ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-06-08 11:25:27

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

︽ D2 ᠂ D2 ᠠᠵᠢᠯᠯᠠᠭᠠᠷᠠᠢ ︕ ︾ ᠭᠡᠵᠤ ᠵᠠᠷᠯᠢᠭ ᠪᠠᠭᠤᠯᠭᠠᠬᠣ᠎ᠳ᠋ᠤ ᠂ ᠭᠡᠨᠡᠳᠲᠡ ᠡᠭᠦᠰᠦᠭᠰᠡᠨ ᠬᠡᠷᠡᠭ᠎ᠢ ᠰᠢᠢᠳᠪᠦᠷᠢᠯᠡᠬᠦ ᠠᠩᠭᠢ᠎ᠶᠢᠨ ᠭᠡᠰᠢᠭᠦᠳ ᠴᠠᠭᠳᠠᠭᠤᠯ ᠨᠣᠬᠠᠶ᠎ᠪᠠᠨ ᠳᠠᠭᠠᠭᠤᠯᠤᠨ ᠨᠢᠰᠬᠡᠯ᠎ᠡᠴᠠ ᠪᠠᠭᠤᠵᠤ ᠳᠠᠷᠤᠢ ᠲᠦᠷᠭᠡᠨ ᠬᠠᠷᠠᠯᠲᠠ᠎ᠳᠠᠭᠠᠨ ᠣᠶᠢᠷᠠᠳᠴᠤ ᠂ ᠰᠡᠷᠡᠮᠵᠢᠯᠡᠬᠦ ᠂ ᠪᠦᠰᠡᠯᠡᠬᠦ ᠂ ᠪᠠᠷᠢᠪᠴᠢᠯᠠᠬᠤ ᠵᠡᠷᠭᠡ ᠠᠵᠢᠯ᠎ᠢ ᠰᠢᠯᠤᠭᠤᠬᠠᠨ ᠳᠠᠭᠤᠰᠬᠨᠪᠠ ᠃ ᠭᠡᠰᠢᠭᠦᠳ᠎ᠤᠨ ᠬᠣᠭᠣᠷᠣᠨᠳᠣᠬᠢ ᠬᠠᠮᠵᠢᠯᠴᠠᠭ᠎ᠠ ᠪᠣᠯᠪᠠᠰᠤᠷᠠᠩᠭᠤᠶ ᠂ ᠠᠵᠢᠯᠯᠠᠭ᠎ᠠ ᠡᠷᠡᠰ ᠰᠢᠭᠤᠷᠬᠠᠶ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠭᠤᠴᠠᠭᠠᠨ᠎ᠳ᠋ᠤ ᠂ ᠮᠠᠨᠵᠤᠤᠷ᠎ᠤᠨ ᠵᠠᠰᠠᠮᠠᠯ ᠵᠠᠮ᠎ᠤᠨ ᠪᠣᠭᠣᠮᠲᠠ᠎ᠶᠢᠨ ᠰᠣᠷᠢᠯᠲᠠ᠎ᠶᠢᠨ ᠲᠠᠯᠠᠪᠠᠶ᠎ᠳ᠋ᠤ ᠴᠡᠷᠢᠭ᠎ᠤᠨ ᠪᠣᠯᠪᠠᠰᠤᠷᠠᠯ ᠦᠷᠬᠦᠯᠵᠢᠯᠡᠵᠦ ᠂ ᠡᠷᠳᠡᠮ ᠴᠢᠳᠠᠪᠤᠷᠢ ᠂ ᠳᠠᠶᠢᠴᠢᠨ ᠬᠦᠴᠦᠨ᠎ᠢ᠎ᠨᠢ ᠰᠢᠯᠭᠠᠨ᠎ᠠ ᠃
ᠮᠠᠨᠵᠤᠤᠷ᠎ᠤᠨ ᠬᠢᠯᠢ᠎ᠪᠠᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠶᠢᠴᠠᠭᠠᠬᠤ ᠥᠷᠲᠡᠭᠡ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠳᠠᠶᠢᠯᠠᠯᠳᠣᠭᠠᠨ᠎ᠤ ᠢᠯᠠᠯᠲᠠ᠎ᠶᠢ ᠲᠡᠮᠡᠴᠡᠨ ᠣᠯᠬᠤ᠎ᠶᠢᠨ ᠲᠦᠯᠦᠭᠡ ᠴᠡᠷᠢᠭ᠎ᠤᠨ ᠪᠣᠯᠪᠠᠰᠤᠷᠠᠯ᠎ᠢ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠤᠨ ᠪᠦᠬᠦ ᠶᠠᠪᠤᠴᠠ᠎ᠳ᠋ᠤ ᠲᠤᠭᠤᠰᠢᠯᠠᠭᠤᠯᠵᠤ ᠂ ᠦᠨᠳᠦᠷ ᠪᠠᠷᠢᠮᠵᠢᠶ᠎ᠠ ᠂ ᠴᠢᠡᠭᠭ᠎ᠠ ᠱᠠᠭᠠᠷᠳᠠᠯᠭ᠎ᠠ᠎ᠪᠠᠷ ᠬᠢᠯᠢ ᠬᠢᠵᠠᠭᠠᠷ᠎ᠤᠨ ᠠᠮᠤᠷ ᠲᠤᠭᠲᠠᠭᠤᠨ᠎ᠢ ᠬᠠᠮᠠᠭᠠᠯᠠᠵᠤ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠷᠢᠬᠯᠠᠯᠳᠠ᠎ᠶᠢᠨ ᠳᠠᠢᠯᠠᠯᠳᠤᠭᠠᠨ᠎ᠤ ᠢᠯᠠᠯᠲᠠ᠎ᠶᠢ ᠤᠯᠬᠤ᠎ᠪᠠᠷ ᠵᠢᠪᠬᠤᠭ᠎ᠠ ᠲᠡᠭᠦᠯᠳᠡᠷ ᠠᠵᠢᠯᠯᠠᠨ᠎ᠠ ᠃
ᠬᠡᠷᠡᠭᠴᠡᠭᠡ᠎ᠳ᠋ᠡᠭᠡᠨ ᠲᠤᠬᠢᠷᠠᠭᠤᠯᠤᠨ ᠲᠤᠭᠲᠠᠭᠠᠭᠰᠠᠨ ᠴᠡᠷᠢᠭ ᠪᠣᠯᠪᠠᠰᠤᠷᠠᠭᠤᠯᠬᠤ ᠬᠠᠷᠠᠯᠲᠠ ᠡᠭᠦᠷᠭᠡ
ᠮᠠᠨᠵᠤᠤᠷ᠎ᠤᠨ ᠬᠢᠯᠢ᠎ᠪᠠᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠪᠦᠬᠦ ᠥᠷᠲᠡᠭᠡ᠎ᠶᠢᠨ ᠠᠷᠠᠳ᠎ᠤᠨ ᠴᠠᠭᠳᠠᠭ᠎ᠠ᠎ᠶᠢᠨ ᠴᠡᠷᠢᠭ ᠪᠣᠯᠪᠠᠰᠤᠷᠠᠭᠣᠯᠬᠤ ᠬᠡᠷᠡᠭᠴᠡᠭᠡ ᠶᠣᠰᠣᠭᠠᠷ ᠲᠤᠬᠠᠶᠢᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠢᠶᠡᠨ ︽ ᠲᠥᠪᠯᠡᠷᠡᠭᠦᠯᠦᠨ ᠪᠣᠯᠪᠠᠰᠤᠷᠠᠭᠤᠯᠬᠤ ︾ ᠂ ᠬᠢᠯᠢ᠎ᠶᠢᠨ ᠪᠠᠶᠢᠴᠠᠭᠠᠯᠲᠠ᠎ᠶᠢᠨ ᠲᠤᠬᠠᠶᠢᠯᠠᠭᠰᠠᠨ ᠠᠵᠢᠯ᠎ᠤᠨ ᠤᠷᠤᠯᠳᠤᠭᠠᠨ᠎ᠳ᠋ᠤ ᠪᠡᠯᠡᠳᠬᠡᠬᠦ ᠂ ᠲᠤᠬᠠᠶᠢᠯᠠᠭᠰᠠᠨ ᠠᠵᠢᠯ᠎ᠤᠨ ᠪᠣᠯᠪᠠᠰᠤᠷᠠᠯ᠎ᠤᠨ ᠦᠷ᠎ᠡ ᠪᠦᠲᠦᠮᠵᠢ᠎ᠶᠢ ᠬᠥᠲᠥᠯᠥᠨ ᠳᠠᠭᠠᠭᠤᠯᠬᠤ 3 ᠲᠥᠷᠥᠯ᠎ᠤᠨ 6 ᠳᠤᠷ᠎ᠠ ᠰᠣᠨᠢᠷᠬᠠᠯ᠎ᠤᠨ ᠳᠤᠭᠤᠶᠢᠯᠠᠩ ᠪᠠᠶᠢᠭᠤᠯᠵᠤ ᠂ ᠴᠡᠷᠢᠭ᠎ᠤᠨ ᠪᠤᠯᠪᠠᠰᠤᠷᠠᠯ᠎ᠢ ᠬᠡᠪᠰᠢᠭᠦᠯᠵᠤ ᠂ ᠰᠠᠭᠤᠷᠢ ᠴᠢᠳᠠᠪᠤᠷᠢ᠎ᠶᠢ᠎ᠨᠢ ᠳᠡᠭᠡᠭᠰᠢᠯᠡᠭᠦᠯᠪᠠ ︔ ᠬᠠᠪᠰᠤᠷᠤᠨ ᠵᠢᠯᠣᠭᠣᠳᠴᠤ ᠲᠠᠶᠢᠯᠪᠤᠷᠢᠯᠠᠬᠤ ᠂ ᠭᠠᠷᠠᠭ ᠪᠦᠷᠢ ᠨᠢᠭᠡ ᠤᠳᠠᠭ᠎ᠠ ᠰᠢᠯᠭᠠᠬᠤ ᠵᠡᠷᠭᠡ ᠬᠡᠯᠪᠡᠷᠢ᠎ᠪᠠᠷ ᠠᠷᠠᠳ᠎ᠤᠨ ᠴᠠᠭᠳᠠᠭ᠎ᠠ᠎ᠶᠢᠨ ᠬᠠᠤᠯᠢ ᠬᠡᠷᠡᠭᠵᠢᠭᠦᠯᠬᠦ ᠬᠢᠷᠢ ᠬᠡᠮ᠎ᠤᠨ ᠰᠢᠯᠭᠠᠯᠲᠠ᠎ᠶᠢᠨ ᠪᠡᠯᠡᠳᠬᠡᠯ ᠠᠵᠢᠯ᠎ᠢ ᠰᠠᠶᠢᠲᠤᠷ ᠬᠢᠵᠦ ᠂ ᠬᠠᠤᠯᠢ ᠰᠤᠷᠤᠯᠴᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠪᠠ ︔ ᠠᠮᠵᠢᠯᠲᠠ ᠪᠦᠲᠦᠮᠵᠢ᠎ᠪᠠᠷ ᠵᠢᠭᠠᠨ ᠵᠢᠯᠣᠭᠣᠳᠬᠤ ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠴᠡᠷᠢᠭ ᠪᠣᠯᠪᠠᠰᠤᠷᠠᠭᠤᠯᠬᠤ ᠠᠵᠢᠯ᠎ᠤᠨ ᠦᠷ᠎ᠡ ᠪᠦᠲᠦᠮᠵᠢ᠎ᠪᠠᠨ ᠵᠠᠳᠠᠯᠵᠦ ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠤᠨ ᠴᠡᠷᠢᠭ ᠪᠣᠯᠪᠠᠰᠤᠷᠠᠭᠤᠯᠬᠤ ᠪᠣᠳᠠᠲᠤ ᠪᠠᠶᠢᠳᠠᠯ᠎ᠢ ᠣᠨᠣᠪᠴᠢᠲᠠᠶ ᠡᠵᠡᠮᠳᠡᠬᠦ ᠪᠠ ᠴᠡᠷᠢᠭ ᠪᠣᠯᠪᠠᠰᠤᠷᠠᠭᠤᠯᠬᠤ ᠦᠷ᠎ᠡ ᠪᠦᠲᠦᠮᠵᠢ᠎ᠶᠢ ᠪᠤᠰᠤᠳᠴᠢ᠎ᠪᠠᠷ ᠦᠨᠡᠯᠡᠬᠦ᠎ᠶᠢ ᠪᠡᠶᠡᠯᠡᠭᠦᠯᠵᠦ ᠂ ᠴᠡᠷᠢᠭ ᠪᠣᠯᠪᠠᠰᠤᠷᠠᠭᠤᠯᠬᠤ ᠶᠠᠪᠤᠴᠠ᠎ᠶᠢᠨ ᠭᠣᠤᠯᠳᠠᠯᠭ᠎ᠠ᠎ᠪᠠᠨ ᠤᠨᠤᠪᠴᠢᠲᠠᠢ ᠠᠳᠬᠤᠵᠤ ᠵᠥᠪ ᠴᠢᠭᠯᠡᠯ᠎ᠢ ᠡᠵᠡᠮᠳᠡᠬᠦ᠎ᠶᠢ ᠪᠠᠲᠤᠯᠠᠪᠠ ᠃
