ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2021-01-15 18:50:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠢᠷ᠎ᠠ᠎ᠳ᠋ᠤ ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠤᠭᠲᠠᠴᠠ ᠰᠤᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ ᠂ ᠤᠢᠷ᠎ᠠ᠎ᠶᠢᠨ ᠬᠤᠭᠤᠴᠠᠭᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠤᠯᠤᠨ ᠡᠮᠴᠢᠯᠡᠭᠡᠨ᠎ᠤ ᠠᠪᠤᠷᠠᠨ ᠡᠮᠨᠡᠬᠦ᠎ᠲᠠᠢ ᠬᠤᠯᠪᠤᠭᠳᠠᠭᠰᠠᠨ ᠪᠠᠢᠳᠠᠯ᠎ᠢ ᠲᠠᠨᠢᠯᠴᠠᠭᠤᠯᠵᠤ ᠂ ᠴᠠᠭᠠᠨ ᠰᠠᠷ᠎ᠠ᠎ᠶᠢᠨ ᠬᠤᠭᠤᠴᠠᠭᠠᠨ᠎ᠳ᠋ᠤ ᠬᠢᠵᠢᠭ᠎ᠤᠨ ᠪᠠᠢᠳᠠᠯ ᠳᠠᠬᠢᠨ ᠡᠭᠦᠰᠬᠦ ᠡᠰᠡᠬᠦ ᠂ 14 ᠡᠳᠦᠷ ᠲᠤᠰᠠᠭᠠᠷᠯᠠᠭᠰᠠᠨ᠎ᠤ ᠳᠠᠷᠠᠭ᠎ᠠ ᠪᠠᠰᠠ ᠸᠢᠷᠦ᠋ᠰ ᠪᠠᠢᠴᠠᠭᠠᠨ ᠢᠯᠡᠷᠡᠭᠦᠯᠦᠭᠰᠡᠨ ᠵᠡᠷᠭᠡ ᠠᠰᠠᠭᠤᠯᠲᠠ᠎ᠳ᠋ᠤ ᠬᠠᠷᠢᠭᠤᠯᠲᠠ ᠦᠭᠪᠡ ᠃

