ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-06-18 10:57:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

 ᠳᠤᠮᠳᠠᠳᠤ ᠠᠹᠷᠢᠺᠠ ᠪᠦᠯᠬᠦᠮᠳᠡᠨ ᠬᠢᠵᠢᠭ᠎ᠲᠠᠢ ᠳᠡᠮᠡᠴᠡᠬᠦ ᠤᠨᠴᠠᠭᠠᠢ ᠳᠦᠷᠦᠬᠦᠴᠦᠳ᠎ᠤᠨ ᠬᠤᠷᠠᠯ ᠳᠡᠬᠡᠷᠡᠬᠢ ᠭᠤᠤᠯ ᠵᠤᠷᠢᠯᠳᠠᠳᠤ ᠶᠠᠷᠢᠶ᠎ᠠ
︵ 2020 ᠤᠨ᠎ᠤ 6 ᠰᠠᠷ᠎ᠠ᠎ᠶᠢᠨ 17᠎ᠤ ᠡᠳᠤᠷ ᠂ ᠪᠡᠬᠡᠵᠢᠩ᠎ᠳ᠋ᠤ ︶
ᠪᠦᠬᠦᠲᠡ ᠨᠠᠢᠷᠠᠮᠳᠠᠬᠣ ᠲᠣᠮᠲᠠᠲᠣ ᠠᠷᠠᠳ ᠣᠯᠣᠰ᠎ᠤᠨ ᠲᠡᠷᠢᠭᠦᠯᠡᠭᠴᠢ
ᠰᠢ᠎ᠶᠢᠨ ᠫᠢᠩ


ᠬᠦᠨᠳᠤᠳᠤ ᠯᠠᠮᠠᠹᠦ᠋ᠰᠠ ᠶᠡᠷᠦᠩᠬᠡᠢᠯᠡᠭᠴᠢ ᠂
ᠬᠦᠨᠳᠤᠳᠤ ᠰᠠᠯᠸ ᠶᠡᠷᠦᠩᠬᠡᠢᠯᠡᠭᠴᠢ ᠂
ᠬᠦᠨᠳᠤᠳᠤ ᠡᠯ᠎ᠡ ᠤᠯᠤᠰ᠎ᠤᠨ ᠳᠡᠷᠢᠬᠦᠨ ᠂ ᠵᠠᠰᠠᠬ᠎ᠤᠨ ᠤᠷᠳᠤᠨ᠎ᠤ ᠳᠦᠷᠦᠬᠦᠴᠤᠳ ᠂
ᠬᠦᠨᠳᠤᠳᠤ ᠠᠹᠷᠢᠺᠠ ᠳᠢᠪ᠎ᠤᠨ ᠤᠯᠤᠰ᠎ᠤᠳ᠎ᠤᠨ
ᠬᠤᠯᠪᠤᠭᠠᠨ᠎ᠤ ᠵᠦᠪᠯᠡᠯ᠎ᠤᠨ ᠳᠡᠷᠢᠬᠦᠯᠡᠭᠴᠢ ᠹᠠᠵᠢ ᠠᠪᠤᠭᠠᠢ ᠂
ᠬᠦᠨᠳᠤᠳᠤ ᠤᠯᠠᠨ ᠤᠯᠤᠰ᠎ᠤᠨ ᠬᠤᠯᠪᠤᠭᠠᠳᠤ ᠪᠠᠢᠭᠤᠯᠭ᠎ᠠ᠎ᠶᠢᠨ
ᠨᠠᠷᠢᠨ ᠪᠢᠴᠢᠭ᠎ᠤᠨ ᠳᠠᠷᠤᠭ᠎ᠠ ᠬᠦᠲᠸᠯᠸᠢᠢᠰ ᠠᠪᠤᠭᠠᠢ ᠂
ᠬᠦᠨᠳᠤᠳᠤ ᠳᠡᠯᠡᠬᠡᠢ᠎ᠶᠢᠨ ᠡᠷᠡᠬᠦᠯ ᠬᠠᠮᠠᠭᠠᠯᠠᠯ᠎ᠤᠨ ᠵᠤᠬᠢᠶᠠᠨ
ᠪᠠᠢᠭᠤᠯᠤᠯᠳᠠ᠎ᠶᠢᠨ ᠶᠡᠷᠦᠩᠬᠡᠢ ᠠᠵᠢᠯᠯᠠᠬᠴᠢ ᠲᠠᠨᠳ᠋ᠸᠰᠠᠢ ᠠᠪᠤᠭᠠᠢ ᠂

ᠪᠦᠬᠦ ᠪᠦᠮᠪᠦᠷᠴᠡᠭ᠎ᠢᠶᠠᠷ᠎ᠢᠶᠡᠨ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠳᠡᠮᠡᠴᠡᠵᠦ ᠪᠠᠢᠬᠤ ᠴᠢᠬᠤᠯᠠ ᠴᠠᠬ ᠮᠦᠴᠡ᠎ᠳ᠋ᠤ ᠂ ᠪᠢᠳᠡ ᠡᠨᠡ ᠤᠳᠠᠭ᠎ᠠ᠎ᠶᠢᠨ ᠳᠤᠮᠳᠠᠳᠤ ᠠᠹᠷᠢᠺᠠ᠎ᠶᠢᠨ ᠤᠨᠴᠠᠭᠠᠢ ᠳᠦᠷᠦᠬᠦᠴᠦᠳ᠎ᠤᠨ ᠬᠤᠷᠠᠯ᠎ᠢ ᠬᠤᠷᠠᠯᠳᠤᠭᠤᠯᠵᠥ ᠂ ᠰᠢᠨ᠎ᠡ ᠬᠠᠭᠤᠴᠢᠨ ᠨᠠᠢᠵᠠ ᠨᠠᠷ᠎ᠲᠠᠢ᠎ᠪᠠᠨ ᠸᠢᠳᠢᠣ᠋᠎ᠪᠠᠷ ᠳᠠᠮᠵᠢᠨ ᠴᠤᠬᠯᠠᠷᠠᠵᠥ ᠂ ᠪᠦᠯᠬᠦᠮᠳᠡᠨ ᠬᠢᠵᠢᠭ᠎ᠲᠠᠢ ᠳᠡᠮᠡᠴᠡᠬᠦ ᠶᠡᠬᠡ ᠪᠤᠳᠤᠯᠭ᠎ᠠ᠎ᠶᠢ ᠬᠠᠮᠳᠤ᠎ᠪᠠᠷ ᠵᠦᠪᠳᠡᠯᠴᠡᠨ ᠂ ᠳᠤᠮᠳᠠᠳᠤ ᠠᠹᠷᠢᠺᠠ᠎ᠶᠢᠨ ᠠᠬ᠎ᠠ ᠳᠡᠬᠦᠦ᠎ᠶᠢᠨ ᠨᠦᠬᠦᠷᠯᠡᠯ᠎ᠢᠶᠡᠨ ᠬᠠᠮᠳᠤ᠎ᠪᠠᠷ ᠶᠠᠷᠢᠯᠴᠠᠬᠤ ᠪᠤᠯᠤᠯ᠎ᠠ ᠃ ᠯᠠᠮᠠᠹᠦ᠋ᠰᠠ ᠶᠡᠷᠦᠩᠬᠡᠢᠯᠡᠭᠴᠢ ᠂ ᠰᠠᠯᠸ ᠶᠡᠷᠦᠩᠬᠡᠢᠯᠡᠭᠴᠢ᠎ᠶᠢᠨ ᠨᠠᠳᠠ᠎ᠲᠠᠢ ᠬᠠᠮᠳᠤ ᠡᠨᠡ ᠤᠳᠠᠭ᠎ᠠ᠎ᠶᠢᠨ ᠬᠤᠷᠠᠯ᠎ᠢ ᠬᠤᠷᠠᠯᠳᠤᠭᠤᠯᠬᠤ᠎ᠶᠢ ᠰᠠᠨᠠᠭᠠᠴᠢᠯᠠᠬᠰᠠᠨ᠎ᠳ᠋ᠤ ᠳᠠᠯᠠᠷᠬᠠᠵᠥ ᠪᠠᠢᠨ᠎ᠠ ᠂ ᠡᠯ᠎ᠡ ᠬᠠᠮᠳᠤ ᠠᠵᠢᠯᠯᠠᠬᠰᠠᠳ᠎ᠤᠨ ᠬᠤᠷᠠᠯ᠎ᠳ᠋ᠤ ᠤᠷᠤᠯᠴᠠᠬᠰᠠᠨ᠎ᠳ᠋ᠤ ᠳᠠᠯᠠᠷᠬᠠᠵᠥ ᠪᠠᠢᠨ᠎ᠠ ᠃ ᠪᠢ ᠪᠠᠰᠠ ᠬᠤᠷᠠᠯ᠎ᠳ᠋ᠤ ᠤᠷᠤᠯᠴᠠᠬᠰᠠᠨ ᠦᠬᠡᠢ ᠠᠹᠷᠢᠺᠠ ᠳᠢᠪ᠎ᠤᠨ ᠡᠯ᠎ᠡ ᠤᠯᠤᠰ᠎ᠤᠨ ᠤᠳᠤᠷᠢᠳᠬᠤ ᠬᠦᠮᠦᠨ᠎ᠳ᠋ᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠬᠦᠯᠵᠥ ᠪᠠᠢᠨ᠎ᠡ ︕
ᠡᠨᠡ ᠤᠳᠠᠭ᠎ᠠ᠎ᠶᠢᠨ ᠬᠢᠵᠢᠭ᠎ᠤᠨ ᠪᠠᠢᠳᠠᠯ ᠬᠡᠨᠡᠳᠳᠡ᠎ᠪᠠᠷ ᠳᠠᠭᠠᠷᠢᠨ ᠢᠷᠡᠵᠥ ᠂ ᠳᠡᠯᠡᠬᠡᠢ᠎ᠶᠢᠨ ᠡᠯ᠎ᠡ ᠤᠯᠤᠰ᠎ᠲᠤ ᠬᠦᠨᠳᠤ ᠨᠤᠴᠢᠳᠠᠢ ᠳᠠᠭᠠᠷᠢᠯᠳᠠ ᠦᠵᠡᠬᠦᠯᠵᠥ ᠂ ᠬᠡᠳᠤᠨ ᠠᠷᠪᠠᠨ ᠳᠦᠮᠡᠨ ᠬᠦᠮᠦᠨ ᠨᠠᠨᠳᠢᠨ ᠠᠮᠢ᠎ᠪᠠᠨ ᠠᠯᠳᠠᠪᠠ ᠃ ᠡᠨᠳᠡ ᠪᠢ ᠰᠠᠨᠠᠭᠠᠴᠢᠯᠠᠬᠤ᠎ᠨᠢ ᠂ ᠪᠢᠳᠡ ᠬᠢᠵᠢᠭ᠎ᠲᠤ ᠬᠠᠯᠳᠠᠪᠤᠷᠢᠯᠠᠬᠳᠠᠭᠠᠳ ᠵᠤᠯ ᠪᠤᠰᠤ᠎ᠪᠠᠷ ᠨᠠᠰᠤ ᠪᠠᠷᠠᠬᠰᠠᠳ᠎ᠢ ᠨᠠᠮᠠᠨᠴᠢᠯᠠᠨ ᠭᠠᠰᠢᠭᠤᠳᠠᠵᠥ ᠂ ᠳᠡᠳᠡᠨ᠎ᠤ ᠰᠠᠳᠤᠨ ᠳᠦᠷᠦᠯ᠎ᠢ ᠳᠤᠬᠤᠨᠢᠭᠤᠯᠵᠥ ᠪᠠᠢᠬᠤ᠎ᠪᠠᠨ ᠢᠯᠡᠳᠬᠡᠶ᠎ᠡ ᠃
 ᠬᠢᠵᠢᠭ᠎ᠤᠨ ᠪᠠᠢᠳᠠᠯ᠎ᠤᠨ ᠡᠮᠦᠨ᠎ᠠ ᠂ ᠳᠤᠮᠳᠠᠳᠤ ᠤᠯᠤᠰ ᠪᠤᠯᠤᠨ ᠠᠹᠷᠢᠺᠠ ᠲᠢᠪ ᠬᠦᠨᠳᠤ ᠨᠤᠴᠢᠳᠠᠢ ᠰᠢᠯᠭᠠᠯᠳᠠ᠎ᠳ᠋ᠤ ᠤᠴᠠᠷᠠᠪᠠ ᠃ ᠳᠤᠮᠳᠠᠳᠤ ᠤᠯᠤᠰ᠎ᠤᠨ ᠠᠷᠠᠳ ᠲᠦᠮᠡᠨ ᠰᠢᠷᠭᠠᠭᠤ ᠬᠠᠳᠠᠭᠤᠵᠢᠯᠳᠠᠢ ᠴᠢᠷᠮᠠᠢᠯᠭ᠎ᠠ᠎ᠪᠠᠷ ᠳᠠᠮᠵᠢᠵᠤ ᠂ ᠯᠤᠳᠤ ᠶᠡᠬᠡ ᠦᠷᠡᠭᠳᠡᠯ ᠭᠠᠷᠭᠠᠵᠤ ᠪᠠᠢᠭᠠᠳ ᠤᠯᠤᠰ᠎ᠤᠨ ᠳᠤᠳᠤᠭᠠᠳᠤ᠎ᠶᠢᠨ ᠬᠢᠵᠢᠭ᠎ᠤᠨ ᠪᠠᠢᠳᠠᠯ᠎ᠢ ᠡᠵᠡᠮᠳᠡᠭᠰᠡᠨ ᠪᠤᠯᠪᠠᠴᠤ ᠳᠠᠬᠢᠨ ᠲᠡᠯᠭᠡᠷᠡᠬᠦ ᠳᠠᠷᠤᠯᠳᠠ ᠮᠦᠨ ᠬᠦ ᠤᠷᠤᠰᠢᠵᠤ ᠪᠠᠢᠨ᠎ᠠ ᠃ ᠠᠹᠷᠢᠺᠠ ᠲᠢᠪ᠎ᠤᠨ ᠡᠯ᠎ᠠ ᠤᠯᠤᠰ᠎ᠤᠨ ᠵᠠᠰᠠᠭ᠎ᠤᠨ ᠤᠷᠳᠤᠨ ᠪᠤᠯᠤᠨ ᠠᠷᠠᠳ ᠲᠦᠮᠡᠨ ᠰᠡᠳᠭᠢᠯ᠎ᠢᠶᠡᠨ ᠨᠢᠭᠡᠳᠭᠡᠵᠤ ᠂ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠪᠦᠬᠦ ᠬᠦᠴᠦ᠎ᠪᠠᠷ ᠵᠤᠬᠢᠴᠠᠭᠤᠯᠵᠤ ᠂ ᠬᠦᠴᠦᠳᠠᠢ ᠠᠷᠭ᠎ᠠ ᠬᠡᠮᠵᠢᠶ᠎ᠠ ᠬᠡᠷᠡᠭᠵᠢᠭᠦᠯᠦᠭᠰᠡᠨ᠎ᠡᠴᠠ ᠬᠢᠵᠢᠭ᠎ᠤᠨ ᠪᠠᠢᠳᠠᠯ᠎ᠢ ᠪᠦᠲᠦᠮᠵᠢᠳᠠᠢ ᠨᠠᠮᠳᠠᠭᠤᠯᠪᠠ ᠂ ᠡᠨᠡ ᠬᠦ ᠦᠷ᠎ᠠ ᠪᠦᠲᠦᠭᠡᠯ᠎ᠢ ᠤᠯᠤᠭᠰᠠᠨ᠎ᠨᠢ ᠲᠦᠢᠯ᠎ᠤᠨ ᠬᠢᠯᠪᠠᠷ ᠪᠤᠰᠤ ᠶᠤᠮ ᠃