ᠠᠷᠠᠳ᠎ᠤᠨ ᠴᠠᠭᠳᠠᠭ᠎ᠠ᠎ᠶᠢᠨ ᠲᠤᠬᠠᠶᠢᠯᠠᠭᠰᠠᠨ ᠠᠵᠢᠯ᠎ᠤᠨ ᠳᠤᠲᠠᠭᠤᠳᠠᠯ ᠪᠠ ᠴᠢᠳᠠᠪᠤᠷᠢ ᠪᠠᠭᠤᠷᠠᠶ ᠲᠠᠯ᠎ᠠ᠎ᠶᠢ ᠡᠮᠬᠢᠯᠡᠨ ᠂ ᠲᠤᠬᠠᠶᠢᠯᠠᠭᠰᠠᠨ ᠠᠵᠢᠯ᠎ᠤᠨ ᠪᠣᠯᠪᠠᠰᠤᠷᠠᠯ᠎ᠤᠨ ᠰᠡᠳᠦᠪ᠎ᠤᠨ ᠬᠥᠮᠥᠷᠭᠡ᠎ᠶᠢ ᠨᠠᠷᠢᠨ ᠨᠢᠮᠪᠠᠶ ᠡᠮᠬᠢᠳᠬᠡᠨ ᠨᠠᠶᠢᠷᠠᠭᠤᠯᠵᠤ ᠂ 2 ᠬᠢᠯᠢ᠎ᠶᠢᠨ ᠪᠠᠶᠢᠴᠠᠭᠠᠯᠲᠠ᠎ᠶᠢᠨ ᠲᠤᠬᠠᠶᠢᠯᠠᠭᠰᠠᠨ ᠠᠵᠢᠯ᠎ᠤᠨ ᠭᠠᠷ ᠠᠪᠣᠯᠭ᠎ᠠ ᠂ ᠬᠢᠵᠢᠭ᠎ᠤᠨ ᠪᠠᠶᠢᠳᠠᠯ ᠬᠦᠨᠳᠤ ᠨᠤᠴᠢᠲᠠᠢ 24 ᠤᠯᠤᠰ᠎ᠤᠨ ᠫᠠᠰᠫᠣᠷᠲ ᠂ ᠸᠢᠰᠠ ᠵᠢᠴᠢ ᠰᠢᠯᠭᠠᠨ ᠪᠠᠶᠢᠴᠠᠭᠠᠭᠰᠠᠨ ᠲᠠᠮᠠᠭ᠎ᠠ᠎ᠶᠢᠨ ᠦᠯᠢᠭᠡᠷ ᠶᠠᠩᠵᠤ᠎ᠶᠢ ᠡᠮᠬᠢᠳᠬᠡᠪᠠ ︔ ᠤᠷᠢᠳ ᠬᠣᠵᠢᠳ 28 ᠰᠤᠷᠭᠠᠭᠴᠢ᠎ᠶᠢᠨ ᠪᠦᠯᠬᠦᠮ ᠤᠷᠢᠵᠤ ᠂ 40 ᠭᠠᠷᠤᠶ ᠤᠳᠠᠭ᠎ᠠ᠎ᠶᠢᠨ ᠤᠯᠤᠰ ᠲᠥᠷᠥ᠎ᠶᠢᠨ ᠣᠨᠣᠯ ᠂ ᠬᠠᠤᠯᠢ ᠲᠣᠭᠲᠠᠭᠠᠯ ᠪᠠ ᠴᠠᠭᠳᠠᠭᠠᠨ᠎ᠤ ᠶᠠᠪᠤᠳᠠᠯ᠎ᠤᠨ ᠪᠣᠯᠪᠠᠰᠤᠷᠠᠯ ᠥᠷᠨᠢᠭᠦᠯᠵᠦ ᠂ 6 ᠤᠳᠠᠭ᠎ᠠ ᠦᠨᠳᠦᠰᠦᠨ ᠪᠡᠶ᠎ᠡ᠎ᠶᠢᠨ ᠲᠠᠮᠢᠷ᠎ᠤᠨ ᠴᠢᠳᠠᠪᠤᠷᠢ᠎ᠶᠢᠨ ᠪᠣᠯᠪᠠᠰᠤᠷᠠᠯ ᠪᠠ 6 ᠤᠳᠠᠭ᠎ᠠ ᠬᠠᠮᠠᠭᠠᠯᠠᠯᠲᠠ᠎ᠶᠢᠨ ᠬᠤᠪᠴᠠᠰᠤ ᠡᠮᠦᠰᠴᠦ ᠳᠠᠢᠯᠬᠤ ᠪᠣᠯᠪᠠᠰᠤᠷᠠᠯ ᠬᠢᠵᠤ ᠂ ᠴᠠᠭᠳᠠᠭᠠᠨ᠎ᠤ ᠶᠠᠪᠤᠳᠠᠯ᠎ᠤᠨ ᠪᠣᠳᠠᠲᠤ ᠳᠠᠢᠯᠠᠯᠳᠤᠭᠠᠨ᠎ᠤ ᠮᠡᠷᠭᠡᠵᠢᠯ ᠴᠢᠳᠠᠪᠤᠷᠢ ᠪᠠ ᠴᠠᠭᠳᠠᠭᠠᠨ᠎ᠤ ᠶᠠᠪᠤᠳᠠᠯ᠎ᠤᠨ ᠪᠠᠭᠠᠵᠢ ᠬᠡᠷᠡᠭᠰᠡᠯ᠎ᠢ ᠬᠡᠷᠡᠭᠯᠡᠬᠦ ᠵᠢᠱᠢᠶ᠎ᠡ ᠦᠵᠡᠭᠦᠯᠬᠦ ᠹᠢᠯᠢᠮ ᠦᠶᠯᠡᠳᠴᠤ ᠂ 20 ᠭᠠᠷᠤᠶ ᠬᠤᠭᠤᠴᠠᠭ᠎ᠠ ᠰᠦᠯᠵᠢᠶᠡᠨ᠎ᠤ ᠰᠤᠷᠤᠯᠴᠠᠯᠭ᠎ᠠ᠎ᠶᠢᠨ ᠰᠢᠷᠢᠰ ᠠᠵᠢᠯᠯᠠᠭ᠎ᠠ ᠥᠷᠨᠢᠭᠦᠯᠪᠡ ᠃
