ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-03-20 12:37:34

ᠵᠣᠬᠢᠶᠠᠭ᠍ᠴᠢ᠄ ᠬᠤᠸᠠᠩ ᠹᠦ᠋ ᠮᠸᠢ ᠰᠢᠶᠠᠨ ᠣᠩᠱᠢᠭ᠍ᠰᠠᠨ ᠣᠳᠠᠭ᠎ᠠ᠄ 3

 ᠤᠯᠠᠭᠠᠨᠴᠠᠪ ᠬᠤᠳᠠ᠎ᠶᠢᠨ ᠨᠠᠮ᠎ᠤᠨ ᠬᠤᠷᠢᠶᠡᠨ᠎ᠤ ᠲᠡᠳ᠋ ᠱᠦᠵᠢ ᠬᠤᠳᠠ᠎ᠶᠢᠨ ᠲᠠᠷᠤᠭ᠎ᠠ ᠹᠸᠢ ᠳ᠋ᠦᠩ ᠪᠢᠨ᠎ᠢ ᠰᠤᠷᠪᠤᠯᠵᠢᠯᠠᠬᠰᠠᠠ᠎ᠨᠢ


ᠦᠪᠡᠷᠳᠡᠭᠡᠨ ᠵᠠᠰᠠᠬᠤ ᠤᠷᠤᠨ᠎ᠡᠴᠠ ︽ ᠲᠦᠷᠦᠯ ᠬᠤᠪᠢᠶᠠᠨ ᠵᠢᠯᠤᠭᠤᠳᠴᠦ ᠤᠨᠤᠴᠠᠳᠠᠢ᠎ᠪᠠᠷ ᠠᠷᠭ᠎ᠠ ᠪᠤᠳᠤᠯᠭ᠎ᠡ ᠬᠡᠷᠡᠭᠵᠢᠬᠦᠯᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯᠤᠨ ᠠᠵᠥ ᠠᠬᠤᠢ ᠨᠡᠢᠬᠡᠮ᠎ᠤᠨ ᠬᠦᠭᠵᠢᠯᠳᠡ᠎ᠶᠢᠨ ᠠᠵᠢᠯ᠎ᠢ ᠨᠢᠬᠡᠳᠤᠯᠳᠡᠢ ᠲᠦᠯᠥᠪᠵᠢᠬᠦᠯᠥᠨ ᠰᠠᠢᠳᠤᠷ ᠬᠢᠬᠦ ᠲᠤᠬᠠᠢ ᠰᠠᠨᠠᠯ ︾ ︵ ᠲᠤᠷᠤᠬᠰᠢ ︽ ᠰᠠᠨᠠᠯ ︾ ᠬᠡᠵᠥ ᠲᠦᠬᠦᠮᠴᠢᠯᠡᠨ᠎ᠡ ︶᠎ᠢ ᠨᠡᠢᠳᠡᠯᠡᠭᠰᠡᠡ᠎ᠤ ᠲᠠᠷᠠᠭ᠎ᠠ ᠂ ᠤᠳᠤᠬᠠᠨ᠎ᠤ ᠪᠠᠢᠳᠠᠯ ᠲᠤᠤᠷ᠎ᠡ ︽ ᠰᠠᠨᠠᠯ ︾᠎ᠢ ᠬᠡᠷᠬᠢᠨ ᠰᠠᠢᠳᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠂ ᠤᠢᠷ᠎ᠡ᠎ᠶᠢᠨ ᠡᠳᠤᠷ ᠰᠤᠷᠪᠤᠯᠵᠢᠯᠠᠬᠴᠢ ᠤᠯᠠᠭᠠᠨᠴᠠᠪ ᠬᠤᠳᠠ᠎ᠶᠢᠨ ᠨᠠᠮ᠎ᠤᠨ ᠬᠤᠷᠢᠶᠡᠨ᠎ᠤ ᠲᠡᠳ᠋ ᠱᠦᠵᠢ ᠂ ᠬᠤᠳᠠ᠎ᠶᠢᠨ ᠲᠠᠷᠤᠭ᠎ᠠ ᠹᠸᠢ ᠳ᠋ᠦᠩ ᠪᠢᠨ᠎ᠢ ᠰᠤᠷᠪᠤᠯᠵᠢᠯᠠᠪᠠ ᠃
ᠹᠸᠢ ᠳ᠋ᠦᠩ ᠪᠢᠨ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯᠤᠨ ᠠᠵᠥ ᠠᠬᠤᠢ ᠨᠡᠢᠬᠡᠮ᠎ᠤᠨ ᠬᠦᠭᠵᠢᠯᠳᠡ᠎ᠶᠢᠨ ᠠᠵᠢᠯ᠎ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ ᠪᠤᠯ ᠨᠢᠬᠡ ᠤᠳᠠᠭ᠎ᠠ᠎ᠶᠢᠨ ᠬᠠᠳᠠᠭᠤᠵᠢᠯᠳᠠᠢ ᠲᠠᠢᠯᠠᠯᠳᠤᠭᠠᠨ ᠪᠤᠯᠬᠤ ᠪᠦᠬᠡᠳ ᠨᠡᠩ ᠴᠦ ᠨᠢᠬᠡ ᠤᠳᠠᠭ᠎ᠠ᠎ᠶᠢᠨ ᠲᠡᠤᠬᠡ᠎ᠶᠢᠨ ᠶᠡᠬᠡ ᠰᠢᠯᠭᠠᠯᠳᠡ ᠪᠤᠯᠤᠨ᠎ᠠ ᠃ ᠵᠠᠩᠬᠢᠯᠠᠭ᠎ᠠ᠎ᠶᠢᠨ ᠴᠠᠭ ᠦᠶ᠎ᠡ᠎ᠳ᠋ᠤ ᠂ ᠦᠪᠡᠷᠳᠡᠭᠡᠨ ᠵᠠᠰᠠᠬᠤ ᠤᠷᠤᠨ᠎ᠡᠴᠠ ︽ ᠰᠠᠨᠠᠯ ︾᠎ᠢ ᠨᠡᠢᠳᠡᠯᠡᠵᠥ ᠂ ᠪᠢᠳᠡᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯᠤᠨ ᠠᠵᠥ ᠠᠬᠤᠢ ᠨᠡᠢᠬᠡᠮ᠎ᠤᠨ ᠡᠮᠬᠢ ᠲᠢᠭᠯᠢᠮ᠎ᠢ ᠰᠡᠷᠬᠦᠬᠡᠬᠦ᠎ᠶᠢ ᠨᠢᠬᠡᠳᠤᠯᠳᠡᠢ ᠲᠦᠯᠥᠪᠵᠢᠬᠦᠯᠥᠨ ᠰᠠᠢᠳᠤᠷ ᠬᠢᠬᠦ᠎ᠳ᠋ᠤ ᠠᠵᠢᠯ᠎ᠤᠨ ᠬᠠᠷᠠᠯᠳᠡ ᠂ ᠠᠵᠢᠯ᠎ᠤᠨ ᠭᠤᠤᠯᠳᠠᠯᠭ᠎ᠠ ᠪᠤᠯᠤᠨ ᠠᠵᠢᠯ᠎ᠤᠨ ᠠᠷᠭ᠎ᠠ ᠬᠡᠮᠵᠢᠶ᠎ᠡ᠎ᠶᠢ ᠲᠤᠳᠤᠷᠬᠠᠢᠯᠠᠵᠥ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯᠤᠨ ᠠᠵᠥ ᠠᠬᠤᠢ ᠨᠡᠢᠬᠡᠮ᠎ᠤᠨ ᠬᠦᠭᠵᠢᠯᠳᠡ᠎ᠶᠢᠨ ᠬᠠᠷᠠᠯᠳᠠ᠎ᠶᠢ ᠪᠡᠶᠡᠯᠡᠬᠦᠯᠬᠦ ᠬᠤᠤᠰ ᠢᠯᠠᠯᠳᠠ᠎ᠶᠢ ᠲᠡᠮᠡᠴᠡᠨ ᠤᠯᠬᠤ᠎ᠳ᠋ᠤ ᠪᠡᠳᠤ ᠪᠡᠬᠢ ᠪᠠᠳᠤᠯᠠᠭ᠎ᠠ ᠬᠠᠩᠭᠠᠪᠠ ᠃ ᠤᠯᠠᠭᠠᠨᠴᠠᠪ ᠬᠤᠳᠠ ︽ ᠰᠠᠨᠠᠯ ︾᠎ᠳ᠋ᠤ ᠲᠤᠷᠠᠳᠤᠭᠰᠠᠠ ᠡᠯ᠎ᠡ ᠵᠦᠢᠯ᠎ᠤᠨ ᠭᠤᠤᠯᠳᠠᠯᠭ᠎ᠠ᠎ᠲᠠᠢ ᠡᠬᠦᠷᠬᠡ ᠪᠤᠯᠤᠨ ᠴᠢᠬᠤᠯᠠ ᠠᠷᠭ᠎ᠠ ᠬᠡᠮᠵᠢᠶ᠎ᠡ᠎ᠶᠢ ᠪᠦᠬᠦ ᠲᠡᠯ᠎ᠡ᠎ᠪᠠᠷ ᠲᠤᠭᠤᠰᠢᠯᠠᠭᠤᠯᠵᠥ ᠂ ᠨᠢᠬᠡᠳᠤᠯᠳᠡᠢ ᠲᠦᠯᠥᠪᠵᠢᠬᠦᠯᠥᠨ ᠨᠡᠢᠳᠡ᠎ᠳ᠋ᠤᠨᠢ ᠬᠠᠷᠠᠭᠠᠯᠵᠠᠵᠥ ᠂ ᠬᠠᠮᠵᠢᠯᠴᠠᠨ ᠠᠬᠢᠭᠤᠯᠵᠥ ᠂ ᠨᠡᠩ ᠡᠷᠡᠰ ᠪᠠᠳᠤ ᠢᠳᠡᠬᠡᠯ ᠂ ᠨᠡᠩ ᠡᠷᠡᠯᠬᠡᠭᠯᠡᠨ ᠲᠡᠮᠡᠴᠡᠬᠦ ᠵᠤᠷᠢᠭ ᠂ ᠨᠡᠩ ᠪᠤᠳᠠᠳᠠᠢ᠎ᠶᠢ ᠡᠷᠬᠢᠮᠯᠡᠭᠰᠡᠨ ᠠᠵᠢᠯ᠎ᠢᠶᠠᠷ ᠂ ᠡᠨᠡ ᠤᠳᠠᠭ᠎ᠠ᠎ᠶᠢᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠷᠠᠳ᠎ᠤᠨ ᠲᠠᠢᠨ ᠂ ᠶᠡᠷᠤᠩᠬᠡᠢ ᠲᠠᠢᠯᠠᠯᠳᠤᠭᠠᠨ ᠂ ᠬᠤᠷᠢᠬᠯᠠᠯᠳᠠ᠎ᠶᠢᠨ ᠲᠠᠢᠯᠠᠯᠳᠤᠭᠠᠨ᠎ᠢ ᠡᠷᠡᠰ ᠰᠠᠢᠳᠤᠷ ᠬᠢᠵᠥ ᠂ ᠢᠯᠠᠯᠳᠡ ᠤᠯᠵᠥ ᠂ ᠴᠢᠨᠡᠭᠡᠯᠢᠭ ᠨᠡᠢᠬᠡᠮ᠎ᠢ ᠪᠦᠬᠦ ᠲᠡᠯ᠎ᠡ᠎ᠪᠠᠷ ᠪᠡᠶᠡᠯᠡᠬᠦᠯᠬᠦ ᠪᠤᠯᠤᠨ ︽ ᠠᠷᠪᠠᠨ ᠭᠤᠷᠪᠠᠳᠤᠭᠠᠷ ᠲᠠᠪᠤᠨ ᠵᠢᠯ ︾᠎ᠤᠨ ᠲᠦᠯᠥᠪᠵᠢᠬᠦᠯᠬᠡ᠎ᠶᠢ ᠪᠡᠶᠡᠯᠡᠬᠦᠯᠬᠦ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯᠤᠨ ᠠᠵᠥ ᠠᠬᠤᠢ ᠨᠡᠢᠬᠡᠮ᠎ᠤᠨ ᠬᠦᠭᠵᠢᠯᠳᠡ᠎ᠶᠢᠨ ᠬᠤᠤᠰ ᠢᠯᠠᠯᠳᠠ᠎ᠶᠢ ᠤᠯᠬᠤ᠎ᠶᠢ ᠦᠨᠡᠨ ᠬᠦ ᠪᠠᠳᠤᠯᠠᠨ᠎ᠠ ᠃
ᠨᠢᠬᠡ᠎ᠳ᠋ᠤ ᠂ ᠤᠯᠤᠰ ᠲᠦᠷᠦ᠎ᠶᠢᠨ ᠡᠬᠦᠷᠬᠡᠯᠡᠯ᠎ᠢᠶᠡᠨ ᠴᠢᠩᠭᠠᠳᠬᠠᠵᠤ ᠂ ᠶᠡᠷᠤᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠪᠠ ᠃ ᠬᠢᠵᠢᠭ᠎ᠤᠨ ᠪᠠᠢᠳᠠᠯ ᠭᠠᠷᠤᠭᠰᠠᠨ᠎ᠡᠴᠠ ᠨᠠᠭᠠᠰᠢ ᠂ ᠤᠯᠠᠭᠠᠨᠴᠠᠪ ᠬᠤᠳᠠ᠎ᠶᠢᠨ ᠨᠠᠮ᠎ᠤᠨ ᠬᠤᠷᠢᠶ᠎ᠡ ᠂ ᠵᠠᠰᠠᠭ᠎ᠤᠨ ᠤᠷᠳᠤᠨ ᠶᠡᠷᠤᠩᠬᠡᠢ ᠱᠦᠵᠢ ᠰᠢ᠎ᠶᠢᠨ ᠫᠢᠩ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠥ ᠂ ᠲᠦᠪ ᠂ ᠦᠪᠡᠷᠳᠡᠭᠡᠨ ᠵᠠᠰᠠᠬᠤ ᠤᠷᠤᠨ᠎ᠤ ᠪᠠᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠤᠯᠤᠨ ᠪᠡᠶ᠎ᠡ ᠮᠠᠠᠬᠪᠤᠳ᠎ᠤᠨ ᠡᠷᠡᠬᠦᠯ ᠮᠡᠨᠳᠤ᠎ᠶᠢ ᠢᠮᠠᠬᠳᠠ ᠲᠡᠷᠢᠬᠦᠨ᠎ᠳ᠋ᠤ ᠲᠠᠯᠪᠢᠵᠥ ᠂ ︽ ᠢᠳᠡᠬᠡᠯ ᠵᠤᠷᠢᠭ᠎ᠢᠶᠡᠨ ᠪᠠᠳᠤᠳᠬᠠᠨ ᠂ ᠬᠠᠳᠠᠭᠤ ᠪᠡᠷᠬᠡᠰᠢᠶᠡᠯ᠎ᠢ ᠬᠠᠮᠳᠤ᠎ᠪᠠᠷ ᠲᠤᠭᠤᠯᠵᠥ ᠂ ᠰᠢᠨᠵᠢᠯᠡᠬᠦ ᠤᠬᠠᠭᠠᠨᠴᠢ᠎ᠪᠠᠷ ᠰᠡᠷᠬᠡᠢᠯᠡᠨ ᠡᠵᠡᠮᠳᠡᠵᠦ ᠂ ᠤᠨᠤᠴᠠᠳᠠᠢ᠎ᠪᠠᠷ ᠠᠷᠭ᠎ᠠ ᠪᠤᠳᠤᠯᠭ᠎ᠠ ᠬᠡᠷᠡᠭᠵᠢᠬᠦᠯᠬᠦ ︾ ᠶᠡᠷᠤᠩᠬᠡᠢ ᠱᠠᠭᠠᠷᠳᠠᠯᠭ᠎ᠠ᠎ᠶᠢ ᠡᠷᠡᠰ ᠨᠠᠢᠳᠠᠪᠤᠷᠢᠵᠢᠭᠤᠯᠤᠨ ᠂ ᠭᠠᠳᠠᠨ᠎ᠠ᠎ᠡᠴᠠ ᠬᠠᠯᠳᠠᠪᠤᠷᠢᠯᠡᠨ ᠤᠷᠤᠵᠥ ᠢᠷᠡᠬᠦ᠎ᠶᠢ ᠰᠡᠷᠬᠡᠢᠯᠡᠵᠤ ᠂ ᠲᠤᠳᠤᠭᠠᠳᠤ᠎ᠳᠠᠭᠠᠨ ᠲᠠᠷᠬᠠᠨ ᠲᠡᠯᠬᠡᠷᠡᠬᠦ᠎ᠶᠢ ᠰᠡᠷᠬᠡᠢᠯᠡᠨ ᠂ ᠡᠪᠡᠳᠴᠢᠳᠡᠨ᠎ᠢ ᠠᠪᠤᠷᠠᠨ ᠡᠮᠨᠡᠬᠦ ᠠᠵᠢᠯ᠎ᠢ ᠪᠦᠬᠦ ᠬᠦᠴᠦ᠎ᠪᠠᠷ᠎ᠢᠶᠡᠨ ᠰᠠᠢᠳᠤᠷ ᠬᠢᠵᠥ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ ᠱᠠᠳᠤᠴᠢ ᠴᠢᠨᠠᠷᠳᠠᠢ ᠢᠯᠠᠯᠳᠡ ᠤᠯᠪᠠ ᠃ ᠬᠢᠵᠢᠭ᠎ᠤᠨ ᠪᠠᠢᠳᠠᠯ᠎ᠳ᠋ᠤ ᠢᠳᠡᠪᠬᠢᠳᠡᠢ ᠬᠤᠪᠢᠷᠠᠯᠳᠡ ᠭᠠᠷᠬᠤ᠎ᠶᠢ ᠲᠠᠭᠠᠯᠳᠤᠨ ᠂ ᠰᠡᠷᠬᠡᠢᠯᠡᠨ ᠡᠵᠡᠮᠳᠡᠬᠦ ᠠᠵᠢᠯ ᠰᠢᠨ᠎ᠠ ᠱᠠᠳᠤᠨ᠎ᠳ᠋ᠤ ᠤᠷᠤᠵᠥ ᠂ ᠤᠯᠠᠭᠠᠨᠴᠠᠪ ᠬᠤᠳᠠ᠎ᠶᠢᠨ᠎ᠬᠢᠨ ᠨᠢᠬᠡ ᠲᠡᠯ᠎ᠡ᠎ᠪᠠᠷ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠶᠢ ᠪᠤᠳᠠᠳᠠᠢ ᠠᠳᠬᠤᠵᠥ ᠂ ᠨᠦᠬᠦᠭᠡ ᠲᠡᠯ᠎ᠡ᠎ᠪᠠᠷ ᠠᠵᠥ ᠠᠬᠤᠢ ᠨᠡᠢᠬᠡᠮ᠎ᠤᠨ ᠡᠮᠬᠢ ᠲᠢᠭᠯᠢᠮ᠎ᠢ ᠰᠡᠷᠬᠦᠬᠡᠬᠦ ᠠᠵᠢᠯ᠎ᠢ ᠴᠢᠩᠭ᠎ᠠ ᠠᠳᠬᠤᠵᠥ ᠂ ᠭᠠᠵᠠᠷ ᠤᠷᠤᠨ ᠬᠤᠪᠢᠶᠠᠨ ᠲᠡᠰ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠬᠦᠯᠬᠦ᠎ᠶᠢ ᠪᠠᠷᠢᠮᠳᠠᠯᠠᠵᠥ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠨᠢ ᠡᠷᠴᠢᠮᠳᠠᠢ ᠂ ᠵᠠᠮ ᠨᠡᠪᠲᠡᠷᠡᠯᠭᠡ ᠰᠠᠭᠠᠳ ᠦᠬᠡᠢ ᠂ ᠠᠵᠥ ᠠᠬᠤᠢᠯᠠᠯ᠎ᠤᠨ ᠦᠢᠯᠡᠳᠪᠤᠷᠢᠯᠡᠯ ᠡᠮᠬᠢ ᠵᠢᠷᠤᠮ᠎ᠲᠠᠢ ᠪᠠᠢᠬᠤ᠎ᠶᠢ ᠦᠨᠡᠨ ᠬᠦ ᠪᠠᠳᠤᠯᠠᠵᠥ ᠂ ᠬᠢᠵᠢᠭ᠎ᠤᠨ ᠪᠠᠢᠳᠠᠯ᠎ᠤᠨ ᠠᠵᠥ ᠠᠬᠤᠢ ᠨᠡᠢᠬᠡᠮ᠎ᠳ᠋ᠤ ᠦᠵᠡᠬᠦᠯᠬᠦ ᠨᠦᠯᠥᠬᠡ᠎ᠶᠢ ᠴᠢᠳᠠᠬᠤ᠎ᠶᠢᠨ ᠲᠤᠳᠤᠷ᠎ᠠ ᠬᠠᠮᠤᠭ᠎ᠤᠨ ᠪᠠᠭ᠎ᠠ ᠪᠤᠯᠳᠠᠯ᠎ᠠ ᠪᠠᠭᠤᠷᠠᠭᠤᠯᠪᠠ ᠃
