ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2021-01-19 10:39:43

ᠵᠣᠬᠢᠶᠠᠭ᠍ᠴᠢ᠄ ᠰᠢᠨᠬᠤᠸᠠ ᠬᠤᠷᠢᠶᠠᠨ᠎ᠤ ᠰᠤᠷᠪᠤᠯᠵᠢᠯᠠᠬᠴᠢ ᠸᠸᠢ ᠢᠤᠢ ᠺᠦᠨ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ ᠤᠢᠷᠠᠳᠬᠤᠶ᠎ᠠ ᠂ ᠤᠯᠤᠰ᠎ᠤᠨ ᠳᠤᠳᠤᠭᠠᠳᠦ᠎ᠶᠢᠨ ᠬᠢᠵᠢᠭ᠎ᠤᠨ ᠪᠠᠢᠳᠠᠯ ᠡᠨᠲᠡ ᠲᠡᠨᠲᠡ ᠡᠭᠦᠰᠦᠭᠰᠡᠡ ᠪᠠ ᠭᠡᠰᠡᠭ ᠭᠠᠵᠠᠷ ᠲᠦᠪᠯᠡᠷᠡᠯ᠎ᠤᠨ ᠴᠢᠨᠠᠷᠳᠠᠢ ᠡᠬᠦᠰᠬᠦ ᠪᠠᠢᠳᠠᠯ ᠲᠠᠪᠬᠤᠴᠠᠭᠰᠠᠨ ᠬᠠᠨᠳᠤᠰᠢ ᠭᠠᠷᠴᠦ ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠠᠷᠤᠯᠳᠠ ᠨᠡᠯᠢᠶᠡᠳ ᠶᠡᠭᠡ ᠪᠤᠯᠵᠠᠢ ᠃ ᠲᠡᠭᠡᠪᠡᠯ ᠂ ᠡᠨᠡ ᠵᠢᠯ᠎ᠤᠨ ᠴᠠᠭᠠᠨ ᠰᠠᠷ᠎ᠠ ᠨᠤᠳᠤᠭ᠎ᠲᠠᠭᠠᠨ ᠪᠤᠴᠠᠬᠤ᠎ᠳ᠋ᠤ ᠲᠤᠰᠠᠭᠠᠷᠯᠠᠬᠤ ᠴᠢᠬᠤᠯᠠᠳᠠᠢ ‍ᠤᠤ ︖ ᠭᠡᠷ᠎ᠲᠡᠭᠡᠨ ᠪᠤᠴᠠᠬᠤ ᠵᠠᠮ᠎ᠳᠠᠭᠠᠨ ᠶᠠᠭᠤ᠎ᠶᠢ ᠠᠩᠬᠠᠷᠪᠠᠯ ᠵᠤᠬᠢᠬᠤ ᠪᠤᠢ ︖ ᠲᠤᠰ ᠭᠠᠵᠠᠷ᠎ᠲᠠᠭᠠᠨ ᠴᠠᠭᠠᠨ ᠰᠠᠷ᠎ᠠ᠎ᠪᠠᠨ ᠦᠩᠭᠡᠷᠡᠬᠦᠯᠬᠦ᠎ᠳ᠋ᠤ ᠪᠠᠳᠤᠯᠠᠭ᠎ᠠ ᠪᠠᠢᠨ᠎ᠠ ‍ᠤᠤ ︖

ᠴᠠᠭᠠᠨ ᠰᠠᠷ᠎ᠠ ᠨᠤᠳᠤᠭ᠎ᠲᠠᠭᠠᠨ ᠪᠤᠴᠠᠬᠤ᠎ᠳ᠋ᠤ ᠲᠤᠰᠠᠭᠠᠷᠯᠠᠬᠤ᠎ᠶᠢᠨ ᠬᠠᠮᠳᠦ ᠪᠦᠭᠡᠮ ᠬᠦᠴᠢᠯ᠎ᠤᠨ ᠰᠢᠯᠭᠠᠨ ᠪᠠᠢᠴᠠᠭᠠᠯᠳᠠ ᠬᠢᠬᠦ ᠴᠢᠬᠤᠯᠠᠳᠠᠢ ‍ᠤᠤ ︖

ᠨᠢᠭᠡ ᠵᠢᠯ ᠶᠠᠭᠠᠷᠠᠯᠳᠠᠢ ᠠᠵᠢᠯᠯᠠᠬᠰᠠᠨ᠎ᠤ ᠳᠠᠷᠠᠭ᠎ᠠ ᠂ ᠴᠠᠭᠠᠨ ᠰᠠᠷ᠎ᠠ᠎ᠪᠠᠷ ᠨᠤᠳᠤᠭ᠎ᠲᠠᠭᠠᠨ ᠪᠤᠴᠠᠵᠦ ᠭᠡᠷ ᠬᠤᠲᠠᠯᠠᠭᠠᠷ᠎ᠢᠶᠡᠨ ᠴᠤᠭᠯᠠᠷᠠᠬᠤ ᠪᠤᠯ ᠮᠠᠰᠢ ᠤᠯᠠᠨ ᠬᠦᠮᠦᠨ᠎ᠤ ᠬᠦᠰᠡᠯ ᠪᠤᠯᠬᠤ ᠶᠤᠮ ᠃ ᠭᠡᠪᠡᠴᠦ ᠤᠳᠤᠬᠠᠨ᠎ᠳ᠋ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠪᠡᠷᠭᠡ ᠬᠠᠳᠠᠭᠤᠵᠢᠯᠳᠠᠢ ᠨᠠᠷᠢᠨ ᠪᠤᠳᠤᠯᠢᠶᠠᠨᠳᠠᠢ ᠪᠤᠯᠤᠭᠰᠠᠨ᠎ᠡᠴᠠ ᠡᠯ᠎ᠠ ᠭᠠᠵᠠᠷ᠎ᠤᠨ᠎ᠬᠢᠨ ᠨᠤᠳᠤᠭ᠎ᠲᠠᠭᠠᠨ ᠪᠤᠴᠠᠬᠤ᠎ᠳ᠋ᠤ ᠠᠪᠤᠭᠰᠠᠠ ᠲᠦᠷᠦ᠎ᠶᠢᠨ ᠪᠤᠳᠤᠯᠭ᠎ᠠ ᠴᠦ ᠠᠳᠠᠯᠢ ᠪᠤᠰᠤ ᠪᠤᠯᠵᠠᠢ ᠃

ᠰᠤᠷᠪᠤᠯᠵᠢᠯᠠᠬᠴᠢ ᠡᠯ᠎ᠠ ᠭᠠᠵᠠᠷ᠎ᠤᠨ ᠲᠦᠷᠦ᠎ᠶᠢᠨ ᠪᠤᠳᠤᠯᠭ᠎ᠠ᠎ᠶᠢ ᠡᠮᠬᠢᠯᠡᠭᠡᠳ ᠮᠡᠳᠡᠭᠰᠡᠨ᠎ᠢᠶᠠᠷ ᠂ ᠳᠤᠮᠳᠠ ᠦᠨᠳᠦᠷ ᠲᠡᠰ᠎ᠤᠨ ᠠᠶᠦᠯ ᠲᠦᠭᠰᠢᠬᠦᠷᠢᠳᠠᠢ ᠭᠠᠵᠠᠷ ᠤᠷᠤᠨ᠎ᠤ ᠬᠦᠮᠦᠰ ᠴᠠᠭᠠᠨ ᠰᠠᠷ᠎ᠠ ᠨᠤᠳᠤᠭ᠎ᠲᠠᠭᠠᠨ ᠪᠤᠴᠠᠬᠤ᠎ᠳ᠋ᠤ ᠂ ᠲᠦᠪᠯᠡᠷᠡᠬᠦᠯᠦᠨ ᠲᠤᠰᠠᠭᠠᠷᠯᠠᠬᠤ᠎ᠶᠢᠨ ᠬᠠᠮᠳᠦ ᠪᠦᠬᠡᠮ ᠬᠦᠴᠢᠯ᠎ᠤᠨ ᠰᠢᠯᠭᠠᠨ ᠪᠠᠢᠴᠠᠭᠠᠯᠳᠠ ᠬᠢᠬᠦ ᠭᠡᠷᠡᠭᠲᠡᠢ ︔ ᠪᠠᠭ᠎ᠠ ᠠᠶᠦᠯ ᠲᠦᠭᠰᠢᠬᠦᠷᠢᠳᠠᠢ ᠭᠠᠵᠠᠷ ᠤᠷᠤᠨ᠎ᠤ ᠬᠦᠮᠦᠰ ᠴᠠᠭᠠᠨ ᠰᠠᠷ᠎ᠠ ᠨᠤᠳᠤᠭ᠎ᠲᠠᠭᠠᠨ ᠪᠤᠴᠠᠬᠤ᠎ᠳ᠋ᠤ ᠂ ᠮᠡᠳᠡᠬᠦᠯᠦᠨ ᠳᠠᠩᠰᠠᠯᠠᠭᠤᠯᠬᠤ᠎ᠶᠢᠨ ᠬᠠᠮᠳᠦ ᠡᠷᠡᠬᠦᠯ ᠮᠡᠨᠳᠦ᠎ᠶᠢᠨ ᠺᠤᠳ᠋᠎ᠢᠶᠡᠨ ᠦᠵᠡᠬᠦᠯᠬᠦ ᠭᠡᠷᠡᠭᠲᠡᠢ ᠃

ᠪᠡᠭᠡᠵᠢᠩ ᠂ ᠲᠢᠶᠠᠨᠵᠢᠨ ᠂ ᠮᠦᠭᠳᠡᠨ ᠂ ᠾᠸᠹᠸᠢ ᠂ ᠦᠬᠠᠨ ᠵᠡᠷᠭᠡ ᠭᠠᠵᠠᠷ᠎ᠤᠳ ᠂ ᠳᠤᠮᠳᠠ ᠦᠨᠳᠦᠷ ᠲᠡᠰ᠎ᠤᠨ ᠠᠶᠦᠯ ᠲᠦᠭᠰᠢᠬᠦᠷᠢᠳᠠᠢ ᠭᠠᠵᠠᠷ ᠤᠷᠤᠨ᠎ᠤ ᠬᠦᠮᠦᠰ ᠴᠠᠭᠠᠨ ᠰᠠᠷ᠎ᠠ ᠨᠤᠳᠤᠭ᠎ᠲᠠᠭᠠᠨ ᠪᠤᠴᠠᠬᠤ᠎ᠳ᠋ᠤ ᠂ ᠲᠦᠪᠯᠡᠷᠡᠬᠦᠯᠦᠨ ᠲᠤᠰᠠᠭᠠᠷᠯᠠᠬᠤ᠎ᠶᠢᠨ ᠬᠠᠮᠳᠦ ᠪᠦᠬᠡᠮ ᠬᠦᠴᠢᠯ᠎ᠤᠨ ᠰᠢᠯᠭᠠᠨ ᠪᠠᠢᠴᠠᠭᠠᠯᠳᠠ ᠬᠢᠬᠦ ᠭᠡᠷᠡᠭᠲᠡᠢ ᠭᠡᠵᠦ ᠳᠤᠳᠤᠷᠬᠠᠢᠯᠠᠪᠠ ᠃ ᠵᠢᠱᠢᠶᠡᠯᠡᠪᠡᠯ ᠂ ᠾᠸᠹᠸᠢ᠎ᠳ᠋ᠤ ᠬᠦᠷᠬᠦ᠎ᠳ᠋ᠤ ᠂ 14 ᠡᠳᠦᠷ ᠲᠦᠪᠯᠡᠷᠡᠬᠦᠯᠦᠨ ᠲᠤᠰᠠᠭᠠᠷᠯᠡᠵᠦ ᠂ 2 ᠤᠳᠠᠭ᠎ᠠ ᠪᠦᠭᠡᠮ ᠬᠦᠴᠢᠯ᠎ᠤᠨ ᠰᠢᠯᠭᠠᠨ ᠪᠠᠢᠴᠠᠭᠠᠯᠳᠠ ᠬᠢᠬᠦ ᠭᠡᠷᠡᠭᠲᠡᠢ ︔ ᠦᠬᠠᠨ᠎ᠳ᠋ᠤ ᠤᠴᠢᠬᠤ᠎ᠳ᠋ᠤ ᠂ 14 ᠡᠳᠦᠷ ᠲᠦᠪᠯᠡᠷᠡᠬᠦᠯᠦᠨ ᠲᠤᠰᠠᠭᠠᠷᠯᠡᠵᠦ ᠂ 2 ᠤᠳᠠᠭ᠎ᠠ ᠪᠦᠭᠡᠮ ᠬᠦᠴᠢᠯ᠎ᠤᠨ ᠰᠢᠯᠭᠠᠨ ᠪᠠᠢᠴᠠᠭᠠᠯᠳᠠ ᠬᠢᠬᠦ ᠪᠦᠭᠡᠳ 1 ᠤᠳᠠᠭ᠎ᠠ ᠡᠰᠡᠷᠬᠦᠴᠡᠭᠴᠢ ᠪᠡᠶ᠎ᠠ᠎ᠶᠢᠨ ᠰᠢᠯᠭᠠᠨ ᠪᠠᠢᠴᠠᠭᠠᠯᠳᠠ ᠬᠢᠬᠦ ᠭᠡᠷᠡᠭᠲᠡᠢ ᠃

