ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-04-27 17:09:38

ᠵᠣᠬᠢᠶᠠᠭ᠍ᠴᠢ᠄ ᠰᠢᠦ ᠬᠤᠸᠠ ᠣᠩᠱᠢᠭ᠍ᠰᠠᠨ ᠣᠳᠠᠭ᠎ᠠ᠄ 3

ᠭᠡᠨᠡᠳᠲᠡ ᠡᠭᠦᠰᠦᠭᠰᠡᠨ ᠡᠨᠡ ᠤᠳᠠᠭ᠎ᠠ᠎ᠶᠢᠨ ᠠᠶᠤᠯᠳᠤ ᠬᠢᠵᠢᠭ᠎ᠨᠢ ᠲᠦᠮᠡᠨ ᠤᠯᠠᠨ᠎ᠢ ᠦᠢᠮᠡᠬᠦᠯᠦᠯ᠎ᠠ ᠃ 1 ᠰᠠᠷ᠎ᠠ᠎ᠶᠢᠨ 23᠎ᠤ ᠡᠳᠦᠷ ᠂ ᠦᠪᠦᠷ ᠮᠤᠩᠭᠤᠯ᠎ᠳ᠋ᠤ ᠠᠩᠬᠠᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠳ᠋ᠤ ᠨᠡᠷᠪᠡᠭᠳᠡᠭᠰᠡᠨ ᠡᠪᠡᠳᠴᠢᠳᠠᠨ᠎ᠢ ᠲᠤᠳᠤᠯᠠᠬᠰᠠᠨ᠎ᠡᠴᠠ ᠠᠪᠤᠭᠠᠳ 3 ᠰᠠᠷ᠎ᠠ᠎ᠶᠢᠨ 18᠎ᠤ ᠡᠳᠦᠷ ᠬᠠᠮᠤᠭ᠎ᠤᠨ ᠡᠴᠦᠰ᠎ᠤᠨ ᠡᠪᠡᠳᠴᠢᠳᠠᠨ ᠡᠳᠡᠬᠡᠷᠡᠨ ᠡᠮᠨᠡᠯᠬᠡ᠎ᠡᠴᠠ ᠭᠠᠷᠬᠤ ᠬᠦᠷᠳᠡᠯᠡᠬᠢ 56 ᠡᠳᠦᠷ ᠬᠤᠨᠤᠭ᠎ᠲᠤ ᠂ ᠪᠢᠳᠡ ᠲᠦᠮᠡᠨ ᠤᠯᠠᠨ᠎ᠢᠶᠠᠷ᠎ᠢᠶᠡᠨ ᠰᠡᠳᠬᠢᠯ ᠨᠢᠬᠡᠳᠦᠨ ᠬᠦᠴᠦ᠎ᠪᠠᠨ ᠬᠠᠮᠳᠤᠳᠬᠠᠨ ᠪᠠᠢᠵᠤ ᠠᠶᠤᠯᠳᠤ ᠬᠢᠵᠢᠭ᠎ᠲᠠᠢ ᠲᠠᠢᠯᠠᠯᠳᠤᠬᠰᠠᠨ ᠬᠠᠮᠤᠭ᠎ᠤᠨ ᠬᠦᠨᠳᠤ ᠬᠡᠴᠡᠬᠦᠦ ᠴᠠᠭ ᠦᠶ᠎ᠠ᠎ᠶᠢ ᠲᠤᠭᠤᠯᠤᠯ᠎ᠠ ᠃
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ ᠠᠷᠠᠳ᠎ᠤᠨ ᠳᠠᠶᠢᠨ ᠂ ᠶᠡᠷᠦᠩᠬᠡᠶ ᠲᠠᠢᠯᠠᠯᠳᠤᠭᠠᠨ ᠂ ᠬᠤᠷᠢᠬᠯᠠᠯᠳᠠ᠎ᠶᠢᠨ ᠲᠠᠢᠯᠠᠯᠳᠤᠭᠠᠨ᠎ᠳ᠋ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ ᠬᠦᠴᠢᠷ᠎ᠢ ᠰᠦᠷᠦᠨ ᠤᠷᠤᠭᠰᠢᠯᠠᠵᠤ ᠂ ᠨᠢᠭᠡᠳᠦᠯᠲᠡᠶ ᠪᠠᠶᠢᠷᠢᠯᠠᠭᠤᠯᠤᠨ ᠂ ᠪᠦᠬᠦ ᠤᠷᠤᠨ᠎ᠤ ᠡᠯ᠎ᠠ ᠦᠨᠳᠦᠰᠦᠳᠡᠨ᠎ᠤ ᠺᠠᠳ᠋ᠷ ᠤᠯᠠᠨ ᠲᠦᠮᠡᠨ ᠪᠦᠬᠦᠳᠡᠬᠡᠷ ᠬᠥᠳᠡᠯᠦᠯᠴᠡᠵᠦ ᠂ ᠴᠠᠭ ᠮᠥᠴᠡ᠎ᠶᠢ ᠠᠮᠵᠢᠨ ᠪᠦᠬᠦ ᠬᠦᠴᠦᠨ᠎ᠢᠶᠠᠷ᠎ᠢᠶᠡᠨ ᠰᠡᠷᠭᠡᠶᠢᠯᠡᠨ ᠡᠵᠡᠮᠳᠡᠬᠦ ᠡᠳ᠋ ᠪᠣᠳᠠᠰ᠎ᠤᠨ ᠬᠠᠩᠭᠠᠯᠭ᠎ᠠ᠎ᠶᠢ ᠪᠠᠲᠤᠯᠠᠵᠤ ᠂ ᠭᠠᠴᠢᠭ᠎ᠢ ᠬᠠᠮᠳᠤ᠎ᠪᠠᠷ ᠲᠤᠭᠤᠯᠵᠤ ᠪᠡᠷᠬᠡ᠎ᠶᠢ ᠴᠤᠭᠭᠠᠷ ᠲᠠᠪᠠᠨ ᠬᠢᠵᠢᠭ᠎ᠲᠠᠢ ᠲᠠᠮᠠᠴᠡᠵᠤ ᠪᠢᠯᠡ ᠃
ᠵᠠᠰᠠᠭ ᠂ ᠠᠵᠤ ᠠᠬᠤᠢᠯᠠᠯ ᠂ ᠠᠷᠠᠳ ᠤᠯᠠᠨ ᠪᠦᠬᠦᠳᠡᠬᠡᠷ᠎ᠢᠶᠡᠨ ᠬᠦᠳᠡᠯᠦᠯᠴᠡᠯ᠎ᠠ
ᠴᠡᠷᠢᠭ ᠮᠤᠷᠢ ᠮᠤᠷᠳᠠᠬᠤ᠎ᠡᠴᠠ ᠡᠮᠦᠨ᠎ᠡ ᠂ ᠠᠮᠤ ᠡᠪᠡᠰᠦ᠎ᠶᠢ ᠤᠷᠢᠳ᠎ᠢᠶᠠᠷ ᠪᠡᠯᠡᠳᠬᠡᠨ᠎ᠠ ᠃ ᠡᠳ᠋ ᠪᠤᠳᠠᠰ᠎ᠤᠨ ᠪᠠᠳᠤᠯᠠᠭ᠎ᠠ ᠪᠤᠯ ᠬᠢᠵᠢᠭ᠎ᠲᠠᠢ ᠲᠠᠮᠡᠴᠡᠬᠦ ᠲᠠᠢᠨ᠎ᠤ ᠲᠤᠳᠠᠬᠳᠠᠵᠤ ᠪᠤᠯᠤᠰᠢ ᠦᠬᠡᠢ ᠲᠡᠷᠢᠬᠦᠨ ᠨᠦᠬᠦᠴᠡᠯ ᠃ ᠡᠬᠦᠨ᠎ᠳ᠋ᠤ ᠂ ᠬᠠᠮᠠᠭᠠᠯᠠᠯᠳᠠ᠎ᠶᠢᠨ ᠡᠳ᠋ ᠪᠤᠳᠠᠰ ᠪᠤᠯ ᠬᠠᠯᠳᠠᠪᠤᠷᠢᠳᠤ ᠬᠢᠵᠢᠭ᠎ᠢ ᠰᠡᠷᠬᠡᠢᠯᠡᠬᠦ ᠬᠠᠮᠤᠭ᠎ᠤᠨ ᠠᠩᠬᠠᠨ᠎ᠤ ᠰᠡᠷᠬᠡᠢᠯᠡᠯᠳᠡ᠎ᠶᠢᠨ ᠱᠤᠭᠤᠮ ᠮᠦᠨ ᠃ ᠬᠢᠵᠢᠭ᠎ᠤᠨ ᠪᠠᠢᠳᠠᠯ ᠬᠡᠨᠡᠳᠳᠡ ᠡᠬᠦᠰᠦᠭᠰᠡᠨ ᠪᠠᠢᠳᠠᠯ ᠲᠤᠤᠷ᠎ᠠ ᠂ ᠮᠠᠨ᠎ᠤ ᠤᠷᠤᠨ᠎ᠤ ᠤᠯᠠᠩᠬᠢ ᠰᠡᠷᠬᠡᠢᠯᠡᠨ ᠡᠵᠡᠮᠳᠡᠬᠦ ᠡᠳ᠋ ᠪᠤᠳᠠᠰ ᠦᠨᠳᠦᠰᠦᠨ ᠬᠡᠷᠡᠭᠴᠡᠬᠡ᠎ᠶᠢ ᠪᠠᠳᠤᠯᠠᠵᠤ ᠲᠡᠢᠯᠬᠦ ᠪᠤᠯᠪᠠᠴᠤ ᠡᠮᠴᠢᠯᠡᠬᠡ᠎ᠳ᠋ᠤ ᠬᠡᠷᠡᠭᠯᠡᠬᠦ ᠠᠮᠠᠪᠴᠢ ᠂ ᠡᠮᠴᠢᠯᠡᠬᠡ᠎ᠳ᠋ᠤ ᠬᠡᠷᠡᠭᠯᠡᠬᠦ ᠬᠠᠮᠠᠭᠠᠯᠠᠯᠲᠠ᠎ᠶᠢᠨ ᠬᠤᠪᠴᠠᠰᠤ ᠂ ᠨᠢᠳᠦ ᠬᠠᠮᠠᠭᠠᠯᠠᠬᠤ ᠰᠢᠯ ᠂ ᠪᠡᠶ᠎ᠠ᠎ᠶᠢᠨ ᠬᠠᠯᠠᠭᠤᠨ᠎ᠤ ᠬᠡᠮᠵᠢᠬᠦᠷ ᠵᠡᠷᠬᠡ ᠤᠨᠴᠠᠭᠠᠢ ᠡᠳ᠋ ᠪᠤᠳᠠᠰ ᠲᠤᠳᠠᠬᠳᠠᠵᠤ ᠂ ᠬᠤᠳᠠᠯᠳᠤᠨ ᠠᠪᠬᠤ᠎ᠳ᠋ᠤ ᠬᠦᠴᠢᠷᠳᠠᠢ ᠪᠠᠢᠵᠠᠢ ᠃
ᠬᠢᠵᠢᠭ᠎ᠤᠨ ᠪᠠᠢᠳᠠᠯ ᠡᠬᠦᠰᠦᠭᠰᠠᠡ ᠲᠠᠷᠤᠢᠬᠠᠨ ᠂ ᠦᠪᠡᠷᠳᠡᠬᠡᠨ ᠵᠠᠰᠬᠠᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ ᠲᠡᠷᠡ ᠲᠤᠤᠷ᠎ᠠ᠎ᠨᠢ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢ ᠲᠤᠬᠳᠠᠭᠠᠵᠤ ᠂ ᠲᠡᠬᠡᠭᠰᠢ ᠮᠡᠳᠡᠬᠦᠯᠦᠨ ᠲᠡᠷᠢᠬᠦᠯᠡᠭᠴᠢ᠎ᠶᠢᠨ ᠪᠡᠯᠡᠳᠬᠡᠯ ᠮᠦᠩᠬᠦ᠎ᠶᠢ ᠬᠦᠳᠡᠯᠬᠡᠬᠦ᠎ᠶᠢ ᠵᠦᠪᠰᠢᠶᠡᠷᠡᠬᠦᠯᠦᠭᠰᠡᠨ ᠪᠦᠬᠡᠳ ᠲᠦᠪ᠎ᠤᠨ ᠡᠳ᠋᠎ᠤᠨ ᠵᠠᠰᠠᠭ᠎ᠤᠨ ᠲᠡᠮᠵᠢᠯᠬᠡ᠎ᠶᠢ ᠢᠳᠡᠪᠬᠢᠳᠡᠢ ᠲᠡᠮᠡᠴᠡᠨ ᠤᠯᠬᠤ ᠵᠡᠷᠬᠡ ᠠᠷᠭ᠎ᠠ ᠵᠠᠮ᠎ᠢᠶᠠᠷ ᠪᠡᠯᠡ ᠮᠦᠩᠬᠦ᠎ᠶᠢᠨ ᠪᠠᠳᠤᠯᠠᠭ᠎ᠠ᠎ᠶᠢ ᠪᠦᠬᠦ ᠬᠦᠴᠦᠨ᠎ᠢᠶᠠᠷ᠎ᠢᠶᠡᠨ ᠰᠠᠢᠳᠤᠷ ᠬᠢᠵᠤ ᠂ ᠪᠡᠯᠡ ᠮᠦᠩᠬᠦ ᠪᠠ ᠡᠳ᠋ ᠪᠤᠳᠠᠰ᠎ᠤᠨ ᠬᠦᠢᠴᠡᠳ ᠪᠠᠢᠬᠤ᠎ᠶᠢ ᠪᠠᠳᠤᠯᠬᠠᠰᠠᠨ ᠪᠠᠢᠨ᠎ᠠ ᠃ ᠪᠡᠯᠡ ᠮᠦᠩᠬᠦ᠎ᠶᠢ ᠲᠤᠭᠤᠰᠢᠯᠠᠭᠤᠯᠬᠤ᠎ᠳᠠᠭᠠᠨ ︽ ᠤᠨᠴᠠᠭᠠᠢ ᠶᠠᠪᠤᠳᠠᠯ᠎ᠢ ᠤᠨᠴᠠᠭᠠᠢ ᠰᠢᠢᠳᠪᠦᠷᠢᠯᠡᠬᠦ ᠂ ᠪᠠᠴᠢᠮ ᠶᠠᠪᠤᠳᠠᠯ᠎ᠢ ᠪᠠᠴᠢᠮ ᠰᠢᠢᠳᠪᠦᠷᠢᠯᠡᠬᠦ ︾ ᠵᠠᠷᠴᠢᠮ ᠶᠤᠰᠤᠭᠠᠷ ᠂ ᠨᠢᠬᠡ ᠲᠠᠯ᠎ᠠ᠎ᠪᠠᠷ ᠪᠡᠯᠡ ᠮᠦᠩᠬᠦ᠎ᠶᠢ ᠪᠠᠭᠤᠯᠭᠠᠨ ᠦᠭᠬᠦ ᠪᠠ ᠬᠦᠢᠴᠡᠳᠬᠡᠬᠦ ᠶᠠᠪᠤᠴᠠ᠎ᠶᠢ ᠲᠦᠬᠦᠮᠴᠢᠯᠡᠵᠤ ᠂ ᠪᠡᠯᠡ ᠮᠦᠩᠬᠦ᠎ᠶᠢ ᠦᠭᠬᠦ ᠪᠠ ᠵᠠᠰᠠᠭ᠎ᠤᠨ ᠤᠷᠳᠤᠨ᠎ᠡᠴᠠ ᠬᠤᠳᠠᠯᠳᠤᠨ ᠠᠪᠬᠤ ᠬᠤᠶᠠᠷ ︽ ᠰᠠᠭᠠᠳ ᠦᠬᠡᠢ ᠨᠡᠪᠳᠡᠷᠡᠬᠦ ᠵᠠᠮ ︾᠎ᠢ ᠵᠠᠮ᠎ᠢ ᠨᠡᠬᠡᠬᠡᠭᠰᠡᠨ ᠪᠠᠢᠨ᠎ᠠ ᠃
2 ᠰᠠᠷ᠎ᠠ᠎ᠶᠢᠨ 5᠎ᠤ ᠡᠳᠦᠷ ᠂ ᠦᠪᠡᠷᠳᠡᠬᠡᠨ ᠵᠠᠰᠠᠬᠤ ᠤᠷᠤᠨ᠎ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠵᠢᠯᠤᠭᠤᠳᠬᠤ ᠭᠠᠵᠠᠷ᠎ᠡᠴᠠ ᠡᠷᠬᠢᠯᠡᠭᠰᠡᠨ ᠰᠤᠨᠢᠨ ᠮᠡᠳᠡᠬᠡ ᠨᠠᠢᠳᠡᠯᠡᠬᠦ ᠬᠤᠷᠠᠯ ᠲᠡᠭᠡᠷ᠎ᠡ ᠂ ᠵᠢᠯᠤᠭᠤᠳᠬᠤ ᠭᠠᠵᠠᠷ᠎ᠤᠨ ᠠᠷᠤ ᠲᠠᠯ᠎ᠠ᠎ᠶᠢᠨ ᠦᠢᠯᠡᠴᠢᠯᠡᠬᠡ᠎ᠶᠢᠨ ᠪᠠᠳᠤᠯᠠᠭ᠎ᠠ᠎ᠶᠢᠨ ᠲᠤᠭᠤᠢᠯᠠᠩ᠎ᠤᠨ ᠲᠠᠷᠤᠭ᠎ᠠ ᠂ ᠦᠪᠡᠷᠳᠡᠬᠡᠨ ᠵᠠᠰᠬᠠᠤ ᠤᠷᠤᠨ᠎ᠤ ᠠᠵᠤ ᠦᠢᠯᠡᠳᠪᠦᠷᠢ ᠪᠠ ᠮᠡᠳᠡᠬᠡ ᠵᠠᠩᠬᠢᠵᠢᠯᠳᠠ᠎ᠶᠢᠨ ᠲᠢᠩᠬᠢᠮ᠎ᠤᠨ ᠲᠠᠷᠤᠭ᠎ᠠ ᠯᠢ ᠵᠦᠩ ᠺᠠᠢ ᠄ ︽ ᠦᠪᠡᠷᠳᠡᠬᠡᠨ ᠵᠠᠰᠬᠠᠤ ᠤᠷᠤᠨ ᠤᠯᠠᠨ ᠨᠠᠢᠳᠠ᠎ᠶᠢᠨ ᠬᠦᠨᠳᠤ ᠶᠡᠬᠡ ᠬᠡᠨᠡᠳᠳᠡ ᠡᠬᠦᠰᠬᠦ ᠡᠷᠡᠬᠦᠯ ᠬᠠᠮᠠᠭᠠᠯᠠᠯ᠎ᠤᠨ ᠬᠡᠷᠡᠭ᠎ᠤᠨ ᠨᠢᠬᠡᠳᠦᠬᠡᠷ ᠲᠡᠰ᠎ᠤᠨ ᠠᠵᠢᠯᠯᠠᠭ᠎ᠠ᠎ᠶᠢ ᠡᠬᠢᠯᠡᠬᠦᠯᠦᠭᠰᠡᠨ᠎ᠤ ᠲᠠᠷᠠᠭ᠎ᠠ ᠪᠢᠳᠡ ᠦᠳᠳᠡᠷ ᠲᠦᠷᠬᠡᠨ ᠬᠦᠳᠡᠯᠦᠯᠴᠠᠵᠤ ᠬᠢᠵᠢᠭ᠎ᠢ ᠰᠡᠷᠬᠡᠢᠯᠡᠨ ᠡᠵᠡᠮᠳᠡᠬᠦ ᠡᠳ᠋ ᠪᠤᠳᠠᠰ᠎ᠤᠨ ᠬᠡᠷᠡᠭᠴᠡᠬᠡ᠎ᠶᠢ ᠪᠦᠬᠦ ᠬᠦᠴᠦᠨ᠎ᠢᠶᠠᠷ᠎ᠢᠶᠡᠨ ᠪᠠᠳᠤᠯᠠᠨ᠎ᠠ ︾ ᠬᠡᠵᠡᠢ ᠃ ᠡᠢᠨ ᠬᠦ ᠂ ᠮᠠᠨ᠎ᠤ ᠤᠷᠤᠨ ᠦᠳᠲᠡᠷ ᠲᠦᠷᠭᠡᠨ ᠬᠥᠳᠡᠯᠦᠯᠴᠡᠵᠦ ᠂ ᠨᠢᠭᠡ ᠲᠠᠯ᠎ᠠ᠎ᠪᠠᠷ ᠤᠯᠤᠰ᠎ᠤᠨ ᠡᠮ᠎ᠤᠨ ᠲᠡᠯᠬᠡᠬᠦᠷ ᠂ ᠬᠤᠸᠠ ᠷᠦᠨ ᠂ ᠱᠠᠩ ᠶᠤᠤ ᠵᠡᠷᠬᠡ ᠠᠵᠤ ᠠᠬᠤᠶᠢᠯᠠᠯ ᠵᠢᠴᠢ ᠨᠡᠶᠢᠭᠡᠮ᠎ᠤᠨ ᠡᠯ᠎ᠡ ᠲᠠᠯ᠎ᠠ᠎ᠶᠢᠨ ᠬᠦᠴᠦᠨ᠎ᠢ ᠵᠣᠬᠢᠶᠠᠨ ᠪᠠᠶᠢᠭᠤᠯᠤᠨ ᠳᠠᠶᠢᠴᠢᠯᠠᠵᠤ ᠂ ᠬᠠᠮᠠᠭᠠᠯᠠᠯᠳᠠ᠎ᠶᠢᠨ ᠬᠡᠷᠡᠭᠰᠡᠯ ᠪᠠ ᠠᠷᠢᠭᠤᠳᠬᠠᠬᠤ ᠡᠳ᠋ ᠬᠡᠷᠡᠭᠰᠡᠯ᠎ᠢ ᠥᠷᠭᠡᠨ᠎ᠢᠶᠠᠷ ᠴᠤᠭᠯᠠᠭᠤᠯᠵᠤ ᠂ ᠪᠡᠴᠢᠮ ᠪᠠᠢᠳᠠᠯ᠎ᠢ ᠰᠢᠢᠳᠪᠦᠷᠢᠯᠡᠭᠰᠡᠨ ᠪᠠᠢᠨ᠎ᠠ ᠃
ᠨᠢᠳᠤ ᠦᠬᠡᠢ ᠲᠠᠭᠠᠷᠢᠨ ᠢᠷᠡᠭᠰᠡᠨ ᠬᠢᠵᠢᠭ᠎ᠤᠨ ᠡᠮᠦᠨ᠎ᠡ ᠂ ᠪᠦᠬᠦᠳᠠ ᠤᠯᠠᠨ᠎ᠢᠶᠡᠨ᠎ᠢᠶᠡᠨ ᠬᠦᠳᠡᠯᠦᠯᠴᠡᠯ᠎ᠡ 
ᠢᠯᠢ ᠪᠦᠯᠦᠭᠯᠡᠯ 6000 ᠲᠦᠮᠡᠨ ᠲᠥᠭᠥᠷᠢᠭ᠎ᠤᠨ ᠵᠣᠭᠣᠰ ᠪᠠ ᠡᠳ᠋ ᠪᠣᠳᠠᠰ ︔ ᠮᠸᠩ ᠨᠢᠤ ᠪᠦᠯᠦᠭᠯᠡᠯ ᠵᠢᠴᠢ ᠲᠡᠬᠦᠨ᠎ᠤ ᠬᠠᠷᠢᠶ᠎ᠠ ᠠᠵᠤ ᠠᠬᠤᠶᠢᠯᠠᠯ 6000 ᠲᠦᠮᠡᠨ ᠲᠥᠭᠥᠷᠢᠭ᠎ᠤᠨ ᠵᠣᠭᠣᠰ ᠪᠠ ᠡᠳ᠋ ᠪᠣᠳᠠᠰ ︔ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠤ ᠢᠲᠡᠭᠡᠮᠵᠢ᠎ᠶᠢᠨ ᠬᠣᠯᠪᠣᠭᠠᠲᠤ ᠬᠣᠷᠰᠢᠶ᠎ᠠ 100 ᠳᠦᠮᠡᠨ ᠲᠦᠭᠦᠷᠢᠭ ᠃ 1 ᠰᠠᠷ᠎ᠠ᠎ᠶᠢᠨ 30᠎ᠤ ᠦᠳᠡ᠎ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶᠢᠲᠠᠨ᠎ᠤ ᠨᠡᠶᠢᠭᠡᠮᠯᠢᠭ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠬᠡᠢᠯᠡᠨ ᠡᠵᠡᠮᠳᠡᠬᠦ᠎ᠶᠢ ᠬᠠᠯᠠᠮᠵᠢᠯᠠᠨ ᠬᠠᠨᠳᠢᠪᠯᠠᠬᠤ ᠠᠵᠢᠯᠯᠠᠭ᠎ᠠ ᠥᠷᠨᠢᠭᠦᠯᠵᠦ 3 ᠠᠵᠤ ᠠᠬᠤᠶᠢᠯᠠᠯ᠎ᠤᠨ ᠬᠠᠨᠳᠢᠪᠯᠠᠭᠰᠠᠨ 1.21 ᠳ᠋ᠦᠩᠰᠢᠭᠤᠷ ᠲᠥᠭᠥᠷᠢᠭ᠎ᠤᠨ ᠵᠣᠭᠣᠰ ᠪᠠ ᠡᠳ᠋ ᠪᠣᠳᠠᠰ᠎ᠢ ᠭᠥᠯᠢᠶᠡᠨ ᠠᠪᠴᠠᠢ ᠃
