ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠲᠠᠢᠯᠤᠮᠵᠢ

2021-04-16 15:53:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢᠨᠬᠤᠸᠠ ᠬᠣᠷᠢᠶᠠᠨ᠎ᠤ ᠪᠡᠭᠡᠵᠢᠩ᠎ᠤᠨ 4 ᠰᠠᠷ᠎ᠠ᠎ᠶᠢᠨ 12᠎ᠤᠨ ᠴᠠᠬᠢᠯᠭᠠᠨ ᠮᠡᠳᠡᠭᠡ᠎ᠡᠴᠠ ︵ ᠰᠤᠷᠪᠤᠯᠵᠢᠯᠠᠭᠴᠢ ᠫᠧᠩ ᠶᠦᠨ ᠵᠢᠶᠠ ᠰᠢᠤᠢ ᠫᠧᠩ ᠬᠠᠩ ︶ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠬᠠᠮᠤᠭ᠎ᠤᠨ ᠰᠢᠨ᠎ᠡ ᠮᠡᠳᠡᠭᠡ᠎ᠶᠢ ᠦᠨᠳᠦᠰᠦᠯᠡᠪᠡᠯ ᠂ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠶᠡᠷᠦᠩᠬᠡᠶ ᠲᠠᠷᠢᠯᠭ᠎ᠠ᠎ᠶᠢᠨ ᠲᠣᠭ᠎ᠠ ᠪᠥᠬᠥ ᠳᠡᠯᠡᠬᠡᠶ᠎ᠳ᠋ᠤ ᠬᠣᠶᠠᠳᠤᠭᠠᠷ᠎ᠲᠤ ᠣᠷᠣᠪᠠ ᠃ ᠣᠳᠣᠬᠠᠨ᠎ᠤ ᠤᠯᠤᠰ᠎ᠤᠨ ᠳᠣᠲᠣᠭᠠᠳᠤ᠎ᠶᠢᠨ ᠨᠦᠬᠦᠴᠡᠯ᠎ᠳ᠋ᠤ ᠨᠡᠢᠴᠡᠵᠥ ᠵᠠᠬ᠎ᠠ ᠳᠡᠯᠭᠡᠭᠦᠷ᠎ᠲᠤ ᠭᠠᠷᠭᠠᠭᠰᠠᠨ 4 ᠵᠦᠢᠯ᠎ᠤᠨ ᠸᠠᠺᠼᠢᠨ᠎ᠳ᠋ᠤ ᠴᠢᠭᠯᠡᠭᠦᠯᠦᠨ ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠣᠪᠴᠢᠶ᠎ᠠ᠎ᠶᠢᠨ ᠨᠢᠭᠡᠳᠦᠭᠡᠷ ᠳᠡᠰ᠎ᠤᠨ ᠲᠣᠭᠣᠷᠢᠨ ᠪᠠᠶᠢᠴᠠᠭᠠᠭᠴᠢ ᠾᠧ ᠴᠢᠩ ᠬᠤᠸᠠ ᠢᠯᠡᠷᠬᠡᠶᠢᠯᠡᠬᠦ᠎ᠳ᠋ᠡᠭᠡᠨ ᠂ ᠡᠲᠡᠭᠡᠷ᠎ᠨᠢ ᠴᠥᠮ ᠵᠠᠰᠠᠭ᠎ᠤᠨ ᠣᠷᠳᠣᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠪᠣᠯᠬᠣᠷ ᠠᠮᠤᠷ ᠲᠦᠪᠰᠢᠨ ᠂ ᠪᠦᠲᠦᠮᠵᠢᠲᠡᠶ ᠶᠤᠮ ᠭᠡᠵᠡᠶ ᠃   

ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠳᠤᠭᠤᠶᠢᠯᠠᠩ᠎ᠤᠨ ᠸᠠᠺᠼᠢᠨ ᠰᠤᠳᠤᠯᠤᠨ ᠨᠡᠭᠡᠭᠡᠬᠦ ᠠᠵᠢᠯ᠎ᠤᠨ ᠳᠤᠭᠤᠶᠢᠯᠠᠩ᠎ᠤᠨ ᠳᠠᠷᠤᠭ᠎ᠠ ᠵᠧᠩ ᠵᠥᠩ ᠸᠧᠶ᠎ᠶᠢᠨ ᠦᠵᠡᠬᠦ᠎ᠪᠠᠷ ᠂ ᠨᠢᠭᠡ ᠸᠠᠺᠼᠢᠨ᠎ᠢ ᠦᠨᠡᠯᠡᠬᠦ᠎ᠳ᠋ᠤ ᠲᠤᠶᠢᠯ᠎ᠤᠨ ᠴᠢᠬᠤᠯᠠ ᠭᠦᠢᠴᠡᠳᠭᠡᠯ ᠲᠣᠭ᠎ᠠ᠎ᠳ᠋ᠤ ︽ ᠳᠥᠷᠪᠡᠨ ᠴᠢᠨᠠᠷ ︾᠎ᠢ ᠪᠠᠭᠲᠠᠭᠠᠨ᠎ᠠ ᠂ ᠲᠤᠬᠠᠶᠢᠯᠠᠪᠠᠯ ᠠᠮᠤᠷ ᠲᠦᠪᠰᠢᠨ ᠴᠢᠨᠠᠷ ᠂ ᠪᠦᠲᠦᠮᠵᠢᠲᠦ ᠴᠢᠨᠠᠷ ᠂ ᠬᠦᠷᠦᠯᠴᠡᠬᠦ ᠴᠢᠨᠠᠷ ᠪᠠ ᠡᠭᠦᠷᠭᠡᠯᠡᠵᠦ ᠪᠣᠯᠬᠤ ᠴᠢᠨᠠᠷ ᠪᠣᠯᠤᠨ᠎ᠠ ᠂ ᠡᠭᠦᠨ᠎ᠳ᠋ᠤ ᠠᠮᠤᠷ ᠲᠦᠪᠰᠢᠨ ᠴᠢᠨᠠᠷ ᠪᠠ ᠪᠦᠲᠦᠮᠵᠢᠲᠦ ᠴᠢᠨᠠᠷ ᠪᠣᠯ ᠬᠠᠮᠤᠭ᠎ᠤᠨ ᠴᠢᠬᠤᠯᠠ ᠬᠣᠶᠠᠷ ᠭᠦᠢᠴᠡᠳᠭᠡᠯ ᠲᠣᠭ᠎ᠠ ᠪᠣᠯᠤᠨ᠎ᠠ ᠃

ᠸᠠᠺᠼᠢᠨ᠎ᠤ ᠬᠠᠮᠠᠭᠠᠯᠠᠯᠲᠠ᠎ᠶᠢᠨ ᠦᠷ᠎ᠡ ᠪᠦᠲᠦᠮᠵᠢ᠎ᠨᠢ ᠶᠠᠮᠠᠷ ᠶᠠᠮᠠᠷ ᠬᠦᠴᠦᠨ ᠵᠦᠢᠯ᠎ᠳ᠋ᠤ ᠨᠥᠯᠥᠭᠡᠯᠡᠭᠳᠡᠬᠦ ᠪᠣᠶ ︖ ᠺᠧ ᠰᠢᠩ ᠬᠤᠪᠢ ᠡᠵᠡᠮᠳᠡᠭᠰᠡᠨ ᠠᠮᠢᠳᠤ ᠪᠣᠳᠠᠰ᠎ᠤᠨ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶᠢᠨ ᠰᠣᠨᠢᠨ ᠮᠡᠳᠡᠭᠡᠨ᠎ᠤ ᠥᠭᠦᠯᠡᠭᠴᠢ ᠯᠢᠦ ᠫᠸᠢ ᠴᠧᠩ ᠬᠡᠯᠡᠬᠦ᠎ᠳ᠋ᠡᠭᠡᠨ ᠂ ᠸᠠᠺᠼᠢᠨ᠎ᠤ ᠬᠠᠮᠠᠭᠠᠯᠠᠯᠳᠠ᠎ᠶᠢᠨ ᠦᠷ᠎ᠡ ᠪᠦᠲᠦᠮᠵᠢ᠎ᠨᠢ ᠲᠤᠬᠠᠶ᠎ᠶᠢᠨ ᠭᠠᠵᠠᠷ᠎ᠤᠨ ᠡᠪᠡᠳᠴᠢᠨ ᠡᠮᠭᠡᠭ᠎ᠤᠨ ᠳᠡᠯᠭᠡᠷᠡᠯᠲᠡ᠎ᠶᠢᠨ ᠡᠷᠴᠢᠮ ᠂ ᠸᠠᠺᠼᠢᠨ᠎ᠤ ᠡᠭᠡᠯᠢᠯᠡᠭᠡ᠎ᠶᠢᠨ ᠳᠡᠰ ᠳᠠᠷᠠᠭᠠᠯᠠᠯ ᠂ ᠠᠳᠠᠯᠢ ᠪᠤᠰᠤ ᠳᠡᠯᠭᠡᠷᠡᠮᠡᠯ ᠤᠬ ᠳᠦᠷᠰᠤ ᠂ ᠡᠪᠡᠳᠴᠢᠨ᠎ᠤ ᠵᠢᠱᠢᠶ᠎ᠡ᠎ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠂ ᠠᠵᠢᠬᠯᠠᠬᠤ ᠨᠠᠰᠤᠨ᠎ᠤ ᠬᠡᠪᠴᠢᠶ᠎ᠡ ᠵᠡᠷᠭᠡ ᠮᠠᠰᠢ ᠣᠯᠠᠨ ᠬᠦᠴᠦᠨ ᠵᠦᠢᠯ᠎ᠤᠨ ᠨᠥᠯᠥᠭᠡ᠎ᠶᠢ ᠭᠥᠷᠳᠡᠬᠦ ᠪᠣᠯᠤᠨ᠎ᠠ ᠂ ᠡᠨᠡ᠎ᠨᠢ ᠮᠥᠨ ᠴᠦ ᠪᠡᠭᠡᠵᠢᠩ᠎ᠤᠨ ᠺᠧ ᠰᠢᠩ ᠵᠥᠩ ᠸᠧᠶ᠎ᠶᠢᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠠᠳᠠᠯᠢ ᠪᠤᠰᠤ ᠤᠯᠤᠰ᠎ᠤᠨ ᠡᠮᠴᠢᠯᠡᠭᠡᠨ᠎ᠤ ᠰᠤᠳᠤᠯᠭᠠᠨ᠎ᠡᠴᠠ ᠠᠳᠠᠯᠢ ᠪᠤᠰᠤ ᠬᠠᠮᠠᠭᠠᠯᠠᠯᠲᠠ᠎ᠶᠢᠨ ᠦᠷ᠎ᠡ ᠪᠦᠲᠦᠮᠵᠢ ᠣᠯᠤᠭᠰᠠᠨ ᠰᠢᠯᠲᠠᠭᠠᠨ᠎ᠤ ᠨᠢᠭᠡ ᠪᠣᠯᠤᠨ᠎ᠠ ᠭᠡᠪᠡ ᠃

ᠲᠦᠷᠦᠭᠦᠬᠡᠨ ᠂ ᠳᠡᠯᠡᠬᠡᠶ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠶᠢᠭᠤᠯᠤᠯᠲᠠ᠎ᠡᠴᠠ ᠂ ᠤᠯᠤᠰ᠎ᠤᠨ ᠡᠮ᠎ᠤᠨ ᠪᠦᠯᠦᠭᠯᠡᠯ᠎ᠤᠨ ᠳᠤᠮᠳᠠᠳᠤ ᠤᠯᠤᠰ᠎ᠤᠨ ᠠᠮᠢᠳᠤ ᠪᠣᠳᠠᠰ ᠪᠣᠯᠤᠨ ᠪᠡᠭᠡᠵᠢᠩ᠎ᠤᠨ ᠺᠧ ᠰᠢᠩ ᠵᠥᠩ ᠸᠧᠶ᠎ᠶᠢᠨ ᠰᠤᠳᠤᠯᠤᠨ ᠦᠢᠯᠡᠳᠦᠭᠰᠡᠨ ᠬᠣᠶᠠᠷ ᠵᠦᠢᠯ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠨᠢ ᠨᠢᠭᠡᠨᠲᠡ ᠳᠡᠯᠡᠬᠡᠶ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠶᠢᠭᠤᠯᠤᠯᠲᠠ᠎ᠶᠢᠨ ᠪᠠᠴᠢᠮ ᠬᠡᠷᠡᠭᠯᠡᠬᠦ᠎ᠳ᠋ᠤ ᠡᠷᠬᠡ ᠣᠯᠭᠣᠵᠤ ᠦᠨᠡᠯᠡᠨ ᠵᠢᠱᠢᠬᠦ ᠡᠴᠦᠰ᠎ᠤᠨ ᠱᠠᠲᠤᠨ᠎ᠳ᠋ᠤ ᠣᠷᠣᠪᠠ ᠂ ᠲᠡᠭᠦᠨ᠎ᠤ ᠲᠤᠰᠢᠶᠠᠭᠰᠠᠨ ᠬᠣᠶᠠᠷ ᠵᠦᠢᠯ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠬᠣᠯᠪᠣᠭᠳᠠᠯ ᠪᠥᠬᠥᠶ ᠲᠣᠭ᠎ᠠ ᠪᠠᠷᠢᠮᠲᠠ᠎ᠳ᠋ᠤ ᠢᠯᠡᠷᠡᠭᠦᠯᠦᠭᠰᠡᠨ᠎ᠢᠶᠠᠷ ᠂ ᠲᠡᠭᠦᠨ᠎ᠤ ᠬᠠᠮᠠᠭᠠᠯᠠᠯᠲᠠ᠎ᠶᠢᠨ ᠬᠦᠴᠦᠨ᠎ᠨᠢ ᠳᠡᠯᠡᠬᠡᠶ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠶᠢᠭᠤᠯᠤᠯᠲᠠ᠎ᠶᠢᠨ ᠱᠠᠭᠠᠷᠳᠠᠯᠭ᠎ᠠ᠎ᠳ᠋ᠤ ᠨᠡᠶᠢᠴᠡᠵᠦ ᠪᠠᠶᠢᠨ᠎ᠠ ᠬᠡᠵᠥ ᠢᠯᠡᠳᠬᠡᠪᠡ ᠃

︽ ᠣᠳᠣᠬᠠᠨ ᠪᠣᠯᠲᠠᠯ᠎ᠠ ᠂ ᠺᠧ ᠰᠢᠩ ᠵᠥᠩ ᠸᠧᠶ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠢᠳᠡᠪᠬᠢ ᠥᠬᠡᠶᠢᠳᠡᠭᠦᠯᠦᠭᠰᠡᠨ ᠸᠠᠺᠼᠢᠨ᠎ᠢ ᠪᠥᠬᠥ ᠳᠡᠯᠡᠬᠡᠶ᠎ᠳ᠋ᠤ ᠨᠡᠶᠢᠲᠡ 1.3 ᠳ᠋ᠦᠩᠰᠢᠭᠤᠷ ᠤᠳᠠᠭ᠎ᠠ ᠳᠠᠷᠢᠪᠠ ︾ ᠬᠡᠵᠥ ᠯᠢᠦ ᠫᠸᠢ ᠴᠧᠩ ᠲᠠᠨᠢᠯᠴᠠᠭᠤᠯᠬᠤ᠎ᠳᠠᠭᠠᠨ ᠂ ᠲᠡᠭᠦᠨ᠎ᠤ ᠪᠷᠠᠽᠢᠯ ᠂ ᠢᠨᠳᠣᠨᠧᠰᠢᠶ᠎ᠠ ᠂ ᠲᠦᠷᠺ ᠪᠠ ᠴᠢᠯᠢ ᠵᠡᠷᠭᠡ ᠣᠯᠠᠨ ᠤᠯᠤᠰ᠎ᠤᠨ ᠭᠤᠷᠪᠠᠳᠤᠭᠠᠷ ᠬᠤᠭᠤᠴᠠᠭᠠᠨ᠎ᠤ ᠡᠮᠴᠢᠯᠡᠭᠡᠨ᠎ᠤ ᠰᠤᠳᠤᠯᠭᠠᠨ᠎ᠳ᠋ᠤ ᠂ ᠸᠠᠺᠼᠢᠨ᠎ᠤ ᠳᠤᠭᠤᠶᠢᠯᠠᠩ᠎ᠤᠨ ᠡᠪᠡᠳᠴᠢᠲᠡᠨ᠎ᠤ ᠲᠣᠭ᠎ᠠ᠎ᠨᠢ ᠴᠥᠮ ᠲᠠᠶᠢᠳᠬᠤᠷᠠᠭᠤᠯᠬᠤ ᠡᠮ᠎ᠤᠨ ᠳᠤᠭᠤᠶᠢᠯᠠᠩ᠎ᠤᠨ ᠡᠪᠡᠳᠴᠢᠲᠡᠨ᠎ᠤ ᠲᠣᠭ᠎ᠠ᠎ᠡᠴᠠ ᠬᠣᠯᠠ ᠳᠤᠤᠷ᠎ᠠ ᠪᠥᠭᠡᠳ ᠸᠠᠺᠼᠢᠨ᠎ᠤ ᠳᠤᠭᠤᠶᠢᠯᠠᠩ᠎ᠳ᠋ᠤ ᠡᠮᠨᠡᠯᠭᠡ᠎ᠳ᠋ᠤ ᠰᠠᠭᠤᠭᠰᠠᠨ ᠂ ᠬᠦᠨᠳᠦ ᠡᠪᠡᠳᠴᠢᠲᠡᠨ ᠪᠠ ᠥᠭᠦᠭᠰᠡᠨ ᠡᠪᠡᠳᠴᠢᠲᠡᠨ ᠭᠠᠷᠤᠭᠰᠠᠨ ᠥᠬᠡᠶ ᠃ ᠡᠭᠦᠨ᠎ᠡᠴᠠ ᠭᠠᠳᠠᠨ᠎ᠠ ᠂ ᠡᠮᠴᠢᠯᠡᠭᠡᠨ᠎ᠤ ᠰᠤᠳᠤᠯᠭᠠᠨ ᠭᠡᠰᠡᠨ ᠥᠬᠡᠶ ᠂ ᠵᠥᠪᠰᠢᠶᠡᠷᠡᠯ᠎ᠢᠶᠠᠷ ᠪᠠᠴᠢᠮ ᠬᠡᠷᠡᠭᠯᠡᠭᠰᠡᠨ ᠪᠤᠶᠤ ᠨᠥᠬᠥᠴᠡᠯ᠎ᠲᠠᠢ᠎ᠪᠠᠷ ᠵᠠᠬ᠎ᠠ ᠳᠡᠯᠭᠡᠭᠦᠷ᠎ᠲᠤ ᠭᠠᠷᠭᠠᠭᠰᠠᠨ᠎ᠤ ᠳᠠᠷᠠᠭ᠎ᠠ ᠶᠡᠬᠡ ᠬᠡᠪᠴᠢᠶ᠎ᠡ᠎ᠪᠠᠷ ᠬᠡᠷᠡᠭᠯᠡᠭᠰᠡᠨ ᠴᠦ ᠴᠥᠮ ᠸᠠᠺᠼᠢᠨ᠎ᠤ ᠡᠰᠡᠷᠭᠦᠴᠡᠭᠴᠢ ᠪᠡᠶ᠎ᠡ᠎ᠳ᠋ᠤ ᠲᠦᠰᠢᠭᠯᠡᠬᠦ ᠴᠢᠨᠠᠷ᠎ᠢ ᠴᠢᠩᠭᠠᠷᠠᠭᠤᠯᠬᠤ ᠦᠢᠯᠡᠳᠦᠯ᠎ᠢ ᠣᠯᠵᠤ ᠠᠵᠢᠬᠯᠠᠭᠰᠠᠨ ᠥᠬᠡᠶ ᠬᠡᠪᠡ ᠃

︽ ᠸᠠᠺᠼᠢᠨ᠎ᠤ ᠲᠠᠷᠢᠯᠭ᠎ᠠ᠎ᠨᠢ ᠬᠣᠶᠠᠷ ᠵᠦᠢᠯ᠎ᠤᠨ ᠬᠠᠮᠠᠭᠠᠯᠠᠬᠤ ᠦᠢᠯᠡᠳᠦᠯ᠎ᠲᠠᠢ ︾ ᠃ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠲᠠᠬᠤᠯ ᠡᠪᠡᠳᠴᠢᠨ᠎ᠤ ᠰᠤᠳᠤᠯᠤᠯ᠎ᠤᠨ ᠲᠡᠷᠢᠭᠦᠨ ᠲᠤᠰᠬᠠᠶ ᠮᠡᠷᠭᠡᠵᠢᠯᠲᠡᠨ ᠦ᠋ ᠽᠦᠨ ᠶᠢᠦ ᠂ ᠨᠢᠭᠡ᠎ᠳ᠋ᠤ ᠂ ᠸᠠᠺᠼᠢᠨ᠎ᠤ ᠲᠠᠷᠢᠯᠭ᠎ᠠ᠎ᠶᠢᠨ ᠪᠣᠳᠠᠭᠠᠯᠢ ᠪᠡᠶ᠎ᠡ᠎ᠶᠢ ᠬᠠᠮᠠᠭᠠᠯᠠᠬᠤ ᠦᠷ᠎ᠡ ᠪᠦᠲᠦᠮᠵᠢ ︔ ᠬᠣᠶᠠᠷ᠎ᠲᠤ ᠂ ᠲᠠᠷᠢᠯᠭ᠎ᠠ ᠬᠢᠵᠦ ᠪᠠᠶᠢᠭ᠎ᠠ ᠪᠣᠳᠠᠭᠠᠯᠢ ᠪᠡᠶ᠎ᠡ᠎ᠨᠢ ᠵᠣᠬᠢᠬᠤ ᠬᠠᠷᠢᠴᠠᠯ᠎ᠳ᠋ᠤ ᠭᠦᠷᠪᠡᠯ ᠳᠠᠷᠤᠶ ᠪᠦᠯᠦᠭᠵᠢᠯ᠎ᠤᠨ ᠬᠠᠮᠠᠭᠠᠯᠠᠯᠲᠠ᠎ᠶᠢ ᠪᠦᠷᠢᠯᠳᠦᠭᠦᠯᠵᠦ ᠴᠢᠳᠠᠨ᠎ᠠ ᠂ ᠳᠠᠷᠤᠶ ᠪᠦᠯᠦᠭᠵᠢᠯ᠎ᠤᠨ ᠡᠭᠡᠯᠢᠯᠡᠭᠡ ᠪᠣᠯᠤᠨ᠎ᠠ ᠭᠡᠵᠦ ᠲᠠᠨᠢᠯᠴᠠᠭᠤᠯᠪᠠ ᠃

ᠲᠡᠷᠡ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠭᠰᠡᠨ ᠨᠣᠷᠮ᠎ᠠ᠎ᠨᠢ 70 % ᠂ 80 %᠎ᠳ᠋ᠤ ᠭᠦᠷᠪᠡᠯ ᠰᠠᠶᠢ ᠪᠦᠯᠦᠭᠵᠢᠯ᠎ᠤᠨ ᠬᠠᠮᠠᠭᠠᠯᠠᠯᠲᠠ᠎ᠶᠢᠨ ᠦᠷ᠎ᠡ ᠪᠦᠲᠦᠮᠵᠢ ᠣᠯᠵᠤ ᠴᠢᠳᠠᠨ᠎ᠠ ᠂ ᠡᠰᠡ ᠲᠡᠭᠡᠪᠡᠯ ᠵᠥᠪᠬᠡᠨ ᠪᠣᠳᠠᠭᠠᠯᠢ ᠪᠡᠶ᠎ᠡ᠎ᠶᠢᠨ ᠬᠠᠮᠠᠭᠠᠯᠠᠯᠲᠠ ᠪᠤᠯᠵᠦ ᠂ ᠪᠦᠯᠦᠭᠵᠢᠯ᠎ᠤᠨ ᠡᠭᠡᠯᠢᠯᠡᠭᠡ᠎ᠶᠢᠨ ᠠᠵᠢᠯᠯᠠᠭ᠎ᠠ ᠪᠤᠯᠵᠦ ᠳᠡᠶᠢᠯᠬᠦ ᠥᠬᠡᠶ ᠶᠤᠮ ᠃ ︽ ᠡᠨᠡ᠎ᠨᠢ ᠪᠠᠰᠠ ᠶᠠᠭᠠᠬᠢᠭᠠᠳ ᠪᠥᠬᠥ ᠪᠥᠮᠪᠥᠷᠴᠡᠭ᠎ᠢᠶᠠᠷ᠎ᠢᠶᠡᠨ ᠴᠥᠮ ᠸᠠᠺᠼᠢᠨ᠎ᠤ ᠲᠠᠷᠢᠯᠭ᠎ᠠ ᠬᠢᠬᠦ᠎ᠶᠢ ᠶᠡᠬᠡ᠎ᠪᠠᠷ ᠠᠬᠢᠭᠤᠯᠵᠤ ᠪᠠᠶᠢᠬᠤ᠎ᠶᠢᠨ ᠤᠴᠢᠷ ᠰᠢᠯᠲᠠᠭᠠᠠ ᠪᠤᠯᠤᠨ᠎ᠠ ᠂ ᠨᠠᠮᠤᠷ ᠡᠪᠦᠯ᠎ᠤᠨ ᠤᠯᠠᠷᠢᠯ᠎ᠤᠨ ᠳᠠᠷᠠᠭ᠎ᠠ ᠨᠢᠭᠡ ᠡᠪᠡᠳᠴᠢᠨ ᠲᠡᠯᠭᠡᠷᠡᠬᠦ ᠣᠷᠭᠢᠯ ᠬᠦᠷᠴᠦ ᠢᠷᠡᠬᠦ᠎ᠡᠴᠠ ᠡᠮᠦᠨ᠎ᠡ ᠬᠥᠮᠦᠰ᠎ᠤᠨ ᠡᠭᠡᠯᠢᠯᠡᠭᠡ᠎ᠶᠢᠨ ᠲᠠᠷᠢᠯᠭ᠎ᠠ᠎ᠶᠢᠨ ᠨᠣᠷᠮ᠎ᠠ᠎ᠶᠢ ᠪᠡᠶᠡᠯᠡᠭᠦᠯᠬᠦ᠎ᠳ᠋ᠤ ᠱᠠᠭᠠᠷᠳᠠᠭᠳᠠᠬᠤ ᠪᠦᠷᠬᠦᠴᠡ᠎ᠶᠢᠨ ᠨᠣᠷᠮ᠎ᠠ ᠪᠤᠯᠤᠨ᠎ᠠ ︾ ᠭᠡᠵᠦ ᠲᠡᠷᠡ ᠢᠯᠡᠳᠭᠡᠪᠡ ᠃

ᠮᠠᠨ᠎ᠤ ᠤᠯᠤᠰ᠎ᠤᠨ 5 ᠵᠦᠢᠯ᠎ᠤᠨ ᠸᠠᠺᠼᠢᠨ᠎ᠢ ᠨᠥᠬᠥᠴᠡᠯ᠎ᠲᠠᠢ᠎ᠪᠠᠷ ᠵᠠᠬ᠎ᠠ ᠳᠡᠯᠭᠡᠭᠦᠷ᠎ᠲᠤ ᠭᠠᠷᠭᠠᠬᠤ᠎ᠶᠢ ᠵᠥᠪᠰᠢᠶᠡᠷᠡᠭᠰᠡᠨ ᠪᠤᠶᠤ ᠪᠠᠴᠢᠮ ᠬᠡᠷᠡᠭᠯᠡᠬᠦ ᠵᠥᠪᠰᠢᠶᠡᠷᠡᠯ ᠣᠯᠤᠭᠰᠠᠨ ᠪᠠᠶᠢᠨ᠎ᠠ ᠃ ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠡᠭᠡᠯᠢᠯᠡᠭᠡ᠎ᠶᠢᠨ ᠲᠥᠯᠥᠪᠵᠢᠭᠦᠯᠭᠡ᠎ᠶᠢᠨ ᠲᠡᠷᠢᠭᠦᠨ ᠲᠤᠰᠬᠠᠶ ᠮᠡᠷᠭᠡᠵᠢᠯᠲᠡᠨ ᠸᠠᠩ ᠬᠤᠸᠠ ᠴᠢᠩ ᠂ ᠮᠠᠨ᠎ᠤ ᠤᠯᠤᠰ᠎ᠤᠨ ᠰᠤᠳᠤᠯᠤᠨ ᠨᠡᠭᠡᠭᠡᠭᠰᠡᠨ mRNA ᠸᠠᠺᠼᠢᠨ ᠴᠤ ᠨᠢᠭᠡᠨᠲᠡ ᠡᠮᠴᠢᠯᠡᠭᠡᠨ᠎ᠤ ᠲᠤᠷᠰᠢᠯᠲᠠ᠎ᠶᠢᠨ ᠱᠠᠲᠤᠨ᠎ᠳ᠋ᠤ ᠣᠷᠣᠪᠠ ᠭᠡᠵᠦ ᠢᠯᠡᠳᠭᠡᠵᠠᠢ ᠃

