ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-03-30 16:04:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

3 ᠰᠠᠷ᠎ᠠ᠎ᠶᠢᠨ 27᠎ᠤ ᠡᠳᠦᠷ᠎ᠤᠨ ᠦᠳᠡ᠎ᠶᠢᠨ ᠡᠮᠦᠨ᠎ᠡ ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠂ ᠠᠮᠢᠰᠬᠤᠯ᠎ᠤᠨ ᠡᠪᠡᠳᠴᠢᠨ᠎ᠤ ᠤᠬᠠᠭᠠᠨ᠎ᠤ ᠳᠤᠰᠬᠠᠢ ᠮᠡᠷᠭᠡᠵᠢᠯᠲᠡᠨ ᠵᠥᠩ ᠨᠠᠨ ᠱᠠᠨ ᠠᠮᠧᠷᠢᠺᠠ᠎ᠶᠢᠨ ᠬᠠᠷᠸᠠᠷᠳ᠋ ᠶᠡᠬᠡ ᠰᠤᠷᠭᠠᠭᠤᠯᠢ᠎ᠶᠢᠨ ᠡᠮᠨᠡᠯᠭᠡ᠎ᠶᠢᠨ ᠳᠡᠭᠡᠳᠦ ᠰᠤᠷᠭᠠᠭᠤᠯᠢ ᠵᠢᠴᠢ ᠠᠮᠧᠷᠢᠺᠠ᠎ᠶᠢᠨ ᠮᠡᠷᠭᠡᠵᠢᠯᠲᠡᠨ᠎ᠲᠠᠢ ᠸᠢᠳᠢᠣ᠋᠎ᠪᠠᠷ ᠬᠣᠯᠪᠣᠭᠳᠠᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠣᠨᠣᠰᠢᠯᠠᠨ ᠡᠮᠨᠡᠬᠦ ᠬᠠᠮᠢᠶ᠎ᠠ ᠪᠥᠬᠥᠶ ᠪᠠᠶᠢᠳᠠᠯ᠎ᠤᠨ ᠲᠤᠬᠠᠶ ᠰᠠᠨᠠᠯ᠎ᠢᠶᠡᠨ ᠰᠣᠯᠢᠯᠴᠠᠵᠤ ᠰᠤᠳᠤᠯᠤᠨ ᠶᠠᠷᠢᠯᠴᠠᠪᠠ ᠃