ᠤᠯᠤᠰ᠎ᠤᠨ ᠳᠤᠲᠤᠭᠠᠳᠤᠬᠢ ᠲᠤᠰ ᠡᠭᠡᠯᠵᠢ᠎ᠶᠢᠨ ᠬᠢᠵᠢᠭ᠎ᠤᠨ ᠪᠠᠢᠳᠠᠯ ᠶᠠᠮᠠᠷ ᠤᠨᠴᠠᠯᠢᠭ᠎ᠲᠠᠢ ᠪᠤᠢ ︖

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ᠎ᠤᠨ ᠰᠤᠨᠢᠨ ᠮᠡᠳᠡᠭᠡᠨ᠎ᠤ ᠦᠭᠦᠯᠡᠭᠴᠢ ᠮᠢ ᠹᠸᠩ ᠂ ᠤᠯᠤᠰ᠎ᠤᠨ ᠳᠤᠲᠤᠭᠠᠳᠤ᠎ᠶᠢᠨ ᠤᠯᠠᠨ ᠭᠠᠵᠠᠷ ᠲᠠᠷᠠᠬᠠᠢ ᠪᠤᠳᠠᠷᠬᠠᠢ ᠪᠤᠯᠤᠨ ᠲᠦᠪᠯᠡᠷᠡᠭᠰᠡᠨ ᠴᠢᠨᠠᠷᠲᠠᠢ ᠬᠢᠵᠢᠭ᠎ᠤᠨ ᠪᠠᠢᠳᠠᠯ ᠡᠬᠦᠰᠦᠭᠰᠡᠨ᠎ᠢ ᠮᠡᠳᠡᠭᠦᠯᠪᠡ ᠂ ᠬᠢᠵᠢᠭ᠎ᠤᠨ ᠪᠠᠢᠳᠠᠯ᠎ᠨᠢ ᠦᠷᠭᠦᠯᠵᠢᠯᠡᠬᠦ ᠬᠤᠭᠤᠴᠠᠭ᠎ᠠ ᠤᠷᠲᠤ ᠂ ᠬᠠᠮᠤᠷᠬᠤ ᠬᠦᠷᠢᠶ᠎ᠡ ᠬᠡᠪᠴᠢᠶ᠎ᠡ ᠦᠷᠭᠡᠨ ᠂ ᠬᠠᠯᠳᠠᠪᠤᠷᠢᠯᠠᠬᠤ ᠬᠤᠷᠳᠤᠴᠠ ᠲᠦᠷᠭᠡᠨ ᠂ ᠬᠠᠯᠳᠠᠪᠤᠷᠢᠯᠠᠭᠰᠠᠳ᠎ᠤᠨ ᠨᠠᠰᠤ ᠵᠢᠯ ᠦᠨᠳᠦᠷ ᠂ ᠬᠦᠳᠡᠭᠡ ᠲᠤᠰᠬᠤᠨ᠎ᠳ᠋ᠠᠬᠢ ᠬᠠᠷᠢᠴᠠᠯ ᠦᠨᠳᠦᠷ ᠵᠡᠷᠭᠡ ᠤᠨᠴᠠᠯᠢᠭ ᠢᠯᠡᠷᠡᠵᠦ ᠂ ᠵᠠᠷᠢᠮ ᠭᠠᠵᠠᠷ᠎ᠲᠤ ᠨᠡᠢᠭᠡᠮ ᠲᠤᠭᠤᠷᠢᠭ᠎ᠲᠤ ᠬᠠᠯᠳᠠᠪᠤᠷᠢᠯᠠᠨ ᠲᠠᠷᠬᠠᠬᠤ ᠂ ᠦᠶ᠎ᠡ ᠲᠠᠮᠵᠢᠨ ᠬᠠᠯᠳᠠᠪᠤᠷᠢᠯᠠᠨ ᠲᠠᠷᠬᠠᠬᠤ ᠪᠠᠢᠳᠠᠯ ᠢᠯᠡᠷᠡᠪᠡ ᠭᠡᠵᠦ ᠢᠯᠡᠳᠬᠡᠪᠡ ᠃

ᠴᠠᠭᠠᠨ ᠰᠠᠷ᠎ᠠ᠎ᠶᠢᠨ ᠬᠤᠭᠤᠴᠠᠭᠠᠨ᠎ᠳ᠋ᠤ ᠬᠢᠵᠢᠭ ᠤᠯᠠᠮ᠎ᠢᠶᠠᠷ ᠦᠷᠪᠢᠰᠦᠨ ᠳᠡᠯᠭᠡᠷᠡᠨ᠎ᠡ ‍ᠤᠤ ︖

ᠳᠤᠮᠳᠠᠳᠤ ᠤᠯᠤᠰ᠎ᠤᠨ ᠡᠪᠡᠳᠴᠢᠨ ᠡᠮᠬᠡᠭ᠎ᠢ ᠰᠡᠷᠭᠡᠢᠯᠡᠨ ᠡᠵᠡᠮᠳᠡᠬᠦ ᠲᠦᠪ᠎ᠤᠨ ᠡᠷᠬᠢᠯᠡᠭᠴᠢ ᠹᠸᠩ ᠽᠢ ᠵᠢᠶᠠᠨ ᠂ ᠮᠠᠨ᠎ᠤ ᠤᠯᠤᠰ᠎ᠤᠨ ᠬᠢᠵᠢᠭ᠎ᠤᠨ ᠪᠠᠢᠳᠠᠯ ᠤᠯᠠᠨ ᠭᠠᠵᠠᠷ ᠤᠷᠤᠨ᠎ᠤ ᠬᠡᠰᠡᠭ ᠭᠠᠵᠠᠷ᠎ᠲᠤ ᠦᠷᠪᠢᠰᠦᠨ ᠳᠡᠯᠭᠡᠷᠡᠬᠦ ᠪᠤᠶᠤ ᠡᠨᠳᠡ ᠲᠡᠨᠳᠡ ᠡᠭᠦᠰᠬᠦ ᠪᠠᠢᠳᠠᠯ ᠢᠯᠡᠷᠡᠪᠡ ᠂ ᠡᠨᠡ ᠪᠤᠯ ᠡᠪᠦᠯ ᠪᠤᠯᠵᠤ ᠪᠦᠬᠦ ᠪᠦᠮᠪᠦᠷᠴᠡᠭ᠎ᠤᠨ ᠬᠢᠵᠢᠭ᠎ᠤᠨ ᠪᠠᠢᠳᠠᠯ ᠶᠡᠬᠡ᠎ᠪᠠᠷ ᠬᠡᠴᠡᠭᠦᠳᠡᠭᠰᠡᠨ᠎ᠤ ᠳᠠᠷᠠᠭ᠎ᠠ ᠂ ᠮᠠᠨ᠎ᠤ ᠤᠯᠤᠰ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳ᠋ᠤ ᠲᠤᠯᠭᠠᠷᠠᠭᠰᠠᠨ ᠯᠤᠲᠤ ᠶᠡᠬᠡ ᠳᠠᠷᠤᠯᠲᠠ᠎ᠶᠢᠨ ᠨᠢᠭᠡ ᠵᠦᠢᠯ᠎ᠤᠨ ᠢᠯᠡᠷᠡᠯ ᠪᠤᠯᠤᠨ᠎ᠠ ᠃

