ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-04-29 10:53:20

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠡᠮᠤᠨ᠎ᠠ ᠹᠷᠤᠨᠲ ᠭᠡᠵᠤ ᠤᠭ ᠰᠠᠨᠠᠭ᠎ᠠ᠎ᠪᠠᠨ ᠦᠢᠯᠡᠳᠤᠯᠭᠡᠵᠢᠬᠦᠯᠬᠦ ᠰᠢᠯᠭᠠᠭᠤᠷ ᠮᠦᠨ ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠲᠠᠯ᠎ᠢ ᠰᠡᠷᠭᠡᠢᠯᠡᠨ ᠡᠵᠡᠮᠳᠠᠬᠦ ᠬᠠᠳᠠᠭᠤ ᠲᠠᠮᠠᠴᠡᠯ᠎ᠳ᠋ᠤ ᠂ ᠪᠦᠬᠦ ᠤᠷᠤᠨ᠎ᠤ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠨᠠᠮ᠎ᠤᠨ ᠬᠡᠰᠢᠭᠦᠨ ᠺᠠᠳ᠋ᠷᠴᠤᠳ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ᠎ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ ᠂ ᠤᠭ ᠰᠠᠨᠠᠭ᠎ᠠ᠎ᠪᠠᠨ ᠦᠯᠤ ᠮᠠᠷᠳᠠᠵᠤ ᠂ ᠡᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠨ ᠂ ᠡᠮᠤᠨ᠎ᠠ ᠹᠷᠤᠨᠲ᠎ᠲᠤ ᠭᠠᠪᠰᠢᠭᠠᠢᠯᠠᠨ ᠂ ᠦᠷᠭᠡᠨ ᠤᠯᠠᠨ ᠲᠦᠮᠡᠨ᠎ᠢ ᠪᠦᠯᠬᠦᠮᠳᠠᠬᠦᠯᠤᠨ ᠲᠠᠢᠴᠢᠯᠠᠵᠤ ᠂ ᠬᠠᠲᠠᠭᠤ ᠪᠡᠷᠭᠡᠰᠢᠶᠠᠯ᠎ᠢ ᠬᠠᠮᠲᠦ᠎ᠪᠠᠷ ᠲᠤᠭᠤᠯᠵᠦ ᠂ ᠬᠢᠵᠢᠭ᠎ᠲᠠᠢ ᠲᠠᠮᠠᠴᠡᠬᠦ ᠲᠠᠢᠯᠠᠯᠳᠤᠭᠠᠨ᠎ᠤ ᠡᠮᠦᠨ᠎ᠡ ᠹᠷᠤᠨᠲ᠎ᠲᠤ ᠨᠠᠮ᠎ᠤᠨ ᠲᠤᠭ᠎ᠢ ᠦᠨᠳᠤᠷ ᠨᠠᠮᠢᠷᠠᠭᠤᠯᠵᠦ ᠂ ᠨᠠᠷᠠ᠎ᠪᠠᠨ ᠲᠠᠭᠠᠬᠤ᠎ᠪᠠᠷ ᠲᠠᠭᠠᠷᠠᠳᠠᠭ ᠦᠭᠡᠢ ᠂ ᠨᠠᠮ᠎ᠢᠶᠡᠨ ᠲᠠᠭᠠᠬᠤ᠎ᠪᠠᠷ ᠲᠦᠭᠡᠷᠢᠳᠡᠭ ᠦᠭᠡᠢ ᠭᠡᠳᠡᠭ ᠶᠤᠰᠤ᠎ᠶᠢ ᠪᠤᠳᠠᠳᠠᠢ ᠦᠢᠯᠡ ᠠᠵᠢᠯᠯᠠᠭ᠎ᠠ᠎ᠪᠠᠷ᠎ᠢᠶᠡᠨ ᠦᠢᠯᠡᠳᠤᠯᠭᠡᠵᠢᠬᠦᠯᠤᠯ᠎ᠠ ᠃
ᠬᠢᠵᠢᠭ᠎ᠤᠨ ᠪᠠᠢᠲᠠᠯ ᠪᠤᠯ ᠵᠠᠷᠯᠢᠭ ᠂ ᠰᠡᠷᠬᠡᠢᠯᠡᠨ ᠡᠵᠡᠮᠲᠡᠬᠦ ᠪᠤᠯ ᠬᠠᠷᠢᠭᠤᠴᠠᠯᠭ᠎ᠠ  ᠲᠡᠭᠡᠲᠦ ᠬᠡᠮᠵᠢᠶ᠎ᠡ᠎ᠪᠠᠷ ᠴᠢᠬᠤᠯᠠᠴᠢᠯᠠᠵᠦ ᠰᠢᠨᠵᠢᠯᠡᠬᠦ ᠤᠬᠠᠭᠠᠨᠴᠢ᠎ᠪᠠᠷ ᠪᠠᠢᠷᠢᠯᠠᠭᠤᠯᠵᠦ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠤᠷᠢᠬᠯᠠᠯᠲᠠ᠎ᠶᠢᠨ ᠲᠠᠢᠯᠠᠯᠲᠤᠭᠠᠨ ᠬᠢᠪᠡ
︽ ᠢᠲᠡᠭᠡᠯ ᠵᠤᠷᠢᠭ᠎ᠢᠶᠡᠨ ᠪᠠᠲᠤᠳᠬᠠᠨ ᠂ ᠬᠠᠲᠠᠭᠤ ᠪᠡᠷᠬᠡᠰᠢᠶᠡᠯ᠎ᠢ ᠬᠠᠮᠲᠦ᠎ᠪᠠᠷ ᠲᠤᠭᠤᠯᠵᠦ ᠂ ᠰᠢᠨᠵᠢᠯᠡᠬᠦ ᠤᠬᠠᠭᠠᠨᠴᠢ᠎ᠪᠠᠷ ᠰᠡᠷᠬᠡᠢᠯᠡᠨ ᠡᠵᠡᠮᠲᠡᠵᠦ ᠂ ᠤᠨᠤᠴᠠᠲᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠱᠠᠭᠠᠷᠲᠠᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠂ ᠨᠠᠮ᠎ᠤᠨ ᠲᠤᠭ᠎ᠢ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠲᠡᠮᠡᠴᠡᠯ᠎ᠤᠨ ᠡᠮᠦᠨ᠎ᠡ ᠹᠷᠤᠨᠲ᠎ᠲᠤ ᠦᠨᠳᠦᠷ ᠨᠠᠮᠢᠷᠠᠭᠤᠯᠬᠤ ᠬᠡᠷᠡᠭᠲᠡᠢ ︾ ᠬᠡᠵᠦ 1 ᠰᠠᠷ᠎ᠠ᠎ᠶᠢᠨ 27᠎ᠤ ᠡᠲᠦᠷ ᠶᠡᠷᠦᠩᠬᠡᠢ ᠱᠦᠵᠢ ᠰᠢ᠎ᠶᠢᠨ ᠫᠢᠩ ᠴᠢᠬᠤᠯᠠ ᠵᠢᠭᠠᠪᠤᠷᠢ ᠦᠭᠴᠦ ᠂ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠦᠷᠭᠡᠨ ᠤᠯᠠᠨ ᠨᠠᠮ᠎ᠤᠨ ᠬᠡᠰᠢᠭᠦᠨ ᠺᠠᠳ᠋ᠷ ᠨᠠᠮ᠎ᠤᠨ ᠲᠦᠪ ᠬᠤᠷᠢᠶᠠᠨ᠎ᠤ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠵᠦ ᠂ ᠠᠷᠠᠳ ᠲᠦᠮᠡᠨ᠎ᠳ᠋ᠤ ᠨᠢᠬᠲᠠ ᠲᠦᠰᠢᠭᠯᠡᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠤᠷᠢᠬᠯᠠᠯᠲᠠ᠎ᠶᠢᠨ ᠲᠠᠢᠯᠠᠯᠳᠤᠭᠠᠨ᠎ᠤ ᠢᠯᠠᠯᠲᠠ᠎ᠶᠢ ᠡᠷᠡᠰ ᠤᠯᠬᠤ ᠬᠡᠷᠡᠭᠲᠡᠢ ᠬᠡᠵᠦ ᠱᠠᠭᠠᠷᠲᠠᠬᠰᠠᠨ ᠪᠠᠢᠨ᠎ᠠ ᠃
ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠨᠢ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠤᠨ ᠦᠨᠳᠦᠰᠦᠨ ᠵᠢᠷᠦᠮᠯᠡᠯ ᠪᠤᠯᠬᠤ ᠪᠦᠭᠡᠳ ᠲᠡᠭᠡᠲᠦ ᠲᠤᠤᠷᠠᠲᠦ ᠱᠠᠲᠦ᠎ᠪᠠᠷ᠎ᠢᠶᠡᠨ ᠰᠡᠳᠬᠢᠯ ᠨᠢᠭᠡᠲᠦᠨ ᠬᠦᠴᠦᠨ᠎ᠢᠶᠡᠨ ᠬᠠᠮᠳᠤᠳᠬᠠᠨ ᠬᠢᠵᠢᠭ᠎ᠲᠠᠢ ᠲᠡᠮᠡᠴᠡᠬᠦ ᠬᠦᠴᠦᠲᠡᠢ ᠤᠷᠢᠶᠠᠯᠠᠭ᠎ᠠ ᠪᠤᠯᠬᠤ ᠶᠤᠮ ᠃ ᠶᠡᠷᠦᠡᠭᠭᠡᠢ ᠱᠦᠵᠢ᠎ᠶᠢᠨ ᠴᠢᠬᠤᠯᠠ ᠵᠢᠭᠠᠪᠤᠷᠢ ᠵᠢᠴᠢ ᠨᠠᠮ᠎ᠤᠨ ᠲᠦᠪ ᠬᠤᠷᠢᠶᠠᠨ᠎ᠤ ᠤᠷᠢᠶᠠᠯᠠᠭ᠎ᠠ᠎ᠶᠢ ᠢᠲᠡᠪᠬᠢᠲᠡᠢ ᠴᠤᠤᠷᠢᠶᠠᠳᠤᠵᠦ ᠂ ᠮᠠᠨ᠎ᠤ ᠤᠷᠤᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠢ ᠲᠡᠭᠡᠲᠦ ᠬᠡᠮᠵᠢᠶ᠎ᠡ᠎ᠪᠠᠷ ᠴᠢᠬᠤᠯᠠᠴᠢᠯᠠᠵᠦ ᠰᠢᠨᠵᠢᠯᠡᠬᠦ ᠤᠬᠠᠭᠠᠨᠴᠢ᠎ᠪᠠᠷ ᠪᠠᠢᠷᠢᠯᠠᠭᠤᠯᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠲᠡᠮᠡᠴᠡᠯ ᠲᠤᠮᠲᠠ ᠡᠯ ‍᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠦᠷᠭᠡᠨ ᠤᠯᠠᠨ ᠨᠠᠮ᠎ᠤᠨ ᠬᠡᠰᠢᠭᠦᠨ᠎ᠳ᠋ᠤ ᠲᠤᠲᠤᠷᠬᠠᠢ ᠱᠠᠭᠠᠷᠲᠠᠯᠭ᠎ᠠ ᠲᠤᠷᠠᠳᠪᠠ ᠃