ᠰᠤᠷᠪᠤᠯᠵᠢᠯᠠᠭᠴᠢ ᠳᠤᠰᠬᠠᠢ ᠰᠤᠷᠪᠤᠯᠵᠢᠯᠠᠭ᠎ᠠ ᠬᠢᠵᠤ ᠂ ᠵᠦᠩ ᠨᠠᠨ ᠱᠠᠨ᠎ᠡᠴᠠ ᠤᠯᠤᠰ᠎ᠤᠨ ᠳᠣᠲᠣᠭᠠᠳᠤ᠎ᠳ᠋ᠤ ᠬᠢᠵᠢᠭ᠎ᠤᠨ ᠪᠠᠢᠳᠠᠯ ᠲᠠᠬᠢᠨᠳᠠ ᠡᠬᠦᠰᠬᠦ ᠪᠤᠯᠤᠮᠵᠢ᠎ᠲᠠᠢ ‍ᠤᠤ ︖ ᠪᠥᠬᠥ ᠲᠡᠯᠡᠬᠡᠢ᠎ᠶᠢᠨ ᠬᠢᠵᠢᠭ᠎ᠤᠨ ᠪᠠᠶᠢᠳᠠᠯ᠎ᠢ ᠰᠡᠷᠬᠡᠢᠯᠡᠨ ᠡᠵᠡᠮᠳᠡᠬᠦ ᠠᠵᠢᠯ ᠬᠡᠵᠢᠶ᠎ᠡ ᠦᠷ᠎ᠡ ᠪᠦᠲᠦᠮᠵᠢ ᠤᠯᠬᠤ ᠪᠤᠯ ︖ ᠬᠡᠮᠡᠨ ᠠᠰᠠᠭᠤᠬᠤ᠎ᠳ᠋ᠤ ᠂ ᠵᠥᠩ ᠨᠠᠨ ᠱᠠᠨ ᠬᠢᠵᠢᠭ᠎ᠤᠨ ᠪᠠᠶᠢᠳᠠᠯ᠎ᠤᠨ ᠬᠠᠯᠠᠮᠰᠢᠯ ᠠᠰᠠᠭᠤᠳᠠᠯ᠎ᠳ᠋ᠤ ᠬᠠᠷᠢᠭᠤᠯᠲᠠ ᠥᠭᠪᠡ ᠃
ᠤᠯᠤᠰ᠎ᠤᠨ ᠳᠣᠲᠣᠭᠠᠳᠤ᠎ᠶᠢᠨ ᠬᠢᠵᠢᠭ᠎ᠤᠨ ᠪᠠᠢᠳᠠᠯ ᠲᠠᠬᠢᠨᠳᠠᠡᠭᠦᠰᠬᠦ ᠪᠤᠯᠤᠮᠵᠢ᠎ᠲᠠᠢ ‍ᠤᠤ ︖
ᠵᠦᠩ ᠨᠠᠨ ᠱᠠᠨ ᠬᠡᠯᠡᠬᠦ᠎ᠳ᠋ᠡᠭᠡᠨ ᠂ ᠤᠯᠤᠰ᠎ᠤᠨ ᠳᠣᠲᠣᠭᠠᠳᠤ᠎ᠳ᠋ᠤ ᠬᠢᠵᠢᠭ᠎ᠤᠨ ᠪᠠᠶᠢᠳᠠᠯ ᠲᠠᠬᠢᠨᠳᠠ ᠶᠡᠬᠡ ᠬᠡᠪᠴᠢᠶ᠎ᠠ᠎ᠪᠠᠷ ᠡᠭᠦᠰᠬᠦ ᠦᠭᠡᠶ ᠃ ᠤᠷᠢᠳᠠᠯ ᠨᠦᠬᠦᠴᠡᠯ᠎ᠨᠢ ᠡᠷᠭᠡᠪᠰᠢ ᠢᠳᠡᠪᠬᠢᠲᠡᠶ ᠰᠡᠷᠭᠡᠶᠢᠯᠡᠨ ᠡᠵᠡᠮᠳᠡᠵᠦ ᠂ ᠰᠣᠨᠣᠷ ᠰᠡᠷᠡᠮᠵᠢ᠎ᠲᠠᠢ ᠪᠠᠶᠢᠬᠤ ᠬᠡᠷᠡᠭᠲᠡᠶ ᠬᠡᠵᠡᠢ ᠃
