ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-03-27 11:04:16

ᠵᠣᠬᠢᠶᠠᠭ᠍ᠴᠢ᠄ ᠣᠯᠠᠭᠠᠨᠨᠠᠷᠠᠰᠣ ᠣᠩᠱᠢᠭ᠍ᠰᠠᠨ ᠣᠳᠠᠭ᠎ᠠ᠄ 3

ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠵᠠᠩᠭᠢᠯᠠᠭ᠎ᠠ᠎ᠶᠢᠨ ᠬᠤᠭᠤᠴᠠᠭᠠᠨ᠎ᠳ᠋ᠤ ᠂ ᠪᠦᠬᠦ ᠣᠯᠣᠰ᠎ᠤᠨ ᠡᠯ᠎ᠡ ᠮᠣᠵᠢ ︵ ᠦᠪᠡᠷᠳᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠳᠠ ︶ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠤᠨ ᠨᠢᠭᠡᠳᠣᠭᠡᠷ ᠲᠡᠰ᠎ᠤᠨ ᠠᠵᠢᠯᠯᠠᠭ᠎ᠠ᠎ᠶᠢ ᠠᠪᠣᠭᠰᠠᠨ ᠪᠠᠢᠯ᠎ᠠ ᠃ ᠭᠡᠬᠦ᠎ᠳ᠋ᠡᠭᠡᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠠᠢᠯᠠᠯᠳᠤᠭᠠᠨ᠎ᠤ ᠢᠯᠠᠯᠳᠠ᠎ᠶᠢ ᠲᠡᠮᠡᠴᠡᠨ ᠣᠯᠬᠤ᠎ᠳ᠋ᠤ ᠪᠠᠴᠢᠮ ᠪᠠᠢᠳᠠᠯ᠎ᠢ ᠠᠷᠭᠠᠴᠠᠭᠠᠬᠤ ᠬᠠᠣᠯᠢ ᠵᠠᠰᠠᠯᠳᠠ᠎ᠨᠢ ᠦᠨᠳᠣᠰᠣᠨ ᠪᠠᠳᠣᠯᠠᠭ᠎ᠠ ᠪᠣᠯᠬᠤ᠎ᠨᠢ ᠲᠠᠮᠵᠢᠭ ᠦᠭᠡᠢ ᠶᠤᠮ ᠃

ᠨᠢᠭᠡ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠠᠬᠢ ᠵᠠᠰᠠᠭ ᠵᠠᠬᠢᠷᠭᠠᠨ᠎ᠤ ᠪᠡᠶᠡᠴᠢ ᠴᠣᠭᠴᠠ᠎ᠶᠢᠨ ᠡᠷᠬᠡ ᠲᠣᠰᠢᠶᠠᠯ ᠪᠣᠯᠣᠨ ᠬᠠᠷᠢᠭᠤᠴᠠᠯᠭ᠎ᠠ
1. ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠠᠬᠢ ᠵᠠᠰᠠᠭ ᠵᠠᠬᠢᠷᠭᠠᠨ᠎ᠤ ᠪᠡᠶᠡᠴᠢ ᠴᠣᠭᠴᠠ᠎ᠶᠢᠨ ᠡᠷᠬᠡ ᠲᠣᠰᠢᠶᠠᠯ ᠪᠣᠯᠣᠨ ᠬᠠᠷᠢᠭᠤᠴᠠᠯᠭ᠎ᠠ᠎ᠶᠢᠨ ᠲᠣᠬᠠᠢ ᠬᠠᠣᠯᠢ ᠴᠠᠭᠠᠵᠠ ᠂ ᠬᠠᠣᠯᠢ ᠲᠣᠭᠳᠠᠭᠠᠯ᠎ᠤᠨ ᠦᠨᠳᠦᠰᠦᠯᠡᠯ
ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠠᠬᠢ ᠵᠠᠰᠠᠭ ᠵᠠᠬᠢᠷᠭᠠᠨ᠎ᠤ ᠪᠡᠶᠡᠴᠢ ᠴᠣᠭᠴᠠ᠎ᠶᠢᠨ ᠡᠷᠬᠡ ᠲᠣᠰᠢᠶᠠᠯ ᠪᠣᠯᠣᠨ ᠬᠠᠷᠢᠭᠤᠴᠠᠯᠭ᠎ᠠ᠎ᠶᠢᠨ ᠲᠣᠬᠠᠢ ᠲᠦᠷᠢᠮᠵᠢᠯ᠎ᠤᠨ ᠦᠨᠳᠦᠰᠦᠯᠡᠯ᠎ᠳ᠋ᠤ ᠂ ᠣᠯᠣᠰ᠎ᠤᠨ ᠬᠠᠣᠯᠢ ᠴᠠᠭᠠᠵᠠ᠎ᠶᠢᠨ ᠲᠡᠰ ᠲᠠᠪᠬᠤᠷᠭ᠎ᠠ᠎ᠶᠢᠨ ᠬᠡᠪᠴᠢᠶᠡᠨ᠎ᠳ᠋ᠠᠬᠢ ᠬᠠᠣᠯᠢ᠎ᠶᠢᠨ ᠦᠨᠳᠦᠰᠦᠯᠡᠯ ᠪᠣᠯᠣᠨ ᠵᠠᠰᠠᠭ ᠵᠠᠬᠢᠷᠭᠠᠨ᠎ᠤ ᠬᠠᠥᠯᠢ ᠲᠣᠭᠳᠠᠭᠠᠯ᠎ᠤᠨ ᠦᠨᠳᠦᠰᠦᠯᠡᠯ᠎ᠢ ᠪᠠᠭᠳᠠᠭᠠᠳᠠᠭ ᠃
︵ 1 ︶ ᠣᠯᠣᠰ᠎ᠤᠨ ᠬᠠᠣᠯᠢ ᠴᠠᠭᠠᠵᠠ᠎ᠶᠢᠨ ᠦᠨᠳᠦᠰᠦᠯᠡᠯ
ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠠᠬᠢ ᠵᠠᠰᠠᠭ ᠵᠠᠬᠢᠷᠭᠠᠨ᠎ᠤ ᠪᠡᠶᠡᠴᠢ ᠴᠣᠭᠴᠠ᠎ᠶᠢᠨ ᠡᠷᠬᠡ ᠲᠣᠰᠢᠶᠠᠯ ᠪᠣᠯᠣᠨ ᠬᠠᠷᠢᠭᠤᠴᠠᠯᠭ᠎ᠠ᠎ᠶᠢᠨ ᠲᠣᠬᠠᠢ ᠂ ᠣᠯᠣᠰ᠎ᠤᠨ ᠬᠠᠣᠯᠢ ᠴᠠᠭᠠᠵᠠ᠎ᠶᠢᠨ ᠲᠡᠰ ᠲᠠᠪᠬᠤᠷᠭ᠎ᠠ᠎ᠶᠢᠨ ᠬᠡᠪᠴᠢᠶᠡᠨ᠎ᠳ᠋ᠠᠬᠢ ᠦᠨᠳᠦᠰᠦᠯᠡᠯ ᠪᠣᠯ ︽ ᠪᠦᠭᠦᠳᠡ ᠨᠠᠢᠷᠠᠮᠳᠠᠬᠤ ᠲᠣᠮᠳᠠᠳᠣ ᠠᠷᠠᠳ ᠣᠯᠣᠰ᠎ᠤᠨ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠬᠡᠷᠡᠭ᠎ᠢ ᠪᠠᠴᠢᠮ ᠠᠷᠭᠠᠴᠠᠭᠠᠬᠤ ᠬᠠᠣᠯᠢ ︾ ᠂ ︽ ᠪᠦᠭᠦᠳᠡ ᠨᠠᠢᠷᠠᠮᠳᠠᠬᠤ ᠲᠣᠮᠳᠠᠳᠣ ᠠᠷᠠᠳ ᠣᠯᠣᠰ᠎ᠤᠨ ᠬᠠᠯᠳᠠᠪᠣᠷᠢᠳᠣ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ ︾ ᠵᠡᠷᠭᠡ ᠦᠨᠳᠦᠰᠦᠨ ᠬᠠᠣᠯᠢ ᠴᠠᠭᠠᠵᠠ ᠪᠣᠯᠣᠨ᠎ᠠ ᠃ ︽ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠬᠡᠷᠡᠭ᠎ᠢ ᠪᠠᠴᠢᠮ ᠠᠷᠭᠠᠴᠠᠭᠠᠬᠤ ᠬᠠᠣᠯᠢ ︾᠎ᠶᠢᠨ ᠭᠤᠷᠪᠠᠳᠣᠭᠠᠷ ᠪᠦᠯᠦᠭ᠎ᠲᠤ ᠂ ᠵᠠᠰᠠᠭ ᠵᠠᠬᠢᠷᠭᠠᠨ᠎ᠤ ᠪᠠᠢᠭᠤᠯᠭ᠎ᠠ᠎ᠡᠴᠠ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠬᠡᠷᠡᠭ᠎ᠢ ᠮᠡᠳᠡᠭᠦᠯᠬᠦ ᠲᠦᠷᠢᠮ᠎ᠢ ᠲᠣᠭᠳᠠᠭᠠᠵᠣ ᠂ ᠡᠯ᠎ᠡ ᠱᠠᠳᠣᠨ᠎ᠤ ᠵᠠᠰᠠᠭ ᠵᠠᠬᠢᠷᠭᠠᠨ᠎ᠤ ᠪᠠᠢᠭᠤᠯᠭ᠎ᠠ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠬᠡᠷᠡᠭ᠎ᠢ ᠣᠷᠢᠳᠴᠢᠯᠠᠨ ᠰᠡᠷᠡᠮᠵᠢᠯᠡᠭᠦᠯᠬᠦ ᠲᠦᠷᠢᠮ ᠵᠡᠷᠭᠡ᠎ᠶᠢ ᠲᠣᠰᠪᠣᠷᠢ ᠲᠣᠭᠳᠠᠭᠠᠬᠰᠠᠨ ᠪᠠᠢᠳᠠᠬ ᠃ ︽ ᠬᠠᠯᠳᠠᠪᠣᠷᠢᠳᠣ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ ︾᠎ᠶᠢᠨ ᠨᠢᠭᠡᠳᠦᠭᠡᠷ ᠪᠦᠯᠦᠭ ︵ 3  4 ᠳ᠋ᠤᠭᠡᠷ ᠵᠣᠢᠯ ︶᠎ᠲᠤ ᠬᠠᠯᠳᠠᠪᠣᠷᠢᠳᠣ ᠡᠪᠡᠳᠴᠢᠨ᠎ᠤ ᠲᠦᠷᠦᠯ ᠵᠣᠢᠯ ᠂ ᠭᠤᠷᠪᠠᠳᠣᠭᠠᠷ ᠪᠦᠯᠦᠭ ︵ 30  38 ᠳ᠋ᠤᠭᠠᠷ ᠵᠣᠢᠯ ︶᠎ᠲᠤ ᠬᠢᠵᠢᠭ᠎ᠤᠨ ᠪᠠᠢᠳᠠᠯ᠎ᠢ ᠮᠡᠳᠡᠭᠦᠯᠬᠦ ᠂ ᠮᠡᠳᠡᠭᠳᠡᠬᠦ ᠪᠠ ᠨᠡᠢᠳᠡᠯᠡᠬᠦ ᠲᠦᠷᠢᠮ ᠂ ᠬᠢᠵᠢᠭ᠎ᠤᠨ ᠪᠠᠢᠳᠠᠯ᠎ᠢ ᠡᠵᠡᠮᠳᠡᠬᠦ ᠲᠦᠷᠢᠮ ᠵᠡᠷᠭᠡ᠎ᠶᠢ ᠲᠣᠭᠳᠠᠭᠠᠵᠠᠢ ᠃ ᠶᠠᠷᠢᠶᠠᠨ ᠦᠭᠡᠢ ᠬᠠᠯᠳᠠᠪᠣᠷᠢᠳᠣ ᠡᠪᠡᠳᠴᠢᠨ᠎ᠤ ᠲᠦᠷᠦᠯ ᠵᠣᠢᠯ᠎ᠢ ᠮᠠᠭᠠᠳᠯᠠᠬᠤ ᠂ ᠬᠢᠵᠢᠭ᠎ᠤᠨ ᠪᠠᠢᠳᠠᠯ᠎ᠢ ᠮᠡᠳᠡᠭᠦᠯᠬᠦ ᠂ ᠮᠡᠳᠡᠭᠳᠡᠬᠦ ᠪᠠ ᠨᠡᠢᠳᠡᠯᠡᠬᠦ ᠲᠦᠷᠢᠮ ᠂ ᠬᠢᠵᠢᠭ᠎ᠤᠨ ᠪᠠᠢᠳᠠᠯ᠎ᠢ ᠡᠵᠡᠮᠳᠡᠬᠦ ᠲᠦᠷᠢᠮ ᠵᠡᠷᠭᠡ᠎ᠶᠢ ᠬᠡᠷᠡᠭᠵᠢᠭᠦᠯᠬᠦ ᠪᠡᠶᠡᠴᠢ ᠴᠣᠭᠴᠠ ᠪᠣᠯ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠂ ᠲᠠᠷᠣᠢ ᠵᠠᠰᠠᠭ ᠵᠠᠬᠢᠷᠭᠠᠨ᠎ᠤ ᠪᠡᠶᠡᠴᠢ ᠴᠣᠭᠴᠠ ᠪᠣᠯᠣᠨ᠎ᠠ ᠃
︵ 2 ︶ ᠵᠠᠰᠠᠭ ᠵᠠᠬᠢᠷᠭᠠᠨ᠎ᠤ ᠬᠠᠥᠯᠢ ᠲᠣᠭᠳᠠᠭᠠᠯ᠎ᠤᠨ ᠦᠨᠳᠦᠰᠦᠯᠡᠯ
ᠵᠠᠰᠠᠭ ᠵᠠᠬᠢᠷᠭᠠᠨ᠎ᠤ ᠬᠠᠣᠯᠢ ᠲᠣᠭᠳᠠᠭᠠᠯ ᠪᠣᠯᠣᠭᠰᠠᠨ ᠬᠤᠪᠢ᠎ᠳ᠋ᠤ ᠂ ︽ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠢ ᠪᠠᠴᠢᠮ ᠠᠷᠭᠠᠴᠠᠭᠠᠬᠤ ᠲᠦᠷᠢᠮ ︾ ᠪᠣᠯ ᠬᠢᠵᠢᠭ᠎ᠢ ᠰᠡᠷᠭᠡᠢᠯᠡᠨ ᠡᠵᠡᠮᠳᠡᠬᠦ ᠵᠠᠰᠠᠭ᠎ᠤᠨ ᠠᠵᠢᠯ᠎ᠤᠨ ᠲᠣᠰᠬᠠᠢ ᠦᠨᠳᠦᠰᠦᠯᠡᠯ ᠪᠣᠯᠬᠤ ᠶᠣᠮ ᠃ ᠲᠣᠰ ᠲᠦᠷᠢᠮ᠎ᠳ᠋ᠤ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠰᠠᠯᠠᠭ᠎ᠠ ᠮᠦᠴᠢᠷ᠎ᠡᠴᠠ ᠬᠢᠵᠢᠭ᠎ᠤᠨ ᠪᠠᠢᠳᠠᠯ᠎ᠤᠨ ᠮᠡᠳᠡᠭᠡ ᠵᠠᠩᠭᠢ᠎ᠶᠢ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠢ ᠮᠡᠳᠡᠭᠦᠯᠬᠦ ᠪᠠ ᠨᠡᠢᠳᠡᠯᠡᠬᠦ ᠵᠢᠴᠢ ᠪᠠᠴᠢᠮ ᠠᠷᠭᠠᠴᠠᠭᠠᠬᠤ ᠲᠦᠷᠢᠮ ᠵᠡᠷᠭᠡ᠎ᠶᠢ ᠲᠣᠭᠳᠠᠭᠠᠭᠰᠠᠨ ᠪᠠᠢᠨ᠎ᠠ ᠃
︵ 3 ︶ ᠰᠢᠨ᠎ᠡ ᠲᠢᠳᠢᠮᠯᠢᠭ ᠠᠭᠤᠰᠬᠢᠨ ᠦᠷᠪᠢᠰᠣᠯ᠎ᠤᠨ ᠲᠦᠷᠦᠯ ᠵᠣᠢᠯ᠎
︽ ᠬᠠᠯᠳᠠᠪᠣᠷᠢᠳᠣ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ ︾᠎ᠳ᠋ᠤ ᠰᠡᠷᠭᠡᠢᠯᠡᠨ ᠵᠠᠰᠠᠬᠤ ᠬᠠᠯᠳᠠᠪᠣᠷᠢᠳᠣ ᠡᠪᠡᠳᠴᠢᠨ᠎ᠢ ᠬᠠᠯᠳᠠᠪᠣᠷᠢᠯᠠᠬᠤ ᠴᠢᠨᠠᠷ ᠪᠠ ᠠᠶᠣᠯ ᠬᠤᠣᠷᠳᠠᠭᠤᠯᠭ᠎ᠠ᠎ᠶᠢᠨ ᠬᠡᠮᠵᠢᠶ᠎ᠡ᠎ᠶᠢ ᠦᠨᠳᠦᠰᠦᠯᠡᠨ ᠬᠦᠬᠡ ᠲᠦᠷᠦᠯ ᠂ ᠬᠦᠬᠡᠭᠴᠢᠨ ᠲᠦᠷᠦᠯ ᠪᠠ ᠣᠯᠠᠭᠠᠨ ᠲᠦᠷᠦᠯ ᠭᠡᠵᠦ ᠭᠤᠷᠪᠠᠨ ᠲᠦᠷᠦᠯ ᠬᠤᠪᠢᠶᠠᠵᠠᠢ ᠃ ᠬᠠᠯᠳᠠᠪᠣᠷᠢᠳᠣ ᠡᠪᠡᠳᠴᠢᠨ᠎ᠢ ᠲᠡᠭᠦᠨ᠎ᠤ ᠡᠭᠦᠰᠦᠭᠰᠡᠨ ᠂ ᠲᠡᠯᠭᠡᠷᠡᠭᠰᠡᠨ ᠪᠠᠢᠳᠠᠯ ᠪᠠ ᠠᠶᠣᠯ ᠬᠤᠣᠷᠳᠠᠭᠤᠯᠭ᠎ᠠ᠎ᠶᠢᠨ ᠬᠡᠮᠵᠢᠶ᠎ᠡ᠎ᠶᠢ ᠦᠨᠳᠦᠰᠦᠯᠡᠨ ᠬᠦᠬᠡᠭᠴᠢᠨ ᠲᠦᠷᠦᠯ ᠂ ᠣᠯᠠᠭᠠᠨ ᠲᠦᠷᠦᠯ᠎ᠤᠨ ᠬᠠᠯᠳᠠᠪᠣᠷᠢᠳᠣ ᠡᠪᠡᠳᠴᠢᠨ᠎ᠳ᠋ᠤ ᠵᠢᠭᠰᠠᠭᠠᠨ ᠣᠷᠣᠭᠤᠯᠬᠤ ᠴᠢᠬᠤᠯᠠ᠎ᠲᠠᠢ ᠪᠠᠢᠪᠠᠯ ᠂ ᠲᠦᠷᠦ᠎ᠶᠢᠨ ᠶᠠᠪᠣᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠡᠴᠠ ᠲᠣᠭᠳᠠᠭᠠᠬᠤ ᠪᠦᠭᠡᠳ ᠨᠡᠢᠳᠡᠯᠡᠨ᠎ᠡ ᠃ ᠬᠦᠬᠡᠭᠴᠢᠨ ᠲᠦᠷᠦᠯ᠎ᠤᠨ ᠬᠠᠯᠳᠠᠪᠣᠷᠢᠳᠣ ᠡᠪᠡᠳᠴᠢᠨ᠎ᠤ ᠲᠣᠳᠣᠷᠠᠬᠢ ᠲᠠᠬᠤᠯ᠎ᠤᠨ ᠴᠢᠨᠠᠷᠳᠠᠢ ᠨᠡᠢᠳᠡᠯᠢᠭ ᠪᠣᠰᠣ ᠬᠡᠯᠪᠡᠷᠢ᠎ᠶᠢᠨ ᠠᠭᠤᠰᠬᠢᠨ ᠦᠷᠪᠢᠰᠣᠯ ᠂ ᠪᠣᠭᠤᠮ᠎ᠠ᠎ᠶᠢᠨ ᠲᠣᠳᠣᠷᠠᠬᠢ ᠠᠭᠤᠰᠬᠢᠨ ᠪᠣᠭᠤᠮ᠎ᠠ ᠪᠠ ᠬᠦᠮᠦᠨ᠎ᠳ᠋ᠤ ᠬᠠᠯᠳᠠᠪᠣᠷᠢᠯᠠᠬᠤ ᠬᠦᠨᠳᠦ ᠲᠣᠰᠳᠠᠭ ᠴᠢᠨᠠᠷᠳᠠᠢ ᠵᠢᠭᠦᠷᠳᠡᠨ᠎ᠤ ᠲᠠᠬᠤᠯ ᠲᠠᠭᠰᠢᠭᠤᠷ᠎ᠲᠤ ᠲᠣᠰ ᠬᠠᠣᠯᠢ᠎ᠳ᠋ᠤ ᠵᠢᠭᠠᠭᠰᠠᠨ ᠬᠦᠬᠡ ᠲᠦᠷᠦᠯ᠎ᠤᠨ ᠬᠠᠯᠳᠠᠪᠣᠷᠢᠳᠣ ᠡᠪᠡᠳᠴᠢᠨ᠎ᠢ ᠰᠡᠷᠭᠡᠢᠯᠡᠬᠦ ᠂ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠠᠪᠣᠨ᠎ᠠ ᠃ ᠪᠣᠰᠣᠳ ᠬᠦᠬᠡᠭᠴᠢᠨ ᠲᠦᠷᠦᠯ᠎ᠤᠨ ᠬᠠᠯᠳᠠᠪᠣᠷᠢᠳᠣ ᠡᠪᠡᠳᠴᠢᠨ ᠪᠠ ᠭᠡᠨᠡᠳᠲᠡ ᠡᠭᠦᠰᠦᠭᠰᠡᠨ ᠰᠢᠯᠳᠠᠭᠠᠨ᠎ᠨᠢ ᠲᠣᠳᠣᠷᠬᠠᠢ ᠦᠭᠡᠢ ᠬᠠᠯᠳᠠᠪᠣᠷᠢᠳᠣ ᠡᠪᠡᠳᠴᠢᠨ᠎ᠳ᠋ᠤ ᠲᠣᠰ ᠬᠠᠣᠯᠢ᠎ᠳ᠋ᠤ ᠵᠢᠭᠠᠭᠰᠠᠨ ᠬᠦᠬᠡ ᠲᠦᠷᠦᠯ᠎ᠤᠨ ᠬᠠᠯᠳᠠᠪᠣᠷᠢᠳᠣ ᠡᠪᠡᠳᠴᠢᠨ᠎ᠢ ᠰᠡᠷᠭᠡᠢᠯᠡᠬᠦ ᠂ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠠᠪᠬᠤ ᠴᠢᠬᠤᠯᠠ᠎ᠲᠠᠢ ᠪᠣᠯ ᠂ ᠲᠦᠷᠦ᠎ᠶᠢᠨ ᠶᠠᠪᠣᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠡᠴᠠ ᠲᠦᠷᠦ᠎ᠶᠢᠨ ᠶᠠᠪᠣᠳᠠᠯ᠎ᠤᠨ ᠬᠤᠷᠢᠶ᠎ᠠ᠎ᠳ᠋ᠤ ᠴᠠᠭ ᠲᠣᠬᠠᠢ᠎ᠳ᠋ᠤᠨᠢ ᠮᠡᠳᠡᠭᠦᠯᠵᠦ ᠵᠦᠪᠰᠢᠶᠡᠷᠡᠭᠦᠯᠦᠭᠰᠡᠨ᠎ᠤ ᠲᠠᠷᠠᠭ᠎ᠠ ᠨᠡᠢᠳᠡᠯᠡᠵᠦ ᠬᠡᠷᠡᠭᠵᠢᠭᠦᠯᠦᠨ᠎ᠡ ᠭᠡᠵᠦ ᠲᠤᠳᠤᠷᠬᠠᠢ ᠲᠣᠭᠳᠠᠭᠠᠬᠰᠠᠨ ᠪᠠᠢᠳᠠᠬ ᠃
ᠲᠡᠭᠡᠷᠡᠬᠢ ᠬᠠᠣᠯᠢ ᠴᠠᠭᠠᠵᠠ᠎ᠶᠢᠨ ᠲᠣᠭᠳᠠᠭᠠᠯ᠎ᠢ ᠦᠨᠳᠦᠰᠦᠯᠡᠨ ᠂ 2020 ᠣᠨ᠎ᠤ 1 ᠰᠠᠷ᠎ᠠ᠎ᠶᠢᠨ 20 ᠡᠳᠦᠷ ᠂ ᠣᠯᠣᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ᠎ᠡᠴᠠ 2020 ᠣᠨ᠎ᠤ ᠨᠢᠭᠡᠳᠦᠭᠡᠷ ᠲᠣᠭᠠᠳᠣ ᠵᠠᠷᠯᠠᠯ᠎ᠢ ᠨᠡᠢᠳᠡᠯᠡᠵᠦ ᠰᠢᠨ᠎ᠡ ᠲᠢᠳᠢᠮᠯᠢᠭ ᠠᠭᠤᠰᠬᠢᠨ ᠦᠷᠪᠢᠰᠣᠯ᠎ᠢ ︽ ᠬᠠᠯᠳᠠᠪᠣᠷᠢᠳᠣ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ ︾᠎ᠳ᠋ᠤ ᠲᠣᠭᠳᠠᠭᠠᠭᠰᠠᠨ ᠬᠦᠬᠡᠭᠴᠢᠨ ᠲᠦᠷᠦᠯ᠎ᠤᠨ ᠬᠠᠯᠳᠠᠪᠣᠷᠢᠳᠣ ᠡᠪᠡᠳᠴᠢᠨ᠎ᠤ ᠲᠦᠷᠦᠯ᠎ᠳ᠋ᠤ ᠣᠷᠣᠭᠤᠯᠬᠤ᠎ᠶᠢᠨ ᠬᠠᠮᠳᠣ ᠬᠦᠬᠡ ᠲᠦᠷᠦᠯ᠎ᠤᠨ ᠬᠠᠯᠳᠠᠪᠣᠷᠢᠳᠣ ᠡᠪᠡᠳᠴᠢᠨ᠎ᠢ ᠰᠡᠷᠭᠡᠢᠯᠡᠬᠦ ᠂ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠠᠪᠣᠭᠰᠠᠨ ᠪᠠᠢᠨ᠎ᠠ ᠃
2. ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠠᠬᠢ ᠵᠠᠰᠠᠭ ᠵᠠᠬᠢᠷᠭᠠᠨ᠎ᠤ ᠠᠵᠢᠯᠯᠠᠭ᠎ᠠ᠎ᠶᠢᠨ ᠲᠣᠬᠠᠢ
︽ ᠬᠠᠯᠳᠠᠪᠣᠷᠢᠳᠣ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ ︾᠎ᠶᠢᠨ 38 ᠳ᠋ᠤᠭᠠᠷ ᠵᠣᠢᠯ᠎ᠤᠨ 5 ᠳ᠋ᠤᠭᠠᠷ ᠪᠠᠳᠠᠭ᠎ᠲᠤ ᠄ ︽ ᠬᠠᠯᠳᠠᠪᠣᠷᠢᠳᠣ ᠡᠪᠡᠳᠴᠢᠨ ᠲᠦᠷᠭᠡᠨ ᠡᠭᠦᠰᠦᠭᠰᠡᠨ ᠂ ᠲᠡᠯᠭᠡᠷᠡᠭᠰᠡᠨ ᠦᠶ᠎ᠡ᠎ᠳ᠋ᠤ ᠲᠦᠷᠦ᠎ᠶᠢᠨ ᠶᠠᠪᠣᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠡᠴᠠ ᠬᠠᠯᠳᠠᠪᠣᠷᠢᠳᠣ ᠡᠪᠡᠳᠴᠢᠨ᠎ᠤ ᠬᠢᠵᠢᠭ᠎ᠤᠨ ᠪᠠᠢᠳᠠᠯ᠎ᠤᠨ ᠮᠡᠳᠡᠭᠡ ᠵᠠᠩᠭᠢ᠎ᠶᠢ ᠨᠡᠢᠭᠡᠮ ᠨᠡᠢᠳᠡ᠎ᠳ᠋ᠤ ᠨᠡᠢᠳᠡᠯᠡᠬᠦ ᠶᠠᠪᠣᠳᠠᠯ᠎ᠢ ᠬᠠᠷᠢᠭᠤᠴᠠᠬᠤ᠎ᠶᠢᠨ ᠬᠠᠮᠳᠣ ᠮᠣᠵᠢ ᠦᠪᠡᠷᠳᠡᠭᠡᠨ ᠣᠷᠣᠨ ᠂ ᠰᠢᠭᠤᠳ ᠬᠠᠷᠢᠶ᠎ᠠ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠲᠤ ᠡᠷᠬᠡ ᠣᠯᠭᠤᠵᠣ ᠂ ᠲᠣᠰ ᠵᠠᠰᠠᠭ ᠵᠠᠬᠢᠷᠭᠠᠨ᠎ᠤ ᠣᠷᠣᠨ᠎ᠤ᠎ᠪᠠᠨ ᠬᠠᠯᠳᠠᠪᠣᠷᠢᠳᠣ ᠡᠪᠡᠳᠴᠢᠨ᠎ᠤ ᠬᠢᠵᠢᠭ᠎ᠤᠨ ᠪᠠᠢᠳᠠᠯ᠎ᠤᠨ ᠮᠡᠳᠡᠭᠡ ᠵᠠᠩᠭᠢ᠎ᠶᠢ ᠨᠡᠢᠭᠡᠮ ᠨᠡᠢᠳᠡ᠎ᠳ᠋ᠤ ᠨᠡᠢᠳᠡᠯᠡᠭᠦᠯᠵᠦ ᠪᠣᠯᠣᠨ᠎ᠠ ︾ ᠬᠡᠵᠦ ᠲᠤᠬᠳᠠᠭᠠᠬᠰᠠᠨ ᠪᠠᠢᠳᠠᠭ ᠃ ᠡᠨᠡ ᠬᠦ ᠲᠣᠭᠳᠠᠭᠠᠯ᠎ᠤᠨ ᠠᠭᠤᠯᠭ᠎ᠠ᠎ᠡᠴᠠ ᠠᠪᠴᠣ ᠦᠵᠡᠪᠡᠯ ᠂ ᠬᠠᠯᠳᠠᠪᠣᠷᠢᠳᠣ ᠡᠪᠡᠳᠴᠢᠨ᠎ᠤ ᠬᠢᠵᠢᠭ᠎ᠤᠨ ᠪᠠᠢᠳᠠᠯ᠎ᠤᠨ ᠮᠡᠳᠡᠭᠡ ᠵᠠᠩᠭᠢ᠎ᠶᠢ ᠨᠡᠢᠳᠡᠯᠡᠬᠦ ᠡᠷᠬᠡ ᠲᠣᠰᠢᠶᠠᠯ᠎ᠤᠨ ᠪᠠᠶᠡᠴᠢ ᠴᠣᠭᠴᠠ᠎ᠨᠢ ᠲᠦᠷᠦ᠎ᠶᠢᠨ ᠶᠠᠪᠣᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ ᠪᠠ ᠲᠡᠭᠦᠨ᠎ᠤ ᠡᠷᠬᠡ ᠣᠯᠭᠤᠭᠰᠠᠨ ᠮᠣᠵᠢ ᠂ ᠦᠪᠡᠷᠳᠡᠭᠡᠨ ᠣᠷᠣᠨ ᠂ ᠰᠢᠭᠤᠳ ᠬᠠᠷᠢᠶ᠎ᠠ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ ᠪᠤᠯᠤᠨ᠎ᠠ ᠃ ᠬᠢᠵᠢᠭ᠎ᠤᠨ ᠪᠠᠢᠳᠠᠯ᠎ᠢ ᠬᠠᠣᠯᠢ᠎ᠳ᠋ᠤ ᠲᠣᠭᠳᠠᠭᠠᠭᠰᠠᠨ ᠬᠤᠭᠤᠴᠠᠭᠠᠨ᠎ᠳ᠋ᠤ ᠲᠡᠭᠡᠷ᠎ᠡ ᠱᠠᠳᠣᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠲᠤ ᠮᠡᠳᠡᠭᠦᠯᠬᠦ ᠂ ᠨᠡᠢᠭᠡᠮ ᠲᠠᠶᠠᠭᠠᠷ᠎ᠲᠤ ᠰᠡᠷᠡᠮᠵᠢᠯᠡᠭᠦᠯᠬᠦ ᠪᠠ ᠬᠠᠮᠢᠶ᠎ᠠ ᠪᠦᠬᠦᠢ ᠠᠷᠠᠳ᠎ᠤᠨ ᠵᠠᠰᠠᠭ᠎ᠤᠨ ᠣᠷᠳᠣᠨ ᠂ ᠪᠠᠢᠭᠤᠯᠭ᠎ᠠ ᠵᠡᠷᠭᠡ᠎ᠳ᠋ᠤ ᠴᠠᠭ ᠲᠣᠬᠠᠢ᠎ᠳ᠋ᠤᠨᠢ ᠮᠡᠳᠡᠭᠳᠡᠬᠦ ᠪᠣᠯ ᠲᠣᠬᠠᠢ᠎ᠶᠢᠨ ᠭᠠᠵᠠᠷ᠎ᠤᠨ ᠵᠠᠰᠠᠭ᠎ᠤᠨ ᠣᠷᠳᠣᠨ᠎ᠤ ᠠᠪᠬᠤ ᠴᠢᠬᠤᠯᠠ᠎ᠲᠠᠢ ᠪᠠᠴᠢᠮ ᠪᠠᠢᠳᠠᠯ᠎ᠢ ᠠᠷᠭᠠᠴᠠᠭᠠᠬᠤ ᠠᠷᠭ᠎ᠠ ᠪᠠᠷᠢᠯ ᠪᠣᠯᠣᠨ ᠬᠠᠣᠯᠢ᠎ᠳ᠋ᠤ ᠲᠣᠭᠳᠠᠭᠰᠠᠨ ᠡᠭᠦᠷᠭᠡ ᠬᠠᠷᠢᠭᠤᠴᠠᠯᠭ᠎ᠠ ᠪᠣᠯᠬᠤ ᠶᠣᠮ ᠃
︵ 1 ︶ ᠬᠢᠵᠢᠭ᠎ᠤᠨ ᠪᠠᠢᠳᠠᠯ᠎ᠢ ᠮᠡᠳᠡᠭᠦᠯᠬᠦ ᠂ ᠰᠡᠷᠡᠮᠵᠢᠯᠡᠭᠦᠯᠬᠦ ᠪᠠ ᠮᠡᠳᠡᠭᠳᠡᠬᠦ ᠲᠣᠭᠳᠠᠴᠠ
a . ᠬᠢᠵᠢᠭ᠎ᠤᠨ ᠪᠠᠢᠳᠠᠯ᠎ᠢ ᠮᠡᠳᠡᠭᠦᠯᠬᠦ᠎
︽ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠡᠷᠡᠭᠦᠯ ᠬᠠᠮᠠᠭᠠᠯᠠᠯ᠎ᠤᠨ ᠬᠡᠷᠡᠭ᠎ᠢ ᠪᠠᠴᠢᠮ ᠠᠷᠭᠠᠴᠠᠭᠠᠬᠤ ᠲᠦᠷᠢᠮ ︾᠎ᠤᠨ 19  23 ᠳ᠋ᠦ᠋ᠭᠠᠷ ᠵᠣᠢᠯ᠎ᠳ᠋ᠤ ᠬᠢᠵᠢᠭ᠎ᠤᠨ ᠪᠠᠢᠳᠠᠯ᠎ᠢ ᠮᠡᠳᠡᠭᠦᠯᠬᠦ ᠪᠠ ᠮᠡᠳᠡᠭᠳᠡᠬᠦ ᠴᠠᠭ ᠬᠤᠭᠤᠴᠠᠭ᠎ᠠ ᠂ ᠵᠢᠷᠣᠮ ᠲᠠᠷᠠᠭᠠᠯᠠᠯ ᠵᠡᠷᠭᠡ᠎ᠶᠢ ᠪᠣᠳᠠᠳᠠᠢ ᠲᠣᠭᠳᠠᠭᠠᠭᠰᠠᠨ ᠪᠠᠢᠳᠠᠭ ᠃ ᠵᠢᠱᠢᠶᠡᠯᠡᠪᠡᠯ ᠂ ᠲᠣᠰ ᠲᠦᠷᠢᠮ᠎ᠤᠨ 19 ᠳ᠋ᠦ᠋ᠭᠡᠷ ᠵᠣᠢᠯ᠎ᠳ᠋ᠤ ᠂ ︽ ᠬᠠᠯᠳᠠᠪᠣᠷᠢᠳᠣ ᠡᠪᠡᠳᠴᠢᠨ ᠭᠡᠨᠡᠳᠳᠡ ᠡᠭᠦᠰᠬᠦ ᠪᠣᠶᠣ ᠲᠡᠯᠭᠡᠷᠡᠬᠦ ᠪᠠᠢᠳᠠᠯ ︾ ᠭᠠᠷᠣᠭᠰᠠᠨ᠎ᠤ ᠲᠠᠷᠠᠭ᠎ᠠ ᠂ ᠮᠣᠵᠢ ᠂ ᠦᠪᠡᠷᠳᠡᠭᠡᠨ ᠣᠷᠣᠨ ᠂ ᠰᠢᠭᠤᠳ ᠬᠠᠷᠢᠶ᠎ᠠ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ ᠂ ᠬᠢᠵᠢᠭ᠎ᠤᠨ ᠮᠡᠳᠡᠭᠦᠯᠦᠯᠳᠡ᠎ᠶᠢ ᠲᠣᠰᠣᠭᠰᠠᠨ᠎ᠡᠴᠠ 1 ᠴᠠᠭ᠎ᠤᠨ ᠲᠣᠳᠣᠷ᠎ᠠ ᠲᠦᠷᠦ᠎ᠶᠢᠨ ᠶᠠᠪᠣᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠲᠤ ᠮᠡᠳᠡᠭᠦᠯᠬᠦ ᠬᠡᠷᠡᠭᠲᠡᠢ ᠃ 20 ᠳ᠋ᠤᠭᠠᠷ ᠵᠣᠢᠯ᠎ᠳ᠋ᠤ ᠂ ︽ 2 ᠴᠠᠭ᠎ᠤᠨ ᠬᠢᠵᠠᠭᠠᠷᠯᠠᠯ ︾᠎ᠤᠨ ᠲᠦᠷᠢᠮ ᠂ ᠲᠠᠷᠣᠢ ︽ ᠭᠡᠨᠡᠳᠲᠡ ᠡᠭᠦᠰᠣᠭᠰᠡᠨ ᠬᠡᠷᠡᠭ᠎ᠢ ᠬᠢᠨᠠᠨ ᠰᠢᠯᠭᠠᠬᠤ ᠪᠠᠢᠭᠤᠯᠣᠮᠵᠢ ᠂ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠣᠮᠵᠢ ᠵᠢᠴᠢ ᠬᠠᠮᠢᠶ᠎ᠠ ᠪᠦᠬᠦᠢ ᠪᠠᠢᠭᠤᠯᠭ᠎ᠠ 19 ᠳ᠋ᠤᠭᠡᠷ ᠵᠣᠢᠯ᠎ᠳ᠋ᠤ ᠲᠣᠭᠳᠠᠭᠠᠭᠰᠠᠨ ᠪᠠᠢᠳᠠᠯ ᠭᠠᠷᠣᠭᠰᠠᠨ᠎ᠤ ᠲᠠᠷᠠᠭ᠎ᠠ 2 ᠴᠠᠭ᠎ᠤᠨ ᠲᠣᠳᠣᠷ᠎ᠠ ᠪᠠᠢᠭ᠎ᠠ ᠭᠠᠵᠠᠷ᠎ᠤᠨ ᠰᠢᠶᠠᠨ᠎ᠤ ᠲᠡᠰ᠎ᠤᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠵᠦ ᠂ ᠮᠡᠳᠡᠭᠦᠯᠦᠯᠳᠡ᠎ᠶᠢ ᠲᠣᠰᠣᠭᠰᠠᠨ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ 2 ᠴᠠᠭ᠎ᠤᠨ ᠲᠣᠳᠣᠷ᠎ᠠ ᠲᠣᠰ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠳ᠋ᠤ ᠮᠡᠳᠡᠭᠦᠯᠬᠦ᠎ᠶᠢᠨ ᠬᠠᠮᠲᠣ ᠲᠡᠭᠡᠷ᠎ᠡ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠲᠦᠷᠦ᠎ᠶᠢᠨ ᠶᠠᠪᠣᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠬᠦ ᠬᠡᠷᠡᠭᠲᠡᠢ ︾ ᠭᠡᠵᠦ ᠲᠣᠭᠳᠠᠭᠠᠭᠰᠠᠨ ᠪᠠᠢᠳᠠᠭ ᠃
ᠲᠡᠭᠡᠷᠡᠬᠢ ᠲᠣᠭᠳᠠᠭᠠᠯ᠎ᠤᠳ᠎ᠢ ᠦᠨᠳᠦᠰᠦᠯᠡᠪᠡᠯ ᠂ ᠭᠡᠨᠡᠳᠲᠡ ᠡᠭᠦᠰᠣᠭᠰᠡᠨ ᠬᠡᠷᠡᠭ᠎ᠢ ᠬᠢᠨᠠᠨ ᠰᠢᠯᠭᠠᠬᠤ ᠪᠠᠢᠭᠤᠯᠣᠮᠵᠢ ᠂ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠣᠮᠵᠢ ᠵᠢᠴᠢ ᠬᠠᠮᠢᠶ᠎ᠠ ᠪᠦᠬᠦᠢ ᠪᠠᠢᠭᠤᠯᠭ᠎ᠠ ︽ ᠬᠠᠯᠳᠠᠪᠣᠷᠢᠳᠣ ᠡᠪᠡᠳᠴᠢᠨ ᠭᠡᠨᠡᠳᠳᠡ ᠡᠭᠦᠰᠬᠦ ᠪᠣᠶᠣ ᠲᠡᠯᠭᠡᠷᠡᠬᠦ ᠪᠠᠢᠳᠠᠯ ︾ ᠢᠯᠡᠷᠡᠭᠰᠡᠨ᠎ᠢ ᠮᠡᠳᠡᠭᠰᠡᠨ᠎ᠡᠴᠠ 2 ᠴᠠᠭ᠎ᠤᠨ ᠲᠣᠳᠣᠷ᠎ᠠ ᠲᠣᠰ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠳ᠋ᠤ ᠮᠡᠳᠡᠭᠦᠯᠬᠦ᠎ᠶᠢᠨ ᠬᠠᠮᠲᠣ ᠂ ᠲᠡᠭᠡᠷ᠎ᠡ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠲᠦᠷᠦ᠎ᠶᠢᠨ ᠶᠠᠪᠣᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠬᠦ ᠬᠡᠷᠡᠭᠲᠡᠢ ᠪᠠᠢᠵᠣ ᠂ ᠡᠯ᠎ᠡ ᠱᠠᠲᠣᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠴᠦᠮ 2 ᠴᠠᠭ᠎ᠤᠨ ᠲᠣᠳᠣᠷ᠎ᠠ ᠲᠡᠭᠡᠭᠰᠢ ᠮᠡᠳᠡᠭᠦᠯᠬᠦ ᠬᠠᠷᠢᠭᠤᠴᠠᠯᠭ᠎ᠠ᠎ᠲᠠᠢ ᠣᠴᠢᠷ᠎ᠡᠴᠠ ᠲᠦᠷᠦ᠎ᠶᠢᠨ ᠶᠠᠪᠣᠳᠠᠯ᠎ᠤᠨ ᠬᠤᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠎ᠤᠨ ᠬᠢᠵᠢᠭ᠎ᠤᠨ ᠪᠠᠢᠳᠠᠯ᠎ᠤᠨ ᠮᠡᠳᠡᠭᠦᠯᠦᠯᠳᠡ᠎ᠶᠢ ᠬᠦᠯᠢᠶᠡᠨ ᠣᠯᠬᠤ ᠬᠤᠭᠤᠴᠠᠭ᠎ᠠ᠎ᠨᠢ ᠬᠠᠮᠤᠭ ᠬᠤᠷᠳᠣᠨ᠎ᠳᠠᠭᠠᠨ 2 ᠴᠠᠭ ᠂ ᠬᠠᠮᠤᠭ ᠤᠳᠠᠭᠠᠨ᠎ᠳᠠᠭᠠᠨ 7 ᠴᠠᠭ ᠪᠠᠢᠬᠤ ᠶᠣᠰᠣᠳᠠᠢ ᠃ ᠲᠤᠰᠬᠠᠢ ᠤᠷᠤᠨ᠎ᠤ ᠳᠡᠰ᠎ᠤᠨ ᠬᠤᠳᠠ
