2021-05-18 08:47:04
ᠬᠢᠵᠢᠭ᠎ᠤᠨ ᠪᠠᠶᠢᠳᠠᠯ ᠳᠠᠬᠢᠨ ᠭᠠᠷᠪᠠᠯ ᠶᠠᠭᠠᠬᠢᠬᠤ ᠪᠣᠶ ︖
13᠎ᠤ ᠡᠳᠦᠷ ᠂ ᠠᠨᠾᠦ᠋ᠢ ᠮᠤᠵᠢ᠎ᠶᠢᠨ ᠯᠢᠦ ᠠᠨ ᠬᠣᠲᠠ᠎ᠶᠢᠨ ᠡᠮᠨᠡᠯᠭᠡ᠎ᠳ᠋ᠤ ᠬᠦᠷᠴᠦ ᠡᠮᠨᠡᠭᠦᠯᠦᠭᠰᠡᠨ ᠨᠢᠭᠡ ᠡᠪᠡᠳᠴᠢᠲᠡᠨ᠎ᠳ᠋ᠤ ᠵᠤᠷᠰᠢᠯᠳᠤ ᠪᠥᠭᠡᠮ ᠬᠦᠴᠢᠯ᠎ᠤᠨ ᠰᠢᠯᠭᠠᠨ ᠪᠠᠶᠢᠴᠠᠭᠠᠯᠲᠠ ᠬᠢᠭᠰᠡᠨ᠎ᠤ ᠦᠷ᠎ᠡ ᠳ᠋ᠦᠩ᠎ᠳ᠋ᠤ ᠠᠷᠭ᠎ᠠ ᠴᠢᠨᠠᠷ ᠢᠯᠡᠷᠡᠵᠦ ᠂ ᠰᠡᠭᠦᠯᠡᠷ᠎ᠨᠢ ᠲᠤᠰᠬᠠᠶ ᠮᠡᠷᠭᠡᠵᠢᠯᠲᠡᠨ᠎ᠤ ᠳᠤᠭᠤᠶᠢᠯᠠᠩ ᠬᠠᠮᠲᠤᠷᠠᠨ ᠣᠨᠣᠰᠢᠯᠠᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢᠶᠠᠷ ᠣᠨᠣᠰᠢᠯᠠᠪᠠ ᠃ ᠡᠬᠦᠨ᠎ᠡᠴᠠ ᠬᠤᠢᠰᠢᠬᠢ ᠬᠡᠳᠦᠨ ᠡᠳᠦᠷ᠎ᠤᠨ ᠬᠤᠭᠤᠴᠠᠭᠠᠨ᠎ᠳ᠋ᠤ ᠂ ᠠᠨᠾᠦ᠋ᠢ ᠂ ᠯᠢᠶᠣᠤᠨᠢᠩ᠎ᠳ᠋ᠤ ᠵᠠᠯᠭᠠᠭ᠎ᠠ᠎ᠪᠠᠷ ᠣᠨᠣᠰᠢᠯᠠᠭᠳᠠᠭᠰᠠᠨ ᠡᠪᠡᠳᠴᠢᠨ᠎ᠤ ᠵᠢᠱᠢᠶ᠎ᠡ ᠢᠯᠡᠷᠡᠪᠡ ᠃ ᠬᠢᠵᠢᠭ᠎ᠤᠨ ᠪᠠᠶᠢᠳᠠᠯ ᠭᠡᠨᠡᠳᠲᠡ ᠡᠭᠦᠰᠴᠦ ᠂ ᠰᠡᠷᠡᠮᠵᠢ᠎ᠶᠢᠨ ᠬᠤᠩᠬᠤ ᠲᠠᠬᠢᠨᠲᠠ ᠳᠤᠤᠭᠠᠷᠪᠠ ᠂ ᠪᠢᠳᠡ ᠶᠠᠭᠠᠬᠢᠪᠠᠯ ᠵᠣᠬᠢᠬᠤ ᠪᠤᠢ ︖
ᠬᠡᠰᠡᠭ ᠭᠠᠵᠠᠷ ᠤᠷᠤᠨ᠎ᠳ᠋ᠤ ᠬᠢᠵᠢᠭ᠎ᠤᠨ ᠪᠠᠶᠢᠳᠠᠯ ᠲᠠᠬᠢᠨ ᠭᠠᠷᠤᠭᠰᠠᠨ᠎ᠨᠢ ᠰᠡᠷᠡᠮᠵᠢ᠎ᠶᠢᠨ ᠬᠤᠩᠬᠤ᠎ᠶᠢ ᠲᠤᠤᠭᠠᠷᠭᠠᠪᠠ ᠄ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠷᠴᠢᠮ᠎ᠢᠶᠡᠨ ᠤᠬᠲᠤ ᠰᠤᠯᠠᠷᠠᠭᠤᠯᠵᠤ ᠪᠣᠯᠬᠤ ᠦᠭᠡᠢ
ᠣᠳᠣᠬᠠᠨ᠎ᠳ᠋ᠤ ᠂ ᠪᠥᠬᠥ ᠪᠥᠮᠪᠥᠷᠴᠡᠭ᠎ᠤᠨ ᠬᠢᠵᠢᠭ᠎ᠤᠨ ᠪᠠᠶᠢᠳᠠᠯ ᠮᠥᠨ ᠬᠦ ᠨᠡᠯᠢᠶᠡᠳ ᠬᠦᠨᠳᠦ ᠬᠡᠴᠡᠭᠦᠦ ᠂ ᠨᠠᠷᠢᠨ ᠪᠤᠳᠤᠯᠢᠶᠠᠨᠲᠠᠶ ᠪᠠᠶᠢᠨ᠎ᠠ ᠃ ᠰᠢᠨ᠎ᠡ ᠲᠢᠲᠢᠮᠯᠢᠭ ᠸᠢᠷᠦ᠋ᠰ᠎ᠤᠨ ᠤᠨᠳᠤᠤᠰᠢᠯ ᠶᠡᠷᠦᠩᠬᠡᠶᠳ᠋ᠡᠭᠡᠨ ᠲᠦᠷᠭᠡᠳᠬᠦ ᠬᠠᠨᠳᠤᠰᠢ ᠢᠯᠡᠷᠡᠵᠦ ᠂ ᠳᠡᠯᠡᠬᠡᠶ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠶᠢᠭᠤᠯᠤᠯᠲᠠ᠎ᠶᠢᠨ ᠲᠣᠭ᠎ᠠ ᠪᠠᠷᠢᠮᠲᠠ᠎ᠳ᠋ᠤ ᠬᠠᠷᠠᠭᠤᠯᠤᠭᠰᠠᠨ᠎ᠢᠶᠠᠷ ᠂ ᠰᠢᠨ᠎ᠡ ᠲᠢᠲᠢᠮᠯᠢᠭ ᠸᠢᠷᠦ᠋ᠰ᠎ᠤᠨ ᠤᠨᠳᠤᠤᠰᠢᠬᠤ ᠳᠠᠪᠲᠠᠮᠵᠢ ᠮᠢᠩᠭᠠᠨᠤ 0.1 ᠬᠤᠪᠢ ᠪᠠᠶᠢᠭᠰᠠᠨ᠎ᠡᠴᠠ᠎ᠪᠠᠨ ᠮᠢᠩᠭᠠᠨᠤ 1.3 ᠬᠤᠪᠢ ᠪᠣᠯᠵᠣ ᠳᠡᠭᠡᠭᠰᠢᠯᠡᠪᠡ ᠃