ᠬᠤᠶᠠᠷ᠎ᠲᠤ ᠂ ᠵᠠᠪᠠᠯ ᠢᠯᠡᠯᠳᠡ ᠤᠯᠬᠤ ᠢᠳᠡᠬᠡᠯ᠎ᠢᠶᠡᠨ ᠪᠠᠳᠤᠳᠬᠠᠵᠥ ᠂ ᠡᠯ᠎ᠡ ᠵᠦᠢᠯ᠎ᠤᠨ ᠰᠡᠷᠬᠡᠢᠯᠡᠨ ᠡᠵᠡᠮᠳᠡᠬᠦ ᠠᠵᠢᠯ᠎ᠢ ᠤᠬᠳᠤ ᠰᠤᠯᠠᠷᠠᠭᠤᠯᠤᠯ ᠦᠬᠡᠢ᠎ᠪᠠᠷ ᠴᠢᠩᠭ᠎ᠠ ᠠᠳᠬᠤᠨ ᠪᠤᠳᠠᠳᠠᠢ ᠠᠳᠬᠤᠵᠥ ᠨᠠᠷᠢᠯᠢᠭ ᠠᠳᠬᠤᠪᠠ ᠃ ᠬᠢᠵᠢᠭ᠎ᠤᠨ ᠪᠠᠢᠳᠠᠯ᠎ᠤᠨ ᠡᠨᠡ ᠬᠦ ᠶᠡᠬᠡ ᠲᠠᠢᠯᠠᠯᠳᠤᠭᠠᠨ ᠶᠡᠬᠡ ᠰᠢᠯᠭᠠᠯᠳᠠ᠎ᠶᠢᠨ ᠡᠮᠤᠨ᠎ᠡ ᠂ ᠤᠯᠠᠭᠠᠨᠴᠠᠪ ᠬᠤᠳᠠ ᠴᠠᠭ ᠢᠮᠠᠬᠳᠠ ᠲᠡᠬᠡᠳᠤ ᠬᠡᠮᠵᠢᠶᠡᠨ᠎ᠤ ᠰᠤᠨᠤᠷ ᠰᠡᠷᠡᠮᠵᠢ᠎ᠲᠠᠢ ᠪᠠᠢᠵᠥ ᠂ ᠬᠠᠯᠠᠰᠢᠷᠠᠬᠤ ᠰᠡᠳᠬᠢᠯᠬᠡ ᠂ ᠭᠤᠷᠢᠳᠠᠬᠤ ᠪᠤᠳᠤᠯ ᠂ ᠰᠤᠯᠠᠷᠠᠬᠤ ᠰᠡᠳᠬᠢᠯᠭᠡ᠎ᠶᠢ ᠡᠷᠡᠰ ᠲᠠᠪᠴᠢᠵᠥ ᠂ ᠭᠠᠵᠠᠷ ᠤᠷᠤᠨ ᠬᠤᠪᠢᠶᠠᠨ ᠲᠡᠰ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠥ ᠂ ᠡᠯ᠎ᠡ ᠵᠦᠢᠯ᠎ᠤᠨ ᠰᠡᠷᠬᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠲᠡᠷᠡ ᠴᠢᠭ᠎ᠢᠶᠠᠷ᠎ᠨᠢ ᠨᠠᠢᠳᠠᠪᠤᠷᠢᠵᠢᠭᠤᠯᠵᠥ ᠂ ᠡᠨᠡ ᠤᠳᠠᠭ᠎ᠠ᠎ᠶᠢᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠷᠠᠳ᠎ᠤᠨ ᠲᠠᠢᠨ ᠂ ᠶᠡᠷᠤᠩᠬᠡᠢ ᠲᠠᠢᠯᠠᠯᠳᠤᠭᠠᠨ ᠂ ᠬᠤᠷᠢᠬᠯᠠᠯᠳᠠ᠎ᠶᠢᠨ ᠲᠠᠢᠯᠠᠯᠳᠤᠭᠠᠨ᠎ᠤ ᠢᠯᠠᠯᠳᠠ᠎ᠶᠢ ᠡᠷᠡᠰ ᠲᠡᠮᠡᠴᠡᠨ ᠤᠯᠬᠤ᠎ᠪᠠᠷ ᠴᠢᠷᠮᠠᠢᠪᠠ ᠃ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠠᠵᠢᠯ᠎ᠢ ᠵᠤᠬᠢᠶᠠᠨ ᠪᠠᠢᠭᠤᠯᠵᠥ ᠤᠳᠤᠷᠢᠳᠬᠤ᠎ᠪᠠᠨ ᠴᠢᠩᠭᠠᠳᠬᠠᠪᠠ ᠃ ᠬᠤᠳᠠ᠎ᠶᠢᠨ ᠨᠠᠮ᠎ᠤᠨ ᠬᠤᠷᠢᠶ᠎ᠡ ᠂ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ᠎ᠪᠠᠷ ᠬᠠᠷᠢᠭᠤᠴᠠᠯᠭᠠᠳᠠᠨ ᠪᠤᠯᠭᠠᠭᠰᠠᠠ ᠠᠵᠢᠯ᠎ᠤᠨ ᠤᠳᠤᠷᠢᠳᠬᠤ ᠲᠤᠭᠤᠢᠯᠠᠩ ᠪᠠᠢᠭᠤᠯᠵᠥ ᠂ ᠲᠤᠤᠷ᠎ᠡ᠎ᠨᠢ ᠵᠢᠯᠤᠭᠤᠳᠬᠤ ᠭᠠᠵᠠᠷ ᠪᠤᠯᠤᠨ 10 ᠴᠢᠳᠡᠪᠬᠢᠳᠤ ᠲᠤᠭᠤᠢᠯᠠᠩ ᠭᠠᠷᠭᠠᠪᠠ ᠃ ᠡᠳᠤᠷ ᠪᠦᠷᠢ ᠲᠤᠬᠢᠷᠠᠭᠤᠯᠤᠨ ᠡᠵᠡᠮᠳᠡᠬᠦ ᠲᠦᠷᠢᠮ᠎ᠢ ᠪᠠᠷᠢᠮᠳᠠᠯᠠᠵᠥ ᠂ ᠡᠳ᠋ ᠪᠤᠳᠠᠰ᠎ᠤᠨ ᠪᠠᠳᠤᠯᠠᠭ᠎ᠠ ᠬᠠᠩᠭᠠᠬᠤ ᠂ ᠰᠡᠷᠬᠡᠢᠯᠡᠨ ᠡᠵᠡᠮᠳᠡᠬᠦ ᠬᠦᠴᠦᠨ ᠳᠤᠬᠢᠷᠠᠭᠤᠯᠬᠤ ᠂ ᠲᠦᠷᠢᠮ ᠲᠤᠭᠳᠠᠴᠠ ᠪᠠᠢᠭᠤᠯᠬᠤ ᠵᠡᠷᠬᠡ ᠲᠡᠯ᠎ᠡ᠎ᠪᠠᠷ ᠴᠢᠬᠤᠯᠠ ᠦᠢᠯᠡᠳᠤᠯ ᠦᠵᠡᠬᠦᠯᠪᠡ ᠃ ᠤᠯᠠᠨ᠎ᠢᠶᠠᠷ᠎ᠢᠶᠡᠨ ᠰᠡᠷᠭᠡᠢᠯᠡᠨ ᠵᠠᠰᠠᠬᠤ ᠰᠡᠷᠬᠡᠢᠯᠡᠯᠳᠡ᠎ᠶᠢᠨ ᠱᠤᠭᠤᠮ᠎ᠢ ᠪᠠᠳᠤ ᠴᠤᠬᠴᠠᠯᠠᠪᠠ ᠃ ᠪᠦᠬᠦ ᠬᠤᠳᠠ᠎ᠶᠢᠨ 5530 ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠂ 12 ᠲᠦᠮᠡᠨ ᠨᠠᠮ᠎ᠤᠨ ᠬᠡᠰᠢᠬᠦᠨ ᠨᠡᠢᠬᠡᠮ ᠲᠤᠭᠤᠷᠢᠭ᠎ᠤᠨ ᠠᠵᠢᠯᠳᠠᠨ ᠂ ᠳᠤᠤᠷᠵᠢᠯ᠎ᠤᠨ ᠬᠠᠮᠢᠶᠠᠷᠤᠯᠳᠠ᠎ᠶᠢᠨ ᠠᠵᠢᠯᠳᠠᠨ ᠂ ᠰᠠᠢᠨ ᠲᠤᠷᠠᠴᠤᠳ ᠂ ᠠᠳᠠᠯ ᠠᠬᠤᠢ᠎ᠶᠢᠨ ᠦᠢᠯᠡᠴᠢᠯᠡᠬᠡᠨ᠎ᠤ ᠠᠵᠥ ᠠᠬᠤᠢᠯᠠᠯ᠎ᠲᠠᠢ ᠬᠠᠮᠳᠤᠷᠠᠨ ᠰᠡᠷᠬᠡᠢᠯᠡᠨ ᠡᠵᠡᠮᠳᠡᠬᠦ ᠠᠵᠢᠯ᠎ᠢ ᠰᠠᠢᠳᠤᠷ ᠬᠢᠪᠡ ᠃ ᠬᠤᠳᠠ ᠰᠢᠶᠠᠨ ᠬᠤᠶᠠᠷ ᠱᠠᠳᠤ ᠢᠯᠡᠴᠢᠯᠡᠨ ᠮᠡᠳᠡᠬᠦᠯᠬᠦ ᠤᠳᠠᠰᠤ ᠨᠡᠢᠳᠡᠯᠡᠵᠥ ᠂ ᠤᠯᠠᠨ ᠲᠦᠮᠡᠨ᠎ᠢ ᠢᠳᠡᠪᠬᠢᠳᠡᠢ ᠲᠠᠢᠴᠢᠯᠠᠨ ᠦᠷᠬᠡᠨ᠎ᠢᠶᠠᠷ ᠤᠷᠤᠯᠴᠠᠭᠤᠯᠵᠥ ᠂ ᠭᠠᠳᠠᠨ᠎ᠠ᠎ᠡᠴᠠ ᠢᠷᠡᠭᠰᠡᠡ ᠬᠦᠮᠥᠰ᠎ᠤᠨ ᠪᠠᠢᠳᠠᠯ ᠂ ᠬᠦᠮᠥᠰ᠎ᠤᠨ ᠴᠤᠬᠯᠠᠷᠠᠯ ᠂ ᠦᠨ᠎ᠡ ᠬᠠᠩᠰᠢ᠎ᠶᠢ ᠦᠷᠢᠰᠦᠯᠳᠦᠨ ᠦᠰᠭᠡᠭᠰᠡᠡ ᠵᠡᠷᠬᠡ ᠠᠵᠢᠯᠯᠠᠭ᠎ᠠ᠎ᠶᠢ ᠴᠠᠭ ᠲᠤᠬᠠᠢ᠎ᠳ᠋ᠤᠨᠢ ᠲᠤᠰᠬᠠᠪᠠ ᠃ ᠲᠤᠮᠤ ᠳ᠋ᠠᠢᠲ᠋ᠠ᠎ᠶᠢᠨ ᠠᠷᠭ᠎ᠠ ᠪᠠᠷᠢᠯ᠎ᠢ ᠠᠰᠢᠬᠯᠠᠨ ᠬᠠᠮᠢᠶᠠᠷᠤᠨ ᠡᠵᠡᠮᠳᠡᠬᠦ᠎ᠪᠠᠨ ᠴᠢᠩᠭᠠᠳᠬᠠᠵᠥ ᠂ ᠴᠠᠭ ᠲᠤᠬᠠᠢ᠎ᠳ᠋ᠤᠨᠢ ᠪᠦᠬᠦ ᠤᠯᠤᠰ᠎ᠲᠤ ᠬᠠᠮᠤᠭ᠎ᠤᠨ ᠲᠡᠷᠢᠬᠦᠨ᠎ᠳ᠋ᠤ ︽ ᠦᠯᠵᠠᠢ ︾ ᠬᠤᠳᠠ ᠬᠦᠳᠡᠬᠡ᠎ᠶᠢᠨ ᠦᠢᠯᠡᠴᠢᠯᠡᠬᠡ ᠬᠠᠮᠢᠶᠠᠷᠤᠯᠳᠠ᠎ᠶᠢᠨ ᠰᠦᠯᠵᠢᠶᠡᠨ ᠲᠡᠬᠡᠷ᠎ᠡ ᠦᠢᠯᠡᠴᠢᠯᠡᠬᠦ ᠲᠠᠪᠴᠠᠩ ᠭᠠᠷᠭᠠᠵᠥ ᠂ ᠰᠠᠭᠤᠭᠠᠯᠢ ᠠᠷᠠᠳ ᠭᠠᠷ ᠤᠳᠠᠰᠤ᠎ᠪᠠᠷ᠎ᠢᠶᠡᠨ ᠨᠢᠬᠡ ᠯᠡ ᠤᠳᠠᠭ᠎ᠠ ᠲᠠᠩᠰᠠᠯᠠᠭᠤᠯᠪᠠᠯ ᠂ ᠬᠤᠪᠢ ᠬᠦᠮᠥᠨ᠎ᠤ ᠶᠠᠪᠤᠵᠥ ᠰᠠᠭᠤᠭᠰᠠᠨ ᠪᠠᠢᠳᠠᠯ ᠪᠤᠯᠤᠨ ᠡᠷᠡᠬᠦᠯ ᠮᠡᠨᠳᠤ᠎ᠶᠢᠨ ᠮᠡᠳᠡᠬᠡ ᠵᠠᠩᠬᠢ᠎ᠶᠢᠨ ︽ ᠡᠯᠸᠺᠲ᠋ᠷᠤᠨ ᠬᠡᠷᠡᠴᠢ ᠲᠡᠮᠳᠡᠭ ︾᠎ᠲᠠᠢ ᠪᠤᠯᠵᠥ ᠂ ᠵᠢᠭᠰᠠᠭᠠᠨ ᠪᠠᠢᠴᠠᠭᠠᠬᠤ ᠴᠠᠭ ᠪᠤᠯᠤᠨ ᠬᠦᠮᠥᠰ᠎ᠤᠨ ᠤᠢᠷᠠᠳᠤᠯᠴᠠᠬᠤ᠎ᠶᠢ ᠪᠦᠳᠦᠮᠵᠢᠳᠡᠢ ᠪᠠᠭᠠᠰᠬᠠᠵᠥ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠦᠷ᠎ᠡ ᠪᠦᠳᠦᠮᠵᠢ᠎ᠶᠢ ᠲᠡᠭᠡᠭᠰᠢᠯᠡᠬᠦᠯᠪᠡ ᠃