b. ᠬᠢᠵᠢᠭ᠎ᠤᠨ ᠪᠠᠢᠳᠠᠯ᠎ᠢ ᠰᠡᠷᠡᠮᠵᠢᠯᠡᠭᠦᠯᠬᠦ ᠮᠡᠳᠡᠭᠳᠡᠬᠦ
︽ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠬᠡᠷᠡᠭ᠎ᠢ ᠪᠠᠴᠢᠮ ᠠᠷᠭᠠᠴᠠᠭᠠᠬᠤ ᠬᠠᠣᠯᠢ ︾᠎ᠶᠢᠨ 42  43 ᠳ᠋ᠦ᠋ᠭᠡᠷ ᠵᠣᠢᠯ᠎ᠤᠨ ᠲᠣᠭᠳᠠᠭᠠᠯ᠎ᠢ ᠦᠨᠳᠦᠰᠦᠯᠡᠪᠡᠯ ᠂ ᠬᠢᠵᠢᠭ᠎ᠤᠨ ᠪᠠᠢᠳᠠᠯ ᠢᠯᠡᠷᠡᠭᠰᠡᠨ᠎ᠤ ᠲᠠᠷᠠᠭ᠎ᠠ ᠂ ᠰᠢᠶᠠᠨ᠎ᠤ ᠲᠡᠰ᠎ᠡᠴᠠ ᠲᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠠᠣᠯᠢ ᠴᠠᠭᠠᠵᠠ ᠪᠠ ᠬᠠᠣᠯᠢ ᠲᠣᠭᠳᠠᠭᠠᠯ ᠶᠣᠰᠣᠭᠠᠷ ᠲᠣᠬᠢᠷᠠᠯᠴᠠᠭᠰᠠᠨ ᠲᠡᠰ᠎ᠤᠨ ᠰᠡᠷᠡᠮᠵᠢᠯᠡᠭᠦᠯᠭᠡ᠎ᠶᠢ ᠨᠡᠢᠳᠡᠯᠡᠵᠦ ᠂ ᠬᠠᠮᠢᠶ᠎ᠠ ᠪᠦᠬᠦᠢ ᠭᠠᠵᠠᠷ ᠣᠷᠣᠨ ᠣᠷᠢᠳᠴᠢᠯᠠᠨ ᠰᠡᠷᠭᠡᠢᠯᠡᠬᠦ ᠬᠤᠭᠤᠴᠠᠭᠠᠨ᠎ᠳ᠋ᠤ ᠣᠷᠣᠭᠰᠠᠨ᠎ᠢ ᠵᠠᠷᠯᠠᠨ᠎ᠠ ᠃ ᠡᠭᠦᠨ᠎ᠤ ᠬᠠᠮᠳᠣ ᠲᠡᠭᠡᠷ᠎ᠡ ᠨᠢᠭᠡ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠳ᠋ᠤ ᠮᠡᠳᠡᠭᠦᠯᠵᠦ ︵ ᠴᠢᠬᠤᠯᠠᠳᠠᠢ ᠦᠶᠡᠰ ᠲᠡᠰ ᠲᠠᠪᠠᠨ ᠮᠡᠳᠡᠭᠦᠯᠵᠦ ᠪᠣᠯᠣᠨ᠎ᠠ ︶ ᠂ ᠲᠣᠬᠠᠢ᠎ᠶᠢᠨ ᠣᠷᠣᠨ᠎ᠳ᠋ᠤ ᠰᠠᠭᠤᠭ᠎ᠠ ᠴᠡᠷᠢᠭ ᠠᠩᠬᠢ ᠪᠣᠯᠣᠨ ᠬᠤᠣᠷ ᠬᠦᠨᠦᠭᠡᠯ ᠤᠴᠠᠷᠠᠵᠣ ᠮᠡᠳᠡᠬᠦ ᠬᠦᠷᠰᠢ ᠵᠡᠷᠭᠡᠯᠡᠳᠡᠭᠡ ᠪᠣᠶᠣ ᠬᠠᠮᠢᠶ᠎ᠠ ᠪᠦᠬᠦᠢ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳ᠋ᠤ ᠮᠡᠳᠡᠭᠳᠡᠬᠦ ᠬᠡᠷᠡᠭᠲᠡᠢ ᠪᠠᠢᠳᠠᠭ ᠃
︵ 2 ︶ ᠪᠠᠴᠢᠮ ᠪᠠᠢᠳᠠᠯ᠎ᠢ ᠠᠷᠭᠠᠴᠠᠭᠠᠨ ᠡᠵᠡᠮᠳᠡᠬᠦ ᠠᠷᠭ᠎ᠠ ᠪᠠᠷᠢᠯ
ᠪᠠᠴᠢᠮ ᠪᠠᠢᠳᠠᠯ᠎ᠢ ᠠᠷᠭᠠᠴᠠᠭᠠᠨ ᠡᠵᠡᠮᠳᠡᠬᠦ ᠠᠷᠭ᠎ᠠ ᠪᠠᠷᠢᠯ ᠭᠡᠳᠡᠭ᠎ᠨᠢ ᠂ ᠵᠠᠰᠠᠭ᠎ᠤᠨ ᠣᠷᠳᠣᠨ ᠪᠣᠯᠣᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠎ᠡᠴᠠ ᠭᠡᠨᠡᠳᠳᠡ ᠡᠭᠦᠰᠦᠭᠰᠡᠨ ᠣᠯᠠᠨ ᠨᠡᠢᠳᠡ᠎ᠶᠢᠨ ᠬᠡᠷᠡᠭ᠎ᠢ ᠠᠷᠭᠠᠴᠠᠭᠠᠨ ᠡᠵᠡᠮᠳᠡᠬᠦ᠎ᠶᠢᠨ ᠲᠦᠯᠦᠭᠡ ᠬᠠᠣᠯᠢ ᠶᠣᠰᠣᠭᠠᠷ ᠠᠪᠣᠭᠰᠠᠨ ᠵᠠᠰᠠᠭ ᠵᠠᠬᠢᠷᠭᠠᠨ᠎ᠤ ᠠᠷᠭ᠎ᠠ ᠪᠠᠷᠢᠯ᠎ᠢ ᠵᠢᠭᠠᠨ᠎ᠠ ᠃ ᠠᠯᠪᠠᠳᠠᠯᠭ᠎ᠠ᠎ᠶᠢᠨ ᠴᠢᠨᠠᠷ᠎ᠢᠶᠠᠷ ᠴᠢᠩᠭ᠎ᠠ ᠪᠠᠢᠳᠠᠭ ᠃ ᠣᠳᠣᠬᠠᠨ᠎ᠳ᠋ᠤ ᠬᠦᠴᠦᠨ᠎ᠲᠠᠢ ᠪᠠᠢᠭ᠎ᠠ ︽ ᠵᠠᠰᠠᠭ ᠵᠠᠬᠢᠷᠭᠠᠨ᠎ᠤ ᠠᠯᠪᠠᠳᠠᠯᠭ᠎ᠠ᠎ᠶᠢᠨ ᠬᠠᠣᠯᠢ ︾᠎ᠨᠢ ᠵᠠᠰᠠᠭ ᠵᠠᠬᠢᠷᠭᠠᠨ᠎ᠤ ᠪᠡᠶᠡᠴᠢ ᠴᠣᠭᠴᠠ᠎ᠡᠴᠠ ᠪᠠᠴᠢᠮ ᠪᠠᠢᠳᠠᠯ᠎ᠢ ᠠᠷᠭᠠᠴᠠᠭᠠᠨ ᠡᠵᠡᠮᠳᠡᠬᠦ ᠠᠷᠭ᠎ᠠ ᠪᠠᠷᠢᠯ᠎ᠤᠨ ᠦᠨᠳᠦᠰᠦᠯᠡᠯ ᠪᠣᠯᠵᠣ ᠲᠡᠢᠯᠬᠦ ᠦᠭᠡᠢ ᠃ ᠲᠣᠰ ᠬᠠᠣᠯᠢ᠎ᠶᠢᠨ 3 ᠳ᠋ᠤᠭᠠᠷ ᠵᠣᠢᠯ᠎ᠤᠨ ᠬᠤᠶᠠᠳᠤᠭᠠᠷ ᠪᠠᠳᠠᠭ᠎ᠲᠤ ᠄ ︽ ᠪᠠᠢᠭᠠᠯᠢ᠎ᠶᠢᠨ ᠭᠠᠮᠰᠢᠭ ᠂ ᠠᠳᠡᠯ᠎ᠤᠨ ᠭᠠᠢ ᠂ ᠣᠯᠠᠨ ᠨᠡᠢᠳᠡ᠎ᠶᠢᠨ ᠡᠷᠡᠭᠦᠯ ᠬᠠᠮᠠᠭᠠᠯᠠᠯ᠎ᠤᠨ ᠬᠡᠷᠡᠭ ᠪᠣᠶᠣ ᠨᠡᠢᠭᠡᠮ᠎ᠤᠨ ᠠᠮᠣᠷ ᠲᠦᠪᠰᠢᠨ᠎ᠤ ᠬᠡᠷᠡᠭ ᠵᠡᠷᠭᠡ ᠭᠡᠨᠡᠳᠳᠡ ᠡᠭᠦᠰᠦᠭᠰᠡᠨ ᠬᠡᠷᠡᠭ ᠪᠣᠶᠣ ᠡᠭᠦᠰᠬᠦ ᠪᠣᠯᠣᠯᠴᠠᠭ᠎ᠠ᠎ᠲᠠᠢ ᠦᠶᠡᠰ ᠵᠠᠰᠠᠭ ᠵᠠᠬᠢᠷᠭᠠᠨ᠎ᠤ ᠪᠠᠢᠭᠤᠯᠭ᠎ᠠ᠎ᠡᠴᠠ ᠪᠠᠴᠢᠮ ᠠᠷᠭᠠᠴᠠᠬᠤ ᠠᠷᠭ᠎ᠠ ᠬᠡᠮᠵᠢᠶ᠎ᠡ ᠪᠣᠶᠣ ᠲᠦᠷ ᠴᠠᠭ᠎ᠤᠨ ᠠᠷᠭ᠎ᠠ ᠬᠡᠮᠵᠢᠶ᠎ᠡ ᠠᠪᠬᠤ᠎ᠳ᠋ᠤ ᠬᠠᠮᠢᠶ᠎ᠠ ᠪᠦᠬᠦᠢ ᠬᠠᠣᠯᠢ ᠴᠠᠭᠠᠵᠠ ᠂ ᠵᠠᠰᠠᠭ ᠵᠠᠬᠢᠷᠭᠠᠨ᠎ᠤ ᠬᠠᠣᠯᠢ ᠲᠣᠭᠳᠠᠭᠠᠯ ᠶᠣᠰᠣᠭᠠᠷ ᠬᠡᠷᠡᠭᠵᠢᠭᠦᠯᠦᠨ᠎ᠡ ︾ ᠭᠡᠵᠦ ᠲᠣᠭᠳᠠᠭᠠᠵᠠᠢ ᠃
a . ︽ ᠬᠠᠯᠳᠠᠪᠣᠷᠢᠳᠣ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ ︾᠎ᠳ᠋ᠠᠬᠢ ᠪᠠᠴᠢᠮ ᠪᠠᠢᠳᠠᠯ᠎ᠢ ᠠᠷᠭᠠᠴᠠᠭᠠᠨ ᠡᠵᠡᠮᠳᠡᠬᠦ ᠠᠷᠭ᠎ᠠ ᠪᠠᠷᠢᠯ
ᠲᠣᠰ ᠬᠠᠣᠯᠢ᠎ᠶᠢᠨ 41  42 ᠳ᠋ᠤᠭᠠᠷ ᠵᠦᠢᠯ᠎ᠤᠨ ᠲᠣᠭᠳᠠᠭᠠᠯ᠎ᠢ ᠦᠨᠳᠦᠰᠦᠯᠡᠪᠡᠯ ᠂ ᠨᠢᠭᠡᠨᠳᠡ ᠬᠦᠬᠡ ᠲᠦᠷᠦᠯ᠎ᠤᠨ ᠬᠠᠯᠳᠠᠪᠣᠷᠢᠳᠣ ᠡᠪᠡᠳᠴᠢᠨ᠎ᠤ ᠡᠪᠡᠳᠴᠢᠨ᠎ᠤ ᠵᠢᠱᠢᠶ᠎ᠡ ᠭᠠᠷᠣᠭᠰᠠᠨ ᠲᠠᠯᠠᠪᠣᠷ ᠭᠠᠵᠠᠷ ᠪᠣᠶᠣ ᠲᠣᠰ ᠲᠠᠯᠠᠪᠣᠷ ᠭᠠᠵᠠᠷ᠎ᠤᠨ ᠲᠣᠳᠣᠷᠠᠬᠢ ᠣᠨᠴᠠ ᠲᠣᠭᠳᠠᠭᠠᠭᠰᠠᠨ ᠣᠷᠣᠨ᠎ᠤ ᠬᠦᠮᠦᠰ᠎ᠲᠤ ᠪᠠᠢᠭ᠎ᠠ ᠭᠠᠵᠠᠷ᠎ᠤᠨ ᠬᠢᠨᠢ ᠰᠢᠶᠠᠨ᠎ᠤ ᠱᠠᠳᠣᠨ᠎ᠡᠴᠠ ᠲᠡᠭᠡᠭᠰᠢᠬᠢ ᠣᠷᠣᠨ ᠨᠣᠳᠤᠭ᠎ᠤᠨ ᠠᠷᠠᠳ᠎ᠤᠨ ᠵᠠᠰᠠᠭ᠎ᠤᠨ ᠣᠷᠳᠣᠨ ᠲᠣᠰᠠᠭᠠᠷᠯᠠᠬᠤ ᠠᠷᠭ᠎ᠠ ᠬᠡᠮᠵᠢᠶ᠎ᠡ ᠠᠪᠴᠣ ᠪᠣᠯᠬᠤ ᠪᠦᠭᠡᠳ ᠲᠡᠭᠡᠷ᠎ᠡ ᠨᠢᠭᠡ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠳ᠋ᠤ ᠵᠡᠷᠭᠡ᠎ᠳ᠋ᠤᠨᠢ ᠮᠡᠳᠡᠭᠦᠯᠵᠦ ᠂ ᠮᠡᠳᠡᠭᠦᠯᠦᠯᠳᠡ᠎ᠶᠢ ᠣᠯᠣᠭᠰᠠᠨ ᠵᠠᠰᠠᠭ᠎ᠤᠨ ᠣᠷᠳᠣᠨ ᠲᠡᠷᠡ ᠲᠠᠷᠣᠢ᠎ᠳ᠋ᠤᠨᠢ ᠵᠦᠪᠰᠢᠶᠡᠷᠡᠬᠦ ᠡᠰᠡᠬᠦ ᠲᠣᠭᠳᠠᠭᠠᠯ᠎ᠢ ᠭᠠᠷᠭᠠᠬᠤ ᠬᠡᠷᠡᠭᠳᠡᠢ ᠪᠠᠢᠳᠠᠭ ︔ ᠴᠢᠬᠤᠯᠠ᠎ᠲᠠᠢ ᠦᠶᠡᠰ ᠲᠡᠭᠡᠷ᠎ᠡ ᠨᠢᠭᠡ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠳ᠋ᠤ ᠮᠡᠳᠡᠭᠦᠯᠦᠨ ᠲᠣᠭᠳᠠᠭᠠᠯᠭᠠᠭᠠᠳ ᠲᠣᠣᠷᠠᠬᠢ ᠮᠡᠳᠦ ᠪᠠᠴᠢᠮ ᠪᠠᠢᠳᠠᠯ᠎ᠢ ᠠᠷᠭᠠᠴᠠᠭᠠᠨ ᠡᠵᠡᠮᠳᠡᠬᠦ ᠠᠷᠭ᠎ᠠ ᠪᠠᠷᠢᠯ᠎ᠢ ᠠᠪᠴᠣ ᠪᠣᠯᠳᠠᠭ ᠄ ᠴᠣᠭᠯᠠᠭ᠎ᠠ ᠮᠠᠢᠮᠠᠢ ᠂ ᠺᠢᠨᠣ᠋ ᠲᠢᠶᠠᠲ᠋ᠷ᠎ᠤᠨ ᠲᠣᠭᠯᠠᠯᠳᠠ ᠪᠣᠶᠣ ᠬᠦᠮᠦᠰ ᠴᠣᠭᠯᠠᠷᠠᠳᠠᠭ ᠪᠣᠰᠣᠳ ᠠᠵᠢᠯᠯᠠᠭ᠎ᠠ᠎ᠶᠢ ᠬᠢᠵᠠᠭᠠᠷᠯᠠᠬᠤ ᠪᠣᠶᠣ ᠵᠣᠭᠰᠣᠭᠠᠬᠤ ︔ ᠠᠵᠢᠯ ᠂ ᠠᠷᠠᠯᠵᠢᠶ᠎ᠠ ᠂ ᠬᠢᠴᠢᠶᠡᠯ᠎ᠢ ᠵᠣᠭᠰᠣᠭᠠᠬᠤ ᠬᠠᠯᠳᠠᠪᠣᠷᠢᠳᠣ ᠡᠪᠡᠳᠴᠢᠨ᠎ᠤ ᠡᠪᠡᠳᠴᠢᠨ ᠡᠭᠦᠰᠬᠡᠭᠴᠢ᠎ᠳ᠋ᠤ ᠪᠣᠬᠢᠷᠳᠣᠭᠰᠡᠨ ᠣᠯᠠᠨ ᠨᠡᠢᠳᠡ᠎ᠶᠢᠨ ᠣᠣᠭᠤᠬᠤ ᠣᠰᠣᠨ᠎ᠤ ᠰᠣᠷᠪᠣᠯᠵᠢ ᠂ ᠢᠳᠡᠭᠡᠨ ᠵᠢᠴᠢ ᠬᠠᠮᠢᠶ᠎ᠠ ᠪᠦᠬᠦᠢ ᠡᠳ᠋ ᠪᠣᠳᠠᠰ᠎ᠢ ᠪᠢᠳᠡᠭᠦᠮᠵᠢᠯᠡᠬᠦ ᠪᠣᠶᠣ ᠪᠢᠳᠡᠭᠦᠮᠵᠢᠯᠡᠨ ᠬᠠᠳᠠᠭᠠᠯᠠᠬᠤ ︔ ᠬᠢᠵᠢᠭ ᠬᠠᠯᠳᠠᠪᠣᠷᠢᠯᠠᠭᠰᠠᠨ ᠬᠡᠭᠡᠷ᠎ᠡ᠎ᠶᠢᠨ ᠠᠮᠢᠳᠠᠨ ᠂ ᠭᠡᠷ᠎ᠤᠨ ᠲᠡᠵᠢᠭᠡᠪᠦᠷᠢ ᠭᠡᠷ᠎ᠤᠨ ᠵᠢᠭᠦᠷᠳᠡᠨ᠎ᠢ ᠡᠵᠡᠮᠳᠡᠬᠦ ᠪᠣᠶᠣ ᠣᠰᠠᠳᠬᠠᠬᠤ ︔ ᠬᠠᠯᠳᠠᠪᠣᠷᠢᠳᠣ ᠡᠪᠡᠳᠴᠢᠨ ᠲᠠᠷᠬᠠᠭᠠᠵᠣ ᠮᠡᠳᠡᠬᠦ ᠲᠠᠯᠠᠪᠣᠷ ᠭᠠᠵᠠᠷ᠎ᠢ ᠪᠢᠳᠡᠭᠦᠮᠵᠢᠯᠡᠬᠦ ᠵᠡᠷᠭᠡ ᠃ ᠣᠯᠣᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ᠎ᠡᠴᠠ ᠰᠢᠨ᠎ᠡ ᠲᠢᠳᠢᠮᠯᠢᠭ ᠠᠭᠤᠰᠬᠢᠨ ᠦᠷᠪᠢᠰᠣᠯ᠎ᠢ ᠬᠦᠬᠡᠭᠴᠢᠨ ᠲᠦᠷᠦᠯ᠎ᠤᠨ ᠬᠠᠯᠳᠠᠪᠣᠷᠢᠳᠣ ᠡᠪᠡᠳᠴᠢᠨ᠎ᠤ ᠲᠦᠷᠦᠯ᠎ᠳ᠋ᠤ ᠣᠷᠣᠭᠤᠯᠬᠤ᠎ᠶᠢᠨ ᠬᠠᠮᠳᠣ ᠬᠦᠬᠡ ᠲᠦᠷᠦᠯ᠎ᠤᠨ ᠬᠠᠯᠳᠠᠪᠣᠷᠢᠳᠣ ᠡᠪᠡᠳᠴᠢᠨ᠎ᠢ ᠰᠡᠷᠭᠡᠢᠯᠡᠬᠦ ᠂ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠠᠪᠬᠤ᠎ᠪᠠᠷ ᠵᠠᠷᠯᠠᠭᠰᠠᠨ ᠲᠣᠯᠠ ᠰᠢᠨ᠎ᠡ ᠲᠢᠳᠢᠮᠯᠢᠭ ᠠᠭᠤᠰᠬᠢᠨ ᠦᠷᠪᠢᠰᠣᠯ᠎ᠢ ᠰᠡᠷᠭᠡᠢᠯᠡᠨ ᠡᠵᠡᠮᠳᠡᠬᠦ ᠠᠵᠢᠯ᠎ᠳ᠋ᠤ ᠲᠣᠰ ᠬᠠᠣᠯᠢ ᠴᠠᠭᠠᠵᠠ᠎ᠳ᠋ᠤ ᠲᠣᠭᠳᠠᠭᠠᠭᠰᠠᠨ ᠬᠦᠬᠡ ᠲᠦᠷᠦᠯ᠎ᠤᠨ ᠬᠠᠯᠳᠠᠪᠣᠷᠢᠳᠣ ᠡᠪᠡᠳᠴᠢᠨ᠎ᠢ ᠰᠡᠷᠭᠡᠢᠯᠡᠬᠦ ᠂ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠴᠦᠮ ᠲᠣᠬᠢᠷᠠᠭᠤᠯᠣᠨ ᠬᠡᠷᠡᠭᠯᠡᠵᠦ ᠪᠣᠯᠣᠨ᠎ᠠ ᠃
b. ︽ ᠭᠡᠨᠡᠳᠲᠡ ᠡᠭᠦᠰᠣᠭᠰᠡᠨ ᠣᠯᠠᠨ ᠨᠡᠢᠳᠡ᠎ᠶᠢᠨ ᠬᠡᠷᠡᠭ᠎ᠢ ᠪᠠᠴᠢᠮ ᠠᠷᠭᠠᠴᠠᠭᠠᠬᠤ ᠬᠠᠣᠯᠢ ︾᠎ᠳ᠋ᠠᠬᠢ ᠪᠠᠴᠢᠮ ᠪᠠᠢᠳᠠᠯ᠎ᠢ ᠠᠷᠭᠠᠴᠠᠭᠠᠨ ᠡᠵᠡᠮᠳᠡᠬᠦ ᠠᠷᠭ᠎ᠠ ᠪᠠᠷᠢᠯ
ᠲᠣᠰ ᠬᠠᠣᠯᠢ᠎ᠶᠢᠨ 49 ᠳ᠋ᠦ᠋ᠭᠡᠷ ᠵᠦᠢᠯ᠎ᠳ᠋ᠤ ᠣᠯᠠᠨ ᠨᠡᠢᠳᠡ᠎ᠶᠢᠨ ᠡᠷᠡᠭᠦᠯ ᠬᠠᠮᠠᠭᠠᠯᠠᠯ᠎ᠤᠨ ᠬᠡᠷᠡᠭ ᠭᠠᠷᠣᠭᠰᠠᠨ᠎ᠤ ᠲᠠᠷᠠᠭ᠎ᠠ ᠨᠢᠭᠡᠳᠦᠯᠳᠡᠢ ᠣᠳᠣᠷᠢᠳᠬᠤ ᠲᠣᠰᠢᠶᠠᠯ ᠬᠠᠷᠢᠭᠤᠴᠠᠯᠭ᠎ᠠ ᠭᠦᠢᠴᠡᠳᠬᠡᠵᠦ ᠪᠠᠢᠭ᠎ᠠ ᠠᠷᠠᠳ᠎ᠤᠨ ᠵᠠᠰᠠᠭ᠎ᠤᠨ ᠣᠷᠳᠣᠨ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ᠎ᠶᠢ ᠲᠣᠣᠷᠠᠬᠢ ᠮᠡᠳᠦ ᠲᠣᠭᠳᠠᠭᠠᠵᠠᠢ ᠄ ᠵᠠᠮ ᠬᠠᠷᠢᠯᠴᠠᠭ᠎ᠠ᠎ᠶᠢ ᠵᠠᠬᠢᠷᠣᠨ ᠡᠵᠡᠮᠳᠡᠬᠦ ᠂ ᠬᠤᠯᠪᠣᠭᠳᠠᠯ ᠪᠦᠬᠦᠢ ᠲᠠᠯᠠᠪᠣᠷ ᠭᠠᠵᠠᠷ᠎ᠢ ᠬᠠᠭᠠᠬᠤ ᠪᠣᠶᠣ ᠬᠡᠷᠡᠭᠯᠡᠬᠦ᠎ᠶᠢ ᠵᠣᠭᠰᠣᠭᠠᠬᠤ ︔ ᠬᠦᠮᠦᠰ ᠪᠦᠭᠡᠮᠨᠡᠷᠡᠬᠦ ᠠᠵᠢᠯᠯᠠᠭ᠎ᠠ ᠪᠣᠶᠣ ᠬᠤᠣᠷ ᠬᠦᠨᠦᠭᠡᠯ᠎ᠢ ᠦᠷᠭᠡᠳᠬᠡᠵᠦ ᠮᠡᠳᠡᠬᠦ ᠦᠢᠯᠡᠳᠪᠦᠷᠢᠯᠡᠯ ᠡᠵᠡᠩᠨᠡᠯᠳᠡ᠎ᠶᠢᠨ ᠠᠵᠢᠯᠯᠠᠭ᠎ᠠ᠎ᠶᠢ ᠵᠣᠭᠰᠣᠭᠠᠬᠤ ᠪᠠ ᠪᠣᠰᠣᠳ ᠬᠠᠮᠠᠭᠠᠯᠠᠯᠳᠠ᠎ᠶᠢᠨ ᠠᠷᠭ᠎ᠠ ᠬᠡᠮᠵᠢᠶ᠎ᠡ ᠠᠪᠬᠤ ︔ ᠬᠤᠷᠠᠮᠳᠣᠭᠤᠯᠣᠨ ᠲᠠᠷᠣᠵᠣ ᠬᠤᠨᠵᠢᠨ ᠵᠠᠪᠰᠢᠬᠤ ᠂ ᠪᠠᠷᠠᠭᠠᠨ᠎ᠤ ᠦᠨ᠎ᠡ᠎ᠶᠢ ᠦᠰᠭᠡᠬᠦ ᠂ ᠬᠠᠭᠤᠷᠮᠠᠭ ᠲᠠᠸᠠᠷ᠎ᠢ ᠦᠢᠯᠡᠳᠭᠦ ᠪᠠ ᠪᠣᠷᠣᠯᠠᠭᠤᠯᠬᠤ ᠵᠡᠷᠭᠡ ᠵᠠᠬ᠎ᠠ ᠲᠡᠯᠭᠡᠭᠦᠷ᠎ᠤᠨ ᠡᠮᠬᠢ ᠵᠢᠷᠦᠮ᠎ᠢ ᠰᠠᠮᠠᠭᠤᠷᠠᠭᠤᠯᠣᠭᠰᠠᠨ᠎ᠢ ᠬᠠᠣᠯᠢ ᠶᠣᠰᠣᠭᠠᠷ ᠴᠢᠩᠭ᠎ᠠ ᠰᠢᠢᠳᠬᠡᠵᠦ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠠᠵᠢᠯ᠎ᠢ ᠬᠠᠷᠰᠢᠯᠠᠭᠰᠠᠨ ᠵᠡᠷᠭᠡ ᠨᠡᠢᠭᠡᠮ᠎ᠤᠨ ᠡᠮᠬᠢ ᠵᠢᠷᠦᠮ᠎ᠢ ᠰᠠᠮᠠᠭᠤᠷᠠᠭᠤᠯᠣᠭᠰᠠᠨ ᠠᠵᠢᠯᠯᠠᠭ᠎ᠠ᠎ᠶᠢ ᠬᠠᠣᠯᠢ ᠶᠣᠰᠣᠭᠠᠷ ᠴᠢᠩᠭ᠎ᠠ ᠰᠢᠢᠳᠬᠡᠨ᠎ᠡ ︔ ᠬᠡᠷᠡᠭ ᠡᠭᠦᠰᠴᠦ ᠣᠯᠠᠷᠢᠬᠤ᠎ᠶᠢ ᠰᠡᠷᠭᠡᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ᠎ᠶᠢ ᠠᠪᠣᠨ᠎ᠠ ᠃

