ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-03-07 12:37:00

ᠵᠣᠬᠢᠶᠠᠭ᠍ᠴᠢ᠄ ᠯᠢ ᠢᠦᠶ ᠵᠦᠸᠸ ᠣᠩᠱᠢᠭ᠍ᠰᠠᠨ ᠣᠳᠠᠭ᠎ᠠ᠄ 3

 ᠬᠥᠯᠥᠨ ᠪᠤᠢᠷ ᠬᠤᠳᠠ᠎ᠶᠢᠨ ᠨᠠᠮ᠎ᠤᠨ ᠬᠣᠷᠢᠶᠠᠨ᠎ᠤ ᠱᠦᠵᠢ ᠢᠦᠢ ᠯᠢ ᠰᠢᠨ᠎ᠢ ᠰᠤᠷᠪᠤᠯᠵᠢᠯᠠᠭᠰᠠᠨ᠎ᠨᠢ

ᠬᠥᠯᠥᠨ ᠪᠣᠶᠢᠷ ᠬᠣᠲᠠ ᠶᠡᠷᠦᠩᠬᠡᠶ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠎ᠶᠢ ᠢᠮᠠᠭᠲᠠ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠣᠨᠴᠠᠭᠠᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠡᠭᠦᠰᠦᠭᠰᠡᠨ᠎ᠡᠴᠠ ᠨᠠᠭᠠᠰᠢ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠵᠥᠪ ᠤᠨᠤᠪᠴᠢᠲᠠᠢ ᠤᠳᠤᠷᠢᠳᠤᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠬᠤ ᠳᠤᠭᠤᠶᠢᠯᠠᠩ ᠪᠠ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠵᠢᠯᠣᠭᠣᠳᠤᠯᠭ᠎ᠠ ᠳᠣᠤᠷ᠎ᠠ ᠂ ᠪᠥᠬᠥ ᠬᠣᠲᠠ ᠳᠠᠶᠠᠭᠠᠷ᠎ᠢᠶᠡᠨ ᠰᠡᠳᠬᠢᠯ᠎ᠢᠶᠡᠨ ᠨᠢᠭᠡᠳᠭᠡᠨ ᠬᠢᠵᠢᠭ᠎ᠲᠠᠢ ᠲᠡᠮᠡᠴᠡᠵᠦ ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ ᠲᠠᠰᠤᠷᠠᠯᠲᠠ ᠥᠬᠡᠶ ᠨᠠᠷᠢᠯᠢᠬᠵᠢᠭᠤᠯᠤᠨ ᠪᠣᠳᠠᠲᠠᠶᠢᠵᠢᠭᠤᠯᠵᠤ ᠂ ᠬᠢᠵᠢᠭ᠎ᠤᠨ ᠪᠠᠶᠢᠳᠠᠯ ᠳᠡᠯᠭᠡᠷᠡᠬᠦ ᠬᠠᠨᠳᠤᠰᠢ᠎ᠶᠢ ᠪᠦᠲᠦᠮᠵᠢᠲᠡᠶ ᠬᠣᠷᠢᠬᠯᠠᠪᠠ ᠃
ᠬᠥᠯᠥᠨ ᠪᠣᠶᠢᠷ ᠬᠣᠲᠠ᠎ᠶᠢᠨ ᠨᠠᠮ᠎ᠤᠨ ᠬᠣᠷᠢᠶᠠᠨ᠎ᠤ ᠱᠦᠵᠢ ᠢᠦᠶ ᠯᠢ ᠰᠢᠨ ᠢᠯᠡᠷᠬᠡᠢᠯᠡᠭᠰᠡᠨ᠎ᠨᠢ ᠂ ᠥᠪᠡᠷᠲᠡᠭᠡᠨ ᠵᠠᠰᠠᠬᠤ ᠣᠷᠣᠨ᠎ᠡᠴᠠ ︽ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢ ᠲᠥᠷᠥᠯ ᠬᠤᠪᠢᠶᠠᠨ ᠵᠢᠯᠣᠭᠣᠳᠴᠤ ᠣᠨᠣᠴᠠᠲᠠᠢ ᠠᠷᠭ᠎ᠠ ᠪᠣᠳᠣᠯᠭ᠎ᠠ ᠬᠡᠷᠡᠭᠵᠢᠭᠦᠯᠵᠦ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠬᠦ ᠲᠤᠬᠠᠶ ᠰᠠᠨᠠᠯ ︾ ᠳᠣᠭᠳᠠᠭᠠᠨ ᠨᠡᠶᠢᠲᠡᠯᠡᠭᠰᠡᠨ᠎ᠨᠢ ᠂ ᠬᠥᠯᠥᠨ ᠪᠣᠶᠢᠷ ᠬᠣᠲᠠ ᠶᠡᠷᠦᠩᠬᠡᠶ ᠱᠦᠵᠢ ᠰᠢ᠎ᠶᠢᠨ ᠫᠢᠩ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠎ᠶᠢ ᠨᠠᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠎ᠳ᠋ᠤ ᠂ ᠰᠢᠨᠵᠢᠯᠡᠬᠦ ᠤᠬᠠᠭᠠᠨᠴᠢ ᠵᠢᠯᠣᠭᠣᠳᠣᠯᠭ᠎ᠠ ᠬᠠᠩᠭᠠᠵᠠᠢ ᠂ ᠬᠥᠯᠥᠨ ᠪᠣᠶᠢᠷ ᠬᠣᠲᠠ ︽ ᠰᠠᠨᠠᠯ ︾᠎ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠎ᠶᠢ ᠪᠥᠬᠥ ᠬᠦᠴᠦᠨ᠎ᠢᠶᠠᠷ᠎ᠢᠶᠡᠨ ᠰᠠᠶᠢᠲᠤᠷ ᠠᠳᠬᠤᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ ᠬᠣᠤᠰ ᠢᠯᠠᠯᠲᠠ᠎ᠶᠢ ᠲᠡᠮᠡᠴᠡᠨ ᠣᠯᠬᠣ᠎ᠪᠠᠷ ᠴᠢᠷᠮᠠᠢᠨ᠎ᠠ ᠃
ᠨᠢᠭᠡ᠎ᠳ᠋ᠤ ᠂ ᠰᠡᠷᠭᠡᠭ ᠲᠠᠨᠢᠯᠲᠠ᠎ᠪᠠᠷ ᠵᠠᠪᠠᠯ ᠢᠯᠠᠯᠳᠠ ᠣᠯᠬᠣ ᠢᠲᠡᠭᠡᠯ ᠵᠣᠷᠢᠭ᠎ᠢᠶᠡᠨ ᠪᠠᠲᠤᠳᠬᠠᠨ᠎ᠠ ᠃ ᠣᠳᠣᠬᠠᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠴᠢᠩᠭ᠎ᠠ ᠬᠦᠴᠦᠨ ᠪᠦᠬᠦᠢ ᠪᠦᠭᠡᠳ ᠦᠷ᠎ᠡ ᠪᠦᠲᠦᠮᠵᠢᠲᠡᠶ ᠂ ᠬᠢᠵᠢᠭ᠎ᠤᠨ ᠪᠠᠶᠢᠳᠠᠯ᠎ᠤᠨ ᠳᠠᠭᠠᠷᠢᠯᠲᠠ᠎ᠨᠢ ᠵᠥᠪᠬᠡᠨ ᠣᠬᠣᠷ ᠬᠤᠭᠤᠴᠠᠭᠠᠨ᠎ᠤ ᠲᠦᠷ ᠴᠠᠭ᠎ᠤᠨ ᠲᠡᠳᠦᠶ ᠃ ᠨᠠᠮ᠎ᠤᠨ ᠲᠥᠪ ᠬᠣᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠂ ᠨᠡᠶᠢᠭᠡᠮ ᠵᠢᠷᠤᠮ᠎ᠤᠨ ᠪᠠᠶᠢᠭᠤᠯᠤᠯ᠎ᠤᠨ ᠳᠠᠪᠠᠭᠤᠯᠢᠭ ᠪᠠᠢᠬᠣ ᠪᠣᠯᠬᠣᠷ ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠨᠢᠭᠡᠲᠦᠨ ᠴᠢᠷᠮᠠᠢᠳᠠᠭ ᠯᠠ ᠶᠣᠮ ᠪᠣᠯ ᠂ ᠯᠠᠪᠳᠠᠢ ᠬᠢᠵᠢᠭ᠎ᠲᠠᠢ ᠲᠡᠮᠡᠴᠡᠬᠦ ᠢᠯᠠᠯᠳᠠ᠎ᠶᠢ ᠣᠯᠵᠣ ᠂ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠬᠠᠷᠠᠯᠲᠠ᠎ᠪᠠᠨ ᠪᠡᠶᠡᠯᠡᠭᠦᠯᠵᠦ ᠳᠡᠢᠯᠦᠨ᠎ᠡ ᠭᠡᠳᠡᠭ᠎ᠢ ᠪᠠᠲᠤ ᠢᠲᠡᠭᠡᠵᠦ ᠪᠠᠶᠢᠨ᠎ᠠ ᠃ ᠪᠢᠳᠡ ︽ ᠳᠥᠷᠪᠡᠨ ᠤᠬᠠᠮᠰᠠᠷ ︾᠎ᠢᠶᠡᠨ ᠴᠢᠩᠭᠠᠳᠬᠠᠵᠦ ᠂ ︽ ᠳᠥᠷᠪᠡᠨ ᠢᠲᠡᠭᠡᠯ ︾᠎ᠢᠶᠡᠨ ᠪᠠᠲᠤᠳᠬᠠᠵᠤ ᠂ ︽ ᠬᠣᠶᠠᠷ᠎ᠢ ᠬᠠᠮᠠᠭᠠᠯᠠᠬᠤ ︾᠎ᠶᠢ ᠡᠷᠡᠰ ᠪᠡᠶᠡᠯᠡᠭᠦᠯᠦᠨ᠎ᠡ ᠃ ᠨᠢᠭᠡ ᠲᠠᠯ᠎ᠠ᠎ᠪᠠᠷ ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠤ᠎ᠶᠢᠨ ᠠᠮᠤᠷ ᠲᠦᠪᠰᠢᠨ᠎ᠢ ᠪᠠᠲᠤᠯᠠᠬᠤ᠎ᠶᠢ ᠲᠡᠷᠢᠭᠦᠨ ᠪᠠᠶᠢᠷᠢᠨ᠎ᠳ᠋ᠤ ᠲᠠᠯᠪᠢᠵᠤ ᠂ ᠢᠲᠡᠭᠡᠯ ᠵᠣᠷᠢᠭ᠎ᠢᠶᠡᠨ ᠪᠠᠲᠤᠳᠬᠠᠬᠤ ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠂ ᠰᠢᠨᠵᠢᠯᠡᠬᠦ ᠤᠬᠠᠭᠠᠨᠴᠢ᠎ᠪᠠᠷ ᠰᠡᠷᠭᠡᠶᠢᠯᠡᠨ ᠵᠠᠰᠠᠬᠤ ᠂ ᠨᠠᠷᠢᠯᠢᠭ ᠣᠨᠣᠴᠠᠲᠠᠶ᠎ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠡᠷᠦᠩᠬᠡᠶ ᠱᠠᠭᠠᠷᠳᠠᠯᠭ᠎ᠠ ᠶᠣᠰᠣᠭᠠᠷ ᠂ ᠴᠢᠷᠮᠠᠶᠢᠭᠰᠠᠨ ᠳᠡᠭᠡᠷ᠎ᠡ᠎ᠪᠠᠨ ᠴᠢᠷᠮᠠᠶᠢᠵᠤ ᠂ ᠥᠴᠦᠬᠡᠨ ᠴᠦ ᠰᠤᠯᠠᠷᠠᠭᠤᠯᠤᠯ ᠦᠭᠡᠢ ᠠᠳᠬᠣᠵᠣ ᠂ ᠨᠡᠩ ᠡᠷᠡᠰ ᠪᠠᠲᠤ ᠢᠲᠡᠭᠡᠯ ᠂ ᠨᠡᠩ ᠡᠷᠡᠰ ᠬᠠᠲᠠᠭᠤ ᠵᠣᠷᠢᠭ ᠂ ᠨᠡᠩ ᠡᠷᠡᠰ ᠰᠢᠭᠤᠷᠬᠠᠶ ᠠᠷᠭ᠎ᠠ᠎ᠪᠠᠷ ᠡᠯ᠎ᠡ ᠵᠦᠶᠯ᠎ᠤᠨ ᠰᠡᠷᠭᠡᠶᠢᠯᠡᠨ ᠡᠵᠡᠮᠳᠡᠬᠦ ᠠᠵᠢᠯ᠎ᠢ ᠦᠨᠡᠨ ᠬᠦ ᠰᠠᠶᠢᠲᠤᠷ ᠬᠢᠵᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠷᠠᠳ᠎ᠤᠨ ᠲᠠᠢᠨ ᠂ ᠶᠡᠷᠦᠩᠬᠡᠶ ᠲᠠᠢᠨ ᠂ ᠬᠣᠷᠢᠬᠯᠠᠯᠳᠠ᠎ᠶᠢᠨ ᠲᠠᠢᠨ᠎ᠤ ᠢᠯᠠᠯᠲᠠ ᠤᠯᠬᠤ᠎ᠶᠢ ᠦᠨᠡᠨ ᠬᠦ ᠪᠠᠲᠤᠯᠠᠨ᠎ᠠ ᠃ ᠨᠥᠭᠥᠭᠡ ᠲᠠᠯ᠎ᠠ᠎ᠪᠠᠷ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠠᠵᠢᠯ᠎ᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠵᠦ ᠂ ᠬᠢᠵᠢᠭ᠎ᠲᠠᠢ ᠲᠡᠮᠡᠴᠡᠬᠦ ᠂ ᠨᠡᠮᠡᠭᠳᠡᠯ᠎ᠢ ᠲᠣᠭᠲᠠᠪᠤᠷᠢᠵᠢᠭᠤᠯᠬᠤ ᠂ ᠥᠭᠡᠷᠡᠴᠢᠯᠡᠯᠲᠡ᠎ᠶᠢ ᠠᠬᠢᠭᠤᠯᠬᠤ ᠂ ᠪᠦᠲᠦᠴᠡ᠎ᠶᠢ ᠳᠣᠭᠢᠷᠠᠭᠤᠯᠬᠤ ᠂ ᠠᠷᠠᠳ᠎ᠤᠨ ᠠᠮᠢᠳᠤᠷᠠᠯ᠎ᠳ᠋ᠤ ᠠᠰᠢᠭ ᠬᠦᠷᠲᠡᠭᠡᠬᠦ ᠂ ᠲᠦᠭᠰᠢᠭᠦᠷᠢ᠎ᠶᠢ ᠰᠡᠷᠭᠡᠶᠢᠯᠡᠬᠦ ᠂ ᠲᠣᠭᠲᠠᠭᠤᠨ᠎ᠢ ᠪᠠᠲᠤᠯᠠᠬᠤ ᠵᠡᠷᠭᠡ ᠬᠠᠷᠠᠯᠲᠠ ᠡᠭᠦᠷᠭᠡ᠎ᠶᠢ ᠬᠠᠮᠲᠤ᠎ᠳ᠋ᠤᠨᠢ ᠬᠠᠷᠠᠭᠠᠯᠵᠠᠵᠤ ᠂ ᠴᠢᠨᠡᠭᠡᠯᠢᠭ ᠨᠡᠶᠢᠭᠡᠮ᠎ᠢ ᠪᠥᠬᠥ ᠲᠠᠯ᠎ᠠ᠎ᠪᠠᠷ ᠪᠡᠶᠡᠯᠡᠭᠦᠯᠬᠦ ᠪᠠ ︽ ᠠᠷᠪᠠᠨ ᠭᠤᠷᠪᠠᠳᠤᠭᠠᠷ ᠲᠠᠪᠤᠨ ᠵᠢᠯ ︾᠎ᠤᠨ ᠲᠥᠯᠥᠪᠵᠢᠭᠦᠯᠭᠡ᠎ᠶᠢ ᠠᠮᠵᠢᠯᠲᠠ᠎ᠲᠠᠢ ᠪᠡᠶᠡᠯᠡᠬᠦᠯᠬᠦ᠎ᠶᠢ ᠦᠨᠡᠨ ᠬᠦ ᠪᠠᠲᠤᠯᠠᠨ᠎ᠠ ᠃
ᠬᠤᠶᠠᠷ᠎ᠲᠤ ᠂ ᠰᠢᠨᠵᠢᠯᠡᠬᠦ ᠤᠬᠠᠭᠠᠨᠴᠢ ᠰᠡᠷᠬᠡᠢᠯᠠᠯᠳᠡ ᠡᠵᠡᠮᠲᠠᠯ᠎ᠢᠶᠠᠷ ᠢᠯᠠᠯᠲᠠ ᠤᠯᠬᠤ ᠲᠤᠭᠲᠠᠯ ᠬᠦᠴᠤᠨ᠎ᠢᠶᠡᠨ ᠪᠠᠳᠣᠯᠠᠨ᠎ᠠ ᠃ ᠬᠦᠯᠤᠨ ᠪᠤᠢᠷ ᠬᠤᠲᠠ ᠳᠣᠭᠣᠷᠢᠭ ᠬᠤᠪᠢᠶᠠᠵᠤ ᠲᠠᠰ ᠬᠤᠪᠢᠶᠠᠠ ᠤᠨᠤᠴᠠᠲᠠᠢ ᠰᠡᠷᠬᠡᠢᠯᠠᠨ ᠡᠵᠡᠮᠲᠠᠬᠦ ᠡᠨᠡ ᠬᠦ ᠪᠠᠷᠢᠴᠠ᠎ᠶᠢ ᠴᠢᠡᠭᠭ᠎ᠠ ᠡᠵᠡᠮᠳᠡᠵᠦ ᠂ ᠬᠤᠰᠢᠭᠤ ᠰᠢᠶᠠᠨ᠎ᠢᠶᠠᠷ ᠨᠢᠬᠡᠴᠢ ᠪᠤᠯᠭᠠᠨ ᠂ ᠬᠠᠷᠠᠯᠳᠠ᠎ᠲᠠᠢ᠎ᠪᠠᠷ ᠰᠣᠮᠣ ᠬᠠᠷᠪᠣᠵᠣ ᠂ ᠵᠦᠷᠢᠶ᠎ᠡ᠎ᠲᠠᠢ ᠠᠷᠭ᠎ᠠ ᠪᠣᠳᠣᠯᠭ᠎ᠠ ᠬᠡᠷᠡᠭᠵᠢᠭᠦᠯᠵᠦ ᠪᠦᠬᠦ ᠬᠤᠲᠠ᠎ᠶᠢᠨ 14 ᠬᠤᠰᠢᠭᠤ ᠬᠤᠲᠠ ᠲᠤᠭᠤᠷᠢᠭ᠎ᠤᠨ ᠬᠢᠵᠢᠭ᠎ᠤᠨ ᠪᠠᠢᠲᠠᠯ᠎ᠢ ᠰᠡᠷᠬᠡᠢᠯᠠᠨ ᠡᠵᠡᠮᠲᠠᠬᠦ ᠠᠵᠢᠯ᠎ᠢ ᠰᠠᠢᠲᠤᠷ ᠬᠢᠨ᠎ᠡ ᠃ ︽ ᠡᠷᠲᠠ ᠢᠯᠠᠷᠠᠬᠦᠯᠬᠦ ᠂ ᠡᠷᠲᠠ ᠮᠠᠲᠠᠬᠦᠯᠬᠦ ᠂ ᠡᠷᠲᠠ ᠲᠤᠰᠠᠭᠠᠷᠯᠠᠬᠤ ᠂ ᠡᠷᠲᠠ ᠤᠨᠤᠰᠢᠯᠠᠬᠤ ᠂ ᠡᠷᠲᠠ ᠡᠮᠨᠠᠨ ᠵᠠᠰᠠᠬᠤ ︾ ᠠᠷᠭ᠎ᠠ ᠬᠡᠮᠵᠢᠶ᠎ᠠ᠎ᠶᠢ ᠴᠢᠡᠭᠭ᠎ᠠ ᠨᠠᠢᠲᠠᠪᠤᠷᠢᠵᠢᠭᠤᠯᠵᠤ ᠂ ᠡᠪᠠᠳᠴᠢᠲᠠᠨ᠎ᠢ ᠲᠦᠪᠯᠡᠷᠠᠬᠦᠯᠬᠦ ᠂ ᠲᠤᠰᠬᠠᠢ ᠮᠡᠷᠬᠡᠵᠢᠯᠲᠠᠨ᠎ᠢ ᠲᠦᠪᠯᠡᠷᠠᠬᠦᠯᠬᠦ ᠂ ᠡᠬᠢ ᠪᠠᠶᠠᠯᠢᠭ᠎ᠢ ᠲᠦᠪᠯᠡᠷᠠᠬᠦᠯᠬᠦ ᠂ ᠲᠦᠪᠯᠡᠷᠡᠭᠦᠯᠦᠨ ᠡᠮᠨᠡᠨ ᠵᠠᠰᠠᠬᠤ ᠠᠷᠭ᠎ᠠ ᠬᠡᠯᠪᠡᠷᠢ᠎ᠪᠠᠷ ᠂ ︽ ᠡᠮᠨᠡᠨ ᠵᠠᠰᠠᠬᠤ ᠨᠤᠷᠮ᠎ᠠ ᠂ ᠡᠳᠡᠬᠡᠷᠠᠬᠦᠯᠬᠦ ᠨᠤᠷᠮ᠎ᠠ᠎ᠶᠢ ᠲᠠᠬᠡᠭᠰᠢᠯᠡᠬᠦᠯᠵᠤ ᠂ ᠬᠠᠯᠲᠠᠭᠠᠬᠤ ᠨᠤᠷᠮ᠎ᠠ ᠪᠠ ᠦᠬᠦᠬᠦ ᠨᠤᠷᠮ᠎ᠠ᠎ᠶᠢ ᠪᠠᠭᠤᠷᠠᠭᠤᠯᠬᠤ ︾ ᠱᠠᠭᠠᠷᠲᠠᠯᠭ᠎ᠠ᠎ᠶᠢᠨ ᠲᠤᠭᠤᠷᠢᠨ᠎ᠳ᠋ᠤ ᠂ ᠵᠠᠮ ᠬᠠᠷᠢᠯᠴᠠᠭᠠᠨ᠎ᠤ ᠪᠤᠭᠤᠮᠲᠠ ᠂ ᠨᠠᠢᠬᠡᠮ ᠲᠤᠭᠤᠷᠢᠭ ︵ ᠭᠠᠴᠠᠭ᠎ᠠ ᠲᠤᠰᠬᠤᠨ ︶᠎ᠢ ᠬᠠᠮᠢᠶᠠᠷᠤᠨ ᠡᠵᠡᠮᠲᠠᠬᠦ ᠂ ᠡᠮᠴᠢᠯᠡᠭᠦᠯᠦᠨ ᠡᠮᠨᠡᠬᠦᠯᠵᠦ ᠰᠢᠭᠰᠢᠨ ᠪᠠᠢᠴᠠᠭᠠᠬᠤ ᠭᠤᠷᠪᠠᠨ ᠰᠡᠷᠬᠡᠢᠯᠠᠯᠲᠠ᠎ᠶᠢᠨ ᠱᠤᠭᠤᠮ᠎ᠢ ᠡᠷᠡᠰ ᠰᠠᠬᠢᠭᠰᠠᠨ᠎ᠤ ᠰᠠᠭᠤᠷᠢ ᠲᠠᠬᠡᠷ᠎ᠠ ᠂ ᠬᠤᠶᠠᠲᠤᠭᠠᠷ ᠲᠦᠷᠤᠯ᠎ᠤᠨ ᠭᠠᠵᠠᠷ ᠤᠷᠤᠨ᠎ᠳ᠋ᠤ ᠵᠢᠭᠰᠠᠭᠠᠭᠲᠠᠭᠰᠠᠨ ᠮᠤᠷᠢᠨᠲᠠᠪᠠᠭ᠎ᠠ᠎ᠶᠢᠨ ᠲᠠᠭᠤᠷ ᠦᠨᠲᠤᠰᠤᠲᠠᠨ᠎ᠤ ᠦᠪᠡᠷᠳᠡᠭᠡᠨ ᠵᠠᠰᠠᠬᠣ ᠬᠤᠰᠢᠭᠤᠨ᠎ᠳ᠋ᠤ ︽ ᠲᠤᠲᠤᠭᠠᠲᠤ᠎ᠳᠠᠭᠠᠨ ᠲᠠᠷᠬᠠᠨ ᠳᠡᠯᠭᠡᠷᠡᠬᠦ᠎ᠶᠢ ᠰᠡᠷᠬᠡᠢᠯᠡᠬᠦ ᠂ ᠭᠠᠲᠠᠭᠰᠢ᠎ᠪᠠᠨ ᠭᠠᠷᠭᠠᠬᠤ᠎ᠶᠢ ᠰᠡᠷᠬᠡᠢᠯᠡᠬᠦ ᠂ ᠤᠨᠤᠴᠠᠲᠠᠢ ᠤᠷᠢᠳᠴᠢᠯᠠᠨ ᠰᠡᠷᠡᠮᠵᠢᠯᠡᠭᠦᠯᠬᠦ ᠂ ᠣᠨᠣᠴᠠᠳᠠᠢ ᠠᠪᠣᠷᠠᠨ ᠵᠠᠰᠠᠬᠣ ᠂ ᠤᠨᠤᠴᠠᠲᠠᠢ ᠰᠢᠢᠳᠪᠤᠷᠢᠯᠡᠬᠦ ︾ ᠰᠡᠷᠬᠡᠢᠯᠠᠨ ᠡᠵᠡᠮᠲᠠᠬᠦ ᠠᠷᠭ᠎ᠠ ᠪᠤᠲᠤᠯᠭ᠎ᠠ᠎ᠶᠢ ᠴᠢᠩᠭ᠎ᠠ ᠬᠡᠷᠡᠭᠵᠢᠭᠦᠯᠵᠦ ᠂ ᠴᠢᠬᠤᠯᠠ ᠠᠵᠤ ᠠᠬᠤᠢ ᠨᠠᠢᠬᠡᠮ᠎ᠤᠨ ᠠᠵᠢᠯᠯᠠᠭ᠎ᠠ᠎ᠶᠢᠨ ᠬᠡᠪ᠎ᠤᠨ ᠡᠷᠭᠢᠯᠳᠡ᠎ᠶᠢ ᠪᠠᠲᠤᠯᠠᠨ᠎ᠠ ︔ ᠭᠤᠷᠪᠠᠲᠤᠭᠠᠷ ᠲᠦᠷᠤᠯ᠎ᠤᠨ ᠭᠠᠵᠠᠷ ᠤᠷᠤᠨ᠎ᠳ᠋ᠤ ᠵᠢᠭᠰᠠᠭᠠᠭᠲᠠᠭᠰᠠᠨ ᠬᠠᠢᠯᠠᠷ ᠲᠤᠭᠤᠷᠢᠭ ᠂ ᠮᠠᠨᠵᠤᠤᠷ ᠬᠤᠲᠠ ᠂ ᠶᠠᠭᠰᠢ ᠬᠤᠲᠠ ᠂ ᠵᠠᠯᠠᠨ ᠠᠢᠯ ᠬᠤᠲᠠ ᠂ ᠬᠡᠬᠡᠨ ᠭᠤᠤᠯ ᠬᠤᠲᠠ ᠂ ᠡᠷᠬᠦᠨ᠎ᠠ ᠬᠤᠲᠠ ᠂ ᠠᠷᠤᠨ ᠬᠤᠰᠢᠭᠤ ᠪᠠ ᠤᠷᠴᠤᠨ᠎ᠤ ᠦᠪᠠᠷᠲᠠᠬᠡᠨ ᠵᠠᠰᠠᠬᠤ ᠬᠤᠰᠢᠭᠤᠨ᠎ᠳ᠋ᠤ ︽ ᠲᠤᠲᠤᠭᠠᠲᠤ᠎ᠳᠠᠭᠠᠨ ᠲᠠᠷᠬᠠᠨ ᠳᠡᠯᠭᠡᠷᠡᠬᠦ᠎ᠶᠢ ᠰᠡᠷᠬᠡᠢᠯᠡᠬᠦ ᠂ ᠭᠠᠲᠠᠭᠰᠢ᠎ᠪᠠᠨ ᠭᠠᠷᠭᠠᠬᠤ᠎ᠶᠢ ᠰᠡᠷᠬᠡᠢᠯᠡᠬᠦ ᠂ ᠤᠨᠤᠴᠠᠲᠠᠢ ᠤᠷᠢᠳᠴᠢᠯᠠᠨ ᠰᠡᠷᠡᠮᠵᠢᠯᠡᠭᠦᠯᠬᠦ ᠂ ᠣᠨᠣᠴᠠᠳᠠᠢ ᠠᠪᠣᠷᠠᠨ ᠵᠠᠰᠠᠬᠣ ᠂ ᠤᠨᠤᠴᠠᠲᠠᠢ ᠰᠢᠢᠳᠪᠤᠷᠢᠯᠡᠬᠦ ︾ ᠰᠡᠷᠬᠡᠢᠯᠠᠨ ᠡᠵᠡᠮᠲᠠᠬᠦ ᠠᠷᠭ᠎ᠠ ᠪᠤᠲᠤᠯᠭ᠎ᠠ᠎ᠶᠢ ᠴᠢᠩᠭ᠎ᠠ ᠬᠡᠷᠡᠭᠵᠢᠭᠦᠯᠵᠦ ᠂ ᠤᠯᠤᠰ᠎ᠤᠨ ᠪᠣᠳᠣᠯᠭ᠎ᠠ ᠠᠷᠠᠳ᠎ᠤᠨ ᠠᠮᠢᠲᠤᠷᠠᠯ᠎ᠲᠠᠢ ᠬᠠᠮᠢᠶ᠎ᠠ᠎ᠲᠠᠢ ᠠᠵᠤ ᠠᠬᠤᠢ ᠨᠠᠢᠬᠡᠮ᠎ᠤᠨ ᠠᠵᠢᠯᠯᠠᠭ᠎ᠠ᠎ᠶᠢᠨ ᠡᠮᠬᠢ ᠵᠢᠷᠣᠮ᠎ᠲᠠᠢ ᠡᠷᠭᠢᠯᠳᠡ᠎ᠶᠢ ᠪᠠᠲᠤᠯᠠᠨ᠎ᠠ ︔ ᠲᠦᠷᠪᠠᠲᠤᠬᠡᠷ ᠲᠦᠷᠤᠯ᠎ᠤᠨ ᠭᠠᠵᠠᠷ ᠤᠷᠤᠨ᠎ᠳ᠋ᠤ ᠵᠢᠭᠰᠠᠭᠠᠭᠲᠠᠭᠰᠠᠨ ᠬᠠᠭᠣᠴᠢᠨ ᠪᠠᠷᠭᠤ ᠬᠤᠰᠢᠭᠤ ᠂ ᠡᠸᠡᠡᠭᠬᠢ ᠦᠨᠲᠤᠰᠤᠲᠠᠨ᠎ᠤ ᠦᠪᠠᠷᠲᠠᠬᠡᠨ ᠵᠠᠰᠠᠬᠤ ᠬᠤᠰᠢᠭᠤ ᠂ ᠰᠢᠨ᠎ᠠ ᠪᠠᠷᠭᠤ ᠵᠡᠬᠦᠨ ᠬᠤᠰᠢᠭᠤ ᠂ ᠰᠢᠨ᠎ᠠ ᠪᠠᠷᠭᠤ ᠪᠠᠷᠠᠭᠤᠨ ᠬᠤᠰᠢᠭᠤ ᠂ ᠵᠠᠯᠠᠢᠨᠠᠭᠤᠷ ᠲᠤᠭᠤᠷᠢᠭ᠎ᠲᠤ ︽ ᠭᠠᠲᠠᠨ᠎ᠠ᠎ᠡᠴᠠ ᠤᠷᠤᠵᠤ ᠢᠷᠡᠬᠦ᠎ᠶᠢ ᠰᠡᠷᠭᠡᠢᠯᠡᠬᠦ ᠂ ᠤᠨᠤᠴᠠᠲᠠᠢ ᠤᠷᠢᠳᠴᠢᠯᠠᠨ ᠰᠡᠷᠡᠮᠵᠢᠯᠡᠭᠦᠯᠬᠦ ︾ ᠰᠡᠷᠬᠡᠢᠯᠠᠨ ᠡᠵᠡᠮᠲᠠᠬᠦ ᠠᠷᠭ᠎ᠠ ᠪᠤᠲᠤᠯᠭ᠎ᠠ᠎ᠶᠢ ᠴᠢᠡᠭᠭ᠎ᠠ ᠬᠡᠷᠡᠭᠵᠢᠬᠦᠯᠵᠤ ᠂ ᠠᠵᠤ ᠠᠬᠤᠢ ᠨᠠᠢᠬᠡᠮ᠎ᠤᠨ ᠬᠡᠪ᠎ᠤᠨ ᠡᠷᠬᠢᠯᠲᠠ᠎ᠶᠢ ᠪᠠᠲᠤᠯᠠᠨ᠎ᠡ ᠃
ᠭᠤᠷᠪᠠ᠎ᠳ᠋ᠤ ᠂ ᠴᠢᠡᠭᠭ᠎ᠠ ᠬᠦᠴᠤᠨ ᠪᠦᠬᠦᠢ ᠨᠢᠬᠡᠲᠤᠯᠲᠠᠢ ᠲᠦᠯᠤᠪᠵᠢᠬᠦᠯᠭᠡ᠎ᠪᠠᠷ ᠪᠦᠬᠦ ᠵᠢᠯ᠎ᠤᠨ ᠬᠠᠷᠠᠯᠲᠠ᠎ᠪᠠᠨ ᠪᠡᠶᠡᠯᠡᠭᠦᠯᠬᠦ᠎ᠪᠠᠷ ᠴᠢᠷᠮᠠᠢᠨ ᠲᠡᠮᠡᠴᠡᠨ᠎ᠡ ᠃ ᠪᠢᠲᠠ ᠬᠢᠵᠢᠭ᠎ᠤᠨ ᠪᠠᠢᠲᠠᠯ᠎ᠤᠨ ᠠᠵᠤ ᠠᠬᠤᠢ᠎ᠶᠢᠨ ᠡᠷᠬᠢᠯᠲᠠ᠎ᠳ᠋ᠤ ᠠᠪᠴᠢᠷᠠᠭᠰᠠᠨ ᠳᠠᠭᠠᠷᠢᠯᠳᠠ ᠪᠠ ᠨᠦᠯᠤᠬᠡ᠎ᠶᠢ ᠠᠷᠢᠯᠭᠠᠬᠣ ᠳᠡᠭᠡᠷ᠎ᠡ ᠪᠦᠬᠦ ᠠᠩᠬᠠᠷᠣᠯ᠎ᠢᠶᠡᠨ ᠲᠦᠪᠯᠠᠷᠠᠬᠦᠯᠵᠤ ᠂ ︽ ᠵᠢᠷᠭᠤᠭ᠎ᠠ᠎ᠶᠢ ᠲᠤᠬᠲᠠᠪᠤᠷᠢᠵᠢᠭᠤᠯᠬᠤ ︾ ᠠᠵᠢᠯ᠎ᠤᠨ ᠲᠤᠭᠤᠷᠢᠨ᠎ᠳ᠋ᠤ ᠂ ᠭᠤᠤᠯᠲᠠᠯᠭ᠎ᠠ᠎ᠶᠢ ᠲᠤᠪᠤᠢᠯᠭᠠᠬᠤ ᠂ ᠨᠢᠬᠡᠲᠤᠯᠲᠠᠢ ᠲᠦᠯᠤᠪᠵᠢᠬᠦᠯᠦᠨ ᠨᠠᠢᠲᠠᠮ᠎ᠳ᠋ᠤᠨᠢ ᠬᠠᠷᠠᠭᠠᠯᠵᠠᠬᠤ ᠂ ᠲᠦᠷᠤᠯ ᠬᠤᠪᠢᠶᠠᠨ ᠵᠢᠯᠤᠭᠤᠳᠬᠤ ᠂ ᠲᠤᠭᠤᠷᠢᠭ ᠬᠤᠪᠢᠶᠠᠨ ᠠᠷᠭ᠎ᠠ ᠪᠤᠲᠤᠯᠭ᠎ᠠ ᠬᠡᠷᠡᠭᠵᠢᠬᠦᠯᠬᠦ ᠵᠠᠷᠴᠢᠮ ᠶᠣᠰᠣᠭᠠᠷ ᠂ ᠪᠦᠬᠦ ᠬᠤᠲᠠ᠎ᠶᠢᠨ ᠬᠢᠵᠢᠭ᠎ᠤᠨ ᠪᠠᠢᠲᠠᠯ᠎ᠢ ᠰᠡᠷᠬᠡᠢᠯᠠᠨ ᠡᠵᠡᠮᠲᠠᠬᠦ ᠲᠦᠷᠦᠯ ᠢᠯᠭᠠᠯ ᠠᠲᠠᠯᠢ ᠪᠤᠰᠤ ᠭᠠᠵᠠᠷ ᠤᠷᠤᠨ᠎ᠳ᠋ᠤ ᠴᠢᠭᠯᠡᠬᠦᠯᠤᠨ ᠂ ᠠᠲᠠᠯᠢ ᠪᠤᠰᠤ ᠠᠷᠭ᠎ᠠ ᠪᠣᠳᠣᠯᠭ᠎ᠠ ᠠᠪᠴᠤ ᠂ ᠭᠠᠵᠠᠷ ᠤᠷᠤᠨ᠎ᠤ ᠪᠠᠢᠲᠠᠯ᠎ᠳ᠋ᠤᠨᠢ ᠲᠤᠬᠢᠷᠠᠭᠤᠯᠤᠨ ᠠᠵᠤ ᠠᠬᠤᠢᠯᠠᠯ᠎ᠤᠨ ᠡᠮᠬᠢ ᠵᠢᠷᠣᠮ᠎ᠲᠠᠢ᠎ᠪᠠᠷ ᠦᠢᠯᠡᠳᠪᠤᠷᠢᠯᠡᠯ᠎ᠢᠶᠡᠨ ᠡᠬᠢᠯᠡᠭᠦᠯᠵᠦ ᠰᠡᠷᠬᠦᠬᠡᠬᠦ ᠂ ᠬᠠᠪᠤᠷ᠎ᠤᠨ ᠤᠯᠠᠷᠢᠯ᠎ᠤᠨ ᠲᠠᠷᠢᠶᠠᠯᠠᠡᠭ ᠮᠠᠯ ᠠᠵᠤ ᠠᠬᠤᠢ᠎ᠶᠢᠨ ᠦᠢᠯᠡᠳᠪᠤᠷᠢᠯᠠᠯ ᠂ ᠵᠠᠮ ᠬᠠᠷᠢᠯᠴᠠᠭ᠎ᠠ ᠪᠠᠷᠠᠭᠠᠨ᠎ᠤ ᠬᠦᠢᠯᠬᠡᠬᠡ ᠂ ᠠᠷᠠᠳ᠎ᠤᠨ ᠠᠮᠢᠲᠤᠷᠠᠯ᠎ᠤᠨ ᠪᠠᠲᠤᠯᠠᠭ᠎ᠠ ᠂ ᠵᠠᠬ᠎ᠠ ᠲᠠᠯᠬᠡᠬᠦᠷ᠎ᠤᠨ ᠭᠦᠢᠯᠭᠡᠭᠡ ᠵᠡᠷᠬᠡ ᠠᠵᠢᠯ᠎ᠢ ᠰᠠᠢᠲᠤᠷ ᠠᠳᠬᠤᠨ᠎ᠠ ᠃ ᠬᠦᠯᠤᠨ ᠨᠠᠭᠤᠷ᠎ᠤᠨ ᠠᠮᠢ ᠠᠬᠤᠢ᠎ᠶᠢ ᠶᠠᠷᠦᠡᠭᠬᠡᠢᠯᠡᠨ ᠵᠠᠰᠠᠬᠣ ᠡᠨᠡ ᠬᠦ ᠴᠢᠬᠤᠯᠠ ᠶᠠᠬᠡ ᠤᠯᠤᠰ ᠲᠦᠷᠦ᠎ᠶᠢᠨ ᠡᠬᠦᠷᠬᠡ᠎ᠶᠢ ᠲᠤᠪᠤᠢᠯᠭᠠᠨ ᠰᠠᠢᠳᠣᠷ ᠠᠳᠬᠤᠵᠤ ᠂ ᠳᠣᠭᠳᠠᠭᠰᠠᠨ ᠬᠤᠭᠤᠴᠠᠭᠠᠨ᠎ᠳ᠋ᠤ 2020 ᠤᠨ᠎ᠤ ᠵᠠᠰᠠᠬᠣ ᠬᠠᠷᠠᠯᠲᠠ᠎ᠳ᠋ᠤ ᠬᠦᠷᠬᠦ᠎ᠶᠢ ᠦᠨᠡᠨ ᠬᠦ ᠪᠠᠲᠤᠯᠠᠨ᠎ᠠ ︔ ᠶᠠᠲᠠᠭᠤ᠎ᠡᠴᠠ ᠠᠡᠭᠬᠢᠵᠢᠷᠠᠭᠤᠯᠬᠤ ᠪᠤᠭᠤᠮᠲᠠ ᠰᠢᠪᠲᠤᠯᠬᠤ ᠦᠷ᠎ᠠ ᠪᠦᠲᠦᠮᠵᠢ᠎ᠶᠢ ᠦᠷᠬᠦᠯᠵᠢᠯᠠᠨ ᠪᠡᠬᠢᠵᠢᠭᠦᠯᠵᠦ ᠂ ᠶᠠᠲᠠᠭᠤ᠎ᠡᠴᠠ ᠠᠡᠭᠬᠢᠵᠢᠷᠠᠭᠤᠯᠬᠤ ᠪᠤᠭᠤᠮᠲᠠ ᠰᠢᠪᠲᠤᠯᠬᠤ ᠡᠬᠦᠷᠬᠡ᠎ᠶᠢ ᠳᠣᠭᠳᠠᠭᠰᠠᠨ ᠬᠤᠭᠤᠴᠠᠭᠠᠨ᠎ᠳ᠋ᠤ ᠪᠠᠶᠠᠯᠡᠬᠦᠯᠬᠦ᠎ᠶᠢ ᠦᠨᠡᠨ ᠬᠦ ᠪᠠᠲᠤᠯᠠᠨ᠎ᠠ ︔ ᠬᠠᠪᠤᠷ᠎ᠤᠨ ᠤᠯᠠᠷᠢᠯ᠎ᠤᠨ ᠲᠠᠷᠢᠶᠠᠯᠠᠡᠭ ᠮᠠᠯ ᠠᠬᠤᠢ᠎ᠶᠢᠨ ᠦᠢᠯᠡᠳᠪᠤᠷᠢᠯᠠᠯ᠎ᠢ ᠱᠠᠯᠠᠪᠲᠠᠨ ᠰᠠᠢᠳᠣᠷ ᠵᠤᠬᠢᠶᠠᠨ ᠪᠠᠢᠭᠤᠯᠵᠤ ᠂ ᠦᠢᠯᠡᠳᠪᠤᠷᠢᠯᠠᠯ᠎ᠤᠨ ᠮᠠᠲᠸᠷᠢᠶᠠᠯ᠎ᠤᠨ ᠬᠠᠡᠭᠭᠠᠯᠭ᠎ᠠ ᠬᠦᠢᠴᠡᠳ ᠂ ᠲᠠᠬᠡᠬᠡᠪᠤᠷᠢ ᠰᠠᠭᠠᠳ ᠦᠬᠡᠢ ᠨᠠᠪᠲᠠᠷᠠᠬᠦ᠎ᠶᠢ ᠰᠠᠢᠳᠣᠷ ᠪᠠᠲᠤᠯᠠᠨ᠎ᠠ ︔ ᠴᠢᠬᠤᠯᠠ ᠶᠠᠬᠡ ᠲᠦᠷᠦᠯ ᠵᠤᠢᠯ ᠂ ᠴᠢᠬᠤᠯᠠ ᠶᠠᠬᠡ ᠪᠠᠷᠢᠯᠭ᠎ᠠ᠎ᠶᠢᠨ ᠦᠢᠯᠡᠳᠪᠤᠷᠢᠯᠠᠯ᠎ᠢᠶᠡᠨ ᠡᠬᠢᠯᠡᠭᠦᠯᠵᠦ ᠰᠡᠷᠬᠦᠬᠡᠬᠦ ᠡᠮᠤᠨ᠎ᠠ ᠬᠤᠭᠤᠴᠠᠭᠠᠨ᠎ᠤ ᠪᠠᠯᠡᠳᠬᠡᠯ ᠠᠵᠢᠯ᠎ᠢ ᠢᠲᠠᠪᠬᠢᠲᠠᠢ ᠰᠠᠢᠲᠤᠷ ᠬᠢᠵᠤ ᠂ ᠪᠦᠬᠦ ᠵᠢᠯ᠎ᠤᠨ ᠪᠠᠯᠠ ᠤᠷᠤᠭᠤᠯᠬᠤ ᠵᠢᠱᠢᠯᠳᠡ᠎ᠶᠢ ᠲᠤᠭᠲᠠᠭᠤᠨ ᠪᠠᠢᠯᠭᠠᠬᠣ᠎ᠶᠢ ᠦᠨᠡᠨ ᠬᠦ ᠪᠠᠲᠤᠯᠠᠵᠤ ᠂ ᠬᠢᠵᠢᠭ᠎ᠤᠨ ᠪᠠᠢᠲᠠᠯ᠎ᠤᠨ ᠰᠡᠷᠬᠡᠢᠯᠨᠨ ᠡᠵᠡᠮᠲᠠᠬᠦ ᠪᠠ ᠴᠢᠨᠠᠷ ᠰᠠᠢᠳᠠᠢ ᠬᠦᠭᠵᠢᠯᠲᠠ ᠬᠤᠶᠠᠷ᠎ᠢ ᠦᠯᠦ ᠰᠠᠭᠠᠲᠠᠭᠠᠵᠣ ᠂ ᠬᠤᠶᠠᠷ᠎ᠢ ᠠᠬᠢᠭᠤᠯᠬᠤ᠎ᠶᠢ ᠦᠨᠡᠨ ᠬᠦ ᠪᠡᠶᠡᠯᠡᠭᠦᠯᠵᠦ ᠂ ᠠᠵᠤ ᠠᠬᠤᠢ᠎ᠶᠢᠨ ᠲᠤᠭᠲᠠᠭᠤᠨ᠎ᠢᠶᠠᠷ ᠡᠷᠠᠬᠦᠯ᠎ᠢᠶᠠᠷ ᠬᠦᠭᠵᠢᠬᠦ ᠪᠠ ᠨᠠᠢᠬᠡᠮ᠎ᠤᠨ ᠶᠠᠬᠡ ᠲᠠᠯ᠎ᠠ᠎ᠶᠢᠨ ᠲᠤᠭᠲᠠᠭᠤᠨ᠎ᠢ ᠪᠦᠬᠦ ᠬᠦᠴᠤᠨ᠎ᠢᠶᠠᠷ᠎ᠢᠶᠡᠨ ᠪᠠᠲᠤᠯᠠᠨ᠎ᠠ ᠃
ᠳᠥᠷᠪᠡ᠎ᠳ᠋ᠤ ᠂ ᠪᠦᠷᠢᠨ ᠲᠦᠭᠦᠷ ᠲᠣᠭᠲᠠᠴᠠ᠎ᠪᠠᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ᠎ᠶᠢ ᠪᠠᠲᠤᠯᠠᠨ᠎ᠠ ᠃ ᠪᠢᠳᠡ ᠬᠥᠯᠥᠨ ᠪᠦᠢᠷ᠎ᠤᠨ ᠡᠯ᠎ᠡ ᠬᠣᠰᠢᠭᠤ ᠬᠣᠲᠠ ᠲᠣᠭᠣᠷᠢᠭ᠎ᠤᠨ ᠬᠢᠵᠢᠭ᠎ᠤᠨ ᠪᠠᠢᠳᠠᠯ᠎ᠤᠨ ᠲᠥᠷᠥᠯ ᠢᠯᠭᠠᠯ ᠠᠳᠠᠯᠢ ᠪᠤᠰᠤ ᠪᠠ ᠬᠣᠲᠠ᠎ᠶᠢᠨ ᠲᠣᠭᠣᠷᠢᠭ ᠂ ᠲᠠᠷᠢᠶᠠᠯᠠᠬᠤ ᠣᠷᠣᠨ ᠂ ᠮᠠᠯᠵᠢᠬᠤ ᠣᠷᠣᠨ ᠂ ᠰᠢᠭᠤᠶᠢᠲᠤ ᠣᠷᠣᠨ ᠂ ᠠᠲᠠᠷ ᠬᠠᠭᠠᠯᠪᠤᠷᠢᠯᠠᠯᠲᠠ᠎ᠶᠢᠨ ᠣᠷᠣᠨ ᠂ ᠬᠢᠯᠢ ᠬᠢᠵᠠᠭᠠᠷ ᠣᠷᠣᠨ᠎ᠤ ᠠᠵᠤ ᠠᠬᠤᠢ᠎ᠶᠢᠨ ᠲᠥᠷᠥᠯ ᠬᠡᠯᠪᠡᠷᠢ᠎ᠶᠢᠨ ᠠᠳᠠᠯᠢ ᠪᠤᠰᠤ ᠪᠠᠶᠢᠳᠠᠯ᠎ᠢ ᠦᠨᠳᠦᠰᠦᠯᠡᠨ ᠂ ᠲᠥᠷᠥᠯ ᠬᠤᠪᠢᠶᠠᠨ ᠵᠢᠯᠣᠭᠣᠳᠬᠤ ᠂ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠳᠣᠪᠣᠶᠢᠯᠭᠠᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠡᠯ᠎ᠡ ᠵᠦᠶᠯ᠎ᠤᠨ ᠠᠵᠢᠯ᠎ᠳ᠋ᠠᠬᠢ ᠵᠣᠬᠢᠶᠠᠨ ᠪᠠᠶᠢᠭᠤᠯᠤᠯᠲᠠ᠎ᠶᠢᠨ ᠤᠳᠤᠷᠢᠳᠤᠯᠭ᠎ᠠ᠎ᠪᠠᠨ ᠲᠠᠰᠤᠷᠠᠯᠲᠠ ᠥᠬᠡᠶ ᠴᠢᠩᠭᠠᠳᠬᠠᠨ ᠂ ᠠᠵᠢᠯ᠎ᠢ ᠠᠬᠢᠭᠤᠯᠬᠤ ᠬᠠᠷᠠᠭᠠᠯᠵᠠᠬᠰᠠᠨ ᠲᠣᠭᠲᠠᠴᠠ ᠪᠠ ᠬᠢᠨᠠᠨ ᠰᠢᠯᠭᠠᠵᠣ ᠬᠠᠷᠢᠭᠤᠴᠠᠯᠭ᠎ᠠ ᠳᠣᠯᠭᠠᠬᠣ ᠲᠣᠭᠲᠠᠴᠠ᠎ᠶᠢ ᠢᠳᠡᠪᠬᠢᠲᠡᠢ ᠪᠠᠶᠢᠭᠤᠯᠤᠨ ᠪᠦᠷᠢᠨᠰᠢᠭᠦᠯᠵᠦ ᠂ ᠵᠣᠬᠢᠴᠠᠭᠤᠯᠣᠨ ᠬᠤᠯᠪᠤᠭᠠᠯᠠᠨ ᠬᠥᠳᠡᠯᠦᠯᠴᠡᠬᠦ ᠡᠷᠴᠢᠮ ᠂ ᠱᠠᠯᠠᠪᠳᠠᠭᠤᠯᠤᠨ ᠪᠠᠶᠢᠴᠠᠭᠠᠬᠤ ᠡᠷᠴᠢᠮ ᠪᠠ ᠬᠢᠨᠠᠨ ᠰᠢᠯᠭᠠᠵᠣ ᠬᠠᠷᠢᠭᠤᠴᠠᠯᠭ᠎ᠠ ᠳᠣᠯᠭᠠᠬᠣ ᠡᠷᠴᠢᠮ᠎ᠢᠶᠡᠨ ᠬᠦᠴᠦᠯᠡᠨ ᠴᠢᠩᠭᠠᠷᠠᠭᠤᠯᠵᠤ ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶᠢᠭᠤᠯᠤᠯᠲᠠ᠎ᠶᠢᠨ ᠤᠯᠤᠰ ᠲᠥᠷᠥ᠎ᠶᠢᠨ ᠬᠥᠲᠥᠯᠥᠨ ᠳᠠᠭᠠᠭᠤᠯᠬᠤ ᠦᠶᠯᠡᠳᠦᠯ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱᠢᠶᠡᠴᠢ ᠦᠶᠯᠡᠳᠦᠯ᠎ᠢ ᠪᠥᠬᠥ ᠲᠠᠯ᠎ᠠ᠎ᠪᠠᠷ ᠰᠠᠶᠢᠲᠤᠷ ᠪᠠᠳᠠᠷᠠᠭᠤᠯᠵᠤ ᠂ ᠯᠠᠪᠳᠠᠭᠤᠨ ᠪᠠᠲᠤᠲᠠᠶ᠎ᠪᠠᠷ ᠦᠨᠡᠨ ᠬᠦ ᠠᠳᠬᠤᠨ ᠪᠤᠲᠠᠲᠠᠢ ᠠᠵᠢᠯᠯᠠᠵᠦ ᠂ ᠳᠠᠷᠤᠯᠲᠠ᠎ᠶᠢ ᠬᠥᠳᠡᠯᠭᠡᠬᠦ ᠬᠦᠴᠦᠨ ᠪᠣᠯᠭᠠᠵᠤ ᠂ ᠬᠢᠮᠤᠷᠠᠯ᠎ᠢ ᠠᠵᠠ ᠲᠣᠬᠢᠶᠠᠯ ᠪᠣᠯᠭᠠᠨ ᠂ ᠯᠠᠪᠳᠠᠭᠤᠨ ᠪᠠᠲᠤᠲᠠᠶ ᠠᠵᠢᠯ᠎ᠢᠶᠠᠷ᠎ᠢᠶᠡᠨ ᠳᠠᠮᠵᠢᠭᠤᠯᠤᠨ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠥᠬᠥ ᠲᠠᠯ᠎ᠠ᠎ᠶᠢᠨ ᠢᠯᠠᠯᠲᠠ᠎ᠶᠢ ᠲᠡᠮᠡᠴᠡᠨ ᠣᠯᠵᠤ ᠂ ᠡᠨᠡ ᠵᠢᠯ᠎ᠤᠨ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠦᠨ᠎ᠡ ᠃
ᠢᠦᠶ ᠯᠢ ᠰᠢᠨ ᠢᠯᠡᠷᠬᠡᠢᠯᠡᠭᠰᠡᠨ᠎ᠨᠢ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ᠎ᠤᠨ ᠬᠥᠭᠵᠢᠯᠲᠡ᠎ᠶᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠬᠦ᠎ᠨᠢ ᠂ ᠨᠢᠭᠡ ᠣᠳᠠᠭ᠎ᠠ᠎ᠶᠢᠨ ᠳᠣᠮᠣ ᠳᠠᠶᠢᠯᠠᠯᠳᠣᠭᠠᠨ ᠪᠣᠯᠬᠤ ᠪᠦᠭᠡᠳ ᠪᠠᠰᠠ ᠴᠤ ᠨᠢᠭᠡ ᠣᠳᠠᠭ᠎ᠠ᠎ᠶᠢᠨ ᠳᠣᠮᠣ ᠰᠢᠯᠭᠠᠯᠲᠠ ᠪᠣᠯᠤᠨ᠎ᠠ ᠃ ᠬᠥᠯᠥᠨ ᠪᠣᠶᠢᠷ᠎ᠤᠨ᠎ᠬᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ ᠂ ᠰᠢᠯᠭᠠᠯᠲᠠ᠎ᠶᠢ ᠳᠠᠭᠠᠭᠠᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ᠎ᠤᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠬᠦᠯᠦᠨ ᠨᠡᠢᠳᠡᠮ᠎ᠳ᠋ᠤᠨᠢ ᠬᠠᠷᠠᠭᠠᠯᠵᠠᠬᠤ᠎ᠶᠢ ᠰᠠᠶᠢᠲᠤᠷ ᠵᠣᠬᠢᠴᠠᠭᠤᠯᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ᠎ᠤᠨ ᠬᠥᠭᠵᠢᠯᠲᠡ᠎ᠶᠢᠨ ᠬᠣᠣᠰ ᠢᠯᠠᠯᠲᠠ᠎ᠶᠢ ᠲᠡᠮᠡᠴᠡᠨ ᠣᠯᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠣᠯ᠎ᠢᠶᠡᠨ ᠪᠦᠲᠦᠭᠡᠨ ᠪᠠᠶᠢᠭᠤᠯᠵᠤ ᠂ ᠠᠭᠤᠤ ᠶᠡᠬᠡ ᠳᠤᠮᠳᠠᠳᠤ᠎ᠶᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ᠎ᠳ᠋ᠤ ᠬᠦᠴᠦᠨ ᠴᠢᠳᠠᠯ᠎ᠢᠶᠡᠨ ᠡᠷᠭᠦᠨ᠎ᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面