ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2021-01-06 10:54:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠢᠷ᠎ᠠ᠎ᠶᠢᠨ ᠡᠳᠦᠷ ᠂ ᠵᠠᠩ ᠪᠦᠸᠧ ᠯᠢ ᠴᠠᠭᠠᠨ ᠰᠠᠷ᠎ᠠ᠎ᠶᠢᠨ ᠬᠢᠵᠢᠭ᠎ᠤᠨ ᠪᠠᠢᠳᠠᠯ᠎ᠳ᠋ᠤ ᠵᠠᠳᠠᠯᠤᠯᠲᠠ ᠬᠢᠬᠦ᠎ᠳ᠋ᠡᠭᠡᠨ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳ᠋ᠤ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠤᠭᠤᠴᠠᠭ᠎ᠠ᠎ᠶᠢᠨ᠎ᠬᠢ ᠰᠢᠬ ᠨᠠᠭᠠᠰᠢ ᠴᠠᠭᠠᠰᠢ ᠶᠠᠪᠤᠵᠤ ᠰᠠᠭᠤᠵᠤ ᠪᠤᠯᠬᠤ ᠦᠭᠡᠢ ᠭᠡᠵᠦ ᠰᠠᠨᠠᠭᠤᠯᠪᠠ ᠃

ᠨᠢᠳᠤᠨᠤᠨ᠎ᠤ ᠤᠯᠤᠰ᠎ᠤᠨ ᠪᠠᠶᠠᠷ᠎ᠤᠨ ᠡᠳᠦᠷ ᠬᠡᠳᠦᠨ ᠳ᠋ᠦᠩᠰᠢᠭᠤᠷ ᠬᠥᠮᠦᠨ ᠠᠮᠠ ᠨᠡᠭᠠᠰᠢ ᠴᠠᠭᠠᠰᠢ ᠶᠠᠪᠤᠬᠤ᠎ᠳ᠋ᠤ ᠬᠠᠮᠢᠶ᠎ᠠ ᠦᠭᠡᠢ ᠂ ᠴᠠᠭᠠᠨ ᠰᠠᠷ᠎ᠠ ᠪᠠᠰᠠ ᠲᠡᠭᠡᠵᠦ ᠪᠣᠯᠤᠨ᠎ᠠ ‍ᠤᠤ ᠭᠡᠬᠦ᠎ᠳ᠋ᠤ ᠵᠠᠩ ᠪᠦᠸᠧ ᠯᠢ ᠄ ︽ ᠪᠣᠯᠬᠤ ᠦᠭᠡᠢ ︾ ᠂ ᠤᠴᠢᠷ᠎ᠨᠢ ᠤᠯᠠᠷᠢᠯ ᠠᠳᠠᠯᠢ ᠦᠭᠡᠢ ᠂ ᠬᠦᠢᠲᠡᠨ ᠤᠯᠠᠷᠢᠯ᠎ᠨᠢ ᠸᠢᠷᠦ᠋ᠰ᠎ᠤᠨ ᠣᠷᠣᠰᠢᠨ ᠲᠣᠭᠲᠠᠨᠢᠬᠤ᠎ᠳ᠋ᠤ ᠮᠠᠰᠢ ᠲᠣᠬᠢᠷᠠᠮᠵᠢᠲᠠᠢ ᠭᠡᠪᠡ ᠃