ᠭᠤᠷᠪᠠ᠎ᠳ᠋ᠤ ᠂ ᠠᠶᠤᠯ ᠲᠦᠭᠰᠢᠬᠦᠷᠢ᠎ᠶᠢ ᠠᠷᠢᠯᠭᠠᠨ ᠠᠵᠠ ᠲᠤᠬᠢᠶᠠᠯ ᠡᠭᠦᠳᠬᠦ᠎ᠪᠠᠷ ᠬᠦᠴᠦᠯᠡᠨ ᠴᠢᠷᠮᠠᠢᠵᠤ ᠂ ᠬᠢᠵᠢᠭ᠎ᠤᠨ ᠪᠠᠢᠳᠠᠯ᠎ᠤᠨ ᠶᠡᠬᠡ ᠰᠢᠯᠭᠠᠯᠳᠠ᠎ᠶᠢᠨ ᠲᠤᠮᠳᠠ ᠠᠵᠥ ᠠᠬᠤᠢ ᠨᠡᠢᠬᠡᠮ᠎ᠤᠨ ᠬᠦᠭᠵᠢᠯᠳᠡ᠎ᠶᠢ ᠲᠦᠷᠬᠡᠨ ᠰᠡᠷᠬᠦᠬᠡᠪᠡ ᠃ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠶᠢ ᠪᠦᠬᠦ ᠬᠦᠴᠦ᠎ᠪᠠᠷ᠎ᠢᠶᠡᠨ ᠰᠠᠢᠳᠤᠷ ᠬᠢᠬᠦ᠎ᠶᠢᠨ ᠵᠡᠷᠬᠡ᠎ᠪᠠᠷ ᠂ ᠲᠠᠷᠤᠯᠳᠠ᠎ᠪᠠᠨ ᠬᠦᠳᠡᠯᠬᠡᠬᠦ ᠬᠦᠴᠦᠨ ᠪᠤᠯᠭᠠᠨ ᠬᠤᠪᠢᠷᠠᠭᠤᠯᠵᠥ ᠂ ᠠᠵᠥ ᠠᠬᠤᠢ ᠨᠡᠢᠬᠡᠮ᠎ᠤᠨ ᠬᠦᠭᠵᠢᠯᠳᠡ᠎ᠶᠢᠨ ᠡᠯ᠎ᠡ ᠵᠦᠢᠯ᠎ᠤᠨ ᠠᠵᠢᠯ᠎ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠪᠠ ᠃ ᠲᠦᠷᠦ᠎ᠶᠢᠨ ᠪᠤᠳᠤᠯᠭ᠎ᠡ᠎ᠶᠢᠨ ᠲᠡᠮᠵᠢᠬᠦ ᠡᠷᠴᠢᠮ᠎ᠢᠶᠡᠨ ᠴᠢᠩᠭᠠᠷᠠᠭᠤᠯᠵᠥ ᠂ ︽ ᠤᠯᠠᠭᠠᠨᠴᠠᠪ ᠬᠤᠳᠠ᠎ᠶᠢᠨ ᠵᠠᠰᠠᠭ᠎ᠤᠨ ᠤᠷᠳᠤᠨ᠎ᠤ ᠲᠤᠮᠳᠠ ᠪᠠᠭ᠎ᠠ ᠠᠵᠥ ᠠᠬᠤᠢᠯᠠᠯ᠎ᠤᠨ ᠬᠦᠭᠵᠢᠯᠳᠡ᠎ᠶᠢ ᠲᠡᠮᠵᠢᠬᠦ ᠲᠤᠬᠠᠢ ᠬᠠᠮᠢᠶ᠎ᠠ ᠪᠦᠬᠦᠢ ᠲᠦᠷᠦ᠎ᠶᠢᠨ ᠪᠤᠳᠤᠯᠭ᠎ᠠ ᠠᠷᠭ᠎ᠠ ᠬᠡᠮᠵᠢᠶ᠎ᠡ ︾ ᠂ ︽ ᠤᠯᠠᠭᠠᠨᠴᠠᠪ ᠬᠤᠳᠠ᠎ᠶᠢᠨ ︿ ᠪᠠᠳᠤᠯᠠᠭᠠᠳᠤ ᠵᠢᠬᠡᠯᠡᠯᠬᠡ ﹀᠎ᠪᠠᠷ ᠠᠵᠥ ᠠᠬᠤᠢᠯᠠᠯ᠎ᠢ ᠲᠡᠮᠵᠢᠨ ᠠᠵᠢᠯ᠎ᠢᠶᠡᠨ ᠰᠡᠷᠬᠦᠬᠡᠵᠥ ᠦᠢᠯᠡᠳᠪᠤᠷᠢᠯᠡᠯ᠎ᠢᠶᠡᠨ ᠰᠡᠷᠬᠦᠬᠡᠵᠥ ᠬᠦᠴᠢᠷ ᠪᠡᠷᠬᠡᠰᠢᠶᠡᠯ᠎ᠢ ᠬᠠᠮᠳᠤ᠎ᠪᠠᠷ ᠲᠤᠭᠤᠯᠬᠤ ᠪᠤᠳᠠᠳᠠᠢ ᠠᠷᠭ᠎ᠡ ᠬᠡᠮᠵᠢᠶ᠎ᠡ ︾᠎ᠶᠢ ᠲᠤᠭᠳᠠᠭᠠᠵᠥ ᠂ ᠬᠢᠵᠢᠭ᠎ᠤᠨ ᠪᠠᠢᠳᠠᠯ᠎ᠳ᠋ᠤ ᠨᠡᠯᠢᠶᠡᠳ ᠶᠡᠬᠡ ᠨᠦᠯᠥᠬᠡᠯᠡᠭᠳᠡᠭᠰᠡᠡ ᠲᠤᠮᠳᠠ ᠪᠠᠭ᠎ᠠ ᠠᠵᠥ ᠠᠬᠤᠢᠯᠠᠯ᠎ᠤᠨ ᠦᠢᠯᠡᠳᠪᠤᠷᠢᠯᠡᠯ ᠡᠵᠡᠩᠨᠡᠯᠳᠡ᠎ᠶᠢᠨ ᠬᠦᠴᠢᠷᠳᠡᠯ᠎ᠢ ᠰᠢᠢᠳᠪᠤᠷᠢᠯᠡᠵᠤ ᠦᠭᠪᠡ ᠃ ᠴᠢᠬᠤᠯᠠ ᠶᠡᠬᠡ ᠲᠦᠷᠦᠯ ᠵᠦᠢᠯ᠎ᠢ ︽ ᠲᠦᠪᠯᠡᠷᠡᠬᠦᠯᠥᠨ ᠬᠢᠨᠠᠨ ᠵᠦᠪᠰᠢᠶᠡᠷᠡᠬᠦ ᠭᠠᠷᠠᠭ ︾᠎ᠤᠨ ᠠᠵᠢᠯᠯᠠᠭ᠎ᠠ᠎ᠶᠢ ᠡᠬᠢᠯᠡᠬᠦᠯᠵᠥ ᠂ 99 ᠠᠵᠥ ᠠᠬᠤᠢᠯᠠᠯ᠎ᠤᠨ ᠡᠷᠡᠮᠡᠯᠵᠡᠯᠡᠨ ᠮᠡᠳᠡᠬᠦᠯᠥᠭᠰᠡᠡ 141 ᠠᠵᠢᠯ ᠡᠬᠢᠯᠡᠬᠦᠯᠬᠦ᠎ᠪᠠᠷ ᠪᠠᠢᠭ᠎ᠠ ᠲᠦᠷᠦᠯ ᠵᠦᠢᠯ᠎ᠢ ᠲᠦᠪᠯᠡᠷᠡᠬᠦᠯᠥᠨ ᠬᠢᠨᠠᠨ ᠵᠦᠪᠰᠢᠶᠡᠷᠡᠵᠥ ᠂ 171 ᠶᠠᠪᠤᠳᠠᠯ᠎ᠢ ᠬᠢᠨᠠᠵᠥ ᠵᠦᠪᠰᠢᠶᠡᠷᠡᠨ ᠲᠠᠭᠤᠰᠬᠠᠵᠥ ᠂ ᠲᠤᠢᠯᠪᠤᠷᠢᠳᠠᠢ ᠭᠦᠢᠴᠡᠳᠭᠡᠭᠰᠡᠨ ᠨᠤᠷᠮ᠎ᠡ 90%᠎ᠶᠢ ᠳᠠᠪᠠᠪᠠ ᠃ ︽ ᠬᠢᠵᠢᠭ᠎ᠲᠠᠢ ᠲᠡᠮᠡᠴᠡᠵᠥ ᠠᠵᠥ ᠠᠬᠤᠢᠯᠠᠯ᠎ᠢ ᠲᠤᠰᠠᠯᠠᠨ ᠠᠵᠢᠯ ᠤᠯᠭᠤᠯᠳᠠ᠎ᠶᠢ ᠲᠤᠭᠳᠠᠪᠤᠷᠢᠵᠢᠭᠤᠯᠬᠤ ︾ ᠰᠦᠯᠵᠢᠶᠡᠨ ᠲᠡᠬᠡᠷ᠎ᠡ ᠠᠵᠢᠯᠳᠠᠨ ᠡᠯᠰᠡᠬᠦ ᠭᠠᠷᠠᠭ᠎ᠤᠨ ᠠᠵᠢᠯᠯᠠᠭ᠎ᠠ᠎ᠶᠢ ᠡᠷᠬᠢᠯᠡᠵᠥ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠬᠤᠭᠤᠴᠠᠭᠠᠨ᠎ᠳ᠋ᠤ ᠠᠵᠥ ᠠᠬᠤᠢᠯᠠᠯ ᠪᠤᠯᠤᠨ ᠠᠵᠢᠯ ᠡᠷᠢᠭᠰᠡᠳ᠎ᠲᠤ ᠠᠮᠤᠷ ᠲᠦᠪᠰᠢᠨ ᠂ ᠦᠨᠳᠤᠷ ᠪᠦᠳᠦᠮᠵᠢᠳᠡᠢ ᠂ ᠲᠦᠬᠦᠮ ᠲᠦᠳᠡ ᠠᠵᠢᠯ ᠤᠯᠭᠤᠬᠤ ᠲᠠᠪᠴᠠᠩ ᠬᠠᠩᠭᠠᠵᠥ ᠂ ᠠᠵᠥ ᠠᠬᠤᠢᠯᠠᠯ᠎ᠤᠨ ᠡᠮᠬᠢ ᠵᠢᠷᠤᠮ᠎ᠲᠠᠢ᠎ᠪᠠᠷ ᠠᠵᠢᠯ᠎ᠢᠶᠡᠨ ᠰᠡᠷᠬᠦᠬᠡᠵᠥ ᠦᠢᠯᠡᠳᠪᠤᠷᠢᠯᠡᠯ᠎ᠢᠶᠡᠨ ᠰᠡᠷᠬᠦᠬᠡᠬᠦ᠎ᠳ᠋ᠤ ᠲᠤᠰᠠᠯᠠᠪᠠ ᠃ 3 ᠰᠠᠷ᠎ᠠ᠎ᠶᠢᠨ 10᠎ᠤ ᠡᠳᠤᠷ ᠪᠤᠯᠳᠠᠯ᠎ᠠ ᠂ ᠰᠦᠯᠵᠢᠶᠡᠨ ᠲᠡᠬᠡᠷ᠎ᠡ ᠠᠵᠢᠯᠳᠠᠨ ᠡᠯᠰᠡᠬᠦ ᠭᠠᠷᠠᠭ᠎ᠤᠨ ᠠᠵᠢᠯᠯᠠᠭ᠎ᠠ᠎ᠳ᠋ᠤ ᠤᠷᠤᠯᠴᠠᠭᠰᠠᠠ ᠠᠵᠥ ᠠᠬᠤᠢᠯᠠᠯ 148 ᠪᠠᠢᠵᠥ ᠂ 8000 ᠰᠢᠬᠠᠮ ᠠᠵᠢᠯ᠎ᠤᠨ ᠪᠠᠢᠷᠢ ᠬᠠᠩᠭᠠᠪᠠ ᠃ ᠠᠵᠥ ᠠᠬᠤᠢᠯᠠᠯ᠎ᠤᠨ ᠠᠵᠢᠯ᠎ᠢᠶᠡᠨ ᠰᠡᠷᠬᠦᠬᠡᠵᠥ ᠦᠢᠯᠡᠳᠪᠤᠷᠢᠯᠡᠯ᠎ᠢᠶᠡᠨ ᠰᠡᠷᠬᠦᠬᠡᠬᠦ᠎ᠶᠢ ᠲᠦᠷᠬᠡᠳᠬᠡᠪᠡ ᠃ ᠪᠦᠬᠦ ᠬᠤᠳᠠ᠎ᠶᠢᠨ ᠬᠡᠪᠴᠢᠶᠡᠵᠢᠯ᠎ᠡᠴᠠ ᠲᠡᠭᠡᠭᠰᠢᠬᠢ ᠠᠵᠥ ᠦᠢᠯᠡᠳᠪᠤᠷᠢ᠎ᠶᠢᠨ ᠠᠵᠥ ᠠᠬᠤᠢᠯᠠᠯ᠎ᠤᠨ ᠠᠵᠢᠯ᠎ᠢᠶᠡᠨ ᠰᠡᠷᠬᠦᠬᠡᠭᠰᠡᠡ ᠪᠠᠢᠳᠠᠯ ᠂ ᠬᠦᠷᠢᠶᠡᠯᠡᠩ ᠲᠤᠭᠤᠷᠢᠭ᠎ᠤᠨ ᠠᠵᠥ ᠠᠬᠤᠢᠯᠠᠯ ᠪᠤᠯᠤᠨ ᠭᠤᠤᠯᠳᠠᠯᠭ᠎ᠠ᠎ᠲᠠᠢ ᠲᠦᠷᠦᠯ ᠵᠦᠢᠯ᠎ᠤᠨ ᠠᠵᠢᠯ᠎ᠢᠶᠡᠨ ᠡᠬᠢᠯᠡᠬᠦᠯᠵᠥ ᠠᠵᠢᠯ᠎ᠢᠶᠡᠨ ᠰᠡᠷᠬᠦᠬᠡᠭᠰᠡᠡ ᠪᠠᠢᠳᠠᠯ᠎ᠳ᠋ᠤ ᠭᠠᠷᠠᠭ᠎ᠢᠶᠠᠷ ᠲᠤᠬᠢᠷᠠᠭᠤᠯᠤᠯᠳᠠ ᠬᠢᠬᠦ ᠲᠦᠷᠢᠮ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠥ ᠂ ᠠᠵᠥ ᠠᠬᠤᠢᠯᠠᠯ᠎ᠳ᠋ᠤ ᠬᠠᠪᠰᠤᠷᠤᠨ ᠪᠤᠳᠠᠳᠠᠢ ᠠᠰᠠᠭᠤᠳᠠᠯ᠎ᠢ᠎ᠨᠢ ᠰᠢᠢᠳᠪᠤᠷᠢᠯᠡᠵᠥ ᠂ ᠠᠵᠥ ᠠᠬᠤᠢᠯᠠᠯ᠎ᠤᠨ ᠠᠵᠢᠯ᠎ᠢᠶᠡᠨ ᠰᠡᠷᠬᠦᠬᠡᠵᠥ ᠦᠢᠯᠡᠳᠪᠤᠷᠢᠯᠡᠯ᠎ᠢᠶᠡᠨ ᠰᠡᠷᠬᠦᠬᠡᠬᠦ᠎ᠶᠢ ᠡᠮᠬᠢ ᠵᠢᠷᠤᠮ᠎ᠲᠠᠢ ᠠᠬᠢᠭᠤᠯᠬᠤ᠎ᠶᠢ ᠦᠨᠡᠨ ᠬᠦ ᠪᠡᠶᠡᠯᠡᠬᠦᠯᠪᠡ ᠃ ᠡᠬᠦᠨ᠎ᠤ ᠵᠡᠷᠬᠡ᠎ᠪᠠᠷ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠡᠷᠬᠡ ᠭᠤᠤᠯᠳᠠᠯᠭ᠎ᠠ᠎ᠲᠠᠢ ᠠᠵᠢᠯ᠎ᠢ ᠠᠬᠢᠭᠤᠯᠪᠠ ᠃ ᠪᠦᠬᠦ ᠬᠤᠳᠠ᠎ᠶᠢᠨ 2020 ᠤᠨ᠎ᠤ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠤᠨ ᠸᠢᠳᠢᠣ᠋ ᠬᠤᠷᠡᠯ᠎ᠢ ᠬᠤᠷᠡᠯᠳᠤᠭᠤᠯᠵᠥ ᠂ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠢᠯᠠᠯᠳᠤᠭᠠᠨ ᠬᠢᠵᠥ ᠰᠢᠢᠳᠪᠤᠷᠢᠳᠤ ᠢᠯᠠᠯᠳᠡ᠎ᠶᠢ ᠤᠯᠬᠤ ᠭᠤᠤᠯᠳᠠᠯᠭ᠎ᠠ᠎ᠲᠠᠢ ᠠᠵᠢᠯ ᠡᠬᠦᠷᠬᠡ᠎ᠶᠢ ᠲᠤᠬᠢᠷᠠᠭᠤᠯᠤᠨ ᠪᠠᠢᠷᠢᠯᠠᠭᠤᠯᠵᠥ ᠂ ᠠᠷᠭ᠎ᠠ ᠪᠦᠬᠦᠨ᠎ᠢ ᠰᠦᠪᠡᠭᠴᠢᠯᠡᠨ ᠬᠢᠵᠢᠭ᠎ᠤᠨ ᠪᠠᠢᠳᠠᠯ᠎ᠤᠨ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠎ᠳ᠋ᠤ ᠦᠵᠡᠬᠦᠯᠬᠦ ᠨᠦᠯᠥᠬᠡ᠎ᠶᠢ ᠪᠠᠭᠠᠰᠬᠠᠵᠥ ᠂ ᠶᠠᠳᠠᠭᠤ᠎ᠡᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠬᠡ᠎ᠪᠠᠨ ᠲᠤᠭᠳᠠᠭᠰᠠᠠ ᠬᠤᠭᠤᠴᠠᠭᠠᠨ᠎ᠳ᠋ᠤ ᠪᠡᠶᠡᠯᠡᠬᠦᠯᠬᠦ᠎ᠶᠢ ᠪᠠᠳᠤᠯᠠᠬᠤ᠎ᠪᠠᠷ ᠴᠢᠷᠮᠠᠢᠪᠠ ᠃ ᠲᠠᠷᠢᠶᠠᠯᠠᠩ᠎ᠤᠨ ᠬᠡᠷᠡᠭᠰᠡᠯ ᠦᠢᠯᠡᠳᠪᠤᠷᠢᠯᠡᠬᠦ ᠠᠵᠥ ᠠᠬᠤᠢᠯᠠᠯ᠎ᠤᠨ ᠲᠦᠷᠬᠡᠬᠡᠨ ᠠᠵᠢᠯ᠎ᠢᠶᠡᠨ ᠰᠡᠷᠬᠦᠬᠡᠵᠥ ᠦᠢᠯᠡᠳᠪᠤᠷᠢᠯᠡᠯ᠎ᠢᠶᠡᠨ ᠰᠡᠷᠬᠦᠬᠡᠬᠦ᠎ᠶᠢ ᠢᠳᠡᠪᠬᠢᠳᠡᠢ ᠠᠬᠢᠭᠤᠯᠵᠥ ᠂ ᠲᠠᠷᠢᠶᠠᠯᠠᠩ᠎ᠤᠨ ᠬᠡᠷᠡᠭᠰᠡᠯ᠎ᠤᠨ ᠪᠠᠳᠤᠯᠠᠭ᠎ᠠ ᠬᠠᠩᠭᠠᠯᠭ᠎ᠠ᠎ᠶᠢ ᠴᠢᠩᠭᠠᠳᠬᠠᠵᠥ ᠂ ᠲᠤᠬᠢᠷᠠᠭᠤᠯᠤᠨ ᠵᠦᠬᠡᠬᠡᠪᠤᠷᠢᠯᠡᠬᠦ ᠵᠠᠮ᠎ᠤᠨ ᠰᠠᠭᠠᠳ ᠦᠬᠡᠢ ᠨᠡᠪᠳᠡᠷᠡᠬᠦ᠎ᠶᠢ ᠪᠠᠳᠤᠯᠠᠵᠥ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠦᠨᠡᠨ ᠬᠦ ᠰᠠᠢᠳᠤᠷ ᠠᠳᠬᠤᠪᠠ ᠃ ᠠᠵᠢᠯ ᠤᠯᠭᠤᠯᠳᠠ ᠂ ᠰᠤᠷᠭᠠᠨ ᠬᠦᠮᠥᠵᠢᠯ ᠂ ᠬᠠᠩᠭᠠᠯᠭ᠎ᠠ᠎ᠶᠢ ᠪᠠᠳᠤᠯᠠᠵᠥ ᠦᠨ᠎ᠡ ᠬᠠᠩᠰᠢ᠎ᠶᠢ ᠲᠤᠭᠳᠠᠭᠤᠨ ᠪᠠᠢᠯᠭᠠᠬᠤ ᠵᠡᠷᠬᠡ ᠨᠡᠢᠬᠡᠮ᠎ᠤᠨ ᠦᠢᠯᠡᠰ ᠪᠤᠯᠤᠨ ᠠᠷᠠᠳ᠎ᠤᠨ ᠠᠮᠢᠳᠤᠷᠠᠯ᠎ᠤᠨ ᠪᠠᠳᠤᠯᠠᠭ᠎ᠠ᠎ᠶᠢᠨ ᠠᠵᠢᠯ᠎ᠢ ᠬᠦᠴᠦᠯᠡᠨ ᠴᠢᠩᠭᠠᠳᠬᠠᠵᠠᠢ ᠭᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠴᠣᠷᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面