ᠪᠠᠭ᠎ᠠ ᠠᠶᠦᠯ ᠲᠦᠭᠰᠢᠬᠦᠷᠢᠳᠠᠢ ᠭᠠᠵᠠᠷ ᠤᠷᠤᠨ᠎ᠤ ᠬᠦᠮᠦᠰ ᠨᠤᠳᠤᠭ᠎ᠲᠠᠭᠠᠨ ᠪᠤᠴᠠᠬᠤ᠎ᠳ᠋ᠤ ᠴᠢᠭᠯᠡᠬᠦᠯᠦᠨ ᠂ ᠪᠦᠬᠦ ᠤᠯᠤᠰ᠎ᠤᠨ ᠡᠯ᠎ᠠ ᠭᠠᠵᠠᠷ ᠬᠢᠵᠢᠭ᠎ᠢ ᠰᠡᠷᠭᠡᠢᠯᠡᠬᠦ ᠳᠤᠳᠤᠷᠬᠠᠢ ᠱᠠᠭᠠᠷᠳᠠᠯᠭ᠎ᠠ ᠳᠤᠷᠠᠳᠴᠠᠢ ᠃ ᠪᠡᠭᠡᠵᠢᠩ ᠂ ᠪᠠᠭ᠎ᠠ ᠠᠶᠦᠯ ᠲᠦᠭᠰᠢᠬᠦᠷᠢᠳᠠᠢ ᠭᠠᠵᠠᠷ ᠤᠷᠤᠨ᠎ᠤ ᠬᠦᠮᠦᠰ ︽ ᠵᠢᠩ ᠰᠢᠨ ᠬᠠᠪᠰᠤᠷᠤᠮᠵᠢ ︾ ᠵᠦᠭᠡᠯᠡᠨ ᠲᠤᠨᠤᠭ ᠪᠤᠶᠤ App᠎ᠪᠠᠷ ᠬᠤᠪᠢ ᠬᠦᠮᠦᠨ᠎ᠤ ᠮᠡᠳᠡᠭᠡ ᠵᠠᠩᠬᠢ᠎ᠪᠠᠨ ᠪᠦᠷᠢᠳᠭᠡᠬᠦᠯᠵᠦ ᠂ ᠪᠠᠢᠭ᠎ᠠ ᠭᠠᠵᠠᠷ᠎ᠤᠨ ᠨᠡᠢᠭᠡᠮ ᠲᠤᠭᠤᠷᠢᠭ ᠪᠠ ᠨᠢᠭᠡᠴᠢ᠎ᠲᠠᠢ ᠤᠷᠢᠳᠴᠢᠯᠠᠨ ᠬᠠᠷᠢᠯᠴᠠᠬᠤ ᠭᠡᠷᠡᠭᠲᠡᠢ ᠭᠡᠵᠦ ᠱᠠᠭᠠᠷᠳᠠᠪᠠ ︔ ᠦᠬᠠᠨ ᠂ ᠪᠠᠭ᠎ᠠ ᠠᠶᠦᠯ ᠲᠦᠭᠰᠢᠬᠦᠷᠢᠳᠠᠢ ᠭᠠᠵᠠᠷ ᠤᠷᠤᠨ᠎ᠡᠴᠠ ᠦᠬᠠᠨ᠎ᠳ᠋ᠤ ᠪᠤᠴᠠᠬᠤ ᠬᠦᠮᠦᠰ ᠂ 7 ᠡᠳᠦᠷ᠎ᠤᠨ ᠳᠤᠳᠤᠷᠠᠬᠢ ᠪᠦᠬᠡᠮ ᠬᠦᠴᠢᠯ᠎ᠤᠨ ᠰᠢᠯᠭᠠᠨ ᠪᠠᠢᠴᠠᠭᠠᠯᠳᠠ᠎ᠳ᠋ᠤ ᠪᠢᠯᠢᠭ ᠴᠢᠨᠠᠷ ᠭᠠᠷᠤᠭᠰᠠᠨ ᠭᠡᠷᠡᠴᠢᠯᠡᠭᠡ᠎ᠪᠠᠨ ᠠᠪᠴᠦ ᠂ ᠪᠡᠶ᠎ᠠ᠎ᠶᠢᠨ ᠬᠠᠯᠠᠭᠤᠨ ᠬᠡᠪ᠎ᠤᠨ ᠪᠦᠭᠡᠳ ᠡᠷᠡᠬᠦᠯ ᠮᠡᠨᠳᠦ᠎ᠶᠢᠨ ᠺᠤᠳ᠋ ᠪᠠ ᠠᠶᠠᠯᠠᠯ᠎ᠤᠨ ᠵᠠᠮ ᠱᠤᠭᠤᠮ᠎ᠤᠨ ᠺᠤᠳ᠋᠎ᠢᠶᠡᠨ ᠦᠵᠡᠬᠦᠯᠬᠦ ᠭᠡᠷᠡᠭᠲᠡᠢ ᠭᠡᠵᠦ ᠱᠠᠭᠠᠷᠳᠠᠵᠠᠢ ︔ ᠱᠠᠩᠬᠠᠢ ᠂ ᠨᠠᠨᠵᠢᠩ ᠂ ᠬᠦᠢᠶᠠᠩ ᠂ ᠺᠦᠨᠮᠢᠩ ᠵᠡᠷᠭᠡ ᠭᠠᠵᠠᠷ ᠂ ᠡᠷᠡᠬᠦᠯ ᠮᠡᠨᠳᠦ᠎ᠶᠢᠨ ᠺᠤᠳ᠋᠎ᠢᠶᠡᠨ ᠦᠵᠡᠬᠦᠯᠵᠦ ᠂ ᠪᠡᠶ᠎ᠠ᠎ᠶᠢᠨ ᠬᠠᠯᠠᠭᠤᠨ ᠬᠡᠪ᠎ᠤᠨ ᠪᠠᠢᠪᠠᠯ ᠤᠷᠤᠵᠤ ᠪᠤᠯᠤᠨ᠎ᠠ ᠭᠡᠵᠦ ᠳᠤᠳᠤᠷᠬᠠᠢᠯᠠᠬᠰᠠᠨ ᠪᠠᠢᠨ᠎ᠠ ᠃

ᠭᠡᠷ᠎ᠲᠡᠭᠡᠨ ᠪᠤᠴᠠᠬᠤ ᠵᠠᠮ ᠠᠮᠤᠷ ᠲᠦᠪᠰᠢᠨ ᠰᠢᠭᠤᠳ ᠰᠢᠯᠤᠭᠤᠨ ‍ᠤᠤ ︖

ᠡᠨᠡ ᠵᠢᠯ᠎ᠤᠨ ᠴᠠᠭᠠᠨ ᠰᠠᠷ᠎ᠠ᠎ᠶᠢᠨ ᠵᠦᠭᠡᠭᠡᠪᠦᠷᠢ ᠪᠤᠯ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠶᠢ ᠪᠠᠢᠩᠭᠤᠵᠢᠭᠤᠯᠤᠭᠰᠠᠨ᠎ᠤ ᠳᠠᠷᠠᠭᠠᠬᠢ ᠠᠩᠬᠠᠳᠠᠬᠴᠢ ᠴᠠᠭᠠᠨ ᠰᠠᠷ᠎ᠠ᠎ᠶᠢᠨ ᠵᠦᠭᠡᠭᠡᠪᠦᠷᠢ ᠪᠤᠯᠤᠨ᠎ᠠ ᠃ ︽ ᠭᠡᠷ᠎ᠲᠡᠭᠡᠨ ᠪᠤᠴᠠᠬᠤ ᠵᠠᠮ ᠠᠮᠤᠷ ᠲᠦᠪᠰᠢᠨ ᠰᠢᠭᠤᠳ ᠰᠢᠯᠤᠭᠤᠨ ‍ᠤᠤ ︖ ︾ ︽ ᠬᠤᠪᠢ ᠬᠦᠮᠦᠨ ᠶᠠᠭᠤ᠎ᠶᠢ ᠠᠩᠬᠠᠷᠬᠤ ᠴᠢᠬᠤᠯᠠᠳᠠᠢ ᠪᠤᠢ ︖ ︾ ᠵᠡᠷᠭᠡ᠎ᠨᠢ ᠨᠡᠢᠭᠡᠮ ᠨᠡᠢᠳᠡ᠎ᠪᠠᠷ᠎ᠢᠶᠡᠨ ᠠᠩᠬᠠᠷᠴᠦ ᠪᠠᠢᠭ᠎ᠠ ᠬᠠᠯᠠᠮᠰᠢᠯ ᠠᠰᠠᠭᠤᠳᠠᠯ ᠪᠤᠯᠵᠠᠢ ᠃

ᠵᠠᠮ ᠬᠠᠷᠢᠯᠴᠠᠭ᠎ᠠ ᠳᠡᠭᠡᠭᠡᠪᠦᠷᠢ᠎ᠶᠢᠨ ᠶᠠᠮᠤᠨ᠎ᠤ ᠳᠡᠳ᠋ ᠰᠠᠢᠳ ᠯᠢᠦ ᠰᠢᠶᠤᠤ ᠮᠢᠩ ᠂ ᠵᠠᠮ ᠬᠠᠷᠢᠯᠴᠠᠭ᠎ᠠ ᠳᠡᠭᠡᠭᠡᠪᠦᠷᠢ᠎ᠶᠢᠨ ᠰᠠᠯᠠᠭ᠎ᠠ ᠮᠦᠴᠢᠷ᠎ᠤᠨ᠎ᠬᠢᠨ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠳᠤᠯᠠᠭ᠎ᠠ ᠂ ᠰᠤᠶᠤᠯ ᠪᠠ ᠵᠢᠭᠤᠯᠴᠢᠯᠠᠯ ᠵᠡᠷᠭᠡ ᠰᠠᠯᠠᠭ᠎ᠠ ᠮᠦᠴᠢᠷ᠎ᠲᠠᠢ ᠢᠳᠡᠪᠬᠢᠳᠠᠢ ᠬᠠᠮᠵᠢᠯᠴᠠᠨ ᠬᠤᠯᠪᠤᠭᠳᠠᠯ ᠪᠦᠬᠦᠢ ᠠᠵᠢᠯ᠎ᠢ ᠰᠠᠢᠳᠤᠷ ᠬᠢᠵᠦ ᠂ ᠠᠶᠠᠨᠴᠢᠳ᠎ᠤᠨ ᠠᠶᠠᠯᠠᠯ᠎ᠤᠨ ᠡᠮᠦᠨᠡᠬᠢ ᠵᠢᠯᠤᠭᠤᠳᠤᠮᠵᠢ ᠪᠠ ᠬᠠᠮᠢᠶᠠᠷᠤᠯᠳᠠ ᠡᠵᠡᠮᠳᠡᠯᠳᠠ᠎ᠳ᠋ᠤ ᠠᠩᠬᠠᠷᠤᠯ ᠲᠦᠪᠯᠡᠷᠡᠬᠦᠯᠦᠨ ᠂ ᠵᠦᠭᠡᠭᠡᠪᠦᠷᠢ᠎ᠶᠢ ᠵᠤᠬᠢᠶᠠᠨ ᠪᠠᠢᠭᠤᠯᠬᠤ᠎ᠪᠠᠨ ᠴᠢᠩᠭᠠᠳᠬᠠᠵᠦ ᠂ ᠵᠦᠭᠡᠭᠡᠪᠦᠷᠢ᠎ᠶᠢᠨ ᠬᠦᠴᠦᠨ᠎ᠢ ᠰᠢᠨᠵᠢᠯᠡᠬᠦ ᠤᠬᠠᠭᠠᠨᠴᠢ᠎ᠪᠠᠷ ᠲᠤᠬᠢᠷᠠᠭᠤᠯᠤᠨ ᠂ ᠤᠷᠬᠢᠯ ᠭᠡᠮᠵᠢᠭᠳᠡᠯ᠎ᠢ ᠪᠠᠭᠠᠰᠬᠠᠨ ᠭᠡᠮᠵᠢᠶ᠎ᠠ᠎ᠶᠢ ᠡᠵᠡᠮᠳᠡᠬᠦ ᠠᠵᠢᠯ᠎ᠢ ᠦᠨᠡᠨ ᠬᠦ ᠰᠠᠢᠳᠤᠷ ᠬᠢᠬᠦ᠎ᠶᠢ ᠠᠬᠢᠭᠤᠯᠤᠨ᠎ᠠ ᠭᠡᠵᠦ ᠢᠯᠡᠳᠭᠡᠪᠡ ᠃

ᠡᠬᠦᠨ᠎ᠡᠴᠠ ᠭᠠᠳᠠᠨ᠎ᠠ ᠂ ᠵᠠᠷᠢᠮ ᠭᠠᠵᠠᠷ ᠤᠷᠤᠨ᠎ᠤ ᠬᠢᠵᠢᠭ᠎ᠢ ᠰᠡᠷᠭᠡᠢᠯᠡᠬᠦ ᠡᠷᠡᠬᠦᠯ ᠮᠡᠨᠳᠦ᠎ᠶᠢᠨ ᠺᠤᠳ᠋᠎ᠢ ᠬᠠᠷᠢᠯᠴᠠᠨ ᠮᠡᠳᠡᠷᠡᠬᠦ ᠦᠭᠡᠢ ᠂ ᠬᠦᠮᠦᠨ ᠬᠠᠷ᠎ᠠ ᠦᠩᠭᠡᠷᠡᠬᠦ ᠦᠷ᠎ᠠ ᠪᠦᠳᠦᠮᠵᠢ ᠲᠤᠤᠷ᠎ᠠ ᠪᠠᠢᠬᠤ ᠪᠦᠭᠡᠳ ᠺᠤᠳ᠋ ᠰᠢᠷᠪᠢᠬᠦ᠎ᠡᠴᠠ ᠪᠤᠯᠵᠦ ᠬᠦᠮᠦᠨ ᠬᠠᠷ᠎ᠠ ᠴᠤᠬᠯᠠᠷᠠᠬᠤ ᠠᠰᠠᠭᠤᠳᠠᠯ᠎ᠳ᠋ᠤ ᠴᠢᠭᠯᠡᠬᠦᠯᠦᠨ ᠂ ᠡᠨᠡ ᠵᠢᠯ᠎ᠤᠨ ᠴᠠᠭᠠᠨ ᠰᠠᠷ᠎ᠠ᠎ᠶᠢᠨ ᠵᠦᠭᠡᠭᠡᠪᠦᠷᠢ᠎ᠶᠢᠨ ᠬᠤᠭᠤᠴᠠᠭᠠᠨ᠎ᠳ᠋ᠤ ᠡᠷᠡᠬᠦᠯ ᠮᠡᠨᠳᠦ᠎ᠶᠢᠨ ᠺᠤᠳ᠋᠎ᠢ ᠪᠦᠬᠦ ᠤᠯᠤᠰ᠎ᠢᠶᠠᠷ᠎ᠢᠶᠡᠨ ᠬᠠᠷᠢᠯᠴᠠᠨ ᠮᠡᠳᠡᠷᠡᠬᠦ ᠪᠤᠯᠭᠠᠪᠠ ᠃

ᠡᠯ᠎ᠠ ᠭᠠᠵᠠᠷ᠎ᠤᠨ ᠬᠢᠵᠢᠭ᠎ᠢ ᠰᠡᠷᠭᠡᠢᠯᠡᠬᠦ ᠲᠦᠷᠦ᠎ᠶᠢᠨ ᠪᠤᠳᠤᠯᠭ᠎ᠠ᠎ᠡᠴᠠ ᠦᠵᠡᠬᠦ᠎ᠳ᠋ᠤ ᠂ ᠪᠡᠶ᠎ᠠ᠎ᠶᠢᠨ ᠬᠠᠯᠠᠭᠤᠨ᠎ᠢ ᠨᠠᠷᠢᠨ ᠬᠢᠨᠠᠮᠠᠭᠠᠢ ᠭᠡᠮᠵᠢᠬᠦ ᠂ ᠪᠦᠬᠦ ᠶᠠᠪᠤᠴᠠ᠎ᠳ᠋ᠤ ᠠᠮᠠᠪᠴᠢ ᠵᠡᠬᠦᠬᠦ᠎ᠨᠢ ᠭᠡᠷ᠎ᠲᠡᠭᠡᠨ ᠪᠤᠴᠠᠬᠤ ᠵᠠᠮ ᠳᠡᠭᠡᠷ᠎ᠠ ᠬᠤᠪᠢ ᠬᠦᠮᠦᠨ᠎ᠤ ᠬᠠᠮᠠᠭᠠᠯᠠᠯᠳᠠ᠎ᠶᠢᠨ ᠡᠷᠭᠡᠪᠰᠢ ᠪᠡᠶᠡᠯᠡᠬᠦᠯᠬᠦ ᠵᠦᠢᠯ ᠪᠤᠯᠤᠨ᠎ᠠ ᠃ ᠳᠤᠮᠳᠠᠳᠤ ᠤᠯᠤᠰ᠎ᠤᠨ ᠢᠨᠵᠸᠨ᠋ᠸᠷᠢᠩ᠎ᠤᠨ ᠬᠦᠷᠢᠶᠡᠯᠡᠩ᠎ᠤᠨ ᠠᠺᠠᠳ᠋ᠸᠮᠢᠴᠢ ᠂ ᠲᠢᠶᠠᠨᠵᠢᠨ᠎ᠤ ᠬᠢᠳᠡᠳ ᠡᠮ ᠡᠮᠨᠡᠯᠭᠡ᠎ᠶᠢᠨ ᠶᠡᠭᠡ ᠰᠤᠷᠭᠠᠭᠤᠯᠢ᠎ᠶᠢᠨ ᠵᠠᠬᠢᠷᠤᠯ ᠵᠠᠩ ᠪᠦᠸᠸ ᠯᠢ ᠂ ᠴᠠᠭᠠᠨ ᠰᠠᠷ᠎ᠠ᠎ᠶᠢᠨ ᠬᠤᠭᠤᠴᠠᠭᠠᠨ᠎ᠳ᠋ᠤ ᠴᠦᠭᠡᠨ ᠴᠤᠬᠯᠠᠷᠠᠵᠦ ᠂ ᠤᠨᠴᠠᠭᠠᠢ ᠪᠠᠢᠳᠠᠯ ᠦᠭᠡᠢ ᠪᠤᠯ ᠴᠢᠳᠠᠬᠤ᠎ᠶᠢᠨ ᠳᠤᠳᠤᠷ᠎ᠠ ᠭᠠᠳᠠᠭᠰᠢ ᠵᠢᠭᠤᠯᠴᠢᠯᠠᠬᠤ᠎ᠪᠠᠷ ᠭᠠᠷᠬᠤ ᠦᠭᠡᠢ ᠪᠠᠢᠵᠦ ᠂ ᠠᠮᠠᠪᠴᠢ ᠵᠡᠬᠦᠬᠦ ᠂ ᠭᠠᠷ᠎ᠢᠶᠡᠨ ᠪᠠᠢᠩᠭᠤ ᠤᠬᠢᠶᠠᠬᠤ ᠂ ᠰᠠᠯᠬᠢ ᠨᠡᠪᠳᠡᠷᠡᠬᠦᠯᠬᠦ᠎ᠶᠢ ᠪᠠᠷᠢᠮᠳᠠᠯᠠᠬᠤ ᠭᠡᠷᠡᠭᠲᠡᠢ ᠂ ᠤᠯᠤᠰ᠎ᠤᠨ ᠪᠠᠶᠠᠷ᠎ᠤᠨ ᠬᠤᠭᠤᠴᠠᠭ᠎ᠠ᠎ᠲᠠᠢ ᠠᠳᠠᠯᠢ᠎ᠪᠠᠷ ᠶᠠᠪᠤᠵᠦ ᠰᠠᠭᠤᠵᠦ ᠪᠤᠯᠬᠤ ᠦᠭᠡᠢ ᠭᠡᠵᠦ ᠰᠠᠨᠠᠭᠤᠯᠪᠠ ᠃

ᠲᠤᠰ ᠭᠠᠵᠠᠷ᠎ᠲᠠᠭᠠᠨ ᠴᠠᠭᠠᠨ ᠰᠠᠷ᠎ᠠ᠎ᠪᠠᠨ ᠦᠩᠭᠡᠷᠡᠬᠦᠯᠬᠦ᠎ᠶᠢ ᠭᠡᠷᠬᠢᠨ ᠰᠠᠢᠳᠤᠷ ᠪᠠᠳᠤᠯᠠᠬᠤ ᠪᠤᠢ ︖

︽ ᠡᠨᠡ ᠵᠢᠯ᠎ᠤᠨ ᠴᠠᠭᠠᠨ ᠰᠠᠷ᠎ᠠ ᠭᠡᠷ ᠨᠤᠳᠤᠭ᠎ᠲᠠᠭᠠᠨ ᠬᠠᠷᠢᠬᠤ ᠦᠭᠡᠢ ᠂ ᠺᠤᠮᠫᠠᠨᠢ᠎ᠳᠠᠭᠠᠨ ᠦᠯᠡᠳᠡᠵᠦ ᠮᠦᠩᠬᠦ ᠵᠤᠭᠤᠰ ᠤᠯᠤᠶ᠎ᠠ ︾ ︽ ᠭᠡᠷ᠎ᠲᠡᠭᠡᠨ ᠬᠠᠷᠢᠵᠦ 14 ᠡᠳᠦᠷ ᠲᠤᠰᠠᠭᠠᠷᠯᠠᠬᠳᠠᠭᠰᠠᠨ᠎ᠡᠴᠠ ᠡᠨᠳᠡ᠎ᠪᠠᠨ ᠦᠯᠡᠳᠡᠵᠦ ᠢᠯᠡᠬᠦᠦ ᠭᠡᠳᠦᠨ ᠮᠦᠩᠬᠦ ᠤᠯᠤᠶ᠎ᠠ ︾ ᠁ ᠪᠡᠷᠭᠡ ᠬᠠᠳᠠᠭᠤᠵᠢᠯᠳᠠᠢ ᠨᠠᠷᠢᠨ ᠪᠤᠳᠤᠯᠢᠶᠠᠨᠳᠠᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ ᠳᠤᠤᠷ᠎ᠠ ᠲᠤᠰ ᠭᠠᠵᠠᠷ᠎ᠲᠠᠭᠠᠨ ᠦᠯᠡᠳᠡᠵᠦ ᠴᠠᠭᠠᠨ ᠰᠠᠷ᠎ᠠ᠎ᠪᠠᠨ ᠦᠩᠭᠡᠷᠡᠬᠦᠯᠬᠦ᠎ᠨᠢ ᠭᠡᠷ ᠨᠤᠲᠤᠭ᠎ᠡᠴᠠ᠎ᠪᠠᠨ ᠬᠤᠯᠠ ᠭᠠᠲᠠᠨ᠎ᠠ ᠤᠷᠤᠨ᠎ᠳ᠋ᠤ ᠪᠠᠢᠭ᠎ᠠ ᠬᠦᠮᠦᠰ᠎ᠤᠨ ᠨᠢᠭᠡᠨ ᠰᠤᠩᠭᠤᠯᠳᠠ ᠪᠤᠯᠵᠠᠢ ᠃