ᠰᠢᠨ᠎ᠡ᠎ᠶᠢ ᠡᠭᠦᠳᠬᠦ᠎ᠪᠠᠷ ᠬᠥᠳᠡᠯᠭᠡᠭᠦᠷ ᠪᠣᠯᠭᠠᠭᠰᠠᠨ ᠴᠡᠷᠢᠭ ᠪᠣᠯᠪᠠᠰᠤᠷᠠᠭᠤᠯᠬᠤ ᠴᠣᠭ ᠵᠢᠪᠬᠤᠭ᠎ᠠ
ᠮᠠᠨᠵᠤᠤᠷ᠎ᠤᠨ ᠬᠢᠯᠢ᠎ᠪᠠᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠬᠢᠵᠢᠭ᠎ᠤᠨ ᠪᠠᠶᠢᠳᠠᠯ᠎ᠤᠨ ᠬᠤᠭᠤᠴᠠᠭᠠᠨ᠎ᠳ᠋ᠤ ᠲᠤᠬᠠᠶᠢᠯᠠᠭᠰᠠᠨ ᠠᠵᠢᠯ᠎ᠤᠨ ᠪᠣᠯᠪᠠᠰᠤᠷᠠᠯ ᠪᠠ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠤᠨ ᠲᠥᠰᠦᠯ᠎ᠢ ᠰᠢᠨ᠎ᠡ᠎ᠪᠠᠷ ᠲᠣᠭᠲᠠᠭᠠᠵᠤ ᠂ ᠰᠦᠯᠵᠢᠶᠠᠨ ᠳᠡᠭᠡᠷᠡᠬᠢ ᠴᠡᠷᠢᠭ ᠪᠣᠯᠪᠠᠰᠤᠷᠠᠭᠤᠯᠬᠤ ᠰᠢᠰᠲ᠋ᠧᠮ᠎ᠢ ᠡᠭᠦᠳᠪᠠ ᠃ ᠰᠦᠯᠵᠢᠶᠡᠨ ᠳᠡᠭᠡᠷ᠎ᠡ ᠠᠰᠠᠭᠤᠯᠲᠠ ᠬᠠᠷᠢᠭᠤᠯᠬᠤ ᠂ ᠰᠤᠳᠤᠯᠤᠨ ᠶᠠᠷᠢᠯᠴᠠᠬᠤ ᠂ ᠰᠦᠯᠵᠢᠶᠡᠨ ᠭᠠᠳᠠᠨ᠎ᠠ ᠥᠪᠡᠰᠦᠪᠡᠨ ᠰᠤᠷᠤᠯᠴᠠᠬᠤ ᠂ ᠥᠪᠡᠰᠦᠪᠡᠨ ᠰᠢᠯᠭᠠᠬᠤ ᠴᠡᠷᠢᠭ ᠪᠣᠯᠪᠠᠰᠤᠷᠠᠭᠤᠯᠬᠤ ᠵᠠᠭᠪᠤᠷ᠎ᠢ ᠡᠭᠦᠳᠴᠤ ᠂ ︽ ᠰᠣᠯᠢᠯᠴᠠᠬᠤ  ᠪᠣᠯᠪᠠᠰᠤᠷᠠᠭᠤᠯᠬᠤ  ᠤᠷᠤᠯᠳᠤᠬᠤ  ᠰᠢᠯᠭᠠᠨ ᠬᠢᠨᠠᠬᠤ  ᠳ᠋ᠦᠩᠨᠡᠬᠦ  ᠳᠡᠭᠡᠭᠰᠢᠯᠡᠭᠦᠯᠬᠦ ︾ ᠪᠢᠲᠡᠭᠦᠤ ᠴᠠᠭᠠᠷᠢᠭᠲᠤ ᠴᠡᠷᠢᠭ ᠪᠣᠯᠪᠠᠰᠤᠷᠠᠭᠤᠯᠬᠤ ᠵᠠᠭᠪᠤᠷ᠎ᠢ ᠲᠠᠰᠤᠷᠠᠯᠲᠠ ᠥᠬᠡᠶ ᠲᠡᠭᠦᠯᠳᠡᠷᠵᠢᠭᠦᠯᠪᠠ ᠃