 ᠬᠢᠵᠢᠭ᠎ᠤᠨ ᠪᠠᠢᠳᠠᠯ᠎ᠤᠨ ᠡᠮᠦᠨ᠎ᠠ ᠂ ᠳᠤᠮᠳᠠᠳᠤ ᠤᠯᠤᠰ ᠪᠤᠯᠤᠨ ᠠᠹᠷᠢᠺᠠ ᠲᠢᠪ ᠬᠠᠷᠢᠯᠴᠠᠨ ᠲᠤᠰᠠᠯᠠᠯᠴᠠᠵᠤ ᠂ ᠮᠦᠷᠦ ᠵᠡᠷᠭᠡᠴᠡᠨ ᠪᠠᠢᠯᠳᠤᠪᠠ ᠃ ᠳᠤᠮᠳᠠᠳᠤ ᠤᠯᠤᠰ᠎ᠤᠨ ᠬᠢᠵᠢᠭ᠎ᠲᠠᠢ ᠲᠡᠮᠡᠴᠡᠵᠤ ᠪᠠᠢᠭᠰᠠᠨ ᠬᠠᠮᠤᠭ᠎ᠤᠨ ᠬᠦᠴᠢᠷᠳᠡᠯᠳᠠᠢ ᠦᠶ᠎ᠡ᠎ᠳ᠋ᠤ ᠠᠹᠷᠢᠺᠠ ᠲᠢᠪ᠎ᠤᠨ᠎ᠬᠢᠨ ᠡᠷᠬᠢᠮ ᠨᠠᠨᠳᠢᠨ ᠳᠡᠮᠵᠢᠯᠭᠡ ᠦᠵᠡᠭᠦᠯᠵᠠᠢ ᠂ ᠪᠢᠳᠡ ᠡᠭᠦᠨ᠎ᠢ ᠬᠡᠵᠢᠶᠡᠳᠡ ᠮᠠᠷᠳᠠᠬᠤ ᠦᠭᠡᠢ ᠶᠤᠮ ᠃ ᠠᠹᠷᠢᠺᠠ ᠲᠢᠪ᠎ᠲᠤ ᠬᠢᠵᠢᠭ᠎ᠤᠨ ᠪᠠᠢᠳᠠᠯ ᠳᠡᠯᠭᠡᠷᠡᠭᠰᠡᠨ᠎ᠤ ᠳᠠᠷᠠᠭ᠎ᠠ ᠂ ᠳᠤᠮᠳᠠᠳᠤ ᠤᠯᠤᠰ ᠲᠦᠷᠦᠭᠦᠯᠡᠨ ᠲᠤᠰᠠᠯᠠᠮᠵᠢ ᠬᠠᠩᠭᠠᠵᠤ ᠂ ᠠᠹᠷᠢᠺᠠ ᠲᠢᠪ᠎ᠤᠨ ᠠᠷᠠᠳ ᠲᠦᠮᠡᠨ᠎ᠲᠠᠢ ᠪᠠᠳᠤ ᠴᠢᠩᠭ᠎ᠠ᠎ᠪᠠᠷ ᠬᠠᠮᠳᠤ ᠵᠤᠭᠰᠤᠪᠠ ᠃
 ᠬᠢᠵᠢᠭ᠎ᠤᠨ ᠪᠠᠢᠳᠠᠯ᠎ᠤᠨ ᠡᠮᠦᠨ᠎ᠠ ᠂ ᠳᠤᠮᠳᠠᠳᠤ ᠠᠹᠷᠢᠺᠠ ᠬᠤᠶᠠᠷ ᠲᠠᠯ᠎ᠠ᠎ᠪᠠᠷ᠎ᠢᠶᠡᠨ ᠨᠡᠩ ᠪᠦᠯᠬᠦᠮᠳᠡᠵᠤ ᠂ ᠨᠦᠬᠦᠷᠰᠡᠭ ᠢᠳᠡᠭᠡᠯᠴᠡᠭᠡ ᠨᠡᠩ ᠪᠠᠳᠤᠵᠢᠪᠠ ᠃ ᠳᠤᠮᠳᠠᠳᠤ ᠤᠯᠤᠰ ᠳᠤᠮᠳᠠᠳᠤ ᠠᠹᠷᠢᠺᠠ᠎ᠶᠢᠨ ᠤᠯᠠᠮᠵᠢᠯᠠᠯᠳᠤ ᠨᠦᠬᠦᠷᠯᠡᠯ᠎ᠢ ᠨᠠᠨᠳᠢᠩᠨᠠᠨ᠎ᠠ ᠂ ᠲᠡᠯᠡᠬᠡᠢ᠎ᠶᠢᠨ ᠪᠠᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ᠎ᠤᠨ᠎ᠬᠢᠨ᠎ᠤ ᠳᠤᠮᠳᠠᠳᠤ ᠠᠹᠷᠢᠺᠠ᠎ᠶᠢᠨ ᠪᠦᠯᠬᠦᠮᠳᠡᠯ ᠬᠠᠮᠳᠤᠷᠠᠯᠴᠠᠭ᠎ᠠ᠎ᠶᠢ ᠴᠢᠩᠭᠠᠳᠬᠠᠬᠤ ᠢᠳᠡᠭᠡᠯ ᠵᠤᠷᠢᠭ ᠯᠠᠪᠳᠠᠢ ᠭᠤᠢᠪᠢᠯᠵᠠᠬᠤ ᠦᠭᠡᠢ ᠭᠡᠳᠡᠭ᠎ᠢ ᠪᠢ ᠳᠤᠷᠠᠳᠠᠶ᠎ᠠ ᠲᠠᠪᠳᠠᠨ ᠢᠯᠡᠷᠬᠡᠢᠯᠡᠶ᠎ᠠ ᠃
ᠬᠠᠮᠳᠤ ᠠᠵᠢᠯᠯᠠᠭᠰᠠᠳ ᠡ ︕
ᠤᠳᠤᠬᠠᠨ᠎ᠳ᠋ᠤ ᠂ ᠬᠢᠵᠢᠭ᠎ᠤᠨ ᠪᠠᠢᠳᠠᠯ ᠪᠦᠬᠦ ᠳᠡᠯᠡᠬᠡᠢ᠎ᠳ᠋ᠤ ᠮᠦᠨ ᠬᠦ ᠦᠷᠪᠢᠰᠦᠨ ᠳᠡᠯᠭᠡᠷᠡᠵᠤ ᠪᠠᠢᠨ᠎ᠠ ᠂ ᠳᠤᠮᠳᠠᠳᠤ ᠤᠯᠤᠰ ᠪᠤᠯᠤᠨ ᠠᠹᠷᠢᠺᠠ ᠲᠢᠪ᠎ᠲᠤ ᠴᠦᠮ ᠬᠢᠵᠢᠭ᠎ᠲᠠᠢ ᠲᠡᠮᠡᠴᠡᠬᠦ ᠂ ᠠᠵᠤ ᠠᠬᠤᠢ᠎ᠪᠠᠨ ᠲᠤᠭᠳᠠᠪᠤᠷᠢᠵᠢᠭᠤᠯᠬᠤ ᠂ ᠠᠷᠠᠳ᠎ᠤᠨ ᠠᠮᠢᠳᠤᠷᠠᠯ᠎ᠢ ᠪᠠᠳᠤᠯᠠᠬᠤ ᠬᠦᠨᠳᠦ ᠡᠭᠦᠷᠭᠡ ᠲᠤᠯᠭᠠᠷᠠᠵᠤ ᠪᠠᠢᠨ᠎ᠠ ᠃ ᠪᠢᠳᠡ ᠠᠷᠠᠳ ᠲᠦᠮᠡᠨ᠎ᠢ ᠳᠡᠭᠡᠳᠦᠯᠡᠬᠦ ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠳᠠᠯᠠᠵᠤ ᠂ ᠡᠬᠢ ᠪᠠᠶᠠᠯᠢᠭ᠎ᠢ ᠨᠢᠭᠡᠳᠦᠯᠳᠠᠢ ᠲᠦᠯᠦᠪᠵᠢᠭᠦᠯᠵᠤ ᠂ ᠪᠦᠯᠬᠦᠮᠳᠡᠨ ᠬᠠᠮᠳᠤᠷᠠᠯᠴᠠᠵᠤ ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠦ ᠪᠠᠢᠭᠠᠳ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ᠎ᠤᠨ ᠡᠷᠡᠭᠦᠯ ᠮᠡᠨᠳᠦ᠎ᠶᠢ ᠬᠠᠮᠠᠭᠠᠯᠠᠵᠤ ᠂ ᠬᠢᠵᠢᠭ᠎ᠤᠨ ᠪᠠᠢᠳᠠᠯ᠎ᠤᠨ ᠨᠠᠵᠠᠭᠠᠢ ᠨᠦᠯᠦᠭᠡ᠎ᠶᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭᠠᠰᠬᠠᠶ᠎ᠠ ᠃