ᠴᠠᠭᠠᠨ ᠰᠠᠷ᠎ᠠ᠎ᠶᠢᠨ ᠬᠤᠭᠤᠴᠠᠭᠠᠨ᠎ᠳ᠋ᠤ ᠂ ᠨᠠᠭᠠᠰᠢ ᠴᠠᠭᠠᠰᠢ ᠶᠠᠪᠤᠬᠤ ᠬᠦᠮᠦᠨ ᠬᠠᠷ᠎ᠠ ᠤᠯᠠᠰᠢᠷᠠᠬᠤ᠎ᠨᠢ ᠬᠢᠵᠢᠭ᠎ᠤᠨ ᠪᠠᠢᠳᠠᠯ ᠬᠠᠯᠳᠠᠪᠤᠷᠢᠯᠠᠨ ᠲᠠᠷᠬᠠᠬᠤ ᠠᠶᠤᠯ ᠲᠦᠭᠰᠢᠭᠦᠷᠢ᠎ᠶᠢ ᠨᠡᠮᠡᠭᠳᠡᠭᠦᠯᠦᠨ᠎ᠡ ︔ ᠪᠠᠷᠠᠭᠠᠨ᠎ᠤ ᠭᠦᠢᠯᠭᠡᠭᠡᠨ᠎ᠤ ᠬᠡᠮᠵᠢᠶ᠎ᠡ ᠨᠡᠮᠡᠭᠳᠡᠵᠦ ᠂ ᠳᠤᠤᠷ᠎ᠠ ᠳᠤᠯᠠᠭᠠᠨ᠎ᠳ᠋ᠤ ᠭᠠᠳᠠᠭᠠᠳᠤ᠎ᠡᠴᠠ ᠤᠷᠤᠭᠤᠯᠬᠤ ᠬᠦᠯᠳᠡᠭᠦᠦ᠎ᠪᠠᠷ ᠵᠦᠭᠡᠭᠡᠪᠦᠷᠢᠯᠡᠬᠦ ᠢᠳᠡᠭᠡᠨ ᠪᠤᠯᠤᠨ ᠪᠤᠰᠤᠳ ᠡᠳ᠋ ᠪᠠᠷᠠᠭ᠎ᠠ᠎ᠶᠢᠨ ᠸᠢᠷᠦ᠋ᠰ᠎ᠲᠤ ᠬᠠᠯᠳᠠᠪᠤᠷᠢᠯᠠᠬᠤ ᠠᠶᠤᠯ ᠲᠦᠭᠰᠢᠭᠦᠷᠢ᠎ᠡᠴᠠ ᠰᠡᠷᠡᠮᠵᠢᠯᠡᠬᠦ ᠬᠡᠷᠡᠭᠲᠡᠢ ᠃ ᠬᠠᠮᠢᠶ᠎ᠡ ᠪᠦᠬᠦᠢ ᠠᠷᠭ᠎ᠠ ᠬᠡᠮᠵᠢᠶ᠎ᠡ᠎ᠶᠢ ᠰᠠᠢᠲᠤᠷ ᠨᠠᠢᠳᠠᠪᠤᠷᠢᠵᠢᠭᠤᠯᠬᠤ᠎ᠳ᠋ᠤ ᠬᠦᠷᠪᠡᠯ ᠂ ᠶᠡᠬᠡ ᠬᠡᠪᠴᠢᠶᠡᠨ᠎ᠤ ᠬᠢᠵᠢᠭ᠎ᠤᠨ ᠪᠠᠢᠳᠠᠯ ᠳᠠᠬᠢᠨ ᠳᠡᠯᠭᠡᠷᠡᠬᠦ ᠦᠭᠡᠢ ᠪᠠᠢᠬᠤ᠎ᠶᠢ ᠪᠠᠲᠤᠯᠠᠵᠤ ᠳᠡᠢᠯᠦᠨ᠎ᠡ ᠭᠡᠵᠦ ᠢᠯᠡᠳᠭᠡᠪᠡ ᠃

