ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2020-12-26 17:37:41

ᠵᠣᠬᠢᠶᠠᠭ᠍ᠴᠢ᠄ ᠵᠠᠩ ᠸᠸᠨ ᠴᠢᠶᠠᠩ ᠣᠩᠱᠢᠭ᠍ᠰᠠᠨ ᠣᠳᠠᠭ᠎ᠠ᠄ 3

ᠪᠥᠬᠥ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ ᠡᠮᠬᠢ ᠵᠢᠷᠤᠮ᠎ᠲᠠᠢ ᠶᠠᠪᠤᠭᠳᠠᠵᠥ ᠪᠠᠢᠨ᠎ᠠ

ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ ᠪᠥᠬᠥ ᠤᠯᠤᠰ᠎ᠤᠨ ᠡᠯ᠎ᠡ ᠭᠠᠵᠠᠷ᠎ᠲᠤ ᠵᠠᠯᠭᠠᠭ᠎ᠠ᠎ᠪᠠᠷ ᠶᠠᠪᠤᠬᠳᠠᠵᠤ ᠡᠬᠢᠯᠡᠪᠡ ᠂ ᠮᠠᠨ᠎ᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ ᠬᠢᠷᠢ ᠵᠡᠷᠭᠡ ᠶᠠᠪᠤᠭᠳᠠᠵᠤ ᠪᠠᠶᠢᠬᠤ ᠪᠣᠶ ︖ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠨᠢ ᠠᠮᠤᠷ ᠲᠦᠪᠰᠢᠨ ᠪᠥᠭᠡᠳ ᠪᠦᠲᠦᠮᠵᠢᠲᠡᠶ ‍ᠤᠤ ︖ 12 ᠰᠠᠷ᠎ᠠ᠎ᠶᠢᠨ 23᠎ᠤ ᠡᠳᠦᠷ ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠥ ᠲᠥᠪ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠶᠢᠯᠡᠨ ᠵᠠᠰᠠᠬᠤ ᠬᠣᠶᠠᠳᠤᠭᠠᠷ ᠭᠠᠵᠠᠷ᠎ᠤᠨ ᠳᠡᠳ᠋ ᠳᠠᠷᠤᠭ᠎ᠠ ᠶᠠᠨ ᠱᠣᠤ ᠬᠣᠩ᠎ᠢ ᠰᠤᠷᠪᠤᠯᠵᠢᠯᠠᠪᠠ ᠃

︽ ᠣᠳᠣᠬᠠᠨ᠎ᠳ᠋ᠤ ᠮᠠᠨᠵᠤᠤᠷ ᠬᠣᠲᠠ ᠵᠡᠷᠭᠡ ᠭᠠᠵᠠᠷ᠎ᠤᠨ᠎ᠬᠢᠨ ᠨᠢᠭᠡᠨᠲᠡ ᠭᠣᠣᠯᠳᠠᠯᠭ᠎ᠠ᠎ᠲᠠᠢ ᠬᠥᠮᠦᠰ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠤᠷᠢᠳ᠎ᠢᠶᠠᠷ ᠡᠬᠢᠯᠡᠭᠦᠯᠵᠦ ᠂ 12 ᠰᠠᠷ᠎ᠠ᠎ᠶᠢᠨ 22᠎ᠤᠨ ᠡᠳᠦᠷ᠎ᠡᠴᠠ ᠦᠪᠡᠷᠳᠡᠬᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ᠎ᠶᠢᠨ ᠭᠣᠣᠯᠳᠠᠯᠭ᠎ᠠ᠎ᠲᠠᠢ ᠬᠥᠮᠦᠰ᠎ᠲᠤ ᠴᠦ ᠲᠠᠷᠢᠯᠭ᠎ᠠ ᠬᠢᠵᠦ ᠡᠬᠢᠯᠡᠭᠰᠡᠨ ᠪᠥᠭᠡᠳ ᠪᠥᠬᠥ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ ᠡᠮᠬᠢ ᠵᠢᠷᠤᠮ᠎ᠲᠠᠢ ᠶᠠᠪᠤᠭᠳᠠᠵᠤ ᠪᠠᠶᠢᠨ᠎ᠠ ︾ ᠬᠡᠵᠥ ᠶᠠᠨ ᠱᠣᠤ ᠬᠣᠩ ᠬᠡᠯᠡᠨ᠎ᠠ ᠃ ᠲᠡᠬᠦᠨ᠎ᠤ ᠲᠠᠨᠢᠯᠴᠠᠭᠤᠯᠤᠭᠰᠠᠨ᠎ᠢᠶᠠᠷ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠪᠥᠬᠥ ᠲᠠᠯ᠎ᠠ᠎ᠶᠢᠨ ᠪᠠᠶᠢᠷᠢᠯᠠᠭᠤᠯᠤᠯᠲᠠ ᠶᠣᠰᠣᠭᠠᠷ ᠮᠠᠨ᠎ᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢ ᠬᠣᠶᠠᠷ ᠠᠯᠬᠤᠮ ᠬᠤᠪᠢᠶᠠᠵᠤ ᠶᠠᠪᠤᠭᠳᠠᠭᠤᠯᠤᠨ᠎ᠠ ᠃ ᠨᠢᠭᠡᠳᠦᠭᠡᠷ ᠠᠯᠬᠤᠮ᠎ᠳ᠋ᠤ ᠂ ᠤᠷᠢᠳ᠎ᠢᠶᠠᠷ ᠭᠣᠣᠯᠳᠠᠯᠭ᠎ᠠ᠎ᠲᠠᠢ ᠬᠥᠮᠦᠰ᠎ᠲᠤ ᠲᠠᠷᠢᠯᠭ᠎ᠠ ᠳᠠᠷᠢᠨ᠎ᠠ ᠂ ᠭᠣᠤᠯᠳᠠᠭᠤ ᠭᠠᠳᠠᠭᠠᠳᠤ᠎ᠡᠴᠠ ᠣᠷᠣᠭᠤᠯᠤᠬᠰᠠᠨ ᠬᠦᠶᠲᠡᠨ᠎ᠢᠶᠠᠷ ᠬᠥᠷᠬᠡᠬᠦ ᠡᠳ᠋ ᠪᠠᠷᠠᠭ᠎ᠠ᠎ᠶᠢᠨ ᠬᠡᠯᠬᠢᠶ᠎ᠠ ᠂ ᠬᠢᠯᠢ᠎ᠶᠢᠨ ᠪᠣᠭᠣᠮᠲᠠ᠎ᠶᠢᠨ ᠬᠢᠵᠢᠭ ᠪᠠᠶᠢᠴᠠᠭᠠᠯᠳᠠ ᠂ ᠠᠭᠠᠷ᠎ᠤᠨ ᠠᠶᠠᠯᠠᠯ ᠠᠭᠠᠷ᠎ᠤᠨ ᠦᠶᠯᠡᠴᠢᠯᠡᠭᠡ ᠂ ᠰᠢᠨ᠎ᠡ ᠰᠣᠷᠭᠣᠭ ᠢᠳᠡᠭᠡᠨ᠎ᠤ ᠵᠠᠬ᠎ᠠ ᠳᠡᠯᠭᠡᠭᠦᠷ ᠂ ᠣᠯᠠᠨ ᠨᠡᠶᠢᠲᠡ᠎ᠶᠢᠨ ᠵᠠᠮ ᠬᠠᠷᠢᠯᠴᠠᠭ᠎ᠠ ᠂ ᠡᠮᠴᠢᠯᠡᠭᠡᠨ ᠪᠠ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠵᠡᠷᠭᠡ ᠬᠠᠯᠳᠠᠪᠤᠷᠢᠯᠠᠭᠳᠠᠬᠤ ᠲᠦᠭᠰᠢᠭᠦᠷᠢ᠎ᠪᠠᠷ ᠨᠡᠯᠢᠶᠡᠳ ᠶᠡᠬᠡ ᠠᠵᠢᠯ ᠲᠦᠷᠦᠯ᠎ᠤᠨ ᠠᠵᠢᠯᠲᠠᠨ ᠵᠢᠴᠢ ᠠᠶᠤᠯ ᠲᠦᠭᠰᠢᠭᠦᠷᠢ᠎ᠪᠠᠷ ᠨᠡᠯᠢᠶᠡᠳ ᠥᠨᠳᠤᠷ ᠤᠯᠤᠰ ᠪᠤᠶᠤ ᠭᠠᠵᠠᠷ ᠣᠷᠣᠨ᠎ᠳ᠋ᠤ ᠬᠦᠷᠴᠦ ᠠᠵᠢᠯᠯᠠᠵᠤ ᠰᠤᠷᠤᠯᠴᠠᠬᠤ ᠠᠵᠢᠯᠲᠠᠨ᠎ᠳ᠋ᠤ ᠤᠷᠢᠳ᠎ᠢᠶᠠᠷ ᠲᠠᠷᠢᠯᠭ᠎ᠠ ᠬᠢᠨ᠎ᠠ ᠃ ᠬᠣᠶᠠᠳᠤᠭᠠᠷ ᠠᠯᠬᠤᠮ᠎ᠳ᠋ᠤ ᠂ ᠸᠠᠺᠼᠢᠨ᠎ᠢ ᠵᠠᠬ᠎ᠠ ᠳᠡᠯᠭᠡᠭᠦᠷ᠎ᠲᠤ ᠭᠠᠷᠭᠠᠭᠰᠠᠨ᠎ᠤ ᠳᠠᠷᠠᠭ᠎ᠠ ᠰᠠᠶᠢᠨ ᠳᠤᠷ᠎ᠠ᠎ᠶᠢᠨ ᠪᠠᠢᠬᠤ ᠂ ᠪᠠᠶᠢᠳᠠᠯ᠎ᠢ ᠮᠡᠳᠡᠬᠦ ᠪᠠ ᠵᠥᠪᠰᠢᠶᠡᠷᠡᠬᠦ ᠵᠠᠷᠴᠢᠮ ᠶᠣᠰᠣᠭᠠᠷ ᠤᠷᠢᠳᠴᠢᠯᠠᠨ ᠪᠣᠯᠵᠣᠵᠤ ᠳᠡᠩᠰᠡᠯᠡᠬᠤ ᠲᠠᠷᠢᠯᠭ᠎ᠠ ᠬᠢᠬᠦ ᠲᠡᠰ ᠲᠠᠷᠠᠭᠠᠯᠠᠯ᠎ᠢᠶᠠᠷ ᠲᠠᠮᠵᠢᠨ ᠡᠩ᠎ᠤᠨ ᠬᠥᠮᠦᠰ᠎ᠤᠨ ᠳᠤᠮᠳᠠ ᠭᠡᠷᠡᠭᠵᠢᠬᠥᠯᠵᠥ ᠂ ᠴᠠᠭ ᠬᠤᠪᠢᠶᠠᠨ ᠠᠮᠤᠷ ᠲᠦᠪᠰᠢᠨ᠎ᠢᠶᠠᠷ ᠲᠠᠷᠢᠯᠭ᠎ᠠ ᠬᠢᠬᠦ᠎ᠶᠢ ᠦᠨᠡᠨ ᠬᠦ ᠪᠠᠲᠤᠯᠠᠬᠤ ᠪᠤᠯᠤᠨ᠎ᠠ ᠃