︽ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠬᠤ ᠺᠠᠳ᠋ᠷ ᠢᠯᠠᠩᠭᠤᠶ᠎ᠡ ᠭᠤᠤᠯ ᠤᠳᠤᠷᠢᠳᠬᠤ ᠺᠠᠳ᠋ᠷ ᠠᠵᠢᠯ᠎ᠤᠨ ᠪᠠᠢᠷᠢ᠎ᠪᠠᠨ ᠪᠠᠲᠦ ᠰᠠᠬᠢᠵᠦ ᠂ ᠬᠤᠰᠢᠭᠤᠴᠢᠯᠠᠨ ᠵᠢᠯᠤᠭᠤᠳᠴᠤ ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠦᠨᠡᠨ ᠪᠤᠲᠠᠲᠠᠢ ᠡᠭᠦᠷᠭᠡᠯᠡᠬᠦ ᠬᠡᠷᠡᠭᠲᠡᠢ ︾ ᠬᠡᠵᠦ 1 ᠰᠠᠷ᠎ᠠ᠎ᠶᠢᠨ 26᠎ᠤ ᠡᠲᠦᠷ ᠦᠪᠡᠷᠲᠡᠭᠡᠨ ᠵᠠᠰᠬᠠᠤ ᠤᠷᠤᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠲᠠᠯ᠎ᠢ ᠠᠷᠭᠠᠴᠠᠭᠠᠬᠤ ᠠᠵᠢᠯ᠎ᠤᠨ ᠤᠳᠤᠷᠢᠳᠬᠤ ᠲᠤᠭᠤᠢᠯᠠᠩ᠎ᠤᠨ ᠠᠡᠭᠬᠠᠳᠤᠭᠠᠷ ᠬᠤᠷᠠᠯ᠎ᠡᠴᠠ ᠱᠠᠭᠠᠷᠲᠠᠪᠠ ︔ ︽ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠦᠷᠭᠡᠨ ᠤᠯᠠᠨ ᠨᠠᠮ᠎ᠤᠨ ᠬᠡᠰᠢᠭᠦᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠷᠢᠬᠯᠠᠯᠲᠠ᠎ᠶᠢᠨ ᠲᠡᠶᠢᠯᠠᠯᠳᠤᠭᠠᠨ᠎ᠤ ᠢᠯᠠᠯᠲᠠ᠎ᠶᠢ ᠤᠯᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ ᠂ ᠡᠷᠡᠰ ᠬᠦᠴᠦᠲᠡᠶ ᠠᠵᠢᠯᠯᠠᠭ᠎ᠠ᠎ᠪᠠᠷ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠶᠯᠡᠳᠦᠯᠭᠡᠵᠢᠭᠦᠯᠵᠦ ᠂ ︿ ᠬᠣᠶᠠᠷ᠎ᠢ ᠬᠠᠮᠠᠭᠠᠯᠠᠬᠤ ﹀᠎ᠶᠢ ᠪᠠᠶᠠᠯᠠᠬᠦᠯᠬᠦ ᠬᠡᠷᠡᠭᠲᠡᠶ ︾ ᠭᠡᠵᠦ 1 ᠰᠠᠷ᠎ᠠ᠎ᠶᠢᠨ 29᠎ᠤ ᠡᠳᠦᠷ ᠪᠦᠬᠦ ᠣᠷᠣᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠷᠢᠬᠯᠠᠯᠲᠠ᠎ᠶᠢᠨ ᠳᠠᠶᠢᠯᠠᠯᠳᠤᠭᠠᠨ᠎ᠤ ᠢᠯᠠᠯᠲᠠ᠎ᠶᠢ ᠤᠯᠬᠤ ᠲᠠᠢᠴᠢᠯᠠᠯᠳᠠ᠎ᠶᠢᠨ ᠬᠤᠷᠠᠯ ᠲᠡᠭᠡᠷ᠎ᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠱᠢ᠎ᠲᠠᠢ ᠹᠸᠩ ᠴᠢᠬᠤᠯᠠᠴᠢᠯᠠᠪᠠ ︔ ︽ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ᠎ᠶᠢᠨ ᠲᠠᠢᠴᠢᠨ ᠪᠡᠬᠢᠯᠡᠯᠳᠠ᠎ᠶᠢᠨ ᠦᠢᠯᠡᠳᠦᠯ ᠪᠠ ᠦᠷᠭᠡᠨ ᠤᠯᠠᠨ ᠨᠠᠮ᠎ᠤᠨ ᠭᠡᠰᠢᠬᠦᠨ᠎ᠤ ᠬᠤᠰᠢᠭᠤᠴᠢ ᠵᠢᠱᠢᠶᠠᠴᠢ᠎ᠶᠢᠨ ᠦᠢᠯᠡᠳᠦᠯ᠎ᠢ ᠬᠦᠢᠴᠡᠳ ᠪᠠᠳᠠᠷᠠᠭᠤᠯᠵᠦ ᠂ ᠨᠠᠮ᠎ᠤᠨ ᠲᠤᠭ᠎ᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠡᠮᠡᠴᠡᠯ᠎ᠤᠨ ᠡᠮᠦᠨ᠎ᠡ ᠹᠷᠤᠨᠲ᠎ᠲᠤ ᠦᠨᠳᠦᠷ ᠨᠠᠮᠢᠷᠠᠭᠤᠯᠬᠤ ᠭᠡᠷᠡᠭᠲᠡᠢ ︾ ᠬᠡᠵᠦ 2 ᠰᠠᠷ᠎ᠠ᠎ᠶᠢᠨ 1᠎ᠤ ᠡᠳᠦᠷ ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ ᠂ ᠦᠪᠡᠷᠲᠡᠭᠡᠨ ᠵᠠᠰᠠᠬᠤ ᠤᠷᠤᠨ᠎ᠤ ᠲᠡᠷᠢᠬᠦᠯᠡᠭᠴᠢ ᠪᠦ᠋ ᠰᠢᠶᠤᠤ ᠯᠢᠨ ᠬᠦᠬᠡᠬᠤᠳᠠ᠎ᠳ᠋ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠪᠠᠢᠴᠠᠭᠠᠬᠤ᠎ᠳᠠᠭᠠᠨ ᠴᠢᠬᠤᠯᠠᠴᠢᠯᠠᠪᠠ ᠃ ᠡᠬᠦᠨ᠎ᠤ ᠬᠠᠮᠳᠤ ᠮᠠᠨ᠎ᠤ ᠤᠷᠤᠨ ᠤᠷᠢᠳ ᠬᠤᠵᠢᠳ ︽ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠲᠤᠮᠲᠠ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ᠎ᠶᠢᠨ ᠲᠠᠢᠴᠢᠨ ᠪᠡᠬᠢᠯᠡᠯᠲᠡ᠎ᠶᠢᠨ ᠦᠢᠯᠡᠲᠦᠯ ᠪᠤᠯᠤᠨ ᠡᠪ ᠬᠠᠮᠲᠦ ᠨᠠᠮ᠎ᠤᠨ ᠬᠡᠰᠢᠭᠦᠨ᠎ᠤ ᠬᠤᠰᠢᠭᠤᠴᠢ ᠵᠢᠱᠢᠶᠡᠴᠢ᠎ᠶᠢᠨ ᠦᠢᠯᠡᠲᠦᠯ᠎ᠢ ᠬᠦᠢᠴᠡᠳ ᠪᠠᠲᠠᠷᠠᠭᠤᠯᠬᠤ ᠲᠤᠬᠠᠢ ᠮᠡᠲᠡᠭᠲᠡᠯ ︾ ᠂ ︽ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ᠎ᠶᠢ ᠬᠦᠨᠵᠡᠭᠡᠢ ᠲᠤᠭᠤᠰᠢᠯᠠᠭᠤᠯᠤᠨ ᠨᠠᠢᠲᠠᠪᠤᠷᠢᠵᠢᠭᠤᠯᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠤᠷᠢᠬᠯᠠᠯᠲᠠ᠎ᠶᠢᠨ ᠲᠠᠢᠯᠠᠯᠳᠤᠭᠠᠨ᠎ᠤ ᠢᠯᠠᠯᠲᠠ᠎ᠶᠢ ᠡᠷᠡᠰ ᠤᠯᠬᠤ ᠲᠤᠬᠠᠢ ᠮᠡᠲᠡᠭᠲᠡᠯ ︾ ᠵᠡᠷᠭᠡ᠎ᠶᠢ ᠲᠠᠷᠤᠮᠠᠯᠯᠠᠨ ᠲᠠᠷᠬᠠᠭᠠᠭᠰᠠᠨ ᠪᠠᠢᠨ᠎ᠠ ᠃
ᠬᠢᠵᠢᠭ᠎ᠤᠨ ᠪᠠᠶᠢᠳᠠᠯ ᠪᠣᠯ ᠵᠠᠷᠯᠢᠭ ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠃ ᠶᠡᠷᠦᠡᠭᠭᠡᠢ ᠱᠦᠵᠢ ᠰᠢ᠎ᠶᠢᠨ ᠫᠢᠡᠭ᠎ᠤᠨ ᠴᠢᠬᠤᠯᠠ ᠵᠢᠭᠠᠪᠤᠷᠢ ᠵᠢᠴᠢ ᠨᠠᠮ᠎ᠤᠨ ᠲᠦᠪ ᠬᠤᠷᠢᠶᠠᠨ᠎ᠤ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ ᠂ ᠦᠪᠡᠷᠲᠡᠭᠡᠨ ᠵᠠᠰᠬᠠᠤ ᠤᠷᠤᠨ᠎ᠤ ᠨᠠᠮ᠎ᠤᠨ ᠬᠤᠷᠢᠶᠠᠨ᠎ᠤ ᠪᠠᠢᠷᠢᠯᠠᠭᠤᠯᠤᠯᠲᠠ ᠶᠤᠰᠤᠭᠠᠷ ᠂ ᠪᠦᠬᠦ ᠤᠷᠤᠨ᠎ᠤ 8.43 ᠲᠦᠮᠡᠨ ᠦᠨᠳᠤᠰᠤᠨ ᠱᠠᠳᠤᠨ᠎ᠤ ᠨᠠᠮ᠎ᠤᠨ ᠵᠤᠬᠢᠶᠠᠨ ᠪᠠᠢᠭᠤᠯᠤᠯᠳᠠ ᠪᠤᠯᠤᠨ 159.9 ᠲᠦᠮᠡᠨ ᠨᠠᠮ᠎ᠤᠨ ᠬᠡᠰᠢᠭᠦᠨ ᠲᠠᠷᠤᠢ ᠲᠦᠷᠬᠡᠨ ᠬᠦᠲᠡᠯᠦᠯᠴᠡᠵᠦ ᠂ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ᠎ᠶᠢᠨ ᠲᠠᠢᠴᠢᠨ ᠪᠡᠬᠢᠯᠡᠯᠲᠡ᠎ᠶᠢᠨ ᠦᠢᠯᠡᠲᠦᠯ ᠪᠤᠯᠤᠨ ᠨᠠᠮ᠎ᠤᠨ ᠬᠡᠰᠢᠭᠦᠨ᠎ᠤ ᠬᠤᠰᠢᠭᠤᠴᠢ ᠵᠢᠱᠢᠶᠡᠴᠢ᠎ᠶᠢᠨ ᠦᠢᠯᠡᠲᠦᠯ᠎ᠢᠶᠡᠨ ᠬᠦᠢᠴᠡᠳ ᠪᠠᠲᠠᠷᠠᠭᠤᠯᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠤᠷᠢᠬᠯᠠᠯᠲᠠ᠎ᠶᠢᠨ ᠲᠠᠢᠯᠠᠯᠳᠤᠭᠠᠨ᠎ᠳ᠋ᠤ ᠪᠠᠲᠦ ᠴᠢᠩᠭ᠎ᠠ ᠵᠤᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠵᠠᠢ ᠃
ᠨᠢᠭᠡ ᠨᠠᠮ᠎ᠤᠨ ᠡᠭᠦᠷ ᠪᠤᠯ ᠬᠢᠵᠢᠭ᠎ᠲᠠᠢ ᠲᠡᠮᠡᠴᠡᠬᠦ ᠨᠢᠭᠡᠨ ᠲᠠᠢᠴᠢᠨ ᠪᠡᠬᠢᠯᠡᠯᠲᠡ ᠮᠦᠨ  ᠦᠷᠭᠡᠨ ᠤᠯᠠᠨ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠲᠠᠢᠨ᠎ᠤ ᠲᠠᠯᠠᠪᠤᠷ᠎ᠤᠨ ᠰᠡᠷᠬᠡᠢᠯᠡᠯᠲᠡ᠎ᠶᠢᠨ ᠱᠤᠭᠤᠮ᠎ᠢ ᠪᠠᠲᠤ ᠴᠤᠬᠴᠠᠯᠠᠪᠠ
ᠮᠠᠯᠵᠢᠬᠤ ᠲᠠᠷᠢᠶᠠᠯᠠᠬᠤ ᠤᠷᠤᠨ ᠪᠠ ᠨᠡᠢᠭᠡᠮ ᠲᠤᠭᠤᠷᠢᠭ ᠪᠤᠯ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠦᠨ᠎ᠠ ᠹᠷᠤᠨᠲ ᠪᠤᠯᠤᠨ᠎ᠠ ᠃ ᠪᠦᠬᠦ ᠤᠷᠤᠨ᠎ᠤ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠲᠠᠢᠴᠢᠨ ᠪᠡᠬᠢᠯᠡᠯᠲᠡ᠎ᠶᠢᠨ ᠦᠢᠯᠡᠲᠦᠯ᠎ᠢᠶᠡᠨ ᠬᠦᠢᠴᠡᠳ ᠪᠠᠲᠠᠷᠠᠭᠤᠯᠵᠦ ᠂ ᠦᠷᠭᠡᠨ ᠤᠯᠠᠨ ᠲᠦᠮᠡᠨ᠎ᠢ ᠪᠦᠯᠬᠦᠮᠲᠡᠭᠦᠯᠦᠨ ᠲᠠᠢᠴᠢᠯᠠᠵᠦ ᠂ ᠬᠤᠯᠪᠤᠭᠠᠯᠠᠨ ᠰᠡᠷᠬᠡᠢᠯᠡᠵᠦ ᠬᠤᠯᠪᠤᠭᠠᠯᠠᠨ ᠡᠵᠡᠮᠲᠡᠬᠦ ᠠᠷᠭ᠎ᠠ ᠠᠪᠴᠠᠯ᠎ᠢ ᠨᠠᠢᠲᠠᠪᠤᠷᠢᠵᠢᠭᠤᠯᠵᠦ ᠂ ᠤᠯᠠᠨ᠎ᠢᠶᠠᠷ᠎ᠢᠶᠡᠨ ᠰᠡᠷᠭᠡᠢᠯᠡᠵᠤ ᠤᠯᠠᠨ᠎ᠢᠶᠠᠷ᠎ᠢᠶᠡᠨ ᠵᠠᠰᠠᠬᠤ ᠴᠢᠡᠭᠭ᠎ᠠ ᠨᠢᠬᠳᠠ ᠰᠡᠷᠭᠡᠢᠯᠡᠯᠳᠠ᠎ᠶᠢᠨ ᠱᠤᠭᠤᠮ᠎ᠢ ᠴᠤᠭᠴᠠᠯᠠᠯ᠎ᠠ ᠃
ᠰᠢᠯᠢ᠎ᠶᠢᠨ ᠭᠤᠤᠯ ᠠᠢᠮᠠᠭ ︽ ᠠᠢᠮᠠᠭ᠎ᠤᠨ ᠵᠢᠯᠤᠭᠤᠳᠬᠤ ᠭᠠᠵᠠᠷ + ᠬᠤᠰᠢᠭᠤ ᠰᠢᠶᠠᠨ᠎ᠤ ᠵᠢᠯᠤᠭᠤᠳᠬᠤ ᠭᠠᠵᠠᠷ + ᠰᠤᠮᠤ ᠰᠢᠶᠠᠩ ᠪᠠᠯᠭᠠᠰᠤᠨ᠎ᠤ ᠬᠤᠰᠢᠭᠤᠴᠢ ᠠᠩᠬᠢ + ᠭᠠᠴᠠᠭ᠎ᠠ ᠲᠤᠰᠬᠤᠨ᠎ᠤ ᠪᠠᠢᠯᠳᠤᠬᠤ ᠠᠩᠬᠢ + ᠨᠠᠮ᠎ᠤᠨ ᠬᠡᠰᠢᠭᠦᠨ ᠭᠤᠤᠯᠯᠠᠬᠤ ᠡᠷᠦᠭᠡ + ᠮᠠᠯᠴᠢᠨ ᠲᠠᠷᠢᠶᠠᠴᠢᠨ ᠡᠷᠦᠭᠡ ︾᠎ᠶᠢᠨ ᠮᠠᠯᠵᠢᠬᠤ ᠤᠷᠤᠨ᠎ᠤ ᠵᠢᠷᠭᠤᠭᠠᠨ ᠱᠠᠲᠤᠨ᠎ᠤ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠲᠤᠬᠲᠠᠴᠠ᠎ᠶᠢ ᠪᠠᠢᠭᠤᠯᠵᠦ ᠂ 20 ᠭᠠᠷᠤᠢ ᠲᠦᠮᠡᠨ ᠲᠡᠭᠰᠢ ᠲᠦᠷᠪᠡᠯᠵᠢᠨ ᠺᠢᠯᠤᠮᠸᠲ᠋ᠷ᠎ᠤᠨ ᠲᠠᠯ᠎ᠠ ᠨᠤᠳᠤᠭ ᠲᠡᠭᠡᠷ᠎ᠡ ᠤᠯᠠᠨ᠎ᠢᠶᠠᠷ᠎ᠢᠶᠡᠨ ᠰᠡᠷᠬᠡᠢᠯᠡᠨ ᠤᠯᠠᠨ᠎ᠢᠶᠠᠷ᠎ᠢᠶᠡᠨ ᠡᠵᠡᠮᠲᠡᠬᠦ ᠲᠤᠤᠷ᠎ᠢ ᠨᠢᠬᠲᠠ ᠰᠦᠯᠵᠢᠪᠡ ︔ ᠤᠯᠠᠭᠠᠨᠬᠠᠲᠠ ᠬᠤᠲᠠ᠎ᠶᠢᠨ᠎ᠬᠢᠨ ᠬᠤᠲᠠ ᠰᠢᠶᠠᠨ᠎ᠤ ᠬᠤᠶᠠᠷ ᠱᠠᠲᠤᠨ᠎ᠤ 1100 ᠭᠠᠷᠤᠢ ᠪᠠᠢᠭᠤᠯᠭ᠎ᠠ ᠠᠵᠦ ᠠᠬᠤᠢᠯᠠᠯ ᠠᠵᠢᠯ ᠦᠢᠯᠡᠰ᠎ᠤᠨ ᠨᠢᠭᠡᠴᠢ᠎ᠶᠢᠨ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠪᠦᠬᠦ ᠬᠤᠲᠠ᠎ᠶᠢᠨ 2300 ᠭᠠᠷᠤᠢ ᠭᠠᠴᠠᠭ᠎ᠠ ᠲᠤᠰᠬᠤᠨ ᠂ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠲᠠ᠎ᠶᠢ ᠵᠤᠬᠢᠶᠠᠨ ᠪᠠᠢᠭᠤᠯᠵᠦ ᠂ ᠬᠤᠯᠪᠤᠭᠠᠯᠠᠨ ᠪᠠᠢᠭᠤᠯᠵᠦ ᠬᠠᠮᠲᠦ᠎ᠪᠠᠷ ᠪᠠᠢᠭᠤᠯᠤᠨ ᠂ ᠬᠤᠯᠪᠤᠭᠠᠯᠠᠨ ᠰᠡᠷᠬᠡᠢᠯᠡᠵᠦ ᠬᠤᠯᠪᠤᠭᠠᠯᠠᠨ ᠡᠵᠡᠮᠲᠡᠬᠦ᠎ᠶᠢ ᠬᠡᠷᠡᠭᠵᠢᠭᠦᠯᠵᠦ ᠂ 2 ᠲᠦᠮᠡ ᠭᠠᠷᠤᠢ ᠪᠠᠢᠭᠤᠯᠭ᠎ᠠ ᠠᠵᠢᠯ ᠦᠢᠯᠡᠰ᠎ᠤᠨ ᠨᠢᠭᠡᠴᠢ᠎ᠶᠢᠨ ᠨᠠᠮ᠎ᠤᠨ ᠬᠡᠰᠢᠭᠦᠨ᠎ᠢ ᠲᠠᠢᠴᠢᠯᠠᠨ ᠡᠮᠦᠨ᠎ᠡ ᠹᠷᠤᠨᠲ᠎ᠲᠤ ᠬᠦᠨᠵᠡᠭᠡᠢᠷᠡᠭᠦᠯᠪᠡ ︔ ᠬᠦᠯᠦᠨ ᠪᠤᠢᠷ ᠬᠤᠲᠠ᠎ᠶᠢᠨ᠎ᠬᠢᠨ ᠮᠤᠩᠭᠤᠯ ᠬᠢᠲᠠᠳ ᠬᠤᠤᠰ ᠬᠡᠯᠡ᠎ᠪᠠᠷ ᠬᠢᠵᠢᠭ᠎ᠤᠨ ᠪᠠᠢᠲᠠᠯ᠎ᠤᠨ ᠲᠤᠬᠠᠢ ᠤᠬᠠᠭᠤᠯᠤᠨ ᠵᠢᠯᠤᠭᠤᠳᠤᠬᠰᠠᠨ ᠪᠦᠭᠡᠳ ᠠᠩᠬᠠᠷᠬᠤ ᠵᠦᠢᠯᠡᠰ᠎ᠢ ᠨᠡᠢᠲᠡᠯᠡᠵᠦ ᠂ ᠰᠡᠷᠬᠡᠢᠯᠡᠨ ᠡᠵᠡᠮᠲᠡᠬᠦ ᠲᠦᠷᠦ᠎ᠶᠢᠨ ᠪᠤᠳᠤᠯᠭ᠎ᠠ᠎ᠶᠢ ᠰᠠᠢᠲᠦᠷ ᠲᠠᠢᠯᠪᠤᠷᠢᠯᠠᠵᠦ ᠂ ᠰᠡᠷᠬᠡᠢᠯᠡᠨ ᠬᠠᠮᠠᠭᠠᠯᠠᠬᠤ ᠠᠷᠭ᠎ᠠ ᠠᠪᠴᠠᠯ᠎ᠢ ᠲᠤᠲᠤᠷᠬᠠᠢ ᠶᠠᠷᠢᠵᠦ ᠂ ᠮᠠᠯᠴᠢᠨ ᠲᠠᠷᠢᠶᠠᠴᠢᠳ᠎ᠢ ᠤᠬᠠᠭᠤᠯᠤᠨ ᠬᠥᠲᠥᠯᠥᠨ ᠵᠢᠯᠣᠭᠣᠳᠬᠤ ᠠᠵᠢᠯ᠎ᠢ ᠭᠣᠤᠯᠳᠠᠯᠭ᠎ᠠ᠎ᠲᠠᠢ ᠰᠠᠶᠢᠲᠤᠷ ᠬᠢᠵᠠᠢ ᠃
ᠦᠪᠡᠷᠲᠡᠭᠡᠨ ᠵᠠᠰᠬᠠᠤ ᠤᠷᠤᠨ᠎ᠤ ᠨᠠᠮ᠎ᠤᠨ ᠬᠤᠷᠢᠶ᠎ᠠ ᠂ ᠵᠠᠰᠠᠭ᠎ᠤᠨ ᠤᠷᠳᠤᠨ ᠮᠠᠯᠵᠢᠬᠤ ᠲᠠᠷᠢᠶᠠᠯᠠᠬᠤ ᠤᠷᠤᠨ᠎ᠤ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠢ ᠬᠤᠲᠠ ᠲᠤᠭᠤᠷᠢᠭ᠎ᠤᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠲᠠᠢ ᠨᠢᠭᠡ ᠴᠤᠬᠴᠠᠵᠢᠭᠤᠯᠤᠨ ᠠᠬᠢᠭᠤᠯᠤᠬᠰᠠᠨ ᠪᠠᠢᠨ᠎ᠠ ᠃ ᠪᠦᠬᠦ ᠤᠷᠤᠨ᠎ᠤ 11000 ᠰᠢᠬᠠᠮ ᠭᠠᠴᠠᠭ᠎ᠠ ᠲᠤᠰᠬᠤᠨ ᠬᠢᠵᠢᠭ᠎ᠲᠠᠢ ᠲᠠᠢᠯᠠᠯᠳᠤᠬᠤ 81772 ᠲᠤᠤᠷ ᠬᠤᠪᠢᠶᠠᠷᠢᠯᠠᠨ ᠬᠢᠵᠢᠭ᠎ᠤᠨ ᠪᠠᠢᠲᠠᠯ᠎ᠲᠠᠢ ᠲᠡᠮᠡᠴᠡᠵᠦ ᠂ ᠡᠯ᠎ᠠ ᠰᠤᠮᠤ ᠰᠢᠶᠠᠩ ᠪᠠᠯᠭᠠᠰᠤ ᠪᠤᠯᠤᠨ ᠭᠠᠴᠠᠭ᠎ᠠ ᠲᠤᠰᠬᠤᠨ᠎ᠤ ᠨᠠᠮ᠎ᠤᠨ ᠵᠤᠬᠢᠶᠠᠨ ᠪᠠᠢᠭᠤᠯᠤᠯᠲᠠ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ︽ ᠬᠤᠰᠢᠭᠤᠴᠢ ᠠᠩᠬᠢ ︾ ᠂ ᠵᠢᠱᠢᠶᠡᠴᠢ ᠠᠩᠬᠢ᠎ᠶᠢ 3 ᠲᠦᠮᠡ ᠭᠠᠷᠤᠢ ᠪᠠᠢᠭᠤᠯᠵᠤ ᠂ ᠬᠤᠷᠢᠭ᠎ᠠ ᠬᠠᠰᠢᠭᠤᠷ᠎ᠢ ᠭᠤᠤᠯᠲᠠᠯᠭ᠎ᠠ ᠪᠤᠯᠭᠠᠨ ᠪᠠᠲᠦ ᠰᠠᠬᠢᠵᠦ ᠂ ᠨᠤᠳᠤᠭ᠎ᠲᠠᠭᠠᠨ ᠪᠤᠴᠠᠬᠰᠠᠳ᠎ᠢ ᠨᠢᠬᠲᠠ ᠠᠩᠬᠠᠷᠴᠤ ᠂ ᠪᠦᠬᠦᠨ᠎ᠢ ᠪᠦᠷᠭᠦᠭᠰᠡᠨ ᠵᠢᠬᠰᠠᠭᠠᠨ ᠪᠠᠢᠴᠠᠭᠠᠯᠲᠠ ᠦᠷᠨᠢᠭᠦᠯᠪᠡ ᠃ ᠨᠡᠢᠭᠡᠮ ᠲᠤᠭᠤᠷᠢᠭ᠎ᠤᠨ᠎ᠬᠢᠨ ᠨᠠᠮ᠎ᠤᠨ ᠵᠤᠬᠢᠶᠠᠨ ᠪᠠᠢᠭᠤᠯᠤᠯᠳᠠ᠎ᠪᠠᠨ ᠰᠦᠯᠵᠢᠶᠠᠨ ᠲᠡᠭᠡᠷ᠎ᠠ ᠪᠠᠢᠭᠤᠯᠵᠤ ᠂ ᠨᠡᠢᠭᠡᠮ ᠲᠤᠭᠤᠷᠢᠭ᠎ᠤᠨ ᠰᠡᠷᠬᠡᠢᠯᠡᠨ ᠡᠵᠡᠮᠲᠡᠬᠦ ᠵᠤᠬᠢᠶᠠᠨ ᠪᠠᠢᠭᠤᠯᠤᠯᠲᠠ᠎ᠶᠢᠨ ᠰᠢᠰᠲ᠋ᠸᠮ᠎ᠢ ᠪᠦᠷᠢᠯᠳᠤᠬᠦᠯᠵᠤ ᠂ ᠨᠡᠢᠭᠡᠮ ᠲᠤᠭᠤᠷᠢᠭ ᠂ ᠰᠠᠭᠤᠭᠠᠯᠢ ᠠᠷᠠᠳ᠎ᠤᠨ ᠲᠤᠭᠤᠷᠢᠭ ᠂ ᠠᠰᠠᠷ᠎ᠤᠨ ᠡᠭᠦᠲᠡ᠎ᠶᠢᠨ ︽ ᠭᠤᠷᠪᠠᠨ ᠰᠡᠷᠬᠡᠢᠯᠡᠯᠲᠡ᠎ᠶᠢᠨ ᠱᠤᠭᠤᠮ ︾᠎ᠢ ᠦᠨᠡᠨ ᠬᠦ ᠰᠠᠢᠲᠦᠷ ᠰᠠᠬᠢᠪᠠ ᠃ ᠪᠦᠬᠦ ᠤᠷᠤᠨ᠎ᠤ 2400 ᠭᠠᠷᠤᠢ ᠨᠡᠢᠭᠡᠮ ᠲᠤᠭᠤᠷᠢᠭ᠎ᠤᠨ ᠨᠠᠮ᠎ᠤᠨ ᠵᠤᠬᠢᠶᠠᠨ ᠪᠠᠢᠭᠤᠯᠤᠯᠲᠠ ᠦᠨᠳᠦᠰᠦᠨ ᠱᠠᠲᠤᠨ᠎ᠤ ᠺᠠᠳ᠋ᠷ ᠂ ᠰᠠᠢᠨ ᠲᠤᠷᠠᠴᠤᠤᠯ ᠂ ᠠᠳᠠᠯ ᠠᠬᠤᠢ᠎ᠶᠢᠨ ᠬᠠᠮᠢᠶᠠᠷᠤᠯᠳᠠ᠎ᠶᠢᠨ ᠠᠵᠢᠯᠲᠠᠨ᠎ᠢ ᠪᠦᠯᠬᠦᠮᠲᠡᠭᠦᠯᠦᠨ ᠲᠠᠢᠴᠢᠯᠠᠵᠦ 24 ᠴᠠᠬ᠎ᠢᠶᠠᠷ ᠵᠢᠵᠢᠭᠦᠷᠯᠡᠨ ᠂ ᠰᠠᠭᠤᠭᠠᠯᠢ ᠠᠷᠠᠳ᠎ᠤᠨ ᠲᠤᠭᠤᠷᠢᠭ᠎ᠤᠨ ᠡᠭᠦᠲᠡ᠎ᠶᠢ ᠪᠠᠲᠦ ᠰᠠᠬᠢᠵᠦ ᠂ ᠰᠠᠭᠤᠭᠠᠯᠢ ᠠᠷᠠᠳ᠎ᠤᠨ ᠮᠡᠲᠡᠭᠡ ᠵᠠᠩᠬᠢ᠎ᠶᠢ ᠪᠦᠷᠢᠳᠬᠡᠬᠦ ᠂ ᠰᠠᠭᠤᠭᠠᠯᠢ ᠠᠷᠠᠳ᠎ᠤᠨ ᠪᠡᠶ᠎ᠡ᠎ᠶᠢᠨ ᠬᠠᠯᠠᠭᠤᠨ᠎ᠢ ᠬᠡᠮᠵᠢᠬᠦ ᠂ ᠬᠡᠷ᠎ᠲᠡᠭᠡᠨ ᠲᠤᠰᠠᠭᠠᠷᠯᠠᠵᠦ ᠪᠠᠢᠭ᠎ᠠ ᠬᠦᠮᠦᠰ᠎ᠢ ᠤᠷᠤᠯᠠᠨ ᠡᠲᠦᠷ ᠲᠤᠲᠤᠮ᠎ᠤᠨ ᠡᠳ᠋ᠯᠡᠯ ᠬᠡᠷᠡᠭᠰᠡᠯ᠎ᠢ ᠬᠤᠳᠠᠯᠳᠤᠨ ᠠᠪᠴᠤ ᠬᠦᠷᠬᠡᠬᠦ ᠮᠡᠲᠦ᠎ᠶᠢᠨ ᠤᠯᠠᠨ ᠠᠵᠢᠯ᠎ᠢ ᠬᠢᠵᠡᠢ ᠃
ᠠᠷᠠᠳ ᠲᠦᠮᠡᠨ᠎ᠤ ᠠᠮᠢ ᠨᠠᠰᠤ ᠠᠯᠢᠪᠡ᠎ᠡᠴᠠ ᠡᠷᠬᠢᠮ ᠃ ᠬᠢᠵᠢᠭ᠎ᠤᠨ ᠪᠠᠢᠲᠠᠯ ᠡᠭᠦᠰᠦᠭᠰᠡᠨ᠎ᠡᠴᠠ ᠨᠠᠭᠠᠰᠢ ᠂ ᠡᠯ᠎ᠡ ᠭᠠᠵᠠᠷ᠎ᠤᠨ᠎ᠬᠢᠨ ᠤᠷᠢᠳ ᠬᠤᠵᠢᠳ ᠰᠠᠭᠤᠭᠠᠯᠢ ᠠᠷᠠᠳ᠎ᠤᠨ ᠲᠤᠭᠤᠷᠢᠭ ᠂ ᠬᠤᠲᠠ ᠬᠦᠲᠡᠭᠡ᠎ᠶᠢᠨ ᠭᠠᠷᠴᠤ ᠤᠷᠤᠬᠤ ᠭᠠᠵᠠᠷ ᠂ ᠪᠠᠴᠢᠮ ᠪᠠᠢᠲᠠᠯ᠎ᠢ ᠠᠷᠭᠠᠴᠠᠭᠠᠬᠤ ᠪᠠᠲᠤᠯᠠᠭ᠎ᠠ ᠂ ᠤᠯᠠᠨ ᠨᠡᠢᠲᠡ᠎ᠶᠢᠨ ᠦᠢᠯᠡᠴᠢᠯᠡᠭᠡ ᠵᠡᠷᠭᠡ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠡᠮᠤᠨ᠎ᠠ ᠹᠷᠤᠨᠲ᠎ᠲᠤ 7162 ᠲᠦᠷ ᠴᠠᠬ᠎ᠤᠨ ᠨᠠᠮ᠎ᠤᠨ ᠵᠤᠬᠢᠶᠠᠨ ᠪᠠᠢᠭᠤᠯᠤᠯᠲᠠ᠎ᠶᠢ ᠪᠠᠢᠭᠤᠯᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠠᠮᠤᠭ᠎ᠤᠨ ᠡᠮᠦᠨ᠎ᠡ ᠹᠷᠤᠨᠲ᠎ᠲᠤ ᠴᠢᠩᠭ᠎ᠠ ᠬᠦᠴᠦᠲᠠᠢ ᠲᠠᠢᠴᠢᠨ ᠪᠡᠬᠢᠯᠡᠯᠲᠡ᠎ᠶᠢ ᠴᠤᠬᠴᠠᠯᠠᠵᠦ ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ᠎ᠤᠨ ᠡᠷᠡᠭᠦᠯ ᠴᠢᠬᠢᠷᠠᠭ᠎ᠢ ᠰᠠᠬᠢᠨ ᠬᠠᠮᠠᠭᠠᠯᠠᠵᠦ ᠂ ᠨᠠᠮ᠎ᠤᠨ ᠲᠤᠭ᠎ᠢ ᠢᠮᠡᠬᠳᠠ ᠡᠮᠦᠨ᠎ᠡ ᠹᠷᠤᠨᠲ᠎ᠲᠤ ᠦᠨᠳᠦᠷ ᠨᠠᠮᠢᠷᠠᠭᠤᠯᠤᠬᠰᠠᠭᠠᠷ ᠢᠷᠠᠵᠠᠢ ᠃
ᠨᠢᠭᠡ ᠨᠠᠮ᠎ᠤᠨ ᠬᠡᠰᠢᠭᠦᠨ ᠪᠤᠯ ᠬᠢᠵᠢᠭ᠎ᠲᠠᠢ ᠲᠡᠮᠡᠴᠡᠬᠦ ᠨᠢᠭᠡᠨ ᠲᠤᠭ ᠲᠡᠮᠲᠡᠭ ᠮᠦᠨ  ᠦᠷᠭᠡᠨ ᠤᠯᠠᠨ ᠨᠠᠮ᠎ᠤᠨ ᠬᠡᠰᠢᠭᠦᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠡᠮᠦᠨ᠎ᠡ ᠹᠷᠤᠨᠲ᠎ᠲᠤ ᠪᠤᠲᠠᠲᠤ ᠠᠵᠢᠯᠯᠠᠭ᠎ᠠ᠎ᠪᠠᠷ᠎ᠢᠶᠡᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠲᠦᠯᠭᠡᠵᠢᠭᠦᠯᠪᠡ
︽ ᠪᠢ ᠪᠣᠯ ᠨᠠᠮ᠎ᠤᠨ ᠭᠡᠰᠢᠭᠦᠨ ᠂ ᠤᠷᠢᠳ᠎ᠢᠶᠠᠷ ᠡᠮᠤᠨ᠎ᠠ ᠹᠷᠤᠨᠲ᠎ᠲᠤ ᠮᠤᠷᠳᠠᠨ᠎ᠠ ︾ ᠁ ᠬᠢᠵᠢᠭ᠎ᠲᠠᠢ ᠲᠡᠮᠡᠴᠡᠬᠦ ᠲᠠᠢᠨ᠎ᠤ ᠲᠠᠯᠠᠪᠤᠷ᠎ᠲᠤ ᠪᠦᠬᠦ ᠣᠷᠣᠨ᠎ᠤ ᠨᠠᠮ᠎ᠤᠨ ᠭᠡᠰᠢᠭᠦᠨ ᠺᠠᠳ᠋ᠷᠴᠤᠳ ᠰᠠᠨᠠᠭᠠᠴᠢᠯᠠᠭ᠎ᠠ᠎ᠡᠴᠠ᠎ᠪᠠᠨ ᠡᠮᠦᠨ᠎ᠡ ᠹᠷᠤᠨᠲ᠎ᠲᠤ ᠮᠤᠷᠲᠠᠵᠦ ᠂ ᠮᠡᠲᠡᠭᠡ ᠵᠠᠩᠬᠢ᠎ᠶᠢᠨ ᠠᠵᠢᠯᠲᠠᠨ ᠂ ᠲᠤᠭᠤᠷᠢᠨ ᠪᠠᠢᠴᠠᠭᠠᠬᠴᠢ ᠂ ᠤᠬᠠᠭᠤᠯᠤᠬᠴᠢ ᠂ ᠡᠷᠡᠭᠦᠯ ᠬᠠᠮᠠᠭᠠᠯᠠᠯ᠎ᠤᠨ ᠠᠵᠢᠯᠲᠠᠨ ᠂ ᠠᠮᠤᠷ ᠲᠦᠪᠰᠢᠨ᠎ᠤ ᠠᠵᠢᠯᠲᠠᠨ ᠪᠤᠯᠵᠦ ᠂ ᠬᠢᠵᠢᠭ᠎ᠤᠨ ᠪᠠᠢᠲᠠᠯ᠎ᠢ ᠬᠢᠨᠠᠨ ᠬᠡᠮᠵᠢᠬᠦ ᠂ ᠵᠢᠬᠰᠠᠭᠠᠨ ᠪᠠᠢᠴᠠᠭᠠᠬᠤ ᠂ ᠰᠡᠷᠡᠮᠵᠢᠯᠡᠭᠦᠯᠬᠦ ᠂ ᠰᠡᠷᠬᠡᠢᠯᠡᠨ ᠡᠵᠡᠮᠲᠡᠬᠦ ᠵᠡᠷᠭᠡ ᠠᠵᠢᠯ᠎ᠢ ᠰᠠᠢᠲᠦᠷ ᠬᠢᠪᠠ ᠃ ᠦᠬᠠᠢ ᠬᠤᠲᠠ᠎ᠶᠢᠨ᠎ᠬᠢᠨ ᠨᠠᠮ᠎ᠤᠨ ᠬᠡᠰᠢᠭᠦᠨ ︽ ᠪᠡᠶ᠎ᠡ᠎ᠶᠢᠨ ᠭᠠᠷᠤᠯ᠎ᠢᠶᠡᠨ ᠢᠯᠡ ᠮᠡᠲᠡᠭᠲᠡᠵᠦ ᠂ ᠡᠮᠦᠨ᠎ᠡ ᠹᠷᠤᠨᠲ᠎ᠲᠤ ᠮᠤᠷᠲᠠᠵᠦ ᠂ ᠬᠤᠰᠢᠭᠤᠴᠢ ᠪᠤᠯᠬᠤ ︾ ᠠᠵᠢᠯᠯᠠᠭ᠎ᠠ ᠦᠷᠨᠢᠭᠦᠯᠵᠦ ᠂ ᠬᠤᠲᠠ ᠰᠢᠶᠠᠨ ᠬᠤᠶᠠᠷ ᠱᠠᠲᠤᠨ᠎ᠤ ᠪᠠᠢᠭᠤᠯᠭ᠎ᠠ ︽ ᠨᠠᠮ᠎ᠤᠨ ᠬᠡᠰᠢᠭᠦᠨ᠎ᠤ ᠬᠤᠰᠢᠭᠤᠴᠢ ᠠᠵᠢᠯ᠎ᠤᠨ ᠪᠠᠢᠷᠢ ︾᠎ᠶᠢ 1332 ᠲᠤᠬᠢᠷᠠᠭᠤᠯᠤᠨ ᠂ ᠨᠠᠮ᠎ᠤᠨ ᠬᠡᠰᠢᠭᠦᠨ ᠰᠠᠨᠠᠭᠠᠴᠢᠯᠠᠭ᠎ᠠ᠎ᠡᠴᠠ᠎ᠪᠠᠨ ᠠᠵᠢᠯ᠎ᠤᠨ ᠪᠠᠢᠷᠢᠨ᠎ᠳ᠋ᠤ ᠭᠠᠷᠴᠤ ᠂ ᠬᠢᠵᠢᠭ᠎ᠤᠨ ᠪᠠᠢᠲᠠᠯ᠎ᠢ ᠵᠢᠬᠰᠠᠭᠠᠨ ᠪᠠᠢᠴᠠᠭᠠᠬᠤ ᠂ ᠦᠢᠯᠡᠴᠢᠯᠡᠭᠡ ᠪᠠᠲᠤᠯᠠᠭ᠎ᠠ ᠵᠡᠷᠭᠡ ᠠᠵᠢᠯ᠎ᠢ ᠬᠠᠮᠵᠢᠨ ᠦᠷᠨᠢᠭᠦᠯᠪᠠ ᠃
ᠡᠨᠡ ᠬᠦ ᠲᠠᠷᠢ᠎ᠶᠢᠨ ᠤᠳᠤᠭ᠎ᠠ ᠦᠭᠡᠢ ᠲᠠᠢᠨ᠎ᠤ ᠲᠠᠯᠠᠪᠤᠷ᠎ᠲᠤ ᠦᠷᠭᠡᠨ ᠤᠯᠠᠨ ᠨᠠᠮ᠎ᠤᠨ ᠬᠡᠰᠢᠭᠦᠨ ᠠᠶᠤᠯ ᠲᠦᠭᠰᠢᠭᠦᠷᠢ᠎ᠶᠢ ᠬᠠᠢᠬᠤᠷᠤᠯ ᠦᠭᠡᠢ᠎ᠪᠠᠷ ᠬᠢᠵᠢᠭ᠎ᠲᠠᠢ ᠲᠡᠮᠡᠴᠡᠬᠦ ᠡᠮᠦᠨ᠎ᠡ ᠹᠷᠤᠨᠲ᠎ᠲᠤ ᠬᠤᠰᠢᠭᠤᠴᠢ ᠵᠢᠱᠢᠶᠡᠴᠢ᠎ᠶᠢᠨ ᠦᠢᠯᠡᠲᠦᠯ᠎ᠢᠶᠡᠨ ᠪᠠᠲᠠᠷᠠᠭᠤᠯᠤᠬᠰᠠᠨ ᠪᠢᠯᠡ ᠃ 1 ᠰᠠᠷ᠎ᠠ᠎ᠶᠢᠨ 27᠎ᠤ ᠡᠲᠦᠷ ᠂ ᠦᠪᠦᠷ ᠮᠤᠩᠭᠤᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠦ ᠡᠮᠨᠡᠯᠭᠡ᠎ᠶᠢᠨ ᠬᠤᠷᠢᠶᠠᠨ᠎ᠤ ᠠᠷᠢᠭᠤᠳᠬᠠᠬᠤ ᠬᠠᠩᠭᠠᠯᠭ᠎ᠠ᠎ᠶᠢᠨ ᠲᠦᠪ᠎ᠤᠨ ᠰᠤᠪᠢᠯᠠᠬᠴᠢ᠎ᠶᠢᠨ ᠲᠠᠷᠤᠭ᠎ᠠ ᠰᠢᠶᠠ ᠯᠢᠩ ᠡᠮᠨᠡᠯᠭᠡ᠎ᠶᠢᠨ ᠬᠤᠷᠢᠶᠠᠨ᠎ᠤ᠎ᠪᠠᠨ ᠨᠠᠮ᠎ᠤᠨ ᠬᠤᠷᠢᠶᠠᠨ᠎ᠳᠠᠭᠠᠨ ᠭᠤᠶᠤᠴᠢᠯᠠᠬᠤ ᠪᠢᠴᠢᠭ ᠲᠤᠰᠢᠶᠠᠵᠦ ᠂ ᠡᠷᠡᠭᠡᠯᠵᠡᠯ ᠦᠭᠡᠢ᠎ᠪᠠᠷ ᠬᠠᠮᠤᠭ᠎ᠤᠨ ᠠᠶᠤᠯᠲᠠᠢ ᠭᠠᠵᠠᠷ ᠵᠦᠭ ᠤᠷᠤᠬᠰᠢᠯᠠᠬᠤ᠎ᠪᠠᠷ ᠭᠤᠶᠤᠴᠢᠯᠠᠪᠠ ︔ ᠬᠢᠩᠭᠠᠨ ᠠᠢᠮᠠᠭ᠎ᠤᠨ 800 ᠭᠠᠷᠤᠢ ᠭᠠᠴᠠᠭ᠎ᠠ ᠲᠤᠰᠬᠤᠨ᠎ᠳ᠋ᠤ ᠰᠠᠭᠤᠭ᠎ᠠ ︽ ᠨᠢᠭᠡᠲᠦᠭᠡᠷ ᠱᠦᠵᠢ ︾ ᠢᠲᠡᠪᠬᠢᠲᠡᠢ᠎ᠪᠠᠷ ᠬᠦᠲᠡᠭᠡ ᠲᠤᠰᠬᠤᠨ᠎ᠤ ᠡᠮᠦᠨ᠎ᠡ ᠹᠷᠤᠨᠲ᠎ᠲᠤ ᠬᠦᠷᠴᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠳ᠋ᠤ ᠤᠷᠤᠯᠴᠠᠨ ᠂ ᠭᠠᠴᠠᠭ᠎ᠠ ᠲᠤᠰᠬᠤᠨ᠎ᠤ ᠨᠠᠮ᠎ᠤᠨ ᠬᠡᠰᠢᠭᠦᠨ ᠺᠠᠳ᠋ᠷ᠎ᠲᠠᠢ ᠰᠡᠳᠬᠢᠯ ᠨᠢᠭᠡᠲᠦᠨ ᠲᠠᠢᠯᠠᠯᠳᠤᠵᠦ ᠂ ᠤᠯᠠᠨ᠎ᠢᠶᠠᠷ᠎ᠢᠶᠡᠨ ᠰᠡᠷᠬᠡᠢᠯᠡᠵᠦ ᠤᠯᠠᠨ᠎ᠢᠶᠠᠷ᠎ᠢᠶᠡᠨ ᠡᠵᠡᠮᠲᠡᠬᠦ ᠪᠠᠲᠦ ᠪᠡᠬᠢᠯᠡᠯᠲᠡ᠎ᠶᠢ ᠴᠤᠬᠴᠠᠯᠠᠬᠰᠠᠨ ᠪᠠᠢᠨ᠎ᠠ ᠃ 2 ᠰᠠᠷ᠎ᠠ᠎ᠶᠢᠨ 2 ‍ᠤᠨ ᠥᠷᠯᠥᠭᠡ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠠᠵᠢᠯ᠎ᠳ᠋ᠤ ᠶᠠᠭᠠᠷᠠᠵᠤ ᠂ ᠨᠢᠭᠡᠨᠳᠡ 9 ᠡᠳᠦᠷ ᠰᠠᠢᠬᠠᠨ ᠤᠨᠳᠠᠵᠤ ᠠᠮᠠᠷᠠᠭᠠᠳᠤᠢ ᠲᠦᠩᠯᠢᠶᠤᠤ ᠬᠤᠲᠠ᠎ᠶᠢᠨ ᠬᠤᠷᠴᠢᠨ ᠵᠡᠭᠦᠨ ᠭᠠᠷᠤᠨ ᠲᠤᠮᠲᠠᠲᠤ ᠬᠤᠰᠢᠭᠤᠨ᠎ᠤ ᠪᠤᠯᠤᠩ᠎ᠤᠨ ᠵᠤ᠋ ᠪᠠᠯᠭᠠᠰᠤᠨ᠎ᠤ ᠪᠠᠷᠠᠭᠤᠨ ᠪᠤᠯᠤᠩ᠎ᠤᠨ ᠵᠤ᠋ ᠭᠠᠴᠠᠭᠠᠨ᠎ᠤ ᠨᠠᠮ᠎ᠤᠨ ᠡᠭᠦᠷ᠎ᠤᠨ ᠱᠦᠵᠢ ᠴᠢᠨ ᠬᠤᠩ ᠭᠠᠴᠠᠭᠠᠨ᠎ᠤ ᠠᠷᠠᠳ᠎ᠤᠨ ᠵᠦᠪᠯᠡᠯ᠎ᠡᠴᠠ᠎ᠪᠠᠨ 300 ᠮᠧᠲ᠋ᠷ ᠵᠠᠶᠢᠲᠠᠶ ᠴᠤᠪᠤᠭ᠎ᠠ ᠵᠠᠮ ᠳᠡᠭᠡᠷ᠎ᠡ ᠮᠠᠭᠤᠵᠢᠷᠠᠨ ᠤᠨᠠᠵᠦ ᠲᠦᠷᠬᠡᠨ ᠠᠪᠤᠷᠠᠯᠲᠠ ᠬᠢᠭᠰᠡᠨ ᠪᠤᠯᠪᠠᠴᠤ ᠲᠤᠰᠠ ᠪᠤᠯᠤᠬᠰᠠᠨ ᠦᠭᠡᠢ ᠬᠢᠵᠢᠭ᠎ᠲᠠᠢ ᠲᠡᠮᠡᠴᠡᠬᠦ ᠡᠮᠦᠨ᠎ᠡ ᠹᠷᠤᠨᠲ᠎ᠲᠤ ᠠᠯᠲᠠᠨ ᠠᠮᠢ᠎ᠪᠠᠨ ᠦᠷᠡᠭᠲᠡᠭᠦᠯᠪᠡ ᠃ ᠬᠢᠵᠢᠭ᠎ᠲᠠᠢ ᠲᠡᠮᠡᠴᠡᠬᠦ ᠲᠠᠢᠨ᠎ᠤ ᠲᠠᠯᠠᠪᠤᠷ᠎ᠲᠤ ᠴᠢᠨ ᠬᠤᠩ ᠰᠢᠬ ᠨᠢᠭᠡ ᠪᠦᠯᠦᠭ ᠮᠠᠬᠲᠠᠨ ᠲᠠᠭᠤᠯᠠᠭᠤᠰᠢᠲᠠᠢ ᠲᠡᠷᠢᠭᠦᠨ᠎ᠤ ᠬᠦᠮᠦᠰ ᠠᠮᠢ ᠨᠠᠰᠤ᠎ᠪᠠᠷ᠎ᠢᠶᠡᠨ ᠨᠢᠭᠡᠨ ᠡᠪ ᠬᠠᠮᠳᠤ ᠨᠠᠮ᠎ᠤᠨ ᠬᠡᠰᠢᠭᠦᠨ᠎ᠤ ᠦᠨᠡᠨᠴᠢ ᠰᠢᠲᠤᠷᠭᠤ ᠬᠠᠷᠢᠭᠤᠴᠠᠯᠭ᠎ᠠ ᠡᠬᠦᠷᠭᠡᠯᠡᠯ᠎ᠢ ᠪᠢᠴᠢᠭᠯᠡᠭᠰᠡᠨ ᠶᠤᠮ ᠃
ᠬᠢᠵᠢᠭ᠎ᠲᠠᠢ ᠲᠠᠮᠡᠴᠡᠬᠦ ᠪᠤᠯ ᠨᠠᠮ᠎ᠤᠨ ᠬᠡᠰᠢᠭᠦᠨ ᠺᠠᠳ᠋ᠷᠴᠤᠳ᠎ᠤᠨ ᠵᠠᠢᠯᠠᠭᠤᠯᠵᠦ ᠪᠤᠯᠤᠰᠢ ᠦᠭᠡᠢ ᠬᠠᠷᠢᠭᠤᠴᠠᠯᠭ᠎ᠠ ᠂ ᠵᠠᠡᠭᠬᠢᠯᠠᠡᠭ᠎ᠠ᠎ᠶᠢᠨ ᠦᠶ᠎ᠠ᠎ᠳ᠋ᠤ ᠲᠠᠭᠠᠷᠢᠨ ᠤᠷᠤᠵᠤ ᠂ ᠲᠦᠭᠰᠢᠬᠦᠷᠢ᠎ᠲᠠᠢ ᠦᠶ᠎ᠠ᠎ᠳ᠋ᠤ ᠠᠮᠢ ᠴᠦᠯᠡᠨ ᠠᠵᠢᠯᠯᠠᠪᠠᠯ ᠰᠠᠶᠢ ᠵᠢᠡᠭᠬᠢᠨᠢ ᠨᠠᠮ᠎ᠤᠨ ᠭᠡᠰᠢᠬᠦᠨ᠎ᠳ᠋ᠤ ᠲᠤᠭᠠᠴᠠᠭᠳᠠᠬᠤ ᠶᠤᠮ ᠃ ᠮᠠᠨ᠎ᠤ ᠤᠷᠤᠨ᠎ᠤ ᠦᠷᠭᠡᠨ ᠤᠯᠠᠨ ᠨᠠᠮ᠎ᠳ᠋ᠤ ᠤᠷᠤᠬᠤ ᠢᠲᠡᠪᠬᠢᠲᠡᠨ ᠬᠢᠵᠢᠭ᠎ᠲᠠᠢ ᠲᠡᠮᠡᠴᠡᠬᠦ᠎ᠶᠢ ᠨᠠᠮᠴᠢ ᠴᠢᠨᠠᠷ᠎ᠢᠶᠡᠨ ᠪᠤᠯᠪᠠᠰᠤᠷᠠᠭᠤᠯᠬᠤ ᠰᠢᠯᠭᠠᠭᠤᠷ ᠪᠤᠯᠭᠠᠵᠦ ᠂ ᠭᠠᠯ ᠹᠷᠤᠨᠲ᠎ᠲᠤ ᠡᠮᠦᠨ᠎ᠡ᠎ᠨᠢ ᠬᠤᠰᠢᠭᠤᠷᠠᠨ ᠂ ᠪᠤᠯᠪᠠᠰᠤᠷᠠᠯ᠎ᠢ ᠬᠦᠯᠢᠶᠡᠨ ᠂ ᠪᠤᠲᠠᠲᠤ ᠠᠵᠢᠯᠯᠠᠭ᠎ᠠ᠎ᠪᠠᠷ᠎ᠢᠶᠡᠨ ᠨᠡᠮ᠎ᠤᠨ ᠵᠤᠬᠢᠶᠠᠨ ᠪᠠᠢᠭᠤᠯᠤᠯᠲᠠ᠎ᠳ᠋ᠤ ᠤᠷᠤᠬᠤ ᠲᠠᠩᠭᠠᠷᠢᠭ᠎ᠢᠶᠡᠨ ᠦᠢᠯᠡᠲᠦᠯᠭᠡᠵᠢᠭᠦᠯᠪᠡ ᠃ ᠲᠡᠲᠡᠨ᠎ᠤ ᠲᠤᠮᠲᠠ ᠡᠮᠴᠢ ᠰᠤᠪᠢᠯᠠᠬᠴᠢ ᠪᠠᠢᠨ᠎ᠠ ᠂ ᠲᠤᠲᠤᠭᠠᠲᠦ᠎ᠶᠢ ᠬᠠᠮᠠᠭᠠᠯᠠᠬᠤ ᠠᠷᠠᠳ᠎ᠤᠨ ᠴᠠᠬᠲᠠᠭ᠎ᠠ ᠪᠠᠢᠨ᠎ᠠ ᠂ ᠨᠡᠢᠭᠡᠮ ᠲᠤᠭᠤᠷᠢᠭ ︵ ᠭᠠᠴᠠᠭ᠎ᠠ ᠲᠤᠰᠬᠤᠨ ︶᠎ᠤᠨ ᠠᠵᠢᠯᠲᠠᠨ ᠪᠠᠢᠨ᠎ᠠ ᠂ ᠪᠤᠰᠤᠳ ᠠᠵᠢᠯ᠎ᠤᠨ ᠪᠠᠢᠷᠢ᠎ᠳ᠋ᠠᠬᠢ ᠠᠵᠢᠯᠲᠠᠨ ᠴᠤ ᠪᠠᠢᠨ᠎ᠠ ᠃ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠨᠠᠮ᠎ᠤᠨ ᠬᠡᠰᠢᠭᠦᠨ᠎ᠢ ᠬᠦᠭᠵᠢᠭᠦᠯᠬᠦ ᠠᠵᠢᠯ᠎ᠢ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠬᠤᠷᠢᠬᠯᠠᠯᠲᠠ᠎ᠶᠢᠨ ᠲᠠᠢᠯᠠᠯᠳᠤᠭᠠᠨ᠎ᠤ ᠢᠯᠠᠯᠲᠠ᠎ᠶᠢ ᠤᠯᠬᠤ ᠨᠢᠭᠡᠨ ᠴᠢᠬᠤᠯᠠ ᠠᠷᠭ᠎ᠠ ᠠᠪᠴᠠᠯ ᠪᠤᠯᠭᠠᠵᠦ ᠂ ᠬᠢᠵᠢᠭ᠎ᠲᠠᠢ ᠲᠡᠮᠡᠴᠡᠬᠦ ᠬᠤᠭᠤᠴᠠᠭᠠᠨ᠎ᠳ᠋ᠤ ᠪᠦᠬᠦ ᠤᠷᠤᠨ᠎ᠳ᠋ᠤ 1300 ᠭᠠᠷᠤᠢ ᠬᠦᠮᠦᠨ ᠨᠠᠮ᠎ᠳ᠋ᠤ ᠤᠷᠤᠬᠤ᠎ᠪᠠᠷ ᠭᠤᠶᠤᠴᠢᠯᠠᠵᠦ ᠂ ᠬᠢᠵᠢᠭ᠎ᠲᠠᠢ ᠲᠡᠮᠡᠴᠡᠬᠦ ᠡᠮᠦᠨ᠎ᠡ ᠹᠷᠤᠨᠲ᠎ᠲᠤ ᠢᠯᠡᠷᠡᠯ ᠲᠤᠪᠤᠢᠮ᠎ᠠ 170 ᠭᠠᠷᠤᠢ ᠲᠡᠷᠢᠭᠦᠨ᠎ᠤ ᠬᠦᠮᠦᠰ ᠭᠠᠯ ᠹᠷᠤᠨᠲ᠎ᠲᠤ ᠨᠠᠮ᠎ᠳ᠋ᠤ ᠤᠷᠤᠵᠦ ᠂ ᠡᠮᠦᠨ᠎ᠡ ᠹᠷᠤᠨᠲ᠎ᠤᠨ ᠠᠵᠢᠯᠲᠠᠨ᠎ᠤ ᠢᠲᠡᠭᠡᠯ ᠵᠤᠷᠢᠭ᠎ᠢ ᠪᠠᠲᠤᠳᠬᠠᠨ ᠂ ᠡᠷᠡᠯᠭᠡᠭᠯᠡᠨ ᠲᠡᠮᠡᠴᠡᠬᠦ᠎ᠶᠢ ᠬᠦᠴᠦᠲᠠᠢ ᠵᠤᠷᠢᠬᠵᠢᠭᠤᠯᠵᠦ ᠂ ᠢᠲᠡᠭᠡᠯ ᠲᠡᠭᠦᠯᠲᠡᠷ᠎ᠢᠶᠠᠷ ᠬᠢᠵᠢᠭ᠎ᠲᠠᠢ ᠲᠡᠮᠡᠴᠡᠭᠦᠯᠪᠡ ᠃
