ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-03-18 14:14:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

1. ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ ᠭᠡᠳᠡᠭ᠎ᠨᠢ ᠶᠠᠭᠤ ᠪᠤᠢ ︖
ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠬᠡᠷᠡᠭ᠎ᠢ ᠪᠠᠶᠢᠭᠠᠯᠢ᠎ᠶᠢᠨ ᠭᠠᠮᠰᠢᠭ᠎᠂ ᠠᠳᠡᠯ ᠂ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ ᠂ ᠨᠡᠶᠢᠭᠡᠮ᠎ᠤᠨ ᠠᠮᠤᠷ ᠲᠦᠪᠰᠢᠨ᠎ᠤ ᠬᠡᠷᠡᠭ ᠭᠡᠵᠦ ᠳᠦᠷᠪᠡᠨ ᠵᠦᠢᠯ᠎ᠢᠶᠠᠷ ᠠᠩᠭᠢᠯᠠᠨ ᠬᠤᠪᠢᠶᠠᠷᠢᠯᠠᠵᠤ ᠪᠠᠶᠢᠭ᠎ᠠ ᠶᠤᠮ ᠃ ᠡᠭᠦᠨ᠎ᠤ ᠳᠤᠲᠤᠷ᠎ᠠ ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ ᠭᠡᠳᠡᠭ ᠪᠤᠯ ᠳᠠᠷᠤᠢ ᠬᠡᠷᠡᠭ᠎ᠨᠢ ᠭᠡᠨᠡᠳᠳᠡ ᠡᠭᠦᠰᠦᠭᠰᠡᠨ ᠂ ᠤᠯᠠᠨ ᠲᠦᠮᠡᠨ᠎ᠤ ᠡᠷᠡᠭᠦᠯ ᠮᠡᠨᠳᠦ᠎ᠶᠢ ᠬᠦᠨᠳᠦ ᠨᠤᠴᠢᠲᠡᠢ ᠬᠦᠨᠦᠭᠡᠭᠰᠡᠨ ᠲᠤᠮᠤ ᠶᠡᠭᠡ ᠬᠠᠯᠳᠠᠪᠤᠷᠢᠳᠤ ᠴᠢᠨᠠᠷ᠎ᠲᠠᠢ ᠬᠢᠵᠢᠭ ᠂ ᠤᠯᠠᠨ ᠬᠦᠮᠦᠨ᠎ᠳ᠋ᠤ ᠳᠤᠰᠤᠭᠰᠠᠨ ᠲᠤᠳᠤᠷᠬᠠᠢ ᠪᠤᠰᠤ ᠰᠢᠯᠲᠠᠭᠠᠨ᠎ᠲᠠᠢ ᠡᠪᠡᠳᠴᠢᠨ ᠳᠠᠬᠤᠯ ᠂ ᠴᠢᠬᠤᠯᠠ ᠶᠡᠭᠡ ᠢᠳᠡᠭᠡᠨ᠎ᠤ ᠬᠤᠤᠷᠳᠠᠯ ᠪᠤᠶᠤ ᠲᠤᠰᠬᠠᠢ ᠠᠵᠢᠯ ᠲᠦᠷᠦᠯ᠎ᠤᠨ ᠬᠤᠤᠷᠳᠠᠭᠳᠠᠯ ᠵᠢᠴᠢ ᠪᠤᠰᠤᠳ ᠤᠯᠠᠨ ᠨᠡᠶᠢᠲᠡ᠎ᠶᠢᠨ ᠡᠷᠡᠭᠦᠯ ᠮᠡᠨᠳᠦ᠎ᠶᠢ ᠬᠦᠨᠳᠦ ᠨᠤᠴᠢᠲᠠᠢ ᠨᠥᠯᠥᠬᠡᠯᠡᠵᠤ ᠮᠡᠳᠡᠬᠦ ᠬᠡᠷᠡᠭ ᠭᠠᠷᠤᠭᠰᠠᠨ᠎ᠢ ᠵᠢᠭᠠᠵᠤ ᠪᠤᠢ ᠃
2. ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠢ ᠬᠡᠷᠬᠢᠨ ᠠᠩᠬᠢᠯᠠᠳᠠᠭ ᠪᠤᠢ ︖
ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠤᠨ ᠰᠢᠨᠵᠢ ᠴᠢᠨᠠᠷ ᠂ ᠬᠦᠨᠦᠭᠡᠯ᠎ᠤᠨ ᠬᠡᠮᠵᠢᠶ᠎ᠡ ᠂ ᠬᠤᠯᠪᠤᠭᠳᠠᠭᠰᠠᠨ ᠬᠦᠷᠢᠶ᠎ᠡ ᠬᠡᠪᠴᠢᠶ᠎ᠡ ᠵᠡᠷᠭᠡ᠎ᠶᠢ ᠦᠨᠳᠦᠰᠦᠯᠡᠵᠦ ᠂ ᠤᠨᠴᠠ ᠲᠤᠮᠤ ᠶᠡᠬᠡ ᠂ ︵ Ⅰ ᠲᠡᠰ ᠂ ᠤᠯᠠᠭᠠᠨ ᠦᠡᠭᠭᠡ᠎ᠪᠠᠷ ᠢᠯᠡᠳᠭᠡᠨ᠎ᠡ ︶ ︔ ᠲᠤᠮᠤ ᠶᠡᠭᠡ ︵ Ⅱ ᠲᠡᠰ ᠂ ᠤᠯᠠᠪᠤᠷ ᠰᠢᠷ᠎ᠠ ᠦᠡᠭᠭᠡ᠎ᠪᠠᠷ ᠢᠯᠡᠳᠭᠡᠨ᠎ᠡ ︶ ︔ ᠨᠡᠯᠢᠶᠡᠳ ᠶᠡᠭᠡ ︵ Ⅲ ᠲᠡᠰ ᠂ ᠰᠢᠷ᠎ᠠ ᠦᠡᠭᠭᠡ᠎ᠪᠠᠷ ᠢᠯᠡᠳᠭᠡᠨ᠎ᠡ ︶ ᠪᠤᠯᠤᠨ ᠶᠡᠷᠦᠳᠡ᠎ᠶᠢᠨ ︵ Ⅳ ᠲᠡᠰ ᠂ ᠬᠦᠬᠡ ᠦᠡᠭᠭᠡ᠎ᠪᠠᠷ ᠢᠯᠡᠳᠭᠡᠨ᠎ᠡ ︶ ᠭᠡᠵᠦ ᠳᠦᠷᠪᠡᠨ ᠲᠡᠰ ᠬᠤᠪᠢᠶᠠᠳᠠᠭ ᠃
3. ᠰᠢᠨ᠎ᠠ ᠳᠢᠳᠢᠮᠯᠢᠭ ᠠᠭᠤᠰᠬᠢᠨ ᠦᠷᠪᠢᠰᠦᠯ᠎ᠨᠢ ᠶᠠᠮᠠᠷ ᠲᠠᠰ᠎ᠲᠤᠨᠢ ᠪᠠᠭᠳᠠᠳᠠᠭ ᠪᠤᠢ ︖
2020 ᠤᠨ᠎ᠤ 1 ᠰᠠᠷ᠎ᠠ᠎ᠶᠢᠨ 21᠎ᠳ᠋ᠤ ᠤᠯᠤᠰ᠎ᠤᠨ ᠡᠷᠡᠭᠦᠯ ᠬᠠᠮᠠᠭᠠᠯᠠᠯ᠎ᠤᠨ ᠵᠦᠪᠯᠡᠯ᠎ᠡᠴᠠ 1 ᠳ᠋ᠤᠬᠡᠷ ᠲᠤᠭᠠᠲᠤ ᠠᠯᠪᠠᠨ ᠮᠡᠲᠡᠭᠡ ᠨᠡᠶᠢᠲᠡᠯᠡᠵᠦ ᠂ ᠰᠢᠨ᠎ᠠ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠯᠳᠠᠪᠤᠷᠢᠳᠤ ᠡᠪᠡᠳᠴᠢᠨ᠎ᠢ ᠰᠡᠷᠭᠡᠶᠢᠯᠡᠨ ᠵᠠᠰᠠᠬᠤ ᠬᠠᠤᠯᠢ ︾᠎ᠳ᠋ᠤ ᠳᠤᠭᠲᠠᠭᠠᠭᠰᠠᠨ ᠬᠦᠬᠡᠭᠴᠢᠨ ᠲᠦᠷᠦᠯ᠎ᠤᠨ ᠬᠠᠯᠳᠠᠪᠤᠷᠢᠳᠤ ᠡᠪᠡᠳᠴᠢᠨ᠎ᠤ ᠭᠡᠪᠴᠢᠶᠠᠨ᠎ᠳ᠋ᠤ ᠤᠷᠤᠭᠤᠯᠬᠤ᠎ᠶᠢᠨ ᠬᠠᠮᠳᠤ ᠬᠦᠬᠡ ᠲᠦᠷᠦᠯ᠎ᠤᠨ ᠬᠠᠯᠳᠠᠪᠤᠷᠢᠳᠤ ᠡᠪᠡᠳᠴᠢᠨ᠎ᠢ ᠤᠷᠢᠳᠴᠢᠯᠠᠨ ᠰᠡᠷᠭᠡᠶᠢᠯᠡᠵᠦ ᠂ ᠡᠷᠬᠡᠰᠢᠶᠡᠨ ᠳᠤᠭᠲᠠᠭᠠᠬᠤ ᠠᠷᠭ᠎ᠠ ᠬᠡᠮᠵᠢᠶ᠎ᠡ ᠠᠪᠬᠤ᠎ᠪᠠᠷ ᠵᠠᠷᠯᠠᠭᠰᠠᠨ ᠪᠠᠶᠢᠨ᠎ᠠ ᠃ ᠲᠠᠷᠤᠢ ᠤᠨᠴᠠ ᠲᠤᠮᠤ ᠶᠡᠭᠡ ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠲᠤ ᠪᠠᠭᠳᠠᠭᠠᠬᠰᠠᠨ ᠪᠠᠶᠢᠨ᠎ᠠ ᠃
4. ᠬᠠᠯᠳᠠᠪᠤᠷᠢᠳᠤ ᠡᠪᠡᠳᠴᠢᠨ ᠂ ᠬᠢᠵᠢᠭ ᠲᠠᠷᠬᠠᠨ ᠲᠡᠯᠭᠡᠷᠡᠭᠰᠡᠨ ᠦᠶ᠎ᠡ᠎ᠳ᠋ᠤ ᠠᠷᠠᠳ᠎ᠤᠨ ᠵᠠᠰᠠᠭ᠎ᠤᠨ ᠤᠷᠳᠤᠨ ᠪᠤᠳᠠᠳᠠᠢ ᠶᠠᠮᠠᠷ ᠶᠠᠮᠠᠷ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠬᠡ᠎ᠲᠠᠢ ᠪᠤᠢ ︖
ᠬᠠᠤᠯᠢ᠎ᠶᠢᠨ ᠲᠤᠬᠳᠠᠭᠠᠯ ᠶᠤᠰᠤᠭᠠᠷ ᠤᠨᠴᠠ ᠲᠤᠮᠤ ᠶᠡᠭᠡ ︵ Ⅰ ᠲᠡᠰ᠎ᠤᠨ ︶ ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ ᠡᠭᠦᠰᠦᠭᠰᠡᠨ ᠦᠶ᠎ᠡ᠎ᠳ᠋ᠤ ᠮᠤᠵᠢ᠎ᠶᠢᠨ ᠱᠠᠲᠤᠨ᠎ᠤ ᠵᠢᠯᠤᠭᠤᠳᠬᠤ ᠲᠦᠪ᠎ᠡᠴᠠ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠰᠢᠢᠳᠪᠦᠷᠢ ᠳᠤᠭᠲᠠᠭᠠᠯ᠎ᠤᠨ ᠪᠠᠶᠢᠷᠢᠯᠠᠭᠤᠯᠤᠯᠲᠠ ᠪᠤᠯᠤᠨ ᠨᠢᠭᠡᠲᠦᠮᠡᠯ᠎ᠲᠠᠢ ᠵᠢᠯᠤᠭᠤᠳᠤᠯᠭ᠎ᠠ᠎ᠶᠢ ᠦᠨᠳᠦᠰᠦᠯᠡᠵᠦ ᠂ ᠲᠤᠰ ᠵᠠᠰᠠᠭ ᠵᠠᠬᠢᠷᠭᠠᠨ᠎ᠤ ᠳᠤᠲᠤᠷᠠᠬᠢ ᠪᠠᠴᠢᠮ ᠠᠷᠭᠠᠴᠠᠬᠤ ᠠᠵᠢᠯ᠎ᠢ ᠰᠢᠳᠪᠦᠷᠢᠯᠡᠬᠦ ᠶᠠᠪᠤᠳᠠᠯ᠎ᠢ ᠬᠠᠷᠢᠭᠤᠴᠠᠬᠤ ᠶᠤᠰᠤᠳᠠᠢ ᠪᠠᠶᠢᠳᠠᠭ ᠃
ᠡᠨ᠋ᠨ ᠥᠶ᠎ᠠ᠎ᠳ᠋ᠤ ᠡᠯ᠎ᠡ ᠭᠠᠵᠠᠷ ᠂ ᠡᠯ᠎ᠡ ᠰᠠᠯᠠᠭ᠎ᠠ ᠮᠦᠴᠢᠷ ᠪᠠ ᠡᠯ᠎ᠡ ᠱᠠᠳᠤᠨ᠎ᠤ ᠡᠯ᠎ᠡ ᠲᠦᠷᠦᠯ᠎ᠤᠨ ᠡᠷᠡᠭᠦᠯ ᠬᠠᠮᠠᠭᠠᠯᠠᠯ ᠡᠮ ᠡᠮᠨᠡᠯᠭᠡ᠎ᠶᠢᠨ ᠪᠠᠶᠢᠭᠤᠯᠤᠮᠵᠢ ᠠᠩᠬ᠎ᠠ ᠳᠤᠳᠤᠯᠠᠨ ᠡᠮᠨᠡᠭᠰᠡᠨ ᠬᠠᠷᠢᠭᠤᠴᠠᠯᠭ᠎ᠠ᠎ᠶᠢᠨ ᠳᠦᠷᠢᠮ᠎ᠢ ᠨᠠᠶᠢᠳᠠᠪᠤᠷᠢᠵᠢᠭᠤᠯᠵᠤ ᠂ ᠡᠷᠳᠡ ᠢᠯᠡᠷᠡᠭᠦᠯᠵᠦ ᠂ ᠡᠷᠳᠡ ᠮᠡᠳᠡᠭᠦᠯᠵᠦ ᠂ ᠡᠷᠳᠡ ᠲᠤᠰᠠᠭᠠᠷᠯᠠᠵᠤ ᠂ ᠡᠷᠳᠡ ᠡᠮᠴᠢᠯᠡᠨ ᠵᠠᠰᠠᠬᠤ ᠪᠠ ᠲᠦᠪᠯᠡᠷᠡᠭᠦᠯᠦᠨ ᠠᠪᠤᠷᠠᠨ ᠡᠮᠨᠡᠬᠦ ᠭᠡᠷᠡᠭᠲᠡᠢ ᠃
︽ ᠬᠠᠯᠳᠠᠪᠤᠷᠢᠳᠤ ᠡᠪᠡᠳᠴᠢᠨ᠎ᠢ ᠰᠡᠷᠭᠡᠶᠢᠯᠡᠨ ᠵᠠᠰᠠᠬᠤ ᠬᠠᠤᠯᠢ ︾ ᠵᠡᠷᠭᠡ ᠬᠠᠤᠯᠢ ᠴᠠᠭᠠᠵᠠ᠎ᠶᠢᠨ ᠳᠤᠭᠲᠠᠭᠠᠯ᠎ᠢᠶᠠᠷ ᠪᠤᠯ ᠬᠠᠯᠳᠠᠪᠤᠷᠢᠳᠤ ᠡᠪᠡᠳᠴᠢᠨ ᠡᠭᠦᠰᠦᠭᠰᠡᠨ ᠪᠠ ᠲᠡᠯᠭᠡᠷᠡᠭᠰᠡᠨ ᠦᠶ᠎ᠡ᠎ᠳ᠋ᠤ ᠰᠢᠶᠠᠨ᠎ᠤ ᠱᠠᠲᠤᠨ᠎ᠡᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠳᠠᠷᠤᠢ ᠲᠦᠷᠭᠡᠨ ᠬᠦᠴᠦᠨ ᠪᠦᠬᠦᠢ ᠲᠠᠯ᠎ᠠ᠎ᠶᠢ ᠵᠤᠬᠢᠶᠠᠨ ᠪᠠᠶᠢᠭᠤᠯᠵᠤ ᠂ ᠤᠷᠢᠳᠴᠢᠯᠠᠨ ᠰᠡᠷᠭᠡᠶᠢᠯᠡᠬᠦ ᠂ ᠡᠷᠬᠡᠰᠢᠶᠠᠨ ᠬᠠᠮᠢᠶᠠᠷᠬᠤ ᠪᠡᠯᠡᠳᠭᠡᠯ ᠲᠦᠰᠦᠪ᠎ᠤᠨ ᠶᠤᠰᠤᠭᠠᠷ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ ᠂ ᠬᠠᠯᠳᠠᠪᠤᠷᠢᠳᠤ ᠡᠪᠡᠳᠴᠢᠨ᠎ᠤ ᠲᠠᠷᠬᠠᠨ ᠬᠠᠯᠳᠠᠪᠤᠷᠢᠯᠠᠬᠤ ᠵᠠᠮ ᠱᠤᠭᠤᠮ᠎ᠢ ᠲᠠᠰᠤᠯᠵᠤ ᠂ ᠴᠢᠬᠤᠯᠠᠲᠠᠢ ᠦᠶ᠎ᠡ᠎ᠳ᠋ᠤ ᠳᠡᠭᠡᠷ᠎ᠡ ᠨᠢᠭᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳ᠋ᠤ ᠮᠡᠳᠡᠭᠦᠯᠵᠦ ᠵᠦᠪᠰᠢᠶᠡᠷᠡᠭᠦᠯᠦᠭᠡᠳ ᠳᠤᠤᠷᠠᠬᠢ ᠪᠠᠴᠢᠮ ᠠᠷᠭ᠎ᠠ ᠬᠡᠮᠵᠢᠶ᠎ᠡ᠎ᠨᠦᠭᠦᠳ᠎ᠢ ᠠᠪᠴᠤ ᠨᠡᠶᠢᠲᠡ᠎ᠳ᠋ᠤ ᠵᠠᠷᠯᠠᠵᠤ ᠪᠤᠯᠤᠨ᠎ᠠ ᠄
︵ 1 ︶ ᠵᠠᠬ᠎ᠠ ᠳᠡᠯᠭᠡᠭᠦᠷ ᠂ ᠺᠢᠨᠣ᠋ ᠵᠥᠴᠥᠭᠡ᠎ᠶᠢᠨ ᠬᠦᠷᠢᠶᠡᠯᠡᠩ᠎ᠳ᠋ᠤ ᠲᠤᠭᠯᠠᠯᠲᠠ ᠭᠠᠷᠭᠠᠬᠤ ᠵᠡᠷᠭᠡ ᠤᠯᠠᠨ ᠬᠦᠮᠦᠨ᠎ᠤ ᠴᠤᠭᠯᠠᠷᠠᠭᠰᠠᠨ ᠬᠦᠳᠡᠯᠭᠡᠭᠡᠨ᠎ᠢ ᠬᠢᠵᠠᠭᠠᠷᠯᠠᠬᠤ ᠪᠤᠶᠤ ᠵᠤᠭᠰᠤᠭᠠᠵᠤ ᠪᠤᠯᠤᠨ᠎ᠠ ︔
︵ 2 ︶ ᠠᠵᠢᠯ ᠵᠤᠭᠰᠤᠭᠠᠬᠤ ᠂ ᠡᠵᠡᠩᠨᠡᠯᠲᠡ ᠬᠢᠬᠦ᠎ᠶᠢ ᠵᠤᠭᠰᠤᠭᠠᠬᠤ ᠂ ᠬᠢᠴᠢᠶᠡᠯ ᠵᠤᠭᠰᠤᠭᠠᠬᠤ ᠡᠷᠬᠡ᠎ᠲᠠᠢ ︔