14 ᠡᠳᠦᠷ ᠲᠤᠰᠠᠭᠠᠷᠯᠠᠭᠰᠠᠨ᠎ᠤ ᠳᠠᠷᠠᠭ᠎ᠠ ᠶᠠᠭᠠᠬᠢᠭᠠᠳ ᠪᠠᠰᠠ ᠸᠢᠷᠦ᠋ᠰ᠎ᠢ ᠪᠠᠢᠴᠠᠭᠠᠨ ᠢᠯᠡᠷᠡᠭᠦᠯᠦᠭᠰᠡᠨ ᠪᠤᠢ ︖

ᠤᠢᠷ᠎ᠠ᠎ᠳ᠋ᠤ ᠢᠯᠡᠷᠡᠭᠰᠡᠨ 14 ᠡᠳᠦᠷ ᠲᠤᠰᠠᠭᠠᠷᠯᠠᠭᠰᠠᠨ᠎ᠤ ᠳᠠᠷᠠᠭ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠳ᠋ᠤ ᠬᠠᠯᠳᠠᠪᠤᠷᠢᠯᠠᠭᠳᠠᠭᠰᠠᠨ᠎ᠢ ᠪᠠᠢᠴᠠᠭᠠᠨ ᠢᠯᠡᠷᠡᠭᠦᠯᠦᠭᠰᠡᠨ ᠦᠵᠡᠭᠳᠡᠯ᠎ᠳ᠋ᠤ ᠴᠢᠭᠯᠡᠭᠦᠯᠵᠦ ᠂ ᠪᠡᠭᠡᠵᠢᠩ᠎ᠤᠨ ᠨᠢᠭᠡᠳᠦᠭᠡᠷ ᠡᠮᠨᠡᠯᠭᠡ᠎ᠶᠢᠨ ᠬᠤᠷᠢᠶᠠᠨ᠎ᠤ ᠬᠠᠯᠳᠠᠪᠤᠷᠢᠲᠤ ᠡᠪᠡᠳᠴᠢᠨ᠎ᠤ ᠬᠡᠯᠲᠡᠰ᠎ᠤᠨ ᠡᠷᠬᠢᠯᠡᠭᠴᠢ ᠸᠠᠩ ᠭᠦᠢ ᠴᠢᠶᠠᠩ ᠂ ᠨᠢᠭᠤᠭᠳᠠᠮᠠᠯ ᠬᠤᠭᠤᠴᠠᠭ᠎ᠠ ᠬᠡᠳᠦ ᠤᠷᠲᠤ ᠪᠤᠯᠬᠤ᠎ᠨᠢ ᠴᠦᠬᠡᠨ ᠲᠤᠬᠢᠶᠠᠯᠳᠤᠳᠠᠭ ᠦᠵᠡᠭᠳᠡᠯ ᠪᠤᠯᠤᠨ᠎ᠠ ᠂ ᠨᠢᠭᠤᠭᠳᠠᠮᠠᠯ ᠬᠤᠭᠤᠴᠠᠭ᠎ᠠ᠎ᠨᠢ ᠨᠡᠩ ᠤᠷᠲᠤ ᠪᠤᠯᠬᠤ ᠡᠰᠡᠬᠦ᠎ᠶᠢ ᠮᠠᠭᠠᠳᠯᠠᠬᠤ ᠴᠢᠬᠤᠯᠠᠲᠠᠢ ᠃ ᠤᠳᠤᠬᠠᠨ᠎ᠳ᠋ᠤ ᠵᠠᠷᠢᠮ ᠭᠠᠵᠠᠷ᠎ᠤᠨ᠎ᠬᠢᠨ 14+7 ᠡᠳᠦᠷ᠎ᠤᠨ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ᠎ᠨᠢ ᠨᠢᠭᠤᠭᠳᠠᠮᠠᠯ ᠠᠶᠤᠯ ᠲᠦᠭᠰᠢᠭᠦᠷᠢ᠎ᠡᠴᠠ ᠬᠠᠮᠤᠭ ᠶᠡᠬᠡ ᠬᠡᠮᠵᠢᠶ᠎ᠡ᠎ᠪᠠᠷ ᠵᠠᠢᠯᠠᠰᠬᠢᠬᠤ᠎ᠶᠢᠨ ᠲᠦᠯᠦᠭᠡ ᠶᠤᠮ ᠭᠡᠪᠡ ᠃ ᠲᠡᠷᠡ ᠪᠠᠰᠠ ᠂ ᠭᠡᠷ᠎ᠲᠡᠭᠡᠨ ᠰᠠᠭᠤᠵᠤ ᠲᠤᠰᠠᠭᠠᠷᠯᠠᠬᠤ᠎ᠳᠠᠭᠠᠨ ᠪᠠᠰᠠ ᠡᠯ᠎ᠡ ᠵᠦᠢᠯ᠎ᠤᠨ ᠰᠡᠷᠭᠡᠢᠯᠡᠯᠳᠡ ᠬᠠᠮᠠᠭᠠᠯᠠᠯᠲᠠ᠎ᠶᠢ ᠰᠠᠢᠲᠤᠷ ᠬᠢᠬᠦ ᠬᠡᠷᠡᠭᠲᠡᠢ ᠭᠡᠵᠦ ᠰᠠᠨᠠᠭᠤᠯᠪᠠ ᠃

ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ᠎ᠶᠢᠨ ᠬᠠᠯᠳᠠᠭᠠᠬᠤ ᠴᠢᠨᠠᠷ᠎ᠨᠢ ᠲᠤᠳᠤᠯᠠᠭᠰᠠᠨ ᠡᠪᠡᠳᠴᠢᠲᠡᠨ᠎ᠡᠴᠠ ᠪᠠᠭ᠎ᠠ ‍ᠤᠤ ︖

