ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-08-20 10:25:41

ᠵᠣᠬᠢᠶᠠᠭ᠍ᠴᠢ᠄ ᠬᠤ ᠬᠤᠤ ᠣᠩᠱᠢᠭ᠍ᠰᠠᠨ ᠣᠳᠠᠭ᠎ᠠ᠄ 3

 ᠰᠤᠷᠭᠠᠨ ᠬᠦᠮᠦᠵᠢᠯ᠎ᠤᠨ ᠶᠠᠮᠤᠨ᠎ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠬᠤ ᠲᠤᠭᠤᠢᠯᠠᠩ᠎ᠤᠨ ᠠᠯᠪᠡᠨ ᠭᠡᠷ᠎ᠤᠨ ᠬᠠᠷᠢᠭᠤᠴᠠᠯᠭᠠᠳᠠᠨ᠎ᠢ ᠰᠤᠷᠪᠤᠯᠵᠢᠯᠠᠬᠰᠠᠨ᠎ᠨᠢ

2020 ᠤᠨ᠎ᠤ ᠨᠠᠮᠤᠷ᠎ᠤᠨ ᠰᠤᠷᠤᠯᠭ᠎ᠠ᠎ᠶᠢᠨ ᠬᠤᠭᠤᠴᠠᠭ᠎ᠠ ᠤᠳᠠᠯ ᠦᠭᠡᠢ ᠡᠬᠢᠯᠡᠬᠦ ᠪᠤᠯᠤᠯ᠎ᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠶᠢ ᠪᠠᠢᠩᠭᠤᠵᠢᠭᠤᠯᠤᠭᠰᠠᠨ ᠨᠦᠬᠦᠴᠡᠯ ᠲᠤᠤᠷ᠎ᠠ ᠂ ᠡᠯ᠎ᠠ ᠰᠤᠷᠭᠠᠭᠤᠯᠢ᠎ᠶᠢᠨ᠎ᠬᠢᠨ ᠬᠢᠴᠢᠶᠡᠯ ᠡᠬᠢᠯᠡᠬᠦ᠎ᠡᠴᠠ ᠡᠮᠦᠨ᠎ᠠ ᠶᠠᠮᠠᠷ ᠪᠡᠯᠡᠳᠭᠡᠯ ᠬᠢᠬᠦ ᠴᠢᠬᠤᠯᠠᠳᠠᠢ ᠪᠤᠢ ︖ ᠪᠠᠬᠰᠢ ᠰᠤᠷᠤᠬᠴᠢᠳ ᠰᠤᠷᠭᠠᠭᠤᠯᠢ᠎ᠳᠠᠭᠠᠨ ᠪᠤᠴᠠᠬᠤ ᠦᠶ᠎ᠠ᠎ᠳ᠋ᠤ ᠶᠠᠮᠠᠷ ᠱᠠᠭᠠᠷᠳᠠᠯᠭ᠎ᠠ ᠪᠠᠢᠨ᠎ᠠ ︖ ᠬᠢᠴᠢᠶᠡᠯ ᠡᠬᠢᠯᠡᠭᠰᠡᠨ᠎ᠤ ᠳᠠᠷᠠᠭ᠎ᠠ ᠭᠡᠷᠬᠢᠨ ᠬᠠᠮᠢᠶᠠᠷᠬᠤ ᠪᠤᠢ ︖ ᠰᠤᠷᠭᠠᠨ ᠬᠦᠮᠦᠵᠢᠯ᠎ᠤᠨ ᠶᠠᠮᠤᠨ᠎ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠬᠤ ᠲᠤᠭᠤᠢᠯᠠᠩ᠎ᠤᠨ ᠠᠯᠪᠡᠨ ᠭᠡᠷ᠎ᠤᠨ ᠡᠷᠬᠢᠯᠡᠭᠴᠢ ᠂ ᠪᠡᠶ᠎ᠠ᠎ᠶᠢᠨ ᠲᠠᠮᠢᠷ ᠡᠷᠡᠬᠦᠯ ᠬᠠᠮᠠᠭᠠᠯᠠᠯ ᠪᠤᠯᠤᠨ ᠤᠷᠠᠯᠢᠭ᠎ᠤᠨ ᠰᠤᠷᠭᠠᠨ ᠬᠦᠮᠦᠵᠢᠯ᠎ᠤᠨ ᠵᠤᠷᠭᠠᠨ᠎ᠤ ᠳᠠᠷᠤᠭ᠎ᠠ ᠸᠠᠩ ᠳ᠋ᠸᠩ ᠹᠸᠩ ᠡᠷᠭᠡ ᠰᠦᠷᠳᠦ ᠬᠠᠷᠢᠭᠤᠯᠳᠠ ᠦᠭᠬᠦᠯ᠎ᠠ ᠃

ᠨᠠᠮᠤᠷ ᠡᠪᠤᠯ᠎ᠢᠶᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠳ᠋ᠤ ᠰᠢᠨ᠎ᠠ ᠲᠤᠭᠳᠠᠭᠠᠯ ᠪᠤᠢ

ᠠᠰᠠᠭᠤᠯᠳᠠ᠄ ᠰᠢᠨ᠎ᠠ ᠰᠤᠷᠤᠯᠭ᠎ᠠ᠎ᠶᠢᠨ ᠬᠤᠭᠤᠴᠠᠭᠠᠨ᠎ᠳ᠋ᠤ ᠰᠤᠷᠭᠠᠭᠤᠯᠢ᠎ᠶᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠠᠯ᠎ᠠ᠎ᠪᠠᠷ ᠶᠠᠮᠠᠷ ᠰᠢᠨ᠎ᠠ ᠱᠠᠭᠠᠷᠳᠠᠯᠭ᠎ᠠ ᠪᠠᠢᠬᠤ ᠪᠤᠢ ︖

ᠬᠠᠷᠢᠭᠤᠯᠳᠠ᠄ ᠨᠠᠮᠤᠷ ᠡᠪᠤᠯ᠎ᠢᠶᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠬᠠᠨᠳᠤᠰᠢ ᠪᠠ ᠪᠦᠬᠦ ᠲᠠᠯ᠎ᠠ᠎ᠪᠠᠷ ᠬᠢᠴᠢᠶᠡᠯ ᠰᠤᠷᠤᠯᠭ᠎ᠠ᠎ᠪᠠᠨ ᠰᠡᠷᠬᠦᠭᠡᠬᠦ ᠭᠡᠷᠡᠭᠴᠡᠭᠡ᠎ᠲᠠᠢ ᠤᠶᠠᠯᠳᠤᠭᠤᠯᠤᠨ ᠂ ᠤᠯᠤᠰ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ᠎ᠶᠢᠨ ᠵᠦᠪᠯᠡᠯ᠎ᠤᠨ ᠠᠯᠪᠡᠨ ᠲᠢᠩᠬᠢᠮ ᠂ ᠰᠤᠷᠭᠠᠨ ᠬᠦᠮᠦᠵᠢᠯ᠎ᠤᠨ ᠶᠠᠮᠤᠨ᠎ᠤ ᠠᠯᠪᠡᠨ ᠲᠢᠩᠬᠢᠮ ᠬᠠᠮᠳᠤᠷᠠᠵᠦ ᠲᠦᠷᠦᠭᠦᠬᠡᠨ ᠲᠤᠭᠳᠠᠭᠠᠭᠰᠠᠨ ᠬᠤᠯᠪᠤᠭᠳᠠᠯ ᠪᠦᠬᠦᠢ ᠮᠡᠷᠭᠡᠵᠢᠯ᠎ᠤᠨ ᠲᠦᠰᠦᠯ᠎ᠳ᠋ᠤ ᠵᠠᠰᠠᠪᠤᠷᠢ ᠤᠷᠤᠭᠤᠯᠤᠨ ᠰᠢᠨᠡᠴᠢᠯᠡᠵᠦ ᠂ ᠶᠡᠭᠡ ᠳᠡᠭᠡᠳᠦ ᠰᠤᠷᠭᠠᠭᠤᠯᠢ ᠂ ᠳᠤᠮᠳᠠᠳᠤ ᠪᠠᠭ᠎ᠠ ᠰᠤᠷᠭᠠᠭᠤᠯᠢ ᠪᠠ ᠭᠡᠦᠭᠡᠳ᠎ᠤᠨ ᠴᠡᠴᠡᠷᠯᠢᠭ᠎ᠤᠨ ᠨᠠᠮᠤᠷ ᠡᠪᠤᠯ᠎ᠢᠶᠠᠷ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠮᠡᠷᠭᠡᠵᠢᠯ᠎ᠤᠨ ᠲᠦᠰᠦᠯ᠎ᠢ ᠳᠠᠷᠤᠮᠠᠯᠯᠠᠨ ᠳᠠᠷᠬᠠᠭᠠᠵᠠᠢ ᠃