ᠡᠭᠦᠨ᠎ᠤ ᠬᠠᠮᠲᠤ ᠂ ᠰᠢᠨ᠎ᠡ ᠲᠢᠲᠢᠮᠯᠢᠭ ᠸᠢᠷᠦ᠋ᠰ᠎ᠤᠨ ᠤᠨᠳᠤᠤᠰᠢᠯ ᠡᠭᠦᠰᠦᠭᠰᠡᠨ ᠤᠯᠤᠰ᠎ᠤᠨ ᠲᠣᠭ᠎ᠠ ᠴᠤ ᠨᠡᠮᠡᠭᠳᠡᠵᠦ ᠪᠠᠶᠢᠨ᠎ᠠ ᠃ ᠠᠩᠭᠯᠢ᠎ᠳ᠋ᠤ ᠢᠯᠡᠷᠡᠭᠦᠯᠦᠭᠰᠡᠨ ᠣᠨᠳᠣᠣᠰᠢᠭᠰᠠᠨ ᠸᠢᠷᠦ᠋ᠰ ᠨᠢᠭᠡᠨᠲᠡ 130 ᠭᠠᠷᠤᠶ ᠤᠯᠤᠰ ᠪᠠ ᠭᠠᠵᠠᠷ ᠣᠷᠣᠨ᠎ᠳ᠋ᠤ ᠭᠠᠷᠪᠠ ᠂ ᠡᠮᠦᠨᠡᠲᠦ ᠠᠹᠷᠢᠺᠠ᠎ᠳ᠋ᠤ ᠢᠯᠡᠷᠡᠭᠦᠯᠦᠭᠰᠡᠨ ᠣᠨᠳᠣᠣᠰᠢᠭᠰᠠᠨ ᠸᠢᠷᠦ᠋ᠰ ᠨᠢᠭᠡᠨᠲᠡ 80 ᠤᠯᠤᠰ ᠪᠠ ᠭᠠᠵᠠᠷ ᠣᠷᠣᠨ᠎ᠳ᠋ᠤ ᠭᠠᠷᠴᠠᠢ ᠃ ︽ ᠢᠯᠠᠩᠭᠤᠶ᠎ᠠ ᠤᠢᠷ᠎ᠠ᠎ᠳ᠋ᠤ ᠡᠨᠡᠳᠬᠡᠭ᠎ᠡᠴᠠ ᠰᠢᠨ᠎ᠡ᠎ᠪᠠᠷ ᠢᠯᠡᠷᠡᠭᠦᠯᠦᠭᠰᠡᠨ ᠤᠨᠳᠤᠤᠰᠢᠬᠰᠠᠨ ᠸᠢᠷᠦ᠋ᠰ᠎ᠨᠢ ᠳᠡᠯᠡᠬᠡᠶ ᠨᠡᠶᠢᠲᠡ᠎ᠶᠢᠨ ᠥᠷᠭᠡᠨ ᠳᠡᠯᠭᠡᠷ ᠠᠩᠬᠠᠷᠤᠯ᠎ᠢ ᠲᠠᠲᠠᠪᠠ ᠃ ᠣᠳᠣᠬᠠᠨ᠎ᠳ᠋ᠤ ᠨᠠᠭᠠᠳᠤ ᠵᠠᠬ᠎ᠠ᠎ᠳᠠᠭᠠᠨ 44 ᠤᠯᠤᠰ ᠪᠠ ᠭᠠᠵᠠᠷ ᠣᠷᠣᠨ᠎ᠳ᠋ᠤ ᠲᠣᠰ ᠤᠨᠳᠤᠤᠰᠢᠭᠰᠠᠨ ᠸᠢᠷᠦ᠋ᠰ ᠣᠷᠣᠰᠢᠵᠤ ᠪᠠᠶᠢᠬᠤ᠎ᠶᠢ ᠢᠯᠡᠷᠡᠭᠦᠯᠪᠡ ︾ ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠣᠪᠴᠢᠶ᠎ᠠ᠎ᠶᠢᠨ ᠨᠢᠭᠡᠳᠦᠭᠡᠷ ᠳᠡᠰ᠎ᠤᠨ ᠲᠣᠭᠣᠷᠢᠨ ᠪᠠᠶᠢᠴᠠᠭᠠᠭᠴᠢ ᠾᠧ ᠴᠢᠩ ᠬᠤᠸᠠ ᠂ ᠬᠢᠯᠢ᠎ᠶᠢᠨ ᠭᠠᠳᠠᠨᠠᠬᠢ ᠬᠢᠵᠢᠭ᠎ᠤᠨ ᠪᠠᠶᠢᠳᠠᠯ ᠦᠷᠭᠦᠯᠵᠢᠯᠡᠨ ᠳᠡᠯᠭᠡᠷᠡᠬᠦ᠎ᠶᠢ ᠳᠠᠭᠠᠯᠳᠤᠨ ᠂ ᠪᠠᠰᠠ ᠰᠢᠨ᠎ᠡ ᠤᠨᠳᠤᠤᠰᠢᠯ ᠡᠭᠦᠰᠬᠦ ᠪᠤᠯᠤᠯᠴᠠᠭ᠎ᠠ᠎ᠲᠠᠢ ᠭᠡᠵᠦ ᠢᠯᠡᠳᠭᠡᠪᠡ ᠃
ᠤᠯᠤᠰ᠎ᠤᠨ ᠳᠣᠲᠣᠭᠠᠳᠤ᠎ᠳ᠋ᠤ ᠂ 5 ᠰᠠᠷ᠎ᠠ᠎ᠶᠢᠨ 13᠎ᠤ ᠡᠳᠦᠷ ᠠᠨᡁᠦᠢᠢ ᠮᠤᠵᠢ᠎ᠶᠢᠨ ᠯᠢᠦ ᠠᠨ ᠬᠤᠳᠠ ᠠᠩᠬᠠᠳᠠᠭᠴᠢ ᠲᠤᠬᠠᠢ᠎ᠶᠢᠨ ᠭᠠᠵᠠᠷ᠎ᠤᠨ ᠣᠨᠣᠰᠢᠯᠠᠭᠰᠠᠨ ᠡᠪᠡᠳᠴᠢᠨ᠎ᠤ ᠵᠢᠱᠢᠶ᠎ᠡ᠎ᠶᠢ ᠮᠡᠳᠡᠬᠦᠯᠦᠭᠰᠡᠨ᠎ᠡᠴᠠ ᠨᠠᠭᠠᠰᠢ ᠂ ᠣᠬᠣᠷᠬᠠᠨ ᠬᠡᠳᠦᠨ ᠡᠳᠦᠷ᠎ᠤᠨ ᠬᠤᠭᠤᠴᠠᠭᠠᠨ᠎ᠳ᠋ᠤ ᠂ ᠠᠨᡁᠦᠢᠢ ᠂ ᠯᠢᠶᠣᠤᠨᠢᠩ᠎ᠤᠨ ᠣᠨᠣᠰᠢᠯᠠᠭᠰᠠᠨ ᠡᠪᠡᠳᠴᠢᠨ᠎ᠤ ᠵᠢᠱᠢᠶ᠎ᠡ ᠪᠣᠯᠤᠨ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠰᠠᠳ᠎ᠤᠨ ᠲᠣᠭ᠎ᠠ ᠨᠡᠮᠡᠭᠳᠡᠵᠦ ᠂ ᠬᠡᠰᠡᠭ ᠭᠠᠵᠠᠷ ᠣᠷᠣᠨ᠎ᠢ ᠨᠢᠭᠡᠨᠲᠡ ᠳᠤᠮᠳᠠ ᠠᠶᠤᠯ ᠲᠦᠭᠰᠢᠭᠦᠷᠢ᠎ᠲᠠᠢ ᠭᠠᠵᠠᠷ ᠣᠷᠣᠨ ᠪᠤᠯᠭᠠᠪᠠ ᠃ ᠪᠠᠶᠢᠴᠠᠭᠠᠯᠲᠠ᠎ᠶᠢ ᠥᠨᠲᠥᠰᠥᠯᠡᠪᠡᠯ ᠂ ᠠᠨᡁᠦᠢᠢ ᠂ ᠯᠢᠶᠣᠤᠨᠢᠩ ᠬᠣᠶᠠᠷ ᠭᠠᠵᠠᠷ᠎ᠤᠨ ᠬᠢᠵᠢᠭ᠎ᠤᠨ ᠪᠠᠶᠢᠳᠠᠯ᠎ᠨᠢ ᠳᠡᠭᠡᠳᠦ ᠬᠡᠮᠵᠢᠶᠡᠨ᠎ᠤ ᠬᠣᠯᠪᠣᠭᠳᠠᠯ᠎ᠳᠤ ᠴᠢᠨᠠᠷᠲᠠᠢ ᠪᠠᠢᠵᠦ ᠂ ᠮᠠᠰᠢ ᠤᠯᠠᠨ ᠣᠨᠣᠰᠢᠯᠠᠭᠰᠠᠨ ᠡᠪᠡᠳᠴᠢᠲᠡᠨ᠎ᠤ ᠬᠣᠭᠣᠷᠣᠨᠳᠣ ᠤᠢᠷᠠᠳᠤᠯᠴᠠᠵᠦ ᠦᠩᠭᠡᠷᠡᠭᠰᠡᠨ ᠪᠠᠢᠨ᠎ᠠ ᠃
ᠡᠲᠡᠭᠡᠷ᠎ᠨᠢ ᠂ ᠳᠡᠯᠡᠬᠡᠶ᠎ᠶᠢᠨ ᠪᠠ ᠤᠯᠤᠰ᠎ᠤᠨ ᠳᠣᠲᠣᠭᠠᠳᠤ᠎ᠶᠢᠨ ᠬᠢᠵᠢᠭ᠎ᠤᠨ ᠪᠠᠶᠢᠳᠠᠯ᠎ᠤᠨ ᠬᠤᠪᠢᠷᠠᠯᠲᠠ᠎ᠶᠢᠨ ᠡᠮᠦᠨ᠎ᠡ ᠂ ᠰᠡᠷᠭᠡᠭ ᠲᠠᠨᠢᠯᠲᠠ᠎ᠲᠠᠢ ᠪᠠᠶᠢᠬᠤ᠎ᠪᠠᠨ ᠢᠮᠠᠬᠳᠠ ᠪᠠᠳᠤᠯᠠᠬᠤ ᠭᠡᠷᠡᠭᠲᠡᠢ ᠂ ᠬᠥᠩᠭᠡᠨ ᠬᠠᠭᠤᠮᠠᠭᠠᠶ ᠬᠠᠨᠳᠤᠵᠤ ᠂ ᠠᠯᠮᠠᠶᠢᠷᠠᠨ ᠲᠠᠶᠢᠪᠤᠰᠢᠷᠠᠵᠤ ᠂ ᠭᠣᠷᠢᠳᠠᠬᠤ ᠪᠣᠳᠣᠯ᠎ᠲᠠᠢ ᠪᠠᠶᠢᠵᠤ ᠪᠣᠯᠬᠤ ᠥᠬᠡᠶ ᠂ ᠬᠤᠪᠢ ᠬᠥᠮᠦᠨ᠎ᠤ ᠬᠠᠮᠠᠭᠠᠯᠠᠯᠲᠠ᠎ᠶᠢ ᠮᠥᠨ ᠬᠦ ᠪᠣᠳᠠᠲᠠᠶ᠎ᠳ᠋ᠤ ᠨᠠᠶᠢᠳᠠᠪᠤᠷᠢᠵᠢᠭᠤᠯᠬᠤ ᠬᠡᠷᠡᠭᠲᠡᠶ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ᠎ᠶᠢ ᠡᠷᠬᠡᠪᠰᠢ ᠴᠠᠭ ᠢᠮᠠᠭᠲᠠ ᠴᠢᠩᠭᠠᠯᠠᠵᠤ ᠂ ᠬᠤᠪᠢ ᠬᠥᠮᠦᠨ᠎ᠤ ᠬᠠᠮᠠᠭᠠᠯᠠᠯᠲᠠ᠎ᠶᠢ ᠡᠷᠬᠡᠪᠰᠢ ᠴᠢᠩᠭ᠎ᠠ ᠰᠠᠶᠢᠲᠤᠷ ᠬᠢᠵᠦ ᠂ ᠡᠷᠬᠡᠪᠰᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢ ᠲᠦᠷᠭᠡᠳᠬᠡᠨ ᠬᠢᠬᠦ ᠬᠡᠷᠡᠭᠲᠡᠢ ᠭᠡᠳᠡᠭ᠎ᠢ ᠪᠢᠳᠡᠨ᠎ᠳ᠋ᠤ ᠰᠠᠨᠠᠭᠤᠯᠵᠤ ᠪᠠᠶᠢᠨ᠎ᠠ ᠃
ᠪᠡᠭᠡᠵᠢᠩ ᠱᠠᠩᠬᠠᠢ᠎ᠶᠢᠨ ᠸᠠᠺᠼᠢᠨ᠎ᠤ ᠲᠠᠷᠢᠯᠭ᠎ᠠ ᠯᠠᠪᠳᠠᠭᠤᠨ᠎ᠢᠶᠠᠷ ᠠᠬᠢᠪᠠ ᠄ ᠰᠢᠨᠵᠢᠯᠡᠬᠦ ᠤᠬᠠᠭᠠᠨᠴᠢ ᠵᠦᠶ ᠵᠣᠬᠢᠰᠲᠠᠶ᠎ᠪᠠᠷ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠪᠤᠢ
ᠵᠠᠩᠭᠢᠯᠠᠭ᠎ᠠ᠎ᠶᠢᠨ ᠬᠤᠭᠤᠴᠠᠭᠠᠨ᠎ᠳ᠋ᠤ ᠂ ᠬᠠᠮᠤᠭ᠎ᠤᠨ ᠪᠦᠲᠦᠮᠵᠢᠲᠡᠶ ᠠᠷᠭᠠᠴᠡᠭᠠᠬᠤ ᠠᠷᠭ᠎ᠠ ᠪᠣᠯ ᠸᠠᠺᠼᠢᠨ᠎ᠤ ᠲᠠᠷᠢᠯᠭ᠎ᠠ ᠬᠢᠬᠦ᠎ᠶᠢ ᠲᠦᠷᠭᠡᠳᠬᠡᠬᠦ ᠶᠠᠪᠤᠳᠠᠯ ᠪᠣᠯᠤᠨ᠎ᠠ ᠂ ᠸᠠᠺᠼᠢᠨ᠎ᠤ ᠲᠠᠷᠢᠯᠭ᠎ᠠ ᠬᠢᠬᠦ ᠪᠣᠯ ᠮᠥᠨ ᠬᠦ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠦᠲᠦᠮᠵᠢᠲᠡᠶ ᠠᠷᠭ᠎ᠠ ᠪᠠᠷᠢᠯ ᠪᠣᠯᠤᠨ᠎ᠠ ᠃ ᠠᠨᠾᠦᠢᠶ ᠂ ᠯᠢᠶᠣᠤᠨᠢᠩ᠎ᠤᠨ ᠬᠢᠵᠢᠭ᠎ᠤᠨ ᠪᠠᠶᠢᠳᠠᠯ᠎ᠨᠢ ᠰᠡᠷᠡᠮᠵᠢ᠎ᠶᠢᠨ ᠬᠤᠩᠬᠤ᠎ᠶᠢ ᠳᠠᠬᠢᠨᠳᠠ ᠲᠤᠤᠭᠠᠷᠭᠠᠪᠠ ᠄ ᠡᠭᠡᠯᠢᠯᠡᠭᠡ᠎ᠶᠢᠨ ᠬᠠᠯᠬᠠᠪᠴᠢ᠎ᠶᠢ ᠪᠠᠶᠢᠭᠤᠯᠬᠤ᠎ᠳ᠋ᠤ ᠸᠠᠺᠼᠢᠨ᠎ᠤ ᠲᠠᠷᠢᠯᠭ᠎ᠠ ᠬᠢᠬᠦ᠎ᠨᠢ ᠰᠣᠩᠭᠣᠯᠲᠠ᠎ᠶᠢᠨ ᠰᠡᠳᠦᠪ ᠪᠢᠰᠢ ᠂ ᠬᠠᠷᠢᠨ ᠵᠠᠪᠠᠯ ᠬᠠᠷᠢᠭᠤᠯᠬᠤ ᠰᠡᠳᠦᠪ ᠪᠣᠯᠤᠨ᠎ᠠ ᠃
ᠪᠡᠭᠡᠵᠢᠩ ᠂ ᠱᠠᠩᠬᠠᠶ ᠂ ᠡᠨᠡ ᠬᠣᠶᠠᠷ ᠲᠤᠮᠤ ᠬᠣᠲᠠ ᠸᠠᠺᠼᠢᠨ᠎ᠤ ᠲᠠᠷᠢᠯᠭ᠎ᠠ ᠬᠢᠬᠦ ᠲᠠᠯ᠎ᠠ᠎ᠪᠠᠷ ᠨᠢᠭᠡᠳᠦᠭᠡᠷ ᠡᠩᠨᠡᠭᠡᠨ᠎ᠳ᠋ᠤ ᠶᠠᠪᠤᠵᠤ ᠪᠠᠶᠢᠨ᠎ᠠ ᠃
5 ᠰᠠᠷ᠎ᠠ᠎ᠶᠢᠨ 14᠎ᠤ ᠡᠳᠦᠷ ᠪᠣᠯᠲᠠᠯ᠎ᠠ ᠂ ᠪᠡᠭᠡᠵᠢᠩ ᠬᠣᠲᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠢ ᠨᠡᠶᠢᠲᠡ 2751.91 ᠲᠦᠮᠡᠨ ᠤᠳᠠᠭ᠎ᠠ ᠲᠠᠷᠢᠵᠦ ᠂ 1522.71 ᠲᠦᠮᠡᠨ ᠬᠥᠮᠦᠨ᠎ᠳ᠋ᠤ ᠳᠠᠷᠢᠪᠠ ᠃ ᠪᠡᠭᠡᠵᠢᠩ ᠬᠣᠲᠠ᠎ᠶᠢᠨ 18 ᠨᠠᠰᠤᠨ᠎ᠡᠴᠠ ᠳᠡᠭᠡᠭᠰᠢᠬᠢ ᠬᠥᠮᠦᠰ᠎ᠲᠤ ᠲᠠᠷᠢᠯᠭ᠎ᠠ ᠬᠢᠭᠰᠡᠨ ᠨᠣᠷᠮ᠎ᠠ 78.13%᠎ᠳ᠋ᠤ ᠬᠦᠷᠴᠦ ᠂ 60 ᠨᠠᠰᠤᠨ᠎ᠡᠴᠠ ᠳᠡᠭᠡᠭᠰᠢᠬᠢ ᠬᠥᠮᠦᠰ᠎ᠲᠤ ᠲᠠᠷᠢᠯᠭ᠎ᠠ ᠬᠢᠭᠰᠡᠨ ᠨᠣᠷᠮ᠎ᠠ 51.74%᠎ᠳ᠋ᠤ ᠬᠦᠷᠴᠡᠶ ᠃ ᠪᠡᠭᠡᠵᠢᠩ ᠬᠣᠲᠠ᠎ᠶᠢᠨ ᠡᠮ ᠡᠮᠨᠡᠯᠭᠡ ᠡᠷᠡᠭᠦᠯ ᠬᠠᠮᠠᠭᠠᠯᠠᠯ ᠂ ᠵᠢᠭᠤᠯᠴᠢᠯᠠᠯ᠎ᠤᠨ ᠦᠵᠡᠮᠵᠢ᠎ᠶᠢᠨ ᠭᠠᠵᠠᠷ ᠵᠡᠷᠭᠡ 7 ᠰᠢᠰᠲ᠋ᠧᠮ ︵ ᠠᠵᠢᠯ ᠲᠥᠷᠥᠯ ︶᠎ᠤᠨ ᠲᠠᠷᠢᠯᠭ᠎ᠠ ᠬᠢᠭᠰᠡᠨ ᠨᠣᠷᠮ᠎ᠠ 90%᠎ᠶᠢ ᠳᠠᠪᠠᠪᠠ ᠃
ᠡᠭᠦᠨ᠎ᠤ ᠬᠠᠮᠲᠤ ᠂ ᠱᠠᠩᠬᠠᠶ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠲᠠᠷᠢᠯᠭ᠎ᠠ᠎ᠶᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠵᠤ ᠪᠠᠶᠢᠨ᠎ᠠ ᠂ ᠰᠤᠷᠪᠤᠯᠵᠢᠯᠠᠭᠴᠢ ᠱᠠᠩᠬᠠᠶ ᠬᠣᠲᠠ᠎ᠶᠢᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠡᠴᠠ ᠣᠶᠢᠯᠠᠭᠠᠭᠰᠠᠨ᠎ᠢᠶᠠᠷ ᠂ 5 ᠰᠠᠷ᠎ᠠ᠎ᠶᠢᠨ 15᠎ᠤ ᠡᠳᠦᠷ᠎ᠤᠨ 24 ᠴᠠᠭ ᠪᠣᠯᠲᠠᠯ᠎ᠠ ᠂ ᠨᠡᠶᠢᠲᠡ 2118 ᠲᠦᠮᠡᠨ ᠤᠳᠠᠭ᠎ᠠ ᠲᠠᠷᠢᠯᠭ᠎ᠠ ᠲᠠᠷᠢᠵᠦ ᠂ 1279 ᠲᠦᠮᠡᠨ ᠬᠥᠮᠦᠨ᠎ᠢ ᠬᠠᠮᠤᠷᠴᠤ ᠂ ᠱᠠᠩᠬᠠᠶ ᠬᠣᠲᠠ᠎ᠶᠢᠨ ᠪᠠᠶᠢᠩᠭᠤ ᠰᠠᠭᠤᠭ᠎ᠠ ᠬᠥᠮᠦᠨ ᠠᠮᠠ᠎ᠶᠢ ᠦᠨᠳᠦᠰᠦᠨ᠎ᠳ᠋ᠡᠭᠡᠨ ᠬᠠᠮᠤᠷᠤᠭᠰᠠᠨ ᠪᠠᠶᠢᠨ᠎ᠠ ᠃ ᠡᠷᠡᠭᠦᠯ ᠬᠠᠮᠠᠭᠠᠯᠠᠯ᠎ᠤᠨ ᠰᠢᠰᠲ᠋ᠧᠮ᠎ᠤᠨ ᠲᠠᠷᠢᠯᠭ᠎ᠠ᠎ᠶᠢᠨ ᠨᠣᠷᠮ᠎ᠠ 90%᠎ᠳ᠋ᠤ ᠬᠦᠷᠴᠠᠢ ᠃
ᠢᠯᠡ ᠲᠣᠭ᠎ᠠ ᠪᠠᠷᠢᠮᠲᠠ᠎ᠶᠢᠨ ᠠᠷᠤ᠎ᠳ᠋ᠤ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠤᠯᠲᠠ ᠬᠢᠭᠰᠡᠨ ᠪᠠ ᠦᠵᠦ ᠲᠥᠯᠥᠪᠯᠡᠭᠡ ᠪᠤᠢ ᠃ ᠣᠶᠢᠯᠠᠭᠠᠭᠰᠠᠨ᠎ᠢᠶᠠᠷ ᠂ ᠪᠡᠭᠡᠵᠢᠩ ᠬᠣᠲᠠ᠎ᠶᠢᠨ ᠡᠯ᠎ᠡ ᠲᠣᠭᠣᠷᠢᠭ ᠪᠦᠯᠦᠭ ᠤᠳᠠᠭ᠎ᠠ ᠬᠤᠪᠢᠶᠠᠨ ᠂ ᠲᠤᠤᠷᠵᠢᠭᠤᠯᠤᠨ ᠳᠠᠷᠢᠬᠤ᠎ᠶᠢ ᠬᠡᠷᠡᠭᠵᠢᠭᠦᠯᠵᠦ ᠂ ᠬᠣᠲᠠ ᠂ ᠲᠣᠭᠣᠷᠢᠭ ᠂ ᠵᠡᠭᠡᠯᠢ ᠭᠤᠳᠤᠮᠵᠢ ︵ ᠰᠢᠶᠠᠩ ︶ ᠪᠠᠯᠭᠠᠰᠤ ᠭᠤᠷᠪᠠᠨ ᠱᠠᠲᠤᠨ᠎ᠤ ᠵᠢᠯᠣᠭᠣᠳᠤᠨ ᠳᠣᠭᠢᠷᠠᠭᠤᠯᠬᠤ ᠰᠢᠰᠲ᠋ᠧᠮ᠎ᠢ ᠪᠦᠷᠢᠯᠳᠦᠭᠦᠯᠪᠡ ᠃
ᠣᠶᠢᠯᠠᠭᠠᠭᠰᠠᠨ᠎ᠢᠶᠠᠷ ᠂ ᠪᠡᠭᠡᠵᠢᠩ ᠬᠣᠲᠠ ᠤᠤᠯ᠎ᠤᠨ 3 ᠳᠣᠭᠢᠷᠠᠭᠤᠯᠤᠨ ᠬᠦᠷᠭᠡᠵᠦ ᠬᠠᠳᠠᠭᠠᠯᠠᠬᠤ ᠠᠵᠤ ᠠᠬᠤᠶᠢᠯᠠᠯ᠎ᠤᠨ ᠰᠠᠭᠤᠷᠢᠨ ᠳᠡᠭᠡᠷ᠎ᠡ ᠂ 1000 ᠪᠣᠰᠣᠭ᠎ᠠ ᠳᠥᠷᠪᠡᠯᠵᠢᠨ ᠮᠧᠲ᠋ᠷ᠎ᠤᠨ ᠬᠥᠮᠥᠷᠭᠡ᠎ᠶᠢ ᠲᠦᠷᠢᠶᠡᠰᠦᠯᠡᠨ ᠬᠡᠷᠡᠭᠯᠡᠵᠦ ᠂ ᠬᠣᠲᠠ ᠲᠣᠭᠣᠷᠢᠭ ᠬᠣᠶᠠᠷ ᠱᠠᠲᠤᠨ᠎ᠤ ᠬᠠᠳᠠᠭᠠᠯᠠᠬᠤ ᠴᠢᠳᠠᠪᠤᠷᠢ᠎ᠶᠢ 1000 ᠲᠦᠮᠡᠨ ᠲᠠᠷᠢᠯᠭ᠎ᠠ᠎ᠶᠢᠨ ᠡᠮ ᠬᠠᠲᠠᠭᠠᠯᠠᠬᠤ ᠭᠡᠮᠵᠢᠶ᠎ᠠ᠎ᠳ᠋ᠤ ᠬᠦᠷᠭᠡᠪᠡ ᠃ ᠸᠠᠺᠼᠢᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠡᠶᠢᠲᠡ 20 ᠬᠦᠷᠦᠭᠡᠡ ᠵᠦᠭᠡᠭᠡᠪᠦᠷᠢᠯᠡᠬᠦ ᠲᠡᠷᠭᠡ ᠲᠣᠬᠢᠷᠠᠭᠤᠯᠵᠤ ᠂ ᠡᠳᠦᠷ ᠪᠦᠷᠢ 100 ᠲᠦᠮᠡᠨ ᠲᠠᠷᠢᠯᠭ᠎ᠠ᠎ᠶᠢᠨ ᠡᠮ ᠲᠣᠬᠢᠷᠠᠭᠤᠯᠤᠨ ᠬᠦᠷᠭᠡᠵᠦ ᠂ ᠪᠥᠬᠥ ᠬᠣᠲᠠ᠎ᠶᠢᠨ ᠸᠠᠺᠼᠢᠨ᠎ᠢ ᠨᠠᠷᠢᠯᠢᠭ ᠣᠨᠣᠴᠠᠲᠠᠶ ᠲᠣᠬᠢᠷᠠᠭᠤᠯᠤᠨ ᠬᠦᠷᠭᠡᠬᠦ ᠬᠡᠷᠡᠭᠴᠡᠭᠡ᠎ᠶᠢ ᠬᠠᠩᠭᠠᠪᠠ ᠃
