᠡᠬᠦᠰᠬᠦ ᠤᠶᠤᠳᠠᠳ᠎ᠤᠨ ᠦᠨᠳᠦᠰᠦᠨ ᠱᠠᠲᠤᠨ᠎ᠳ᠋ᠤ ᠠᠵᠢᠯ ᠣᠯᠬᠤ ᠂ ᠭᠣᠤᠯᠳᠠᠯᠭ᠎ᠠ᠎ᠲᠠᠢ ᠭᠠᠵᠠᠷ ᠣᠷᠣᠨ ᠂ ᠴᠢᠬᠤᠯᠠ ᠶᠡᠬᠡ ᠢᠨᠵᠧᠨᠧᠷᠢᠩ ᠂ ᠴᠢᠬᠤᠯᠠ ᠶᠡᠬᠡ ᠲᠥᠷᠥᠯ ᠵᠦᠶᠯ ᠂ ᠴᠢᠬᠤᠯᠠ ᠬᠦᠷᠢᠶ᠎ᠡ ᠴᠠᠷᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠠᠷ ᠮᠠᠨᠳᠤᠭᠰᠠᠨ ᠠᠵᠤ ᠦᠶᠯᠡᠰ ᠪᠣᠯᠤᠨ ᠬᠦᠷᠢᠶᠡᠨ᠎ᠳ᠋ᠤ ᠣᠴᠢᠵᠤ ᠠᠵᠢᠯ ᠤᠯᠵᠤ ᠦᠢᠯᠡᠰ ᠪᠤᠰᠬᠠᠬᠤ᠎ᠶᠢ ᠬᠦᠳᠦᠯᠦᠨ ᠵᠢᠯᠤᠭᠤᠳᠴᠤ ᠵᠤᠷᠢᠭᠵᠢᠭᠤᠯᠤᠨ᠎ᠠ ᠃ ᠲᠣᠰ ᠵᠢᠯ᠎ᠤᠨ ᠳᠡᠬᠦᠰᠬᠦ ᠰᠤᠷᠤᠭᠴᠢᠳ᠎ᠤᠨ ᠴᠡᠷᠢᠭ᠎ᠲᠤ ᠣᠷᠣᠬᠤ᠎ᠶᠢ ᠵᠣᠷᠢᠭᠵᠢᠭᠤᠯᠤᠨ᠎ᠠ ᠃
ᠡᠭᠦᠨ᠎ᠤ ᠬᠠᠮᠲᠤ ᠂ ᠪᠢᠳᠡ ᠠᠵᠢᠯ ᠤᠯᠬᠤ᠎ᠳ᠋ᠤ ᠬᠦᠴᠢᠷᠲᠡᠶ ᠲᠡᠭᠦᠰᠬᠦ ᠰᠤᠷᠤᠭᠴᠢᠳ ᠂ ᠢᠯᠠᠩᠭᠤᠶ᠎ᠠ ᠶᠡᠬᠡ ᠳᠡᠭᠡᠳᠦ ᠰᠤᠷᠭᠠᠭᠤᠯᠢ᠎ᠶᠢᠨ ᠲᠠᠩᠰᠠᠯᠠᠨ ᠺᠠᠷᠲ᠋ᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ᠎ᠶᠢᠨ ᠲᠡᠭᠦᠰᠬᠦ ᠰᠤᠷᠤᠭᠴᠢᠳ᠎ᠲᠤ ᠴᠢᠭᠯᠡᠭᠦᠯᠦᠨ ᠂ ᠠᠵᠢᠯ ᠣᠯᠭᠣᠯᠲᠠ᠎ᠶᠢᠨ ᠬᠠᠪᠰᠤᠷᠤᠨ ᠲᠡᠳᠬᠦᠬᠦ᠎ᠶᠢ ᠴᠢᠩᠭᠠᠳᠬᠠᠨ᠎ᠠ ᠃
