ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-05-21 09:40:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

 ᠲᠡᠷᠢᠬᠦᠯᠡᠭᠴᠢ ᠰᠢ᠎ᠶᠢᠨ ᠫᠢᠩ᠎ᠤᠨ ᠲᠡᠯᠡᠬᠡᠢ᠎ᠶᠢᠨ ᠡᠷᠡᠬᠦᠯ ᠬᠠᠮᠠᠭᠠᠯᠠᠯ᠎ᠤᠨ ᠶᠡᠬᠡ ᠬᠤᠷᠡᠯ᠎ᠤᠨ ᠸᠸᠢᠳᠢᠣ᠋ ᠬᠤᠷᠡᠯ᠎ᠤᠨ ᠡᠬᠢᠯᠡᠯᠳᠡ᠎ᠶᠢᠨ ᠶᠤᠰᠤᠯᠠᠯ ᠲᠡᠬᠡᠷᠡᠬᠢ ᠪᠠᠶᠠᠷ᠎ᠤᠨ ᠦᠬᠡ᠎ᠡᠴᠠ ᠲᠠᠮᠵᠢᠭᠤᠯᠤᠬᠰᠠᠠ ᠵᠠᠩᠬᠢᠯᠠᠭ᠎ᠠ᠎ᠶᠢᠨ ᠮᠡᠳᠡᠬᠡ ᠵᠠᠩᠬᠢ



ᠬᠦᠮᠥᠨ ᠲᠦᠷᠦᠯᠬᠢᠳᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠵᠥ ᠪᠠᠢᠭ᠎ᠠ ᠵᠠᠩᠬᠢᠯᠠᠭ᠎ᠠ᠎ᠶᠢᠨ ᠦᠶ᠎ᠡ᠎ᠳ᠋ᠤ ᠂ 73 ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠶᠡᠬᠡ ᠬᠤᠷᠠᠯ᠎ᠤᠨ ᠸᠢᠳᠢᠣ᠋ ᠬᠤᠷᠠᠯ ᠪᠡᠭᠡᠵᠢᠩ᠎ᠤᠨ ᠴᠠᠭ᠎ᠢᠶᠠᠷ 18᠎ᠤ ᠤᠷᠤᠢ ᠡᠬᠢᠯᠡᠨ ᠬᠤᠷᠠᠯᠳᠤᠪᠠ ᠃ ᠲᠤᠮᠳᠠᠳᠤ ᠤᠯᠤᠰ᠎ᠤᠨ ᠤᠯᠤᠰ᠎ᠤᠨ ᠲᠡᠷᠢᠬᠦᠯᠡᠭᠴᠢ ᠰᠢ᠎ᠶᠢᠨ ᠫᠢᠩ ᠡᠬᠢᠯᠡᠯᠳᠡ᠎ᠶᠢᠨ ᠶᠤᠰᠤᠯᠠᠯ ᠲᠡᠭᠡᠷ᠎ᠡ ︽ ᠪᠦᠯᠬᠦᠮᠳᠡᠨ ᠬᠠᠮᠳᠤᠷᠠᠯᠴᠠᠵᠤ ᠬᠢᠵᠢᠭ᠎ᠤᠨ ᠪᠠᠢᠳᠠᠯ᠎ᠢ ᠳᠠᠢᠯᠠᠨ ᠢᠯᠠᠵᠤ ᠬᠦᠮᠦᠨ ᠲᠦᠷᠦᠯᠬᠢᠳᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠬᠠᠮᠳᠦ᠎ᠶᠢᠨ ᠴᠤᠭᠴᠠ᠎ᠶᠢ ᠬᠠᠮᠳᠦ᠎ᠪᠠᠷ ᠪᠠᠢᠭᠤᠯᠤᠶ᠎ᠠ ︾ ᠬᠡᠬᠦ ᠰᠡᠳᠦᠪ᠎ᠲᠠᠢ ᠪᠠᠶᠠᠷ᠎ᠤᠨ ᠦᠬᠡ ᠬᠡᠯᠡᠪᠡ ᠃
ᠲᠡᠷᠢᠬᠦᠯᠡᠭᠴᠢ ᠰᠢ᠎ᠶᠢᠨ ᠫᠢᠩ ᠪᠦᠬᠦ ᠪᠦᠮᠪᠦᠷᠴᠡᠭ᠎ᠢᠶᠠᠷ᠎ᠢᠶᠡᠨ ᠬᠢᠵᠢᠭ᠎ᠲᠠᠢ ᠲᠡᠮᠡᠴᠡᠵᠥ ᠪᠠᠢᠭ᠎ᠠ ᠠᠯᠢ ᠤᠯᠠᠨ ᠲᠤᠯᠭᠠᠮ ᠪᠠ ᠠᠯᠤᠰ ᠬᠡᠳᠤ᠎ᠶᠢᠨ ᠠᠰᠠᠭᠤᠳᠠᠯ᠎ᠳ᠋ᠤ ᠰᠢᠭᠤᠳ ᠬᠠᠨᠳᠤᠵᠥ ᠂ ᠬᠦᠮᠦᠨ ᠲᠦᠷᠦᠯᠬᠢᠳᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠬᠠᠮᠳᠦ᠎ᠶᠢᠨ ᠴᠤᠭᠴᠠ᠎ᠶᠢ ᠬᠠᠮᠳᠦ᠎ᠪᠠᠷ ᠪᠠᠢᠭᠤᠯᠬᠤ ᠦᠨᠳᠤᠷᠴᠡ᠎ᠡᠴᠠ ᠂ ᠵᠢᠷᠭᠤᠭᠠᠨ ᠵᠦᠢᠯ᠎ᠤᠨ ᠰᠠᠨᠠᠭᠤᠯᠭ᠎ᠠ ᠲᠤᠷᠠᠳᠴᠦ ᠂ ᠲᠠᠪᠤᠨ ᠶᠡᠬᠡ ᠠᠷᠭ᠎ᠠ ᠬᠡᠮᠵᠢᠶ᠎ᠡ ᠨᠡᠢᠳᠡᠯᠡᠵᠥ ᠂ ᠲᠡᠯᠡᠬᠡᠢ ᠨᠡᠢᠬᠡᠮ᠎ᠢᠶᠠᠷ᠎ᠢᠶᠡᠨ ᠪᠦᠯᠬᠦᠮᠳᠡᠨ ᠬᠠᠮᠳᠤᠷᠠᠯᠴᠠᠵᠥ ᠬᠢᠵᠢᠭ᠎ᠤᠨ ᠪᠠᠢᠳᠠᠯ᠎ᠢ ᠢᠯᠠᠨ ᠲᠠᠪᠠᠬᠤ᠎ᠳ᠋ᠤ ᠴᠢᠭᠯᠡᠯ᠎ᠢ ᠵᠢᠭᠠᠭᠰᠠᠠ ᠪᠠᠢᠨ᠎ᠠ ᠃
ᠵᠠᠩᠬᠢᠯᠠᠭ᠎ᠠ᠎ᠶᠢᠨ ᠦᠬᠡ ᠨᠢᠬᠡ ᠄ ᠪᠦᠯᠬᠦᠮᠳᠡᠯ
︽ ᠬᠦᠮᠥᠨ ᠲᠦᠷᠦᠯᠬᠢᠳᠡᠨ ᠪᠤᠯ ᠬᠤᠪᠢ ᠵᠠᠶᠠᠭᠠᠨ᠎ᠤ ᠬᠠᠮᠳᠤ᠎ᠶᠢᠨ ᠴᠤᠭᠴᠠ ᠮᠥᠨ ᠂ ᠪᠦᠯᠬᠦᠮᠳᠡᠨ ᠬᠠᠮᠳᠤᠷᠠᠯᠴᠠᠬᠤ ᠪᠤᠯ ᠬᠢᠵᠢᠭ᠎ᠤᠨ ᠪᠠᠢᠳᠠᠯ᠎ᠢ ᠲᠠᠢᠯᠠᠨ ᠢᠯᠠᠬᠤ ᠬᠠᠮᠤᠭ᠎ᠤᠨ ᠬᠦᠴᠦᠳᠤ ᠵᠡᠪᠰᠡᠭ ᠮᠥᠨ ︾ ᠬᠡᠵᠥ ᠲᠡᠷᠢᠬᠦᠯᠡᠭᠴᠢ ᠰᠢ᠎ᠶᠢᠨ ᠫᠢᠩ ᠪᠠᠶᠠᠷ᠎ᠤᠨ ᠦᠬᠡ᠎ᠳ᠋ᠡᠭᠡᠨ ᠴᠢᠬᠤᠯᠠᠴᠢᠯᠠᠪᠠ ᠃
ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠪᠦᠬᠦ ᠬᠦᠴᠦ᠎ᠪᠠᠷ᠎ᠢᠶᠡᠨ ᠰᠠᠢᠳᠤᠷ ᠬᠢᠶ᠎ᠠ ︔ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠤᠬᠢᠶᠠᠨ ᠪᠠᠢᠭᠤᠯᠤᠯᠳᠠ᠎ᠶᠢᠨ ᠤᠳᠤᠷᠢᠳᠬᠤ ᠦᠢᠯᠡᠳᠦᠯ᠎ᠢ ᠪᠠᠳᠠᠷᠠᠭᠤᠯᠤᠶ᠎ᠠ ︔ ᠠᠹᠷᠢᠺᠠ ᠲᠢᠪ᠎ᠤᠨ ᠤᠯᠤᠰ᠎ᠤᠳ᠎ᠢ ᠲᠡᠮᠵᠢᠬᠦ ᠡᠷᠴᠢᠮ᠎ᠢᠶᠡᠨ ᠴᠢᠩᠭᠠᠷᠠᠭᠤᠯᠤᠶ᠎ᠠ ︔ ᠪᠦᠬᠦ ᠲᠡᠯᠡᠬᠡᠢ᠎ᠶᠢᠨ ᠤᠯᠠᠠ ᠨᠡᠢᠲᠡ᠎ᠶᠢᠨ ᠡᠷᠡᠭᠦᠯ ᠬᠠᠮᠠᠭᠠᠯᠠᠯ᠎ᠤᠨ ᠵᠠᠰᠠᠯᠲᠠ᠎ᠶᠢ ᠴᠢᠩᠭᠠᠳᠬᠠᠶ᠎ᠠ ︔ ᠠᠬᠤᠢ ᠨᠡᠢᠭᠡᠮ᠎ᠤᠨ ᠬᠦᠭᠵᠢᠯᠲᠠ᠎ᠶᠢ ᠰᠡᠷᠭᠦᠭᠡᠶ᠎ᠡ ︔ ᠤᠯᠠᠠ ᠤᠯᠤᠰ᠎ᠤᠨ ᠬᠠᠮᠲᠤᠷᠠᠯᠴᠠᠭ᠎ᠠ᠎ᠶᠢ ᠴᠢᠩᠭᠠᠳᠬᠠᠶ᠎ᠠ ᠁ ᠭᠡᠵᠤ ᠂ ᠲᠡᠷᠢᠬᠦᠯᠡᠭᠴᠢ ᠰᠢ᠎ᠶᠢᠨ ᠫᠢᠩ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠶᠢ ᠴᠢᠩᠭᠠᠳᠬᠠᠬᠤ᠎ᠶᠢᠨ ᠲᠤᠭᠤᠷᠢᠨ᠎ᠳ᠋ᠤ ᠵᠢᠷᠭᠤᠭᠠᠨ ᠵᠦᠢᠯ᠎ᠤᠨ ᠰᠠᠨᠠᠭᠤᠯᠭ᠎ᠠ ᠲᠤᠷᠠᠳᠪᠠ ᠃ ᠲᠤᠰᠬᠠᠢ ᠮᠡᠷᠬᠡᠵᠢᠯᠳᠡᠨ ᠂ ᠡᠨᠡ ᠵᠢᠷᠭᠤᠭᠠᠨ ᠵᠦᠢᠯ᠎ᠤᠨ ᠰᠠᠨᠠᠭᠤᠯᠭ᠎ᠠ᠎ᠨᠢ ᠲᠤᠯᠭᠠᠮ ᠠᠰᠠᠭᠤᠳᠠᠯ᠎ᠢ ᠵᠢᠭᠠᠨ ᠭᠠᠷᠭᠠᠭᠰᠠᠠ ᠪᠦᠬᠡᠳ ᠠᠯᠤᠰ ᠬᠡᠳᠤ᠎ᠶᠢᠨ ᠪᠤᠳᠦᠯᠬᠢᠯᠡᠯ᠎ᠢ ᠬᠠᠮᠳᠤ᠎ᠳ᠋ᠤᠨᠢ ᠬᠠᠷᠠᠭᠠᠯᠵᠠᠬᠰᠠᠠ ᠪᠠᠢᠨ᠎ᠠ ᠂ ᠤᠷᠭᠠᠨᠢᠭ᠎ᠢᠶᠠᠷ ᠨᠢᠬᠡᠳᠦᠭᠰᠡᠡ ᠪᠦᠷᠢᠨ ᠪᠦᠳᠦᠨ ᠰᠢᠰᠲ᠋ᠸᠮ ᠪᠤᠯᠤᠨ᠎ᠠ ᠂ ︽ ᠪᠦᠯᠬᠦᠮᠳᠡᠨ ᠬᠠᠮᠳᠤᠷᠠᠯᠴᠠᠬᠤ ︾ ᠪᠤᠯ ᠢᠮᠠᠬᠳᠠ ᠲᠤᠭᠤᠰᠢᠯᠠᠭᠤᠯᠬᠤ ᠰᠦᠭ ᠰᠦᠨᠡᠰᠦ ᠪᠤᠯᠤᠨ᠎ᠠ ᠬᠡᠵᠥ ᠦᠵᠡᠪᠡ ᠃
︽ ᠪᠦᠯᠬᠦᠮᠳᠡᠨ ᠬᠠᠮᠳᠤᠷᠠᠯᠴᠠᠬᠤ ᠪᠤᠯ ᠲᠠᠷᠤᠢ ᠲᠡᠤᠭᠡ᠎ᠶᠢᠨ ᠰᠠᠩᠭᠡᠷᠡᠬᠦᠯᠤᠯ ᠪᠦᠭᠡᠳ ᠪᠠᠰᠠ ᠪᠤᠳᠠᠳᠤ ᠠᠬᠤᠢ᠎ᠶᠢᠨ ᠤᠷᠢᠶᠠᠯᠠᠯ ᠮᠦᠨ ︾ ᠃ ᠲᠤᠮᠳᠠᠳᠤ ᠤᠯᠤᠰ᠎ᠤᠨ ᠲᠡᠯᠡᠭᠡᠢ᠎ᠶᠢᠨ ᠠᠰᠠᠭᠤᠳᠠᠯ᠎ᠤᠨ ᠰᠤᠳᠤᠯᠭᠠᠨ᠎ᠤ ᠬᠦᠷᠢᠶᠠᠯᠠᠩ᠎ᠤᠨ ᠪᠠᠢᠯᠳᠤᠬᠤ ᠪᠤᠳᠤᠯᠭ᠎ᠡ᠎ᠶᠢᠨ ᠰᠤᠳᠤᠯᠭᠠᠨ᠎ᠤ ᠭᠠᠵᠠᠷ᠎ᠤᠨ ᠲᠠᠷᠤᠭ᠎ᠡ ᠴᠸᠨ ᠰᠢᠦᠢ ᠯᠦᠩ ᠂ ᠲᠡᠷᠢᠬᠦᠯᠡᠭᠴᠢ ᠰᠢ᠎ᠶᠢᠨ ᠫᠢᠩ ᠪᠠᠶᠠᠷ᠎ᠤᠨ ᠦᠭᠡ᠎ᠳ᠋ᠡᠭᠡᠨ ᠲᠡᠤᠭᠡ᠎ᠶᠢ ᠶᠠᠷᠢᠵᠤ ᠂ ᠪᠤᠳᠠᠳᠤ ᠠᠬᠤᠢ᠎ᠶᠢ ᠶᠠᠷᠢᠵᠤ ᠂ ᠢᠷᠠᠭᠡᠳᠦᠢ᠎ᠶᠢ ᠶᠠᠷᠢᠵᠤ ᠂ ︽ ᠸᠢᠷᠦ᠋ᠰ᠎ᠲᠤ ᠤᠯᠤᠰ᠎ᠤᠨ ᠬᠢᠯᠢ ᠵᠠᠭᠠᠭ ᠭᠡᠵᠤ ᠪᠠᠢᠬᠤ ᠦᠭᠡᠢ ᠂ ᠦᠨᠳᠤᠰᠤᠳᠡᠨ ᠶᠠᠰᠤᠳᠠᠨ᠎ᠢ ᠢᠯᠭᠠᠬᠤ ᠦᠭᠡᠢ ︾ ᠭᠡᠵᠤ ᠬᠦᠨᠵᠡᠭᠡᠢ ᠵᠢᠭᠠᠨ ᠭᠠᠷᠭᠠᠵᠤ ᠂ ︽ ᠡᠯ᠎ᠡ ᠤᠯᠤᠰ᠎ᠤᠨ ᠠᠷᠠᠳ ᠲᠦᠮᠡᠨ᠎ᠤ ᠬᠠᠮᠳᠤᠷᠠᠯᠴᠠᠨ ᠬᠢᠵᠢᠭ᠎ᠲᠠᠢ ᠲᠡᠮᠡᠴᠡᠬᠦ ᠬᠦᠮᠦᠨ᠎ᠤ ᠶᠢᠷᠳᠢᠨᠴᠤ᠎ᠶᠢᠨ ᠲᠦᠪ ᠶᠤᠰᠤ ︾᠎ᠶᠢ ᠲᠤᠳᠤᠷᠬᠠᠢ ᠵᠢᠭᠠᠵᠠᠢ ᠭᠡᠵᠤ ᠬᠡᠯᠡᠪᠡ ᠃
