2020-03-27 10:25:53
ᠦᠷᠭᠡᠨ ᠤᠯᠠᠨ ᠠᠷᠠᠳ ᠲᠦᠮᠡᠨ᠎ᠳ᠋ᠤ ᠄
2020 ᠤᠨ᠎ᠤ 4 ᠰᠠᠷ᠎ᠠ ᠪᠤᠯ ᠪᠦᠬᠦ ᠤᠯᠤᠰ᠎ᠤᠨ ᠭᠤᠴᠢᠨ ᠬᠤᠶᠠᠳᠠᠬᠢ ᠤᠯᠤᠰ᠎ᠢᠶᠡᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠰᠠᠷ᠎ᠠ ᠪᠤᠯᠤᠨ᠎ᠠ ᠃ ᠤᠯᠤᠰ᠎ᠢᠶᠡᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠰᠢᠯᠢᠳᠡᠭ ᠤᠯᠠᠮᠵᠢᠯᠠᠯ᠎ᠢ ᠬᠦᠴᠦᠳᠡᠢ ᠪᠠᠳᠠᠷᠠᠭᠤᠯᠵᠤ ᠂ ᠤᠯᠤᠰ᠎ᠢᠶᠡᠨ ᠬᠠᠢᠷᠠᠯᠠᠬᠤ ᠡᠷᠡᠭᠦᠯ ᠬᠠᠮᠠᠭᠠᠯᠠᠯ᠎ᠢᠶᠠᠷ ᠳᠠᠮᠵᠢᠨ ᠬᠦᠮᠦᠨ ᠪᠦᠬᠦᠨ᠎ᠳ᠋ᠤ ᠠᠰᠢᠭ ᠬᠦᠷᠲᠡᠬᠡᠵᠦ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠳ᠋ᠤ ᠬᠦᠮᠦᠨ ᠪᠦᠬᠦᠨ ᠬᠠᠷᠢᠭᠤᠴᠠᠯᠭ᠎ᠠ᠎ᠲᠠᠢ ᠪᠠᠢᠬᠤ ᠰᠢᠯᠢᠳᠡᠭ ᠰᠠᠢᠨ ᠠᠭᠤᠷ ᠠᠮᠢᠰᠬᠤᠯ᠎ᠢ ᠪᠤᠢ ᠪᠤᠯᠭᠠᠬᠤ᠎ᠶᠢᠨ ᠲᠤᠰᠠᠳᠠ ᠂ ᠭᠤᠴᠢᠨ ᠬᠤᠶᠠᠳᠠᠬᠢ ᠤᠯᠤᠰ᠎ᠢᠶᠡᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠰᠠᠷ᠎ᠠ ᠬᠦᠷᠴᠦ ᠢᠷᠡᠬᠦ ᠲᠠᠰᠢᠷᠠᠮ᠎ᠢᠶᠠᠷ ᠂ ᠪᠢᠳᠡ ᠰᠠᠨᠠᠭᠠᠴᠢᠯᠠᠭ᠎ᠠ ᠭᠠᠷᠭᠠᠰᠤᠭᠠᠢ ᠄
ᠣᠷᠴᠢᠨ ᠲᠣᠭᠣᠷᠢᠨ᠎ᠢᠶᠡᠨ ᠡᠠᠷᠢᠭᠤᠨ ᠴᠡᠪᠡᠷ ᠪᠤᠯᠭᠠᠶ᠎ᠠ ᠃ ᠭᠠᠳᠠᠨᠠᠬᠢ ᠣᠷᠴᠢᠨ ᠲᠣᠭᠣᠷᠢᠨ᠎ᠳ᠋ᠤ ᠬᠤᠷᠠᠮᠳᠤᠭᠰᠠᠨ ᠬᠣᠭ ᠨᠣᠪᠰᠢ ᠪᠤᠵᠠᠷ ᠤᠰᠤ ᠂ ᠪᠣᠬᠢᠷ ᠪᠣᠳᠠᠰ ᠢᠯᠭᠠᠳᠠᠰᠤ ᠂ ᠡᠯᠳᠡᠪ ᠶᠠᠭᠤᠮ᠎ᠠ ᠬᠠᠶᠠᠭᠳᠠᠮᠠᠯ ᠪᠣᠳᠠᠰ᠎ᠢ ᠴᠡᠪᠡᠷᠯᠡᠨ ᠠᠷᠢᠯᠭᠠᠨ᠎ᠠ ᠃ ᠰᠠᠭᠤᠭᠠᠯᠢ ᠠᠷᠠᠳ᠎ᠤᠨ ᠠᠰᠠᠷ ᠬᠦᠷᠢᠶ᠎ᠡ ᠂ ᠪᠠᠢᠭᠤᠯᠭ᠎ᠠ ᠨᠢᠭᠡᠴᠢ᠎ᠶᠢᠨ ᠬᠦᠷᠢᠶ᠎ᠡ ᠬᠠᠰᠢᠶ᠎ᠠ ᠂ ᠦᠶᠯᠡᠳᠪᠦᠷᠢ᠎ᠶᠢᠨ ᠲᠣᠭᠣᠷᠢᠭ ᠂ ᠰᠤᠷᠭᠠᠭᠤᠯᠢ ᠂ ᠠᠯᠪᠠᠨ ᠭᠡᠷ ᠂ ᠭᠡᠷ ᠪᠦᠯᠢ᠎ᠶᠢᠨ ᠠᠮᠢᠳᠤᠷᠠᠯ ᠪᠠ ᠠᠵᠢᠯ᠎ᠤᠨ ᠣᠷᠴᠢᠨ ᠲᠣᠭᠣᠷᠢᠨ᠎ᠢᠶᠡᠨ ᠴᠡᠪᠡᠷᠯᠡᠨ᠎ᠡ ᠃ ᠤᠰᠤ ᠭᠠᠳᠠᠭᠰᠢᠯᠠᠭᠤᠯᠬᠤ ᠭᠤᠤ ᠰᠤᠪᠠᠭ᠎ᠢ ᠨᠡᠪᠲᠡᠷᠡᠭᠦᠯᠵᠦ ᠂ ᠴᠡᠴᠡᠭ᠎ᠤᠨ ᠲᠠᠳᠠᠭᠠᠯ ᠨᠣᠭᠣᠭᠠᠷᠠᠭᠤᠯᠤᠯᠲᠠ᠎ᠶᠢᠨ ᠪᠦᠰᠡ᠎ᠶᠢ ᠬᠠᠮᠠᠭᠠᠯᠠᠵᠤ ᠂ ᠴᠡᠴᠡᠭ ᠡᠪᠡᠰᠦ ᠮᠣᠳᠣ᠎ᠶᠢ ᠠᠷᠠᠴᠢᠯᠠᠨ ᠬᠠᠮᠠᠭᠠᠯᠠᠨ᠎ᠠ ᠃ ᠮᠠᠯᠵᠢᠬᠤ ᠲᠠᠷᠢᠶᠠᠯᠠᠬᠤ ᠣᠷᠣᠨ᠎ᠤ ᠭᠡᠷ ᠦᠷᠦᠭᠡ᠎ᠶᠢᠨ ᠡᠮᠦᠨ᠎ᠡ ᠬᠤᠢᠨᠠᠬᠢ᠎ᠪᠠᠨ ᠂ ᠮᠠᠯ᠎ᠤᠨ ᠬᠠᠰᠢᠶ᠎ᠠ ᠰᠠᠷᠠᠪᠴᠢ᠎ᠪᠠᠨ ᠠᠷᠢᠯᠭᠠᠨ ᠴᠡᠪᠡᠷᠯᠡᠵᠦ ᠂ ᠬᠠᠮᠢᠶ᠎ᠠ ᠨᠠᠮᠢᠶ᠎ᠠ ᠦᠭᠡᠢ ᠣᠪᠣᠭᠠᠯᠠᠵᠤ ᠲᠠᠯᠪᠢᠬᠤ ᠦᠭᠡᠢ ᠂ ᠳᠤᠷ᠎ᠠ᠎ᠪᠠᠷ ᠠᠰᠬᠠᠵᠤ ᠬᠠᠶᠠᠬᠤ ᠦᠭᠡᠢ ᠪᠠᠢᠵᠤ ᠂ ᠦᠨᠴᠦᠭ ᠪᠤᠯᠤᠩ ᠪᠦᠷᠢ᠎ᠶᠢ ᠴᠡᠪᠡᠷᠯᠡᠨ᠎ᠡ ᠃ ᠭᠡᠷ ᠳᠣᠲᠣᠷᠠᠬᠢ ᠴᠣᠩᠬᠣ ᠭᠡᠭᠡᠨ ᠲᠤᠩᠭᠠᠯᠠᠭ ᠂ ᠡᠳ᠋ ᠪᠤᠳᠠᠰ ᠡᠮᠬᠢ ᠳᠢᠭᠯᠢᠮ᠎ᠲᠠᠢ ᠂ ᠬᠣᠭ ᠲᠣᠭᠣᠰᠣ ᠦᠭᠡᠢ ᠴᠡᠪᠡᠷ ᠴᠡᠮᠴᠡᠭᠡᠷ ᠪᠠᠢᠯᠭᠠᠨ᠎ᠠ ᠃
ᠬᠠᠪᠤᠷ᠎ᠤᠨ ᠤᠯᠠᠷᠢᠯ᠎ᠳ᠋ᠤ ᠬᠤᠯᠤᠭᠠᠨ᠎ᠠ ᠪᠠ ᠨᠣᠬᠠᠢ᠎ᠶᠢᠨ ᠪᠥᠭᠡᠰᠦ᠎ᠶᠢ ᠤᠰᠠᠳᠬᠠᠶ᠎ᠠ ᠃ ᠮᠠᠯᠵᠢᠬᠤ ᠲᠠᠷᠢᠶᠠᠯᠠᠬᠤ ᠣᠷᠣᠨ᠎ᠤ ᠬᠦᠷᠢᠶ᠎ᠡ ᠬᠠᠰᠢᠶ᠎ᠠ᠎ᠶᠢᠨ ᠡᠷᠭᠢᠨ ᠲᠣᠭᠣᠷᠢᠨ᠎ᠤ ᠬᠤᠯᠤᠭᠠᠨ᠎ᠠ᠎ᠶᠢᠨ ᠨᠦᠬᠡ᠎ᠶᠢ ᠪᠦᠭᠯᠡᠵᠦ ᠂ ᠬᠤᠯᠤᠭᠠᠨ᠎ᠠ ᠤᠰᠠᠳᠬᠠᠬᠤ ᠲᠦᠬᠦᠭᠡᠷᠦᠮᠵᠢ ᠲᠠᠯᠪᠢᠵᠤ ᠂ ᠣᠪᠣᠭᠠᠯᠠᠭᠰᠠᠨ ᠡᠯᠳᠡᠪ ᠶᠠᠭᠤᠮ᠎ᠠ᠎ᠪᠠᠨ ᠴᠡᠪᠡᠷᠯᠡᠵᠦ ᠂ ᠬᠤᠯᠤᠭᠠᠨ᠎ᠠ ᠦᠷᠡᠵᠢᠬᠦ ᠣᠷᠴᠢᠨ ᠲᠣᠭᠣᠷᠢᠨ᠎ᠢ ᠴᠡᠪᠡᠷᠯᠡᠨ ᠠᠷᠢᠯᠭᠠᠵᠤ ᠂ ᠬᠢᠵᠢᠭ᠎ᠤᠨ ᠢᠷᠡᠯᠲᠡ ᠪᠤᠯᠬᠤ ᠠᠮᠢᠲᠠᠨ᠎ᠢ ᠳᠤᠷ᠎ᠠ᠎ᠪᠠᠷ᠎ᠢᠶᠡᠨ ᠠᠩᠨᠠᠵᠤ ᠢᠳᠡᠬᠦ ᠦᠭᠡᠶ ᠂ ᠭᠡᠷ ᠦᠷᠦᠭᠡ᠎ᠶᠢᠨ ᠬᠤᠯᠤᠭᠠᠨ᠎ᠠ᠎ᠶᠢ ᠰᠠᠢᠲᠤᠷ ᠤᠰᠠᠳᠬᠠᠨ᠎ᠠ ᠃ ᠬᠣᠲᠠ ᠪᠠᠯᠭᠠᠰᠤ᠎ᠶᠢᠨ ᠰᠠᠭᠤᠭᠠᠯᠢ ᠠᠷᠠᠳ᠎ᠤᠨ ᠲᠣᠭᠣᠷᠢᠭ᠎ᠲᠠᠬᠢ ᠨᠡᠶᠢᠲᠡ᠎ᠶᠢᠨ ᠵᠣᠷᠯᠣᠩ ᠂ ᠬᠣᠭ ᠨᠣᠪᠰᠢ᠎ᠶᠢᠨ ᠰᠠᠪᠠ ᠰᠠᠭᠤᠯᠠᠭ᠎ᠠ ᠂ ᠭᠠᠵᠠᠷ ᠳᠣᠤᠷᠠᠬᠢ ᠦᠷᠦᠭᠡ ᠂ ᠬᠦᠷᠢᠶ᠎ᠡ ᠬᠡᠷᠡᠮ᠎ᠤᠨ ᠦᠨᠴᠦᠭ ᠪᠤᠯᠤᠩ ᠂ ᠪᠣᠬᠢᠷ ᠤᠰᠤᠨ᠎ᠤ ᠬᠣᠭᠣᠯᠠᠶ ᠵᠡᠷᠭᠡ᠎ᠳ᠋ᠤ ᠠᠯᠠᠵᠤ ᠠᠷᠢᠭᠤᠳᠬᠠᠵᠤ ᠡᠮ᠎ᠢ ᠲᠥᠪᠯᠡᠷᠡᠭᠦᠯᠦᠨ ᠲᠠᠯᠪᠢᠵᠤ ᠂ ᠰᠠᠪᠠ ᠯᠤᠩᠬᠤ᠎ᠶᠢ ᠤᠷᠪᠠᠭᠤᠯᠤᠨ ᠂ ᠰᠠᠪᠠᠨ᠎ᠳ᠋ᠤ ᠬᠤᠷᠠᠭᠰᠠᠨ ᠤᠰᠤ᠎ᠶᠢ ᠴᠡᠪᠡᠷᠯᠡᠨ ᠠᠷᠢᠯᠭᠠᠵᠤ ᠂ ᠬᠤᠯᠤᠭᠠᠨ᠎ᠠ᠎ᠶᠢᠨ ᠨᠦᠬᠡ᠎ᠶᠢ ᠪᠥᠭᠯᠡᠵᠦ ᠂ ᠠᠩ ᠵᠠᠪᠰᠠᠷ᠎ᠢ ᠲᠡᠭᠰᠢᠯᠡᠨ ᠂ ᠬᠣᠣᠷᠲᠤ ᠥᠭᠶᠥᠭᠡ ᠲᠠᠯᠪᠢᠬᠤ ᠭᠠᠵᠠᠷ ᠪᠠᠶᠢᠭᠤᠯᠵᠤ ᠂ ᠴᠡᠪᠡᠷᠯᠡᠬᠦ᠎ᠳ᠋ᠤ ᠪᠡᠷᠬᠡ ᠥᠨᠴᠥᠭ ᠪᠤᠯᠤᠩ᠎ᠢ ᠴᠡᠪᠡᠷᠯᠡᠨ ᠠᠷᠢᠯᠭᠠᠵᠤ ᠂ ᠬᠤᠯᠤᠭᠠᠨ᠎ᠠ᠎ᠶᠢᠨ ᠬᠥᠨᠥᠭᠡᠯ ᠳᠡᠯᠭᠡᠷᠡᠬᠦ᠎ᠡᠴᠠ ᠰᠡᠷᠭᠡᠢᠯᠡᠵᠦ ᠂ ᠬᠤᠯᠤᠭᠠᠨ᠎ᠠ ᠵᠤᠷᠠᠮ᠎ᠠ ᠂ ᠢᠯᠠᠭ᠎ᠠ ᠪᠠᠲᠠᠭᠠᠨ᠎ᠠ᠎ᠶᠢ ᠰᠢᠨᠵᠢᠯᠡᠬᠦ ᠤᠬᠠᠭᠠᠨᠴᠢ᠎ᠪᠠᠷ ᠤᠰᠠᠳᠬᠠᠵᠦ ᠂ ᠣᠯᠠᠨ ᠲᠦᠮᠡᠨ᠎ᠤ ᠡᠷᠡᠭᠦᠯ ᠮᠡᠨᠳᠦ᠎ᠶᠢ ᠦᠨᠡᠨ ᠬᠦ ᠪᠠᠲᠤᠯᠠᠨ᠎ᠠ ᠃
ᠡᠷᠡᠭᠦᠯ ᠮᠡᠨᠳᠦ ᠠᠮᠢᠳᠤᠷᠠᠯ᠎ᠤᠨ ᠳᠠᠳᠬᠠᠯ᠎ᠲᠠᠢ ᠪᠤᠯᠵᠠᠭᠠᠶ᠎ᠠ ᠃ ᠭᠠᠷ᠎ᠢᠶᠡᠨ ᠦᠷᠭᠦᠯᠵᠢ ᠤᠬᠢᠶᠠᠵᠤ ᠂ ᠠᠮᠠᠪᠴᠢ ᠵᠡᠭᠦᠵᠦ ᠂ ᠦᠷᠭᠦᠯᠵᠢ ᠰᠠᠯᠬᠢ ᠨᠡᠪᠲᠡᠷᠡᠭᠦᠯᠵᠦ ᠂ ᠭᠠᠵᠠᠷ ᠰᠠᠢ ᠦᠭᠡᠢ ᠨᠤᠯᠮᠤᠬᠤ ᠦᠭᠡᠢ ᠂ ᠬᠠᠨᠢᠶᠠᠵᠤ ᠨᠠᠶᠢᠲᠠᠭᠠᠬᠤ᠎ᠳᠠᠭᠠᠨ ᠴᠠᠭᠠᠰᠤ ᠪᠤᠶᠤ ᠬᠠᠨᠴᠤᠢ᠎ᠪᠠᠷ ᠠᠮᠠ ᠬᠠᠮᠠᠷ᠎ᠢᠶᠡᠨ ᠬᠠᠯᠬᠠᠯᠠᠵᠤ ᠂ ᠬᠣᠭ ᠨᠣᠪᠰᠢ᠎ᠶᠢ ᠳᠤᠷ᠎ᠠ᠎ᠪᠠᠷ ᠬᠠᠶᠠᠬᠤ ᠦᠭᠡᠢ ᠂ ᠬᠣᠭ ᠨᠣᠪᠰᠢ᠎ᠶᠢ ᠲᠥᠷᠥᠯ ᠬᠤᠪᠢᠶᠠᠨ ᠰᠢᠢᠳᠪᠦᠷᠢᠯᠡᠬᠦ᠎ᠶᠢ ᠰᠠᠨᠠᠭᠠᠴᠢᠯᠠᠵᠤ ᠂ ᠠᠷᠢᠭᠤᠨ ᠴᠡᠪᠡᠷ ᠵᠣᠷᠯᠣᠩ ᠬᠡᠷᠡᠭᠯᠡᠨ᠎ᠡ ᠃ ᠬᠤᠪᠢ ᠬᠥᠮᠦᠨ᠎ᠤ ᠡᠷᠡᠭᠦᠯ ᠬᠠᠮᠠᠭᠠᠯᠠᠯ᠎ᠢ ᠡᠷᠬᠢᠮᠯᠡᠵᠦ ᠂ ᠢᠳᠡᠭᠡᠨ ᠤᠮᠳᠠᠭᠠᠨ᠎ᠢᠶᠡᠨ ᠵᠦᠶ ᠵᠣᠬᠢᠰᠲᠠᠶ ᠳᠤᠬᠢᠷᠠᠭᠤᠯᠵᠦ ᠂ ᠬᠤᠪᠢᠶᠠᠨ ᠬᠣᠭᠣᠯᠠᠯᠠᠵᠤ ᠤᠯᠠᠨ ᠨᠡᠶᠢᠲᠡ᠎ᠶᠢᠨ ᠰᠠᠪᠬ᠎ᠠ ᠬᠡᠷᠡᠭᠯᠡᠬᠦ᠎ᠶᠢ ᠳᠡᠯᠭᠡᠷᠡᠭᠦᠯᠵᠦ ᠂ ᠬᠡᠭᠡᠷ᠎ᠡ᠎ᠶᠢᠨ ᠠᠮᠢᠲᠠᠨ᠎ᠢ ᠢᠳᠡᠬᠦ᠎ᠶᠢ ᠲᠡᠪᠴᠢᠨ᠎ᠡ ᠃ ᠵᠣᠬᠢᠬᠤ ᠬᠥᠳᠡᠯᠭᠡᠭᠡᠨ ᠬᠢᠵᠦ ᠂ ᠲᠠᠮᠠᠬᠢ ᠲᠠᠲᠠᠬᠤ᠎ᠪᠠᠨ ᠵᠣᠭᠰᠣᠵᠤ ᠠᠷᠢᠬᠢ ᠤᠤᠭᠤᠬᠤ᠎ᠶᠢ ᠬᠢᠵᠠᠭᠠᠷᠯᠠᠨ ᠂ ᠠᠵᠢᠯᠯᠠᠵᠤ ᠠᠮᠠᠷᠠᠬᠤ᠎ᠪᠠᠨ ᠵᠢᠷᠤᠮᠵᠢᠭᠤᠯᠵᠤ ᠂ ᠪᠡᠶ᠎ᠡ ᠮᠠᠬᠠᠪᠣᠳ᠎ᠤᠨ ᠦᠯᠦ ᠬᠠᠯᠳᠠᠭᠠᠬᠤ ᠴᠢᠳᠠᠪᠤᠷᠢ᠎ᠶᠢ ᠨᠡᠮᠡᠭᠳᠡᠭᠦᠯᠵᠦ ᠂ ᠰᠡᠳᠬᠢᠯ ᠰᠠᠨᠠᠭ᠎ᠠ᠎ᠪᠠᠨ ᠰᠠᠶᠢᠨ ᠰᠠᠢᠬᠠᠨ ᠪᠠᠢᠯᠭᠠᠬᠤ᠎ᠶᠢ ᠪᠠᠲᠤᠯᠠᠨ᠎ᠠ ᠃