︵ 3 ︶ ᠬᠠᠯᠳᠠᠪᠤᠷᠢᠳᠤ ᠡᠪᠡᠳᠴᠢᠨ᠎ᠤ ᠰᠢᠯᠲᠠᠭ᠎ᠲᠤ ᠪᠤᠬᠢᠷᠳᠠᠭᠰᠠᠨ ᠤᠯᠠᠨ ᠨᠡᠶᠢᠲᠡ᠎ᠶᠢᠨ ᠤᠰᠤ ᠤᠮᠳᠠᠭᠠᠨ᠎ᠤ ᠡᠬᠢ ᠰᠤᠷᠪᠤᠯᠵᠢ ᠂ ᠢᠳᠡᠭᠡᠨ᠎ᠤ ᠵᠦᠢᠯ ᠵᠢᠴᠢ ᠬᠤᠯᠪᠤᠭᠳᠠᠯ᠎ᠲᠠᠢ ᠡᠳ᠋ ᠪᠤᠳᠠᠰ᠎ᠢ ᠪᠢᠲᠡᠭᠦᠮᠵᠢᠯᠡᠬᠦ ᠪᠤᠶᠤ ᠪᠢᠲᠡᠭᠦᠮᠵᠢᠯᠡᠨ ᠬᠠᠳᠠᠭᠠᠯᠠᠬᠤ ᠡᠷᠬᠡ᠎ᠲᠠᠢ ︔
︵ 4 ︶ ᠬᠢᠵᠢᠭ ᠬᠠᠯᠳᠠᠪᠤᠷᠢᠯᠠᠬᠰᠠᠨ ᠭᠡᠷ᠎ᠤᠨ ᠲᠡᠵᠢᠭᠡᠪᠦᠷᠢ ᠪᠤᠯᠤᠨ ᠬᠡᠭᠡᠷ᠎ᠡ᠎ᠶᠢᠨ ᠠᠮᠢᠳᠠᠨ᠎ᠢ ᠡᠷᠬᠡᠰᠢᠶᠡᠬᠦ ᠪᠤᠶᠤ ᠠᠯᠠᠵᠤ ᠨᠢᠳᠤᠯᠬᠤ ᠡᠷᠬᠡ᠎ᠲᠠᠢ ︔
︵ 5 ︶ ᠬᠠᠯᠳᠠᠪᠤᠷᠢᠲᠤ ᠡᠪᠡᠳᠴᠢᠨ᠎ᠢ ᠲᠠᠷᠬᠠᠭᠠᠵᠤ ᠮᠡᠳᠡᠬᠦ ᠭᠠᠵᠠᠷ ᠤᠷᠤᠨ ᠲᠠᠯᠠᠪᠤᠷ᠎ᠢ ᠪᠢᠲᠡᠭᠦᠮᠵᠢᠯᠡᠬᠦ ᠡᠷᠬᠡ᠎ᠲᠠᠢ ︔
ᠳᠡᠭᠡᠷ᠎ᠡ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠳᠤᠤᠷ᠎ᠠ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠳᠡᠭᠡᠷ᠎ᠡ ᠵᠢᠬᠰᠠᠭᠠᠬᠰᠠᠨ ᠠᠷᠭ᠎ᠠ ᠬᠡᠮᠵᠢᠶ᠎ᠡ ᠠᠪᠬᠤ᠎ᠪᠠᠷ ᠮᠡᠳᠡᠭᠦᠯᠦᠭᠰᠡᠨ ᠮᠡᠳᠡᠭᠦᠯᠦᠯᠲᠡ᠎ᠶᠢ ᠭᠠᠷᠳᠠᠨ ᠠᠪᠤᠮᠠᠭᠴᠠ ᠲᠡᠷᠡ ᠲᠠᠷᠤᠢ᠎ᠳ᠋ᠤ᠎ᠨᠢ ᠰᠢᠢᠳᠪᠦᠷᠢ ᠭᠠᠷᠭᠠᠬᠤ ᠬᠡᠷᠡᠭᠲᠡᠢ ᠃
5. ᠬᠢᠵᠢᠭ᠎ᠤᠨ ᠤᠷᠤᠨ᠎ᠳ᠋ᠤ ᠪᠠᠰᠠ ᠶᠠᠮᠠᠷ ᠤᠨᠴᠠᠭᠠᠢ ᠠᠷᠭ᠎ᠠ ᠬᠡᠮᠵᠢᠶ᠎ᠠ ᠠᠪᠴᠤ ᠪᠤᠯᠳᠠᠭ ᠪᠤᠢ ︖
ᠬᠢᠵᠢᠭ᠎ᠤᠨ ᠤᠷᠤᠨ᠎ᠳ᠋ᠤ ᠳᠡᠭᠡᠷ᠎ᠡ ᠳᠤᠭᠲᠠᠭᠠᠭᠰᠠᠨ ᠪᠠᠴᠢᠮ ᠠᠷᠭ᠎ᠠ ᠬᠡᠮᠵᠢᠶ᠎ᠡ᠎ᠶᠢ ᠠᠪᠴᠤ ᠪᠤᠯᠬᠤ᠎ᠡᠴᠠ ᠭᠠᠳᠠᠨ᠎ᠠ ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠵᠦᠪᠰᠢᠶᠡᠷᠡᠯ᠎ᠢᠶᠠᠷ ᠳᠤᠤᠷᠠᠬᠢ ᠠᠷᠭ᠎ᠠ ᠬᠡᠮᠵᠢᠶ᠎ᠠ᠎ᠶᠢ ᠠᠪᠴᠤ ᠪᠤᠯᠤᠨ᠎ᠠ
︵ 1 ︶ ᠬᠢᠵᠢᠭ᠎ᠤᠨ ᠤᠷᠤᠨ᠎ᠢᠶᠠᠷ ᠭᠠᠷᠴᠤ ᠤᠷᠤᠵᠤ ᠪᠠᠶᠢᠭ᠎ᠠ ᠬᠦᠮᠦᠨ ᠂ ᠡᠳ᠋ ᠪᠤᠳᠠᠰ ᠪᠠ ᠵᠠᠮ ᠨᠡᠪᠲᠡᠷᠡᠯᠭᠡ᠎ᠶᠢᠨ ᠪᠠᠭᠠᠵᠢ ᠬᠡᠷᠡᠭᠰᠡᠯ᠎ᠳ᠋ᠤ ᠡᠷᠡᠭᠦᠯ ᠬᠠᠮᠠᠭᠠᠯᠠᠯ᠎ᠤᠨ ᠬᠢᠵᠢᠭ᠎ᠤᠨ ᠪᠠᠶᠢᠴᠠᠭᠠᠯᠲᠠ ᠬᠢᠨ᠎ᠡ ︔
︵ 2 ︶ ᠬᠢᠵᠢᠭ᠎ᠤᠨ ᠤᠷᠤᠨ᠎ᠳ᠋ᠤ ᠬᠠᠭᠠᠯᠲᠠ ᠬᠤᠷᠢᠭ ︵ ᠬᠦᠯ ᠬᠤᠷᠢᠬᠤ ︶ ᠬᠢᠬᠦ ︔
︵ 3 ︶ ᠬᠢᠵᠢᠭ᠎ᠤᠨ ᠤᠷᠤᠨ᠎ᠳ᠋ᠤ ᠬᠠᠭᠠᠯᠲᠠ ᠬᠤᠷᠢᠭ ᠬᠢᠭᠰᠡᠨ᠎ᠡᠴᠠ ᠵᠠᠮ ᠨᠡᠪᠲᠡᠷᠡᠯᠭᠡ᠎ᠶᠢᠨ ᠭᠤᠤᠯ ᠱᠤᠭᠤᠮ ᠪᠤᠶᠤ ᠤᠯᠤᠰ᠎ᠤᠨ ᠬᠢᠯᠢ᠎ᠶᠢ ᠬᠠᠭᠠᠵᠤ ᠬᠤᠷᠢᠬᠤ ᠃
6 . ᠪᠠᠴᠢᠮ ᠠᠷᠭ᠎ᠠ ᠬᠡᠮᠵᠢᠶ᠎ᠠ᠎ᠶᠢ ᠵᠠᠷᠯᠠᠬᠤ ᠂ ᠤᠬᠴᠠᠷᠠᠭᠤᠯᠬᠤ ᠲᠤᠬᠠᠢ ᠶᠠᠮᠠᠷ ᠲᠤᠬᠳᠠᠭᠠᠯ ᠪᠠᠶᠢᠳᠠᠭ ᠪᠤᠢ ︖
ᠬᠦᠬᠡ ᠲᠦᠷᠦᠯ ᠂ ᠬᠦᠬᠡᠭᠴᠢᠨ ᠲᠦᠷᠦᠯ᠎ᠤᠨ ᠬᠠᠯᠳᠠᠪᠤᠷᠢᠳᠤ ᠡᠪᠡᠳᠴᠢᠨ ᠡᠭᠦᠰᠴᠤ ᠂ ᠲᠠᠷᠬᠠᠭᠰᠠᠨ ᠦᠶ᠎ᠡ᠎ᠳ᠋ᠤ ᠂ ᠰᠢᠶᠠᠨ᠎ᠤ ᠱᠠᠲᠤᠨ᠎ᠡᠴᠠ ᠳᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠳᠡᠭᠡᠷ᠎ᠡ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠳ᠋ᠤ ᠮᠡᠳᠡᠭᠦᠯᠵᠦ ᠵᠦᠪᠰᠢᠶᠡᠷᠡᠭᠦᠯᠵᠦ ᠂ ᠲᠤᠰ ᠵᠠᠰᠠᠭ ᠵᠠᠬᠢᠷᠭᠠᠨ᠎ᠤ ᠬᠡᠰᠡᠭ ᠪᠤᠶᠤ ᠪᠦᠬᠦᠨ᠎ᠢ ᠬᠢᠵᠢᠭ᠎ᠤᠨ ᠤᠷᠤᠨ ᠪᠤᠯᠤᠭᠰᠠᠨ᠎ᠢᠶᠠᠷ ᠵᠠᠷᠯᠠᠬᠤ ᠡᠷᠬᠡ᠎ᠲᠠᠢ ᠃ ᠲᠦᠷᠦ᠎ᠶᠢᠨ ᠶᠠᠪᠤᠳᠠᠯ᠎ᠤᠨ ᠬᠤᠷᠢᠶᠠᠨ᠎ᠡᠴᠠ ᠮᠤᠵᠢ ᠂ ᠦᠪᠡᠷᠲᠡᠭᠡᠨ ᠵᠠᠰᠠᠬᠤ ᠤᠷᠤᠨ ᠂ ᠰᠢᠭᠤᠳ ᠬᠠᠷᠢᠶ᠎ᠠ ᠬᠤᠳᠠ᠎ᠶᠢ ᠳᠠᠮᠵᠢᠭᠰᠠᠨ ᠬᠢᠵᠢᠭ᠎ᠤᠨ ᠤᠷᠤᠨ ᠪᠤᠯᠬᠤ᠎ᠶᠢ ᠳᠤᠭᠲᠠᠭᠠᠬᠤ ᠡᠷᠬᠡ᠎ᠲᠠᠢ ᠃