ᠠᠩᠬ᠎ᠠ ᠠᠯᠬᠤᠮ᠎ᠤᠨ ᠪᠦᠷᠢᠳᠭᠡᠯ᠎ᠢᠶᠠᠷ ᠂ ᠤᠳᠤᠬᠠᠨ᠎ᠳ᠋ᠤ ᠪᠦᠬᠦ ᠤᠯᠤᠰ᠎ᠤᠨ 25 ᠮᠤᠵᠢ ︽ ᠲᠤᠰ ᠭᠠᠵᠠᠷ᠎ᠲᠠᠭᠠᠨ ᠴᠠᠭᠠᠨ ᠰᠠᠷ᠎ᠠ᠎ᠪᠠᠨ ᠦᠩᠭᠡᠷᠡᠬᠦᠯᠬᠦ ︾᠎ᠶᠢ ᠰᠠᠨᠠᠭᠠᠴᠢᠯᠠᠵᠦ ᠂ ᠮᠠᠰᠢ ᠤᠯᠠᠨ ᠬᠦᠮᠦᠰ ᠵᠠᠰᠠᠭ᠎ᠤᠨ ᠤᠷᠳᠤᠨ᠎ᠤ ᠰᠠᠨᠠᠭᠠᠴᠢᠯᠠᠭ᠎ᠠ᠎ᠶᠢ ᠴᠤᠤᠷᠢᠶᠠᠳᠤᠨ ᠳᠠᠭᠠᠵᠦ ᠪᠤᠢ ᠃ ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠤᠨ ᠬᠢᠵᠠᠭᠠᠷᠳᠦ ᠺᠤᠮᠫᠠᠨᠢ᠎ᠶᠢᠨ ᠳᠡᠳ᠋ ᠶᠡᠷᠦᠩᠭᠡᠢ ᠳᠠᠭᠠᠭᠠᠮᠠᠯ ᠯᠢᠨ ᠸᠸᠨ ᠰᠢᠨ ᠂ ᠡᠨᠡ ᠵᠢᠯ᠎ᠤᠨ ᠴᠠᠭᠠᠨ ᠰᠠᠷ᠎ᠠ᠎ᠶᠢᠨ ᠠᠮᠠᠷᠠᠯᠳᠠ᠎ᠡᠴᠠ ᠡᠮᠦᠨᠡᠬᠢ ᠪᠢᠯᠸᠲ᠎ᠢ ᠤᠷᠢᠳᠴᠢᠯᠠᠨ ᠪᠤᠷᠤᠯᠠᠭᠤᠯᠤᠭᠰᠠᠨ ᠪᠠᠢᠳᠠᠯ ᠦᠩᠭᠡᠷᠡᠭᠰᠡᠨ ᠵᠢᠯ᠎ᠤᠨ ᠠᠳᠠᠯᠢ ᠬᠤᠭᠤᠴᠠᠭ᠎ᠠ᠎ᠲᠠᠢ ᠬᠠᠷᠢᠴᠠᠭᠤᠯᠪᠠᠯ ᠵᠢᠷᠭᠤᠭᠠᠨ ᠬᠤᠪᠢ ᠪᠠᠭᠤᠷᠠᠵᠦ ᠂ ᠵᠢᠱᠢᠯᠳᠠ᠎ᠪᠠᠷ ᠪᠦᠬᠦ ᠤᠯᠤᠰ᠎ᠤᠨ ᠲᠡᠮᠦᠷ ᠵᠠᠮ᠎ᠤᠨ ᠴᠠᠭᠠᠨ ᠰᠠᠷ᠎ᠠ᠎ᠶᠢᠨ ᠵᠦᠭᠡᠭᠡᠪᠦᠷᠢ᠎ᠶᠢᠨ ᠠᠶᠠᠨᠴᠢᠳ᠎ᠤᠨ ᠭᠡᠮᠵᠢᠶ᠎ᠠ 2.96 ᠳ᠋ᠦᠩᠰᠢᠭᠤᠷ ᠬᠦᠮᠦᠨ ᠤᠳᠠᠭ᠎ᠠ ᠪᠤᠯᠵᠦ ᠪᠠᠭᠤᠷᠠᠬᠤ ᠪᠤᠯᠤᠨ᠎ᠠ ᠭᠡᠵᠦ ᠲᠠᠨᠢᠯᠴᠠᠭᠤᠯᠪᠠ ᠃

ᠲᠤᠰ ᠭᠠᠵᠠᠷ᠎ᠲᠠᠭᠠᠨ ᠴᠠᠭᠠᠨ ᠰᠠᠷ᠎ᠠ᠎ᠪᠠᠨ ᠦᠩᠭᠡᠷᠡᠬᠦᠯᠬᠦ᠎ᠨᠢ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠎ᠶᠢᠨ ᠲᠦᠯᠦᠭᠡ ᠂ ᠭᠡᠷ᠎ᠤᠨ ᠬᠦᠮᠦᠰ᠎ᠲᠠᠢ᠎ᠪᠠᠨ ᠠᠭᠤᠯᠵᠠᠬᠤ ᠲᠤᠬᠢᠶᠠᠯ᠎ᠢ ᠳᠠᠶᠠᠬᠳᠠᠬᠰᠠᠨ ᠦᠷᠡᠭᠳᠡᠯ ᠪᠠ ᠬᠤᠪᠢ ᠨᠡᠮᠡᠷᠢ᠎ᠨᠢ ᠮᠠᠭᠲᠠᠭᠤᠰᠢᠲᠠᠢ ᠃ ᠡᠢᠮᠦ᠎ᠡᠴᠠ ᠡᠯ᠎ᠠ ᠭᠠᠵᠠᠷ ᠡᠯ᠎ᠠ ᠰᠠᠯᠠᠭ᠎ᠠ ᠮᠦᠴᠢᠷ᠎ᠤᠨ᠎ᠬᠢᠨ ᠴᠦ ᠪᠤᠳᠠᠳᠠᠢ ᠠᠷᠭ᠎ᠠ ᠭᠡᠮᠵᠢᠶ᠎ᠠ ᠭᠠᠷᠭᠠᠵᠦ ᠂ ᠲᠤᠰ ᠭᠠᠵᠠᠷ᠎ᠲᠠᠭᠠᠨ ᠬᠤᠴᠤᠷᠤᠭᠰᠠᠨ ᠬᠦᠮᠦᠰ᠎ᠲᠤ ︽ ᠰᠢᠨ᠎ᠠ ᠵᠢᠯ ᠴᠠᠭᠠᠨ ᠰᠠᠷ᠎ᠠ᠎ᠶᠢᠨ ᠦᠨᠦᠷ ᠠᠮᠳᠠ ︾᠎ᠶᠢ ᠮᠡᠳᠡᠷᠡᠬᠦᠯᠬᠦ᠎ᠪᠠᠷ ᠴᠢᠷᠮᠠᠢᠬᠤ ᠭᠡᠵᠤ ᠪᠠᠢᠨ᠎ᠠ ᠃