5 ᠰᠠᠷ᠎ᠠ᠎ᠶᠢᠨ 16᠎ᠤ ᠡᠳᠦᠷ ᠪᠣᠯᠲᠠᠯ᠎ᠠ ᠂ ᠱᠠᠩᠬᠠᠶ ᠬᠣᠲᠠ᠎ᠳ᠋ᠤ 71 ᠲᠣᠮᠣ ᠬᠡᠯᠪᠡᠷᠢ᠎ᠶᠢᠨ ᠲᠦᠷ ᠴᠠᠭ᠎ᠤᠨ ᠲᠠᠷᠢᠯᠭ᠎ᠠ᠎ᠶᠢᠨ ᠴᠡᠭ ᠭᠠᠷᠭᠠᠵᠤ ᠶᠡᠬᠡ ᠬᠡᠪᠴᠢᠶᠡᠨ᠎ᠤ ᠲᠠᠷᠢᠯᠭ᠎ᠠ ᠬᠢᠵᠦ ᠂ 218 ᠨᠡᠶᠢᠭᠡᠮ ᠲᠣᠭᠣᠷᠢᠭ᠎ᠲᠤ ᠲᠠᠷᠢᠯᠭ᠎ᠠ ᠬᠢᠵᠦ ᠪᠣᠯᠬᠤ ᠪᠥᠭᠡᠳ 58 ᠬᠤᠪᠢᠶᠠᠷᠢ ᠬᠥᠳᠡᠯᠦᠩᠭᠦᠶ ᠲᠠᠷᠢᠯᠭ᠎ᠠ᠎ᠶᠢᠨ ᠡᠩᠨᠡᠭᠡ᠎ᠪᠠᠷ ᠦᠶᠯᠡᠴᠢᠯᠡᠭᠡ᠎ᠪᠠᠨ ᠰᠠᠶᠢᠲᠤᠷ ᠬᠢᠵᠦ ᠂ ᠡᠳᠦᠷ᠎ᠲᠤ ᠬᠠᠮᠤᠭ᠎ᠤᠨ ᠤᠯᠠᠠ᠎ᠳᠠᠭᠠᠨ 74 ᠲᠦᠮᠡᠨ ᠤᠳᠠᠭ᠎ᠠ᠎ᠡᠴᠠ ᠲᠡᠭᠡᠭᠰᠢ ᠲᠠᠷᠢᠯᠭ᠎ᠠ ᠬᠢᠵᠦ ᠪᠠᠶᠢᠨ᠎ᠠ ᠃
ᠨᠠᠷᠢᠯᠢᠭ ᠣᠨᠣᠴᠠᠲᠠᠶ᠎ᠪᠠᠷ ᠰᠡᠷᠭᠡᠶᠢᠯᠡᠨ ᠡᠵᠡᠮᠳᠡᠵᠦ ᠂ ᠨᠠᠷᠢᠨ ᠵᠦᠶᠯᠡᠰ᠎ᠲᠤ ᠠᠩᠬᠠᠷᠤᠯ᠎ᠢᠶᠡᠨ ᠲᠥᠪᠯᠡᠷᠡᠭᠦᠯᠤᠨᠠ ᠄ ᠰᠡᠷᠭᠡᠶᠢᠯᠡᠨ ᠡᠵᠡᠮᠳᠡᠬᠦ᠎ᠶᠢ ᠪᠠᠶᠢᠩᠭᠤᠵᠢᠭᠤᠯᠬᠤ ᠶᠠᠪᠤᠴᠠ᠎ᠳ᠋ᠤ ᠠᠵᠢᠯ᠎ᠢᠶᠡᠨ ᠣᠨᠣᠴᠠᠲᠠᠶ ᠬᠢᠨ᠎ᠠ
ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶᠢᠯᠡᠨ ᠡᠵᠡᠮᠳᠡᠬᠦ ᠲᠥᠪ᠎ᠤᠨ ᠲᠠᠬᠤᠯ ᠡᠪᠡᠳᠴᠢᠨ᠎ᠤ ᠤᠬᠠᠭᠠᠨ᠎ᠤ ᠲᠦᠷᠦᠭᠦᠦ ᠲᠤᠰᠬᠠᠶ ᠮᠡᠷᠭᠡᠵᠢᠯᠲᠡᠨ ᠦ᠋ ᠽᠦᠨ ᠶᠢᠦ ᠂ ︽ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠨᠠᠶᠢᠳᠠᠪᠤᠷᠢᠵᠢᠭᠤᠯᠬᠤ ᠪᠣᠯ ᠬᠠᠮᠤᠭ᠎ᠤᠨ ᠵᠠᠩᠭᠢᠯᠠᠭ᠎ᠠ ᠮᠥᠨ ᠂ ᠤᠨᠳᠤᠤᠰᠢᠭᠰᠠᠨ ᠸᠢᠷᠦ᠋ᠰ᠎ᠤᠨ ᠳᠡᠯᠭᠡᠷᠡᠬᠦ᠎ᠶᠢ ᠵᠣᠭᠰᠣᠭᠠᠵᠤ ᠪᠣᠯᠬᠤ ᠪᠥᠭᠡᠳ ᠪᠠᠰᠠ ᠰᠢᠨ᠎ᠡ ᠤᠨᠳᠤᠤᠰᠢᠯ ᠡᠭᠦᠰᠬᠦ᠎ᠶᠢ ᠰᠡᠷᠭᠡᠶᠢᠯᠡᠵᠦ ᠪᠣᠯᠤᠨ᠎ᠠ ︾ ᠭᠡᠵᠦ ᠢᠯᠡᠳᠭᠡᠪᠡ ᠃
ᠡᠪᠡᠳᠴᠢᠨ᠎ᠤ ᠵᠢᠱᠢᠶ᠎ᠡ᠎ᠶᠢᠨ ᠮᠥᠷᠳᠡᠯᠲᠡ᠎ᠨᠢ ᠨᠠᠷᠢᠨ ᠪᠤᠳᠤᠯᠢᠶᠠᠨᠲᠠᠶ ᠨᠡᠶᠢᠭᠡᠮ᠎ᠤᠨ ᠬᠠᠷᠢᠴᠠᠭᠠᠨ᠎ᠤ ᠲᠤᠤᠷ᠎ᠲᠤ ᠬᠣᠯᠪᠣᠭᠳᠠᠵᠤ ᠂ ᠬᠠᠷᠢᠴᠠᠭᠠᠨ᠎ᠤ ᠲᠤᠤᠷᠲᠠᠬᠢ ᠬᠥᠮᠦᠨ᠎ᠳ᠋ᠤ ᠴᠢᠭᠯᠡᠭᠦᠯᠦᠭᠰᠡᠨ ᠬᠠᠮᠢᠶᠠᠷᠤᠯᠲᠠ᠎ᠨᠢ ᠲᠤᠶᠢᠯ᠎ᠤᠨ ᠬᠦᠴᠢᠷᠲᠡᠶ ᠪᠠᠶᠢᠳᠠᠭ ᠂ ᠡᠨᠡ᠎ᠨᠢ ᠪᠦᠬᠦᠶᠢᠯᠡ ᠬᠣᠲᠠ᠎ᠶᠢᠨ ᠬᠠᠮᠢᠶᠠᠷᠤᠯᠲᠠ᠎ᠶᠢᠨ ᠰᠢᠰᠲ᠋ᠧᠮ᠎ᠤᠨ ᠦᠳᠲᠡᠷ ᠲᠦᠷᠭᠡᠨ ᠠᠵᠢᠯᠯᠠᠬᠤ᠎ᠶᠢ ᠱᠠᠭᠠᠷᠳᠠᠵᠤ ᠪᠠᠶᠢᠨ᠎ᠠ ᠃ ᠹᠦᠳᠠᠨ ᠶᠡᠬᠡ ᠰᠤᠷᠭᠠᠭᠤᠯᠢ᠎ᠶᠢᠨ ᠬᠠᠷᠢᠶᠠᠲᠤ ᠬᠤᠸᠠᠱᠠᠨ ᠡᠮᠨᠡᠯᠭᠡ᠎ᠶᠢᠨ ᠬᠣᠷᠢᠶᠠᠨ᠎ᠤ ᠬᠠᠯᠳᠠᠪᠤᠷᠢᠯᠠᠯ᠎ᠤᠨ ᠰᠠᠯᠠᠭᠠᠨ᠎ᠤ ᠡᠷᠬᠢᠯᠡᠭᠴᠢ ᠵᠠᠩ ᠸᠸᠨ ᠬᠣᠩ ᠄ ︽ ᠨᠠᠷᠢᠯᠢᠭ ᠣᠨᠣᠴᠠᠲᠠᠶ᠎ᠪᠠᠷ ᠰᠡᠷᠭᠡᠶᠢᠯᠡᠨ ᠡᠵᠡᠮᠳᠡᠬᠦ᠎ᠨᠢ ᠸᠢᠷᠦ᠋ᠰ᠎ᠢ ᠵᠤᠬᠢᠬᠤ ᠣᠷᠣᠨ ᠪᠦᠰᠡᠳ᠋ᠤᠨᠢ ᠬᠢᠵᠠᠭᠠᠷᠯᠠᠵᠤ ᠪᠤᠯᠤᠨ᠎ᠠ ᠂ ᠡᠮᠬᠢ ᠵᠢᠷᠤᠮ᠎ᠲᠠᠢ ᠬᠢᠬᠦ ᠪᠣᠯ ᠳᠠᠷᠤᠶ ᠨᠡᠶᠢᠭᠡᠮ᠎ᠤᠨ ᠡᠯ᠎ᠡ ᠡᠲᠡᠭᠡᠳ ᠬᠢᠭᠡᠳ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠣᠯᠪᠣᠭᠳᠠᠯ ᠪᠥᠬᠥᠶ ᠡᠯ᠎ᠡ ᠵᠦᠶᠯ᠎ᠤᠨ ᠬᠦᠴᠦᠨ᠎ᠢ ᠵᠣᠬᠢᠴᠠᠭᠤᠯᠤᠨ ᠨᠡᠢᠯᠡᠯ ᠬᠦᠴᠦᠨ᠎ᠢ ᠪᠦᠷᠢᠯᠳᠦᠭᠦᠯᠬᠦ ᠶᠠᠪᠤᠳᠠᠯ ᠪᠣᠯᠤᠨ᠎ᠠ ︾ ᠭᠡᠵᠦ ᠢᠯᠡᠳᠭᠡᠪᠡ ᠃
ᠲᠦᠷᠭᠡᠨ ᠮᠥᠷᠳᠡᠬᠦ ᠮᠥᠷᠲᠡᠭᠡᠨ ᠪᠠᠰᠠ ᠬᠣᠲᠠ᠎ᠶᠢᠨ ᠦᠢᠯᠡᠳᠪᠦᠷᠢᠯᠡᠯ ᠠᠮᠢᠳᠤᠷᠠᠯ᠎ᠤᠨ ᠬᠡᠪ᠎ᠤᠨ ᠠᠵᠢᠯᠯᠠᠭ᠎ᠠ᠎ᠨᠢ ᠪᠠᠲᠤᠯᠠᠬᠤ ᠬᠡᠷᠡᠭᠲᠡᠶ ᠃ ᠨᠠᠷᠢᠯᠢᠭ ᠣᠨᠣᠴᠠᠲᠠᠶ᠎ᠪᠠᠷ ᠰᠡᠷᠭᠡᠶᠢᠯᠡᠨ ᠡᠵᠡᠮᠳᠡᠵᠦ ᠂ ᠨᠠᠷᠢᠨ ᠵᠦᠶᠯᠡᠰ᠎ᠢ ᠨᠢᠮᠪᠠᠢ ᠬᠢᠵᠦ ᠂ ᠡᠪᠡᠷᠰᠢᠶᠡᠯ᠎ᠢ ᠤᠨᠤᠴᠠᠲᠠᠢ ᠡᠷᠢᠨ᠎ᠠ ᠃ ︽ ᠬᠠᠯᠳᠠᠪᠤᠷᠢᠲᠤ ᠡᠪᠡᠳᠴᠢᠨ᠎ᠤ ᠬᠠᠯᠳᠠᠪᠤᠷᠢᠯᠠᠬᠤ ᠣᠨᠴᠠᠯᠢᠭ᠎ᠢ ᠦᠨᠳᠦᠰᠦᠯᠡᠨ ᠂ ︿ ᠴᠡᠭ ᠬᠡᠯᠪᠡᠷᠢ᠎ᠶᠢᠨ ᠲᠠᠷᠬᠠᠯᠲᠠ ﹀᠎ᠶᠢ ᠶᠠᠭᠠᠬᠢᠵᠤ ᠰᠡᠷᠭᠡᠢᠯᠡᠬᠦ ᠂ ︿ ᠪᠠᠭᠴᠠ ᠬᠡᠯᠪᠡᠷᠢ᠎ᠶᠢᠨ ᠲᠠᠷᠬᠠᠯᠲᠠ ﹀᠎ᠶᠢ ᠶᠠᠭᠠᠬᠢᠵᠤ ᠰᠡᠷᠭᠡᠢᠯᠡᠬᠦ ᠂ ︿ ᠸᠢᠷᠦ᠋ᠰ᠎ᠤᠨ ᠲᠠᠷᠬᠠᠯᠲᠠ ﹀᠎ᠶᠢ ᠶᠠᠭᠠᠬᠢᠵᠤ ᠰᠡᠷᠭᠡᠢᠯᠡᠬᠦ ᠵᠡᠷᠭᠡ ᠠᠯᠢ ᠱᠠᠲᠤᠨ᠎ᠳ᠋ᠤ ᠶᠠᠭᠠᠬᠢᠵᠦ ᠬᠢᠬᠦ ᠲᠤᠬᠠᠢ ᠴᠥᠮ ᠮᠠᠰᠢ ᠲᠣᠳᠣᠷᠬᠠᠢ ᠵᠢᠭᠠᠪᠤᠷᠢ᠎ᠲᠠᠢ ᠪᠠᠶᠢᠳᠠᠭ ᠂ ᠬᠠᠷᠢᠨ ᠠᠯᠢ ᠴᠤ ᠱᠠᠲᠤᠨ᠎ᠳ᠋ᠤ ᠭᠡᠳ ᠪᠢᠳᠡ ᠴᠥᠮ ᠠᠳᠠᠯᠢᠬᠠᠨ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠠᠪᠤᠨ᠎ᠠ ᠭᠡᠰᠡᠨ ᠶᠠᠪᠤᠳᠠᠯ ᠪᠢᠰᠢ ︾ ᠭᠡᠵᠦ ᠵᠠᠩ ᠸᠸᠨ ᠬᠣᠩ ᠬᠡᠯᠡᠪᠡ ᠃