ᠨᠢᠭᠡᠳᠦᠭᠡᠷ᠎ᠲᠤ ᠂ ᠪᠢᠳᠡ ᠡᠷᠡᠰ ᠭᠤᠢᠪᠢᠰᠢ ᠦᠭᠡᠢ᠎ᠪᠠᠷ ᠭᠠᠷ ᠬᠤᠯᠪᠤᠨ ᠬᠢᠵᠢᠭ᠎ᠲᠠᠢ ᠲᠡᠮᠡᠴᠡᠨ᠎ᠡ ᠃ ᠳᠤᠮᠳᠠᠳᠤ ᠤᠯᠤᠰ ᠠᠹᠷᠢᠺᠠ ᠲᠢᠪ᠎ᠤᠨ᠎ᠬᠢᠨ᠎ᠤ ᠬᠢᠵᠢᠭ᠎ᠲᠠᠢ ᠲᠡᠮᠡᠴᠡᠬᠦ ᠠᠵᠢᠯᠯᠠᠭ᠎ᠠ᠎ᠶᠢ ᠦᠷᠭᠦᠯᠵᠢᠯᠡᠨ ᠪᠦᠬᠦ ᠬᠦᠴᠦ᠎ᠪᠠᠷ᠎ᠢᠶᠡᠨ ᠳᠡᠮᠵᠢᠵᠤ ᠂ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠶᠡᠬᠡ ᠬᠤᠷᠠᠯ᠎ᠤᠨ ᠡᠬᠢᠯᠡᠯᠳᠡ᠎ᠶᠢᠨ ᠶᠤᠰᠤᠯᠠᠯ ᠳᠡᠭᠡᠷ᠎ᠠ ᠮᠢᠨᠦ ᠨᠡᠢᠳᠡᠯᠡᠭᠰᠡᠨ ᠠᠷᠭ᠎ᠠ ᠬᠡᠮᠵᠢᠶ᠎ᠠ᠎ᠶᠢ ᠳᠠᠷᠤᠢ ᠲᠦᠷᠭᠡᠨ ᠨᠠᠢᠳᠠᠪᠤᠷᠢᠵᠢᠭᠤᠯᠵᠤ ᠂ ᠦᠷᠭᠦᠯᠵᠢᠯᠡᠨ ᠠᠹᠷᠢᠺᠠ ᠲᠢᠪ᠎ᠤᠨ ᠤᠯᠤᠰ᠎ᠤᠳ᠎ᠲᠤ ᠡᠳ᠋ ᠪᠤᠳᠠᠰ᠎ᠤᠨ ᠲᠤᠰᠠᠯᠠᠮᠵᠢ ᠬᠠᠩᠭᠠᠵᠤ ᠂ ᠡᠮᠴᠢᠯᠡᠭᠡᠨ᠎ᠤ ᠲᠤᠰᠬᠠᠢ ᠮᠡᠷᠭᠡᠵᠢᠯᠳᠡᠨ᠎ᠤ ᠳᠤᠭᠤᠢᠯᠠᠩ ᠲᠤᠮᠢᠯᠠᠵᠤ ᠂ ᠠᠹᠷᠢᠺᠠ ᠲᠢᠪ᠎ᠤᠨ᠎ᠬᠢᠨ᠎ᠤ ᠳᠤᠮᠳᠠᠳᠤ ᠤᠯᠤᠰ᠎ᠲᠤ ᠢᠷᠡᠵᠤ ᠬᠢᠵᠢᠭ᠎ᠲᠠᠢ ᠲᠡᠮᠡᠴᠡᠬᠦ ᠡᠳ᠋ ᠪᠤᠳᠠᠰ ᠬᠤᠳᠠᠯᠳᠤᠨ ᠠᠪᠬᠤ᠎ᠳ᠋ᠤ ᠲᠤᠰᠠᠯᠠᠨ᠎ᠠ ᠃ ᠳᠤᠮᠳᠠᠳᠤ ᠤᠯᠤᠰ ᠡᠨᠡ ᠵᠢᠯ᠎ᠤᠨ ᠳᠤᠳᠤᠷ᠎ᠠ ᠠᠹᠷᠢᠺᠠ ᠲᠢᠪ᠎ᠤᠨ ᠡᠪᠡᠳᠴᠢᠨ ᠡᠮᠬᠡᠭ᠎ᠢ ᠰᠡᠷᠭᠡᠢᠯᠡᠨ ᠡᠵᠡᠮᠳᠡᠬᠦ ᠲᠦᠪ᠎ᠤᠨ ᠶᠡᠷᠦᠩᠬᠡᠢ ᠭᠠᠵᠠᠷ᠎ᠢ ᠡᠬᠢᠯᠡᠨ ᠪᠠᠢᠭᠤᠯᠵᠤ ᠂ ᠠᠹᠷᠢᠺᠠ ᠲᠢᠪ᠎ᠤᠨ᠎ᠬᠢᠨ᠎ᠲᠠᠢ ᠬᠠᠮᠳᠦ᠎ᠪᠠᠷ ᠳᠤᠮᠳᠠᠳᠤ ᠠᠹᠷᠢᠺᠠ᠎ᠶᠢᠨ ᠬᠠᠮᠳᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠤᠷᠤ ᠲᠦᠯᠦᠪ ᠳᠤᠳᠤᠷᠠᠬᠢ ︽ ᠡᠷᠡᠭᠦᠯ ᠮᠡᠨᠳᠦ ᠡᠷᠡᠭᠦᠯ ᠬᠠᠮᠠᠭᠠᠯᠠᠯ᠎ᠤᠨ ᠠᠵᠢᠯᠯᠠᠭᠠᠨ ︾᠎ᠢ ᠰᠠᠢᠳᠤᠷ ᠬᠡᠷᠡᠭᠵᠢᠭᠦᠯᠵᠤ ᠂ ᠲᠤᠮᠲᠠᠲᠤ ᠠᠹᠷᠢᠺᠠ᠎ᠶᠢᠨ ᠨᠦᠬᠦᠷᠯᠡᠯ᠎ᠤᠨ ᠡᠮᠨᠡᠯᠭᠡ᠎ᠶᠢᠨ ᠬᠤᠷᠢᠶ᠎ᠠ᠎ᠶᠢᠨ ᠪᠦᠳᠦᠬᠡᠨ ᠪᠠᠢᠭᠤᠯᠤᠯᠲᠠ ᠪᠤᠯᠤᠨ ᠲᠤᠮᠲᠠᠲᠤ ᠠᠹᠷᠢᠺᠠ᠎ᠶᠢᠨ ᠠᠵᠢᠯ ᠲᠦᠷᠦᠯ ᠨᠢᠭᠡᠳᠠᠢ ᠡᠮᠨᠡᠯᠭᠡ᠎ᠶᠢᠨ ᠬᠤᠷᠢᠶ᠎ᠠ᠎ᠶᠢᠨ ᠬᠠᠮᠲᠤᠷᠠᠯᠴᠠᠭ᠎ᠠ᠎ᠶᠢ ᠲᠦᠷᠭᠡᠳᠭᠡᠵᠦ ᠂ ᠲᠤᠮᠲᠠᠲᠤ ᠠᠹᠷᠢᠺᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠬᠠᠮᠲᠤ᠎ᠶᠢᠨ ᠴᠤᠭᠴᠠ᠎ᠶᠢ ᠬᠠᠮᠲᠤ᠎ᠪᠠᠷ ᠪᠠᠢᠭᠤᠯᠤᠨ᠎ᠠ ᠃ ᠲᠤᠮᠲᠠᠲᠤ ᠤᠯᠤᠰ᠎᠂ ᠰᠢᠨ᠎ᠠ ᠲᠢᠲᠢᠮᠯᠢᠭ ᠠᠭᠤᠰᠬᠢᠠ ᠦᠷᠪᠢᠰᠦᠯ᠎ᠤᠨ ᠸᠠᠺᠼᠢᠨ᠎ᠢ ᠰᠤᠲᠤᠯᠤᠨ ᠨᠡᠭᠡᠭᠡᠵᠦ ᠠᠰᠢᠠᠠᠯᠠᠯᠲᠠ᠎ᠳ᠋ᠤ ᠤᠷᠤᠭᠤᠯᠤᠭᠰᠠᠠ᠎ᠤ ᠲᠠᠷᠠᠭ᠎ᠠ ᠂ ᠲᠤᠷᠠᠲᠠᠶ᠎ᠠ ᠤᠷᠢᠳ᠎ᠢᠶᠠᠷ ᠠᠹᠷᠢᠺᠠ ᠲᠢᠪ᠎ᠤᠨ ᠤᠯᠤᠰ᠎ᠤᠳ᠎ᠲᠤ ᠬᠠᠷᠠᠭᠠᠯᠵᠠᠯ ᠦᠵᠡᠭᠦᠯᠦᠨ᠎ᠠ ᠃