ᠬᠤᠶᠠᠷ ᠂ ᠬᠢᠵᠢᠭ᠎ᠢ ᠰᠡᠷᠭᠡᠢᠯᠡᠨ ᠡᠵᠡᠮᠳᠡᠬᠦ ᠠᠵᠢᠯ᠎ᠳ᠋ᠠᠬᠢ ᠵᠠᠰᠠᠭ ᠵᠠᠬᠢᠷᠭᠠᠨ᠎ᠤ ᠬᠠᠷᠢᠴᠠᠩᠭᠤᠢ ᠡᠳᠡᠭᠡᠳ᠎ᠤᠨ ᠡᠷᠬᠡ ᠪᠠ ᠡᠭᠦᠷᠭᠡ
ᠰᠢᠨ᠎ᠡ ᠲᠢᠳᠢᠮᠯᠢᠭ ᠠᠭᠤᠰᠬᠢᠨ ᠦᠷᠪᠢᠰᠣᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠨᠢ ᠵᠦᠪᠬᠡᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠤᠨ ᠠᠵᠢᠯ ᠲᠡᠳᠦᠢ ᠪᠢᠰᠢ ᠂ ᠲᠡᠷᠡ᠎ᠨᠢ ᠪᠦᠬᠦ ᠨᠡᠢᠭᠡᠮ᠎ᠤᠨ ᠭᠡᠰᠢᠭᠦᠳ᠎ᠤᠨ ᠬᠠᠮᠳᠣ᠎ᠶᠢᠨ ᠡᠭᠦᠷᠭᠡ ᠬᠠᠷᠢᠭᠤᠴᠠᠯᠭ᠎ᠠ ᠪᠤᠯᠤᠨ᠎ᠠ ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠣᠯ ᠪᠦᠬᠦ ᠠᠷᠠᠳ᠎ᠤᠨ ᠲᠠᠢᠨ ᠮᠦᠨ ᠂ ᠬᠠᠣᠯᠢ ᠴᠠᠭᠠᠵᠠ᠎ᠳ᠋ᠤ ᠵᠠᠰᠠᠭ ᠵᠠᠬᠢᠷᠭᠠᠨ᠎ᠤ ᠬᠠᠷᠢᠴᠠᠩᠭᠤᠢ ᠡᠳᠡᠭᠡᠳ ︵ ᠡᠷᠬᠡᠳᠦ ᠠᠷᠠᠳ ᠂ ᠬᠠᠣᠯᠢ᠎ᠶᠢᠨ ᠬᠦᠮᠦᠨ ᠪᠠ ᠪᠣᠰᠣᠳ ᠵᠣᠬᠢᠶᠠᠨ ᠪᠠᠢᠭᠤᠯᠣᠯᠳᠠ ︶᠎ᠤᠨ ᠣᠷᠣᠯᠴᠠᠬᠤ ᠪᠠ ᠬᠠᠮᠵᠢᠯᠴᠠᠬᠤ ᠡᠭᠦᠷᠭᠡ ᠬᠠᠷᠢᠭᠤᠴᠠᠯᠭ᠎ᠠ ᠪᠣᠯᠣᠨ ᠡᠳ᠋ᠯᠡᠬᠦ ᠶᠣᠰᠣᠳᠠᠢ ᠡᠷᠬᠡ᠎ᠶᠢ ᠲᠣᠳᠣᠷᠬᠠᠢ ᠲᠣᠭᠳᠠᠭᠠᠭᠰᠠᠨ ᠪᠠᠢᠳᠠᠭ ᠃
︽ ᠬᠠᠯᠳᠠᠪᠣᠷᠢᠳᠣ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ ︾᠎ᠶᠢᠨ 12 ᠳ᠋ᠤᠭᠠᠷ ᠵᠣᠢᠯ᠎ᠤᠨ ᠨᠢᠭᠡᠳᠦᠭᠡᠷ ᠪᠠᠳᠠᠭ᠎ᠲᠤ ᠄ ︽ ᠪᠦᠭᠦᠳᠡ ᠨᠠᠢᠷᠠᠮᠳᠠᠬᠤ ᠲᠣᠮᠳᠠᠳᠣ ᠠᠷᠠᠳ ᠣᠯᠣᠰ᠎ᠤᠨ ᠨᠣᠳᠤᠭ ᠲᠡᠪᠢᠰᠭᠡᠷ᠎ᠲᠠᠬᠢ ᠠᠯᠢᠪᠠ ᠪᠠᠢᠭᠤᠯᠭ᠎ᠠ ᠨᠢᠭᠡᠴᠢ ᠪᠠ ᠬᠤᠪᠢ ᠬᠦᠮᠦᠨ ᠡᠷᠬᠡᠪᠰᠢ ᠡᠪᠡᠳᠴᠢᠨ ᠡᠮᠬᠡᠭ᠎ᠢ ᠰᠡᠷᠭᠡᠢᠯᠡᠨ ᠬᠢᠵᠠᠭᠠᠷᠯᠠᠬᠤ ᠪᠠᠢᠭᠤᠯᠣᠮᠵᠢ ᠂ ᠡᠮᠴᠢᠯᠡᠭᠡᠨ᠎ᠤ ᠪᠠᠢᠭᠤᠯᠣᠮᠵᠢ᠎ᠶᠢᠨ ᠬᠠᠯᠳᠠᠪᠣᠷᠢᠳᠣ ᠡᠪᠡᠳᠴᠢᠨ᠎ᠤ ᠲᠣᠬᠠᠢ ᠪᠠᠢᠴᠠᠭᠠᠯᠳᠠ ᠬᠢᠬᠦ ᠂ ᠰᠢᠯᠭᠠᠵᠣ ᠦᠵᠡᠬᠦ ᠂ ᠵᠠᠭᠪᠣᠷ ᠠᠪᠬᠤ ᠂ ᠲᠣᠰᠠᠭᠠᠷᠯᠠᠨ ᠡᠮᠨᠡᠬᠦ ᠵᠡᠷᠭᠡ ᠣᠷᠢᠳᠴᠢᠯᠠᠨ ᠰᠡᠷᠭᠡᠢᠯᠡᠬᠦ ᠪᠠ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠬᠦᠯᠢᠶᠡᠨ ᠠᠪᠴᠣ ᠂ ᠬᠤᠯᠪᠣᠭᠳᠠᠯ ᠪᠦᠬᠦᠢ ᠪᠠᠢᠳᠠᠯ᠎ᠢ ᠦᠨᠡᠨ᠎ᠢᠶᠠᠷ᠎ᠨᠢ ᠬᠠᠩᠭᠠᠬᠤ ᠬᠡᠷᠡᠭᠳᠡᠢ ᠃ ᠡᠪᠡᠳᠴᠢᠨ ᠡᠮᠬᠡᠭ᠎ᠢ ᠰᠡᠷᠭᠡᠢᠯᠡᠨ ᠬᠢᠵᠠᠭᠠᠷᠯᠠᠬᠤ ᠪᠠᠢᠭᠤᠯᠣᠮᠵᠢ ᠂ ᠡᠮᠴᠢᠯᠡᠭᠡᠨ᠎ᠤ ᠪᠠᠢᠭᠤᠯᠣᠮᠵᠢ᠎ᠨᠤᠭᠤᠳ ᠬᠤᠪᠢ ᠬᠦᠮᠦᠨ᠎ᠤ ᠨᠢᠭᠤᠴᠠ᠎ᠳ᠋ᠤ ᠬᠤᠯᠪᠣᠭᠳᠠᠬᠤ ᠬᠠᠮᠢᠶ᠎ᠠ ᠪᠦᠬᠦᠢ ᠮᠡᠳᠡᠭᠡ ᠵᠠᠩᠬᠢ ᠂ ᠮᠠᠲ᠋ᠧᠷᠢᠶᠠᠯ᠎ᠢ ᠵᠠᠳᠠᠷᠠᠭᠤᠯᠵᠣ ᠪᠣᠯᠬᠤ ᠦᠭᠡᠢ ︾ ᠭᠡᠵᠦ ᠲᠤᠬᠳᠠᠭᠠᠬᠰᠠᠨ ᠪᠠᠢᠳᠠᠬ ᠃ ᠲᠣᠰ ᠲᠣᠭᠳᠠᠭᠠᠯ ᠵᠢᠴᠢ ᠲᠡᠭᠡᠷ᠎ᠡ ᠶᠠᠷᠢᠭᠰᠠᠨ ᠲᠣᠰᠬᠠᠢ ᠬᠠᠣᠯᠢ ᠴᠠᠭᠠᠵᠠ ᠂ ᠲᠦᠷᠢᠮ᠎ᠢᠶᠠᠷ ᠲᠠᠮᠵᠢᠨ ᠵᠠᠰᠠᠭ ᠵᠠᠬᠢᠷᠭᠠᠨ᠎ᠤ ᠪᠡᠶᠡᠴᠢ ᠴᠣᠭᠴᠠ᠎ᠳ᠋ᠤ ᠣᠯᠭᠤᠭᠰᠠᠨ ᠪᠠᠴᠢᠮ ᠪᠠᠢᠳᠠᠯ᠎ᠢ ᠠᠷᠭᠠᠴᠠᠭᠠᠨ ᠡᠵᠡᠮᠳᠡᠬᠦ ᠠᠷᠭ᠎ᠠ ᠪᠠᠷᠢᠯ᠎ᠨᠢ ᠡᠷᠬᠡᠳᠦ ᠠᠷᠠᠳ ᠵᠡᠷᠭᠡ ᠵᠠᠰᠠᠭ ᠵᠠᠬᠢᠷᠭᠠᠨ᠎ᠤ ᠬᠠᠷᠢᠴᠠᠩᠭᠤᠢ ᠡᠳᠡᠭᠡᠳ᠎ᠲᠤ ᠠᠪᠴᠣ ᠬᠡᠯᠡᠪᠡᠯ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠳ᠋ᠤ ᠣᠷᠣᠯᠴᠠᠬᠤ ᠪᠠ ᠬᠠᠮᠵᠢᠯᠴᠠᠬᠤ ᠡᠭᠦᠷᠭᠡ ᠬᠠᠷᠢᠭᠤᠴᠠᠯᠭ᠎ᠠ ᠪᠣᠯᠬᠤ ᠶᠣᠰᠣᠳᠠᠢ ᠃