ᠣᠳᠣᠬᠠᠨ᠎ᠳ᠋ᠤ ᠂ ᠪᠦᠬᠦ ᠤᠯᠤᠰ᠎ᠤᠨ ᠡᠯ᠎ᠡ ᠭᠠᠵᠠᠷ᠎ᠤᠨ᠎ᠬᠢᠨ ᠶᠠᠭ ᠰᠠᠶᠢᠬᠠᠨ ︽ ᠲᠠᠷᠢᠯᠭ᠎ᠠ ᠬᠢᠬᠦ ᠵᠤᠬᠢᠰᠲᠠᠢ᠎ᠶᠢ᠎ᠨᠢ ᠪᠦᠬᠦᠨ᠎ᠢ ᠲᠠᠷᠢᠯᠭ᠎ᠠ ᠬᠢᠬᠦ ᠂ ᠱᠠᠲᠤ ᠳᠠᠷᠠᠭᠠᠯᠠᠨ ᠲᠦᠯᠬᠢᠨ ᠠᠬᠢᠭᠤᠯᠬᠤ ᠂ ᠭᠤᠤᠯᠳᠠᠯᠭ᠎ᠠ᠎ᠶᠢ ᠲᠣᠪᠣᠶᠢᠯᠭᠠᠬᠤ ᠂ ᠠᠮᠤᠷ ᠲᠦᠪᠰᠢᠨ᠎ᠢ ᠪᠠᠲᠤᠯᠠᠬᠤ ︾ ᠵᠠᠷᠴᠢᠮ ᠶᠣᠰᠣᠭᠠᠷ ᠂ ᠭᠤᠤᠯᠳᠠᠯᠭ᠎ᠠ᠎ᠲᠠᠢ ᠭᠠᠵᠠᠷ ᠣᠷᠣᠨ ᠪᠣᠯᠤᠨ ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠥᠮᠦᠰ᠎ᠲᠤ ᠲᠠᠷᠢᠯᠭ᠎ᠠ ᠬᠢᠬᠦ ᠠᠵᠢᠯ᠎ᠢ ᠰᠠᠶᠢᠲᠤᠷ ᠬᠢᠬᠦ᠎ᠶᠢᠨ ᠬᠠᠮᠲᠤ ᠬᠢᠵᠢᠭ ᠡᠭᠦᠰᠬᠦ ᠲᠦᠭᠰᠢᠭᠦᠷᠢ᠎ᠪᠠᠷ ᠥᠨᠳᠥᠷ ᠪᠦᠬᠦᠢ ᠲᠣᠮᠣ ᠳᠤᠮᠳᠠ ᠬᠡᠯᠪᠡᠷᠢ᠎ᠶᠢᠨ ᠬᠣᠲᠠ ᠂ ᠪᠣᠭᠣᠮᠲᠠ᠎ᠶᠢᠨ ᠬᠣᠲᠠ ᠂ ᠬᠢᠯᠢ ᠬᠢᠵᠠᠭᠠᠷ ᠣᠷᠣᠨ᠎ᠳ᠋ᠤ ᠲᠠᠷᠢᠯᠭ᠎ᠠ ᠬᠢᠬᠦ ᠠᠵᠢᠯ᠎ᠢ ᠥᠷᠨᠢᠭᠦᠯᠵᠦ ᠪᠠᠶᠢᠨ᠎ᠠ ᠃

ᠪᠡᠭᠡᠵᠢᠩ ᠂ ᠱᠠᠩᠬᠠᠶ ᠵᠡᠷᠭᠡ ᠭᠠᠵᠠᠷ ᠣᠷᠣᠨ᠎ᠤ᠎ᠬᠢᠨ ᠲᠠᠷᠢᠯᠭ᠎ᠠ ᠬᠢᠬᠦ ᠡᠲᠡᠭᠡᠳ᠎ᠤᠨ ᠡᠷᠡᠭᠦᠯ ᠮᠡᠨᠳᠦ᠎ᠶᠢᠨ ᠪᠠᠶᠢᠳᠠᠯ ᠪᠠ ᠬᠠᠯᠳᠠᠪᠤᠷᠢᠯᠠᠭᠳᠠᠬᠤ ᠠᠶᠤᠯ ᠲᠦᠭᠰᠢᠭᠦᠷᠢ᠎ᠶᠢ ᠭᠦᠢᠴᠡᠳ ᠦᠨᠡᠯᠡᠨ ᠵᠢᠱᠢᠭᠰᠡᠨ ᠤᠷᠢᠲᠠᠯ ᠳᠤᠤᠷ᠎ᠠ ᠂ ᠲᠠᠷᠢᠯᠭ᠎ᠠ ᠬᠢᠬᠦ ᠬᠦᠰᠡᠯ᠎ᠲᠠᠢ ᠪᠥᠭᠡᠳ ᠪᠡᠶ᠎ᠡ᠎ᠶᠢᠨ ᠦᠨᠳᠦᠰᠦᠨ ᠨᠦᠬᠦᠴᠡᠯ᠎ᠨᠢ ᠨᠡᠯᠢᠶᠡᠳ ᠰᠠᠶᠢᠨ 60 ᠨᠠᠰᠤᠨ᠎ᠡᠴᠠ ᠳᠡᠭᠡᠭᠰᠢᠬᠢ ᠵᠠᠷᠢᠮ ᠨᠠᠰᠤᠲᠠᠶᠢᠴᠤᠳ ᠪᠠ ᠤᠵᠢᠭ ᠡᠪᠡᠳᠴᠢᠲᠡᠨ᠎ᠳ᠋ᠤ ᠸᠠᠺᠼᠢᠨ᠎ᠤ ᠲᠠᠷᠢᠯᠭ᠎ᠠ ᠬᠢᠬᠦ ᠦᠢᠯᠡᠴᠢᠯᠡᠭᠡ ᠬᠠᠩᠭᠠᠵᠤ ᠡᠬᠢᠯᠡᠪᠡ ᠃