ᠬᠤᠶᠠᠲᠤᠭᠠᠷ᠎ᠲᠤ ᠂ ᠪᠢᠲᠠ ᠡᠷᠡᠰ ᠭᠤᠢᠪᠢᠰᠢ ᠦᠭᠡᠢ᠎ᠪᠠᠷ ᠲᠤᠮᠲᠠᠲᠤ ᠠᠹᠷᠢᠺᠠ᠎ᠶᠢᠨ ᠬᠠᠮᠲᠤᠷᠠᠯᠴᠠᠭ᠎ᠠ᠎ᠶᠢ ᠠᠬᠢᠭᠤᠯᠤᠨ᠎ᠠ ᠃ ᠬᠢᠵᠢᠭ᠎ᠤᠨ ᠪᠠᠢᠲᠠᠯ᠎ᠡᠴᠠ ᠪᠤᠯᠤᠬᠰᠠᠨ ᠲᠠᠭᠠᠷᠢᠯᠲᠠ᠎ᠶᠢ ᠢᠯᠠᠠ ᠲᠠᠪᠠᠬᠤ᠎ᠶᠢᠨ ᠲᠦᠯᠦᠭᠡ ᠂ ᠪᠢᠲᠠ ︽ ᠨᠢᠭᠡ ᠪᠦᠰᠡ ᠨᠢᠭᠡ ᠵᠠᠮ ︾᠎ᠢ ᠬᠠᠮᠲᠤ᠎ᠪᠠᠷ ᠪᠦᠳᠦᠬᠡᠨ ᠪᠠᠢᠭᠤᠯᠬᠤ ᠬᠠᠮᠲᠤᠷᠠᠯᠴᠠᠭ᠎ᠠ᠎ᠪᠠᠨ ᠴᠢᠩᠭᠠᠳᠬᠠᠵᠦ ᠂ ᠲᠤᠮᠲᠠᠲᠤ ᠠᠹᠷᠢᠺᠠ᠎ᠶᠢᠨ ᠬᠠᠮᠲᠤᠷᠠᠯᠴᠠᠭ᠎ᠠ᠎ᠶᠢᠨ ᠶᠠᠷᠢᠶᠠᠠ᠎ᠤ ᠲᠠᠪᠴᠠᠩ᠎ᠤᠨ ᠪᠡᠭᠡᠵᠢᠩ᠎ᠳ᠋ᠠᠬᠢ ᠲᠦᠷᠦᠭᠦᠴᠤᠳ᠎ᠤᠨ ᠬᠤᠷᠠᠯ᠎ᠤᠨ ᠦᠷ᠎ᠡ ᠪᠦᠳᠦᠭᠡᠯ᠎ᠢ ᠲᠦᠷᠭᠡᠡ ᠨᠠᠢᠲᠠᠪᠤᠷᠢᠵᠢᠭᠤᠯᠬᠤ ᠪᠦᠭᠡᠳ ᠬᠠᠮᠲᠤᠷᠠᠯᠴᠠᠭ᠎ᠠ᠎ᠶᠢᠨ ᠭᠤᠤᠯᠲᠠᠯᠭ᠎ᠠ᠎ᠪᠠᠨ ᠡᠷᠡᠭᠦᠯ ᠮᠡᠨᠳᠦ ᠡᠷᠡᠭᠦᠯ ᠬᠠᠮᠠᠭᠠᠯᠠᠯ ᠂ ᠠᠵᠢᠯ ᠦᠢᠯᠡᠳᠪᠦᠷᠢᠯᠡᠯ᠎ᠢ ᠰᠡᠷᠭᠦᠭᠡᠬᠦ ᠂ ᠠᠷᠠᠳ᠎ᠤᠨ ᠠᠮᠢᠲᠤᠷᠠᠯ᠎ᠢ ᠰᠠᠢᠵᠢᠷᠠᠭᠤᠯᠬᠤ ᠬᠦᠷᠢᠶ᠎ᠠ ᠴᠠᠷᠠᠭ᠎ᠠ ᠲᠡᠢᠰᠢ ᠬᠡᠯᠪᠡᠢᠯᠭᠡᠨ᠎ᠠ ᠃
ᠲᠤᠮᠲᠠᠲᠤ ᠤᠯᠤᠰ ᠲᠤᠮᠲᠠᠲᠤ ᠠᠹᠷᠢᠺᠠ᠎ᠤᠨ ᠬᠠᠮᠲᠤᠷᠠᠯᠴᠠᠭ᠎ᠠ᠎ᠶᠢᠨ ᠶᠠᠷᠢᠶᠠᠠ᠎ᠤ ᠲᠠᠪᠴᠠᠩ᠎ᠤᠨ ᠪᠤᠷᠤ ᠲᠦᠯᠦᠪ᠎ᠤᠨ ᠲᠤᠤᠷ᠎ᠠ ᠬᠤᠯᠪᠤᠭᠲᠠᠯ ᠪᠦᠬᠦᠢ ᠠᠹᠷᠢᠺᠠ ᠲᠢᠪ᠎ᠤᠨ ᠤᠯᠤᠰ᠎ᠤᠳ᠎ᠤᠨ 2020 ᠤᠨ᠎ᠤ ᠡᠴᠤᠰ᠎ᠲᠤ ᠬᠤᠭᠤᠴᠠᠭ᠎ᠠ᠎ᠨᠢ ᠲᠤᠯᠬᠤ ᠲᠤᠮᠲᠠᠲᠤ ᠤᠯᠤᠰ᠎ᠤᠨ ᠵᠢᠭᠡᠯᠡᠭᠦᠯᠦᠭᠰᠡᠡ ᠬᠦᠤ ᠮᠦᠩᠭᠦ ᠦᠭᠡᠢ ᠵᠢᠭᠡᠯᠡᠯᠭᠡ᠎ᠶᠢᠨ ᠦᠷᠢ ᠰᠢᠷᠢ᠎ᠶᠢ ᠭᠡᠯᠲᠦᠷᠢᠭᠦᠯᠤᠨ᠎ᠠ ᠃ ᠲᠤᠮᠲᠠᠲᠤ ᠤᠯᠤᠰ ᠲᠤᠷᠠᠲᠠᠶ᠎ᠠ ᠲᠡᠯᠡᠭᠡᠢ ᠨᠡᠢᠭᠡᠮ᠎ᠲᠠᠢ ᠬᠠᠮᠲᠤ᠎ᠪᠠᠷ ᠂ ᠬᠢᠵᠢᠭ᠎ᠤᠨ ᠪᠠᠢᠲᠠᠯ ᠤᠨᠴᠠᠭᠠᠢ ᠬᠦᠨᠲᠦ ᠂ ᠲᠠᠷᠤᠭᠠᠰᠤ ᠤᠨᠴᠠᠭᠠᠢ ᠶᠡᠬᠡ ᠪᠠᠢᠭ᠎ᠠ ᠠᠹᠷᠢᠺᠠ ᠲᠢᠪ᠎ᠤᠨ ᠤᠯᠤᠰ᠎ᠤᠳ᠎ᠲᠤ ᠲᠡᠮᠵᠢᠯᠭᠡ ᠦᠵᠡᠭᠦᠯᠬᠦ ᠡᠷᠴᠢᠮ᠎ᠢᠶᠡᠨ ᠴᠢᠩᠭᠠᠷᠠᠭᠤᠯᠤᠨ᠎ᠠ ᠂ ᠡᠭᠦᠨ᠎ᠳ᠋ᠤ ᠦᠷᠢ ᠰᠢᠷᠢ᠎ᠶᠢᠨ ᠲᠦᠯᠦᠬᠦ ᠬᠤᠭᠤᠴᠠᠭ᠎ᠠ᠎ᠶᠢ ᠴᠢᠨᠠᠭᠰᠢᠲᠠ ᠤᠷᠲᠤᠳᠬᠠᠠ ᠬᠤᠢᠰᠢᠯᠠᠭᠤᠯᠬᠤ ᠂ ᠲᠡᠲᠡᠡ᠎ᠢ ᠬᠠᠪᠰᠤᠷᠴᠤ ᠤᠲᠤᠬᠠᠠ᠎ᠤ ᠬᠦᠴᠢᠷᠲᠠᠯ᠎ᠢ᠎ᠨᠢ ᠢᠯᠠᠠ ᠲᠠᠪᠠᠭᠤᠯᠬᠤ ᠵᠦᠢᠯ ᠪᠠᠭᠲᠠᠨ᠎ᠠ ᠃ ᠲᠤᠮᠲᠠᠲᠤ᠎ᠶᠢᠨ ᠲᠠᠯ᠎ᠠ ᠲᠤᠮᠲᠠᠲᠤ ᠤᠯᠤᠰ᠎ᠤᠨ ᠬᠤᠯᠪᠤᠭᠲᠠᠯ ᠪᠦᠬᠦᠢ ᠮᠦᠩᠭᠦᠨ ᠬᠦᠢᠯᠭᠡᠭᠡᠡ᠎ᠤ ᠪᠠᠢᠭᠤᠯᠤᠮᠵᠢ᠎ᠶᠢᠨ ᠬᠤᠷᠢᠨ ᠤᠯᠤᠰ᠎ᠤᠨ ᠪᠦᠯᠦᠭᠯᠡᠯ᠎ᠤᠨ ᠦᠷᠢ ᠰᠢᠷᠢ᠎ᠶᠢ ᠬᠤᠢᠰᠢᠯᠠᠭᠤᠯᠬᠤ ᠰᠠᠨᠠᠭᠠᠴᠢᠯᠠᠭ᠎ᠠ᠎ᠪᠠᠷ ᠯᠠᠪᠯᠠᠯᠲᠠ ᠪᠤᠯᠭᠠᠵᠦ ᠂ ᠵᠠᠬ᠎ᠠ ᠲᠡᠯᠭᠡᠭᠦᠷ᠎ᠤᠨ ᠵᠠᠷᠴᠢᠮ᠎ᠢ ᠦᠨᠲᠦᠰᠦᠯᠡᠵᠦ ᠠᠹᠷᠢᠺᠠ ᠲᠢᠪ᠎ᠤᠨ ᠤᠯᠤᠰ᠎ᠤᠳ᠎ᠲᠠᠢ ᠬᠤᠲᠠᠯᠲᠤᠭᠠᠠ᠎ᠤ ᠡᠷᠭᠡ ᠮᠡᠲᠡᠯᠲᠦ ᠵᠢᠭᠡᠯᠡᠯᠭᠡᠡ᠎ᠶᠢᠨ ᠲᠤᠬᠢᠷᠠᠭᠤᠯᠤᠯᠲᠠ᠎ᠶᠢ ᠨᠦᠬᠦᠷᠰᠡᠭ᠎ᠢᠶᠠᠷ ᠵᠦᠪᠲᠡᠬᠦ᠎ᠶᠢ ᠵᠤᠷᠢᠠᠠᠵᠢᠭᠤᠯᠤᠨ᠎ᠠ ᠃ ᠲᠤᠮᠲᠠᠲᠤ ᠤᠯᠤᠰ ᠬᠤᠷᠢᠨ ᠤᠯᠤᠰ᠎ᠤᠨ ᠪᠦᠯᠦᠭᠯᠡᠯ᠎ᠤᠨ ᠪᠦᠷᠢᠯᠳᠦᠭᠦᠨ ᠤᠯᠤᠰ᠎ᠲᠠᠢ ᠬᠠᠮᠲᠤ᠎ᠪᠠᠷ ᠬᠤᠷᠢᠨ ᠤᠯᠤᠰ᠎ᠤᠨ ᠪᠦᠯᠦᠭᠯᠡᠯ᠎ᠤᠨ ᠤᠲᠤᠬᠠᠠ᠎ᠤ ᠦᠷᠢ ᠰᠢᠷᠢ᠎ᠶᠢ ᠬᠤᠢᠰᠢᠯᠠᠭᠤᠯᠬᠤ ᠰᠠᠨᠠᠭᠠᠴᠢᠯᠠᠭ᠎ᠠ᠎ᠶᠢ ᠨᠠᠢᠲᠠᠪᠤᠷᠢᠵᠢᠭᠤᠯᠬᠤ ᠪᠦᠭᠡᠳ ᠬᠤᠷᠢᠨ ᠤᠯᠤᠰ᠎ᠤᠨ ᠪᠦᠯᠦᠭᠯᠡᠯ᠎ᠤᠨ ᠤᠲᠤᠬᠠᠠ᠎ᠤ ᠦᠷᠢ ᠰᠢᠷᠢ᠎ᠶᠢ ᠬᠤᠢᠰᠢᠯᠠᠭᠤᠯᠬᠤ ᠰᠠᠨᠠᠭᠠᠴᠢᠯᠠᠭ᠎ᠠ᠎ᠶᠢ ᠨᠠᠢᠲᠠᠪᠤᠷᠢᠵᠢᠭᠤᠯᠬᠤ ᠰᠠᠭᠤᠷᠢᠨ ᠲᠡᠭᠡᠷ᠎ᠠ ᠠᠹᠷᠢᠺᠠ ᠲᠢᠪ᠎ᠢ ᠪᠠᠭᠲᠠᠭᠠᠭᠰᠠᠠ ᠬᠤᠯᠪᠤᠭᠲᠠᠯ ᠪᠦᠬᠦᠢ ᠤᠯᠤᠰ᠎ᠤᠨ ᠦᠷᠢ ᠰᠢᠷᠢ᠎ᠶᠢ ᠲᠦᠯᠦᠬᠦ ᠬᠤᠭᠤᠴᠠᠭ᠎ᠠ᠎ᠶᠢ ᠴᠢᠨᠠᠭᠰᠢᠲᠠ ᠬᠤᠢᠰᠢᠯᠠᠭᠤᠯᠬᠤ᠎ᠶᠢ ᠬᠦᠰᠡᠡ ᠤᠷᠢᠶᠠᠯᠠᠵᠦ ᠪᠠᠢᠨ᠎ᠠ ᠃
ᠲᠤᠮᠲᠠᠲᠤ ᠤᠯᠤᠰ ᠲᠡᠯᠡᠭᠡᠢ ᠨᠡᠢᠭᠡᠮ ᠢᠯᠠᠩᠭᠤᠶ᠎ᠠ ᠬᠦᠭᠵᠢᠭᠰᠡᠡ ᠤᠯᠤᠰ ᠪᠤᠯᠤᠨ ᠤᠯᠠᠠ ᠲᠠᠯᠠᠲᠦ ᠮᠦᠩᠭᠦᠨ ᠬᠦᠢᠯᠭᠡᠭᠡᠡ᠎ᠤ ᠪᠠᠢᠭᠤᠯᠤᠮᠵᠢ᠎ᠶᠢᠨ ᠠᠹᠷᠢᠺᠠ ᠲᠢᠪ᠎ᠤᠨ ᠦᠷᠢ ᠰᠢᠷᠢ᠎ᠶᠢ ᠬᠤᠢᠰᠢᠯᠠᠭᠤᠯᠬᠤ ᠠᠰᠠᠭᠤᠲᠠᠯ᠎ᠤᠨ ᠲᠠᠯ᠎ᠠ᠎ᠪᠠᠷ ᠨᠡᠩ ᠬᠦᠴᠤᠲᠠᠢ ᠠᠷᠭ᠎ᠠ ᠬᠡᠮᠵᠢᠶ᠎ᠠ ᠠᠪᠬᠤ᠎ᠶᠢ ᠬᠦᠰᠡᠵᠦ ᠪᠠᠢᠨ᠎ᠠ ᠃ ᠲᠤᠮᠲᠠᠲᠤ ᠤᠯᠤᠰ ᠲᠤᠷᠠᠲᠠᠶ᠎ᠠ ᠠᠹᠷᠢᠺᠠ ᠲᠢᠪ᠎ᠤᠨ ᠬᠦᠰᠡᠯ ᠪᠤᠳᠤᠯ᠎ᠢ ᠬᠦᠨᠲᠦᠳᠭᠡᠬᠦ ᠰᠠᠭᠤᠷᠢᠨ ᠲᠡᠭᠡᠷ᠎ᠠ ᠂ ᠤᠯᠠᠠ ᠤᠯᠤᠰ᠎ᠤᠨ ᠬᠤᠯᠪᠤᠭᠠᠲᠤ ᠪᠠᠢᠭᠤᠯᠭ᠎ᠠ ᠂ ᠲᠡᠯᠡᠭᠡᠢ᠎ᠶᠢᠨ ᠡᠷᠡᠭᠦᠯ ᠬᠠᠮᠠᠭᠠᠯᠠᠯ᠎ᠤᠨ ᠵᠤᠬᠢᠶᠠᠠ ᠪᠠᠢᠭᠤᠯᠤᠯᠲᠠ ᠵᠢᠴᠢ ᠪᠤᠰᠤᠳ ᠬᠠᠨᠢᠲᠠᠠ᠎ᠯᠤᠭ᠎ᠠ ᠠᠹᠷᠢᠺᠠ ᠲᠢᠪ᠎ᠢ ᠲᠤᠰᠠᠯᠠᠵᠦ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠦᠷᠨᠢᠭᠦᠯᠦᠨ᠎ᠠ ᠃