ᠳᠤᠮᠳᠠᠳᠤ ᠤᠯᠤᠰ᠎ᠤᠨ ᠡᠪᠡᠳᠴᠢᠨ ᠡᠮᠬᠡᠭ᠎ᠢ ᠰᠡᠷᠭᠡᠢᠯᠡᠨ ᠡᠵᠡᠮᠳᠡᠬᠦ ᠲᠦᠪ᠎ᠤᠨ ᠡᠷᠬᠢᠯᠡᠭᠴᠢ ᠹᠸᠩ ᠽᠢ ᠵᠢᠶᠠᠨ ᠂ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ᠎ᠨᠢ ᠬᠠᠯᠳᠠᠭᠠᠬᠤ ᠴᠢᠨᠠᠷ᠎ᠲᠠᠢ ᠂ ᠭᠡᠪᠡᠴᠦ ᠬᠠᠯᠳᠠᠭᠠᠬᠤ ᠬᠡᠮᠵᠢᠶ᠎ᠡ ᠲᠡᠢᠮᠦ ᠦᠨᠳᠦᠷ ᠪᠢᠰᠢ ᠪᠠᠢᠵᠤ ᠂ ᠡᠪᠡᠳᠴᠢᠨ᠎ᠤ ᠢᠯᠡᠷᠡᠯ᠎ᠲᠠᠢ ᠡᠪᠡᠳᠴᠢᠲᠡᠨ᠎ᠲᠠᠢ ᠬᠠᠷᠢᠴᠠᠭᠤᠯᠪᠠᠯ ᠂ ᠲᠡᠭᠦᠨ᠎ᠤ ᠬᠠᠯᠳᠠᠭᠠᠬᠤ ᠴᠢᠨᠠᠷ᠎ᠨᠢ ᠳᠦᠷᠪᠡᠨ᠎ᠤ ᠨᠢᠭᠡ ᠪᠤᠶᠤ ᠭᠤᠷᠪᠠᠨ᠎ᠤ ᠨᠢᠭᠡ ᠤᠷᠴᠢᠮ ᠪᠠᠢᠳᠠᠭ ᠃ ᠭᠡᠪᠡᠴᠦ ᠂ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ᠎ᠨᠢ ᠸᠢᠷᠦ᠋ᠰ ᠬᠠᠯᠳᠠᠪᠤᠷᠢᠯᠠᠨ ᠲᠠᠷᠬᠠᠬᠤ ᠶᠠᠪᠤᠴᠠ᠎ᠳ᠋ᠤ ᠮᠦᠨ ᠴᠢᠬᠤᠯᠠ ᠳᠦᠷᠢ᠎ᠶᠢ ᠲᠤᠭᠯᠠᠵᠤ ᠪᠠᠢᠳᠠᠭ ᠃ ᠡᠢᠮᠦ᠎ᠡᠴᠠ ᠂ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠤᠯᠤᠨ ᠳᠤᠳᠤᠯᠠᠭᠰᠠᠨ ᠡᠪᠡᠳᠴᠢᠲᠡᠨ᠎ᠳ᠋ᠤ ᠪᠢᠳᠡ ᠡᠭᠡᠭᠡ ᠠᠳᠠᠯᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ ᠭᠡᠵᠦ ᠢᠯᠡᠳᠭᠡᠪᠡ ᠃

ᠠᠶᠤᠯ ᠲᠦᠭᠰᠢᠭᠦᠷᠢ᠎ᠢᠶᠠᠷ ᠦᠨᠳᠦᠷ ᠪᠤᠶᠤ ᠳᠤᠮᠳᠠ ᠵᠡᠷᠭᠡ᠎ᠶᠢᠨ ᠠᠶᠤᠯ ᠲᠦᠭᠰᠢᠭᠦᠷᠢ᠎ᠲᠠᠢ ᠭᠠᠵᠠᠷ ᠤᠷᠤᠨ᠎ᠤ ᠠᠷᠠᠳ ᠤᠯᠠᠨ ᠸᠠᠺᠼᠢᠨ ᠲᠠᠷᠢᠭᠰᠠᠨ᠎ᠤ ᠳᠠᠷᠠᠭ᠎ᠠ ᠪᠠᠰᠠ ᠲᠤᠰᠠᠭᠠᠷᠯᠠᠬᠤ ᠴᠢᠬᠤᠯᠠᠲᠠᠢ ‍ᠤᠤ ︖