ᠣᠲᠣ᠎ᠶᠢᠨ ᠨᠠᠢᠳᠡ᠎ᠪᠠᠷ᠎ᠢᠶᠡᠨ ᠰᠡᠷᠭᠡᠶᠢᠯᠡᠵᠦ ᠨᠡᠢᠳᠡ᠎ᠪᠠᠷ᠎ᠢᠶᠡᠨ ᠡᠵᠡᠮᠳᠡᠬᠦ ᠲᠣᠭᠲᠠᠴᠠ ᠶᠣᠰᠣᠭᠠᠷ ᠂ ᠣᠳᠣᠬᠠᠨ᠎ᠤ ᠭᠣᠤᠯᠳᠠᠯᠭ᠎ᠠ᠎ᠪᠡᠨ ᠬᠢᠯᠢ᠎ᠶᠢᠨ ᠭᠠᠳᠠᠨ᠎ᠠ᠎ᠡᠴᠠ ᠤᠷᠤᠵᠤ ᠢᠷᠡᠬᠦ᠎ᠶᠢ ᠰᠡᠷᠭᠡᠶᠢᠯᠡᠨ ᠡᠵᠡᠮᠳᠡᠬᠦ ᠲᠡᠬᠡᠷ᠎ᠠ ᠲᠠᠯᠪᠢᠬᠤ ᠬᠡᠷᠡᠭᠲᠡᠶ ᠃ ᠡᠩ ᠲᠡᠷᠢᠭᠦᠨᠳᠦ ᠂ ᠢᠳᠡᠪᠬᠢᠲᠡᠢ ᠣᠨᠣᠰᠢᠯᠠᠨ᠎ᠠ ︔ ᠳᠠᠷᠠᠭ᠎ᠠ᠎ᠳ᠋ᠤᠨᠢ ᠂ ᠲᠣᠭᠲᠠᠭᠰᠠᠨ ᠡᠮᠨᠡᠯᠭᠡ᠎ᠶᠢᠨ ᠬᠣᠷᠢᠶ᠎ᠠ ᠪᠤᠶᠤ ᠵᠣᠴᠢᠳ᠎ᠤᠨ ᠪᠠᠭᠤᠳᠠᠯ᠎ᠳ᠋ᠤ ᠲᠤᠰᠠᠭᠠᠷᠯᠠᠨ᠎ᠠ ᠃ ᠣᠳᠣᠬᠠᠨ᠎ᠳ᠋ᠤ ᠂ ᠬᠢᠯᠢ᠎ᠶᠢᠨ ᠭᠠᠳᠠᠨ᠎ᠠ᠎ᠡᠴᠠ ᠣᠷᠣᠵᠤ ᠢᠷᠡᠭᠰᠡᠨ ᠬᠥᠮᠦᠰ᠎ᠤᠨ ᠳᠣᠲᠣᠷ᠎ᠠ ᠬᠠᠯᠳᠠᠪᠤᠷᠢᠯᠠᠯ ᠡᠭᠦᠰᠬᠦ ᠪᠣᠯᠤᠮᠵᠢ ᠮᠠᠰᠢ ᠶᠡᠬᠡ ᠪᠠᠶᠢᠨ᠎ᠠ ᠃
ᠪᠥᠬᠥ ᠲᠡᠯᠡᠬᠡᠢ᠎ᠶᠢᠨ ᠬᠢᠵᠢᠭ᠎ᠤᠨ ᠪᠠᠶᠢᠳᠠᠯ᠎ᠢ ᠰᠡᠷᠬᠡᠢᠯᠡᠨ ᠡᠵᠡᠮᠳᠡᠬᠦ ᠠᠵᠢᠯ ᠬᠡᠵᠢᠶ᠎ᠡ ᠦᠷ᠎ᠡ ᠪᠦᠲᠦᠮᠵᠢ ᠤᠯᠬᠤ ᠪᠤᠯ ︖
ᠵᠦᠩ ᠨᠠᠨ ᠱᠠᠨ ᠬᠡᠯᠡᠬᠦ᠎ᠳ᠋ᠡᠭᠡᠨ ᠂ ᠡᠨᠡ ᠠᠰᠠᠭᠤᠳᠠᠯ᠎ᠢ ᠬᠠᠷᠢᠭᠤᠯᠬᠤ᠎ᠳ᠋ᠤ ᠥᠷᠥᠨᠡᠳᠠᠬᠢᠨ᠎ᠤ ᠭᠣᠣᠯ ᠪᠣᠯᠬᠤ ᠤᠯᠤᠰ᠎ᠤᠳ᠎ᠲᠤ ᠲᠦᠰᠢᠭᠯᠡᠨ᠎ᠡ ᠃ ᠲᠡᠳᠡᠨ᠎ᠤ ᠲᠥᠷᠥ᠎ᠶᠢᠨ ᠪᠣᠳᠣᠯᠭ᠎ᠠ ᠡᠳᠦᠷ ᠪᠤᠯᠭᠠᠨ ᠬᠤᠪᠢᠷᠠᠵᠤ ᠪᠠᠶᠢᠬᠤ ᠮᠥᠷᠲᠡᠭᠡᠨ ᠤᠯᠠᠮ᠎ᠡᠴᠠ ᠤᠯᠠᠮ ᠠᠳᠠᠯᠢᠪᠳᠤᠷ ᠪᠤᠯᠵᠤ ᠪᠠᠢᠨ᠎ᠠ ᠃ ᠤᠳᠤ ᠮᠠᠰᠢ ᠤᠯᠠᠨ ᠤᠯᠤᠰ ‍ᠤᠨᠬᠤᠳᠠ᠎ᠤᠳ᠎ᠨᠢ ︽ ᠬᠤᠳᠠ᠎ᠪᠠᠨ ᠪᠢᠲᠡᠭᠦᠮᠵᠢᠯᠡᠬᠦ ︾ ᠠᠷᠭ᠎ᠠ ᠬᠡᠮᠵᠢᠶ᠎ᠡ ᠠᠪᠴᠤ ᠠᠰᠠᠭᠤᠳᠠᠯ᠎ᠶᠢ ᠰᠢᠢᠳᠪᠦᠷᠢᠯᠡᠵᠦ ᠪᠠᠶᠢᠨ᠎ᠠ ᠂ ᠭᠡᠪᠡᠴᠦ ︽ ᠬᠤᠳᠠ᠎ᠪᠠᠨ ᠪᠢᠲᠡᠭᠦᠮᠵᠢᠯᠡᠭᠰᠡᠨ ︾᠎ᠤ ᠰᠡᠬᠦᠯᠡᠷ ᠬᠤᠪᠢ ᠬᠥᠮᠦᠨ᠎ᠤ ᠬᠠᠮᠠᠭᠠᠯᠠᠯᠲᠠ᠎ᠶᠢ ᠰᠠᠶᠢᠲᠤᠷ ᠬᠢᠬᠦ ᠴᠢᠬᠤᠯᠠᠳᠠᠢ ᠃
ᠬᠤᠪᠢ ᠬᠥᠮᠦᠨ᠎ᠤ ᠬᠠᠮᠠᠭᠠᠯᠠᠯᠲᠠ᠎ᠶᠢ ᠰᠠᠶᠢᠲᠤᠷ ᠬᠢᠭᠰᠡᠡ ᠰᠠᠭᠤᠷᠢᠨ ᠳᠡᠭᠡᠷ᠎ᠡ ᠂ ᠵᠥᠩ ᠨᠠᠨ ᠱᠠᠨ ᠄ ︽ ᠧᠦ᠋ᠷᠣᠫᠠ ᠲᠢᠪ᠎ᠤᠨ ᠳᠤᠳᠤᠯᠠᠭᠰᠠᠠ ᠡᠪᠡᠳᠴᠢᠨ᠎ᠤ ᠵᠢᠱᠢᠶ᠎ᠡ ᠢᠷᠡᠬᠦ ᠨᠢᠭᠡ ᠭᠠᠷᠠᠭ᠎ᠲᠤ ᠣᠷᠭᠢᠯ᠎ᠳᠠᠭᠠᠨ ᠬᠦᠷᠦᠨ᠎ᠡ ᠂ ᠡᠬᠦᠨ᠎ᠤ ᠲᠠᠷᠠᠭ᠎ᠠ᠎ᠪᠠᠷ ᠡᠪᠡᠳᠴᠢᠨ᠎ᠤ ᠪᠠᠢᠳᠠᠯ ᠭᠠᠢᠭᠤᠢ ᠪᠤᠯᠬᠤ ᠶᠣᠰᠣᠲᠠᠶ ᠂ ᠭᠡᠪᠡᠴᠦ ᠠᠮᠧᠷᠢᠺᠠ᠎ᠳ᠋ᠤ ᠬᠡᠯᠡᠵᠤ ᠮᠡᠳᠡᠬᠦ ᠦᠬᠡᠢ ᠃ ᠤᠳᠤ ᠡᠯ᠎ᠡ ᠤᠯᠤᠰ᠎ᠤᠨ ᠲᠥᠷᠥ᠎ᠶᠢᠨ ᠪᠣᠳᠣᠯᠭ᠎ᠠ ᠠᠳᠠᠯᠢ ᠦᠭᠡᠢ ᠂ ᠬᠡᠷᠪᠡ ᠪᠦᠬᠦᠳᠡᠬᠡᠷ᠎ᠢᠶᠡᠨ ᠨᠡᠯᠢᠶᠡᠳ ᠢᠳᠡᠪᠬᠢᠲᠡᠢ ᠲᠥᠷᠥ᠎ᠶᠢᠨ ᠪᠣᠳᠣᠯᠭ᠎ᠠ ᠠᠪᠤᠪᠠᠯ ᠂ ᠡᠪᠡᠳᠴᠢᠨ᠎ᠤ ᠵᠢᠱᠢᠶ᠎ᠡ 4 ᠰᠠᠷ᠎ᠠ᠎ᠳ᠋ᠤ ᠪᠠᠭᠤᠷᠠᠬᠤ ᠪᠤᠯᠤᠨ᠎ᠠ ︾ ᠬᠡᠵᠤ ᠬᠡᠯᠡᠪᠠ ᠃
ᠵᠦᠩ ᠨᠠᠨ ᠱᠠᠨ ᠄ ᠬᠢᠵᠢᠭ᠎ᠤᠨ ︽ ᠲᠦᠪ ︾ ᠠᠮᠧᠷᠢᠺᠠ᠎ᠳ᠋ᠤ ᠰᠢᠯᠵᠢᠬᠦ ᠪᠣᠯᠤᠮᠵᠢ᠎ᠲᠠᠢ
ᠵᠥᠩ ᠨᠠᠨ ᠱᠠᠨ ᠢᠯᠡᠷᠬᠡᠶᠢᠯᠡᠬᠦ᠎ᠳ᠋ᠡᠭᠡᠨ ᠂ ᠣᠳᠣᠬᠠᠨ᠎ᠳ᠋ᠤ ᠪᠤᠰᠤᠳ ᠤᠯᠤᠰ ᠨᠢᠭᠡᠨᠲᠡ ᠡᠯ᠎ᠠ ᠵᠤᠢᠯ᠎ᠤᠨ ᠠᠷᠭ᠎ᠠ ᠬᠡᠮᠵᠢᠶ᠎ᠠ ᠠᠪᠤᠭᠠᠳ ᠭᠤᠷᠪᠠᠨ ᠭᠠᠷᠠᠭ ᠪᠤᠯᠵᠤ ᠪᠠᠢᠨ᠎ᠠ ᠃ ᠴᠥᠭᠡᠨ ᠲᠣᠭᠠᠨ᠎ᠤ ᠤᠯᠤᠰ᠎ᠤᠨ ᠰᠢᠨ᠎ᠡ᠎ᠪᠠᠷ ᠨᠡᠮᠡᠭᠳᠡᠭᠰᠡᠨ ᠡᠪᠡᠳᠴᠢᠨ᠎ᠤ ᠵᠢᠱᠢᠶ᠎ᠡ᠎ᠶᠢᠨ ᠲᠣᠭ᠎ᠠ ᠪᠠᠭ᠎ᠠ ᠪᠠᠭᠤᠷᠠᠭᠰᠠᠨ᠎ᠡᠴᠠ ᠭᠠᠳᠠᠨ᠎ᠠ ᠂ ᠪᠤᠰᠤᠳ ᠤᠯᠤᠰ᠎ᠤᠨ ᠡᠪᠡᠳᠴᠢᠨ᠎ᠤ ᠵᠢᠱᠢᠶ᠎ᠠ ᠪᠠᠰᠠ ᠯᠠ ᠨᠡᠮᠡᠭᠳᠡᠵᠦ ᠪᠠᠶᠢᠨ᠎ᠠ ᠂ ᠢᠯᠠᠩᠭᠤᠶ᠎ᠠ ᠠᠮᠧᠷᠢᠺᠠ᠎ᠳ᠋ᠤ ᠃ ᠣᠳᠣᠬᠠᠨ᠎ᠳ᠋ᠤ ᠠᠮᠧᠷᠢᠺᠠ᠎ᠶᠢᠨ ᠳᠤᠳᠤᠯᠠᠭᠰᠠᠠ ᠡᠪᠡᠳᠴᠢᠨ᠎ᠤ ᠵᠢᠱᠢᠶ᠎ᠡ᠎ᠶᠢᠨ ᠲᠣᠭ᠎ᠠ ᠨᠢᠭᠡᠨᠲᠡ ᠳᠤᠮᠳᠠᠳᠤ ᠤᠯᠤᠰ᠎ᠡᠴᠠ ᠳᠠᠪᠠᠵᠤ ᠂ ᠬᠢᠵᠢᠭ᠎ᠤᠨ ︽ ᠲᠦᠪ ︾ ᠠᠮᠧᠷᠢᠺᠠ ᠤᠷᠤᠭᠤ ᠰᠢᠯᠵᠢᠵᠦ ᠮᠡᠳᠡᠨ᠎ᠡ ᠬᠡᠯ᠎ᠠ ᠃
ᠵᠥᠩ ᠨᠠᠨ ᠱᠠᠨ ᠳᠤᠮᠳᠠᠳᠤ ᠤᠯᠤᠰ᠎ᠤᠨ ᠬᠢᠵᠢᠭ᠎ᠤᠨ ᠪᠠᠶᠢᠳᠠᠯ᠎ᠢ ᠲᠦᠷᠭᠡᠨ ᠰᠡᠷᠬᠡᠢᠯᠡᠨ ᠡᠵᠡᠮᠳᠡᠬᠦ ᠲᠤᠷᠰᠢᠯᠭ᠎ᠠ᠎ᠪᠠᠨ ᠬᠤᠪᠢᠶᠠᠯᠴᠠᠪᠠ
ᠣᠶᠢᠷ᠎ᠠ᠎ᠳ᠋ᠤ ᠂ ᠵᠥᠩ ᠨᠠᠨ ᠱᠠᠨ ᠠᠮᠧᠷᠢᠺᠠ᠎ᠶᠢᠨ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠳ᠎ᠲᠠᠢ ᠣᠯᠠᠨ ᠤᠳᠠᠭ᠎ᠠ ᠸᠢᠳᠢᠣ᠋᠎ᠪᠠᠷ ᠬᠣᠯᠪᠣᠭᠳᠠᠵᠦ ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠬᠡᠢᠯᠡᠨ ᠡᠵᠡᠮᠳᠡᠭᠰᠡᠡ ᠲᠤᠷᠰᠢᠯᠭ᠎ᠠ ᠪᠠ ᠣᠨᠣᠰᠢᠯᠠᠨ ᠡᠮᠨᠡᠭᠰᠡᠨ ᠪᠠᠶᠢᠳᠠᠯ᠎ᠤᠨ ᠲᠤᠬᠠᠶ ᠬᠠᠮᠲᠤᠷᠠᠨ ᠰᠤᠳᠤᠯᠤᠨ ᠶᠠᠷᠢᠯᠴᠠᠪᠠ ᠃