ᠲᠤᠰ ᠥᠷᠲᠡᠭᠡ ᠲᠣᠭᠲᠠᠭᠰᠠᠨ ᠬᠤᠭᠤᠴᠠᠭ᠎ᠠ᠎ᠲᠠᠢ᠎ᠪᠠᠷ ᠰᠢᠯᠭᠠᠨ ᠲᠣᠭᠲᠠᠭᠠᠬᠤ ᠂ ᠦᠨᠡᠯᠡᠬᠦ ᠂ ᠬᠠᠷᠢᠭᠤ ᠲᠤᠰᠬᠠᠬᠤ ᠰᠠᠶᠢᠨ ᠣᠷᠴᠢᠨ᠎ᠢ ᠪᠦᠷᠢᠯᠳᠦᠭᠦᠯᠵᠦ ᠂ ᠳᠦᠷᠢᠮ ᠲᠣᠭᠲᠠᠴᠠ᠎ᠶᠢᠨ ᠪᠠᠶᠢᠭᠤᠯᠤᠯᠲᠠ᠎ᠪᠠᠷ ᠰᠢᠨᠵᠢᠯᠡᠬᠦ ᠤᠬᠠᠭᠠᠨᠴᠢ ᠴᠡᠷᠢᠭ᠎ᠤᠨ ᠪᠣᠯᠪᠠᠰᠤᠷᠠᠯ᠎ᠢ ᠬᠥ᠋ᠲᠥᠯᠥᠨ ᠵᠢᠯᠤᠭᠤᠳᠴᠤ ᠂ ᠠᠷᠠᠳ᠎ᠤᠨ ᠴᠠᠭᠳᠠᠭ᠎ᠠ᠎ᠶᠢᠨ ᠴᠡᠷᠢᠭ ᠪᠣᠯᠪᠠᠰᠤᠷᠠᠭᠤᠯᠬᠤ ᠲᠤᠯᠭᠠᠮ ᠰᠡᠳᠬᠢᠯᠭᠡ ᠪᠠ ᠢᠳᠡᠪᠬᠢᠵᠢᠯ᠎ᠢ ᠲᠠᠰᠤᠷᠠᠯᠲᠠ ᠦᠭᠡᠢ ᠳᠡᠭᠡᠭᠰᠢᠯᠡᠭᠦᠯᠪᠠ ᠃ ᠣᠳᠣ ᠪᠣᠯᠲᠠᠯ᠎ᠠ 109 ᠰᠢᠨ᠎ᠡ ᠴᠠᠭᠳᠠᠭ᠎ᠠ ᠡᠯ᠎ᠡ ᠵᠦᠶᠯ᠎ᠤᠨ ᠬᠢᠨᠠᠨ ᠰᠢᠯᠭᠠᠯᠲᠠ᠎ᠪᠠᠷ ᠳᠡᠮᠵᠢᠨ ︽ ᠬᠢᠵᠢᠭ ︾᠎ᠲᠠᠢ ᠲᠡᠮᠡᠴᠡᠬᠦ ᠡᠮᠦᠨ᠎ᠠ ᠹᠷᠤᠨᠲ᠎ᠲᠤ ᠬᠦᠷᠴᠤ ᠠᠵᠢᠯᠯᠠᠨ ᠂ ᠪᠦᠬᠦ ᠰᠢᠨ᠎ᠡ ᠴᠠᠭᠳᠠᠭᠠᠨ᠎ᠤ ᠬᠢᠨᠢ 81.34%᠎ᠶᠢ ᠡᠵᠡᠯᠡᠪᠡ ᠃
ᠠᠷᠠᠳ᠎ᠤᠨ ᠴᠠᠭᠳᠠᠭ᠎ᠠ᠎ᠶᠢᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠳᠡᠭᠡᠭᠰᠢᠯᠡᠭᠦᠯᠵᠦ ᠂ ᠪᠣᠯᠪᠠᠰᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠎ᠶᠢᠨ ᠲᠥᠯᠥᠭᠡ ᠂ ᠲᠤᠰ ᠥᠷᠲᠡᠭᠡ ᠲᠣᠭᠲᠠᠭᠰᠠᠨ ᠬᠤᠭᠤᠴᠠᠭ᠎ᠠ᠎ᠲᠠᠢ᠎ᠪᠠᠷ ᠲᠤᠰᠬᠠᠶ ᠮᠡᠷᠭᠡᠵᠢᠯ᠎ᠤᠨ ᠪᠡᠶ᠎ᠡ ᠴᠢᠭᠢᠷᠠᠭᠵᠢᠭᠤᠯᠬᠤ ᠰᠤᠷᠭᠠᠭᠴᠢ ᠤᠷᠢᠵᠤ ᠂ ᠠᠷᠠᠳ᠎ᠤᠨ ᠴᠠᠭᠳᠠᠭ᠎ᠠ᠎ᠳ᠋ᠤ ᠪᠡᠶ᠎ᠡ ᠴᠢᠭᠢᠷᠠᠭᠵᠢᠭᠤᠯᠬᠤ ᠦᠨᠳᠦᠰᠦᠨ ᠮᠡᠳᠡᠯᠭᠡ ᠵᠢᠭᠠᠯᠭᠠᠪᠠ ᠃ ᠰᠢᠨᠵᠢᠯᠡᠬᠦ ᠤᠬᠠᠭᠠᠨᠴᠢ ᠪᠡᠶ᠎ᠡ ᠴᠢᠭᠢᠷᠠᠭᠵᠢᠭᠤᠯᠬᠤ ᠠᠷᠭ᠎ᠠ᠎ᠶᠢ ᠲᠦᠭᠡᠮᠡᠯᠵᠢᠭᠦᠯᠵᠦ ᠂ ᠠᠷᠠᠳ᠎ᠤᠨ ᠴᠠᠭᠳᠠᠭ᠎ᠠ᠎ᠶᠢᠨ ᠡᠳᠦᠷ ᠲᠤᠲᠤᠮ᠎ᠤᠨ ᠪᠣᠯᠪᠠᠰᠤᠷᠠᠯ᠎ᠤᠨ ᠳᠤᠮᠳᠠ ᠣᠷᠣᠰᠢᠵᠤ ᠪᠠᠶᠢᠭ᠎ᠠ ᠪᠤᠷᠤᠭᠤ ᠬᠥᠳᠡᠯᠭᠡᠭᠡᠨ᠎ᠢ ᠵᠠᠯᠠᠷᠠᠭᠤᠯᠵᠤ ᠂ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠢ ᠨᠠᠩ ᠠᠮᠤᠷ ᠲᠦᠪᠰᠢᠨ ᠂ ᠵᠦᠶ ᠵᠣᠬᠢᠰᠲᠠᠶ ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠣᠯᠭᠠᠪᠠ ᠃
ᠪᠣᠳᠠᠲᠤ ᠪᠠᠶᠢᠯᠳᠤᠭᠠᠨ᠎ᠳ᠋ᠤ ᠰᠠᠭᠤᠷᠢᠯᠠᠭᠰᠠᠨ ᠴᠡᠷᠢᠭ ᠪᠤᠯᠪᠠᠰᠤᠷᠠᠭᠤᠯᠬᠤ ᠪᠠᠢᠷᠢ ᠲᠤᠭᠲᠠᠭᠠᠯᠲᠠ
ᠬᠢᠯᠢ᠎ᠶᠢᠨ ᠭᠠᠳᠠᠨᠠᠬᠢ ᠬᠢᠵᠢᠭ᠎ᠤᠨ ᠪᠠᠢᠳᠠᠯ᠎ᠤᠨ ᠬᠡᠴᠡᠭᠦᠳᠡᠬᠦ᠎ᠶᠢ ᠳᠠᠭᠠᠯᠳᠤᠨ ᠬᠢᠯᠢ᠎ᠶᠢᠨ ᠬᠣᠲᠠ ᠪᠤᠯᠤᠭᠰᠠᠨ ᠮᠠᠨᠵᠤᠤᠷ᠎ᠤᠨ ᠬᠢᠯᠢ᠎ᠶᠢᠨ ᠭᠠᠳᠠᠨᠠᠬᠢ ᠬᠢᠵᠢᠭ᠎ᠤᠨ ᠪᠠᠶᠢᠳᠠᠯ᠎ᠢ ᠰᠡᠷᠭᠡᠶᠢᠯᠡᠨ ᠬᠣᠷᠢᠬᠯᠠᠬᠤ ᠳᠠᠢᠯᠠᠳᠤᠭᠠᠨ ᠴᠤ ︽ ᠤᠯᠠᠶᠢᠰᠬᠤ ︾ ᠱᠠᠲᠤᠨ᠎ᠳ᠋ᠤ ᠣᠷᠣᠪᠠ ᠃ ᠮᠠᠨᠵᠤᠤᠷ᠎ᠤᠨ ᠬᠢᠯᠢ᠎ᠪᠠᠷ ᠤᠷᠤᠵᠤ ᠭᠠᠷᠭᠤ ᠬᠢᠯᠢ᠎ᠶᠢᠨ ᠬᠠᠮᠠᠭᠠᠯᠠᠯᠲᠠ᠎ᠶᠢᠨ ᠪᠠᠶᠢᠴᠠᠭᠠᠬᠤ ᠥᠷᠲᠡᠭᠡ 96 ᠬᠤᠷᠴᠠ ᠴᠢᠳᠠᠮᠠᠭᠠᠶ ᠴᠠᠭᠳᠠᠭᠠᠨ᠎ᠤ ᠬᠦᠴᠦᠨ᠎ᠢᠶᠡᠨ ᠲᠠᠲᠠᠵᠤ ᠂ 3 ᠰᠠᠯᠠᠭ᠎ᠠ ᠪᠠᠶᠢᠯᠳᠤᠭᠠᠨ᠎ᠤ ᠠᠩᠭᠢ ᠵᠣᠬᠢᠶᠠᠨ ᠪᠠᠶᠢᠭᠤᠯᠵᠤ ᠂ ᠪᠣᠭᠣᠮᠲᠠ᠎ᠶᠢᠨ ᠡᠮᠦᠨ᠎ᠡ ᠹᠷᠣᠨᠲ᠎ᠲᠤ ᠬᠦᠷᠴᠦ ︽ ᠬᠢᠵᠢᠭ᠎ᠤᠨ ᠣᠷᠣᠵᠣ ᠢᠷᠡᠬᠦ᠎ᠶᠢ ᠰᠡᠷᠭᠡᠶᠢᠯᠡᠬᠦ ︾ ᠲᠤᠰᠬᠠᠶ ᠡᠭᠦᠷᠭᠡ᠎ᠶᠢ ᠡᠭᠦᠷᠭᠡᠯᠡᠪᠡ ᠃