ᠲᠣᠰ ᠬᠠᠣᠯᠢ᠎ᠶᠢᠨ 12 ᠳ᠋ᠤᠭᠠᠷ ᠵᠣᠢᠯ᠎ᠤᠨ ᠬᠤᠶᠠᠳᠤᠭᠠᠷ ᠪᠠᠳᠠᠭ᠎ᠤᠨ ᠲᠣᠭᠳᠠᠭᠠᠯ᠎ᠢ ᠦᠨᠳᠦᠰᠦᠯᠡᠪᠡᠯ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠤ ᠵᠠᠰᠠᠭ ᠵᠠᠬᠢᠷᠭᠠᠨ᠎ᠤ ᠬᠠᠷᠢᠴᠠᠩᠭᠤᠢ ᠡᠳᠡᠭᠡᠳ᠎ᠨᠢ ᠲᠣᠣᠷᠠᠬᠢ ᠡᠷᠬᠡ᠎ᠶᠢ ᠡᠳ᠋ᠯᠡᠬᠦ ᠶᠣᠰᠣᠳᠠᠢ ᠄ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ ᠂ ᠡᠪᠡᠳᠴᠢᠨ ᠡᠮᠬᠡᠭ᠎ᠢ ᠰᠡᠷᠭᠡᠢᠯᠡᠨ ᠬᠢᠵᠠᠭᠠᠷᠯᠠᠬᠤ ᠪᠠᠢᠭᠤᠯᠣᠮᠵᠢ ᠪᠠ ᠡᠮᠴᠢᠯᠡᠭᠡᠨ᠎ᠤ ᠪᠠᠢᠭᠤᠯᠣᠮᠵᠢ᠎ᠨᠤᠭᠤᠳ ᠵᠠᠰᠠᠭ ᠵᠠᠬᠢᠷᠭᠠᠨ᠎ᠤ ᠬᠠᠮᠢᠶᠠᠷᠣᠯᠳᠠ ᠪᠣᠶᠣ ᠣᠷᠢᠳᠴᠢᠯᠠᠨ ᠰᠡᠷᠭᠡᠢᠯᠡᠬᠦ ᠂ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠬᠠᠣᠯᠢ᠎ᠶᠢ ᠵᠦᠷᠢᠴᠡᠵᠦ ᠬᠡᠷᠡᠭᠵᠢᠭᠦᠯᠦᠭᠰᠡᠨ᠎ᠡᠴᠠ ᠪᠣᠯᠣᠭᠠᠳ ᠪᠠᠢᠭᠤᠯᠭ᠎ᠠ ᠨᠢᠭᠡᠴᠢ ᠪᠠ ᠬᠤᠪᠢ ᠬᠦᠮᠦᠨ᠎ᠤ ᠬᠠᠣᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠪᠠᠢᠪᠠᠯ ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠦᠮᠦᠨ ᠬᠠᠣᠯᠢ ᠶᠣᠰᠣᠭᠠᠷ ᠵᠠᠰᠠᠭ ᠵᠠᠬᠢᠷᠭᠠᠨ᠎ᠢᠶᠠᠷ ᠲᠠᠬᠢᠨ ᠵᠦᠪᠯᠡᠭᠦᠯᠬᠦ᠎ᠪᠠᠷ ᠭᠤᠶᠣᠴᠢᠯᠠᠬᠤ ᠪᠣᠶᠣ ᠵᠠᠷᠭᠤᠯᠳᠣᠵᠣ ᠪᠣᠯᠣᠨ᠎ᠠ ᠃ ᠶᠠᠷᠢᠶᠠᠨ ᠦᠭᠡᠢ ᠡᠮᠦᠨ᠎ᠡ ᠶᠠᠷᠢᠭᠰᠠᠨ ︽ ᠠᠷᠠᠳ᠎ᠤᠨ ᠵᠠᠰᠠᠭ᠎ᠤᠨ ᠣᠷᠳᠣᠨ᠎ᠡᠴᠠ ᠴᠢᠬᠤᠯᠠᠳᠠᠢ ᠦᠶᠡᠰ ᠪᠠᠢᠭᠤᠯᠭ᠎ᠠ ᠪᠣᠯᠣᠨ ᠬᠤᠪᠢ ᠬᠦᠮᠦᠨ᠎ᠡᠴᠠ ᠪᠠᠴᠢᠮ ᠪᠠᠢᠳᠠᠯ᠎ᠢ ᠠᠷᠭᠠᠴᠠᠭᠠᠵᠣ ᠠᠪᠣᠷᠠᠨ ᠲᠣᠰᠠᠯᠠᠬᠤ᠎ᠳ᠋ᠤ ᠬᠡᠷᠡᠭᠰᠡᠬᠦ ᠲᠦᠬᠦᠭᠡᠷᠦᠮᠵᠢ ᠂ ᠬᠡᠷᠡᠭᠰᠡᠯ ᠂ ᠲᠠᠯᠠᠪᠣᠷ ᠭᠠᠵᠠᠷ ᠂ ᠵᠠᠮ ᠬᠠᠷᠢᠯᠴᠠᠭᠠᠨ᠎ᠤ ᠪᠠᠭᠠᠵᠢ ᠵᠢᠴᠢ ᠪᠣᠰᠣᠳ ᠡᠳ᠋ ᠪᠣᠳᠠᠰ᠎ᠢ ᠲᠠᠳᠠᠪᠣᠷᠢᠯᠠᠨ ᠬᠡᠷᠡᠭᠯᠡᠬᠦ ︾ ᠦᠶᠡᠰ ᠡᠷᠬᠡᠳᠦ ᠬᠦᠮᠦᠨ᠎ᠳ᠋ᠤ ᠬᠠᠣᠯᠢ ᠶᠣᠰᠣᠭᠠᠷ ᠨᠦᠬᠦᠪᠦᠷᠢ ᠣᠯᠭᠤᠬᠤ ᠵᠢᠴᠢ ︽ ᠡᠪᠡᠳᠴᠢᠨ ᠡᠮᠬᠡᠭ᠎ᠢ ᠰᠡᠷᠭᠡᠢᠯᠡᠨ ᠬᠢᠵᠠᠭᠠᠷᠯᠠᠬᠤ ᠪᠠᠢᠭᠤᠯᠣᠮᠵᠢ ᠂ ᠡᠮᠴᠢᠯᠡᠭᠡᠨ᠎ᠤ ᠪᠠᠢᠭᠤᠯᠣᠮᠵᠢ᠎ᠨᠤᠭᠤᠳ ᠬᠤᠪᠢ ᠬᠦᠮᠦᠨ᠎ᠤ ᠨᠢᠭᠤᠴᠠ᠎ᠳ᠋ᠤ ᠬᠤᠯᠪᠣᠭᠳᠠᠬᠤ ᠬᠠᠮᠢᠶ᠎ᠠ ᠪᠦᠬᠦᠢ ᠮᠡᠳᠡᠭᠡ ᠵᠠᠩᠬᠢ ᠂ ᠮᠠᠲ᠋ᠧᠷᠢᠶᠠᠯ᠎ᠢ ᠵᠠᠳᠠᠷᠠᠭᠤᠯᠵᠣ ᠪᠣᠯᠬᠤ ᠦᠭᠡᠢ ︾ ᠭᠡᠬᠦ ᠵᠡᠷᠭᠡ ᠵᠠᠰᠠᠭ ᠵᠠᠬᠢᠷᠭᠠᠨ᠎ᠤ ᠪᠡᠶᠡᠴᠢ ᠴᠣᠭᠴᠠ᠎ᠶᠢᠨ ᠡᠭᠦᠷᠭᠡ ᠬᠠᠷᠢᠭᠤᠴᠠᠯᠭ᠎ᠠ᠎ᠶᠢᠨ ᠲᠣᠬᠠᠢ ᠲᠣᠭᠳᠠᠭᠠᠯ᠎ᠨᠢ ᠬᠠᠷᠢᠴᠠᠩᠭᠤᠢ ᠡᠳᠡᠭᠡᠳ᠎ᠲᠤ ᠠᠪᠴᠣ ᠬᠡᠯᠡᠪᠡᠯ ᠬᠠᠣᠯᠢ᠎ᠳ᠋ᠤ ᠲᠣᠭᠳᠠᠭᠠᠭᠰᠠᠨ ᠡᠷᠬᠡ ᠪᠣᠯᠬᠤ ᠶᠣᠰᠣᠳᠠᠢ ᠃
ᠵᠠᠰᠠᠭ ᠵᠠᠬᠢᠷᠭᠠᠨ᠎ᠤ ᠪᠡᠶᠡᠴᠢ ᠴᠣᠭᠴᠠ᠎ᠡᠴᠠ ᠵᠠᠰᠠᠭ ᠵᠠᠬᠢᠷᠭᠠᠨ᠎ᠤ ᠠᠷᠭ᠎ᠠ ᠪᠠᠷᠢᠯ᠎ᠢ ᠬᠡᠷᠡᠭᠵᠢᠭᠦᠯᠬᠦ ᠦᠶ᠎ᠡ᠎ᠳ᠋ᠤ ᠡᠷᠬᠡᠪᠰᠢ ᠬᠠᠷᠢᠴᠠᠯ᠎ᠤᠨ ᠵᠠᠷᠴᠢᠮ᠎ᠢ ᠭᠦᠢᠴᠡᠳ ᠨᠠᠢᠳᠠᠪᠣᠷᠢᠵᠢᠭᠤᠯᠤᠨ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠠᠷᠠᠯᠳᠠ᠎ᠶᠢ ᠪᠡᠶᠡᠯᠡᠭᠦᠯᠬᠦ ᠪᠠ ᠵᠠᠰᠠᠭ ᠵᠠᠬᠢᠷᠭᠠᠨ᠎ᠤ ᠬᠠᠷᠢᠴᠠᠩᠭᠤᠢ ᠡᠳᠡᠭᠡᠳ᠎ᠤᠨ ᠬᠠᠣᠯᠢ ᠶᠣᠰᠣᠨ᠎ᠤ ᠡᠷᠬᠡ ᠠᠰᠢᠭ᠎ᠢ ᠪᠠᠳᠣᠯᠠᠬᠤ᠎ᠶᠢ ᠨᠡᠢᠳᠡ᠎ᠳ᠋ᠤᠨᠢ ᠬᠠᠷᠠᠭᠠᠯᠵᠠᠪᠠᠯ ᠵᠣᠬᠢᠨ᠎ᠠ ᠃
ᠣᠳᠣᠬᠠᠨ᠎ᠳ᠋ᠤ ᠪᠦᠬᠦ ᠣᠯᠣᠰ ᠲᠠᠶᠠᠭᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠠᠵᠢᠯ᠎ᠢᠶᠡᠨ ᠰᠡᠷᠭᠦᠭᠡᠵᠤ ᠂ ᠣᠢᠯᠡᠳᠪᠦᠷᠢᠯᠡᠯ᠎ᠢᠶᠡᠨ ᠰᠡᠷᠭᠦᠭᠡᠨ ᠠᠵᠣ ᠠᠬᠤᠢ ᠨᠡᠢᠭᠡᠮ᠎ᠤᠨ ᠬᠦᠭᠵᠢᠯᠳᠡ᠎ᠶᠢ ᠠᠬᠢᠭᠤᠯᠬᠤ ᠂ ᠬᠤᠶᠠᠷ ᠲᠠᠯ᠎ᠠ᠎ᠶᠢᠨ ᠠᠵᠢᠯ᠎ᠢ ᠬᠠᠮᠳᠣ᠎ᠳ᠋ᠤᠨᠢ ᠠᠬᠢᠭᠤᠯᠬᠤ ᠵᠠᠩᠭᠢᠯᠠᠭ᠎ᠠ᠎ᠶᠢᠨ ᠱᠠᠳᠣᠨ᠎ᠳ᠋ᠤ ᠣᠷᠣᠭᠠᠳ ᠪᠣᠢ ᠃ ᠡᠨᠡᠬᠦ ᠰᠢᠯᠭᠠᠯᠳᠠ᠎ᠳ᠋ᠤ ᠬᠢᠷᠢ ᠵᠡᠷᠭᠡ ᠦᠷ᠎ᠡ ᠪᠦᠳᠦᠮᠵᠢ ᠣᠯᠬᠤ᠎ᠨᠢ ᠡᠴᠦᠰ᠎ᠲᠡᠭᠡᠨ ᠵᠠᠰᠠᠭ ᠵᠠᠬᠢᠷᠭᠠᠨ᠎ᠤ ᠪᠡᠶᠡᠴᠢ ᠴᠣᠭᠴᠠ᠎ᠶᠢᠨ ᠬᠠᠣᠯᠢ ᠶᠣᠰᠣᠭᠠᠷ ᠵᠠᠰᠠᠭ ᠬᠡᠷᠡᠭᠵᠢᠭᠦᠯᠬᠦ ᠪᠣᠯᠣᠨ ᠪᠦᠬᠦ ᠠᠷᠠᠳ᠎ᠤᠨ ᠬᠠᠣᠯᠢ ᠰᠠᠬᠢᠬᠤ᠎ᠡᠴᠠ ᠲᠣᠭᠳᠠᠭᠠᠭᠳᠠᠬᠤ᠎ᠨᠢ ᠯᠠᠪᠳᠠᠢ ᠃
︵ ᠵᠤᠬᠢᠶᠠᠬᠴᠢ᠎ᠶᠢᠨ ᠪᠠᠢᠭᠤᠯᠭ᠎ᠠ ᠄ ᠥᠪᠥᠷ ᠮᠣᠩᠭᠤᠯ᠎ᠤᠨ ᠡᠳ᠋᠎ᠤᠨ ᠵᠠᠰᠠᠭ ᠠᠵᠣ ᠠᠬᠤᠢ᠎ᠶᠢᠨ ᠶᠡᠭᠡ ᠰᠣᠷᠭᠠᠭᠤᠯᠢ᠎ᠶᠢᠨ ᠬᠠᠣᠯᠢ ᠰᠣᠳᠣᠯᠣᠯ᠎ᠤᠨ ᠲᠡᠭᠡᠲᠣ ᠰᠣᠷᠭᠠᠭᠤᠯᠢ ︶᠎

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠴᠣᠷᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面