︽ ᠣᠳᠣᠬᠠᠨ᠎ᠳ᠋ᠤ ᠂ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠢᠷᠦ᠋ᠰ᠎ᠤᠨ ᠸᠠᠺᠼᠢᠨ᠎ᠤ ᠲᠠᠷᠢᠯᠭ᠎ᠠ᠎ᠶᠢᠨ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ ︾ ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠣᠪᠴᠢᠶ᠎ᠠ᠎ᠶᠢᠨ ᠳᠡᠳ᠋ ᠳᠠᠷᠤᠭ᠎ᠠ ᠦ᠋ ᠯᠢᠶᠠᠩ ᠶᠢᠦ ᠂ ︽ ᠲᠠᠷᠢᠯᠭ᠎ᠠ ᠬᠢᠬᠦ ᠵᠤᠬᠢᠰᠲᠠᠢ᠎ᠶᠢ᠎ᠨᠢ ᠪᠦᠬᠦᠨ᠎ᠢ ᠲᠠᠷᠢᠯᠭ᠎ᠠ ᠬᠢᠬᠦ ︾ ᠪᠠ ᠰᠠᠶᠢᠨ ᠳᠤᠷ᠎ᠠ᠎ᠡᠴᠠ᠎ᠪᠠᠨ ᠲᠠᠷᠢᠬᠤ ᠵᠠᠷᠴᠢᠮ᠎ᠢ ᠤᠶᠠᠯᠳᠤᠭᠤᠯᠬᠤ᠎ᠶᠢ ᠪᠠᠷᠢᠮᠲᠠᠯᠠᠵᠤ ᠂ ᠭᠦᠢᠴᠡᠳ ᠮᠡᠳᠡᠭᠳᠡᠭᠰᠡᠨ ᠰᠠᠭᠤᠷᠢᠨ ᠳᠡᠭᠡᠷ᠎ᠡ ᠂ ᠣᠯᠠᠨ ᠲᠦᠮᠡᠨ᠎ᠤ ᠢᠳᠡᠪᠬᠢᠲᠡᠶ ᠲᠠᠷᠢᠯᠭ᠎ᠠ ᠬᠢᠬᠦ ᠂ ᠰᠠᠨᠠᠭᠠᠴᠢᠯᠠᠭ᠎ᠠ᠎ᠡᠴᠠ᠎ᠪᠠᠨ ᠲᠠᠷᠢᠯᠭ᠎ᠠ ᠬᠢᠬᠦ᠎ᠶᠢ ᠬᠥᠲᠥᠯᠥᠨ ᠵᠢᠯᠣᠭᠣᠳᠬᠤ᠎ᠶᠢᠨ ᠬᠠᠮᠲᠤ ᠵᠣᠷᠢᠭᠵᠢᠭᠤᠯᠵᠤ ᠂ ︽ ᠲᠠᠷᠢᠯᠭ᠎ᠠ ᠬᠢᠬᠦ ᠵᠤᠬᠢᠰᠲᠠᠢ᠎ᠶᠢ᠎ᠨᠢ ᠪᠦᠬᠦᠨ᠎ᠢ ᠲᠠᠷᠢᠯᠭ᠎ᠠ ᠬᠢᠬᠦ ︾᠎ᠶᠢ ᠴᠢᠷᠮᠠᠶᠢᠨ ᠪᠡᠶᠡᠯᠡᠭᠦᠯᠵᠦ ᠂ ᠣᠯᠠᠨ ᠲᠦᠮᠡᠨ᠎ᠤ ᠬᠦᠷᠲᠡᠮᠵᠢ᠎ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ᠎ᠤ ᠲᠥᠷᠥᠭᠳᠡᠯ᠎ᠢ ᠦᠨᠡᠨ ᠬᠦ ᠳᠡᠭᠡᠭᠰᠢᠯᠡᠭᠦᠯᠦᠨ᠎ᠠ ᠭᠡᠵᠦ ᠲᠠᠨᠢᠯᠴᠠᠭᠤᠯᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面