ᠨᠠᠮ᠎ᠤᠨ ᠬᠠᠢᠷ᠎ᠠ ᠬᠠᠯᠠᠮᠵᠢ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠡᠮᠦᠨ᠎ᠡ ᠹᠷᠤᠨᠲ᠎ᠲᠠᠬᠢ ︽ ᠬᠠᠮᠤᠭ᠎ᠤᠨ ᠬᠠᠢᠷᠠᠲᠠᠢ ᠬᠦᠮᠦᠨ ︾᠎ᠤ ᠰᠡᠳᠬᠢᠯ᠎ᠢ ᠲᠤᠯᠠᠭᠠᠴᠠᠭᠤᠯᠤᠬᠰᠠᠨ ᠪᠠᠢᠨ᠎ᠠ ᠃ ᠮᠠᠨ᠎ᠤ ᠤᠷᠤᠨ᠎ᠤ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠤᠯᠠᠨ ᠵᠦᠢᠯ᠎ᠤᠨ ᠠᠷᠭ᠎ᠠ ᠬᠡᠯᠪᠡᠷᠢ᠎ᠪᠠᠷ ᠬᠠᠨᠳᠢᠪᠯᠡᠬᠤ ᠠᠵᠢᠯᠯᠠᠭ᠎ᠠ᠎ᠶᠢ ᠡᠮᠬᠢ ᠵᠢᠷᠦᠮ᠎ᠲᠠᠢ ᠵᠤᠬᠢᠶᠠᠨ ᠪᠠᠢᠭᠤᠯᠵᠦ ᠂ ᠦᠷᠭᠡᠨ ᠤᠯᠠᠨ ᠨᠠᠮ᠎ᠤᠨ ᠬᠡᠰᠢᠭᠦᠨ ᠰᠠᠢᠨ ᠲᠤᠷ᠎ᠠ᠎ᠡᠴᠠ᠎ᠪᠠᠨ ᠵᠤᠭᠤᠰ ᠪᠤᠳᠠᠰ ᠬᠠᠨᠳᠢᠪᠯᠠᠵᠦ ᠂ ᠬᠠᠢᠷ᠎ᠠ ᠬᠠᠯᠠᠮᠵᠢ ᠬᠦᠷᠭᠡᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠡᠮᠦᠨ᠎ᠡ ᠹᠷᠤᠨᠲ᠎ᠤᠨ ᠡᠮᠴᠢ ᠰᠤᠪᠢᠯᠠᠬᠴᠢ ᠂ ᠲᠤᠲᠤᠭᠠᠲᠦ᠎ᠶᠢ ᠬᠠᠮᠠᠭᠠᠯᠠᠬᠤ ᠠᠷᠠᠳ᠎ᠤᠨ ᠴᠠᠬᠲᠠᠭ᠎ᠠ ᠪᠤᠯᠤᠨ ᠨᠡᠢᠭᠡᠮ ᠲᠤᠭᠤᠷᠢᠭ᠎ᠤᠨ ᠠᠵᠢᠯᠲᠠᠨ ᠂ ᠰᠠᠢᠨ ᠲᠤᠷᠠᠴᠤᠳ ᠂ ᠶᠠᠳᠠᠭᠤ ᠬᠦᠴᠢᠷᠳᠠᠯᠳᠠᠢ ᠤᠯᠠᠨ ᠲᠦᠮᠡᠨ᠎ᠳ᠋ᠤ ᠬᠠᠯᠠᠮᠵᠢᠯᠠᠵᠤ ᠪᠠᠢᠭ᠎ᠠ ᠰᠡᠳᠬᠢᠯᠭᠡ᠎ᠪᠠᠨ ᠢᠯᠡᠳᠬᠡᠵᠦ ᠂ ᠪᠤᠲᠠᠲᠤ ᠠᠵᠢᠯᠯᠠᠭ᠎ᠠ᠎ᠪᠠᠷ᠎ᠢᠶᠡᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠢ ᠲᠡᠮᠵᠢᠪᠡ ᠃ 3 ᠰᠠᠷ᠎ᠠ᠎ᠶᠢᠨ 2᠎ᠤᠨ ᠡᠲᠦᠷ ᠂ ᠰᠢᠯᠢ᠎ᠶᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠤᠰᠢᠭᠤᠨ᠎ᠤ ᠬᠠᠲᠠᠪᠴᠢ ᠪᠠᠯᠭᠠᠰᠤᠨ᠎ᠤ ᠱᠠᠩᠲᠤ ᠭᠠᠴᠠᠭᠠᠨ᠎ᠤ ︽ ᠨᠠᠮ᠎ᠤᠨ ᠬᠡᠰᠢᠭᠦᠨ ᠭᠤᠤᠯᠯᠠᠬᠤ ᠡᠷᠦᠭᠡ ︾ ᠂ ᠤᠯᠢᠶᠠᠰᠤᠲᠠᠢ ᠪᠠᠯᠭᠠᠰᠤᠨ᠎ᠤ ᠲᠤᠯᠠᠭᠠᠨ ᠭᠠᠴᠠᠭ᠎ᠠ᠎ᠶᠢᠨ ︽ ᠨᠠᠮ᠎ᠤᠨ ᠬᠡᠰᠢᠭᠦᠨ ᠭᠤᠤᠯᠯᠠᠬᠤ ᠡᠷᠦᠭᠡ ︾ ᠲᠤᠰ ᠲᠤᠰ ᠮᠤᠩᠭᠤᠯ ᠬᠡᠷ᠎ᠲᠡᠭᠡᠨ ᠤᠢᠷ᠎ᠠ ᠬᠠᠪᠢ᠎ᠶᠢᠨ ᠨᠠᠮ᠎ᠤᠨ ᠬᠡᠰᠢᠭᠦᠨ᠎ᠢ ᠵᠤᠬᠢᠶᠠᠨ ᠪᠠᠢᠭᠤᠯᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠢ ᠲᠡᠮᠵᠢᠬᠦ ᠵᠤᠭᠤᠰ ᠬᠠᠨᠳᠢᠪᠯᠠᠬᠤ ᠶᠤᠰᠤᠯᠠᠯ ᠡᠷᠬᠢᠯᠡᠪᠡ ᠃ ᠰᠠᠢᠬᠠᠨ ᠶᠠᠳᠠᠭᠤ᠎ᠡᠴᠠ ᠠᠩᠬᠢᠵᠢᠷᠠᠬᠰᠠᠨ ᠮᠠᠯᠴᠢᠨ ᠨᠠᠮ᠎ᠤᠨ ᠬᠡᠰᠢᠭᠦᠨ ᠨᠠᠰᠤᠨᠪᠠᠶᠠᠷ ᠰᠠᠢᠨ ᠲᠤᠷ᠎ᠠ᠎ᠡᠴᠠ᠎ᠪᠠᠨ 3000 ᠲᠦᠭᠦᠷᠢᠭ ᠬᠠᠨᠳᠢᠪᠯᠠᠵᠦ ᠂ ︽ ᠨᠠᠮ᠎ᠤᠨ ᠲᠤᠶᠠᠭᠠᠯᠠᠯ ᠲᠤᠤᠷ᠎ᠠ ᠪᠢᠲᠡᠨ᠎ᠤ ᠠᠮᠢᠳᠤᠷᠠᠯ ᠡᠳᠤᠷ ᠢᠷᠡᠬᠦᠶ᠎ᠠ ᠰᠠᠢᠵᠢᠷᠠᠵᠤ ᠂ ᠲᠠᠨᠢᠬᠦᠨ ᠲᠠᠪᠠᠳᠠᠢ ᠠᠮᠢᠳᠤᠷᠠᠬᠤ ᠪᠤᠯᠤᠭᠰᠠᠨ ᠃ ᠤᠳᠤ ᠲᠦᠭᠰᠢᠬᠦᠷᠢ᠎ᠲᠠᠢ ᠦᠶ᠎ᠠ ᠨᠠᠮ᠎ᠤᠨ ᠭᠡᠰᠢᠬᠦᠨ ᠪᠤᠯᠤᠭᠰᠠᠨ ᠪᠢᠳᠠ ᠨᠠᠷ ᠬᠦᠴᠤᠨ ᠴᠢᠳᠠᠯ᠎ᠢᠶᠡᠨ ᠨᠠᠮᠠᠷᠢᠯᠡᠬᠦ ᠶᠤᠰᠤᠳᠠᠢ ᠃ ᠬᠢᠵᠢᠭ᠎ᠲᠠᠢ ᠲᠡᠮᠡᠴᠡᠬᠦ᠎ᠳ᠋ᠤ ᠪᠢ ᠨᠢᠭᠡᠨ ᠮᠦᠷᠦ᠎ᠶᠢᠨ ᠬᠦᠴᠦᠨ᠎ᠢᠶᠡᠨ ᠡᠷᠭᠦᠨ᠎ᠡ ︾ ᠬᠡᠵᠦ ᠪᠤᠳᠤᠯ ᠰᠡᠳᠬᠢᠯ᠎ᠢᠶᠡᠨ ᠲᠤᠳᠤᠷᠠᠭᠤᠯᠵᠤ ᠭᠠᠷᠤᠯ᠎ᠠ ᠃
ᠤᠢᠯᠠᠭᠠᠬᠰᠠᠨ᠎ᠢᠶᠠᠷ ᠂ ᠪᠦᠬᠦ ᠤᠷᠤᠨ᠎ᠤ ᠨᠠᠮ᠎ᠤᠨ ᠬᠡᠰᠢᠭᠦᠨ ᠰᠠᠢᠨ ᠲᠤᠷ᠎ᠠ᠎ᠡᠴᠠ᠎ᠪᠠᠨ 2.46 ᠳ᠋ᠦ᠋ᠩᠰᠢᠭᠤᠷ ᠭᠠᠷᠤᠢ ᠲᠦᠭᠦᠷᠢᠭ ᠬᠠᠨᠳᠢᠪᠯᠠᠵᠦ ᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠠᠵᠢᠯ᠎ᠢ ᠲᠡᠮᠵᠢᠭᠰᠡᠨ ᠪᠠᠢᠨ᠎ᠠ ᠃
ᠬᠠᠪᠤᠷ᠎ᠤᠨ ᠤᠷᠢ ᠲᠠᠯᠭᠡᠷᠡᠬᠦ᠎ᠳ᠋ᠤ ᠰᠢᠨ᠎ᠠ ᠠᠮᠢᠯᠠᠯ ᠪᠡᠯᠭᠡᠳᠠᠨ᠎ᠠ ᠃ ᠪᠦᠬᠦ ᠤᠷᠤᠨ᠎ᠤ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠦᠷᠭᠡᠨ ᠤᠯᠠᠨ ᠨᠠᠮ᠎ᠤᠨ ᠬᠡᠰᠢᠭᠦᠨ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠤᠷᠢᠭ ᠰᠠᠨᠠᠭ᠎ᠠ ᠵᠢᠴᠢ ᠨᠠᠮ᠎ᠤᠨ ᠲᠦᠪ ᠬᠤᠷᠢᠶ᠎ᠠ ᠪᠠ ‍ᠦᠪᠡᠷᠳᠡᠭᠡᠨ ᠵᠠᠰᠠᠬᠤ ᠤᠷᠤᠨ᠎ᠤ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠦᠷᠬᠦᠯᠵᠢᠯᠡᠨ ᠬᠦᠨᠵᠡᠭᠡᠢ ᠲᠤᠭᠤᠰᠢᠯᠠᠭᠤᠯᠵᠦ ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠲᠡᠭᠦᠯᠦᠨ ᠲᠠᠢᠴᠢᠯᠠᠵᠦ ᠂ ᠡᠭᠡ ᠤᠯᠤᠰ᠎ᠤᠨ ᠤᠮᠠᠷᠠᠲᠦ ᠬᠢᠯᠢ᠎ᠶᠢᠨ ᠬᠢᠵᠢᠭ᠎ᠲᠠᠢ ᠲᠠᠮᠠᠴᠡᠬᠦ ᠡᠮᠤᠨ᠎ᠠ ᠹᠷᠤᠨᠲ᠎ᠲᠤ ᠨᠠᠮ᠎ᠤᠨ ᠲᠤᠭ᠎ᠢ ᠦᠨᠳᠤᠷ ᠨᠠᠮᠢᠷᠠᠭᠤᠯᠵᠤ ᠂ ︽ ᠬᠦᠴᠢᠷ᠎ᠢ ᠲᠠᠰᠪᠤᠷᠢᠯᠡᠨ ᠬᠠᠳᠠᠭᠤᠵᠢᠯᠳᠠᠢ ᠠᠵᠢᠯᠯᠠᠵᠤ ᠂ ᠴᠤᠴᠠᠯᠳᠠ ᠦᠭᠡᠢ ᠤᠷᠤᠭᠰᠢᠯᠠᠬᠤ ᠮᠤᠡᠭᠭᠤᠯ ᠮᠤᠷᠢᠨ᠎ᠤ ᠵᠤᠷᠢᠭ ᠰᠠᠨᠠᠭ᠎ᠠ ︾᠎ᠶᠢ ᠡᠪᠤᠷᠯᠡᠨ ᠂ ᠤᠯᠠᠨ ᠲᠦᠮᠡᠨ᠎ᠤ ᠰᠡᠳᠬᠢᠯ᠎ᠢ ᠨᠢᠭᠡᠳᠭᠡᠨ ᠬᠦᠴᠤᠨ᠎ᠢ ᠬᠠᠮᠳᠤᠳᠬᠠᠵᠤ ᠂ ᠬᠦᠴᠢᠷ ᠪᠡᠷᠭᠡ᠎ᠶᠢ ᠬᠠᠮᠲᠦ᠎ᠪᠠᠷ ᠲᠤᠭᠤᠯᠬᠤ ᠬᠠᠮᠤᠭ᠎ᠤᠨ ᠬᠦᠴᠦᠷᠭᠡᠭ ᠲᠠᠭᠤᠨ᠎ᠢ ᠴᠤᠤᠷᠢᠶᠠᠳᠤᠭᠤᠯᠵᠦ ᠂ ᠪᠤᠲᠠᠲᠤ ᠠᠵᠢᠯᠯᠠᠭ᠎ᠠ᠎ᠪᠠᠷ᠎ᠢᠶᠡᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠲᠦᠯᠭᠡᠵᠢᠭᠦᠯᠵᠤ ᠂ ᠬᠦᠰᠡᠯ ᠰᠡᠳᠬᠢᠯ᠎ᠢᠶᠠᠷ᠎ᠢᠶᠡᠨ ᠦᠢᠯᠡᠴᠢᠯᠡᠵᠤ ᠂ ᠬᠦᠮᠤᠨ ᠠᠷᠠᠳ᠎ᠤᠨ ᠠᠮᠤᠭᠤᠯᠠᠡᠭ᠎ᠢ ᠪᠠᠳᠤᠯᠠᠨ᠎ᠠ ᠃




