ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-05-15 17:32:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

 ᠪᠦᠬᠦ ᠳᠡᠯᠡᠬᠡᠢ᠎ᠶᠢᠨ ᠬᠢᠵᠢᠭ᠎ᠲᠠᠢ ᠳᠡᠮᠡᠴᠡᠬᠦ ᠠᠵᠢᠯ᠎ᠳ᠋ᠤ ᠬᠠᠮᠵᠢᠯᠴᠠᠨ ᠳᠤᠮᠳᠠᠳᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ
ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ


ᠬᠢᠲᠠᠳ ᠬᠡᠯᠡᠨ᠎ᠤ ᠠᠪᠢᠶ᠎ᠠ᠎ᠪᠠᠷ ︽ ᠪᠠᠶᠠᠷᠯᠠᠯ᠎ᠠ ᠂ ᠪᠢ ᠳᠤᠮᠳᠠᠳᠤ ᠤᠯᠤᠰ᠎ᠲᠤ ᠬᠠᠶᠢᠷᠠᠲᠠᠶ ︾ ᠭᠡᠵᠦ ᠪᠢᠴᠢᠨ᠎ᠠ ︔ ᠨᠢᠯᠪᠤᠰᠤ ᠮᠡᠯᠳᠡᠭᠡᠨᠡᠭᠦᠯᠦᠨ ︽ ᠳᠤᠮᠳᠠᠳᠤ ᠤᠯᠤᠰ᠎ᠤᠨ ᠬᠦᠮᠦᠨ ᠪᠤᠯ ᠵᠢᠩᠬᠢᠨᠢ ᠨᠠᠶᠢᠵᠠ ᠮᠦᠨ ︾ ᠭᠡᠵᠡᠭᠡᠨ᠎ᠠ ︔ ᠨᠠᠷᠠᠪᠴᠢᠨ᠎ᠳ᠋ᠤ ︽ ᠵᠢᠷᠤᠮ᠎ᠤᠨ ᠴᠡᠷᠢᠭ᠎ᠤᠨ ᠤᠷᠤᠭᠰᠢᠯᠠᠬᠤ ᠬᠦᠭᠵᠢᠮ ︾᠎ᠢ ᠬᠥᠭᠵᠢᠮᠳᠡᠵᠦ ᠂ ᠨᠡᠶᠢᠭᠡᠮ ᠲᠣᠭᠣᠷᠢᠭ᠎ᠤᠨ ᠤᠯᠠᠨ ᠬᠥᠮᠦᠨ᠎ᠢ ᠳᠠᠳᠠᠵᠤ ᠤᠷᠤᠯᠴᠠᠭᠤᠯᠤᠨ ᠂ ᠰᠦᠷ ᠵᠢᠪᠬᠤᠯᠠᠩᠲᠤ ᠨᠠᠶᠢᠷᠠᠯ ᠬᠥᠭᠵᠢᠮ ᠪᠤᠯᠤᠨ᠎ᠠ ᠁ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠭᠠᠷᠤᠬᠰᠠᠨ᠎ᠡᠴᠠ ᠨᠠᠭᠠᠰᠢ ᠂ ᠠᠶᠤᠯ ᠲᠦᠭᠰᠢᠭᠦᠷᠢᠲᠦ ᠴᠠᠭ ᠮᠦᠴᠡ᠎ᠳ᠋ᠠᠬᠢ ᠳᠤᠮᠳᠠᠳᠤ ᠤᠯᠤᠰ᠎ᠤᠨ ᠴᠢᠩ ᠰᠡᠳᠬᠢᠯ᠎ᠤᠨ ᠲᠤᠰᠠᠯᠠᠮᠵᠢ᠎ᠨᠢ ᠭᠠᠳᠠᠭᠠᠳᠤ᠎ᠶᠢᠨ ᠠᠷᠠᠳ ᠣᠯᠠᠨ᠎ᠢ ᠦᠨᠡᠨ ᠭᠦ ᠳᠣᠭᠳᠣᠯᠤᠭᠤᠯᠵᠠᠶ ᠃ ᠳᠡᠯᠡᠬᠡᠶ᠎ᠶᠢᠨ ᠡᠯ᠎ᠡ ᠭᠠᠵᠠᠷ᠎ᠲᠤ ᠡᠭᠦᠰᠦᠭᠰᠡᠨ ᠠᠯᠢ ᠤᠯᠠᠨ ᠬᠦᠮᠦᠰ᠎ᠤᠨ ᠰᠡᠳᠬᠢᠯ᠎ᠢ ᠬᠥᠳᠡᠯᠭᠡᠮ᠎ᠡ ᠦᠵᠡᠭᠳᠡᠯ᠎ᠨᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠤᠨ ᠠᠷᠠᠳ ᠲᠦᠮᠡᠨ᠎ᠤ ᠭᠦᠨ ᠵᠤᠵᠠᠭᠠᠨ ᠨᠥᠬᠥᠷᠯᠡᠯ᠎ᠤᠨ ᠬᠠᠷᠢᠭᠤ ᠲᠤᠰᠬᠠᠯ ᠪᠤᠯᠵᠤ ᠂ ᠪᠥᠬᠥ ᠳᠡᠯᠡᠬᠡᠢ᠎ᠶᠢᠨ ᠭᠠᠷ ᠬᠤᠯᠪᠤᠯᠴᠠᠨ ᠬᠢᠵᠢᠭ᠎ᠲᠠᠢ ᠲᠡᠮᠡᠴᠡᠬᠦ ᠡᠷᠡᠰ ᠪᠠᠲᠤ ᠢᠲᠡᠭᠡᠯ ᠵᠣᠷᠢᠭ᠎ᠢ ᠬᠥᠭᠵᠢᠭᠡᠪᠡ ᠃