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ᠎ᠤᠨ ᠡᠪᠡᠳᠴᠢᠨ ᠡᠮᠬᠡᠭ᠎ᠢ ᠰᠡᠷᠭᠡᠢᠯᠡᠨ ᠡᠵᠡᠮᠳᠡᠬᠦ ᠲᠤᠪᠴᠢᠶᠠᠨ᠎ᠤ ᠬᠢᠨᠠᠨ ᠪᠠᠢᠴᠠᠭᠠᠬᠤ ᠲᠤᠰᠬᠠᠢ ᠲᠤᠰᠢᠶᠠᠯᠳᠠᠨ ᠸᠠᠩ ᠪᠢᠨ ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠸᠠᠺᠼᠢᠨ ᠲᠠᠷᠢᠭᠰᠠᠨ᠎ᠤ ᠳᠠᠷᠠᠭ᠎ᠠ ᠂ ᠤᠯᠠᠩᠬᠢ ᠬᠦᠮᠦᠰ᠎ᠤᠨ ᠪᠡᠶ᠎ᠡ᠎ᠳ᠋ᠤ ᠴᠠᠷᠤᠭᠴᠢ ᠡᠭᠦᠰᠦᠨ᠎ᠡ ᠂ ᠭᠡᠪᠡᠴᠦ ᠴᠦᠬᠡᠨ ᠲᠤᠭᠠᠨ᠎ᠤ ᠲᠠᠷᠢᠯᠭ᠎ᠠ ᠲᠠᠷᠢᠭᠰᠠᠳ ᠪᠠᠰᠠ ᠬᠠᠯᠳᠠᠪᠤᠷᠢᠯᠠᠭᠳᠠᠬᠤ ᠠᠶᠤᠯ ᠲᠦᠭᠰᠢᠭᠦᠷᠢ᠎ᠲᠠᠢ ᠶᠤᠮ ᠃ ᠡᠭᠦᠨ᠎ᠡᠴᠠ ᠭᠠᠳᠠᠨ᠎ᠠ ᠂ ᠤᠯᠠᠩᠬᠢ ᠬᠦᠮᠦᠰ ᠨᠢᠭᠡ ᠯᠡ ᠤᠳᠠᠭ᠎ᠠ ᠲᠠᠷᠢᠯᠭ᠎ᠠ ᠬᠢᠭᠰᠡᠨ ᠪᠠᠢᠵᠤ ᠂ ᠸᠠᠺᠼᠢᠨ᠎ᠤ ᠬᠠᠮᠠᠭᠠᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ ᠳᠡᠢᠯᠬᠦ ᠦᠭᠡᠢ ᠪᠠᠢᠳᠠᠭ ᠃ ᠬᠦᠮᠦᠨ ᠬᠠᠷ᠎ᠠ ᠨᠠᠭᠠᠰᠢ ᠴᠠᠭᠠᠰᠢ ᠶᠠᠪᠤᠵᠤ ᠰᠠᠭᠤᠬᠤ᠎ᠳ᠋ᠤ ᠯᠡ ᠬᠦᠷᠪᠡᠯ ᠂ ᠲᠤᠬᠠᠢ᠎ᠶᠢᠨ ᠭᠠᠵᠠᠷ᠎ᠤᠨ ᠬᠠᠮᠢᠶ᠎ᠠ ᠪᠦᠬᠦᠢ ᠰᠡᠷᠭᠡᠢᠯᠡᠨ ᠡᠵᠡᠮᠳᠡᠬᠦ ᠱᠠᠭᠠᠷᠳᠠᠯᠭ᠎ᠠ ᠪᠤᠯᠤᠨ ᠲᠤᠭᠲᠠᠭᠠᠯ᠎ᠢ ᠵᠢᠷᠤᠮᠯᠠᠬᠤ᠎ᠶᠢ ᠰᠠᠨᠠᠭᠤᠯᠵᠤ ᠪᠠᠢᠨ᠎ᠠ ᠭᠡᠵᠦ ᠢᠯᠡᠳᠭᠡᠪᠡ ᠃