ᠨᠡᠢᠲᠡ ᠤᠯᠠᠨ᠎ᠢᠶᠠᠷ᠎ᠢᠶᠡᠨ ᠬᠥᠳᠡᠯᠦᠯᠴᠡᠵᠦ ᠢᠷᠡᠭᠡᠳᠦᠶ᠎ᠪᠠᠨ ᠬᠠᠮᠲᠤ᠎ᠪᠠᠷ ᠴᠣᠭᠴᠠᠯᠠᠶ᠎ᠠ ᠃ ᠬᠥᠮᠦᠨ ᠪᠦᠬᠦᠨ ᠤᠯᠤᠰ᠎ᠢᠶᠡᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠰᠠᠷ᠎ᠠ᠎ᠶᠢᠨ ᠠᠵᠢᠯᠯᠠᠭ᠎ᠠ᠎ᠶᠢᠨ ᠬᠤᠭᠤᠴᠠᠭᠠᠨ᠎ᠳ᠋ᠤ ᠨᠢᠭᠡ ᠤᠳᠠᠭ᠎ᠠ ᠠᠷᠢᠯᠭᠠᠨ ᠴᠡᠪᠡᠷᠯᠡᠵᠦ ᠂ ᠭᠡᠷ᠎ᠤᠨ᠎ᠢᠶᠡᠨ ᠡᠷᠡᠭᠦᠯ ᠬᠠᠮᠠᠭᠠᠯᠠᠯ ᠪᠤᠶᠤ ᠠᠰᠠᠷ ᠬᠦᠷᠢᠶ᠎ᠡ ᠂ ᠪᠠᠢᠭᠤᠯᠭ᠎ᠠ ᠨᠢᠭᠡᠴᠢ ᠂ ᠰᠤᠷᠭᠠᠭᠤᠯᠢ ᠂ ᠨᠡᠶᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠴᠡᠪᠡᠷᠯᠡᠨ᠎ᠡ ᠃ ᠵᠢᠷᠭᠢᠶ᠎ᠡ ᠂ ᠪᠢᠴᠢᠯ ᠪᠦᠷᠭᠡ ᠵᠡᠷᠭᠡ ᠣᠯᠠᠨ ᠵᠦᠶᠯ᠎ᠤᠨ ᠬᠡᠯᠪᠡᠷᠢ᠎ᠪᠠᠷ ᠤᠯᠤᠰ᠎ᠢᠶᠡᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠰᠠᠷ᠎ᠠ᠎ᠶᠢᠨ ᠰᠠᠨᠠᠭᠠᠴᠢᠯᠠᠭ᠎ᠠ᠎ᠶᠢᠨ ᠪᠢᠴᠢᠭ᠎ᠢ ᠳᠠᠮᠵᠢᠭᠤᠯᠤᠨ ᠲᠠᠷᠬᠠᠭᠠᠨ᠎ᠠ ᠃ ᠬᠤᠪᠢ ᠪᠡᠶ᠎ᠡ᠎ᠶᠢᠨ ᠡᠷᠡᠭᠦᠯ ᠬᠠᠮᠠᠭᠠᠯᠠᠯ᠎ᠤᠨ ᠳᠠᠳᠬᠠᠯ ᠂ ᠡᠷᠡᠭᠦᠯ ᠴᠢᠭᠢᠷᠠᠭ ᠠᠮᠢᠳᠤᠷᠠᠯ᠎ᠤᠨ ᠠᠷᠭ᠎ᠠ ᠮᠠᠢᠭ ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠮᠡᠳᠡᠭᠡ ᠵᠠᠩᠭᠢ᠎ᠶᠢᠨ ᠲᠤᠬᠠᠢ ᠤᠷᠢᠶ᠎ᠠ ᠯᠣᠽᠦ᠋ᠩᠢ ᠭᠠᠷ ᠤᠳᠠᠰᠤ᠎ᠪᠠᠷ ᠨᠠᠶᠢᠵᠠ᠎ᠶᠢᠨ ᠲᠣᠭᠣᠷᠢᠭ᠎ᠲᠠᠭᠠᠨ ᠬᠤᠪᠢᠶᠠᠯᠴᠠᠬᠤ ᠪᠤᠶᠤ ᠨᠢᠭᠡ ᠬᠠᠭᠤᠳᠠᠰᠤ ᠡᠷᠡᠭᠦᠯ ᠮᠡᠨᠳᠦ᠎ᠶᠢᠨ ᠤᠬᠠᠭᠤᠯᠭ᠎ᠠ᠎ᠶᠢᠨ ᠰᠠᠨᠠᠭᠤᠯᠤᠮᠵᠢ ᠢᠯᠡᠭᠡᠨ᠎ᠡ ᠃
ᠪᠢᠳᠡ ᠪᠦᠬᠦᠨ ᠬᠥᠳᠡᠯᠦᠯᠴᠡᠵᠦ ᠂ ᠪᠦᠬᠦ ᠠᠷᠠᠳ᠎ᠢᠶᠠᠷ᠎ᠢᠶᠡᠨ ᠤᠯᠤᠰ᠎ᠢᠶᠡᠨ ᠬᠠᠶᠢᠷᠠᠯᠠᠬᠤ ᠡᠷᠡᠭᠦᠯ ᠬᠠᠮᠠᠭᠠᠯᠠᠯ᠎ᠤᠨ ᠰᠠᠷ᠎ᠠ᠎ᠶᠢᠨ ᠠᠵᠢᠯᠯᠠᠭ᠎ᠠ᠎ᠳ᠋ᠤ ᠣᠷᠣᠯᠴᠠᠵᠤ ᠂ ᠬᠢᠵᠢᠭ᠎ᠤᠨ ᠪᠠᠶᠢᠳᠠᠯ᠎ᠢ ᠬᠠᠮᠲᠤ᠎ᠪᠠᠷ ᠢᠯᠠᠨ ᠳᠠᠪᠠᠵᠤ ᠂ ᠪᠦᠬᠦ ᠲᠠᠯ᠎ᠠ᠎ᠪᠠᠷ ᠴᠢᠨᠡᠭᠡᠯᠢᠭᠵᠢᠬᠦ᠎ᠶᠢ ᠪᠡᠶᠡᠯᠡᠭᠦᠯᠦᠶ᠎ᠡ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠢᠶᠡᠨ ᠬᠠᠶᠢᠷᠠᠯᠠᠬᠤ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠤ ᠵᠥᠪᠯᠡᠯ
2020 ᠣᠨ᠎ᠤ 3 ᠰᠠᠷ᠎ᠠ᠎ᠶᠢᠨ 25᠎ᠤ ᠡᠳᠦᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠴᠣᠷᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