ᠪᠠᠴᠢᠮ ᠠᠷᠭ᠎ᠠ ᠬᠡᠮᠵᠢᠶ᠎ᠡ᠎ᠶᠢ ᠤᠭᠴᠠᠷᠠᠭᠤᠯᠬᠤ᠎ᠳ᠋ᠤ ᠤᠤᠯ᠎ᠤᠨ ᠰᠢᠢᠳᠪᠤᠷᠢ ᠭᠠᠷᠭᠠᠭᠰᠠᠨ ᠪᠠᠶᠢᠭᠤᠯᠭ᠎ᠠ᠎ᠡᠴᠠ ᠳᠤᠭᠲᠠᠭᠠᠬᠤ ᠬᠡᠷᠡᠭᠲᠡᠢ ᠃
7. ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ ᠭᠠᠷᠤᠭᠰᠠᠨ ᠨᠦᠬᠦᠴᠡᠯ ᠳᠤᠤᠷ᠎ᠠ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠯᠠᠭ᠎ᠠ ᠮᠦᠴᠢᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠡᠷᠬᠡ ᠪᠠ ᠡᠭᠦᠷᠭᠡ᠎ᠲᠠᠢ ᠪᠠᠶᠢᠳᠠᠭ ᠪᠤᠢ ︖
︵ 1 ︶ ᠡᠪᠡᠳᠴᠢᠳᠡᠨ ᠂ ᠡᠪᠡᠳᠴᠢᠨ᠎ᠤ ᠰᠢᠯᠲᠠᠭᠠᠨ᠎ᠲᠠᠢ ᠪᠠᠶᠢᠭ᠎ᠠ ᠬᠦᠮᠦᠰ᠎ᠢ ᠲᠤᠰᠠᠭᠠᠷᠯᠠᠨ ᠡᠮᠴᠢᠯᠡᠵᠦ ᠂ ᠲᠤᠰᠠᠭᠠᠷᠯᠠᠬᠰᠠᠨ ᠬᠤᠭᠤᠴᠠᠭ᠎ᠠ᠎ᠶᠢ ᠡᠮᠨᠡᠯᠭᠡ᠎ᠶᠢᠨ ᠰᠢᠯᠭᠠᠨ ᠪᠠᠶᠢᠴᠠᠭᠠᠯᠲᠠ᠎ᠶᠢᠨ ᠳ᠋ᠦᠡᠭ᠎ᠢᠶᠠᠷ ᠳᠤᠭᠲᠠᠭᠠᠨ᠎ᠠ ︔
︵ 2 ︶ ᠰᠡᠵᠢᠭᠯᠡᠯᠲᠡᠢ ᠡᠪᠡᠳᠴᠢᠳᠡᠨ᠎ᠢ ᠨᠤᠲᠠᠯᠠᠬᠤ᠎ᠡᠴᠠ ᠡᠮᠦᠨ᠎ᠡ ᠭᠠᠵᠠᠷ ᠤᠷᠤᠨ ᠳᠤᠭᠲᠠᠭᠠᠵᠤ ᠂ ᠲᠠᠩ᠎ᠢᠶᠠᠷ᠎ᠨᠢ ᠲᠤᠰᠠᠭᠠᠷᠯᠠᠨ ᠡᠮᠴᠢᠯᠡᠬᠦ ᠡᠷᠬᠡ᠎ᠲᠠᠢ ︔
︵ 3 ︶ ᠡᠮᠨᠡᠯᠭᠡ᠎ᠶᠢᠨ ᠰᠠᠯᠠᠭ᠎ᠠ ᠮᠦᠴᠢᠷ᠎ᠤᠨ ᠳᠤᠲᠤᠭᠠᠳᠤ᠎ᠶᠢᠨ ᠡᠪᠡᠳᠴᠢᠳᠡᠨ ᠂ ᠡᠪᠡᠳᠴᠢᠨ᠎ᠤ ᠰᠢᠯᠲᠠᠭᠠᠨ᠎ᠲᠠᠢ ᠬᠦᠮᠦᠨ ᠂ ᠰᠡᠵᠢᠭᠯᠡᠯᠲᠡᠢ᠎ᠲᠠᠢ ᠡᠪᠡᠳᠴᠢᠲᠡᠨ᠎ᠲᠠᠢ ᠤᠶᠢᠷᠠᠳᠤᠭᠰᠠᠨ ᠬᠦᠮᠦᠨ᠎ᠢ ᠳᠤᠭᠲᠠᠭᠠᠭᠰᠠᠨ ᠤᠷᠤᠨ ᠪᠠᠶᠢᠷᠢ᠎ᠳ᠋ᠤ ᠪᠠᠶᠢᠷᠢᠯᠠᠭᠤᠯᠵᠤ ᠂ ᠡᠮᠨᠡᠯᠭᠡ᠎ᠶᠢᠨ ᠤᠬᠠᠭᠠᠨ᠎ᠤ ᠠᠵᠢᠬᠯᠠᠯᠳᠠ ᠬᠢᠬᠦ᠎ᠶᠢᠨ ᠬᠠᠮᠲᠤ ᠴᠢᠬᠤᠯᠠ ᠪᠦᠬᠦᠢ ᠰᠡᠷᠭᠡᠶᠢᠯᠡᠯᠲᠡ᠎ᠶᠢᠨ ᠠᠷᠭ᠎ᠠ ᠬᠡᠮᠵᠢᠶ᠎ᠡ ᠠᠪᠤᠭᠰᠠᠨ ᠪᠠᠶᠢᠬᠤ ᠬᠡᠷᠡᠭᠲᠡᠢ ︔
︵ 4 ︶ ᠲᠤᠰᠠᠭᠠᠷᠯᠠᠯᠳᠠ᠎ᠶᠢ ᠬᠦᠯᠢᠶᠡᠬᠦ ᠦᠭᠡᠢ ᠪᠤᠶᠤ ᠲᠤᠰᠠᠭᠠᠷᠯᠠᠯᠳᠠ᠎ᠶᠢᠨ ᠬᠤᠭᠤᠴᠠᠭ᠎ᠠ ᠭᠦᠢᠴᠡᠬᠦ᠎ᠡᠴᠠ ᠡᠮᠦᠨ᠎ᠡ ᠲᠤᠰᠠᠭᠠᠷᠯᠠᠬᠰᠠᠨ ᠭᠠᠵᠠᠷ ᠤᠷᠤᠨ᠎ᠡᠴᠠ ᠳᠤᠷ᠎ᠠ ᠵᠤᠷᠢᠭ᠎ᠢᠶᠠᠷ᠎ᠢᠶᠡᠨ ᠰᠠᠯᠵᠤ ᠶᠠᠪᠤᠭᠰᠠᠳ᠎ᠢ ᠳᠤᠲᠤᠭᠠᠳᠤ᠎ᠶᠢ ᠬᠠᠮᠠᠭᠠᠯᠠᠬᠤ ᠲᠤᠪᠴᠢᠶᠠᠨ᠎ᠡᠴᠠ ᠡᠮᠨᠡᠯᠭᠡ᠎ᠶᠢᠨ ᠰᠠᠯᠠᠭ᠎ᠠ ᠮᠦᠴᠢᠷ᠎ᠲᠠᠢ ᠬᠠᠪᠰᠤᠷᠤᠯᠴᠠᠵᠤ ᠠᠯᠪᠠᠳᠠᠨ ᠱᠠᠭᠠᠷᠳᠠᠵᠦ ᠲᠤᠰᠠᠭᠠᠷᠯᠠᠨ ᠡᠮᠨᠡᠬᠦ ᠬᠡᠷᠡᠭᠲᠡᠢ ᠃
︵ 5 ︶ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠯᠠᠭ᠎ᠠ ᠮᠦᠴᠢᠷ ᠵᠢᠴᠢ ᠪᠤᠰᠤᠳ ᠪᠠᠶᠢᠭᠤᠯᠤᠯᠭ᠎ᠠ ᠨᠢᠭᠡᠴᠡ ᠡᠪᠡᠳᠴᠢᠨ ᠡᠮᠬᠡᠭ᠎ᠢ ᠤᠷᠢᠳᠴᠢᠯᠠᠨ ᠰᠡᠷᠭᠡᠶᠢᠯᠡᠵᠦ ᠡᠷᠬᠡᠰᠢᠶᠡᠬᠦ ᠪᠠᠶᠢᠭᠤᠯᠤᠮᠵᠢ ᠪᠤᠯᠤᠨ ᠡᠮ ᠡᠮᠨᠡᠯᠭᠡ᠎ᠶᠢᠨ ᠪᠠᠶᠢᠭᠤᠯᠤᠮᠵᠢ ᠵᠠᠰᠠᠭ ᠵᠠᠬᠢᠷᠭᠠᠨ᠎ᠤ ᠬᠠᠮᠢᠶᠠᠷᠤᠯᠲᠠ ᠬᠢᠬᠦ ᠪᠤᠶᠤ ᠡᠰᠡᠬᠦᠯ᠎ᠡ ᠤᠷᠢᠳᠴᠢᠯᠠᠨ ᠰᠡᠷᠭᠡᠶᠢᠯᠡᠵᠦ ᠡᠷᠬᠡᠰᠢᠶᠡᠬᠦ ᠠᠷᠭ᠎ᠠ ᠬᠡᠮᠵᠢᠶ᠎ᠡ ᠠᠪᠤᠭᠰᠠᠨ ᠶᠠᠪᠤᠴᠠ᠎ᠳᠠᠭᠠᠨ ᠨᠢᠭᠡᠴᠢ ᠪᠤᠶᠤ ᠬᠤᠪᠢ ᠬᠦᠮᠦᠨ᠎ᠤ ᠬᠠᠤᠯᠢ ᠶᠤᠰᠤᠨ᠎ᠤ ᠡᠷᠬᠡ ᠠᠰᠢᠭ᠎ᠲᠤ ᠬᠠᠯᠳᠠᠭᠰᠠᠨ ᠬᠠᠮᠢᠶ᠎ᠠ ᠪᠦᠬᠦᠢ ᠨᠢᠭᠡᠴᠢ ᠪᠤᠶᠤ ᠬᠤᠪᠢ ᠬᠦᠮᠦᠨ᠎ᠨᠢ ᠬᠠᠤᠯᠢ ᠴᠠᠭᠠᠵᠠ᠎ᠶᠢᠨ ᠳᠤᠭᠲᠠᠭᠠᠯ ᠶᠤᠰᠤᠭᠠᠷ ᠵᠠᠰᠠᠭ ᠵᠠᠬᠢᠷᠭᠠᠨ᠎ᠤ ᠳᠠᠬᠢᠨ ᠵᠦᠪᠯᠡᠬᠦ᠎ᠶᠢ ᠭᠤᠶᠤᠴᠢᠯᠠᠬᠤ ᠪᠤᠶᠤ ᠡᠰᠡᠬᠦᠯ᠎ᠡ ᠬᠠᠤᠯᠢ ᠶᠤᠰᠤᠭᠠᠷ ᠵᠠᠰᠠᠭ ᠵᠠᠬᠢᠷᠭᠠᠨ᠎ᠤ ᠵᠠᠷᠭᠤ ᠬᠢᠵᠦ ᠬᠠᠤᠯᠢ ᠶᠤᠰᠤᠨ᠎ᠤ ᠡᠷᠬᠡ᠎ᠪᠠᠨ ᠬᠠᠮᠠᠭᠠᠯᠠᠵᠤ ᠪᠤᠯᠤᠨ᠎ᠠ ᠃
8. ᠪᠠᠶᠢᠭᠤᠯᠭ᠎ᠠ ᠨᠢᠭᠡᠴᠢ ᠪᠤᠯᠤᠨ ᠬᠤᠪᠢ ᠬᠦᠮᠦᠨ ᠰᠢᠨ᠎ᠠ ᠳᠢᠳᠢᠮᠯᠢᠭ ᠠᠭᠤᠰᠬᠢᠨ ᠦᠷᠪᠢᠰᠦᠯ᠎ᠲᠠᠢ ᠬᠦᠮᠦᠨ ᠪᠤᠶᠤ ᠰᠡᠵᠢᠭᠯᠡᠯᠲᠡᠢ ᠡᠪᠡᠳᠴᠢᠳᠠᠨ᠎ᠢ ᠢᠯᠡᠷᠡᠭᠦᠯᠪᠡᠯ ᠬᠡᠷᠬᠢᠨ ᠮᠡᠳᠡᠭᠦᠯᠬᠦ ᠪᠤᠢ ︖
︽ ᠬᠠᠯᠳᠠᠪᠤᠷᠢᠳᠤ ᠡᠪᠡᠳᠴᠢᠨ᠎ᠢ ᠰᠡᠷᠭᠡᠶᠢᠯᠡᠨ ᠵᠠᠰᠠᠬᠤ ᠬᠠᠤᠯᠢ ︾᠎ᠶᠢᠨ 31 ᠳ᠋ᠤᠭᠡᠷ ᠵᠦᠢᠯ᠎ᠳ᠋ᠤ ᠪᠠᠶᠢᠭᠤᠯᠤᠯᠭ᠎ᠠ ᠨᠢᠭᠡᠴᠢ ᠪᠤᠯᠤᠨ ᠬᠤᠪᠢ ᠬᠦᠮᠦᠨ ᠬᠠᠯᠳᠠᠪᠤᠷᠢᠳᠤ ᠬᠢᠵᠢᠭ ᠡᠪᠡᠳᠴᠢᠨ᠎ᠲᠠᠢ ᠬᠦᠮᠦᠨ ᠪᠤᠶᠤ ᠰᠡᠵᠢᠭᠯᠡᠯᠲᠡᠢ ᠬᠦᠮᠦᠨ᠎ᠢ ᠢᠯᠡᠷᠡᠭᠦᠯᠪᠡᠯ ᠤᠶᠢᠷ᠎ᠠ ᠤᠷᠴᠢᠮ᠎ᠤᠨ᠎ᠢᠶᠡᠨ ᠡᠪᠡᠳᠴᠢᠨ ᠡᠮᠬᠡᠭ᠎ᠢ ᠰᠡᠷᠭᠡᠶᠢᠯᠡᠨ ᠡᠵᠡᠮᠳᠡᠬᠦ ᠪᠠᠶᠢᠭᠤᠯᠭ᠎ᠠ ᠪᠤᠶᠤ ᠡᠮ ᠡᠮᠨᠡᠯᠭᠡ᠎ᠶᠢᠨ ᠪᠠᠶᠢᠭᠤᠯᠭ᠎ᠠ᠎ᠳ᠋ᠤ ᠴᠠᠭ ᠲᠤᠬᠠᠢ᠎ᠳ᠋ᠤ᠎ᠨᠢ ᠲᠦᠷᠭᠡᠨ ᠮᠡᠳᠡᠭᠦᠯᠬᠦ ᠬᠡᠷᠡᠭᠲᠡᠢ ᠭᠡᠵᠦ ᠳᠤᠭᠲᠠᠭᠠᠭᠰᠠᠨ ᠪᠠᠶᠢᠨ᠎ᠠ ᠃
︽ ᠬᠠᠯᠳᠠᠪᠤᠷᠢᠳᠤ ᠡᠪᠡᠳᠴᠢᠨ᠎ᠢ ᠰᠡᠷᠭᠡᠶᠢᠯᠡᠨ ᠵᠠᠰᠠᠬᠤ ᠬᠠᠤᠯᠢ ︾᠎ᠶᠢᠨ 12 ᠳ᠋ᠤᠭᠠᠷ ᠵᠦᠢᠯ᠎ᠳ᠋ᠤ ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠳᠡᠪᠢᠰᠭᠡᠷ᠎ᠤᠨ ᠳᠤᠲᠤᠷᠠᠬᠢ ᠠᠯᠢᠪᠠ ᠨᠢᠭᠡᠴᠢ ᠪᠤᠯᠤᠨ ᠬᠤᠪᠢ ᠬᠦᠮᠦᠨ ᠡᠷᠬᠡᠪᠰᠢ ᠡᠪᠡᠳᠴᠢᠨ ᠡᠮᠬᠡᠭ᠎ᠢ ᠤᠷᠢᠳᠴᠢᠯᠠᠨ ᠰᠡᠷᠭᠡᠶᠢᠯᠡᠵᠦ ᠡᠷᠬᠡᠰᠢᠶᠡᠬᠦ ᠪᠠᠶᠢᠭᠤᠯᠤᠮᠵᠢ ᠂ ᠡᠮᠴᠢᠯᠡᠭᠡᠨ᠎ᠤ ᠪᠠᠶᠢᠭᠤᠯᠤᠮᠵᠢ᠎ᠶᠢᠨ ᠬᠠᠮᠢᠶ᠎ᠠ ᠪᠦᠬᠦᠢ ᠬᠠᠯᠳᠠᠪᠤᠷᠢᠲᠤ ᠡᠪᠡᠳᠴᠢᠨ᠎ᠤ ᠲᠤᠬᠠᠢ ᠪᠠᠶᠢᠴᠠᠭᠠᠯᠲᠠ ᠬᠢᠬᠦ ᠂ ᠪᠠᠶᠢᠴᠠᠭᠠᠨ ᠰᠢᠯᠭᠠᠬᠤ ᠂ ᠵᠠᠭᠪᠤᠷ ᠴᠤᠬᠯᠠᠭᠤᠯᠬᠤ ᠂ ᠲᠤᠰᠠᠭᠠᠷᠯᠠᠨ ᠡᠮᠴᠢᠯᠡᠬᠦ ᠵᠡᠷᠭᠡ ᠤᠷᠢᠳᠴᠢᠯᠠᠨ ᠰᠡᠷᠭᠡᠶᠢᠯᠡᠬᠦ ᠂ ᠡᠷᠬᠡᠰᠢᠶᠡᠬᠦ ᠠᠷᠭ᠎ᠠ ᠬᠡᠮᠵᠢᠶ᠎ᠡ ᠠᠪᠬᠤ᠎ᠶᠢ ᠬᠦᠯᠢᠶᠡᠨ ᠠᠪᠴᠤ ᠂ ᠬᠤᠯᠪᠤᠭᠳᠠᠯ ᠪᠦᠬᠦᠢ ᠦᠨᠡᠨ ᠪᠤᠳᠠᠲᠤ ᠪᠠᠶᠢᠳᠠᠯ᠎ᠢᠶᠡᠨ ᠲᠤᠰᠬᠠᠵᠤ ᠦᠭᠭᠦᠭᠰᠡᠨ ᠪᠠᠶᠢᠬᠤ ᠬᠡᠷᠡᠭᠲᠡᠢ ᠬᠡᠵᠦ ᠲᠤᠳᠤᠷᠬᠠᠢ ᠳᠤᠭᠲᠠᠭᠠᠭᠰᠠᠨ ᠶᠤᠮ ᠃
9. ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ ᠭᠠᠷᠤᠬᠰᠠᠨ ᠦᠶ᠎ᠡ᠎ᠳ᠋ᠤ ᠪᠠᠶᠢᠭᠤᠯᠭ᠎ᠠ ᠨᠢᠭᠡᠴᠢ ᠂ ᠬᠤᠪᠢ ᠬᠦᠮᠦᠨ ︵ ᠡᠷᠭᠡᠳᠤ ᠠᠷᠠᠳ ︶ ᠶᠠᠮᠠᠷ ᠶᠠᠮᠠᠷ ᠡᠷᠬᠡ ᠡᠭᠦᠷᠭᠡ᠎ᠲᠠᠢ ᠪᠠᠶᠢᠬᠤ ᠪᠤᠢ ︖
︽ ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠢ ᠪᠠᠴᠢᠮ ᠠᠷᠭᠠᠴᠠᠬᠤ ᠳᠦᠷᠢᠮ ︾᠎ᠤᠨ ᠳᠤᠭᠲᠠᠭᠠᠯ᠎ᠢ ᠦᠨᠳᠦᠰᠦᠯᠡᠪᠡᠯ ᠭᠤᠤᠯᠳᠠᠭᠤ ᠳᠤᠤᠷᠠᠬᠢ ᠬᠡᠳᠦᠨ ᠲᠠᠯ᠎ᠠ᠎ᠶᠢᠨ ᠡᠷᠬᠡ ᠡᠭᠦᠷᠭᠡ᠎ᠲᠠᠢ ᠄
︵ 1 ︶ ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠢ ᠨᠢᠭᠡᠨᠲᠡ ᠨᠤᠲᠠᠯᠠᠭᠰᠠᠨ ᠨᠦᠬᠦᠴᠡᠯ ᠳᠤᠤᠷ᠎ᠠ ᠶᠠᠮᠠᠷᠪᠠ ᠪᠠᠶᠢᠭᠤᠯᠭ᠎ᠠ ᠂ ᠨᠢᠭᠡᠴᠢ ᠪᠤᠯᠤᠨ ᠬᠤᠪᠢ ᠬᠦᠮᠦᠨ ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠢ ᠨᠢᠭᠤᠨ ᠳᠠᠯᠳᠠᠯᠠᠬᠤ ᠂ ᠠᠯᠭᠤᠷᠯᠠᠨ ᠮᠡᠳᠡᠭᠦᠯᠬᠦ ᠂ ᠬᠤᠳᠠᠯ ᠮᠡᠳᠡᠭᠦᠯᠬᠦ ᠪᠤᠶᠤ ᠡᠰᠡᠬᠦᠯ᠎ᠡ ᠪᠤᠰᠤᠳ ᠬᠦᠮᠦᠨ᠎ᠢ ᠵᠢᠭᠠᠨ ᠳᠤᠬᠢᠵᠤ ᠨᠢᠭᠤᠨ ᠳᠠᠯᠳᠠᠯᠠᠭᠤᠯᠬᠤ ᠂ ᠠᠯᠭᠤᠷᠯᠠᠨ ᠮᠡᠲᠡᠬᠦᠯᠥᠬᠦᠯᠬᠦ ᠂ ᠬᠤᠳᠠᠯ ᠮᠡᠲᠡᠬᠦᠯᠥᠬᠦᠯᠵᠤ ᠪᠤᠯᠬᠤ ᠦᠭᠡᠢ ᠃