︽ ᠪᠠᠶᠠᠷ᠎ᠤᠨ ᠦᠭᠡ᠎ᠶᠢᠨ ᠲᠠᠮᠵᠢᠭᠤᠯᠤᠬᠰᠡᠨ ᠢᠯᠡ ᠲᠤᠳᠤ ᠮᠡᠳᠡᠭᠡ ᠵᠠᠩᠭᠢ ᠪᠤᠯ ᠄ ᠪᠢᠳᠠ ᠲᠤᠰ ᠤᠯᠤᠰ᠎ᠤᠨ᠎ᠢᠶᠡᠨ ᠠᠰᠢᠭ ᠲᠤᠰᠠ᠎ᠶᠢ ᠴᠢᠬᠤᠯᠠᠴᠢᠯᠠᠭᠠᠳ ᠯᠡ ᠪᠠᠢᠵᠤ ᠪᠤᠯᠬᠤ ᠦᠭᠡᠢ ᠂ ᠪᠠᠰᠠ ᠪᠦᠬᠦ ᠬᠦᠮᠦᠨ ᠲᠦᠷᠦᠯᠬᠢᠳᠠᠨ᠎ᠤ ᠬᠠᠮᠳᠤ᠎ᠶᠢᠨ ᠠᠰᠢᠭ ᠲᠤᠰᠠ᠎ᠶᠢ ᠴᠢᠬᠤᠯᠠᠴᠢᠯᠠᠪᠡᠯ ᠵᠤᠬᠢᠨ᠎ᠡ ︾ ᠭᠡᠵᠤ ᠴᠸᠨ ᠰᠢᠦᠢ ᠯᠦᠩ ᠬᠡᠯᠡᠪᠡ ᠃
ᠵᠠᠩᠭᠢᠯᠠᠭ᠎ᠡ᠎ᠶᠢᠨ ᠦᠭᠡ ᠬᠤᠶᠠᠷ ᠄ ᠡᠬᠦᠷᠭᠡᠯᠡᠯ
︽ ᠲᠤᠮᠳᠠᠳᠤ ᠤᠯᠤᠰ ᠬᠦᠮᠦᠨ ᠲᠦᠷᠦᠯᠬᠢᠳᠠᠨ᠎ᠤ ᠬᠤᠪᠢ ᠵᠠᠶᠠᠭᠠᠨ᠎ᠤ ᠬᠠᠮᠳᠤ᠎ᠶᠢᠨ ᠴᠤᠬᠴᠠ᠎ᠶᠢᠨ ᠤᠢᠯᠠᠭᠠᠬᠳᠠᠬᠤᠨ᠎ᠢ ᠢᠮᠠᠬᠳᠠ ᠪᠠᠷᠢᠮᠳᠠᠯᠠᠵᠤ ᠪᠠᠢᠬᠤ᠎ᠨᠢ ᠲᠤᠰ ᠤᠯᠤᠰ᠎ᠤᠨ᠎ᠢᠶᠡᠨ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠬᠦᠯ ᠮᠠᠨᠳᠤ᠎ᠶᠢᠨ ᠲᠦᠯᠦᠭᠡ ᠬᠠᠷᠢᠭᠤᠴᠠᠵᠤ ᠪᠠᠢᠬᠤ ᠪᠦᠭᠡᠳ ᠪᠠᠰᠠ ᠪᠦᠬᠦ ᠪᠦᠮᠪᠦᠷᠴᠡᠭ᠎ᠤᠨ ᠤᠯᠠᠨ ᠨᠠᠢᠳᠠ᠎ᠶᠢᠨ ᠡᠷᠡᠬᠦᠯ ᠬᠠᠮᠠᠭᠠᠯᠠᠯ᠎ᠤᠨ ᠦᠢᠯᠡᠰ᠎ᠲᠤ ᠬᠠᠷᠢᠭᠤᠴᠠᠵᠤ ᠪᠠᠢᠭ᠎ᠡ ᠶᠠᠪᠤᠳᠠᠯ ᠪᠤᠯᠤᠨ᠎ᠡ ︾ ᠭᠡᠵᠤ ᠲᠡᠷᠢᠬᠦᠯᠡᠭᠴᠢ ᠰᠢ᠎ᠶᠢᠨ ᠫᠢᠩ ᠵᠢᠭᠠᠵᠤ ᠭᠠᠷᠭᠠᠪᠠ ᠃
ᠲᠡᠷᠢᠬᠦᠯᠡᠭᠴᠢ ᠰᠢ᠎ᠶᠢᠨ ᠫᠢᠩ ᠪᠠᠶᠠᠷ᠎ᠤᠨ ᠦᠭᠡ᠎ᠳ᠋ᠡᠭᠡᠨ ᠬᠢᠵᠢᠭ᠎ᠤᠨ ᠪᠠᠢᠳᠠᠯ ᠦᠷᠪᠢᠰᠦᠨ ᠲᠠᠯᠭᠡᠷᠡᠭᠰᠡᠨ᠎ᠡᠴᠠ ᠨᠠᠭᠠᠰᠢ ᠲᠤᠮᠳᠠᠳᠤ ᠤᠯᠤᠰ ᠲᠡᠯᠡᠭᠡᠢ ᠨᠡᠢᠭᠡᠮ᠎ᠤᠨ᠎ᠬᠢᠨ᠎ᠲᠠᠢ ᠭᠠᠷ ᠬᠤᠯᠪᠤᠨ ᠬᠠᠮᠳᠤᠷᠠᠯᠴᠠᠵᠤ ᠬᠢᠵᠢᠭ᠎ᠲᠠᠢ ᠲᠠᠮᠡᠴᠡᠭᠰᠡᠨ ᠪᠤᠳᠠᠳᠤ ᠠᠵᠢᠯᠯᠠᠭ᠎ᠡ  ᠳᠤᠮᠳᠠᠳᠤ ᠤᠯᠤᠰ ᠢᠮᠠᠭᠳᠠ ᠢᠯᠡ ᠳᠤᠳᠤᠷᠬᠠᠢ ᠪᠠᠢᠯᠭᠠᠬᠤ ᠂ ᠬᠠᠷᠢᠭᠤᠴᠠᠯᠭ᠎ᠠ ᠡᠭᠦᠷᠭᠡᠯᠡᠬᠦ ᠤᠪᠤᠷ᠎ᠢᠶᠠᠷ ᠴᠠᠭ ᠲᠤᠬᠠᠢ᠎ᠳ᠋ᠤᠨᠢ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠤᠬᠢᠶᠠᠨ ᠪᠠᠢᠭᠤᠯᠤᠯᠳᠠ ᠵᠢᠴᠢ ᠬᠤᠯᠪᠤᠭᠳᠠᠯ ᠪᠦᠬᠦᠢ ᠤᠯᠤᠰ᠎ᠲᠤ ᠬᠢᠵᠢᠭ᠎ᠤᠨ ᠪᠠᠢᠳᠠᠯ᠎ᠤᠨ ᠮᠡᠳᠡᠭᠡ ᠵᠠᠩᠭᠢ᠎ᠶᠢ ᠮᠡᠳᠡᠭᠳᠡᠵᠤ ᠂ ᠸᠢᠷᠦ᠋ᠰ᠎ᠤᠨ ᠭᠸᠨ᠎ᠤ ᠵᠢᠭᠰᠠᠯ ᠵᠡᠷᠭᠡ ᠮᠡᠳᠡᠭᠡ ᠵᠠᠩᠭᠢ᠎ᠶᠢ ᠳᠠᠷᠤᠢ ᠲᠦᠷᠭᠡᠨ ᠨᠡᠢᠳᠡᠯᠡᠵᠤ ᠂ ᠡᠯ᠎ᠠ ᠲᠠᠯ᠎ᠠ᠎ᠶᠢᠨ᠎ᠬᠢᠨ᠎ᠲᠠᠢ ᠰᠡᠷᠭᠡᠢᠯᠡᠨ ᠡᠵᠡᠮᠳᠡᠬᠦ ᠪᠠ ᠠᠪᠤᠷᠠᠨ ᠵᠠᠰᠠᠬᠤ ᠲᠤᠷᠰᠢᠯᠭ᠎ᠠ᠎ᠪᠠᠨ ᠬᠤᠪᠢᠶᠠᠯᠴᠠᠵᠤ ᠂ ᠴᠢᠳᠠᠯ᠎ᠤᠨ ᠬᠢᠷᠢ᠎ᠪᠠᠷ᠎ᠢᠶᠡᠨ ᠬᠡᠷᠡᠭᠴᠡᠭᠡ ᠱᠠᠭᠠᠷᠳᠠᠯᠭ᠎ᠠ᠎ᠲᠠᠢ ᠤᠯᠤᠰ᠎ᠲᠤ ᠶᠡᠬᠡ ᠬᠡᠮᠵᠢᠶᠠᠨ᠎ᠤ ᠳᠡᠮᠵᠢᠯᠭᠡ ᠪᠠ ᠬᠠᠪᠰᠤᠷᠤᠯᠭ᠎ᠠ ᠬᠠᠩᠭᠠᠬᠰᠡᠨ᠎ᠢ ᠲᠠᠬᠢᠨ ᠲᠠᠨᠢᠯᠴᠠᠭᠤᠯᠪᠠ ᠃
︽ ᠡᠨᠡ ᠪᠤᠯ ᠲᠤᠮᠳᠠᠳᠤ ᠤᠯᠤᠰ᠎ᠤᠨ ᠤᠯᠤᠰ᠎ᠤᠨ ᠲᠡᠷᠢᠬᠦᠨ ᠠᠩᠬ᠎ᠡ ᠤᠳᠠᠭ᠎ᠡ ᠲᠡᠯᠡᠭᠡᠢ᠎ᠶᠢᠨ ᠡᠷᠡᠬᠦᠯ ᠬᠠᠮᠠᠭᠠᠯᠠᠯ᠎ᠤᠨ ᠶᠡᠭᠡ ᠬᠤᠷᠠᠯ ᠮᠠᠳᠤ᠎ᠶᠢᠨ ᠡᠢᠮᠤᠷᠬᠦᠤ ᠴᠢᠬᠤᠯᠠ ᠤᠯᠠᠨ ᠤᠯᠤᠰ᠎ᠤᠨ ᠲᠠᠯᠠᠪᠤᠷ᠎ᠲᠤ ᠲᠠᠮᠵᠢᠭᠤᠯᠤᠬᠰᠡᠨ ᠤᠭ ᠤᠴᠢᠷ ᠶᠠᠪᠤᠲᠠᠯ᠎ᠤᠨ ᠦᠨᠡᠨ ᠴᠠᠭᠠᠨ᠎ᠢ ᠲᠤᠲᠤᠷᠠᠭᠤᠯᠤᠭᠰᠠᠠ ᠮᠡᠳᠡᠭᠡ ᠵᠠᠩᠭᠢ ᠪᠤᠯᠤᠨ᠎ᠡ ︾ ᠭᠡᠵᠤ ᠴᠸᠨ ᠰᠢᠦᠢ ᠯᠦᠩ ᠬᠡᠯᠡᠪᠡ ᠃
ᠪᠦᠬᠦ ᠪᠦᠮᠪᠦᠷᠴᠡᠭ᠎ᠤᠨ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠡ᠎ᠶᠢ ᠠᠬᠢᠭᠤᠯᠬᠤ᠎ᠶᠢᠨ ᠲᠦᠯᠦᠭᠡ ᠲᠡᠷᠢᠬᠦᠯᠡᠭᠴᠢ ᠰᠢ᠎ᠶᠢᠨ ᠫᠢᠩ ᠲᠠᠪᠤᠨ ᠵᠦᠢᠯ᠎ᠤᠨ ᠠᠷᠭ᠎ᠡ ᠬᠡᠮᠵᠢᠶ᠎ᠡ᠎ᠶᠢ ᠲᠦᠪ ᠴᠢᠩᠭ᠎ᠡ᠎ᠪᠠᠷ ᠵᠠᠷᠯᠡᠪᠡ ᠃
︽ ᠡᠳᠡᠭᠡᠷ ᠠᠷᠭ᠎ᠡ ᠬᠡᠮᠵᠢᠶ᠎ᠡ᠎ᠨᠢ ᠴᠦᠮ ᠤᠳᠤᠬᠠᠨ᠎ᠤ ᠪᠠ ᠬᠤᠢᠰᠢᠳᠠ᠎ᠶᠢᠨ ᠭᠡᠰᠡᠭ ᠬᠤᠭᠤᠴᠠᠭᠠᠨ᠎ᠤ ᠪᠦᠬᠦ ᠪᠦᠮᠪᠦᠷᠴᠡᠭ᠎ᠤᠨ ᠬᠢᠵᠢᠭ᠎ᠲᠠᠢ ᠲᠡᠮᠡᠴᠡᠬᠦ ᠭᠤᠤᠯᠳᠠᠯᠭ᠎ᠡ ᠪᠠ ᠬᠦᠴᠢᠷᠳᠠᠯ᠎ᠳ᠋ᠤ ᠴᠢᠭᠯᠡᠬᠦᠯᠵᠤ ᠂ ᠲᠤᠮᠳᠠᠳᠤ ᠤᠯᠤᠰ᠎ᠤᠨ ᠬᠠᠷᠢᠭᠤᠴᠠᠯᠭ᠎ᠡ᠎ᠲᠠᠢ ᠶᠡᠭᠡ ᠤᠯᠤᠰ ᠪᠤᠯᠤᠬᠰᠡᠨ ᠬᠠᠷᠢᠭᠤᠴᠠᠯᠭ᠎ᠡ ᠡᠬᠦᠷᠭᠡᠯᠡᠯ᠎ᠢ ᠢᠯᠡᠷᠡᠬᠦᠯᠵᠤ ᠂ ᠪᠦᠬᠦ ᠪᠦᠮᠪᠦᠷᠴᠡᠭ᠎ᠤᠨ ᠤᠯᠠᠨ ᠨᠠᠢᠳᠠ᠎ᠶᠢᠨ ᠡᠷᠡᠬᠦᠯ ᠬᠠᠮᠠᠭᠠᠯᠠᠯ᠎ᠤᠨ ᠦᠢᠯᠡᠰ᠎ᠤᠨ ᠬᠦᠭᠵᠢᠯᠳᠠ᠎ᠳ᠋ᠤ ᠠᠯᠤᠰ ᠭᠡᠳᠤ᠎ᠶᠢᠨ ᠨᠦᠯᠦᠭᠡ᠎ᠲᠠᠢ ᠶᠤᠮ ︾ ᠭᠡᠵᠤ ᠭᠠᠳᠠᠭᠠᠳᠤ ᠬᠠᠷᠢᠯᠴᠠᠭᠠᠨ᠎ᠤ ᠲᠡᠭᠡᠳᠤ ᠰᠤᠷᠭᠠᠭᠤᠯᠢ᠎ᠶᠢᠨ ᠲᠡᠳ᠋ ᠵᠠᠬᠢᠷᠤᠯ ᠭᠤᠤ ᠹᠸᠢ ᠬᠡᠯᠡᠪᠡ ᠃
ᠵᠠᠩᠬᠢᠯᠠᠭ᠎ᠠ᠎ᠶᠢᠨ ᠦᠬᠡ ᠭᠤᠷᠪᠠ ᠄ ᠰᠢᠨᠵᠢᠯᠡᠬᠦ ᠤᠬᠠᠭᠠᠨ
︽ ᠰᠢᠨᠵᠢᠯᠡᠬᠦ ᠤᠬᠠᠭᠠᠨ ︾ ᠂ ᠲᠡᠷᠢᠬᠦᠯᠡᠭᠴᠢ ᠰᠢ᠎ᠶᠢᠨ ᠫᠢᠩ᠎ᠤᠨ ᠶᠠᠷᠢᠶᠠᠨ᠎ᠳ᠋ᠤ ᠤᠯᠠᠨ ᠶᠠᠷᠢᠬᠳᠠᠬᠰᠠᠨ ᠪᠠᠰᠠ ᠨᠢᠬᠡ ᠦᠬᠡ ᠪᠤᠯᠤᠨ᠎ᠠ ᠃ ᠬᠢᠵᠢᠭ᠎ᠤᠨ ᠪᠠᠢᠳᠠᠯ᠎ᠢ ᠪᠦᠬᠦ ᠬᠦᠴᠤ᠎ᠪᠠᠷ᠎ᠢᠶᠡᠨ ᠰᠠᠢᠳᠤᠷ ᠰᠡᠷᠬᠡᠢᠯᠡᠨ ᠡᠵᠡᠮᠳᠡᠬᠦ᠎ᠶᠢ ᠶᠠᠷᠢᠬᠤ᠎ᠳᠠᠭᠠᠨ ᠲᠡᠷᠢᠬᠦᠯᠡᠭᠴᠢ ᠰᠢ᠎ᠶᠢᠨ ᠫᠢᠩ ᠂ ᠪᠢᠳᠡ ᠠᠷᠠᠳ ᠲᠦᠮᠡᠨ᠎ᠢᠶᠠᠷ ᠭᠤᠤᠯ ᠪᠤᠯᠭᠠᠬᠤ ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠳᠠᠯᠠᠵᠤ ᠂ ᠡᠮᠴᠢᠯᠡᠭᠡᠨ᠎ᠤ ᠬᠦᠴᠦᠨ ᠪᠠ ᠴᠢᠬᠤᠯᠠ ᠡᠳ᠋ ᠪᠤᠳᠠᠰ᠎ᠢ ᠰᠢᠨᠵᠢᠯᠡᠬᠦ ᠤᠬᠠᠭᠠᠨᠴᠢ᠎ᠪᠠᠷ ᠲᠤᠬᠢᠷᠠᠭᠤᠯᠵᠤ ᠂ ᠰᠡᠷᠭᠡᠢᠯᠡᠨ ᠬᠠᠮᠠᠭᠠᠯᠠᠬᠤ ᠂ ᠲᠤᠰᠠᠭᠠᠷᠯᠠᠬᠤ ᠂ ᠰᠢᠯᠭᠠᠨ ᠪᠠᠢᠴᠠᠭᠠᠬᠤ ᠂ ᠠᠪᠤᠷᠠᠨ ᠵᠠᠰᠠᠬᠤ ᠂ ᠮᠦᠷᠳᠡᠬᠦ ᠵᠡᠷᠭᠡ ᠴᠢᠬᠤᠯᠠ ᠬᠦᠷᠢᠶᠡᠨ᠎ᠳ᠋ᠤ ᠬᠦᠴᠦᠳᠠᠢ ᠠᠷᠭ᠎ᠠ ᠬᠡᠮᠵᠢᠶ᠎ᠠ ᠬᠡᠷᠡᠭᠵᠢᠭᠦᠯᠵᠤ ᠂ ᠬᠢᠵᠢᠭ᠎ᠤᠨ ᠪᠠᠢᠳᠠᠯ ᠪᠦᠬᠦ ᠲᠡᠯᠡᠬᠡᠢ᠎ᠳ᠋ᠤ ᠦᠷᠪᠢᠰᠦᠨ ᠳᠡᠯᠭᠡᠷᠡᠬᠦ ᠬᠠᠨᠳᠤᠰᠢ᠎ᠶᠢ ᠳᠠᠷᠤᠢᠬᠠᠨ ᠬᠤᠷᠢᠬᠯᠠᠵᠤ ᠂ ᠬᠢᠵᠢᠭ᠎ᠤᠨ ᠪᠠᠢᠳᠠᠯ ᠬᠢᠯᠢ ᠳᠠᠮᠵᠢᠨ ᠲᠠᠷᠬᠠᠬᠤ᠎ᠶᠢ ᠪᠦᠬᠦ ᠬᠦᠴᠦ᠎ᠪᠠᠷ᠎ᠢᠶᠡᠨ ᠬᠤᠷᠢᠬᠯᠠᠶ᠎ᠠ ᠬᠡᠵᠤ ᠵᠢᠭᠠᠵᠤ ᠭᠠᠷᠭᠠᠪᠠ ᠃
