ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-03-30 16:04:10

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠡᠭᠦᠰᠦᠭᠰᠡᠨ᠎ᠡᠴᠠ ᠨᠠᠭᠠᠰᠢ ᠂ ᠡᠪᠡᠳᠴᠢᠲᠡᠨ᠎ᠢ ᠡᠮᠨᠡᠨ ᠵᠠᠰᠠᠬᠤ ᠵᠠᠷᠤᠳᠠᠯ᠎ᠨᠢ ᠠᠷᠠᠳ ᠣᠯᠠᠨ᠎ᠤ ᠠᠩᠬᠠᠷᠴᠤ ᠪᠠᠶᠢᠭ᠎ᠠ ᠠᠰᠠᠭᠤᠳᠠᠯ ᠪᠣᠯᠤᠭᠰᠠᠭᠠᠷ ᠢᠷᠡᠵᠡᠶ ᠃ ᠳᠡᠭᠡᠪᠡᠯ ᠨᠢᠬᠡ ᠡᠪᠡᠳᠴᠢᠲᠡᠨ᠎ᠤ ᠳᠤᠮᠳᠠᠴᠢ ᠵᠠᠷᠤᠳᠠᠯ᠎ᠨᠢ ᠬᠡᠳᠦᠢ ᠪᠤᠢ ᠂ ᠡᠳᠡᠭᠡᠷ ᠡᠮᠴᠢᠯᠡᠭᠡᠨ᠎ᠤ ᠵᠠᠷᠤᠳᠠᠯ᠎ᠢ ᠬᠡᠨ ᠡᠭᠦᠷᠭᠡᠯᠡᠬᠦ ᠪᠤᠢ ︖ ᠡᠲᠡᠭᠡᠷ ᠠᠰᠠᠭᠤᠳᠠᠯ᠎ᠤᠨ ᠲᠤᠬᠠᠶ ᠤᠯᠤᠰ᠎ᠤᠨ ᠡᠮ ᠡᠮᠨᠡᠯᠬᠡ᠎ᠶᠢᠨ ᠪᠠᠲᠤᠯᠠᠭ᠎ᠠ᠎ᠶᠢᠨ ᠲᠣᠪᠴᠢᠶ᠎ᠠ᠎ᠶᠢᠨ ᠡᠮ ᠡᠮᠨᠡᠯᠭᠡ᠎ᠶᠢᠨ ᠦᠢᠯᠡᠴᠢᠯᠡᠭᠡᠨ᠎ᠤ ᠬᠠᠮᠢᠶᠠᠷᠤᠯᠲᠠ᠎ᠶᠢᠨ ᠵᠤᠷᠭᠠᠨ᠎ᠤ ᠬᠠᠷᠢᠭᠤᠴᠠᠯᠭᠠᠲᠠᠨ᠎ᠡᠴᠠ ᠬᠠᠷᠢᠭᠤᠯᠳᠠ ᠦᠭᠬᠦᠯ᠎ᠠ ᠃
ᠠᠰᠠᠭᠤᠯᠲᠠ ᠄
ᠣᠲᠣ ᠪᠣᠯᠲᠠᠯ᠎ᠠ ᠂ ᠡᠮ ᠡᠮᠨᠡᠯᠭᠡ᠎ᠶᠢᠨ ᠳᠠᠭᠠᠳᠬᠠᠯ᠎ᠤᠨ ᠰᠢᠰᠲ᠋ᠧᠮ ᠪᠥᠬᠥ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠪᠡᠳᠴᠢᠲᠡᠨ᠎ᠳ᠋ᠤ ᠨᠡᠶᠢᠲᠡ ᠬᠡᠳᠦᠶ ᠪᠠᠯᠠ ᠮᠥᠩᠭᠥ ᠪᠤᠳᠤᠵᠦ ᠦᠭᠬᠦᠭᠰᠡᠨ ᠪᠣᠶ ︖ ᠡᠮᠨᠡᠯᠭᠡ᠎ᠳ᠋ᠤ ᠰᠠᠭᠤᠭᠰᠠᠨ ᠡᠪᠡᠳᠴᠢᠲᠡᠨ᠎ᠤ ᠳᠤᠮᠳᠠᠴᠢ ᠡᠮᠴᠢᠯᠡᠭᠡᠨ᠎ᠤ ᠵᠠᠷᠤᠳᠠᠯ᠎ᠨᠢ ᠬᠡᠳᠦᠢ ᠪᠣᠢ ︖