ᠬᠢᠯᠢ᠎ᠶᠢᠨ ᠭᠠᠳᠠᠨ᠎ᠠ᠎ᠡᠴᠠ ᠬᠠᠯᠳᠠᠪᠤᠷᠢᠯᠠᠨ ᠣᠷᠣᠵᠤ ᠢᠷᠡᠬᠦ᠎ᠶᠢ ᠰᠡᠷᠭᠡᠶᠢᠯᠡᠬᠦ ᠲᠠᠯ᠎ᠠ᠎ᠪᠠᠷ ᠂ ᠱᠠᠩᠬᠠᠶ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠡᠷᠬᠢᠯᠡᠭᠴᠢ ᠦ᠋ ᠵᠢᠩ ᠯᠸᠢ ᠂ ᠱᠠᠩᠬᠠᠶ ᠬᠣᠲᠠ᠎ᠶᠢᠨ᠎ᠬᠢᠨ ︽ ᠬᠥᠮᠦᠨ ᠪᠠ ᠪᠤᠲᠠᠰ᠎ᠢ ᠬᠠᠮᠲᠤ᠎ᠪᠠᠷ ᠰᠡᠷᠭᠡᠶᠢᠯᠡᠬᠦ ︾ ᠪᠠ ︽ ᠬᠣᠯᠪᠣᠭᠠᠯᠠᠨ ᠰᠡᠷᠭᠡᠶᠢᠯᠡᠵᠦ ᠬᠣᠯᠪᠣᠭᠠᠯᠠᠨ ᠡᠵᠡᠮᠳᠡᠬᠦ ︾᠎ᠶᠢ ᠢᠮᠠᠭᠲᠠ ᠪᠠᠷᠢᠮᠲᠠᠯᠠᠪᠠ ᠃ ᠱᠠᠩᠬᠠᠶ ᠬᠢᠯᠢ᠎ᠶᠢᠨ ᠪᠤᠭᠤᠮᠲᠠ᠎ᠶᠢᠨ ᠰᠡᠷᠭᠡᠶᠢᠯᠡᠨ ᠡᠵᠡᠮᠳᠡᠬᠦ ᠠᠵᠢᠯ᠎ᠢ ᠪᠥᠬᠥ ᠶᠠᠪᠤᠴᠠ᠎ᠳ᠋ᠤ ᠬᠢᠵᠦ ᠪᠠᠢᠨ᠎ᠠ ᠃ ᠬᠥᠮᠦᠰ ᠬᠢᠯᠢ᠎ᠳ᠋ᠤ ᠣᠷᠣᠵᠤ ᠢᠷᠡᠭᠰᠡᠨ᠎ᠤ ᠳᠠᠷᠠᠭ᠎ᠠ ᠂ ᠱᠠᠩᠬᠠᠶ ᠬᠣᠲᠠ᠎ᠶᠢᠨ᠎ᠬᠢᠨ ᠬᠠᠷᠢᠶ᠎ᠠ ᠭᠠᠵᠠᠷ᠎ᠤᠨ᠎ᠬᠢᠨ ᠪᠥᠬᠥ ᠶᠠᠪᠤᠴᠠ᠎ᠳ᠋ᠤ ᠪᠢᠳᠡᠬᠦᠮᠵᠢᠯᠡᠭᠰᠡᠨ ᠬᠠᠮᠢᠶᠠᠷᠤᠯᠲᠠ᠎ᠶᠢ ᠥᠷᠨᠢᠭᠦᠯᠵᠦ ᠂ 16 ᠲᠣᠭᠣᠷᠢᠭ᠎ᠤᠨ᠎ᠬᠢᠨ ᠬᠢᠯᠢ᠎ᠳ᠋ᠤ ᠣᠷᠣᠵᠤ ᠢᠷᠡᠭᠰᠡᠨ ᠬᠥᠮᠦᠰ᠎ᠢ ᠪᠢᠳᠡᠬᠦᠮᠵᠢᠯᠡᠨ ᠵᠣᠬᠢᠬᠤ ᠲᠤᠰᠠᠭᠠᠷᠯᠠᠬᠤ ᠴᠡᠭ᠎ᠲᠤ ᠰᠢᠯᠵᠢᠭᠦᠯᠬᠦ᠎ᠶᠢᠨ ᠬᠠᠮᠲᠤ ᠲᠤᠰᠠᠭᠠᠷᠯᠠᠬᠤ ᠴᠡᠭ᠎ᠤᠨ ᠵᠢᠷᠤᠮᠵᠢᠭᠰᠠᠨ ᠬᠠᠮᠢᠶᠠᠷᠤᠯᠲᠠ᠎ᠶᠢ ᠴᠢᠩᠭᠠᠳᠬᠠᠪᠠ ᠃ ᠡᠳ᠋ ᠪᠠᠷᠠᠭᠠᠨ᠎ᠤ ᠲᠠᠯ᠎ᠠ᠎ᠪᠠᠷ ᠂ ᠱᠠᠩᠬᠠᠶ ᠬᠠᠷᠢᠭᠤᠴᠠᠯᠭ᠎ᠠ᠎ᠶᠢᠨ ᠭᠤᠤᠯ ᠴᠣᠭᠴᠠ᠎ᠶᠢ ᠨᠠᠶᠢᠳᠠᠪᠤᠷᠢᠵᠢᠭᠤᠯᠬᠤ᠎ᠶᠢᠨ ᠬᠠᠮᠲᠤ ᠠᠵᠢᠯᠲᠠᠨ᠎ᠤ ᠬᠤᠪᠢ ᠬᠥᠮᠦᠨ᠎ᠤ ᠰᠡᠷᠭᠡᠶᠢᠯᠡᠨ ᠬᠠᠮᠠᠭᠠᠯᠠᠬᠤ ᠂ ᠡᠳ᠋ ᠪᠠᠷᠠᠭᠠᠨ᠎ᠤ ᠥᠯᠢᠭᠡᠷ ᠭᠡᠪ ᠠᠪᠴᠤ ᠰᠢᠯᠭᠠᠨ ᠪᠠᠶᠢᠴᠠᠭᠠᠬᠤ ᠂ ᠭᠠᠳᠠᠷ ᠪᠣᠭᠣᠳᠠᠯ᠎ᠢ ᠠᠷᠢᠭᠤᠳᠬᠠᠬᠤ ᠵᠡᠷᠭᠡ ᠰᠢᠢᠳᠪᠦᠷᠢᠯᠡᠬᠦ ᠶᠠᠪᠤᠴᠠ᠎ᠶᠢ ᠵᠢᠷᠤᠮᠵᠢᠭᠤᠯᠤᠬᠰᠠᠨ ᠪᠠᠢᠨ᠎ᠠ ᠭᠡᠪᠡ ᠃
︵ ᠰᠢᠨᠬᠤᠸᠠ ᠬᠣᠷᠢᠶᠠᠨ᠎ᠤ ᠪᠡᠭᠡᠵᠢᠩ᠎ᠤᠨ 5 ᠰᠠᠷ᠎ᠠ᠎ᠶᠢᠨ 16᠎ᠤ ᠴᠠᠬᠢᠯᠭᠠᠨ ᠮᠡᠳᠡᠭᠡ᠎ᠡᠴᠠ ︶
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