ᠲᠤᠰᠬᠠᠢ ᠮᠡᠷᠬᠡᠵᠢᠯᠳᠠᠨ ᠂ ᠡᠨᠡ᠎ᠨᠢ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨᠴᠢ᠎ᠪᠠᠷ ᠰᠡᠷᠬᠡᠢᠯᠡᠨ ᠡᠵᠡᠮᠳᠡᠭᠰᠡᠨ ᠠᠮᠵᠢᠯᠳᠠᠳᠠᠢ ᠪᠦᠳᠤᠮᠵᠢᠳᠠᠢ ᠲᠤᠷᠰᠢᠯᠭ᠎ᠠ᠎ᠶᠢ ᠲᠤᠰᠬᠠᠵᠤ ᠂ ᠡᠯ᠎ᠠ ᠤᠯᠤᠰ᠎ᠤᠨ᠎ᠬᠢᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠎ᠶᠢ ᠰᠠᠢᠳᠤᠷ ᠬᠢᠬᠦ ᠂ ᠤᠯᠠᠨ ᠤᠯᠤᠰ᠎ᠤᠨ ᠬᠤᠯᠪᠤᠭᠠᠯᠠᠨ ᠰᠡᠷᠬᠡᠢᠯᠡᠵᠤ ᠬᠤᠯᠪᠤᠭᠠᠯᠠᠨ ᠡᠵᠡᠮᠳᠡᠬᠦ ᠠᠵᠢᠯᠯᠠᠭ᠎ᠠ ᠦᠷᠨᠢᠬᠦᠯᠬᠦ᠎ᠳ᠋ᠤ ᠴᠢᠬᠤᠯᠠ ᠰᠡᠩᠬᠡᠷᠡᠬᠦᠯᠬᠦ ᠪᠠ ᠲᠤᠯᠢᠯᠠᠯ ᠪᠤᠯᠭᠠᠬᠤ ᠠᠴᠢ ᠬᠤᠯᠪᠤᠬᠳᠠᠯ᠎ᠲᠠᠢ ᠶᠤᠮ ᠬᠡᠵᠤ ᠢᠯᠡᠳᠬᠡᠵᠡᠢ ᠃
ᠲᠡᠯᠡᠬᠡᠢ ᠨᠡᠢᠬᠡᠮ᠎ᠢᠶᠠᠷ᠎ᠢᠶᠡᠨ ᠠᠩᠬᠠᠷᠴᠦ ᠪᠠᠢᠭ᠎ᠠ ᠵᠠᠷᠢᠮ ᠬᠠᠯᠠᠮᠰᠢᠯ ᠠᠰᠠᠭᠤᠳᠠᠯ ᠪᠤᠯᠤᠨ ᠵᠠᠩᠬᠢᠯᠠᠭ᠎ᠠ᠎ᠶᠢᠨ ᠠᠰᠠᠭᠤᠳᠠᠯ᠎ᠤᠨ ᠲᠤᠬᠠᠢ ᠂ ᠲᠡᠷᠢᠬᠦᠯᠡᠭᠴᠢ ᠰᠢ᠎ᠶᠢᠨ ᠫᠢᠩ ᠶᠠᠷᠢᠶᠠᠨ᠎ᠳᠠᠭᠠᠨ ᠂ ︽ ᠡᠯ᠎ᠠ ᠤᠯᠤᠰ᠎ᠤᠨ ᠰᠢᠨᠵᠢᠯᠡᠬᠦ ᠤᠬᠠᠭᠠᠨᠳᠠᠳ ᠸᠢᠷᠦᠢᠰ᠎ᠤᠨ ᠡᠬᠢ ᠡᠬᠦᠰᠤᠯ ᠪᠤᠯᠤᠨ ᠬᠠᠯᠳᠠᠪᠤᠷᠢᠯᠠᠬᠤ ᠵᠠᠮ᠎ᠤᠨ ᠲᠤᠬᠠᠢ ᠪᠦᠬᠦ ᠪᠦᠮᠪᠦᠷᠴᠡᠭ᠎ᠤᠨ ᠰᠢᠨᠵᠢᠯᠡᠬᠦ ᠤᠬᠠᠭᠠᠨ᠎ᠤ ᠰᠤᠳᠤᠯᠭᠠᠨ ᠬᠢᠬᠦ᠎ᠶᠢ ᠦᠷᠬᠦᠯᠵᠢᠯᠠᠨ ᠲᠡᠮᠵᠢᠨ᠎ᠠ ︾ ᠂ ︽ ᠪᠦᠬᠦ ᠪᠦᠮᠪᠦᠷᠴᠡᠭ᠎ᠤᠨ ᠬᠢᠵᠢᠭ᠎ᠤᠨ ᠪᠠᠢᠳᠠᠯ᠎ᠢ ᠡᠵᠡᠮᠳᠡᠨ ᠬᠤᠷᠢᠬᠯᠠᠬᠰᠠᠨ᠎ᠤ ᠲᠠᠷᠠᠭ᠎ᠠ ᠂ ᠪᠦᠬᠦ ᠪᠦᠮᠪᠦᠷᠴᠡᠭ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ ᠠᠵᠢᠯ᠎ᠢ ᠪᠦᠬᠦ ᠲᠠᠯ᠎ᠠ᠎ᠪᠠᠷ ᠦᠨᠡᠯᠡᠬᠦ ᠂ ᠲᠤᠷᠰᠢᠯᠭ᠎ᠠ᠎ᠪᠠᠨ ᠳ᠋ᠦᠩᠨᠡᠬᠦ ᠂ ᠬᠦᠷᠤᠯᠴᠡᠬᠦ ᠦᠬᠡᠢ ᠲᠠᠯ᠎ᠠ᠎ᠪᠠᠨ ᠨᠦᠬᠦᠪᠤᠷᠢᠯᠡᠬᠦ᠎ᠶᠢ ᠳᠤᠮᠳᠠᠳᠤ ᠤᠯᠤᠰ ᠲᠡᠮᠵᠢᠨ᠎ᠠ ︾ ︽ ᠡᠨᠡ ᠬᠦ ᠠᠵᠢᠯ᠎ᠳ᠋ᠤ ᠰᠢᠨᠵᠢᠯᠡᠬᠦ ᠤᠬᠠᠭᠠᠨᠴᠢ ᠲᠤᠰᠬᠠᠢ ᠮᠡᠷᠬᠡᠵᠢᠯ᠎ᠤᠨ ᠤᠪᠤᠷ ᠠᠪᠴᠤ ᠂ ᠲᠡᠯᠡᠬᠡᠢ᠎ᠶᠢᠨ ᠡᠷᠡᠬᠦᠯ ᠬᠠᠮᠠᠭᠠᠯᠠᠯ᠎ᠤᠨ ᠵᠤᠬᠢᠶᠠᠨ ᠪᠠᠢᠭᠤᠯᠤᠯᠳᠠ᠎ᠡᠴᠠ ᠵᠤᠬᠢᠶᠠᠨ ᠪᠠᠢᠭᠤᠯᠵᠤ ᠭᠤᠤᠯᠯᠠᠨ ᠤᠳᠤᠷᠢᠳᠴᠤ ᠂ ᠪᠤᠰᠤᠳᠴᠢ ᠲᠦᠪ ᠭᠤᠤᠯᠴᠢ ᠵᠠᠷᠴᠢᠮ᠎ᠢ ᠪᠠᠷᠢᠮᠳᠠᠯᠠᠬᠤ ᠭᠡᠷᠡᠭᠳᠠᠢ ︾ ᠬᠡᠳᠡᠭ᠎ᠢ ᠴᠢᠬᠤᠯᠠᠴᠢᠯᠠᠵᠥ ᠪᠠᠢᠨ᠎ᠠ ᠬᠡᠵᠥ ᠳᠤᠳᠤᠷᠬᠠᠢ ᠢᠯᠡᠳᠬᠡᠵᠡᠢ ᠃