ᠬᠢᠵᠢᠭ᠎ᠤᠨ ᠪᠠᠢᠳᠠᠯ᠎ᠤᠨ ᠡᠮᠤᠨ᠎ᠠ ᠤᠯᠤᠰ᠎ᠤᠨ ᠬᠢᠯᠢ ᠭᠡᠵᠦ ᠪᠠᠢᠬᠤ ᠦᠭᠡᠢ ᠂ ᠬᠥᠮᠦᠨ᠎ᠤ ᠶᠢᠷᠲᠢᠨᠴᠦ᠎ᠳ᠋ᠤ ᠦᠨᠡᠨ ᠰᠡᠳᠬᠢᠯ ᠭᠡᠵᠦ ᠪᠠᠢᠳᠠᠭ ᠃ ︽ ᠳᠤᠮᠳᠠᠳᠤ ᠤᠯᠤᠰ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠣᠶᠢᠯᠠᠭᠠᠭᠳᠠᠬᠤᠨ᠎ᠢ ᠪᠠᠷᠢᠮᠲᠠᠯᠠᠵᠤ ᠂ ᠳᠤᠷᠠᠲᠠᠶ᠎ᠠ ᠡᠯ᠎ᠡ ᠤᠯᠤᠰ᠎ᠯᠤᠭ᠎ᠠ ᠰᠡᠷᠭᠡᠶᠢᠯᠡᠨ ᠡᠵᠡᠮᠳᠡᠬᠦ ᠠᠰᠢᠭᠲᠠᠶ ᠠᠷᠭ᠎ᠠ ᠬᠡᠮᠵᠢᠶ᠎ᠠ᠎ᠪᠠᠨ ᠬᠤᠪᠢᠶᠠᠯᠴᠠᠵᠤ ᠂ ᠡᠮ᠎ᠤᠨ ᠵᠦᠶᠯᠡᠰ ᠪᠠ ᠸᠠᠺᠼᠢᠨ᠎ᠢ ᠬᠠᠮᠲᠤᠷᠠᠨ ᠰᠤᠳᠤᠯᠤᠨ ᠨᠡᠭᠡᠭᠡᠬᠦ᠎ᠶᠢᠨ ᠬᠠᠮᠲᠤ ᠬᠢᠵᠢᠭ ᠦᠷᠪᠢᠰᠦᠨ ᠳᠡᠯᠭᠡᠷᠡᠭᠰᠡᠨ ᠤᠯᠤᠰ᠎ᠲᠤ ᠴᠢᠳᠠᠯ᠎ᠤᠨ ᠬᠢᠷᠢ᠎ᠪᠠᠷ᠎ᠢᠶᠡᠨ ᠲᠤᠰᠠᠯᠠᠮᠵᠢ ᠬᠠᠩᠭᠠᠨ᠎ᠠ ︾ ᠃ ᠲᠡᠷᠢᠭᠦᠯᠡᠭᠴᠢ ᠰᠢ᠎ᠶᠢᠨ ᠫᠢᠩ᠎ᠤᠨ ᠬᠣᠷᠢᠨ ᠤᠯᠤᠰ᠎ᠤᠨ ᠪᠦᠯᠦᠭᠯᠡᠯ᠎ᠤᠨ ᠤᠳᠤᠷᠢᠳᠬᠤ ᠬᠥᠮᠦᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠠᠷᠭᠠᠴᠠᠭᠠᠬᠤ ᠣᠨᠴᠠᠭᠠᠢ ᠲᠦᠷᠦᠭᠦᠴᠦᠳ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯ ᠴᠢᠩ ᠦᠨᠡᠨᠴᠢ ᠲᠤᠩᠬᠠᠭᠯᠠᠯ ᠪᠣᠯᠬᠤ ᠪᠥᠭᠡᠳ ᠡᠷᠴᠢᠮᠳᠠᠢ ᠠᠵᠢᠯᠯᠠᠭ᠎ᠠ ᠪᠢᠯᠡ ᠃ ᠪᠦᠬᠦ ᠳᠡᠯᠡᠬᠡᠢ᠎ᠶᠢᠨ ᠬᠢᠵᠢᠭ᠎ᠲᠠᠢ ᠳᠡᠮᠡᠴᠡᠬᠦ ᠵᠠᠩᠭᠢᠯᠠᠭ᠎ᠠ᠎ᠶᠢᠨ ᠴᠠᠭ ᠮᠥᠴᠡ᠎ᠳ᠋ᠤ ᠂ ︽ ᠳᠤᠮᠳᠠᠳᠤ ᠤᠯᠤᠰ᠎ᠤᠨ ᠰᠢᠦᠳᠠᠨ᠎ᠤ ᠪᠣᠭᠤᠳᠠᠯ ︾᠎ᠢᠶᠡᠨ ᠦᠳᠲᠡᠷ ᠲᠦᠷᠭᠡᠨ ᠶᠠᠪᠤᠭᠤᠯᠵᠤ ᠂ ︽ ᠳᠤᠮᠳᠠᠳᠤ ᠤᠯᠤᠰ᠎ᠤᠨ ᠲᠤᠰᠬᠠᠢ ᠮᠡᠷᠭᠡᠵᠢᠯᠲᠡᠨ ︾ ᠬᠣᠶᠢᠨ᠎ᠠ ᠬᠣᠶᠢᠨ᠎ᠠ᠎ᠡᠴᠠ᠎ᠪᠠᠨ ᠲᠤᠰᠠᠯᠠᠬᠤ᠎ᠪᠠᠷ ᠮᠣᠷᠳᠠᠵᠤ ᠂ ︽ ᠳᠤᠮᠳᠠᠳᠤ ᠤᠯᠤᠰ᠎ᠤᠨ ᠲᠤᠷᠰᠢᠯᠭ᠎ᠠ ︾᠎ᠪᠠᠨ ᠬᠠᠷᠠᠮ ᠦᠭᠡᠢ ᠬᠤᠪᠢᠶᠠᠯᠴᠠᠪᠠ ᠁ ᠭᠠᠳᠠᠭᠠᠳᠤ᠎ᠶᠢᠨ ᠬᠢᠵᠢᠭ᠎ᠲᠠᠢ ᠲᠡᠮᠡᠴᠡᠬᠦ᠎ᠳ᠋ᠤ ᠦᠵᠡᠭᠦᠯᠦᠭᠰᠡᠨ ᠲᠤᠰᠠᠯᠠᠮᠵᠢ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ᠎ᠡᠴᠠ ᠨᠠᠭᠠᠰᠢᠬᠢ ᠮᠠᠨ᠎ᠤ ᠤᠯᠤᠰ᠎ᠤᠨ ᠲᠤᠰᠠᠯᠠᠮᠵᠢ ᠦᠭᠭᠦᠭᠰᠡᠨ ᠴᠠᠭ ᠬᠠᠮᠤᠭ᠎ᠤᠨ ᠲᠥᠪᠯᠡᠷᠡᠭᠰᠡᠨ ᠂ ᠬᠤᠯᠪᠤᠭᠳᠠᠬᠤ ᠬᠡᠪᠴᠢᠶ᠎ᠡ ᠬᠠᠮᠤᠭ᠎ᠤᠨ ᠥᠷᠭᠡᠨ ᠨᠢᠭᠡ ᠤᠳᠠᠭᠠᠨ᠎ᠤ ᠬᠥᠮᠦᠯᠢᠭ ᠦᠵᠡᠯ᠎ᠤᠨ ᠪᠠᠴᠢᠮ ᠠᠵᠢᠯᠯᠠᠭ᠎ᠠ ᠪᠣᠯᠤᠨ᠎ᠠ ᠃
ᠨᠤᠳᠤᠭ ᠤᠰᠤ ᠤᠨᠳᠤᠤ ᠴᠤ ᠬᠤᠪᠢ ᠵᠠᠶᠠᠭ᠎ᠠ ᠨᠢᠭᠡᠳᠠᠢ ᠶᠤᠮ ᠃ ᠳᠤᠮᠳᠠᠳᠤ ᠤᠯᠤᠰ ᠬᠢᠵᠢᠭ᠎ᠲᠠᠢ ᠲᠡᠮᠡᠴᠡᠬᠦ ᠬᠠᠮᠤᠭ᠎ᠤᠨ ᠬᠦᠴᠢᠷᠳᠠᠢ ᠴᠠᠭ ᠦᠶ᠎ᠡ᠎ᠳ᠋ᠤ ᠪᠠᠢᠬᠤ᠎ᠳ᠋ᠤ ᠳᠡᠯᠡᠬᠡᠶ ᠨᠡᠶᠢᠲᠡ᠎ᠶᠢᠨ᠎ᠬᠢᠨ᠎ᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ᠎ᠶᠢ ᠳᠤᠮᠳᠠᠳᠤ ᠤᠯᠤᠰ᠎ᠤᠨ ᠠᠷᠠᠳ ᠲᠦᠮᠡᠨ ᠡᠭᠦᠷᠢᠳᠡ ᠮᠠᠷᠲᠠᠬᠤ ᠦᠭᠡᠢ ᠃ ᠵᠢᠶᠠᠩᠰᠦ ᠮᠤᠵᠢ᠎ᠶᠢᠨ ᠥᠰᠢ ᠬᠤᠳᠠ᠎ᠶᠢᠨ ᠰᠢᠨ ᠡᠤ ᠲᠣᠭᠣᠷᠢᠭ ᠲᠤᠬᠠᠢ᠎ᠶᠢᠨ ᠦᠶ᠎ᠠ᠎ᠳ᠋ᠤ ᠨᠥᠬᠥᠷᠰᠡᠭ ᠬᠣᠲᠠ ᠪᠤᠯᠬᠤ ᠶᠠᠫᠣᠨ᠎ᠤ ᠲᠤᠶᠤᠺᠠᠸᠠ ᠬᠣᠲᠠ᠎ᠶᠢᠨ ᠬᠠᠨᠳᠢᠪᠯᠠᠭᠰᠠᠨ 4500 ᠠᠮᠠᠪᠴᠢ᠎ᠶᠢ ᠬᠦᠯᠢᠶᠡᠨ ᠠᠪᠤᠭᠰᠠᠨ ᠶᠤᠮ ᠂ ᠰᠡᠭᠦᠯᠳᠡᠵᠦ ᠢᠷᠡᠭᠡᠳ ᠲᠤᠶᠤᠺᠠᠸᠠ ᠬᠣᠲᠠ᠎ᠳ᠋ᠤ ᠬᠢᠵᠢᠭ ᠰᠡᠷᠭᠡᠢᠯᠡᠬᠦ ᠡᠳ᠋ ᠪᠣᠳᠠᠰ ᠪᠠᠴᠢᠮ ᠱᠠᠭᠠᠷᠳᠠᠭᠳᠠᠵᠤ ᠪᠠᠢᠬᠤ᠎ᠶᠢ ᠮᠡᠳᠡᠭᠰᠡᠨ᠎ᠤ ᠳᠠᠷᠠᠭ᠎ᠠ ᠂ ᠳᠠᠷᠤᠶ ᠲᠦᠷᠭᠡᠨ ᠬᠦᠳᠡᠯᠦᠯᠴᠡᠵᠦ 5 ᠲᠦᠮᠡᠨ ᠠᠮᠠᠪᠴᠢ ᠬᠠᠷᠢᠭᠤ ᠬᠠᠨᠳᠢᠪᠯᠠᠵᠠᠶ ᠃ ᠢᠲ᠋ᠠᠯᠢ ᠲᠤᠬᠠᠢ᠎ᠶᠢᠨ ᠦᠶ᠎ᠡ᠎ᠳ᠋ᠤ ᠳᠤᠮᠳᠠᠳᠤ ᠤᠯᠤᠰ᠎ᠲᠤ 4 ᠲᠦᠮᠡᠨ ᠠᠮᠠᠪᠴᠢ ᠬᠠᠨᠳᠢᠪᠯᠠᠵᠤ ᠂ ᠳᠤᠮᠳᠠᠳᠤ ᠤᠯᠤᠰ ᠬᠡᠳᠦᠨ ᠵᠠᠭᠤᠨ ᠲᠦᠮᠡᠨ ᠠᠮᠠᠪᠴᠢ ᠬᠠᠷᠢᠭᠤ ᠬᠠᠨᠳᠢᠪᠯᠠᠵᠠᠢ ︔ ᠣᠷᠣᠰ ᠳᠤᠮᠳᠠᠳᠤ ᠤᠯᠤᠰ᠎ᠲᠤ 200 ᠲᠦᠮᠡᠨ ᠠᠮᠠᠪᠴᠢ ᠬᠦᠷᠭᠡᠵᠦ ᠢᠷᠡᠭᠰᠡᠨ ᠶᠤᠮ ᠂ ᠰᠡᠭᠦᠯᠳᠡᠵᠦ ᠢᠷᠡᠭᠡᠳ ᠳᠤᠮᠳᠠᠳᠤ ᠤᠯᠤᠰ᠎ᠤᠨ᠎ᠬᠢᠨ ᠡᠯ᠎ᠡ ᠵᠦᠢᠯ᠎ᠤᠨ ᠠᠷᠭ᠎ᠠ ᠵᠠᠮ᠎ᠢᠶᠠᠷ ᠤᠷᠤᠰ᠎ᠲᠤ 1.5 ᠳ᠋ᠦᠩᠰᠢᠭᠤᠷ ᠠᠮᠠᠪᠴᠢ ᠢᠯᠡᠭᠡᠵᠠᠢ ︔ ᠠᠮᠧᠷᠢᠺᠠ᠎ᠶᠢᠨ ᠨᠡᠶᠢᠭᠡᠮ᠎ᠤᠨ ᠡᠯ᠎ᠡ ᠡᠲᠡᠭᠡᠳ᠎ᠤᠨ᠎ᠬᠢᠨ ᠴᠤ ᠳᠤᠮᠳᠠᠳᠤ ᠤᠯᠤᠰ᠎ᠤᠨ ᠬᠢᠵᠢᠭ᠎ᠲᠠᠢ ᠲᠡᠮᠡᠴᠡᠬᠦ ᠠᠵᠢᠯᠯᠠᠭ᠎ᠠ᠎ᠳ᠋ᠤ ᠵᠠᠯᠭᠠᠭ᠎ᠠ᠎ᠪᠠᠷ ᠲᠤᠰᠠᠯᠠᠮᠵᠢ ᠦᠵᠡᠭᠦᠯᠵᠠᠢ ᠂ ᠤᠳᠤ ᠪᠤᠯᠬᠤ᠎ᠳ᠋ᠤ ᠳᠤᠮᠳᠠᠳᠤ ᠤᠯᠤᠰ ᠨᠢᠭᠡᠨᠳᠡ ᠠᠮᠧᠷᠢᠺᠠ᠎ᠳ᠋ᠤ ᠨᠡᠢᠳᠡ 66 ᠳ᠋ᠦᠩᠰᠢᠭᠤᠷ ᠭᠠᠷᠤᠢ ᠠᠮᠠᠪᠴᠢ ᠬᠠᠩᠭᠠᠭᠰᠠᠨ ᠪᠠᠶᠢᠨ᠎ᠠ ᠁ ᠪᠦᠷᠢᠳᠬᠡᠯ᠎ᠳ᠋ᠤ ᠬᠠᠷᠠᠭᠤᠯᠤᠭᠰᠠᠨ᠎ᠢᠶᠠᠷ ᠂ ᠳᠤᠮᠳᠠᠳᠤ ᠤᠯᠤᠰ ᠨᠢᠭᠡᠨᠲᠡ 150 ᠭᠠᠷᠤᠢ ᠤᠯᠤᠰ ᠪᠠ ᠤᠯᠠᠨ ᠤᠯᠤᠰ᠎ᠤᠨ ᠵᠣᠬᠢᠶᠠᠨ ᠪᠠᠶᠢᠭᠤᠯᠤᠯᠲᠠ᠎ᠳ᠋ᠤ ᠪᠠᠴᠢᠮ ᠱᠠᠭᠠᠷᠳᠠᠭᠳᠠᠬᠤ ᠡᠮᠴᠢᠯᠡᠭᠡᠨ᠎ᠤ ᠡᠳ᠋ ᠪᠣᠳᠠᠰ᠎ᠤᠨ ᠲᠤᠰᠠᠯᠠᠮᠵᠢ ᠬᠠᠩᠭᠠᠭᠰᠠᠨ ᠪᠦᠭᠡᠳ ᠡᠯ᠎ᠡ ᠤᠯᠤᠰ᠎ᠤᠨ᠎ᠬᠢᠨ᠎ᠤ ᠳᠤᠮᠳᠠᠳᠤ ᠤᠯᠤᠰ᠎ᠡᠴᠠ ᠡᠳ᠋ ᠪᠤᠳᠠᠰ ᠬᠤᠳᠠᠯᠳᠤᠨ ᠠᠪᠬᠤ᠎ᠳ᠋ᠤ ᠢᠳᠡᠪᠬᠢᠳᠠᠢ᠎ᠪᠠᠷ ᠲᠦᠬᠦᠮ ᠦᠵᠡᠭᠦᠯᠪᠡ ᠃ ᠬᠠᠷᠢᠭᠤ᠎ᠲᠠᠢ ᠪᠤᠯ ᠪᠢᠷᠠᠭᠤ᠎ᠲᠠᠢ ᠭᠡᠬᠦ ᠪᠤᠯ ᠳᠤᠮᠳᠠᠳᠤ᠎ᠶᠢᠨ ᠦᠨᠳᠦᠰᠦᠲᠡᠨ᠎ᠤ ᠬᠡᠳᠦᠨ ᠮᠢᠩᠭᠠᠨ ᠵᠢᠯ᠎ᠤᠨ ᠰᠢᠯᠢᠳᠡᠭ ᠤᠯᠠᠮᠵᠢᠯᠠᠯ ᠪᠤᠯᠬᠤ ᠪᠦᠭᠡᠳ ᠳᠤᠮᠳᠠᠳᠤ᠎ᠶᠢᠨ ᠦᠨᠳᠦᠰᠦᠲᠡᠨ᠎ᠤ ᠴᠢᠰᠤᠨ᠎ᠳ᠋ᠤ ᠰᠢᠩᠭᠡᠭᠰᠡᠨ ᠶᠣᠰᠣ ᠰᠤᠷᠲᠠᠬᠤᠨ᠎ᠤ ᠤᠳᠤᠮᠰᠢᠯ ᠮᠥᠨ ᠃
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ ᠪᠦᠬᠦ ᠳᠡᠯᠡᠬᠡᠢ᠎ᠳ᠋ᠤ ᠦᠷᠪᠢᠰᠦᠨ ᠳᠡᠯᠭᠡᠷᠡᠵᠦ ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠳ᠋ᠤ ᠯᠤᠲᠤ ᠶᠡᠬᠡ ᠰᠦᠷᠳᠡᠭᠦᠯᠦᠯ ᠤᠴᠠᠷᠠᠭᠤᠯᠪᠠ ᠃ ᠠᠮᠢ ᠨᠠᠰᠤ ᠨᠢᠭᠡᠪᠦᠷᠢ᠎ᠶᠢ ᠦᠨᠡᠨ ᠰᠡᠳᠬᠢᠯ᠎ᠡᠴᠠ᠎ᠪᠠᠨ ᠬᠦᠨᠳᠦᠳᠬᠡᠵᠦ ᠂ ᠡᠪᠡᠳᠴᠢᠳᠠᠨ ᠨᠢᠭᠡᠪᠦᠷᠢ᠎ᠶᠢ ᠪᠥᠬᠥ ᠬᠦᠴᠦ᠎ᠪᠠᠷ᠎ᠢᠶᠡᠨ ᠠᠪᠤᠷᠠᠵᠤ ᠂ ᠲᠣᠰ ᠤᠯᠤᠰ᠎ᠤᠨ᠎ᠢᠶᠡᠨ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶᠢ ᠰᠠᠶᠢᠲᠤᠷ ᠬᠠᠮᠠᠭᠠᠯᠠᠬᠤ᠎ᠳ᠋ᠤ ᠬᠥᠮᠦᠯᠢᠭ ᠦᠵᠡᠯ᠎ᠤᠨ ᠵᠣᠷᠢᠭ ᠰᠠᠨᠠᠭ᠎ᠠ᠎ᠡᠴᠠ ᠰᠠᠯᠵᠤ ᠴᠢᠳᠠᠬᠤ ᠥᠬᠡᠶ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠭᠦ ᠪᠥᠬᠥ ᠲᠡᠯᠡᠬᠡᠢ᠎ᠶᠢᠨ ᠬᠤᠷᠢᠬᠯᠠᠯᠳᠡ᠎ᠶᠢᠨ ᠲᠠᠢᠯᠠᠯᠳᠤᠭᠠᠨ᠎ᠤ ᠢᠯᠠᠯᠲᠠ᠎ᠶᠢ ᠤᠯᠬᠤ᠎ᠳ᠋ᠤ ᠮᠥᠨ ᠬᠥᠮᠦᠯᠢᠭ ᠦᠵᠡᠯ᠎ᠤᠨ ᠵᠣᠷᠢᠭ ᠰᠠᠨᠠᠭ᠎ᠠ᠎ᠡᠴᠠ ᠰᠠᠯᠵᠤ ᠴᠢᠳᠠᠬᠤ ᠥᠬᠡᠶ ᠃ ᠬᠢᠵᠢᠭ᠎ᠤᠨ ᠪᠠᠶᠢᠳᠠᠯ ᠭᠠᠷᠤᠭᠰᠠᠨ᠎ᠡᠴᠠ ᠨᠠᠭᠠᠰᠢ ᠂ ᠣᠯᠠᠨ ᠤᠯᠤᠰ᠎ᠲᠤ ᠬᠢᠵᠢᠭ᠎ᠲᠠᠢ ᠲᠡᠮᠡᠴᠡᠬᠦ ᠡᠮᠴᠢᠯᠡᠭᠡᠨ᠎ᠤ ᠠᠩᠭᠢ ᠲᠣᠮᠢᠯᠠᠵᠤ ᠂ ᠬᠢᠵᠢᠭ᠎ᠢ ᠰᠡᠷᠭᠡᠶᠢᠯᠡᠨ ᠡᠵᠡᠮᠳᠡᠬᠦ ᠰᠦᠯᠵᠢᠶᠡᠨ ᠳᠡᠭᠡᠷᠡᠬᠢ ᠮᠡᠳᠡᠯᠭᠡ᠎ᠶᠢᠨ ᠲᠥᠪ ᠪᠠᠶᠢᠭᠤᠯᠵᠤ ᠂ ᠬᠡᠳᠦᠨ ᠠᠷᠪᠠᠨ ᠤᠳᠠᠭᠠᠨ᠎ᠤ ᠲᠤᠰᠬᠠᠶ ᠮᠡᠷᠭᠡᠵᠢᠯᠲᠡᠨ᠎ᠤ ᠸᠢᠳᠢᠣ᠋ ᠬᠤᠷᠠᠯ ᠡᠷᠬᠢᠯᠡᠵᠦ ᠂ ᠶᠡᠬᠡ ᠬᠡᠮᠵᠢᠶᠡᠨ᠎ᠤ ᠬᠢᠵᠢᠭ᠎ᠢ ᠰᠡᠷᠭᠡᠢᠯᠡᠬᠦ ᠡᠳ᠋ ᠪᠣᠳᠠᠰ᠎ᠤᠨ ᠲᠤᠰᠠᠯᠠᠮᠵᠢ ᠬᠠᠩᠭᠠᠪᠠ ᠁ ᠳᠤᠮᠳᠠᠳᠤ ᠤᠯᠤᠰ ᠤᠯᠤᠰ᠎ᠤᠨ ᠳᠣᠲᠣᠭᠠᠳᠤ᠎ᠶᠢᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠭᠦ ᠠᠵᠢᠯ᠎ᠢ ᠦᠷᠭᠦᠯᠵᠢᠯᠡᠨ ᠰᠠᠶᠢᠲᠤᠷ ᠬᠢᠬᠦ᠎ᠶᠢᠨ ᠬᠠᠮᠲᠤ ᠂ ᠴᠢᠳᠠᠯ᠎ᠤᠨ ᠬᠢᠷᠢ᠎ᠪᠠᠷ᠎ᠢᠶᠡᠨ ᠬᠡᠷᠡᠭᠴᠡᠭᠡ ᠪᠥᠬᠥᠶ ᠤᠯᠤᠰ᠎ᠲᠤ ᠲᠤᠰᠠᠯᠠᠮᠵᠢ ᠬᠠᠩᠭᠠᠪᠠ ᠂ ᠡᠨᠡ ᠪᠣᠯ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠥᠷᠲᠡᠭ᠎ᠤᠨ ᠣᠶᠢᠯᠠᠭᠠᠭᠳᠠᠬᠤᠨ᠎ᠡᠴᠠ ᠡᠭᠦᠰᠦᠭᠰᠡᠨ ᠶᠤᠮ ᠂ ᠡᠨᠡ᠎ᠨᠢ ᠪᠠᠰᠠ ᠪᠥᠭᠡᠳ ᠳᠤᠮᠳᠠᠳᠤ ᠤᠯᠤᠰ᠎ᠤᠨ ᠠᠷᠠᠳ ᠲᠦᠮᠡᠨ᠎ᠤ ᠴᠠᠶᠢᠯᠭᠠᠨ ᠰᠡᠳᠬᠢᠯ ᠪᠠ ᠬᠠᠶᠢᠷ᠎ᠠ ᠬᠠᠯᠠᠮᠵᠢ᠎ᠶᠢ ᠢᠯᠡᠷᠡᠭᠦᠯᠦᠭᠰᠡᠨ ᠪᠠᠶᠢᠨ᠎ᠠ ᠃ ᠶᠠᠭ ᠡᠶᠢᠮᠦ ᠪᠣᠯᠬᠣᠷ ᠂ ᠳᠤᠮᠳᠠᠳᠤ ᠤᠯᠤᠰ ᠶᠡᠷᠦ᠎ᠡᠴᠠ ᠨᠠᠶᠢᠵᠠ ᠨᠥᠬᠥᠳ᠎ᠨᠢ ᠬᠦᠴᠢᠷᠳᠡᠯᠲᠡᠶ ᠪᠠᠢᠬᠤ ᠦᠶ᠎ᠡ᠎ᠳ᠋ᠤ ᠬᠠᠨᠴᠤᠶ ᠲᠤᠬᠳᠤᠢᠯᠡᠨ ᠬᠠᠵᠠᠭᠤ᠎ᠡᠴᠠ᠎ᠨᠢ ᠬᠠᠷᠠᠵᠤ ᠂ ᠵᠠᠶᠢᠯᠠᠵᠤ ᠬᠤᠯᠠᠳᠠᠭ᠎ᠠ ᠥᠬᠡᠶ ᠂ ᠨᠠᠩ ᠴᠤ ᠲᠤᠰᠠᠯᠠᠮᠵᠢ ᠦᠵᠡᠭᠦᠯᠬᠦ᠎ᠳ᠋ᠡᠭᠡᠨ ᠬᠤᠪᠢ᠎ᠶᠢᠨ ᠤᠯᠵᠠ ᠠᠰᠢᠭ ᠂ ᠨᠡᠮᠡᠯᠲᠡ ᠨᠦᠬᠦᠴᠡᠯ ᠳᠤᠷᠠᠳᠳᠠᠭ ᠦᠭᠡᠢ ᠶᠤᠮ ᠃ ᠡᠢᠨ ᠬᠦ ᠴᠢᠷᠮᠠᠶᠢᠯᠭ᠎ᠠ ᠬᠦᠨᠳᠦᠳᠬᠡᠭᠦᠰᠢᠲᠡᠢ ᠶᠤᠮ ᠂ ᠡᠢᠨ ᠬᠦ ᠬᠤᠪᠢ ᠨᠠᠮᠠᠷᠢ ᠨᠢᠭᠡᠨᠳᠡ ᠲᠡᠦᠬᠡᠨ᠎ᠳ᠋ᠤ ᠲᠡᠮᠳᠡᠭᠯᠡᠭᠳᠡᠵᠠᠢ ᠃
︽ ᠪᠢᠳᠠ ᠪᠣᠯ ᠨᠢᠭᠡ ᠳᠠᠯᠠᠢ᠎ᠶᠢᠨ ᠳᠠᠪᠠᠯᠭᠠᠨ ᠂ ᠨᠢᠭᠡ ᠮᠣᠳᠣᠨ᠎ᠤ ᠨᠠᠪᠴᠢ ᠂ ᠨᠢᠭᠡ ᠬᠦᠷᠢᠶᠡᠯᠡᠩ᠎ᠤᠨ ᠴᠡᠴᠡᠭ ᠪᠣᠯᠤᠨ᠎ᠠ ︾ ᠃ ᠳᠤᠮᠳᠠᠳᠤ ᠤᠯᠤᠰ᠎ᠤᠨ ᠭᠠᠳᠠᠭᠠᠳᠤ᠎ᠶᠢ ᠲᠤᠰᠠᠯᠠᠭᠰᠠᠨ ᠡᠳ᠋ ᠪᠣᠳᠠᠰ ᠳᠡᠭᠡᠷ᠎ᠡ ᠪᠢᠴᠢᠭᠰᠡᠨ ᠡᠨᠡ ᠬᠦ ᠢᠲ᠋ᠠᠯᠢ᠎ᠶᠢᠨ ᠮᠡᠷᠭᠡᠨ ᠦᠭᠡ ᠮᠡᠲᠦ᠎ᠪᠠᠷ ᠬᠥᠮᠦᠨ ᠲᠥᠷᠥᠯᠬᠢᠲᠡᠨ᠎ᠳ᠋ᠤ ᠨᠢᠭᠡ ᠯᠡ ᠳᠡᠯᠡᠬᠡᠶ᠎ᠶᠢᠨ ᠪᠥᠮᠪᠥᠷᠴᠡᠭ᠎ᠤᠨ ᠭᠡᠷ ᠤᠷᠤᠨ᠎ᠲᠠᠢ ᠂ ᠡᠯ᠎ᠡ ᠤᠯᠤᠰ ︽ ᠪᠥᠮᠪᠥᠷᠴᠡᠭ ᠲᠣᠰᠬᠣᠨ ︾᠎ᠳ᠋ᠤ ᠬᠠᠮᠲᠤ᠎ᠪᠠᠷ ᠣᠷᠣᠰᠢᠨ ᠠᠮᠢᠳᠤᠷᠠᠵᠤ ᠪᠠᠶᠢᠳᠠᠭ ᠃ ᠡᠨᠡ ᠬᠦ ᠭᠡᠨᠡᠳᠲᠡ᠎ᠪᠠᠷ ᠳᠠᠭᠠᠷᠢᠵᠤ ᠢᠷᠡᠭᠰᠡᠨ ᠬᠢᠵᠢᠭ᠎ᠤᠨ ᠪᠠᠶᠢᠳᠠᠯ᠎ᠨᠢ ᠬᠥᠮᠦᠨ ᠲᠥᠷᠥᠯᠬᠢᠲᠡᠨ᠎ᠤ ᠬᠠᠮᠲᠤ᠎ᠶᠢᠨ ᠳᠠᠶᠢᠰᠤᠨ᠎ᠤ ᠡᠮᠦᠨ᠎ᠠ ᠶᠠᠮᠠᠷ ᠴᠤ ᠤᠯᠤᠰ ᠭᠡᠳ ᠬᠤᠪᠢ᠎ᠪᠠᠨ ᠪᠤᠳᠤᠭᠠᠳ ᠪᠤᠰᠤᠳ᠎ᠢ ᠬᠠᠢᠬᠤᠷᠬᠤ ᠦᠭᠡᠢ ᠪᠠᠢᠵᠤ ᠪᠤᠯᠬᠤ ᠦᠭᠡᠢ ᠭᠡᠳᠡᠭ᠎ᠢ ᠰᠡᠷᠡᠮᠵᠢᠯᠡᠭᠦᠯᠪᠡ ᠃ ᠣᠳᠣᠬᠠᠨ᠎ᠳ᠋ᠤ ᠂ ᠬᠢᠵᠢᠭ᠎ᠲᠠᠢ ᠲᠡᠮᠡᠴᠡᠬᠦ᠎ᠨᠢ ᠨᠢᠭᠡᠨᠳᠡ ᠨᠢᠭᠡ ᠤᠯᠤᠰ ᠨᠢᠭᠡ ᠬᠣᠲᠠ᠎ᠶᠢᠨ ᠬᠡᠷᠡᠭ ᠪᠢᠰᠢ ᠪᠤᠯᠵᠤ ᠂ ᠬᠠᠷᠢᠨ ᠪᠥᠬᠥ ᠲᠡᠯᠡᠬᠡᠢ᠎ᠶᠢᠨ ᠣᠯᠠᠨ ᠨᠡᠶᠢᠲᠡ᠎ᠶᠢᠨ ᠡᠷᠡᠭᠦᠯ ᠬᠠᠮᠠᠭᠠᠯᠠᠯ᠎ᠤᠨ ᠠᠮᠤᠷ ᠲᠦᠪᠰᠢᠨ᠎ᠢ ᠬᠠᠮᠠᠭᠠᠯᠠᠬᠤ ᠳᠠᠢᠯᠠᠯᠳᠤᠭᠠᠨ ᠂ ᠬᠥᠮᠦᠨ ᠲᠥᠷᠥᠯᠬᠢᠲᠡᠨ᠎ᠤ ᠡᠷᠡᠭᠦᠯ ᠮᠡᠨᠳᠦ ᠠᠵᠠ ᠵᠢᠷᠭᠠᠯ᠎ᠢ ᠬᠠᠮᠠᠭᠠᠯᠠᠬᠤ ᠳᠠᠢᠯᠠᠯᠳᠤᠭᠠᠨ ᠂ ᠳᠡᠯᠡᠬᠡᠶ᠎ᠶᠢᠨ ᠬᠥᠭᠵᠢᠯ ᠴᠡᠴᠡᠭᠯᠡᠯ᠎ᠢ ᠬᠠᠮᠠᠭᠠᠯᠠᠬᠤ ᠳᠠᠢᠯᠠᠯᠳᠤᠭᠠᠨ ᠪᠤᠯᠪᠠ ᠃ ᠳᠤᠮᠳᠠᠳᠤ ᠤᠯᠤᠰ᠎ᠤᠨ ᠭᠠᠳᠠᠭᠠᠳᠤ᠎ᠳ᠋ᠤ ᠦᠵᠡᠭᠦᠯᠦᠭᠰᠡᠨ ᠬᠢᠵᠢᠭ᠎ᠲᠠᠢ ᠲᠡᠮᠡᠴᠡᠬᠦ ᠲᠤᠰᠠᠯᠠᠮᠵᠢ ᠪᠣᠯ ᠤᠬ ᠰᠠᠨᠠᠭ᠎ᠠ᠎ᠡᠴᠠ᠎ᠪᠠᠨ ᠡᠭᠦᠰᠦᠭᠰᠡᠨ ᠶᠠᠪᠤᠳᠠᠯ ᠪᠤᠯᠬᠤ᠎ᠡᠴᠠ ᠪᠢᠰᠢ ᠬᠥᠮᠦᠨ᠎ᠤ ᠰᠡᠳᠬᠢᠯ᠎ᠢ ᠬᠤᠳᠠᠯᠳᠤᠨ ᠠᠪᠬᠤ ᠭᠡᠰᠡᠨ ᠪᠢᠰᠢ ᠂ ᠳᠡᠯᠡᠬᠡᠶ ᠳ᠋ᠠᠬᠢᠨ᠎ᠤ ᠠᠰᠢᠭ ᠲᠤᠰᠠ᠎ᠶᠢ ᠪᠤᠳᠤᠭᠰᠠᠨ ᠶᠠᠪᠤᠳᠠᠯ ᠪᠤᠯᠬᠤ᠎ᠡᠴᠠ ᠪᠢᠰᠢ ᠬᠤᠪᠢ᠎ᠶᠢᠨ ᠠᠰᠢᠭ ᠲᠤᠰᠠ᠎ᠶᠢ ᠬᠥᠭᠡᠭᠡᠴᠡᠯᠳᠦᠭᠰᠡᠨ ᠶᠠᠪᠤᠳᠠᠯ ᠪᠢᠰᠢ ᠶᠤᠮ ᠂ ᠡᠨᠡ ᠪᠣᠯ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠷᠢᠯᠴᠠᠭᠠᠨ᠎ᠤ ᠳᠤᠮᠳᠠ ᠵᠥᠪ ᠠᠰᠢᠭ ᠵᠢᠷᠤᠮ᠎ᠤᠨ ᠦᠵᠡᠯᠲᠡ᠎ᠶᠢ ᠪᠠᠷᠢᠮᠲᠠᠯᠠᠭᠰᠠᠨ ᠤᠬᠠᠮᠰᠠᠷᠲᠤ ᠠᠵᠢᠯᠯᠠᠭ᠎ᠠ ᠮᠥᠨ ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠣᠶᠢᠯᠠᠭᠠᠭᠳᠠᠬᠤᠨ᠎ᠢ ᠦᠶᠯᠡᠳᠦᠯᠭᠡᠵᠢᠭᠦᠯᠦᠭᠰᠡᠨ ᠬᠠᠷᠢᠭᠤᠴᠠᠯᠭ᠎ᠠ ᠡᠭᠦᠷᠭᠡᠯᠡᠯ ᠮᠥᠨ ᠃
ᠪᠦᠬᠦ ᠲᠡᠯᠡᠬᠡᠢ᠎ᠶᠢᠨ ᠬᠢᠵᠢᠭ᠎ᠤᠨ ᠪᠠᠶᠢᠳᠠᠯ᠎ᠤᠨ ᠶᠡᠬᠡ ᠰᠢᠯᠭᠠᠯᠲᠠ᠎ᠶᠢᠨ ᠡᠮᠦᠨ᠎ᠡ ᠂ ᠠᠯᠢ ᠴᠤ ᠤᠯᠤᠰ ᠭᠡᠳ ᠭᠠᠭᠴᠠᠭᠠᠷ᠎ᠢᠶᠡᠨ ᠲᠤᠭ ᠪᠤᠰᠬᠠᠨ ᠪᠠᠶᠢᠯᠳᠤᠵᠤ ᠴᠢᠳᠠᠬᠤ ᠦᠭᠡᠢ ᠂ ᠶᠠᠮᠠᠷ ᠴᠤ ᠭᠠᠵᠠᠷ ᠭᠡᠳ ᠶᠢᠷᠲᠢᠨᠴᠦ᠎ᠶᠢᠨ ᠭᠠᠳᠠᠨᠠᠬᠢ ᠲᠤᠭᠤᠷ᠎ᠤᠨ ᠬᠦᠷᠢᠶᠡᠯᠡᠩ ᠪᠤᠯᠵᠤ ᠴᠢᠳᠠᠬᠤ ᠦᠭᠡᠢ ᠶᠤᠮ ᠃ ᠬᠥᠮᠦᠨ ᠲᠥᠷᠥᠯᠬᠢᠲᠡᠨ ᠪᠣᠯ ᠵᠢᠷᠭᠠᠯ ᠵᠣᠪᠠᠯᠠᠩ᠎ᠢᠶᠡᠨ ᠬᠠᠮᠲᠤᠳᠬᠠᠭᠰᠠᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠮᠥᠨ ᠭᠡᠬᠦ᠎ᠨᠢ ᠤᠯᠤᠰ ᠲᠦᠷᠦ᠎ᠶᠢᠨ ᠲᠤᠩᠬᠠᠭᠯᠠᠯ ᠲᠡᠳᠦᠢ ᠪᠢᠰᠢ ᠂ ᠬᠠᠷᠢᠨ ᠡᠳᠦᠷ ᠪᠦᠷᠢ ᠮᠠᠨ᠎ᠤ ᠳᠡᠷᠭᠡᠳᠡ ᠡᠭᠦᠰᠴᠦ ᠪᠠᠢᠭ᠎ᠠ ᠪᠣᠳᠠᠲᠤ ᠬᠡᠷᠡᠭ ᠮᠥᠨ ᠃ ᠤᠯᠤᠰ ᠨᠢᠭᠡᠪᠦᠷᠢ ᠴᠥᠮ ᠬᠢᠵᠢᠭ᠎ᠤᠨ ᠪᠠᠶᠢᠳᠠᠯ᠎ᠢ ᠪᠦᠲᠦᠮᠵᠢᠲᠡᠶ᠎ᠪᠠᠷ ᠡᠵᠡᠮᠳᠡᠵᠦ ᠴᠢᠳᠠᠪᠠᠯ ᠪᠦᠬᠦ ᠳᠡᠯᠡᠬᠡᠶ᠎ᠳ᠋ᠤ ᠰᠠᠶᠢ ᠤᠯᠠᠨ ᠨᠡᠶᠢᠲᠡ᠎ᠶᠢᠨ ᠠᠮᠤᠷ ᠲᠦᠪᠰᠢᠨ ᠭᠡᠵᠦ ᠪᠠᠶᠢᠵᠤ ᠴᠢᠳᠠᠨ᠎ᠠ ᠃ ᠶᠠᠭ ᠡᠶᠢᠮᠦ ᠤᠴᠢᠷ᠎ᠡᠴᠠ ᠂ ᠳᠤᠮᠳᠠᠳᠤ ᠤᠯᠤᠰ ᠴᠢᠳᠠᠯ᠎ᠤᠨ ᠬᠢᠷᠢ᠎ᠪᠠᠷ᠎ᠢᠶᠡᠨ ᠪᠤᠰᠤᠳ ᠤᠯᠤᠰ᠎ᠢ ᠬᠠᠪᠰᠤᠷᠴᠤ ᠪᠠᠢᠭ᠎ᠠ᠎ᠨᠢ ᠴᠢᠩ ᠦᠨᠡᠨᠴᠢ ᠬᠦᠰᠡᠯ ᠡᠷᠡᠮᠡᠯᠵᠡᠯ ᠪᠤᠯᠬᠤ ᠪᠦᠭᠡᠳ ᠤᠬᠠᠮᠰᠠᠷᠳᠤ ᠠᠵᠢᠯᠯᠠᠭ᠎ᠠ ᠪᠤᠯᠬᠤ ᠶᠤᠮ ᠃ ᠶᠠᠭ ᠡᠶᠢᠮᠦ ᠤᠴᠢᠷ᠎ᠡᠴᠠ ᠂ ᠳᠤᠮᠳᠠᠳᠤ ᠤᠯᠤᠰ ᠢᠮᠠᠭᠲᠠ ᠡᠯ᠎ᠡ ᠤᠯᠤᠰ᠎ᠤᠨ᠎ᠬᠢᠨ᠎ᠲᠠᠢ ᠠᠮᠦᠷ ᠲᠦᠪᠰᠢᠨ ᠠᠶᠤᠯ ᠲᠦᠭᠰᠢᠭᠦᠷᠢ᠎ᠪᠠᠨ ᠬᠠᠮᠳᠤᠳᠬᠠᠵᠤ ᠂ ᠬᠠᠳᠠᠭᠤ ᠪᠡᠷᠬᠡᠰᠢᠶᠠᠯ᠎ᠢ ᠬᠠᠮᠳᠤ᠎ᠪᠠᠷ ᠲᠤᠭᠤᠯᠵᠤ ᠂ ᠳᠡᠯᠡᠬᠡᠢ ᠨᠡᠢᠳᠡ᠎ᠶᠢᠨ ᠬᠢᠵᠢᠭ᠎ᠲᠠᠢ ᠲᠡᠮᠡᠴᠡᠬᠦ᠎ᠳ᠋ᠤ ᠳᠤᠮᠳᠠᠳᠤ ᠤᠯᠤᠰ᠎ᠤᠨ ᠤᠶᠤᠨ ᠤᠬᠠᠭᠠᠨ ᠂ ᠳᠤᠮᠳᠠᠳᠤ ᠤᠯᠤᠰ᠎ᠤᠨ ᠲᠤᠷᠰᠢᠯᠭ᠎ᠠ ᠂ ᠳᠤᠮᠳᠠᠳᠤ ᠤᠯᠤᠰ᠎ᠤᠨ ᠬᠦᠴᠦᠨ ᠴᠢᠳᠠᠯ᠎ᠢᠶᠡᠨ ᠢᠳᠡᠪᠬᠢᠲᠡᠢ ᠬᠠᠨᠳᠢᠪᠯᠠᠬᠤ ᠶᠤᠮ ᠃ ᠤᠴᠢᠷ᠎ᠨᠢ ᠂ ᠡᠯ᠎ᠡ ᠲᠠᠯ᠎ᠠ᠎ᠶᠢᠨ᠎ᠬᠢᠨ ᠭᠠᠷ ᠬᠣᠯᠪᠣᠨ ᠰᠡᠳᠬᠢᠯ ᠨᠢᠭᠡᠳᠪᠡᠯ ᠰᠠᠶᠢ ᠬᠢᠵᠢᠭ᠎ᠲᠠᠢ ᠲᠡᠮᠡᠴᠡᠬᠦ ᠳᠠᠢᠯᠠᠯᠳᠤᠭᠠᠨ᠎ᠤ ᠪᠦᠷᠢᠨ ᠢᠯᠠᠯᠲᠠ᠎ᠶᠢ ᠤᠯᠵᠤ ᠴᠢᠳᠠᠨ᠎ᠠ ᠭᠡᠳᠡᠭ᠎ᠢ ᠪᠢᠳᠡ ᠮᠡᠳᠡᠨ᠎ᠡ ᠃

︵ ᠰᠢᠨᠬᠤᠸᠠ ᠬᠣᠷᠢᠶᠠᠨ᠎ᠤ ᠪᠡᠭᠡᠵᠢᠩ᠎ᠤᠨ 5 ᠰᠠᠷ᠎ᠠ᠎ᠶᠢᠨ 11᠎ᠤ ᠴᠠᠬᠢᠯᠭᠠᠨ ᠮᠡᠳᠡᠭᠡ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面