ᠤᠯᠤᠰ᠎ᠤᠨ ᠬᠦᠭᠵᠢᠬᠦᠯᠦᠯᠳᠠ ᠪᠠ ᠦᠭᠡᠷᠡᠴᠢᠯᠡᠯᠳᠠ᠎ᠶᠢᠨ ᠵᠦᠪᠯᠡᠯ᠎ᠡᠴᠠ ᠂ ᠴᠠᠭᠠᠨ ᠰᠠᠷ᠎ᠠ᠎ᠶᠢᠨ ᠠᠮᠠᠷᠠᠯᠳᠠ᠎ᠶᠢᠨ ᠬᠤᠭᠤᠴᠠᠭᠠᠨ᠎ᠳ᠋ᠤ ᠬᠤᠳᠠᠯᠳᠤᠭᠠᠨ᠎ᠤ ᠲᠠᠯᠠᠪᠠᠢ ᠬᠠᠮ ᠳᠡᠯᠭᠡᠬᠦᠷ ᠬᠡᠪ᠎ᠤᠨ ᠶᠤᠰᠤᠭᠠᠷ ᠡᠵᠡᠩᠨᠡᠯᠳᠠ ᠬᠢᠵᠦ ᠂ ᠪᠠᠷᠠᠭᠠᠨ᠎ᠤ ᠬᠦᠢᠯᠭᠡᠭᠡ᠎ᠶᠢᠨ ᠲᠦᠬᠦᠭᠡᠷᠤᠮᠵᠢ᠎ᠶᠢ ᠬᠡᠪ᠎ᠤᠨ ᠶᠤᠰᠤᠭᠠᠷ ᠠᠵᠢᠯᠯᠠᠭᠤᠯᠤᠨ ᠂ ᠠᠮᠢᠳᠤᠷᠠᠯ᠎ᠤᠨ ᠡᠳ᠋ ᠪᠤᠳᠠᠰ ᠦᠢᠯᠡᠳᠪᠤᠷᠢᠯᠡᠬᠦ ᠠᠵᠤ ᠠᠬᠤᠢᠯᠠᠯ᠎ᠢ ᠬᠡᠪ᠎ᠤᠨ ᠶᠤᠰᠤᠭᠠᠷ ᠠᠵᠢᠯᠯᠠᠭᠤᠯᠵᠦ ᠂ ᠤᠯᠠᠨ ᠠᠷᠭ᠎ᠠ ᠭᠡᠮᠵᠢᠶ᠎ᠠ᠎ᠶᠢ ᠵᠡᠷᠭᠡ᠎ᠪᠠᠷ ᠭᠡᠷᠡᠭᠵᠢᠬᠦᠯᠦᠨ ᠴᠢᠬᠤᠯᠠ ᠪᠦᠬᠦᠢ ᠠᠷᠠᠳ᠎ᠤᠨ ᠠᠮᠢᠳᠤᠷᠠᠯ᠎ᠤᠨ ᠲᠠᠸᠠᠷ᠎ᠤᠨ ᠬᠠᠩᠭᠠᠯᠭ᠎ᠠ ᠪᠠ ᠦᠨ᠎ᠠ ᠬᠠᠩᠰᠢ ᠶᠡᠷᠦᠩᠭᠡᠢ᠎ᠳ᠋ᠡᠭᠡᠨ ᠲᠤᠭᠳᠠᠭᠤᠨ ᠪᠠᠢᠬᠤ᠎ᠶᠢ ᠪᠠᠳᠤᠯᠠᠬᠤ ᠭᠡᠷᠡᠭᠲᠡᠢ ᠭᠡᠵᠦ ᠱᠠᠭᠠᠷᠳᠠᠪᠠ ᠃

ᠵᠸᠵᠢᠶᠠᠩ ᠂ ᠹᠦᠵᠢᠶᠠᠨ ᠂ ᠭᠤᠸᠠᠩᠳᠦ᠋ᠩ ᠵᠡᠷᠭᠡ ᠮᠤᠵᠢ᠎ᠶᠢᠨ ᠭᠡᠰᠡᠭ ᠲᠤᠰᠬᠠᠢ ᠤᠷᠤᠨ᠎ᠤ ᠬᠤᠳᠠ᠎ᠶᠢᠨ᠎ᠬᠢᠨ ᠠᠵᠤ ᠠᠬᠤᠢᠯᠠᠯ᠎ᠤᠳ᠎ᠢ ︽ ᠠᠵᠢᠯ᠎ᠤᠨ ᠪᠠᠢᠷᠢ᠎ᠳᠠᠭᠠᠨ ᠬᠤᠴᠤᠷᠤᠭᠰᠠᠨ ᠤᠯᠠᠭᠠᠨ ᠪᠠᠭᠯᠠᠭ᠎ᠠ ︾ ᠳᠠᠷᠬᠠᠭᠠᠬᠤ ᠂ ᠬᠤᠭᠤᠯᠠ ᠤᠮᠳᠠ᠎ᠶᠢᠨ ᠨᠦᠬᠦᠴᠡᠯ᠎ᠢ ᠰᠠᠢᠵᠢᠷᠠᠭᠤᠯᠬᠤ ᠂ ᠰᠤᠶᠤᠯ ᠵᠢᠭᠤᠯᠴᠢᠯᠠᠯ᠎ᠤᠨ ᠠᠵᠢᠯᠯᠠᠭ᠎ᠠ ᠲᠤᠬᠢᠷᠠᠭᠤᠯᠬᠤ ᠵᠡᠷᠭᠡ ᠠᠷᠭ᠎ᠠ ᠭᠡᠮᠵᠢᠶ᠎ᠠ ᠭᠡᠷᠡᠭᠵᠢᠬᠦᠯᠬᠦ᠎ᠶᠢ ᠵᠤᠷᠢᠬᠵᠢᠭᠤᠯᠵᠦ ᠂ ᠠᠵᠤ ᠠᠬᠤᠢᠯᠠᠯ᠎ᠤᠳ ᠶᠠᠭ ᠢᠳᠡᠪᠬᠢᠳᠠᠢ ᠴᠤᠤᠷᠢᠶᠠᠳᠤᠨ ᠳᠠᠭᠠᠭᠠᠵᠦ ᠪᠤᠢ ᠁

︵ ᠰᠢᠨᠬᠤᠸᠠ ᠬᠤᠷᠢᠶᠠᠨ᠎ᠤ ᠪᠡᠭᠡᠵᠢᠩ᠎ᠤᠨ 1 ᠰᠠᠷ᠎ᠠ᠎ᠶᠢᠨ 17᠎ᠤ ᠴᠠᠬᠢᠯᠭᠠᠨ ᠮᠡᠳᠡᠭᠡ᠎ᠡᠴᠠ ︶

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面