︵ 2 ︶ ᠶᠠᠮᠠᠷᠪᠠ ᠪᠠᠶᠢᠭᠤᠯᠭ᠎ᠠ ᠨᠢᠭᠡᠴᠢ ᠪᠤᠯᠤᠨ ᠬᠤᠪᠢ ᠬᠦᠮᠦᠨ ᠭᠡᠨᠡᠳᠳᠡ ᠡᠭᠦᠰᠦᠭᠰᠡᠨ ᠬᠡᠷᠡᠭ᠎ᠤᠨ ᠲᠠᠯᠳᠠ ᠠᠶᠤᠯ᠎ᠢ ᠠᠷᠠᠳ᠎ᠤᠨ ᠵᠠᠰᠠᠭ᠎ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠤ ᠮᠡᠳᠡᠭᠦᠯᠬᠦ ᠡᠷᠬᠡ᠎ᠲᠠᠢ ᠂ ᠳᠡᠭᠡᠷ᠎ᠡ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠤ ᠭᠠᠵᠠᠷ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠭᠡᠨᠡᠳᠳᠡ ᠡᠭᠦᠰᠦᠭᠰᠡᠨ ᠬᠡᠷᠡᠭ᠎ᠢ ᠪᠠᠴᠢᠮ ᠠᠷᠭᠠᠴᠠᠬᠤ ᠡᠭᠦᠷᠭᠡ ᠲᠤᠰᠢᠶᠠᠯ᠎ᠢᠶᠡᠨ ᠭᠦᠢᠴᠡᠳᠭᠡᠬᠦ ᠦᠭᠡᠢ ᠪᠤᠶᠤ ᠡᠰᠡᠬᠦᠯ᠎ᠡ ᠳᠤᠭᠲᠠᠭᠠᠯ ᠶᠤᠰᠤᠭᠠᠷ ᠲᠤᠰᠢᠶᠠᠯ᠎ᠢᠶᠡᠨ ᠭᠦᠢᠴᠡᠳᠭᠡᠬᠦ ᠦᠭᠡᠢ ᠪᠠᠶᠢᠭ᠎ᠠ ᠪᠠᠶᠢᠳᠠᠯ᠎ᠢ ᠢᠯᠡᠴᠢᠯᠡᠨ ᠮᠡᠳᠡᠭᠦᠯᠬᠦ ᠡᠷᠬᠡ᠎ᠲᠠᠢ ᠃
︵ 3 ︶ ᠭᠡᠨᠡᠳᠳᠡ ᠡᠭᠦᠰᠦᠭᠰᠡᠨ ᠬᠡᠷᠡᠭ᠎ᠤᠨ ᠳᠤᠮᠳᠠ ᠂ ᠲᠤᠰᠠᠭᠠᠷᠯᠠᠨ ᠡᠮᠴᠢᠯᠡᠬᠦ ᠂ ᠡᠮᠨᠡᠯᠭᠡ᠎ᠤᠨ ᠤᠬᠠᠭᠠᠨ᠎ᠤ ᠪᠠᠶᠢᠴᠠᠭᠠᠨ ᠠᠵᠢᠬᠯᠠᠯᠲᠠ᠎ᠶᠢᠨ ᠠᠷᠭ᠎ᠠ ᠬᠡᠮᠵᠢᠶ᠎ᠡ ᠠᠪᠬᠤ ᠱᠠᠭᠠᠷᠳᠠᠯᠭ᠎ᠠ᠎ᠲᠠᠢ ᠪᠤᠯᠤᠭᠰᠠᠨ ᠡᠪᠡᠳᠴᠢᠲᠡᠨ ᠂ ᠮᠠᠳᠠᠭ᠎ᠲᠠᠢ ᠡᠪᠡᠳᠴᠢᠲᠡᠨ ᠪᠠ ᠬᠠᠯᠳᠠᠪᠤᠷᠢᠲᠤ ᠡᠪᠡᠳᠴᠢᠲᠡᠨ᠎ᠲᠠᠢ ᠨᠢᠭᠲᠠ ᠤᠶᠢᠷᠠᠳᠤᠬᠰᠠᠨ ᠬᠦᠮᠦᠰ᠎ᠢ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠪᠠᠶᠢᠭᠤᠯᠭ᠎ᠠ ᠪᠤᠶᠤ ᠬᠤᠯᠪᠤᠭᠳᠠᠯ ᠪᠦᠬᠦᠢ ᠪᠠᠶᠢᠭᠤᠯᠭ᠎ᠠ᠎ᠡᠴᠠ ᠡᠮᠨᠡᠯᠭᠡ᠎ᠶᠢᠨ ᠤᠬᠠᠭᠠᠨ᠎ᠤ ᠠᠷᠭ᠎ᠠ ᠬᠡᠮᠵᠢᠶ᠎ᠡ ᠠᠪᠤᠭᠰᠠᠨ ᠦᠶ᠎ᠡ᠎ᠳ᠋ᠤ ᠬᠠᠮᠵᠢᠯᠴᠠᠬᠤ ᠬᠡᠷᠡᠭᠲᠡᠢ ︔ ᠬᠠᠮᠵᠢᠯᠴᠠᠬᠤ ᠦᠭᠡᠢ ᠪᠠᠶᠢᠬᠰᠡᠳ᠎ᠢ ᠳᠤᠲᠤᠭᠠᠳᠤ᠎ᠶᠢ ᠬᠠᠮᠠᠭᠠᠯᠠᠬᠤ ᠪᠠᠶᠢᠭᠤᠯᠭ᠎ᠠ᠎ᠡᠴᠠ ᠬᠠᠪᠰᠤᠷᠴᠤ ᠪᠠᠶᠢᠭᠠᠳ ᠠᠯᠪᠠᠳᠠᠨ ᠭᠦᠢᠴᠡᠳᠭᠡᠬᠦ ᠡᠷᠬᠡ᠎ᠲᠠᠢ ᠃
︵ 4 ︶ ᠭᠡᠨᠡᠳᠳᠡ ᠡᠭᠦᠰᠦᠭᠰᠡᠨ ᠬᠡᠷᠡᠭ᠎ᠤᠨ ᠳᠤᠮᠳᠠ ᠂ ᠴᠤᠤᠷᠬᠠᠯ ᠲᠠᠷᠬᠠᠭᠠᠭᠰᠠᠨ ᠂ ᠦᠨ᠎ᠡ ᠬᠠᠩᠰᠢ ᠦᠰᠭᠡᠭᠰᠡᠨ ᠂ ᠬᠡᠷᠡᠭᠯᠡᠭᠴᠢᠳ᠎ᠢ ᠮᠡᠬᠡᠯᠡᠭᠰᠡᠨ ᠂ ᠵᠠᠬ᠎ᠠ ᠳᠡᠯᠭᠡᠭᠦᠷ ᠪᠤᠯᠤᠨ ᠨᠡᠶᠢᠭᠡᠮ᠎ᠤᠨ ᠡᠮᠬᠢ ᠳᠢᠭᠯᠢᠮ᠎ᠢ ᠰᠠᠮᠠᠭᠤᠷᠠᠭᠤᠯᠤᠭᠰᠠᠨ ᠂ ᠠᠯᠪᠠᠨ ᠲᠤᠰᠢᠶᠠᠯ ᠭᠦᠢᠴᠡᠳᠭᠡᠵᠦ ᠪᠠᠶᠢᠭ᠎ᠠ ᠠᠵᠢᠯᠲᠠᠳ ᠂ ᠡᠮᠴᠢ ᠰᠤᠪᠢᠯᠠᠭᠴᠢᠳ᠎ᠢ ᠭᠦᠳᠭᠡᠨ ᠬᠠᠷᠢᠶᠠᠭᠰᠠᠨ ᠂ ᠵᠤᠳᠤᠵᠤ ᠴᠤᠬᠢᠭᠰᠠᠨ ᠂ ᠠᠷᠠᠳ᠎ᠤᠨ ᠴᠠᠭᠳᠠᠭ᠎ᠠ᠎ᠶᠢᠨ ᠲᠤᠰᠢᠶᠠᠯ ᠭᠦᠢᠴᠡᠳᠭᠡᠬᠦ᠎ᠶᠢ ᠬᠠᠷᠰᠢᠯᠠᠭᠰᠠᠨ ᠵᠡᠷᠭᠡ ᠠᠵᠢᠯᠯᠠᠭ᠎ᠠ ᠬᠢᠭᠰᠡᠳ᠎ᠢ ᠳᠤᠲᠤᠭᠠᠳᠤ᠎ᠶᠢ ᠬᠠᠮᠠᠭᠠᠯᠠᠬᠤ ᠪᠠᠶᠢᠭᠤᠯᠭ᠎ᠠ ᠪᠤᠶᠤ ᠠᠵᠤ ᠦᠢᠯᠡᠳᠪᠦᠷᠢ ᠠᠷᠠᠯᠵᠢᠶ᠎ᠠ ᠬᠤᠳᠠᠯᠳᠤᠭᠠᠨ᠎ᠤ ᠰᠠᠯᠠᠭ᠎ᠠ ᠮᠦᠴᠢᠷ ᠵᠠᠰᠠᠭ ᠵᠠᠬᠢᠷᠭᠠᠨ᠎ᠤ ᠰᠢᠳᠭᠡᠯ ᠦᠭᠬᠦ ᠡᠷᠬᠡ᠎ᠲᠠᠢ ︔ ᠶᠠᠯ᠎ᠠ ᠪᠦᠷᠢᠯᠳᠦᠭᠰᠡᠨ ᠪᠠᠶᠢᠪᠠᠯ ᠂ ᠬᠠᠤᠯᠢ ᠶᠤᠰᠤᠭᠠᠷ ᠡᠷᠡᠭᠦᠦ᠎ᠶᠢᠨ ᠬᠠᠷᠢᠭᠤᠴᠠᠯᠠᠭ᠎ᠠ᠎ᠶᠢ ᠨᠡᠬᠡᠮᠵᠢᠯᠡᠬᠦ ᠬᠡᠷᠡᠭᠲᠡᠢ ᠃
10. ᠵᠠᠷᠢᠮ ᠨᠢᠭᠡᠴᠢ ᠪᠤᠶᠤ ᠬᠤᠪᠢ ᠬᠦᠮᠦᠨ ᠵᠦᠪᠰᠢᠶᠡᠷᠡᠯ ᠠᠪᠤᠭᠰᠠᠨ ᠦᠭᠡᠢ᠎ᠪᠠᠷ ᠳᠤᠷ᠎ᠠ ᠲᠠᠪᠠ᠎ᠪᠠᠷ᠎ᠢᠶᠡᠨ ᠬᠤᠷᠢᠭ ᠭᠠᠷᠭᠠᠵᠤ ᠵᠠᠮ ᠳᠤᠰᠬᠤ ᠂ ᠵᠠᠮ ᠲᠠᠰᠤᠯᠤᠨ ᠵᠠᠮ ᠪᠦᠭᠯᠡᠬᠦ ᠂ ᠵᠠᠮ ᠨᠡᠪᠲᠡᠷᠡᠯᠭᠡ᠎ᠶᠢ ᠬᠠᠭᠠᠵᠤ ᠭᠠᠴᠢᠬᠰᠠᠨ᠎ᠨᠢ ᠬᠠᠤᠯᠢ᠎ᠳ᠋ᠤ ᠨᠡᠶᠢᠴᠡᠬᠦ ‍ᠤᠤ ︖