ᠰᠢᠨᠡᠴᠢᠯᠡᠭᠰᠡᠨ ᠲᠦᠰᠦᠯ᠎ᠳ᠋ᠤ ᠤᠤᠯ ᠲᠦᠰᠦᠯ᠎ᠳ᠋ᠠᠬᠢ ︽ ᠰᠤᠷᠤᠬᠴᠢ᠎ᠶᠢᠨ ᠪᠠᠢᠷᠢ᠎ᠶᠢᠨ ᠤᠷᠤ᠎ᠶᠢ ᠲᠠᠬᠢᠨ ᠬᠤᠪᠢᠶᠠᠷᠢᠯᠠᠵᠦ ᠂ ᠬᠦᠮᠦᠨ ᠬᠠᠷ᠎ᠠ᠎ᠶᠢ ᠪᠠᠭᠠᠰᠬᠠᠬᠤ᠎ᠶᠢᠨ ᠬᠠᠮᠳᠦ ᠵᠠᠢ᠎ᠶᠢ ᠶᠡᠭᠡᠰᠭᠡᠬᠦ ︾ ︽ ᠬᠤᠭᠤᠯᠠᠨ ᠰᠢᠷᠡᠭᠡ᠎ᠶᠢ ᠢᠵᠢᠯ ᠴᠢᠭᠯᠡᠯ᠎ᠢᠶᠠᠷ ᠭᠠᠭᠴᠠ ᠰᠠᠭᠤᠳᠠᠯ᠎ᠲᠠᠢ ᠪᠤᠯᠭᠠᠬᠤ᠎ᠶᠢᠨ ᠬᠠᠮᠳᠦ 1.5 ᠮᠸᠲ᠋ᠷ᠎ᠤᠨ ᠵᠠᠢ᠎ᠶᠢ ᠪᠠᠳᠤᠯᠠᠬᠤ ᠭᠡᠷᠡᠭᠲᠡᠢ ︾ ︽ ᠪᠠᠢᠷᠢ ᠪᠤᠯᠭᠠᠨ᠎ᠳ᠋ᠤ ᠵᠠᠷᠴᠢᠮ ᠳᠡᠭᠡᠷ᠎ᠠ᠎ᠪᠠᠨ 6 ᠬᠦᠮᠦᠨ᠎ᠡᠴᠠ ᠢᠯᠡᠭᠦᠦ ᠰᠠᠭᠤᠵᠤ ᠪᠤᠯᠬᠤ ᠦᠭᠡᠢ ᠂ ᠬᠦᠮᠦᠨ ᠳᠤᠮᠳᠠᠴᠢ᠎ᠶᠢᠨ ᠡᠵᠡᠯᠡᠬᠦ ᠲᠠᠯᠠᠪᠠᠢ᠎ᠶᠢ᠎ᠨᠢ 3 ᠲᠡᠭᠰᠢ ᠲᠦᠷᠪᠡᠯᠵᠢᠨ ᠮᠸᠲ᠋ᠷ᠎ᠡᠴᠠ ᠪᠠᠭ᠎ᠠ ᠪᠠᠢᠯᠭᠠᠵᠤ ᠪᠤᠯᠬᠤ ᠦᠭᠡᠢ ︾ ︽ ᠰᠤᠷᠤᠬᠴᠢ ︵ ᠪᠢᠴᠢᠭ᠎ᠤᠨ ᠰᠢᠷᠡᠭᠡ ︶ ᠨᠢᠭᠡᠪᠦᠷᠢ᠎ᠶᠢᠨ ᠡᠮᠦᠨ᠎ᠠ ᠬᠤᠢᠨ᠎ᠠ ᠵᠡᠬᠦᠨ ᠪᠠᠷᠠᠭᠤᠨ ᠲᠠᠯ᠎ᠠ᠎ᠶᠢᠨ ᠵᠠᠢ᠎ᠨᠢ 1 ᠮᠸᠲ᠋ᠷ ᠪᠠᠢᠬᠤ ᠭᠡᠷᠡᠭᠲᠡᠢ ︾ ᠭᠡᠬᠦ ᠵᠡᠷᠭᠡ ᠬᠠᠳᠠᠭᠤ ᠴᠢᠩᠭ᠎ᠠ ᠲᠤᠰᠠᠭᠠᠷᠯᠠᠬᠤ ᠨᠦᠬᠦᠴᠡᠯ᠎ᠢ ᠬᠦᠴᠦᠨ ᠦᠭᠡᠢ ᠪᠤᠯᠭᠠᠵᠦ ᠂ ᠬᠡᠪ᠎ᠤᠨ ᠰᠤᠷᠭᠠᠨ ᠬᠦᠮᠦᠵᠢᠯ᠎ᠤᠨ ᠵᠢᠭᠠᠨ ᠰᠤᠷᠭᠠᠯᠳᠠ᠎ᠶᠢᠨ ᠡᠮᠬᠢ ᠲᠢᠭᠯᠢᠮ ᠪᠠ ᠪᠦᠬᠦ ᠲᠠᠯ᠎ᠠ᠎ᠪᠠᠷ ᠬᠢᠴᠢᠶᠡᠯ ᠰᠤᠷᠤᠯᠭ᠎ᠠ᠎ᠪᠠᠨ ᠰᠡᠷᠬᠦᠭᠡᠬᠦ᠎ᠶᠢ ᠨᠡᠩ ᠰᠠᠢᠳᠤᠷ ᠪᠠᠳᠤᠯᠠᠬᠤ᠎ᠪᠠᠷ ᠪᠤᠯᠪᠠ ᠃

ᠡᠬᠦᠨ᠎ᠤ ᠵᠡᠷᠭᠡ᠎ᠪᠠᠷ ᠂ ᠰᠢᠨᠡᠴᠢᠯᠡᠭᠰᠡᠨ ᠲᠦᠰᠦᠯ᠎ᠳ᠋ᠤ ᠰᠤᠷᠭᠠᠭᠤᠯᠢ᠎ᠶᠢᠨ ᠭᠤᠤᠯᠳᠠᠯᠭ᠎ᠠ᠎ᠲᠠᠢ ᠤᠷᠤᠨ ᠲᠤᠭᠤᠷᠢᠭ᠎ᠢ ᠬᠠᠮᠢᠶᠠᠷᠤᠨ ᠡᠵᠡᠮᠳᠡᠬᠦ ᠂ ᠰᠤᠷᠭᠠᠭᠤᠯᠢ᠎ᠶᠢᠨ ᠡᠬᠦᠳᠡᠨ᠎ᠤ ᠬᠠᠮᠢᠶᠠᠷᠤᠯᠳᠠ ᠡᠵᠡᠮᠳᠡᠯ ᠵᠢᠴᠢ ᠪᠠᠬᠰᠢ ᠰᠤᠷᠤᠬᠴᠢᠳ᠎ᠤᠨ ᠡᠷᠡᠬᠦᠯ ᠮᠡᠨᠳᠦ᠎ᠶᠢᠨ ᠬᠠᠮᠢᠶᠠᠷᠤᠯᠳᠠ᠎ᠳ᠋ᠤ ᠨᠡᠩ ᠳᠤᠳᠤᠷᠬᠠᠢ ᠱᠠᠭᠠᠷᠳᠠᠯᠭ᠎ᠠ ᠳᠤᠷᠠᠳᠴᠠᠢ ᠃ ︽ ᠰᠤᠷᠭᠠᠭᠤᠯᠢ᠎ᠶᠢᠨ ᠡᠬᠦᠳᠡᠨ᠎ᠤ ᠪᠤᠭᠤᠮᠳᠠ᠎ᠶᠢ ᠴᠢᠩᠭ᠎ᠠ ᠰᠠᠬᠢᠵᠦ ᠂ ᠪᠠᠬᠰᠢ ᠠᠵᠢᠯᠳᠠᠳ ᠪᠠ ᠰᠤᠷᠤᠬᠴᠢᠳ ᠰᠤᠷᠭᠠᠭᠤᠯᠢ᠎ᠶᠢᠨ ᠬᠦᠷᠢᠶᠡᠨ᠎ᠳ᠋ᠤ ᠤᠷᠤᠬᠤ ᠦᠶ᠎ᠠ᠎ᠳ᠋ᠤ ᠡᠷᠡᠬᠦᠯ ᠮᠡᠨᠳᠦ᠎ᠶᠢᠨ ᠺᠤᠳ᠋ ᠪᠠᠢᠴᠠᠭᠠᠵᠦ ᠂ ᠰᠤᠷᠭᠠᠭᠤᠯᠢ᠎ᠶᠢᠨ ᠬᠦᠷᠢᠶᠡᠨ᠎ᠳ᠋ᠤ ᠤᠷᠤᠬᠰᠠᠳ᠎ᠤᠨ ᠪᠡᠶ᠎ᠠ ᠮᠠᠬᠠᠪᠤᠳ᠎ᠤᠨ ᠡᠷᠡᠬᠦᠯ ᠮᠡᠨᠳᠦ᠎ᠶᠢ ᠪᠠᠳᠤᠯᠠᠬᠤ ᠭᠡᠷᠡᠭᠲᠡᠢ ︾ ︽ ᠳᠤᠮᠳᠠ ᠦᠨᠳᠦᠷ ᠠᠶᠦᠯ ᠲᠦᠭᠰᠢᠬᠦᠷᠢ᠎ᠲᠠᠢ ᠭᠠᠵᠠᠷ ᠤᠷᠤᠨ᠎ᠡᠴᠠ ᠢᠷᠡᠭᠰᠡᠨ ᠰᠤᠷᠤᠬᠴᠢ ᠪᠠ ᠪᠠᠬᠰᠢ ᠠᠵᠢᠯᠳᠠᠳ ᠰᠤᠷᠭᠠᠭᠤᠯᠢ᠎ᠳ᠋ᠤ ᠪᠤᠴᠠᠬᠤ᠎ᠳᠠᠭᠠᠨ ᠡᠷᠭᠡᠪᠰᠢ ᠨᠢᠭᠡ ᠭᠠᠷᠠᠭ᠎ᠤᠨ ᠳᠤᠳᠤᠷᠠᠬᠢ ᠪᠦᠭᠡᠮ ᠬᠦᠴᠢᠯ᠎ᠤᠨ ᠰᠢᠯᠭᠠᠨ ᠪᠠᠢᠴᠠᠭᠠᠯᠳᠠ᠎ᠶᠢᠨ ᠮᠡᠳᠡᠬᠦᠯᠦᠯᠳᠠ᠎ᠪᠠᠨ ᠰᠤᠷᠭᠠᠭᠤᠯᠢ᠎ᠳ᠋ᠤ ᠲᠤᠰᠢᠶᠠᠬᠤ ᠭᠡᠷᠡᠭᠲᠡᠢ ︾ ᠭᠡᠬᠦ ᠵᠡᠷᠭᠡ ᠠᠭᠤᠯᠭ᠎ᠠ᠎ᠶᠢ ᠨᠡᠮᠡᠪᠡ ᠃

ᠰᠤᠷᠭᠠᠭᠤᠯᠢ᠎ᠶᠢᠨ ᠬᠠᠮᠢᠶᠠᠷᠤᠯᠳᠠ᠎ᠶᠢ ᠴᠢᠩᠭᠠᠳᠬᠠᠵᠥ ︽ ᠰᠤᠷᠭᠠᠭᠤᠯᠢ᠎ᠶᠢᠨ ᠡᠬᠦᠳᠡᠨ᠎ᠤ ᠪᠤᠭᠤᠮᠳᠠ ︾᠎ᠶᠢ ᠴᠢᠩᠭ᠎ᠠ ᠰᠠᠬᠢᠨ᠎ᠠ

ᠠᠰᠠᠭᠤᠯᠳᠠ ᠄ ᠬᠢᠴᠢᠶᠡᠯ ᠡᠬᠢᠯᠡᠬᠦ᠎ᠡᠴᠠ ᠡᠮᠤᠨ᠎ᠡ ᠂ ᠰᠤᠷᠭᠠᠭᠤᠯᠢ᠎ᠶᠢᠨ᠎ᠬᠢᠨ ᠶᠠᠮᠠᠷ ᠶᠠᠮᠠᠷ ᠪᠡᠯᠡᠳᠬᠡᠯ ᠬᠢᠬᠦ ᠬᠡᠷᠡᠭᠳᠡᠢ ᠪᠤᠢ ︖

ᠬᠠᠷᠢᠭᠤᠯᠳᠠ ᠄ ᠰᠤᠷᠭᠠᠭᠤᠯᠢ᠎ᠶᠢᠨ᠎ᠬᠢᠨ ᠠᠷᠢᠭᠤᠳᠬᠠᠬᠤ ᠰᠢᠩᠬᠡᠨ ᠂ ᠠᠮᠠᠪᠴᠢ ᠂ ᠪᠡᠬᠡᠯᠡᠢ ᠵᠡᠷᠬᠡ ᠬᠢᠵᠢᠭ᠎ᠢ ᠰᠡᠷᠬᠡᠢᠯᠡᠬᠦ ᠡᠳ᠋ ᠪᠤᠳᠠᠰ᠎ᠢ ᠨᠦ᠋ᠢᠬᠡᠴᠡᠯᠡᠨ ᠪᠡᠯᠡᠳᠬᠡᠬᠦ ᠠᠵᠢᠯ᠎ᠢ ᠤᠷᠢᠳᠴᠢᠯᠠᠨ ᠰᠠᠢᠳᠤᠷ ᠬᠢᠬᠦ ᠬᠡᠷᠡᠭᠳᠡᠢ ᠃ ᠰᠤᠷᠭᠠᠭᠤᠯᠢ᠎ᠶᠢᠨ᠎ᠬᠢᠨ ᠲᠤᠰᠠᠭᠠᠷᠯᠠᠬᠤ ᠬᠡᠷ ︵ ᠲᠦᠷ ᠴᠠᠭ᠎ᠤᠨ ︶ ᠭᠠᠷᠭᠠᠬᠤ᠎ᠶᠢᠨ ᠬᠠᠮᠳᠤ ᠲᠤᠰᠬᠠᠢ ᠬᠦᠮᠥᠨ ᠲᠤᠬᠢᠷᠠᠭᠤᠯᠤᠨ ᠰᠤᠷᠭᠠᠭᠤᠯᠢ᠎ᠶᠢᠨ ᠡᠷᠡᠬᠦᠯ ᠬᠠᠮᠠᠭᠠᠯᠠᠯ᠎ᠤᠨ ᠲᠦᠬᠦᠬᠡᠷᠤᠮᠵᠢ᠎ᠶᠢᠨ ᠬᠠᠮᠢᠶᠠᠷᠤᠯᠳᠠ ᠂ ᠡᠷᠡᠬᠦᠯ ᠬᠠᠮᠠᠭᠠᠯᠠᠯ᠎ᠤᠨ ᠪᠠᠳᠤᠯᠠᠭ᠎ᠠ ᠂ ᠬᠢᠨᠠᠯᠳᠠ ᠲᠠᠯᠪᠢᠨ ᠨᠠᠢᠳᠠᠪᠤᠷᠢᠵᠢᠭᠤᠯᠬᠤ ᠵᠡᠷᠬᠡ ᠠᠵᠢᠯ᠎ᠢ ᠬᠠᠷᠢᠭᠤᠴᠠᠭᠤᠯᠬᠤ ᠬᠡᠷᠡᠭᠳᠡᠢ ᠃ ᠲᠤᠮᠳᠠᠳᠤ ᠪᠠᠭ᠎ᠠ ᠰᠤᠷᠭᠠᠭᠤᠯᠢ ᠬᠢᠴᠢᠶᠡᠯ ᠡᠬᠢᠯᠡᠬᠦ᠎ᠡᠴᠠ ᠡᠮᠤᠨ᠎ᠡ ᠰᠤᠷᠭᠠᠭᠤᠯᠢ᠎ᠶᠢᠨ ᠤᠷᠴᠢᠨ ᠲᠤᠭᠤᠷᠢᠨ ᠪᠤᠯᠤᠨ ᠠᠭᠠᠷ ᠲᠤᠬᠢᠷᠠᠭᠤᠯᠬᠤ ᠰᠢᠰᠲ᠋ᠸᠮ᠎ᠢ ᠲᠤᠢᠯᠪᠤᠷᠢᠳᠡᠢ ᠴᠡᠪᠡᠷᠯᠡᠬᠦ᠎ᠶᠢᠨ ᠬᠠᠮᠳᠤ ᠰᠡᠷᠬᠡᠢᠯᠡᠯᠳᠡ᠎ᠶᠢᠨ ᠴᠢᠨᠠᠷᠳᠠᠢ ᠠᠷᠢᠭᠤᠳᠬᠠᠯ ᠬᠢᠵᠥ ᠂ ᠰᠤᠷᠭᠠᠭᠤᠯᠢ᠎ᠶᠢᠨ ᠡᠬᠦᠳᠡᠨ᠎ᠤ ᠤᠢᠷᠠᠯᠴᠠᠭ᠎ᠠ ᠲᠦᠷ ᠴᠠᠭ᠎ᠤᠨ ᠬᠦᠯᠢᠶᠡᠬᠦ ᠲᠤᠭᠤᠷᠢᠭ ᠭᠠᠷᠭᠠᠬᠤ᠎ᠶᠢᠨ ᠬᠠᠮᠳᠤ ᠬᠠᠮᠢᠶ᠎ᠠ ᠪᠦᠬᠦᠢ ᠲᠤᠭᠳᠠᠭᠠᠯ᠎ᠢ ᠦᠨᠳᠦᠰᠦᠯᠡᠨ ᠪᠠᠬᠰᠢ ᠠᠵᠢᠯᠳᠠᠨ ᠪᠤᠯᠤᠨ ᠰᠤᠷᠤᠭᠴᠢ᠎ᠶᠢᠨ ᠲᠤᠭ᠎ᠠ ᠶᠤᠰᠤᠭᠠᠷ ᠰᠤᠷᠭᠠᠭᠤᠯᠢ᠎ᠶᠢᠨ ᠡᠮᠴᠢ ᠪᠤᠶᠤ ᠡᠷᠡᠬᠦᠯᠵᠢᠯ᠎ᠤᠨ ᠪᠠᠭᠰᠢ ᠲᠤᠬᠢᠷᠠᠭᠤᠯᠬᠤ ᠬᠡᠷᠡᠭᠳᠡᠢ ᠃ ᠬᠡᠤᠬᠡᠳ᠎ᠤᠨ ᠴᠡᠴᠡᠷᠯᠢᠭ ᠬᠢᠴᠢᠶᠡᠯ ᠡᠬᠢᠯᠡᠬᠦ᠎ᠡᠴᠠ ᠡᠮᠤᠨ᠎ᠡ ᠴᠡᠴᠡᠷᠯᠢᠭ᠎ᠤᠨ ᠲᠤᠳᠤᠷᠠᠬᠢ ᠤᠷᠴᠢᠨ ᠲᠤᠭᠤᠷᠢᠨ ᠪᠤᠯᠤᠨ ᠠᠭᠠᠷ ᠲᠤᠬᠢᠷᠠᠭᠤᠯᠬᠤ ᠰᠢᠰᠲ᠋ᠸᠮ᠎ᠢ ᠲᠤᠢᠯᠪᠤᠷᠢᠳᠡᠢ ᠴᠡᠪᠡᠷᠯᠡᠨ ᠠᠷᠢᠭᠤᠳᠬᠠᠵᠥ ᠂ ᠠᠵᠢᠬᠯᠠᠬᠤ ᠲᠠᠰᠤᠭ ᠪᠤᠶᠤ ᠲᠦᠷ ᠴᠠᠭ᠎ᠤᠨ ᠲᠤᠰᠠᠭᠠᠷᠯᠠᠬᠤ ᠲᠠᠰᠤᠭ ᠭᠠᠷᠭᠠᠬᠤ ᠬᠡᠷᠡᠭᠳᠡᠢ ᠃