ᠨᠠᠮ᠎ᠤᠨ ᠲᠤᠭ᠎ᠤᠨ ᠲᠤᠤᠷ᠎ᠠ ᠲᠦᠪ ᠴᠢᠩᠭ᠎ᠠ᠎ᠪᠠᠷ ᠲᠠᠩᠭᠠᠷᠢᠬᠯᠠᠨ᠎ᠠ ᠃
ᠦᠪᠦᠷ ᠮᠤᠩᠭᠤᠯ᠎ᠤᠨ ᠬᠤᠪᠸᠢ᠎ᠶᠢ ᠲᠤᠰᠠᠯᠠᠬᠤ ᠨᠢᠭᠡᠲᠦᠭᠡᠷ ᠪᠦᠯᠦᠭ ᠡᠮᠴᠢᠯᠡᠭᠡᠨ᠎ᠤ ᠠᠩᠬᠢ᠎ᠡᠴᠠ ᠬᠠᠩᠭᠠᠪᠠ



ᠠᠶᠤᠯ ᠲᠦᠭᠰᠢᠬᠦᠷᠢ᠎ᠶᠢᠨ ᠡᠮᠤᠨ᠎ᠠ ᠪᠢᠳᠠ ᠭᠡᠵᠢᠶᠠᠳᠠ ᠤᠷᠤᠭᠰᠢ᠎ᠪᠠᠨ
● ᠬᠠᠨ ᠯᠢᠩ ᠯᠢᠩ


︽ ᠨᠠᠮ᠎ᠤᠨ ᠲᠤᠭ᠎ᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠡᠮᠤᠨ᠎ᠡ ᠹᠷᠤᠨᠲ᠎ᠲᠤ ᠦᠨᠳᠤᠷ ᠨᠠᠮᠢᠷᠠᠭᠤᠯᠬᠤ ᠬᠡᠷᠡᠭᠳᠡᠢ ︾ ᠬᠡᠵᠦ ᠶᠡᠷᠦᠩᠬᠡᠢ ᠱᠦᠵᠢ ᠰᠢ᠎ᠶᠢᠨ ᠫᠢᠩ 1 ᠰᠠᠷ᠎ᠠ᠎ᠶᠢᠨ 27᠎ᠤ ᠡᠲᠦᠷ᠎ᠤᠨ ᠴᠢᠬᠤᠯᠠ ᠵᠢᠭᠠᠪᠤᠷᠢ᠎ᠳᠠᠭᠠᠨ ᠲᠤᠷᠠᠳᠤᠬᠰᠠᠨ ᠶᠤᠮ ᠃ ᠲᠤᠰ ᠵᠢᠭᠠᠪᠤᠷᠢ᠎ᠨᠢ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠢᠳᠡᠭᠡᠯ ᠵᠤᠷᠢᠭ᠎ᠢ ᠨᠠᠡᠭ ᠪᠠᠳᠤᠳᠬᠠᠨ ᠂ ᠬᠢᠵᠢᠭ᠎ᠲᠠᠢ ᠲᠠᠮᠠᠴᠡᠬᠦ ᠡᠮᠤᠨ᠎ᠠ ᠹᠷᠤᠨᠲ᠎ᠲᠤ ᠡᠷᠡᠮᠡᠭᠡᠢᠯᠡᠨ ᠤᠷᠤᠭᠰᠢᠯᠠᠬᠤ ᠡᠷᠴᠢ ᠵᠤᠷᠢᠭ᠎ᠢ᠎ᠨᠢ ᠨᠠᠡᠭ ᠬᠦᠪᠴᠢᠯᠡᠭᠰᠡᠨ ᠶᠤᠮ ᠃
ᠬᠢᠵᠢᠭ᠎ᠤᠨ ᠪᠠᠢᠲᠠᠯ ᠡᠭᠦᠰᠦᠭᠰᠡᠨ᠎ᠡᠴᠠ ᠨᠠᠭᠠᠰᠢ ᠂ ᠪᠦᠬᠦ ᠤᠷᠤᠨ᠎ᠤ ᠦᠷᠭᠡᠨ ᠤᠯᠠᠨ ᠨᠠᠮ᠎ᠤᠨ ᠬᠡᠰᠢᠭᠦᠨ ᠤᠬ ᠰᠠᠨᠠᠭ᠎ᠠ᠎ᠪᠠᠨ ᠦᠯᠦ ᠮᠡᠷᠲᠡᠵᠦ ᠂ ᠡᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠵᠦ ᠂ ᠠᠶᠤᠯ ᠲᠦᠭᠰᠢᠭᠦᠷᠢ᠎ᠶᠢ ᠬᠠᠢᠬᠤᠷᠤᠯ ᠦᠭᠡᠢ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠡᠮᠦᠨ᠎ᠡ ᠹᠷᠤᠨᠲ᠎ᠲᠤ ᠡᠳᠦᠷ ᠰᠥᠨᠢ ᠥᠬᠡᠶ ᠡᠷᠡᠯᠬᠡᠭᠯᠡᠨ ᠪᠠᠶᠢᠯᠳᠤᠵᠦ ᠂ ᠬᠠᠮᠢᠭ᠎ᠠ ᠡᠭᠦᠷᠭᠡ ᠬᠦᠨᠳᠦ ᠪᠠᠶᠢᠪᠠᠯ ᠲᠡᠨᠳᠡ ᠨᠠᠮ᠎ᠤᠨ ᠵᠣᠬᠢᠶᠠᠨ ᠪᠠᠶᠢᠭᠤᠯᠤᠯᠲᠠ ᠪᠠᠢᠵᠦ ᠂ ᠬᠠᠮᠢᠭ᠎ᠠ ᠬᠦᠴᠢᠷᠲᠡᠯ ᠲᠤᠯᠭᠠᠷᠠᠪᠠᠯ ᠲᠡᠨᠲᠡ ᠨᠠᠮ᠎ᠤᠨ ᠬᠡᠰᠢᠭᠦᠨ ᠪᠠᠢᠬᠤ᠎ᠶᠢ ᠪᠠᠲᠤᠯᠠᠪᠠ ᠃ ᠲᠡᠲᠡ ᠰᠠᠨᠠᠭᠠᠴᠢᠯᠠᠭ᠎ᠠ᠎ᠡᠴᠠ᠎ᠪᠠᠨ ᠡᠮᠦᠨ᠎ᠡ ᠹᠷᠤᠨᠲ᠎ᠲᠤ ᠭᠠᠪᠰᠢᠭᠠᠢᠯᠠᠨ ᠂ ᠨᠠᠮ᠎ᠤᠨ ᠲᠤᠭ᠎ᠢ ᠦᠨᠳᠦᠷ ᠨᠠᠮᠢᠷᠠᠭᠤᠯᠵᠦ ᠂ ᠡᠪ ᠬᠠᠮᠲᠦ ᠨᠠᠮ᠎ᠤᠨ ᠬᠡᠰᠢᠭᠦᠨ ᠬᠡᠬᠦ ᠨᠢᠭᠡᠯᠡ ᠲᠤᠬ ᠲᠡᠮᠳᠡᠭ᠎ᠤᠨ ᠲᠤᠤᠷ᠎ᠠ ᠤᠯᠠᠨ ᠲᠦᠮᠡᠨ᠎ᠢ ᠪᠦᠯᠬᠦᠮᠲᠡᠭᠦᠯᠦᠨ ᠲᠠᠢᠴᠢᠯᠠᠵᠦ ᠂ ᠬᠠᠷᠢᠯᠴᠠᠨ ᠬᠤᠯᠪᠤᠭᠠᠯᠠᠨ ᠬᠠᠷᠢᠯᠴᠠᠨ ᠬᠠᠮᠵᠢᠯᠴᠠᠵᠦ ᠂ ᠪᠤᠲᠠᠲᠤ ᠠᠵᠢᠯᠯᠠᠭ᠎ᠠ᠎ᠪᠠᠷ᠎ᠢᠶᠡᠨ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ ᠡᠨᠡ ᠬᠦ ᠬᠤᠷᠢᠬᠯᠠᠯᠲᠠ᠎ᠶᠢᠨ ᠲᠠᠢᠯᠠᠯᠳᠤᠭᠠᠨ᠎ᠤ ᠢᠯᠠᠯᠲᠠ᠎ᠶᠢ ᠤᠯᠬᠤ᠎ᠳ᠋ᠤ ᠢᠲᠡᠭᠡᠯ ᠴᠢᠲᠠᠪᠤᠷᠢ ᠲᠡᠭᠦᠯᠲᠡᠷ ᠪᠠᠢᠭ᠎ᠠ᠎ᠪᠠᠨ ᠬᠡᠷᠡᠴᠢᠯᠡᠭᠰᠡᠨ᠎ᠨᠢ ᠢᠯᠡᠭᠡᠨ ᠃
︽ ᠬᠢᠵᠢᠭ᠎ᠢ ᠤᠰᠠᠳᠬᠠᠬᠤ ᠦᠭᠡᠢ ᠪᠤᠯ ᠪᠢᠲᠡ ᠬᠤᠢᠰᠢ ᠤᠬᠤᠷᠢᠬᠤ ᠦᠭᠡᠢ ︾  ᠡᠨᠡ ᠪᠤᠯ ᠨᠠᠮ᠎ᠤᠨ ᠬᠡᠰᠢᠭᠦᠨ ᠺᠠᠳ᠋ᠷᠴᠤᠳ᠎ᠤᠨ ᠲᠠᠯ᠎ᠠ ᠨᠤᠲᠤᠭ᠎ᠤᠨ ᠬᠥᠪᠡᠭᠦᠳ ᠥᠬᠢᠳ᠎ᠲᠤ ᠦᠭᠭᠦᠭᠰᠡᠨ ᠡᠷᠡᠰ ᠪᠠᠲᠤ ᠠᠮᠠᠯᠠᠯᠲᠠ ᠃ ᠪᠦᠬᠦ ᠤᠷᠤᠨ᠎ᠤ ᠨᠠᠮ᠎ᠤᠨ ᠵᠤᠬᠢᠶᠠᠨ ᠪᠠᠢᠭᠤᠯᠤᠯᠲᠠ ᠪᠤᠯᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠲᠠᠢᠴᠢᠨ ᠪᠡᠬᠢᠯᠡᠯᠲᠡ᠎ᠶᠢᠨ ᠦᠶᠯᠡᠳᠦᠯ ᠪᠤᠯᠤᠨ ᠬᠤᠰᠢᠭᠤᠴᠢ ᠵᠢᠱᠢᠶᠡᠴᠢ᠎ᠶᠢᠨ ᠦᠢᠯᠡᠲᠦᠯ᠎ᠢᠶᠡᠨ ᠦᠷᠬᠦᠯᠵᠢᠯᠡᠨ ᠬᠦᠢᠴᠡᠳ ᠪᠠᠲᠠᠷᠠᠭᠤᠯᠵᠦ ᠂ ᠠᠨᠳᠠᠭᠠᠢ ᠲᠠᠡᠭᠭᠠᠷᠢᠭ᠎ᠢᠶᠡᠨ ᠪᠠᠳᠤ ᠴᠡᠭᠡᠵᠢᠯᠡᠨ ᠠᠷᠠᠳ ᠲᠦᠮᠡᠨ᠎ᠳ᠋ᠡᠭᠡᠨ ᠰᠢᠳᠤᠷᠭᠤᠯᠠᠵᠤ ᠂ ᠠᠭᠤᠤ ᠨᠠᠮ᠎ᠤᠨ ᠬᠦᠨᠳᠤ ᠨᠠᠢᠳᠠᠯᠠᠭ᠎ᠠ᠎ᠶᠢ ᠬᠦᠰᠡᠷᠳᠡᠬᠦᠯᠤᠯ ᠦᠭᠡᠢ ᠪᠠᠶᠠᠯᠠᠬᠦᠯᠬᠦ᠎ᠪᠠᠷ ᠬᠢᠵᠢᠭ᠎ᠲᠠᠢ ᠲᠠᠮᠠᠴᠡᠬᠦ ᠡᠮᠤᠨ᠎ᠠ ᠹᠷᠤᠨᠲ᠎ᠲᠤ ᠡᠷᠡᠮᠡᠭᠡᠢᠯᠡᠨ ᠲᠠᠮᠡᠴᠡᠭᠰᠠᠭᠡᠷ ᠠᠵᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面