ᠬᠢᠵᠢᠭ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ᠎ᠳᠠᠭᠠᠨ ᠡᠷᠬᠡᠪᠰᠢ ᠭᠤᠤᠯ ᠴᠤᠭᠴᠠ᠎ᠨᠢ ᠬᠢᠷᠢ᠎ᠳ᠋ᠤ ᠲᠡᠩᠴᠡᠭᠰᠡᠨ ᠪᠠᠶᠢᠬᠤ ᠭᠡᠷᠡᠭᠲᠡᠢ ᠃ ᠭᠤᠤᠯ ᠴᠤᠭᠴᠠ᠎ᠨᠢ ᠬᠢᠷᠢ᠎ᠳ᠋ᠤ ᠲᠡᠩᠴᠡᠭᠰᠡᠨ ᠪᠠᠶᠢᠬᠤ ᠭᠡᠳᠡᠭ᠎ᠨᠢ ᠡᠳᠡᠭᠡᠷ ᠠᠪᠤᠭᠰᠠᠨ ᠠᠷᠭ᠎ᠠ ᠬᠡᠮᠵᠢᠶ᠎ᠡ᠎ᠨᠢ ᠵᠦᠪᠬᠡᠨ ᠠᠷᠠᠳ᠎ᠤᠨ ᠵᠠᠰᠠᠭ᠎ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ᠎ᠡᠴᠠ ᠬᠠᠤᠯᠢ ᠴᠠᠭᠠᠵᠠ᠎ᠶᠢᠨ ᠳᠤᠭᠲᠠᠭᠠᠯ ᠶᠤᠰᠤᠭᠠᠷ ᠬᠡᠷᠡᠭᠵᠢᠭᠦᠯᠦᠭᠰᠡᠨ ᠪᠠᠶᠢᠵᠤ ᠂ ᠪᠤᠰᠤᠳ ᠶᠠᠮᠠᠷᠪᠠ ᠨᠢᠭᠡᠴᠢ ᠪᠤᠶᠤ ᠬᠤᠪᠢ ᠬᠦᠮᠦᠨ ᠵᠦᠪᠰᠢᠶᠡᠷᠡᠯ ᠠᠪᠤᠭᠰᠠᠨ ᠦᠭᠡᠢ᠎ᠪᠠᠷ ᠳᠤᠷ᠎ᠠ ᠲᠠᠪᠠ᠎ᠪᠠᠷ᠎ᠢᠶᠡᠨ ᠬᠤᠷᠢᠭ ᠭᠠᠷᠭᠠᠵᠤ ᠵᠠᠮ ᠳᠤᠰᠬᠤ ᠂ ᠵᠠᠮ ᠲᠠᠰᠤᠯᠤᠨ ᠵᠠᠮ ᠪᠦᠭᠯᠡᠬᠦ ᠂ ᠵᠠᠮ ᠨᠡᠪᠲᠡᠷᠡᠯᠭᠡ᠎ᠶᠢ ᠬᠠᠭᠠᠵᠤ ᠭᠠᠴᠢᠬᠰᠠᠨ ᠵᠡᠷᠭᠡ ᠢᠷᠭᠡᠨ᠎ᠤ ᠡᠷᠬᠡ ᠠᠰᠢᠭ᠎ᠲᠤ ᠬᠠᠯᠳᠠᠭᠰᠠᠨ ᠠᠵᠢᠯᠯᠠᠭ᠎ᠠ ᠬᠢᠵᠦ ᠪᠤᠯᠬᠤ ᠦᠭᠡᠢ ᠃
11. ᠵᠠᠷᠢᠮ ᠭᠠᠵᠠᠷ ᠤᠷᠤᠨ᠎ᠳ᠋ᠤ ᠬᠠᠤᠯᠢ ᠴᠠᠭᠠᠵᠠ᠎ᠶᠢ ᠬᠡᠲᠥᠷᠡᠮᠡᠭᠡᠢ ᠬᠡᠷᠡᠭᠵᠢᠭᠦᠯᠵᠦ ᠂ ᠬᠦᠮᠦᠨ᠎ᠤ ᠪᠡᠶ᠎ᠡ᠎ᠶᠢᠨ ᠡᠷᠬᠡ ᠴᠢᠯᠦᠭᠡ ᠪᠤᠯᠤᠨ ᠡᠳ᠋ ᠬᠦᠷᠦᠩᠭᠡ᠎ᠶᠢᠨ ᠡᠷᠬᠡ᠎ᠳ᠋ᠤ ᠬᠠᠯᠳᠠᠭᠰᠠᠨ ᠬᠡᠷᠡᠭ᠎ᠤᠳ ᠭᠠᠷᠤᠭᠰᠠᠨ ᠪᠠᠶᠢᠨ᠎ᠠ ᠃ ᠡᠨ᠋ᠨ ᠲᠡᠯ᠎ᠡ᠎ᠪᠠᠷ ᠬᠠᠤᠯᠢ ᠴᠠᠭᠠᠵᠠ᠎ᠶᠢᠨ ᠶᠠᠮᠠᠷ ᠲᠤᠲᠤᠷᠬᠠᠢ ᠲᠤᠬᠳᠠᠭᠠᠯ ᠪᠠᠶᠢᠳᠠᠭ ᠪᠤᠢ ︖
ᠬᠢᠵᠢᠭ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ᠎ᠳᠠᠭᠠᠨ ᠠᠷᠭ᠎ᠠ ᠬᠡᠮᠵᠢᠶ᠎ᠡ᠎ᠨᠢ ᠳᠤᠬᠢᠷᠠᠮᠵᠢᠲᠠᠢ ᠪᠠᠶᠢᠬᠤ ᠬᠡᠷᠡᠭᠲᠡᠢ ᠃ ᠳᠠᠷᠤᠢ ᠬᠠᠤᠯᠢ ᠴᠠᠭᠠᠵᠠ᠎ᠶᠢᠨ ᠳᠤᠭᠲᠠᠭᠠᠯ ᠶᠤᠰᠤᠭᠠᠷ ᠬᠡᠷᠡᠭᠵᠢᠭᠦᠯᠬᠦ ᠬᠡᠷᠡᠭᠲᠡᠢ ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠰᠠᠯᠠᠭ᠎ᠠ ᠮᠦᠴᠢᠷ ᠬᠢᠵᠢᠭ᠎ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ᠎ᠳᠠᠭᠠᠨ ᠬᠢᠵᠢᠭ᠎ᠤᠨ ᠪᠠᠶᠢᠳᠠᠯ᠎ᠤᠨ ᠨᠡᠶᠢᠭᠡᠮ᠎ᠢ ᠬᠤᠬᠢᠷᠠᠭᠤᠯᠵᠤ ᠮᠡᠳᠡᠬᠦ ᠰᠢᠨᠵᠢ ᠴᠢᠨᠠᠷ ᠂ ᠬᠢᠷᠢ ᠬᠡᠮᠵᠢᠶ᠎ᠡ ᠪᠠ ᠬᠦᠷᠢᠶ᠎ᠡ ᠬᠡᠪᠴᠢᠶ᠎ᠡ᠎ᠲᠠᠢ᠎ᠨᠢ ᠵᠤᠬᠢᠴᠠᠭᠤᠯᠤᠨ ᠪᠤᠳᠤᠯᠬᠢᠯᠠᠬᠤ ᠬᠡᠷᠡᠭᠲᠡᠢ ᠃ ᠤᠯᠠᠨ ᠵᠦᠢᠯ᠎ᠤᠨ ᠠᠷᠭ᠎ᠠ ᠬᠡᠮᠵᠢᠶᠡᠨ᠎ᠤ ᠰᠤᠩᠭᠤᠯᠲᠠ᠎ᠲᠠᠢ ᠪᠠᠶᠢᠪᠠᠯ ᠂ ᠡᠷᠭᠡᠳᠤ ᠠᠷᠠᠳ ᠂ ᠬᠠᠤᠯᠢ᠎ᠶᠢᠨ ᠡᠷᠬᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠲᠠ᠎ᠶᠢᠨ ᠬᠠᠮᠤᠭ᠎ᠤᠨ ᠶᠡᠭᠡ ᠡᠷᠬᠡ ᠠᠰᠢᠭ᠎ᠢ ᠬᠠᠮᠠᠭᠠᠯᠠᠵᠤ ᠪᠤᠯᠬᠤ ᠠᠷᠭ᠎ᠠ ᠬᠡᠮᠵᠢᠶ᠎ᠡ᠎ᠶᠢ ᠰᠤᠩᠭᠤᠭᠰᠠᠨ ᠪᠠᠶᠢᠬᠤ ᠬᠡᠷᠡᠭᠲᠡᠢ ᠭᠡᠵᠦ ᠴᠢᠬᠤᠯᠠᠴᠢᠯᠠᠨ ᠵᠢᠭᠠᠵᠤ ᠭᠠᠷᠭᠠᠭᠰᠠᠨ ᠶᠤᠮ ᠃
12. ᠵᠠᠰᠠᠭ᠎ᠤᠨ ᠤᠷᠳᠤᠨ᠎ᠡᠴᠠ ᠭᠡᠨᠡᠳᠳᠡ ᠡᠭᠦᠰᠦᠭᠰᠡᠨ ᠬᠢᠵᠢᠭ᠎ᠢ ᠰᠡᠷᠭᠡᠶᠢᠯᠡᠨ ᠡᠷᠬᠡᠰᠢᠶᠡᠬᠦ ᠠᠷᠭ᠎ᠠ ᠬᠡᠮᠵᠢᠶ᠎ᠡ ᠠᠪᠤᠭᠰᠠᠨ᠎ᠡᠴᠠ ᠪᠤᠯᠤᠭᠠᠳ ᠵᠠᠷᠭᠤ ᠂ ᠵᠠᠰᠠᠭ ᠵᠠᠬᠢᠷᠭᠠᠨ᠎ᠤ ᠳᠠᠬᠢᠨ ᠵᠦᠪᠯᠡᠬᠦ ᠂ ᠬᠦᠨᠳᠡᠯᠡᠨ᠎ᠡᠴᠠ ᠲᠠᠰᠤᠯᠬᠤ ᠠᠵᠢᠯᠯᠠᠭ᠎ᠠ᠎ᠶᠢ ᠬᠡᠪ ᠶᠤᠰᠤᠭᠠᠷ ᠶᠠᠪᠤᠭᠳᠠᠭᠤᠯᠵᠤ ᠴᠢᠳᠠᠬᠤ ᠦᠭᠡᠢ ᠪᠤᠯᠤᠭᠰᠠᠨ ᠨᠦᠬᠦᠴᠡᠯ ᠳᠤᠤᠷ᠎ᠠ ᠬᠡᠷᠬᠢᠨ ᠰᠢᠢᠳᠪᠦᠷᠢᠯᠡᠬᠦ ᠪᠤᠢ ︖
︽ ᠭᠡᠨᠡᠳᠳᠡ ᠡᠭᠦᠰᠦᠭᠰᠡᠨ ᠤᠯᠠᠨ ᠨᠡᠶᠢᠲᠠ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠢ ᠪᠠᠴᠢᠮ ᠠᠷᠭᠠᠴᠠᠬᠤ ᠳᠦᠷᠢᠮ ︾᠎ᠤᠨ 13 ᠳ᠋ᠤᠭᠠᠷ ᠵᠦᠢᠯ᠎ᠳ᠋ᠤ ᠄ ᠭᠡᠨᠡᠳᠳᠡ ᠡᠭᠦᠰᠦᠭᠰᠡᠨ ᠬᠢᠵᠢᠭ᠎ᠢ ᠰᠡᠷᠭᠡᠶᠢᠯᠡᠨ ᠡᠷᠬᠡᠰᠢᠶᠡᠬᠦ ᠠᠷᠭ᠎ᠠ ᠬᠡᠮᠵᠢᠶ᠎ᠡ ᠠᠪᠤᠭᠰᠠᠨ᠎ᠡᠴᠠ ᠪᠤᠯᠤᠭᠠᠳ ᠵᠠᠷᠭᠤ ᠵᠠᠭᠠᠯᠳᠤᠯᠭ᠎ᠠ ᠬᠢᠬᠦ ᠂ ᠵᠠᠰᠠᠭ ᠵᠠᠬᠢᠷᠭᠠᠨ᠎ᠤ ᠳᠠᠬᠢᠨ ᠵᠦᠪᠯᠡᠬᠦ ᠂ ᠬᠦᠨᠳᠡᠯᠡᠨ᠎ᠡᠴᠠ ᠲᠠᠰᠤᠯᠬᠤ ᠠᠵᠢᠯᠯᠠᠭ᠎ᠠ᠎ᠶᠢ ᠬᠡᠪ ᠶᠤᠰᠤᠭᠠᠷ ᠶᠠᠪᠤᠭᠳᠠᠭᠤᠯᠵᠤ ᠴᠢᠳᠠᠬᠤ ᠦᠭᠡᠢ ᠪᠤᠯᠤᠭᠰᠠᠨ ᠨᠦᠬᠦᠴᠡᠯ ᠳᠤᠤᠷ᠎ᠠ ᠵᠠᠷᠭᠤ᠎ᠶᠢᠨ ᠬᠤᠭᠤᠴᠠᠭᠠᠨ᠎ᠤ ᠬᠦᠴᠦᠨ ᠲᠠᠰᠤᠯᠳᠠᠭᠰᠠᠨ ᠪᠠ ᠲᠡᠰ ᠵᠢᠷᠤᠮ ᠲᠠᠰᠤᠯᠳᠠᠭᠰᠠᠨ ᠳᠤᠭᠲᠠᠭᠠᠯ᠎ᠢ ᠬᠡᠷᠡᠭᠵᠢᠭᠦᠯᠦᠨ᠎ᠡ ᠂ ᠭᠡᠪᠡᠴᠦ ᠬᠠᠤᠯᠢ ᠴᠠᠭᠠᠵᠠ᠎ᠳ᠋ᠤ ᠠᠰ᠎ᠲᠠᠭᠠᠨ ᠳᠤᠭᠲᠠᠭᠠᠯ᠎ᠲᠠᠢ ᠡᠭᠦᠨ᠎ᠳ᠋ᠤ ᠪᠠᠭᠲᠠᠬᠤ ᠦᠭᠡᠢ ᠭᠡᠵᠦ ᠳᠤᠭᠲᠠᠭᠠᠭᠰᠠᠨ ᠪᠠᠶᠢᠳᠠᠭ ᠃ ᠪᠤᠳᠠᠲᠠᠢ ᠦᠢᠯᠡᠳᠦᠯᠭᠡ᠎ᠶᠢᠨ ᠳᠤᠮᠳᠠᠬᠢ ᠪᠠᠶᠢᠳᠠᠯ᠎ᠢ ᠵᠠᠳᠠᠯᠪᠠᠯ ᠄
︵ 1 ︶ ᠴᠠᠭ ᠲᠤᠬᠠᠢ᠎ᠳᠠᠭᠠᠨ ᠵᠠᠭᠠᠯᠳᠤᠵᠤ ᠴᠢᠳᠠᠭᠰᠠᠨ ᠦᠭᠡᠢ ᠪᠠᠶᠢᠪᠠᠯ ᠄
ᠲᠤᠬᠠᠢ᠎ᠶᠢᠨ ᠬᠦᠮᠦᠨ ᠡᠪᠡᠳᠴᠢᠯᠡᠭᠰᠡᠨ ᠂ ᠰᠡᠵᠢᠭᠯᠡᠯᠲᠡᠢ ᠡᠪᠡᠳᠴᠢᠳᠠᠨ ᠪᠤᠯᠤᠭᠰᠠᠨ ᠂ ᠬᠠᠤᠯᠢ ᠶᠤᠰᠤᠭᠠᠷ ᠲᠤᠰᠠᠭᠠᠷᠯᠠᠬᠳᠠᠬᠰᠠᠨ ᠪᠠᠶᠢᠳᠠᠯ᠎ᠳ᠋ᠤ ᠤᠷᠤᠭᠠᠳ ᠢᠷᠭᠡᠨ᠎ᠤ ᠵᠠᠷᠭᠤ᠎ᠶᠢᠨ ᠭᠤᠶᠤᠴᠢᠯᠠᠯ᠎ᠢᠶᠡᠨ ᠭᠦᠢᠴᠡᠳᠭᠡᠵᠦ ᠴᠢᠳᠠᠬᠤ ᠦᠭᠡᠢ ᠪᠤᠯᠤᠭᠰᠠᠨ ᠪᠠᠶᠢᠪᠠᠯ ︽ ᠢᠷᠭᠡᠨ᠎ᠤ ᠬᠠᠤᠯᠢ᠎ᠶᠢᠨ ᠶᠡᠷᠦᠩᠬᠡᠢ ᠳᠦᠷᠢᠮ ︾᠎ᠳ᠋ᠤ ᠳᠤᠭᠲᠠᠭᠠᠭᠰᠠᠨ ᠵᠠᠷᠭᠤ᠎ᠶᠢᠨ ᠬᠤᠭᠤᠴᠠᠭ᠎ᠠ ᠳᠤᠷᠭᠤᠨ ᠵᠤᠭᠰᠤᠭᠰᠠᠨ ᠬᠠᠮᠢᠶᠠᠲᠠᠢ ᠳᠦᠷᠢᠮ᠎ᠤᠨ ᠶᠤᠰᠤᠭᠠᠷ ᠭᠦᠢᠴᠡᠳᠭᠡᠵᠦ ᠪᠤᠯᠤᠨ᠎ᠠ ︔
︵ 2 ︶ ᠵᠠᠷᠭᠤ᠎ᠶᠢ ᠨᠢᠭᠡᠨᠲᠡ ᠬᠦᠯᠢᠶᠡᠨ ᠠᠪᠤᠬᠰᠠᠨ ᠪᠠᠶᠢᠵᠤ ᠶᠠᠭ ᠰᠢᠭᠦᠯᠲᠡ᠎ᠶᠢᠨ ᠶᠠᠪᠤᠴᠠ᠎ᠳ᠋ᠤ ᠪᠠᠶᠢᠭ᠎ᠠ ᠪᠤᠯ ᠄
︽ ᠢᠷᠭᠡᠨ᠎ᠤ ᠵᠠᠷᠭᠤ᠎ᠶᠢᠨ ᠬᠠᠤᠯᠢ ︾᠎ᠶᠢᠨ ᠳᠤᠭᠲᠠᠭᠠᠯ᠎ᠢᠶᠠᠷ ᠨᠢᠭᠡ ᠲᠠᠯ᠎ᠠ᠎ᠶᠢᠨ ᠲᠤᠬᠠᠢ᠎ᠶᠢᠨ ᠬᠦᠮᠦᠨ ᠡᠰᠡᠷᠭᠦᠴᠡᠵᠦ ᠴᠢᠳᠠᠰᠢ ᠦᠭᠡᠢ ᠤᠴᠢᠷ ᠰᠢᠯᠲᠠᠭᠠᠨ᠎ᠲᠠᠢ ᠪᠤᠯᠤᠭᠰᠠᠨ᠎ᠡᠴᠠ ᠵᠠᠷᠭᠤ᠎ᠳ᠋ᠤ ᠤᠷᠤᠯᠴᠠᠵᠤ ᠴᠢᠳᠠᠬᠤ ᠦᠭᠡᠢ ᠪᠤᠯᠤᠭᠰᠠᠨ ᠪᠠᠶᠢᠪᠠᠯ ᠵᠠᠷᠭᠤ᠎ᠶᠢ ᠳᠤᠷᠭᠤᠨ ᠵᠤᠭᠰᠤᠭᠠᠵᠤ ᠂ ᠳᠤᠷᠭᠤᠨ ᠵᠤᠭᠰᠤᠭᠠᠭᠰᠠᠨ ᠤᠴᠢᠷ ᠰᠢᠯᠲᠠᠭᠠᠨ ᠠᠷᠢᠯᠤᠬᠰᠠᠨ ᠦᠶ᠎ᠡ᠎ᠳ᠋ᠤ ᠵᠠᠷᠭᠤ᠎ᠶᠢ ᠰᠡᠷᠭᠦᠭᠡᠵᠦ ᠰᠢᠭᠦᠯᠲᠡ ᠬᠢᠨ᠎ᠡ ︔
︵ 1 ︶ ᠲᠤᠬᠠᠢ᠎ᠶᠢᠨ ᠬᠦᠮᠦᠨ ᠪᠤᠶᠤ ᠡᠰᠡᠬᠦᠯ᠎ᠡ ᠡᠷᠬᠡᠪᠰᠢ ᠵᠠᠷᠭᠤ᠎ᠳ᠋ᠤ ᠤᠷᠤᠯᠴᠠᠬᠤ ᠬᠡᠷᠡᠭᠲᠡᠢ ᠪᠤᠰᠤᠳ ᠬᠦᠮᠦᠨ ᠵᠠᠷᠭᠤ᠎ᠳ᠋ᠤ ᠤᠷᠤᠯᠴᠠᠬᠤ ᠬᠦᠮᠦᠨ᠎ᠨᠢ ᠡᠪᠡᠳᠴᠢᠯᠡᠭᠰᠡᠨ ᠂ ᠰᠡᠵᠢᠭᠯᠡᠯᠲᠡᠢ ᠡᠪᠡᠳᠴᠢᠳᠡᠨ ᠪᠤᠯᠤᠭᠰᠠᠨ ᠂ ᠬᠠᠤᠯᠢ ᠶᠤᠰᠤᠭᠠᠷ ᠲᠤᠰᠠᠭᠠᠷᠯᠠᠬᠳᠠᠬᠰᠠᠨ ᠪᠠᠶᠢᠬᠤ ︔
︵ 2 ︶ ᠲᠤᠬᠠᠢ᠎ᠶᠢᠨ ᠬᠦᠮᠦᠨ ᠪᠤᠶᠤ ᠡᠰᠡᠬᠦᠯ᠎ᠡ ᠡᠷᠬᠡᠪᠰᠢ ᠵᠠᠷᠭᠤ᠎ᠳ᠋ᠤ ᠤᠷᠤᠯᠴᠠᠬᠤ ᠬᠡᠷᠡᠭᠲᠡᠢ ᠪᠤᠰᠤᠳ ᠬᠦᠮᠦᠨ ᠵᠠᠷᠭᠤ᠎ᠳ᠋ᠤ ᠤᠷᠤᠯᠴᠠᠬᠤ ᠬᠦᠮᠦᠨ᠎ᠨᠢ ᠬᠠᠤᠯᠢ ᠶᠤᠰᠤᠭᠠᠷ ᠲᠤᠰᠠᠭᠠᠷᠯᠠᠬᠳᠠᠬᠰᠠᠨ ᠪᠠᠶᠢᠬᠤ ︔
3. ᠬᠢᠵᠢᠭ᠎ᠤᠨ ᠪᠠᠶᠢᠳᠠᠯ᠎ᠡᠴᠠ ᠪᠤᠯᠤᠭᠠᠳ ᠠᠯᠪᠠᠳᠠᠨ ᠭᠦᠢᠴᠡᠳᠭᠡᠬᠦ᠎ᠶᠢ ᠭᠤᠶᠤᠴᠢᠯᠠᠬᠤ᠎ᠡᠴᠠ ᠰᠠᠭᠠᠳᠠᠬᠰᠠᠨ ᠪᠠᠶᠢᠳᠠᠯ᠎ᠳ᠋ᠤ ᠄
ᠠᠯᠪᠠᠳᠠᠨ ᠭᠦᠢᠴᠡᠳᠭᠡᠯᠭᠡᠬᠦ᠎ᠪᠠᠷ ᠭᠤᠶᠤᠴᠢᠯᠠᠬᠤ ᠬᠤᠭᠤᠴᠠᠭ᠎ᠠ ︽ ᠢᠷᠭᠡᠨ᠎ᠤ ᠵᠠᠷᠭᠤ᠎ᠶᠢᠨ ᠬᠠᠤᠯᠢ ︾᠎ᠶᠢᠨ 239 ᠳ᠋ᠤᠭᠠᠷ ᠵᠦᠢᠯ᠎ᠤᠨ ᠳᠤᠭᠲᠠᠭᠠᠯ᠎ᠢᠶᠠᠷ ᠪᠤᠯ ᠬᠤᠶᠠᠷ ᠵᠢᠯ ᠃ ᠠᠯᠪᠠᠳᠠᠨ ᠭᠦᠢᠴᠡᠳᠭᠡᠬᠦ ᠲᠡᠰ ᠵᠢᠷᠤᠮ᠎ᠢ ᠳᠤᠷᠭᠤᠨ ᠵᠤᠭᠰᠤᠬᠤ᠎ᠨᠢ ᠢᠷᠭᠡᠨ᠎ᠤ ᠵᠠᠷᠭᠤ᠎ᠶᠢᠨ ᠳᠤᠷᠭᠤᠨ ᠵᠤᠭᠰᠤᠬᠤ᠎ᠲᠠᠢ ᠠᠳᠠᠯᠢ ᠃
︵ ᠰᠢᠨ ᠽᠧ ᠹᠠ ᠶᠤᠸᠠᠨ ᠬᠠᠤᠯᠢᠴᠢᠳ᠎ᠤᠨ ᠬᠡᠷᠡᠭ ᠡᠷᠬᠢᠯᠡᠬᠦ ᠭᠠᠵᠠᠷ᠎ᠤᠨ ᠬᠠᠤᠯᠢᠴᠢ ᠳᠠᠶᠢᠴᠢᠨ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面