ᠰᠤᠷᠪᠤᠯᠵᠢᠯᠠᠭᠴᠢ ᠄ ᠡᠨᠡ ᠵᠢᠯ᠎ᠤᠨ ᠠᠰᠫᠢᠷᠠᠨᠲ ᠡᠯᠰᠡᠬᠦ ᠬᠤᠶᠠᠳᠠᠭᠢ ᠰᠢᠯᠭᠠᠯᠲᠠ᠎ᠶᠢᠨ ᠠᠵᠢᠯ ᠲᠣᠭᠲᠠᠭᠰᠠᠨ ᠬᠤᠭᠤᠴᠠᠭᠠᠨ᠎ᠳᠠᠭᠠᠨ ᠶᠠᠪᠤᠭᠳᠠᠨ᠎ᠠ ‍ᠤᠤ ︖
ᠵᠠᠩ ᠫᠸᠢ ᠸᠸᠨ ᠄ 2 ᠰᠠᠷ᠎ᠠ᠎ᠶᠢᠨ 3᠎ᠤ ᠡᠳᠦᠷ ᠰᠤᠷᠭᠠᠨ ᠬᠥᠮᠦᠵᠢᠯ᠎ᠤᠨ ᠶᠠᠮᠤᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ︽ ᠠᠰᠫᠢᠷᠠᠨᠲ᠎ᠤᠨ ᠰᠢᠯᠭᠠᠯᠲᠠ᠎ᠪᠠᠷ ᠰᠣᠷᠣᠭᠴᠢ ᠡᠯᠰᠡᠬᠦ ᠣᠶᠢᠷ᠎ᠠ᠎ᠶᠢᠨ ᠬᠤᠭᠤᠴᠠᠭᠠᠨ᠎ᠤ ᠬᠣᠯᠪᠣᠭᠳᠠᠯ ᠪᠥᠬᠥᠶ ᠠᠵᠢᠯ᠎ᠢ ᠰᠠᠶᠢᠲᠤᠷ ᠬᠢᠬᠦ ᠲᠤᠬᠠᠶ ᠮᠡᠳᠡᠭᠳᠡᠯ ︾᠎ᠢ ᠳᠠᠷᠤᠮᠠᠯᠯᠠᠨ ᠲᠠᠷᠬᠠᠭᠠᠪᠠ ᠃ ᠮᠡᠳᠡᠭᠳᠡᠯ᠎ᠳ᠋ᠤ ᠲᠣᠳᠣᠷᠬᠠᠶ ᠲᠣᠭᠲᠠᠭᠠᠭᠰᠠᠨ᠎ᠢᠶᠠᠷ ᠂ ᠣᠶᠢᠷ᠎ᠠ᠎ᠶᠢᠨ ᠬᠤᠭᠤᠴᠠᠭᠠᠨ᠎ᠳ᠋ᠤ ᠶᠠᠪᠤᠭᠳᠠᠬᠤ ᠥᠪᠡᠷ᠎ᠲᠡᠭᠡᠨ ᠬᠤᠪᠢ᠎ᠶᠢᠨ ᠱᠤᠭᠤᠮ ᠳᠤᠭᠳᠠᠭᠠᠬᠤ ᠪᠥᠬᠥᠶ ᠶᠡᠬᠡ ᠳᠡᠭᠡᠳᠦ ᠰᠤᠷᠭᠠᠭᠤᠯᠢ᠎ᠶᠢᠨ ᠠᠰᠫᠢᠷᠠᠨᠲ᠎ᠤᠨ ᠬᠤᠶᠠᠳᠡᠬᠢ ᠰᠢᠯᠭᠠᠯᠳᠠ᠎ᠪᠠᠷ ᠡᠯᠰᠡᠬᠦ ᠠᠵᠢᠯ ᠪᠠ ᠬᠠᠮᠢᠶ᠎ᠠ ᠪᠥᠬᠥᠶ ᠰᠣᠷᠣᠭᠴᠢ ᠡᠯᠰᠡᠬᠦ ᠨᠢᠭᠡᠴᠢ᠎ᠶᠢᠨ ᠳ᠋ᠣᠺᠲ᠋ᠣᠷᠠᠨᠲ᠎ᠤᠨ ᠰᠢᠯᠭᠠᠯᠲᠠ᠎ᠪᠠᠷ ᠰᠣᠷᠣᠭᠴᠢ ᠡᠯᠰᠡᠬᠦ ᠠᠵᠢᠯ ᠵᠡᠷᠭᠡ᠎ᠶᠢ ᠬᠣᠶᠢᠰᠢᠯᠠᠭᠤᠯᠪᠠ ᠃ ᠤᠤᠯ᠎ᠤᠨ 4 ᠰᠠᠷ᠎ᠠ᠎ᠶᠢᠨ ᠡᠬᠢ᠎ᠪᠠᠷ ᠶᠠᠪᠤᠭᠳᠠᠵᠤ ᠪᠠᠶᠢᠭᠰᠠᠨ ᠪᠦᠬᠦ ᠤᠯᠤᠰ᠎ᠤᠨ ᠠᠰᠫᠢᠷᠠᠨᠲ᠎ᠤᠨ ᠬᠤᠶᠠᠳᠡᠬᠢ ᠰᠢᠯᠭᠠᠯᠳᠠ᠎ᠶᠢ ᠬᠤᠢᠰᠢᠯᠠᠭᠤᠯᠬᠤ ᠡᠰᠡᠬᠦ᠎ᠶᠢ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠬᠢᠴᠠ᠎ᠶᠢᠨ ᠪᠠᠶᠢᠳᠠᠯ᠎ᠢ ᠦᠵᠡᠵᠦ ᠪᠠᠶᠢᠭᠠᠳ ᠠᠰ᠎ᠲᠤᠨᠢ ᠮᠡᠳᠡᠭᠳᠡᠨ᠎ᠡ ᠃ ᠰᠤᠷᠭᠠᠨ ᠬᠥᠮᠦᠵᠢᠯ᠎ᠤᠨ ᠶᠠᠮᠤᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠮᠡᠳᠡᠭᠳᠡᠯ᠎ᠢ ᠣᠯᠤᠭᠰᠠᠨ᠎ᠤ ᠳᠠᠷᠠᠭ᠎ᠠ ᠂ ᠮᠠᠨ᠎ᠤ ᠣᠷᠣᠨ ᠰᠦᠯᠵᠢᠶ᠎ᠡ ᠂ ᠵᠢᠷᠬᠢᠶ᠎ᠠ᠎ᠶᠢᠨ ᠲᠠᠪᠴᠠᠩ᠎ᠢᠶᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠭᠡ ᠵᠠᠩᠭᠢ᠎ᠶᠢ ᠲᠡᠷᠡ ᠳᠠᠷᠤᠶ᠎ᠳ᠋ᠤᠨᠢ ᠨᠡᠶᠢᠲᠡᠯᠡᠪᠡ ᠃
ᠠᠰᠫᠢᠷᠠᠨᠲ ᠡᠯᠰᠡᠬᠦ ᠰᠢᠯᠭᠠᠯᠲᠠ᠎ᠨᠢ ᠪᠥᠬᠥ ᠤᠯᠤᠰ᠎ᠲᠤ ᠠᠳᠠᠯᠢᠬᠠᠨ ᠪᠠᠢᠵᠤ ᠂ ᠡᠯ᠎ᠡ ᠮᠤᠵᠢ᠎ᠶᠢᠨ᠎ᠬᠢᠨ ᠰᠤᠷᠭᠠᠨ ᠬᠥᠮᠦᠵᠢᠯ᠎ᠤᠨ ᠶᠠᠮᠤᠨ᠎ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠬᠠᠮᠢᠶ᠎ᠠ ᠪᠥᠬᠥᠶ ᠠᠵᠢᠯ᠎ᠢᠶᠡᠨ ᠨᠢᠭᠡᠳᠦᠯᠲᠡᠶ ᠥᠷᠨᠢᠭᠦᠯᠬᠦ ᠬᠡᠷᠡᠭᠲᠡᠶ ᠃ ᠲᠠᠷᠠᠭᠠᠴᠢ᠎ᠪᠠᠷ ᠂ ᠪᠢᠳᠡ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠬᠢᠴᠠ᠎ᠶᠢᠨ ᠪᠠᠶᠢᠳᠠᠯ᠎ᠢ ᠦᠷᠭᠦᠯᠵᠢᠯᠡᠨ ᠨᠠᠷᠢᠨ ᠠᠩᠬᠠᠷᠴᠤ ᠂ ᠰᠤᠷᠭᠠᠨ ᠬᠥᠮᠦᠵᠢᠯ᠎ᠤᠨ ᠶᠠᠮᠤᠨ᠎ᠤ ᠨᠡᠢᠳᠡᠯᠡᠭᠰᠡᠨ ︽ 2020 ᠣᠨ᠎ᠤ ᠪᠥᠬᠥ ᠤᠯᠤᠰ᠎ᠤᠨ ᠠᠰᠫᠢᠷᠠᠨᠲ ᠡᠯᠰᠡᠬᠦ ᠰᠢᠯᠭᠠᠯᠲᠠ᠎ᠶᠢᠨ ᠰᠢᠯᠭᠠᠭᠤᠯᠤᠭᠴᠢ᠎ᠶᠢᠨ ᠬᠣᠶᠠᠳᠠᠬᠢ ᠰᠢᠯᠭᠠᠯᠲᠠ᠎ᠳ᠋ᠤ ᠤᠷᠤᠬᠤ ᠠᠩᠬᠠᠨ᠎ᠤ ᠰᠢᠯᠭᠠᠯᠳᠠ᠎ᠶᠢᠨ ᠬᠢᠷᠢ ᠪᠦᠳᠦᠮᠵᠢ᠎ᠶᠢᠨ ᠦᠨᠳᠦᠰᠦᠨ ᠱᠠᠭᠠᠷᠳᠠᠯᠭ᠎ᠠ ︾ ᠵᠢᠴᠢ ︽ ᠪᠥᠬᠥ ᠤᠯᠤᠰ᠎ᠤᠨ ᠰᠦᠯᠵᠢᠶᠡᠨ ᠳᠡᠭᠡᠷ᠎ᠡ ᠳᠣᠭᠢᠷᠠᠭᠤᠯᠬᠤ ᠰᠢᠰᠲ᠋ᠧᠮ ︾᠎ᠢ ᠴᠠᠭ ᠲᠤᠬᠠᠶ᠎ᠳ᠋ᠤᠨᠢ ᠨᠡᠪᠲᠡᠷᠡᠭᠦᠯᠦᠭᠰᠡᠨ᠎ᠤ ᠳᠠᠷᠠᠭ᠎ᠠ ᠂ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠬᠠᠮᠢᠶ᠎ᠠ ᠪᠥᠬᠥᠶ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠮᠠᠨ᠎ᠤ ᠣᠷᠣᠨ᠎ᠤ ᠠᠰᠫᠢᠷᠠᠨᠲ ᠡᠯᠰᠡᠬᠦ ᠬᠤᠶᠠᠳᠡᠬᠢ ᠰᠢᠯᠭᠠᠯᠲᠠ᠎ᠶᠢᠨ ᠠᠵᠢᠯ᠎ᠢ ᠪᠥᠬᠥ ᠬᠦᠴᠦᠨ᠎ᠢᠶᠠᠷ᠎ᠢᠶᠡᠨ ᠰᠠᠶᠢᠲᠤᠷ ᠬᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面