ᠶᠠᠨ ᠱᠤᠤ ᠬᠣᠩ ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠱᠠᠭᠠᠷᠳᠠᠯᠭ᠎ᠠ ᠶᠣᠰᠣᠭᠠᠷ ᠂ ᠭᠣᠣᠯᠳᠠᠯᠭ᠎ᠠ᠎ᠲᠠᠢ ᠬᠥᠮᠦᠰ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠲᠠᠷᠢᠬᠤ ᠵᠠᠷᠤᠳᠠᠯ᠎ᠢ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ ᠪᠣᠯᠤᠨ ᠬᠣᠰᠢᠭᠤ ᠰᠢᠶᠠᠨ᠎ᠤ ᠡᠳ᠋᠎ᠤᠨ ᠵᠠᠰᠠᠭ᠎ᠡᠴᠠ ᠱᠠᠳᠤ ᠬᠤᠪᠢᠶᠠᠨ ᠡᠭᠦᠷᠭᠡᠯᠡᠨ᠎ᠡ ᠃ ᠭᠣᠣᠯᠳᠠᠯᠭ᠎ᠠ᠎ᠲᠠᠢ ᠬᠥᠮᠦᠰ᠎ᠲᠤ ᠬᠢᠬᠦ ᠸᠠᠺᠼᠢᠨ᠎ᠤ ᠲᠠᠷᠢᠯᠭ᠎ᠠ᠎ᠶᠢ ᠰᠠᠶᠢᠨ ᠳᠤᠷ᠎ᠠ᠎ᠶᠢᠨ ᠪᠠᠢᠬᠤ ᠵᠠᠷᠴᠢᠮ ᠶᠤᠰᠤᠭᠠᠷ ᠪᠠᠢᠭᠤᠯᠭ᠎ᠠ ᠨᠢᠭᠡᠴᠢ᠎ᠡᠴᠠ ᠵᠣᠬᠢᠶᠠᠨ ᠪᠠᠶᠢᠭᠤᠯᠤᠨ ᠪᠦᠷᠢᠳᠬᠡᠭᠰᠡᠨ᠎ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠵᠢᠯᠣᠭᠣᠳᠬᠤ ᠭᠠᠵᠠᠷ᠎ᠲᠤ ᠮᠡᠳᠡᠭᠦᠯᠵᠤ ᠨᠢᠭᠡᠳᠦᠯᠲᠡᠶ ᠳᠣᠭᠢᠷᠠᠭᠤᠯᠤᠨ᠎ᠠ ᠃ ᠡᠩ᠎ᠤᠨ ᠦᠶ᠎ᠡ᠎ᠶᠢᠨ ᠸᠠᠺᠼᠢᠨ᠎ᠤ ᠲᠠᠷᠢᠯᠭ᠎ᠠ ᠬᠢᠬᠦ ᠴᠡᠭ᠎ᠤᠨ ᠠᠵᠢᠯᠯᠠᠵᠥ ᠳᠡᠶᠢᠯᠬᠦ ᠴᠢᠳᠠᠪᠤᠷᠢ ᠬᠢᠵᠠᠭᠠᠷ᠎ᠲᠠᠢ ᠪᠠᠶᠢᠬᠤ᠎ᠶᠢ ᠪᠣᠳᠣᠯᠬᠢᠯᠠᠭᠠᠳ ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶᠢᠯᠡᠭᠰᠡᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠥ ᠲᠥᠪ᠎ᠡᠴᠠ ᠬᠥᠬᠡᠬᠣᠲᠠ᠎ᠶᠢᠨ ᠮᠣᠩᠭᠣᠯ ᠬᠢᠲᠠᠳ ᠡᠮᠨᠡᠯᠭᠡ᠎ᠶᠢᠨ ᠬᠣᠷᠢᠶ᠎ᠠ ᠂ ᠬᠥᠬᠡᠬᠣᠲᠠ᠎ᠶᠢᠨ ᠡᠬᠡ ᠨᠢᠯᠬᠠᠰ᠎ᠤᠨ ᠡᠷᠡᠭᠦᠯᠵᠢᠯ᠎ᠤᠨ ᠬᠣᠷᠢᠶ᠎ᠠ ᠂ ᠬᠥᠬᠡᠬᠣᠲᠠ᠎ᠶᠢᠨ ᠬᠣᠶᠠᠳᠤᠭᠠᠷ ᠡᠮᠨᠡᠯᠭᠡ᠎ᠶᠢᠨ ᠬᠣᠷᠢᠶ᠎ᠠ ᠵᠡᠷᠭᠡ 5 ᠡᠮᠨᠡᠯᠭᠡ᠎ᠶᠢᠨ ᠬᠣᠷᠢᠶ᠎ᠠ᠎ᠶᠢ ᠲᠦᠷ ᠴᠠᠭ᠎ᠤᠨ ᠲᠠᠷᠢᠯᠭ᠎ᠠ ᠬᠢᠬᠦ ᠨᠢᠭᠡᠴᠢ ᠪᠣᠯᠭᠠᠪᠠ ᠃ ᠡᠮᠦᠨᠡᠬᠢ ᠲᠣᠬᠢᠷᠠᠭᠤᠯᠤᠯᠲᠠ᠎ᠶᠢ ᠦᠨᠳᠦᠰᠦᠯᠡᠪᠡᠯ ᠂ ᠲᠦᠷ ᠴᠠᠭ᠎ᠤᠨ ᠲᠠᠷᠢᠯᠭ᠎ᠠ ᠬᠢᠬᠦ ᠴᠡᠭ᠎ᠨᠢ ᠪᠠᠷᠤᠭ ᠡᠳᠦᠷ ᠪᠦᠷᠢ 400  500 ᠬᠥᠮᠦᠨ᠎ᠤ ᠲᠠᠷᠢᠯᠭ᠎ᠠ ᠬᠢᠬᠦ ᠠᠵᠢᠯ᠎ᠢ ᠪᠡᠶᠡᠯᠡᠭᠦᠯᠵᠤ ᠲᠠᠢᠯᠦᠨ᠎ᠠ ᠃ ᠰᠡᠭᠦᠯᠴᠢ᠎ᠶᠢᠨ ᠬᠤᠭᠤᠴᠠᠭᠠᠨ᠎ᠳ᠋ᠤ ᠲᠠᠷᠢᠯᠭ᠎ᠠ ᠬᠢᠬᠦ ᠡᠮᠨᠡᠯᠭᠡ᠎ᠶᠢᠨ ᠠᠵᠢᠯᠲᠠᠨ᠎ᠤ ᠨᠡᠮᠡᠭᠳᠡᠬᠦ᠎ᠶᠢ ᠳᠠᠭᠠᠯᠳᠤᠨ ᠂ ᠵᠢᠱᠢᠯᠲᠡ᠎ᠪᠠᠷ ᠡᠳᠦᠷ ᠪᠦᠷᠢ 500  800 ᠬᠥᠮᠦᠨ᠎ᠳ᠋ᠤ ᠲᠠᠷᠢᠯᠭ᠎ᠠ ᠬᠢᠵᠤ ᠲᠠᠢᠯᠬᠦ ᠪᠣᠯᠤᠨ᠎ᠠ ᠃ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠤ ᠡᠭᠡᠯᠢᠯᠡᠭᠡ᠎ᠶᠢᠨ ᠲᠠᠰ ᠳᠠᠷᠠᠭᠠᠯᠠᠯ᠎ᠨᠢ ᠬᠣᠶᠠᠷ ᠵᠡᠬᠥᠥ ᠳᠠᠷᠢᠵᠤ ᠂ ᠡᠩ᠎ᠤᠨ ᠪᠠᠶᠢᠳᠠᠯ᠎ᠳ᠋ᠤ 28 ᠡᠳᠦᠷ ᠠᠯᠤᠰᠯᠠᠨ᠎ᠠ ᠃ ᠬᠡᠷᠪᠡ ᠣᠨᠴᠠᠭᠠᠢ ᠱᠠᠭᠠᠷᠳᠠᠯᠭ᠎ᠠ᠎ᠲᠠᠢ ᠪᠣᠯ 14 ᠡᠳᠦᠷ᠎ᠤᠨ ᠳᠠᠷᠠᠭ᠎ᠠ ᠬᠣᠶᠠᠳᠤᠭᠠᠷ ᠵᠡᠬᠥᠥ᠎ᠶᠢ ᠲᠠᠷᠢᠵᠤ ᠪᠣᠯᠤᠨ᠎ᠠ ᠃ ᠱᠠᠭᠠᠷᠳᠠᠯᠭ᠎ᠠ ᠶᠣᠰᠣᠭᠠᠷ 2021 ᠤᠨ᠎ᠤ 1 ᠰᠠᠷ᠎ᠠ᠎ᠶᠢᠨ 5᠎ᠤ ᠡᠳᠦᠷ᠎ᠡᠴᠠ ᠡᠮᠦᠨ᠎ᠡ ᠭᠣᠣᠯᠳᠠᠯᠭ᠎ᠠ᠎ᠲᠠᠢ ᠬᠥᠮᠦᠰ᠎ᠲᠤ ᠨᠢᠭᠡᠳᠦᠭᠡᠷ ᠤᠳᠠᠭ᠎ᠠ᠎ᠶᠢᠨ ᠲᠠᠷᠢᠯᠭ᠎ᠠ ᠬᠢᠬᠦ ᠪᠤᠯᠤᠨ᠎ᠠ ᠂ ᠭᠡᠪᠡᠴᠦ ᠸᠠᠺᠼᠢᠨ ᠬᠤᠳᠠᠯᠳᠤᠨ ᠠᠪᠬᠤ ᠂ ᠪᠠᠷᠠᠭ᠎ᠠ᠎ᠶᠢᠨ ᠬᠠᠡᠭᠭᠠᠯᠳᠠ ᠵᠡᠷᠭᠡ ᠬᠦᠴᠦᠨ ᠵᠦᠶᠯ᠎ᠤᠨ ᠨᠥᠯᠥᠭᠡ᠎ᠡᠴᠠ ᠪᠣᠯᠵᠣ 2021 ᠤᠨ᠎ᠤ 1 ᠰᠠᠷ᠎ᠠ᠎ᠶᠢᠨ 15᠎ᠤ ᠡᠳᠦᠷ ᠪᠣᠯᠲᠠᠯ᠎ᠠ ᠬᠣᠶᠢᠰᠢᠯᠠᠭᠤᠯᠵᠤ ᠮᠡᠳᠡᠨ᠎ᠡ ᠬᠡᠵᠤ ᠲᠠᠨᠢᠯᠴᠠᠭᠤᠯᠪᠠ ᠃

ᠶᠠᠨ ᠱᠤᠤ ᠬᠣᠩ ᠂ ᠮᠠᠨ᠎ᠤ ᠤᠯᠤᠰ ᠨᠢᠭᠡᠨᠲᠡ 100 ᠭᠠᠷᠤᠢ ᠲᠦᠮᠡᠨ ᠵᠡᠬᠦᠤ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠪᠡᠶᠡᠯᠡᠭᠦᠯᠵᠦ ᠂ ᠣᠳᠣᠬᠠᠨ ᠪᠤᠯᠳᠠᠯ᠎ᠠ ᠬᠦᠨᠳᠦ ᠨᠣᠴᠢᠲᠠᠢ ᠬᠡᠪ᠎ᠤᠨ ᠪᠤᠰᠤ ᠪᠠᠶᠢᠳᠠᠯ ᠢᠯᠡᠷᠡᠭᠰᠡᠨ ᠦᠬᠡᠢ ᠃ 12 ᠰᠠᠷ᠎ᠠ᠎ᠶᠢᠨ 22᠎ᠤᠨ ᠦᠳᠡ᠎ᠶᠢᠨ ᠬᠣᠶᠢᠨ᠎ᠠ ᠪᠣᠯᠲᠠᠯ᠎ᠠ ᠂ ᠪᠥᠬᠥ ᠣᠷᠣᠨ᠎ᠤ ᠭᠣᠣᠯᠳᠠᠯᠭ᠎ᠠ᠎ᠲᠠᠢ ᠬᠥᠮᠦᠰ᠎ᠲᠤ 4728 ᠬᠥᠮᠦᠨ ᠤᠳᠠᠭ᠎ᠠ ᠲᠠᠷᠢᠯᠭ᠎ᠠ ᠳᠠᠷᠢᠵᠤ ᠂ ᠣᠳᠣᠬᠠᠨ ᠪᠤᠯᠳᠠᠯ᠎ᠠ ᠬᠦᠨᠳᠦ ᠨᠣᠴᠢᠲᠠᠶ ᠮᠠᠭᠤ ᠲᠤᠰᠬᠠᠯ ᠪᠠ ᠢᠯᠡᠷᠡᠯ᠎ᠲᠠᠢ ᠬᠥᠮᠦᠨ ᠭᠠᠷᠤᠭᠰᠠᠨ ᠥᠬᠡᠶ ᠃ ᠪᠤᠰᠤᠳ ᠸᠠᠺᠼᠢᠨ᠎ᠲᠠᠢ ᠠᠳᠠᠯᠢ᠎ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠸᠠᠺᠼᠢᠨ ᠲᠠᠷᠢᠬᠤ᠎ᠳ᠋ᠤ ᠴᠦ ᠪᠠᠭ᠎ᠠ ᠬᠠᠯᠠᠭᠤᠷᠠᠬᠤ ᠂ ᠬᠡᠰᠡᠭ ᠭᠠᠵᠠᠷ ᠤᠯᠠᠶᠢᠵᠤ ᠬᠠᠪᠤᠳᠬᠤ ᠂ ᠪᠥᠬᠥ ᠪᠡᠶ᠎ᠡ ᠲᠠᠮᠢᠷᠳᠠᠬᠤ ᠵᠡᠷᠭᠡ ᠢᠯᠡᠷᠡᠯ᠎ᠲᠠᠢ ᠶᠤᠮ ᠃ ᠤᠨᠠᠳᠠᠭ ᠡᠪᠡᠳᠴᠢᠨ᠎ᠤ ᠲᠡᠦᠬᠡ᠎ᠲᠠᠢ ᠂ ᠬᠠᠷᠰᠢᠮᠠᠲᠠᠭᠠᠢ ᠴᠢᠨᠠᠷ᠎ᠤᠨ ᠮᠠᠬᠠᠪᠤᠳ᠎ᠲᠠᠢ ᠬᠦᠮᠦᠨ ᠂ ᠡᠰᠡᠬᠦᠯ᠎ᠡ ᠪᠤᠰᠤᠳ ᠨᠡᠯᠢᠶᠡᠳ ᠬᠦᠨᠳᠦ ᠨᠣᠴᠢᠲᠠᠢ ᠰᠠᠭᠤᠷᠢ ᠴᠢᠨᠠᠷᠲᠠᠢ ᠤᠵᠢᠭ ᠡᠪᠡᠳᠴᠢᠨ᠎ᠲᠠᠢ ᠬᠥᠮᠥᠰ ᠲᠠᠷᠢᠯᠭ᠎ᠠ ᠲᠠᠷᠢᠵᠤ ᠪᠣᠯᠬᠤ ᠦᠭᠡᠢ ᠃ ᠪᠣᠶ ᠪᠥᠬᠥᠶ ᠲᠠᠷᠢᠯᠭ᠎ᠠ ᠬᠢᠭᠰᠡᠨ ᠸᠠᠺᠼᠢᠨ᠎ᠢ ᠴᠥᠮ ᠺᠣᠳ᠋ ᠰᠢᠷᠪᠢᠵᠦ ᠬᠥᠮᠥᠷᠭᠡ᠎ᠳ᠋ᠤ ᠣᠷᠣᠭᠤᠯᠵᠤ ᠂ ᠺᠣᠳ᠋ ᠰᠢᠷᠪᠢᠵᠦ ᠳᠠᠷᠢᠭᠰᠠᠨ ᠪᠣᠯᠬᠣᠷ ᠪᠥᠬᠥ ᠶᠠᠪᠤᠴᠠ᠎ᠶᠢ᠎ᠨᠢ ᠮᠥᠷᠳᠡᠵᠦ ᠪᠣᠯᠤᠨ᠎ᠠ ᠃ ᠪᠤᠢ ᠪᠦᠬᠦᠢ ᠲᠠᠷᠢᠯᠭ᠎ᠠ ᠲᠠᠷᠢᠭᠴᠢ ᠲᠠᠷᠢᠯᠭ᠎ᠠ ᠬᠢᠭᠰᠡᠨ᠎ᠤ ᠳᠠᠷᠠᠭ᠎ᠠ ᠡᠷᠬᠡᠪᠰᠢ 30 ᠮᠢᠨᠦ᠋ᠲ ᠦᠩᠬᠡᠷᠡᠭᠰᠡᠨ ᠬᠤᠢᠨ᠎ᠠ ᠰᠠᠶᠢ ᠲᠤᠬᠠᠢ᠎ᠶᠢᠨ ᠲᠠᠯᠠᠪᠤᠷ᠎ᠡᠴᠠ ᠰᠠᠯᠵᠥ ᠪᠣᠯᠤᠨ᠎ᠠ ᠃ ᠲᠠᠷᠢᠯᠭ᠎ᠠ᠎ᠶᠢᠨ ᠴᠡᠭ ᠪᠦᠷᠢ᠎ᠳ᠋ᠤ ᠲᠤᠰᠬᠠᠶ ᠡᠮᠴᠢ ᠰᠤᠪᠢᠯᠠᠭᠴᠢ ᠪᠠ 120 ᠲᠦᠷᠭᠡᠨ ᠠᠪᠤᠷᠠᠯᠳᠠ᠎ᠶᠢᠨ ᠲᠡᠷᠭᠡ ᠲᠣᠬᠢᠷᠠᠭᠤᠯᠵᠠᠶ ᠃ ᠬᠡᠷᠪᠡ ᠬᠦᠨᠳᠦ ᠨᠣᠴᠢᠲᠠᠶ ᠬᠡᠪ᠎ᠤᠨ ᠪᠤᠰᠤ ᠢᠯᠡᠷᠡᠯ ᠭᠠᠷᠪᠠᠯ ᠲᠤᠬᠠᠶ᠎ᠶᠢᠨ ᠲᠠᠯᠠᠪᠠᠢ᠎ᠳ᠋ᠤ ᠲᠦᠷᠭᠡᠨ ᠠᠪᠤᠷᠠᠯᠲᠠ ᠬᠢᠬᠥ ᠪᠤᠯᠤᠨ᠎ᠠ ᠬᠡᠵᠥ ᠬᠡᠯᠡᠪᠠ ᠃

︽ ᠭᠤᠷᠪᠠᠳᠤᠭᠠᠷ ᠬᠤᠭᠤᠴᠠᠭᠠᠨ᠎ᠤ ᠡᠮᠴᠢᠯᠡᠭᠡᠨ᠎ᠤ ᠲᠤᠷᠰᠢᠯᠲᠠ᠎ᠶᠢᠨ ᠦᠷ᠎ᠡ ᠳ᠋ᠦᠩ᠎ᠡᠴᠠ ᠦᠵᠡᠪᠡᠯ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢᠨ ᠪᠦᠳᠦᠮᠵᠢᠳᠦ ᠴᠢᠨᠠᠷ 86% ᠬᠦᠷᠴᠦ ᠪᠠᠢᠨ᠎ᠠ ︾ ᠬᠡᠵᠤ ᠶᠠᠨ ᠱᠣᠤ ᠬᠣᠩ ᠬᠡᠯᠡᠭᠰᠡᠨ᠎ᠢᠶᠡᠨ ᠵᠠᠯᠭᠠᠭᠠᠳ ᠂ ᠸᠠᠺᠼᠢᠨ᠎ᠤ ᠲᠠᠷᠢᠯᠭ᠎ᠠ ᠬᠢᠬᠦ᠎ᠨᠢ ᠲᠦᠮᠡᠨ ᠬᠡᠷᠡᠭ ᠲᠡᠭᠦᠰ ᠪᠦᠲᠦᠬᠦ᠎ᠶᠢ ᠲᠥᠯᠥᠭᠡᠯᠡᠵᠤ ᠪᠠᠢᠬᠤ ᠪᠢᠰᠢ ᠂ ᠪᠠᠰᠠ ᠨᠡᠶᠢᠭᠡᠮ᠎ᠤᠨ ᠬᠠᠷᠢᠯᠴᠠᠭᠠᠨ᠎ᠤ ᠵᠠᠶ᠎ᠶᠢ ᠵᠢᠷᠤᠮᠯᠠᠨ ᠂ ᠠᠮᠠᠪᠴᠢ ᠵᠡᠭᠦᠬᠦ ᠂ ᠭᠠᠷ᠎ᠢᠶᠡᠨ ᠦᠷᠭᠦᠯᠵᠢ ᠤᠬᠢᠶᠠᠬᠤ ᠵᠡᠷᠭᠡ ᠰᠠᠶᠢᠨ ᠰᠠᠶᠢᠬᠠᠨ ᠠᠮᠢᠳᠤᠷᠠᠯ᠎ᠤᠨ ᠳᠠᠳᠬᠠᠯ᠎ᠢ ᠪᠠᠷᠢᠮᠲᠠᠯᠠᠬᠤ ᠬᠡᠷᠡᠭᠲᠡᠶ ᠂ ᠢᠩᠭᠢᠪᠡᠯ ᠰᠠᠶᠢ ᠨᠠᠩ ᠰᠠᠶᠢᠨ ᠰᠡᠷᠭᠡᠶᠢᠯᠡᠨ ᠬᠠᠮᠠᠭᠠᠯᠠᠬᠤ ᠦᠷ᠎ᠡ ᠪᠦᠲᠦᠮᠵᠢ᠎ᠶᠢ ᠣᠯᠵᠤ ᠴᠢᠳᠠᠨ᠎ᠠ ᠭᠡᠵᠡᠶ ᠃





  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄
兼容浏览器的HTML页面