ᠠᠰᠠᠭᠤᠯᠳᠠ ᠄ ᠰᠤᠷᠭᠠᠭᠤᠯᠢ᠎ᠶᠢᠨ ᠡᠳᠤᠷ ᠲᠤᠳᠤᠮ᠎ᠤᠨ ᠬᠠᠮᠢᠶᠠᠷᠤᠯᠳᠠ᠎ᠶᠢ ᠬᠡᠷᠬᠢᠨ ᠴᠢᠩᠭᠠᠳᠬᠠᠬᠤ ᠪᠤᠢ ︖

ᠬᠠᠷᠢᠭᠤᠯᠳᠠ ᠄ ᠡᠳᠤᠷ ᠲᠤᠳᠤᠮ᠎ᠤᠨ ᠬᠠᠮᠢᠶᠠᠷᠤᠯᠳᠡ᠎ᠶᠢᠨ ᠲᠡᠯ᠎ᠡ᠎ᠪᠠᠷ ᠂ ᠶᠡᠬᠡ ᠳᠡᠭᠡᠳᠦ ᠰᠤᠷᠭᠠᠭᠤᠯᠢ᠎ᠶᠢᠨ᠎ᠬᠢᠨ ᠬᠠᠯᠳᠠᠪᠤᠷᠢᠳᠤ ᠡᠪᠡᠳᠴᠢᠨ᠎ᠤ ᠬᠢᠵᠢᠭ᠎ᠤᠨ ᠪᠠᠢᠳᠠᠯ᠎ᠢ ᠮᠡᠳᠡᠬᠦᠯᠬᠦ ᠲᠦᠷᠢᠮ ᠂ ᠡᠪᠡᠳᠴᠢᠨ᠎ᠢᠶᠠᠷ ᠬᠢᠴᠢᠶᠡᠯ ᠰᠠᠭᠠᠳᠠᠭᠰᠠᠳ᠎ᠢ ᠮᠦᠷᠳᠡᠨ ᠲᠠᠩᠰᠠᠯᠠᠬᠤ ᠲᠦᠷᠢᠮ ᠵᠡᠷᠬᠡ᠎ᠶᠢ ᠨᠠᠢᠳᠠᠪᠤᠷᠢᠵᠢᠭᠤᠯᠬᠤ᠎ᠶᠢ ᠪᠠᠷᠢᠮᠳᠠᠯᠠᠬᠤ ᠬᠡᠷᠡᠭᠳᠡᠢ ᠃ ᠲᠤᠮᠳᠠᠳᠤ ᠪᠠᠭ᠎ᠠ ᠰᠤᠷᠭᠠᠭᠤᠯᠢ ᠪᠠᠭᠰᠢ ᠠᠵᠢᠯᠳᠠᠨ ᠪᠤᠯᠤᠨ ᠰᠤᠷᠤᠭᠴᠢᠳ᠎ᠤᠨ ᠦᠷᠯᠥᠬᠡ ᠦᠳᠡ᠎ᠶᠢᠨ ᠪᠠᠢᠴᠠᠭᠠᠯᠳᠠ᠎ᠶᠢ ᠴᠢᠩᠭᠠᠳᠬᠠᠵᠥ ᠂ ᠪᠠᠢᠷᠢ᠎ᠳ᠋ᠤ ᠰᠠᠭᠤᠵᠥ ᠪᠠᠢᠬᠤ ᠪᠠ ᠤᠷᠤᠢ᠎ᠶᠢᠨ ᠲᠠᠪᠳᠠᠯᠭ᠎ᠠ᠎ᠳ᠋ᠤ ᠤᠷᠤᠯᠴᠠᠵᠥ ᠪᠠᠢᠭ᠎ᠠ ᠰᠤᠷᠤᠭᠴᠢᠳ᠎ᠲᠤ ᠤᠷᠤᠢ᠎ᠶᠢᠨ ᠪᠠᠢᠴᠠᠭᠠᠯᠳᠠ ᠨᠡᠮᠡᠬᠦ᠎ᠶᠢᠨ ᠬᠠᠮᠳᠤ ︽ ᠡᠳᠤᠷ ᠪᠤᠯᠭᠠᠨ ᠮᠡᠳᠡᠬᠦᠯᠬᠦ ︾ ᠂ ︽ ᠪᠠᠢᠬᠤ ᠦᠬᠡᠢ ᠴᠦ ᠮᠡᠳᠡᠬᠦᠯᠬᠦ ︾ ᠲᠦᠷᠢᠮ᠎ᠢ ᠪᠠᠷᠢᠮᠳᠠᠯᠠᠬᠤ ᠬᠡᠷᠡᠭᠳᠡᠢ ᠃ ᠡᠪᠡᠳᠴᠢᠨ᠎ᠢᠶᠠᠷ ᠰᠠᠭᠠᠳᠠᠭᠰᠠᠠ ᠪᠠᠭᠰᠢ ᠠᠵᠢᠯᠳᠠᠨ ᠪᠤᠯᠤᠨ ᠰᠤᠷᠤᠭᠴᠢᠳ᠎ᠤᠨ ᠡᠮᠨᠡᠬᠦᠯᠥᠭᠰᠡᠡ ᠦᠷ᠎ᠡ ᠳ᠋ᠦᠩ ᠪᠤᠯᠤᠨ ᠡᠪᠡᠳᠴᠢᠨ᠎ᠤ ᠪᠠᠢᠳᠠᠯ᠎ᠤᠨ ᠠᠬᠢᠴᠠ᠎ᠶᠢ ᠨᠢᠬᠳᠠ ᠮᠦᠷᠳᠡᠨ ᠪᠠᠢᠴᠠᠭᠠᠬᠤ ᠬᠡᠷᠡᠭᠳᠡᠢ ᠃ ᠬᠢᠴᠢᠶᠡᠯ ᠰᠡᠷᠬᠦᠬᠡᠬᠦ ᠬᠡᠷᠡᠴᠢ᠎ᠶᠢ ᠪᠠᠢᠴᠠᠭᠠᠨ ᠰᠢᠯᠭᠠᠬᠤ ᠲᠦᠷᠢᠮ᠎ᠢ ᠴᠢᠩᠭ᠎ᠠ ᠬᠡᠷᠡᠭᠵᠢᠬᠦᠯᠵᠥ ᠂ ᠬᠠᠯᠳᠠᠪᠤᠷᠢᠳᠤ ᠡᠪᠡᠳᠴᠢᠨ᠎ᠳ᠋ᠤ ᠨᠡᠷᠪᠡᠭᠳᠡᠭᠰᠡᠡ ᠰᠤᠷᠤᠭᠴᠢ᠎ᠶᠢᠨ ᠬᠢᠴᠢᠶᠡᠯ ᠰᠡᠷᠬᠦᠬᠡᠵᠥ ᠪᠤᠯᠬᠤ ᠡᠳᠡᠭᠡᠷᠡᠭᠰᠡᠡ ᠬᠡᠷᠡᠴᠢ᠎ᠶᠢ ᠴᠠᠭ ᠲᠤᠬᠠᠢ᠎ᠳ᠋ᠤᠨᠢ ᠰᠢᠯᠭᠠᠨ ᠪᠠᠢᠴᠠᠭᠠᠬᠤ ᠬᠡᠷᠡᠭᠳᠡᠢ ᠃ ᠬᠡᠤᠬᠡᠳ᠎ᠤᠨ ᠴᠡᠴᠡᠷᠯᠢᠭ ᠦᠷᠯᠥᠬᠡ ᠂ ᠦᠳᠡ ᠂ ᠤᠷᠤᠢ ︽ ᠡᠳᠤᠷ᠎ᠤᠨ ᠭᠤᠷᠪᠠ ᠤᠳᠠᠭ᠎ᠠ ᠮᠡᠳᠡᠬᠦᠯᠬᠦ ︾ ᠲᠦᠷᠢᠮ ᠪᠤᠯᠤᠨ ᠨᠡᠷ᠎ᠡ ᠪᠦᠷᠢᠳᠬᠡᠬᠦ ᠲᠦᠷᠢᠮ᠎ᠢ ᠪᠠᠷᠢᠮᠳᠠᠯᠠᠵᠥ ᠂ ᠪᠠᠭᠰᠢ ᠠᠵᠢᠯᠳᠠᠨ ᠪᠤᠯᠤᠨ ᠬᠡᠤᠬᠡᠳ᠎ᠤᠳ᠎ᠤᠨ ᠡᠳᠦᠷ ᠪᠤᠯᠭᠠᠨ᠎ᠤ ᠬᠦᠳᠡᠯᠥᠩᠬᠦᠢ ᠪᠠᠢᠳᠠᠯ ᠂ ᠡᠷᠡᠬᠦᠯ ᠮᠡᠨᠳᠤ᠎ᠶᠢᠨ ᠪᠠᠢᠳᠠᠯ᠎ᠢ ᠡᠵᠡᠮᠰᠢᠬᠦ ᠬᠡᠷᠡᠭᠳᠡᠢ ᠃