ᠠᠮᠧᠷᠢᠺᠠ᠎ᠶᠢᠨ ᠲᠤᠰᠬᠠᠶ ᠮᠡᠷᠭᠡᠵᠢᠯᠲᠡᠨ᠎ᠤ ᠣᠨᠴᠠ ᠠᠩᠬᠠᠷᠴᠤ ᠪᠠᠶᠢᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠬᠡᠷᠬᠢᠨ ᠲᠦᠷᠭᠡᠨ ᠰᠡᠷᠬᠡᠢᠯᠡᠨ ᠡᠵᠡᠮᠳᠡᠬᠦ ᠲᠤᠬᠠᠶ ᠵᠦᠩ ᠨᠠᠨ ᠱᠠᠨ ᠢᠯᠡᠷᠬᠡᠶᠢᠯᠡᠬᠦ᠎ᠳ᠋ᠡᠭᠡᠨ ᠂ ᠬᠢᠵᠢᠭ᠎ᠤᠨ ᠪᠠᠶᠢᠳᠠᠯ᠎ᠢ ᠰᠡᠷᠬᠡᠢᠯᠡᠨ ᠡᠵᠡᠮᠳᠡᠬᠦ᠎ᠳ᠋ᠤ ᠬᠣᠶᠠᠷ ᠪᠠᠶᠢᠯᠳᠤᠬᠤ ᠪᠣᠳᠣᠯᠭ᠎ᠠ ᠪᠠᠶᠢᠨ᠎ᠠ ᠂ ᠨᠢᠭᠡ᠎ᠨᠢ ᠪᠤᠯ ᠬᠤᠷᠢᠬᠯᠠᠬᠤ ᠂ ᠨᠦᠬᠦᠬᠡ᠎ᠨᠢ ᠪᠤᠯ ᠬᠤᠢᠰᠢᠯᠠᠭᠤᠯᠬᠤ ᠃ ᠳᠤᠮᠳᠠᠳᠤ ᠤᠯᠤᠰ᠎ᠤᠨ ᠬᠤᠷᠢᠬᠯᠠᠬᠤ ᠪᠠᠶᠢᠯᠳᠤᠬᠤ ᠪᠣᠳᠣᠯᠭ᠎ᠠ᠎ᠨᠢ ᠣᠬᠣᠷᠬᠠᠨ ᠬᠤᠭᠤᠴᠠᠭᠠᠨ᠎ᠳ᠋ᠤ ᠬᠢᠵᠢᠭ᠎ᠤᠨ ᠪᠠᠶᠢᠳᠠᠯ᠎ᠢ ᠰᠡᠷᠬᠡᠢᠯᠡᠨ ᠡᠵᠡᠮᠳᠡᠵᠤ ᠴᠢᠳᠠᠵᠠᠢ ᠃ ᠳᠤᠮᠳᠠᠳᠤ ᠤᠯᠤᠰ᠎ᠤᠨ ᠨᠡᠶᠢᠭᠡᠮ ᠲᠣᠭᠣᠷᠢᠭ ᠴᠤ ᠨᠠᠢᠳᠠ᠎ᠪᠠᠷ᠎ᠢᠶᠡᠨ ᠰᠡᠷᠭᠡᠶᠢᠯᠡᠵᠦ ᠨᠠᠢᠳᠠ᠎ᠪᠠᠷ᠎ᠢᠶᠡᠨ ᠡᠵᠡᠮᠳᠡᠬᠦ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠤᠭᠰᠠᠨ ᠪᠠᠢᠳᠠᠭ ᠃ ᠪᠣᠳᠠᠲᠠᠶ᠎ᠪᠠᠷ ᠬᠡᠯᠡᠪᠡᠯ ᠂ ᠳᠠᠷᠤᠶ ᠳᠥᠷᠪᠡᠨ ︽ ᠡᠷᠲᠡ ︾ ᠄ ᠡᠷᠲᠡ ᠢᠯᠡᠷᠡᠬᠦᠯᠬᠦ ᠂ ᠡᠷᠲᠡ ᠮᠡᠳᠡᠭᠦᠯᠬᠦ ᠂ ᠡᠷᠲᠡ ᠲᠤᠰᠠᠭᠠᠷᠯᠠᠬᠤ ᠂ ᠡᠷᠲᠡ ᠡᠮᠨᠡᠬᠦ ᠂ ᠡᠨᠡ ᠨᠢ ᠮᠠᠰᠢ ᠴᠢᠬᠤᠯᠠ ᠦᠶᠯᠡᠳᠦᠯ ᠦᠵᠡᠭᠦᠯᠦᠭᠰᠡᠨ ᠶᠤᠮ ᠃
ᠵᠦᠩ ᠨᠠᠨ ᠱᠠᠨ ᠄ ᠡᠪᠡᠳᠴᠢᠨ᠎ᠤ ᠢᠯᠠᠷᠡᠯ ᠦᠭᠡᠢ ᠨᠢᠭᠲᠠ ᠤᠢᠷᠠᠳᠤᠭᠰᠠᠳ᠎ᠢ ᠡᠷᠬᠡᠪᠰᠢ ᠴᠢᠬᠤᠯᠠᠴᠢᠯᠠᠬᠤ ᠬᠡᠷᠡᠭᠲᠡᠢ
ᠬᠢᠵᠢᠭ᠎ᠤᠨ ᠪᠠᠶᠢᠳᠠᠯ᠎ᠢ ᠬᠡᠷᠬᠢᠨ ᠰᠡᠷᠬᠡᠢᠯᠡᠨ ᠡᠵᠡᠮᠳᠡᠬᠦ ᠲᠤᠬᠠᠶ ᠵᠥᠩ ᠨᠠᠨ ᠱᠠᠨ ᠣᠨᠴᠠᠭᠠᠶᠢᠯᠠᠨ ᠴᠢᠬᠤᠯᠠᠴᠢᠯᠠᠭᠰᠠᠨ᠎ᠨᠢ ᠂ ᠵᠥᠪᠬᠡᠨ ᠡᠪᠡᠳᠴᠢᠨ᠎ᠤ ᠢᠯᠡᠷᠡᠯ᠎ᠲᠠᠢ ᠬᠥᠮᠦᠰ᠎ᠢ ᠴᠢᠬᠤᠯᠠᠴᠢᠯᠠᠭᠠᠳ ᠪᠠᠢᠵᠤ ᠪᠣᠯᠬᠤ ᠥᠬᠡᠶ ᠂ ᠳᠤᠳᠤᠯᠠᠭᠰᠠᠠ ᠡᠪᠡᠳᠴᠢᠳᠡᠨ ᠲᠠᠢ ᠨᠢᠭᠲᠠ ᠤᠢᠷᠠᠳᠤᠭᠰᠠᠨ ᠡᠪᠡᠳᠴᠢᠨ ‍ᠤ ᠢᠯᠡᠷᠡᠯ ᠥᠬᠡᠶ ᠬᠦᠮᠤᠰ᠎ᠢ ᠣᠨᠴᠠᠭᠠᠶᠢᠯᠠᠨ ᠠᠩᠬᠠᠷᠬᠤ ᠬᠡᠷᠡᠭᠲᠡᠶ ᠂ ᠡᠨᠡ᠎ᠨᠢ ᠳᠤᠮᠳᠠᠳᠤ ᠤᠯᠤᠰ᠎ᠲᠤ ᠠᠪᠴᠤ ᠬᠡᠯᠡᠪᠡᠯ ᠮᠠᠰᠢ ᠴᠢᠬᠤᠯᠠ ᠪᠠᠢᠭᠰᠠᠨ ᠶᠤᠮ ᠬᠡᠵᠠᠢ ᠃
ᠢᠷᠡᠯᠲᠡ ᠄ ᠠᠷᠠᠳ᠎ᠤᠨ ᠰᠦᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面