ᠲᠤᠰ ᠥᠷᠲᠡᠭᠡ ︽ ᠡᠭᠡᠯᠵᠢᠯᠡᠨ ᠪᠣᠯᠪᠠᠰᠤᠷᠠᠭᠤᠯᠬᠤ ᠂ ᠪᠠᠶᠢᠯᠳᠤᠭᠠᠨ᠎ᠤ ᠪᠣᠯᠪᠠᠰᠤᠷᠠᠯ᠎ᠢ ᠨᠢᠭᠡᠳᠬᠡᠬᠦ ︾ ᠪᠣᠯᠪᠠᠰᠤᠷᠠᠯ᠎ᠤᠨ ᠵᠠᠭᠪᠤᠷ᠎ᠢ ᠰᠢᠨᠡᠴᠢᠯᠡᠨ ᠬᠡᠷᠡᠭᠵᠢᠭᠦᠯᠵᠦ ᠂ ᠡᠭᠦᠷᠭᠡ ᠭᠦᠢᠴᠡᠳᠬᠡᠵᠦ ᠬᠠᠤᠯᠢ ᠬᠡᠷᠡᠭᠵᠢᠭᠦᠯᠬᠦ ᠨᠢᠭᠡᠳᠦᠭᠡᠷ ᠹᠷᠣᠨᠲ᠎ᠢ ᠡᠳᠦᠷ ᠲᠤᠲᠤᠮ᠎ᠤᠨ ᠰᠤᠷᠤᠯᠴᠠᠵᠤ ᠪᠣᠯᠪᠠᠰᠤᠷᠠᠬᠤ ᠦᠢᠯᠡᠳᠦᠯᠭᠡ᠎ᠶᠢᠨ ᠲᠠᠯᠠᠪᠤᠷ ᠂ ᠰᠣᠷᠢᠯᠲᠠ᠎ᠶᠢᠨ ᠭᠠᠵᠠᠷ ᠪᠣᠯᠭᠠᠨ ᠬᠤᠪᠢᠷᠠᠭᠤᠯᠵᠤ ᠂ ᠦᠶᠯᠡᠴᠢᠯᠡᠭᠡᠨ᠎ᠤ ᠰᠡᠯᠡᠭᠦᠤ ᠴᠠᠭ᠎ᠢᠶᠡᠨ ᠠᠰᠢᠬᠯᠠᠨ ᠬᠠᠤᠯᠢ ᠬᠡᠷᠡᠭᠵᠢᠭᠦᠯᠬᠦ ᠲᠡᠮᠳᠡᠭᠯᠡᠯ ᠂ ᠭᠠᠪᠠ ᠂ ᠨᠢᠯᠪᠤᠰᠤᠲᠤᠭᠤᠯᠬᠤ ᠰᠦᠷᠴᠢᠭᠦᠷ ᠵᠡᠷᠭᠡ ᠰᠡᠷᠭᠡᠶᠢᠯᠡᠨ ᠡᠵᠡᠮᠳᠡᠬᠦ ᠬᠡᠷᠡᠭᠰᠡᠯ ᠂ ᠵᠢᠯᠣᠭᠣᠴᠢ ᠥᠬᠡᠶ ᠨᠢᠰᠬᠡᠯ᠎ᠤᠨ ᠲᠣᠭᠣᠷᠢᠨ ᠪᠠᠶᠢᠴᠠᠭᠠᠯᠲᠠ ᠂ ᠭᠠᠵᠠᠷ ᠳᠡᠭᠡᠷᠡᠬᠢ ᠮᠠᠰᠢᠨ ᠬᠥᠮᠦᠨ᠎ᠤ ᠬᠡᠷᠡᠭᠯᠡᠯᠲᠡ ᠵᠡᠷᠭᠡ᠎ᠶᠢ ᠵᠢᠷᠤᠮᠵᠢᠭᠤᠯᠤᠨ ᠰᠤᠷᠤᠯᠴᠠᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠤᠭᠤᠴᠠᠭᠠᠨ᠎ᠳ᠋ᠠᠬᠢ ᠪᠣᠭᠣᠮᠲᠠ᠎ᠶᠢᠨ ᠬᠠᠮᠢᠶᠠᠷᠤᠨ ᠡᠵᠡᠮᠳᠡᠬᠦ ᠦᠶᠯᠡᠳᠦᠯ ᠴᠢᠳᠠᠪᠤᠷᠢ᠎ᠶᠢ ᠲᠠᠰᠤᠷᠠᠯᠲᠠ ᠥᠬᠡᠶ ᠳᠡᠭᠡᠭᠰᠢᠯᠡᠭᠦᠯᠪᠠ ᠃

︵ ᠭᠡᠷᠡᠯ ᠵᠢᠷᠤᠭ᠎ᠢ ᠮᠠᠨᠵᠤᠤᠷ᠎ᠤᠨ ᠬᠢᠯᠢ᠎ᠪᠠᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ ᠬᠠᠡᠭᠭᠠᠪᠠ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面