ᠥᠪᠥᠷ ᠮᠣᠩᠭᠣᠯ᠎ᠤᠨ ᠴᠠᠬᠢᠯᠭᠠᠨ ᠬᠦᠴᠦᠨ᠎ᠤ ᠪᠦᠯᠦᠭᠯᠡᠯᠲᠦ ᠺᠣᠮᠫᠠᠨᠢ 500 ᠲᠦᠮᠡᠨ ᠲᠥᠭᠥᠷᠢᠭ ︔ ᠥᠪᠥᠷ ᠮᠣᠩᠭᠣᠯ᠎ᠤᠨ ᠪᠠᠩᠬᠢ ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠠᠯᠠ ᠣᠷᠣᠭᠤᠯᠤᠯᠲᠠ᠎ᠶᠢᠨ ᠪᠦᠯᠦᠭᠯᠡᠯᠲᠦ ᠺᠣᠮᠫᠠᠨᠢ ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶᠢᠨ ᠪᠦᠯᠦᠭᠯᠡᠯᠲᠦ ᠺᠣᠮᠫᠠᠨᠢ ᠂ ᠥᠪᠥᠷ ᠮᠣᠩᠭᠣᠯ᠎ᠤᠨ ᠤᠰᠤᠨ᠎ᠤ ᠶᠠᠪᠤᠳᠠᠯ᠎ᠤᠨ ᠪᠠᠯᠠ ᠣᠷᠣᠭᠤᠯᠤᠯᠲᠠ᠎ᠶᠢᠨ ᠪᠦᠯᠦᠭᠯᠡᠯᠲᠦ ᠺᠣᠮᠫᠠᠨᠢ ᠂ ᠥᠪᠥᠷ ᠮᠣᠩᠭᠣᠯ᠎ᠤᠨ ᠮᠥᠩᠭᠥᠨ ᠭᠦᠶᠯᠭᠡᠭᠡᠨ᠎ᠤ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠲᠣᠰ ᠲᠣᠰ 100 ᠲᠦᠮᠡᠨ ᠲᠥᠭᠥᠷᠢᠭ ︔᠎ᠶᠢᠨ ᠢᠦᠢ ᠠᠮᠢᠳᠤ ᠪᠣᠳᠠᠰ᠎ᠤᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 1008 ᠲᠦᠮᠡᠨ ᠲᠥᠭᠥᠷᠢᠭ᠎ᠤᠨ ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠢ ᠪᠠᠶᠢᠴᠠᠭᠠᠨ ᠬᠡᠮᠵᠢᠬᠦ ᠲᠤᠷᠰᠢᠯᠲᠠ᠎ᠶᠢᠨ ᠬᠠᠶᠢᠷᠴᠠᠭ ᠬᠠᠨᠳᠢᠪᠯᠡᠪᠠ ᠃ 2 ᠰᠠᠷ᠎ᠠ᠎ᠶᠢᠨ 10᠎ᠤ ᠦᠳᠡ᠎ᠶᠢᠨ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠳᠠᠨ᠎ᠤ ᠨᠡᠶᠢᠭᠡᠮᠯᠢᠭ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠠᠶᠢᠷ᠎ᠠ ᠬᠠᠯᠠᠮᠵᠢ᠎ᠶᠢᠨ ᠬᠠᠨᠳᠢᠪ ᠡᠷᠬᠦᠬᠦ ᠠᠵᠢᠯᠯᠠᠭ᠎ᠠ᠎ᠶᠢᠨ ᠶᠣᠰᠣᠯᠠᠯ ᠶᠠᠪᠤᠭᠤᠯᠤᠯ᠎ᠠ ᠃
ᠣᠷᠳᠣᠰ ᠪᠦᠯᠦᠭᠯᠡᠯ᠎ᠤᠨ ᠨᠣᠤᠯᠣᠭᠤᠷ᠎ᠤᠨ ᠪᠦᠲᠦᠭᠡᠭᠳᠡᠬᠦᠨ᠎ᠤ ᠦᠶᠯᠡᠳᠪᠦᠷᠢ ᠤᠷᠢᠳᠴᠢᠯᠠᠨ ᠠᠵᠢᠯ᠎ᠢᠶᠡᠨ ᠰᠡᠷᠭᠦᠭᠡᠵᠦ ᠂ ᠦᠶᠯᠡᠳᠪᠦᠷᠢᠯᠡᠯ᠎ᠤᠨ ᠱᠤᠭᠤᠮ᠎ᠢᠶᠡᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ᠎ᠳ᠋ᠤ ᠪᠠᠴᠢᠮ ᠬᠡᠷᠡᠭᠰᠡᠬᠦ ᠭᠠᠳᠠᠷ ᠬᠡᠷᠡᠭᠯᠡᠬᠦ ᠠᠮᠠᠪᠴᠢ ᠪᠣᠯᠤᠨ ᠬᠢᠵᠢᠭ᠎ᠢ ᠰᠡᠷᠭᠡᠶᠢᠯᠡᠬᠦ ᠬᠠᠮᠠᠭᠠᠯᠠᠯᠲᠠ᠎ᠶᠢᠨ ᠬᠤᠪᠴᠠᠰᠤ ᠪᠣᠯᠭᠠᠨ ᠲᠣᠬᠢᠷᠠᠭᠤᠯᠵᠤ ᠂ ᠪᠦᠯᠦᠭᠯᠡᠯ ᠺᠣᠮᠫᠠᠨᠢ᠎ᠨᠢ ᠪᠠᠰᠠ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠥᠮᠦᠨ᠎ᠤ ᠬᠠᠷᠢᠴᠠᠭᠠᠨ᠎ᠤ ᠡᠬᠢ ᠪᠠᠶᠠᠯᠢᠭ᠎ᠢᠶᠠᠷ ᠳᠠᠮᠵᠢᠭᠤᠯᠤᠨ 225 ᠲᠦᠮᠡᠨ ᠲᠦᠬᠦᠷᠢᠭ᠎ᠤᠨ ᠬᠢᠵᠢᠭ᠎ᠢ ᠰᠡᠷᠭᠡᠶᠢᠯᠡᠬᠦ ᠡᠳ᠋ ᠪᠣᠳᠠᠰ᠎ᠢ ᠬᠤᠳᠠᠯᠳᠤᠨ ᠠᠪᠴᠤ ᠬᠠᠨᠳᠢᠪᠯᠠᠪᠠ ᠃
2 ᠰᠠᠷ᠎ᠠ᠎ᠶᠢᠨ 21᠎ᠤ ᠡᠳᠦᠷ ᠪᠤᠯᠳᠠᠯ᠎ᠠ ᠂ ᠦᠪᠡᠷᠳᠡᠬᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠰᠢᠰᠲ᠋ᠧᠮ᠎ᠤᠨ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ ᠂ ᠪᠦᠬᠦ ᠤᠷᠤᠨ᠎ᠤ 224 ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ 1.78 ᠳ᠋ᠦᠩᠰᠢᠭᠤᠷ ᠲᠦᠬᠦᠷᠢᠭ᠎ᠤᠨ ᠪᠡᠯᠡ ᠮᠦᠩᠬᠦ ᠂ 167.8 ᠲᠦᠮᠡᠨ ᠠᠮᠠᠪᠴᠢ ᠂ 2459 ᠬᠠᠮᠠᠭᠠᠯᠠᠯᠳᠠ᠎ᠶᠢᠨ ᠬᠤᠪᠴᠠᠰᠤ ᠂ 3.2 ᠲᠦᠮᠡᠨ ᠬᠠᠮᠠᠭᠠᠯᠠᠯᠳᠠ᠎ᠶᠢᠨ ᠪᠡᠬᠡᠯᠡᠢ ᠂ 131 ᠲᠤᠨ ᠠᠷᠢᠭᠤᠳᠬᠠᠬᠤ ᠰᠢᠩᠬᠡᠨ ᠂ 1742 ᠬᠠᠮᠠᠭᠠᠯᠠᠯᠳᠠ᠎ᠶᠢᠨ ᠨᠢᠳᠤᠨ ᠰᠢᠯ ᠬᠠᠨᠳᠢᠪᠯᠠᠬᠰᠠᠨ ᠪᠠ ᠪᠤᠰᠤᠳ ᠬᠠᠮᠠᠭᠠᠯᠠᠯᠳᠠ᠎ᠶᠢᠨ ᠬᠡᠷᠡᠭᠰᠡᠯ ᠂ ᠰᠦ᠎ᠶᠢᠨ ᠦᠢᠯᠡᠳᠬᠦᠨ ᠂ ᠢᠳᠡᠬᠡᠨ᠎ᠤ ᠵᠦᠢᠯᠡᠰ ᠂ ᠢᠳᠡᠬᠡᠨ᠎ᠤ ᠲᠤᠰᠤ ᠂ ᠬᠤᠨᠢᠨ ᠮᠢᠬ᠎ᠠ ᠂ ᠨᠡᠬᠦᠷᠡᠰᠦ ᠵᠢᠴᠢ ᠡᠯ᠎ᠡ ᠲᠦᠷᠦᠯ᠎ᠤᠨ ᠠᠮᠢᠳᠦᠷᠠᠯ᠎ᠤᠨ ᠬᠡᠷᠡᠭᠰᠡᠯ ᠪᠠᠢᠵᠤ ᠂ ᠬᠠᠨᠳᠢᠪᠯᠠᠬᠰᠠᠨ ᠡᠳ᠋ ᠪᠤᠳᠠᠰ ᠪᠠᠷᠤᠭ 10 ᠳ᠋ᠦᠩᠰᠢᠭᠤᠷ ᠲᠦᠬᠦᠷᠢᠭ᠎ᠲᠤ ᠬᠦᠷᠴᠠᠢ ᠃
᠁
ᠪᠦᠬᠦ ᠤᠷᠤᠨ᠎ᠤ ᠠᠷᠠᠳ ᠲᠦᠮᠡᠨ᠎ᠤ ᠰᠡᠳᠬᠢᠯ ᠨᠢᠬᠡᠳᠦᠨ ᠬᠠᠮᠳᠤ᠎ᠪᠠᠷ ᠲᠡᠮᠡᠴᠡᠭᠰᠡᠨ᠎ᠤ ᠠᠴᠢ᠎ᠪᠠᠷ ᠂ ᠡᠯ᠎ᠡ ᠠᠢᠮᠠᠭ ᠬᠤᠳᠠ᠎ᠶᠢᠨ ᠬᠤᠳᠠᠯᠳᠤᠨ ᠠᠪᠬᠤ᠎ᠪᠠᠷ ᠵᠠᠬᠢᠶᠠᠯᠠᠬᠰᠠᠨ ᠬᠠᠮᠠᠭᠠᠯᠠᠯᠳᠠ᠎ᠶᠢᠨ ᠡᠳ᠋ ᠪᠤᠳᠠᠰ ᠬᠤᠢᠨ᠎ᠠ ᠬᠤᠢᠨ᠎ᠠ᠎ᠡᠴᠠ᠎ᠪᠠᠨ ᠢᠷᠡᠭᠰᠡᠨ ᠪᠠ ᠤᠯᠤᠰ᠎ᠡᠴᠠ ᠲᠤᠬᠢᠷᠠᠭᠤᠯᠤᠬᠰᠠᠨ ᠡᠳ᠋ ᠪᠤᠳᠠᠰ ᠪᠠ ᠪᠠᠳᠤᠯᠠᠭ᠎ᠠ᠎ᠶᠢᠨ ᠲᠦᠬᠦᠬᠡᠢ ᠮᠠᠲ᠋ᠧᠷᠢᠶᠠᠯ ᠴᠤ ᠬᠦᠷᠴᠤ ᠢᠷᠡᠭᠰᠡᠨ᠎ᠢᠶᠠᠷ ᠮᠠᠨ᠎ᠤ ᠤᠷᠤᠨ᠎ᠤ ᠬᠢᠵᠢᠭ᠎ᠢ ᠰᠡᠷᠬᠡᠢᠯᠡᠨ ᠡᠵᠡᠮᠳᠡᠬᠦ ᠡᠳ᠋ ᠪᠤᠳᠠᠰ᠎ᠤᠨ ᠬᠠᠩᠭᠠᠯᠭ᠎ᠠ᠎ᠶᠢᠨ ᠪᠡᠴᠢᠮ ᠪᠠᠢᠳᠠᠯ ᠨᠠᠮᠳᠠᠵᠤ ᠂ ᠪᠠᠳᠤᠯᠠᠭ᠎ᠠ᠎ᠲᠠᠢ ᠪᠤᠯᠤᠬᠰᠠᠨ ᠪᠠᠶᠢᠨ᠎ᠠ ᠃
ᠠᠵᠢᠯ ᠦᠢᠯᠡᠳᠪᠦᠷᠢᠯᠡᠯ᠎ᠢᠶᠡᠨ ᠰᠡᠷᠬᠦᠬᠡᠵᠤ ᠤᠨᠢᠨ ᠲᠡᠭᠡᠷ᠎ᠡ᠎ᠨᠢ ᠪᠠᠳᠤᠯᠠᠪᠠ
ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠯ ᠠᠯᠢᠪᠠ᠎ᠡᠴᠠ ᠴᠢᠬᠤᠯᠠ ᠃ ᠬᠡᠬᠦ᠎ᠳ᠋ᠡᠭᠡᠨ ᠂ ᠡᠳ᠋ ᠪᠤᠳᠠᠰ᠎ᠤᠨ ᠪᠠᠳᠤᠯᠠᠭ᠎ᠠ ᠪᠠᠢᠬᠤ ᠦᠬᠡᠢ ᠪᠤᠯ ᠬᠢᠵᠢᠭ᠎ᠢ ᠰᠡᠷᠬᠡᠢᠯᠡᠨ ᠡᠵᠡᠮᠳᠡᠬᠦ ᠲᠠᠢᠨ᠎ᠤ ᠠᠷᠤ ᠲᠠᠯ᠎ᠠ᠎ᠶᠢᠨ ᠲᠦᠰᠢᠯᠬᠡ᠎ᠪᠠᠨ ᠠᠯᠳᠠᠨ᠎ᠠ ᠃ ᠡᠮᠴᠢᠯᠡᠬᠡ᠎ᠳ᠋ᠤ ᠬᠡᠷᠡᠭᠯᠡᠬᠦ ᠡᠳ᠋ ᠪᠤᠳᠠᠰ ᠦᠢᠯᠡᠳᠪᠦᠷᠢᠯᠡᠬᠦ ᠠᠵᠤ ᠠᠬᠤᠢᠯᠠᠯ᠎ᠤᠨ ᠠᠵᠢᠯ᠎ᠢᠶᠡᠨ ᠰᠡᠷᠬᠦᠭᠡᠵᠤ ᠦᠢᠯᠡᠳᠪᠦᠷᠢᠯᠡᠯ᠎ᠢᠶᠡᠨ ᠰᠡᠷᠬᠦᠬᠡᠬᠦ ᠂ ᠦᠢᠯᠡᠳᠪᠦᠷᠢᠯᠡᠯ᠎ᠤᠨ ᠴᠢᠳᠠᠪᠦᠷᠢ᠎ᠪᠠᠨ ᠦᠷᠬᠡᠳᠬᠡᠵᠤ ᠂ ᠬᠢᠵᠢᠭ᠎ᠢ ᠰᠡᠷᠬᠡᠢᠯᠡᠨ ᠡᠵᠡᠮᠳᠡᠬᠦ ᠡᠳ᠋ ᠪᠤᠳᠠᠰ᠎ᠤᠨ ᠬᠠᠩᠭᠠᠯᠭ᠎ᠠ᠎ᠶᠢ ᠨᠡᠮᠡᠭᠳᠡᠬᠦᠯᠬᠦ᠎ᠶᠢ ᠠᠬᠢᠭᠤᠯᠬᠤ᠎ᠶᠢᠨ ᠲᠦᠯᠦᠬᠡ ᠥᠪᠡᠷᠲᠡᠭᠡᠨ ᠵᠠᠰᠠᠬᠤ ᠣᠷᠣᠨ᠎ᠡᠴᠠ ᠬᠠᠮᠠᠭᠠᠯᠠᠯᠲᠠ᠎ᠶᠢᠨ ᠬᠡᠷᠡᠭᠰᠡᠯ ᠂ ᠠᠷᠢᠭᠤᠳᠬᠠᠬᠤ ᠡᠳ᠋ ᠬᠡᠷᠡᠭᠰᠡᠯ ᠂ ᠬᠢᠵᠢᠭ᠎ᠢ ᠰᠡᠷᠭᠡᠶᠢᠯᠡᠬᠦ ᠡᠮ᠎ᠤᠨ ᠵᠦᠢᠯᠡᠰ ᠦᠢᠯᠡᠳᠪᠦᠷᠢᠯᠡᠬᠦ ᠠᠵᠤ ᠠᠬᠤᠶᠢᠯᠠᠯ᠎ᠢ ᠢᠳᠡᠪᠬᠢᠲᠡᠶ᠎ᠪᠠᠷ ᠵᠣᠬᠢᠶᠠᠨ ᠪᠠᠶᠢᠭᠤᠯᠵᠤ ᠂ ᠨᠥᠬᠦᠴᠡᠯ᠎ᠲᠠᠢ ᠠᠵᠤ ᠠᠬᠤᠶᠢᠯᠠᠯ᠎ᠤᠨ ᠦᠢᠯᠡᠳᠪᠦᠷᠢᠯᠡᠯ᠎ᠢ ᠰᠡᠷᠬᠦᠬᠡᠵᠤ ᠂ ᠡᠮᠴᠢᠯᠡᠭᠡᠨ᠎ᠳ᠋ᠤ ᠬᠡᠷᠡᠭᠯᠡᠬᠦ ᠬᠠᠮᠠᠭᠠᠯᠠᠯᠲᠠ᠎ᠶᠢᠨ ᠬᠡᠷᠡᠭᠰᠡᠯ᠎ᠤᠨ ᠦᠢᠯᠡᠳᠪᠦᠷᠢᠯᠡᠯ᠎ᠤᠨ ᠬᠡᠪᠴᠢᠶ᠎ᠡ᠎ᠶᠢ ᠤᠯᠠᠮ ᠨᠢᠭᠡ ᠠᠯᠬᠤᠮ ᠥᠷᠭᠡᠳᠬᠡᠬᠦ᠎ᠶᠢᠨ ᠲᠠᠭᠠᠦ ᠂ ᠤᠯᠤᠰ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠡᠴᠠ ᠡᠳ᠋ ᠪᠣᠳᠠᠰ᠎ᠢ ᠲᠤᠬᠢᠷᠠᠭᠤᠯᠬᠤ ᠂ ᠲᠦᠭᠦᠬᠡᠶ ᠮᠠᠲ᠋ᠧᠷᠢᠶᠠᠯ᠎ᠢ ᠪᠠᠲᠤᠯᠠᠬᠤ ᠵᠡᠷᠭᠡ ᠲᠠᠯ᠎ᠠ᠎ᠶᠢᠨ ᠳᠡᠮᠵᠢᠯᠭᠡ᠎ᠶᠢ ᠲᠠᠮᠠᠴᠡᠨ ᠤᠯᠤᠬᠰᠠᠨ ᠪᠠᠢᠨ᠎ᠠ ᠃
ᠪᠤᠳᠠᠳᠠᠢ ᠠᠵᠢᠯ᠎ᠢ ᠦᠷᠨᠢᠬᠦᠯᠬᠦ᠎ᠳ᠋ᠡᠭᠡᠨ ᠂ ᠦᠪᠡᠷᠳᠠᠭᠡᠨ ᠵᠠᠰᠬᠠᠤ ᠤᠷᠤᠨ᠎ᠤ ᠠᠵᠤ ᠦᠢᠯᠡᠳᠪᠦᠷᠢ ᠪᠠ ᠮᠡᠳᠡᠬᠡ ᠵᠠᠩᠬᠢᠵᠢᠯᠳᠠ᠎ᠶᠢᠨ ᠲᠢᠩᠬᠢᠮ᠎ᠤᠨ ᠲᠡᠳ᠋ ᠲᠠᠷᠤᠭ᠎ᠠ᠎ᠪᠠᠷ ᠪᠠᠭ᠎ᠤᠨ ᠲᠠᠷᠤᠭ᠎ᠠ ᠪᠤᠯᠭᠠᠬᠰᠠᠨ ᠠᠵᠢᠯ᠎ᠤᠨ ᠲᠤᠰᠬᠠᠢ ᠪᠠᠭ᠎ᠢ ᠪᠦᠷᠢᠯᠳᠦᠬᠦᠯᠵᠤ ᠂ ᠠᠵᠤ ᠠᠬᠤᠢᠯᠠᠯ᠎ᠢ ᠬᠠᠪᠰᠤᠷᠤᠨ ᠲᠦᠬᠦᠬᠡᠢ ᠮᠠᠲ᠋ᠧᠷᠢᠶᠠᠯ᠎ᠤᠨ ᠬᠠᠩᠭᠠᠯᠭ᠎ᠠ ᠂ ᠬᠦᠳᠡᠯᠮᠦᠷᠢ ᠬᠦᠴᠦᠨ᠎ᠤ ᠬᠠᠩᠭᠠᠯᠭ᠎ᠠ ᠵᠡᠷᠬᠡ ᠠᠰᠠᠭᠤᠳᠠᠯ᠎ᠢ᠎ᠨᠢ ᠰᠢᠢᠳᠪᠦᠷᠢᠯᠡᠨ ᠦᠭᠬᠦᠭᠰᠡᠨ ᠪᠦᠬᠡᠳ ᠪᠡᠯᠡ ᠮᠦᠩᠬᠦ᠎ᠶᠢᠨ ᠲᠡᠮᠵᠢᠯᠬᠡ ᠦᠵᠡᠬᠦᠯᠦᠭᠰᠡᠨ ᠪᠠᠢᠨ᠎ᠠ ᠃ ᠦᠢᠯᠡᠳᠪᠦᠷᠢᠯᠡᠬᠦ ᠨᠦᠬᠦᠴᠡᠯ᠎ᠢ ᠪᠦᠷᠢᠯᠳᠦᠬᠦᠯᠦᠭᠰᠡᠨ ᠂ ᠬᠢᠷᠢ ᠬᠡᠮ᠎ᠤᠨ ᠱᠠᠭᠠᠷᠳᠠᠯᠭ᠎ᠠ᠎ᠳ᠋ᠤ ᠨᠠᠢᠴᠡᠭᠰᠡᠨ ᠠᠵᠤ ᠠᠬᠤᠢᠯᠠᠯ᠎ᠳ᠋ᠤ ᠂ ᠬᠠᠮᠢᠶ᠎ᠠ ᠪᠦᠬᠦᠢ ᠰᠠᠯᠠᠭ᠎ᠠ ᠮᠦᠴᠢᠷ᠎ᠯᠦᠭᠡ ᠵᠤᠬᠢᠴᠠᠭᠤᠯᠵᠤ ᠰᠠᠭᠠᠳ ᠦᠬᠡᠢ ᠨᠡᠪᠳᠡᠷᠡᠬᠦ ᠵᠠᠮ᠎ᠢ ᠨᠡᠬᠡᠬᠡᠵᠤ ᠂ ᠵᠠᠰᠠᠭ ᠵᠡᠬᠢᠷᠭᠠᠨ᠎ᠤ ᠭᠢᠨᠠᠨ ᠵᠦᠪᠰᠢᠶᠡᠷᠡᠬᠦ ᠴᠠᠭ᠎ᠢ ᠪᠤᠭᠤᠨᠢᠰᠬᠠᠬᠰᠠᠨ ᠪᠠᠢᠨ᠎ᠠ ᠃ ᠡᠬᠦᠨ᠎ᠤ ᠬᠠᠮᠳᠤ ᠂ ᠦᠪᠡᠷᠳᠡᠬᠡᠨ ᠵᠠᠰᠬᠠᠤ ᠤᠷᠤᠨ ᠠᠷᠪᠠᠨ ᠵᠤᠷᠪᠤᠰ ᠲᠦᠷᠦ᠎ᠶᠢᠨ ᠪᠤᠳᠤᠯᠭ᠎ᠠ ᠠᠷᠭ᠎ᠠ ᠠᠪᠴᠠᠯ᠎ᠢ ᠨᠠᠢᠳᠠᠯᠠᠵᠤ ᠂ ᠵᠢᠬᠡᠯᠡᠯᠬᠡ᠎ᠶᠢᠨ ᠲᠡᠮᠵᠢᠯᠬᠡ ᠦᠵᠡᠬᠦᠯᠬᠦ ᠂ ᠠᠵᠢᠯᠴᠢᠨ ᠬᠡᠷᠡᠭᠯᠡᠬᠦ ᠡᠳ᠋ ᠪᠠᠷᠠᠭᠠᠨ᠎ᠤ ᠬᠦᠢᠯᠬᠡᠬᠡᠨ᠎ᠤ ᠦᠪᠡᠷ᠎ᠤᠨ ᠦᠷᠳᠡᠭ᠎ᠢ ᠪᠠᠭᠤᠷᠠᠭᠤᠯᠬᠤ᠎ᠡᠴᠠ ᠠᠪᠤᠭᠠᠳ ᠮᠡᠷᠬᠡᠵᠢᠯ᠎ᠤᠨ ᠦᠬᠡᠷᠡᠴᠢᠯᠠᠯᠳᠠ ᠬᠢᠬᠦ ᠨᠦᠬᠦᠪᠦᠷᠢ ᠦᠭᠬᠦ ᠂ ᠨᠢᠬᠡᠯᠡ ᠤᠳᠠᠭ᠎ᠠ᠎ᠳ᠋ᠤ ᠱᠠᠩᠨᠠᠨ ᠵᠤᠷᠢᠬᠵᠢᠭᠤᠯᠬᠤ ᠵᠡᠷᠬᠡ ᠤᠯᠠᠨ ᠲᠠᠯ᠎ᠠ᠎ᠪᠠᠷ ᠰᠡᠷᠬᠡᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠤ ᠠᠬᠤᠢᠯᠠᠯ᠎ᠢ ᠲᠡᠮᠵᠢᠬᠦ ᠡᠷᠴᠢᠮ᠎ᠢᠶᠡᠨ ᠴᠢᠩᠭᠠᠷᠠᠭᠤᠯᠤᠬᠰᠠᠨ ᠪᠠᠢᠨ᠎ᠠ ᠃
ᠮᠠᠨ᠎ᠤ ᠤᠷᠤᠨ᠎ᠤ ᠬᠢᠵᠢᠭ᠎ᠢ ᠰᠡᠷᠬᠡᠢᠯᠡᠨ ᠡᠵᠡᠮᠳᠡᠬᠦ ᠡᠳ᠋ ᠪᠤᠳᠠᠰ᠎ᠤᠨ ᠦᠢᠯᠡᠳᠪᠦᠷᠢᠯᠡᠯ᠎ᠤᠨ ᠪᠠᠢᠳᠠᠯ᠎ᠢᠶᠠᠷ ᠠᠪᠴᠤ ᠬᠡᠯᠡᠪᠡᠯ ᠂ ᠡᠠᠩᠬ᠎ᠠ ᠡᠬᠢᠨ᠎ᠳ᠋ᠡᠭᠡᠨ ᠡᠮᠴᠢᠯᠡᠬᠡ᠎ᠳ᠋ᠤ ᠬᠡᠷᠡᠭᠯᠡᠬᠦ ᠬᠠᠮᠠᠭᠠᠯᠠᠯᠳᠠ᠎ᠶᠢᠨ ᠬᠤᠪᠴᠠᠰᠤ ᠬᠢᠬᠦ ᠠᠵᠤ ᠠᠬᠤᠢᠯᠠᠯ ᠵᠦᠪᠬᠡᠨ ᠨᠢᠬᠡ ᠪᠠᠢᠬᠰᠠᠨ᠎ᠡᠴᠠ᠎ᠪᠠᠨ ᠠᠮᠠᠪᠴᠢ ᠂ ᠰᠫᠢᠷᠲ ᠪᠠ 84 ᠠᠷᠢᠭᠤᠳᠬᠠᠬᠤ ᠰᠢᠩᠬᠡᠨ ᠦᠢᠯᠡᠳᠪᠦᠷᠢᠯᠡᠬᠦ ᠠᠵᠤ ᠠᠬᠤᠢᠯᠠᠯ 30 ᠪᠤᠯᠵᠤ ᠨᠡᠮᠡᠭᠳᠡᠬᠡᠳ ᠂ ᠵᠠᠷᠢᠮ ᠨᠢᠬᠡ ᠪᠦᠯᠦᠭ ᠬᠦᠨᠳᠤ ᠦᠢᠯᠡᠳᠪᠦᠷᠢ᠎ᠶᠢᠨ ᠠᠵᠤ ᠠᠬᠤᠢᠯᠠᠯ ᠴᠤ ᠠᠵᠢᠯ ᠲᠦᠷᠦᠯ ᠠᠯᠤᠰᠯᠠᠨ ᠦᠢᠯᠡᠳᠪᠦᠷᠢᠯᠡᠵᠤ ᠂ ᠰᠠᠨᠠᠭᠠᠴᠢᠯᠠᠭ᠎ᠠ᠎ᠡᠴᠠ᠎ᠪᠠᠨ ᠬᠢᠵᠢᠭ᠎ᠢ ᠰᠡᠷᠬᠡᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠶᠡᠬᠡ ᠴᠡᠷᠢᠭ᠎ᠤᠨ ᠡᠩᠨᠡᠬᠡᠨ᠎ᠳ᠋ᠤ ᠤᠷᠤᠵᠤ ᠂ ᠡᠮᠴᠢᠯᠡᠬᠡ᠎ᠳ᠋ᠤ ᠬᠡᠷᠡᠭᠯᠡᠬᠦ ᠡᠳ᠋ ᠪᠤᠳᠠᠰ᠎ᠤᠨ ᠪᠠᠳᠤᠯᠠᠭ᠎ᠠ᠎ᠶᠢᠨ ᠴᠢᠳᠡᠪᠤᠷᠢ᠎ᠶᠢ ᠤᠯᠠᠮ᠎ᠢᠶᠠᠷ ᠴᠢᠩᠭᠠᠷᠠᠭᠤᠯᠤᠬᠰᠠᠨ ᠪᠠᠢᠨ᠎ᠠ ᠃ ᠣᠳᠣᠬᠠᠨ᠎ᠳ᠋ᠤ ᠂ ᠪᠥᠬᠥ ᠣᠷᠣᠨ᠎ᠤ ᠡᠮᠴᠢᠯᠡᠬᠡᠨ᠎ᠳ᠋ᠤ ᠬᠡᠷᠡᠭᠯᠡᠬᠦ ᠠᠮᠠᠪᠴᠢ ᠦᠢᠯᠡᠳᠪᠦᠷᠢᠯᠡᠬᠦ ᠠᠵᠤ ᠠᠬᠤᠢᠯᠠᠯ 13 ᠪᠤᠯᠵᠤ ᠂ ᠡᠳᠦᠷ᠎ᠲᠤ 100 ᠲᠦᠮᠡ ᠤᠷᠴᠢᠮ᠎ᠤᠨ ᠠᠮᠠᠪᠴᠢ ᠦᠢᠯᠡᠳᠪᠦᠷᠢᠯᠡᠬᠦ ᠴᠢᠳᠡᠪᠦᠷᠢ᠎ᠲᠠᠢ ᠪᠤᠯᠵᠤ ᠂ ᠵᠢᠱᠢᠯᠳᠡ᠎ᠪᠠᠷ ᠂ 4 ᠰᠠᠷ᠎ᠠ᠎ᠶᠢᠨ ᠲᠤᠮᠳᠠᠴᠢ ᠪᠤᠯᠬᠤ᠎ᠳ᠋ᠤ 18 ᠠᠵᠤ ᠠᠬᠤᠢᠯᠠᠯ ᠪᠤᠯᠵᠤ ᠨᠡᠮᠡᠭᠳᠡᠨ ᠂ ᠡᠳᠦᠷ᠎ᠲᠤ 200 ᠲᠦᠮᠡᠨ ᠡᠮᠴᠢᠯᠡᠭᠡᠨ᠎ᠤ ᠠᠮᠠᠪᠴᠢ ᠦᠢᠯᠡᠳᠪᠦᠷᠢᠯᠡᠬᠦ ᠴᠢᠳᠠᠪᠤᠷᠢ᠎ᠲᠠᠢ ᠪᠣᠯᠤᠨ᠎ᠠ ᠃ ᠪᠥᠬᠥ ᠣᠷᠣᠨ᠎ᠤ ᠰᠫᠢᠷᠲ ᠪᠠ 84 ᠠᠷᠢᠭᠤᠳᠬᠠᠬᠤ ᠰᠢᠩᠬᠡᠨ ᠦᠢᠯᠡᠳᠪᠦᠷᠢᠯᠡᠬᠦ ᠠᠵᠤ ᠠᠬᠤᠢᠯᠠᠯ ᠨᠢᠬᠡᠨᠳᠡ 40 ᠪᠤᠯᠵᠤ ᠂ ᠪᠦᠬᠦ ᠤᠷᠤᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠡᠳ᠋ ᠪᠤᠳᠠᠰ᠎ᠤᠨ ᠬᠡᠷᠡᠭᠴᠡᠭᠡ᠎ᠶᠢ ᠪᠠᠲᠤᠯᠠᠵᠤ ᠪᠠᠢᠨ᠎ᠠ ᠃
ᠤᠨᠴᠠᠭᠠᠢᠯᠠᠨ ᠵᠠᠬ᠎ᠠ ᠳᠡᠯᠭᠡᠭᠦᠷ᠎ᠲᠠᠬᠢ ᠠᠷᠠᠳ᠎ᠤᠨ ᠬᠡᠷᠡᠭᠯᠡᠭᠡᠨ᠎ᠤ ᠠᠮᠠᠪᠴᠢ ᠵᠡᠷᠭᠡ ᠰᠡᠷᠭᠡᠶᠢᠯᠡᠨ ᠡᠵᠡᠮᠳᠡᠬᠦ ᠡᠳ᠋ ᠪᠣᠳᠠᠰ᠎ᠤᠨ ᠬᠠᠩᠭᠠᠯᠭ᠎ᠠ᠎ᠶᠢ ᠪᠥᠬᠦ ᠬᠦᠴᠦᠨ᠎ᠢᠶᠠᠷ᠎ᠢᠶᠡᠨ ᠪᠠᠲᠤᠯᠠᠵᠤ ᠂ ᠠᠵᠢᠯ᠎ᠢᠶᠡᠨ ᠰᠡᠷᠬᠦᠬᠡᠵᠤ ᠦᠢᠯᠡᠳᠪᠦᠷᠢᠯᠡᠯ᠎ᠢᠶᠡᠨ ᠰᠡᠷᠬᠦᠬᠡᠬᠦ ᠠᠵᠤ ᠠᠬᠤᠶᠢᠯᠠᠯ᠎ᠤᠨ ᠬᠡᠷᠡᠭᠯᠡᠬᠦ ᠠᠮᠠᠪᠴᠢ ᠂ ᠪᠡᠶ᠎ᠠ᠎ᠶᠢᠨ ᠬᠠᠯᠠᠭᠤᠨ᠎ᠤ ᠬᠡᠮᠵᠢᠬᠦᠷ ᠂ ᠠᠷᠢᠭᠤᠳᠬᠠᠬᠤ ᠬᠡᠷᠡᠭᠰᠡᠯ ᠵᠡᠷᠭᠡ ᠰᠡᠷᠭᠡᠶᠢᠯᠡᠨ ᠡᠵᠡᠮᠳᠡᠬᠦ ᠡᠳ᠋ ᠪᠣᠳᠠᠰ᠎ᠤᠨ ᠬᠡᠷᠡᠭᠴᠡᠭᠡ᠎ᠶᠢ ᠪᠦᠬᠦ ᠬᠦᠴᠦᠨ᠎ᠢᠶᠠᠷ᠎ᠢᠶᠡᠨ ᠪᠠᠳᠤᠯᠠᠵᠤ ᠪᠠᠢᠨ᠎ᠠ ᠃ ᠪᠠᠰᠠ ᠨᠢᠬᠡ ᠪᠦᠯᠦᠭ ᠰᠣᠷᠣᠭᠴᠢᠳ᠎ᠤᠨ ᠰᠤᠷᠭᠠᠭᠤᠯᠢ᠎ᠳᠠᠭᠠᠨ ᠪᠤᠴᠠᠬᠰᠠᠨ ᠪᠠᠢᠳᠠᠯ᠎ᠳ᠋ᠤ ᠴᠢᠭᠯᠡᠬᠦᠯᠦᠨ ᠂ ᠠᠮᠠᠪᠴᠢ ᠂ ᠪᠡᠶ᠎ᠠ᠎ᠶᠢᠨ ᠬᠠᠯᠠᠭᠤᠨ᠎ᠤ ᠬᠡᠮᠵᠢᠬᠦᠷ ᠂ ᠰᠫᠢᠷᠲ ᠂ ᠠᠷᠢᠭᠤᠳᠬᠠᠬᠤ ᠰᠢᠩᠭᠡᠨ ᠵᠡᠷᠭᠡ ᠰᠡᠷᠭᠡᠶᠢᠯᠡᠨ ᠬᠠᠮᠠᠭᠠᠯᠠᠬᠤ ᠡᠳ᠋ ᠪᠣᠳᠠᠰ᠎ᠤᠨ ᠬᠡᠷᠡᠭᠴᠡᠭᠡ ᠱᠠᠭᠠᠷᠳᠠᠯᠭ᠎ᠠ᠎ᠶᠢ ᠨᠢᠭᠲᠠ ᠮᠥᠷᠳᠡᠵᠦ ᠂ ᠬᠥᠳᠡᠯᠦᠩᠭᠦᠶ᠎ᠪᠠᠷ ᠡᠵᠡᠮᠰᠢᠵᠦ ᠂ ᠰᠤᠷᠭᠠᠭᠤᠯᠢ ᠂ ᠰᠤᠷᠤᠭᠴᠢᠳ᠎ᠤᠨ ᠪᠠᠴᠢᠮ ᠬᠡᠷᠡᠭᠰᠡᠬᠦ ᠡᠳ᠋ ᠪᠣᠳᠠᠰ᠎ᠲᠤ ᠴᠢᠭᠯᠡᠭᠦᠯᠦᠨ ᠂ ᠴᠠᠭ᠎ᠲᠤᠨᠢ ᠲᠤᠬᠢᠷᠠᠭᠤᠯᠤᠨ ᠵᠣᠬᠢᠬᠤ ᠬᠡᠮᠵᠢᠶ᠎ᠡ᠎ᠪᠠᠷ ᠬᠤᠳᠠᠯᠳᠤᠨ ᠠᠪᠴᠤ ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠥᠮᠥᠷᠭᠡᠯᠡᠨ ᠬᠠᠳᠠᠭᠠᠯᠠᠵᠤ ᠪᠠᠢᠭᠰᠠᠨ ᠰᠡᠷᠬᠡᠢᠯᠡᠨ ᠬᠠᠮᠠᠭᠠᠯᠠᠬᠤ ᠡᠳ᠋ ᠪᠤᠳᠠᠰ᠎ᠢ ᠰᠢᠯᠵᠢᠭᠦᠯᠦᠨ ᠥᠭᠴᠦ ᠂ ᠪᠠᠴᠢᠮ ᠬᠡᠷᠡᠭᠴᠡᠬᠡ᠎ᠶᠢ ᠪᠦᠬᠦ ᠬᠦᠴᠦᠨ᠎ᠢᠶᠠᠷ ᠪᠠᠳᠤᠯᠠᠬᠰᠠᠨ ᠪᠠᠢᠨ᠎ᠠ ᠃



ᠠᠵᠢᠯᠯᠠᠬᠣ ᠴᠠᠭ᠎ᠢᠶᠡᠨ ᠣᠷᠲᠣᠳᠬᠠᠵᠤ ᠠᠮᠠᠪᠴᠢ ᠦᠢᠯᠡᠳᠪᠦᠷᠢᠯᠡᠨ᠎ᠡ


ᠵᠦᠢ ᠵᠤᠬᠢᠰᠳᠠᠢ ᠬᠤᠪᠢᠶᠠᠷᠢᠯᠠᠵᠤ ᠪᠦᠬᠦ ᠲᠠᠯ᠎ᠠ᠎ᠶᠢ ᠪᠠᠳᠤᠯᠠᠪᠠ
ᠬᠢᠵᠢᠭ ᠡᠬᠦᠰᠦᠭᠰᠡᠨ ᠲᠠᠷᠤᠢᠬᠠᠨ ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠡᠴᠠ ᠰᠡᠷᠭᠡᠶᠢᠯᠡᠨ ᠵᠠᠰᠠᠬᠤ ᠬᠦᠴᠦᠨ᠎ᠤ ᠣᠷᠣᠨ ᠪᠦᠰᠡ᠎ᠶᠢᠨ ᠨᠢᠭᠡᠳᠦᠯᠲᠡᠶ ᠲᠥᠯᠥᠪᠵᠢᠬᠦᠯᠬᠦ᠎ᠶᠢ ᠴᠢᠩᠭ᠎ᠠ ᠰᠠᠶᠢᠲᠤᠷ ᠠᠳᠬᠤᠵᠤ ᠂ ᠠᠪᠤᠷᠠᠨ ᠵᠠᠰᠠᠬᠤ ᠡᠬᠢ ᠪᠠᠶᠠᠯᠢᠭ ᠪᠠ ᠰᠡᠷᠭᠡᠶᠢᠯᠡᠨ ᠬᠠᠮᠠᠭᠠᠯᠠᠬᠤ ᠡᠬᠢ ᠪᠠᠶᠠᠯᠢᠭ᠎ᠢ ᠬᠢᠵᠢᠭ᠎ᠲᠠᠢ ᠲᠡᠮᠡᠴᠡᠬᠦ ᠡᠮᠦᠨ᠎ᠡ ᠹᠷᠣᠨᠲ᠎ᠲᠤ ᠲᠥᠪᠯᠡᠷᠡᠭᠦᠯᠵᠤ ᠂ ︽ ᠪᠠᠴᠢᠮ ᠪᠠᠶᠢᠳᠠᠯ᠎ᠢ ᠠᠷᠭᠠᠴᠠᠭᠠᠬᠤ᠎ᠶᠢ ᠪᠠᠳᠤᠯᠠᠬᠤ ᠂ ᠭᠤᠤᠯᠳᠠᠯᠭ᠎ᠠ᠎ᠶᠢ ᠪᠠᠲᠤᠯᠠᠬᠤ ᠂ ᠪᠠᠭᠤᠷᠠᠶ ᠲᠠᠯ᠎ᠠ᠎ᠶᠢ ᠪᠠᠲᠤᠯᠠᠬᠤ ︾ ᠬᠤᠪᠢᠶᠠᠷᠢᠯᠠᠬᠤ ᠵᠠᠷᠴᠢᠮ ᠶᠣᠰᠣᠭᠠᠷ ᠂ ︽ ᠪᠠᠴᠢᠮ ᠪᠠᠶᠢᠳᠠᠯ᠎ᠢ ᠠᠷᠭᠠᠴᠠᠭᠠᠬᠤ ᠡᠳ᠋ ᠪᠣᠳᠠᠰ᠎ᠢ ᠬᠤᠪᠢᠶᠠᠷᠢᠯᠠᠬᠤ ᠲᠥᠰᠦᠯ ︾᠎ᠢ ᠲᠣᠭᠲᠠᠭᠠᠵᠤ ᠂ ᠠᠷᠭ᠎ᠠ ᠪᠦᠬᠦᠨ᠎ᠢ ᠰᠦᠪᠡᠭᠴᠢᠯᠡᠨ ᠰᠡᠷᠬᠡᠢᠯᠡᠨ ᠡᠵᠡᠮᠳᠡᠬᠦ ᠡᠳ᠋ ᠪᠤᠳᠠᠰ᠎ᠢ ᠰᠢᠨᠵᠢᠯᠡᠬᠦ ᠤᠬᠠᠭᠠᠨᠴᠢ᠎ᠪᠠᠷ ᠵᠦᠢ ᠵᠤᠬᠢᠰᠳᠠᠢ ᠬᠤᠪᠢᠶᠠᠷᠢᠯᠠᠬᠤ᠎ᠶᠢ ᠪᠠᠳᠤᠯᠠᠪᠠ ᠃ ᠪᠠᠴᠢᠮ ᠲᠤᠳᠠᠬᠳᠠᠵᠤ ᠪᠠᠢᠭ᠎ᠠ ᠡᠮᠴᠢᠯᠡᠬᠡᠨ᠎ᠳ᠋ᠤ ᠬᠡᠷᠡᠭᠯᠡᠬᠦ ᠡᠳ᠋ ᠪᠤᠳᠠᠰ᠎ᠨᠢ ᠪᠦᠬᠦᠨ᠎ᠢ ᠦᠨᠳᠦᠰᠦᠨ᠎ᠳ᠋ᠡᠭᠡᠨ ᠡᠪᠡᠳᠴᠢᠳᠡᠨ᠎ᠢ ᠬᠦᠯᠢᠶᠡᠨ ᠠᠪᠴᠤ ᠡᠮᠨᠠᠨ ᠵᠠᠰᠠᠬᠤ ᠡᠮᠨᠡᠯᠬᠡ᠎ᠶᠢᠨ ᠬᠤᠷᠢᠶ᠎ᠠ ᠪᠤᠯᠤᠨ ᠲᠤᠰᠠᠭᠠᠷᠯᠠᠨ ᠠᠵᠢᠬᠯᠠᠬᠤ ᠡᠮᠨᠡᠯᠬᠡ᠎ᠶᠢᠨ ᠬᠤᠷᠢᠶ᠎ᠠ ᠵᠡᠷᠬᠡ ᠡᠮ ᠡᠮᠨᠡᠯᠬᠡ᠎ᠶᠢᠨ ᠪᠠᠢᠭᠤᠯᠤᠮᠵᠢ᠎ᠶᠢᠨ ᠬᠡᠷᠡᠭᠴᠡᠬᠡ᠎ᠶᠢ ᠪᠠᠳᠤᠯᠠᠬᠤ᠎ᠳ᠋ᠤ ᠬᠡᠷᠡᠭᠯᠡᠭᠰᠡᠨ ᠪᠠᠢᠨ᠎ᠠ ᠃ ᠠᠷᠠᠳ᠎ᠤᠨ ᠬᠡᠷᠡᠭᠯᠡᠬᠡᠨ᠎ᠤ ᠰᠡᠷᠬᠡᠢᠯᠡᠨ ᠡᠵᠡᠮᠳᠡᠬᠦ ᠡᠳ᠋ ᠪᠤᠳᠠᠰ᠎ᠨᠢ ᠵᠠᠮ ᠬᠠᠷᠢᠯᠴᠠᠭᠠᠨ᠎ᠤ ᠪᠠᠢᠴᠠᠭᠠᠬᠤ ᠦᠷᠳᠡᠬᠡ ᠴᠡᠭ ᠂ ᠬᠢᠨᠠᠨ ᠡᠵᠡᠮᠳᠡᠬᠦ ᠤᠷᠤᠨ ᠪᠦᠰᠡ ᠂ ᠬᠦᠮᠦᠨ ᠬᠠᠷ᠎ᠠ ᠤᠯᠠᠨ ᠴᠤᠬᠯᠠᠷᠠᠳᠠᠭ ᠤᠯᠠᠨ ᠨᠠᠢᠳᠠ᠎ᠶᠢᠨ ᠲᠠᠯᠠᠪᠤᠷ᠎ᠤᠨ ᠬᠡᠷᠡᠭᠴᠡᠬᠡ᠎ᠶᠢ ᠭᠤᠤᠯᠳᠠᠯᠭ᠎ᠠ᠎ᠲᠠᠢ ᠪᠠᠳᠤᠯᠠᠵᠠᠢ ᠃
ᠠᠷᠠᠳ᠎ᠤᠨ ᠬᠡᠷᠡᠭᠯᠡᠬᠡᠨ᠎ᠤ ᠰᠡᠷᠬᠡᠢᠯᠡᠨ ᠡᠵᠡᠮᠳᠡᠬᠦ ᠡᠳ᠋ ᠪᠤᠳᠠᠰ᠎ᠤᠨ ᠠᠭᠠᠵᠢᠮ᠎ᠢᠶᠠᠷ ᠨᠡᠮᠡᠭᠳᠡᠬᠦ᠎ᠶᠢ ᠲᠠᠭᠠᠯᠳᠤᠨ ᠂ ᠵᠤᠬᠢᠬᠤ ᠬᠡᠮᠵᠢᠶᠠᠨ᠎ᠤ ᠪᠡᠴᠢᠮ ᠬᠡᠷᠡᠭᠴᠡᠬᠡ᠎ᠳ᠋ᠤ ᠬᠡᠷᠡᠭᠯᠡᠬᠦ᠎ᠶᠢ ᠦᠯᠡᠳᠡᠭᠡᠭᠰᠡᠨ᠎ᠡᠴᠠ ᠭᠠᠳᠠᠨ᠎ᠠ ᠂ ᠨᠢᠬᠡ ᠪᠦᠯᠦᠭ ᠡᠳ᠋ ᠪᠤᠳᠠᠰ᠎ᠢ ᠵᠤᠬᠢᠶᠠᠨ ᠪᠠᠢᠭᠤᠯᠤᠨ ᠵᠠᠬ᠎ᠠ ᠲᠡᠯᠬᠡᠬᠦᠷ᠎ᠲᠤ ᠭᠠᠷᠭᠠᠵᠤ ᠂ ᠵᠠᠬ᠎ᠠ ᠲᠡᠯᠬᠡᠬᠦᠷ᠎ᠤᠨ ᠬᠡᠷᠡᠭᠴᠡᠬᠡ᠎ᠶᠢ ᠴᠢᠷᠮᠠᠢᠨ ᠬᠠᠩᠭᠠᠬᠰᠠᠨ ᠪᠠᠢᠨ᠎ᠠ ᠃ ᠡᠬᠦᠨ᠎ᠤ ᠬᠠᠮᠳᠦ ᠂ ᠡᠳᠦᠷ ᠲᠤᠳᠤᠮ᠎ᠤᠨ ᠵᠤᠬᠢᠴᠠᠭᠤᠯᠤᠨ ᠲᠤᠬᠢᠷᠠᠭᠤᠯᠬᠤ ᠲᠤᠬᠳᠠᠴᠠ᠎ᠶᠢ ᠪᠠᠢᠭᠤᠯᠵᠤ ᠂ ᠠᠢᠮᠠᠭ ᠬᠤᠳᠠ᠎ᠶᠢᠨ ᠰᠡᠷᠬᠡᠢᠯᠡᠨ ᠡᠵᠡᠮᠳᠡᠬᠦ ᠡᠳ᠋ ᠪᠤᠳᠠᠰ᠎ᠤᠨ ᠪᠠᠢᠭ᠎ᠠ ᠪᠠᠢᠳᠠᠯ ᠂ ᠬᠡᠷᠡᠭᠴᠡᠬᠡ᠎ᠶᠢᠨ ᠪᠠᠢᠳᠠᠯ᠎ᠢ ᠪᠦᠬᠦ ᠲᠠᠯ᠎ᠠ᠎ᠪᠠᠷ ᠡᠵᠡᠮᠳᠡᠵᠤ ᠂ ᠠᠢᠮᠠᠭ ᠬᠤᠳᠠ᠎ᠶᠢᠨ᠎ᠬᠢᠨ᠎ᠢ ᠵᠢᠯᠤᠭᠤᠳᠴᠤ ᠰᠡᠷᠬᠡᠢᠯᠡᠨ ᠡᠵᠡᠮᠳᠡᠬᠦ ᠡᠳ᠋ ᠪᠤᠳᠠᠰ᠎ᠢ ᠰᠢᠨᠵᠢᠯᠡᠬᠦ ᠤᠬᠠᠭᠠᠨᠴᠢ ᠵᠦᠢ ᠵᠤᠬᠢᠰᠳᠠᠢ᠎ᠪᠠᠷ ᠬᠤᠪᠢᠶᠠᠷᠢᠯᠠᠵᠤ ᠂ ᠬᠢᠵᠢᠭ᠎ᠤᠨ ᠪᠠᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠰᠢᠨᠵᠢ ᠴᠢᠨᠠᠷ ᠪᠠ ᠲᠦᠭᠰᠢᠭᠦᠷᠢ᠎ᠶᠢᠨ ᠵᠡᠷᠭᠡ ᠳᠡᠰ᠎ᠢ ᠦᠨᠳᠦᠰᠦᠯᠡᠨ ᠂ ᠬᠤᠪᠧᠶ ᠮᠤᠵᠢ᠎ᠶᠢ ᠲᠤᠰᠠᠯᠠᠬᠤ ᠡᠮᠴᠢᠯᠡᠭᠡᠨ᠎ᠤ ᠠᠩᠭᠢ᠎ᠶᠢᠨ ᠬᠡᠷᠡᠭᠴᠡᠭᠡ᠎ᠶᠢ ᠡᠩ ᠲᠡᠷᠢᠭᠦᠨ᠎ᠳ᠋ᠤ ᠪᠠᠲᠤᠯᠠᠵᠤ ᠂ ᠡᠮᠦᠨ᠎ᠡ ᠹᠷᠣᠨᠲ᠎ᠤᠨ ᠡᠮᠴᠢ ᠰᠤᠪᠢᠯᠠᠭᠴᠢ᠎ᠶᠢᠨ ᠬᠡᠷᠡᠭᠴᠡᠭᠡ᠎ᠶᠢ ᠭᠤᠤᠯᠳᠠᠯᠭ᠎ᠠ᠎ᠲᠠᠢ ᠪᠠᠲᠤᠯᠠᠵᠤ ᠂ ᠨᠢᠭᠡᠳᠦᠭᠡᠷ ᠹᠷᠣᠨᠲ᠎ᠤᠨ ᠬᠢᠵᠢᠭ᠎ᠢ ᠰᠡᠷᠭᠡᠶᠢᠯᠡᠨ ᠡᠵᠡᠮᠳᠡᠬᠦ ᠠᠵᠢᠯᠲᠠᠨ᠎ᠤ ᠬᠡᠷᠡᠭᠴᠡᠭᠡ᠎ᠶᠢ ᠦᠨᠳᠦᠰᠦᠨ᠎ᠳ᠋ᠡᠭᠡᠨ ᠪᠠᠲᠤᠯᠠᠬᠰᠠᠨ ᠪᠠᠢᠨ᠎ᠠ ᠃
ᠡᠯ᠎ᠡ ᠠᠶᠢᠮᠠᠭ ᠬᠤᠲᠠ᠎ᠶᠢᠨ᠎ᠬᠢᠨ ᠴᠤ ᠢᠳᠡᠪᠬᠢᠲᠡᠶ ᠬᠥᠳᠡᠯᠦᠯᠴᠡᠵᠦ ᠂ ᠬᠢᠵᠢᠭ᠎ᠢ ᠰᠡᠷᠭᠡᠶᠢᠯᠡᠨ ᠡᠵᠡᠮᠳᠡᠬᠦ ᠡᠳ᠋ ᠪᠤᠳᠠᠰ᠎ᠢ ᠬᠤᠪᠢᠶᠠᠷᠢᠯᠠᠬᠤ ᠲᠥᠰᠦᠯ᠎ᠢ ᠦᠳᠲᠡᠷ ᠲᠦᠷᠭᠡᠨ ᠨᠠᠷᠢᠯᠢᠭᠵᠢᠭᠤᠯᠤᠬᠰᠠᠨ᠎ᠢᠶᠠᠷ ᠂ ᠬᠤᠪᠧᠢ᠎ᠶᠢ ᠲᠤᠰᠠᠯᠠᠬᠤ ᠡᠮᠴᠢᠯᠡᠭᠡᠨ᠎ᠤ ᠠᠩᠭᠢ ᠂ ᠴᠡᠭ ᠲᠣᠭᠲᠠᠭᠠᠨ ᠠᠪᠤᠷᠠᠨ ᠵᠠᠰᠠᠬᠤ ᠡᠮᠨᠡᠯᠭᠡ᠎ᠶᠢᠨ ᠬᠤᠷᠢᠶ᠎ᠠ ᠂ ᠲᠤᠰᠠᠭᠠᠷᠯᠠᠨ ᠠᠵᠢᠬᠯᠠᠬᠤ ᠡᠮᠨᠡᠯᠭᠡ᠎ᠶᠢᠨ ᠬᠤᠷᠢᠶᠠᠨ᠎ᠤ ᠨᠢᠭᠡᠳᠦᠭᠡᠷ ᠹᠷᠣᠨᠲ᠎ᠤᠨ ᠠᠵᠢᠯᠲᠠᠨ ᠂ ᠭᠤᠤᠯᠳᠠᠯᠭ᠎ᠠ᠎ᠲᠠᠢ ᠬᠢᠨᠠᠨ ᠡᠵᠡᠮᠳᠡᠬᠦ ᠣᠷᠣᠨ ᠪᠦᠰᠡ ᠪᠠ ᠰᠠᠭᠤᠭᠠᠯᠢ ᠠᠷᠠᠳ᠎ᠤᠨ ᠲᠣᠭᠤᠷᠢᠭ ᠂ ᠡᠯ᠎ᠡ ᠲᠥᠷᠥᠯ᠎ᠤᠨ ᠵᠠᠮ ᠬᠠᠷᠢᠯᠴᠠᠭᠠᠨ᠎ᠤ ᠪᠠᠶᠢᠴᠠᠭᠠᠯᠲᠠ᠎ᠶᠢᠨ ᠥᠷᠲᠡᠭᠡ ᠴᠡᠭ ᠂ ᠬᠥᠮᠦᠨ ᠣᠯᠠᠨ ᠴᠤᠭᠯᠠᠷᠠᠬᠤ ᠲᠠᠯᠠᠪᠤᠷ ᠵᠡᠷᠬᠡ ᠲᠡᠰ ᠲᠠᠷᠠᠭᠠᠯᠠᠯ᠎ᠢᠶᠠᠷ ᠰᠡᠷᠭᠡᠶᠢᠯᠡᠨ ᠡᠵᠡᠮᠳᠡᠬᠦ ᠡᠳ᠋ ᠪᠣᠳᠠᠰ᠎ᠤᠨ ᠬᠠᠩᠭᠠᠯᠭ᠎ᠠ᠎ᠶᠢ ᠪᠦᠬᠦ ᠲᠠᠯ᠎ᠠ᠎ᠪᠠᠷ ᠪᠦᠲᠦᠮᠵᠢᠲᠡᠶ ᠪᠠᠲᠤᠯᠠᠵᠠᠢ ᠃
3 ᠰᠠᠷ᠎ᠠ᠎ᠶᠢᠨ 27᠎ᠤ ᠡᠳᠦᠷ ᠪᠤᠯᠳᠠᠯ᠎ᠠ ᠂ ᠪᠦᠬᠦ ᠤᠷᠤᠨ᠎ᠤ ᠡᠯ᠎ᠡ ᠱᠠᠳᠤᠨ᠎ᠤ ᠡᠳ᠋᠎ᠤᠨ ᠵᠠᠰᠠᠭ ᠨᠠᠢᠳᠠ 19.9 ᠳ᠋ᠦᠩᠰᠢᠭᠤᠷ ᠲᠦᠬᠦᠷᠢᠭ᠎ᠤᠨ ᠪᠡᠯᠡ ᠮᠦᠩᠬᠦ᠎ᠶᠢ ᠨᠠᠢᠳᠠᠪᠦᠷᠢᠵᠢᠭᠤᠯᠵᠤ ᠂ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠵᠤ ᠰᠠᠷᠬᠡᠢᠯᠡᠨ ᠵᠠᠰᠬᠠᠤ᠎ᠳ᠋ᠤ ᠬᠡᠷᠡᠭᠯᠡᠭᠰᠡᠨ ᠪᠠᠢᠨ᠎ᠠ ᠃
ᠬᠢᠵᠢᠭ᠎ᠲᠠᠢ ᠲᠡᠮᠡᠴᠡᠬᠦ ᠲᠠᠢᠯᠠᠯᠳᠤᠭᠠᠨ᠎ᠤ ᠪᠠᠴᠢᠮ ᠬᠦᠴᠢᠷᠳᠡᠯᠳᠡᠢ ᠴᠠᠭ ᠦᠶ᠎ᠠ᠎ᠳ᠋ᠤ ᠂ ᠪᠦᠬᠦ ᠤᠷᠤᠨ᠎ᠤ ᠠᠵᠤ ᠠᠬᠤᠢᠯᠠᠯ᠎ᠤᠳ ᠪᠠ ᠨᠡᠢᠬᠡᠮ᠎ᠤᠨ ᠡᠯ᠎ᠡ ᠡᠳᠡᠬᠡᠳ᠎ᠤᠨ᠎ᠬᠢᠨ ᠬᠠᠯᠠᠭᠤᠨ ᠭᠠᠷ᠎ᠢᠶᠡᠨ ᠰᠤᠩᠭᠠᠵᠤ ᠂ ᠵᠤᠭᠤᠰ ᠪᠠ ᠡᠳ᠋ ᠪᠤᠳᠠᠰ ᠬᠠᠨᠳᠢᠪᠯᠠᠵᠤ ᠂ 3 ᠰᠠᠷ᠎ᠠ᠎ᠶᠢᠨ 27᠎ᠤ ᠡᠳᠦᠷ ᠪᠤᠯᠳᠠᠯ᠎ᠠ ᠂ ᠪᠦᠬᠦ ᠤᠷᠤᠨ᠎ᠤ ᠤᠯᠠᠭᠠᠨ ᠵᠠᠭᠠᠯᠮᠠᠢᠳᠠᠨ᠎ᠤ ᠰᠢᠰᠲ᠋ᠧᠮ᠎ᠤᠨ᠎ᠬᠢᠨ 90835.90 ᠲᠦᠮᠡᠨ ᠲᠦᠬᠦᠷᠢᠭ᠎ᠤᠨ ᠦᠷᠳᠡᠭ ᠪᠦᠬᠦᠢ ᠵᠤᠭᠤᠰ ᠪᠠ ᠡᠳ᠋ ᠪᠤᠳᠠᠰ᠎ᠢ ᠬᠦᠯᠢᠶᠡᠨ ᠠᠪᠴᠤ ᠂ ᠡᠬᠦᠨ᠎ᠳ᠋ᠤ 64395.62 ᠲᠦᠮᠡᠨ ᠲᠦᠬᠦᠷᠢᠭ᠎ᠤᠨ ᠵᠤᠭᠤᠰ ᠪᠠᠢᠵᠤ ᠂ 26439.90 ᠲᠦᠮᠡᠨ ᠲᠦᠬᠦᠷᠢᠭ᠎ᠤᠨ ᠡᠳ᠋ ᠪᠤᠳᠠᠰ᠎ᠢ ᠬᠦᠯᠢᠶᠡᠨ ᠠᠪᠤᠬᠰᠠᠨ ᠪᠠᠢᠨ᠎ᠠ ᠃
ᠡᠳ᠋ ᠪᠤᠳᠠᠰ᠎ᠤᠨ ᠬᠦᠴᠦᠳᠤ ᠪᠠᠳᠤᠯᠠᠭ᠎ᠠ ᠪᠠᠢᠬᠰᠠᠨ᠎ᠢᠶᠠᠷ ᠪᠢᠳᠡ ᠡᠨᠡ ᠤᠳᠠᠭ᠎ᠠ᠎ᠶᠢᠨ ᠬᠢᠵᠢᠭ᠎ᠲᠠᠢ ᠲᠠᠮᠡᠴᠡᠬᠦ ᠲᠠᠢᠯᠠᠯᠳᠤᠭᠠᠨ᠎ᠤ ᠬᠠᠮᠤᠭ᠎ᠤᠨ ᠪᠡᠷᠬᠡ ᠬᠠᠳᠠᠭᠤᠵᠢᠯᠳᠠᠢ ᠴᠠᠭ ᠦᠶ᠎ᠠ᠎ᠶᠢ ᠤᠷᠤᠬᠰᠢᠳᠠᠢ ᠲᠤᠭᠤᠯᠤᠯ᠎ᠠ ᠃ ᠡᠨᠡ ᠪᠤᠯ ᠪᠦᠬᠦ ᠤᠷᠤᠨ᠎ᠤ ᠡᠯ᠎ᠠ ᠦᠨᠳᠦᠰᠦᠳᠡᠨ᠎ᠤ 2500 ᠲᠦᠮᠠᠨ ᠬᠦᠪᠡᠬᠦᠳ ᠦᠬᠢᠳ᠎ᠤᠨ ᠨᠢᠬᠡ ᠰᠡᠳᠬᠢᠯ᠎ᠢᠶᠠᠷ ᠨᠢᠬᠳᠠᠷᠠᠨ ᠪᠦᠯᠬᠦᠮᠳᠠᠵᠤ ᠂ ᠡᠪ ᠨᠢᠬᠳᠠᠷᠠᠯ ᠂ ᠢᠳᠡᠬᠡᠯ ᠵᠤᠷᠢᠭ᠎ᠢᠶᠠᠷ᠎ᠢᠶᠡᠨ ᠪᠢᠴᠢᠭᠯᠡᠭᠰᠡᠨ ᠦᠪᠦᠷ ᠮᠤᠩᠭᠤᠯ᠎ᠤᠨ ᠲᠡᠦᠬᠡᠨ᠎ᠳ᠋ᠦ ᠮᠦᠩᠬᠡ ᠦᠯᠠᠳᠠᠬᠦ ᠨᠢᠬᠡᠨ ᠢᠷᠠᠭᠤ ᠬᠠᠭᠤᠳᠠᠰᠦ ᠮᠦᠨ ᠃


ᠪᠦᠯᠬᠦᠮᠳᠡᠪᠠᠯ ᠪᠦᠳᠦᠨ᠎ᠠ ᠴᠢᠷᠮᠠᠢᠪᠠᠯ ᠢᠯᠠᠨ᠎ᠠ
● ᠰᠢᠦ ᠬᠤᠸᠠ
ᠪᠡᠭᠡᠵᠢᠩ᠎ᠤᠨ ᠴᠠᠭ᠎ᠢᠶᠠᠷ 4 ᠰᠠᠷ᠎ᠠ᠎ᠶᠢᠨ 22᠎ᠤᠨ ᠡᠳᠦᠷ ᠪᠤᠯᠳᠠᠯ᠎ᠠ ᠂ ᠪᠦᠬᠦ ᠲᠠᠯᠠᠬᠡᠢ᠎ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠤ ᠬᠠᠯᠳᠠᠪᠤᠷᠢᠯᠠᠬᠳᠠᠬᠰᠠᠨ ᠡᠪᠡᠳᠴᠢᠳᠡᠨ 250 ᠲᠦᠮᠡᠨ ᠬᠦᠮᠦᠨ᠎ᠢ ᠲᠠᠪᠠᠵᠤ ᠂ ᠠᠶᠤᠯᠳᠤ ᠬᠢᠵᠢᠭ᠎ᠤᠨ ᠬᠠᠷ᠎ᠠ ᠮᠠᠨᠠᠨ ᠪᠦᠮᠪᠦᠷᠴᠡᠭ᠎ᠢ ᠪᠦᠷᠬᠦᠵᠤ ᠂ ᠬᠤᠤᠷ᠎ᠤᠨ ᠤᠳᠤᠭ᠎ᠠ ᠭᠠᠵᠠᠷ ᠪᠦᠬᠦᠨ᠎ᠳ᠋ᠤ ᠮᠠᠨᠠᠷᠠᠨ᠎ᠠ ᠃ ᠮᠠᠨ᠎ᠤ ᠤᠯᠤᠰ ᠪᠤᠯ ᠲᠤᠰ ᠤᠳᠠᠭ᠎ᠠ᠎ᠶᠢᠨ ᠬᠢᠵᠢᠭ᠎ᠤᠨ ᠭᠠᠮᠰᠢᠭ᠎ᠲᠤ ᠬᠠᠮᠤᠭ᠎ᠤᠨ ᠡᠷᠳᠡ ᠲᠠᠭᠠᠷᠢᠬᠳᠠᠬᠰᠠᠨ ᠤᠯᠤᠰ ᠪᠤᠯᠤᠨ᠎ᠠ ᠃
︽ ᠲᠤᠮᠳᠠᠳᠤ ᠤᠯᠤᠰ ᠲᠤᠰ ᠤᠯᠤᠰ᠎ᠤᠨ᠎ᠢᠶᠡᠨ ᠠᠷᠠᠳ ᠲᠦᠮᠡᠨ ᠪᠠ ᠲᠡᠯᠡᠬᠡᠢ᠎ᠶᠢᠨ ᠠᠷᠠᠳ ᠲᠦᠮᠡᠨ᠎ᠤ ᠬᠢᠵᠢᠭ᠎ᠲᠤ ᠬᠠᠯᠳᠠᠪᠤᠷᠢᠯᠠᠬᠳᠠᠬᠤ ᠦᠬᠡᠢ᠎ᠶᠢ ᠪᠦᠬᠦ ᠬᠦᠴᠦᠨ ᠴᠢᠳᠠᠯ᠎ᠢᠶᠠᠷ᠎ᠢᠶᠡᠨ ᠬᠠᠮᠠᠭᠠᠯᠠᠨ᠎ᠠ ︾ ᠃ ᠬᠢᠵᠢᠭ᠎ᠤᠨ ᠪᠠᠢᠳᠠᠯ ᠡᠬᠦᠰᠦᠭᠰᠡᠨ ᠲᠠᠷᠤᠢᠬᠠᠨ ᠮᠠᠨ᠎ᠤ ᠤᠯᠤᠰ ᠮᠤᠨᠳᠠᠭ ᠶᠡᠬᠡ ᠦᠷᠡᠭᠳᠡᠯ ᠭᠠᠷᠭᠠᠵᠤ ᠂ ᠲᠤᠢᠯ᠎ᠤᠨ ᠶᠡᠬᠡ ᠦᠷ᠎ᠠ ᠪᠦᠳᠦᠮᠵᠢᠳᠡᠢ ᠰᠡᠷᠬᠡᠢᠯᠡᠨ ᠡᠵᠡᠮᠳᠡᠬᠦ ᠠᠷᠭ᠎ᠠ ᠠᠪᠴᠠᠯ᠎ᠢ ᠠᠪᠴᠤ ᠂ ᠬᠠᠮᠤᠭ᠎ᠤᠨ ᠡᠷᠳᠡ ᠲᠤᠰ ᠭᠠᠵᠡᠷ ᠤᠷᠤᠨ᠎ᠤ᠎ᠪᠠᠨ ᠬᠢᠵᠢᠭ᠎ᠤᠨ ᠬᠠᠯᠳᠠᠪᠤᠷᠢᠯᠠᠯ᠎ᠤᠨ ᠡᠬᠢ᠎ᠶᠢ ᠲᠠᠰᠤᠯᠵᠤ ᠂ ᠤᠳᠤᠬᠠᠨ᠎ᠳ᠋ᠤ ᠲᠡᠯᠡᠬᠡᠢ ᠲᠡᠭᠡᠷ᠎ᠡ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠭᠰᠡᠨ ᠪᠠᠢᠳᠠᠯ᠎ᠢᠶᠠᠷ ᠬᠠᠮᠤᠭ᠎ᠤᠨ ᠰᠠᠢᠨ ᠤᠯᠤᠰ᠎ᠤᠨ ᠨᠢᠬᠡ ᠪᠤᠯᠪᠠ ᠃
ᠡᠨᠡ ᠪᠤᠯ ᠬᠢᠯᠪᠡᠷ ᠪᠤᠰᠤ᠎ᠪᠠᠷ ᠢᠷᠡᠭᠰᠡᠨ ᠠᠮᠵᠢᠯᠳᠠ ᠶᠤᠮ ᠃ 70 ᠭᠠᠷᠤᠢ ᠡᠳᠦᠷ ᠬᠤᠨᠤᠭ᠎ᠤᠨ ᠲᠤᠷᠰᠢ ᠂ ᠪᠦᠬᠦ ᠤᠯᠤᠰ᠎ᠤᠨ ᠡᠯ᠎ᠡ ᠱᠠᠳᠤᠨ᠎ᠤ ᠨᠠᠮ ᠵᠠᠰᠠᠭ ᠂ ᠠᠷᠠᠳ ᠤᠯᠠᠨ ᠵᠢᠴᠢ ᠦᠷᠬᠡᠨ ᠤᠯᠠᠨ ᠡᠮᠴᠢ ᠰᠤᠪᠢᠯᠠᠬᠴᠢᠳ ᠂ ᠴᠠᠬᠳᠠᠭ᠎ᠠ ᠂ ᠰᠠᠢᠨ ᠲᠤᠷᠠᠴᠤᠳ ᠂ ᠦᠨᠳᠦᠰᠦᠨ ᠱᠠᠳᠤᠨ᠎ᠤ ᠺᠠᠳ᠋ᠷ ᠠᠵᠢᠯᠳᠠᠨ ᠂ ᠠᠮᠤᠷ᠎ᠢ ᠬᠠᠮᠠᠭᠠᠯᠠᠬᠴᠢ ᠂ ᠬᠤᠳᠠ᠎ᠶᠢᠨ ᠬᠠᠮᠢᠶᠠᠷᠤᠯᠳᠠ᠎ᠶᠢᠨ ᠠᠵᠢᠯᠴᠢᠳ ᠁ ᠠᠨᠠᠷ᠎ᠤᠨ ᠦᠷ᠎ᠠ ᠰᠢᠭ ᠨᠢᠬᠳᠠᠷᠠᠨ ᠪᠦᠯᠬᠦᠮᠳᠡᠵᠤ ᠂ ᠨᠢᠬᠦᠯᠳᠤ ᠬᠢᠵᠢᠭ᠎ᠲᠠᠢ ᠠᠮᠢ ᠴᠦᠯᠡᠨ ᠲᠡᠮᠡᠴᠡᠵᠤ ᠂ ᠪᠦᠬᠦ ᠲᠡᠯᠡᠬᠡᠢ᠎ᠶᠢᠨ ᠬᠢᠵᠢᠭ᠎ᠢ ᠰᠡᠷᠬᠡᠢᠯᠡᠨ ᠡᠵᠡᠮᠳᠡᠬᠦ᠎ᠳ᠋ᠤ ᠮᠤᠨᠳᠠᠭ ᠶᠡᠬᠡ ᠬᠤᠪᠢ ᠨᠡᠮᠡᠷᠢ ᠦᠵᠡᠬᠦᠯᠵᠤ ᠂ ᠲᠤᠮᠳᠠᠳᠤ᠎ᠶᠢᠨ ᠦᠨᠳᠦᠰᠦᠳᠡᠨ᠎ᠤ ᠢᠳᠡᠬᠡᠯ ᠵᠤᠷᠢᠭ᠎ᠢ ᠰᠢᠯᠭᠠᠬᠰᠠᠨ ᠡᠨᠡ ᠤᠳᠠᠭ᠎ᠠ᠎ᠶᠢᠨ ᠬᠠᠳᠠᠭᠤ ᠰᠢᠯᠭᠠᠯᠳᠠ᠎ᠳ᠋ᠤ ᠲᠠᠯᠠᠬᠡᠢ ᠳ᠋ᠡᠬᠢᠨ᠎ᠢ ᠪᠢᠰᠢᠷᠡᠬᠦᠯᠦᠭᠰᠡᠨ ᠲᠤᠮᠳᠠᠳᠤ ᠤᠯᠤᠰ᠎ᠤᠨ ᠢᠷᠠᠭᠤ ᠬᠠᠭᠤᠳᠠᠰᠤ᠎ᠶᠢ ᠪᠢᠴᠢᠭᠯᠡᠭᠰᠡᠨ ᠶᠤᠮ ᠃
ᠦᠩᠬᠡᠷᠡᠨ ᠤᠳᠤᠬᠰᠠᠨ ᠪᠡᠷᠬᠡ ᠬᠠᠳᠠᠭᠤᠵᠢᠯᠳᠤ ᠡᠳᠦᠷ ᠬᠤᠨᠤᠭ᠎ᠢ ᠡᠷᠬᠢᠨ ᠬᠠᠷᠠᠬᠤᠶ᠎ᠠ ᠂ ᠪᠢᠳᠡ ᠲᠦᠷᠦ ᠬᠦᠷᠦᠨ᠎ᠤ ᠠᠤᠭ᠎ᠠ ᠪᠤᠳᠤᠯᠭ᠎ᠠ ᠂ ᠲᠦᠮᠡᠨ ᠤᠯᠨᠨ᠎ᠤ ᠡᠪ ᠨᠢᠬᠳᠠᠷᠠᠯ᠎ᠤᠨ ᠠᠭᠤᠤ ᠶᠡᠬᠡ᠎ᠶᠢ ᠦᠨᠡᠨ ᠬᠦ ᠮᠡᠳᠡᠷᠡᠨ᠎ᠠ ᠪᠢᠯᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面