ᠠᠰᠠᠭᠤᠯᠳᠠ ᠄ ︽ ᠰᠤᠷᠭᠠᠭᠤᠯᠢ᠎ᠶᠢᠨ ᠡᠬᠦᠳᠡᠨ᠎ᠤ ᠪᠤᠭᠤᠮᠳᠠ ︾᠎ᠶᠢ ᠬᠡᠷᠬᠢᠨ ᠰᠠᠢᠳᠤᠷ ᠰᠠᠬᠢᠬᠤ ᠪᠤᠢ ︖

ᠬᠠᠷᠢᠭᠤᠯᠳᠠ ᠄ ᠶᠡᠬᠡ ᠳᠡᠬᠡᠳᠦ ᠰᠤᠷᠭᠠᠭᠤᠯᠢ᠎ᠶᠢᠨ ᠪᠠᠬᠰᠢ ᠠᠵᠢᠯᠳᠠᠨ ᠪᠤᠯᠤᠨ ᠰᠤᠷᠤᠬᠴᠢ᠎ᠳ᠋ᠤ ᠰᠤᠷᠭᠠᠭᠤᠯᠢ᠎ᠶᠢᠨ ᠡᠬᠦᠳᠡ᠎ᠪᠠᠷ ᠤᠷᠤᠬᠤ ᠦᠶ᠎ᠠ᠎ᠳ᠋ᠤ ᠳᠦᠪ ᠴᠢᠩᠭ᠎ᠠ ᠪᠠᠶ᠎ᠠ᠎ᠶᠢᠨ ᠬᠠᠯᠠᠭᠤᠨ᠎ᠤ ᠪᠠᠢᠴᠠᠭᠠᠯᠳᠠ ᠬᠢᠵᠦ ᠂ ᠡᠷᠡᠬᠦᠯ ᠮᠡᠨᠳᠦ᠎ᠶᠢᠨ ᠺᠤᠳ᠋᠎ᠢ᠎ᠨᠢ ᠪᠠᠢᠴᠠᠭᠠᠨ ᠦᠵᠡᠵᠦ ᠂ ᠰᠤᠷᠭᠠᠭᠤᠯᠢ᠎ᠶᠢᠨ ᠡᠬᠦᠳᠡ᠎ᠪᠠᠷ ᠤᠷᠤᠬᠤ ᠬᠦᠮᠦᠰ᠎ᠤᠨ ᠪᠠᠶ᠎ᠠ ᠮᠠᠬᠠᠪᠤᠳ ᠡᠷᠡᠬᠦᠯ ᠪᠠᠢᠬᠤ᠎ᠶᠢ ᠦᠨᠡᠨ ᠬᠦ ᠪᠠᠳᠤᠯᠠᠬᠤ ᠭᠡᠷᠡᠭᠲᠡᠢ ᠃ ᠳᠤᠮᠳᠠᠳᠤ ᠪᠠᠭ᠎ᠠ ᠰᠤᠷᠭᠠᠭᠤᠯᠢ᠎ᠳ᠋ᠤ ᠰᠤᠷᠭᠠᠭᠤᠯᠢ᠎ᠶᠢᠨ ᠬᠦᠷᠢᠶ᠎ᠠ᠎ᠶᠢ ᠬᠠᠷᠢᠴᠠᠩᠭᠤᠢ᠎ᠪᠠᠷ ᠪᠢᠳᠡᠬᠦᠮᠵᠢᠯᠡᠬᠦ ᠮᠠᠢᠬ᠎ᠤᠨ ᠬᠠᠮᠢᠶᠠᠷᠤᠯᠳᠠ ᠬᠢᠵᠦ ᠂ ᠰᠤᠷᠭᠠᠭᠤᠯᠢ᠎ᠳ᠋ᠤ ᠤᠷᠤᠬᠤ ᠵᠠᠮ ᠪᠦᠬᠦᠨ᠎ᠢ ᠪᠦᠬᠦ ᠳᠠᠯ᠎ᠠ᠎ᠪᠠᠷ ᠵᠦᠭᠰᠢᠷᠡᠬᠦᠯᠵᠦ ᠂ ᠰᠤᠷᠭᠠᠭᠤᠯᠢ᠎ᠶᠢᠨ ᠭᠠᠳᠠᠨᠠᠬᠢ ᠬᠠᠮᠢᠶ᠎ᠠ ᠬᠤᠯᠪᠤᠭ᠎ᠠ ᠦᠬᠡᠢ ᠬᠦᠮᠦᠨ᠎ᠢ ᠪᠦᠷ ᠰᠤᠷᠭᠠᠭᠤᠯᠢ᠎ᠳ᠋ᠤ ᠤᠷᠤᠭᠤᠯᠬᠤ ᠦᠬᠡᠢ ᠂ ᠪᠠᠬᠰᠢ ᠰᠤᠷᠤᠬᠴᠢ ᠰᠤᠷᠭᠠᠭᠤᠯᠢ᠎ᠶᠢᠨ ᠬᠦᠷᠢᠶᠡᠨ᠎ᠳ᠋ᠤ ᠤᠷᠤᠬᠤ᠎ᠳ᠋ᠤ ᠴᠦᠮ ᠪᠠᠶ᠎ᠠ᠎ᠶᠢᠨ ᠦᠨᠡᠮᠯᠡᠯ᠎ᠢ᠎ᠨᠢ ᠰᠢᠯᠭᠠᠨ ᠦᠵᠡᠵᠦ ᠂ ᠪᠠᠶ᠎ᠠ᠎ᠶᠢᠨ ᠬᠠᠯᠠᠭᠤᠨ᠎ᠢ᠎ᠨᠢ ᠬᠡᠮᠵᠢᠨ᠎ᠠ ᠃ ᠪᠠᠬᠰᠢ ᠠᠵᠢᠯᠳᠡᠨ ᠪᠤᠯᠤᠨ ᠰᠤᠷᠤᠬᠴᠢ᠎ᠶᠢᠨ ᠰᠤᠷᠭᠠᠭᠤᠯᠢ ᠡᠬᠢᠯᠡᠬᠦ᠎ᠡᠴᠠ ᠡᠮᠤᠨᠡᠬᠢ 14 ᠡᠳᠦᠷ᠎ᠤᠨ ᠡᠷᠡᠬᠦᠯ ᠮᠡᠨᠳᠦ᠎ᠶᠢᠨ ᠪᠠᠢᠳᠠᠯ ᠂ ᠳᠤᠮᠳᠠ ᠦᠨᠳᠦᠷ ᠠᠶᠤᠯ ᠳᠦᠭᠰᠢᠬᠦᠷᠢ᠎ᠲᠠᠢ ᠭᠠᠵᠠᠷ ᠤᠷᠤᠨ᠎ᠢᠶᠠᠷ ᠬᠦᠷᠦᠭᠰᠡᠨ ᠡᠰᠡᠬᠦ ᠵᠡᠷᠬᠡ᠎ᠶᠢ ᠤᠷᠢᠳᠴᠢᠯᠠᠨ ᠡᠵᠡᠮᠰᠢᠨ᠎ᠠ ᠃ ᠬᠡᠤᠬᠡᠳ᠎ᠤᠨ ᠴᠡᠴᠡᠷᠯᠢᠭ ᠪᠠᠬᠰᠢ ᠠᠵᠢᠯᠳᠡᠨ ᠪᠤᠯᠤᠨ ᠬᠡᠤᠬᠡᠳ᠎ᠤᠨ ᠡᠷᠡᠬᠦᠯ ᠮᠡᠨᠳᠦ᠎ᠶᠢᠨ ᠪᠠᠢᠳᠠᠯ᠎ᠢ ᠤᠷᠢᠳᠴᠢᠯᠠᠨ ᠡᠵᠡᠮᠰᠢᠵᠦ ᠂ ᠴᠡᠴᠡᠷᠯᠢᠭ᠎ᠲᠤ ᠤᠷᠤᠬᠤ᠎ᠶᠢ᠎ᠨᠢ ᠳᠠᠩᠰᠠᠯᠠᠵᠦ ᠵᠢᠬᠰᠠᠭᠠᠨ ᠪᠠᠢᠴᠠᠭᠠᠬᠤ᠎ᠶᠢᠨ ᠬᠠᠮᠳᠤ ᠂ ᠡᠷᠡᠬᠦᠯ ᠮᠡᠨᠳᠦ᠎ᠶᠢᠨ ᠠᠵᠢᠬᠯᠠᠯᠳᠠ᠎ᠶᠢ ᠰᠠᠢᠳᠤᠷ ᠬᠢᠬᠦ ᠬᠡᠷᠡᠭᠳᠡᠢ ᠃

ᠠᠰᠠᠭᠤᠯᠳᠠ ᠄ ᠬᠤᠭᠤᠯᠠᠨ ᠬᠡᠷ᠎ᠤᠨ ᠡᠷᠡᠬᠦᠯ ᠬᠠᠮᠠᠭᠠᠯᠠᠯ᠎ᠢ ᠶᠠᠭᠠᠬᠢᠵᠦ ᠪᠠᠳᠤᠯᠠᠬᠤ ᠪᠤᠢ ︖

ᠬᠠᠷᠢᠭᠤᠯᠳᠠ ᠄ ᠶᠡᠬᠡ ᠳᠡᠬᠡᠳᠦ ᠰᠤᠷᠭᠠᠭᠤᠯᠢ᠎ᠳ᠋ᠤ ᠤᠷᠬᠢᠯ ᠬᠤᠭᠤᠴᠠᠭ᠎ᠠ᠎ᠡᠴᠠ ᠵᠠᠢᠯᠠᠰᠬᠢᠨ ᠬᠤᠭᠤᠯᠠᠯᠠᠬᠤ ᠠᠷᠭ᠎ᠠ ᠬᠡᠮᠵᠢᠶ᠎ᠠ᠎ᠶᠢ ᠠᠪᠴᠤ ᠂ ᠬᠤᠭᠤᠯᠠᠯᠠᠬᠤ᠎ᠪᠠᠷ ᠮᠦᠷᠯᠡᠬᠦ᠎ᠳ᠋ᠡᠭᠡᠨ ᠪᠤᠰᠤᠳ᠎ᠯᠤᠭ᠎ᠠ ᠠᠮᠤᠷ ᠳᠦᠪᠰᠢᠨ᠎ᠤ ᠵᠠᠢ᠎ᠪᠠᠨ ᠪᠠᠷᠢᠬᠤ᠎ᠶᠢ ᠪᠠᠳᠤᠯᠠᠬᠤ ᠭᠡᠷᠡᠭᠲᠡᠢ ᠃ ᠳᠤᠮᠳᠠᠳᠤ ᠪᠠᠭ᠎ᠠ ᠰᠤᠷᠭᠠᠭᠤᠯᠢ᠎ᠶᠢᠨ᠎ᠬᠢᠨ ᠬᠤᠭᠤᠯᠠᠨ ᠬᠡᠷ᠎ᠢ ᠴᠡᠪᠡᠷᠯᠡᠨ ᠠᠷᠢᠭᠤᠳᠬᠠᠬᠤ ᠪᠠ ᠡᠷᠡᠬᠦᠯ ᠬᠠᠮᠠᠭᠠᠯᠠᠯ ᠠᠮᠤᠷ ᠳᠦᠪᠰᠢᠨ᠎ᠤ ᠬᠠᠮᠢᠶᠠᠷᠤᠯᠳᠠ᠎ᠶᠢᠨ ᠠᠵᠢᠯ᠎ᠢ ᠴᠢᠩᠭᠠᠳᠬᠠᠬᠤ ᠬᠡᠷᠡᠭᠳᠡᠢ ᠃ ᠬᠡᠤᠬᠡᠳ᠎ᠤᠨ ᠴᠡᠴᠡᠷᠯᠢᠭ ᠢᠳᠡᠬᠡᠨ ᠤᠮᠳᠠᠭᠠᠨ ᠤᠤᠭᠤᠬᠤ ᠤᠰᠤᠨ᠎ᠤ ᠡᠷᠡᠬᠦᠯ ᠬᠠᠮᠠᠭᠠᠯᠠᠯ᠎ᠤᠨ ᠠᠵᠢᠯ᠎ᠢ ᠰᠠᠢᠳᠤᠷ ᠬᠢᠬᠦ ᠬᠡᠷᠡᠭᠳᠡᠢ ᠃ ᠬᠤᠭᠤᠯᠠᠨ᠎ᠤ ᠳᠡᠷᠬᠡ ᠂ ᠬᠤᠭᠤᠯᠠ ︵ ᠤᠮᠳᠠ ︶᠎ᠶᠢᠨ ᠪᠠᠭᠠᠵᠢ ᠬᠡᠷᠡᠭᠰᠡᠯ᠎ᠢ ᠴᠡᠪᠡᠷᠯᠡᠵᠦ ᠠᠷᠢᠭᠤᠳᠬᠠᠬᠤ ᠠᠵᠢᠯ᠎ᠢ ᠰᠠᠢᠳᠤᠷ ᠬᠢᠬᠦ ᠬᠡᠷᠡᠭᠳᠡᠢ ᠃

ᠰᠤᠷᠭᠠᠭᠤᠯᠢ᠎ᠳ᠋ᠤ ᠪᠤᠴᠠᠬᠤ᠎ᠳᠠᠭᠠᠨ ᠠᠮᠠᠪᠴᠢ ᠵᠡᠬᠦᠵᠦ ᠬᠠᠯᠠᠭᠤᠷᠠᠵᠦ ᠬᠠᠭᠤᠷᠠᠢ᠎ᠪᠠᠷ ᠬᠠᠨᠢᠶᠠᠯᠭᠠᠵᠦ ᠪᠠᠢᠪᠠᠯ ᠡᠷᠬᠡᠪᠰᠢ ᠮᠡᠳᠡᠬᠦᠯᠬᠦ ᠬᠡᠷᠡᠭᠳᠡᠢ

ᠠᠰᠠᠭᠤᠯᠳᠠ ᠄ ᠰᠤᠷᠭᠠᠭᠤᠯᠢ᠎ᠳ᠋ᠤ ᠠᠮᠠᠪᠴᠢ ᠵᠡᠬᠦᠬᠦ ᠴᠢᠬᠤᠯᠠᠳᠠᠢ ‍ᠤᠤ ︖

ᠬᠠᠷᠢᠭᠤᠯᠳᠠ ᠄ ᠶᠡᠬᠡ ᠳᠡᠬᠡᠳᠦ ᠰᠤᠷᠭᠠᠭᠤᠯᠢ᠎ᠶᠢᠨ ᠰᠤᠷᠤᠬᠴᠢᠳ ᠰᠤᠷᠭᠠᠭᠤᠯᠢ᠎ᠳ᠋ᠤ ᠪᠤᠴᠠᠬᠤ ᠵᠠᠮ᠎ᠳᠠᠭᠠᠨ ᠡᠷᠬᠡᠪᠰᠢ ᠪᠡᠶ᠎ᠠ᠎ᠳ᠋ᠡᠭᠡᠨ ᠬᠦᠷᠦᠯᠴᠡᠬᠦᠢᠢᠴᠡ ᠬᠡᠮᠵᠢᠶᠠᠨ᠎ᠤ ᠠᠮᠠᠪᠴᠢ ᠂ ᠳᠦᠷᠬᠡᠨ ᠬᠠᠳᠠᠬᠤ ᠭᠠᠷ ᠠᠷᠢᠭᠤᠳᠬᠠᠬᠤ ᠡᠳ᠋ ᠵᠡᠷᠬᠡ ᠪᠠᠶ᠎ᠠ᠎ᠪᠠᠨ ᠬᠠᠮᠠᠭᠠᠯᠠᠬᠤ ᠡᠳ᠋ ᠬᠡᠷᠡᠭᠰᠡᠯ᠎ᠢ ᠠᠪᠴᠤ ᠂ ᠵᠠᠮ ᠲᠤᠵᠢ ᠠᠮᠠᠪᠴᠢ ᠵᠡᠬᠦᠬᠦ ᠬᠡᠷᠡᠭᠳᠡᠢ ᠂ ᠰᠤᠷᠭᠠᠭᠤᠯᠢ᠎ᠶᠢᠨ ᠬᠦᠷᠢᠶᠡᠨ᠎ᠳ᠋ᠤ ᠪᠠᠢᠭ᠎ᠠ ᠰᠤᠷᠤᠬᠴᠢ ᠪᠤᠯᠤᠨ ᠬᠢᠴᠢᠶᠡᠯ ᠤᠷᠤᠬᠤ ᠪᠠᠬᠰᠢ ᠨᠠᠷ ᠠᠮᠠᠪᠴᠢ ᠵᠡᠬᠦᠬᠦ ᠦᠬᠡᠢ ᠪᠠᠢᠵᠦ ᠪᠤᠯᠤᠨ᠎ᠠ ᠃ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠬᠴᠢᠳ ᠡᠷᠬᠡᠪᠰᠢ ᠪᠡᠶ᠎ᠠ᠎ᠳ᠋ᠡᠭᠡᠨ ᠭᠠᠬᠴᠠ ᠤᠳᠠᠭ᠎ᠠ ᠬᠡᠷᠡᠭᠯᠡᠬᠦ ᠮᠠᠢᠬ᠎ᠤᠨ ᠡᠮᠴᠢᠯᠡᠬᠡᠨ᠎ᠳ᠋ᠤ ᠬᠡᠷᠡᠭᠯᠡᠬᠦ ᠠᠮᠠᠪᠴᠢ᠎ᠶᠢᠨ ᠪᠠᠷᠢᠮᠵᠢᠶᠡᠨ᠎ᠳ᠋ᠤ ᠨᠡᠢᠴᠡᠭᠰᠡᠨ ᠪᠤᠶᠤ ᠵᠤᠬᠢᠬᠤ ᠬᠠᠮᠠᠭᠠᠯᠠᠯᠳᠠ᠎ᠶᠢᠨ ᠳᠡᠰ ᠵᠡᠷᠬᠡ᠎ᠳ᠋ᠤ ᠬᠦᠷᠦᠭᠰᠡᠨ ᠠᠮᠠᠪᠴᠢ ᠠᠪᠴᠦ ᠶᠠᠪᠤᠬᠤ ᠬᠡᠷᠡᠭᠳᠡᠢ ᠂ ᠠᠶᠤᠯ ᠳᠦᠭᠰᠢᠬᠦᠷᠢ ᠪᠠᠭ᠎ᠠ᠎ᠲᠠᠢ ᠭᠠᠵᠠᠷ ᠤᠷᠤᠨ᠎ᠤ ᠰᠤᠷᠭᠠᠭᠤᠯᠢ᠎ᠶᠢᠨ ᠬᠦᠷᠢᠶᠡᠨ᠎ᠳ᠋ᠠᠬᠢ ᠰᠤᠷᠤᠬᠴᠢᠳ ᠠᠮᠠᠪᠴᠢ ᠵᠡᠬᠦᠬᠦ ᠦᠭᠡᠢ ᠪᠠᠢᠵᠦ ᠪᠤᠯᠤᠨ᠎ᠠ ᠃ ᠴᠡᠴᠡᠷᠯᠢᠭ᠎ᠤᠨ ᠭᠡᠦᠭᠡᠳ᠎ᠤᠳ ᠴᠡᠴᠡᠷᠯᠢᠭ᠎ᠲᠤ ᠪᠠᠢᠬᠤ ᠬᠤᠭᠤᠴᠠᠭᠠᠨ᠎ᠳᠠᠭᠠᠨ ᠠᠮᠠᠪᠴᠢ ᠵᠡᠬᠦᠬᠦ᠎ᠶᠢ ᠰᠠᠨᠠᠭᠠᠴᠢᠯᠠᠬᠤ ᠦᠬᠡᠢ ᠃

ᠠᠰᠠᠭᠤᠯᠲᠠ ᠄ ᠶᠡᠬᠡ ᠳᠡᠭᠡᠳᠦ ᠰᠤᠷᠭᠠᠭᠤᠯᠢ᠎ᠶᠢᠨ ᠪᠠᠭᠰᠢ ᠰᠣᠷᠣᠭᠴᠢ ᠰᠤᠷᠭᠠᠭᠤᠯᠢ᠎ᠳᠠᠭᠠᠨ ᠪᠤᠴᠠᠬᠤ᠎ᠳ᠋ᠤ ᠶᠠᠮᠠᠷ ᠱᠠᠭᠠᠷᠳᠠᠯᠭ᠎ᠠ ᠪᠠᠶᠢᠬᠤ ᠪᠣᠶ ︖

ᠬᠠᠷᠢᠭᠤᠯᠲᠠ ᠄ ᠰᠤᠷᠤᠭᠴᠢ ᠪᠠ ᠪᠠᠭᠰᠢ ᠠᠵᠢᠯᠲᠠᠳ ᠥᠪᠡᠷ᠎ᠤᠨ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠎ᠶᠢ ᠰᠠᠶᠢᠲᠤᠷ ᠬᠢᠵᠦ ᠂ ᠰᠤᠷᠭᠠᠭᠤᠯᠢ ᠡᠬᠢᠯᠡᠬᠦ᠎ᠡᠴᠠ ᠡᠮᠦᠨ᠎ᠡ 14 ᠡᠳᠦᠷ ᠳᠠᠷᠠᠭᠠᠯᠠᠨ ᠪᠡᠶ᠎ᠡ᠎ᠶᠢᠨ ᠬᠠᠯᠠᠭᠤᠨ᠎ᠤ ᠬᠡᠮᠵᠢᠯᠲᠡ ᠬᠢᠵᠦ ᠂ ᠡᠷᠡᠭᠦᠯ ᠮᠡᠨᠳᠦ᠎ᠶᠢᠨ ᠪᠠᠢᠳᠠᠯ ᠪᠠ ᠶᠠᠪᠤᠵᠦ ᠰᠠᠭᠤᠭᠰᠠᠨ ᠵᠠᠮ ᠮᠥᠷ᠎ᠢ ᠲᠡᠮᠳᠡᠭᠯᠡᠬᠦ᠎ᠶᠢᠨ ᠬᠠᠮᠲᠤ ᠦᠨᠡᠨ ᠮᠥᠨ᠎ᠢᠶᠠᠷ᠎ᠨᠢ ᠰᠤᠷᠭᠠᠭᠤᠯᠢ᠎ᠳ᠋ᠤ ᠮᠡᠳᠡᠭᠦᠯᠬᠦ ᠬᠡᠷᠡᠭᠲᠡᠶ ᠃

ᠶᠡᠬᠡ ᠳᠡᠭᠡᠳᠦ ᠰᠤᠷᠭᠠᠭᠤᠯᠢ᠎ᠶᠢᠨ ᠪᠠᠭᠰᠢ ᠰᠤᠷᠤᠭᠴᠢᠳ ᠰᠤᠷᠭᠠᠭᠤᠯᠢ᠎ᠳ᠋ᠤ ᠪᠤᠴᠠᠬᠤ᠎ᠳᠠᠭᠠᠨ ᠵᠠᠮ ᠲᠤᠵᠢ ᠠᠮᠠᠪᠴᠢ ᠵᠡᠭᠦᠵᠦ ᠂ ᠭᠠᠷ᠎ᠤᠨ᠎ᠢᠶᠡᠨ ᠠᠷᠢᠭᠤᠨ ᠴᠡᠪᠡᠷ᠎ᠢ ᠰᠠᠶᠢᠲᠤᠷ ᠬᠠᠮᠠᠭᠠᠯᠠᠬᠤ ᠬᠡᠷᠡᠭᠲᠡᠶ ᠃ ᠬᠡᠷᠪᠡ ᠰᠤᠷᠭᠠᠭᠤᠯᠢ᠎ᠳᠠᠭᠠᠨ ᠪᠤᠴᠠᠬᠤ ᠵᠠᠮ᠎ᠳᠠᠭᠠᠨ ᠪᠡᠶ᠎ᠡ ᠬᠠᠯᠠᠭᠤᠷᠠᠬᠤ ᠂ ᠬᠠᠭᠤᠷᠠᠶ᠎ᠪᠠᠷ ᠬᠠᠨᠢᠶᠠᠯᠭᠠᠬᠤ ᠂ ᠬᠠᠮᠠᠷ ᠪᠥᠭᠯᠡᠷᠡᠬᠦ ᠂ ᠨᠢᠰᠤ ᠭᠣᠭᠣᠵᠢᠬᠤ ᠂ ᠬᠤᠭᠤᠯᠠᠢ ᠡᠪᠡᠳᠬᠦ ᠵᠡᠷᠭᠡ ᠡᠪᠡᠳᠴᠢᠨ᠎ᠤ ᠪᠠᠶᠢᠳᠠᠯ ᠢᠯᠡᠷᠡᠪᠡᠯ ᠴᠠᠭ ᠲᠤᠬᠠᠶ᠎ᠳ᠋ᠤᠨᠢ ᠣᠶᠢᠷ᠎ᠠ ᠬᠠᠪᠢ᠎ᠳᠠᠭᠠᠨ ᠡᠪᠡᠳᠴᠢᠨ᠎ᠢᠶᠡᠨ ᠦᠵᠡᠭᠦᠯᠬᠦ ᠬᠡᠷᠡᠭᠲᠡᠶ ᠃ ᠬᠡᠷᠪᠡ ᠨᠢᠰᠬᠡᠯ ᠂ ᠭᠠᠯᠲᠤ ᠲᠡᠷᠭᠡ ᠵᠡᠷᠭᠡ ᠣᠯᠠᠨ ᠨᠡᠶᠢᠲᠡ᠎ᠶᠢᠨ ᠵᠠᠮ ᠬᠠᠷᠢᠯᠴᠠᠭᠠᠨ᠎ᠤ ᠪᠠᠭᠠᠵᠢ ᠳᠡᠭᠡᠷ᠎ᠡ ᠪᠠᠢᠪᠠᠯ ᠂ ᠲᠤᠬᠠᠢ᠎ᠶᠢᠨ ᠠᠵᠢᠯᠲᠠᠨ᠎ᠤ ᠡᠷᠡᠭᠦᠯ ᠮᠡᠨᠳᠦ᠎ᠶᠢᠨ ᠬᠢᠨᠡᠨ ᠡᠵᠡᠮᠰᠢᠯ ᠂ ᠬᠢᠵᠢᠭ ᠰᠡᠷᠭᠡᠶᠢᠯᠡᠬᠦ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠠ᠎ᠳ᠋ᠤ ᠰᠠᠨᠠᠭᠠᠴᠢᠯᠠᠭ᠎ᠠ᠎ᠡᠴᠠ᠎ᠪᠠᠨ ᠬᠠᠮᠵᠢᠯᠴᠠᠬᠤ᠎ᠶᠢᠨ ᠬᠠᠮᠳᠤ ᠬᠣᠯᠪᠣᠭᠳᠠᠯ ᠪᠦᠬᠦᠢ ᠪᠠᠶᠢᠳᠠᠯ᠎ᠢᠶᠡᠨ ᠴᠠᠭ ᠲᠤᠬᠠᠶ᠎ᠳ᠋ᠤᠨᠢ ᠰᠤᠷᠭᠠᠭᠤᠯᠢ᠎ᠳ᠋ᠤ ᠮᠡᠳᠡᠭᠦᠯᠬᠦ ᠬᠡᠷᠡᠭᠲᠡᠶ ᠃

ᠠᠰᠠᠭᠤᠯᠲᠠ ᠄ ᠬᠢᠯᠢ᠎ᠶᠢᠨ ᠭᠠᠳᠠᠨᠠᠬᠢ ᠪᠠᠭᠰᠢ ᠰᠣᠷᠣᠭᠴᠢ ᠰᠤᠷᠭᠠᠭᠤᠯᠢ᠎ᠳᠠᠭᠠᠨ ᠪᠤᠴᠠᠬᠤ᠎ᠳ᠋ᠤ ᠶᠠᠮᠠᠷ ᠶᠠᠮᠠᠷ ᠱᠠᠭᠠᠷᠳᠠᠯᠭ᠎ᠠ ᠪᠠᠶᠢᠬᠤ ᠪᠣᠶ ︖

ᠬᠠᠷᠢᠭᠤᠯᠲᠠ ᠄ ᠬᠢᠯᠢ᠎ᠶᠢᠨ ᠭᠠᠳᠠᠨᠠᠬᠢ ᠪᠠᠭᠰᠢ ᠰᠤᠷᠤᠭᠴᠢ ᠰᠤᠷᠭᠠᠭᠤᠯᠢ᠎ᠶᠢᠨ ᠮᠡᠳᠡᠭᠳᠡᠯ᠎ᠢ ᠣᠯᠤᠭᠰᠠᠨ ᠦᠭᠡᠢ ᠪᠣᠯ ᠴᠥᠮ ᠰᠤᠷᠭᠠᠭᠤᠯᠢ᠎ᠳᠠᠭᠠᠨ ᠪᠤᠴᠠᠵᠤ ᠪᠣᠯᠬᠤ ᠦᠭᠡᠢ ᠂ ᠰᠤᠷᠭᠠᠭᠤᠯᠢ᠎ᠳᠠᠭᠠᠨ ᠪᠤᠴᠠᠬᠤ ᠦᠶᠡᠰ᠎ᠲᠤ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠪᠥᠭᠡᠮ ᠬᠦᠴᠢᠯ᠎ᠤᠨ ᠰᠢᠯᠭᠠᠨ ᠪᠠᠶᠢᠴᠠᠭᠠᠯᠲᠠ ᠬᠢᠭᠰᠡᠨ ᠭᠡᠷᠡᠴᠢ ᠮᠠᠲ᠋ᠧᠷᠢᠶᠠᠯ᠎ᠢᠶᠡᠨ ᠭᠠᠷᠭᠠᠨ ᠦᠵᠡᠭᠦᠯᠵᠦ ᠂ ᠬᠢᠯᠢ᠎ᠳ᠋ᠤ ᠣᠷᠣᠭᠰᠠᠨ᠎ᠤ ᠳᠠᠷᠠᠭ᠎ᠠ ᠲᠤᠬᠠᠶ᠎ᠶᠢᠨ ᠭᠠᠵᠠᠷ᠎ᠤᠨ ᠲᠣᠭᠲᠠᠭᠠᠯ᠎ᠢ ᠴᠢᠩᠭ᠎ᠠ ᠵᠢᠷᠤᠮᠯᠠᠬᠤ ᠬᠡᠷᠡᠭᠲᠡᠢ ᠃

ᠠᠰᠠᠭᠤᠯᠲᠠ ᠄ ᠬᠡᠷᠪᠡ ᠰᠡᠵᠢᠭᠯᠡᠯᠲᠡᠢ ᠡᠪᠡᠳᠴᠢᠨ᠎ᠤ ᠵᠢᠱᠢᠶ᠎ᠡ᠎ᠶᠢ ᠣᠯᠵᠤ ᠮᠡᠳᠡᠪᠡᠯ ᠶᠠᠭᠠᠬᠢᠬᠤ ᠪᠣᠶ ︖

ᠬᠠᠷᠢᠭᠤᠯᠲᠠ ᠄ ᠰᠤᠷᠭᠠᠭᠤᠯᠢ᠎ᠶᠢᠨ ᠪᠠᠶᠢᠭ᠎ᠠ ᠭᠠᠵᠠᠷ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠲᠦᠭᠰᠢᠭᠦᠷᠢ᠎ᠶᠢᠨ ᠳᠡᠰ ᠬᠤᠪᠢᠷᠠᠯᠲᠠ ᠭᠠᠷᠪᠠᠯ ᠂ ᠲᠤᠬᠠᠶ᠎ᠶᠢᠨ ᠭᠠᠵᠠᠷ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠭᠦᠢᠴᠡᠳᠭᠡᠬᠦ ᠬᠡᠷᠡᠭᠲᠡᠶ ᠃ ᠰᠤᠷᠤᠭᠴᠢ ᠪᠠ ᠪᠠᠭᠰᠢ ᠠᠵᠢᠯᠲᠠᠨ ᠬᠡᠷᠪᠡ ᠬᠠᠯᠠᠭᠤᠷᠠᠬᠤ ᠂ ᠬᠠᠭᠤᠷᠠᠢ᠎ᠪᠠᠷ ᠬᠠᠨᠢᠶᠠᠯᠭᠠᠬᠤ ᠵᠡᠷᠭᠡ ᠪᠠᠢᠳᠠᠯ ᠢᠯᠡᠷᠡᠪᠡᠯ ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶᠢ ᠳᠠᠷᠤᠶᠢᠬᠠᠨ ᠰᠠᠶᠢᠲᠤᠷ ᠬᠢᠬᠦ᠎ᠶᠢᠨ ᠬᠠᠮᠲᠤ ᠳᠠᠷᠤᠢ ᠲᠦᠷᠭᠡᠨ ᠰᠤᠷᠭᠠᠭᠤᠯᠢ᠎ᠳ᠋ᠤ ᠮᠡᠳᠡᠭᠦᠯᠬᠦ ᠬᠡᠷᠡᠭᠲᠡᠶ ᠃ ᠬᠡᠷᠪᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠰᠡᠵᠢᠭᠯᠡᠯᠲᠡᠢ ᠡᠪᠡᠳᠴᠢᠨ᠎ᠤ ᠵᠢᠱᠢᠶ᠎ᠡ᠎ᠶᠢ ᠢᠯᠡᠷᠡᠭᠦᠯᠪᠡᠯ ᠂ ᠰᠤᠷᠭᠠᠭᠤᠯᠢ ᠳᠠᠷᠤᠶᠢᠬᠠᠨ ᠪᠠᠴᠢᠮ ᠪᠠᠶᠢᠳᠠᠯ᠎ᠢ ᠠᠷᠭᠠᠴᠠᠭᠠᠨ ᠰᠢᠶᠳᠪᠦᠷᠢᠯᠡᠬᠦ ᠲᠣᠭᠲᠠᠴᠠ᠎ᠶᠢ ᠡᠬᠢᠯᠡᠭᠦᠯᠵᠦ ᠂ ᠳᠠᠷᠤᠢ ᠲᠦᠷᠭᠡᠨ ᠬᠠᠷᠢᠶ᠎ᠠ ᠣᠷᠣᠨ᠎ᠤ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ᠎ᠳ᠋ᠤ ᠮᠡᠳᠡᠭᠦᠯᠵᠦ ᠂ ᠲᠠᠬᠤᠯ ᠡᠪᠡᠳᠴᠢᠨ᠎ᠤ ᠰᠤᠳᠤᠯᠤᠯ᠎ᠤᠨ ᠪᠠᠶᠢᠴᠠᠭᠠᠯᠲᠠ ᠂ ᠨᠢᠭᠲᠠ ᠤᠢᠷᠠᠲᠤᠬᠰᠠᠳ᠎ᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠬᠯᠠᠯᠲᠠ ᠬᠢᠬᠦ ᠪᠠ ᠠᠷᠢᠭᠤᠳᠬᠠᠬᠤ ᠵᠡᠷᠭᠡ ᠠᠵᠢᠯ᠎ᠢ ᠬᠠᠮᠵᠢᠯᠴᠡᠨ ᠰᠠᠶᠢᠲᠤᠷ ᠬᠢᠬᠦ ᠬᠡᠷᠡᠭᠲᠡᠶ ᠃ ᠬᠠᠮᠲᠤ ᠠᠮᠢᠳᠤᠷᠠᠵᠤ ᠰᠤᠷᠤᠯᠴᠠᠵᠤ ᠪᠠᠢᠭᠰᠠᠨ ᠡᠩ᠎ᠤᠨ ᠣᠶᠢᠷᠠᠲᠤᠬᠰᠠᠳ᠎ᠲᠤ ᠴᠠᠭ ᠲᠤᠬᠠᠶ᠎ᠳ᠋ᠤᠨᠢ ᠠᠶᠤᠯ ᠲᠦᠭᠰᠢᠭᠦᠷᠢ᠎ᠶᠢ ᠮᠡᠳᠡᠭᠳᠡᠵᠦ ᠂ ᠬᠡᠷᠪᠡ ᠬᠠᠯᠠᠭᠤᠷᠠᠬᠤ ᠂ ᠬᠠᠭᠤᠷᠠᠶ᠎ᠪᠠᠷ ᠬᠠᠨᠢᠶᠠᠯᠭᠠᠬᠤ ᠵᠡᠷᠭᠡ ᠡᠪᠡᠳᠴᠢᠨ᠎ᠤ ᠪᠠᠢᠳᠠᠯ ᠢᠯᠡᠷᠡᠪᠡᠯ ᠴᠠᠭ ᠲᠤᠬᠠᠶ᠎ᠳ᠋ᠤᠨᠢ ᠡᠮᠨᠡᠭᠦᠯᠬᠦ ᠬᠡᠷᠡᠭᠲᠡᠶ ᠃ ᠡᠪᠡᠳᠴᠢᠨ᠎ᠨᠢ ᠡᠳᠡᠭᠡᠷᠡᠭᠰᠡᠨ ᠪᠠᠭᠰᠢ ᠠᠵᠢᠯᠲᠠᠨ ᠪᠠ ᠰᠤᠷᠤᠭᠴᠢ ᠰᠤᠷᠭᠠᠭᠤᠯᠢ᠎ᠳᠠᠭᠠᠨ ᠪᠤᠴᠠᠬᠤ᠎ᠳ᠋ᠤ ᠲᠤᠬᠠᠶ᠎ᠶᠢᠨ ᠭᠠᠵᠠᠷ᠎ᠤᠨ ᠬᠢᠷᠢ ᠬᠡᠮ᠎ᠲᠠᠢ ᠡᠮᠴᠢᠯᠡᠭᠡᠨ᠎ᠤ ᠪᠠᠢᠭᠤᠯᠭ᠎ᠠ ᠨᠢᠭᠡᠴᠢ᠎ᠡᠴᠠ ᠭᠠᠷᠭᠠᠭᠰᠠᠨ ᠬᠢᠴᠢᠶᠡᠯ ᠰᠡᠷᠭᠦᠭᠡᠬᠦ ᠭᠡᠷᠡᠴᠢ᠎ᠶᠢ᠎ᠨᠢ ᠰᠢᠯᠭᠠᠨ ᠪᠠᠶᠢᠴᠠᠭᠠᠬᠤ ᠬᠡᠷᠡᠭᠲᠡᠶ ᠃

︵ ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ᠎ᠶᠢᠨ 15᠎ᠤ ᠴᠠᠬᠢᠯᠭᠠᠨ ᠮᠡᠳᠡᠭᠡ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠣᠷᠢᠶ᠎ᠠ
兼容浏览器的HTML页面