ᠰᠢᠶᠥ᠋ᠩ ᠰᠢᠶᠠᠨ ᠵᠢᠶᠦ᠋ᠨ ︵ ᠤᠯᠤᠰ᠎ᠤᠨ ᠡᠮ ᠡᠮᠨᠡᠯᠬᠡ᠎ᠶᠢᠨ ᠪᠠᠲᠤᠯᠠᠭ᠎ᠠ᠎ᠶᠢᠨ ᠲᠣᠪᠴᠢᠶ᠎ᠠ᠎ᠶᠢᠨ ᠡᠮ ᠡᠮᠨᠡᠯᠭᠡ᠎ᠶᠢᠨ ᠦᠢᠯᠡᠴᠢᠯᠡᠭᠡᠨ᠎ᠤ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ︶ ᠄
ᠬᠢᠵᠢᠭ᠎ᠤᠨ ᠪᠠᠶᠢᠳᠠᠯ ᠡᠭᠦᠰᠦᠭᠰᠡᠨ᠎ᠡᠴᠠ ᠨᠠᠭᠠᠰᠢ ᠂ ᠤᠯᠤᠰ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠲᠣᠪᠴᠢᠶ᠎ᠠ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠨᠢᠭᠡᠳᠦᠯᠲᠡᠶ ᠪᠠᠶᠢᠷᠢᠯᠠᠭᠤᠯᠤᠯᠲᠠ᠎ᠶᠢ ᠨᠠᠷᠢᠨ ᠬᠢᠨᠠᠮᠠᠭᠠᠶ ᠲᠤᠭᠤᠰᠢᠯᠠᠭᠤᠯᠵᠤ ᠂ ᠠᠷᠠᠳ ᠲᠦᠮᠡᠨ᠎ᠤ ᠡᠷᠡᠭᠦᠯ ᠮᠡᠨᠳᠦ᠎ᠶᠢ ᠬᠠᠮᠠᠭᠠᠯᠠᠬᠤ᠎ᠶᠢ ᠲᠡᠷᠢᠭᠦᠨ ᠪᠠᠶᠢᠷᠢᠨ᠎ᠳ᠋ᠤ ᠲᠠᠯᠪᠢᠪᠠ ᠃ 1 ᠰᠠᠷ᠎ᠠ᠎ᠶᠢᠨ 22᠎ᠤᠨ ᠡᠳᠦᠷ ᠂ ᠤᠯᠤᠰ᠎ᠤᠨ ᠡᠮ ᠡᠮᠨᠡᠯᠭᠡ᠎ᠶᠢᠨ ᠪᠠᠳᠤᠯᠠᠭ᠎ᠠ᠎ᠶᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠲᠠᠢ ᠬᠠᠮᠲᠤᠷᠠᠨ ᠂ ᠳᠤᠳᠤᠯᠠᠭᠰᠠᠨ ᠪᠠ ᠰᠡᠵᠢᠭᠯᠡᠯᠲᠡᠶ ᠡᠪᠡᠳᠴᠢᠲᠡᠨ᠎ᠢ ᠪᠦᠬᠦᠨ᠎ᠢ ᠤᠷᠢᠳᠠᠪᠠᠷ ᠡᠮᠨᠡᠨ ᠵᠠᠰᠠᠵᠤ ᠂ ᠳᠠᠷᠠᠭ᠎ᠠ᠎ᠨᠢ ᠳᠤᠭᠠᠴᠠᠭ᠎ᠠ ᠬᠢᠬᠦ᠎ᠶᠢ ᠬᠡᠷᠡᠭᠵᠢᠭᠦᠯᠦᠨ᠎ᠡ ᠭᠡᠵᠦ ᠲᠣᠳᠣᠷᠬᠠᠶ ᠱᠠᠭᠠᠷᠳᠠᠭᠰᠠᠨ ᠪᠠᠢᠨ᠎ᠠ ᠃ ᠵᠠᠷᠤᠳᠠᠯ᠎ᠤᠨ ᠦᠨᠳᠦᠰᠦᠨ ᠡᠮ ᠡᠮᠨᠡᠯᠭᠡ᠎ᠶᠢᠨ ᠳᠠᠭᠠᠳᠬᠠᠯ ᠂ ᠬᠦᠨᠳᠦ ᠡᠪᠡᠳᠴᠢᠨ᠎ᠤ ᠳᠠᠭᠠᠳᠬᠠᠯ ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ᠎ᠳ᠋ᠤ ᠪᠠᠭᠳᠠᠬᠤ᠎ᠶᠢ᠎ᠨᠢ ᠲᠣᠭᠲᠠᠭᠠᠯ ᠶᠣᠰᠣᠭᠠᠷ ᠪᠤᠳᠤᠵᠦ ᠂ ᠬᠤᠪᠢ ᠬᠥᠮᠦᠨ᠎ᠤ ᠡᠭᠦᠷᠭᠡᠯᠡᠬᠦ ᠬᠡᠰᠡᠭ᠎ᠢ᠎ᠨᠢ ᠡᠳ᠋᠎ᠤᠨ ᠵᠠᠰᠠᠭ᠎ᠡᠴᠠ ᠨᠥᠬᠥᠪᠥᠷᠢᠯᠡᠨ᠎ᠡ ᠭᠡᠵᠡᠢ ᠃
3 ᠰᠠᠷ᠎ᠠ᠎ᠶᠢᠨ 15᠎ᠤ ᠡᠳᠦᠷ ᠪᠣᠯᠲᠠᠯ᠎ᠠ ᠂ 31 ᠮᠤᠵᠢ ︵ ᠦᠪᠡᠷᠳᠡᠭᠡᠨ ᠵᠠᠰᠠᠬᠤ ᠣᠷᠣᠨ ᠂ ᠬᠣᠲᠠ ︶ ᠪᠣᠯᠤᠨ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ᠎ᠶᠢᠨ ᠪᠢᠩᠲ᠋ᠤᠸᠠᠨ᠎ᠤ ᠮᠡᠳᠡᠭᠦᠯᠦᠯᠲᠡ᠎ᠳ᠋ᠤ ᠂ ᠪᠥᠬᠥ ᠤᠯᠤᠰ᠎ᠤᠨ ᠰᠢᠨ᠎ᠠ ᠲᠢᠲᠢᠮᠯᠢᠭ ᠠᠭᠤᠰᠬᠢᠨ ᠦᠷᠪᠢᠰᠦᠯ᠎ᠤᠨ ᠳᠤᠳᠤᠯᠠᠭᠰᠠᠨ ᠪᠠ ᠰᠡᠵᠢᠭᠯᠡᠯᠲᠡᠶ ᠡᠪᠡᠳᠴᠢᠲᠡᠨ ‍ᠤᠡᠮ ᠡᠮᠨᠡᠯᠬᠡ᠎ᠶᠢᠨ ᠳᠠᠭᠠᠳᠬᠠᠯ᠎ᠢᠶᠠᠷ ᠳᠤᠭᠠᠴᠠᠭ᠎ᠠ ᠬᠢᠭᠰᠡᠨ ᠬᠥᠮᠦᠨ ︵ ᠤᠳᠠᠭ᠎ᠠ ︶ 93238 ᠬᠦᠷᠴᠤ ︵ ᠡᠭᠦᠳᠡᠨ ᠡᠮᠨᠡᠯᠭᠡ᠎ᠳ᠋ᠤ ᠡᠣᠯᠠᠨ ᠤᠳᠠᠭ᠎ᠠ ᠡᠮᠨᠡᠭᠦᠯᠵᠦ ᠳᠤᠭᠠᠴᠠᠭ᠎ᠠ ᠬᠢᠭᠰᠡᠨ ᠪᠠᠭᠲᠠᠨ᠎ᠠ ︶ ᠂ ᠪᠥᠬᠥ ᠵᠠᠷᠤᠳᠠᠯ 103960 ᠲᠦᠮᠡᠨ ᠲᠥᠭᠥᠷᠢᠭ ᠪᠠᠶᠢᠵᠤ ᠂ ᠡᠮ ᠡᠮᠨᠡᠯᠭᠡ᠎ᠶᠢᠨ ᠳᠠᠭᠠᠳᠬᠠᠯ᠎ᠤᠨ ᠰᠢᠰᠲ᠋ᠧᠮ᠎ᠡᠴᠠ ᠨᠡᠶᠢᠲᠡ 67734 ᠲᠦᠮᠡᠨ ᠲᠥᠭᠥᠷᠢᠭ ᠵᠠᠷᠤᠴᠠᠭᠤᠯᠪᠠ ᠃ ᠪᠥᠬᠥ ᠤᠯᠤᠰ᠎ᠤᠨ ᠳᠤᠳᠤᠯᠠᠭᠰᠠᠨ ᠡᠪᠡᠳᠴᠢᠲᠡᠨ᠎ᠤ ᠳᠤᠭᠠᠴᠠᠭ᠎ᠠ ᠬᠢᠭᠰᠡᠨ ᠬᠥᠮᠦᠨ᠎ᠤ ᠲᠣᠭ᠎ᠠ 44189 ᠪᠠᠶᠢᠵᠤ ᠂ ᠬᠣᠯᠪᠣᠭᠳᠠᠭᠰᠠᠨ ᠶᠡᠷᠦᠩᠬᠡᠶ ᠵᠠᠷᠤᠳᠠᠯ 75248 ᠲᠦᠮᠡᠨ ᠲᠥᠭᠥᠷᠢᠭ ᠂ ᠬᠥᠮᠦᠨ ᠳᠤᠮᠳᠠᠴᠢ᠎ᠶᠢᠨ ᠵᠠᠷᠤᠳᠠᠯ 1.7 ᠲᠦᠮᠡᠨ ᠲᠥᠭᠥᠷᠢᠭ ᠪᠠᠶᠢᠵᠤ ᠂ ᠡᠭᠦᠨ᠎ᠤ ᠳᠣᠲᠣᠷ᠎ᠠ ᠡᠮ ᠡᠮᠨᠡᠯᠭᠡ᠎ᠶᠢᠨ ᠳᠠᠭᠠᠳᠬᠠᠯ᠎ᠤᠨ ᠳᠥᠯᠥᠬᠦ ᠬᠠᠷᠢᠴᠠᠯ᠎ᠨᠢ ᠪᠠᠷᠤᠭ 65% ︵ ᠦᠯᠡᠳᠡᠭᠰᠡᠨ ᠬᠡᠰᠡᠭ᠎ᠢ ᠡᠳ᠋᠎ᠤᠨ ᠵᠠᠰᠠᠭ᠎ᠡᠴᠠ ᠨᠥᠬᠥᠪᠥᠷᠢᠯᠡᠨ᠎ᠡ ︶ ᠪᠣᠯᠤᠨ᠎ᠠ ᠃
ᠡᠮᠴᠢᠯᠡᠭᠡᠨ᠎ᠤ ᠪᠠᠶᠢᠭᠤᠯᠤᠮᠵᠢ᠎ᠶᠢᠨ ᠪᠠᠯᠠ ᠮᠦᠩᠬᠦ ᠣᠷᠣᠯᠠᠨ ᠥᠭᠬᠦ ᠳᠠᠷᠤᠯᠲᠠ᠎ᠶᠢ ᠨᠠᠮᠳᠠᠭᠤᠯᠬᠤ᠎ᠶᠢᠨ ᠲᠥᠯᠥᠭᠡ ᠂ ᠡᠮ ᠡᠮᠨᠡᠯᠭᠡ᠎ᠶᠢᠨ ᠳᠠᠭᠠᠳᠬᠠᠯ᠎ᠤᠨ ᠭᠠᠷᠲᠠᠨ ᠭᠦᠶᠴᠡᠳᠬᠡᠵᠦ ᠪᠠᠢᠭ᠎ᠠ ᠪᠠᠶᠢᠭᠤᠯᠤᠮᠵᠢ ᠪᠠᠰᠠ ᠲᠤᠰᠬᠠᠶ ᠪᠠᠯᠠ ᠮᠥᠩᠭᠥ ᠤᠷᠢᠳᠴᠢᠯᠠᠨ ᠪᠠᠭᠤᠯᠭᠠᠵᠦ ᠡᠪᠡᠳᠴᠢᠲᠡᠨ᠎ᠢ ᠠᠪᠤᠷᠠᠨ ᠵᠠᠰᠠᠬᠤ᠎ᠳ᠋ᠤ ᠬᠡᠷᠡᠭᠯᠡᠭᠰᠡᠨ ᠪᠠᠢᠨ᠎ᠠ ᠃ 3 ᠰᠠᠷ᠎ᠠ᠎ᠶᠢᠨ 19᠎ᠤ ᠡᠳᠦᠷ ᠪᠣᠯᠲᠠᠯ᠎ᠠ ᠂ ᠡᠯ᠎ᠡ ᠭᠠᠵᠠᠷ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠰᠠᠯᠠᠭ᠎ᠠ ᠮᠥᠴᠢᠷ ᠨᠡᠶᠢᠲᠡ 193 ᠳ᠋ᠦᠩᠰᠢᠭᠤᠷ ᠲᠥᠭᠥᠷᠢᠭ᠎ᠤᠨ ᠪᠠᠯᠠ ᠮᠥᠩᠭᠥ ᠰᠠᠯᠭᠠᠨ ᠥᠭᠴᠦ ᠂ ᠡᠭᠦᠨ᠎ᠳ᠋ᠤ ᠬᠤᠪᠸᠢ ᠮᠤᠵᠢ 37 ᠳ᠋ᠦᠩᠰᠢᠭᠤᠷ ᠲᠥᠭᠥᠷᠢᠭ ᠦᠭᠬᠦᠭᠰᠡᠨ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面