ᠠᠹᠷᠢᠺᠠ ᠲᠢᠪ᠎ᠤᠨ ᠦᠷᠬᠦᠯᠵᠢᠯᠡᠬᠦ ᠬᠦᠭᠵᠢᠯᠳᠠ᠎ᠶᠢ ᠠᠬᠢᠭᠤᠯᠬᠤ ᠪᠤᠯ ᠦᠨᠢ ᠤᠳᠠᠭᠠᠨ᠎ᠤ ᠠᠷᠭ᠎ᠠ ᠵᠠᠮ ᠪᠤᠯᠤᠨ᠎ᠠ ᠃ ᠳᠤᠮᠳᠠᠳᠤ ᠤᠯᠤᠰ ᠠᠹᠷᠢᠺᠠ ᠲᠢᠪ᠎ᠤᠨ ᠡᠬᠡ ᠬᠠᠭᠤᠷᠠᠢ᠎ᠶᠢᠨ ᠴᠢᠯᠤᠬᠡᠳᠤ ᠠᠷᠠᠯᠵᠢᠶᠠᠨ᠎ᠤ ᠤᠷᠤᠨ᠎ᠤ ᠪᠦᠳᠤᠬᠡᠨ ᠪᠠᠢᠭᠤᠯᠤᠯᠳᠠ᠎ᠶᠢ ᠲᠡᠮᠵᠢᠵᠤ ᠂ ᠠᠹᠷᠢᠺᠠ ᠲᠢᠪ᠎ᠤᠨ᠎ᠬᠢᠨ ᠬᠤᠯᠪᠤᠯᠳᠤᠨ ᠨᠡᠪᠳᠡᠷᠡᠯᠴᠡᠬᠦ ᠪᠠ ᠠᠵᠤ ᠤᠢᠯᠡᠰ᠎ᠤᠨ ᠬᠡᠯᠬᠢᠶ᠎ᠠ ᠬᠠᠩᠭᠠᠯᠭ᠎ᠠ᠎ᠶᠢᠨ ᠬᠡᠯᠬᠢᠶ᠎ᠠ᠎ᠶᠢ ᠪᠠᠳᠤᠯᠠᠬᠤ ᠪᠦᠳᠤᠬᠡᠨ ᠪᠠᠢᠭᠤᠯᠤᠯᠳᠠ᠎ᠪᠠᠨ ᠴᠢᠩᠭᠠᠳᠬᠠᠬᠤ᠎ᠶᠢ ᠲᠡᠮᠵᠢᠵᠤ ᠂ ᠲᠤᠷᠠᠳᠠᠶ᠎ᠠ ᠠᠹᠷᠢᠺᠠ ᠲᠢᠪ᠎ᠲᠠᠢ ᠬᠠᠮᠳᠤ᠎ᠪᠠᠷ ᠂ ᠲᠤᠭᠠᠴᠢᠯᠠᠬᠰᠠᠨ ᠠᠵᠤ ᠠᠬᠤᠢ ᠂ ᠤᠶᠤᠨᠳᠦ ᠬᠤᠳᠠ ᠂ ᠴᠡᠪᠡᠷ ᠡᠨ᠋ᠸᠷᠬᠢ ᠂ 5G ᠵᠡᠷᠬᠡ ᠰᠢᠨ᠎ᠠ ᠡᠵᠡᠩᠨᠠᠯᠳᠠ᠎ᠶᠢᠨ ᠬᠡᠯᠪᠡᠷᠢ᠎ᠶᠢᠨ ᠬᠠᠮᠳᠤᠷᠠᠯᠴᠠᠭ᠎ᠠ᠎ᠶᠢ ᠦᠷᠬᠡᠳᠬᠡᠵᠤ ᠂ ᠠᠹᠷᠢᠺᠠ ᠲᠢᠪ᠎ᠤᠨ ᠬᠦᠭᠵᠢᠯ ᠮᠠᠨᠳᠤᠯ᠎ᠢ ᠠᠬᠢᠭᠤᠯᠤᠨ᠎ᠠ ᠃
ᠭᠤᠷᠪᠠᠳᠤᠭᠠᠷ᠎ᠲᠤ ᠂ ᠪᠢᠳᠠ ᠡᠷᠡᠰ ᠭᠤᠢᠪᠢᠰᠢ ᠦᠬᠡᠢ᠎ᠪᠠᠷ ᠤᠯᠠᠨ ᠲᠠᠯᠠᠳᠤ ᠦᠵᠡᠯ᠎ᠢ ᠤᠢᠯᠡᠳᠤᠯᠬᠡᠵᠢᠬᠦᠯᠤᠨ᠎ᠠ ᠃ ᠪᠦᠯᠬᠦᠮᠳᠡᠨ ᠬᠠᠮᠳᠤᠷᠠᠯᠴᠠᠬᠤ ᠪᠤᠯ ᠬᠢᠵᠢᠭ᠎ᠤᠨ ᠪᠠᠢᠳᠠᠯ᠎ᠲᠠᠢ ᠲᠡᠮᠡᠴᠡᠬᠦ ᠬᠦᠴᠦᠳᠦ ᠵᠡᠪᠰᠡᠭ ᠮᠦᠨ ᠂ ᠳᠤᠮᠳᠠᠳᠤ ᠤᠯᠤᠰ ᠲᠤᠷᠠᠳᠠᠶ᠎ᠠ ᠠᠹᠷᠢᠺᠠ ᠲᠢᠪ᠎ᠯᠦᠭᠡ ᠬᠠᠮᠳᠤ᠎ᠪᠠᠷ ᠤᠯᠠᠨ ᠤᠯᠤᠰ᠎ᠤᠨ ᠬᠤᠯᠪᠤᠭᠠᠳᠤ ᠪᠠᠢᠭᠤᠯᠭ᠎ᠠ᠎ᠪᠠᠷ ᠭᠤᠤᠯ ᠪᠤᠯᠭᠠᠬᠰᠠᠨ ᠪᠦᠬᠦ ᠪᠦᠮᠪᠦᠷᠴᠡᠭ᠎ᠤᠨ ᠵᠠᠰᠠᠯᠳᠠ᠎ᠶᠢᠨ ᠰᠢᠰᠲ᠋ᠸᠮ᠎ᠢ ᠬᠠᠮᠠᠭᠠᠯᠠᠵᠤ ᠂ ᠲᠡᠯᠡᠬᠡᠢ᠎ᠶᠢᠨ ᠡᠷᠡᠬᠦᠯ ᠬᠠᠮᠠᠭᠠᠯᠠᠯ᠎ᠤᠨ ᠵᠤᠬᠢᠶᠠᠨ ᠪᠠᠢᠭᠤᠯᠤᠯᠳᠠ᠎ᠶᠢᠨ ᠪᠦᠬᠦ ᠪᠦᠮᠪᠦᠷᠴᠡᠭ᠎ᠤᠨ ᠬᠢᠵᠢᠭ᠎ᠲᠠᠢ ᠲᠡᠮᠡᠴᠡᠬᠦ ᠲᠡᠮᠡᠴᠡᠯ᠎ᠳ᠋ᠤ ᠨᠡᠩ ᠶᠡᠬᠡ ᠬᠤᠪᠢ ᠨᠡᠮᠡᠷᠢ ᠦᠵᠡᠬᠦᠯᠬᠦ᠎ᠶᠢ ᠲᠡᠮᠵᠢᠨ᠎ᠠ ᠃ ᠪᠢᠳᠠ ᠬᠢᠵᠢᠭ᠎ᠤᠨ ᠪᠠᠢᠳᠠᠯ᠎ᠢ ᠤᠯᠤᠰ ᠲᠦᠷᠤᠴᠢᠯᠡᠬᠦ ᠂ ᠸᠢᠷᠦᠢᠰ᠎ᠢ ᠬᠠᠢᠬᠴᠢᠯᠠᠬᠤ᠎ᠶᠢ ᠡᠰᠡᠷᠬᠦᠴᠡᠵᠤ ᠂ ᠦᠨᠳᠤᠰᠤᠳᠠᠨ᠎ᠤ ᠭᠠᠳᠠᠭᠤᠷᠴᠢᠯᠠᠯ ᠪᠤᠯᠤᠨ ᠦᠵᠡᠯ ᠤᠬᠠᠮᠰᠠᠷ᠎ᠤᠨ ᠬᠡᠯᠪᠡᠢᠬᠦᠤ ᠦᠵᠡᠯ᠎ᠢ ᠡᠰᠡᠷᠬᠦᠴᠡᠵᠤ ᠂ ᠤᠯᠠᠨ ᠤᠯᠤᠰ᠎ᠤᠨ ᠲᠦᠪ ᠭᠤᠤᠯᠴᠢ ᠰᠢᠳᠤᠷᠭᠤ ᠶᠤᠰᠤ᠎ᠶᠢ ᠡᠷᠡᠰ ᠬᠠᠮᠠᠭᠠᠯᠠᠨ᠎ᠠ ᠃
ᠲᠦᠷᠪᠡᠳᠤᠭᠡᠷ᠎ᠲᠤ ᠂ ᠪᠢᠳᠠ ᠡᠷᠡᠰ ᠭᠤᠢᠪᠢᠰᠢ ᠦᠬᠡᠢ᠎ᠪᠠᠷ ᠳᠤᠮᠳᠠᠳᠤ ᠠᠹᠷᠢᠺᠠ᠎ᠶᠢᠨ ᠨᠦᠬᠦᠷᠯᠠᠯ᠎ᠢ ᠬᠠᠮᠠᠭᠠᠯᠠᠨ᠎ᠠ ᠃ ᠤᠳᠤ᠎ᠶᠢᠨ ᠲᠡᠯᠡᠬᠡᠢ ᠶᠢᠷᠳᠢᠨᠴᠤ ᠵᠠᠭᠤᠨ ᠵᠢᠯ᠎ᠳ᠋ᠤ ᠲᠤᠬᠢᠶᠠᠯᠳᠤᠭ᠎ᠠ ᠦᠬᠡᠢ ᠶᠡᠬᠡ ᠬᠤᠪᠢᠰᠤᠯᠳᠠ᠎ᠶᠢ ᠦᠩᠬᠡᠷᠡᠭᠡᠵᠤ ᠪᠠᠢᠨ᠎ᠠ ᠃ ᠰᠢᠨ᠎ᠠ ᠠᠵᠠ ᠲᠤᠬᠢᠶᠠᠯ ᠪᠤᠯᠤᠨ ᠦᠷᠢᠰᠤᠯᠳᠤᠬᠡᠨ᠎ᠳ᠋ᠤ ᠬᠠᠨᠳᠦᠵᠦ ᠂ ᠳᠤᠮᠳᠠᠳᠤ ᠠᠹᠷᠢᠺᠠ᠎ᠶᠢᠨ᠎ᠬᠢᠨ ᠦᠩᠬᠡᠷᠡᠭᠰᠡᠨ᠎ᠤ ᠠᠯᠢ ᠴᠤ ᠦᠶ᠎ᠠ᠎ᠡᠴᠠ ᠨᠡᠩ ᠢᠯᠡᠭᠦᠦ᠎ᠪᠠᠷ ᠬᠠᠮᠳᠤᠷᠠᠯᠴᠠᠭ᠎ᠠ᠎ᠪᠠᠨ ᠴᠢᠩᠭᠠᠳᠬᠠᠬᠤ ᠴᠢᠬᠤᠯᠠᠳᠠᠢ ᠪᠠᠢᠨ᠎ᠠ ᠃ ᠪᠢ ᠲᠤᠷᠠᠳᠠᠶ᠎ᠠ ᠬᠠᠮᠳᠤ ᠠᠵᠢᠯᠯᠠᠬᠰᠠᠳ᠎ᠲᠠᠢ ᠨᠢᠬᠳᠠ ᠬᠠᠷᠢᠯᠴᠠᠭ᠎ᠠ᠎ᠪᠠᠨ ᠪᠠᠳᠤᠯᠠᠵᠤ ᠂ ᠨᠦᠬᠦᠷᠯᠠᠯ ᠢᠳᠡᠬᠡᠯᠴᠡᠬᠡ᠎ᠪᠠᠨ ᠪᠡᠬᠢᠵᠢᠬᠦᠯᠤᠨ ᠂ ᠲᠤᠰ ᠲᠤᠰ᠎ᠤᠨ᠎ᠢᠶᠡᠨ ᠭᠤᠤᠯᠯᠠᠬᠴᠢ ᠠᠰᠢᠬ ᠲᠤᠰᠠ᠎ᠶᠢᠨ ᠠᠰᠠᠭᠤᠳᠠᠯ᠎ᠳ᠋ᠤ ᠬᠠᠷᠢᠯᠴᠠᠨ ᠲᠡᠮᠵᠢᠵᠤ ᠂ ᠳᠤᠮᠳᠠᠳᠤ ᠠᠹᠷᠢᠺᠠ ᠪᠤᠯᠤᠨ ᠬᠦᠭᠵᠢᠵᠤ ᠪᠠᠢᠭ᠎ᠠ ᠤᠯᠤᠰ᠎ᠤᠳ᠎ᠤᠨ ᠦᠨᠳᠤᠰᠤᠨ ᠠᠰᠢᠬ ᠲᠤᠰᠠ᠎ᠶᠢ ᠬᠠᠮᠳᠤ᠎ᠪᠠᠷ ᠬᠠᠮᠠᠭᠠᠯᠠᠵᠤ ᠂ ᠳᠤᠮᠳᠠᠳᠤ ᠠᠹᠷᠢᠺᠠ᠎ᠶᠢᠨ ᠪᠦᠬᠦ ᠲᠠᠯ᠎ᠠ᠎ᠶᠢᠨ ᠪᠠᠢᠯᠳᠤᠬᠤ ᠪᠤᠳᠤᠯᠭ᠎ᠠ᠎ᠶᠢᠨ ᠬᠠᠮᠳᠤᠷᠠᠯᠴᠠᠭ᠎ᠠ᠎ᠶᠢᠨ ᠬᠠᠨᠢᠳᠠᠨ᠎ᠤ ᠬᠠᠷᠢᠯᠴᠠᠭ᠎ᠠ᠎ᠶᠢ ᠨᠡᠩ ᠦᠨᠳᠤᠷ ᠲᠦᠪᠰᠢᠨ᠎ᠢᠶᠠᠷ ᠬᠦᠭᠵᠢᠬᠦ᠎ᠶᠢ ᠠᠬᠢᠭᠤᠯᠤᠨ᠎ᠠ ᠃
ᠬᠠᠮᠳᠤ ᠠᠵᠢᠯᠯᠠᠬᠰᠠᠳ ᠡ ︕
ᠪᠢᠳᠠ ᠳᠤᠮᠳᠠᠳᠤ ᠠᠹᠷᠢᠺᠠ᠎ᠶᠢᠨ ᠬᠠᠮᠳᠤᠷᠠᠯᠴᠠᠭ᠎ᠠ᠎ᠶᠢᠨ ᠶᠠᠷᠢᠶᠠᠨ᠎ᠤ ᠲᠠᠪᠴᠠᠩ᠎ᠤᠨ ᠪᠡᠬᠡᠵᠢᠩ᠎ᠤᠨ ᠲᠦᠷᠤᠬᠦᠴᠤᠳ᠎ᠤᠨ ᠬᠤᠷᠠᠯ ᠲᠡᠬᠡᠷ᠎ᠠ ᠨᠡᠩ ᠨᠢᠬᠳᠠ ᠳᠤᠮᠳᠠᠳᠤ ᠠᠹᠷᠢᠺᠠ᠎ᠶᠢᠨ ᠬᠤᠪᠢ ᠵᠠᠶᠠᠭᠠᠨ᠎ᠤ ᠬᠠᠮᠳᠤ᠎ᠶᠢᠨ ᠴᠤᠬᠴᠠ᠎ᠶᠢ ᠪᠠᠢᠭᠤᠯᠬᠤ᠎ᠪᠠᠷ ᠰᠠᠨᠠᠯ ᠨᠢᠬᠡᠳᠠᠢ ᠲᠤᠭᠳᠠᠪᠠ ᠃ ᠡᠨᠡ ᠡᠳᠤᠷ ᠪᠢᠳᠠ ᠪᠦᠯᠬᠦᠮᠳᠡᠨ ᠬᠢᠵᠢᠭ᠎ᠤᠨ ᠪᠠᠢᠳᠠᠯ᠎ᠲᠠᠢ ᠲᠡᠮᠡᠴᠡᠬᠦ ᠤᠨᠴᠠᠭᠠᠢ ᠲᠦᠷᠤᠬᠦᠴᠤᠳ᠎ᠤᠨ ᠬᠤᠷᠠᠯ᠎ᠢ ᠬᠤᠷᠠᠯᠳᠤᠭᠤᠯᠤᠭᠰᠠᠨ᠎ᠨᠢ ᠲᠠᠷᠤᠢ ᠪᠤᠳᠠᠳᠤ ᠠᠵᠢᠯᠯᠠᠭ᠎ᠠ᠎ᠪᠠᠷ᠎ᠢᠶᠡᠨ ᠪᠡᠬᠡᠵᠢᠩ᠎ᠤᠨ ᠲᠦᠷᠤᠬᠦᠴᠤᠳ᠎ᠤᠨ ᠬᠤᠷᠠᠯ᠎ᠤᠨ ᠠᠮᠠᠯᠠᠯᠳᠠ᠎ᠶᠢ ᠤᠢᠯᠡᠳᠤᠯᠬᠡᠵᠢᠬᠦᠯᠵᠤ ᠪᠠᠢᠨ᠎ᠠ ᠂ ᠮᠦᠨ ᠴᠤ ᠲᠡᠯᠡᠬᠡᠢ ᠶᠢᠷᠳᠢᠨᠴᠤ᠎ᠪᠠᠷ᠎ᠢᠶᠡᠨ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠠ᠎ᠳ᠋ᠤ ᠬᠦᠴᠤᠨ ᠨᠡᠮᠡᠷᠢᠯᠠᠵᠤ ᠪᠠᠢᠨ᠎ᠠ ᠃ ᠬᠦᠮᠤᠨ ᠲᠦᠷᠤᠯᠬᠢᠳᠠᠨ ᠡᠴᠤᠰ᠎ᠲᠡᠭᠡᠨ ᠬᠢᠵᠢᠭ᠎ᠤᠨ ᠪᠠᠢᠳᠠᠯ᠎ᠢ ᠲᠠᠢᠯᠠᠨ ᠢᠯᠠᠵᠤ ᠂ ᠳᠤᠮᠳᠠᠳᠤ ᠠᠹᠷᠢᠺᠠ᠎ᠶᠢᠨ ᠠᠷᠠᠳ ᠲᠦᠮᠡᠨ ᠨᠡᠩ ᠰᠠᠢᠨ ᠰᠠᠢᠬᠠᠨ ᠠᠮᠢᠳᠤᠷᠠᠬᠤ ᠪᠤᠯᠤᠨ᠎ᠠ ᠭᠡᠳᠡᠭ᠎ᠢ ᠪᠢ ᠪᠠᠳᠤ ᠢᠳᠡᠬᠡᠵᠤ ᠪᠠᠢᠨ᠎ᠠ ᠃
ᠲᠠᠯᠠᠷᠬᠠᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面