ᠵᠠᠩ ᠪᠦᠸᠧ ᠯᠢ᠎ᠶᠢᠨ ᠦᠵᠡᠬᠦ᠎ᠪᠠᠷ ᠂ ᠣᠳᠣ᠎ᠡᠴᠠ 2 ᠰᠠᠷ᠎ᠠ᠎ᠶᠢᠨ ᠰᠡᠭᠦᠯᠴᠢ ᠪᠣᠯᠲᠠᠯᠠᠬᠢ ᠬᠣᠶᠠᠷ ᠰᠠᠷ᠎ᠠ᠎ᠶᠢᠨ ᠬᠤᠭᠤᠴᠠᠭ᠎ᠠ ᠪᠣᠯ ᠮᠠᠰᠢ ᠵᠠᠩᠭᠢᠯᠠᠭ᠎ᠠ᠎ᠶᠢᠨ ᠴᠠᠬ ᠪᠣᠯᠤᠨ᠎ᠠ ᠃ ᠲᠡᠰᠦᠭᠡᠳ ᠦᠩᠭᠡᠷᠡᠪᠡᠯ ᠂ ᠬᠠᠪᠤᠷ ᠲᠡᠭᠷᠢ ᠳᠤᠯᠠᠭᠠᠷᠠᠵᠤ ᠂ ᠳᠡᠭᠡᠷ᠎ᠡ᠎ᠨᠢ ᠨᠡᠢᠳᠡᠮ᠎ᠳ᠋ᠡᠭᠡᠨ ᠪᠦᠷ ᠲᠠᠷᠢᠯᠭ᠎ᠠ ᠲᠠᠷᠢᠭᠰᠠᠨ ᠪᠠᠢᠳᠠᠯ ᠳᠤᠤᠷ᠎ᠠ ᠬᠢᠵᠢᠭ᠎ᠤᠨ ᠪᠠᠢᠳᠠᠯ ᠦᠨᠳᠦᠰᠦᠨ᠎ᠳ᠋ᠤ᠎ᠪᠠᠨ ᠰᠠᠢᠵᠢᠷᠠᠬᠤ ᠪᠤᠶᠤ ᠰᠢᠢᠳᠪᠦᠷᠢᠯᠡᠬᠦ ᠴᠢᠨᠠᠷᠲᠠᠢ ᠢᠯᠠᠯᠲᠠ ᠣᠯᠵᠦ ᠳᠡᠢᠯᠦᠨ᠎ᠡ ᠭᠡᠵᠦ ᠬᠡᠯᠡᠵᠦ ᠪᠣᠯᠤᠨ᠎ᠠ ᠭᠡᠪᠡ ᠃

ᠵᠠᠩ ᠪᠦᠸᠧ ᠯᠢ ᠠᠺᠠᠳᠧᠮᠢᠴᠢ᠎ᠡᠴᠠ ᠴᠠᠭᠠᠨ ᠰᠠᠷ᠎ᠠ᠎ᠶᠢᠨ ᠬᠤᠭᠤᠴᠠᠭᠠᠨ᠎ᠳ᠋ᠤ ᠲᠤᠲᠠᠭᠤ ᠴᠤᠬᠯᠠᠷᠠᠬᠤ᠎ᠶᠢ ᠬᠦᠰᠡᠵᠦ ᠂ ᠣᠨᠴᠠᠭᠠᠢ ᠪᠠᠢᠳᠠᠯ ᠦᠭᠡᠢ ᠪᠣᠯ ᠠᠯᠢ ᠴᠢᠳᠠᠬᠤ᠎ᠪᠠᠷ ᠭᠠᠳᠠᠭᠰᠢ ᠭᠠᠷᠴᠤ ᠵᠤᠭᠠᠴᠠᠬᠤ ᠦᠭᠡᠢ ᠪᠠᠢᠵᠤ ᠂ ᠠᠮᠠᠪᠴᠢ᠎ᠪᠠᠨ ᠵᠡᠭᠦᠵᠦ ᠂ ᠭᠠᠷ᠎ᠢᠶᠡᠨ ᠦᠷᠭᠦᠯᠵᠢ ᠤᠬᠢᠶᠠᠵᠤ ᠂ ᠦᠷᠦᠭᠡᠨ᠎ᠳ᠋ᠡᠭᠡᠨ ᠦᠷᠭᠦᠯᠵᠢ ᠰᠠᠯᠬᠢ ᠨᠡᠪᠲᠡᠷᠡᠬᠦᠯᠬᠦ᠎ᠶᠢ ᠪᠠᠷᠢᠮᠲᠠᠯᠠᠬᠤ ᠬᠡᠷᠡᠭᠲᠡᠢ ᠭᠡᠵᠦ ᠰᠠᠨᠠᠭᠠᠴᠢᠯᠠᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面