ᠸᠠᠺᠼᠢᠨ ᠲᠠᠷᠢᠬᠤ᠎ᠳ᠋ᠤ ᠨᠠᠰᠤᠨ᠎ᠤ ᠬᠢᠵᠠᠭᠠᠷ᠎ᠲᠠᠢ ‍ᠤᠤ ︖

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠦᠪᠯᠡᠯ᠎ᠤᠨ ᠡᠪᠡᠳᠴᠢᠨ ᠡᠮᠬᠡᠭ᠎ᠢ ᠰᠡᠷᠭᠡᠢᠯᠡᠨ ᠡᠵᠡᠮᠳᠡᠬᠦ ᠲᠤᠪᠴᠢᠶᠠᠨ᠎ᠤ ᠬᠢᠨᠠᠨ ᠪᠠᠢᠴᠠᠭᠠᠬᠤ ᠲᠤᠰᠬᠠᠢ ᠲᠤᠰᠢᠶᠠᠯᠳᠠᠨ ᠸᠠᠩ ᠪᠢᠨ ᠂ ᠤᠳᠤᠬᠠᠨ᠎ᠤ ᠲᠠᠷᠢᠯᠭ᠎ᠠ ᠲᠠᠷᠢᠬᠤ ᠭᠤᠤᠯᠳᠠᠯᠭ᠎ᠠ᠎ᠲᠠᠢ ᠬᠦᠮᠦᠰ ᠪᠤᠯ 18᠎ᠡᠴᠠ 59 ᠨᠠᠰᠤᠨ᠎ᠤ ᠠᠶᠤᠯ ᠲᠦᠭᠰᠢᠭᠦᠷᠢ᠎ᠢᠶᠠᠷ ᠦᠨᠳᠦᠷ ᠪᠠ ᠬᠠᠯᠳᠠᠪᠤᠷᠢᠯᠠᠭᠳᠠᠵᠤ ᠮᠡᠳᠡᠬᠦ ᠨᠤᠷᠮ᠎ᠠ᠎ᠪᠠᠷ ᠦᠨᠳᠦᠷ ᠬᠦᠮᠦᠰ ᠪᠠᠢᠵᠤ ᠂ ᠸᠠᠺᠼᠢᠨ᠎ᠤ ᠡᠮᠴᠢᠯᠡᠭᠡᠨ᠎ᠤ ᠰᠤᠳᠤᠯᠭᠠᠨ᠎ᠤ ᠲᠤᠭ᠎ᠠ ᠪᠠᠷᠢᠮᠲᠠ᠎ᠶᠢᠨ ᠲᠠᠰᠤᠷᠠᠯᠲᠠ ᠦᠭᠡᠢ ᠲᠡᠭᠦᠯᠳᠡᠷᠵᠢᠬᠦ ᠂ ᠰᠡᠷᠭᠡᠢᠯᠡᠨ ᠡᠵᠡᠮᠳᠡᠬᠦ ᠠᠵᠢᠯ᠎ᠤᠨ ᠱᠠᠭᠠᠷᠳᠠᠯᠭ᠎ᠠ ᠵᠢᠴᠢ ᠸᠠᠺᠼᠢᠨ᠎ᠤ ᠬᠠᠩᠭᠠᠯᠭ᠎ᠠ᠎ᠶᠢᠨ ᠬᠡᠮᠵᠢᠶ᠎ᠡ ᠨᠡᠮᠡᠭᠳᠡᠬᠦ ᠵᠡᠷᠭᠡ᠎ᠶᠢ ᠳᠠᠭᠠᠯᠳᠤᠨ ᠂ ᠳᠤᠮᠳᠠᠳᠤ ᠤᠯᠤᠰ᠎ᠤᠨ᠎ᠬᠢᠨ ᠸᠠᠺᠼᠢᠨ ᠲᠠᠷᠢᠬᠤ ᠬᠠᠷᠠᠯᠲᠠᠳᠤ ᠬᠦᠮᠦᠰ᠎ᠢ ᠦᠷᠭᠡᠳᠭᠡᠵᠦ ᠂ 60 ᠨᠠᠰᠤ ᠵᠢᠴᠢ ᠲᠡᠭᠦᠨ᠎ᠡᠴᠠ ᠳᠡᠭᠡᠭᠰᠢᠬᠢ ᠨᠠᠰᠤᠲᠠᠢᠴᠤᠳ᠎ᠢ ᠪᠠᠭᠲᠠᠭᠠᠬᠤ ᠪᠤᠯᠤᠨ᠎ᠠ ᠭᠡᠵᠦ ᠢᠯᠡᠳᠭᠡᠪᠡ ᠃

ᠢᠷᠡᠯᠲᠡ ᠄ ᠰᠢᠨᠬᠤᠸᠠ ᠬᠤᠷᠢᠶ᠎ᠠ

ᠨᠠᠢᠷᠠᠭᠤᠯᠤᠨ ᠤᠷᠴᠢᠭᠤᠯᠤᠭᠴᠢ ᠄ ᠠᠷᠢᠭᠤᠨ᠎ᠠ

ᠬᠢᠨᠠᠭᠴᠢ ᠄ ᠵᠢᠭᠮᠢᠳ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面