ᠪᠡᠬᠡᠵᠢᠩ᠎ᠤᠨ ᠰᠢᠶᠸ ᠡᡁᠸ ᠠᠨᠠᠭᠠᠬᠤ ᠤᠬᠠᠭᠠᠨ᠎ᠤ ᠲᠡᠭᠡᠳᠤ ᠰᠤᠷᠭᠠᠭᠤᠯᠢ᠎ᠶᠢᠨ ᠤᠯᠠᠨ ᠨᠡᠢᠳᠠ᠎ᠶᠢᠨ ᠡᠷᠡᠬᠦᠯ ᠬᠠᠮᠠᠭᠠᠯᠠᠯ᠎ᠤᠨ ᠲᠡᠭᠡᠳᠤ ᠰᠤᠷᠭᠠᠭᠤᠯᠢ᠎ᠶᠢᠨ ᠵᠠᠬᠢᠷᠤᠯ ᠯᠢᠦ ᠶᠤᠸᠠᠨ ᠯᠢ ᠂ ᠦᠩᠬᠡᠷᠡᠭᠰᠡᠨ 30 ᠵᠢᠯ᠎ᠳ᠋ᠤ ᠲᠡᠯᠡᠬᠡᠢ᠎ᠶᠢᠨ ᠪᠦᠮᠪᠦᠷᠴᠡᠭ᠎ᠲᠤ ᠵᠢᠯ ᠪᠦᠷᠢ ᠨᠢᠬᠡ ᠵᠤᠢᠯ᠎ᠤᠨ ᠰᠢᠨ᠎ᠠ ᠬᠠᠯᠳᠠᠪᠤᠷᠢᠳᠤ ᠡᠪᠡᠳᠴᠢᠨ ᠭᠠᠷᠴᠤ ᠂ ᠬᠦᠮᠤᠨ ᠲᠦᠷᠤᠯᠬᠢᠳᠠᠨ᠎ᠤ ᠰᠢᠨ᠎ᠠ ᠬᠠᠯᠳᠠᠪᠤᠷᠢᠳᠤ ᠡᠪᠡᠳᠴᠢᠨ᠎ᠤ ᠦᠷᠢᠰᠤᠯᠳᠤᠬᠡᠨ᠎ᠳ᠋ᠤ ᠲᠤᠯᠭᠠᠷᠠᠬᠤ ᠦᠶᠡᠯᠡᠯ᠎ᠤᠨ ᠬᠤᠭᠤᠴᠠᠭ᠎ᠠ ᠶᠠᠪᠤᠬᠤ ᠳᠤᠳᠤᠮ ᠤᠬᠤᠷ ᠪᠤᠯᠵᠤ ᠪᠠᠢᠨ᠎ᠠ ᠃ ᠰᠢᠨ᠎ᠠ ᠬᠠᠯᠳᠠᠪᠤᠷᠢᠳᠤ ᠡᠪᠡᠳᠴᠢᠨ ᠪᠦᠬᠦᠨ᠎ᠨᠢ ᠲᠦᠷᠬᠡᠨ ᠬᠠᠯᠳᠠᠪᠤᠷᠢᠯᠠᠬᠤ ᠴᠢᠨᠠᠷᠳᠠᠢ ᠬᠠᠯᠳᠠᠪᠤᠷᠢᠳᠤ ᠡᠪᠡᠳᠴᠢᠨ ᠪᠢᠰᠢ ᠪᠤᠯᠪᠠᠴᠤ ᠂ ᠤᠯᠠᠨ ᠨᠡᠢᠳᠠ᠎ᠶᠢᠨ ᠡᠷᠡᠬᠦᠯ ᠬᠠᠮᠠᠭᠠᠯᠠᠯ᠎ᠤᠨ ᠰᠢᠰᠲ᠋ᠸᠮ᠎ᠤᠨ ᠪᠠᠢᠭᠤᠯᠤᠯᠳᠠ᠎ᠨᠢ ᠪᠠᠢᠩᠭᠤ᠎ᠶᠢᠨ ᠴᠦᠬᠦᠷᠡᠰᠢ ᠦᠬᠡᠢ ᠪᠡᠯᠡᠳᠬᠡᠯ᠎ᠲᠠᠢ ᠪᠠᠢᠬᠤ᠎ᠶᠢ ᠪᠡᠶᠡᠯᠡᠬᠦᠯᠬᠦ ᠭᠡᠷᠡᠭᠳᠠᠢ ᠃ ᠲᠡᠷᠢᠬᠦᠯᠡᠭᠴᠢ ᠰᠢ᠎ᠶᠢᠨ ᠫᠢᠩ᠎ᠤᠨ ᠰᠠᠨᠠᠭᠤᠯᠭ᠎ᠠ᠎ᠨᠢ ᠪᠦᠳᠤᠬᠡᠯᠴᠢ ᠴᠢᠨᠠᠷᠳᠠᠢ ᠬᠦᠳᠤᠯᠤᠨ ᠲᠠᠭᠠᠭᠤᠯᠬᠤ ᠤᠢᠯᠡᠳᠤᠯ᠎ᠢ ᠢᠳᠡᠪᠬᠢ ᠪᠠᠳᠠᠷᠠᠭᠤᠯᠬᠤ ᠶᠡᠬᠡ ᠤᠯᠤᠰ᠎ᠤᠨ ᠡᠬᠦᠷᠬᠡᠯᠠᠯ ᠪᠤᠯᠤᠨ ᠰᠢᠨᠵᠢᠯᠡᠬᠦ ᠤᠬᠠᠭᠠᠨᠴᠢ ᠵᠤᠷᠢᠬ ᠰᠠᠨᠠᠭ᠎ᠠ᠎ᠶᠢ ᠢᠯᠡᠷᠡᠬᠦᠯᠵᠠᠢ ᠬᠡᠵᠤ ᠬᠡᠯᠡᠪᠡ ᠃

︵ ᠰᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ᠎ᠶᠢᠨ 18᠎ᠤ ᠴᠠᠬᠢᠯᠭᠠᠨ ᠮᠡᠳᠡᠬᠡ᠎ᠡᠴᠠ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面